ᠪᠣᠷᠣᠲᠣᠬᠣᠢ᠎ᠶ᠋ᠢᠨ ᠰᠣᠶᠣᠯ ᠤᠮᠠᠷᠠᠲᠤ ᠬᠢᠯᠢ᠎ᠶ᠋ᠢ ᠭᠡᠢᠭᠦᠯᠦᠨ᠎ᠠ
2025-04-13 10:39:07
ᠵᠣᠬᠢᠶᠠᠭ᠍ᠴᠢ᠄
ᠱᠢᠤᠸᠠᠢ ᠯᠠᠶ
ᠣᠩᠱᠢᠭ᠍ᠰᠠᠨ ᠣᠳᠠᠭ᠎ᠠ᠄
★★★☆☆

ᠮᠤᠨᠠ ᠠᠭᠤᠯᠠ᠎ᠶ᠋ᠢᠨ ᠬᠣᠷᠮᠣᠶ᠎ᠳᠤ ᠬᠠᠲᠤᠨ ᠭᠤᠤᠯ ᠴᠠᠯᠭᠢᠯᠠᠨ ᠤᠷᠤᠰᠴᠤ᠌᠂ 《ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ》 ᠪᠦᠬᠦᠢ ᠠᠮᠢ ᠠᠬᠤᠶ ᠣᠯᠠᠨ ᠡᠱᠢᠵᠢᠭ᠌ᠰᠡᠨ᠂ ᠬᠡᠯᠪᠡᠷᠢ ᠪᠠᠢᠳᠠᠯ ᠡᠯᠪᠡᠭ ᠪᠠᠶᠠᠯᠢᠭ 《ᠶᠡᠬᠡ ᠲᠤᠬᠤᠢ》 ᠶ᠋ᠢ ᠪᠤᠢᠵᠢᠭᠤᠯᠤᠨ ᠪᠦᠷᠢᠯᠳᠦᠭᠦᠯᠪᠡ᠃ ᠪᠠᠯᠠᠷ ᠡᠷᠲᠡᠨ᠎ᠡᠴᠡ ᠡᠳᠦᠭᠡ ᠪᠣᠯᠲᠠᠯ᠎ᠠ ᠡᠨᠳᠡ ᠠᠮᠢᠳᠤᠷᠠᠵᠤ ᠪᠠᠢᠭ᠎ᠠ ᠬᠥᠮᠦᠰ ᠥᠨᠢ ᠤᠳᠠᠭᠠᠨ ᠤᠯᠠᠮᠵᠢᠯᠠᠯ᠎ᠲᠠᠶ᠂ ᠭᠦᠨ ᠵᠤᠵᠠᠭᠠᠨ ᠤᠤᠷ ᠲᠤᠨᠳᠠᠰᠤ ᠪᠦᠬᠦᠢ ᠪᠣᠷᠣᠲᠣᠬᠣᠶ᠎ᠶ᠋ᠢᠨ ᠰᠣᠶᠣᠯ᠎ᠢ ᠡᠭᠦᠳᠦᠨ ᠪᠦᠲᠦᠭᠡᠵᠦ᠍᠂ ᠶᠠᠭ ᠯᠡ ᠨᠢᠭᠡᠨ ᠬᠡᠷᠡᠯ ᠰᠠᠴᠤᠷᠠᠩᠭᠤᠶ ᠰᠤᠪᠤᠳ ᠱᠢᠭ᠋᠎ᠢᠶᠡᠷ ᠡᠬᠡ ᠤᠯᠤᠰ᠎ᠤᠨ ᠤᠮᠠᠷᠠᠲᠤ ᠬᠢᠯᠢ᠎ᠳᠦ ᠭᠢᠯᠠᠯᠵᠠᠨ᠎ᠠ᠃

ᠮᠢᠩᠭᠠᠨ ᠭᠠᠯᠪᠠ᠎ᠶ᠋ᠢᠨ ᠪᠣᠷᠣᠲᠣᠬᠣᠢ ᠪᠣᠯᠪᠠᠰᠤᠨ᠎ᠢ ᠪᠤᠢᠵᠢᠭᠤᠯᠤᠨ᠎ᠠ

ᠪᠣᠷᠣᠲᠣᠬᠣᠶ ᠨᠢ ᠡᠬᠡ ᠤᠯᠤᠰ᠎ᠤᠨ ᠠᠰ ᠤᠮᠠᠷ᠎ᠠ᠎ᠳᠤ ᠪᠠᠢᠷᠢᠯᠠᠵᠤ᠂ ᠣᠯᠠᠨ ᠦᠨᠳᠦᠰᠦᠲᠡᠨ ᠡᠨᠳᠡ ᠤᠷᠤᠰᠢᠨ ᠠᠮᠢᠳᠤᠷᠠᠵᠤ᠂ ᠬᠠᠷᠢᠯᠴᠠᠨ ᠶᠠᠪᠤᠯᠴᠠᠵᠤ ᠰᠣᠯᠢᠯᠴᠠᠵᠤ ᠠᠭᠤᠰᠤᠯᠴᠠᠨ᠎ᠠ᠃ ᠡᠨᠳᠡᠬᠢ ᠪᠣᠯᠪᠠᠰᠤᠨ᠎ᠤ ᠤᠯᠠᠷᠢᠯ ᠬᠤᠪᠢᠰᠤᠯ ᠨᠢ ᠢᠯᠡ ᠲᠣᠳᠣ ᠲᠡᠦᠬᠡ᠎ᠶ᠋ᠢᠨ ᠤᠯᠠ ᠮᠥᠷ᠎ᠢ ᠦᠯᠡᠳᠡᠭᠡᠵᠦ᠍᠂ ᠴᠢᠯᠠᠭᠤᠨ ᠵᠡᠪᠰᠡᠭ᠎ᠦᠨ ᠦᠶ᠎ᠡ᠎ᠡᠴᠡ ᠶᠠᠩᠱᠤᠤ᠎ᠶ᠋ᠢᠨ ᠦᠶ᠎ᠡ᠂ ᠬᠦᠷᠡᠯ ᠵᠡᠪᠰᠡᠭ᠎ᠦᠨ ᠦᠶ᠎ᠡ᠎ᠬᠦᠷᠲᠡᠯᠡᠬᠢ ᠠᠯᠢ ᠤᠯᠠᠨ ᠪᠠᠭᠤᠷᠢ ᠪᠦᠷ ᠡᠷᠲᠡᠨ᠎ᠤ ᠦᠶ᠎ᠡ᠎ᠶ᠋ᠢᠨ ᠬᠥᠮᠦᠨ ᠲᠥᠷᠥᠯᠬᠢᠲᠡᠨ᠎ᠦ ᠪᠣᠷᠣᠲᠣᠬᠣᠢ ᠣᠷᠣᠨ᠎ᠳᠤ ᠣᠷᠣᠱᠢᠨ ᠠᠮᠢᠳᠤᠷᠠᠵᠤ ᠪᠠᠢᠭ᠍ᠰᠠᠨ᠎ᠤ ᠭᠡᠷᠡᠴᠢ ᠪᠣᠯᠤᠨ᠎ᠠ᠃

ᠥᠪᠥᠷ ᠮᠣᠩᠭᠣᠯ᠎ᠤᠨ ᠪᠣᠷᠣᠲᠣᠬᠣᠶ᠎ᠶ᠋ᠢᠨ ᠰᠣᠶᠣᠯ᠎ᠤᠨ ᠮᠦᠽᠧᠶ᠎ᠳᠦ ᠡᠷᠲᠡᠨ᠎ᠤ ᠦᠶ᠎ᠡ᠎ᠶ᠋ᠢᠨ ᠬᠥᠮᠦᠨ ᠲᠥᠷᠥᠯᠬᠢᠲᠡᠨ᠎ᠦ ᠬᠡᠷᠡᠭ᠌ᠯᠡᠵᠦ᠍ ᠪᠠᠢᠭ᠍ᠰᠠᠨ ᠴᠢᠯᠠᠭᠤᠨ ᠰᠦᠬᠡ᠂ ᠴᠢᠯᠠᠭᠤᠨ ᠬᠢᠲᠤᠭ᠎ᠠ᠂ ᠴᠢᠯᠠᠭᠤᠨ ᠬᠠᠳᠤᠭᠤᠷ ᠵᠡᠷᠭᠡ ᠪᠠᠭᠠᠵᠢ ᠬᠡᠷᠡᠭ᠌ᠰᠡᠯ᠎ᠢ ᠳᠡᠯᠭᠡᠨ ᠦᠵᠡᠭᠦᠯᠵᠦ᠍ ᠪᠠᠢᠪᠠ᠃ 《ᠡᠳᠡᠭᠡᠷ ᠪᠠᠭᠠᠵᠢ ᠬᠡᠷᠡᠭ᠌ᠰᠡᠯ᠎ᠦᠨ ᠡᠭᠦᠳᠦᠨ ᠪᠦᠲᠦᠭᠡᠯᠲᠡ ᠪᠠ ᠬᠡᠷᠡᠭ᠌ᠯᠡᠯᠲᠡ ᠨᠢ ᠪᠠᠯᠠᠷ ᠡᠷᠲᠡᠨ᠎ᠦ ᠬᠥᠮᠦᠨ ᠲᠥᠷᠥᠯᠬᠢᠲᠡᠨ᠎ᠦ ᠣᠶᠤᠨ ᠤᠬᠠᠭᠠᠨ ᠪᠠ ᠬᠥᠮᠦᠨ ᠲᠥᠷᠥᠯᠬᠢᠲᠡᠨ᠎ᠦ ᠪᠣᠯᠪᠠᠰᠤᠨ᠎ᠤ ᠳᠠᠪᠱᠢᠯᠲᠠ᠎ᠶ᠋ᠢ ᠬᠠᠷᠠᠭᠤᠯᠤᠭ᠍ᠰᠠᠨ ᠶᠤᠮ》 ᠭᠡᠵᠦ᠍ ᠥᠪᠥᠷ ᠮᠣᠩᠭᠣᠯ᠎ᠤᠨ ᠪᠣᠷᠣᠲᠣᠬᠣᠶ᠎ᠶ᠋ᠢᠨ ᠰᠣᠶᠣᠯ᠎ᠤᠨ ᠮᠦᠽᠧᠶ᠎ᠶ᠋ᠢᠨ ᠤᠤᠯ᠎ᠤᠨ ᠲᠠᠷᠤᠭ᠎ᠠ᠂ ᠰᠤᠳᠤᠯᠤᠭ᠍ᠴᠢ ᠬᠣ᠌ ᠶᠠᠨ ᠴᠦᠨ ᠲᠠᠨᠢᠯᠴᠠᠭᠤᠯᠪᠠ᠃

ᠱᠢᠨ᠎ᠡ ᠴᠢᠯᠠᠭᠤᠨ ᠵᠡᠪᠰᠡᠭ᠎ᠦᠨ ᠴᠠᠭ ᠦᠶ᠎ᠡ᠎ᠡᠴᠡ ᠡᠬᠢᠯᠡᠨ ᠲᠠᠷᠢᠶᠠᠯᠠᠩ᠎ᠤᠨ ᠠᠵᠤ ᠠᠬᠤᠢ ᠨᠢ  ᠪᠣᠷᠣᠲᠣᠬᠣᠢ ᠣᠷᠣᠨ᠎ᠳᠤ ᠴᠢᠬᠤᠯᠠ ᠪᠠᠢᠷᠢ ᠰᠠᠭᠤᠷᠢ᠎ᠶ᠋ᠢ ᠡᠵᠡᠯᠡᠵᠡᠢ᠃ 《ᠣᠳᠣᠬᠠᠨ᠎ᠳᠤ ᠪᠣᠷᠣᠲᠣᠬᠣᠢ ᠣᠷᠣᠨ᠎ᠤ ᠮᠠᠰᠢ ᠤᠯᠠᠨ ᠱᠢᠨ᠎ᠡ ᠴᠢᠯᠠᠭᠤᠨ ᠵᠡᠪᠰᠡᠭ᠎ᠦᠨ ᠦᠶ᠎ᠡ᠎ᠶ᠋ᠢᠨ ᠪᠠᠭᠤᠷᠢ᠎ᠡᠴᠡ ᠨᠢᠭᠡᠨᠲᠡ ᠶᠡᠬᠡ ᠬᠡᠮᠵᠢᠶᠡᠨ᠎ᠦ ᠲᠠᠷᠢᠶᠠᠯᠠᠩ᠎ᠲᠠᠢ ᠬᠤᠯᠪᠤᠭᠳᠠᠬᠤ ᠴᠢᠯᠠᠭᠤᠨ ᠵᠡᠪᠰᠡᠭ᠂ ᠶᠠᠰᠤᠨ ᠵᠡᠪᠰᠡᠭ ᠵᠢᠴᠢ ᠤᠷᠭᠤᠮᠠᠯ᠎ᠤᠨ ᠦᠷ᠎ᠡ ᠵᠢ ᠢᠯᠡᠷᠡᠭᠦᠯᠪᠡ᠃ ᠸᠠᠭᠠᠷ ᠰᠠᠪᠠ᠎ᠶ᠋ᠢᠨ ᠭᠤᠤᠯ ᠴᠢᠳᠠᠮᠵᠢ ᠪᠣᠯ ᠦᠷ᠎ᠡ ᠬᠠᠳᠠᠭᠠᠯᠠᠬᠤ ᠶᠠᠪᠤᠳᠠᠯ ᠪᠣᠯᠤᠨ᠎ᠠ᠂ ᠶᠡᠬᠡ ᠬᠡᠮᠵᠢᠶᠡᠨ᠎ᠦ ᠸᠠᠭᠠᠷ ᠰᠠᠪᠠ᠎ᠶ᠋ᠢ ᠮᠠᠯᠲᠠᠵᠤ ᠭᠠᠷᠭᠠᠭ᠍ᠰᠠᠨ ᠨᠢ ᠪᠠᠰᠠ ᠲᠤᠬᠠᠶ᠎ᠶ᠋ᠢᠨ ᠭᠠᠵᠠᠷ᠎ᠤᠨ ᠲᠠᠷᠢᠶᠠᠯᠠᠬᠤ ᠰᠣᠶᠣᠯ᠎ᠤᠨ ᠬᠥᠭ᠌ᠵᠢᠯᠲᠡ᠎ᠶ᠋ᠢ ᠭᠡᠷᠡᠴᠢᠯᠡᠵᠦ᠍ ᠪᠠᠢᠨ᠎ᠠ》 ᠭᠡᠵᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠦᠬᠡ᠎ᠶ᠋ᠢᠨ ᠳᠤᠷᠠᠰᠭᠠᠯᠲᠤ ᠵᠦᠶ᠋ᠯᠡᠰ ᠬᠠᠭᠤᠴᠢ ᠰᠤᠳᠤᠯᠤᠯ᠎ᠤᠨ ᠬᠦᠷᠢᠶᠡᠯᠡᠩ᠎ᠦᠨ ᠳᠠᠷᠤᠭ᠎ᠠ ᠰᠦᠨ ᠵᠢᠨ ᠰᠥᠩ ᠭᠡᠯᠡᠨ᠎ᠠ᠃

ᠱᠢᠶᠠ ᠱᠠᠩ ᠤᠯᠤᠰ᠎ᠠᠴᠠ ᠴᠢᠨ ᠬᠠᠨ ᠤᠯᠤᠰ ᠬᠦᠷᠲᠡᠯᠡᠬᠢ ᠬᠤᠭᠤᠴᠠᠭᠠᠨ᠎ᠳᠤ ᠨᠡᠭᠦᠳᠡᠯᠴᠢᠨ ᠦᠨᠳᠦᠰᠦᠲᠡᠨ ᠪᠣᠷᠣᠲᠣᠬᠣᠢ᠎ᠳᠤ ᠬᠦᠴᠦᠷᠭᠡᠭᠵᠢᠵᠦ ᠡᠬᠢᠯᠡᠵᠡᠢ᠃ ᠲᠤᠬᠠᠶ᠎ᠶ᠋ᠢᠨ ᠦᠶ᠎ᠡ᠎ᠶ᠋ᠢᠨ ᠨᠡᠭᠦᠳᠡᠯᠴᠢᠨ ᠦᠨᠳᠦᠰᠦᠲᠡᠨ᠎ᠳᠦ ᠠᠭᠤᠯᠠᠨ ᠠᠢᠮᠠᠭ᠂ ᠭᠢᠶᠠᠨ᠂ ᠾᠦᠩᠨᠦ᠍ ᠵᠡᠷᠭᠡ ᠪᠤᠶ᠃ ᠪᠣᠷᠣᠲᠣᠬᠣᠢ ᠣᠷᠣᠨ ᠤᠰᠤ ᠪᠡᠯᠴᠢᠭᠡᠷ ᠰᠠᠢᠲᠠᠢ ᠤᠴᠢᠷ᠎ᠡᠴᠡ  ᠵᠠᠭᠤ ᠮᠢᠩᠭᠠᠨ ᠵᠢᠯ᠎ᠦᠨ ᠲᠤᠷᠰᠢ ᠡᠨᠳᠡᠬᠢ ᠨᠢ ᠠᠯᠢ ᠤᠯᠠᠨ ᠵᠠᠰᠠᠭ᠎ᠤᠨ ᠡᠷᠬᠡ᠎ᠶ᠋ᠢᠨ ᠮᠥᠷᠭᠥᠯᠳᠦᠭᠡᠨ᠂ ᠰᠣᠯᠢᠯᠴᠠᠭ᠎ᠠ ᠠᠭᠤᠰᠤᠯᠴᠠᠯ ᠬᠠᠮᠤᠭ᠎ᠤᠨ ᠭᠦᠨ ᠭᠦᠨᠵᠡᠭᠡᠢ ᠭᠠᠵᠠᠷ ᠪᠣᠯᠵᠠᠢ᠃

ᠲᠠᠷᠢᠶᠠᠯᠠᠬᠤ ᠪᠣᠯᠪᠠᠰᠤᠨ ᠪᠠ ᠲᠠᠯ᠎ᠠ ᠨᠤᠲᠤᠭ᠎ᠤᠨ ᠪᠣᠯᠪᠠᠰᠤᠨ ᠨᠢ ᠮᠤᠨᠠ ᠠᠭᠤᠯᠠ᠎ᠶ᠋ᠢᠨ ᠡᠮᠦᠨ᠎ᠡ ᠤᠮᠠᠷ᠎ᠠ᠂ ᠬᠠᠲᠤᠨ ᠭᠣᠣᠯ᠎ᠤᠨ ᠬᠣᠶᠠᠷ ᠡᠷᠭᠢ᠎ᠪᠡᠷ ᠬᠠᠷᠢᠯᠴᠠᠨ ᠰᠤᠯᠢᠯᠴᠠᠨ ᠠᠭᠤᠰᠤᠯᠴᠠᠵᠤ᠂ ᠪᠠᠢᠯᠳᠤᠭᠠᠨᠲᠤ ᠤᠯᠤᠰ᠎ᠤᠨ ᠵᠣᠣ ᠤᠯᠤᠰ᠎ᠤᠨ ᠡᠦ ᠯᠢᠩ ᠸᠠᠩ ᠬᠣ᠌ ᠵᠢᠨ ᠬᠤᠪᠴᠠᠰᠤ ᠡᠮᠦᠰᠴᠦ ᠬᠦᠯᠦᠭ ᠲᠡᠭᠡᠷ᠎ᠡ ᠡᠴᠡ ᠨᠠᠮᠨᠠᠭᠰᠠᠨ᠂ ᠴᠢᠨ ᠤᠯᠤᠰ᠎ᠤᠨ ᠮᠸᠩ ᠲᠢᠶᠠᠨ ᠵᠠᠩᠵᠤᠨ ᠣᠷᠳᠣ ᠴᠠᠭᠠᠨ ᠬᠡᠷᠡᠮ᠎ᠢ ᠪᠠᠢᠭᠤᠯᠤᠭᠰᠠᠨ᠂ ᠬᠠᠨ ᠤᠯᠤᠰ᠎ᠤᠨ ᠸᠧᠶ ᠴᠢᠩ ᠪᠣᠯᠤᠨ ᠾᠦᠸᠸ ᠴᠢᠦᠶ ᠪᠢᠩ ᠾᠦᠩᠨᠦ᠍᠎ᠶ᠋ᠢ ᠡᠰᠡᠷᠭᠦᠴᠡᠭ᠌ᠰᠡᠨ᠂ ᠵᠣᠣ ᠵᠢᠶᠦ᠋ᠨ ᠠᠷᠤ ᠭᠠᠵᠠᠷ ᠲᠤ᠌ ᠮᠤᠷᠳᠠᠭᠰᠠᠨ ᠵᠡᠷᠭᠡ ᠲᠡᠦᠬᠡᠨ ᠦᠯᠢᠭᠡᠷ ᠪᠠᠢᠬᠤ ᠪᠡᠷ ᠪᠠᠷᠠᠬᠤ ᠦᠭᠡᠢ ᠪᠠᠰᠠ ᠣᠢᠷ᠎ᠠ ᠣᠳᠣ ᠦᠶ᠎ᠡ᠎ᠶ᠋ᠢᠨ ᠪᠠᠷᠠᠭᠤᠨ ᠪᠤᠭᠤᠮᠳᠠ ᠪᠡᠷ ᠮᠤᠩᠭᠤᠯ ᠤᠷᠤᠨ᠎ᠳᠤ ᠨᠡᠭᠦᠭᠰᠡᠨ᠂ ᠸᠠᠩ ᠲᠦᠩ ᠴᠦᠨ ᠤᠰᠤᠨ ᠠᠱᠢᠭ᠍ᠯᠠᠯᠲᠠ᠎ᠶ᠋ᠢ ᠨᠡᠭᠡᠭᠡᠨ ᠬᠥᠭ᠌ᠵᠢᠭᠦᠯᠦᠭ᠌ᠰᠡᠨ᠂ ᠹᠸᠩ ᠢᠦᠶ ᠱᠢᠶᠠᠩ ᠦᠶᠤᠸᠠᠨ᠎ᠳᠤ ᠲᠠᠩᠭᠠᠷᠢᠭ᠍ᠯᠠᠭ᠍ᠰᠠᠨ᠂ ᠹᠦ᠋ ᠽᠦᠸᠧ ᠢ ᠰᠦᠶ᠋ᠶᠤᠸᠠᠨ᠎ᠳᠤ ᠶᠠᠫᠣᠨ᠎ᠢ ᠡᠰᠡᠷᠭᠦᠴᠡᠭᠰᠡᠨ ᠵᠡᠷᠭᠡ ᠬᠥᠮᠦᠰ᠎ᠦᠨ ᠰᠡᠳᠭᠢᠯ᠎ᠢ ᠬᠥᠳᠡᠯᠭᠡᠮ᠎ᠡ ᠲᠡᠦᠬᠡᠨ ᠲᠠᠭᠤᠷᠢᠰᠬᠠᠯ ᠪᠠᠢᠨ᠎ᠠ᠃

ᠡᠨᠳᠡᠬᠢ ᠨᠢ ᠪᠠᠰᠠ ᠬᠤᠪᠢᠰᠬᠠᠯ᠎ᠤᠨ ᠬᠠᠯᠠᠭᠤᠨ ᠬᠥᠷᠥᠰᠥ᠍ ᠪᠤᠯᠤᠨ᠎ᠠ᠃ ᠬᠤᠪᠢᠰᠭᠠᠯ᠎ᠤᠨ ᠬᠣᠱᠢᠭᠤᠴᠢ ᠡᠩᠬᠡᠪᠠᠶᠠᠷ ᠬᠠᠮᠤᠭ᠎ᠤᠨ ᠡᠷᠲᠡ ᠤᠷᠠᠳ᠎ᠤᠨ ᠲᠠᠯ᠎ᠠ ᠨᠤᠲᠤᠭ᠎ᠲᠤ ᠮᠠᠷᠺᠰ ᠯᠧᠨᠢᠨ᠎ᠦ ᠦᠵᠡᠯ᠎ᠢ ᠤᠯᠠᠮᠵᠢᠯᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠯᠢᠨ ᠾᠧ᠎ᠶ᠋ᠢᠨ ᠨᠠᠮ᠎ᠤᠨ ᠡᠭᠦᠷ ᠪᠠᠢᠭᠤᠯᠤᠭ᠍ᠳᠠᠵᠤ᠂ ᠠᠲᠠᠷ ᠬᠠᠭᠠᠯᠪᠤᠷᠢᠯᠠᠯᠲᠠ᠎ᠶ᠋ᠢᠨ ᠣᠷᠣᠨ᠎ᠤ ᠪᠣᠰᠣᠯᠭ᠎ᠠ ᠭᠠᠷᠭᠠᠵᠤ᠂ ᠦᠶ᠋ᠯᠡᠳᠪᠦᠷᠢᠯᠡᠯ ᠪᠥᠲᠥᠭᠡᠨ ᠪᠠᠢᠭᠤᠯᠤᠯᠲᠠ᠎ᠶ᠋ᠢᠨ ᠪᠢᠩᠲ᠋ᠤᠸᠠᠨ ᠰᠢᠷᠭᠠᠭᠤ ᠬᠠᠲᠠᠭᠤᠵᠢᠯᠲᠠᠢ ᠲᠡᠮᠡᠴᠡᠵᠦ᠍᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ ᠵᠢ ᠵᠠᠰᠠᠵᠤ 《ᠤᠮᠠᠷᠠᠲᠤ᠎ᠶ᠋ᠢᠨ ᠭᠤᠷᠪᠠᠨ ᠣᠷᠣᠨ》 ᠤ᠋ ᠢᠨᠵᠧᠨᠧᠷᠢᠩ᠎ᠦᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠵᠤ᠂ ᠦᠨᠳᠦᠰᠦᠲᠡᠨ᠎ᠨᠦᠭᠦᠳ ᠬᠠᠮᠲᠤ᠎ᠪᠠᠷ ᠬᠢᠯᠢ ᠬᠢᠵᠠᠭᠠᠷ᠎ᠢ ᠰᠠᠬᠢᠨ ᠬᠠᠮᠠᠭᠠᠯᠠᠵᠤ ᠬᠢᠯᠢ ᠬᠢᠵᠠᠭᠠᠷ᠎ᠢ ᠬᠦᠭᠵᠢᠭᠦᠯᠦᠨ ᠮᠠᠨᠳᠤᠭᠤᠯᠵᠤ ᠬᠢᠯᠢ ᠬᠢᠵᠠᠭᠠᠷ᠎ᠢ ᠪᠡᠬᠢᠵᠢᠭᠦᠯᠵᠦ᠍᠂ ᠬᠤᠪᠢᠰᠭᠠᠯᠲᠤ ᠲᠡᠢᠨ᠎ᠦ ᠣᠨ ᠵᠢᠯ ᠪᠣᠯᠤᠨ ᠨᠡᠢᠭᠡᠮ ᠵᠢᠷᠤᠮ᠎ᠤᠨ ᠪᠥᠲᠥᠭᠡᠨ ᠪᠠᠢᠭᠤᠯᠤᠯᠲᠠ᠎ᠶ᠋ᠢᠨ ᠦᠶ᠎ᠡ᠎ᠳᠦ ᠢᠯᠡ ᠲᠣᠳᠣ ᠬᠤᠪᠢᠰᠭᠠᠯ᠎ᠤᠨ ᠢᠮ ᠲᠠᠮᠠᠭ᠎ᠠ᠎ᠶ᠋ᠢ ᠲᠠᠮᠠᠭᠠᠯᠠᠭᠰᠠᠨ ᠪᠠᠢᠨ᠎ᠠ᠃

ᠵᠠᠭᠤ ᠮᠢᠩᠭᠠᠨ ᠵᠢᠯ᠎ᠦᠨ ᠲᠤᠷᠰᠢ ᠬᠤᠪᠢᠰᠭᠠᠯ᠎ᠤᠨ ᠰᠣᠶᠣᠯ᠂ ᠲᠠᠯ᠎ᠠ ᠨᠤᠲᠤᠭ᠎ᠤᠨ ᠰᠣᠶᠣᠯ᠂ ᠲᠠᠷᠢᠶᠠᠯᠠᠬᠤ ᠰᠣᠶᠣᠯ᠂ ᠬᠠᠳᠤᠨ ᠭᠣᠣᠯ᠎ᠤᠨ ᠰᠣᠶᠣᠯ᠂ ᠤᠷᠳᠤ ᠴᠠᠭᠠᠨ ᠬᠡᠷᠡᠮ᠎ᠦᠨ ᠰᠣᠶᠣᠯ᠂ ᠨᠡᠭᠦᠳᠡᠯ ᠠᠷᠠᠳ᠎ᠤᠨ ᠰᠣᠶᠣᠯ᠂ ᠬᠢᠯᠢ ᠬᠢᠵᠠᠭᠠᠷ᠎ᠤᠨ ᠰᠣᠶᠣᠯ ᠡᠨᠳᠡ ᠤᠯᠠᠮᠵᠢᠯᠠᠭᠳᠠᠨ ᠬᠤᠷᠠᠮᠳᠤᠵᠤ᠂ ᠠᠭᠤᠯᠤᠭ᠍ᠳᠠᠬᠤᠨ᠎ᠢᠶᠡᠷ ᠡᠯᠪᠡᠭ ᠪᠠᠶᠠᠯᠢᠭ᠂ ᠬᠡᠯᠪᠡᠷᠢ ᠤᠯᠠᠨ ᠶᠠᠩᠵᠤ᠎ᠶ᠋ᠢᠨ᠂ ᠡᠶ᠎ᠡ ᠵᠣᠬᠢᠴᠠᠩᠭᠤᠢ᠎ᠪᠠᠷ ᠬᠠᠮᠲᠤ ᠣᠷᠣᠱᠢᠬᠤ ᠪᠣᠷᠣᠲᠣᠬᠣᠢ᠎ᠶ᠋ᠢᠨ ᠰᠣᠶᠣᠯ᠎ᠢ ᠪᠦᠷᠢᠯᠳᠦᠭᠦᠯᠪᠡ᠃ ᠡᠨᠡ ᠬᠦ᠌ ᠤᠷᠲᠤ ᠤᠳᠠᠭᠠᠨ ᠲᠡᠤᠬᠡ ᠲᠠᠢ ᠨᠤᠲᠤᠭ ᠳᠡᠪᠢᠰᠭᠡᠷ ᠳᠡᠭᠡᠷ᠎ᠡ ᠲᠣᠭ᠎ᠠ ᠲᠣᠮᠰᠢ ᠦᠭᠡᠢ ᠤᠯᠠᠨ ᠭᠠᠢᠬᠠᠮᠱᠢᠭ᠍ᠲᠤ ᠦᠯᠢᠭᠡᠷ ᠬᠠᠳᠠᠭᠠᠯᠠᠭ᠍ᠳᠠᠵᠤ ᠪᠤᠢ᠃

ᠬᠠᠳᠠᠨ ᠵᠢᠷᠤᠭ ᠤᠷᠲᠤ ᠴᠠᠭᠠᠨ ᠬᠡᠷᠡᠮ ᠨᠢ ᠦᠯᠢᠭᠡᠷ ᠤᠴᠢᠷ᠎ᠢ ᠲᠤᠭᠠᠴᠢᠨ᠎ᠠ

ᠭᠤᠤ ᠭᠠᠩᠭ᠎ᠠ᠎ᠶᠢᠨ ᠴᠢᠯᠠᠭᠤᠨ ᠬᠠᠨ᠎ᠠ ᠳᠡᠭᠡᠷ᠎ᠡ ᠰᠡᠢᠯᠦᠭᠰᠡᠨ ᠮᠤᠨᠠ ᠠᠭᠤᠯᠠ᠎ᠶᠢᠨ ᠬᠠᠳᠠᠨ ᠵᠢᠷᠤᠭ ᠪᠣᠯ ᠪᠣᠷᠣᠳᠣᠬᠣᠢ᠎ᠶᠢᠨ ᠰᠣᠶᠣᠯ᠎ᠤᠨ ᠨᠡᠢᠲᠡᠯᠢᠭ ᠡᠯᠧᠮᠧᠨ᠋ᠲ ᠪᠣᠯᠣᠨ᠎ᠠ᠃ ᠤᠮᠠᠷᠠᠲᠤ ᠸᠧᠢ ᠤᠯᠤᠰ᠎ᠤᠨ ᠠᠯᠳᠠᠷᠲᠤ ᠭᠠᠵᠠᠷ ᠵᠦᠢ᠎ᠶᠢᠨ ᠤᠬᠠᠭᠠᠨᠲᠠᠨ ᠯᠢ ᠳ᠋ᠣᠣ ᠶᠤᠸᠠᠨ᠎ᠤ 《ᠱᠦᠢ ᠵᠢᠩ ᠵᠤ᠌》 ᠳ᠋ᠦ 《ᠵᠢᠷᠤᠭᠳᠤ ᠠᠭᠤᠯᠠ》 ᠵᠢᠨ ᠲᠡᠮᠳᠡᠭᠯᠡᠯ᠎ᠲᠠᠢ᠃ ᠮᠤᠨᠠ ᠠᠭᠤᠯᠠ᠎ᠶᠢᠨ ᠬᠠᠲᠠᠨ ᠵᠢᠷᠤᠭ᠎ᠤᠨ ᠰᠡᠳᠦᠪᠯᠡᠬᠦᠨ ᠨᠢ ᠠᠮᠢᠲᠠᠨ᠂ ᠬᠥᠮᠥᠨ᠂ ᠰᠠᠬᠢᠭᠤᠯᠰᠤᠨ᠂ ᠡᠳ᠋ ᠬᠡᠷᠡᠭᠰᠡᠯ᠂ ᠣᠳᠣᠨ ᠴᠣᠭᠴᠠᠰ ᠵᠡᠷᠭᠡ᠎ᠶᠢ ᠬᠠᠮᠤᠷᠴᠤ᠂ ᠣᠲᠣ᠌ 150 ᠭᠠᠷᠤᠢ ᠲᠠᠷᠬᠠᠯᠲᠠ᠎ᠶᠢᠨ ᠴᠡᠭ᠂ 5 ᠲᠦᠮᠡ ᠭᠠᠷᠤᠢ ᠵᠢᠷᠤᠭ᠎ᠢ ᠢᠯᠡᠷᠡᠭᠦᠯᠵᠦ᠂ 《ᠮᠢᠩᠭᠠᠨ ᠭᠠᠵᠠᠷ᠎ᠤᠨ ᠵᠢᠷᠤᠭ᠎ᠤᠨ ᠬᠣᠩᠭᠢᠯ》 ᠬᠡᠮᠡᠭᠳᠡᠭᠰᠡᠨ ᠪᠠᠢᠨ᠎ᠠ᠃ ᠲᠡᠷᠡ ᠨᠢ ᠪᠣᠷᠣᠳᠣᠬᠣᠢ᠎ᠶᠢᠨ ᠬᠢᠨ᠎ᠤ ᠡᠪᠦᠭᠡ ᠳᠡᠭᠡᠳᠦᠰ᠎ᠦᠨ ᠦᠢᠯᠡᠳᠪᠦᠷᠢᠯᠡᠯ ᠠᠮᠢᠳᠤᠷᠠᠯ᠎ᠤᠨ ᠲᠡᠦᠬᠡ᠎ᠶᠢ ᠦᠨᠡᠨ ᠪᠣᠳᠠᠲᠠᠢ᠎ᠪᠠᠷ ᠲᠡᠮᠳᠡᠭᠯᠡᠵᠦ᠂ ᠳᠤᠮᠳᠠᠳᠤ ᠤᠯᠤᠰ᠎ᠤᠨ ᠡᠷᠲᠡᠨ᠎ᠦ ᠤᠮᠠᠷᠠᠲᠤ᠎ᠶᠢᠨ ᠦᠨᠳᠦᠰᠦᠲᠡᠨ᠎ᠦ ᠬᠣᠪᠣᠷ ᠨᠠᠨᠳᠢᠨ ᠳᠦᠷᠰᠦᠯᠢᠭ ᠵᠢᠷᠤᠭ ᠪᠠᠢᠵᠤ᠂ ᠳᠡᠯᠡᠬᠡᠢ᠎ᠶᠢᠨ ᠬᠠᠳᠠᠨ ᠵᠢᠷᠤᠭ᠎ᠤᠨ ᠲᠡᠦᠬᠡᠨ ᠳᠡᠭᠡᠷ᠎ᠡ ᠴᠢᠬᠤᠯᠠ ᠪᠠᠢᠷᠢ ᠰᠠᠭᠤᠷᠢ᠎ᠶᠢ ᠡᠵᠡᠯᠡᠵᠦ ᠪᠠᠢᠳᠠᠭ᠃

《ᠦᠰᠦᠭ ᠪᠢᠴᠢᠭ᠎ᠡᠴᠡ ᠡᠷᠲᠡ ᠪᠤᠢ ᠪᠤᠯᠤᠭᠰᠠᠨ ᠪᠠᠯᠠᠷ ᠡᠷᠲᠡᠨ᠎ᠦ ᠬᠠᠷᠠᠭᠠᠨ ᠰᠡᠷᠡᠯ᠎ᠦᠨ ᠦᠭᠡ ᠬᠡᠯᠡ ᠪᠣᠯᠤᠭᠰᠠᠨ᠎ᠤ ᠬᠤᠪᠢ᠎ᠳᠤ ᠬᠠᠳᠠᠨ ᠵᠢᠷᠤᠭ ᠨᠢ ᠰᠢᠭᠤᠳ ᠬᠠᠷᠠᠭᠳᠠᠬᠤ ᠵᠢᠷᠤᠭ ᠳᠦᠷᠰᠦ ᠪᠠ ᠬᠡᠢᠰᠪᠦᠷᠢ ᠲᠡᠮᠳᠡᠭ᠎ᠢᠶᠡᠷ ᠬᠥᠮᠥᠨ ᠲᠥᠷᠥᠯᠬᠢᠲᠡᠨ᠎ᠦ ᠦᠵᠡᠯ ᠤᠬᠠᠮᠰᠠᠷ᠎ᠢ ᠢᠯᠡᠳᠬᠡᠵᠦ᠂ ᠪᠠᠯᠠᠷ ᠡᠷᠲᠡᠨ᠎ᠦ ᠬᠥᠮᠥᠨ ᠲᠥᠷᠥᠯᠬᠢᠲᠡᠨ᠎ᠦ ᠠᠮᠢᠳᠤᠷᠠᠯ᠎ᠤᠨ ᠴᠤᠮᠬᠠᠳᠬᠠᠯ ᠪᠠ ᠲᠡᠦᠬᠡ᠎ᠶᠢᠨ ᠬᠤᠷᠠᠮᠳᠤᠯ ᠪᠣᠯᠵᠤ᠂ ᠪᠠᠯᠠᠷ ᠡᠷᠲᠡᠨ᠎ᠦ ᠨᠡᠢᠭᠡᠮ᠎ᠦᠨ ᠬᠥᠮᠥᠰ᠎ᠦᠨ ᠬᠣᠭᠣᠷᠣᠨᠳᠣᠬᠢ ᠰᠣᠯᠢᠯᠴᠠᠭᠠᠨ᠎ᠤ 〈ᠡᠮᠦᠨᠡᠬᠢ ᠦᠰᠦᠭ ᠪᠢᠴᠢᠭ〉 ᠪᠠ ᠬᠠᠳᠠᠨ ᠳᠡᠭᠡᠷ᠎ᠡ ᠦᠯᠡᠳᠡᠭᠰᠡᠨ 〈ᠲᠡᠦᠬᠡ᠎ᠶᠢᠨ ᠲᠡᠮᠳᠡᠭᠯᠡᠯ〉 ᠬᠡᠮᠡᠭᠳᠡᠪᠡ》 ᠭᠡᠵᠦ ᠥᠪᠥᠷ ᠮᠣᠩᠭᠣᠯ᠎ᠤᠨ ᠲᠡᠦᠬᠡ᠎ᠶᠢᠨ ᠳᠤᠷᠠᠰᠬᠠᠯᠲᠤ ᠵᠦᠢᠯᠡᠰ ᠬᠠᠭᠤᠴᠢ ᠰᠤᠳᠤᠯᠤᠯ᠎ᠤᠨ ᠬᠦᠷᠢᠶᠡᠯᠡᠩ᠎ᠦᠨ ᠰᠤᠳᠤᠯᠤᠭ᠍ᠴᠢ ᠭᠠᠢ ᡁᠢ ᠶᠦᠩ ᠬᠡᠯᠡᠪᠡ᠃

ᠤᠷᠳᠤ ᠴᠠᠭᠠᠨ ᠬᠡᠷᠡᠮ ᠪᠣᠯ ᠳᠤᠮᠳᠠᠳᠤ᠎ᠶᠢᠨ ᠦᠨᠳᠦᠰᠦᠲᠡᠨ᠎ᠦ ᠲᠥᠯᠥᠭᠡᠯᠡᠬᠦ ᠴᠢᠨᠠᠷᠲᠠᠢ ᠲᠡᠮᠳᠡᠭ ᠪᠠ ᠳᠤᠮᠳᠠᠳᠤ᠎ᠶᠢᠨ ᠪᠣᠯᠪᠠᠰᠤᠨ᠎ᠤ ᠴᠢᠬᠤᠯᠠ ᠪᠡᠯᠭᠡ ᠲᠡᠮᠳᠡᠭ ᠮᠦᠨ᠃ ᠪᠠᠶᠠᠨᠨᠠᠭᠤᠷ ᠬᠣᠲᠠ᠎ᠶᠢᠨ ᠬᠢᠯᠢ ᠳᠣᠲᠣᠷ᠎ᠠ ᠵᠣᠣ᠂ ᠴᠢᠨ ᠬᠠᠨ  ᠵᠡᠷᠭᠡ 5 ᠣᠷᠳᠣ᠌ ᠴᠠᠭᠠᠨ ᠬᠡᠷᠡᠮ᠎ᠦᠨ ᠪᠠᠭᠤᠷᠢ ᠲᠠᠷᠬᠠᠵᠤ᠂ ᠪᠥᠬᠥ ᠣᠷᠳᠣ᠌᠎ᠶᠢᠨ ᠬᠡᠮᠵᠢᠶ᠎ᠡ ᠨᠢ 1020 ᠺᠢᠯᠣᠮᠧᠲᠷ ᠪᠠᠢᠵᠤ᠂ 《ᠣᠷᠳᠣ᠌ ᠴᠠᠭᠠᠨ ᠬᠡᠷᠡᠮ᠎ᠦᠨ ᠮᠦᠽᠧᠢ》 ᠭᠡᠰᠡᠨ ᠰᠠᠢᠬᠠᠨ ᠠᠯᠳᠠᠷ ᠲᠠᠢ  ᠪᠠᠢᠵᠤ᠂ ᠲᠤᠢᠯ᠎ᠤᠨ ᠥᠨᠳᠥᠷ ᠲᠡᠦᠬᠡ ᠰᠣᠶᠣᠯ ᠪᠠ ᠡᠷᠳᠡᠮ ᠰᠢᠨᠵᠢᠯᠡᠭᠡᠨ᠎ᠦ ᠰᠤᠳᠤᠯᠭᠠᠨ᠎ᠤ ᠦᠨ᠎ᠡ ᠥᠷᠲᠡᠭ᠎ᠲᠠᠢ ᠶᠤᠮ᠃ ᠮᠢᠩᠭᠠᠨ ᠭᠠᠵᠠᠷ ᠦᠷᠭᠦᠯᠵᠢᠯᠡᠭᠰᠡᠨ ᠤᠷᠳᠤ ᠴᠠᠭᠠᠨ ᠬᠡᠷᠡᠮ ᠨᠢ ᠥᠨᠢ ᠤᠳᠠᠭᠠᠨ ᠣᠨ ᠰᠠᠷ᠎ᠠ᠎ᠶᠢ ᠡᠯᠡᠭᠡᠵᠦ᠂ ᠬᠥᠮᠥᠰ᠎ᠲᠦ ᠪᠣᠷᠣᠳᠣᠬᠣᠢ ᠣᠷᠣᠨ᠎ᠤ ᠴᠤᠨᠵᠢ᠎ᠵᠢᠨ ᠲᠠᠢᠰᠠᠨ ᠡᠴᠡ ᠳᠤᠬᠢᠶᠠᠨ᠎ᠤ ᠭᠠᠯ ᠳᠡᠭᠳᠡᠭᠰᠡᠨ᠎ᠡᠴᠡ ᠡᠩᠬᠡ ᠲᠠᠢᠪᠤᠩ᠎ᠵᠢᠡᠷ ᠠᠭᠤᠰᠤᠯᠴᠠᠭᠰᠠᠨ ᠲᠡᠦᠬᠡ᠎ᠶᠢᠨ ᠦᠯᠢᠭᠡᠷ᠎ᠢ ᠬᠦᠦᠷᠨᠢᠨ ᠲᠣᠭᠠᠴᠢᠵᠤ᠂ ᠪᠣᠯᠪᠠᠰᠤᠨ᠎ᠤ ᠤᠯᠠᠮᠵᠢᠯᠠᠯ ᠵᠠᠯᠭᠠᠮᠵᠢᠯᠠᠯ᠎ᠢ ᠭᠡᠷᠡᠴᠢᠯᠡᠵᠦ᠂ ᠭᠦᠨ ᠵᠤᠵᠠᠭᠠᠨ ᠰᠣᠶᠣᠯ᠎ᠤᠨ ᠲᠤᠨᠳᠠᠰᠤ᠎ᠶᠢ ᠠᠴᠢᠶᠠᠯᠠᠵᠤ ᠪᠠᠢᠨ᠎ᠠ᠃

ᠤᠷᠠᠳ᠎ᠤᠨ ᠡᠮᠦᠨᠡᠲᠦ ᠬᠣᠰᠢᠭᠤᠨ᠎ᠤ ᠪᠠᠭ᠎ᠠ ᠰᠢᠭᠡᠲᠡᠢ ᠪᠠᠯᠭᠠᠰᠤᠨ᠎ᠤ ᠳᠠ ᠱᠢ ᠹᠸᠨ ᠲᠣᠰᠬᠣᠨ᠎ᠤ ᠬᠠᠨ ᠭᠸᠨ ᠵᠦ᠍ ᠨᠢᠭᠡᠨᠲᠡ 20 ᠭᠠᠷᠤᠢ ᠵᠢᠯ ᠤᠷᠳᠤ ᠴᠠᠭᠠᠨ ᠬᠡᠷᠡᠮ᠎ᠢ ᠰᠠᠬᠢᠨ ᠬᠠᠮᠠᠭᠠᠯᠠᠵᠠᠢ᠃

《ᠡᠳᠡᠭᠡᠷ ᠵᠢᠯ᠎ᠦᠳ᠎ᠲᠦ ᠤᠷᠳᠤ ᠴᠠᠭᠠᠨ ᠬᠡᠷᠡᠮ᠎ᠢ ᠬᠠᠮᠠᠭᠠᠯᠠᠬᠤ᠎ᠶᠢᠨ ᠲᠥᠯᠥᠭᠡ ᠬᠥᠮᠥᠰ᠎ᠲᠠᠢ ᠪᠠᠭ᠎ᠠ ᠪᠤᠰᠤ ᠮᠠᠭᠤᠳᠠᠯᠴᠠᠵᠠᠢ!》 ᠭᠡᠵᠦ ᠬᠣᠲᠣᠭᠣᠷ ᠭᠦᠳᠦᠭᠦᠷ ᠲᠠᠢ ᠤᠷᠲᠤ ᠴᠠᠭᠠᠨ ᠬᠡᠷᠡᠮ᠎ᠢ ᠲᠡᠮᠲᠡᠷᠢᠭᠰᠡᠭᠡᠷ ᠬᠠᠨ ᠭᠸᠨ ᠵᠦ᠍ ᠰᠡᠳᠬᠢᠯ ᠳᠣᠭᠳᠣᠯᠤᠨ ᠶᠠᠷᠢᠵᠤ ᠪᠠᠢᠪᠠ᠃

ᠪᠠᠭ᠎ᠠ ᠰᠢᠭᠡᠲᠡᠢ᠎ᠶᠢᠨ ᠣᠷᠳᠣ᠌ ᠴᠠᠭᠠᠨ ᠬᠡᠷᠡᠮ᠎ᠢ ᠠᠭᠤᠯᠠᠨ ᠬᠢᠷ᠎ᠠ᠎ᠶᠢ ᠲᠦᠰᠢᠭᠦᠯᠦᠨ ᠪᠠᠢᠭᠤᠯᠵᠤ᠂ ᠪᠦᠬᠦᠨ᠎ᠢ ᠶᠡᠬᠡ ᠪᠠᠭ᠎ᠠ ᠬᠡᠯᠪᠡᠷᠢ ᠳᠦᠷᠰᠦ ᠨᠢ ᠠᠳᠠᠯᠢ ᠪᠤᠰᠤ ᠴᠢᠯᠠᠭᠤ᠎ᠪᠠᠷ ᠳᠠᠪᠬᠤᠷ ᠳᠠᠪᠬᠤᠷ ᠣᠪᠣᠭᠠᠯᠠᠨ ᠪᠤᠰᠬᠠᠵᠤ᠂ ᠬᠡᠳᠦᠨ ᠵᠠᠭᠤᠨ ᠮᠧᠲᠷ ᠠᠯᠤᠰᠯᠠᠬᠤ ᠪᠦᠷᠢ ᠨᠢᠭᠡ ᠴᠣᠨᠵᠢ᠎ᠲᠠᠢ ᠪᠠᠢᠵᠤ᠂ ᠬᠠᠷᠢᠴᠠᠩᠭᠤᠢ ᠪᠦᠷᠢᠨ ᠪᠦᠲᠦᠨ ᠬᠠᠳᠠᠭᠠᠯᠠᠭᠳᠠᠵᠤ ᠪᠠᠢᠳᠠᠭ᠃ ᠲᠤᠰᠬᠠᠢ ᠮᠡᠷᠭᠡᠵᠢᠯᠲᠡᠨ᠎ᠦ ᠰᠢᠯᠭᠠᠨ ᠨᠤᠲᠠᠯᠠᠭᠰᠠᠨ᠎ᠢᠶᠠᠷ ᠡᠨᠡ ᠪᠣᠯ ᠪᠠᠷᠠᠭᠤᠨ ᠬᠠᠨ ᠤᠯᠤᠰ᠎ᠤᠨ ᠦᠶ᠎ᠡ᠎ᠳᠦ ᠪᠠᠢᠭᠤᠯᠤᠭᠰᠠᠨ ᠭᠤᠸᠠᠩ ᠯᠦ᠍ ᠰᠠᠢ᠎ᠶᠢᠨ ᠪᠠᠭᠤᠷᠢ ᠪᠣᠯᠣᠨ᠎ᠠ᠃ 2006 ᠣᠨ᠎ᠳᠤ ᠡᠨᠡ ᠬᠡᠰᠡᠭ ᠤᠷᠳᠤ ᠴᠠᠭᠠᠨ ᠬᠡᠷᠡᠮ᠎ᠢ ᠪᠦᠬᠦ ᠤᠯᠤᠰ᠎ᠤᠨ ᠭᠣᠣᠯᠳᠠᠯᠭ᠎ᠠ᠎ᠲᠠᠢ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠮᠠᠭᠠᠯᠠᠯᠲᠠ᠎ᠶᠢᠨ ᠨᠢᠭᠡᠴᠢ᠎ᠳᠦ ᠣᠷᠣᠭᠤᠯᠪᠠ᠃

ᠤᠷᠳᠤ ᠴᠠᠭᠠᠨ ᠬᠡᠷᠡᠮ᠎ᠢ ᠰᠠᠬᠢᠨ ᠬᠠᠮᠠᠭᠠᠯᠠᠬᠤ ᠳ᠋ᠦ ᠬᠡᠷᠡᠮ᠎ᠢ ᠬᠠᠢᠷᠠᠯᠠᠨ ᠬᠠᠮᠠᠭᠠᠯᠠᠬᠤ᠎ᠪᠠᠷ ᠪᠠᠷᠠᠬᠤ ᠦᠭᠡᠢ ᠨᠡᠩ ᠴᠤ᠌ ᠤᠷᠳᠤ ᠴᠠᠭᠠᠨ ᠬᠡᠷᠡᠮ᠎ᠦᠨ ᠵᠣᠷᠢᠭ᠋ ᠰᠠᠨᠠᠭ᠎ᠠ᠎ᠶᠢ ᠤᠯᠠᠮᠵᠢᠯᠠᠨ ᠦᠢᠯᠡᠳᠦᠯᠭᠡᠵᠢᠭᠦᠯᠵᠦ ᠪᠠᠳᠠᠷᠠᠭᠤᠯᠬᠤ ᠬᠡᠷᠡᠭᠲᠡᠢ᠃ ᠣᠢᠷ᠎ᠠ᠎ᠶᠢᠨ ᠵᠢᠯ ᠡᠴᠡ ᠨᠠᠭᠠᠰᠢ ᠪᠠᠶᠠᠨᠨᠠᠭᠤᠷ ᠬᠣᠲᠠ ᠲᠡᠦᠬᠡ᠎ᠶᠢᠨ ᠳᠤᠷᠠᠰᠬᠠᠯᠲᠤ ᠵᠦᠢᠯᠡᠰ᠎ᠦᠨ ᠬᠠᠮᠠᠭᠠᠯᠠᠯᠲᠠ᠎ᠶᠢᠨ ᠢᠨᠵᠧᠨᠧᠷᠢᠩ᠎ᠢ ᠪᠠᠶ᠋ᠢᠭᠤᠯᠬᠤ᠎ᠪᠠᠷ ᠢᠳᠡᠪᠬᠢᠲᠡᠢ ᠭᠤᠶᠤᠴᠢᠯᠠᠭᠰᠠᠨ ᠪᠥᠭᠡᠳ ᠠᠯᠢ ᠣᠯᠠᠨ ᠬᠠᠮᠠᠭᠠᠯᠠᠵᠤ ᠰᠡᠯᠪᠢᠨ ᠵᠠᠰᠠᠬᠤ ᠢᠨᠵᠧᠨᠧᠷᠢᠩ᠎ᠢ ᠬᠡᠷᠡᠭᠵᠢᠭᠦᠯᠵᠦ᠂ ᠤᠷᠢᠳ ᠬᠣᠵᠢᠳ ᠣᠷᠳᠣ᠌ ᠴᠠᠭᠠᠨ ᠬᠡᠷᠡᠮ᠎ᠦᠨ ᠬᠠᠮᠠᠭᠠᠯᠠᠯᠲᠠ᠎ᠶᠢᠨ ᠠᠵᠢᠯ᠎ᠤᠨ ᠥᠷᠲᠡᠭᠡ᠎ᠶᠢ ᠫᠠᠢᠰᠠ ᠡᠯᠭᠦᠨ ᠪᠠᠢᠭᠤᠯᠪᠠ; ᠤᠷᠲᠤ ᠴᠠᠭᠠᠨ ᠬᠡᠷᠡᠮ᠎ᠦᠨ ᠤᠯᠤᠰ᠎ᠤᠨ ᠰᠣᠶᠣᠯ᠎ᠤᠨ ᠴᠡᠴᠡᠷᠯᠢᠭ ᠤ᠋ᠨ ᠪᠦᠲᠦᠭᠡᠨ ᠪᠠᠢᠭᠤᠯᠤᠯᠲᠠ᠎ᠶᠢ ᠢᠳᠡᠪᠬᠢᠲᠡᠢ ᠠᠬᠢᠭᠤᠯᠵᠤ᠂ ᠪᠦᠬᠦ ᠬᠣᠲᠠ᠎ᠶᠢᠨ ᠣᠯᠠᠨ ᠤᠷᠲᠤ ᠴᠠᠭᠠᠨ ᠬᠡᠷᠡᠮ᠎ᠦᠨ ᠪᠠᠭᠤᠷᠢ᠎ᠶᠢ ᠨᠢᠭᠡᠳᠦᠭᠡᠷ ᠪᠦᠯᠦᠭ᠎ᠦᠨ ᠤᠯᠤᠰ᠎ᠤᠨ ᠲᠡᠰ᠎ᠤᠨ ᠤᠷᠲᠤ ᠴᠠᠭᠠᠨ ᠬᠡᠷᠡᠮ᠎ᠦᠨ ᠴᠢᠬᠤᠯᠠ ᠬᠡᠰᠡᠭ᠎ᠲᠦ ᠣᠷᠣᠭᠤᠯᠪᠠ; ᠪᠠᠶᠠᠨᠨᠠᠭᠤᠷ᠎ᠡᠴᠡ ᠪᠤᠭᠤᠲᠤ ᠬᠦᠷᠲᠡᠯᠡᠬᠢ ᠴᠢᠨ ᠤᠯᠤᠰ᠎ᠤᠨ ᠣᠷᠳᠣ᠌ ᠴᠠᠭᠠᠨ ᠬᠡᠷᠡᠮ᠎ᠢ ᠣᠷᠳᠣ᠌ ᠴᠠᠭᠠᠨ ᠬᠡᠷᠡᠮ᠎ᠦᠨ ᠳᠦᠷᠢ ᠲᠥᠷᠬᠦ᠎ᠶᠢᠨ ᠲᠦᠮᠡᠨ ᠭᠠᠵᠠᠷ᠎ᠤᠨ ᠢᠯᠡᠳᠭᠡᠮᠵᠢ ᠲᠡᠮᠳᠡᠭ᠎ᠦᠨ ᠬᠡᠰᠡᠭ᠎ᠲᠦ ᠵᠢᠭ᠍ᠰᠠᠭᠠᠵᠤ᠂ ᠭᠤᠤ ᠴᠢᠤᠸᠠᠢ ᠰᠠᠢ᠂ ᠵᠢᠢ ᠯᠦ᠍ ᠰᠠᠢ᠂ ᠭᠤᠸᠠᠩ ᠯᠦ᠍ ᠰᠠᠢ ᠵᠡᠷᠭᠡ ᠬᠠᠯᠬᠠᠪᠴᠢ ᠭᠠᠵᠠᠷ᠎ᠢ ᠣᠷᠳᠣ᠌ ᠴᠠᠭᠠᠨ ᠬᠡᠷᠡᠮ᠎ᠦᠨ ᠳᠦᠷᠢ ᠲᠥᠷᠬᠦ᠎ᠶᠢᠨ ᠢᠯᠡᠳᠭᠡᠮᠵᠢ ᠲᠡᠮᠳᠡᠭ᠎ᠦᠨ ᠴᠡᠭ᠎ᠲᠦ ᠵᠢᠭ᠍ᠰᠠᠭᠠᠵᠤ᠂ ᠨᠢᠭᠡᠨᠲᠡ ᠣᠷᠳᠣ᠌ ᠴᠠᠭᠠᠨ ᠬᠡᠷᠡᠮ᠎ᠦᠨ ᠤᠯᠤᠰ᠎ᠤᠨ ᠰᠣᠶᠣᠯ᠎ᠤᠨ ᠴᠡᠴᠡᠷᠯᠢᠭ᠎ᠦᠨ ᠲᠥᠯᠦᠪᠵᠢᠭᠦᠯᠭᠡ᠎ᠳᠦ ᠣᠷᠣᠭᠤᠯᠪᠠ᠃

ᠮᠢᠩᠭᠠᠨ ᠣᠨ᠎ᠤ ᠰᠠᠭᠤᠷᠢ ᠦᠢᠯᠡᠰ ᠪᠣᠷᠣᠳᠣᠬᠣᠢ᠎ᠵᠢ ᠪᠠᠶᠠᠵᠢᠭᠤᠯᠤᠨ᠎ᠠ

ᠬᠥᠮᠥᠨ ᠲᠥᠷᠥᠯᠬᠢᠲᠡᠨ᠎ᠦ ᠡᠭᠦᠰᠦᠯ᠎ᠢ ᠠᠵᠢᠭ᠍ᠯᠠᠬᠤ᠎ᠳᠤ ᠣᠯᠠᠩᠬᠢ ᠨᠢ ᠭᠣᠣᠯ ᠮᠥᠷᠡᠨ ᠨᠠᠭᠤᠷ ᠴᠥᠭᠥᠷᠥᠮ᠎ᠢ ᠲᠣᠭᠣᠷᠢᠨ ᠮᠡᠨᠳᠦᠯᠡᠭᠰᠡᠨ ᠪᠠᠢᠨ᠎ᠠ᠃

ᠪᠣᠷᠣᠳᠣᠬᠣᠢ᠎ᠶᠢᠨ ᠡᠬᠡ ᠭᠠᠵᠠᠷ ᠤᠰᠤᠨ᠎ᠡᠴᠡ ᠡᠭᠦᠰᠴᠦ᠂ ᠤᠰᠤᠨ᠎ᠳ᠋ᠤ ᠲᠦᠰᠢᠭᠯᠡᠨ ᠬᠥᠭᠵᠢᠪᠡ; ᠤᠰᠤ ᠪᠡᠷ ᠤᠮᠳᠠᠯᠠᠭᠳᠠᠵᠤ᠂ ᠤᠰᠤ ᠪᠡᠷ ᠠᠯᠳᠠᠷᠰᠢᠵᠠᠢ᠃

ᠪᠠᠶᠠᠨᠨᠠᠭᠤᠷ ᠬᠣᠲᠠ ᠪᠡᠷ ᠤᠷᠤᠰᠤᠨ ᠥᠩᠭᠡᠷᠡᠵᠦ ᠪᠠᠢᠭ᠎ᠠ ᠬᠠᠲᠤᠨ ᠭᠣᠣᠯ 333.5 ᠺᠢᠯᠣᠮᠧᠲᠷ ᠪᠠᠢᠵᠤ᠂ ᠮᠢᠩᠭ᠎ᠠ ᠵᠠᠭᠤᠨ ᠵᠢᠯ᠎ᠦᠨ ᠲᠤᠷᠰᠢ ᠵᠤᠭᠰᠤᠰᠢ ᠦᠭᠡᠢ ᠳᠠᠪᠠᠯᠭᠠᠯᠠᠨ ᠤᠷᠤᠰᠤᠭᠰᠠᠨ ᠬᠠᠲᠤᠨ ᠭᠣᠣᠯ ᠨᠢ ᠳᠤᠮᠳᠠᠳᠤ᠎ᠶᠢᠨ ᠪᠣᠯᠪᠠᠰᠤᠨ᠎ᠢ ᠪᠣᠢᠵᠢᠭᠤᠯᠤᠭᠰᠠᠨ ᠪᠥᠭᠡᠳ ᠪᠣᠷᠣᠳᠣᠬᠣᠢ᠎ᠶᠢᠨ ᠲᠠᠯ᠎ᠠ ᠭᠠᠵᠠᠷ᠎ᠢ ᠥᠩ ᠰᠢᠮᠡᠯᠢᠭ ᠮᠢᠩᠭᠠᠨ ᠭᠠᠵᠠᠷ᠎ᠤᠨ 《ᠪᠣᠭᠣᠮᠲᠠ᠎ᠶᠢᠨ ᠭᠠᠳᠠᠨᠠᠬᠢ ᠵᠢᠶᠠᠩᠨᠠᠨ》 ᠪᠠ 《ᠪᠣᠭᠣᠮᠲᠠ᠎ᠶᠢᠨ ᠭᠠᠳᠠᠨᠠᠬᠢ ᠠᠮᠤ᠎ᠵᠢᠨ ᠰᠠᠨᠭ᠌》 ᠪᠣᠯᠭᠠᠭᠰᠠᠨ ᠪᠠᠢᠨ᠎ᠠ᠃

2023 ᠣᠨ᠎ᠤ 6 ᠰᠠᠷ᠎ᠠ᠎ᠳᠤ᠂ ᠶᠡᠷᠦᠩᠬᠡᠢ ᠱᠦᠵᠢ ᠰᠢ᠎ᠶᠢᠨ ᠫᠢᠩ ᠪᠠᠶᠠᠨᠨᠠᠭᠤᠷ ᠬᠤᠳᠠ᠎ᠳᠤ ᠪᠡᠶ᠎ᠡ᠎ᠪᠡᠷ᠎ᠢᠶᠡᠨ ᠰᠢᠨᠵᠢᠯᠡᠨ ᠪᠠᠢᠴᠠᠭᠠᠵᠤ᠂ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠬᠥᠭᠵᠢᠯᠲᠡ᠎ᠳᠦ ᠴᠢᠭᠯᠡᠯ᠎ᠢ ᠲᠣᠳᠣᠷᠬᠠᠢ ᠵᠢᠭᠠᠵᠤ ᠥᠭᠭᠦᠭᠰᠡᠨ ᠪᠥᠭᠡᠳ ᠪᠣᠷᠣᠳᠣᠬᠣᠢ᠎ᠶᠢᠨ ᠰᠣᠶᠣᠯ᠎ᠳᠤ ᠲᠤᠢᠯ᠎ᠤᠨ ᠡᠷᠬᠢᠮ ᠨᠠᠨᠳᠢᠨ ᠴᠠᠭ ᠦᠶ᠎ᠡ᠎ᠶᠢᠨ ᠦᠨ᠎ᠡ ᠦᠷᠳᠡᠭ ᠪᠠ ᠤᠶᠤᠨ ᠰᠠᠨᠠᠭᠠᠨ᠎ᠤ ᠣᠨᠴᠠᠯᠢᠭ᠋᠎ᠢ ᠣᠯᠭᠣᠵᠤ᠂ ᠪᠣᠷᠣᠳᠣᠬᠣᠢ᠎ᠶᠢᠨ ᠰᠣᠶᠣᠯ᠎ᠢ ᠪᠠᠳᠠᠷᠠᠭᠤᠯᠬᠤ᠎ᠳᠤ ᠴᠢᠬᠤᠯᠠ ᠶᠡᠬᠡ ᠠᠵᠠ ᠲᠣᠬᠢᠶᠠᠯ ᠪᠠ ᠬᠦᠴᠦᠷᠬᠡᠭ ᠶᠡᠬᠡ ᠬᠥᠳᠡᠯᠭᠡᠬᠦ ᠬᠦᠴᠦᠨ᠎ᠢ ᠠᠪᠴᠢᠷᠠᠭᠰᠠᠨ ᠪᠠᠢᠨ᠎ᠠ᠃

ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠤᠰᠤᠨ᠎ᠤ ᠬᠡᠮᠵᠢᠶ᠎ᠡ᠎ᠶᠢᠨ ᠮᠡᠳᠡᠭᠡ ᠵᠠᠩᠭᠢᠵᠢᠯᠲᠠ᠎ᠶᠢᠨ ᠬᠢᠨᠠᠨ ᠬᠡᠮᠵᠢᠬᠦ ᠲᠥᠪ ᠲᠦ᠍ ᠤᠷᠤᠪᠠᠯ᠂ 50 ᠭᠠᠷᠤᠢ ᠮᠧᠲᠷ ᠣᠷᠳᠣ᠌ ᠲᠣᠭᠠᠨ᠎ᠤ ᠬᠡᠷᠡᠮ ᠳᠡᠭᠡᠷ᠎ᠡ᠂ ᠤᠰᠤᠯᠠᠯᠲᠠ᠎ᠶᠢᠨ ᠤᠰᠤᠨ᠎ᠤ ᠬᠡᠮᠵᠢᠶ᠎ᠡ᠎ᠶᠢ ᠲᠣᠬᠢᠷᠠᠭᠤᠯᠬᠤ ᠰᠢᠰᠲᠧᠮ᠂ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠲᠣᠭᠠᠨ᠎ᠤ ᠢᠬᠡᠷ᠎ᠡ ᠲᠠᠪᠴᠠᠩ᠂ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠰᠤᠪᠠᠭ ᠭᠤᠤ᠎ᠶᠢᠨ ᠵᠠᠩᠭᠢᠯᠠᠭ᠎ᠠ᠎ᠶᠢᠨ ᠢᠨᠵᠧᠨᠧᠷᠢᠩ᠎ᠦᠨ ᠲᠤᠬᠠᠢ᠎ᠶᠢᠨ ᠴᠠᠭ᠎ᠤᠨ ᠠᠵᠢᠯᠯᠠᠭᠠᠨ᠎ᠤ ᠪᠠᠢᠳᠠᠯ᠂ ᠬᠠᠲᠤᠨ ᠭᠣᠣᠯ᠎ᠤᠨ ᠰᠠᠨ ᠱᠧᠩ ᠬᠥᠩ ᠤᠰᠤᠨ ᠠᠰᠢᠭ᠍ᠯᠠᠯᠲᠠ᠎ᠶᠢᠨ ᠵᠠᠩᠭᠢᠯᠠᠭ᠎ᠠ᠎ᠶᠢᠨ ᠢᠨᠵᠧᠨᠧᠷᠢᠩ᠎ᠦᠨ ᠲᠤᠬᠠᠢ᠎ᠶᠢᠨ ᠴᠠᠭ᠎ᠤᠨ ᠵᠢᠷᠤᠭ ᠳᠦᠷᠰᠦ ᠲᠣᠪ ᠲᠣᠳᠣᠷᠬᠠᠢ ᠢᠯᠡᠷᠡᠨ᠎ᠡ᠃

《ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠮᠡᠳᠡᠭᠡ ᠵᠠᠩᠭᠢᠵᠢᠯᠲᠠ᠎ᠶᠢᠨ ᠢᠨᠵᠧᠨᠧᠷᠢᠩ᠎ᠳᠦ ᠨᠢᠭᠡᠨᠲᠡ 1284 ᠴᠢᠮᠡᠭᠡ ᠬᠣᠯᠪᠣᠭᠠᠨ᠎ᠤ ᠥᠷᠲᠡᠭᠡ ᠴᠡᠭ ᠪᠠ 2141 ᠲᠣᠭ᠎ᠠ ᠪᠠᠷᠢᠮᠲᠠ᠎ᠶᠢᠨ ᠬᠢᠨᠠᠨ ᠡᠵᠡᠮᠳᠡᠬᠦ ᠴᠡᠭ᠎ᠢ ᠪᠠᠢᠭᠤᠯᠵᠤ᠂ ᠤᠰᠤᠨ ᠠᠰᠢᠭ᠍ᠯᠠᠯᠲᠠ᠎ᠶᠢᠨ ᠴᠢᠮᠡᠭᠡ ᠬᠣᠯᠪᠣᠭᠠᠨ᠎ᠤ ᠲᠤᠰᠬᠠᠢ ᠰᠦᠯᠵᠢᠶ᠎ᠡ᠎ᠶᠢ ᠤᠰᠤᠯᠠᠯᠲᠠ᠎ᠶᠢᠨ ᠣᠷᠣᠨ᠎ᠳᠤ ᠪᠦᠬᠦᠨ᠎ᠢ ᠬᠠᠮᠤᠷᠤᠭᠤᠯᠬᠤ᠎ᠶᠢ ᠪᠡᠶᠡᠯᠡᠭᠦᠯᠪᠡ᠃ ᠤᠯᠤᠰ᠎ᠤᠨ ᠬᠠᠮᠢᠶᠠᠷᠤᠯᠲᠠ᠎ᠶᠢᠨ ᠵᠠᠮ ᠰᠤᠪᠠᠭ᠎ᠤᠨ ᠲᠣᠬᠢᠷᠠᠭᠤᠯᠤᠯᠲᠠ᠎ᠶᠢᠨ ᠣᠭᠲᠣᠯᠣᠭᠠᠰᠤ᠎ᠶᠢᠨ ᠤᠷᠤᠰᠴᠠ᠎ᠶᠢᠨ ᠠᠦ᠋ᠲ᠋ᠣ᠋ ᠴᠤᠭᠯᠠᠭᠤᠯᠬᠤ ᠪᠦᠷᠬᠦᠴᠡ᠎ᠶᠢᠨ ᠨᠣᠷᠮ᠎ᠠ 62%᠎ᠲᠤ ᠬᠦᠷᠴᠦ᠂ ᠤᠰᠤᠨ᠎ᠤ ᠪᠠᠢᠳᠠᠯ᠎ᠤᠨ ᠮᠡᠳᠡᠭᠡ ᠵᠠᠩᠭᠢ᠎ᠶᠢᠨ ᠠᠦ᠋ᠲ᠋ᠣ᠋ ᠴᠤᠭᠯᠠᠭᠤᠯᠬᠤ ᠰᠢᠰᠲᠧᠮ᠎ᠦᠨ ᠪᠦᠷᠬᠦᠴᠡ᠎ᠶᠢᠨ ᠨᠣᠷᠮ᠎ᠠ 81%᠎ᠳᠤ ᠬᠦᠷᠴᠦ᠂ ᠤᠰᠤᠨ᠎ᠤ ᠡᠬᠢ ᠪᠠᠶᠠᠯᠢᠭ᠋᠎ᠤᠨ ᠴᠠᠭ ᠵᠠᠢ᠎ᠶᠢᠨ ᠲᠣᠬᠢᠷᠠᠭᠤᠯᠤᠯᠲᠠ᠎ᠶᠢᠨ ᠴᠢᠳᠠᠪᠤᠷᠢ ᠪᠠ ᠤᠰᠤ ᠳᠠᠮᠵᠢᠭᠤᠯᠬᠤ ᠢᠨᠵᠧᠨᠧᠷᠢᠩ᠎ᠦᠨ ᠠᠮᠤᠷ ᠲᠦᠪᠰᠢᠨ᠎ᠢ ᠪᠠᠲᠤᠯᠠᠬᠤ ᠴᠢᠳᠠᠪᠤᠷᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ》 ᠭᠡᠵᠤ ᠲᠣᠰ ᠲᠥᠪ᠎ᠦᠨ ᠮᠡᠳᠡᠭᠡ ᠵᠠᠩᠭᠢᠵᠢᠯᠲᠠ᠎ᠶᠢᠨ ᠰᠠᠯᠠᠭᠠᠨ᠎ᠤ ᠳᠠᠷᠤᠭ᠎ᠠ ᠵᠢᠶᠠᠩ ᠵᠢᠶᠧ ᠲᠠᠨᠢᠯᠴᠠᠭᠤᠯᠪᠠ᠃

2022 ᠣᠨ᠎ᠳᠤ ᠥᠪᠥᠷ ᠮᠣᠩᠭᠣᠯ᠎ᠤᠨ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ (ᠶᠦᠩ ᠵᠢᠢ ᠤᠰᠤᠯᠠᠯᠲᠠ᠎ᠶᠢᠨ ᠣᠷᠣᠨ) ᠪᠦᠬᠦ ᠤᠯᠤᠰ᠎ᠤᠨ 49 ᠲᠣᠮᠣ᠌ ᠳᠤᠮᠳᠠ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠤ 《ᠲᠣᠭᠠᠴᠢᠯᠠᠭᠰᠠᠨ ᠢᠬᠡᠷ᠎ᠡ ᠤᠰᠤᠯᠠᠯᠲᠠ᠎ᠶᠢᠨ ᠣᠷᠣᠨ》 ᠤᠷᠢᠳ᠎ᠢᠶᠡᠷ ᠬᠡᠷᠡᠭᠵᠢᠭᠦᠯᠵᠦ ᠤᠷᠢᠳ᠎ᠢᠶᠡᠷ ᠲᠤᠷᠰᠢᠬᠤ ᠪᠦᠲᠦᠭᠡᠨ ᠪᠠᠶ᠋ᠢᠭᠤᠯᠤᠯᠲᠠ ᠵᠢᠨ ᠨᠡᠷᠡᠰ᠎ᠲᠦ ᠵᠢᠭ᠍ᠰᠠᠭᠠᠭᠳᠠᠵᠤ᠂ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ ᠤᠰᠤᠨ ᠠᠰᠢᠭ᠍ᠯᠠᠯᠲᠠ᠎ᠶᠢᠨ ᠬᠥᠭᠵᠢᠯᠲᠡ᠎ᠶᠢᠨ ᠲᠥᠪ ᠡᠨᠡ ᠬᠦ᠌ ᠠᠵᠠ ᠲᠣᠬᠢᠶᠠᠯ᠎ᠢ ᠠᠳᠬᠤᠵᠤ᠂ ᠤᠯᠤᠰ᠎ᠤᠨ ᠳᠣᠲᠣᠭᠠᠳᠤ᠎ᠶᠢᠨ ᠲᠡᠷᠢᠭᠦᠨ᠎ᠦ 《ᠲᠣᠭᠠᠴᠢᠯᠠᠭᠰᠠᠨ ᠢᠬᠡᠷ᠎ᠡ ᠤᠰᠤᠯᠠᠯᠲᠠ᠎ᠶᠢᠨ ᠣᠷᠣᠨ》 ᠢ᠋ ᠪᠦᠬᠦ ᠬᠦᠴᠦᠨ᠎ᠢᠶᠡᠷ ᠪᠦᠲᠦᠭᠡᠨ ᠪᠠᠢᠭᠤᠯᠪᠠ᠃

《〈ᠲᠣᠭᠠᠴᠢᠯᠠᠭᠰᠠᠨ ᠢᠬᠡᠷ᠎ᠡ ᠤᠰᠤᠯᠠᠯᠲᠠ᠎ᠶᠢᠨ ᠣᠷᠣᠨ〉 ᠤ᠋ ᠪᠦᠲᠦᠭᠡᠨ ᠪᠠᠢᠭᠤᠯᠤᠯᠲᠠ᠎ᠪᠠᠷ ᠳᠡᠮᠵᠢᠨ ᠠᠯᠤᠰ ᠰᠡᠷᠡᠯ᠎ᠦᠨ ᠬᠢᠨᠠᠨ ᠬᠡᠮᠵᠢᠯᠲᠡ ᠵᠡᠷᠭᠡ ᠮᠡᠷᠭᠡᠵᠢᠯ᠎ᠦᠨ ᠠᠷᠭ᠎ᠠ ᠪᠠᠷᠢᠯ᠎ᠤᠨ ᠬᠡᠷᠡᠭᠯᠡᠯᠲᠡ᠎ᠶᠢ ᠤᠰᠤᠯᠠᠯᠲᠠ᠎ᠶᠢᠨ ᠣᠷᠣᠨ᠎ᠤ ᠬᠠᠮᠢᠶᠠᠷᠤᠯᠲᠠ᠎ᠶᠢᠨ ᠲᠤᠬᠠᠢᠯᠠᠭᠰᠠᠨ ᠠᠵᠢᠯ ᠯᠤᠭ᠎ᠠ ᠭᠦᠨᠵᠡᠭᠡᠢ ᠠᠭᠤᠰᠤᠯᠴᠠᠭᠤᠯᠵᠤ᠂ ᠤᠰᠤᠯᠠᠯᠲᠠ᠎ᠶᠢᠨ ᠲᠠᠷᠢᠮᠠᠯ᠎ᠤᠨ ᠲᠠᠷᠢᠮᠠᠯ᠎ᠤᠨ ᠪᠦᠲᠦᠴᠡ᠎ᠶᠢ ᠲᠣᠳᠣᠷᠬᠠᠢ ᠣᠢᠯᠠᠭᠠᠨ᠂ ᠤᠰᠤᠯᠠᠯᠲᠠ᠎ᠶᠢᠨ ᠤᠰᠤ ᠬᠡᠷᠡᠭᠯᠡᠬᠦ᠎ᠶᠢ ᠣᠨᠣᠪᠴᠢᠲᠠᠶ ᠲᠥᠰᠥᠭᠡᠯᠡᠬᠦ᠎ᠶᠢ ᠪᠡᠶᠡᠯᠡᠭᠦᠯᠵᠦ᠂ ᠲᠣᠬᠢᠷᠠᠭᠤᠯᠬᠤ ᠲᠥᠰᠥᠯ᠎ᠢ ᠬᠥᠳᠡᠯᠦᠩᠭᠦᠢ᠎ᠪᠡᠷ ᠰᠢᠯᠢᠳᠡᠭᠵᠢᠭᠦᠯᠦᠨ᠂ ᠤᠰᠤᠨ᠎ᠤ ᠬᠡᠮᠵᠢᠶ᠎ᠡ᠎ᠶᠢ ᠲᠣᠬᠢᠷᠠᠭᠤᠯᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ᠎ᠳᠤ ᠬᠦᠴᠦᠲᠡᠢ ᠲᠤᠯᠭᠠᠭᠤᠷᠢᠯᠠᠯ ᠬᠠᠩᠭᠠᠭᠰᠠᠨ ᠪᠠᠢᠨ᠎ᠠ》 ᠭᠡᠵᠦ ᠵᠢᠶᠠᠩ ᠵᠢᠶᠸ ᠬᠡᠯᠡᠪᠡ᠃

ᠳᠤᠰᠤᠯ ᠤᠰᠤ ᠪᠡᠷ ᠳᠠᠯᠠᠢ ᠤᠰᠤ ᠵᠢ ᠠᠮᠢᠯᠠᠭᠤᠯᠤᠨ᠎ᠠ᠃ ᠥᠩᠭᠡᠷᠡᠭᠰᠡᠨ᠎ᠳᠦ ᠭᠠᠩ ᠬᠠᠭᠰᠠᠷᠠᠭᠠᠨ᠎ᠡᠴᠡ ᠪᠤᠯᠵᠤ ᠤᠰᠤ ᠲᠠᠲᠠᠬᠤ᠎ᠳᠤ ᠬᠦᠴᠢᠷᠲᠡᠢ ᠪᠠᠢᠭᠰᠠᠨ᠎ᠡᠴᠡ᠎ᠪᠠᠨ ᠥᠨᠥᠳᠥᠷ᠎ᠦᠨ ᠠᠮᠤ ᠵᠢᠨ ᠰᠠᠩ᠎ᠤᠨ ᠢᠷᠠᠭᠤ ᠲᠠᠭᠤᠷᠢᠰᠬᠠᠯ ᠬᠦᠷᠲᠡᠯ᠎ᠡ᠂ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ ᠨᠢ ᠤᠰᠤᠨ ᠠᠰᠢᠭ᠍ᠯᠠᠯᠲᠠ᠎ᠶᠢᠨ ᠶᠠᠮᠤᠨ ᠡᠴᠡ ᠭᠠᠷᠭᠠᠭᠰᠠᠨ 《ᠪᠦᠬᠦ ᠤᠯᠤᠰ᠎ᠤᠨ ᠲᠣᠮᠣ᠌ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠤ ᠮᠡᠳᠡᠭᠡ ᠵᠠᠩᠭᠢᠵᠢᠯᠲᠠ᠎ᠶᠢᠨ ᠪᠦᠲᠦᠭᠡᠨ ᠪᠠᠢᠭᠤᠯᠤᠯᠲᠠ᠎ᠶᠢᠨ ᠲᠤᠷᠰᠢᠯᠲᠠ᠎ᠶᠢᠨ ᠴᠡᠭ᠎ᠤᠨ ᠨᠢᠭᠡᠴᠢ》 ᠳ᠋ᠦ᠍ ᠬᠣᠶᠠᠷ ᠤᠳᠠᠭ᠎ᠠ ᠵᠢᠭ᠍ᠰᠠᠭᠠᠭᠳᠠᠵᠤ᠂ ᠳᠡᠯᠡᠬᠡᠢ᠎ᠶᠢᠨ ᠤᠰᠤᠯᠠᠯᠲᠠ᠎ᠶᠢᠨ ᠢᠨᠵᠧᠨᠧᠷᠢᠩ᠎ᠦᠨ ᠥᠪ᠎ᠦᠨ ᠨᠡᠷᠡᠰ᠎ᠦᠨ ᠵᠢᠭ᠍ᠰᠠᠭᠠᠯᠲᠠ᠎ᠳᠤ ᠣᠷᠣᠵᠤ᠂ ᠳᠤᠮᠳᠠᠳᠤ ᠤᠯᠤᠰ᠎ᠤᠨ ᠤᠰᠤᠯᠠᠯᠲᠠ᠎ᠶᠢᠨ ᠣᠷᠣᠨ᠎ᠤ ᠨᠡᠢᠭᠡᠮᠯᠢᠭ᠎ᠡᠴᠡ 《ᠤᠰᠤ ᠠᠷᠪᠢᠯᠠᠬᠤ ᠬᠡᠯᠪᠡᠷᠢ᠎ᠶᠢᠨ ᠵᠢᠱ᠌ᠢᠶ᠎ᠡ ᠦᠵᠡᠭᠦᠯᠬᠦ ᠤᠰᠤᠯᠠᠯᠲᠠ᠎ᠶᠢᠨ ᠣᠷᠣᠨ》 ᠭᠡᠬᠦ ᠴᠣᠯᠠ᠎ᠶᠢ ᠣᠯᠭᠣᠵᠠᠢ᠃

ᠰᠢᠨ᠎ᠡ ᠠᠶᠠᠨ᠎ᠳᠠᠭᠠᠨ ᠢᠷᠠᠭᠤ ᠬᠠᠭᠤᠳᠠᠰᠤ᠎ᠶᠢ ᠪᠢᠴᠢᠭᠯᠡᠨ᠎ᠡ

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠡᠴᠡ ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠶᠢ ᠲᠦᠯᠬᠢᠨ ᠠᠬᠢᠭᠤᠯᠬᠤ ᠲᠣᠭᠲᠠᠭᠠᠯ ᠭᠠᠷᠭᠠᠭᠰᠠᠨ᠎ᠡᠴᠡ ᠨᠠᠭᠠᠰᠢ ᠪᠠᠶᠠᠨᠨᠠᠭᠤᠷ ᠬᠤᠳᠠ 《ᠥᠪᠡᠷᠲᠡᠭᠡᠨ ᠵᠠᠰᠠᠬᠤ ᠣᠷᠣᠨ᠎ᠤ 〈ᠤᠮᠠᠷᠠᠲᠤ ᠬᠢᠯᠢ᠎ᠶᠢᠨ ᠰᠣᠶᠣᠯ᠎ᠤᠨ ᠪᠠᠢᠭᠤᠯᠤᠯᠲᠠ᠎ᠶᠢ ᠠᠬᠢᠭᠤᠯᠬᠤ ᠲᠤᠬᠠᠢ ᠰᠠᠨᠠᠯ〉 ᠢ᠋ ᠲᠤᠭᠤᠰᠢᠯᠠᠭᠤᠯᠤᠨ ᠨᠠᠢᠳᠠᠪᠤᠷᠢᠵᠢᠭᠤᠯᠬᠤ ᠵᠢ ᠬᠡᠷᠡᠭᠵᠢᠭᠦᠯᠬᠦ ᠲᠥᠰᠥᠯ》 ᠢ᠋ ᠲᠣᠭᠲᠠᠭᠠᠵᠤ᠂ ᠪᠦᠬᠦ ᠬᠤᠳᠠ᠎ᠶᠢᠨ ᠤᠳᠬ᠎ᠠ ᠤᠷᠠᠯᠢᠭ᠋᠎ᠤᠨ ᠠᠵᠢᠯᠲᠠᠳ᠎ᠤᠨ ᠶᠠᠷᠢᠯᠴᠠᠬᠤ ᠬᠤᠷᠠᠯ᠂ ᠪᠣᠷᠣᠳᠣᠬᠣᠢ᠎ᠶᠢᠨ ᠰᠣᠶᠣᠯ᠎ᠤᠨ ᠰᠤᠳᠤᠯᠭᠠᠨ᠎ᠤ ᠠᠵᠢᠯ᠎ᠢ ᠠᠬᠢᠭᠤᠯᠬᠤ ᠬᠤᠷᠠᠯ᠂ ᠪᠣᠷᠣᠳᠣᠬᠣᠢ᠎ᠶᠢᠨ ᠰᠣᠶᠣᠯ᠎ᠢ ᠤᠯᠠᠮᠵᠢᠯᠠᠨ ᠬᠥᠭᠵᠢᠭᠦᠯᠬᠦ ᠡᠷᠳᠡᠮ ᠰᠢᠨᠵᠢᠯᠡᠭᠡᠨ᠎ᠦ ᠰᠣᠯᠢᠯᠴᠠᠭᠠᠨ᠎ᠤ ᠬᠤᠷᠠᠯ᠎ᠢ ᠬᠤᠷᠠᠯᠳᠤᠭᠤᠯᠵᠤ᠂ 45 ᠲᠤᠰᠬᠠᠢ ᠮᠡᠷᠭᠡᠵᠢᠯᠲᠡᠨ ᠡᠷᠳᠡᠮᠲᠡᠨ᠎ᠢ ᠤᠷᠢᠵᠤ ᠪᠣᠷᠣᠳᠣᠬᠣᠢ᠎ᠶᠢᠨ ᠰᠣᠶᠣᠯ᠎ᠤᠨ ᠰᠤᠳᠤᠯᠭᠠᠨ᠎ᠤ ᠤᠶᠤᠨ᠎ᠤ ᠬᠥᠮᠥᠷᠭᠡ᠎ᠶᠢ ᠪᠠᠢᠭᠤᠯᠪᠠ; 《ᠪᠣᠷᠣᠳᠣᠬᠣᠢ᠎ᠶᠢᠨ ᠰᠣᠶᠣᠯ᠎ᠤᠨ ᠰᠤᠳᠤᠯᠭᠠᠨ᠎ᠤ ᠲᠥᠷᠥᠯ ᠵᠦᠢᠯ᠎ᠦᠨ ᠬᠠᠮᠢᠶᠠᠷᠤᠯᠲᠠ᠎ᠶᠢᠨ ᠠᠷᠭ᠎ᠠ》 ᠶ᠋ᠢ ᠭᠠᠷᠭᠠᠵᠤ᠂ 16 ᠲᠠᠯ᠎ᠠ᠎ᠶᠢᠨ ᠰᠤᠳᠤᠯᠭᠠᠨ᠎ᠤ ᠰᠡᠳᠦᠪ᠎ᠢ ᠨᠡᠢᠲᠡᠯᠡᠵᠦ᠂ ᠥᠪᠥᠷ ᠮᠣᠩᠭᠣᠯ᠎ᠤᠨ ᠪᠠᠭ᠍ᠰᠢ᠎ᠶᠢᠨ ᠶᠡᠬᠡ ᠰᠤᠷᠭᠠᠭᠤᠯᠢ᠎ᠶᠢᠨ ᠤᠮᠠᠷᠠᠲᠤ ᠬᠢᠯᠢ᠎ᠶᠢᠨ ᠰᠣᠶᠣᠯ᠎ᠤᠨ ᠥᠪ᠎ᠦᠨ ᠰᠤᠳᠤᠯᠭᠠᠨ᠎ᠤ ᠲᠥᠪ᠎ᠦᠨ ᠪᠣᠷᠣᠳᠣᠬᠣᠢ᠎ᠶᠢᠨ ᠰᠠᠭᠤᠷᠢᠨ ᠭᠠᠵᠠᠷ᠂ ᠪᠠᠶᠠᠨᠨᠠᠭᠤᠷ ᠬᠣᠲᠠ᠎ᠶᠢᠨ ᠤᠮᠠᠷᠠᠲᠤ ᠬᠢᠯᠢ᠎ᠶᠢᠨ ᠰᠣᠶᠣᠯ᠎ᠤᠨ ᠰᠤᠳᠤᠯᠭᠠᠨ᠎ᠤ ᠬᠦᠷᠢᠶᠡᠯᠡᠩ᠎ᠢ ᠪᠠᠢᠭᠤᠯᠪᠠ; 10 ᠬᠤᠭᠤᠴᠠᠭᠠᠨ᠎ᠤ ᠪᠣᠷᠣᠳᠣᠬᠣᠢ᠎ᠶᠢᠨ ᠰᠣᠶᠣᠯ᠎ᠤᠨ ᠰᠤᠳᠤᠯᠤᠨ ᠶᠠᠷᠢᠯᠴᠠᠬᠤ ᠬᠤᠷᠠᠯ᠂ 8 ᠬᠤᠭᠤᠴᠠᠭᠠᠨ᠎ᠤ ᠡᠷᠳᠡᠮ ᠰᠢᠨᠵᠢᠯᠡᠭᠡᠨ᠎ᠦ ᠥᠭᠦᠯᠡᠯ᠎ᠦᠨ ᠰᠢᠯᠭᠠᠷᠠᠭᠤᠯᠤᠯᠲᠠ᠎ᠶᠢᠨ ᠠᠵᠢᠯᠯᠠᠭ᠎ᠠ᠎ᠶᠢ ᠡᠷᠭᠢᠯᠡᠵᠦ᠂ 《ᠪᠣᠷᠣᠳᠣᠬᠣᠢ ᠵᠢᠨ ᠰᠣᠶᠣᠯ᠎ᠤᠨ ᠲᠤᠭᠤᠷᠢᠭ》᠎ᠤᠨ ᠬᠠᠷᠠᠭᠠᠰᠤ ᠡᠴᠡ ᠪᠣᠷᠣᠳᠣᠬᠣᠢ᠎ᠶᠢᠨ ᠰᠣᠶᠣᠯ᠎ᠤᠨ ᠨᠢᠭᠡ ᠴᠣᠭᠴᠠᠵᠢᠭ᠍ᠰᠠᠨ ᠣᠯᠠᠨ ᠡᠰᠢᠲᠦ ᠠᠭᠤᠯᠤᠭᠳᠠᠬᠤᠨ᠎ᠢ ᠢᠯᠡᠷᠡᠭᠦᠯᠵᠦ᠂ ᠨᠡᠯᠢᠶᠡᠳ ᠪᠦᠷᠢᠨ ᠲᠡᠭᠦᠯᠳᠡᠷ ᠣᠨᠣᠯ᠎ᠤᠨ ᠰᠢᠰᠲᠧᠮ᠎ᠢ ᠪᠠᠢᠭᠤᠯᠤᠨ᠂ ᠪᠣᠷᠣᠳᠣᠬᠣᠢ᠎ᠶᠢᠨ ᠰᠣᠶᠣᠯ᠎ᠤᠨ ᠨᠥᠯᠥᠭᠡᠯᠡᠬᠦ ᠬᠦᠴᠦᠨ᠎ᠢ ᠦᠷᠭᠦᠯᠵᠢᠯᠡᠨ ᠥᠷᠭᠡᠳᠬᠡᠬᠦ᠎ᠶᠢ ᠠᠬᠢᠭᠤᠯᠪᠠ᠃

ᠡᠯᠪᠡᠭ ᠪᠠᠶᠠᠯᠢᠭ ᠦᠷ᠎ᠡ ᠪᠦᠲᠦᠭᠡᠯ ᠨᠢ ᠪᠣᠷᠣᠲᠣᠬᠣᠢ᠎ᠶ᠋ᠢᠨ ᠰᠣᠶᠣᠯ᠎ᠤᠨ ᠥᠷᠨᠢᠭᠦᠨ ᠬᠥᠭ᠌ᠵᠢᠩᠭᠦᠢ ᠠᠮᠢᠵᠢᠷᠠᠯ᠎ᠤᠨ ᠬᠦᠴᠦᠨ᠎ᠢ ᠢᠯᠡᠷᠡᠭᠦᠯᠪᠡ — 《ᠪᠣᠷᠣᠲᠣᠬᠣᠢ᠎ᠶ᠋ᠢᠨ ᠰᠣᠶᠣᠯ᠎ᠤᠨ ᠥᠭᠦᠯᠡᠯ᠎ᠦᠨ ᠲᠡᠭᠦᠪᠦᠷᠢ》᠂ 《ᠪᠠᠶᠠᠨᠨᠠᠭᠤᠷ᠎ᠤᠨ ᠰᠣᠶᠣᠯ ᠢᠷᠭᠡᠨᠱᠢᠯ᠎ᠦᠨ ᠲᠡᠦᠬᠡ》᠂ 《ᠪᠣᠷᠣᠲᠣᠬᠣᠢ᠎ᠶ᠋ᠢᠨ ᠰᠣᠶᠣᠯ᠎ᠤᠨ ᠲᠡᠦᠬᠡ᠎ᠶ᠋ᠢᠨ ᠠᠭᠤᠯᠤᠭ᠍ᠳᠠᠬᠤᠨ ᠪᠣᠯᠤᠨ ᠱᠢᠨ᠎ᠡ᠎ᠶ᠋ᠢ ᠡᠭᠦᠳᠦᠭᠰᠡᠨ ᠬᠥᠭ᠌ᠵᠢᠯᠲᠡ》 ᠵᠡᠷᠭᠡ ᠵᠣᠬᠢᠶᠠᠯ ᠪᠦᠲᠦᠭᠡᠯ᠎ᠤᠨ ᠢᠷᠠᠭᠤ ᠬᠠᠭᠤᠳᠠᠰᠤ ᠠᠩᠬ᠎ᠠ ᠪᠢᠴᠢᠭᠳᠡᠪᠡ; ᠮᠤᠨᠠ ᠠᠭᠤᠯᠠ᠎ᠶ᠋ᠢᠨ ᠬᠠᠲᠠᠨ ᠵᠢᠷᠤᠭ᠎ᠤᠨ ᠰᠤᠳᠤᠯᠭᠠᠨ᠂ ᠣᠷᠳᠣ ᠴᠠᠭᠠᠨ ᠬᠡᠷᠡᠮ᠎ᠦᠨ ᠬᠠᠮᠠᠭᠠᠯᠠᠯᠲᠠ ᠠᠱᠢᠭ᠍ᠯᠠᠯᠲᠠ᠎ᠶ᠋ᠢᠨ ᠰᠤᠳᠤᠯᠭᠠᠨ ᠪᠠ ᠬᠠᠲᠤᠨ ᠭᠤᠤᠯ᠎ᠤᠨ ᠰᠠᠪᠠ ᠭᠠᠵᠠᠷ᠎ᠤᠨ ᠢᠳᠡᠭᠡᠨ ᠤᠮᠳᠠᠭᠠᠨ᠂ ᠰᠢ ᠳᠠᠭᠤᠷᠢᠯᠢᠭ᠎ᠤ᠋ᠨ ᠰᠤᠳᠤᠯᠭᠠᠨ ᠵᠡᠷᠭᠡ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠬᠣᠲᠠ᠎ᠶ᠋ᠢᠨ ᠲᠠᠰ᠎ᠤᠨ 89 ᠵᠦᠶ᠋ᠯ᠎ᠦᠨ ᠰᠤᠳᠤᠯᠭᠠᠨ᠎ᠤ ᠰᠡᠳᠦᠪ ᠨᠢ ᠠᠯᠤᠰ ᠬᠡᠲᠦ᠍᠎ᠶ᠋ᠢᠨ ᠨᠥᠯᠥᠭᠡ ᠦᠵᠡᠬᠦᠯᠪᠡ; ᠪᠣᠷᠣᠲᠣᠬᠣᠢ᠎ᠶ᠋ᠢᠨ ᠰᠣᠶᠣᠯ ᠤᠷᠠᠯᠢᠭ᠎ᠤᠨ ᠨᠠᠢᠷ᠂ 《ᠪᠠᠬᠠᠷᠤᠮ᠎ᠠ ᠰᠠᠢᠬᠠᠨ ᠤᠷᠠᠳ》 ᠪᠠᠷᠠᠭᠤᠨ ᠣᠷᠣᠨ᠎ᠤ ᠠᠷᠠᠳ᠎ᠤᠨ ᠳᠠᠭᠤᠤ᠎ᠶ᠋ᠢᠨ ᠴᠤᠭ᠍ᠯᠠᠭᠠᠨ᠂ 《ᠬᠠᠪᠤᠷ ᠪᠦᠵᠢᠭᠰᠡᠨ ᠪᠣᠷᠣᠲᠣᠬᠣᠢ》 ᠤᠷᠠᠨ ᠵᠢᠷᠤᠭ᠎ᠤᠨ ᠪᠦᠲᠦᠭᠡᠯ᠎ᠦᠨ ᠦᠵᠡᠰᠭᠦᠯᠡᠩ᠂ ᠮᠤᠨᠠ ᠠᠭᠤᠯᠠ᠎ᠶ᠋ᠢᠨ ᠬᠠᠳᠠᠨ ᠵᠢᠷᠤᠭ᠎ᠤᠨ ᠤᠷᠠᠯᠢᠭ᠎ᠤᠨ ᠦᠵᠡᠰᠭᠦᠯᠡᠩ᠂ 《ᠬᠠᠯᠠᠭᠤᠨ ᠳᠤᠯᠠᠭᠠᠨ ᠬᠦᠰᠡᠯ ᠨᠠᠢᠳᠠᠯᠭ᠎ᠠ》 ᠤᠤᠭᠠᠯ ᠡᠭᠦᠳᠦᠯᠲᠡ᠎ᠶ᠋ᠢᠨ ᠳᠠᠭᠤᠤ ᠬᠦᠭᠵᠢᠮ᠎ᠤᠨ ᠦᠳᠡᠰᠢᠯᠡᠭᠡ᠂ 《ᠤᠯᠠᠭᠠᠨᠰᠤᠬᠠᠢ》 ᠭᠡᠬᠦ ᠳᠠᠭᠤᠯᠠᠯᠳᠤ ᠵᠦᠴᠦᠭᠡ᠂ ᠬᠤᠶᠠᠷ ᠬᠦᠮᠦᠨ᠎ᠤ ᠡᠯᠬᠦᠯᠴᠡᠭᠡ 《ᠨᠢᠭᠡᠨ ᠰᠠᠭᠤᠷᠢ ᠱᠠᠨᠭᠰᠢᠨ ᠮᠣᠳᠣ》 ᠵᠡᠷᠭᠡ ᠤᠳᠭ᠎ᠠ ᠤᠷᠠᠯᠢᠭ᠎ᠤᠨ ᠰᠣᠳᠣᠨ ᠪᠦᠲᠦᠭᠡᠯ᠎ᠢ ᠭᠤᠢᠳᠠ ᠰᠠᠢᠬᠠᠨ ᠳᠤᠭᠯᠠᠪᠠ; 《ᠮᠤᠨᠠ ᠠᠭᠤᠯᠠ᠎ᠶ᠋ᠢ ᠲᠤᠭᠤᠯᠬᠤ》 ᠥᠪᠡᠷ᠎ᠢᠶᠡᠨ ᠮᠠᠱᠢᠨ ᠪᠠᠷᠢᠵᠤ ᠵᠢᠭᠤᠯᠴᠢᠯᠠᠬᠤ ᠨᠢ ᠪᠦᠬᠦ᠌ ᠤᠯᠤᠰ᠎ᠲᠤ ᠬᠠᠯᠠᠮᠰᠢᠯ ᠪᠤᠯᠪᠠ ᠁ ᠪᠣᠷᠣᠲᠣᠬᠣᠢ᠎ᠶ᠋ᠢᠨ ᠰᠣᠶᠣᠯ᠎ᠤᠨ ᠠᠯᠳᠠᠷᠱᠢᠯ ᠪᠠ ᠪᠠᠶᠠᠨᠨᠠᠭᠤᠷ ᠬᠤᠲᠠ᠎ᠶ᠋ᠢᠨ ᠭᠠᠳᠠᠨᠠᠬᠢ ᠳ᠋ᠦ ᠬᠠᠨᠳᠤᠭᠤᠯᠤᠭᠰᠠᠨ ᠳᠦᠷᠢ ᠲᠥᠷᠬᠦ᠌ ᠢᠯᠡᠳᠲᠡ ᠳᠡᠭᠡᠭ᠌ᠰᠢᠯᠡᠪᠡ᠃

ᠱᠢᠨ᠎ᠡ ᠴᠠᠭ ᠦᠶ᠎ᠡ ᠱᠢᠨ᠎ᠡ ᠠᠶᠠᠨ᠎ᠳᠤ᠂ ᠪᠠᠶᠠᠨᠨᠠᠭᠤᠷ ᠬᠤᠲᠠ ᠪᠣᠷᠣᠲᠣᠬᠣᠢ᠎ᠶ᠋ᠢᠨ ᠰᠣᠶᠣᠯ᠎ᠤᠨ ᠤᠯᠠᠮᠵᠢᠯᠠᠯ᠎ᠤᠨ ᠳᠤᠮᠳᠠ ᠬᠥᠭ᠌ᠵᠢᠵᠦ᠍᠂ ᠬᠥᠭ᠌ᠵᠢᠯᠲᠡ᠎ᠶ᠋ᠢᠨ ᠳᠤᠮᠳᠠ ᠱᠢᠨ᠎ᠡ᠎ᠶ᠋ᠢ ᠡᠭᠦᠳᠬᠦ᠌᠎ᠶ᠋ᠢ ᠴᠢᠷᠮᠠᠢᠨ ᠠᠬᠢᠭᠤᠯᠵᠤ᠂ ᠤᠮᠠᠷᠠᠲᠤ ᠬᠢᠯᠢ᠎ᠶ᠋ᠢᠨ ᠰᠣᠶᠣᠯ᠎ᠢ ᠤᠯᠠᠮᠵᠢᠯᠠᠨ ᠪᠠᠳᠠᠷᠠᠭᠤᠯᠬᠤ᠂ ᠳᠤᠮᠳᠠᠳᠤ᠎ᠶ᠋ᠢᠨ ᠰᠣᠶᠣᠯ᠎ᠤᠨ ᠭᠤᠯᠤᠮᠳᠠ᠎ᠶ᠋ᠢ ᠦᠷᠭᠦᠯᠵᠢᠯᠡᠭᠦᠯᠬᠦ᠌ ᠠᠮᠢᠳᠤᠯᠢᠭ ᠦᠢᠯᠡᠳᠦᠯᠭᠡ᠎ᠶ᠋ᠢᠨ ᠳᠤᠮᠳᠠ ᠨᠡᠩ ᠭᠣᠢᠳᠠ ᠰᠠᠢᠬᠠᠨ ᠴᠤᠭ ᠵᠢᠪᠬᠤᠭ᠎ᠠ᠎ᠶ᠋ᠢ ᠢᠯᠡᠷᠡᠭᠦᠯᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号