ᠠᠷᠪᠠᠨ ᠳᠥᠷᠪᠡᠳᠦᠭᠡᠷ ᠬᠤᠭᠤᠴᠠᠭᠠᠨ ᠤ ᠪᠥᠬᠥ᠌ ᠤᠯᠤᠰ ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠭᠤᠷᠪᠠᠳᠤᠭᠠᠷ ᠬᠤᠷᠠᠯ ᠤ᠋ᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ ᠶ᠋ᠢᠨ ᠲᠡᠷᠢᠭᠦᠯᠡᠭ᠌ᠴᠢᠳ᠎ᠦᠨ ᠬᠣᠶᠠᠳᠤᠭᠠᠷ ᠬᠤᠷᠠᠯ 10 ᠤ᠋ ᠡᠳᠦᠷ᠎ᠦᠨ ᠦᠳᠡ᠎ᠶ᠋ᠢᠨ ᠬᠣᠢᠨ᠎ᠠ ᠪᠡᠭᠡᠵᠢᠩ ᠦᠨ ᠠᠷᠠᠳ ᠤᠨ ᠶᠡᠬᠡ ᠬᠤᠷᠠᠯ᠎ᠤᠨ ᠲᠠᠩᠬᠢᠮ᠎ᠳᠤ ᠬᠤᠷᠠᠯᠳᠤᠪᠠ᠃ ᠶᠡᠬᠡ ᠬᠤᠷᠠᠯ ᠤᠨ ᠲᠡᠷᠢᠭᠦᠯᠡᠭ᠌ᠴᠢᠳ ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠬᠤᠷᠢᠶᠠᠨ ᠳᠠᠷᠤᠭ᠎ᠠ ᠵᠤᠤ ᠯᠸ ᠵᠶ᠋ᠢ ᠶ᠋ᠢᠨ ᠨᠠᠢᠳᠠᠯᠭ᠎ᠠ᠎ᠪᠠᠷ᠂ ᠶᠡᠬᠡ ᠬᠤᠷᠠᠯ᠎ᠤᠨ ᠲᠡᠷᠢᠭᠦᠯᠡᠭ᠌ᠴᠢᠳ ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠳᠡᠳ᠋ ᠬᠤᠷᠢᠶᠠᠨ ᠳᠠᠷᠤᠭ᠎ᠠ ᠯᠢ ᠬᠣᠩ ᠵᠦᠩ ᠬᠤᠷᠠᠯ᠎ᠢ ᠡᠷᠬᠢᠯᠡᠪᠡ᠃
ᠬᠤᠷᠠᠯ᠎ᠡᠴᠡ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠡᠷᠬᠢᠯᠡᠭ᠌ᠴᠢ ᠭᠡᠱᠢᠭᠦᠨ ᠱᠢᠨ ᠴᠦᠨ ᠶᠢᠩ᠎ᠦᠨ ᠬᠢᠭ᠌ᠰᠡᠨ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠪᠠ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠵᠢᠨ ᠬᠠᠤᠯᠢ᠎ᠳᠤ ᠵᠠᠰᠠᠪᠤᠷᠢ ᠣᠷᠣᠭᠤᠯᠬᠤ ᠲᠣᠭ᠍ᠲᠠᠭᠠᠯ᠎ᠤᠨ ᠲᠥᠰᠦᠯ᠎ᠳᠦ ᠵᠠᠰᠠᠪᠤᠷᠢ ᠣᠷᠣᠭᠤᠯᠬᠤ ᠰᠠᠨᠠᠯ᠎ᠤᠨ ᠲᠤᠬᠠᠢ ᠪᠦᠬᠦ᠌ ᠤᠯᠤᠰ ᠤᠨ ᠠᠷᠠᠳ ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ ᠦᠨ ᠮᠡᠳᠡᠭᠦᠯᠦᠯᠲᠡ᠎ᠶ᠋ᠢ ᠰᠣᠨᠣᠰᠴᠤ᠌᠂ ᠲᠥᠯᠥᠭᠡᠯᠡᠭ᠌ᠴᠢᠳ ᠤ᠋ᠨ ᠬᠠᠤᠯᠢ ᠳᠤ ᠵᠠᠰᠠᠪᠤᠷᠢ ᠣᠷᠣᠭᠤᠯᠬᠤ ᠲᠣᠭ᠍ᠲᠠᠭᠠᠯ᠎ᠤᠨ ᠲᠥᠰᠦᠯ᠎ᠦᠨ ᠪᠠᠲᠤᠯᠠᠭᠤᠯᠬᠤ ᠨᠤᠤᠷᠠᠭ᠎ᠢ ᠬᠢᠨᠠᠨ ᠵᠥᠪᠯᠡᠪᠡ᠃
ᠬᠤᠷᠠᠯ᠎ᠡᠴᠡ ᠶᠡᠬᠡ ᠬᠤᠷᠠᠯ ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠶᠡᠬᠡ ᠬᠤᠷᠠᠯ ᠤᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠨᠠᠷᠢᠨ ᠪᠢᠴᠢᠭ᠎ᠦᠨ ᠳᠠᠷᠤᠭ᠎ᠠ ᠯᠢᠦ ᠴᠢ ᠶ᠋ᠢᠨ ᠬᠢᠭ᠌ᠰᠡᠨ ᠪᠦᠬᠦ᠌ ᠤᠯᠤᠰ ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠤᠨ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠭ᠌ᠰᠡᠨ ᠪᠠ ᠵᠠᠰᠠᠪᠤᠷᠢ ᠣᠷᠣᠭᠤᠯᠤᠭ᠍ᠰᠠᠨ ᠪᠠᠢᠳᠠᠯ᠎ᠤᠨ ᠲᠤᠬᠠᠢ ᠶᠡᠬᠡ ᠬᠤᠷᠠᠯ᠎ᠤᠨ ᠨᠠᠷᠢᠨ ᠪᠢᠴᠢᠭ ᠦᠨ ᠭᠠᠵᠠᠷ ᠤᠨ ᠬᠠᠷᠢᠭᠤ ᠮᠡᠳᠡᠭᠦᠯᠦᠯᠲᠡ᠂ ᠠᠷᠠᠳ᠎ᠤᠨ ᠳᠡᠭᠡᠳᠦ ᠱᠢᠭᠦᠬᠦ᠌ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠂ ᠠᠷᠠᠳ᠎ᠤᠨ ᠳᠡᠭᠡᠳᠦ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠭ᠌ᠰᠡᠨ ᠪᠠ ᠵᠠᠰᠠᠪᠤᠷᠢ ᠣᠷᠣᠭᠤᠯᠤᠭ᠍ᠰᠠᠨ ᠪᠠᠢᠳᠠᠯ᠎ᠤᠨ ᠲᠤᠬᠠᠢ ᠬᠠᠷᠢᠭᠤ ᠮᠡᠳᠡᠭᠦᠯᠦᠯᠲᠡ᠎ᠶ᠋ᠢ ᠰᠣᠨᠣᠰᠴᠤ᠌᠂ ᠭᠤᠷᠪᠠᠨ ᠮᠡᠳᠡᠭᠦᠯᠦᠯᠲᠡ᠎ᠶ᠋ᠢᠨ ᠱᠢᠢᠳᠪᠦᠷᠢ᠎ᠶ᠋ᠢᠨ ᠲᠥᠰᠦᠯ᠎ᠦᠨ ᠣᠷᠣᠯᠠᠨ ᠲᠤᠭᠤᠷᠪᠢᠭ᠍ᠰᠠᠨ ᠨᠤᠤᠷᠠᠭ᠎ᠢ ᠲᠤᠰ ᠲᠤᠰ ᠬᠢᠨᠠᠨ ᠵᠥᠪᠯᠡᠵᠡᠢ᠃
ᠬᠤᠷᠠᠯ᠎ᠡᠴᠡ ᠶᠡᠬᠡ ᠬᠤᠷᠠᠯ᠎ᠤᠨ ᠳᠡᠳ᠋ ᠨᠠᠷᠢᠨ ᠪᠢᠴᠢᠭ᠎ᠦᠨ ᠳᠠᠷᠤᠭ᠎ᠠ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠳᠡᠳ᠋ ᠨᠠᠷᠢᠨ ᠪᠢᠴᠢᠭ᠎ᠦᠨ ᠳᠠᠷᠤᠭ᠎ᠠ ᠯᠢᠦ ᠵᠢᠶᠦ᠋ᠨ ᠴᠧᠨᠦ ᠬᠢᠭ᠌ᠰᠡᠨ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ ᠵᠥᠪᠯᠡᠯᠭᠡ᠎ᠶ᠋ᠢ ᠱᠢᠢᠳᠪᠦᠷᠢᠯᠡᠬᠦ᠌ ᠰᠠᠨᠠᠯ᠎ᠤᠨ ᠲᠤᠬᠠᠢ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠮᠡᠳᠡᠭᠦᠯᠦᠯᠲᠡ᠎ᠶ᠋ᠢ ᠰᠣᠨᠣᠰᠴᠤ᠌ ᠬᠢᠨᠠᠨ ᠵᠥᠪᠯᠡᠪᠡ᠃
ᠬᠤᠷᠠᠯ᠎ᠡᠴᠡ ᠳᠡᠭᠡᠷ᠎ᠡ ᠳᠤᠷᠠᠳᠤᠭ᠍ᠰᠠᠨ ᠵᠠᠰᠠᠪᠤᠷᠢ ᠣᠷᠣᠭᠤᠯᠬᠤ ᠰᠠᠨᠠᠯ᠎ᠤᠨ ᠮᠡᠳᠡᠭᠦᠯᠦᠯᠲᠡ ᠵᠢᠴᠢ ᠲᠥᠰᠦᠯ ᠦᠨ ᠪᠠᠲᠤᠯᠠᠭᠤᠯᠬᠤ ᠨᠤᠤᠷᠠᠭ᠂ ᠱᠢᠢᠳᠪᠦᠷᠢ ᠶ᠋ᠢᠨ ᠲᠥᠰᠦᠯ ᠪᠣᠯᠤᠨ ᠮᠡᠳᠡᠭᠦᠯᠦᠯᠲᠡ᠎ᠶ᠋ᠢ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠭᠤᠷᠪᠠᠳᠤᠭᠠᠷ ᠬᠤᠷᠠᠯ᠎ᠳᠤ ᠳᠡᠪᠱᠢᠭᠦᠯᠵᠦ᠍ ᠬᠢᠨᠠᠨ ᠵᠥᠪᠯᠡᠭᠦᠯᠬᠦ᠌᠎ᠶ᠋ᠢ ᠵᠥᠪᠱᠢᠶᠡᠷᠡᠪᠡ᠃
ᠶᠡᠬᠡ ᠬᠤᠷᠠᠯ ᠤᠨ ᠲᠡᠷᠢᠭᠦᠯᠡᠭ᠌ᠴᠢᠳ᠎ᠦᠨ ᠪᠦᠯᠬᠦᠮ᠎ᠦᠨ ᠪᠠᠢᠩᠭᠤ᠎ᠶ᠋ᠢᠨ ᠲᠡᠷᠢᠭᠦᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠵᠢᠨ ᠳᠡᠳ᠋ ᠬᠤᠷᠢᠶᠠᠨ ᠳᠠᠷᠤᠭ᠎ᠠ ᠸᠠᠩ ᠳ᠋ᠦᠩ ᠮᠢᠩ᠂ ᠱᠢᠶᠤᠤ ᠵᠢᠶ᠍ᠸ᠂ ᠵᠧᠩ ᠵᠢᠶᠠᠨ ᠪᠠᠩ᠂ ᠳ᠋ᠢᠩ ᠵᠦᠩ ᠯᠢ᠂ ᠬᠤᠤ ᠮᠢᠩ ᠵᠢᠨ᠂ ᠼᠠᠢ ᠳ᠋ᠠ ᠹᠸᠩ᠂ ᠾᠧ ᠸᠧᠢ᠂ ᠦ᠋ ᠸᠧᠢ ᠬᠤᠸᠠ᠂ ᠲᠢᠶ᠍ᠸ ᠨᠢᠩ᠂ ᠫᠸᠩ ᠴᠢᠩ ᠬᠤᠸᠠ᠂ ᠵᠠᠩ ᠴᠢᠩ ᠸᠧᠢ᠂ ᠯᠤᠪᠰᠠᠨᠭᠵᠠᠯᠰᠠᠨ᠂ ᠱᠢᠤᠸᠠᠢᠺᠸᠯᠠᠢ᠌ᠲ·ᠵᠠᠺᠸᠯ ᠬᠤᠷᠠᠯ᠎ᠳᠤ ᠣᠷᠣᠯᠴᠠᠪᠠ᠃
(ᠱᠢᠨᠬᠤᠸᠠ ᠬᠤᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 10 ᠤ᠋ ᠴᠠᠬᠢᠯᠭᠠᠨ ᠮᠡᠳᠡᠭᠡ)