《ᠮᠣᠷᠢᠲᠤ ᠴᠡᠷᠢᠭ》 ᠤ᠋ᠨ ᠳᠣᠯᠣᠳᠤᠭᠠᠷ ᠤᠳᠠᠭ᠎ᠠ ᠵᠢᠨ ᠪᠦᠬᠦ᠌ ᠤᠯᠤᠰ ᠲᠠᠬᠢ ᠲᠣᠭᠣᠷᠢᠨ ᠲᠣᠭ᠍ᠯᠠᠯᠲᠠ ᠡᠬᠢᠯᠡᠯ᠎ᠠ
2025-04-13 11:17:05
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

4 ᠰᠠᠷ᠎ᠠ ᠶ᠋ᠢᠨ 10 ᠤ᠋ ᠤᠷᠤᠢ᠂ ᠪᠥᠵᠢᠭ᠌ᠲᠦ ᠵᠦᠴᠦᠭᠡ 《ᠮᠣᠷᠢᠲᠤ ᠴᠡᠷᠢᠭ》 ᠤ᠋ᠨ ᠳᠣᠯᠣᠳᠤᠭᠠᠷ ᠤᠳᠠᠭ᠎ᠠ ᠵᠢᠨ ᠪᠦᠬᠦ᠌ ᠤᠯᠤᠰ ᠲᠠᠬᠢ ᠲᠣᠭᠣᠷᠢᠨ ᠲᠣᠭ᠍ᠯᠠᠯᠲᠠ ᠥᠪᠥᠷ ᠮᠣᠩᠭᠣᠯ ᠤ᠋ᠨ ᠤᠯᠠᠭᠠᠨ ᠲᠢᠶᠠᠲ᠋ᠷ ᠲᠦ᠍ ᠡᠬᠢᠯᠡᠵᠦ᠂ ᠰᠦᠷ ᠵᠢᠪᠬᠤᠯᠠᠩᠳᠠᠢ ᠪᠠᠭᠠᠳᠤᠷᠯᠢᠭ ᠲᠡᠥᠬᠡ ᠪᠠ ᠦᠢᠯᠡ ᠶᠠᠪᠤᠳᠠᠯ ᠨᠢ ᠳᠠᠬᠢᠨᠳᠠ ᠦᠵᠡᠭᠴᠢᠳ ᠤ᠋ᠨ ᠬᠠᠢᠷ᠎ᠠ ᠪᠠᠬᠠᠷᠬᠠᠯ ᠢ᠋ ᠤᠯᠵᠦ᠂ ᠠᠬᠠᠮᠠᠳ ᠬᠤᠪᠢᠰᠬᠠᠯᠴᠢᠳ ᠤ᠋ᠨ ᠤᠯᠤᠰ ᠤᠷᠤᠨ᠂ ᠠᠷᠠᠳ ᠲᠦᠮᠡᠨ ᠤ᠋ ᠲᠦᠯᠦᠬᠡ ᠠᠯᠢᠪᠠ ᠪᠠᠨ ᠵᠤᠷᠢᠭᠤᠯᠤᠭᠰᠠᠨ ᠭᠤᠶᠠᠴᠢ ᠦᠬᠡᠢ ᠵᠢᠳᠬᠦᠯ ᠢ᠋ ᠳᠠᠭᠤᠷᠢᠰᠤᠭᠤᠯᠵᠤ ᠪᠠᠢᠨ᠎ᠠ᠃

ᠪᠥᠵᠢᠭ᠌ᠲᠦ ᠵᠦᠴᠦᠭᠡ 《ᠮᠣᠷᠢᠲᠤ ᠴᠡᠷᠢᠭ》 ᠪᠣᠯ ᠥᠪᠥᠷ ᠮᠣᠩᠭᠣᠯ ᠤ᠋ᠨ ᠤᠷᠠᠯᠢᠭ ᠵᠦᠴᠦᠭᠡ ᠶ᠋ᠢᠨ ᠬᠦᠷᠢᠶᠡᠯᠡᠩ ᠤ᠋ᠨ ᠵᠤᠬᠢᠶᠠᠨ ᠪᠦᠳᠦᠭᠡᠭᠰᠡᠨ ᠲᠤᠮᠳᠠᠳᠦ ᠤᠯᠤᠰ ᠤ᠋ᠨ ᠳᠠᠢᠰᠠᠨ ᠤ᠋ ᠤᠷᠠᠯᠢᠭ ᠤ᠋ᠨ ᠲᠡᠥᠬᠡᠨ ᠳ᠋ᠡᠬᠢ ᠠᠩᠬᠠᠳᠠᠭᠴᠢ ᠮᠤᠷᠢᠲᠦ ᠴᠡᠷᠢᠭ ᠢ᠋ᠶ᠋ᠡᠷ ᠰᠡᠳᠦᠪᠯᠡᠭᠰᠡᠨ ᠦᠨᠳᠦᠰᠦᠳᠡᠨ ᠤ᠋ ᠪᠦᠵᠢᠭ ᠤ᠋ᠨ ᠤᠷᠠᠯᠢᠭ ᠤ᠋ᠨ ᠰᠤᠳᠤᠨ ᠪᠦᠲᠦᠭᠡᠯ ᠪᠠᠢᠵᠤ᠂ ᠦᠨᠡᠨᠴᠢ ᠱᠢᠳᠤᠷᠭᠤ ᠡᠷᠡᠯᠬᠡᠭ ᠪᠠᠭᠠᠲᠤᠷᠯᠢᠭ ᠮᠣᠷᠢᠲᠤ ᠴᠡᠷᠢᠭ ᠤ᠋ᠨ ᠪᠠᠭᠠᠲᠤᠷᠴᠤᠳ ᠲᠦ᠍ ᠬᠦᠨᠳᠦᠳᠭᠡᠯ ᠳᠡᠪᠱᠢᠭᠦᠯᠤᠨ᠂ ᠮᠣᠩᠭᠣᠯ ᠮᠤᠷᠢᠨ ᠤ᠋ ᠵᠣᠷᠢᠭ ᠰᠠᠨᠠᠭ᠎ᠠ ᠵᠢ ᠮᠠᠭ᠍ᠲᠠᠨ ᠳᠠᠭᠤᠯᠠᠵᠤ᠂ ᠤᠯᠤᠰ ᠢ᠋ᠶ᠋ᠠᠨ ᠬᠠᠢᠷᠠᠯᠠᠬᠤ ᠦᠵᠡᠯ ᠢ᠋ ᠤᠬᠠᠭᠤᠯᠤᠭ᠍ᠰᠠᠨ ᠪᠦᠲᠦᠭᠡᠯ ᠪᠣᠯᠤᠨ᠎ᠠ᠃ ᠲᠣᠰ ᠵᠦᠴᠦᠭᠡ ᠳ᠋ᠦ ᠭᠤᠤᠯ ᠪᠠᠭᠠᠲᠤᠷ ᠴᠢᠯᠠᠭᠤ ᠤᠯᠤᠰ ᠬᠡᠷ ᠠᠶᠤᠯ ᠲᠦᠭ᠌ᠰᠢᠭᠦᠷᠢ ᠳ᠋ᠤ ᠲᠤᠯᠭᠠᠷᠠᠭᠰᠠᠨ ᠦᠶ᠎ᠡ ᠳ᠋ᠦ ᠳᠤᠮᠳᠠᠳᠤ ᠤᠯᠤᠰ ᠤ᠋ᠨ ᠡᠪ ᠬᠠᠮᠲᠤ ᠨᠠᠮ ᠢ᠋ ᠡᠷᠡᠰ ᠳᠠᠭᠠᠵᠤ᠂ ᠲᠡᠢᠨ ᠤ᠋ ᠲᠠᠯᠠᠪᠤᠷ ᠲᠦ᠍ ᠠᠮᠢ ᠪᠡᠶ᠎ᠠ ᠪᠠᠨ ᠦᠷᠡᠭ᠌ᠳᠡᠬᠦᠯᠬᠦ ᠡᠴᠡ ᠰᠦᠷᠳᠡᠯ ᠦᠬᠡᠢ ᠪᠡᠷ ᠡᠷᠡᠯᠬᠡᠭ᠌ᠯᠡᠨ ᠪᠠᠢᠯᠳᠤᠵᠤ᠂ ᠡᠩᠬᠡ ᠲᠠᠢᠪᠤᠩ ᠤ᠋ᠨ ᠲᠤᠬᠠᠶ ᠬᠦᠰᠡᠯ ᠮᠥᠷᠥᠭᠡᠳᠦᠯ ᠳ᠋ᠡᠭᠡᠨ ᠦᠨᠡᠨᠴᠢ ᠪᠠᠢᠬᠤ ᠥᠯᠢᠭᠡᠷ ᠢ᠋ ᠶᠠᠷᠢᠵᠠᠢ᠃ ᠪᠥᠵᠢᠭ᠌ᠲᠦ ᠵᠦᠴᠦᠭᠡ 《ᠮᠣᠷᠢᠲᠤ ᠴᠡᠷᠢᠭ》 ᠢ᠋ ᠵᠣᠬᠢᠶᠠᠨ ᠪᠦᠲᠦᠭᠡᠬᠦ ᠳᠤᠮᠳᠠ ᠤᠯᠠᠮᠵᠢᠯᠠᠯ ᠪᠠ ᠰᠢᠨᠡᠴᠢᠯᠡᠯ ᠤ᠋ᠨ ᠬᠤᠷᠢᠭ᠎ᠠ ᠰᠠᠭᠠᠳ ᠢ᠋ ᠡᠪᠳᠡᠨ᠂ ᠬᠡᠪᠰᠢᠮᠡᠯ ᠪᠠᠢᠳᠠᠯ ᠢ᠋ ᠦᠭᠡᠷᠡᠴᠢᠯᠡᠵᠦ᠂ ᠵᠣᠷᠢᠭ᠍ᠲᠠᠶ ᠪᠡᠷ ᠤᠷᠠᠯᠢᠭ ᠤ᠋ᠨ ᠡᠭᠦᠳᠦᠯᠲᠡ ᠬᠢᠵᠦ᠍᠂ ᠳᠤᠮᠳᠠᠳᠤ ᠤᠯᠤᠰ ᠤ᠋ᠨ ᠵᠣᠷᠢᠭ ᠰᠠᠨᠠᠭ᠎ᠠ᠂ ᠳᠤᠮᠳᠠᠳᠤ ᠤᠯᠤᠰ ᠤ᠋ᠨ ᠬᠦᠴᠦᠨ ᠴᠢᠳᠠᠯ ᠢ᠋ ᠤᠷᠠᠯᠢᠭ ᠢ᠋ᠶ᠋ᠠᠷ ᠢᠯᠡᠷᠡᠭᠦᠯᠦᠭ᠌ᠰᠡᠨ ᠶᠤᠮ᠃

ᠪᠥᠵᠢᠭᠲᠦ ᠵᠦᠴᠦᠭᠡ 《ᠮᠣᠷᠢᠲᠤ ᠴᠡᠷᠢᠭ》 ᠤ᠋ᠨ ᠲᠤᠭᠯᠠᠭᠴᠢᠳ ᠢᠮᠠᠭᠲᠠ 《ᠵᠠᠭᠤᠨ ᠲᠠᠯᠠᠪᠠᠶ ᠵᠢ ᠨᠢᠭᠡ ᠯᠡ ᠳᠠᠯᠠᠪᠠᠢ ᠮᠡᠳᠦ ᠲᠤᠭᠯᠠᠬᠤ》 ᠣᠪᠣᠷ ᠪᠠ ᠴᠣᠭ ᠰᠦᠯᠳᠡ ᠪᠡᠷ ᠪᠥᠬᠥ ᠤᠯᠤᠰ ᠤ᠋ᠨ ᠡᠯ᠎ᠡ ᠭᠠᠵᠠᠷ ᠤ᠋ᠨ ᠦᠵᠡᠭᠴᠢᠳ ᠲᠦ᠍ ᠮᠣᠷᠢᠲᠤ ᠴᠡᠷᠢᠭ ᠤ᠋ᠨ ᠪᠠᠭᠠᠲᠤᠷᠴᠤᠳ ᠤ᠋ᠨ ᠡᠬᠡ ᠣᠷᠣᠨᠴᠢ ᠰᠡᠳᠬᠢᠯᠭᠡ ᠪᠠ ᠣᠶᠤᠨ ᠰᠠᠨᠠᠭᠠᠨ ᠤ᠋ ᠳᠦᠷᠰᠦ ᠪᠠᠢᠳᠠᠯ ᠢ᠋ ᠳᠡᠯᠭᠡᠨ ᠦᠵᠡᠭᠦᠯᠵᠦ᠂ ᠳᠤᠮᠳᠠᠳᠤ ᠶ᠋ᠢᠨ ᠰᠢᠯᠢᠳᠡᠭ ᠤᠯᠠᠮᠵᠢᠯᠠᠯᠲᠤ ᠰᠣᠶᠣᠯ ᠢ᠋ ᠪᠠᠳᠠᠷᠠᠭᠤᠯᠤᠨ᠂ ᠤᠮᠠᠷᠠᠲᠤ ᠬᠢᠯᠢ ᠶ᠋ᠢᠨ ᠰᠣᠶᠣᠯ ᠤ᠋ᠨ ᠣᠨᠴᠠᠯᠢᠭ᠋ ᠰᠢᠨᠵᠢ ᠪᠠ ᠴᠠᠭ ᠦᠶ᠎ᠡ ᠶ᠋ᠢᠨ ᠦᠨ᠎ᠡ ᠥᠷᠲᠡᠭ ᠢ᠋ ᠳᠣᠪᠣᠶ᠋ᠢᠯᠭᠠᠭᠰᠠᠨ ᠪᠠᠢᠨ᠎ᠠ᠃ 2024 ᠣᠨ᠎ᠤ ᠰᠡᠬᠦᠯᠴᠢ ᠪᠣᠯᠲᠠᠯ᠎ᠠ 《ᠮᠣᠷᠢᠲᠤ ᠴᠡᠷᠢᠭ》 ᠢ᠋ ᠪᠦᠬᠦ᠌ ᠤᠯᠤᠰ ᠲᠦ᠍ 6 ᠤᠳᠠᠭ᠎ᠠ ᠲᠣᠭᠣᠷᠢᠨ ᠲᠣᠭ᠍ᠯᠠᠵᠤ᠂ ᠨᠡᠢᠳᠡ 134 ᠲᠠᠯᠠᠪᠠᠢ ᠲᠣᠭ᠍ᠯᠠᠪᠠ᠃ ᠲᠤᠰ ᠣᠷᠣᠶ ᠶ᠋ᠢᠨ ᠲᠣᠭ᠍ᠯᠠᠯᠲᠠ ᠳ᠋ᠦ ᠠᠷᠪᠠᠨ ᠬᠡᠳᠦᠨ ᠣᠨᠴᠠᠭᠠᠶ ᠦᠵᠡᠭ᠌ᠴᠢ ᠲᠡᠶ ᠪᠠᠢᠵᠤ᠂ ᠲᠡᠳᠡ ᠪᠣᠯ ᠥᠪᠥᠷ ᠮᠣᠩᠭᠣᠯ ᠤ᠋ᠨ ᠮᠣᠷᠢᠲᠤ ᠴᠡᠷᠢᠭ ᠤ᠋ᠨ ᠬᠣᠢᠴᠢᠰ ᠪᠤᠯᠬᠤ ᠶᠤᠮ᠃ 《ᠪᠢ ᠠᠯᠢ ᠬᠡᠳᠦᠢᠨ ᠡᠨᠡ ᠪᠥᠵᠢᠭ᠌ᠲᠦ ᠵᠦᠴᠦᠭᠡ ᠵᠢ ᠦᠵᠡᠬᠦ ᠪᠡᠷ ᠬᠦᠰᠡᠨ ᠬᠦᠯᠢᠶᠡᠵᠦ ᠪᠠᠢᠭᠰᠠᠨ᠂ ᠪᠠᠭ᠎ᠠ ᠶ᠋ᠢᠨ ᠦᠶ᠎ᠡ ᠳ᠋ᠤ ᠠᠪᠤ ᠮᠢᠨᠢ ᠦᠷᠭᠦᠯᠵᠢ ᠮᠣᠷᠢᠲᠤ ᠴᠡᠷᠢᠭ ᠤ᠋ᠨ ᠦᠯᠢᠭᠡᠷ ᠢ᠋ ᠶᠠᠷᠢᠳᠠᠭ᠂ ᠡᠨᠡ ᠡᠳᠤᠷ ᠠᠪᠤ ᠶ᠋ᠢᠨ ᠦᠶ᠎ᠡ ᠶ᠋ᠢᠨ ᠬᠢᠨ ᠤ᠋ ᠭᠠᠢᠬᠠᠮᠱᠢᠭ᠍ᠲᠤ ᠦᠯᠢᠬᠡᠷ ᠶᠠᠪᠤᠳᠠᠯ ᠢ᠋ ᠲᠠᠢᠰᠠᠨ ᠳᠡᠭᠡᠷ᠎ᠡ ᠡᠴᠡ ᠬᠠᠷᠠᠭᠠᠳ ᠪᠢ ᠲᠤᠩ ᠰᠡᠳᠭᠢᠯ ᠬᠥᠳᠡᠯᠵᠦ᠍᠂ ᠪᠠᠰᠠ ᠲᠤᠩ ᠥᠩᠭᠡ ᠭᠡᠷᠡᠯᠲᠡᠢ ᠰᠠᠨᠠᠭᠳᠠᠭᠰᠠᠨ》 ᠭᠡᠵᠦ᠍ ᠱᠢᠯᠢ ᠶ᠋ᠢᠨ ᠭᠣᠣᠯ ᠠᠢᠮᠠᠭ ᠤ᠋ᠨ ᠪᠠᠷᠠᠭᠤᠨ ᠦᠵᠦᠮᠦᠴᠢᠨ ᠬᠣᠱᠢᠭᠤ ᠡᠴᠡ ᠢᠷᠡᠭᠰᠡᠨ ᠮᠣᠷᠢᠲᠤ ᠴᠡᠷᠢᠭ ᠤ᠋ᠨ ᠬᠣᠢᠴᠢᠰ ᠪᠤᠯᠬᠤ ᠴᠦᠨ ᠬᠤᠸᠠ ᠰᠤᠷᠪᠤᠯᠵᠢᠯᠠᠭᠴᠢ ᠳ᠋ᠤ ᠬᠡᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号