ᠭᠦᠶᠠᠩ ᠰᠢᠶᠠᠨ ᠤᠰᠤ ᠠᠷᠪᠢᠯᠠᠬᠤ ᠴᠠᠷᠴᠠᠮᠠᠯ ᠮᠦᠬᠦᠯᠢᠭᠲᠦ ᠪᠣᠷᠳᠣᠭᠤᠷ᠎ᠢᠶᠠᠷ ᠣᠢᠵᠢᠭᠤᠯᠤᠯᠲᠠ᠎ᠶᠢᠨ ᠳᠤᠮᠳᠠᠬᠢ ᠤᠰᠤ ᠳᠤᠲᠠᠭᠳᠠᠬᠤ ᠬᠦᠴᠢᠷ ᠠᠰᠠᠭᠤᠳᠠᠯ᠎ᠢ ᠠᠮᠵᠢᠯᠲᠠ ᠲᠠᠢ ᠰᠢᠢᠳᠪᠦᠷᠢᠯᠡᠪᠡ
2025-04-02 10:08:50
ᠵᠣᠬᠢᠶᠠᠭ᠍ᠴᠢ᠄
ᠼᠠᠢ ᠳ᠋ᠦᠩ ᠮᠧᠶ᠂ ᠭᠧ ᠰᠢᠤᠸᠠᠢ ᠹᠧᠩ
ᠣᠩᠱᠢᠭ᠍ᠰᠠᠨ ᠣᠳᠠᠭ᠎ᠠ᠄
★★★☆☆

ᠣᠢᠵᠢᠭᠤᠯᠤᠯᠲᠠ᠎ᠶᠢᠨ ᠥᠪᠡᠷ᠎ᠦᠨ ᠥᠷᠲᠡᠭ᠎ᠢ 28% ᠪᠠᠷ ᠪᠠᠭᠤᠷᠠᠭᠤᠯᠤᠨ ᠴᠢᠬᠢ ᠮᠣᠳᠣᠨ᠎ᠤ ᠰᠥᠷᠬᠦ ᠴᠢᠨᠠᠷ᠎ᠢ 35% ᠪᠠᠷ ᠳᠡᠭᠡᠭ᠌ᠰᠢᠯᠡᠭᠦᠯᠪᠡ


ᠰᠤᠷᠪᠤᠯᠵᠢᠯᠠᠭ᠍ᠴᠢ ᠪᠤᠭᠤᠲᠤ ᠬᠣᠲᠠ᠎ᠶᠢᠨ ᠭᠦᠶᠠᠩ ᠰᠢᠶᠠᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠰᠠᠯᠠᠭ᠎ᠠ ᠮᠥᠴᠢᠷ᠎ᠡᠴᠡ ᠣᠢᠯᠠᠭᠠᠭᠰᠠᠨ ᠵᠢᠡᠷ᠂ 《ᠤᠮᠠᠷᠠᠲᠤ ᠵᠢᠨ ᠭᠤᠷᠪᠠᠨ ᠤᠷᠤᠨ》 ᠎ᠤ᠋ ᠢᠨᠵᠧᠨᠧᠷᠢᠩ᠎ᠦᠨ ᠪᠤᠭᠤᠮᠳᠠ ᠰᠢᠪᠲᠤᠯᠬᠤ ᠳᠠᠢᠯᠠᠯᠳᠤᠭᠠᠨ᠎ᠤ ᠳᠤᠮᠳᠠ ᠭᠦᠶᠠᠩ ᠰᠢᠶᠠᠨ᠎ᠤ ᠤᠯᠤᠰ᠎ᠤᠨ ᠡᠵᠡᠩᠨᠡᠯᠲᠡ ᠵᠢᠨ ᠣᠶ ᠰᠢᠭᠤᠢ᠎ᠶᠢᠨ ᠲᠠᠯᠠᠪᠠᠶ ᠶᠦᠨ ᠲᠠᠢ ᠵᠥᠩ ᠶᠧ ᠺᠣᠮᠫᠠᠨᠢ ᠲᠠᠢ ᠬᠠᠮᠲᠤᠷᠠᠨ ᠴᠢᠬᠤᠯᠠ ᠶᠡᠬᠡ ᠮᠡᠷᠭᠡᠵᠢᠯ᠎ᠦᠨ ᠰᠢᠪᠲᠤᠯᠤᠯᠲᠠ ᠭᠠᠷᠭᠠᠪᠠ᠄ ᠬᠣᠶᠠᠷ ᠲᠠᠯ᠎ᠠ᠎ᠪᠠᠷ᠎ᠢᠶᠠᠨ 3 ᠵᠢᠯ ᠵᠠᠷᠤᠴᠠᠭᠤᠯᠵᠤ ᠰᠤᠳᠤᠯᠤᠨ ᠨᠡᠭᠡᠭᠡᠭᠰᠡᠨ ᠤᠰᠤ ᠠᠷᠪᠢᠯᠠᠬᠤ ᠴᠠᠷᠴᠠᠮᠠᠯ ᠮᠦᠬᠦᠯᠢᠭᠲᠦ ᠪᠣᠷᠳᠣᠭᠤᠷ ᠨᠢ ᠣᠢᠵᠢᠭᠤᠯᠤᠯᠲᠠ᠎ᠶᠢᠨ ᠢᠨᠵᠧᠨᠧᠷᠢᠩ᠎ᠦᠨ ᠤᠰᠤ ᠳᠤᠲᠠᠭᠳᠠᠬᠤ ᠬᠦᠴᠢᠷ ᠠᠰᠠᠭᠤᠳᠠᠯ᠎ᠢ ᠠᠮᠵᠢᠯᠲᠠ ᠲᠠᠢ ᠰᠢᠢᠳᠪᠦᠷᠢᠯᠡᠪᠡ᠃

2024 ᠣᠨ᠎ᠳᠤ᠂ ᠭᠦᠶᠠᠩ ᠰᠢᠶᠠᠨ᠎ᠤ ᠤᠯᠤᠰ᠎ᠤᠨ ᠡᠵᠡᠩᠨᠡᠯᠲᠡ᠎ᠶᠢᠨ ᠣᠶ ᠰᠢᠭᠤᠢ᠎ᠶᠢᠨ ᠲᠠᠯᠠᠪᠠᠶ ᠲᠤᠯᠤᠭᠠᠨ ᠮᠣᠯᠧᠺᠦ᠋ᠯ᠎ᠦᠨ ᠬᠠᠢᠯᠠᠷ ᠨᠠᠷᠠᠰᠤᠨ ᠣᠶ᠎ᠳᠤ ᠤᠰᠤ ᠠᠷᠪᠢᠯᠠᠬᠤ ᠴᠠᠷᠴᠠᠮᠠᠯ ᠮᠦᠬᠦᠯᠢᠭᠲᠦ ᠪᠣᠷᠳᠣᠭᠤᠷ᠎ᠤᠨ ᠲᠤᠷᠰᠢᠯᠲᠠ᠎ᠶᠢᠨ ᠲᠥᠷᠥᠯ ᠵᠦᠢᠯ᠎ᠢ ᠬᠡᠷᠡᠭᠵᠢᠭᠦᠯᠵᠦ᠂ ᠬᠠᠢᠯᠠᠷ ᠨᠠᠷᠠᠰᠤ ᠪᠡᠷ ᠥᠯᠢᠭᠡᠷ ᠪᠣᠯᠭᠠᠵᠤ᠂ ᠤᠰᠤ ᠠᠷᠪᠢᠯᠠᠬᠤ ᠴᠠᠷᠴᠠᠮᠠᠯ ᠮᠦᠬᠦᠯᠢᠭᠲᠦ ᠪᠣᠷᠳᠣᠭᠤᠷ ᠣᠷᠣᠭᠤᠯᠬᠤ ᠦᠭᠡᠢ ᠪᠠ ᠪᠣᠷᠣᠭᠠᠨ᠎ᠤ ᠤᠯᠠᠷᠢᠯ ᠪᠣᠯᠬᠤ᠎ᠠᠴᠠ ᠡᠮᠦᠨ᠎ᠡ ᠵᠥᠪᠬᠡᠨ ᠨᠢᠭᠡ ᠯᠡ ᠤᠳᠠᠭ᠎ᠠ ᠣᠷᠣᠭᠤᠯᠬᠤ᠂ ᠪᠣᠷᠣᠭᠠᠨ᠎ᠤ ᠤᠯᠠᠷᠢᠯ ᠪᠣᠯᠬᠤ ᠪᠦᠷᠢ ᠤᠰᠤ ᠠᠷᠪᠢᠯᠠᠬᠤ ᠴᠠᠷᠴᠠᠮᠠᠯ ᠮᠦᠬᠦᠯᠢᠭᠲᠦ ᠪᠣᠷᠳᠣᠭᠤᠷ᠎ᠢ ᠨᠢᠭᠡ ᠤᠳᠠᠭ᠎ᠠ ᠤᠷᠤᠭᠤᠯᠬᠤ ᠵᠡᠷᠭᠡ 3 ᠪᠦᠯᠦᠭ ᠬᠤᠪᠢᠶᠠᠨ ᠲᠤᠷᠰᠢᠯᠲᠠ ᠬᠢᠬᠦ ᠪᠡᠷ ᠳᠠᠮᠵᠢᠨ᠂ ᠪᠣᠷᠳᠣᠭᠤᠷ ᠣᠷᠣᠭᠤᠯᠬᠤ᠎ᠠᠴᠠ ᠡᠮᠦᠨ᠎ᠡ ᠬᠣᠢᠨᠠᠬᠢ ᠣᠶ ᠮᠣᠳᠣᠨ᠎ᠤ ᠤᠷᠭᠤᠯᠲᠠ᠎ᠶᠢᠨ ᠪᠠᠢᠳᠠᠯ᠎ᠢ ᠬᠠᠷᠢᠴᠠᠭᠤᠯᠪᠠ᠃ ᠣᠢᠷ᠎ᠠ᠎ᠳᠤ᠂ ᠲᠤᠷᠰᠢᠯᠲᠠ ᠨᠢ ᠱᠠᠲᠤ ᠦᠶᠡᠴᠢ ᠴᠢᠨᠠᠷᠲᠠᠢ ᠠᠬᠢᠴᠠ ᠲᠠᠢ ᠪᠤᠯᠵᠤ᠂ ᠲᠠᠷᠢᠶᠠᠨ ᠭᠠᠵᠠᠷ᠎ᠤᠨ ᠲᠤᠷᠰᠢᠯᠲᠠ᠎ᠶᠢᠨ ᠲᠣᠭ᠎ᠠ ᠪᠠᠷᠢᠮᠲᠠ᠎ᠠᠴᠠ ᠦᠵᠡᠪᠡᠯ᠂ ᠪᠣᠷᠳᠣᠭᠤᠷ ᠣᠷᠣᠭᠤᠯᠤᠭᠰᠠᠨ ᠥᠯᠢᠭᠡᠷ ᠮᠤᠳᠤ ᠨᠢ ᠬᠠᠷᠢᠴᠠᠭᠤᠯᠤᠭᠰᠠᠨ ᠪᠦᠯᠦᠭ᠎ᠢ ᠪᠤᠳᠤᠪᠠᠯ ᠤᠰᠤᠨ᠎ᠤ ᠠᠭᠤᠯᠤᠭᠳᠠᠴᠠ 5% ᠪᠡᠷ ᠳᠡᠭᠡᠭᠰᠢᠯᠡᠵᠦ᠂ ᠨᠠᠪᠴᠢᠨ᠎ᠤ ᠨᠣᠭᠣᠭᠠᠨ ᠡᠳ᠋᠎ᠦᠨ ᠥᠳᠬᠡᠴᠡ 0.4 — 0.5mg/g ᠨᠡᠮᠡᠭᠳᠡᠵᠡᠢ᠃ ᠣᠳᠣᠬᠠᠨ᠎ᠳᠤ ᠲᠣᠰ ᠮᠡᠷᠭᠡᠵᠢᠯ ᠨᠢ ᠨᠢᠭᠡᠨᠲᠡ ᠤᠯᠤᠰ᠎ᠤᠨ ᠡᠭᠦᠳᠦᠯᠲᠡ᠎ᠶᠢᠨ ᠲᠤᠰᠬᠠᠢ ᠠᠰᠢᠭ᠋᠎ᠤᠨ ᠮᠥᠨ ᠴᠢᠨᠠᠷ᠎ᠤᠨ ᠬᠢᠨᠠᠨ ᠪᠠᠢᠴᠠᠭᠠᠯᠲᠠ᠎ᠶᠢ ᠥᠩᠭᠡᠷᠡᠭᠡᠵᠦ᠂ ᠭᠦᠶᠠᠩ ᠰᠢᠶᠠᠨ᠎ᠤ ᠭᠠᠩ ᠬᠠᠭᠤᠷᠠᠢ ᠣᠷᠣᠨ᠎ᠳᠤ ᠣᠢᠵᠢᠭᠤᠯᠬᠤ ᠮᠡᠷᠭᠡᠵᠢᠯ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ᠃

ᠲᠠᠨᠢᠯᠴᠠᠭᠤᠯᠭ᠎ᠠ ᠵᠢ ᠦᠨᠳᠦᠰᠦᠯᠡᠪᠡᠯ᠂ ᠤᠰᠤ ᠠᠷᠪᠢᠯᠠᠬᠤ ᠴᠠᠷᠴᠠᠮᠠᠯ ᠮᠦᠬᠦᠯᠢᠭᠲᠦ ᠪᠣᠷᠳᠣᠭᠤᠷ ᠪᠣᠯ ᠤᠯᠤᠰ᠎ᠤᠨ ᠳᠣᠲᠣᠭᠠᠳᠤ᠎ᠶᠢᠨ ᠨᠢᠭᠡᠨᠲᠡ ᠬᠡᠯᠪᠡᠷᠢᠵᠢᠭᠰᠡᠨ ᠮᠥᠭᠥ᠎ᠶᠢᠨ ᠦᠨᠳᠦᠰᠦ᠎ᠶᠢᠨ ᠮᠡᠷᠭᠡᠵᠢᠯ᠎ᠳᠦ ᠲᠦᠰᠢᠭᠯᠡᠨ ᠬᠦᠳᠡᠷ᠎ᠦᠨ ᠰᠢᠷ᠎ᠠ ᠢᠯᠵᠢᠮᠡᠭ ᠬᠦᠴᠢᠯ ᠵᠡᠷᠭᠡ ᠣᠷᠭᠠᠨᠢᠭ᠋ ᠪᠣᠳᠠᠰ᠎ᠢ ᠠᠭᠤᠰᠬᠠᠵᠤ᠂ ᠤᠷᠭᠤᠮᠠᠯ᠎ᠤᠨ ᠦᠨᠳᠦᠰᠦ ᠬᠠᠳᠬᠤᠵᠤ ᠤᠰᠤ ᠠᠷᠪᠢᠯᠠᠬᠤ᠎ᠶᠢ ᠠᠬᠢᠭᠤᠯᠳᠠᠭ ᠳᠡᠭᠡᠭᠡᠪᠦᠷᠢᠯᠡᠬᠦ᠎ᠳᠤ ᠠᠮᠠᠷᠬᠠᠨ ᠪᠣᠷᠳᠣᠭᠤᠷ ᠪᠣᠯᠣᠨ᠎ᠠ᠃ ᠲᠡᠷᠡ ᠨᠢ ᠨᠠᠷᠢᠯᠢᠭ᠋ ᠣᠨᠣᠪᠴᠢᠲᠠᠶ ᠬᠡᠮᠵᠢᠨ ᠲᠤᠭᠲᠠᠭᠠᠵᠤ ᠪᠤᠯᠬᠤ ᠣᠨᠴᠠᠯᠢᠭ ᠲᠠᠢ ᠪᠤᠯᠬᠤᠷ ᠴᠢᠬᠢ ᠪᠣᠢᠵᠢᠭᠤᠯᠬᠤ᠂ ᠣᠢᠵᠢᠭᠤᠯᠬᠤ ᠵᠡᠷᠭᠡ ᠣᠯᠠᠨ ᠭᠣᠭᠴᠣᠭ᠎ᠠ᠎ᠳᠤ ᠥᠷᠭᠡᠨ᠎ᠢᠶᠡᠷ ᠬᠡᠷᠡᠭᠯᠡᠵᠦ ᠪᠣᠯᠣᠨ᠎ᠠ᠃ ᠪᠣᠳᠠᠲᠠᠢ ᠬᠡᠷᠡᠭᠯᠡᠬᠦ ᠶᠠᠪᠤᠴᠠ᠎ᠳᠤ᠂ ᠬᠥᠷᠥᠰᠥ᠎ᠶᠢ ᠬᠡᠮᠵᠢᠨ ᠪᠣᠷᠳᠣᠭᠤᠷ᠎ᠢ ᠲᠣᠭᠲᠠᠭᠠᠬᠤ᠂ ᠮᠣᠳᠤᠨ᠎ᠦ ᠲᠦᠷᠦᠯ ᠵᠦᠢᠯ᠎ᠢ ᠦᠨᠳᠦᠰᠦᠯᠡᠨ ᠬᠡᠮᠵᠢᠶ᠎ᠡ᠎ᠶᠢ ᠲᠣᠭᠲᠠᠭᠠᠬᠤ᠂ ᠪᠣᠢᠵᠢᠭᠤᠯᠬᠤ ᠬᠡᠷᠡᠭᠴᠡᠭᠡ ᠱᠠᠭᠠᠷᠳᠠᠯᠭ᠎ᠠ ᠵᠢ ᠦᠨᠳᠦᠰᠦᠯᠡᠨ ᠪᠣᠷᠳᠣᠭᠤᠷ ᠣᠷᠣᠭᠤᠯᠬᠤ ᠵᠡᠷᠭᠡ ᠠᠷᠭ᠎ᠠ ᠬᠡᠯᠪᠡᠷᠢ ᠪᠡᠷ ᠳᠠᠮᠵᠢᠨ ᠨᠡᠯᠢᠶᠡᠳ ᠳᠣᠣᠷ᠎ᠠ ᠥᠪᠡᠷ᠎ᠦᠨ ᠥᠷᠲᠡᠭ᠎ᠢᠶᠡᠷ ᠴᠢᠬᠢ ᠮᠣᠳᠣᠨ᠎ᠤ ᠡᠳᠡᠭᠡᠷᠡᠯᠲᠡ᠎ᠶᠢᠨ ᠨᠣᠷᠮ᠎ᠠ ᠪᠠ ᠬᠠᠳᠠᠭᠠᠯᠠᠬᠤ ᠨᠣᠷᠮ᠎ᠠ᠎ᠶᠢ ᠳᠡᠭᠡᠭᠰᠢᠯᠡᠭᠦᠯᠵᠦ ᠪᠣᠯᠣᠨ᠎ᠠ᠂ ᠡᠭᠦᠨ᠎ᠦ ᠬᠠᠮᠲᠤ ᠪᠣᠷᠳᠣᠭᠤᠷ ᠳᠣᠲᠣᠷᠠᠬᠢ ᠮᠢᠺᠷᠣᠪ ᠨᠢ᠎ᠴᠦ ᠬᠥᠷᠥᠰᠥ ᠰᠢᠷᠣᠢ ᠵᠢ ᠰᠠᠢᠵᠢᠷᠠᠭᠤᠯᠬᠤ ᠦᠢᠯᠡᠳᠦᠯ ᠲᠠᠢ ᠪᠠᠢᠳᠠᠭ᠃ ᠲᠠᠴᠢᠷ ᠨᠢᠮᠭᠡᠨ ᠣᠷᠣᠨ᠎ᠳᠤ ᠤᠰᠤ ᠠᠷᠪᠢᠯᠠᠬᠤ ᠴᠠᠷᠴᠠᠮᠠᠯ ᠮᠥᠬᠥᠯᠢᠭᠲᠦ ᠪᠣᠷᠳᠣᠭᠤᠷ᠎ᠢ ᠬᠡᠷᠡᠭᠯᠡᠬᠦ ᠨᠢ ᠬᠥᠷᠥᠰᠥᠨ᠎ᠦ ᠣᠷᠭᠠᠨᠢᠭ᠋ ᠪᠣᠳᠠᠰ᠎ᠤᠨ ᠪᠦᠷᠢᠯᠳᠦᠭᠦᠨ᠎ᠢ ᠨᠡᠮᠡᠭᠳᠡᠭᠦᠯᠵᠦ᠂ ᠣᠶ ᠮᠣᠳᠣᠨ᠎ᠤ ᠭᠠᠩ ᠬᠠᠭᠰᠠᠷᠠᠭᠠᠨ ᠳ᠋ᠤ ᠲᠡᠰᠪᠦᠷᠢᠲᠡᠢ᠂ ᠬᠦᠢᠲᠡᠨ ᠳ᠋ᠤ ᠲᠡᠰᠪᠦᠷᠢᠲᠡᠢ ᠪᠠ ᠭᠡᠮ ᠬᠤᠷᠤᠬᠠᠢ ᠵᠢᠨ ᠬᠦᠨᠦᠭᠡᠯ ᠳ᠋ᠤ ᠲᠡᠰᠪᠦᠷᠢᠲᠡᠢ ᠪᠠᠢᠬᠤ ᠴᠢᠳᠠᠪᠤᠷᠢ᠎ᠶᠢ ᠳᠡᠭᠡᠭᠰᠢᠯᠡᠭᠦᠯᠬᠦ᠎ᠪᠡᠷ ᠪᠠᠷᠠᠬᠤ ᠦᠭᠡᠢ᠂ ᠪᠠᠰᠠ ᠬᠠᠢᠯᠠᠷ ᠨᠠᠷᠠᠰᠤᠨ᠎ᠤ ᠴᠢᠬᠢ ᠮᠣᠳᠣᠨ᠎ᠤ ᠡᠳᠡᠭᠡᠷᠡᠯᠲᠡ᠎ᠶᠢᠨ ᠨᠣᠷᠮ᠎ᠠ ᠪᠠ ᠬᠠᠳᠠᠭᠠᠯᠠᠬᠤ ᠨᠣᠷᠮ᠎ᠠ᠎ᠶᠢ ᠶᠡᠬᠡ᠎ᠪᠡᠷ ᠳᠡᠭᠡᠭᠰᠢᠯᠡᠭᠦᠯᠬᠦ ᠪᠣᠯᠣᠨ᠎ᠠ᠃

ᠲᠥᠰᠥᠭᠡᠯᠡᠨ ᠪᠤᠳᠤᠭᠰᠠᠨ᠎ᠢᠶᠠᠷ᠂ ᠰᠢᠨ᠎ᠡ ᠮᠡᠷᠭᠡᠵᠢᠯ ᠨᠢ ᠣᠢᠵᠢᠭᠤᠯᠬᠤ ᠥᠪᠡᠷ᠎ᠦᠨ ᠥᠷᠲᠡᠭ᠎ᠢ 28% ᠪᠠᠷ ᠪᠠᠭᠤᠷᠠᠭᠤᠯᠵᠤ᠂ ᠴᠢᠬᠢ ᠮᠣᠳᠣᠨ᠎ᠤ ᠰᠥᠷᠬᠦ ᠴᠢᠨᠠᠷ᠎ᠢ 35%᠎ᠪᠠᠷ ᠳᠡᠭᠡᠭᠰᠢᠯᠡᠭᠦᠯᠬᠦ ᠪᠣᠯᠣᠨ᠎ᠠ᠃ ᠲᠥᠷᠥᠯ ᠵᠦᠢᠯ ᠨᠢ ᠠᠰᠢᠭ᠍ᠯᠠᠯᠲᠠ᠎ᠳᠤ ᠣᠷᠣᠭᠰᠠᠨ᠎ᠤ ᠳᠠᠷᠠᠭ᠎ᠠ ᠵᠢᠯ᠎ᠤᠨ ᠦᠢᠯᠡᠳᠪᠦᠷᠢᠯᠡᠬᠦ ᠴᠢᠳᠠᠪᠤᠷᠢ 300 ᠲᠤᠨ᠎ᠳᠦ ᠬᠦᠷᠴᠦ᠂ 10 ᠲᠦᠮᠡᠨ ᠮᠦ᠍ ᠣᠢᠵᠢᠭᠤᠯᠬᠤ ᠬᠡᠷᠡᠭᠴᠡᠭᠡ᠎ᠶᠢ ᠬᠠᠩᠭᠠᠵᠤ᠂ 120 ᠠᠵᠢᠯ᠎ᠤᠨ ᠪᠠᠢᠷᠢ ᠵᠢ ᠪᠤᠢ ᠪᠤᠯᠭᠠᠵᠤ᠂ ᠡᠳ᠋ ᠪᠠᠷᠠᠭᠠᠨ᠎ᠤ ᠭᠦᠢᠯᠭᠡᠭᠡ᠂ ᠮᠡᠷᠭᠡᠵᠢᠯ᠎ᠤᠨ ᠦᠢᠯᠡᠴᠢᠯᠡᠭᠡ ᠵᠡᠷᠭᠡ ᠳᠡᠭᠡᠷ᠎ᠡ ᠳᠤᠤᠷ᠎ᠠ ᠬᠡᠯᠬᠢᠶ᠎ᠡ ᠵᠢᠨ 200 ᠭᠠᠷᠤᠢ ᠠᠵᠢᠯ᠎ᠤᠨ ᠪᠠᠢᠷᠢ ᠵᠢ ᠳᠠᠢᠴᠢᠯᠠᠬᠤ ᠪᠤᠯᠤᠨ᠎ᠠ᠃ ᠲᠣᠰ ᠮᠡᠷᠭᠡᠵᠢᠯ᠎ᠦᠨ ᠰᠢᠰᠲᠧᠮ᠎ᠦᠨ ᠬᠡᠷᠡᠭᠯᠡᠯᠲᠡ ᠨᠢ ᠭᠦᠶᠠᠩ᠎ᠰᠢᠶᠠᠨ᠎ᠦ ᠮᠡᠷᠭᠡᠵᠢᠯ᠎ᠦᠨ ᠰᠤᠳᠤᠯᠤᠨ ᠨᠡᠭᠡᠭᠡᠯᠲᠡ᠎ᠡᠴᠡ ᠠᠵᠤ ᠦᠢᠯᠡᠰᠵᠢᠭᠦᠯᠦᠨ ᠤᠨᠳᠤᠤᠰᠢᠭᠤᠯᠬᠤ ᠬᠦᠷᠲᠡᠯᠡᠬᠢ ᠪᠥᠬᠥ ᠬᠡᠯᠬᠢᠶᠡᠨ᠎ᠦ ᠰᠢᠪᠲᠤᠯᠤᠯᠲᠠ᠎ᠶᠢ ᠪᠡᠶᠡᠯᠡᠭᠦᠯᠦᠭᠰᠡᠨ᠎ᠢ ᠬᠠᠷᠠᠭᠤᠯᠵᠤ ᠪᠠᠢᠨ᠎ᠠ᠃ ᠡᠨᠡ ᠬᠦ᠌ ᠰᠢᠨ᠎ᠡ᠎ᠶᠢ ᠡᠭᠦᠳᠦᠭᠰᠡᠨ ᠵᠠᠭᠪᠤᠷ ᠨᠢ 《ᠤᠮᠠᠷᠠᠲᠤ ᠵᠢᠨ ᠭᠤᠷᠪᠠᠨ ᠤᠷᠤᠨ》᠎ᠤ᠋ ᠢᠨᠵᠧᠨᠧᠷᠢᠩ᠎ᠳᠦ ᠬᠠᠭᠤᠯᠪᠤᠷᠢᠯᠠᠵᠤ ᠪᠣᠯᠬᠤᠢᠴᠠ ᠮᠡᠷᠭᠡᠵᠢᠯ᠎ᠦᠨ ᠲᠥᠰᠥᠯ ᠬᠠᠩᠭᠠᠭᠰᠠᠨ᠎ᠢᠶᠠᠷ ᠦᠯᠦ ᠪᠠᠷᠠᠨ ᠨᠡᠩ ᠴᠤ᠌ ᠠᠮᠢ ᠠᠬᠤᠢ᠎ᠶᠢᠨ ᠵᠠᠰᠠᠯᠲᠠ ᠪᠣᠯᠣᠨ ᠠᠵᠤ ᠦᠢᠯᠡᠰ᠎ᠢ ᠬᠥᠭᠵᠢᠭᠦᠯᠦᠨ ᠮᠠᠨᠳᠤᠭᠤᠯᠬᠤ ᠵᠢ ᠵᠤᠬᠢᠴᠠᠭᠤᠯᠤᠨ ᠬᠦᠭᠵᠢᠭᠦᠯᠬᠦ ᠰᠢᠨ᠎ᠡ ᠠᠷᠭ᠎ᠠ ᠵᠠᠮ᠎ᠢ ᠬᠠᠢᠨ ᠰᠦᠪᠡᠭᠴᠢᠯᠡᠵᠦ ᠭᠠᠷᠭᠠᠵᠠᠢ᠃

ᠣᠢᠯᠠᠭᠠᠭᠰᠠᠨ᠎ᠢᠶᠠᠷ᠂ ᠮᠡᠷᠭᠡᠵᠢᠯ᠎ᠦᠨ ᠰᠢᠪᠲᠤᠯᠤᠯᠲᠠ᠎ᠳᠤ ᠰᠠᠭᠤᠷᠢᠯᠠᠨ᠂ ᠭᠦᠶᠠᠩ ᠰᠢᠶᠠᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶ᠎ᠠ ᠤᠯᠤᠰ᠎ᠤᠨ ᠬᠣᠪᠣᠷ ᠰᠢᠷᠣᠢ᠎ᠶᠢᠨ ᠴᠢᠳᠠᠮᠵᠢᠲᠤ ᠮᠠᠲᠧᠷᠢᠶᠠᠯ᠎ᠤᠨ ᠰᠢᠨ᠎ᠡ᠎ᠶᠢ ᠡᠭᠦᠳᠬᠦ ᠲᠥᠪ᠎ᠲᠠᠢ ᠬᠠᠮᠲᠤᠷᠠᠨ 《ᠵᠠᠰᠠᠭ᠎ᠤᠨ ᠣᠷᠳᠣᠨ ᠠᠵᠤ ᠠᠬᠤᠢᠯᠠᠯ ᠶᠠᠭᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ᠎ᠤ ᠰᠤᠳᠤᠯᠭᠠᠨ ᠬᠡᠷᠡᠭᠯᠡᠯᠲᠡ》 ᠲᠠᠪᠤ᠎ᠶᠢ ᠨᠢᠭᠡ ᠴᠣᠭᠴᠠᠵᠢᠭᠤᠯᠤᠭᠰᠠᠨ ᠬᠦᠷᠢᠶ᠎ᠡ ᠰᠤᠨᠳᠠᠯᠠᠭᠰᠠᠨ ᠰᠢᠨ᠎ᠡ᠎ᠶᠢ ᠡᠭᠦᠳᠬᠦ ᠬᠣᠯᠪᠣᠭᠠᠲᠤ ᠴᠣᠭᠴᠠ᠎ᠶᠢ ᠪᠠᠢᠭᠤᠯᠵᠤ᠂ ᠬᠣᠪᠣᠷ ᠰᠢᠷᠣᠢ᠎ᠶᠢᠨ ᠡᠯᠧᠮᠧᠨ᠋ᠲ᠎ᠦᠨ ᠴᠢᠨᠠᠷ᠎ᠢ ᠬᠤᠪᠢᠷᠠᠭᠤᠯᠬᠤ ᠮᠡᠷᠭᠡᠵᠢᠯ᠎ᠦᠨ ᠪᠤᠭᠤᠮᠳᠠ ᠵᠢ ᠭᠣᠣᠯᠳᠠᠯᠭ᠎ᠠ᠎ᠲᠠᠢ ᠰᠢᠪᠲᠤᠯᠵᠤ᠂ ᠬᠣᠪᠣᠷ ᠰᠢᠷᠣᠢ᠎ᠶᠢᠨ ᠲᠡᠮᠦᠷᠯᠢᠭ᠎ᠦᠨ ᠪᠠᠢᠷᠢ ᠲᠣᠬᠢᠷᠠᠭᠤᠯᠬᠤ ᠦᠢᠯᠡᠳᠦᠯ᠎ᠢᠶᠡᠷ ᠳᠠᠮᠵᠢᠨ ᠪᠣᠷᠳᠣᠭᠤᠷ᠎ᠤᠨ ᠤᠰᠤ ᠬᠠᠳᠠᠭᠠᠯᠠᠬᠤ ᠴᠢᠳᠠᠮᠵᠢ᠎ᠶᠢ ᠨᠡᠮᠡᠭᠳᠡᠭᠦᠯᠵᠦ᠂ 2025 ᠣᠨ᠎ᠳᠤ ᠭᠠᠵᠠᠷ᠎ᠲᠤ ᠲᠤᠬᠢᠷᠠᠭᠤᠯᠤᠨ ᠰᠤᠳᠤᠯᠤᠨ ᠨᠡᠭᠡᠭᠡᠬᠦ᠎ᠶᠢ ᠪᠡᠶᠡᠯᠡᠭᠦᠯᠵᠦ᠂ ᠨᠡᠭᠦᠷᠡᠰᠦᠲᠥ᠋ᠷᠥᠭᠴᠢ᠎ᠶᠢ ᠰᠢᠩᠭᠡᠬᠡᠨ ᠠᠪᠬᠤ ᠦᠷ᠎ᠡ ᠪᠦᠲᠦᠮᠵᠢ᠎ᠶᠢ ᠳᠠᠬᠢᠨ᠎ᠢᠶᠠᠷ ᠨᠡᠮᠡᠭᠳᠡᠭᠦᠯᠬᠦ᠎ᠪᠡᠷ ᠲᠥᠯᠥᠪᠯᠡᠵᠦ ᠪᠠᠢᠨ᠎ᠠ᠃ ᠭᠦᠶᠠᠩ ᠰᠢᠶᠠᠨ᠎ᠤ ᠣᠶ ᠰᠢᠭᠤᠢ ᠪᠠ ᠨᠤᠲᠤᠭ ᠪᠡᠯᠴᠢᠭᠡᠷ᠎ᠦᠨ ᠲᠣᠪᠴᠢᠶᠠᠨ᠎ᠤ ᠳᠠᠷᠤᠭ᠎ᠠ ᠯᠢᠦ ᠷᠦᠢ ᠯᠦᠩ᠄《ᠪᠢᠳᠡ ᠲᠤᠷᠰᠢᠯᠲᠠ᠎ᠶᠢᠨ ᠲᠠᠰᠤᠭ᠎ᠠᠴᠠ ᠣᠢᠲᠤ ᠭᠠᠵᠠᠷ ᠬᠦᠷᠲᠡᠯᠡᠬᠢ ᠰᠢᠨ᠎ᠡ᠎ᠶᠢ ᠡᠭᠦᠳᠬᠦ ᠪᠢᠲᠡᠭᠦᠦ ᠴᠠᠭᠠᠷᠢᠭ᠋᠎ᠢ ᠪᠡᠶᠡᠯᠡᠭᠦᠯᠵᠦ᠂ ᠪᠣᠷᠳᠣᠭᠤᠷ᠎ᠲᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠦᠴᠦᠨ᠎ᠢ ᠠᠭᠤᠰᠬᠠᠨ᠎ᠠ᠃ ᠤᠰᠤ ᠠᠷᠪᠢᠯᠠᠬᠤ ᠴᠠᠷᠴᠠᠮᠠᠯ ᠮᠦᠬᠦᠯᠢᠭᠲᠦ ᠪᠣᠷᠳᠣᠭᠤᠷ᠎ᠢ ᠳᠡᠯᠭᠡᠷᠡᠭᠦᠯᠦᠨ ᠬᠡᠷᠡᠭᠯᠡᠬᠦ᠎ᠪᠡᠷ ᠳᠠᠮᠵᠢᠨ ᠭᠦᠶᠠᠩ ᠰᠢᠶᠠᠨ᠎ᠤ 〈ᠤᠮᠠᠷᠠᠲᠤ ᠵᠢᠨ ᠭᠤᠷᠪᠠᠨ ᠤᠷᠤᠨ〉᠎ᠤ᠋ ᠢᠨᠵᠧᠨᠧᠷᠢᠩ᠎ᠢ ᠰᠠᠢᠲᠤᠷ ᠪᠡᠶᠡᠯᠡᠭᠦᠯᠬᠦ᠎ᠶᠢᠨ ᠬᠠᠮᠲᠤ ᠪᠤᠭᠤᠲᠤ ᠬᠣᠲᠠ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠦᠬᠦᠶ᠋ᠢᠯᠡ ᠪᠠᠷᠠᠭᠤᠨ ᠬᠣᠢᠲᠤ ᠣᠷᠣᠨ᠎ᠳᠤ ᠣᠢᠵᠢᠭᠤᠯᠬᠤ ᠰᠢᠨ᠎ᠡ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ᠎ᠶᠢ ᠬᠦᠰᠡᠵᠦ ᠪᠠᠢᠨ᠎ᠠ》 ᠭᠡᠵᠦ ᠢᠯᠡᠷᠭᠡᠢᠯᠡᠵᠤ ᠪᠠᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号