ᠥᠪᠡᠷᠮᠢᠴᠡ ᠣᠨᠴᠠᠯᠢᠭᠳᠤ ᠭᠠᠯᠲᠤ ᠠᠭᠤᠯᠠᠨ᠎ᠤ ᠲᠦᠮᠡᠡ ᠬᠥᠮᠦᠨ᠎ᠦ ᠨᠠᠢᠷᠠᠯ ᠳᠠᠭᠤᠤ᠎ᠶ᠋ᠢᠨ ᠬᠦᠭᠵᠢᠮ᠂ 12 ᠮᠤᠵᠢ ᠣᠷᠣᠨ ᠬᠣᠲᠠ᠎ᠶ᠋ᠢᠨ ᠬᠣᠨᠢᠨ᠎ᠤ ᠲᠠᠪᠤᠨ ᠴᠤᠯᠤ ᠁ ᠤᠯᠠᠭᠠᠨᠴᠠᠪ᠎ᠤᠨ ᠭᠠᠩᠭᠠᠩ ᠱᠢᠷᠢᠰ ᠪᠦᠳᠦᠭᠡᠭᠳᠡᠬᠦᠨ ᠤᠯᠠᠨ᠎ᠤ ᠬᠠᠯᠠᠭᠤᠨ ᠬᠦᠷᠢᠶᠡᠯᠡᠯ᠎ᠢ ᠤᠯᠵᠤ᠂ 《ᠪᠡᠭᠡᠵᠢᠩ᠎ᠡᠴᠡ ᠪᠠᠷᠠᠭᠤᠨᠰᠢ ᠨᠢᠭᠡ ᠠᠯᠬᠤᠮ ᠶᠠᠪᠤᠪᠠᠯ ᠲᠠᠷᠤᠢ ᠤᠯᠠᠭᠠᠨᠴᠠᠪ ᠲᠸ᠋ ᠬᠦᠷᠴᠢᠭᠡᠨ᠎ᠡ》 ᠭᠡᠬᠦ ᠨᠢ ᠰᠠᠢᠬᠠᠨ ᠵᠤᠭᠤᠭ ᠪᠤᠯᠤᠭᠰᠠᠨ ᠵᠢᠡᠷ ᠪᠠᠷᠠᠬᠤ ᠦᠭᠡᠢ᠂ ᠨᠠᠩ ᠴᠤ᠌ ᠲᠤᠬᠠᠶ᠎ᠶ᠋ᠢᠨ ᠭᠠᠵᠠᠷ᠎ᠤᠨ ᠠᠵᠢᠯ ᠣᠯᠭᠣᠯᠲᠠ᠎ᠶ᠋ᠢ ᠪᠦᠳᠦᠮᠵᠢᠳᠠᠢ ᠳᠠᠢᠴᠢᠯᠠᠵᠤ᠂ ᠠᠷᠠᠳ ᠤᠯᠠᠨ᠎ᠦ ᠠᠮᠢᠳᠤᠷᠠᠯ᠎ᠢ ᠦᠨᠡᠨ ᠬᠦ᠌ ᠰᠠᠢᠵᠢᠷᠠᠭᠤᠯᠪᠠ᠃
《ᠤᠯᠠᠭᠠᠨᠴᠠᠪ᠎ᠤᠨ ᠦᠳᠡᠰᠢ》 ᠵᠠᠬ᠎ᠠ ᠵᠡᠭᠡᠯᠢ᠎ᠪᠡᠷ ᠬᠥᠮᠦᠰ ᠨᠠᠭᠠᠰᠢ ᠴᠠᠭᠠᠰᠢ ᠵᠦᠷᠢᠯᠳᠦᠵᠦ᠂ ᠤᠨᠴᠠ ᠵᠢᠨ ᠬᠦᠭᠵᠢᠶᠡᠨᠳᠠᠢ ᠪᠠᠢᠪᠠ᠃ ᠵᠡᠭᠡᠯᠢ ᠭᠤᠳᠤᠮᠵᠢ᠎ᠶ᠋ᠢᠨ ᠬᠠᠮᠤᠭ᠎ᠤᠨ ᠵᠡᠭᠦᠨ ᠲᠠᠯ᠎ᠠ᠎ᠳᠤ ᠪᠠᠢᠷᠢᠯᠠᠭ᠎ᠠ ᠤᠯᠠᠭᠠᠨᠴᠠᠪ ᠬᠤᠳᠠ᠎ᠶ᠋ᠢᠨ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᡁᠢ ᠳ᠋ᠡ ᠠᠵᠢᠯ ᠮᠡᠷᠭᠡᠵᠢᠯ᠎ᠦᠨ ᠪᠣᠯᠪᠠᠰᠤᠷᠠᠯ᠎ᠤᠨ ᠰᠤᠷᠭᠠᠭᠤᠯᠢ᠎ᠶ᠋ᠢᠨ ᠦᠨᠳᠦᠰᠦᠲᠡᠨ᠎ᠦ ᠭᠠᠷ ᠤᠷᠠᠯᠠᠯ᠎ᠤᠨ ᠪᠦᠲᠦᠭᠡᠭ᠌ᠳᠡᠬᠦᠨ᠎ᠦ ᠳᠡᠯᠭᠡᠭᠦᠷ᠎ᠲᠦ᠂ ᠲᠠᠪᠤᠨ ᠥᠩᠭᠡᠳᠤ ᠲᠠᠱᠢᠭᠤᠷ᠂ ᠨᠠᠷᠢᠯᠢᠭ ᠰᠠᠢᠬᠠᠨ ᠮᠣᠩᠭᠣᠯ ᠬᠡᠷ᠎ᠦᠨ ᠵᠠᠰᠠᠯ ᠴᠢᠮᠡᠭᠤ᠋ᠳ ᠬᠠᠷᠠᠭ᠎ᠠ ᠵᠢ ᠪᠤᠯᠢᠶᠠᠵᠤ᠂ ᠪᠢᠳᠡᠨ᠎ᠢ ᠶᠠᠭᠠᠬᠢᠬᠤ ᠵᠢᠨ ᠠᠷᠭ᠎ᠠ ᠦᠭᠡᠢ ᠡᠳᠡᠭᠡᠷ ᠭᠠᠷ ᠤᠷᠠᠯᠠᠯ᠎ᠤᠨ ᠦᠶ᠋ᠯᠡᠳᠭᠡᠯ᠎ᠦᠨ ᠶᠠᠪᠤᠴᠠ᠎ᠶ᠋ᠢ ᠣᠢᠯᠠᠭᠠᠵᠤ᠂ ᠠᠷᠤ ᠵᠢᠨ ᠥᠯᠢᠭᠡᠷ᠎ᠢ ᠨᠢ ᠬᠠᠢᠬᠤ ᠳ᠋ᠤ ᠬᠦᠷᠦᠭᠦᠯᠵᠡᠢ᠃
《ᠮᠠᠨ᠎ᠤ ᠬᠤᠳᠠᠯᠳᠤᠵᠤ ᠪᠠᠢᠭ᠎ᠠ ᠡᠳᠡᠭᠡᠷ ᠭᠠᠷ ᠤᠷᠠᠯᠠᠯ᠎ᠤᠨ ᠪᠦᠲᠦᠭᠡᠭ᠌ᠳᠡᠬᠦᠨ ᠪᠣᠯ ᠪᠦᠷ ᠡᠨᠳᠡᠬᠢ ᠰᠤᠷᠤᠯᠭᠠᠲᠠᠳ᠎ᠤᠨ ᠦᠪᠡᠷ ᠵᠢᠡᠨ ᠤᠷᠠᠯᠠᠨ ᠪᠦᠳᠦᠭᠡᠭᠰᠡᠨ ᠪᠦᠳᠦᠭᠡᠭᠳᠡᠬᠦᠨ ᠶᠤᠮ᠃ ᠪᠢᠳᠡ ᠬᠡᠷ᠎ᠲᠡᠬᠡᠨ ᠰᠠᠭᠤᠭ᠎ᠠ ᠡᠮᠡᠭ᠌ᠲᠡᠢᠴᠦᠳ ᠪᠠ ᠡᠬᠡᠴᠤᠤᠯ᠎ᠳᠦ ᠭᠠᠷ ᠤᠷᠠᠯᠠᠯ᠎ᠤᠨ ᠪᠣᠯᠪᠠᠰᠤᠷᠠᠯ ᠬᠦᠷᠳᠡᠭᠡᠵᠤ᠂ ᠡᠯ᠎ᠡ ᠵᠦᠶ᠋ᠯ᠎ᠦᠨ ᠨᠡᠬᠡᠵᠤ ᠤᠷᠠᠯᠠᠬᠤ ᠠᠷᠭ᠎ᠠ᠎ᠶ᠋ᠢ ᠵᠢᠭᠠᠵᠤ ᠥᠭ᠌ᠴᠦ ᠪᠠᠢᠨ᠎ᠠ᠂ ᠰᠤᠷᠤᠯᠭᠠᠲᠠᠳ ᠰᠤᠷᠴᠤ᠌ ᠡᠵᠡᠮᠱᠢᠭ᠌ᠰᠡᠨᠦ ᠳᠠᠷᠠᠭ᠎ᠠ ᠡᠯ᠎ᠡ ᠵᠦᠶ᠋ᠯ᠎ᠦᠨ ᠭᠠᠷ ᠬᠡᠯᠬᠢᠶ᠎ᠡ᠂ ᠲᠣᠯᠣᠭᠠᠶ᠎ᠶ᠋ᠢᠨ ᠵᠠᠰᠠᠯ ᠵᠢᠴᠢ ᠡᠯᠭᠦᠭᠦᠷ ᠡᠳ᠋ ᠵᠡᠷᠭᠡ᠎ᠶ᠋ᠢ ᠪᠦᠷ ᠰᠠᠢᠬᠠᠨ ᠬᠢᠴᠢᠭᠡᠨᠠ᠂ ᠡᠨᠡ ᠬᠦ᠌ ᠵᠢᠵᠢᠭ ᠳᠡᠯᠭᠡᠭᠦᠷ ᠮᠠᠨᠢ ᠨᠢᠭᠡᠨᠳᠡ 300 ᠬᠥᠮᠦᠨ᠎ᠳᠦ ᠠᠵᠢᠯ ᠣᠯᠭᠣᠪᠠ》ᠭᠡᠵᠦ᠍ ᠲᠣᠰ ᠰᠤᠷᠭᠠᠭᠤᠯᠢ᠎ᠶ᠋ᠢᠨ ᠬᠠᠷᠢᠭᠤᠴᠠᠯᠭᠠᠲᠠᠨ ᠯᠢ ᠬᠣᠩ ᠸᠧᠶ ᠲᠠᠨᠢᠯᠴᠠᠭᠤᠯᠪᠠ᠃
ᠰᠤᠷᠤᠯᠭᠠᠲᠠᠨ ᠸᠠᠩ ᠬᠠᠢ ᠱᠢᠶᠠ᠄ 《ᠪᠣᠯᠪᠠᠰᠤᠷᠠᠯ᠎ᠤᠨ ᠰᠤᠷᠭᠠᠭᠤᠯᠢ᠎ᠳᠤ ᠭᠠᠷ ᠤᠷᠠᠯᠠᠯ᠎ᠤᠨ ᠪᠦᠳᠦᠭᠡᠭᠳᠡᠬᠦᠨ ᠬᠢᠬᠦ ᠳ᠋ᠤ ᠶᠠᠭᠤ ᠵᠢ ᠴᠤ᠌ ᠰᠠᠭᠠᠲᠠᠭᠠᠬᠤ ᠦᠭᠡᠢ᠂ ᠬᠡᠦᠭᠡᠳ᠎ᠢᠶᠡᠨ ᠬᠠᠷᠠᠭᠠᠯᠵᠠᠬᠤ ᠵᠢᠨ ᠲᠠᠭᠠᠤ ᠪᠠᠰᠠ ᠤᠷᠤᠯᠭ᠎ᠠ ᠪᠡᠨ ᠨᠡᠮᠡᠭᠳᠡᠬᠦᠯᠵᠦ ᠲᠡᠢᠯᠳᠡᠭ᠂ ᠶᠡᠷᠦ ᠳ᠋ᠡᠭᠡᠨ ᠰᠠᠷ᠎ᠠ ᠪᠦᠷᠢ 2500 ᠲᠥᠭᠥᠷᠢᠭ ᠤᠯᠵᠤ᠂ ᠡᠳᠦᠷ ᠲᠣᠲᠤᠮ᠎ᠤᠨ ᠵᠠᠷᠤᠳᠠᠯ ᠵᠢᠡᠨ ᠡᠪᠯᠡᠬᠦᠯᠵᠦ ᠪᠠᠢᠨ᠎ᠠ᠃ ᠡᠨᠡ ᠵᠤᠨ ᠵᠢᠭᠤᠯᠴᠢᠯᠠᠯ᠎ᠦᠨ ᠦᠢᠯᠡᠰ ᠮᠠᠰᠢ ᠭᠦᠭᠵᠢᠶᠠᠨᠳᠠᠢ ᠪᠤᠯᠤᠭᠰᠠᠨ ᠵᠢᠡᠷ ᠵᠠᠬᠢᠶᠠᠯᠠᠭ᠎ᠠ ᠨᠡᠮᠡᠭᠳᠡᠵᠤ᠂ ᠰᠠᠷ᠎ᠠ ᠳ᠋ᠤ 3500 ᠲᠥᠭᠥᠷᠢᠭ ᠤᠯᠵᠤ ᠪᠠᠢᠨ᠎ᠠ》 ᠬᠡᠵᠤ ᠪᠠᠶᠠᠷᠳᠠᠢᠬᠠᠨ ᠶᠠᠷᠢᠨ᠎ᠠ᠃
《ᠤᠯᠠᠭᠠᠨᠴᠠᠪ᠎ᠤᠨ ᠦᠳᠡᠰᠢ》ᠵᠠᠬ᠎ᠠ ᠵᠡᠭᠡᠯᠢ ᠵᠢ ᠨᠡᠭᠡᠭᠡᠭ᠌ᠰᠡᠨ᠎ᠡᠴᠡ ᠨᠠᠭᠠᠰᠢ᠂ ᠥᠪᠡᠷᠮᠢᠴᠡ ᠰᠣᠶᠣᠯ᠎ᠤᠨ ᠠᠭᠤᠷ ᠠᠮᠢᠰᠭᠤᠯ ᠪᠠ ᠡᠯᠪᠡᠭ ᠪᠠᠶᠠᠯᠢᠭ ᠡᠵᠡᠩᠨᠡᠯᠲᠡ ᠶ᠋ᠢᠨ ᠬᠡᠯᠪᠡᠷᠢ ᠪᠠᠢᠳᠠᠯ ᠨᠢ ᠶᠡᠬᠡ ᠬᠡᠮᠵᠢᠶᠡᠨ᠎ᠦ ᠵᠢᠭᠤᠯᠴᠢᠯᠠᠭᠰᠠᠳ᠎ᠤᠨ ᠰᠣᠨᠢᠷᠬᠠᠯ᠎ᠢ ᠲᠠᠲᠠᠪᠠ᠃ ᠡᠨᠡ ᠬᠦ᠌ 500 ᠮᠸᠲᠷ᠎ᠤᠨ ᠵᠡᠭᠡᠯᠢ ᠭᠤᠳᠤᠮᠵᠢ ᠨᠢ ᠡᠷᠲᠡᠨ᠎ᠦ ᠬᠡᠪ ᠨᠠᠮᠪᠠ᠂ ᠤᠳᠤ ᠦᠶ᠎ᠡ᠎ᠶ᠋ᠢᠨ ᠰᠣᠶᠣᠯ᠂ ᠤᠶᠤᠨᠲᠤ ᠰᠥᠨᠢ᠎ᠶ᠋ᠢᠨ ᠵᠢᠭᠤᠯᠴᠢᠯᠠᠯ ᠵᠡᠷᠭᠡ ᠮᠠᠰᠢ ᠤᠯᠠᠨ ᠡᠯᠧᠮᠧᠨ᠋ᠲ᠎ᠢ ᠲᠥᠪᠯᠡᠷᠡᠭᠦᠯᠵᠦ᠍᠂ ᠵᠢᠭᠤᠯᠴᠢᠯᠠᠭᠰᠠᠳ᠎ᠲᠤ ᠤᠯᠠᠨ ᠲᠡᠰ ᠳᠠᠪᠬᠤᠷᠭ᠎ᠠ᠎ᠶ᠋ᠢᠨ ᠵᠡᠭᠡᠯᠢ ᠲᠣᠭᠣᠷᠢᠬᠤ ᠪᠡᠶᠡᠳᠡᠨ ᠣᠢᠯᠠᠭᠠᠯᠲᠠ ᠶ᠋ᠢ ᠤᠯᠭᠤᠭᠰᠠᠨ ᠪᠠᠢᠨ᠎ᠠ᠃ ᠪᠦᠷᠢᠳᠭᠡᠯ᠎ᠢ ᠦᠨᠳᠦᠰᠦᠯᠡᠪᠡᠯ᠂ ᠵᠠᠬ᠎ᠠ ᠵᠡᠭᠡᠯᠢ ᠵᠢ ᠨᠡᠭᠡᠭᠡᠭ᠌ᠰᠡᠨ ᠠᠩᠬᠠᠨ᠎ᠤ ᠡᠳᠦᠷ᠎ᠦᠨ ᠵᠢᠭᠤᠯᠴᠢᠯᠠᠭᠰᠠᠳ᠎ᠤᠨ ᠲᠣᠭ᠎ᠠ 25.6 ᠲᠦᠮᠡ᠎ᠳᠦ ᠬᠦᠷᠴᠦ᠍᠂ ᠡᠵᠡᠩᠨᠡᠯᠲᠡ᠎ᠶ᠋ᠢᠨ ᠲᠣᠭ᠎ᠠ ᠨᠢ 70 ᠲᠦᠮᠡᠨ ᠲᠥᠭᠥᠷᠢᠭ᠎ᠢ ᠳᠠᠪᠠᠵᠠᠶ᠃
《ᠤᠯᠠᠭᠠᠨᠴᠠᠪ᠎ᠤᠨ ᠦᠳᠡᠰᠢ》᠎ᠶ᠋ᠢᠨ ᠳᠠᠭᠠᠭᠤᠯᠭ᠎ᠠ ᠳᠤᠤᠷ᠎ᠠ᠂ ᠲᠤᠬᠠᠶ᠎ᠶ᠋ᠢᠨ ᠭᠠᠵᠠᠷ᠎ᠤᠨ ᠠᠵᠢᠯ ᠣᠯᠭᠣᠯᠲᠠ᠎ᠶ᠋ᠢᠨ ᠵᠠᠬ᠎ᠠ ᠳᠡᠯᠭᠡᠭᠦᠷ ᠴᠦ᠍ ᠱᠢᠨ᠎ᠡ ᠠᠵᠠ ᠲᠣᠬᠢᠶᠠᠯ᠎ᠢ ᠤᠭ᠍ᠲᠤᠨ ᠠᠪᠴᠢᠷᠠᠭᠰᠠᠨ ᠪᠠᠢᠨ᠎ᠠ᠃ ᠵᠠᠬ᠎ᠠ ᠵᠡᠭᠡᠯᠢ ᠨᠢ ᠶᠡᠬᠡ ᠬᠡᠮᠵᠢᠶᠡᠨ᠎ᠦ ᠠᠵᠢᠯ ᠤᠨ ᠪᠠᠢᠷᠢ ᠬᠠᠩᠭᠠᠭ᠍ᠰᠠᠨ᠎ᠢᠶᠠᠷ ᠪᠠᠷᠠᠬᠤ ᠥᠬᠡᠶ ᠪᠠᠰᠠ ᠡᠷᠬᠢᠨ ᠲᠣᠭᠣᠷᠢᠨ᠎ᠤ ᠢᠳᠡᠭᠡᠨ ᠤᠮᠳᠠᠭᠠᠨ᠂ ᠬᠣᠨᠣᠭ᠎ᠤᠨ ᠪᠠᠭᠤᠳᠠᠯ᠂ ᠪᠠᠷᠠᠭ᠎ᠠ ᠬᠤᠳᠠᠯᠳᠤᠨ ᠠᠪᠬᠤ ᠵᠡᠷᠭᠡ ᠠᠵᠤ ᠦᠶ᠋ᠯᠡᠰ᠎ᠦᠨ ᠬᠥᠭ᠌ᠵᠢᠯᠲᠡ ᠵᠢ ᠲᠠᠢᠴᠢᠯᠠᠵᠤ᠂ ᠨᠠᠩ ᠣᠯᠠᠨ ᠬᠥᠮᠦᠰ᠎ᠦᠨ ᠠᠵᠢᠯ ᠣᠯᠭᠣᠯᠲᠠ᠎ᠶ᠋ᠢ ᠳᠠᠮ᠎ᠢᠶᠠᠷ ᠠᠬᠢᠭᠤᠯᠪᠠ᠃
《〈ᠤᠯᠠᠭᠠᠨᠴᠠᠪ᠎ᠤᠨ ᠦᠳᠡᠰᠢ〉᠎ᠨᠢ 2000 ᠭᠠᠷᠤᠶ ᠬᠥᠮᠦᠨ᠎ᠢ ᠱᠢᠭᠤᠳ ᠳᠠᠢᠴᠢᠯᠠᠨ 〈ᠬᠡᠷ᠎ᠦᠨ ᠡᠭᠦᠳᠡᠨ᠎ᠳᠦ ᠨᠢ〉ᠠᠵᠢᠯ ᠣᠯᠭᠣᠵᠤ᠂ 2600 ᠲᠦᠮᠡᠨ ᠲᠥᠭᠥᠷᠢᠭ᠎ᠦᠨ ᠣᠷᠣᠯᠭᠠᠡᠬᠦᠳᠴᠦ᠂ 3100 ᠬᠥᠮᠦᠨ᠎ᠦ ᠠᠵᠢᠯ ᠣᠯᠭᠣᠯᠲᠠ᠎ᠶ᠋ᠢ ᠳᠠᠮ᠎ᠢᠶᠠᠷ ᠠᠬᠢᠭᠤᠯᠵᠤ᠂ 5200 ᠲᠦᠮᠡᠨ ᠲᠥᠭᠥᠷᠢᠭ᠎ᠦᠨ ᠣᠷᠣᠯᠭ᠎ᠠ᠎ᠶ᠋ᠢ ᠡᠭᠦᠳᠪᠡ》 ᠬᠡᠵᠤ ᠴᠠᠬᠠᠷ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠥᠪ᠎ᠦᠨ ᠡᠷᠬᠢᠯᠡᠭ᠌ᠴᠢ ᠯᠢ ᡁᠢ ᠮᠢᠨ ᠲᠠᠨᠢᠯᠴᠠᠭᠤᠯᠪᠠ᠃
ᠬᠥᠬᠡᠬᠣᠲᠠ᠎ᠠᠴᠠ G7 ᠲᠦᠷᠭᠡᠨ᠎ᠦ ᠵᠠᠰᠠᠮᠠᠯ ᠵᠠᠮ ᠳᠠᠭᠠᠤ ᠵᠡᠭᠦᠨᠰᠢ ᠮᠣᠷᠳᠠᠵᠤ᠂ ᠭᠤᠷᠪᠠᠨ ᠰᠠᠯᠠᠭ᠎ᠠ ᠵᠠᠮ᠎ᠤᠨ ᠠᠭᠤᠯᠵᠠᠷ ᠲᠡᠬᠢ ᠰᠦᠢᠳᠭᠡᠯ ᠬᠤᠷᠢᠶᠠᠬᠤ ᠦᠷᠳᠡᠭᠡ ᠵᠢ ᠦᠩᠭᠡᠷᠡᠪᠡᠯ ᠵᠦᠸᠸᠽᠢ ᠤᠳᠤᠮᠠᠯ ᠲᠠᠬᠢᠶ᠎ᠠ ᠵᠢᠨ ᠵᠢᠵᠢᠭ ᠪᠠᠯᠭᠠᠰᠤ ᠬᠠᠷᠠᠭᠠᠨ᠎ᠠ ᠲᠤᠳᠤᠷᠠᠨ᠎ᠠ᠃ ᠵᠢᠵᠢᠭ ᠪᠠᠯᠭᠠᠰᠤ ᠵᠢᠨ ᠶᠡᠬᠡ ᠲᠢᠩᠬᠢᠮ᠎ᠳᠦ ᠤᠷᠤᠪᠠᠯ ᠤᠳᠤᠮᠠᠯ ᠲᠠᠬᠢᠶ᠎ᠠ ᠵᠢᠨ ᠠᠩᠬᠢᠯᠤᠮ᠎ᠠ ᠦᠨᠦᠷ ᠬᠠᠩᠬᠤᠯᠵᠤ᠂ ᠵᠢᠭᠤᠯᠴᠢᠯᠠᠭᠰᠠᠤᠨ ᠤᠳᠤᠮᠠᠯ ᠲᠠᠬᠢᠶ᠎ᠠ ᠬᠤᠳᠠᠯᠳᠤᠨ ᠠᠪᠬᠤ ᠪᠡᠷ ᠬᠣᠢᠨ᠎ᠠ ᠬᠣᠢᠨ᠎ᠠ᠎ᠠᠴᠠ᠎ᠪᠠᠨ ᠮᠦᠷᠯᠡᠨ ᠵᠣᠭ᠍ᠰᠣᠨ᠎ᠠ᠃
《ᠤᠲᠤᠮᠠᠯ ᠲᠠᠬᠢᠶ᠎ᠠ ᠵᠢᠨ ᠵᠢᠵᠢᠭ ᠪᠠᠯᠭᠠᠰᠤ 7 ᠰᠠᠷ᠎ᠠ᠎ᠶ᠋ᠢᠨ 13 ᠤ᠋ ᠡᠳᠦᠷ ᠡᠷᠦᠭᠡ ᠪᠠᠨ ᠰᠡᠭᠦᠭᠰᠡᠨ ᠡᠴᠡ ᠨᠠᠭᠠᠰᠢ ᠡᠳᠦᠷ ᠪᠦᠷᠢ 600 ᠣᠷᠴᠢᠮ ᠵᠢᠭᠤᠯᠴᠢᠯᠠᠭᠰᠠᠳ᠎ᠢ ᠬᠦᠯᠢᠶᠡᠨ ᠠᠪᠴᠤ᠌ ᠂ 50 ᠭᠠᠷᠤᠢ ᠬᠥᠮᠦᠨ᠎ᠢ ᠲᠠᠢᠴᠢᠯᠠᠨ ᠠᠵᠢᠯ ᠣᠯᠭᠣᠵᠠᠢ᠂ ᠡᠨᠳᠡ ᠤᠲᠤᠮᠠᠯ ᠲᠠᠬᠢᠶ᠎ᠠ ᠬᠤᠳᠠᠯᠳᠤᠵᠤ ᠪᠠᠢᠬᠤ᠎ᠪᠠᠷ ᠪᠠᠷᠠᠬᠤ ᠦᠭᠡᠢ ᠪᠠᠰᠠ ᠲᠦᠷᠭᠡᠨ ᠬᠣᠭᠣᠯᠠ ᠪᠠ ᠲᠤᠬᠠᠢ᠎ᠶ᠋ᠢᠨ ᠭᠠᠵᠠᠷ᠎ᠤᠨ ᠣᠨᠴᠠ ᠭᠠᠷᠤᠯᠲᠠ ᠪᠤᠢ᠃ ᠵᠢᠭᠤᠯᠴᠢᠯᠠᠭᠰᠠᠳ ᠡᠨᠳᠡ ᠠᠮᠠᠷᠠᠬᠤ᠎ᠶ᠋ᠢᠨ ᠲᠠᠭᠠᠤ ᠪᠢᠳᠡᠨ᠎ᠦ ᠣᠨᠴᠠᠯᠢᠭᠳᠤ ᠬᠤᠭᠤᠯᠠᠨ ᠡᠴᠡ ᠠᠮᠲᠠᠯᠠᠵᠦ ᠪᠤᠯᠤᠨ᠎ᠠ》 ᠭᠡᠵᠦ ᠵᠦᠸᠧᠽᠢ ᠤᠲᠤᠮᠠᠯ ᠲᠠᠬᠢᠶ᠎ᠠ ᠵᠢᠨ ᠵᠢᠵᠢᠭ ᠪᠠᠯᠭᠠᠰᠤ ᠵᠢᠨ ᠳᠠᠭᠠᠭᠠᠮᠠᠯ ᠯᠢ ᠹᠧᠩ ᠮᠢᠩ ᠲᠠᠨᠢᠯᠴᠠᠭᠤᠯᠪᠠ᠃
ᠵᠦᠸᠧᠽᠢ ᠤᠲᠤᠮᠠᠯ ᠲᠠᠬᠢᠶ᠎ᠠ᠎ᠨᠢ ᠵᠦᠸᠧᠽᠢ ᠱᠢᠶᠠᠨ᠎ᠤ ᠣᠨᠴᠠᠯᠢᠭ᠍ᠲᠤ ᠠᠮᠲᠠᠲᠤ ᠢᠳᠡᠭᠡᠨ ᠪᠣᠯᠤᠭ᠍ᠰᠠᠨ᠎ᠤ ᠬᠤᠪᠢ᠎ᠳᠤ᠂ ᠥᠨᠢ ᠤᠳᠠᠭᠠᠨ ᠲᠡᠦᠬᠡ᠎ᠲᠡᠶ᠂ ᠠᠮᠲᠠ ᠨᠢ ᠰᠣᠷᠭᠣᠭ ᠰᠠᠢᠬᠠᠨ ᠪᠠᠢᠵᠤ᠂ ᠤᠯᠠᠨ ᠲᠦᠮᠡᠨ᠎ᠤ ᠲᠠᠭᠠᠰᠢᠶᠠᠯ᠎ᠳᠦ ᠬᠦᠷᠴᠦ ᠪᠤᠢ᠃ ᠣᠢᠷ᠎ᠠ᠎ᠶ᠋ᠢᠨ ᠵᠢᠯ᠎ᠡᠴᠡ ᠨᠠᠭᠠᠰᠢ᠂ ᠵᠦᠸᠧᠽᠢ ᠱᠢᠶᠠᠨ ᠤᠲᠤᠮᠠᠯ ᠲᠠᠬᠢᠶᠠᠨ᠎ᠤ ᠰᠣᠶᠣᠯ᠎ᠤᠨ ᠨᠠᠢᠷ ᠪᠣᠯᠤᠨ ᠲᠦᠮᠡᠨ ᠬᠥᠮᠦᠨ᠎ᠳᠦ ᠮᠡᠳᠡᠷᠡᠭ᠌ᠳᠡᠭ᠌ᠰᠡᠨ ᠤᠲᠤᠮᠠᠯ ᠲᠠᠬᠢᠶ᠎ᠠ ᠵᠡᠷᠭᠡ ᠰᠣᠶᠣᠯ ᠵᠢᠭᠤᠯᠴᠢᠯᠠᠯ᠎ᠤᠨ ᠠᠵᠢᠯᠯᠠᠭ᠎ᠠ ᠥᠷᠨᠢᠭᠦᠯᠬᠦ᠌᠎ᠪᠡᠷ ᠳᠡᠮᠵᠢᠨ᠂ ᠤᠲᠤᠮᠠᠯ ᠲᠠᠬᠢᠶᠠᠨ᠎ᠤ ᠠᠵᠤ ᠦᠶ᠋ᠯᠡᠰ ᠪᠣᠯᠤᠨ ᠵᠢᠭᠤᠯᠴᠢᠯᠠᠯ᠂ ᠰᠣᠶᠣᠯ ᠵᠡᠷᠭᠡ ᠠᠵᠤ ᠦᠶ᠋ᠯᠡᠰ᠎ᠦᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠤᠲᠤᠮᠠᠯ ᠲᠠᠬᠢᠶᠠᠨ᠎ᠤ ᠠᠵᠤ ᠦᠶ᠋ᠯᠡᠰ ᠨᠢ ᠨᠢᠭᠡᠨᠲᠡ ᠠᠷᠠᠳ᠎ᠢ ᠪᠠᠶᠠᠵᠢᠭᠤᠯᠬᠤ ᠠᠵᠤ ᠦᠶ᠋ᠯᠡᠰ ᠪᠣᠯᠪᠠ᠃ ᠣᠳᠣᠬᠠᠨ᠎ᠳᠤ ᠵᠦᠸᠧᠽᠢ ᠱᠢᠶᠠᠨ᠎ᠳᠤ ᠤᠲᠤᠮᠠᠯ ᠲᠠᠬᠢᠶ᠎ᠠ ᠦᠶ᠋ᠯᠡᠳᠪᠦᠷᠢᠯᠡᠬᠦ᠌ ᠠᠵᠤ ᠠᠬᠤᠢᠯᠠᠯ 8᠂ ᠦᠶ᠋ᠯᠡᠳᠭᠡᠯ᠎ᠦᠨ ᠭᠠᠵᠠᠷ 3᠂ ᠪᠣᠷᠣᠯᠠᠭᠤᠯᠭ᠎ᠠ᠎ᠶ᠋ᠢᠨ ᠲᠤᠤᠷ ᠴᠡᠭ 110 ᠭᠠᠷᠤᠶ ᠪᠤᠯᠵᠤ᠂ ᠤᠲᠤᠮᠠᠯ ᠲᠠᠬᠢᠶ᠎ᠠ᠎ᠪᠠᠷ ᠭᠤᠤᠯᠯᠠᠭᠤᠯᠤᠭ᠍ᠰᠠᠨ ᠤᠲᠤᠮᠠᠯ ᠲᠠᠬᠢᠶᠠᠨ᠎ᠤ ᠠᠵᠤ ᠦᠶ᠋ᠯᠡᠰ᠎ᠦᠨ ᠪᠥᠬᠥ᠌ ᠵᠢᠯ᠎ᠦᠨ ᠦᠶ᠋ᠯᠡᠳᠬᠦᠨ᠎ᠦ ᠥᠷᠲᠡᠭ 2 ᠳ᠋ᠦᠩᠱᠢᠭᠤᠷ ᠲᠥᠭᠥᠷᠢᠭ᠎ᠲᠦ ᠬᠦᠷᠴᠦ᠍᠂ ᠤᠲᠤᠮᠠᠯ ᠲᠠᠬᠢᠶᠠᠨ᠎ᠤ ᠠᠵᠤ ᠦᠶ᠋ᠯᠡᠰ᠎ᠦᠨ ᠬᠡᠯᠬᠢᠶ᠎ᠡ᠎ᠳᠦ ᠱᠢᠨ᠎ᠡ᠎ᠪᠡᠷ 1500 ᠭᠠᠷᠤᠶ ᠠᠵᠢᠯ᠎ᠤᠨ ᠪᠠᠢᠷᠢ ᠬᠠᠩᠭᠠᠵᠤ᠂ 1 ᠲᠦᠮᠡ ᠭᠠᠷᠤᠶ ᠬᠥᠮᠦᠨ᠎ᠢ ᠱᠢᠭᠤᠳ ᠪᠤᠶᠤ ᠳᠠᠮ᠎ᠢᠶᠠᠷ ᠳᠠᠢᠴᠢᠯᠠᠨ ᠣᠷᠳᠣ ᠬᠤᠭᠤᠴᠠᠭ᠎ᠠ᠎ᠪᠠᠷ ᠣᠷᠣᠯᠭ᠎ᠠ᠎ᠶ᠋ᠢ ᠨᠢ ᠨᠡᠮᠡᠭ᠌ᠳᠡᠭᠦᠯᠪᠡ᠃
《ᠪᠢ ᠪᠤᠯ ᠤᠲᠤᠮᠠᠯ ᠳᠠᠬᠢᠶ᠎ᠠ ᠵᠢᠨ ᠵᠢᠵᠢᠭ ᠪᠠᠯᠭᠠᠰᠤᠨ᠎ᠤ ᠠᠵᠢᠯᠲᠠᠨ᠂ ᠠᠵᠢᠯ᠎ᠳᠤ ᠭᠠᠷᠬᠤ ᠪᠠ ᠠᠵᠢᠯ᠎ᠠᠴᠠ ᠪᠠᠭᠤᠬᠤ᠎ᠳᠤ ᠪᠦᠷ ᠲᠡᠷᠭᠡ᠎ᠪᠡᠷ ᠲᠤᠰᠴᠤ᠌ ᠬᠦᠷᠭᠡᠵᠦ ᠪᠠᠢᠨ᠎ᠡ᠂ ᠰᠠᠷ᠎ᠠ ᠪᠦᠷᠢ 4000 ᠲᠥᠭᠥᠷᠢᠭ᠎ᠤᠨ ᠴᠠᠯᠢᠩ ᠣᠯᠤᠨ᠎ᠠ ᠂ ᠠᠵᠢᠯ ᠨᠡᠯᠢᠶᠡᠳ ᠠᠮᠠᠷᠬᠠᠨ᠂ ᠤᠷᠤᠯᠭ᠎ᠠ ᠪᠤᠰᠤᠳ ᠭᠠᠵᠠᠷ᠎ᠤᠨ ᠬᠢ᠎ᠡᠴᠡ ᠥᠨᠳᠥᠷ᠂ ᠵᠤᠨ᠎ᠤ ᠠᠮᠠᠷᠠᠯᠲᠠ᠎ᠶ᠋ᠢᠨ ᠬᠤᠭᠤᠴᠠᠭᠠᠨ᠎ᠳᠤ ᠮᠢᠨᠦ᠍ ᠬᠦᠦ ᠪᠠᠰᠠ ᠡᠨᠳᠡ ᠬᠥᠯᠥᠰᠥᠨ ᠠᠵᠢᠯ ᠬᠢᠵᠦ᠍᠂ ᠰᠠᠷ᠎ᠠ ᠪᠦᠷᠢ 3500 ᠲᠥᠭᠥᠷᠢᠭ ᠣᠷᠴᠢᠮ ᠤᠯᠵᠤ ᠪᠠᠢᠨ᠎ᠠ》 ᠭᠡᠵᠦ ᠤᠲᠤᠮᠠᠯ ᠲᠠᠬᠢᠶ᠎ᠠ ᠵᠢᠨ ᠵᠢᠵᠢᠭ ᠪᠠᠯᠭᠠᠰᠤᠨ᠎ᠳᠤ ᠬᠥᠯᠥᠰᠥᠨ ᠠᠵᠢᠯ ᠬᠢᠵᠦ᠍ ᠪᠠᠢᠭ᠎ᠠ ᠰᠸ᠋ ᠢᠦᠢ ᠮᠧᠢ ᠬᠡᠯᠡᠪᠡ᠃
《ᠤᠯᠠᠭᠠᠨᠴᠠᠪ᠎ᠤᠨ ᠦᠳᠡᠰᠢ》᠂ ᠤᠯᠠᠭᠠᠨᠴᠠᠪ᠎ᠤᠨ ᠭᠠᠯᠲᠤ ᠠᠭᠤᠯᠠ᠂《ᠲᠠᠯ᠎ᠠ ᠨᠤᠲᠤᠭ᠎ᠤᠨ ᠵᠢᠭᠤᠯᠴᠢᠯᠠᠯ》 ᠬᠥᠷ ᠬᠥᠭ᠌ᠵᠢᠶᠡᠨᠵᠢᠡᠷ ᠪᠢᠯᠬᠠᠵᠤ᠂ ᠪᠠᠶᠠᠷ᠎ᠤᠨ ᠡᠳᠦᠷ᠎ᠦᠨ ᠠᠵᠤ ᠠᠬᠤᠶ᠂ ᠤᠷᠤᠯᠳᠤᠭᠠᠨ᠎ᠤ ᠠᠵᠤ ᠠᠬᠤᠶ᠂ ᠰᠥᠨᠢ᠎ᠶ᠋ᠢᠨ ᠠᠵᠤ ᠠᠬᠤᠶ ᠨᠢ ᠠᠵᠢᠯ ᠣᠯᠭᠣᠬᠤ ᠠᠵᠢᠯ᠎ᠤᠨ ᠪᠠᠢᠷᠢ ᠬᠠᠩᠭᠠᠵᠤ᠂ ᠣᠷᠣᠯᠭ᠎ᠠ᠎ᠶ᠋ᠢ ᠨᠡᠮᠡᠭ᠌ᠳᠡᠭᠦᠯᠬᠦ᠌ ᠠᠷᠭ᠎ᠠ ᠵᠠᠮ ᠪᠤᠯᠵᠤ᠂ ᠨᠠᠩ ᠣᠯᠠᠨ ᠣᠯᠠᠨ ᠲᠦᠮᠡᠨ᠎ᠤ ᠵᠢᠭᠤᠯᠴᠢᠯᠠᠯ᠎ᠳᠤ ᠲᠦᠱᠢᠭ᠌ᠯᠡᠨ ᠠᠵᠢᠯ ᠣᠯᠵᠤ ᠦᠶ᠋ᠯᠡᠰ ᠪᠤᠰᠬᠠᠬᠤ ᠬᠦᠰᠡᠯ᠎ᠢ ᠨᠢ ᠪᠡᠶᠡᠯᠡᠭᠦᠯᠵᠦ᠍᠂ ᠤᠯᠠᠭᠠᠨᠴᠠᠪ ᠬᠣᠲᠠ᠎ᠶ᠋ᠢᠨ ᠰᠠᠭᠤᠭᠠᠯᠢ ᠠᠷᠠᠳ᠎ᠤᠨ ᠬᠥᠮᠦᠨ ᠳᠤᠮᠳᠠᠴᠢ᠎ᠶ᠋ᠢᠨ ᠡᠵᠡᠮᠳᠡᠵᠦ᠍ ᠪᠣᠯᠬᠤ ᠣᠷᠣᠯᠭ᠎ᠠ 6.8% ᠪᠠᠷ ᠨᠡᠮᠡᠭ᠌ᠳᠡᠵᠦ᠍᠂ ᠪᠥᠬᠥ᠌ ᠣᠷᠣᠨ᠎ᠳᠤ ᠬᠣᠶᠠᠳᠤᠭᠠᠷ᠎ᠲᠤ ᠵᠢᠭᠰᠠᠪᠠ᠃
ᠰᠣᠶᠣᠯ ᠵᠢᠭᠤᠯᠴᠢᠯᠠᠯ᠎ᠤᠨ ᠬᠠᠯᠠᠮᠱᠢᠯ ᠨᠢ ᠪᠠᠰᠠ ᠤᠯᠠᠭᠠᠨᠴᠠᠪ ᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠠᠵᠢᠯ᠎ᠤᠨ ᠱᠢᠨ᠎ᠡ ᠡᠭᠦᠳᠦᠯᠲᠡ᠎ᠶ᠋ᠢ ᠠᠬᠢᠭᠤᠯᠪᠠ᠃ ᠲᠣᠰ ᠲᠣᠪᠴᠢᠶ᠎ᠠ ᠴᠡᠴᠡᠷᠯᠢᠭ᠂ ᠠᠭᠤᠳᠠᠮ ᠲᠠᠯᠠᠪᠠᠶ ᠵᠡᠷᠭᠡ ᠬᠥᠮᠦᠨᠬᠠᠷᠠ ᠤᠯᠠᠨ ᠲᠠᠢ᠂ ᠠᠭᠤᠷ ᠠᠮᠢᠰᠭᠤᠯ ᠰᠢᠨ᠎ᠡ ᠰᠤᠷᠭᠤᠭ᠂ ᠠᠭᠤᠵᠢᠭᠤ ᠲᠠᠯᠪᠢᠭᠤ ᠲᠠᠯᠠᠪᠤᠷ ᠭᠠᠵᠠᠷ᠎ᠢ ᠭᠦᠶ᠋ᠴᠡᠳ ᠠᠱᠢᠭ᠍ᠯᠠᠨ᠂ ᠰᠥᠨᠢᠵᠢᠨ ᠠᠵᠢᠯᠲᠠᠨ ᠡᠯᠰᠡᠬᠦ᠌᠂ ᠰᠥᠨᠢᠵᠢᠨ ᠱᠢᠭᠤᠳ ᠨᠡᠪᠲᠡᠷᠡᠭᠦᠯᠭᠡ ᠬᠢᠬᠦ ᠵᠡᠷᠭᠡ ᠠᠷᠭ᠎ᠠ ᠬᠡᠯᠪᠡᠷᠢ᠎ᠪᠡᠷ ᠳᠠᠮᠵᠢᠭᠤᠯᠤᠨ᠂ ᠠᠵᠢᠯ ᠡᠷᠢᠭ᠌ᠰᠡᠳ᠎ᠦᠨ ᠠᠵᠢᠯ ᠤᠯᠬᠤ᠎ᠳᠦ ᠬᠦᠴᠦᠨ ᠨᠡᠮᠡᠷᠢᠯᠡᠵᠦ᠍ ᠪᠤᠢ᠃ 2024 ᠣᠨ᠎ᠳᠤ᠂ ᠤᠯᠠᠭᠠᠨᠴᠠᠪ ᠬᠣᠲᠠ᠎ᠶ᠋ᠢᠨ ᠡᠷᠭᠢᠯᠡᠭ᠌ᠰᠡᠨ 《ᠵᠠᠭᠤᠨ ᠡᠳᠦᠷ᠎ᠦᠨ ᠲᠦᠭ ᠲᠦᠮᠡᠨ ᠠᠵᠢᠯᠲᠠᠨ ᠡᠯᠰᠡᠬᠦ᠌ ᠲᠤᠰᠭᠠᠶ ᠠᠵᠢᠯᠯᠠᠭ᠎ᠠ ᠵᠢᠴᠢ ᠰᠥᠨᠢ᠎ᠶ᠋ᠢᠨ ᠵᠠᠬ᠎ᠠ ᠳᠡᠯᠭᠡᠭᠦᠷ᠎ᠦᠨ ᠠᠵᠢᠯᠲᠠᠨ ᠡᠯᠰᠡᠬᠦ᠌ ᠴᠤᠭ᠍ᠯᠠᠭᠠᠨ》 ᠨᠢ 《ᠤᠯᠠᠭᠠᠨᠴᠠᠪ᠎ᠤᠨ ᠦᠳᠡᠰᠢ》 ᠵᠠᠬ᠎ᠠ ᠵᠡᠭᠡᠯᠢ᠎ᠶᠢᠨ ᠬᠥᠮᠦᠨ ᠣᠯᠠᠨ ᠪᠠᠢᠬᠤ ᠳᠠᠪᠠᠭᠤᠯᠢᠭ᠎ᠢ ᠭᠦᠶ᠋ᠴᠡᠳ ᠠᠱᠢᠭ᠍ᠯᠠᠨ᠂ 《ᠠᠬᠤᠶ ᠲᠠᠯᠠᠪᠠᠶ᠎ᠶ᠋ᠢᠨ ᠠᠵᠢᠯᠲᠠᠨ ᠡᠯᠰᠡᠬᠦ᠌ + ᠱᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ ᠬᠠᠨᠭᠭᠠᠬᠤ》 ᠬᠡᠯᠪᠡᠷᠢ ᠪᠡᠷ ᠬᠠᠩᠭᠠᠯᠭ᠎ᠠ ᠬᠡᠷᠡᠭ᠌ᠴᠡᠭᠡ ᠵᠢᠨ 《ᠬᠤᠤᠰ ᠴᠢᠭ᠌ᠯᠡᠯ᠎ᠢᠶᠡᠷ ᠤᠷᠤᠭ᠍ᠰᠢᠯᠠᠬᠤ》 ᠬᠥᠭᠥᠷᠭᠡ ᠲᠠᠯᠪᠢᠵᠤ ᠥᠭ᠌ᠴᠡᠶ᠃ ᠲᠣᠰ ᠤᠳᠠᠭᠠᠨ᠎ᠤ ᠠᠵᠢᠯᠲᠠᠨ ᠡᠯᠰᠡᠬᠦ᠌ ᠴᠤᠭ᠍ᠯᠠᠭᠠᠨ ᠨᠢ 32 ᠴᠢᠨᠠᠷ ᠰᠠᠢᠲᠠᠶ ᠠᠵᠢᠯᠴᠢᠨ ᠬᠡᠷᠡᠭ᠌ᠯᠡᠬᠦ᠌ ᠠᠵᠤ ᠠᠬᠤᠢᠯᠠᠯ᠎ᠢ ᠲᠠᠳᠠᠵᠤ᠂ ᠦᠶ᠋ᠯᠡᠳᠬᠦ᠌ ᠦᠶ᠋ᠯᠡᠰ᠂ ᠦᠶ᠋ᠯᠡᠴᠢᠯᠡᠭᠡᠨ᠎ᠦ ᠦᠶ᠋ᠯᠡᠰ᠂ ᠮᠡᠳᠡᠭᠡ ᠵᠠᠩᠭᠢ᠎ᠶ᠋ᠢᠨ ᠮᠡᠷᠭᠡᠵᠢᠯ᠂ ᠰᠤᠷᠭᠠᠨ ᠬᠥᠮᠦᠵᠢᠯ ᠪᠣᠯᠪᠠᠰᠤᠷᠠᠯ ᠵᠡᠷᠭᠡ ᠣᠯᠠᠨ ᠬᠦᠷᠢᠶ᠎ᠡ᠎ᠶ᠋ᠢ ᠬᠠᠮᠤᠷᠤᠭ᠍ᠰᠠᠨ ᠠᠵᠢᠯ᠎ᠤᠨ ᠪᠠᠢᠷᠢ ᠬᠠᠩᠭᠠᠵᠤ᠂ ᠲᠤᠬᠠᠶ᠎ᠶ᠋ᠢᠨ ᠭᠠᠵᠠᠷ᠎ᠤᠨ ᠠᠵᠢᠯ ᠣᠯᠭᠣᠯᠲᠠ᠎ᠶ᠋ᠢᠨ ᠳᠠᠷᠤᠯᠲᠠ᠎ᠶ᠋ᠢ ᠪᠦᠲᠦᠮᠵᠢᠲᠡᠶ ᠨᠠᠮᠳᠠᠭᠤᠯᠪᠠ᠃