ᠬᠥᠬᠡᠬᠣᠲᠠ ᠤᠳᠭ᠎ᠠ ᠤᠷᠠᠯᠢᠭ ᠤ᠋ᠨ ᠰᠣᠳᠣᠨ ᠪᠦᠲᠦᠭᠡᠯ ᠢ᠋ 《 ᠭᠠᠳᠠᠭᠰᠢ ᠭᠠᠷᠭᠠᠬᠤ 》 ᠵᠢ ᠠᠬᠢᠭᠤᠯᠵᠦ ᠪᠤᠢ
2025-03-23 12:49:29
ᠵᠣᠬᠢᠶᠠᠭ᠍ᠴᠢ᠄
ᠵᠧᠩ ᠱᠢᠤᠸᠠᠢ ᠯᠢᠶᠠᠩ
ᠣᠩᠱᠢᠭ᠍ᠰᠠᠨ ᠣᠳᠠᠭ᠎ᠠ᠄
★★★☆☆

ᠬᠠᠪᠤᠷ ᠰᠠᠭᠠᠳᠠᠵᠦ ᠬᠠᠩᠰᠢ ᠤᠢᠷᠠᠳᠤᠯ᠎ᠠ᠃ ᠡᠨᠡ ᠬᠦ᠌ ᠬᠦᠰᠡᠯ ᠬᠤᠷᠤᠢᠯᠠᠭᠰᠠᠨ ᠤᠯᠠᠷᠢᠯ ᠳ᠋ᠦ ᠬᠥᠬᠡᠬᠣᠲᠠ《ᠰᠠᠬᠢᠨ ᠪᠠᠷᠠᠯᠠᠭ᠍ᠴᠢ》ᠨᠣᠮ᠎ᠤᠨ ᠠᠩᠬ᠎ᠠ ᠳᠠᠷᠬᠠᠭᠠᠬᠤ ᠶᠤᠰᠤᠯᠡᠯ ᠶᠠᠪᠤᠭᠳᠠᠭᠤᠯᠵᠦ᠂ ᠰᠣᠳᠣᠨ ᠪᠥᠵᠢᠭ᠌ᠲᠦ ᠵᠦᠴᠦᠭᠡ《ᠵᠤᠤ ᠵᠢᠶᠦ᠋ᠨ》 ᠤ᠋ ᠪᠦᠬᠦ᠌ ᠤᠯᠤᠰ ᠤ᠋ᠨ ᠲᠣᠭᠣᠷᠢᠨ ᠲᠣᠭ᠍ᠯᠠᠯᠲᠠ ᠪᠠᠨ ᠡᠬᠢᠯᠡᠭᠦᠯᠵᠦ᠍᠂ ᠲᠤᠮᠤ ᠬᠡᠯᠪᠡᠷᠢ ᠶ᠋ᠢᠨ ᠱᠠᠨ ᠰᠢ ᠵᠦᠴᠦᠭᠡ 《ᠡᠯᠡᠰᠦᠨ ᠴᠦᠯ ᠳ᠋ᠦ ᠬᠠᠪᠤᠷ ᠰᠠᠭᠠᠲᠠᠬᠤᠶ᠎ᠠ》 ᠵᠢ ᠪᠤᠯᠪᠠᠰᠤᠷᠠᠭᠤᠯᠤᠨ ᠰᠢᠯᠢᠳᠡᠭᠵᠢᠬᠦᠯᠬᠦ ᠱᠢᠨ᠎ᠡ ᠱᠠᠲᠤᠨ ᠳ᠋ᠦ ᠣᠷᠣᠭᠤᠯᠪᠠ ᠃

ᠡᠨᠡ ᠨᠢ ᠤᠮᠠᠷᠠᠲᠤ ᠬᠢᠯᠢ ᠶ᠋ᠢᠨ ᠰᠣᠶᠣᠯ ᠤ᠋ᠨ ᠪᠠᠢᠭᠤᠯᠤᠯᠲᠠ ᠵᠢ ᠴᠢᠨᠠᠷᠵᠢᠭᠤᠯᠬᠤ᠌ ᠠᠵᠢᠯᠯᠠᠭ᠎ᠠ ᠵᠢ ᠭᠦᠨᠵᠡᠭᠡᠢ ᠠᠬᠢᠭᠤᠯᠤᠭ᠍ᠰᠠᠨ ᠤ᠋ ᠦᠷ᠎ᠡ ᠪᠦᠲᠦᠭᠡᠯ ᠪᠣᠯᠬᠤ ᠪᠥᠭᠡᠳ ᠬᠥᠬᠡᠬᠣᠲᠠ ᠶ᠋ᠢᠨ ᠤᠳᠭ᠎ᠠ ᠤᠷᠠᠯᠢᠭ ᠤ᠋ᠨ ᠰᠣᠳᠣᠨ ᠪᠦᠲᠦᠭᠡᠯ ᠤ᠋ᠨ ᠱᠢᠨ᠎ᠡ ᠳᠦᠷᠰᠦ ᠪᠠᠢᠳᠠᠯ ᠢ᠋ ᠬᠠᠷᠠᠭᠤᠯᠵᠤ ᠪᠠᠢᠨ᠎ᠠ ᠃

2 ᠰᠠᠷ᠎ᠠ ᠶ᠋ᠢᠨ 23 ᠤ᠋ ᠡᠳᠦᠷ᠂ ᠬᠥᠬᠡᠬᠣᠲᠠ ᠶ᠋ᠢᠨ ᠤᠳᠭ᠎ᠠ ᠤᠷᠠᠯᠢᠭ ᠤ᠋ᠨ ᠬᠢᠨ ᠤ᠋ ᠬᠣᠯᠪᠣᠭ᠎ᠠ᠂ ᠬᠥᠬᠡᠬᠣᠲᠠ ᠶ᠋ᠢᠨ ᠵᠣᠬᠢᠶᠠᠯᠴᠢᠳ ᠤ᠋ᠨ ᠡᠪᠯᠡᠯ ᠡᠴᠡ ᠯᠦ᠍ ᠶᠤᠸᠠᠨ ᠤ᠋ ᠷᠣᠮᠠᠨ 《ᠰᠠᠬᠢᠨ ᠪᠠᠷᠠᠯᠠᠭ᠍ᠴᠢ》 ᠭᠡᠬᠦ᠌ ᠱᠢᠨ᠎ᠡ ᠨᠣᠮ ᠢ᠋ ᠳᠠᠷᠬᠠᠭᠠᠬᠤ ᠶᠤᠰᠤᠯᠠᠯ ᠶᠠᠪᠤᠭᠤᠯᠪᠠ᠃ ᠲᠤᠰ ᠪᠦᠲᠦᠭᠡᠯ ᠨᠢ 2024 ᠣᠨ ᠤ᠋ ᠬᠥᠬᠡᠬᠣᠲᠠ ᠶ᠋ᠢᠨ ᠭᠣᠣᠯᠳᠠᠯᠭ᠎ᠠ ᠲᠠᠶ ᠭᠣᠣᠯ ᠰᠡᠳᠦᠪᠲᠦ ᠤᠳᠭ᠎ᠠ ᠵᠣᠬᠢᠶᠠᠯ ᠤ᠋ᠨ ᠪᠦᠲᠦᠭᠡᠯ ᠪᠣᠯᠤᠭ᠍ᠰᠠᠨ ᠤ᠋ ᠬᠤᠪᠢ ᠳ᠋ᠦ  ᠠᠯᠳᠠᠷᠲᠤ ᠵᠣᠬᠢᠶᠠᠯᠴᠢ ᠯᠦ᠍ ᠶᠤᠸᠠᠨ ᠲᠤᠰ ᠵᠢᠯ ᠳ᠋ᠦ ᠵᠣᠬᠢᠶᠠᠨ ᠪᠦᠲᠦᠭᠡᠵᠦ᠍ ᠬᠡᠪᠯᠡᠨ ᠲᠠᠷᠬᠠᠭᠠᠵᠤ᠂ 《ᠦᠵᠡᠰᠭᠦᠯᠡᠩᠲᠦ ᠰᠠᠢᠬᠠᠨ ᠥᠪᠥᠷ ᠮᠣᠩᠭᠣᠯ》 ᠤ᠋ᠨ ᠭᠣᠣᠯᠳᠠᠯᠭ᠎ᠠ ᠲᠠᠶ ᠨᠣᠮ ᠪᠢᠴᠢᠭ ᠤ᠋ᠨ ᠬᠡᠪᠯᠡᠯ ᠤ᠋ᠨ ᠢᠨᠵᠧᠨᠧᠷᠢᠩ ᠳ᠋ᠦ ᠰᠣᠩᠭᠣᠭ᠍ᠳᠠᠪᠠ᠃ ᠲᠤᠰ ᠪᠦᠲᠦᠭᠡᠯ ᠨᠢ ᠨᠡᠢᠲᠡ 30 ᠲᠦᠮᠡᠨ ᠥᠰᠥᠭ ᠲᠡᠶ᠂ ᠭᠤᠷᠪᠠᠨ ᠦᠶ᠎ᠡ ᠶ᠋ᠢᠨ ᠬᠥᠮᠦᠰ ᠤ᠋ᠨ ᠬᠤᠪᠢ ᠵᠠᠶᠠᠭ᠎ᠠ ᠪᠠᠷ ᠰᠢᠵᠢᠮᠯᠡᠨ᠂ ᠠᠮᠢ ᠠᠬᠤᠶ ᠶ᠋ᠢᠨ ᠬᠦᠦᠷᠨᠢᠯ ᠢ᠋ᠶ᠋ᠡᠷ ᠦᠯᠢᠭᠡᠷ ᠡᠰᠬᠡᠵᠦ᠂ ᠬᠥᠬᠡᠬᠣᠲᠠ ᠶ᠋ᠢᠨ ᠠᠮᠢ ᠠᠬᠤᠶ ᠶ᠋ᠢᠨ ᠵᠠᠰᠠᠯᠲᠠ ᠶ᠋ᠢᠨ ᠲᠤᠤᠯᠢᠰ ᠤ᠋ᠨ ᠬᠤᠷᠢᠶᠠᠩᠭᠤᠶ ᠳᠦᠷᠰᠦ ᠪᠣᠯᠤᠭᠰᠠᠨ ᠪᠥᠭᠡᠳ ᠪᠠᠰᠠ ᠴᠤ᠌ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ ᠴᠠᠭ ᠦᠶ᠎ᠡ ᠶ᠋ᠢᠨ ᠲᠠᠢᠯᠪᠤᠷᠢ ᠪᠠᠢᠵᠤ᠂ ᠤᠯᠠᠨ ᠤ᠋ ᠮᠠᠭᠳᠠᠭᠠᠯ ᠰᠠᠢᠰᠢᠶᠠᠯ ᠢ᠋ ᠤᠯᠵᠠᠢ᠃

3 ᠰᠠᠷ᠎ᠠ ᠶ᠋ᠢᠨ 1 ᠤ᠋ ᠡᠳᠦᠷ᠂ ᠬᠥᠬᠡᠬᠣᠲᠠ ᠶ᠋ᠢᠨ ᠵᠣᠬᠢᠶᠠᠨ ᠪᠦᠲᠦᠭᠡᠭ᠌ᠰᠡᠨ ᠰᠣᠳᠣᠨ ᠪᠥᠵᠢᠭ᠌ᠲᠦ ᠵᠦᠴᠦᠭᠡ 《ᠵᠣᠣ ᠵᠢᠶᠦ᠋ᠨ》 ᠱᠠᠨ ᠰᠢ ᠮᠤᠵᠢ ᠶ᠋ᠢᠨ ᠱᠢᠨ ᠵᠧᠦ ᠳ᠋ᠦ 2025 ᠣᠨ ᠤ᠋ ᠲᠣᠭᠣᠷᠢᠨ ᠲᠣᠭ᠍ᠯᠠᠯᠲᠠ ᠪᠠᠨ ᠡᠬᠢᠯᠡᠭᠦᠯᠪᠡ ᠃ ᠲᠣᠰ ᠵᠦᠴᠦᠭᠡ ᠨᠢ ᠦᠨᠳᠦᠰᠦᠲᠡᠨ ᠨᠤᠭᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤ᠋ᠨ ᠥᠯᠢᠭᠡᠷ ᠢ᠋ ᠶᠠᠷᠢᠵᠤ᠂ ᠤᠮᠠᠷᠠᠲᠤ ᠬᠢᠯᠢ ᠶ᠋ᠢᠨ ᠰᠣᠶᠣᠯ ᠤ᠋ᠨ ᠥᠪᠡᠷᠮᠢᠴᠡ ᠷᠢᠳᠢ ᠱᠢᠳᠢ ᠵᠢ ᠢᠯᠡᠷᠡᠭᠦᠯᠤᠨ᠂ ᠬᠥᠬᠡᠬᠣᠲᠠ ᠶ᠋ᠢᠨ ᠨᠡᠭᠡᠭᠡᠯᠲᠡᠲᠡᠶ ᠪᠠᠭ᠍ᠲᠠᠭᠠᠮᠵᠢᠲᠠᠶ ᠬᠣᠲᠠ ᠶ᠋ᠢᠨ ᠳᠦᠷᠢ ᠲᠥᠷᠬᠦ᠌ ᠵᠢ ᠤᠬᠠᠭᠤᠯᠬᠤ ᠶ᠋ᠢᠨ ᠬᠠᠮᠲᠤ ᠱᠠᠨ ᠰᠢ ᠶ᠋ᠢᠨ ᠦᠵᠡᠭ᠌ᠴᠢᠳ ᠲᠦ᠍ ᠰᠣᠶᠣᠯ ᠤ᠋ᠨ ᠦᠪᠡᠳᠡᠭ᠌ᠰᠢ ᠨᠠᠢᠷ ᠰᠤᠨᠢᠷᠬᠠᠭᠤᠯᠵᠠᠢ᠃ 《ᠪᠥᠵᠢᠭ᠌ᠲᠦ ᠵᠦᠴᠦᠭᠡ〈ᠵᠤᠤ ᠵᠢᠶᠦ᠋ᠨ〉 ᠢ᠋ ᠦᠵᠡᠭ᠌ᠡᠳ ᠰᠡᠳᠭᠢᠯ ᠶᠡᠬᠡᠳᠡ ᠳᠣᠭ᠍ᠳᠣᠯᠵᠤ᠂ ᠵᠤᠤ ᠵᠢᠶᠦ᠋ᠨ᠎ᠠᠷᠤ ᠭᠠᠵᠠᠷ ᠮᠤᠷᠳᠠᠭᠰᠠᠨ ᠬᠡᠮᠡᠬᠦ ᠰᠣᠩᠭᠣᠳᠠᠭ ᠦᠯᠢᠭᠡᠷ ᠤ᠋ᠨ ᠲᠤᠬᠠᠢ ᠥᠩᠭᠡᠷᠡᠭ᠌ᠰᠡᠨ ᠤ᠋ ᠬᠢ ᠡᠴᠡ ᠨᠡᠩ ᠭᠦᠨᠵᠡᠭᠡᠢ ᠣᠢᠯᠠᠭᠠᠯᠲᠠ ᠲᠦᠷᠦᠭ᠌ᠳᠡᠯ ᠲᠡᠶ ᠪᠣᠯᠵᠠᠢ ᠃ ᠵᠤᠤ ᠵᠢᠶᠦ᠋ᠨ ᠠᠷᠤ ᠭᠠᠵᠠᠷ ᠮᠤᠷᠳᠠᠭᠰᠠᠨ ᠶᠠᠪᠤᠳᠠᠯ ᠨᠢ ᠲᠡᠦᠬᠡ ᠶ᠋ᠢᠨ ᠦᠯᠢᠭᠡᠷ ᠪᠣᠯᠬᠤ ᠪᠠᠷ ᠪᠠᠷᠠᠬᠤ ᠦᠭᠡᠢ  ᠨᠡᠩ ᠴᠤ᠌ ᠦᠨᠳᠦᠰᠦᠲᠡᠨ ᠨᠤᠭᠦᠳ ᠤ᠋ᠨ ᠬᠣᠭᠣᠷᠣᠨᠳᠣᠬᠢ ᠠᠭᠤᠰᠤᠯᠴᠠᠯ ᠤ᠋ᠨ ᠠᠮᠢᠳᠤᠯᠢᠭ ᠵᠢᠷᠤᠭ᠍ᠯᠠᠯ ᠪᠣᠯᠤᠨ᠎ᠠ》 ᠭᠡᠵᠦ ᠲᠣᠭ᠍ᠯᠠᠯᠲᠠ ᠳᠠᠭᠤᠰᠤᠭ᠍ᠰᠠᠨ ᠤ᠋ ᠳᠠᠷᠠᠭ᠎ᠠ ᠲᠤᠬᠠᠢ ᠶ᠋ᠢᠨ ᠲᠠᠯᠠᠪᠠᠢ ᠶ᠋ᠢᠨ ᠦᠵᠡᠭ᠌ᠴᠢ ᠸᠠᠩ ᠠᠪᠠᠬᠠᠢ ᠬᠡᠯᠡᠨ᠎ᠠ ᠃

ᠰᠤᠷᠪᠤᠯᠵᠢᠯᠠᠭ᠍ᠴᠢ ᠬᠥᠬᠡᠬᠣᠲᠠ ᠶ᠋ᠢᠨ ᠱᠠᠨ ᠰᠢ ᠵᠦᠴᠦᠭᠡ ᠶ᠋ᠢᠨ ᠬᠦᠷᠢᠶᠡᠯᠡᠩ ᠡᠴᠡ ᠣᠢᠯᠠᠭᠠᠭ᠍ᠰᠠᠨ ᠢ᠋ᠶ᠋ᠠᠷ᠂ ᠬᠥᠬᠡᠬᠣᠲᠠ ᠶ᠋ᠢᠨ ᠭᠤᠤᠯᠳᠠᠯᠭ᠎ᠠ ᠲᠠᠶ ᠤᠳᠭ᠎ᠠ ᠤᠷᠠᠯᠢᠭ ᠤ᠋ᠨ ᠪᠦᠲᠦᠭᠡᠯ ᠪᠣᠯᠬᠤ ᠱᠠᠨ ᠰᠢ ᠵᠦᠴᠦᠭᠡ 《ᠡᠯᠡᠰᠦᠨ ᠴᠥᠯ ᠳ᠋ᠦ ᠬᠠᠪᠤᠷ ᠰᠠᠭᠠᠲᠠᠬᠤᠶ᠎ᠠ》 ᠨᠢ ᠣᠳᠣᠬᠠᠨ ᠳ᠋ᠦ ᠶᠠᠭ ᠪᠤᠯᠪᠠᠰᠤᠷᠠᠭᠤᠯᠤᠨ ᠰᠢᠯᠢᠳᠡᠭᠵᠢᠬᠦᠯᠬᠦ᠌ ᠱᠢᠨ᠎ᠡ ᠱᠠᠲᠤᠨ ᠳ᠋ᠦ ᠣᠷᠣᠪᠠ᠃ ᠡᠨᠡ ᠬᠦ᠌ ᠵᠦᠴᠦᠭᠡ ᠨᠢ ᠬᠣᠷᠢᠨᠭᠡᠷ ᠱᠢᠶᠠᠨ ᠤ᠋ ᠪᠠᠶ ᠡᠯ ᠶᠧ ᠶ᠋ᠢᠨ ᠡᠯᠡᠰᠦ ᠵᠠᠰᠠᠭ᠍ᠰᠠᠨ ᠦᠨᠡᠨ ᠪᠣᠳᠠᠲᠠᠶ ᠲᠡᠦᠬᠡ ᠵᠢ ᠦᠨᠳᠦᠰᠦᠯᠡᠨ ᠥᠭᠡᠷᠡᠴᠢᠯᠡᠨ ᠨᠠᠢᠷᠠᠭᠤᠯᠵᠤ᠂ ᠥᠪᠥᠷ ᠮᠣᠩᠭᠣᠯ ᠤ᠋ᠨ ᠡᠯᠡᠰᠦᠷᠬᠡᠭ᠌ᠵᠢᠯ ᠢ᠋ ᠰᠡᠷᠬᠡᠢᠯᠡᠨ ᠡᠯᠡᠰᠦ ᠵᠢ ᠵᠠᠰᠠᠭᠰᠠᠨ ᠬᠥᠮᠦᠰ ᠵᠠᠯᠠᠭᠤ ᠨᠠᠰᠤ ᠪᠠᠨ ᠡᠬᠡ ᠤᠯᠤᠰ ᠤ᠋ᠨ ᠤᠮᠠᠷᠠᠲᠤ ᠶ᠋ᠢᠨ ᠲᠦᠮᠡᠨ ᠭᠠᠵᠠᠷ ᠤ᠋ᠨ ᠨᠣᠮᠢᠨ ᠨᠣᠭᠣᠭᠠᠨ ᠣᠷᠳᠣ ᠴᠠᠭᠠᠨ ᠬᠡᠷᠡᠮ ᠪᠣᠯᠤᠨ ᠮᠠᠨ ᠤ᠋ ᠤᠯᠤᠰ ᠤ᠋ᠨ ᠤᠮᠠᠷᠠᠲᠤ ᠶ᠋ᠢᠨ ᠴᠢᠬᠤᠯᠠ ᠠᠮᠢ ᠠᠬᠤᠶ ᠶ᠋ᠢᠨ ᠠᠮᠤᠷ ᠲᠦᠪᠱᠢᠨ ᠤ᠋ ᠬᠠᠯᠬᠠᠪᠴᠢ ᠵᠢ ᠪᠠᠲᠤ ᠴᠣᠭ᠍ᠴᠠᠯᠠᠬᠤ ᠶ᠋ᠢᠨ ᠲᠥᠯᠥᠭᠡ ᠵᠤᠷᠢᠭᠤᠯᠤᠨ ᠲᠡᠮᠡᠴᠡᠭ᠌ᠰᠡᠨ ᠰᠡᠳᠭᠢᠯ ᠬᠥᠳᠡᠯᠭᠡᠮ᠎ᠡ ᠥᠯᠢᠭᠡᠷ ᠢ᠋ ᠠᠮᠢᠳᠤᠯᠢᠭ ᠢᠯᠡᠷᠡᠭᠦᠯᠵᠠᠢ᠃ 2024 ᠣᠨ ᠤ᠋ 5 ᠰᠠᠷ᠎ᠠ ᠶ᠋ᠢᠨ 9 ᠤ᠋ ᠡᠳᠦᠷ ᠠᠩᠬᠠᠨ ᠤ᠋ ᠲᠣᠭ᠍ᠯᠠᠯᠲᠠ ᠪᠠᠨ ᠭᠠᠷᠭᠠᠭ᠍ᠰᠠᠨ ᠤ᠋ ᠳᠠᠷᠠᠭ᠎ᠠ ᠨᠡᠢᠭᠡᠮ ᠨᠡᠢᠳᠡ ᠳ᠋ᠤ ᠬᠠᠯᠠᠭᠤᠨ ᠲᠤᠰᠬᠠᠯ ᠭᠠᠷᠪᠠ᠃

《ᠤᠮᠠᠷᠠᠲᠤ ᠬᠢᠯᠢ ᠶ᠋ᠢᠨ ᠰᠣᠶᠣᠯ ᠤ᠋ᠨ ᠪᠠᠢᠭᠤᠯᠤᠯᠲᠠ ᠵᠢ ᠳᠡᠭᠡᠭ᠌ᠰᠢᠯᠡᠭᠦᠯᠬᠦ᠌ ᠠᠵᠢᠯᠯᠠᠭ᠎ᠠ ᠵᠢ ᠭᠦᠨᠵᠡᠭᠡᠢ ᠠᠬᠢᠭᠤᠯᠬᠤ ᠳᠤᠮᠳᠠ ᠤᠳᠭ᠎ᠠ ᠤᠷᠠᠯᠢᠭ ᠰᠣᠶᠣᠯ ᠤ᠋ᠨ ᠵᠣᠬᠢᠶᠠᠨ ᠪᠦᠲᠦᠭᠡᠯᠭᠡ ᠶ᠋ᠢᠨ ᠰᠣᠳᠣᠨ ᠪᠦᠲᠦᠭᠡᠯ ᠢ᠋ ᠡᠭᠦᠳᠦᠨ ᠪᠦᠲᠦᠭᠡᠬᠦ᠌ ᠠᠵᠢᠯ ᠢ᠋ ᠰᠠᠢᠲᠤᠷ ᠠᠳᠭᠤᠬᠤ ᠨᠢ ᠲᠤᠢᠯ ᠤ᠋ᠨ ᠴᠢᠬᠤᠯᠠ ᠶᠤᠮ》 ᠭᠡᠵᠦ ᠬᠥᠬᠡᠬᠣᠲᠠ ᠶ᠋ᠢᠨ ᠨᠠᠮ ᠤ᠋ᠨ ᠬᠤᠷᠢᠶ᠎ᠠ ᠵᠢᠨ ᠤᠬᠠᠭᠤᠯᠬᠤ ᠬᠡᠯᠲᠡᠰ ᠤ᠋ᠨ ᠳᠥᠷᠪᠡᠳᠦᠭᠡᠷ ᠳᠡᠰ ᠤ᠋ᠨ ᠪᠠᠢᠴᠠᠭᠠᠨ ᠰᠤᠳᠤᠯᠤᠭ᠍ᠴᠢ ᠨᠢᠦ ᠰᠣ᠌ ᠱᠢᠶᠠᠨ ᠬᠡᠯᠡᠪᠠ᠃ ᠡᠭᠦᠨ ᠳ᠋ᠦ ᠬᠥᠬᠡᠬᠣᠲᠠ ᠲᠤᠰᠭᠠᠶ ᠪᠠᠯᠠ ᠮᠥᠩᠭᠥ᠌ ᠭᠠᠷᠭᠠᠨ ᠤᠳᠭ᠎ᠠ ᠤᠷᠠᠯᠢᠭ ᠤ᠋ᠨ ᠭᠤᠤᠯᠳᠠᠯᠭ᠎ᠠ ᠲᠠᠶ ᠲᠥᠷᠥᠯ ᠵᠦᠶ᠋ᠯ ᠢ᠋ ᠳᠡᠮᠵᠢᠵᠦ᠍᠂ ᠤᠳᠭ᠎ᠠ ᠤᠷᠠᠯᠢᠭ ᠤ᠋ᠨ ᠵᠣᠬᠢᠶᠠᠨ ᠪᠦᠲᠦᠭᠡᠯᠭᠡ ᠶ᠋ᠢᠨ ᠰᠠᠭᠤᠷᠢᠨ ᠪᠠᠢᠭᠤᠯᠤᠨ᠂ ᠡᠯ᠎ᠡ ᠲᠥᠷᠥᠯ ᠤ᠋ᠨ ᠤᠳᠭ᠎ᠠ ᠤᠷᠠᠯᠢᠭ ᠤ᠋ᠨ ᠵᠣᠬᠢᠶᠠᠨ ᠪᠦᠲᠦᠭᠡᠯᠭᠡ ᠶ᠋ᠢᠨ ᠪᠣᠯᠪᠠᠰᠤᠷᠠᠯ ᠤ᠋ᠨ ᠠᠩᠭᠢ ᠵᠡᠷᠭᠡ ᠵᠢ ᠡᠷᠭᠢᠯᠡᠵᠦ᠍᠂ ᠤᠳᠭ᠎ᠠ ᠤᠷᠠᠯᠢᠭ ᠤ᠋ᠨ ᠠᠵᠢᠯᠲᠠᠳ ᠲᠦ᠍ ᠥᠷᠭᠡᠨ ᠠᠭᠤᠳᠠᠮ ᠵᠣᠬᠢᠶᠠᠨ ᠪᠦᠲᠦᠭᠡᠯᠭᠡ ᠶ᠋ᠢᠨ ᠲᠠᠪᠴᠠᠩ ᠪᠠᠢᠭᠤᠯᠵᠤ ᠥᠭ᠌ᠴᠠᠢ᠃ ᠡᠭᠦᠨ ᠤ᠋ ᠬᠠᠮᠲᠤ ᠤᠳᠭ᠎ᠠ ᠤᠷᠠᠯᠢᠭ ᠤ᠋ᠨ ᠪᠦᠲᠦᠭᠡᠯ ᠢ᠋ ᠭᠠᠳᠠᠭᠰᠢ ᠭᠠᠷᠭᠠᠬᠤ ᠵᠢ ᠢᠳᠡᠪᠬᠢᠲᠡᠶ ᠳᠡᠮᠵᠢᠵᠦ᠂ ᠲᠣᠭᠣᠷᠢᠨ ᠲᠣᠭ᠍ᠯᠠᠬᠤ᠂ ᠳᠡᠯᠭᠡᠨ ᠦᠵᠡᠭᠦᠯᠬᠦ᠌᠂ ᠰᠣᠯᠢᠯᠴᠠᠬᠤ ᠵᠡᠷᠭᠡ ᠣᠯᠠᠨ ᠵᠦᠢᠯ ᠤ᠋ᠨ ᠬᠡᠯᠪᠡᠷᠢ ᠪᠡᠷ ᠤᠮᠠᠷᠠᠲᠤ ᠬᠢᠯᠢ ᠶ᠋ᠢᠨ ᠰᠣᠶᠣᠯ ᠤ᠋ᠨ ᠤᠯᠠᠮᠵᠢᠯᠠᠬᠤ ᠬᠦᠴᠦᠨ ᠪᠣᠯᠤᠨ ᠨᠥᠯᠥᠭᠡᠯᠡᠬᠦ᠌ ᠬᠦᠴᠦᠨ ᠢ᠋ ᠲᠠᠰᠤᠷᠠᠯᠲᠠ ᠤᠢ᠍ᠭᠡᠢ ᠳᠡᠭᠡᠭ᠌ᠰᠢᠯᠡᠭᠦᠯᠦᠭᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号