ᠣᠷᠴᠢᠨ ᠲᠣᠭᠣᠷᠢᠨ᠎ᠢ ᠱᠢᠯᠢᠳᠡᠭ᠌ᠵᠢᠭᠦᠯᠵᠦ᠍ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠳ᠋ᠤ ᠴᠢᠳᠠᠪᠤᠷᠢ ᠤᠯᠭᠤᠵᠤ ᠬᠣᠷᠢᠨᠭᠡᠷ ᠱᠢᠨ᠎ᠡ ᠲᠣᠭᠣᠷᠢᠭ 《ᠴᠢᠳᠠᠪᠤᠷᠢᠲᠠᠨ᠎ᠤ ᠦᠨᠳᠦᠷᠯᠢᠭ 》 ᠢ᠋ ᠴᠣᠭ᠍ᠴᠠᠯᠠᠨ ᠪᠠᠢᠭᠤᠯᠤᠨ᠎ᠠ
2025-03-10 10:15:43
ᠵᠣᠬᠢᠶᠠᠭ᠍ᠴᠢ᠄
ᠵᠧᠩ ᠱᠢᠤᠸᠠᠢ ᠯᠢᠶᠠᠩ
ᠣᠩᠱᠢᠭ᠍ᠰᠠᠨ ᠣᠳᠠᠭ᠎ᠠ᠄
★★★☆☆

《 ᠪᠢᠳᠡ ᠵᠢᠯᠣᠭᠣᠴᠢ ᠥᠬᠡᠶ ᠨᠢᠰᠭᠡᠯ᠎ᠦᠨ ᠲᠤᠨᠤᠭ ᠲᠥᠬᠥᠭᠡᠷᠦᠮᠵᠢ᠎ᠶ᠋ᠢ ᠰᠤᠳᠤᠯᠤᠨ ᠨᠡᠭᠡᠭᠡᠵᠦ᠍ ᠦᠶ᠋ᠯᠡᠳᠪᠦᠷᠢᠯᠡᠬᠦ᠌ ᠲᠠᠯ᠎ᠠ᠎ᠪᠠᠷ ᠭᠤᠤᠯᠳᠠᠭᠤ ᠵᠢᠷᠭᠤᠭᠠᠨ ᠡᠷᠭᠢᠯᠳᠦᠭᠡ ᠳᠠᠯᠠᠪᠴᠢ᠂ ᠨᠠᠶ᠋ᠮᠠᠨ ᠡᠷᠭᠢᠯᠳᠦᠭᠡ ᠳᠠᠯᠠᠪᠴᠢ ᠵᠢᠨ ᠲᠤᠭᠤᠷᠢᠨ ᠳ᠋ᠤ ᠨᠢᠰᠭᠡᠯ᠎ᠦᠨ ᠬᠦᠨᠳᠦ᠍᠎ᠶ᠋ᠢᠨ ᠬᠡᠮᠵᠢᠶ᠎ᠡ᠎ᠶ᠋ᠢ ᠳᠡᠭᠡᠭ᠌ᠰᠢᠯᠡᠭᠦᠯᠬᠦ᠌ ᠠᠰᠠᠭᠤᠳᠠᠯ᠎ᠢ ᠭᠤᠤᠯᠳᠠᠯᠭ᠎ᠠ᠎ᠲᠠᠶ ᠱᠢᠶ᠋ᠳᠪᠦᠷᠢᠯᠡᠪᠠ᠃ 》7 ᠰᠠᠷ᠎ᠠ᠎ᠶ᠋ᠢᠨ 31 ᠤ᠋ ᠡᠳᠦᠷ᠂ ᠬᠣᠷᠢᠨᠭᠡᠷ ᠱᠢᠨ᠎ᠡ ᠲᠣᠭᠣᠷᠢᠭ᠎ᠤᠨ ᠰᠢᠨ᠎ᠠ ᠵᠢ ᠡᠬᠦᠳᠦᠭᠴᠢ ᠵᠢᠨ ᠲᠥᠪ᠎ᠲᠡᠬᠢ ᠥᠪᠥᠷ ᠮᠣᠩᠭᠣᠯ᠎ᠤᠨ ᠢ ᠹᠸᠢ ᠠᠭᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠳᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠨ ᠸᠠᠩ ᠯᠢ ᠵᠥᠩ ᠳ᠋ᠣᠺᠲ᠋ᠣᠷ᠂ ᠺᠣᠮᠫᠠᠨᠢ ᠵᠢᠨ ᠬᠢᠨ ᠵᠢᠯᠣᠭᠣᠴᠢ ᠥᠬᠡᠶ ᠨᠢᠰᠭᠡᠯ᠎ᠦᠨ ᠲᠤᠮᠤ ᠠᠴᠢᠶ᠎ᠠ᠎ᠶ᠋ᠢᠨ ᠰᠤᠳᠤᠯᠤᠨ ᠨᠡᠭᠡᠭᠡᠯᠳᠡ ᠵᠢ ᠬᠢᠵᠦ᠂ ᠵᠢᠯᠣᠭᠣᠴᠢ ᠥᠬᠡᠶ ᠨᠢᠰᠭᠡᠯ ᠬᠢᠭᠡᠳ ᠺᠣᠮᠫᠢᠦ᠋ᠲ᠋ᠧᠷ᠎ᠦᠨ ᠬᠠᠮᠵᠢᠯᠴᠠᠭ᠎ᠠ ᠎ᠶ᠋ᠢ ᠪᠡᠶᠡᠯᠡᠭᠦᠯᠵᠦ᠍᠂ ᠠᠵᠤ ᠦᠶ᠋ᠯᠡᠳᠪᠦᠷᠢ᠂ ᠲᠠᠷᠢᠶᠠᠯᠠᠩ᠎ᠤᠨ ᠲᠠᠯ᠎ᠠ᠎ᠪᠠᠷ᠎ᠬᠢ ᠮᠡᠷᠭᠡᠵᠢᠯ᠎ᠦᠨ ᠱᠢᠪᠲᠤᠯᠤᠯᠲᠠ ᠎ᠶ᠋ᠢ ᠥᠨᠳᠥᠷ ᠪᠦᠲᠦᠮᠵᠢᠲᠡᠶ᠎ᠪᠡᠷ ᠪᠡᠶᠡᠯᠡᠭᠦᠯᠦᠭᠰᠡᠨ ᠵᠢᠡᠨ ᠲᠠᠨᠢᠯᠴᠠᠭᠤᠯᠤᠨ᠎ᠠ᠃

ᠥᠪᠥᠷ ᠮᠣᠩᠭᠣᠯ᠎ᠤᠨ ᠢ ᠹᠸᠢ ᠠᠭᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠪᠣᠯ ᠵᠢᠯᠣᠭᠣᠴᠢ ᠥᠬᠡᠶ ᠨᠢᠰᠭᠡᠯ᠎ᠦᠨ ᠠᠵᠤ ᠦᠶ᠋ᠯᠡᠰ᠎ᠢᠶᠡᠷ ᠠᠴᠢᠶᠠᠯᠠᠪᠤᠷᠢ ᠪᠣᠯᠭᠠᠵᠤ᠂ ᠵᠢᠯᠣᠭᠣᠴᠢ ᠥᠬᠡᠶ ᠨᠢᠰᠭᠡᠯ ᠵᠢᠡᠷ ᠲᠠᠷᠢᠶᠠᠯᠠᠩ ᠣᠶ ᠱᠢᠭᠤᠶ ᠤᠷᠭᠤᠮᠠᠯ᠎ᠢ ᠬᠠᠮᠠᠭᠠᠯᠠᠬᠤ᠂ ᠵᠢᠯᠣᠭᠣᠴᠢ ᠥᠬᠡᠶ ᠨᠢᠰᠭᠡᠯ ᠵᠢᠡᠷ ᠠᠵᠤ ᠦᠶ᠋ᠯᠡᠳᠪᠦᠷᠢ᠎ᠶ᠋ᠢᠨ ᠲᠣᠭᠣᠷᠢᠨ ᠪᠠᠢᠴᠠᠭᠠᠯᠲᠠ ᠬᠢᠬᠦ᠂ AOPA ᠵᠢᠯᠣᠭᠣᠴᠢ ᠥᠬᠡᠶ ᠨᠢᠰᠭᠡᠯ᠎ᠦᠨ ᠵᠢᠯᠣᠭᠣᠴᠢ᠎ᠶ᠋ᠢᠨ ᠪᠣᠯᠪᠠᠰᠤᠷᠠᠯ᠂ ᠠᠭᠠᠷ᠎ᠠᠴᠠ ᠰᠡᠭᠦᠳᠡᠷᠯᠡᠵᠤ ᠠᠭᠠᠷ᠎ᠠᠴᠠ ᠬᠡᠮᠵᠢᠬᠦ᠌ ᠂ ᠵᠢᠯᠣᠭᠣᠴᠢ ᠥᠬᠡᠶ ᠨᠢᠰᠭᠡᠯ ᠵᠢᠡᠷ ᠬᠡᠮᠵᠢᠨ ᠵᠢᠷᠤᠬᠯᠠᠬᠤ ᠵᠡᠷᠭᠡ ᠲᠤᠬᠠᠢᠯᠠᠭ᠍ᠰᠠᠨ ᠠᠵᠢᠯ᠎ᠤᠨ ᠬᠡᠰᠡᠭ᠎ᠢᠶᠡᠷ ᠭᠤᠤᠯ ᠪᠣᠯᠭᠠᠭ᠍ᠰᠠᠨ ᠤᠯᠤᠰ᠎ᠤᠨ ᠳᠡᠭᠡᠳᠦ ᠱᠢᠨ᠎ᠡ ᠮᠡᠷᠭᠡᠵᠢᠯ ᠎ᠦᠨ ᠠᠵᠤ ᠠᠬᠤᠢᠯᠠᠯ ᠪᠣᠯᠤᠨ᠎ᠠ᠃ ᠮᠦᠨᠴᠤ ᠬᠣᠷᠢᠨᠭᠡᠷ ᠱᠢᠨ᠎ᠡ ᠲᠣᠭᠣᠷᠢᠭ᠎ᠤᠨ ᠮᠠᠰᠢ ᠤᠯᠠᠨ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠤᠨ ᠨᠢᠭᠡ ᠪᠣᠯᠤᠨ᠎ᠠ᠃

ᠣᠳᠣᠬᠠᠨ᠎ᠳᠤ ᠬᠣᠷᠢᠨᠭᠡᠷ ᠱᠢᠨ᠎ᠡ ᠲᠣᠭᠣᠷᠢᠭ᠎ᠲᠤ ᠨᠡᠢᠲᠡ 38 ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠂ 36 ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ᠂ 34 ᠠᠵᠤ ᠠᠬᠤᠢᠯᠠᠯ  ᠬᠠᠮᠢᠶ᠎ᠠ ᠪᠥᠬᠥᠶ ᠦᠶ᠋ᠯᠡᠳᠬᠦ᠌ ᠦᠶ᠋ᠯᠡᠰ᠎ᠦᠨ ᠲᠥᠷᠥᠯ ᠵᠦᠶ᠋ᠯ᠎ᠢ  ᠨᠡᠢᠲᠡ 15 ᠣᠷᠣᠭᠤᠯᠤᠨ ᠠᠪᠴᠢᠷᠠᠵᠤ᠂ ᠪᠤᠳᠤᠯᠳᠠ ᠵᠢᠨ ᠠᠷᠭ᠎ᠠ ᠵᠢᠨ ᠨᠡᠪᠴᠢᠭᠦᠯᠦᠬᠦᠷ᠂ ᠵᠣᠬᠢᠶᠠᠮᠠᠯ ᠣᠶᠤᠨ ᠴᠢᠳᠠᠪᠤᠷᠢ᠂ ᠲᠣᠭ᠎ᠠ ᠪᠠᠷᠢᠮᠲᠠ᠎ᠶ᠋ᠢᠨ ᠬᠡᠷᠡᠭ᠌ᠯᠡᠯᠲᠡ᠂ ᠠᠵᠢᠯᠯᠠᠭᠤᠯᠵᠤ ᠬᠠᠮᠠᠭᠠᠯᠠᠬᠤ ᠲᠥᠷᠥᠯ᠎ᠦᠨ 79 ᠲᠥᠷᠥᠯ ᠵᠦᠶ᠋ᠯ᠎ᠢ ᠣᠷᠣᠭᠤᠯᠤᠨ ᠠᠪᠴᠢᠷᠠᠵᠤ᠂ ᠵᠢᠱ᠌ᠢᠶ᠎ᠡ ᠦᠵᠡᠭᠦᠯᠦᠨ ᠬᠥᠲᠥᠯᠥᠨ ᠳᠠᠭᠠᠭᠤᠯᠬᠤ᠂ ᠨᠥᠯᠥᠭᠡᠯᠡᠨ ᠳᠠᠢᠴᠢᠯᠠᠬᠤ ᠦᠢᠯᠡᠳᠦᠯ ᠡᠳᠦᠷ ᠢᠷᠡᠬᠦᠶ᠎ᠡ ᠲᠣᠪᠣᠢᠮ᠎ᠠ ᠪᠣᠯᠵᠣ ᠪᠠᠢᠨ᠎ᠠ᠃

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠦᠬᠦᠳᠡ ᠬᠤᠷᠠᠯ᠎ᠠᠴᠠ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠠᠤᠭ᠎ᠠ ᠲᠥᠰᠦᠪ᠎ᠢ ᠵᠢᠷᠤᠭ᠍ᠯᠠᠪᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭᠠᠨ᠎ᠤ ᠬᠣᠷᠢᠶᠠᠨ᠎ᠤ ᠨᠠᠶ᠋ᠮᠠᠳᠤᠭᠠᠷ ᠪᠥᠬᠥᠳᠡ ᠬᠤᠷᠠᠯ᠎ᠠᠴᠠ ᠴᠢᠨᠠᠷ ᠰᠠᠢᠲᠠᠶ ᠬᠥᠭ᠌ᠵᠢᠯᠲᠡ᠎ᠳᠦ ᠵᠣᠬᠢᠴᠠᠭ᠍ᠰᠠᠨ ᠠᠵᠤ ᠠᠬᠤᠶ᠎ᠶ᠋ᠢᠨ ᠪᠠᠢᠷᠢᠱᠢᠭᠤᠯᠤᠯᠲᠠ᠎ᠶ᠋ᠢ ᠲᠦᠷᠭᠡᠳᠭᠡᠨ ᠪᠠᠢᠭᠤᠯᠵᠤ ᠂ ᠡᠯ᠎ᠡ ᠲᠥᠷᠥᠯ᠎ᠦᠨ ᠲᠡᠷᠢᠭᠦᠨ᠎ᠦ ᠦᠶ᠋ᠯᠡᠳᠪᠦᠷᠢᠯᠡᠯ᠎ᠦᠨ ᠡᠯᠧᠮᠧᠨ᠋ᠲ᠎ᠦᠨ ᠱᠢᠨ᠎ᠡ ᠴᠢᠨᠠᠷ᠎ᠦᠨ ᠦᠶ᠋ᠯᠡᠳᠪᠦᠷᠢᠯᠡᠯ᠎ᠦᠨ ᠬᠦᠴᠦᠨ ᠲᠡᠢᠰᠢ ᠲᠥᠪᠯᠡᠷᠡᠬᠦ᠌᠂ ᠬᠥᠮᠦᠨ ᠠᠮᠠ᠎ᠶ᠋ᠢᠨ ᠭᠤᠤᠯᠳᠠᠯᠭ᠎ᠠ᠎ᠲᠠᠶ ᠣᠷᠣᠨ ᠪᠦᠰᠡ ᠲᠡᠢᠰᠢ ᠲᠥᠪᠯᠡᠷᠡᠬᠦ᠌᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ ᠠᠷᠭ᠎ᠠ ᠬᠡᠮᠵᠢᠶ᠎ᠡ᠎ᠶ᠋ᠢᠨ ᠱᠢᠨ᠎ᠡ᠎ᠶ᠋ᠢ ᠡᠭᠦᠳᠬᠦ᠌ ᠬᠡᠷᠡᠭ᠌ᠲᠡᠶ ᠭᠡᠵᠦ᠍ ᠴᠢᠬᠤᠯᠠᠴᠢᠯᠠᠪᠠ᠃

《ᠬᠣᠷᠢᠨᠭᠡᠷ ᠱᠢᠨ᠎ᠡ ᠲᠣᠭᠣᠷᠢᠭ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠭᠤᠷᠪᠠᠳᠤᠭᠠᠷ ᠪᠥᠬᠥᠳᠡ ᠬᠤᠷᠠᠯ᠎ᠤᠨ ᠡᠷᠴᠢᠨ ᠳᠡᠭᠡᠷ᠎ᠡ ᠥᠪᠡᠷᠲᠡᠭᠡᠨ ᠵᠠᠰᠠᠬᠤ ᠣᠷᠣᠨ᠎ᠤ ᠲᠤᠭᠤᠱᠢᠯᠠᠭᠤᠯᠤᠨ ᠨᠠᠢᠳᠠᠪᠤᠷᠢᠵᠢᠭᠤᠯᠬᠤ ᠱᠠᠭᠠᠷᠳᠠᠯᠭ᠎ᠠ ᠶᠣᠰᠣᠭᠠᠷ ᠴᠢᠨᠠᠷ ᠰᠠᠢᠲᠠᠶ ᠪᠥᠲᠥᠭᠡᠨ ᠪᠠᠢᠭᠤᠯᠤᠯᠲᠠ ᠪᠠ ᠬᠣᠷᠢᠨᠭᠡᠷ ᠎ᠤᠨ ᠴᠢᠳᠠᠪᠤᠷᠢᠲᠠᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠢᠶᠡᠷ ᠭᠠᠷᠳᠠᠴᠠ ᠪᠣᠯᠭᠠᠨ ᠣᠷᠣᠨ᠎ᠤ ᠲᠥᠪ ᠬᠣᠲᠠ᠎ᠶ᠋ᠢᠨ ᠳᠡᠳ᠋ ᠲᠥᠪ᠎ᠢ ᠪᠥᠬᠥ᠌ ᠬᠦᠴᠦᠨ᠎ᠢᠶᠡᠷ᠎ᠢᠶᠡᠨ ᠪᠥᠲᠥᠭᠡᠨ ᠪᠠᠢᠭᠤᠯᠵᠤ ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠲᠠᠰᠤᠷᠠᠯᠲᠠ ᠥᠬᠡᠶ ᠱᠢᠯᠢᠳᠡᠭ᠌ᠵᠢᠭᠦᠯᠦᠨ᠂  ᠠᠷᠭ᠎ᠠ ᠪᠦᠬᠦᠨ᠎ᠢ ᠰᠦᠪᠡᠭ᠌ᠴᠢᠯᠡᠨ ᠴᠢᠳᠠᠪᠤᠷᠢᠲᠠᠨ᠎ᠢ ᠦᠯᠡᠳᠡᠭᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠳᠦ ᠡᠨᠧᠷᠭᠢ ᠣᠯᠭᠣᠨ᠎ᠠ》ᠬᠡᠵᠤ ᠬᠣᠷᠢᠨᠭᠡᠷ ᠱᠢᠨ᠎ᠡ ᠲᠣᠭᠣᠷᠢᠭ᠎ᠤᠨ ᠬᠠᠮᠢᠶᠠᠷᠤᠯᠲᠠ᠎ᠶ᠋ᠢᠨ ᠵᠥᠪᠯᠡᠯ᠎ᠦᠨ ᠡᠷᠬᠢᠯᠡᠭ᠌ᠴᠢ ᠵᠦ᠍ ᠵᠢᠶᠠᠨ ᠭᠦᠸᠧ ᠬᠡᠯᠡᠪᠡ᠃

ᠬᠣᠷᠢᠨᠭᠡᠷ᠎ᠤᠨ ᠴᠢᠳᠠᠪᠤᠷᠢᠲᠠᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠨᠢ ᠬᠣᠷᠢᠨᠭᠡᠷ ᠱᠢᠨ᠎ᠡ ᠲᠣᠭᠣᠷᠢᠭ᠎ᠤᠨ ᠴᠢᠳᠠᠪᠤᠷᠢᠲᠠᠨ᠎ᠤ ᠱᠢᠨ᠎ᠡ᠎ᠶ᠋ᠢ ᠡᠭᠦᠳᠬᠦ᠌ ᠬᠥᠨᠳᠡᠢ᠎ᠳᠦ ᠪᠠᠢᠷᠢᠯᠠᠵᠤ᠂ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠲᠥᠪ᠂ ᠴᠢᠳᠠᠪᠤᠷᠢᠲᠠᠨ᠎ᠤ ᠱᠢᠨ᠎ᠡ᠎ᠶ᠋ᠢ ᠡᠭᠦᠳᠬᠦ᠌ ᠪᠦᠯᠬᠦᠮ᠂ ᠦᠢᠯᠡᠳᠪᠦᠷᠢᠯᠡᠯ ᠵᠢᠭᠠᠨ ᠰᠤᠷᠭᠠᠯᠲᠠ᠎ᠶ᠋ᠢ ᠠᠭᠤᠰᠤᠯᠴᠠᠭᠤᠯᠬᠤ ᠳᠠᠳᠤᠯᠭ᠎ᠠ ᠪᠣᠯᠪᠠᠰᠤᠷᠠᠯ ᠵᠢᠴᠢ ᠬᠤᠳᠠᠯᠳᠤᠭᠠᠨ᠎ᠤ ᠶᠠᠪᠤᠳᠠᠯ᠎ᠤᠨ ᠦᠢᠯᠡᠴᠢᠯᠡᠭᠡᠨ᠎ᠦ ᠪᠠᠢᠭᠤᠯᠤᠮᠵᠢ ᠵᠡᠷᠭᠡ᠎ᠶ᠋ᠢ ᠭᠣᠣᠯᠳᠠᠯᠭ᠎ᠠ᠎ᠲᠠᠶ ᠣᠷᠣᠭᠤᠯᠤᠨ ᠠᠪᠴᠢᠷᠠᠵᠤ᠂ ᠥᠪᠡᠷᠲᠡᠭᠡᠨ ᠵᠠᠰᠠᠬᠤ ᠣᠷᠣᠨ᠂ ᠬᠥᠬᠡᠬᠣᠲᠠ᠎ᠶ᠋ᠢᠨ 《 ᠴᠢᠳᠠᠪᠤᠷᠢᠲᠠᠨ᠎ᠤ ᠦᠨᠳᠦᠷᠯᠢᠭ》᠂ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠨᠳᠦᠷᠯᠢᠭ》 ᠢ᠋ ᠴᠣᠭ᠍ᠴᠠᠯᠠᠬᠤ᠎ᠳᠤ ᠠᠴᠢᠶᠠᠯᠠᠪᠤᠷᠢ ᠬᠠᠩᠭᠠᠪᠠ᠃

ᠣᠳᠣᠬᠠᠨ ᠪᠣᠯᠲᠠᠯ᠎ᠠ ᠬᠣᠷᠢᠨᠭᠡᠷ ᠱᠢᠨ᠎ᠡ ᠲᠣᠭᠣᠷᠢᠭ᠎ᠲᠤ ᠨᠡᠢ᠌ᠳᠡ 40 ᠠᠵᠤ ᠠᠬᠤᠢᠯᠠᠯ ᠰᠠᠭᠤᠷᠢᠱᠢᠵᠤ᠂ ᠡᠵᠡᠩᠨᠡᠯᠲᠡ᠎ᠶ᠋ᠢᠨ ᠣᠷᠣᠯᠭ᠎ᠠ ᠨᠢ 1.7 ᠳ᠋ᠦᠩᠱᠢᠭᠤᠷ ᠲᠥᠭᠥᠷᠢᠭ᠎ᠲᠦ ᠬᠦᠷᠴᠦ᠍᠂ 1000 ᠭᠠᠷᠤᠢ ᠬᠥᠮᠦᠨ᠎ᠳᠦ ᠱᠢᠭᠤᠳ ᠠᠵᠢᠯ ᠣᠯᠭᠣᠵᠤ ᠂ 3 ᠲᠦᠮᠡ ᠭᠠᠷᠤᠢ ᠰᠤᠷᠤᠯᠭᠠᠲᠠᠳ᠎ᠲᠤ᠎ᠦᠢᠯᠡᠴᠢᠯᠡᠪᠡ᠃ ᠪᠦᠲᠦᠭᠡᠨ ᠪᠠᠢᠭᠤᠯᠤᠯᠲᠠ᠎ᠶ᠋ᠢᠨ ᠪᠠᠩᠬᠢ᠂ ᠶᠠ ᠳ᠋ᠦᠸᠸ ᠪᠠᠭᠤᠳᠠᠯ᠂ ᠺᠦᠳᠢ ᠺᠣᠹᠧ ᠵᠡᠷᠭᠡ ᠬᠤᠳᠠᠯᠳᠤᠭᠠᠴᠢᠨ ᠨᠢᠭᠡᠨᠲᠡ ᠣᠷᠣᠵᠤ ᠰᠠᠭᠤᠨ᠂ ᠬᠦᠷᠢᠶᠡᠯᠡᠩ ᠲᠣᠭᠣᠷᠢᠭ᠎ᠤᠨ ᠠᠮᠢᠳᠤᠷᠠᠯ᠎ᠢ ᠤᠯᠠᠮ ᠨᠢᠭᠡ ᠠᠯᠬᠤᠮ ᠪᠠᠶᠠᠯᠢᠭ᠍ᠵᠢᠭᠤᠯᠪᠠ᠃

《ᠱᠢᠨ᠎ᠡ ᠲᠣᠭᠣᠷᠢᠭ᠎ᠤᠨ ᠬᠢᠨ ᠳᠡᠭᠡᠳᠦ ᠲᠠᠰ᠎ᠤᠨ ᠴᠢᠳᠠᠪᠤᠷᠢᠲᠠᠨ᠎ᠤ 〈ᠦᠶ᠋ᠯᠡᠴᠢᠯᠡᠭᠡᠨ᠎ᠦ ᠺᠠᠷᠲ〉 ᠎ᠤ᠋ᠨ ᠲᠦᠷᠢᠮ᠎ᠢ ᠪᠠᠢᠭᠤᠯᠵᠤ᠂ ᠳᠡᠭᠡᠳᠦ ᠲᠠᠰ᠎ᠤᠨ  ᠴᠢᠳᠠᠪᠤᠷᠢᠲᠠᠨ᠎ᠤ ᠬᠠᠮᠢᠶ᠎ᠠ ᠪᠥᠬᠥᠶ ᠱᠠᠩᠨᠠᠯ ᠬᠥᠬᠢᠭᠦᠯᠦᠯ᠎ᠦᠨ ᠮᠥᠩᠭᠥ᠌ ᠪᠠ ᠬᠢᠯᠢ᠎ᠪᠡᠷ ᠤᠷᠤᠵᠦ ᠭᠠᠷᠬᠤ ᠭᠡᠷᠡᠴᠢ ᠦᠨᠡᠮᠯᠡᠯ ᠂ ᠡᠷᠦᠬᠡ ᠠᠮᠠ ᠣᠷᠣᠭᠤᠯᠬᠤ᠎ᠶ᠋ᠢ ᠵᠥᠪᠱᠢᠶᠡᠷᠡᠬᠦ᠌ ᠂ ᠨᠡᠢᠭᠡᠮ᠎ᠦᠨ ᠳᠠᠭᠠᠳᠭᠠᠯ᠎ᠤᠨ ᠳ᠋ᠦᠩᠨᠡᠨ ᠱᠢᠯᠵᠢᠭᠦᠯᠬᠦ᠌ ᠵᠡᠷᠭᠡ ᠲᠤᠬᠠᠢᠯᠠᠭ᠍ᠰᠠᠨ ᠠᠵᠢᠯ᠎ᠢ ᠪᠥᠬᠥ᠌ ᠶᠠᠪᠤᠴᠠ᠎ᠪᠠᠷ ᠰᠦᠶ᠋ᠳᠭᠡᠯ ᠬᠤᠷᠢᠶᠠᠬᠤ ᠥᠬᠡᠶ᠎ᠪᠡᠷ ᠣᠷᠣᠯᠠᠨ ᠭᠦᠶ᠋ᠴᠡᠳᠭᠡᠵᠦ᠍ ᠥᠭ᠌ᠴᠦ ᠪᠤᠢ》 ᠭᠡᠵᠦ᠍ ᠵᠦ᠍ ᠵᠢᠶᠠᠨ ᠭᠦᠸᠧ ᠲᠠᠨᠢᠯᠴᠠᠭᠤᠯᠪᠠ᠃

ᠲᠡᠷᠡᠴᠢᠯᠡᠨ  ᠬᠣᠷᠢᠨᠭᠡᠷ ᠱᠢᠨ᠎ᠡ ᠲᠣᠭᠣᠷᠢᠭ ᠪᠠᠰᠠ 《ᠦᠶ᠋ᠯᠡᠴᠢᠯᠡᠭᠡᠨ᠎ᠦ ᠺᠠᠷᠲ》 ᠎ᠲᠠᠢ ᠳᠡᠭᠡᠳᠦ ᠲᠠᠰ᠎ᠤᠨ ᠴᠢᠳᠠᠪᠤᠷᠢᠲᠠᠨ᠎ᠳᠤ ᠱᠢᠯᠵᠢᠭᠦᠯᠦᠨ ᠬᠡᠷᠡᠭ᠌ᠯᠡᠬᠦ᠌ ᠬᠡᠷ ᠪᠠᠢᠱᠢᠩ ᠬᠠᠩᠭᠠᠬᠤ ᠵᠢᠴᠢ ᠬᠡᠷ ᠪᠠᠢᠱᠢᠩ ᠲᠦᠷᠢᠶᠡᠰᠦᠯᠡᠬᠦ᠌ ᠨᠥᠬᠥᠪᠥᠷᠢ ᠪᠠ ᠬᠡᠷ ᠪᠦᠯᠢ ᠪᠡᠨ ᠲᠥᠪᠬᠢᠨᠡᠭᠦᠯᠬᠦ᠌ ᠨᠥᠬᠥᠪᠥᠷᠢ ᠬᠠᠩᠭᠠᠵᠤ᠂ ᠵᠠᠬ᠎ᠠ ᠳᠡᠯᠭᠡᠭᠦᠷᠴᠢᠯᠡᠬᠦ᠌᠂ ᠵᠤᠭᠤᠰᠵᠢᠭᠤᠯᠬᠤ ᠠᠷᠭ᠎ᠠ ᠮᠠᠶᠢᠭ᠎ᠢᠶᠠᠷ ᠴᠢᠳᠠᠪᠤᠷᠢᠲᠠᠨ᠎ᠤ ᠣᠷᠣᠨ ᠰᠠᠭᠤᠴᠠ᠎ᠶ᠋ᠢᠨ ᠠᠰᠠᠭᠤᠳᠠᠯ᠎ᠢ ᠱᠢᠶ᠋ᠳᠪᠦᠷᠢᠯᠡᠨ ᠦᠭᠴᠦ ᠪᠤᠢ᠃ ᠡᠷᠦᠬᠡ ᠠᠮᠠ᠎ᠶ᠋ᠢᠨ ᠲᠠᠩᠰᠠ ᠥᠬᠡᠶ  ᠠᠯᠪᠠᠨ ᠵᠢᠷᠤᠮ᠎ᠤᠨ ᠰᠤᠷᠭᠠᠨ ᠬᠥᠮᠦᠵᠢᠯ᠎ᠦᠨ ᠱᠠᠲᠤᠨ᠎ᠳᠤ ᠰᠤᠷᠤᠯᠴᠠᠵᠤ ᠪᠠᠢᠭ᠎ᠠ ᠳᠡᠭᠡᠳᠦ ᠲᠠᠰ᠎ᠤᠨ ᠴᠢᠳᠠᠪᠤᠷᠢᠲᠠᠨ᠎ᠤ ᠦᠷ᠎ᠡ ᠬᠡᠦᠬᠡᠳ ᠲᠸ᠋ ᠱᠢᠨ᠎ᠡ ᠲᠣᠭᠣᠷᠢᠭ᠎ᠤᠨ ᠡᠷᠦᠬᠡ ᠠᠮᠠ᠎ᠶ᠋ᠢᠨ ᠲᠠᠩᠰᠠ᠎ᠲᠠᠶ ᠰᠣᠷᠣᠭ᠍ᠴᠢ᠎ᠶ᠋ᠢᠨ ᠬᠠᠷᠠᠭᠠᠯᠵᠠᠯ᠎ᠢ ᠭᠥᠷᠳᠡᠭᠡᠨ᠎ᠡ᠃ ᠡᠭᠦᠨ᠎ᠦ ᠬᠠᠮᠲᠤ ᠱᠢᠯᠢᠳᠡᠭ ᠴᠢᠳᠠᠪᠤᠷᠢᠲᠠᠨ᠎ᠤ ᠮᠡᠳᠡᠭᠡ ᠵᠠᠩᠭᠢ᠎ᠶ᠋ᠢᠨ ᠬᠥᠮᠥᠷᠭᠡ ᠪᠠᠢᠭᠤᠯᠵᠤ᠂ ᠱᠢᠨ᠎ᠡ ᠲᠣᠭᠣᠷᠢᠭ᠎ᠤᠨ ᠳᠡᠭᠡᠳᠦ ᠲᠠᠰ᠎ᠤᠨ ᠴᠢᠳᠠᠪᠤᠷᠢᠲᠠᠨ᠎ᠤ ᠲᠣᠭᠠᠴᠢᠯᠠᠭ᠍ᠰᠠᠨ ᠬᠥᠳᠡᠯᠦᠩᠭᠦᠶ ᠬᠠᠮᠢᠶᠠᠷᠤᠯᠲᠠ᠎ᠶ᠋ᠢ ᠪᠡᠶᠡᠯᠡᠭᠦᠯᠪᠡ᠃ 《ᠱᠢᠨ᠎ᠡ ᠲᠣᠭᠣᠷᠢᠭ᠎ᠤᠨ ᠬᠢᠨ ᠪᠢᠳᠡᠨ᠎ᠦ ᠣᠷᠣᠨ ᠰᠠᠭᠤᠴᠠ᠎ᠶ᠋ᠢᠨ ᠠᠰᠠᠭᠤᠳᠠᠯ᠎ᠢ ᠰᠢᠢᠳᠪᠦᠷᠢᠯᠡᠨ ᠦᠭᠴᠦ᠂ ᠠᠵᠤ ᠠᠬᠤᠢ᠎ᠶ᠋ᠢᠨ ᠳᠠᠷᠤᠯᠲᠠ᠎ᠶ᠋ᠢ ᠬᠥᠩᠭᠡᠷᠡᠭᠦᠯᠵᠦ᠍ ᠦᠭᠬᠦᠭᠰᠡᠨ ᠵᠢᠡᠷ ᠪᠢᠳᠡ ᠰᠠᠨᠠᠭ᠎ᠠ ᠠᠮᠤᠷ ᠠᠵᠢᠯᠯᠠᠬᠤ ᠪᠤᠯᠤᠯ᠎ᠠ》 ᠭᠡᠵᠦ᠍ ᠳ᠋ᠦ᠋ᠨᠭ ᠹᠠᠨᠭ᠌ ᠭᠦᠸᠧ ᠱᠢᠨ᠎ᠤ ᠮᠡᠷᠭᠡᠵᠢᠯ᠎ᠦᠨ ᠠᠵᠢᠯᠲᠠᠨ ᠸᠠᠩ ᠺᠠᠶ ᠰᠤᠷᠪᠤᠯᠵᠢᠯᠠᠭ᠍ᠴᠢ᠎ᠳᠤ ᠬᠡᠯᠡᠪᠡ᠃

ᠬᠣᠷᠢᠨᠭᠡᠷ ᠱᠢᠨ᠎ᠡ ᠲᠣᠭᠣᠷᠢᠭ ᠲᠣᠭ᠍ᠲᠠᠴᠠ᠎ᠶ᠋ᠢᠨ ᠱᠢᠨ᠎ᠡ᠎ᠶ᠋ᠢ ᠡᠭᠦᠳᠬᠦ᠌᠂ ᠠᠴᠢᠶᠠᠯᠠᠪᠤᠷᠢ᠎ᠶ᠋ᠢᠨ ᠪᠠᠢᠭᠤᠯᠤᠯᠲᠠ᠂ ᠵᠣᠬᠢᠶᠠᠨ ᠪᠠᠢᠭᠤᠯᠤᠯᠲᠠ᠎ᠶ᠋ᠢᠨ ᠪᠠᠲᠤᠯᠠᠭ᠎ᠠ ᠵᠡᠷᠭᠡ ᠣᠯᠠᠨ ᠲᠠᠯ᠎ᠠ᠎ᠠᠴᠠ ᠬᠦᠴᠦᠯᠡᠵᠦ᠍᠂ 1005 ᠢᠵᠢ ᠪᠠᠲᠤᠯᠠᠭ᠎ᠠ᠎ᠶ᠋ᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ᠎ᠶ᠋ᠢ ᠱᠢᠨ᠎ᠡ᠎ᠪᠡᠷ ᠪᠠᠢᠭᠤᠯᠪᠠ᠃ ᠲᠣᠰ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠨᠢ ᠱᠢᠨ᠎ᠡ ᠲᠣᠭᠣᠷᠢᠭ᠎ᠤᠨ ᠶᠦᠨ ᠬᠥ᠋ ᠲᠣᠭᠣᠷᠢᠭ᠎ᠤᠨ ᠳᠣᠲᠣᠷᠠᠬᠢ ᠪᠠᠲᠤᠯᠠᠭ᠎ᠠ᠎ᠶ᠋ᠢᠨ ᠴᠢᠨᠠᠷᠲᠠᠶ ᠲᠦᠷᠢᠶᠡᠰᠦᠨ ᠣᠷᠣᠨ ᠰᠠᠭᠤᠴᠠ᠎ᠶ᠋ᠢᠨ ᠬᠣᠭᠣᠰᠣᠨ᠎ᠢ ᠨᠥᠬᠥᠪᠥᠷᠢᠯᠡᠭ᠌ᠰᠡᠨ᠎ᠢᠶᠡᠷ ᠪᠠᠷᠠᠬᠤ ᠥᠬᠡᠶ ᠬᠣᠷᠢᠨᠭᠡᠷ ᠱᠢᠨ᠎ᠡ ᠲᠣᠭᠣᠷᠢᠭ᠎ᠤᠨ ᠱᠢᠯᠢᠳᠡᠭ᠌ᠵᠢᠨ ᠲᠠᠰ ᠳᠡᠪᠱᠢᠬᠦ᠌᠎ᠶ᠋ᠢ ᠠᠬᠢᠭᠤᠯᠵᠤ᠂ ᠥᠷᠢᠰᠦᠯᠳᠦᠬᠦ᠌ ᠬᠦᠴᠦᠨ᠎ᠢᠶᠡᠷ ᠴᠢᠩᠭ᠎ᠠ ᠪᠠᠯᠠ ᠣᠷᠣᠭᠤᠯᠤᠯᠲᠠ᠎ᠶ᠋ᠢᠨ ᠣᠷᠴᠢᠨ ᠲᠣᠭᠣᠷᠢᠨ᠂ ᠴᠢᠳᠠᠪᠤᠷᠢᠲᠠᠨ᠎ᠢ ᠣᠷᠣᠭᠤᠯᠤᠨ ᠠᠪᠴᠢᠷᠠᠬᠤ ᠴᠢᠬᠤᠯᠠ ᠠᠷᠭ᠎ᠠ ᠬᠡᠮᠵᠢᠶ᠎ᠡ᠎ᠶ᠋ᠢ ᠡᠭᠦᠳᠴᠦ᠍᠂ ᠱᠢᠨ᠎ᠡ ᠬᠣᠲᠠ᠎ᠶ᠋ᠢᠨ ᠠᠷᠠᠳ᠂ ᠵᠠᠯᠠᠭᠤᠴᠤᠳ᠎ᠤᠨ ᠱᠠᠲᠤ ᠦᠶ᠎ᠡ᠎ᠶ᠋ᠢᠨ ᠴᠢᠨᠠᠷᠲᠠᠶ ᠣᠷᠣᠨ ᠰᠠᠭᠤᠴᠠ᠎ᠶ᠋ᠢᠨ ᠬᠦᠴᠢᠷᠳᠡᠯ᠎ᠢ ᠪᠦᠲᠦᠮᠵᠢᠲᠡᠶ ᠨᠠᠮᠳᠠᠭᠤᠯᠪᠠ᠃ 《ᠲᠣᠰ ᠤᠳᠠᠭ᠎ᠠ ᠵᠢᠨ ᠪᠣᠯᠪᠠᠰᠤᠷᠠᠯ ᠨᠢ ᠪᠢᠳᠡᠨ᠎ᠳᠦ ᠥᠪᠡᠷ᠎ᠢ᠎ᠪᠡᠨ ᠳᠡᠭᠡᠭ᠌ᠰᠢᠯᠡᠭᠦᠯᠬᠦ᠌ ᠨᠢᠭᠡ ᠤᠳᠠᠭ᠎ᠠ ᠵᠢᠨ ᠠᠵᠠ ᠲᠣᠬᠢᠶᠠᠯ᠎ᠢ ᠡᠭᠦᠳᠦᠨ ᠥᠭ᠌ᠴᠡᠶ᠃ ᠦᠵᠡᠯᠲᠡ ᠲᠠᠨᠢᠯᠳᠠ᠎ᠶ᠋ᠢᠨ ᠱᠢᠨᠡᠴᠢᠯᠡᠯᠲᠡ᠂ ᠲᠤᠰᠭᠠᠶ ᠮᠡᠷᠭᠡᠵᠢᠯ᠎ᠦᠨ ᠮᠡᠳᠡᠯᠭᠡ᠎ᠶ᠋ᠢᠨ ᠨᠥᠭᠡᠴᠡ ᠪᠠ  ᠲᠤᠰᠭᠠᠶ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠪᠣᠳᠠᠲᠠᠶ ᠠᠵᠢᠯᠯᠠᠭ᠎ᠠ ᠨᠢ ᠪᠢᠳᠡᠨ᠎ᠳᠦ ᠮᠠᠰᠢ ᠶᠡᠬᠡ ᠠᠱᠢᠭ᠍ᠲᠠᠶ ᠶᠤᠮ᠃》 ᠤᠢᠷ᠎ᠠ ᠳ᠋ᠤ  ᠬᠣᠷᠢᠨᠭᠡᠷ ᠱᠢᠨ᠎ᠡ ᠲᠣᠭᠣᠷᠢᠭ᠎ᠲᠤ ᠶᠠᠪᠤᠭᠳᠠᠭᠰᠠᠨ ᠵᠢᠶᠠᠩ ᠴᠧᠩ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠣᠯᠪᠠᠰᠤᠷᠠᠯ ᠳ᠋ᠤ ᠤᠷᠤᠯᠴᠠᠭᠰᠠᠨ ᠰᠤᠷᠤᠯᠭᠠᠲᠠᠨ ᠬᠥ᠋ ᠶᠠ ᠡᠢᠨ ᠬᠥ᠌  ᠣᠯᠤᠯᠲᠠ᠎ᠪᠠᠨ ᠬᠤᠪᠢᠶᠠᠯᠴᠠᠵᠤ ᠪᠠᠢᠯ᠎ᠠ᠃

ᠵᠢᠶᠠᠩ ᠴᠧᠩ ᠱᠢᠨᠵᠢᠯᠡᠬᠦ᠌ ᠤᠬᠠᠭᠠᠨ  ᠲᠸᠭᠨᠢᠭ ᠮᠡᠷᠭᠡᠵᠢᠯ ᠬᠢᠭᠡᠳ ᠬᠣᠷᠢᠨᠭᠡᠷ ᠱᠢᠨ᠎ᠡ ᠲᠣᠭᠣᠷᠢᠭ᠎ᠤᠨ ᠬᠠᠮᠲᠤ᠎ᠪᠠᠷ ᠪᠠᠢᠭᠤᠯᠤᠭ᠍ᠰᠠᠨ ᠥᠪᠥᠷ ᠮᠣᠩᠭᠣᠯ᠎ᠤᠨ ᠲᠣᠭᠠᠴᠢᠯᠠᠭ᠍ᠰᠠᠨ ᠠᠵᠤ ᠠᠬᠤᠶ᠎ᠶ᠋ᠢᠨ ᠦᠶ᠋ᠯᠡᠳᠪᠦᠷᠢᠯᠡᠯ ᠵᠢᠭᠠᠨ ᠰᠤᠷᠭᠠᠯᠲᠠ᠎ᠶ᠋ᠢ ᠠᠭᠤᠰᠤᠯᠴᠠᠭᠤᠯᠬᠤ ᠰᠠᠭᠤᠷᠢᠨ 2023 ᠣᠨ᠎ᠤ 7 ᠰᠠᠷ᠎ᠠ᠎ᠶ᠋ᠢᠨ 3 ᠎ᠡᠴᠡ ᠡᠬᠢᠯᠡᠵᠦ᠍᠂ ᠣᠳᠣᠬᠠᠨ᠎ᠳᠤ ᠨᠢᠭᠡᠨᠲᠡ 30 ᠭᠠᠷᠤᠶ ᠲᠠᠯᠠᠪᠤᠷ ᠦᠶ᠋ᠯᠡᠳᠪᠦᠷᠢᠯᠡᠯ ᠵᠢᠭᠠᠨ ᠰᠤᠷᠭᠠᠯᠲᠠ᠎ᠶ᠋ᠢ ᠠᠭᠤᠰᠤᠯᠴᠠᠭᠤᠯᠬᠤ ᠠᠵᠢᠯᠯᠠᠭ᠎ᠠ ᠶᠠᠪᠤᠭᠤᠯᠵᠤ᠂ 30 ᠱᠢᠬᠠᠮ ᠰᠤᠷᠭᠠᠭᠤᠯᠢ ᠠᠵᠤ ᠠᠬᠤᠢᠯᠠᠯ᠎ᠲᠠᠶ ᠬᠠᠮᠲᠤᠷᠠᠯᠴᠠᠭ᠎ᠠ ᠥᠷᠨᠢᠭᠦᠯᠵᠦ᠍᠂ ᠪᠣᠳᠠᠲᠠᠶ ᠪᠣᠯᠪᠠᠰᠤᠷᠠᠯ ᠬᠦᠷᠲᠡᠭᠡᠭᠰᠡᠨ ᠬᠥᠮᠦᠨ᠎ᠦ ᠲᠣᠭ᠎ᠠ 4000 ᠬᠥᠮᠦᠨ ᠤᠳᠠᠭ᠎ᠠ᠎ᠶ᠋ᠢ ᠳᠠᠪᠠᠵᠤ᠂ 1000 ᠱᠢᠬᠠᠮ ᠪᠠᠭ᠍ᠰᠢ᠎ᠳᠦ ᠪᠤᠯᠪᠠᠰᠤᠷᠠᠯ ᠬᠦᠷᠳᠡᠭᠡᠵᠦ᠂ 100 ᠱᠢᠬᠠᠮ ᠠᠵᠤ ᠠᠬᠤᠢᠯᠠᠯ᠎ᠳᠤ ᠪᠠᠢᠴᠠᠭᠠᠨ ᠰᠤᠳᠤᠯᠤᠯᠲᠠ ᠬᠢᠵᠦ᠍᠂ 100 ᠱᠢᠬᠠᠮ ᠨᠡᠪᠴᠢᠭᠦᠯᠬᠦ᠌ ᠲᠥᠷᠥᠯ ᠵᠦᠶ᠋ᠯ᠎ᠢ ᠥᠷᠨᠢᠭᠦᠯᠵᠦ᠍᠂ ᠵᠠᠰᠠᠭ᠎ᠤᠨ ᠣᠷᠳᠣᠨ᠂ ᠶᠡᠬᠡ ᠳᠡᠭᠡᠳᠦ ᠰᠤᠷᠭᠠᠭᠤᠯᠢ᠂ ᠠᠵᠤ ᠠᠬᠤᠢᠯᠠᠯ ᠵᠢᠴᠢ ᠰᠤᠷᠤᠭ᠍ᠴᠢᠳ᠎ᠤᠨ ᠳᠤᠮᠳᠠ ᠰᠠᠢᠨ ᠲᠤᠰᠭᠠᠯ ᠭᠠᠷᠭᠠᠪᠠ᠃ 《ᠳᠠᠷᠠᠭᠠᠴᠢ᠎ᠶ᠋ᠢᠨ ᠠᠯᠬᠤᠮ᠎ᠳᠤ ᠬᠣᠷᠢᠨᠭᠡᠷ ᠱᠢᠨ᠎ᠡ ᠲᠣᠭᠣᠷᠢᠭ ᠴᠢᠨᠠᠷ ᠰᠠᠢᠲᠠᠢ ᠬᠥᠭ᠌ᠵᠢᠯᠲᠡ᠎ᠶ᠋ᠢ ᠤᠯᠠᠮ ᠴᠢᠨᠠᠭ᠍ᠰᠢᠳᠠ ᠠᠬᠢᠭᠤᠯᠵᠤ᠂ 〈ᠲᠠᠪᠤᠨ ᠶᠡᠬᠡ ᠡᠭᠦᠷᠭᠡ 〉 ᠵᠢ ᠰᠠᠢᠲᠤᠷ ᠨᠠᠢᠳᠠᠪᠤᠷᠢᠵᠢᠭᠤᠯᠬᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠲᠠᠯ᠎ᠠ᠎ᠪᠠᠷ ᠬᠣᠷᠢᠨᠭᠡᠷ ᠱᠢᠨ᠎ᠡ ᠲᠣᠭᠣᠷᠢᠭ᠎ᠤᠨ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠵᠦ᠍᠂ ᠬᠣᠷᠢᠨᠭᠡᠷ ᠱᠢᠨ᠎ᠡ ᠲᠣᠭᠣᠷᠢᠭ᠎ᠲᠤ ᠬᠤᠪᠢ ᠨᠡᠮᠡᠷᠢ ᠦᠵᠡᠭᠦᠯᠦᠨ᠎ᠡ》 ᠭᠡᠵᠦ᠍ ᠵᠦ᠍ ᠵᠢᠶᠠᠨ ᠭᠦᠸᠧ ᠬᠡᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号