ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠠ ᠢ᠋ᠶ᠋ᠡᠷ᠂ 《ᠤᠮᠠᠷᠠᠲᠤ ᠬᠢᠯᠢ ᠶ᠋ᠢᠨ ᠰᠣᠶᠣᠯ — ᠥᠪᠥᠷ ᠮᠣᠩᠭᠣᠯ ᠤ᠋ᠨ ᠵᠢᠤᠢ ᠶᠠᠨ ᠤ᠋ ᠡᠷᠳᠡᠨ ᠤ᠋ ᠬᠤᠳᠠ ᠵᠢᠨ ᠪᠠᠭᠤᠷᠢ ᠡᠴᠡ ᠣᠯᠳᠠᠭ᠍ᠰᠠᠨ ᠲᠡᠦᠬᠡ ᠶ᠋ᠢᠨ ᠳᠤᠷᠠᠰᠭᠠᠯᠲᠤ ᠵᠦᠶ᠋ᠯ ᠤ᠋ᠨ ᠦᠵᠡᠭᠦᠯᠭᠡ》 ᠤᠷᠴᠢᠮᠬᠠᠨ ᠹᠦᠵᠢᠶᠠᠨ ᠮᠤᠵᠢ ᠶ᠋ᠢᠨ ᠹᠦᠵᠧᠦ ᠬᠣᠲᠠ ᠶ᠋ᠢᠨ ᠮᠦᠽᠧᠶ ᠳ᠋ᠦ ᠶᠠᠪᠤᠭ᠍ᠳᠠᠵᠤ᠂ ᠪᠠᠯᠠᠷ ᠡᠷᠲᠡᠨ ᠤ᠋ ᠦᠯᠡᠳᠡᠭ᠌ᠳᠡᠯ᠂ ᠵᠢᠤᠢ ᠶᠠᠨ ᠤ᠋ ᠬᠤᠯᠤᠰᠤᠨ ᠴᠤᠭᠤᠳᠠᠰᠤ᠂ ᠬᠠᠷ᠎ᠠ ᠬᠣᠲᠠ ᠶ᠋ᠢᠨ ᠪᠢᠴᠢᠭ ᠬᠠᠷ᠎ᠠ᠂ ᠪᠠᠷᠠᠭᠤᠨ ᠱᠢᠶᠠ ᠤᠯᠤᠰ ᠤ᠋ᠨ ᠱᠠᠭᠠᠵᠠᠩ ᠡᠳ᠋ᠯᠡᠯ᠂ ᠶᠤᠸᠠᠨ ᠤᠯᠤᠰ ᠤ᠋ᠨ ᠦᠶ᠎ᠡ ᠶ᠋ᠢᠨ ᠴᠠᠭᠠᠰᠤᠨ ᠵᠣᠭᠣᠰ ᠵᠡᠷᠭᠡ ᠵᠢᠤᠢ ᠶᠠᠨ ᠤ᠋ ᠡᠷᠳᠡᠨ ᠤ᠋ ᠬᠤᠳᠠ ᠵᠢᠨ ᠪᠠᠭᠤᠷᠢ ᠡᠴᠡ ᠣᠯᠳᠠᠭ᠍ᠰᠠᠨ 300 ᠭᠠᠷᠤᠶ ᠬᠤᠪᠢ ᠲᠡᠦᠬᠡ ᠶ᠋ᠢᠨ ᠳᠤᠷᠠᠰᠭᠠᠯᠲᠤ ᠵᠦᠶ᠋ᠯᠡᠰ ᠢ᠋ ᠲᠠᠯᠬᠡᠨ ᠦᠵᠡᠬᠦᠯᠪᠡ ᠃
《 ᠤᠮᠠᠷᠠᠲᠤ ᠬᠢᠯᠢ ᠶ᠋ᠢᠨ ᠰᠣᠶᠣᠯ — ᠥᠪᠥᠷ ᠮᠣᠩᠭᠣᠯ ᠤ᠋ᠨ ᠵᠢᠤᠢ ᠶᠠᠨ ᠤ᠋ ᠡᠷᠳᠡᠨ ᠤ᠋ ᠬᠤᠳᠠ ᠵᠢᠨ ᠪᠠᠭᠤᠷᠢ ᠡᠴᠡ ᠣᠯᠳᠠᠭ᠍ᠰᠠᠨ ᠲᠡᠦᠬᠡ ᠶ᠋ᠢᠨ ᠳᠤᠷᠠᠰᠭᠠᠯᠲᠤ ᠵᠦᠶ᠋ᠯ ᠤ᠋ᠨ ᠦᠵᠡᠭᠦᠯᠭᠡ》 ᠨᠢ ᠤᠮᠠᠷᠠᠲᠤ ᠬᠢᠯᠢ ᠶ᠋ᠢᠨ ᠰᠣᠶᠣᠯ ᠤ᠋ᠨ ᠵᠢᠤᠢ ᠶᠠᠨ ᠤ᠋ ᠭᠠᠵᠠᠷ ᠣᠷᠣᠨ ᠳ᠋ᠠᠬᠢ ᠲᠡᠦᠬᠡᠨ ᠰᠤᠷᠪᠤᠯᠵᠢ᠂ ᠲᠥᠪ ᠵᠠᠰᠠᠭ ᠡᠴᠡ ᠵᠢᠤᠢ ᠶᠠᠨ ᠤ᠋ ᠭᠠᠵᠠᠷ ᠣᠷᠣᠨ ᠢ᠋ ᠪᠦᠲᠦᠮᠵᠢᠲᠡᠶ ᠵᠠᠰᠠᠭᠰᠠᠨ᠂ ᠠᠳᠠᠯᠢ ᠪᠤᠰᠤ ᠦᠨᠳᠦᠰᠦᠲᠡᠨ ᠤ᠋ ᠵᠢᠤᠢ ᠶᠠᠨ ᠤ᠋ ᠭᠠᠵᠠᠷ ᠣᠷᠣᠨ ᠳ᠋ᠠᠬᠢ ᠠᠭᠤᠰᠤᠯᠴᠠᠯ ᠬᠥᠭ᠌ᠵᠢᠯᠲᠡ᠂ ᠬᠤᠯᠤᠰᠤᠨ ᠴᠤᠭᠤᠳᠠᠰᠤ ᠪᠢᠴᠢᠭ ᠲᠡᠬᠢ ᠵᠢᠤᠢ ᠶᠠᠨ ᠤ᠋ ᠭᠠᠵᠠᠷ ᠣᠷᠣᠨ ᠤ᠋ ᠰᠤᠯᠢᠯᠴᠠᠭ᠎ᠠ ᠠᠭᠤᠰᠤᠯᠴᠠᠯ ᠬᠡᠬᠦ 4 ᠬᠡᠰᠡᠭ ᠵᠢᠡᠷ ᠪᠦᠷᠢᠯᠳᠤᠵᠠᠢ᠃ ᠦᠵᠡᠬᠦᠯᠬᠡ ᠵᠢᠨ ᠬᠤᠭᠤᠴᠠᠭᠠᠨ ᠳ᠋ᠤ ᠪᠠᠰᠠ ᠠᠯᠠᠱᠠ ᠠᠢᠮᠠᠭ ᠤ᠋ᠨ ᠰᠣᠶᠣᠯ ᠵᠢᠭᠤᠯᠴᠢᠯᠠᠯ ᠤ᠋ᠨ ᠡᠬᠢ ᠪᠠᠶᠠᠯᠢᠭ ᠤ᠋ᠨ ᠲᠠᠨᠢᠯᠴᠠᠭᠤᠯᠭ᠎ᠠ ᠬᠢᠵᠦ᠍᠂ ᠠᠯᠠᠱᠠ ᠶ᠋ᠢᠨ ᠤᠯᠠᠭᠠᠨᠮᠥ᠋ᠴᠢᠷ ᠤ᠋ᠨ ᠬᠢᠨ ᠹᠦᠵᠧᠦ ᠬᠣᠲᠠ ᠶ᠋ᠢᠨ ᠨᠠᠷᠠᠲᠤ ᠵᠡᠭᠡᠯᠢ ᠲᠣᠭᠣᠷᠢᠭ ᠲᠦ᠍ ᠬᠢᠯᠪᠡᠭᠡᠨ ᠲᠤᠭᠯᠠᠯᠳᠠ ᠭᠠᠷᠭᠠᠨ᠂ ᠠᠯᠠᠱᠠ ᠶ᠋ᠢᠨ ᠰᠣᠶᠣᠯ ᠵᠢᠭᠤᠯᠴᠢᠯᠠᠯ ᠤ᠋ᠨ ᠦᠶ᠋ᠯᠡᠰ ᠢ᠋ ᠳᠡᠮᠵᠢᠪᠡ᠃ ᠠᠯᠠᠱᠠ ᠠᠢᠮᠠᠭ ᠪᠣᠯᠤᠨ ᠹᠦᠵᠧᠦ ᠬᠣᠲᠠ ᠪᠣᠯ ᠨᠥᠬᠥᠷᠰᠡᠭ ᠬᠣᠲᠠ ᠪᠠᠢᠵᠦ᠂ ᠲᠣᠰ ᠤᠳᠠᠭ᠎ᠠ ᠵᠢᠨ ᠦᠵᠡᠬᠦᠯᠬᠡ ᠪᠡᠷ ᠲᠠᠮᠵᠢᠨ ᠹᠦᠵᠧᠦ ᠵᠢᠨ ᠬᠦᠮᠦᠰ ᠲᠦ᠍ ᠤᠮᠠᠷᠠᠲᠤ ᠬᠢᠯᠢ ᠶ᠋ᠢᠨ ᠰᠣᠶᠣᠯ ᠤ᠋ᠨ ᠡᠯᠪᠡᠭ ᠪᠠᠶᠠᠯᠢᠭ ᠠᠭᠤᠯᠤᠭᠳᠠᠬᠤᠨ ᠢ᠋ ᠤᠯᠠᠮ ᠭᠦᠨᠵᠡᠭᠡᠶ ᠮᠡᠳᠡᠷᠡᠭᠦᠯᠦᠭᠰᠡᠨ ᠪᠠᠢᠨ᠎ᠠ᠃
ᠤᠢᠯᠠᠭᠠᠭᠰᠠᠨ ᠵᠢᠡᠷ᠂ ᠵᠢᠤᠢ ᠶᠠᠨ ᠤ᠋ ᠡᠷᠳᠡᠨ ᠤ᠋ ᠬᠤᠳᠠ ᠵᠢᠨ ᠪᠠᠭᠤᠷᠢ ᠠᠯᠠᠱᠠ ᠠᠢᠮᠠᠭ ᠤ᠋ᠨ ᠡᠵᠡᠨ᠎ᠡ ᠬᠣᠱᠢᠭᠤᠨ ᠳ᠋ᠦ ᠪᠠᠢᠷᠢᠯᠠᠵᠤ᠂ ᠡᠨᠳᠡ ᠠᠯᠢ ᠡᠷᠲᠡ ᠱᠢᠨ᠎ᠡ ᠴᠢᠯᠠᠭᠤᠨ ᠵᠡᠪᠰᠡᠭ ᠤ᠋ᠨ ᠦᠶ᠎ᠡ ᠳ᠋ᠦ ᠲᠠᠷᠤᠢ ᠬᠥᠮᠦᠨ ᠲᠥᠷᠥᠯᠬᠢᠲᠡᠨ ᠠᠮᠢᠳᠤᠷᠠᠨ ᠤᠷᠤᠰᠢᠵᠦ᠂ ᠴᠢᠨ ᠤᠯᠤᠰ ᠡᠴᠡ ᠡᠮᠦᠨᠡᠬᠢ ᠦᠶ᠎ᠡ ᠳ᠋ᠦ ᠲᠠᠷᠢᠶᠠᠯᠠᠬᠤ ᠰᠣᠶᠣᠯ ᠪᠠ ᠨᠡᠭᠦᠳᠡᠯ ᠮᠠᠯᠵᠢᠯ ᠤ᠋ᠨ ᠰᠣᠶᠣᠯ ᠤᠷᠤᠰᠢᠵᠦ ᠪᠠᠢᠵᠠᠢ᠃ ᠬᠣᠶᠠᠷ ᠬᠠᠨ ᠤᠯᠤᠰ ᠤ᠋ᠨ ᠦᠶ᠎ᠡ ᠳ᠋ᠦ ᠵᠢᠤᠢ ᠶᠠᠨ ᠤ᠋ ᠭᠠᠵᠠᠷ ᠣᠷᠣᠨ ᠳ᠋ᠦ ᠬᠤᠳᠠ ᠪᠠᠯᠭᠠᠳ ᠢ᠋ ᠥᠷᠭᠡᠨ ᠵᠢᠡᠷ ᠪᠠᠢᠭᠤᠯᠵᠤ᠂ ᠲᠠᠷᠢᠶ᠎ᠠ ᠲᠠᠷᠢᠵᠤ ᠬᠢᠯᠢ ᠬᠢᠵᠠᠭᠠᠷ ᠢ᠋ ᠬᠠᠮᠠᠭᠠᠯᠠᠪᠠ᠃ ᠲᠠᠩ ᠤᠯᠤᠰ ᠤ᠋ᠨ ᠦᠶ᠎ᠡ ᠳ᠋ᠦ ᠵᠢᠤᠢ ᠶᠠᠨ ᠤ᠋ ᠭᠠᠵᠠᠷ ᠣᠷᠣᠨ ᠪᠣᠯ ᠮᠠᠯᠵᠢᠬᠤ ᠲᠠᠷᠢᠶᠠᠯᠠᠬᠤ ᠰᠣᠶᠣᠯ ᠤ᠋ᠨ ᠠᠭᠤᠰᠤᠯᠴᠠᠷ ᠣᠷᠣᠨ ᠪᠠᠢᠭ᠍ᠰᠠᠨ ᠪᠥᠭᠡᠳ ᠤᠮᠠᠷᠠᠲᠤ ᠶ᠋ᠢᠨ ᠲᠠᠯ᠎ᠠ ᠨᠤᠲᠤᠭ ᠤ᠋ᠨ ᠨᠡᠬᠦᠳᠡᠯᠴᠢᠨ ᠦᠨᠳᠦᠰᠦᠲᠡᠨ ᠤ᠋ 《ᠲᠡᠭᠷᠢ ᠵᠢᠨ ᠬᠦᠪᠡᠬᠦᠨ ᠳ᠋ᠦ ᠪᠠᠷᠠᠯᠠᠬᠤ ᠵᠠᠮ》 ᠤ᠋ᠨ ᠵᠠᠪᠠᠯ ᠥᠩᠭᠡᠷᠡᠬᠦ᠌ ᠭᠠᠵᠠᠷ ᠪᠠᠢᠵᠠᠢ᠃ ᠰᠦᠩ ᠤᠯᠤᠰ ᠪᠠ ᠶᠤᠸᠠᠨ ᠤᠯᠤᠰ ᠤ᠋ᠨ ᠦᠶ᠎ᠡ ᠳ᠋ᠦ ᠲᠠᠯ᠎ᠠ ᠨᠤᠲᠤᠭ ᠤ᠋ᠨ ᠲᠣᠷᠭᠠᠨ ᠵᠠᠮ ᠴᠡᠴᠡᠭ᠌ᠯᠡᠨ ᠬᠥᠭ᠌ᠵᠢᠵᠦ᠍ ᠂ ᠵᠢᠤᠢ ᠶᠠᠨ ᠤ᠋ ᠭᠠᠵᠠᠷ ᠣᠷᠣᠨ ᠨᠢ ᠨᠠᠭᠠᠰᠢ ᠴᠠᠭᠠᠰᠢ ᠵᠣᠷᠴᠢᠬᠤ ᠬᠤᠳᠠᠯᠳᠤᠭᠠᠴᠢᠳ ᠤ᠋ᠨ ᠦᠷᠳᠡᠭᠡᠯᠡᠨ ᠠᠮᠠᠷᠠᠳᠠᠭ ᠭᠠᠵᠠᠷ ᠪᠤᠯᠪᠠ᠃