ᠬᠠᠤᠯᠢ ᠪᠠᠷᠢᠯᠳᠠ᠎ᠶ᠋ᠢᠨ ᠬᠠᠯᠠᠭᠤᠨ ᠳᠤᠯᠠᠭᠠᠨ᠎ᠵᠢᠡᠷ ᠦᠨᠳᠦᠰᠦᠲᠡᠨ᠎ᠦ ᠪᠦᠯᠬᠦᠮᠳᠡᠯ ᠢ᠋ ᠬᠠᠮᠠᠭᠠᠯᠠᠨ᠎ᠠ
2025-03-16 12:11:13
ᠵᠣᠬᠢᠶᠠᠭ᠍ᠴᠢ᠄
ᠭᠦᠸᠧ ᠸᠧᠢ ᠸᠧᠢ
ᠣᠩᠱᠢᠭ᠍ᠰᠠᠨ ᠣᠳᠠᠭ᠎ᠠ᠄
★★★☆☆

ᠲᠡᠷᠡ᠂ ᠮᠣᠷᠢ ᠪᠠᠨ ᠤᠨᠤᠵᠤ ᠤᠯᠤᠰ᠎ᠤᠨ ᠰᠦᠯᠳᠡ᠎ᠪᠡᠨ ᠡᠭᠦᠷᠴᠦ᠍ ᠲᠣᠭᠣᠷᠢᠨ ᠱᠢᠭᠦᠯᠳᠠ ᠬᠢᠨ᠎ᠠ; ᠲᠡᠷᠡ᠂ ᠦᠨᠳᠦᠰᠦᠨ ᠱᠠᠲᠤᠨ᠎ᠤ ᠬᠠᠤᠯᠢ ᠴᠠᠭᠠᠵᠠ᠎ᠶ᠋ᠢᠨ ᠦᠢᠯᠡᠰ᠎ᠲᠸ᠋ 30 ᠵᠢᠯ ᠵᠢᠳᠬᠦᠵᠦ᠂ 3500 ᠭᠠᠷᠤᠢ ᠬᠡᠷᠡᠭ᠎ᠢ ᠱᠢᠭᠦᠨ ᠳᠠᠭᠤᠰᠭᠠᠵᠤ᠂ ᠱᠢᠭᠦᠨ ᠲᠠᠰᠤᠯᠬᠤ ᠬᠤᠭᠤᠴᠠᠭ᠎ᠠ᠎ᠠᠴᠠ ᠬᠡᠲᠦᠷᠡᠭ᠌ᠰᠡᠨ ᠬᠡᠷᠡᠭ ᠨᠢᠭᠡ ᠴᠦ᠍ ᠦᠭᠡᠢ᠂ ᠬᠠᠤᠯᠢ ᠰᠠᠬᠢᠯᠭ᠎ᠠ᠎ᠠᠴᠠ ᠵᠥᠷᠢᠴᠡᠭ᠌ᠰᠡᠨ ᠬᠡᠷᠡᠭ ᠨᠢᠭᠡ ᠴᠦ᠍ ᠦᠭᠡᠢ᠂ ᠲᠤᠬᠠᠢ᠎ᠶ᠋ᠢᠨ ᠬᠥᠮᠦᠨ ᠵᠠᠭᠤᠷᠠᠯᠳᠤᠨ ᠵᠠᠭᠠᠯᠳᠤᠵᠤ ᠳᠡᠭᠡᠭ᠌ᠰᠢ ᠰᠤᠷᠪᠤᠯᠵᠢᠯᠠᠭ᠍ᠰᠠᠨ ᠬᠡᠷᠡᠭ ᠨᠢᠭᠡ ᠴᠦ᠍ ᠦᠭᠡᠢ; ᠲᠡᠷᠡ ᠨᠠᠮ᠎ᠤᠨ ᠦᠢᠯᠡᠰ᠎ᠲᠦ ᠦᠨᠡᠨᠴᠢ ᠱᠢᠳᠤᠷᠭᠤ ᠪᠠᠢᠬᠤ᠂ ᠦᠨᠳᠦᠰᠦᠲᠡᠨ᠎ᠦ ᠪᠦᠯᠬᠦᠮᠳᠡᠯ᠎ᠢ ᠪᠠᠲᠤᠯᠠᠬᠤ ᠬᠠᠷᠢᠭᠤᠴᠠᠯᠭ᠎ᠠ᠎ᠪᠠᠨ ᠠᠵᠢᠯ᠎ᠳᠠᠭᠠᠨ ᠠᠭᠤᠰᠭᠠᠵᠤ᠂ ᠪᠣᠳᠠᠲᠤ ᠠᠵᠢᠯᠯᠠᠭ᠎ᠠ ᠪᠠᠷ᠎ᠢᠶᠠᠨ ᠨᠢᠭᠡᠨ ᠡᠪ ᠬᠠᠮᠲᠤ ᠨᠠᠮ᠎ᠤᠨ ᠭᠡᠱᠢᠭᠦᠨ᠂ ᠠᠷᠠᠳ᠎ᠤᠨ ᠱᠢᠭᠦᠬᠦ᠌ ᠲᠤᠱᠢᠶᠠᠯᠲᠠᠨ᠎ᠤ ᠬᠠᠤᠯᠢ ᠬᠦᠢᠴᠡᠳᠭᠡᠬᠦ ᠦᠢᠯᠡᠰ᠎ᠦᠨ ᠲᠤᠬᠠᠢ ᠡᠷᠬᠢᠮ ᠳᠡᠭᠡᠳᠦ ᠢᠲᠡᠭᠡᠯ ᠪᠢᠱᠢᠷᠡᠯ ᠪᠠ ᠬᠢᠵᠠᠭᠠᠯᠠᠰᠢ ᠦᠭᠡᠢ ᠬᠥᠭᠡᠭᠡᠴᠡᠯᠳᠦᠯ ᠳ᠋ᠤ ᠲᠠᠢᠯᠤᠮᠵᠢ ᠬᠢᠪᠡ᠃ ᠡᠨᠡ ᠬᠦᠮᠦᠨ ᠪᠣᠯ ᠳᠠᠷᠤᠶ ᠤᠤᠯ᠎ᠤᠨ ᠪᠠᠶᠠᠷᠲᠤᠬᠣᠱᠢᠭᠤ ᠱᠢᠭᠦᠬᠦ᠌ ᠲᠢᠩᠬᠢᠮ᠎ᠦᠨ ᠳᠠᠷᠤᠭ᠎ᠠ ᠨᠠᠰᠤᠨ᠌ᠤ᠋ᠷᠳᠤ ᠪᠣᠯᠤᠨ᠎ᠠ᠂ ᠨᠤᠳᠤᠭ ᠤ᠋ᠨ ᠬᠥᠮᠦᠰ ᠲᠡᠭᠦᠨ᠎ᠢ ᠨᠠᠰᠤᠨ ᠭᠡᠵᠦ ᠲᠤᠳᠤᠨᠤᠴᠢᠯᠠᠨ ᠲᠠᠭᠤᠳᠠᠳᠠᠭ᠃

ᠵᠠᠷᠤᠳ᠎ᠤᠨ ᠲᠠᠯ᠎ᠠ ᠨᠤᠲᠤᠭ᠎ᠲᠤ᠂ ᠨᠠᠰᠤᠨ ᠢ᠋ ᠬᠦᠮᠦᠨ ᠪᠤᠯᠭᠠᠨ ᠲᠠᠨᠢᠵᠤ ᠮᠡᠳᠡᠳᠡᠭ᠂ ᠲᠡᠷᠡ 《ᠪᠦᠬᠦ᠌ ᠤᠯᠤᠰ᠎ᠤᠨ ᠱᠢᠯᠢᠳᠡᠭ ᠱᠢᠭᠦᠬᠦ᠌ ᠲᠤᠱᠢᠶᠠᠯᠲᠠᠨ》᠂ 《ᠪᠦᠬᠦ᠌ ᠤᠯᠤᠰ᠎ᠤᠨ ᠱᠢᠭᠦᠬᠦ᠌ ᠬᠣᠷᠢᠶ᠎ᠠ ᠵᠢᠨ ᠠᠷᠠᠳ᠎ᠤᠨ ᠱᠢᠭᠦᠬᠦ᠌ ᠲᠢᠩᠬᠢᠮ᠎ᠦᠨ ᠠᠵᠢᠯ᠎ᠤᠨ ᠲᠡᠷᠢᠭᠦᠨ᠎ᠦ ᠬᠤᠪᠢ ᠬᠥᠮᠦᠨ》᠂ 《ᠪᠦᠬᠦ᠌ ᠤᠯᠤᠰ᠎ᠤᠨ ᠱᠢᠭᠦᠬᠦ᠌ ᠬᠣᠷᠢᠶ᠎ᠠ ᠵᠢᠨ ᠨᠠᠮ᠎ᠤᠨ ᠪᠠᠢᠭᠤᠯᠤᠯᠲᠠ᠎ᠶ᠋ᠢᠨ ᠠᠵᠢᠯ᠎ᠤᠨ ᠲᠡᠷᠢᠭᠦᠨ᠎ᠦ ᠬᠤᠪᠢ ᠬᠥᠮᠦᠨ》᠂ 《ᠪᠦᠬᠦ᠌ ᠣᠷᠣᠨ᠎ᠤ ᠱᠢᠯᠢᠳᠡᠭ ᠱᠢᠭᠦᠬᠦ᠌ ᠲᠤᠱᠢᠶᠠᠯᠲᠠᠨ》᠂ 《ᠬᠡᠷᠡᠭ ᠱᠢᠢᠳᠪᠦᠷᠢᠯᠡᠭ᠌ᠰᠡᠨ ᠵᠢᠱ᠌ᠢᠶᠡᠴᠢ》 ᠵᠡᠷᠭᠡ ᠤᠯᠠᠠ ᠢᠷᠠᠭᠤ ᠠᠯᠳᠠᠷ᠎ᠢ ᠬᠦᠷᠲᠡᠵᠦ᠍᠂ ᠬᠤᠪᠢ ᠬᠥᠮᠦᠨ᠎ᠦ ᠨᠢᠭᠡᠳᠦᠭᠡᠷ ᠳᠡᠰ᠎ᠤᠨ ᠭᠠᠪᠢᠶ᠎ᠠ᠎ᠶ᠋ᠢ 1 ᠤᠳᠠᠭ᠎ᠠ ᠪᠠᠢᠭᠤᠯᠵᠠᠢ᠃ 2024 ᠤᠨ᠎ᠤ 9 ᠰᠠᠷ᠎ᠠ᠎ᠶ᠋ᠢᠨ 27 ᠤ᠋ ᠡᠳᠦᠷ᠂ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠬᠥᠬᠢᠭᠦᠯᠦᠨ ᠰᠠᠢᠱᠢᠶᠠᠬᠤ ᠶᠡᠬᠡ ᠬᠤᠷᠠᠯ ᠪᠡᠭᠡᠵᠢᠩ᠎ᠳᠦ ᠬᠤᠷᠠᠯᠳᠤᠵᠤ᠂ ᠪᠦᠬᠦ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ᠎ᠦ ᠢᠷᠠᠭᠤ ᠠᠯᠳᠠᠷ᠎ᠢ ᠬᠦᠷᠲᠡᠪᠡ᠃

ᠪᠠᠶᠠᠷᠲᠤᠬᠣᠱᠢᠭᠤ ᠱᠢᠭᠦᠬᠦ᠌ ᠲᠢᠩᠬᠢᠮ᠎ᠨᠢ ᠲᠦᠩᠯᠢᠶᠣᠤ ᠬᠣᠲᠠ᠎ᠶ᠋ᠢᠨ ᠵᠠᠷᠤᠳ ᠬᠣᠱᠢᠭᠤᠨ᠎ᠤ ᠬᠣᠢᠲᠤ ᠬᠡᠰᠡᠭ᠎ᠲᠦ ᠪᠠᠢᠷᠢᠯᠠᠵᠤ᠂ ᠱᠢᠭᠦᠬᠦ᠌ ᠲᠢᠩᠬᠢᠮ᠎ᠨᠢ 《ᠭᠤᠷᠪᠠᠨ ᠲᠠᠯᠠᠪᠠᠶ᠂ ᠬᠣᠶᠠᠷ ᠪᠠᠯᠭᠠᠰᠤ᠂ ᠬᠣᠶᠠᠷ ᠰᠤᠮᠤ᠂ ᠨᠢᠭᠡ ᠨᠡᠭᠡᠭᠡᠯᠲᠡ᠎ᠶ᠋ᠢᠨ ᠣᠷᠣᠨ》 ᠢ᠋ ᠬᠠᠮᠢᠶᠠᠷᠴᠤ᠌᠂ ᠣᠯᠠᠨ ᠦᠨᠳᠦᠰᠦᠲᠡᠨ ᠲᠥᠪᠯᠡᠷᠡᠨ ᠰᠠᠭᠤᠭ᠍ᠰᠠᠨ ᠨᠡᠢᠲᠡᠯᠢᠭ ᠭᠠᠵᠠᠷ ᠣᠷᠣᠨ ᠪᠣᠯᠤᠨ᠎ᠠ᠃ ᠨᠠᠰᠤᠨ ᠦᠨᠳᠦᠰᠦᠲᠡᠨ᠎ᠦ ᠪᠦᠯᠬᠦᠮᠳᠡᠯ᠎ᠦᠨ ᠠᠵᠢᠯ᠎ᠢ ᠰᠠᠢᠲᠤᠷ ᠬᠢᠶ᠎ᠡ ᠭᠡᠪᠡᠯ ᠡᠷᠬᠡᠪᠰᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠤᠬᠴᠠᠯᠠᠵᠤ᠂ 《ᠳᠦᠷᠪᠡᠨ ᠣᠨᠴᠠᠭᠠᠢ》 ᠺᠠᠳ᠋ᠷ ᠪᠣᠯᠬᠤ᠎ᠪᠠᠷ ᠴᠢᠷᠮᠠᠢᠵᠤ᠂ ᠮᠠᠯᠴᠢᠨ ᠲᠠᠷᠢᠶᠠᠴᠢᠨ ᠤᠯᠠᠨ ᠲᠦᠮᠡᠨ᠎ᠢ ᠳᠠᠢ᠌ᠴᠢᠯᠠᠨ ᠦᠨᠳᠦᠰᠦᠲᠡᠨ᠎ᠦ ᠪᠦᠯᠬᠦᠮᠳᠡᠯ᠎ᠢ ᠰᠠᠢᠲᠤᠷ ᠬᠠᠮᠠᠭᠠᠯᠠᠬᠤ ᠵᠢ ᠬᠦᠨ ᠤᠢᠯᠠᠭᠠᠳᠠᠭ᠃

1992 ᠣᠨ᠎ᠳᠤ ᠨᠠᠰᠤᠨ ᠪᠠᠭ᠍ᠰᠢ ᠪᠠᠢᠬᠰᠠᠨ᠎ᠠᠴᠠ᠎ᠪᠠᠨ ᠱᠢᠭᠦᠬᠦ᠌ ᠬᠣᠷᠢᠶ᠎ᠠ ᠵᠢᠨ ᠺᠠᠳ᠋ᠷ ᠴᠠᠭ᠍ᠳᠠᠭ᠎ᠠ ᠪᠣᠯᠪᠠ᠃ ᠲᠡᠷᠡ ᠦᠭᠡ ᠬᠡᠯᠡ ᠨᠡᠪᠲᠡᠷᠡᠯᠴᠡᠬᠦ᠌ ᠪᠣᠯ ᠬᠥᠮᠦᠨ ᠬᠥᠮᠦᠨ᠎ᠦ ᠬᠣᠭᠣᠷᠣᠨᠳᠣᠬᠢ ᠬᠠᠷᠢᠯᠴᠠᠭᠠᠨ᠎ᠤ ᠴᠢᠬᠤᠯᠠ ᠭᠣᠭ᠍ᠴᠣᠭ᠎ᠠ ᠪᠣᠯᠬᠤ᠎ᠶ᠋ᠢ ᠭᠦᠨᠵᠡᠭᠡᠢ ᠣᠢᠯᠠᠭᠠᠵᠤ᠂ ᠴᠥᠭᠡᠨ ᠲᠣᠭᠠᠲᠤ ᠦᠨᠳᠦᠰᠦᠲᠡᠨ᠎ᠦ ᠺᠠᠳ᠋ᠷ ᠴᠠᠭ᠍ᠳᠠᠭ᠎ᠠ᠎ᠶ᠋ᠢᠨ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢ ᠰᠤᠷᠤᠯᠴᠠᠬᠤ᠎ᠶ᠋ᠢ ᠵᠣᠷᠢᠭ᠍ᠵᠢᠭᠤᠯᠤᠨ ᠲᠠᠢ᠌ᠴᠢᠯᠠᠵᠤ᠂ ᠬᠡᠷᠡᠭ ᠱᠢᠢᠳᠪᠦᠷᠢᠯᠡᠬᠦ᠌ ᠴᠢᠳᠠᠪᠤᠷᠢ ᠪᠣᠯᠤᠨ ᠱᠢᠭᠦᠨ ᠲᠠᠰᠤᠯᠬᠤ ᠲᠦᠪᠱᠢᠨ᠎ᠢ ᠳᠡᠭᠡᠭ᠌ᠰᠢᠯᠡᠭᠦᠯᠵᠦ᠍᠂ ᠬᠠᠤᠯᠢ ᠴᠠᠭᠠᠵᠠ᠎ᠶ᠋ᠢᠨ ᠬᠡᠪ ᠪᠣᠯᠪᠠᠰᠤᠷᠠᠯ ᠵᠢᠡᠷ ᠥᠨᠳᠥᠷ᠂ ᠤᠯᠤᠰ᠎ᠤᠨ ᠨᠡᠢᠳᠡᠮ ᠬᠡᠷᠡᠭ᠌ᠯᠡᠬᠦ᠌ ᠦᠭᠡ ᠬᠡᠯᠡ ᠦᠰᠦᠭ ᠪᠢᠴᠢᠭ᠎ᠢᠶᠡᠷ ᠬᠡᠷᠡᠭ ᠱᠢᠢᠳᠪᠦᠷᠢᠯᠡᠬᠦ᠌ ᠴᠢᠳᠠᠪᠤᠷᠢ᠎ᠲᠠᠶ ᠲᠤᠰᠭᠠᠢ ᠮᠡᠷᠭᠡᠵᠢᠯ᠎ᠦᠨ ᠬᠡᠷᠡᠭ ᠱᠢᠢᠳᠪᠦᠷᠢᠯᠡᠬᠦ᠌ ᠡᠩᠨᠡᠭᠡ᠎ᠶ᠋ᠢ ᠪᠠᠢᠭᠤᠯᠵᠤ᠂ ᠬᠠᠷᠢᠶ᠎ᠠ ᠣᠷᠣᠨ᠎ᠤ ᠬᠠᠤᠯᠢ ᠴᠠᠭᠠᠵᠠ᠎ᠶ᠋ᠢᠨ ᠵᠠᠷᠭᠤ᠎ᠶ᠋ᠢᠨ ᠬᠡᠷᠡᠭ᠎ᠢ ᠱᠢᠭᠦᠬᠦ᠌ ᠪᠠ ᠬᠠᠤᠯᠢ ᠴᠠᠭᠠᠵᠠ᠎ᠶ᠋ᠢᠨ ᠮᠡᠳᠡᠯᠭᠡ᠎ᠶ᠋ᠢ ᠲᠦᠭᠡᠮᠡᠯᠵᠢᠭᠦᠯᠬᠦ᠌ ᠠᠵᠢᠯ᠎ᠢ ᠠᠬᠢᠭᠤᠯᠪᠠ᠃ ᠲᠡᠷᠡ ᠪᠠᠰᠠ ᠲᠤᠬᠠᠢ᠎ᠶ᠋ᠢᠨ ᠭᠠᠵᠠᠷ᠎ᠤᠨ ᠪᠠᠢᠳᠠᠯ᠎ᠳᠤᠨᠢ ᠲᠤᠬᠢᠷᠠᠭᠤᠯᠤᠨ 《ᠲᠣᠭᠣᠷᠢᠬᠤ᠂ ᠲᠠᠩᠰᠠᠯᠠᠬᠤ᠂ ᠡᠶᠡᠳᠡᠭᠦᠯᠬᠦ᠌᠂ ᠱᠢᠭᠦᠬᠦ᠌᠂ ᠭᠦᠢᠴᠡᠳᠭᠡᠬᠦ᠌᠂ ᠵᠢᠭᠠᠬᠤ》 ᠱᠢᠭᠦᠬᠦ᠌ ᠲᠢᠩᠬᠢᠮ᠎ᠦᠨ ᠲᠣᠭᠣᠷᠢᠨ ᠬᠡᠷᠡᠭ ᠱᠢᠢᠳᠪᠦᠷᠢᠯᠡᠬᠦ᠌ ᠵᠠᠭ᠍ᠪᠤᠷ᠎ᠢ ᠳ᠋ᠦᠩᠨᠡᠨ ᠭᠠᠷᠭᠠᠵᠤ᠂ ᠮᠠᠯᠵᠢᠬᠤ ᠣᠷᠣᠨ᠂ ᠲᠡᠯᠭᠡᠭᠦᠷ ᠫᠦᠰᠡ ᠳ᠋ᠤ ᠭᠦᠨᠵᠡᠭᠡᠢᠷᠡᠨ᠂ ᠲᠤᠬᠠᠢ᠎ᠶ᠋ᠢᠨ ᠭᠠᠵᠠᠷ᠎ᠲᠤᠨᠢ ᠬᠡᠷᠡᠭ᠎ᠢ ᠬᠦᠯᠢᠶᠡᠨ ᠠᠪᠴᠤ᠌ ᠲᠤᠬᠠᠢ᠎ᠶ᠋ᠢᠨ ᠭᠠᠵᠠᠷ᠎ᠲᠤᠨᠢ ᠲᠢᠩᠬᠢᠮ ᠨᠡᠭᠡᠭᠡᠵᠦ᠍᠂ ᠬᠠᠤᠯᠢ ᠴᠠᠭᠠᠵᠠ᠎ᠶ᠋ᠢᠨ ᠦᠢᠯᠡᠴᠢᠯᠡᠭᠡ᠎ᠶ᠋ᠢ ᠲᠠᠯ᠎ᠠ ᠵᠢᠨ ᠬᠦᠨ ᠳ᠋ᠤ ᠬᠦᠷᠭᠡᠪᠡ᠃

ᠬᠡᠰᠡᠭ ᠴᠥᠭᠡᠨ ᠲᠣᠭᠠᠲᠤ ᠦᠨᠳᠦᠰᠦᠲᠡᠨ᠎ᠦ ᠣᠯᠠᠨ ᠲᠦᠮᠡᠨ ᠤ᠋ ᠬᠠᠤᠯᠢ ᠴᠠᠭᠠᠵᠠ᠎ᠶ᠋ᠢᠨ ᠤᠬᠠᠮᠰᠠᠷ ᠳᠤᠲᠠᠮᠠᠭ᠂ ᠨᠡᠢᠭᠡᠮ᠎ᠦᠨ ᠲᠦᠷᠢᠮ ᠲᠤᠬᠳᠠᠭᠠᠯ ᠢ᠋ ᠣᠮᠲᠣᠭᠠᠢᠯᠠᠬᠤ ᠵᠡᠷᠭᠡ ᠪᠣᠳᠠᠲᠠᠶ ᠠᠰᠠᠭᠤᠳᠠᠯ ᠳ᠋ᠤ ᠴᠢᠭᠯᠡᠬᠦᠯᠦᠨ᠂ ᠨᠠᠰᠤᠨ ᠦᠨᠳᠦᠰᠦᠲᠡᠨ᠎ᠦ ᠪᠦᠯᠬᠦᠮᠳᠡᠯ᠎ᠢ ᠬᠠᠮᠠᠭᠠᠯᠠᠬᠤ ᠵᠢ ᠠᠵᠢᠯ ᠤ᠋ᠨ ᠲᠤᠮᠳᠠ ᠪᠠᠨ ᠲᠤᠭᠤᠱᠢᠯᠠᠭᠤᠯᠵᠦ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠤᠬᠠᠮᠰᠠᠷ᠎ᠠᠴᠠ᠎ᠪᠠᠨ ᠬᠠᠤᠯᠢ᠎ᠶ᠋ᠢ ᠰᠠᠬᠢᠬᠤ᠂ ᠬᠡᠷᠡᠭ ᠶᠠᠪᠤᠳᠠᠯ ᠲᠣᠬᠢᠶᠠᠯᠳᠤᠪᠠᠯ ᠬᠠᠤᠯᠢ ᠵᠢ ᠡᠷᠢᠬᠦ᠂ ᠠᠰᠠᠭᠤᠳᠠᠯ᠎ᠢ ᠱᠢᠢᠳᠪᠦᠷᠢᠯᠡᠬᠦ᠌᠎ᠳᠦ ᠬᠠᠤᠯᠢ᠎ᠳᠤ ᠲᠦᠱᠢᠭ᠌ᠯᠡᠬᠦ ᠵᠢ ᠬᠥᠲᠥᠯᠥᠨ ᠵᠢᠯᠣᠭᠣᠳᠴᠤ᠂ ᠵᠥᠷᠢᠴᠡᠯ ᠵᠠᠭᠤᠷᠠᠯᠳᠤᠭᠠᠨ᠎ᠢ ᠡᠬᠢ ᠡᠭᠦᠰᠦᠯ᠎ᠡᠴᠡ ᠨᠢ ᠵᠠᠰᠠᠬᠤ᠎ᠶ᠋ᠢ ᠦᠷᠭᠦᠯᠵᠢᠯᠡᠨ ᠴᠢᠩᠭᠠᠳᠭᠠᠵᠦ᠂ ᠡᠶᠡᠳᠡᠭᠦᠯᠬᠦ᠌ ᠲᠠᠰᠤᠯᠬᠤ᠎ᠶ᠋ᠢ ᠤᠶᠠᠯᠳᠤᠭᠤᠯᠬᠤ ᠠᠷᠭ᠎ᠠ ᠮᠠᠶᠢᠭ᠎ᠢᠶᠠᠷ ᠵᠥᠷᠢᠴᠡᠯ ᠵᠠᠭᠤᠷᠠᠯᠳᠤᠭᠠᠨ᠎ᠢ ᠨᠠᠮᠳᠠᠭᠤᠯᠵᠤ᠂ ᠣᠷᠣᠨ ᠪᠦᠰᠡ᠎ᠶ᠋ᠢᠨ ᠣᠨᠴᠠᠯᠢᠭ᠎ᠲᠠᠶ 《ᠨᠠᠰᠤᠨ ᠤ᠋ ᠡᠶᠡᠳᠡᠭᠦᠯᠬᠦ᠌ ᠠᠷᠭ᠎ᠠ》 ᠶ᠋ᠢ ᠪᠦᠷᠢᠯᠳᠦᠭᠦᠯᠵᠦ᠂ ᠪᠠᠷᠢᠨ ᠲᠠᠩᠰᠠᠯᠠᠬᠤ᠂ ᠪᠠᠷᠢᠨ ᠱᠢᠭᠦᠬᠦ᠂ ᠪᠠᠷᠢᠨ ᠬᠡᠷᠡᠭ᠌ᠵᠢᠭᠦᠯᠬᠦ᠌ ᠠᠷᠭ᠎ᠠ ᠮᠠᠶᠢᠭ ᠨᠢ ᠵᠠᠭᠤᠷᠠᠯᠳᠤᠭᠠᠨ᠎ᠢ ᠲᠦᠷᠭᠡᠨ ᠨᠠᠮᠳᠠᠭᠤᠯᠵᠤ᠂ ᠦᠨᠳᠦᠰᠦᠨ ᠱᠠᠲᠤᠨ᠎ᠤ ᠵᠥᠷᠢᠴᠡᠯ ᠵᠠᠭᠤᠷᠠᠯᠳᠤᠭᠠᠨ᠎ᠢ ᠨᠠᠮᠳᠠᠭᠤᠯᠬᠤ ᠪᠠ ᠦᠨᠳᠦᠰᠦᠲᠡᠨ᠎ᠦ ᠪᠦᠯᠬᠦᠮᠳᠡᠯ᠎ᠢ ᠭᠦᠨᠵᠡᠭᠡᠶ ᠠᠭᠤᠰᠤᠯᠴᠠᠭᠤᠯᠬᠤ ᠱᠢᠨ᠎ᠡ ᠠᠷᠭ᠎ᠠ ᠵᠠᠮ᠎ᠢ ᠨᠡᠭᠡᠭᠡᠵᠦ᠂ ᠨᠡᠢᠭᠡᠮ᠎ᠦᠨ ᠲᠥᠪ ᠭᠤᠤᠯᠴᠢ ᠱᠢᠳᠤᠷᠭᠤ ᠶᠣᠰᠣ᠎ᠶ᠋ᠢ ᠬᠠᠮᠠᠭᠠᠯᠠᠵᠦ᠂ ᠦᠨᠳᠦᠰᠦᠲᠡᠨ᠎ᠦ ᠪᠦᠯᠬᠦᠮᠳᠡᠯ᠎ᠦᠨ ᠦᠶ᠋ᠯᠡᠰ᠎ᠢ᠋ ᠠᠬᠢᠭᠤᠯᠬᠤ ᠳ᠋ᠤ ᠬᠤᠪᠢ ᠨᠡᠮᠡᠷᠢ ᠦᠵᠡᠭᠦᠯᠪᠠ᠃

2019 ᠣᠨ᠎ᠳᠤ ᠨᠠᠰᠤᠨ ᠢᠷᠠᠭᠤ ᠠᠯᠳᠠᠷᠲᠠᠢ᠎ᠪᠠᠷ ᠠᠵᠢᠯ᠎ᠠᠴᠠ᠎ᠪᠠᠨ ᠠᠮᠠᠷᠠᠭᠰᠠᠠ ᠤ᠋ ᠬᠠᠮᠲᠤ᠂ ᠵᠠᠷᠤᠳ ᠬᠣᠱᠢᠭᠤᠨ᠎ᠤ ᠠᠷᠠᠳ᠎ᠤᠨ ᠱᠢᠭᠦᠬᠦ᠌ ᠬᠣᠷᠢᠶ᠎ᠠ ᠵᠢᠨ ᠲᠤᠰᠭᠠᠢ ᠡᠶᠡᠳᠡᠭᠦᠯᠦᠭ᠌ᠴᠢ᠎ᠪᠡᠷ ᠤᠷᠢᠭ᠍ᠳᠠᠪᠠ᠂ ᠲᠡᠷᠡ ᠢᠮᠠᠭᠲᠠ ᠲᠦᠪ ᠭᠤᠤᠯᠴᠢ ᠪᠠᠢᠬᠤ᠎ᠶᠢ ᠪᠠᠷᠢᠮᠲᠠᠯᠠᠵᠤ᠂ ᠬᠠᠤᠯᠢ᠎ᠶᠤᠰᠤᠭᠠᠷ ᠠᠰᠠᠭᠤᠲᠠᠯ᠎ᠢ ᠰᠢᠢᠳᠪᠤᠷᠢᠯᠠᠵᠤ᠂ ᠡᠯ᠎ᠠ ᠲᠦᠷᠤᠯ ᠤ᠋ᠨ ᠬᠡᠷᠡᠭ ᠶᠠᠪᠤᠲᠠᠯ ᠤ᠋ᠨ ᠰᠢᠨᠵᠢ ᠴᠢᠨᠠᠷ᠎ᠢ ᠨᠢ ᠦᠨᠲᠤᠰᠤᠯᠠᠨ ᠰᠢᠢᠳᠪᠤᠷᠢᠯᠠᠵᠤ᠂ ᠦᠨᠳᠦᠰᠦᠲᠡᠨ᠎ᠦ ᠬᠡᠷᠡᠭ ᠶᠠᠪᠤᠳᠠᠯ᠎ᠤᠨ ᠵᠠᠰᠠᠯᠲᠠ᠎ᠶᠢ ᠢᠮᠠᠭ᠍ᠲᠠ ᠨᠡᠢᠭᠡᠮ᠎ᠦᠨ ᠶᠡᠷᠦᠩᠬᠡᠢᠯᠡᠭ᠌ᠰᠡᠨ ᠵᠠᠰᠠᠯᠲᠠ᠎ᠶ᠋ᠢᠨ ᠶᠡᠬᠡ ᠪᠠᠢᠷᠢᠱᠢᠯ ᠳᠣᠣᠷ᠎ᠠ ᠲᠣᠭ᠍ᠲᠠᠭᠤᠨ᠎ᠢᠶᠠᠷ ᠶᠠᠪᠤᠭ᠍ᠳᠠᠬᠤ᠎ᠶ᠋ᠢ ᠪᠠᠲᠤᠯᠠᠪᠠ᠃ ᠣᠳᠣᠬᠠᠨ ᠪᠣᠯᠲᠠᠯ᠎ᠠ᠂ ᠨᠠᠰᠤᠨ 1000 ᠰᠢᠬᠠᠮ ᠬᠤᠪᠢ ᠵᠠᠭᠤᠷᠠᠯᠳᠤᠭᠠᠨ᠎ᠢ ᠡᠶᠡᠳᠡᠭᠦᠯᠬᠦ᠌᠎ᠳᠦ ᠣᠷᠣᠯᠴᠠᠵᠤ᠂ 600 ᠭᠠᠷᠤᠶ ᠬᠤᠪᠢ᠎ᠶ᠋ᠢ ᠡᠶᠡᠳᠡᠭᠦᠯᠦᠨ ᠱᠢᠶ᠋ᠳᠪᠦᠷᠢᠯᠡᠪᠡ᠃

2021 ᠣᠨ᠎ᠤ ᠦᠶ᠎ᠠ ᠪᠠᠷ᠂ ᠨᠠᠰᠤᠨ ᠵᠠᠷᠤᠳ ᠬᠣᠱᠢᠭᠤᠨ᠎ᠤ ᠡᠯ᠎ᠡ ᠦᠨᠳᠦᠰᠦᠨ ᠱᠠᠲᠤᠨ᠎ᠤ ᠱᠢᠭᠦᠬᠦ᠌ ᠲᠢᠩᠬᠢᠮ᠎ᠳᠦ ᠲᠣᠭᠣᠷᠢᠨ ᠵᠠᠭᠠᠯᠳᠤᠬᠤ᠎ᠠᠴᠠ ᠡᠮᠦᠨᠡᠬᠢ ᠡᠶᠡᠳᠡᠭᠦᠯᠬᠦ ᠠᠵᠢᠯ᠎ᠢ ᠢᠲᠠᠪᠬᠢᠲᠠᠢ ᠦᠷᠨᠢᠬᠦᠯᠵᠦ᠂ 2023 ᠣᠨ᠎ᠠᠴᠠ ᠣᠲᠣ ᠪᠣᠯᠲᠠᠯ᠎ᠠ ᠵᠠᠷᠤᠳ ᠬᠣᠱᠢᠭᠤᠨ᠎ᠤ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠣᠯᠠᠨ ᠡᠱᠢᠴᠢᠯᠡᠭᠰᠡᠨ ᠠᠵᠢᠯ᠎ᠤᠨ ᠥᠷᠲᠡᠭᠡ᠎ᠳᠦ ᠡᠶᠡᠳᠡᠭᠦᠯᠭᠡ ᠬᠢᠵᠦ᠍ ᠪᠤᠢ᠃ ᠨᠠᠰᠤᠨ ᠥᠪᠡᠷ᠎ᠦᠨ ᠣᠯᠠᠨ ᠵᠢᠯ᠎ᠦᠨ ᠡᠯᠪᠡᠭ ᠪᠠᠶᠠᠯᠢᠭ ᠡᠶᠡᠳᠡᠭᠦᠯᠬᠦ᠌ ᠲᠤᠷᠱᠢᠯᠭ᠎ᠠ ᠪᠠ ᠬᠠᠤᠯᠢ ᠴᠠᠭᠠᠵᠠ᠎ᠶ᠋ᠢᠨ ᠮᠡᠳᠡᠯᠭᠡ᠎ᠪᠡᠨ ᠡᠶᠡᠳᠡᠭᠦᠯᠬᠦ᠌ ᠶᠠᠪᠤᠴᠠ ᠳ᠋ᠤ ᠬᠦᠢᠴᠡᠳ ᠬᠡᠷᠡᠭ᠌ᠯᠡᠪᠡ᠃ ᠲᠡᠷᠡ ᠤᠯᠠᠨ ᠲᠦᠮᠡᠨ᠎ᠦ ᠠᠱᠢᠭ ᠲᠤᠰᠠ᠎ᠶ᠋ᠢᠨ ᠬᠦᠰᠡᠯ ᠱᠠᠭᠠᠷᠳᠠᠯᠭ᠎ᠠ ᠵᠢ ᠠᠩᠬᠠᠷᠴᠤ᠌᠂ ᠡᠶᠠᠯᠳᠡᠭ ᠵᠦᠬᠡᠯᠡᠨ᠂ ᠦᠯᠤ ᠮᠡᠳᠡᠭᠲᠠᠮ᠎ᠠ ᠠᠷᠭ᠎ᠠ ᠮᠠᠶᠢᠭ᠎ᠢᠶᠡᠷ ᠨᠡᠢᠭᠡᠮ ᠵᠢᠷᠤᠮ᠎ᠤᠨ ᠭᠣᠣᠯᠯᠠᠭ᠍ᠴᠢ ᠦᠷᠳᠡᠭ᠎ᠦᠨ ᠦᠵᠡᠯᠲᠡ᠎ᠶ᠋ᠢ ᠪᠠᠳᠠᠷᠠᠭᠤᠯᠵᠤ᠂ ᠡᠶ᠎ᠡ ᠵᠣᠬᠢᠴᠠᠩᠭᠤᠢ᠂ ᠡᠷᠬᠡ ᠲᠡᠭ᠌ᠰᠢ᠂ ᠲᠥᠪ ᠭᠣᠣᠯᠴᠢ᠂ ᠦᠨᠡᠨᠴᠢ ᠢᠲᠡᠭᠡᠮᠵᠢᠲᠡᠢ᠂ ᠨᠦᠬᠦᠷᠰᠡᠭ ᠪᠠᠢᠬᠤ ᠵᠡᠷᠭᠡ ᠣᠢᠯᠠᠭᠠᠭ᠍ᠳᠠᠬᠤᠨ᠎ᠢ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠰᠡᠳᠭᠢᠯ᠎ᠳᠦ ᠬᠦᠨ ᠬᠠᠳᠡᠡᠭᠰᠢᠭᠤᠯᠵᠤ᠂ ᠵᠠᠭᠤᠷᠠᠯᠳᠤᠭᠠᠨ᠎ᠢ ᠡᠶᠡᠳᠡᠭᠦᠯᠬᠦ᠌᠎ᠪᠡᠷ ᠦᠨᠳᠦᠰᠦᠲᠡᠨ᠎ᠨᠦᠭᠦᠳ᠎ᠦᠨ ᠬᠠᠮᠲᠤ᠎ᠶ᠋ᠢᠨ ᠤᠶᠤᠨ ᠰᠠᠨᠠᠭᠠᠨ᠎ᠤ ᠭᠡᠷ ᠣᠷᠣᠨ᠎ᠢ ᠪᠠᠢᠭᠤᠯᠬᠤ᠎ᠳᠦ ᠬᠦᠴᠦᠨ ᠴᠢᠳᠠᠯ ᠨᠡᠮᠡᠷᠢᠯᠡᠪᠡ᠃

ᠬᠡᠳᠦᠨ ᠵᠢᠯ᠎ᠦᠨ ᠡᠮᠦᠨ᠎ᠡ᠂ ᠨᠠᠰᠤᠨ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ 《ᠮᠢᠨᠦ᠍ ᠬᠠᠮᠤᠭ᠎ᠤᠨ ᠬᠠᠢᠷᠠᠯᠠᠯᠲᠠᠢ ᠰᠠᠢᠨ ᠱᠢᠭᠦᠬᠦ ᠳᠤᠰᠢᠶᠠᠯᠳᠠᠨ》 ᠢ᠋ ᠱᠢᠯᠭᠠᠷᠠᠭᠤᠯᠬᠤ ᠠᠵᠢᠯᠯᠠᠭ᠎ᠠ᠎ᠳᠤ ᠣᠷᠣᠯᠴᠠᠬᠤ ᠳ᠋ᠤ᠂ ᠰᠤᠷᠪᠤᠯᠵᠢᠯᠠᠭ᠍ᠴᠢ ᠲᠡᠭᠦᠨ ᠡᠴᠡ 《ᠶᠠᠮᠠᠷ ᠬᠦᠴᠦᠨ ᠵᠦᠢᠯ ᠳᠠᠨ᠎ᠢ 20 ᠭᠠᠷᠤᠢ ᠵᠢᠯ ᠦᠨᠳᠦᠰᠦᠨ ᠱᠠᠲᠤᠨ᠎ᠳᠤ ᠦᠨᠳᠦᠰᠦᠯᠡᠭᠦᠯᠵᠦ᠂ ᠰᠠᠯᠬᠢ ᠪᠣᠷᠣᠭᠠᠨ᠎ᠳᠤ ᠰᠠᠭᠠᠳ ᠦᠭᠡᠢ᠂ ᠭᠤᠮᠤᠳᠠᠯ ᠬᠠᠷᠠᠮᠰᠠᠯ ᠦᠭᠡᠢ᠂ ᠦᠪᠠᠷ᠎ᠢ ᠪᠠᠨ ᠬᠠᠷᠠᠮ ᠦᠭᠡᠢ ᠵᠣᠷᠢᠭᠤᠯᠤᠭᠰᠠᠨ ᠪᠤᠢ?》 ᠭᠡᠪᠡ᠃ ᠡᠩ᠎ᠦᠨ ᠦᠶ᠎ᠡ᠎ᠳᠦ ᠢᠯᠡᠳᠭᠡᠬᠦ᠌ ᠳᠤᠷ᠎ᠠ ᠥᠬᠡᠶ ᠲᠡᠷᠡ ᠤᠲᠠᠲᠠᠯ᠎ᠠ ᠪᠤᠲᠤᠯᠬᠢᠯᠠᠭᠠᠳ ᠢᠨᠢᠶᠡᠮᠰᠦᠭ᠌ᠯᠡᠨ᠄ 《ᠦᠨᠡᠨ ᠰᠡᠳᠭᠢᠯ᠎ᠡᠴᠡ᠎ᠪᠡᠨ ᠳᠤᠷᠠᠲᠠᠶ》 ᠬᠡᠯ᠎ᠠ᠃ 2021 ᠣᠨ᠎ᠳᠤ ᠲᠠᠷᠠ ᠪᠠᠭᠠᠲᠤᠷ ᠵᠢᠱ᠌ᠢᠶᠡᠴᠢ᠎ᠶ᠋ᠢᠨ ᠮᠡᠳᠡᠭᠦᠯᠦᠯᠲᠡ ᠬᠢᠬᠦ᠌᠎ᠳᠡᠭᠡᠨ᠄《ᠲᠠᠯ᠎ᠠ ᠨᠤᠲᠤᠭ ᠮᠠᠨᠢ ᠨᠠᠲᠠ᠎ᠶᠢ ᠥᠰᠭᠡᠨ ᠬᠦᠮᠤᠵᠢᠬᠦᠯᠵᠤ᠂ ᠱᠢᠭᠦᠬᠦ᠌ ᠲᠤᠱᠢᠶᠠᠯᠲᠠᠨ᠎ᠤ ᠠᠵᠢᠯ ᠲᠦᠷᠤᠯ ᠨᠠᠲᠠ ᠳ᠋ᠤ ᠮᠠᠯᠴᠢᠨ ᠲᠠᠷᠢᠶᠠᠴᠢᠨ᠎ᠤ ᠢᠲᠡᠭᠡᠯ ᠬᠦᠨᠳᠦᠳᠭᠡᠯ᠎ᠢ ᠤᠯᠭᠤᠪᠠ᠃ ᠵᠠᠭᠤᠷᠠᠯᠳᠤᠭᠠᠨ᠎ᠢ ᠱᠢᠶ᠋ᠳᠪᠦᠷᠢᠯᠡᠬᠦ᠌ ᠨᠢ ᠵᠠᠷᠤᠳ᠎ᠢ ᠨᠠᠩ ᠬᠥᠭ᠌ᠵᠢᠯ ᠴᠡᠴᠡᠭ᠌ᠯᠡᠯ ᠳᠠᠢ ᠪᠠ ᠡᠶ᠎ᠡ ᠵᠣᠬᠢᠴᠠᠯ᠎ᠲᠠᠶ ᠪᠣᠯᠭᠠᠵᠤ᠂ ᠲᠥᠪ ᠭᠤᠤᠯᠴᠢ᠎ᠶᠢ ᠭᠠᠵᠠᠷ ᠪᠤᠯᠭᠠᠨ᠎ᠳᠦ ᠲᠦᠭᠡᠮᠡᠯᠵᠢᠭᠦᠯᠵᠦ᠂ ᠨᠠᠮ᠎ᠤᠨ ᠬᠠᠤᠯᠢ᠎ᠪᠠᠷ ᠵᠠᠰᠠᠬᠤ ᠣᠢᠯᠠᠭᠠᠭ᠍ᠳᠠᠬᠤᠨ᠎ᠢ ᠣᠯᠠᠨ ᠲᠦᠮᠡᠨ᠎ᠦ ᠰᠡᠳᠭᠢᠯ᠎ᠳᠦ ᠬᠠᠳᠠᠩᠱᠢᠭᠤᠯᠤᠨ᠎ᠠ》 ᠬᠡᠵᠦ ᠳᠠᠬᠢᠨᠲᠠ ᠬᠠᠷᠢᠭᠤᠯᠲᠠ ᠥᠭ᠌ᠴᠡᠶ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号