ᠥᠪᠥᠷ ᠮᠣᠩᠭᠣᠯ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ ᠤ᠋ᠨ ᠱᠢᠨ᠎ᠡ ᠵᠢ ᠡᠭᠦᠳᠬᠦ᠌ ᠪᠡᠷ ᠠᠵᠤ ᠦᠢᠯᠡᠰ ᠢ᠋ ᠬᠦᠳᠦᠯᠥᠨ ᠳᠠᠭᠠᠭᠤᠯᠵᠤ ᠱᠢᠨ᠎ᠡ ᠦᠨᠳᠦᠷᠴᠡ ᠳ᠋ᠤ ᠬᠦᠷᠭᠡᠨ᠎ᠠ᠃ ᠮᠠᠨᠤ ᠤᠯᠤᠰ ᠤᠤᠯ ᠨᠢ ᠰᠦᠨ ᠲᠡᠮᠦᠷᠲᠦ ᠤᠭᠤᠷᠠᠭ ᠢ᠋ ᠭᠤᠤᠯᠳᠠᠭᠤ ᠭᠠᠳᠠᠭᠠᠳᠤ ᠡᠴᠡ ᠤᠷᠤᠭᠤᠯᠬᠤ ᠳ᠋ᠸ᠋ ᠲᠦᠱᠢᠭ᠌ᠯᠡᠵᠦ᠍ ᠪᠠᠢᠪᠠ᠃ ᠣᠲᠣ ᠤᠯᠤᠰ ᠤ᠋ᠨ ᠰᠦ ᠶ᠋ᠢᠨ ᠦᠶ᠋ᠯᠡᠰ ᠤ᠋ᠨ ᠮᠡᠷᠭᠡᠵᠢᠯ ᠤ᠋ᠨ ᠱᠢᠨ᠎ᠡ ᠵᠢ ᠡᠭᠦᠳᠬᠦ᠌ ᠲᠥᠪ ᠡᠴᠡ 《ᠰᠦᠨ ᠲᠡᠮᠦᠷᠲᠦ ᠤᠭᠤᠷᠠᠭ ᠢ᠋ ᠬᠠᠨᠳᠤᠯᠭ᠎ᠠ ᠲᠠᠢ ᠪᠠᠷ ᠭᠠᠷᠭᠠᠨ ᠠᠪᠴᠤ᠌ ᠬᠠᠮᠠᠭᠠᠯᠠᠬᠤ ᠮᠡᠷᠭᠡᠵᠢᠯ》 ᠢ᠋ ᠠᠮᠵᠢᠯᠲᠠ ᠲᠠᠢ ᠰᠤᠳᠤᠯᠤᠨ ᠨᠡᠭᠡᠭᠡᠵᠦ᠍᠂ ᠭᠠᠳᠠᠭᠠᠳᠤ ᠡᠴᠡ ᠤᠷᠤᠭᠤᠯᠬᠤ ᠳ᠋ᠤ ᠲᠦᠱᠢᠭ᠌ᠯᠡᠵᠦ ᠪᠠᠢᠬᠰᠠᠨ ᠪᠠᠢᠳᠠᠯ ᠢ᠋ ᠦᠨᠳᠦᠰᠦᠨ ᠡᠴᠡ ᠨᠢ ᠬᠤᠪᠢᠷᠠᠭᠤᠯᠵᠤ ᠪᠠᠢᠨ᠎ᠠ᠃ ᠤᠯᠤᠰ ᠤ᠋ᠨ ᠪᠠᠢᠯᠳᠤᠬᠤ ᠪᠤᠳᠤᠯᠭ᠎ᠠ ᠵᠢ ᠪᠡᠶᠡᠯᠡᠭᠦᠯᠬᠦ᠌ ᠴᠢᠬᠤᠯᠠ ᠠᠴᠢᠶᠠᠯᠠᠪᠤᠷᠢ ᠪᠣᠯᠤᠭ᠍ᠰᠠᠨ ᠤ᠋ ᠬᠤᠪᠢ ᠳ᠋ᠤ᠂ ᠤᠯᠤᠰ ᠤ᠋ᠨ ᠲᠡᠰ ᠤ᠋ᠨ ᠱᠢᠨ᠎ᠡ ᠵᠢ ᠡᠭᠦᠳᠬᠦ᠌ ᠲᠠᠪᠴᠠᠩ ᠪᠣᠯ ᠪᠡᠬᠢᠯᠡᠯᠲᠡ ᠵᠢ ᠡᠪᠳᠡᠬᠦ᠌᠂ ᠠᠵᠤ ᠦᠢᠯᠡᠰ ᠤ᠋ᠨ ᠬᠥᠭ᠌ᠵᠢᠯᠲᠡ ᠵᠢ ᠬᠦᠳᠦᠯᠥᠨ ᠳᠠᠭᠠᠭᠤᠯᠬᠤ ᠵᠠᠩᠭᠢᠯᠠᠭ᠎ᠠ ᠪᠣᠯᠤᠨ᠎ᠠ᠃
ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠳ᠋ᠤ ᠲᠠᠪᠴᠠᠩ ᠤ᠋ᠨ ᠪᠠᠢᠭᠤᠯᠤᠯᠲᠠ ᠵᠢ ᠤᠷᠢᠳ ᠢ᠋ᠶ᠋ᠡᠷ ᠬᠡᠷᠡᠭ᠌ᠵᠢᠭᠦᠯᠪᠡ᠃ 2024 ᠣᠨ ᠢ᠋ ᠡᠷᠭᠢᠴᠡᠭᠦᠯᠪᠡᠯ᠂ ᠥᠪᠥᠷ ᠮᠣᠩᠭᠣᠯ ᠲᠠᠪᠤᠨ ᠶᠡᠬᠡ ᠡᠭᠦᠷᠭᠡ ᠶ᠋ᠢᠨ ᠲᠣᠭᠣᠷᠢᠨ ᠳ᠋ᠤ᠂ ᠪᠣᠭᠣᠮᠲᠠ ᠱᠢᠪᠲᠤᠯᠬᠤ ᠠᠷᠭ᠎ᠠ ᠬᠡᠮᠵᠢᠶ᠎ᠡ ᠪᠡᠷ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠵᠢ ᠠᠬᠢᠭᠤᠯᠵᠤ᠂ ᠣᠷᠣᠨ ᠪᠦᠰᠡ ᠶ᠋ᠢᠨ ᠱᠢᠨ᠎ᠡ ᠵᠢ ᠡᠭᠦᠳᠬᠦ᠌ ᠲᠠᠪᠴᠠᠩ ᠠᠴᠢᠶᠠᠯᠠᠪᠤᠷᠢ ᠶ᠋ᠢᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠠᠵᠢᠯᠯᠠᠭ᠎ᠠ ᠵᠢ ᠲᠦᠷᠭᠡᠳᠭᠡᠨ ᠬᠡᠷᠡᠭ᠌ᠵᠢᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠲᠠᠪᠴᠠᠩ ᠤ᠋ᠨ ᠪᠠᠢᠷᠢᠱᠢᠭᠤᠯᠤᠯᠲᠠ ᠵᠢ ᠱᠢᠯᠢᠳᠡᠭ᠌ᠵᠢᠭᠦᠯᠵᠦ᠍᠂ ᠱᠢᠨ᠎ᠡ ᠵᠢ ᠡᠭᠦᠳᠬᠦ᠌ ᠲᠠᠪᠴᠠᠩ ᠢ᠋ ᠱᠢᠯᠢᠳᠡᠭ᠌ᠵᠢᠭᠦᠯᠦᠨ ᠬᠦᠴᠦᠷᠬᠡᠭ᠌ᠵᠢᠭᠦᠯᠬᠦ᠌᠂ ᠱᠢᠨ᠎ᠡ ᠵᠢ ᠡᠭᠦᠳᠬᠦ᠌ ᠡᠬᠢ ᠪᠠᠶᠠᠯᠢᠭ ᠢ᠋ ᠲᠥᠪᠯᠡᠷᠡᠭᠦᠯᠬᠦ᠌᠂ ᠵᠠᠩᠭᠢᠯᠠᠭ᠎ᠠ ᠶ᠋ᠢᠨ ᠭᠣᠣᠯᠯᠠᠬᠤ ᠮᠡᠷᠭᠡᠵᠢᠯ ᠤ᠋ᠨ ᠪᠣᠭᠣᠮᠲᠠ ᠱᠢᠪᠲᠤᠯᠬᠤ ᠵᠡᠷᠭᠡ ᠲᠠᠯ᠎ᠠ ᠪᠡᠷ ᠢᠳᠡᠪᠬᠢᠲᠡᠶ ᠦᠷ᠎ᠡ ᠪᠦᠲᠦᠮᠵᠢ ᠤᠯᠪᠠ᠃ ᠣᠨᠴᠠ ᠲᠥᠷᠥᠯ ᠤ᠋ᠨ ᠲᠡᠷᠭᠡ ᠵᠢ ᠵᠢᠷᠤᠵᠤ ᠲᠥᠯᠥᠪᠯᠡᠨ ᠦᠶ᠋ᠯᠡᠳᠬᠦ᠌ ᠬᠤᠷᠠᠮᠠᠯ ᠮᠡᠷᠭᠡᠵᠢᠯ ᠤ᠋ᠨ ᠪᠥᠬᠥ᠌ ᠤᠯᠤᠰ ᠤ᠋ᠨ ᠭᠤᠤᠯᠳᠠᠯᠭ᠎ᠠ ᠲᠠᠢ ᠲᠤᠷᠱᠢᠯᠲᠠ ᠶ᠋ᠢᠨ ᠲᠠᠰᠤᠭ 《 ᠳᠡᠭᠡᠳᠦ ᠴᠢᠯᠥᠭᠡᠲᠦ ᠬᠡᠮᠵᠢᠶᠡᠨᠦ ᠳᠦᠷᠰᠦ ᠬᠤᠪᠢᠷᠠᠵᠤ ᠪᠣᠯᠬᠤ ᠬᠥᠮᠦᠨ ᠥᠬᠡᠶ ᠲᠠᠪᠴᠠᠩ ᠤ᠋ᠨ ᠵᠠᠩᠭᠢᠯᠠᠭ᠎ᠠ ᠶ᠋ᠢᠨ ᠮᠡᠷᠭᠡᠵᠢᠯ》 ᠤ᠋ᠨ ᠪᠤᠭᠤᠮᠲᠠ ᠵᠢ ᠱᠢᠪᠲᠤᠯᠵᠤ ᠤᠯᠤᠰ ᠤ᠋ᠨ ᠳᠣᠲᠣᠭᠠᠳᠤ ᠶ᠋ᠢᠨ ᠬᠣᠭᠣᠰᠣᠨ ᠢ᠋ ᠨᠥᠬᠥᠪᠥᠷᠢᠯᠡᠪᠡ ; ᠪᠠᠶᠠᠠᠠᠤᠪᠤᠭ᠎ᠠ ᠵᠢᠨ ᠬᠣᠪᠣᠷ ᠱᠢᠷᠣᠶ ᠶ᠋ᠢᠨ ᠡᠬᠢ ᠪᠠᠶᠠᠯᠢᠭ ᠢ᠋ ᠰᠤᠳᠤᠯᠬᠤ ᠪᠠ ᠶᠡᠷᠦᠩᠬᠡᠢᠯᠡᠨ ᠠᠱᠢᠭ᠍ᠯᠠᠬᠤ ᠪᠥᠬᠥ᠌ ᠤᠯᠤᠰ ᠤ᠋ᠨ ᠭᠤᠤᠯᠳᠠᠯᠭ᠎ᠠ ᠲᠠᠢ ᠲᠤᠷᠱᠢᠯᠲᠠ ᠶ᠋ᠢᠨ ᠲᠠᠰᠤᠭ ᠤ᠋ᠨ 《 ᠬᠣᠯᠢᠮᠠᠭ ᠬᠣᠪᠣᠷ ᠱᠢᠷᠣᠶ ᠶ᠋ᠢᠨ ᠨᠠᠷᠢᠯᠢᠭ ᠬᠦᠳᠡᠷ ᠤ᠋ᠨ ᠬᠦᠴᠢᠯ ᠱᠦᠯᠲᠦ᠍ ᠵᠢ ᠵᠤᠬᠢᠴᠠᠭᠤᠯᠬᠤ ᠪᠠᠷ ᠳᠠᠮᠵᠢᠨ ᠵᠠᠳᠠᠷᠠᠭᠤᠯᠬᠤ ᠵᠠᠩᠭᠢᠯᠠᠭ᠎ᠠ ᠶ᠋ᠢᠨ ᠮᠡᠷᠭᠡᠵᠢᠯ 》 ᠤ᠋ᠨ ᠣᠯᠠᠨ ᠵᠦᠶ᠋ᠯ ᠤ᠋ᠨ ᠭᠦᠶ᠋ᠴᠡᠳᠭᠡᠯ ᠲᠣᠭ᠎ᠠ ᠣᠯᠠᠨ ᠤᠯᠤᠰ ᠤ᠋ᠨ ᠲᠡᠷᠢᠭᠦᠨᠦ ᠲᠦᠪᠰᠢᠨᠳᠤ ᠬᠦᠷᠪᠡ ; ᠬᠣᠪᠣᠷ ᠱᠢᠷᠣᠶ ᠶ᠋ᠢᠨ ᠱᠢᠨ᠎ᠡ ᠮᠠᠲ᠋ᠧᠷᠢᠶᠠᠯ ᠤ᠋ᠨ ᠮᠡᠷᠭᠡᠵᠢᠯ ᠤ᠋ᠨ ᠱᠢᠨ᠎ᠡ ᠵᠢ ᠡᠭᠦᠳᠬᠦ᠌ ᠲᠥᠪ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ 《 ᠱᠢᠪᠲᠤᠯᠤᠯᠲᠠ 》 ᠶ᠋ᠢᠨ ᠢᠨᠵᠧᠨᠧᠷᠢᠩ ᠤ᠋ᠨ ᠪᠣᠭᠣᠮᠲᠠ ᠱᠢᠪᠲᠤᠯᠬᠤ ᠳ᠋ᠤ ᠪᠥᠬᠥ᠌ ᠲᠠᠯ᠎ᠠ ᠪᠡᠷ ᠣᠷᠣᠯᠴᠠᠵᠤ᠂ 12 ᠵᠢᠱ᠌ᠢᠶ᠎ᠡ ᠦᠵᠡᠭᠦᠯᠬᠦ᠌ ᠱᠤᠭᠤᠮ ᠢ᠋ ᠲᠦᠷᠭᠡᠳᠭᠡᠨ ᠠᠭᠢᠭᠤᠯᠪᠠ ᠁ ᠤᠯᠤᠰ ᠤ᠋ᠨ ᠲᠠᠰ ᠤ᠋ᠨ ᠱᠢᠨ᠎ᠡ ᠵᠢ ᠡᠭᠦᠳᠬᠦ᠌ ᠲᠠᠪᠴᠠᠩ ᠤ᠋ᠨ 《ᠲᠦᠷᠦᠭᠦᠴᠢ ᠭᠠᠯᠠᠭᠤ》 ᠶ᠋ᠢᠨ ᠦᠢᠯᠡᠳᠦᠯ ᠲᠣᠪᠣᠢᠮ᠎ᠠ ᠪᠣᠯᠵᠣ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠪᠦᠬᠦᠯᠢ ᠴᠣᠭ᠍ᠴᠠ ᠶ᠋ᠢᠨ ᠪᠣᠳᠠᠲᠤ ᠬᠦᠴᠦᠨ ᠢᠯᠡᠳᠲᠡ ᠳᠡᠭᠡᠭ᠌ᠰᠢᠯᠡᠪᠡ᠃
ᠡᠭᠦᠨᠦ ᠬᠠᠮᠲᠤ᠂ ᠮᠠᠨ ᠤ᠋ ᠣᠷᠣᠨ ᠳᠡᠭᠡᠳᠦ ᠱᠢᠨ᠎ᠡ ᠮᠡᠷᠭᠡᠵᠢᠯ ᠤ᠋ᠨ ᠲᠣᠭᠣᠷᠢᠭ ᠤ᠋ᠨ 《ᠶᠠᠰᠤ ᠴᠢᠨᠠᠷ ᠢ᠋ ᠳᠡᠭᠡᠭᠰᠢᠯᠡᠭᠦᠯᠦᠨ ᠤᠷᠤᠨ ᠳᠡᠪᠱᠢᠭᠦᠯᠬᠦ》᠂ 《 ᠱᠢᠯᠢᠳᠡᠭ ᠢ᠋ ᠪᠣᠢᠵᠢᠭᠤᠯᠬᠤ ᠵᠢ ᠠᠬᠢᠭᠤᠯᠬᠤ 》 ᠠᠵᠢᠯᠯᠠᠭ᠎ᠠ ᠵᠢ ᠭᠦᠨᠵᠡᠭᠡᠶ ᠬᠡᠷᠡᠭ᠌ᠵᠢᠭᠦᠯᠵᠦ᠍᠂ ᠥᠪᠡᠷᠲᠡᠭᠡᠨ ᠵᠠᠰᠠᠬᠤ ᠣᠷᠣᠨ ᠤ᠋ ᠲᠠᠰ ᠤ᠋ᠨ ᠱᠢᠨ᠎ᠡ ᠵᠢ ᠡᠭᠦᠳᠬᠦ᠌ ᠲᠠᠪᠴᠠᠩ ᠤ᠋ᠨ ᠤᠯᠤᠰ ᠤ᠋ᠨ ᠱᠢᠰᠲ᠋ᠧᠮᠲᠡᠶ ᠢᠳᠡᠪᠬᠢᠲᠡᠶ ᠠᠭᠤᠰᠤᠯᠴᠠᠬᠤ ᠵᠢ ᠠᠬᠢᠭᠤᠯᠪᠠ᠃ ᠳᠠᠯᠠᠨ ᠬᠠᠷ᠎ᠠ ᠠᠭᠤᠯᠠ ᠲᠤᠷᠱᠢᠯᠲᠠ ᠶ᠋ᠢᠨ ᠲᠠᠰᠤᠭ᠂ ᠣᠷᠳᠣᠰ ᠲᠤᠷᠱᠢᠯᠲᠠ ᠶ᠋ᠢᠨ ᠲᠠᠰᠤᠭ ᠵᠡᠷᠭᠡ ᠨᠢᠭᠡ ᠪᠦᠯᠦᠭ ᠳᠡᠭᠡᠳᠦ ᠴᠢᠳᠠᠪᠬᠢᠲᠤ ᠱᠢᠨ᠎ᠡ ᠵᠢ ᠡᠭᠦᠳᠬᠦ᠌ ᠲᠠᠪᠴᠠᠩ ᠤᠰᠤᠲᠥ᠋ᠷᠥᠭ᠌ᠴᠢ ᠡᠨᠧᠷᠭᠢ ᠪᠡᠷ ᠡᠨ᠋ᠸᠷᠬᠢ ᠨᠦᠬᠡᠴᠡᠯᠡᠬᠦ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠳ᠋ᠤ ᠠᠩᠬᠠᠷᠤᠯ ᠢ᠋ᠶ᠋ᠡᠨ ᠲᠥᠪᠯᠡᠷᠡᠭᠦᠯᠵᠦ᠍᠂ 《 ᠰᠠᠭᠤᠷᠢ ᠰᠤᠳᠤᠯᠭᠠᠨ — ᠮᠡᠷᠭᠡᠵᠢᠯ ᠰᠤᠳᠤᠯᠤᠨ ᠨᠡᠭᠡᠭᠡᠬᠦ᠌ — ᠤᠨᠳᠤᠤᠰᠢᠭᠤᠯᠤᠨ ᠠᠰᠢᠬᠯᠠᠬᠤ — ᠦᠶ᠋ᠯᠡᠳᠪᠦᠷᠢᠯᠡᠯ ᠡᠵᠡᠩᠨᠡᠯᠲᠡ 》 ᠶ᠋ᠢᠨ ᠬᠡᠯᠬᠢᠶ᠎ᠡ ᠵᠢ ᠪᠥᠬᠥ᠌ ᠲᠠᠯ᠎ᠠ ᠪᠡᠷ ᠨᠡᠪᠲᠡᠷᠡᠭᠦᠯᠵᠦ᠍᠂ ᠪᠣᠳᠠᠲᠤ ᠴᠣᠭ᠍ᠴᠠᠵᠢᠭᠤᠯᠤᠬᠰᠠᠨ ᠠᠵᠢᠯᠯᠠᠭᠠᠨ ᠢ᠋ ᠪᠡᠶᠡᠯᠡᠭᠦᠯᠪᠡ᠃
《ᠮᠠᠨ ᠤ᠋ ᠰᠤᠳᠤᠯᠤᠨ ᠨᠡᠭᠡᠭᠡᠭ᠌ᠰᠡᠨ ᠡᠯᠡᠰᠦᠷᠬᠡᠭ ᠭᠠᠵᠠᠷ ᠤ᠋ᠨ ᠦᠷ᠎ᠡ ᠶ᠋ᠢᠨ ᠲᠠᠭᠠᠷᠴᠤᠭ ᠢ᠋ ᠬᠡᠷᠡᠭ᠌ᠯᠡᠭ᠌ᠰᠡᠨᠦ ᠳᠠᠷᠠᠭ᠎ᠠ ᠵᠠᠰᠠᠨ ᠰᠡᠷᠭᠦᠭᠡᠬᠦ᠌ ᠣᠷᠣᠨ ᠤ᠋ ᠤᠷᠭᠤᠮᠠᠯ ᠤ᠋ᠨ ᠬᠤᠴᠢᠯᠭ᠎ᠠ ᠶ᠋ᠢᠨ ᠪᠦᠷᠬᠦᠴᠡ 35% ᠵᠢᠡᠷ ᠳᠡᠭᠡᠭ᠌ᠰᠢᠯᠡᠵᠦ᠍᠂ ᠣᠯᠠᠨ ᠨᠠᠰᠤᠲᠤ ᠤᠷᠭᠤᠮᠠᠯ ᠤ᠋ᠨ ᠡᠵᠡᠯᠡᠬᠦ᠌ ᠬᠠᠷᠢᠴᠠᠯ 40% ᠵᠢᠡᠷ ᠳᠡᠭᠡᠭ᠌ᠰᠢᠯᠡᠵᠦ᠍᠂ ᠨᠤᠲᠤᠭ ᠪᠡᠯᠴᠢᠭᠡᠷ ᠤ᠋ᠨ ᠨᠡᠭᠦᠷᠡᠰᠦᠲᠥ᠋ᠷᠥᠭ᠌ᠴᠢ ᠵᠢ ᠪᠢᠲᠡᠭᠦᠮᠵᠢᠯᠡᠨ ᠬᠠᠳᠠᠭᠠᠯᠠᠬᠤ ᠴᠢᠳᠠᠪᠤᠷᠢ ᠶᠡᠬᠡ ᠪᠡᠷ ᠳᠡᠭᠡᠭ᠌ᠰᠢᠯᠡᠵᠦ᠍᠂ ᠬᠥᠷᠥᠰᠥ᠍ ᠱᠢᠷᠣᠶ ᠶ᠋ᠢᠨ ᠢᠳᠡᠭ᠌ᠳᠡᠯ ᠢ᠋ ᠪᠠᠭᠠᠰᠭᠠᠬᠤ᠂ ᠲᠡᠵᠢᠭᠡᠯ ᠡᠪᠡᠰᠦᠨᠦ ᠲᠥᠷᠥᠯ ᠵᠦᠶ᠋ᠯ ᠢ᠋ ᠨᠥᠬᠥᠪᠥᠷᠢᠯᠡᠬᠦ᠌᠂ ᠡᠯᠡᠰᠦ ᠵᠢ ᠲᠣᠭ᠍ᠲᠠᠪᠤᠷᠢᠵᠢᠭᠤᠯᠬᠤ ᠪᠠ ᠭᠠᠵᠠᠷ ᠰᠢᠷᠤᠢ ᠶ᠋ᠢᠨ ᠦᠶ᠋ᠯᠡᠳᠪᠦᠷᠢᠯᠡᠯ ᠤ᠋ᠨ ᠬᠦᠴᠦᠨ ᠢ᠋ ᠳᠡᠭᠡᠭ᠌ᠰᠢᠯᠡᠭᠦᠯᠬᠦ᠌ ᠵᠡᠷᠭᠡ ᠲᠠᠯ᠎ᠠ ᠪᠠᠷ ᠦᠷ᠎ᠡ ᠪᠦᠲᠦᠮᠵᠢ ᠤᠯᠪᠠ》᠃ 1 ᠰᠠᠷ᠎ᠠ ᠶ᠋ᠢᠨ 17 ᠤ᠋ ᠡᠳᠦᠷ᠂ ᠳᠤᠮᠳᠠᠳᠤ ᠤᠯᠤᠰ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠨᠡᠢᠭᠡᠮᠯᠢᠭ ᠡᠴᠡ ᠭᠤᠤᠯᠯᠠᠨ ᠡᠷᠭᠢᠯᠡᠭ᠌ᠰᠡᠨ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠠᠵᠤ ᠠᠬᠤᠢᠯᠠᠯ ᠤ᠋ᠨ ᠺᠤᠹᠸ ᠵᠢᠨ ᠲᠢᠩᠬᠢᠮ 》 ᠤ᠋ᠨ ᠠᠩᠬᠠᠨ ᠤ᠋ ᠠᠵᠢᠯᠯᠠᠭ᠎ᠠ ᠳᠡᠭᠡᠷ᠎ᠡ᠂ ᠤᠯᠤᠰ ᠤ᠋ᠨ ᠡᠪᠡᠰᠦᠨᠦ ᠦᠶ᠋ᠯᠡᠰ ᠤ᠋ᠨ ᠮᠡᠷᠭᠡᠵᠢᠯ ᠤ᠋ᠨ ᠱᠢᠨ᠎ᠡ ᠵᠢ ᠡᠭᠦᠳᠬᠦ᠌ ᠲᠥᠪ ᠡᠴᠡ 《 ᠤᠮᠠᠷᠠᠲᠤ ᠶ᠋ᠢᠨ ᠭᠤᠷᠪᠠᠨ ᠣᠷᠣᠨ》 ᠤ᠋ ᠢᠨᠵᠧᠨᠧᠷᠢᠩ ᠤ᠋ᠨ ᠱᠢᠨ᠎ᠡ ᠵᠢ ᠡᠭᠦᠳᠦᠭ᠌ᠰᠡᠨ ᠦᠶ᠋ᠯᠡᠳᠬᠦᠨ ᠪᠤᠯᠬᠤ ᠡᠯᠡᠰᠦᠷᠬᠡᠭ ᠭᠠᠵᠠᠷ ᠤ᠋ᠨ ᠦᠷ᠎ᠡ ᠶ᠋ᠢᠨ ᠲᠠᠭᠠᠷᠴᠤᠭ ᠢ᠋ ᠠᠩᠬ᠎ᠠ ᠨᠡᠢᠲᠡᠯᠡᠪᠡ᠃
《 ᠤᠯᠤᠰ ᠤ᠋ᠨ ᠡᠪᠡᠰᠦᠨᠦ ᠦᠶ᠋ᠯᠡᠰ ᠤ᠋ᠨ ᠮᠡᠷᠭᠡᠵᠢᠯ ᠤ᠋ᠨ ᠱᠢᠨ᠎ᠡ ᠵᠢ ᠡᠭᠦᠳᠬᠦ᠌ ᠲᠥᠪ ᠡᠴᠡ ᠳᠤᠮᠳᠠᠳᠤ ᠤᠯᠤᠰ ᠤ᠋ᠨ ᠢᠨᠵᠧᠨᠧᠷᠢᠩ ᠤ᠋ᠨ ᠬᠦᠷᠢᠶᠡᠯᠡᠩ ᠤ᠋ᠨ ᠠᠺᠠᠳᠧᠮᠢᠴᠢ ᠹᠧᠩ ᠴᠢ ᠵᠢ ᠤᠷᠢᠵᠤ ᠡᠷᠬᠢᠯᠡᠭ᠌ᠴᠢ ᠶ᠋ᠢᠨ ᠲᠤᠱᠢᠶᠠᠯ ᠢ᠋ ᠡᠭᠦᠷᠭᠡᠯᠡᠭᠦᠯᠵᠦ᠍᠂ ᠣᠳᠣᠬᠠᠨ ᠳ᠋ᠤ ᠨᠢᠭᠡᠨᠲᠡ ᠪᠣᠳᠠᠲᠤ ᠴᠣᠭ᠍ᠴᠠᠵᠢᠭᠤᠯᠤᠭ᠍ᠰᠠᠨ ᠠᠵᠢᠯᠯᠠᠭᠠᠨ ᠳ᠋ᠤ ᠣᠷᠣᠵᠤ᠂ ᠤᠳᠤ ᠶᠠᠭ 3.67 ᠲᠦᠮᠡᠨ ᠲᠡᠭ᠌ᠰᠢ ᠳᠥᠷᠪᠡᠯᠵᠢᠨ ᠮᠧᠲ᠋ᠷ ᠪᠥᠬᠥᠶ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠶᠡᠷᠦᠩᠬᠡᠢᠯᠡᠭ᠌ᠰᠡᠨ ᠠᠰᠠᠷ ᠢ᠋ ᠱᠠᠯᠠᠪᠳᠠᠨ ᠪᠠᠢᠭᠤᠯᠵᠤ ᠪᠣᠶ᠂ ᠪᠠᠢᠭᠤᠯᠵᠤ ᠳᠠᠭᠤᠰᠤᠭ᠍ᠰᠠᠨ ᠤ᠋ ᠳᠠᠷᠠᠭ᠎ᠠ 500 ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠠᠵᠢᠯᠲᠠᠳ ᠬᠠᠮᠲᠤ ᠪᠠᠷ ᠮᠡᠷᠭᠡᠵᠢᠯ ᠤ᠋ᠨ ᠪᠣᠭᠣᠮᠲᠠ ᠱᠢᠪᠲᠤᠯᠬᠤ ᠠᠵᠢᠯ ᠥᠷᠨᠢᠭᠦᠯᠵᠦ᠍ ᠪᠣᠯᠤᠨ᠎ᠠ》 ᠭᠡᠵᠦ ᠤᠯᠤᠰ ᠤ᠋ᠨ ᠡᠪᠡᠰᠦᠨᠦ ᠦᠶ᠋ᠯᠡᠰ ᠤ᠋ᠨ ᠮᠡᠷᠭᠡᠵᠢᠯ ᠤ᠋ᠨ ᠱᠢᠨ᠎ᠡ ᠵᠢ ᠡᠭᠦᠳᠬᠦ᠌ ᠲᠥᠪ ᠤ᠋ᠨ ᠬᠠᠮᠢᠶ᠎ᠠ ᠪᠥᠬᠥᠶ ᠬᠠᠷᠢᠭᠤᠴᠠᠯᠭᠠᠲᠠᠨ ᠲᠠᠨᠢᠯᠴᠠᠭᠤᠯᠪᠠ᠃ ᠲᠡᠷᠡ ᠪᠠᠰᠠ᠄ 《 ᠪᠢᠳᠡ 〈 ᠲᠠᠪᠴᠠᠩ ᠪᠠᠢᠭᠤᠯᠬᠤ 〉 ᠪᠠ 〈 ᠴᠢᠳᠠᠮᠵᠢ ᠵᠢ ᠴᠢᠩᠭᠠᠳᠭᠠᠬᠤ 〉 ᠵᠢ ᠵᠡᠷᠭᠡ ᠪᠡᠷ ᠠᠬᠢᠭᠤᠯᠵᠤ᠂ ᠰᠤᠳᠤᠯᠤᠨ ᠨᠡᠭᠡᠭᠡᠭ᠌ᠰᠡᠨ ᠨᠢᠭᠡ ᠪᠦᠯᠦᠭ ᠱᠢᠨ᠎ᠡ ᠲᠥᠷᠥᠯ ᠵᠦᠶ᠋ᠯ᠂ ᠱᠢᠨ᠎ᠡ ᠮᠡᠷᠭᠡᠵᠢᠯ᠂ ᠱᠢᠨ᠎ᠡ ᠲᠣᠨᠣᠭ᠍ᠯᠠᠯ ᠢ᠋ ᠣᠳᠣᠬᠠᠨ ᠳ᠋ᠤ ᠨᠢᠭᠡᠨᠲᠡ 〈ᠤᠮᠠᠷᠠᠲᠤ ᠶ᠋ᠢᠨ ᠭᠤᠷᠪᠠᠨ ᠣᠷᠣᠨ 〉 ᠤ᠋ ᠡᠯᠡᠰᠦᠷᠬᠡᠭ᠌ᠵᠢᠯ ᠢ᠋ ᠰᠡᠷᠭᠡᠢᠯᠡᠨ ᠡᠯᠡᠰᠦ ᠵᠢ ᠵᠠᠰᠠᠬᠤ ᠢᠨᠵᠧᠨᠧᠷᠢᠩ ᠳ᠋ᠤ ᠬᠡᠷᠡᠭ᠌ᠯᠡᠭᠡᠨᠦ ᠵᠢᠱ᠌ᠢᠶ᠎ᠡ ᠦᠵᠡᠭᠦᠯᠬᠦ᠌ ᠵᠢ ᠪᠡᠶᠡᠯᠡᠭᠦᠯᠪᠡ᠃ ᠤᠯᠤᠰ ᠤ᠋ᠨ ᠡᠪᠡᠰᠦᠨᠦ ᠦᠶ᠋ᠯᠡᠰ ᠤ᠋ᠨ ᠮᠡᠷᠭᠡᠵᠢᠯ ᠤ᠋ᠨ ᠱᠢᠨ᠎ᠡ ᠵᠢ ᠡᠭᠦᠳᠬᠦ᠌ ᠲᠥᠪ ᠪᠥᠬᠥ᠌ ᠤᠯᠤᠰ ᠤ᠋ᠨ ᠳᠠᠪᠠᠭᠤᠯᠢᠭ ᠬᠦᠴᠦᠨ ᠢ᠋ ᠨᠢᠭ᠍ᠲᠠᠷᠠᠭᠤᠯᠵᠤ᠂ ᠡᠪᠡᠰᠦᠨᠦ ᠦᠶ᠋ᠯᠡᠰ ᠤ᠋ᠨ ᠬᠦᠷᠢᠶᠡᠨ ᠳ᠋ᠡᠬᠢ ᠬᠥᠲᠥᠯᠥᠨ ᠳᠠᠭᠠᠭᠤᠯᠬᠤ ᠴᠢᠨᠠᠷᠲᠠᠶ᠂ ᠱᠢᠪᠲᠤᠯᠤᠯᠲᠠ ᠶ᠋ᠢᠨ ᠴᠢᠨᠠᠷᠲᠠᠶ ᠪᠠ ᠬᠤᠪᠢᠰᠤᠯᠲᠠ ᠶ᠋ᠢᠨ ᠴᠢᠨᠠᠷᠲᠠᠶ ᠵᠠᠩᠭᠢᠯᠠᠭ᠎ᠠ ᠶ᠋ᠢᠨ ᠮᠡᠷᠭᠡᠵᠢᠯ ᠤ᠋ᠨ ᠪᠤᠭᠤᠮᠲᠠ ᠱᠢᠪᠲᠤᠯᠵᠤ᠂ ᠮᠠᠨ ᠤ᠋ ᠤᠯᠤᠰ ᠤ᠋ᠨ ᠡᠪᠡᠰᠦᠨᠦ ᠦᠶ᠋ᠯᠡᠰ ᠤ᠋ᠨ ᠬᠦᠴᠦᠷᠬᠡᠭ ᠤᠯᠤᠰ ᠢ᠋ ᠪᠥᠲᠥᠭᠡᠨ ᠪᠠᠢᠭᠤᠯᠬᠤ ᠳ᠋ᠤ ᠬᠦᠴᠦᠨ ᠨᠡᠮᠡᠷᠢᠯᠡᠨ᠎ᠡ》 ᠭᠡᠯ᠎ᠠ᠃
ᠣᠢᠷ᠎ᠠ ᠶ᠋ᠢᠨ ᠵᠢᠯ ᠡᠴᠡ ᠨᠠᠭᠠᠰᠢ᠂ ᠠᠵᠤ ᠦᠶ᠋ᠯᠡᠰ ᠤ᠋ᠨ ᠬᠡᠷᠡᠭ᠌ᠴᠡᠭᠡ ᠳ᠋ᠤ ᠬᠠᠨᠳᠤᠭᠤᠯᠤᠨ᠂ ᠥᠪᠥᠷ ᠮᠣᠩᠭᠣᠯ ᠪᠥᠬᠥ᠌ ᠣᠷᠣᠨ ᠤ᠋ ᠬᠦᠴᠦᠨ ᠢ᠋ ᠳᠠᠢᠴᠢᠯᠠᠨ ᠴᠢᠬᠤᠯᠠ ᠶᠡᠬᠡ ᠱᠢᠨ᠎ᠡ ᠵᠢ ᠡᠭᠦᠳᠬᠦ᠌ ᠲᠠᠪᠴᠠᠩ ᠤ᠋ᠨ ᠪᠠᠢᠭᠤᠯᠤᠯᠲᠠ ᠵᠢ ᠲᠦᠷᠭᠡᠳᠭᠡᠵᠦ᠍᠂ 《ᠥᠪᠥᠷ ᠮᠣᠩᠭᠣᠯ ᠤ᠋ᠨ ᠴᠢᠨᠠᠷ ᠰᠠᠢᠲᠠᠶ ᠬᠥᠭ᠌ᠵᠢᠯᠲᠡ ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠢ᠋ᠶ᠋ᠡᠷ ᠬᠦᠴᠦᠨ ᠣᠯᠭᠣᠬᠤ ᠵᠢ ᠬᠡᠷᠡᠭ᠌ᠵᠢᠭᠦᠯᠬᠦ᠌ ᠲᠥᠰᠦᠯ (2023 — 2025 ᠣᠨ)》 ᠢ᠋ ᠳᠠᠷᠤᠮᠠᠯᠯᠠᠨ ᠲᠠᠷᠬᠠᠭᠠᠵᠤ᠂ ᠴᠢᠬᠤᠯᠠ ᠶᠡᠬᠡ ᠱᠢᠨ᠎ᠡ ᠵᠢ ᠡᠭᠦᠳᠬᠦ᠌ ᠲᠠᠪᠴᠠᠩ ᠤ᠋ᠨ ᠴᠢᠳᠠᠪᠬᠢ ᠶ᠋ᠢᠨ ᠲᠠᠰ ᠢ᠋ ᠳᠡᠭᠡᠭ᠌ᠰᠢᠯᠡᠭᠦᠯᠬᠦ᠌ ᠠᠵᠢᠯᠯᠠᠭ᠎ᠠ ᠵᠢ ᠭᠤᠤᠯᠳᠠᠯᠭ᠎ᠠ ᠲᠠᠢ ᠡᠭᠦᠷᠭᠡ ᠶ᠋ᠢᠨ ᠲᠡᠷᠢᠭᠦᠨ ᠳ᠋ᠤ ᠣᠷᠣᠭᠤᠯᠪᠠ᠃ ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠢᠩᠬᠢᠮᠰᠦ ᠶ᠋ᠢᠨ ᠦᠶ᠋ᠯᠡᠰ᠂ ᠡᠪᠡᠰᠦᠨᠦ ᠦᠶ᠋ᠯᠡᠰ ᠂ ᠬᠣᠪᠣᠷ ᠱᠢᠷᠣᠶ᠂ ᠡᠨᠧᠷᠭᠢ ᠵᠡᠷᠭᠡ ᠭᠤᠤᠯᠳᠠᠯᠭ᠎ᠠ ᠲᠠᠢ ᠬᠦᠷᠢᠶ᠎ᠡ ᠶ᠋ᠢᠨ ᠲᠣᠭᠣᠷᠢᠨ ᠳ᠋ᠤ ᠤᠯᠤᠰ ᠤ᠋ᠨ ᠮᠡᠷᠭᠡᠵᠢᠯ ᠤ᠋ᠨ ᠱᠢᠨ᠎ᠡ ᠵᠢ ᠡᠭᠦᠳᠬᠦ᠌ ᠲᠥᠪ᠂ ᠤᠯᠤᠰ ᠤ᠋ᠨ ᠲᠠᠷᠢᠶᠠᠯᠠᠩ ᠤ᠋ᠨ ᠳᠡᠭᠡᠳᠦ ᠰᠢᠨ᠎ᠡ ᠮᠡᠷᠭᠡᠵᠢᠯ ᠤ᠋ᠨ ᠠᠵᠤ ᠦᠢᠯᠡᠰ ᠤ᠋ᠨ ᠵᠢᠱ᠌ᠢᠶ᠎ᠡ ᠦᠵᠡᠭᠦᠯᠬᠦ ᠣᠷᠣᠨ᠂ ᠣᠷᠳᠣᠰ ᠤ᠋ᠨ ᠤᠯᠤᠰ ᠤ᠋ᠨ ᠦᠷᠭᠦᠯᠵᠢᠯᠡᠬᠦ᠌ ᠬᠥᠭ᠌ᠵᠢᠯᠲᠡ ᠶ᠋ᠢᠨ ᠵᠥᠪᠯᠡᠬᠦ᠌ ᠵᠦᠶ᠋ᠯ ᠤ᠋ᠨ ᠱᠢᠨ᠎ᠡ ᠵᠢ ᠡᠭᠦᠳᠬᠦ᠌ ᠵᠢᠱ᠌ᠢᠶ᠎ᠡ ᠦᠵᠡᠭᠦᠯᠬᠦ᠌ ᠣᠷᠣᠨ᠂ ᠬᠥᠬᠡᠬᠣᠲᠠ ᠪᠤᠭᠤᠲᠤ ᠣᠷᠳᠣᠰ ᠤ᠋ᠨ ᠤᠯᠤᠰ ᠤ᠋ᠨ ᠪᠡᠶ᠎ᠡ ᠪᠠᠨ ᠳᠠᠭᠠᠭᠠᠵᠤ ᠱᠢᠨ᠎ᠡ ᠵᠢ ᠡᠭᠦᠳᠬᠦ᠌ ᠵᠢᠱ᠌ᠢᠶ᠎ᠡ ᠦᠵᠡᠭᠦᠯᠬᠦ᠌ ᠣᠷᠣᠨ ᠵᠡᠷᠭᠡ ᠴᠢᠬᠤᠯᠠ ᠶᠡᠬᠡ ᠱᠢᠨ᠎ᠡ ᠵᠢ ᠡᠭᠦᠳᠬᠦ᠌ ᠲᠠᠪᠴᠠᠩ ᠤ᠋ᠨ ᠳᠡᠮᠵᠢᠯᠭᠡ ᠵᠢ ᠦᠷᠭᠦᠯᠵᠢᠯᠡᠨ ᠨᠡᠮᠡᠭ᠌ᠳᠡᠭᠦᠯᠵᠦ᠍᠂ 2024 ᠣᠨ ᠳ᠋ᠤ 8.96 ᠳ᠋ᠦᠩᠱᠢᠭᠤᠷ ᠲᠥᠭᠥᠷᠢᠭ ᠤ᠋ᠨ ᠪᠠᠯᠠ ᠮᠥᠩᠭᠥ᠌ ᠵᠢ ᠨᠠᠢᠳᠠᠪᠤᠷᠢᠵᠢᠭᠤᠯᠪᠠ᠃
ᠤᠳᠤ ᠥᠪᠥᠷ ᠮᠣᠩᠭᠣᠯ ᠳ᠋ᠤ ᠪᠦᠬᠦ᠌ ᠤᠯᠤᠰ ᠤ᠋ᠨ ᠭᠣᠣᠯᠳᠠᠯᠭ᠎ᠠ ᠲᠠᠢ ᠲᠤᠷᠱᠢᠯᠲᠠ ᠶ᠋ᠢᠨ ᠲᠠᠰᠤᠭ᠂ ᠥᠪᠥᠷ ᠮᠣᠩᠭᠣᠯ ᠤ᠋ᠨ ᠲᠤᠷᠱᠢᠯᠲᠠ ᠶ᠋ᠢᠨ ᠲᠠᠰᠤᠭ᠂ ᠥᠪᠡᠷᠲᠡᠭᠡᠨ ᠵᠠᠰᠠᠬᠤ ᠣᠷᠣᠨ ᠤ᠋ ᠭᠣᠣᠯᠳᠠᠯᠭ᠎ᠠ ᠲᠠᠢ ᠲᠤᠷᠱᠢᠯᠲᠠ ᠶ᠋ᠢᠨ ᠲᠠᠰᠤᠭ ᠦᠷᠭᠦᠯᠵᠢᠯᠡᠨ ᠬᠣᠯᠪᠣᠭᠠᠯᠠᠨ ᠬᠥᠳᠡᠯᠦᠯᠴᠡᠵᠦ᠍᠂ ᠱᠠᠲᠤ ᠳᠠᠷᠠᠭᠠᠯᠠᠨ ᠵᠣᠯᠭᠠᠯᠴᠠᠭ᠍ᠰᠠᠨ ᠭᠤᠷᠪᠠᠨ ᠳᠡᠰ ᠤ᠋ᠨ ᠲᠤᠷᠱᠢᠯᠲᠠ ᠶ᠋ᠢᠨ ᠲᠠᠰᠤᠭ ᠤ᠋ᠨ ᠱᠢᠰᠲ᠋ᠧᠮ ᠠᠩᠬ᠎ᠠ ᠠᠯᠬᠤᠮ ᠪᠦᠷᠢᠯᠳᠦᠵᠦ᠍᠂ ᠳᠡᠭᠡᠳᠦ ᠴᠢᠳᠠᠪᠬᠢᠲᠤ ᠱᠢᠨ᠎ᠡ ᠵᠢ ᠡᠭᠦᠳᠬᠦ᠌ ᠲᠠᠪᠴᠠᠩ ᠤ᠋ᠨ ᠲᠥᠪᠯᠡᠷᠡᠭ᠌ᠰᠡᠨ ᠦᠢᠯᠡᠳᠦᠯ ᠴᠢᠳᠠᠪᠬᠢ ᠤᠯᠠᠮ ᠨᠢᠭᠡ ᠠᠯᠬᠤᠮ ᠲᠤᠳᠤᠷᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠰᠦᠷ ᠳᠠᠯᠠᠢᠴᠠᠲᠠᠢ 《 ᠬᠠᠮᠳᠤᠷᠠᠯ 》 ᠬᠦᠴᠦᠨ ᠢ᠋ ᠪᠦᠷᠢᠯᠳᠦᠭᠦᠯᠵᠡᠢ᠃ ᠳᠡᠭᠡᠳᠦ ᠴᠢᠳᠠᠪᠬᠢᠲᠤ ᠱᠢᠨ᠎ᠡ ᠵᠢ ᠡᠭᠦᠳᠬᠦ᠌ ᠲᠠᠪᠴᠠᠩ ᠤ᠋ᠳ ᠤ᠋ᠨ ᠳᠡᠮᠵᠢᠯᠭᠡ ᠳᠤᠤᠷ᠎ᠠ᠂ ᠠᠵᠢᠯ ᠲᠥᠷᠥᠯ ᠢ᠋ ᠬᠥᠭ᠌ᠵᠢᠭᠡᠵᠤ᠂ ᠭᠠᠵᠠᠷ ᠣᠷᠣᠨ ᠢ᠋ ᠬᠥᠭ᠌ᠵᠢᠭᠡᠭ᠌ᠰᠡᠨ ᠨᠢᠭᠡ ᠪᠦᠯᠦᠭ ᠱᠢᠨ᠎ᠡ ᠵᠢ ᠡᠭᠦᠳᠦᠭ᠌ᠰᠡᠨ ᠦᠷ᠎ᠡ ᠪᠦᠲᠦᠭᠡᠯ ᠵᠠᠯᠭᠠᠭ᠎ᠠ ᠪᠡᠷ ᠴᠤᠯᠭᠤᠷᠠᠨ ᠭᠠᠷᠴᠤ᠂ ᠥᠪᠥᠷ ᠮᠣᠩᠭᠣᠯ ᠤ᠋ᠨ ᠣᠲᠣ ᠦᠶ᠎ᠡ ᠶ᠋ᠢᠨ ᠮᠠᠯ ᠠᠵᠤ ᠠᠬᠤᠶ ᠲᠠᠷᠢᠶᠠᠯᠠᠩ᠂ ᠰᠦ ᠶ᠋ᠢᠨ ᠦᠶ᠋ᠯᠡᠰ᠂ ᠡᠪᠡᠰᠦᠨᠦ ᠦᠶ᠋ᠯᠡᠰ᠂ ᠬᠣᠪᠣᠷ ᠱᠢᠷᠣᠶ᠂ ᠡᠨᠧᠷᠭᠢ ᠵᠡᠷᠭᠡ ᠬᠦᠷᠢᠶᠡᠨ ᠳ᠋ᠤ ᠣᠯᠠᠨ ᠲᠠᠯ᠎ᠠ ᠪᠡᠷ 《ᠪᠤᠭᠤᠮᠲᠠ ᠱᠢᠪᠲᠤᠯᠤᠯᠲᠠ》 ᠵᠢ ᠪᠡᠶᠡᠯᠡᠭᠦᠯᠬᠦ᠌ ᠳ᠋ᠤ ᠬᠦᠴᠦᠨ ᠨᠡᠮᠡᠷᠢᠯᠡᠵᠤ ᠪᠠᠢᠨ᠎ᠠ᠃