《ᠠᠶᠤᠯᠭᠦᠢ ᠦᠢᠯᠡᠳᠪᠦᠷᠢᠯᠡᠯ ᠪᠣᠯ ᠠᠵᠤ ᠠᠬᠤᠢᠯᠠᠯ ᠤ᠋ᠨ ᠬᠥᠭ᠌ᠵᠢᠯᠲᠡ ᠵᠢᠨ ᠠᠮᠢᠨ ᠰᠤᠳᠠᠰᠤ ᠮᠥᠨ᠂ ᠥᠴᠦᠬᠡᠨ ᠴᠦ᠍ ᠢᠯᠳᠠᠷ ᠬᠠᠶᠠᠵᠤ ᠪᠣᠯᠬᠤ ᠦᠭᠡᠢ》᠃ ᠣᠢᠷ᠎ᠠ ᠳ᠋ᠤ ᠣᠷᠳᠣᠰ ᠬᠣᠲᠠ ᠵᠢᠨ ᠣᠲᠣᠭ ᠤ᠋ᠨ ᠡᠮᠦᠨᠡᠲᠦ ᠬᠣᠱᠢᠭᠤᠨ ᠤ᠋ ᠳᠣᠲᠣᠭᠠᠳᠤ ᠶ᠋ᠢ ᠬᠠᠮᠠᠭᠠᠯᠠᠬᠤ ᠲᠣᠪᠴᠢᠶ᠎ᠠ ᠵᠢᠨ ᠠᠮᠤᠷ ᠢ᠋ ᠬᠠᠮᠠᠭᠠᠯᠠᠬᠤ ᠶᠡᠬᠡ ᠠᠩᠭᠢ ᠵᠢᠨ ᠠᠷᠠᠳ ᠤ᠋ᠨ ᠴᠠᠭ᠍ᠳᠠᠭᠠ ᠱᠠᠩᠬᠤ ᠵᠢᠨ ᠰᠦᠮ᠎ᠡ ᠵᠢᠨ ᠠᠵᠤ ᠠᠬᠤᠶ ᠵᠢᠨ ᠨᠡᠭᠡᠭᠡᠯᠲᠡ ᠵᠢᠨ ᠣᠷᠣᠨ ᠤ᠋ ᠡᠯ᠎ᠡ ᠦᠶ᠋ᠯᠡᠳᠪᠦᠷᠢ ᠠᠭᠤᠷᠬᠠᠶ ᠠᠵᠤ ᠠᠬᠤᠢᠯᠠᠯ ᠳ᠋ᠤ ᠭᠦᠨᠵᠡᠭᠡᠢᠷᠡᠨ᠂ ᠠᠶᠤᠯᠲᠤ ᠬᠢᠮᠢ ᠵᠢᠨ ᠪᠣᠳᠠᠰ᠂ ᠭᠠᠯ ᠤᠨᠲᠠᠷᠠᠭᠠᠬᠤ ᠲᠥᠬᠥᠭᠡᠷᠦᠮᠵᠢ᠂ ᠴᠠᠬᠢᠯᠭᠠᠨ ᠬᠡᠯᠬᠢᠶ᠎ᠡ ᠵᠡᠷᠭᠡ ᠳ᠋ᠤ ᠴᠢᠭ᠌ᠯᠡᠭᠦᠯᠦᠨ ᠠᠮᠤᠷ ᠲᠦᠪᠱᠢᠨ ᠤ᠋ ᠪᠠᠢᠴᠠᠭᠠᠯᠲᠠ ᠥᠷᠨᠢᠭᠦᠯᠪᠡ᠃
《ᠠᠵᠤ ᠠᠬᠤᠢᠯᠠᠯ ᠤ᠋ᠨ ᠣᠳᠣᠬᠠᠨ ᠤ᠋ ᠦᠶ᠋ᠯᠡᠳᠪᠦᠷᠢᠯᠡᠯ ᠡᠵᠡᠩᠨᠡᠯᠲᠡ ᠵᠢᠨ ᠪᠠᠢᠳᠠᠯ ᠶᠠᠮᠠᠷ ᠵᠡᠷᠭᠡ ᠪᠣᠶ? ᠠᠵᠢᠯᠲᠠᠨ ᠤ᠋ ᠡᠩᠨᠡᠭᠡᠨ ᠤ᠋ ᠲᠣᠭ᠍ᠲᠠᠪᠤᠷᠢᠲᠤ ᠴᠢᠨᠠᠷ ᠶᠠᠮᠠᠷ ᠵᠡᠷᠭᠡ ᠪᠣᠶ?ᠠᠵᠢᠯ ᠡᠬᠢᠯᠡᠭ᠌ᠰᠡᠨ ᠤ᠋ ᠳᠠᠷᠠᠭ᠎ᠠ ᠶᠠᠮᠠᠷ ᠬᠠᠪᠰᠤᠷᠴᠤ᠌ ᠱᠢᠶ᠋ᠳᠪᠦᠷᠢᠯᠡᠬᠦ᠌ ᠴᠢᠬᠤᠯᠠᠲᠠᠢ ᠠᠰᠠᠭᠤᠳᠠᠯ ᠪᠠᠢᠬᠤ ᠪᠣᠢ?》 ᠠᠵᠤ ᠠᠬᠤᠢᠯᠠᠯ ᠤ᠋ᠨ ᠠᠮᠤᠷ ᠲᠦᠪᠱᠢᠨ ᠤ᠋ ᠬᠡᠮ ᠰᠣᠭᠣᠭ ᠢ᠋ ᠵᠢᠭ᠍ᠰᠠᠭᠠᠨ ᠪᠠᠢᠴᠠᠭᠠᠬᠤ ᠵᠢᠨ ᠬᠠᠮᠲᠤ ᠠᠷᠠᠳ ᠤ᠋ᠨ ᠴᠠᠭ᠍ᠳᠠᠭᠠ ᠠᠵᠤ ᠠᠬᠤᠢᠯᠠᠯ ᠤ᠋ᠨ ᠬᠥᠭ᠌ᠵᠢᠯᠲᠡ ᠵᠢᠨ ᠲᠥᠯᠥᠪᠵᠢᠭᠦᠯᠭᠡ ᠶ᠋ᠢ ᠪᠥᠬᠥ᠌ ᠲᠠᠯ᠎ᠠ ᠪᠡᠷ ᠣᠢᠯᠠᠭᠠᠵᠤ᠂ ᠠᠵᠤ ᠠᠬᠤᠢᠯᠠᠯ ᠤ᠋ᠨ ᠰᠡᠳᠭᠢᠯ ᠤ᠋ᠨ ᠲᠠᠭᠤᠨ ᠢ᠋ ᠨᠠᠷᠢᠨ ᠬᠢᠨᠠᠮᠠᠭᠠᠶ ᠰᠣᠨᠣᠰᠴᠤ᠌᠂ ᠠᠵᠤ ᠠᠬᠤᠢᠯᠠᠯ ᠤ᠋ᠨ ᠬᠥᠭ᠌ᠵᠢᠯᠲᠡ ᠵᠢᠨ ᠬᠡᠷᠡᠭ᠌ᠴᠡᠭᠡ ᠶ᠋ᠢ ᠣᠨᠣᠪᠴᠢᠲᠠᠶ ᠡᠵᠡᠮᠱᠢᠪᠡ᠃
ᠡᠨᠡ ᠬᠦ᠌ ᠦᠵᠡᠭ᠌ᠳᠡᠯ ᠨᠢ ᠮᠠᠨ ᠤ᠋ ᠣᠷᠣᠨ ᠤ᠋ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠵᠢᠨ ᠠᠵᠤ ᠠᠬᠤᠢᠯᠠᠯ ᠤ᠋ᠨ ᠬᠥᠭ᠌ᠵᠢᠯᠲᠡ ᠶ᠋ᠢ ᠬᠠᠮᠠᠭᠠᠯᠠᠬᠤ᠂ ᠠᠮᠤᠷ ᠠᠮᠤᠭᠤᠯᠠᠩ ᠤ᠋ᠨ ᠪᠠᠢᠭᠤᠯᠤᠯᠲᠠ ᠳ᠋ᠤ ᠬᠦᠴᠦᠨ ᠨᠡᠮᠡᠷᠢᠯᠡᠬᠦ᠌ ᠵᠢᠨ ᠬᠤᠷᠢᠶᠠᠩᠭᠤᠢ ᠳᠦᠷᠰᠦ ᠪᠣᠯᠤᠨ᠎ᠠ᠃
ᠠᠮᠤᠷ ᠠᠮᠤᠭᠤᠯᠠᠩ ᠪᠣᠯ ᠠᠷᠠᠳ ᠤ᠋ᠨ ᠠᠮᠢᠳᠤᠷᠠᠯ ᠤ᠋ᠨ ᠬᠠᠮᠤᠭ ᠤ᠋ᠨ ᠶᠡᠬᠡ ᠠᠵᠠ ᠵᠢᠷᠭᠠᠯ ᠮᠥᠨ᠂ ᠬᠠᠤᠯᠢ ᠪᠡᠷ ᠵᠠᠰᠠᠬᠤ ᠪᠣᠯ ᠬᠤᠳᠠᠯᠳᠤᠭ᠎ᠠ ᠡᠷᠬᠢᠯᠡᠬᠦ ᠬᠠᠮᠤᠭ ᠤ᠋ᠨ ᠰᠠᠢ᠌ᠨ ᠣᠷᠴᠢᠨ ᠨᠥᠬᠥᠴᠡᠯ ᠮᠥᠨ᠃ ᠥᠩᠭᠡᠷᠡᠭ᠌ᠰᠡᠨ ᠨᠢᠭᠡ ᠵᠢᠯ ᠳ᠋ᠤ ᠪᠥᠬᠥ᠌ ᠣᠷᠣᠨ ᠤ᠋ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠤᠬᠠᠮᠰᠠᠷ ᠡᠴᠡ ᠪᠡᠨ ᠡᠯ᠎ᠡ ᠵᠦᠶ᠋ᠯ ᠤ᠋ᠨ ᠠᠵᠢᠯ ᠵᠢᠡᠨ ᠪᠥᠬᠥ᠌ ᠣᠷᠣᠨ ᠤ᠋ ᠴᠢᠨᠠᠷ ᠰᠠᠢᠲᠠᠶ ᠬᠥᠭ᠌ᠵᠢᠯᠲᠡ ᠵᠢᠨ ᠶᠡᠬᠡ ᠲᠠᠯ᠎ᠠ ᠳ᠋ᠤ ᠪᠠᠢᠷᠢᠯᠠᠭᠤᠯᠤᠨ ᠲᠥᠯᠥᠪᠵᠢᠭᠦᠯᠦᠨ ᠠᠬᠢᠭᠤᠯᠵᠤ᠂ ᠨᠡᠢᠭᠡᠮ ᠤ᠋ᠨ ᠶᠡᠬᠡ ᠲᠠᠯ᠎ᠠ ᠵᠢᠨ ᠲᠣᠭ᠍ᠲᠠᠭᠤᠨ ᠢ᠋ ᠬᠠᠮᠠᠭᠠᠯᠠᠬᠤ᠂ ᠴᠢᠨᠠᠷ ᠰᠠᠢᠲᠠᠶ ᠬᠥᠭ᠌ᠵᠢᠯᠲᠡ ᠳ᠋ᠤ ᠦᠶ᠋ᠯᠡᠴᠢᠯᠡᠬᠦ᠌ ᠶ᠋ᠢ ᠪᠠᠲᠤᠯᠠᠬᠤ᠂ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠵᠢᠨ ᠱᠢᠨ᠎ᠡ ᠴᠢᠨᠠᠷ ᠤ᠋ᠨ ᠳᠠᠢᠴᠢᠨ ᠬᠦᠴᠦᠨ ᠢ᠋ ᠳᠡᠭᠡᠭ᠌ᠰᠢᠯᠡᠭᠦᠯᠬᠦ᠌ ᠵᠡᠷᠭᠡ ᠲᠠᠯ᠎ᠠ ᠪᠡᠷ ᠯᠠᠪᠳᠠᠭᠤᠨ ᠪᠠᠲᠤᠲᠠᠶ ᠠᠯᠬᠤᠮ ᠢ᠋ ᠠᠯᠬᠤᠵᠤ᠂ ᠨᠠᠩ ᠥᠨᠳᠥᠷ ᠲᠦᠪᠱᠢᠨ ᠪᠥᠬᠥᠶ ᠠᠮᠤᠭᠤᠯᠠᠨᠭᠳᠤ ᠥᠪᠥᠷ ᠮᠣᠩᠭᠣᠯ ᠤ᠋ᠨ ᠪᠥᠲᠥᠭᠡᠨ ᠪᠠᠢᠭᠤᠯᠤᠯᠲᠠ ᠶ᠋ᠢ ᠯᠠᠪᠳᠠᠭᠤᠨ ᠪᠠᠲᠤᠲᠠᠶ ᠠᠬᠢᠭᠤᠯᠤᠨ᠂ ᠪᠥᠬᠥ᠌ ᠣᠷᠣᠨ ᠤ᠋ ᠠᠵᠤ ᠠᠬᠤᠶ ᠨᠡᠢᠭᠡᠮ ᠤ᠋ᠨ ᠡᠷᠡᠭᠦᠯ ᠵᠢᠡᠷ ᠬᠥᠭ᠌ᠵᠢᠬᠦ᠌᠂ ᠠᠷᠠᠳ ᠣᠯᠠᠨ ᠤ᠋ ᠠᠮᠤᠷ ᠲᠠᠢᠪᠤᠩ ᠠᠵᠤ ᠲᠦᠷᠦᠭᠦ ᠳ᠋ᠤ 《ᠪᠠᠲᠤ ᠪᠡᠬᠢ ᠣᠷᠳᠣ ᠴᠠᠭᠠᠨ ᠬᠡᠷᠡᠮ》 ᠢ᠋ ᠴᠣᠭ᠍ᠴᠠᠯᠠᠪᠠ᠃
— ᠨᠡᠢᠭᠡᠮ ᠤ᠋ᠨ ᠶᠡᠬᠡ ᠲᠠᠯ᠎ᠠ ᠵᠢᠨ ᠲᠣᠭ᠍ᠲᠠᠭᠤᠨ ᠢ᠋ ᠪᠦᠬᠦ᠌ ᠬᠦᠴᠦᠨ ᠵᠢᠡᠷ ᠵᠢᠡᠨ ᠬᠠᠮᠠᠭᠠᠯᠠᠪᠠ᠃ ᠪᠥᠬᠥ᠌ ᠣᠷᠣᠨ ᠤ᠋ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠱᠢᠨ᠎ᠡ ᠴᠠᠭ ᠦᠶ᠎ᠡ ᠵᠢᠨ《ᠹᠧᠩᠴᠢᠶᠣᠤ ᠵᠢᠨ ᠲᠤᠷᠱᠢᠯᠭ᠎ᠠ》 ᠶ᠋ᠢ ᠪᠠᠷᠢᠮᠲᠠᠯᠠᠨ ᠬᠥᠭ᠌ᠵᠢᠭᠦᠯᠵᠦ᠍᠂ ᠠᠵᠢᠯ ᠤ᠋ᠨ ᠲᠣᠭ᠍ᠲᠠᠴᠠ ᠶ᠋ᠢ ᠪᠦᠷᠢᠨᠱᠢᠭᠦᠯᠦᠨ ᠲᠡᠭᠦᠯᠳᠡᠷᠵᠢᠭᠦᠯᠵᠦ᠍᠂ ᠵᠥᠷᠢᠴᠡᠯ ᠵᠠᠭᠤᠷᠠᠯᠳᠤᠭᠠᠨ ᠢ᠋ 《ᠶᠡᠬᠡ ᠪᠡᠷ ᠵᠢᠭ᠍ᠰᠠᠭᠠᠨ ᠪᠠᠢᠴᠠᠭᠠᠬᠤ᠂ ᠶᠡᠬᠡ ᠪᠡᠷ ᠨᠠᠮᠳᠠᠭᠤᠯᠬᠤ᠂ ᠶᠡᠬᠡ ᠪᠡᠷ ᠲᠣᠭ᠍ᠲᠠᠭᠤᠨ ᠪᠠᠢᠯᠭᠠᠬᠤ》 ᠲᠤᠰᠭᠠᠶ ᠠᠵᠢᠯᠯᠠᠭ᠎ᠠ ᠶ᠋ᠢ ᠣᠯᠠᠨ ᠤᠳᠠᠭ᠎ᠠ ᠥᠷᠨᠢᠭᠦᠯᠤᠨ᠂ 23.7 ᠲᠦᠮᠡ ᠭᠠᠷᠤᠶ ᠵᠥᠷᠢᠴᠡᠯ ᠵᠠᠭᠤᠷᠠᠯᠳᠤᠭᠠᠨ ᠢ᠋ ᠵᠢᠭ᠍ᠰᠠᠭᠠᠨ ᠪᠠᠢᠴᠠᠭᠠᠵᠤ ᠨᠠᠮᠳᠠᠭᠤᠯᠪᠠ᠃ ᠣᠯᠠᠨ ᠨᠡᠢᠲᠡ ᠵᠢᠨ ᠠᠮᠤᠷ ᠲᠦᠪᠱᠢᠨ ᠤ᠋ ᠰᠡᠷᠭᠡᠢᠯᠡᠯᠲᠡ ᠵᠢᠨ ᠱᠤᠭᠤᠮ ᠢ᠋ ᠪᠠᠲᠤ ᠪᠠᠬᠢ ᠪᠠᠢᠭᠤᠯᠵᠤ᠂ 《ᠵᠣᠨ ᠤ᠋ ᠤᠯᠠᠷᠢᠯ ᠤ᠋ᠨ ᠠᠵᠢᠯᠯᠠᠭ᠎ᠠ》ᠵᠡᠷᠭᠡ ᠲᠤᠰᠭᠠᠶ ᠠᠵᠢᠯᠯᠠᠭ᠎ᠠ ᠶ᠋ᠢ ᠭᠦᠨᠵᠡᠭᠡᠶ ᠥᠷᠨᠢᠭᠦᠯᠤᠨ᠂ ᠡᠷᠡᠭᠦᠦ᠍ ᠵᠢᠨ ᠬᠡᠷᠡᠭ ᠤ᠋ᠨ ᠬᠡᠷᠡᠭ ᠪᠣᠯᠭᠠᠨ ᠳᠠᠩᠰᠠᠯᠠᠬᠤ ᠠᠵᠢᠯ ᠠᠳᠠᠯᠢ ᠬᠤᠭᠤᠴᠠᠭᠠᠨ ᠤ᠋ᠬᠢᠡᠴᠡ 12% ᠵᠢᠡᠷ ᠪᠠᠭᠤᠷᠠᠪᠠ᠃ ᠴᠠᠬᠢᠯᠭᠠᠨᠬᠤᠯᠪᠤᠭᠠᠨ ᠤ᠋ ᠮᠡᠬᠡᠯᠡᠯ ᠤ᠋ᠨ ᠶᠠᠯᠠᠲᠤ ᠠᠵᠢᠯᠯᠠᠭ᠎ᠠ ᠳ᠋ᠤ ᠴᠣᠬᠢᠯᠲᠠ ᠥᠭ᠌ᠴᠦ ᠵᠠᠰᠠᠬᠤ ᠶ᠋ᠢ ᠭᠦᠨᠵᠡᠭᠡᠢᠷᠡᠭᠦᠯᠵᠦ᠍᠂ ᠪᠥᠬᠥ᠌ ᠣᠷᠣᠨ ᠤ᠋ ᠤᠯᠤᠰ ᠤ᠋ᠨ ᠮᠡᠬᠡᠯᠡᠯ ᠢ᠋ ᠡᠰᠡᠷᠭᠦᠴᠡᠬᠦ᠌ ᠲᠥᠪ ᠤ᠋ᠨ APP ᠤᠭ᠍ᠰᠠᠷᠠᠵᠤ ᠳᠠᠩᠰᠠᠯᠠᠭᠤᠯᠤᠭ᠍ᠰᠠᠨ ᠨᠣᠷᠮ᠎ᠠ 73% ᠳ᠋ᠤ ᠬᠦᠷᠴᠦ᠍᠂ ᠴᠠᠬᠢᠯᠭᠠᠨᠬᠤᠯᠪᠤᠭᠠᠨ ᠤ᠋ ᠮᠡᠬᠡᠯᠡᠯ ᠤ᠋ᠨ ᠬᠡᠷᠡᠭ ᠤ᠋ᠨ ᠲᠣᠭ᠎ᠠ᠂ ᠡᠳ᠋ ᠬᠥᠷᠥᠩᠭᠡ ᠵᠢᠨ ᠬᠣᠬᠢᠷᠠᠯ ᠤ᠋ᠨ ᠲᠣᠭ᠎ᠠ ᠠᠳᠠᠯᠢ ᠬᠤᠭᠤᠴᠠᠭᠠᠨ ᠤ᠋ᠬᠢᠡᠴᠡ ᠲᠣᠰ ᠲᠣᠰ 17%᠂ 18% ᠪᠠᠷ ᠪᠠᠭᠤᠷᠠᠪᠠ᠃ ᠠᠶᠤᠯᠭᠦᠢ ᠦᠢᠯᠡᠳᠪᠦᠷᠢᠯᠡᠯ ᠤ᠋ᠨ ᠦᠨᠳᠦᠰᠦᠨᠡᠴᠡ ᠨᠢ ᠵᠠᠰᠠᠬᠤ ᠪᠣᠭᠣᠮᠲᠠ ᠱᠢᠪᠲᠤᠯᠬᠤ ᠭᠤᠷᠪᠠᠨ ᠵᠢᠯ ᠤ᠋ᠨ ᠠᠵᠢᠯᠯᠠᠭ᠎ᠠ ᠶ᠋ᠢ ᠥᠷᠨᠢᠭᠦᠯᠤᠨ᠂ 5 ᠲᠦᠮᠡ ᠭᠠᠷᠤᠢ ᠵᠠᠮ ᠬᠠᠷᠢᠯᠴᠠᠭᠠᠨ ᠤ᠋ ᠭᠡᠮ ᠰᠣᠭᠣᠭ ᠤ᠋ᠨ ᠬᠡᠰᠡᠭ ᠢ᠋ ᠵᠢᠭ᠍ᠰᠠᠭᠠᠨ ᠪᠠᠢᠴᠠᠭᠠᠵᠤ᠂ ᠵᠠᠮ ᠬᠠᠷᠢᠯᠴᠠᠭᠠᠨ ᠤ᠋ ᠡᠨᠳᠡᠭ᠌ᠰᠡᠨ ᠬᠥᠮᠦᠨ ᠤ᠋ ᠲᠣᠭ᠎ᠠ᠂ ᠡᠳ᠋ ᠬᠦᠷᠦᠩᠭᠡ ᠵᠢᠨ ᠬᠣᠬᠢᠷᠠᠯ ᠤ᠋ᠨ ᠲᠣᠭ᠎ᠠ ᠵᠡᠷᠭᠡᠪᠡᠷ ᠪᠠᠭᠤᠷᠠᠪᠠ᠃
— ᠥᠨᠳᠥᠷ ᠲᠦᠪᠱᠢᠨ ᠪᠦᠬᠦᠢ ᠠᠮᠤᠷ ᠲᠦᠪᠱᠢᠨ ᠴᠢᠨᠠᠷ ᠰᠠᠢᠲᠠᠶ ᠬᠥᠭ᠌ᠵᠢᠯᠲᠡ ᠳ᠋ᠤ ᠦᠶ᠋ᠯᠡᠴᠢᠯᠡᠪᠡ᠃ ᠪᠥᠬᠥ᠌ ᠣᠷᠣᠨ ᠤ᠋ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠮᠠᠨ ᠤ᠋ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠱᠢᠨ ᠤ᠋ ᠬᠠᠯᠬᠠᠪᠴᠢ ᠶ᠋ᠢ ᠡᠷᠡᠰ ᠬᠠᠮᠠᠭᠠᠯᠠᠵᠤ᠂ ᠤᠮᠠᠷᠠᠲᠤ ᠬᠢᠯᠢ ᠵᠢᠨ ᠤᠨᠴᠠᠯᠢᠬ᠍ᠳᠤ ᠠᠮᠢ ᠠᠬᠤᠶ ᠵᠢᠨ ᠴᠠᠭ᠍ᠳᠠᠭᠠᠨ ᠤ᠋ ᠶᠠᠪᠤᠳᠠᠯ ᠢ᠋ ᠪᠣᠶ ᠪᠣᠯᠭᠠᠨ᠂ ᠣᠶ ᠱᠢᠭᠤᠶ ᠪᠠ ᠨᠤᠲᠤᠭ ᠪᠡᠯᠴᠢᠭᠡᠷ ᠤ᠋ᠨ ᠬᠡᠯᠪᠡᠷᠢ᠂ ᠠᠭᠤᠷᠬᠠᠶ ᠵᠢᠨ ᠭᠠᠷᠤᠯᠲᠠ ᠵᠢᠨ ᠡᠬᠢ ᠪᠠᠶᠠᠯᠢᠭ ᠤ᠋ᠨ ᠬᠡᠯᠪᠡᠷᠢ᠂ ᠭᠤᠤᠯ ᠨᠠᠭᠤᠷ ᠤ᠋ᠨ ᠤᠰᠤᠨ ᠣᠷᠣᠨ ᠤ᠋ ᠬᠡᠯᠪᠡᠷᠢ ᠵᠡᠷᠭᠡ ᠤᠨᠴᠠᠯᠢᠬ᠍ᠳᠤ ᠠᠮᠢ ᠠᠬᠤᠶ ᠵᠢᠨ ᠴᠠᠭ᠍ᠳᠠᠭᠠᠨ ᠤ᠋ ᠶᠠᠪᠤᠳᠠᠯ ᠤ᠋ᠨ ᠲᠠᠰᠤᠭ ᠢ᠋ 83 ᠪᠠᠢᠭᠤᠯᠵᠤ᠂ ᠣᠷᠴᠢᠨ ᠲᠣᠭᠣᠷᠢᠨ ᠢ᠋ ᠪᠣᠬᠢᠷᠲᠤᠭᠤᠯᠤᠭ᠍ᠰᠠᠨ᠂ ᠲᠠᠷᠢᠶᠠᠨ ᠭᠠᠵᠠᠷ ᠢ᠋ ᠬᠠᠤᠯᠢ ᠪᠤᠰᠤ ᠪᠡᠷ ᠡᠵᠡᠯᠡᠵᠤ ᠬᠡᠷᠡᠭ᠌ᠯᠡᠭ᠌ᠰᠡᠨ᠂ ᠬᠠᠤᠯᠢ ᠪᠤᠰᠤ ᠪᠡᠷ ᠠᠭᠤᠷᠬᠠᠶ ᠮᠠᠯᠲᠠᠭ᠍ᠰᠠᠨ ᠵᠡᠷᠭᠡ ᠬᠠᠤᠯᠢ ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ ᠳ᠋ᠤ ᠴᠢᠩᠭ᠎ᠠ ᠴᠣᠬᠢᠯᠲᠠ ᠥᠭ᠌ᠴᠦ᠂ 1800 ᠭᠠᠷᠤᠶ ᠬᠡᠷᠡᠭ ᠢ᠋ ᠳᠡᠩᠨᠡᠨ ᠢᠯᠡᠷᠡᠭᠦᠯᠪᠡ᠃ ᠠᠷᠠᠳ ᠲᠤ᠌ ᠲᠥᠬᠥᠮ ᠦᠵᠡᠭᠦᠯᠵᠦ᠍ ᠠᠵᠤ ᠠᠬᠤᠢᠯᠠᠯ ᠳ᠋ᠤ ᠠᠱᠢᠭ ᠬᠦᠷᠲᠡᠭᠡᠬᠦ᠌ ᠪᠣᠳᠠᠲᠤ ᠶᠠᠪᠤᠳᠠᠯ ᠢ᠋ ᠯᠠᠪᠳᠠᠭᠤᠨ ᠪᠠᠲᠤᠲᠠᠶ ᠰᠠᠢᠲᠤᠷ ᠬᠢᠵᠦ᠍᠂ ᠂ ᠨᠡᠢᠲᠡ 100 ᠭᠠᠷᠤᠶ ᠵᠦᠶ᠋ᠯ ᠤ᠋ᠨ ᠠᠷᠠᠳ ᠲᠤ᠌ ᠲᠥᠬᠥᠮ ᠦᠵᠡᠭᠦᠯᠵᠦ᠍ ᠠᠵᠤ ᠠᠬᠤᠢᠯᠠᠯ ᠳ᠋ᠤ ᠠᠱᠢᠭ ᠬᠦᠷᠲᠡᠭᠡᠬᠦ᠌ ᠠᠷᠭ᠎ᠠ ᠬᠡᠮᠵᠢᠶ᠎ᠡ ᠶ᠋ᠢ ᠨᠡᠢᠲᠡᠯᠡᠵᠤ᠂ ᠨᠢᠯᠬ᠎ᠠ ᠬᠡᠦᠬᠡᠳ᠂ ᠴᠡᠷᠢᠭ ᠡᠴᠡ ᠬᠠᠯᠠᠭᠳᠠᠬᠤ (ᠴᠡᠷᠢᠭ ᠤ᠋ᠨ ᠠᠯᠪᠠᠨ ᠡᠴᠡ ᠪᠠᠭᠤᠬᠤ) ᠵᠡᠷᠭᠡ 《ᠨᠢᠭᠡ ᠶᠠᠪᠤᠳᠠᠯ ᠢ᠋ ᠨᠢᠭᠡ ᠯᠡ ᠤᠳᠠᠭ᠎ᠠ ᠳ᠋ᠤ ᠭᠦᠶ᠋ᠴᠡᠳᠭᠡᠬᠦ᠌》 ᠶ᠋ᠢ ᠪᠥᠬᠥ᠌ ᠲᠠᠯ᠎ᠠ ᠪᠡᠷ ᠨᠠᠢᠳᠠᠪᠤᠷᠢᠵᠢᠭᠤᠯᠵᠤ᠂ ᠳᠣᠲᠣᠭᠠᠳᠤ ᠶ᠋ᠢ ᠬᠠᠮᠠᠭᠠᠯᠠᠬᠤ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠴᠢᠬᠤᠯᠠ ᠪᠤᠰᠤ ᠬᠢᠨᠠᠨ ᠵᠥᠪᠱᠢᠶᠡᠷᠡᠬᠦ᠌ ᠵᠦᠶ᠋ᠯᠡᠰ ᠢ᠋ ᠴᠥᠮ ᠰᠦᠯᠵᠢᠶᠡᠨ ᠳᠡᠭᠡᠷ᠎ᠡ ᠭᠦᠶ᠋ᠴᠡᠳᠭᠡᠬᠦ᠌ ᠶ᠋ᠢ ᠪᠡᠶᠡᠯᠡᠭᠦᠯᠪᠡ᠃
— ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠵᠢᠨ ᠱᠢᠨ᠎ᠡ ᠴᠢᠨᠠᠷ ᠤ᠋ᠨ ᠳᠠᠢᠴᠢᠨ ᠬᠦᠴᠦᠨ ᠢ᠋ ᠲᠦᠷᠭᠡᠪᠴᠢᠯᠡᠨ ᠳᠡᠭᠡᠭ᠌ᠰᠢᠯᠡᠭᠦᠯᠪᠡ᠃ ᠪᠦᠬᠦ᠌ ᠣᠷᠣᠨ ᠤ᠋ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠰᠤᠨᠵᠢᠷᠠᠭᠠᠳ ᠰᠢᠢᠳᠪᠦᠷᠢᠯᠡᠵᠦ ᠳᠠᠭᠤᠰᠤᠭ᠎ᠠ ᠦᠭᠡᠢ᠂ ᠤᠳᠠᠭᠠᠱᠢᠷᠠᠭᠤᠯᠤᠭᠠᠳ ᠱᠢᠢᠳᠪᠦᠷᠢᠯᠡᠬᠦ᠌ ᠦᠭᠡᠢ ᠵᠡᠷᠭᠡ ᠬᠠᠤᠯᠢ ᠬᠡᠷᠡᠭ᠌ᠵᠢᠭᠦᠯᠬᠦ᠌ ᠳᠤᠪᠤᠢ᠌ᠮᠠ ᠠᠰᠠᠭᠤᠳᠠᠯ ᠢ᠋ ᠲᠤᠰᠭᠠᠢ ᠴᠡᠭ᠌ᠴᠡᠯᠡᠨ ᠵᠠᠰᠠᠬᠤ ᠠᠵᠢᠯ ᠢ᠋ ᠪᠦᠬᠦ᠌ ᠬᠦᠴᠦᠨ ᠵᠢᠡᠷ ᠥᠷᠨᠢᠭᠦᠯᠵᠦ᠍᠂ ᠳᠣᠲᠣᠭᠠᠳᠤ ᠶ᠋ᠢ ᠬᠠᠮᠠᠭᠠᠯᠠᠬᠤ ᠠᠵᠢᠯ ᠤ᠋ᠨ ᠬᠠᠤᠯᠢᠵᠢᠯ ᠤ᠋ᠨ ᠲᠦᠪᠱᠢᠨ ᠢᠯᠡᠳᠲᠡ ᠳᠡᠭᠡᠭ᠌ᠰᠢᠯᠡᠪᠡ᠃ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠢᠡᠷ ᠴᠠᠭᠳᠠᠭᠠᠨ ᠤ᠋ ᠶᠠᠪᠤᠳᠠᠯ ᠶ᠋ᠢ ᠮᠠᠨᠳᠤᠭᠤᠯᠬᠤ ᠭᠤᠷᠪᠠᠨ ᠵᠢᠯ ᠤ᠋ᠨ ᠠᠵᠢᠯᠯᠠᠭᠠᠨ ᠤ᠋ ᠲᠥᠯᠥᠪᠯᠡᠭᠡ ᠶ᠋ᠢ ᠭᠦᠨᠵᠡᠭᠡᠶ ᠨᠠᠢᠳᠠᠪᠤᠷᠢᠵᠢᠭᠤᠯᠵᠤ᠂ 《ᠲᠤᠰᠭᠠᠶ ᠮᠡᠷᠭᠡᠵᠢᠯ + ᠲᠣᠭ᠍ᠲᠠᠴᠠ + ᠲᠣᠮᠣ ᠳ᠋ᠠᠢᠲ᠋ᠠ》 ᠵᠢᠨ ᠱᠢᠨ᠎ᠡ ᠬᠡᠯᠪᠡᠷᠢ ᠵᠢᠨ ᠴᠠᠭ᠍ᠳᠠᠭᠠᠨ ᠤ᠋ ᠶᠠᠪᠤᠳᠠᠯ ᠤ᠋ᠨ ᠠᠵᠢᠯᠯᠠᠭᠠᠨ ᠤ᠋ ᠵᠠᠭ᠍ᠪᠤᠷ ᠢ᠋ ᠪᠠᠢᠭᠤᠯᠤᠨ ᠲᠡᠭᠦᠯᠳᠡᠷᠵᠢᠭᠦᠯᠵᠦ᠍᠂ ᠲᠣᠮᠣ ᠳ᠋ᠠᠢᠲ᠋ᠠ 《ᠵᠠᠳᠠᠯᠤᠯᠲᠠ ᠬᠢᠬᠦ ᠵᠢᠭᠠᠨ ᠵᠢᠯᠤᠭᠤᠳᠬᠤ ᠭᠦᠢᠴᠡᠳᠭᠡᠬᠦ》 ᠴᠠᠭ᠍ᠳᠠᠭᠠᠨ ᠤ᠋ ᠶᠠᠪᠤᠳᠠᠯ ᠤ᠋ᠨ ᠠᠵᠢᠯᠯᠠᠭᠠᠨ ᠤ᠋ ᠲᠣᠭ᠍ᠲᠠᠴᠠ ᠵᠢᠨ ᠥᠭᠡᠷᠡᠴᠢᠯᠡᠯᠲᠡ ᠶ᠋ᠢ ᠠᠬᠢᠭᠤᠯᠬᠤ ᠳ᠋ᠤ ᠬᠦᠴᠦᠨ ᠨᠡᠮᠡᠷᠢᠯᠡᠵᠤ᠂ ᠴᠠᠭ᠍ᠳᠠᠭᠠᠨ ᠤ᠋ ᠶᠠᠪᠤᠳᠠᠯ ᠤ᠋ᠨ ᠬᠠᠮᠵᠢᠯᠴᠠᠭ᠎ᠠ ᠵᠡᠷᠭᠡ ᠮᠡᠳᠡᠭᠡ ᠵᠠᠩᠭᠢᠴᠢᠯᠠᠯᠲᠠ ᠵᠢᠨ ᠪᠠᠢᠭᠤᠯᠤᠯᠲᠠ ᠶ᠋ᠢ ᠨᠢᠭᠡᠳᠦᠭᠡᠷ ᠹᠷᠣᠨᠲ ᠤ᠋ᠨ ᠪᠣᠳᠠᠲᠤ ᠪᠠᠢᠯᠳᠤᠭᠠᠨ ᠳ᠋ᠤ ᠪᠦᠲᠦᠮᠵᠢᠲᠡᠶ ᠬᠦᠴᠦᠨ ᠨᠡᠮᠡᠷᠢᠯᠡᠬᠦ ᠪᠤᠯᠭᠠᠨ᠎ᠠ᠃ ᠪᠥᠬᠥ᠌ ᠣᠷᠣᠨ ᠤ᠋ 322 ᠲᠣᠮᠢᠯᠠᠭ᠍ᠰᠠᠨ ᠰᠠᠯᠪᠤᠷᠢ ᠳ᠋ᠤ 《ᠬᠣᠶᠠᠷ ᠠᠩᠭᠢ ᠨᠢᠭᠡ ᠲᠠᠰᠤᠭ》 ᠤ᠋ᠨ ᠴᠠᠭ᠍ᠳᠠᠭᠠᠨ ᠤ᠋ ᠶᠠᠪᠤᠳᠠᠯ ᠤ᠋ᠨ ᠵᠠᠭ᠍ᠪᠤᠷ ᠢ᠋ ᠬᠡᠷᠡᠭ᠌ᠵᠢᠭᠦᠯᠵᠦ᠍᠂ 《ᠨᠢᠭᠡ ᠲᠣᠰᠭᠣᠨ ᠳ᠋ᠤ ᠨᠢᠭᠡ ᠲᠤᠰᠭᠠᠶ ᠲᠤᠱᠢᠶᠠᠯᠲᠠᠶ ᠲᠤᠰᠠᠯᠠᠬᠤ ᠴᠠᠭ᠍ᠳᠠᠭᠠ》 ᠶ᠋ᠢᠨ ᠲᠣᠬᠢᠷᠠᠭᠤᠯᠤᠯᠲᠠ ᠵᠢᠨ ᠨᠣᠷᠮ᠎ᠠ 74.4%ᠳ᠋ᠤ ᠬᠦᠷᠴᠦ᠍᠂ ᠪᠥᠬᠥ᠌ ᠣᠷᠣᠨ ᠤ᠋ ᠲᠣᠮᠢᠯᠠᠭ᠍ᠰᠠᠨ ᠰᠠᠯᠪᠤᠷᠢ ᠵᠢᠨ ᠠᠷᠠᠳ ᠤ᠋ᠨ ᠴᠠᠭ᠍ᠳᠠᠭᠠ ᠵᠢᠨ ᠬᠣᠱᠢᠭᠤ ᠱᠢᠶᠠᠨ ᠤ᠋ ᠱᠠᠲᠤᠨ ᠤ᠋ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠵᠢᠨ ᠠᠷᠠᠳ ᠤ᠋ᠨ ᠴᠠᠭ᠍ᠳᠠᠭᠠ ᠵᠢᠨ ᠶᠡᠷᠦᠩᠬᠡᠶ ᠲᠣᠭᠠᠳᠠᠬᠢ ᠡᠵᠡᠯᠡᠬᠦ᠌ ᠬᠠᠷᠢᠴᠠᠯ 43.2% ᠲᠤ᠌ ᠬᠦᠷᠴᠦ᠍᠂ ᠨᠡᠢᠭᠡᠮ ᠲᠣᠭᠣᠷᠢᠭ ᠤ᠋ᠨ ᠠᠷᠠᠳ ᠤ᠋ᠨ ᠴᠠᠭ᠍ᠳᠠᠭᠠ ᠵᠢᠨ ᠲᠣᠮᠢᠯᠠᠭ᠍ᠰᠠᠨ ᠰᠠᠯᠪᠤᠷᠢ ᠵᠢᠨ ᠠᠷᠠᠳ ᠤ᠋ᠨ ᠴᠠᠭ᠍ᠳᠠᠭᠠ ᠵᠢᠨ ᠶᠡᠷᠦᠩᠬᠡᠶ ᠲᠣᠭᠠᠳᠠᠬᠢ ᠡᠵᠡᠯᠡᠬᠦ᠌ ᠬᠠᠷᠢᠴᠠᠯ 46.2% ᠲᠤ᠌ ᠬᠦᠷᠴᠦ᠍᠂ ᠳᠣᠲᠣᠭᠠᠳᠤ ᠶ᠋ᠢ ᠬᠠᠮᠠᠭᠠᠯᠠᠬᠤ ᠦᠨᠳᠦᠰᠦᠨ ᠱᠠᠲᠤᠨ ᠤ᠋ ᠰᠠᠭᠤᠷᠢ ᠦᠷᠭᠦᠯᠵᠢᠯᠡᠨ ᠪᠡᠬᠢᠵᠢᠨ᠂ ᠣᠯᠠᠨ ᠲᠦᠮᠡᠨ ᠤ᠋ ᠠᠮᠤᠷ ᠲᠦᠪᠱᠢᠨ ᠤ᠋ ᠲᠥᠷᠥᠭ᠌ᠳᠡᠯ᠂ ᠬᠠᠨᠤᠮᠵᠢ ᠵᠢᠨ ᠬᠡᠮᠵᠢᠶ᠎ᠡ ᠲᠠᠰᠤᠷᠠᠯᠲᠠ ᠥᠬᠡᠶ ᠳᠡᠭᠡᠭ᠌ᠰᠢᠯᠡᠪᠡ᠃
ᠠᠮᠤᠷ ᠲᠦᠪᠱᠢᠨ ᠤ᠋ ᠰᠠᠭᠤᠷᠢ ᠦᠩᠭᠡ ᠵᠣᠯ ᠵᠢᠷᠭᠠᠯ ᠤ᠋ᠨ ᠴᠢᠨᠠᠷ ᠴᠢᠨᠰᠠᠭᠠᠲᠠᠶ ᠨᠢᠭᠲᠠ ᠬᠣᠯᠪᠣᠭ᠍ᠳᠠᠨᠠ᠃ ᠪᠥᠬᠥ᠌ ᠣᠷᠣᠨ ᠤ᠋ ᠳᠣᠲᠣᠭᠠᠳᠤ ᠶ᠋ᠢ ᠬᠠᠮᠠᠭᠠᠯᠠᠬᠤ ᠪᠠᠢᠭᠤᠯᠭ᠎ᠠ ᠪᠥᠬᠥ᠌ ᠬᠦᠴᠦᠨ ᠵᠢᠡᠷ ᠵᠢᠡᠨ ᠠᠶᠤᠯ ᠲᠦᠭ᠌ᠰᠢᠭᠦᠷᠢ ᠶ᠋ᠢ ᠰᠡᠷᠭᠡᠢᠯᠡᠨ᠂ ᠠᠮᠤᠷ ᠲᠦᠪᠱᠢᠨ ᠢ᠋ ᠪᠠᠲᠤᠯᠠᠵᠤ᠂ ᠲᠣᠭ᠍ᠲᠠᠭᠤᠨ ᠢ᠋ ᠬᠠᠮᠠᠭᠠᠯᠠᠨ᠂ ᠬᠥᠭ᠌ᠵᠢᠯᠲᠡ ᠶ᠋ᠢ ᠠᠬᠢᠭᠤᠯᠵᠤ᠂ ᠣᠯᠠᠨ ᠲᠦᠮᠡᠨ ᠤ᠋ ᠬᠦᠷᠲᠡᠮᠵᠢ ᠵᠢᠨ ᠲᠥᠷᠥᠭ᠌ᠳᠡᠯ᠂ ᠵᠢᠷᠭᠠᠯᠲᠤ ᠲᠥᠷᠥᠭ᠌ᠳᠡᠯ᠂ ᠠᠮᠤᠷ ᠲᠦᠪᠱᠢᠨᠲᠥᠷᠥᠭ᠌ᠳᠡᠯ ᠢ᠋ ᠨᠠᠩ ᠲᠡᠭᠦᠯᠳᠡᠷ᠂ ᠨᠠᠩ ᠪᠠᠲᠤᠯᠠᠭᠠᠲᠠᠶ᠂ ᠨᠠᠩ ᠦᠷᠭᠦᠯᠵᠢᠯᠡᠬᠦ ᠪᠣᠯᠭᠠᠨ᠂ ᠡᠬᠡ ᠤᠯᠤᠰ ᠤ᠋ᠨ ᠤᠮᠠᠷᠠᠲᠤ ᠵᠢᠨ ᠠᠮᠤᠷ ᠲᠦᠪᠱᠢᠨ ᠲᠣᠭ᠍ᠲᠠᠭᠤᠨ ᠤ᠋ ᠬᠠᠯᠬᠠᠪᠴᠢ ᠶ᠋ᠢ ᠪᠠᠲᠤ ᠪᠠᠬᠢ ᠪᠠᠢᠭᠤᠯᠬᠤ ᠳ᠋ᠤ ᠳᠣᠲᠣᠭᠠᠳᠤ ᠶ᠋ᠢ ᠬᠠᠮᠠᠭᠠᠯᠠᠬᠤ ᠬᠦᠴᠦᠨ ᠴᠢᠳᠠᠯ ᠵᠢᠡᠨ ᠡᠷᠭᠦᠨ᠎ᠡ᠃