ᠱᠢᠭᠦᠨ ᠲᠠᠰᠤᠯᠤᠯᠲᠠ᠎ᠶ᠋ᠢᠨ ᠬᠠᠮᠢᠶᠠᠷᠤᠯᠲᠠ᠎ᠶ᠋ᠢ ᠪᠣᠳᠠᠲᠠᠢ ᠠᠳᠭᠤᠵᠤ ᠣᠯᠠᠨ ᠲᠦᠮᠡᠨ᠎ᠦ ᠬᠠᠤᠯᠢ ᠴᠠᠭᠠᠵᠠ᠎ᠶ᠋ᠢᠨ ᠬᠦᠷᠲᠡᠮᠵᠢ᠎ᠶ᠋ᠢᠨ ᠲᠥᠷᠥᠭ᠌ᠳᠡᠯ᠎ᠢ ᠨᠠᠩ ᠭᠦᠢᠴᠡᠳ ᠪᠣᠯᠭᠠᠪᠠ
2025-04-23 10:13:38
ᠵᠣᠬᠢᠶᠠᠭ᠍ᠴᠢ᠄
ᠸᠠᠩ ᠬᠤᠤ
ᠣᠩᠱᠢᠭ᠍ᠰᠠᠨ ᠣᠳᠠᠭ᠎ᠠ᠄
★★★☆☆

ᠲᠦᠷᠦᠭᠦᠤ ᠤᠯᠠᠷᠢᠯ᠎ᠳᠤ ᠪᠥᠬᠥ᠌ ᠣᠷᠣᠨ᠎ᠤ ᠱᠢᠭᠦᠬᠦ᠌ ᠬᠣᠷᠢᠶ᠎ᠠ ᠳᠠᠰᠤᠯᠤᠨ ᠲᠣᠭ᠍ᠲᠠᠭᠠᠯᠲᠠ᠎ᠶ᠋ᠢᠨ ᠪᠢᠴᠢᠭ ᠬᠠᠷ᠎ᠠ ᠳ᠋ᠤ᠎ᠠᠳᠠᠯᠢ ᠲᠥᠷᠥᠯ᠎ᠦᠨ ᠬᠡᠷᠡᠭ᠎ᠦᠨ ᠵᠢᠱ᠌ᠢᠶ᠎ᠡ ᠵᠢ 1818 ᠬᠤᠪᠢ ᠳᠠᠭᠠᠯᠳᠤᠭᠤᠯᠵᠠᠶ


ᠲᠦᠷᠦᠭᠦᠬᠡᠨ᠂ ᠣᠷᠳᠣᠰ ᠬᠣᠲᠠ᠎ᠶ᠋ᠢᠨ ᠠᠷᠠᠳ᠎ᠤᠨ ᠳᠤᠮᠳᠠ ᠵᠡᠷᠭᠡ᠎ᠶ᠋ᠢᠨ ᠱᠢᠭᠦᠬᠦ᠌ ᠬᠣᠷᠢᠶ᠎ᠠ ᠬᠥᠳᠡᠭᠡ ᠲᠣᠰᠭᠣᠨ᠎ᠤ ᠬᠡᠷ ᠪᠠᠢᠱᠢᠩ᠎ᠢ ᠬᠤᠳᠠᠯᠳᠤᠭᠠᠯᠠᠬᠤ ᠭᠡᠷ᠎ᠡ᠎ᠶ᠋ᠢᠨ ᠵᠠᠭᠤᠷᠠᠯᠳᠤᠭᠠᠨ᠎ᠤ ᠬᠡᠷᠡᠭ᠎ᠢ ᠱᠢᠭᠦᠬᠦ᠌᠎ᠳᠡᠭᠡᠨ᠂ ᠠᠷᠠᠳ᠎ᠤᠨ ᠱᠢᠭᠦᠬᠦ᠌ ᠬᠣᠷᠢᠶ᠎ᠠ ᠵᠢᠨ ᠬᠡᠷᠡᠭ᠎ᠦᠨ ᠵᠢᠱ᠌ᠢᠶ᠎ᠡ᠎ᠶ᠋ᠢᠨ ᠬᠥᠮᠥᠷᠭᠡ᠎ᠳ᠋ᠡᠬᠢ ᠡᠢᠮᠦᠷᠬᠦᠦ ᠬᠡᠷᠡᠭ᠎ᠦᠨ ᠵᠢᠱ᠌ᠢᠶ᠎ᠡ᠎ᠶ᠋ᠢ ᠳᠠᠰᠤᠯᠤᠨ ᠲᠣᠭ᠍ᠲᠠᠭᠠᠯᠲᠠ᠎ᠶ᠋ᠢᠨ ᠪᠢᠴᠢᠭ᠎ᠬᠠᠷ᠎ᠠ ᠳ᠋ᠤ ᠳᠠᠭᠠᠯᠳᠤᠭᠤᠯᠵᠦ᠂ ᠬᠡᠷᠡᠭ᠎ᠦᠨ ᠵᠢᠱ᠌ᠢᠶ᠎ᠡ ᠲᠡᠶ ᠤᠶᠠᠯᠳᠤᠭᠤᠯᠤᠨ ᠳᠠᠰᠤᠯᠤᠨ ᠲᠣᠭ᠍ᠲᠠᠭᠠᠯᠲᠠ᠎ᠳ᠋ᠤ ᠲᠠᠢᠯᠤᠮᠵᠢ ᠬᠢᠵᠤ᠂ ᠳᠠᠰᠤᠯᠤᠨ ᠲᠣᠭ᠍ᠲᠠᠭᠠᠯᠲᠠ᠎ᠶ᠋ᠢᠨ ᠪᠢᠴᠢᠭ᠎ᠬᠠᠷ᠎ᠠ ᠵᠢᠨ ᠢᠲᠡᠭᠡᠭᠦᠯᠬᠦ᠌ ᠬᠦᠴᠦᠨ᠎ᠢ ᠳᠡᠭᠡᠭ᠌ᠰᠢᠯᠡᠭᠦᠯᠦᠨ ᠮᠠᠰᠢ ᠰᠠᠢᠨ ᠦᠷ᠎ᠡ ᠪᠦᠲᠦᠮᠵᠢ ᠣᠯᠵᠠᠶ᠃

ᠳᠠᠰᠤᠯᠤᠨ ᠲᠣᠭ᠍ᠲᠠᠭᠠᠯᠲᠠ᠎ᠶ᠋ᠢᠨ ᠪᠢᠴᠢᠭ ᠬᠠᠷ᠎ᠠ ᠳ᠋ᠤ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢ ᠡᠱᠢᠯᠡᠨ ᠬᠡᠷᠡᠭ᠌ᠯᠡᠵᠦ᠍᠂ ᠳᠠᠰᠤᠯᠤᠨ ᠲᠣᠭ᠍ᠲᠠᠭᠠᠯᠲᠠ᠎ᠶ᠋ᠢᠨ ᠳ᠋ᠦᠩᠨᠡᠯᠲᠡ᠎ᠳᠦ ᠪᠠᠲᠤ ᠪᠡᠬᠢ 《ᠨᠤᠲᠠᠯᠠᠬᠤᠨ》 ᠵᠢᠡᠷ ᠲᠤᠯᠭᠠᠭᠤᠷᠢᠯᠠᠬᠤ ᠠᠷᠭ᠎ᠠ ᠬᠡᠮᠵᠢᠶ᠎ᠡ ᠠᠪᠤᠭᠰᠠᠨ ᠨᠢ ᠬᠠᠤᠯᠢ ᠴᠠᠭᠠᠵᠠ᠎ᠶ᠋ᠢᠨ ᠲᠥᠪ ᠭᠣᠣᠯᠴᠢ  ᠪᠠ ᠲᠥᠪ ᠴᠢᠩᠭ᠎ᠠ ᠴᠢᠨᠠᠷ᠎ᠢ ᠤᠯᠠᠮ ᠨᠢᠭᠡ ᠠᠯᠬᠤᠮ ᠬᠠᠮᠠᠭᠠᠯᠠᠪᠠ᠃

ᠲᠦᠩᠯᠢᠶᠣᠤ ᠬᠣᠲᠠ᠎ᠶ᠋ᠢᠨ ᠬᠦᠷᠢᠶ᠎ᠡ ᠬᠣᠱᠢᠭᠤᠨ᠎ᠤ ᠠᠷᠠᠳ᠎ᠤᠨ ᠱᠢᠭᠦᠬᠦ᠌ ᠬᠣᠷᠢᠶ᠎ᠠ ᠵᠢᠨ ᠵᠠᠷᠭᠤ᠎ᠶ᠋ᠢᠨ ᠦᠶ᠋ᠯᠡᠴᠢᠯᠡᠭᠡᠨ᠎ᠦ ᠲᠥᠪ᠎ᠲᠦ᠂ ᠡᠳ᠋ ᠬᠥᠷᠥᠩᠭᠡ᠎ᠶ᠋ᠢᠨ ᠬᠠᠮᠠᠭᠠᠯᠠᠨ ᠬᠠᠳᠠᠭᠠᠯᠠᠯᠲᠠ᠎ᠶ᠋ᠢᠨ ᠰᠦᠯᠵᠢᠶᠡᠨ ᠳᠡᠭᠡᠷ᠎ᠠ ᠬᠡᠷᠡᠭ ᠪᠣᠯᠭᠠᠨ ᠳᠠᠩᠰᠠᠯᠠᠬᠤ ᠱᠢᠰᠲ᠋ᠧᠮ᠎ᠢ ᠪᠥᠬᠥ᠌ ᠲᠠᠯ᠎ᠠ᠎ᠪᠠᠷ ᠬᠡᠷᠡᠭ᠌ᠵᠢᠭᠦᠯᠵᠦ᠍᠂ ᠲᠣᠭ᠎ᠠ ᠪᠠᠷᠢᠮᠲᠠ᠎ᠶ᠋ᠢ 《ᠢᠯᠡᠭᠦᠦ ᠭᠦᠶᠦᠯᠭᠡᠵᠦ᠍》᠂ ᠣᠯᠠᠨ ᠲᠦᠮᠡᠨ᠎ᠢ 《ᠳᠤᠲᠠᠭᠤ ᠭᠦᠶᠦᠯᠭᠡᠵᠦ᠍》᠂ ᠲᠤᠬᠠᠶ᠎ᠶ᠋ᠢᠨ ᠬᠥᠮᠦᠨ᠎ᠦ ᠬᠡᠷ᠎ᠡᠴᠡ ᠪᠡᠨ ᠭᠠᠷᠬᠤ ᠥᠬᠡᠶ᠎ᠪᠡᠷ ᠡᠳ᠋ ᠬᠥᠷᠥᠩᠭᠡ᠎ᠶ᠋ᠢᠨ ᠪᠠᠳᠤᠯᠠᠯᠳᠠ ᠭᠤᠶᠤᠴᠢᠯᠠᠵᠤ ᠪᠣᠯᠬᠤ᠎ᠶ᠋ᠢ ᠪᠦᠲᠦᠮᠵᠢᠲᠡᠶ ᠪᠡᠶᠡᠯᠡᠭᠦᠯᠵᠦ᠍᠂ ᠲᠤᠬᠠᠶ᠎ᠶ᠋ᠢᠨ ᠬᠥᠮᠦᠨ᠎ᠦ ᠵᠠᠷᠭᠤ ᠵᠢᠨ ᠡᠷᠬᠡ ᠠᠱᠢᠭ᠎ᠢ ᠪᠠᠲᠤᠯᠠᠬᠤ᠎ᠶ᠋ᠢᠨ ᠬᠠᠮᠲᠤ᠂ ᠵᠠᠷᠭᠤ᠎ᠶ᠋ᠢᠨ ᠦᠶ᠋ᠯᠡᠴᠢᠯᠡᠭᠡᠨ᠎ᠦ ᠬᠢᠷᠢ ᠲᠦᠪᠱᠢᠨ᠎ᠢ ᠦᠨᠡᠨ ᠬᠦ᠌ ᠳᠡᠭᠡᠭ᠌ᠰᠢᠯᠡᠭᠦᠯᠪᠡ᠃

ᠱᠢᠭᠦᠨ ᠲᠠᠰᠤᠯᠤᠯᠲᠠ᠎ᠶ᠋ᠢᠨ ᠬᠠᠮᠢᠶᠠᠷᠤᠯᠲᠠ ᠪᠣᠯ ᠬᠠᠤᠯᠢ ᠶᠠᠪᠤᠭᠤᠯᠵᠦ ᠱᠢᠭᠦᠨ ᠳᠠᠰᠤᠯᠬᠤ ᠲᠤᠬᠠᠢᠯᠠᠭ᠍ᠰᠠᠨ ᠠᠵᠢᠯ᠎ᠤᠨ ᠭᠤᠤᠯ ᠴᠦᠮ᠎ᠠ ᠪᠠᠢᠵᠤ᠂ ᠱᠢᠭᠦᠨ ᠲᠠᠰᠤᠯᠤᠯᠲᠠ᠎ᠶ᠋ᠢᠨ ᠬᠠᠮᠢᠶᠠᠷᠤᠯᠲᠠ᠎ᠶ᠋ᠢᠨ ᠥᠭᠡᠷᠡᠴᠢᠯᠡᠯᠲᠡ᠎ᠶ᠋ᠢᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌ ᠪᠣᠯ ᠬᠠᠤᠯᠢ ᠴᠠᠭᠠᠵᠠ ᠵᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌ ᠴᠢᠬᠤᠯᠠ ᠦᠢᠯᠡᠳᠦᠯᠭᠡ᠎ᠶ᠋ᠢᠨ ᠠᠷᠭ᠎ᠠ ᠬᠡᠮᠵᠢᠶ᠎ᠡ᠎ᠶ᠋ᠢᠨ ᠨᠢᠭᠡ ᠮᠥᠨ᠃ ᠣᠢᠷ᠎ᠠ᠎ᠶ᠋ᠢᠨ ᠵᠢᠯ᠎ᠦᠨ ᠲᠤᠷᠰᠢ᠂ ᠪᠥᠬᠥ᠌ ᠣᠷᠣᠨ᠎ᠤ ᠱᠢᠭᠦᠬᠦ᠌ ᠬᠣᠷᠢᠶ᠎ᠠ ᠢᠮᠠᠭ᠍ᠲᠠ ᠠᠷᠠᠳ ᠲᠦᠮᠡᠨ᠎ᠢᠶᠡᠷ ᠭᠤᠤᠯ ᠪᠣᠯᠭᠠᠬᠤ ᠬᠥᠭ᠌ᠵᠢᠯᠲᠡ᠎ᠶ᠋ᠢᠨ ᠦᠵᠡᠯ ᠰᠠᠨᠠᠭ᠎ᠠ᠎ᠶ᠋ᠢ ᠪᠠᠷᠢᠮᠲᠠᠯᠠᠵᠤ᠂ 《ᠨᠡᠪᠲᠡᠷᠡᠬᠦ᠌ ᠮᠠᠶᠢᠭ》 ᠤ᠋ᠨ ᠲᠣᠭ᠎ᠠ ᠪᠠᠷᠢᠮᠲᠠ᠎ᠶ᠋ᠢᠨ ᠵᠥᠪᠳᠡᠯᠴᠡᠭᠡᠨ ᠤ᠋ ᠬᠤᠷᠠᠯ ᠢ᠋ ᠲᠣᠭ᠍ᠲᠠᠮᠠᠯ ᠬᠤᠭᠤᠴᠠᠭ᠎ᠠ᠎ᠲᠠᠶ᠎ᠪᠠᠷ ᠥᠷᠨᠢᠭᠦᠯᠬᠦ᠌᠂ ᠲᠡᠰᠦᠯᠦᠨ ᠲᠣᠭ᠍ᠲᠠᠭᠠᠯᠲᠠ᠎ᠶ᠋ᠢᠨ ᠪᠢᠴᠢᠭ᠎ᠬᠠᠷ᠎ᠠ ᠎ᠳᠤ ᠬᠡᠷᠡᠭ᠎ᠦᠨ ᠵᠢᠱ᠌ᠢᠶ᠎ᠡ᠎ᠶ᠋ᠢ ᠡᠷᠢᠵᠦ ᠳᠠᠭᠠᠯᠳᠤᠭᠤᠯᠬᠤ ᠠᠵᠢᠯ᠎ᠤᠨ ᠲᠣᠭ᠍ᠲᠠᠴᠠ᠎ᠶ᠋ᠢ ᠭᠠᠷᠭᠠᠬᠤ᠂ ᠵᠥᠷᠢᠴᠡᠯ ᠵᠠᠭᠤᠷᠠᠯᠳᠤᠭᠠᠨ᠎ᠢ ᠡᠬᠢ ᠡᠭᠦᠰᠦᠯ᠎ᠡᠴᠡ᠎ᠨᠢ ᠤᠷᠢᠳᠴᠢᠯᠠᠨ ᠰᠡᠷᠭᠡᠢᠯᠡᠵᠦ᠍ ᠦᠨᠡᠡ ᠪᠤᠳᠠᠳᠠᠢ ᠨᠠᠮᠳᠠᠭᠤᠯᠬᠤ ᠳ᠋ᠸ᠋ ᠬᠦᠴᠦᠨ ᠨᠡᠮᠡᠷᠢᠯᠡᠬᠦ᠌ ᠵᠡᠷᠭᠡ ᠠᠯᠢ ᠣᠯᠠᠨ ᠪᠦᠲᠦᠮᠵᠢᠲᠡᠶ ᠬᠠᠤᠯᠢ ᠬᠡᠷᠡᠭᠵᠢᠬᠦᠯᠬᠦ ᠠᠷᠭ᠎ᠠ ᠬᠡᠮᠵᠢᠶ᠎ᠡ᠎ᠪᠡᠷ ᠳᠠᠮᠵᠢᠨ᠂ ᠱᠢᠭᠦᠨ ᠲᠠᠰᠤᠯᠤᠯᠲᠠ᠎ᠶ᠋ᠢᠨ ᠬᠠᠮᠢᠶᠠᠷᠤᠯᠲᠠ᠎ᠶ᠋ᠢ ᠰᠠᠢᠲᠤᠷ ᠪᠣᠳᠠᠲᠠᠶ ᠠᠳᠭᠤᠵᠤ᠂ ᠱᠢᠭᠦᠨ ᠲᠠᠰᠤᠯᠬᠤ ᠭᠦᠶ᠋ᠴᠡᠳᠭᠡᠬᠦ᠌ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠪᠠ᠃

ᠬᠠᠤᠯᠢ ᠴᠠᠭᠠᠵᠠ ᠵᠢᠨ ᠱᠢᠭᠦᠨ ᠲᠠᠰᠤᠯᠤᠯᠳᠠ᠎ᠶ᠋ᠢᠨ ᠲᠣᠭ᠎ᠠ ᠪᠠᠷᠢᠮᠲᠠ ᠵᠢ ᠱᠢᠭᠦᠨ ᠲᠠᠰᠤᠯᠤᠯᠳᠠ᠎ᠶ᠋ᠢ ᠭᠦᠢᠴᠡᠳᠭᠡᠬᠦ᠌ ᠪᠠ ᠱᠢᠭᠦᠨ ᠲᠠᠰᠤᠯᠤᠯᠳᠠ ᠵᠢᠨ ᠬᠠᠮᠢᠶᠠᠷᠤᠯᠲᠠ᠎ᠳᠤ ᠱᠢᠭᠤᠳ ᠦᠢᠯᠡᠴᠢᠯᠡᠬᠦᠯᠪᠠ᠃ ᠲᠣᠭ᠎ᠠ ᠪᠠᠷᠢᠮᠲᠠ᠎ᠶ᠋ᠢᠨ ᠵᠥᠪᠳᠡᠯᠴᠡᠭᠡ᠎ᠪᠡᠷ ᠳᠠᠮᠵᠢᠨ ᠠᠰᠠᠭᠤᠳᠠᠯ᠎ᠢ ᠡᠷᠢᠨ ᠭᠠᠷᠭᠠᠵᠤ᠂ ᠵᠥᠷᠢᠶ᠎ᠡ᠎ᠪᠡᠨ ᠳᠡᠯᠭᠡᠵᠦ᠍᠂ ᠰᠠᠨᠠᠯ ᠰᠠᠨᠠᠭᠤᠯᠭ᠎ᠠ ᠳᠤᠷᠠᠳᠴᠤ᠂ ᠠᠷᠭ᠎ᠠ ᠬᠡᠮᠵᠢᠶ᠎ᠡ ᠪᠡᠨ ᠡᠮᠬᠢᠯᠡᠪᠡᠯ ᠰᠠᠶᠢ ᠴᠢᠨᠠᠷ ᠰᠠᠢᠲᠠᠶ ᠬᠥᠭ᠌ᠵᠢᠯᠲᠡ᠎ᠶ᠋ᠢᠨ ᠬᠠᠤᠯᠢ ᠴᠠᠭᠠᠵᠠ ᠵᠢᠨ ᠱᠢᠭᠦᠨ ᠲᠠᠰᠤᠯᠬᠤ ᠠᠵᠢᠯ᠎ᠳᠠᠬᠢ ᠬᠡᠷᠡᠭ᠌ᠴᠡᠭᠡ᠎ᠳᠦ ᠲᠠᠰᠤᠷᠠᠯᠲᠠ ᠥᠬᠡᠶ ᠵᠣᠬᠢᠴᠠᠵᠤ ᠴᠢᠳᠠᠨ᠎ᠠ᠃ ᠪᠦᠬᠦ᠌ ᠣᠷᠣᠨ᠎ᠤ ᠱᠢᠭᠦᠬᠦ᠌ ᠬᠣᠷᠢᠢ᠎ᠠ ᠬᠠᠤᠯᠢ ᠪᠠᠷᠢᠬᠤ ᠵᠢᠮ᠎ᠡ ᠶᠣᠰᠣᠨ᠎ᠳᠤ ᠨᠡᠢᠴᠡᠭ᠌ᠰᠡᠨ ᠱᠢᠭᠦᠨ ᠲᠠᠰᠤᠯᠬᠤ ᠬᠠᠮᠢᠶᠠᠷᠤᠯᠲᠠ᠎ᠪᠠᠨ ᠴᠢᠩᠭᠠᠳᠭᠠᠵᠤ᠂ ᠲᠣᠭ᠎ᠠ ᠪᠠᠷᠢᠮᠲᠠ᠎ᠶ᠋ᠢᠨ ᠵᠥᠪᠳᠡᠯᠴᠡᠭᠡᠨ᠎ᠦ ᠬᠤᠷᠠᠯ᠎ᠢ ᠲᠣᠭ᠍ᠲᠠᠮᠠᠯ ᠬᠤᠭᠤᠴᠠᠭ᠎ᠠ᠎ᠲᠠᠶ᠎ᠪᠠᠷ ᠥᠷᠨᠢᠭᠦᠯᠦᠨ᠂ ᠭᠦᠢᠴᠡᠳᠭᠡᠯ ᠲᠣᠭ᠎ᠠ᠎ᠶ᠋ᠢᠨ ᠱᠢᠰᠲ᠋ᠧᠮ᠎ᠦᠨ 《ᠪᠡᠶ᠎ᠡ᠎ᠶ᠋ᠢᠨ ᠪᠠᠢᠴᠠᠭᠠᠯᠲᠠ᠎ᠶ᠋ᠢᠨ ᠬᠦᠰᠦᠨᠦᠭ᠌ᠲᠦ》 ᠶ᠋ᠢᠨ ᠦᠢᠯᠡᠳᠦᠯ᠎ᠢ ᠪᠠᠳᠠᠷᠠᠭᠤᠯᠵᠤ᠂ ᠵᠠᠭᠤᠷᠠᠯᠳᠤᠭᠠᠨ᠎ᠢ ᠦᠨᠡᠨ ᠪᠣᠳᠠᠲᠠᠢ᠎ᠪᠠᠷ ᠱᠢᠢᠳᠪᠦᠷᠢᠯᠡᠬᠦ᠌᠎ᠶ᠋ᠢ ᠦᠷᠭᠦᠯᠵᠢᠯᠡᠨ ᠭᠦᠨᠵᠡᠭᠡᠢᠷᠡᠭᠦᠯᠪᠡ᠃ ᠡᠭᠦᠨ᠎ᠦ ᠬᠠᠮᠲᠤ᠂ ᠥᠩᠭᠡᠷᠡᠭ᠌ᠰᠡᠨ᠎ᠳᠦ ᠵᠥᠪᠬᠡᠨ ᠱᠢᠭᠦᠬᠦ᠌ ᠬᠣᠷᠢᠶ᠎ᠠ ᠵᠢᠨ ᠳᠠᠪᠬᠤᠷᠭ᠎ᠠ᠎ᠳᠤ ᠬᠦᠷᠲᠡᠯ᠎ᠡ ᠵᠠᠳᠠᠯᠤᠨ ᠱᠢᠨᠵᠢᠯᠡᠭ᠌ᠰᠡᠨ ᠵᠥᠪᠳᠡᠯᠴᠡᠬᠦ᠌ ᠵᠠᠭ᠍ᠪᠤᠷ᠎ᠢ ᠥᠭᠡᠷᠡᠴᠢᠯᠡᠨ ᠰᠠᠢᠵᠢᠷᠠᠭᠤᠯᠵᠤ᠂ 《ᠨᠡᠪᠲᠡᠷᠡᠬᠦ᠌ ᠮᠠᠶᠢᠭ》 ᠵᠢᠡᠷ ᠱᠢᠭᠦᠬᠦ᠌ ᠬᠣᠷᠢᠢ᠎ᠠ᠂ ᠳᠤᠬᠠᠢ ᠵᠢᠨ ᠬᠥᠮᠦᠨ᠂ ᠬᠡᠷᠡᠭ᠎ᠦᠨ ᠱᠢᠯᠲᠠᠭᠠᠨ᠎ᠳᠤ ᠬᠦᠷᠲᠡᠯ᠎ᠡ ᠵᠠᠳᠠᠯᠤᠨ ᠱᠢᠨᠵᠢᠯᠡᠵᠦ᠍᠂ ᠱᠢᠭᠦᠨ ᠲᠠᠰᠤᠯᠬᠤ ᠭᠦᠢᠴᠡᠳᠭᠡᠬᠦ᠌ ᠶᠠᠪᠤᠴᠠ᠎ᠳᠠᠬᠢ ᠪᠠᠭᠤᠷᠠᠢ ᠭᠣᠭ᠍ᠴᠣᠭ᠎ᠠ᠎ᠶ᠋ᠢ ᠣᠨᠣᠪᠴᠢᠲᠠᠢ ᠢᠯᠭᠠᠨ ᠲᠠᠨᠢᠵᠤ᠂ 《ᠨᠠᠵᠠᠭᠠᠢ ᠲᠠᠯ᠎ᠠ᠎ᠶ᠋ᠢᠨ ᠨᠠᠷᠢᠨ ᠳᠠᠩᠰᠠ + ᠨᠡᠢᠲᠡᠯᠢᠭ ᠬᠡᠷᠡᠭ᠎ᠦᠨ ᠵᠢᠱ᠌ᠢᠶ᠎ᠡ》 ᠶ᠋ᠢᠨ ᠬᠣᠣᠰ ᠴᠢᠭ᠌ᠯᠡᠯᠲᠦ ᠵᠠᠰᠠᠯᠲᠠ᠎ᠶ᠋ᠢᠨ ᠵᠠᠭ᠍ᠪᠤᠷ᠎ᠢ ᠪᠠᠢᠭᠤᠯᠵᠤ᠂ ᠬᠠᠤᠯᠢ ᠪᠠᠷᠢᠬᠤ ᠲᠤᠮᠤ ᠳ᠋ᠠᠢᠲ᠋ᠠ᠎ᠶ᠋ᠢ ᠱᠢᠭᠦᠨ ᠲᠠᠰᠤᠯᠤᠯᠲᠠ᠎ᠶ᠋ᠢᠨ ᠬᠠᠮᠢᠶᠠᠷᠤᠯᠲᠠ᠂ ᠬᠡᠷᠡᠭ᠎ᠦᠨ ᠴᠢᠨᠠᠷ ᠴᠢᠨᠰᠠᠭ᠎ᠠ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌ ᠪᠠ ᠠᠷᠠᠳ᠎ᠤᠨ ᠲᠥᠯᠥᠭᠡ ᠬᠠᠤᠯᠢ ᠬᠡᠷᠡᠭᠵᠢᠬᠦᠯᠬᠦ ᠦᠢᠯᠡᠳᠦᠯᠭᠡ᠎ᠳᠦ ᠭᠦᠨᠵᠡᠭᠡᠢ ᠬᠡᠷᠡᠭ᠌ᠯᠡᠪᠡ᠃

ᠪᠦᠬᠦ ᠣᠷᠣᠨ᠎ᠤ ᠠᠷᠠᠳ ᠤ᠋ᠨ ᠰᠢᠭᠦᠬᠦ ᠬᠣᠷᠢᠶ᠎ᠠ ᠬᠡᠷᠡᠭ᠎ᠦᠨ ᠵᠢᠱ᠌ᠢᠶ᠎ᠡ᠎ᠶᠢ ᠡᠷᠢᠬᠦ ᠭᠦᠨᠴᠡ᠎ᠶᠢ ᠤᠯᠠᠮ ᠨᠢᠭᠡ ᠠᠯᠬᠤᠮ ᠥᠷᠭᠡᠳᠬᠡᠵᠦ᠂ ᠠᠷᠠᠳ᠎ᠤᠨ ᠰᠢᠭᠦᠬᠦ ᠬᠣᠷᠢᠶ᠎ᠠ ᠵᠢᠨ ᠬᠡᠷᠡᠭ᠎ᠦᠨ ᠵᠢᠱ᠌ᠢᠶ᠎ᠡ᠎ᠶᠢᠨ ᠬᠥᠮᠥᠷᠭᠡ ᠪᠤᠶᠤ ᠠᠷᠠᠳ᠎ᠤᠨ ᠳᠡᠭᠡᠳᠦ ᠰᠢᠭᠦᠬᠦ ᠬᠣᠷᠢᠶ᠎ᠠ ᠡᠴᠡ ᠨᠡᠢᠲᠡᠯᠡᠭᠰᠡᠨ ᠵᠢᠯᠣᠭᠣᠳᠤᠯᠭ᠎ᠠ᠎ᠶᠢᠨ ᠴᠢᠨᠠᠷᠲᠠᠢ ᠬᠡᠷᠡᠭ᠎ᠦᠨ ᠵᠢᠱ᠌ᠢᠶ᠎ᠡ᠂ ᠨᠡᠢᠲᠡᠯᠢᠭ ᠬᠡᠷᠡᠭ᠎ᠦᠨ ᠵᠢᠱ᠌ᠢᠶ᠎ᠡ ᠵᠡᠷᠭᠡ᠎ᠶᠢᠨ ᠡᠷᠢᠵᠦ ᠣᠯᠣᠭᠰᠠᠨ ᠠᠳᠠᠯᠢᠪᠳᠤᠷ ᠬᠡᠷᠡᠭ᠎ᠦᠨ ᠵᠢᠱ᠌ᠢᠶ᠎ᠡ᠎ᠶᠢ ᠲᠠᠰᠤᠯᠤᠨ ᠲᠣᠭᠲᠠᠭᠠᠯᠲᠠ᠎ᠶᠢᠨ ᠪᠢᠴᠢᠭ᠎ᠲᠦ ᠳᠠᠭᠠᠯᠳᠤᠭᠤᠯᠤᠭᠰᠠᠨ᠎ᠤ ᠲᠠᠷᠠᠭ᠎ᠠ᠂ ᠠᠳᠠᠯᠢ ᠲᠦᠷᠦᠯ᠎ᠦᠨ ᠬᠡᠷᠡᠭ᠎ᠦᠨ ᠬᠦᠴᠦᠨ᠎ᠲᠠᠢ ᠪᠣᠯᠤᠭᠰᠠᠨ ᠲᠠᠰᠤᠯᠤᠨ ᠲᠣᠭᠲᠠᠭᠠᠯᠲᠠ᠎ᠶᠢᠨ ᠵᠢᠯᠤᠭᠣᠳᠬᠤ ᠦᠢᠯᠡᠳᠦᠯ᠎ᠢ ᠭᠦᠢᠴᠡᠳ ᠪᠠᠳᠠᠷᠠᠭᠤᠯᠬᠤ᠎ᠪᠠᠷ ᠲᠠᠮᠵᠢᠨ᠂ ᠲᠤᠬᠠᠢ᠎ᠶᠢᠨ ᠬᠥᠮᠥᠨ᠎ᠳᠦ 《ᠪᠤᠰᠤᠳ ᠬᠥᠮᠥᠨ᠎ᠦ ᠬᠡᠷᠡᠭ ᠶᠠᠪᠤᠳᠠᠯ》᠎ᠵᠢᠡᠷ ᠲᠠᠮᠵᠢᠨ 《ᠬᠠᠤᠯᠢ ᠴᠠᠭᠠᠵᠠ᠎ᠶᠢᠨ ᠪᠠᠢᠳᠠᠯ》᠎ᠢ᠋ ᠣᠢᠯᠠᠭᠠᠭᠤᠯᠵᠤ᠂ ᠬᠡᠷᠡᠭ᠎ᠢ ᠰᠢᠭᠦᠬᠦ ᠬᠠᠤᠯᠢ ᠴᠠᠭᠠᠵᠠ᠎ᠶᠢᠨ ᠦᠷ᠎ᠡ ᠪᠦᠲᠦᠮᠵᠢ᠂ ᠤᠯᠤᠰ ᠲᠦᠷᠦ᠎ᠶᠢᠨ ᠦᠷ᠎ᠡ ᠪᠦᠲᠦᠮᠵᠢ ᠪᠠ ᠨᠡᠢᠭᠡᠮ᠎ᠦᠨ ᠦᠷ᠎ᠡ ᠪᠦᠲᠦᠮᠵᠢ᠎ᠶᠢᠨ ᠣᠷᠭᠠᠨᠢᠭ᠋ ᠨᠢᠭᠡᠳᠦᠯ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠪᠡᠶᠡᠯᠡᠭᠦᠯᠪᠡ᠃ ᠲᠠᠰᠤᠯᠤᠨ ᠲᠣᠭᠲᠠᠭᠠᠯᠲᠠ᠎ᠶᠢᠨ ᠪᠢᠴᠢᠭ᠎ᠤᠨ ᠥᠭᠡᠷᠡᠴᠢᠯᠡᠯᠲᠡ ᠬᠢᠭᠡᠳ ᠬᠡᠷᠡᠭ᠎ᠦᠨ ᠵᠢᠱ᠌ᠢᠶ᠎ᠡ᠎ᠶᠢᠨ ᠬᠥᠮᠥᠷᠭᠡ᠎ᠶᠢᠨ ᠬᠡᠷᠡᠭᠯᠡᠯᠲᠡ᠎ᠶᠢ ᠭᠦᠨᠵᠡᠭᠡᠢ ᠠᠭᠤᠰᠤᠯᠴᠠᠭᠤᠯᠬᠤ 《ᠲᠦᠷᠪᠡᠨ ᠠᠯᠬᠤᠮ᠎ᠤᠨ ᠠᠵᠢᠯᠯᠠᠬᠤ ᠠᠷᠭ᠎ᠠ》᠎ᠵᠢ ᠰᠦᠪᠡᠭᠴᠢᠯᠡᠨ ᠪᠤᠢ ᠪᠣᠯᠭᠠᠪᠠ᠂ ᠳᠠᠷᠤᠢ ᠡᠷᠢᠬᠦ ᠶᠠᠪᠤᠴᠠ᠎ᠶᠢ ᠵᠠᠪᠠᠯ ᠲᠡᠮᠳᠡᠭᠯᠡᠬᠦ᠂ ᠯᠠᠪᠯᠠᠯᠲᠠ ᠪᠤᠯᠭᠠᠬᠤ ᠬᠡᠷᠡᠭ ᠤ᠋ᠨ ᠵᠢᠱ᠌ᠢᠶ᠎ᠡ ᠵᠢ ᠵᠠᠪᠠᠯ ᠵᠢᠬᠰᠠᠭᠠᠬᠤ᠂ ᠲᠠᠰᠤᠯᠤᠨ ᠲᠣᠭᠲᠠᠭᠠᠬᠤ ᠳᠦᠷᠢᠮ᠎ᠢ ᠵᠠᠪᠠᠯ ᠲᠣᠳᠣᠷᠬᠠᠢᠯᠠᠨ ᠥᠭᠦᠯᠡᠬᠦ᠂ ᠵᠥᠷᠢᠶᠡᠲᠦ ᠪᠠᠢᠳᠠᠯ᠎ᠢ ᠵᠠᠪᠠᠯ ᠲᠣᠳᠣᠷᠬᠠᠢᠯᠠᠬᠤ ᠵᠡᠷᠭᠡ ᠪᠤᠯᠤᠨ᠎ᠠ᠃ ᠡᠨᠡ ᠵᠢᠯ᠎ᠦᠨ ᠲᠦᠷᠦᠭᠦᠤ ᠤᠯᠠᠷᠢᠯ᠎ᠳᠤ᠂ ᠪᠥᠬᠥ ᠣᠷᠣᠨ᠎ᠤ ᠠᠷᠠᠳ ᠤ᠋ᠨ ᠰᠢᠭᠦᠬᠦ ᠬᠣᠷᠢᠶ᠎ᠠ ᠵᠢᠨ ᠲᠡᠰᠦᠯᠦᠨ ᠲᠣᠭᠲᠠᠭᠠᠯᠲᠠ᠎ᠶᠢᠨ ᠪᠢᠴᠢᠭ᠎ᠬᠠᠷ᠎ᠠ ᠳ᠋ᠤ ᠠᠳᠠᠯᠢ ᠲᠥᠷᠥᠯ᠎ᠦᠨ ᠬᠡᠷᠡᠭ᠎ᠦᠨ ᠵᠢᠱ᠌ᠢᠶ᠎ᠡ ᠵᠢ ᠨᠡᠶ᠋ᠢᠲᠡ 1818 ᠬᠤᠪᠢ ᠳᠠᠭᠠᠯᠳᠤᠭᠤᠯᠪᠠ᠃

ᠵᠥᠷᠢᠴᠡᠯ ᠵᠠᠭᠤᠷᠠᠯᠳᠤᠭᠠᠨ᠎ᠢ ᠡᠬᠢ ᠡᠭᠦᠰᠦᠯ᠎ᠡᠴᠡ ᠨᠢ ᠰᠢᠢᠳᠪᠦᠷᠢᠯᠡᠬᠦ᠂ ᠲᠤᠬᠠᠢ᠎ᠶᠢᠨ ᠭᠠᠵᠠᠷ ᠲᠤᠨᠢ ᠰᠢᠢᠳᠪᠦᠷᠢᠯᠡᠬᠦ᠎ᠶᠢ ᠠᠬᠢᠭᠤᠯᠬᠤ ᠲᠠᠯ᠎ᠠ᠎ᠪᠠᠷ᠂ ᠪᠦᠬᠦ ᠣᠷᠣᠨ᠎ᠤ ᠠᠷᠠᠳ ᠤ᠋ᠨ ᠰᠢᠭᠦᠬᠦ ᠬᠣᠷᠢᠶ᠎ᠠ 《ᠤᠮᠠᠷᠠᠲᠤ ᠬᠢᠯᠢ᠎ᠶᠢᠨ ᠹᠧᠩᠴᠢᠶᠣᠤ》᠎ᠵᠢᠨ ᠵᠠᠭᠤᠷᠠᠯᠳᠤᠭᠠᠨ᠎ᠢ ᠣᠯᠠᠨ ᠡᠰᠢᠵᠢᠭᠦᠯᠦᠨ ᠰᠢᠢᠳᠪᠦᠷᠢᠯᠡᠬᠦ ᠨᠡᠷᠡᠲᠦ ᠲᠡᠮᠳᠡᠭ᠎ᠢ ᠪᠦᠬᠦ ᠬᠦᠴᠦᠨ᠎ᠢᠶᠡᠷ ᠴᠤᠬᠴᠠᠯᠠᠵᠤ᠂ ᠵᠠᠷᠭᠤᠯᠳᠤᠬᠤ᠎ᠡᠴᠨ ᠡᠮᠦᠨᠡᠬᠢ ᠡᠶᠡᠳᠡᠭᠦᠯᠭᠡ᠂ ᠵᠠᠷᠭᠤᠯᠳᠤᠬᠤ ᠪᠠ ᠡᠶᠡᠳᠡᠭᠦᠯᠬᠦ᠎ᠶᠢ ᠵᠣᠯᠭᠠᠭᠤᠯᠬᠤ᠂ ᠣᠯᠠᠨ ᠡᠰᠢᠵᠢᠭᠦᠯᠦᠨ ᠰᠢᠢᠳᠪᠦᠷᠢᠯᠡᠨ ᠨᠠᠮᠳᠠᠭᠤᠯᠬᠤ ᠰᠢᠨ᠎ᠡ ᠠᠷᠭ᠎ᠠ᠂ ᠰᠢᠨ᠎ᠡ ᠲᠣᠭᠲᠠᠴᠠ᠎ᠶᠢ ᠲᠠᠰᠤᠷᠠᠯᠲᠠ ᠦᠭᠡᠢ ᠰᠦᠪᠡᠭᠴᠢᠯᠡᠪᠡ᠃ ᠡᠶᠡᠳᠡᠭᠦᠯᠭᠡ᠎ᠶᠢ ᠵᠢᠯᠤᠭᠣᠳᠬᠤ ᠬᠠᠤᠯᠢ᠎ᠪᠠᠷ ᠲᠣᠭᠲᠠᠭᠠᠭᠰᠠᠨ ᠡᠭᠦᠷᠭᠡ ᠴᠢᠳᠠᠪᠬᠢ᠎ᠶᠢ ᠪᠣᠳᠠᠲᠠᠢᠵᠢᠭᠤᠯᠵᠤ᠂ 《ᠲᠥᠯᠥᠭᠡᠯᠡᠭᠴᠢ ᠭᠡᠰᠢᠭᠦᠨ + ᠰᠢᠭᠦᠬᠦ ᠬᠣᠷᠢᠶ᠎ᠠ》 ᠵᠢᠨ ᠵᠠᠭᠤᠷᠠᠯᠳᠤᠭᠠᠨ᠎ᠢ ᠤᠯᠠᠨ ᠡᠰᠢᠴᠢᠯᠡᠨ ᠰᠢᠢᠳᠪᠦᠷᠢᠯᠡᠬᠦ ᠲᠣᠭᠲᠠᠴᠠ᠎ᠶᠢ ᠭᠦᠨᠵᠡᠭᠡᠢᠷᠡᠭᠦᠯᠵᠦ᠂ 《ᠬᠠᠤᠯᠢ ᠴᠠᠭᠠᠵᠠ᠎ᠶᠢᠨ ᠵᠥᠪᠯᠡᠯᠭᠡ ᠥᠭᠬᠦ ᠲᠡᠷᠢᠬᠦᠨ ᠲᠤᠰᠬᠠᠢ ᠮᠡᠷᠭᠡᠵᠢᠯᠲᠡᠨ + ᠰᠢᠭᠦᠬᠦ ᠬᠣᠷᠢᠶ᠎ᠠ》᠎ᠵᠢᠨ ᠵᠠᠭᠤᠷᠠᠯᠳᠤᠭᠠᠨ᠎ᠢ ᠤᠯᠠᠨ ᠡᠰᠢᠴᠢᠯᠡᠨ ᠰᠢᠢᠳᠪᠦᠷᠢᠯᠡᠬᠦ ᠰᠢᠨ᠎ᠡ ᠵᠠᠭᠪᠤᠷ᠎ᠢ ᠰᠦᠪᠡᠭᠴᠢᠯᠡᠨ ᠪᠠᠢᠭᠤᠯᠵᠤ᠂ ᠬᠠᠷᠢᠶ᠎ᠠ ᠭᠠᠵᠠᠷ᠎ᠤᠨ ᠠᠷᠠᠳ᠎ᠤᠨ ᠡᠶᠡᠳᠡᠭᠦᠯᠬᠦ ᠵᠣᠬᠢᠶᠠᠨ ᠪᠠᠢᠭᠤᠯᠤᠯᠲᠠ᠎ᠲᠠᠢ ᠰᠠᠨᠠᠭᠠᠴᠢᠯᠠᠭ᠎ᠠ᠎ᠡᠴᠨ ᠎ᠪᠠᠨ ᠵᠣᠯᠭᠠᠯᠳᠤᠭᠤᠯᠵᠤ᠂ ᠬᠠᠤᠯᠢ ᠴᠠᠭᠠᠵᠠ ᠵᠢᠨ ᠰᠠᠨᠠᠭᠤᠯᠭ᠎ᠠ᠎ᠶᠢᠨ 《ᠤᠷᠢᠳᠴᠢᠯᠠᠨ ᠠᠳᠬᠤᠬᠤ᠂ ᠡᠪᠡᠳᠴᠢᠯᠡᠬᠦ᠎ᠡᠴᠡ ᠨᠢ ᠡᠮᠦᠨ᠎ᠡ ᠵᠠᠰᠠᠬᠤ》 ᠦᠢᠯᠡᠳᠦᠯ᠎ᠢ ᠢᠳᠡᠪᠬᠢᠲᠡᠢ ᠪᠠᠳᠠᠷᠠᠭᠤᠯᠪᠠ᠃ ᠤᠷᠢᠳ᠎ᠢᠶᠠᠷ ᠡᠶᠡᠳᠡᠭᠦᠯᠬᠦ ᠠᠵᠢᠯ᠎ᠢ ᠥᠷᠨᠢᠭᠦᠯᠵᠦ᠂ ᠵᠠᠭᠠᠯᠳᠤᠬᠤ᠎ᠡᠴᠨ ᠡᠮᠦᠨᠡᠬᠢ ᠪᠠᠳᠤᠯᠠᠯᠳᠠ᠎ᠶᠢ ᠶᠡᠬᠡ᠎ᠪᠡᠷ ᠠᠬᠢᠭᠤᠯᠵᠤ᠂ ᠵᠥᠷᠢᠴᠡᠯ᠎ᠢ ᠵᠥᠪᠳᠡᠯᠴᠡᠬᠦ ᠱᠠᠲᠤᠨ᠎ᠳᠤ ᠠᠷᠢᠯᠭᠠᠵᠤ᠂ ᠡᠶᠡᠳᠡᠭᠦᠯᠬᠦ ᠶᠠᠪᠤᠴᠠ᠎ᠳᠤ ᠠᠷᠢᠯᠭᠠᠬᠤ᠎ᠪᠠᠷ ᠴᠢᠷᠮᠠᠢᠪᠠ᠃

ᠶᠡᠬᠡ ᠲᠠᠯ᠎ᠠ᠎ᠳᠤ ᠦᠢᠯᠡᠴᠢᠯᠡᠵᠦ᠂ ᠠᠷᠠᠳ ᠲᠦᠮᠡᠨ᠎ᠦ ᠲᠥᠯᠥᠭᠡ ᠬᠠᠤᠯᠢ ᠬᠡᠷᠡᠭᠵᠢᠬᠦᠯᠪᠡ᠃ ᠣᠳᠣᠬᠠᠨ᠎ᠳᠤ᠂ ᠪᠦᠬᠦ ᠣᠷᠣᠨ᠎ᠤ ᠠᠷᠠᠳ ᠤ᠋ᠨ ᠰᠢᠭᠦᠬᠦ ᠬᠣᠷᠢᠶ᠎ᠠ ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠎ᠶᠢᠨ ᠲᠣᠭᠣᠷᠢᠨ᠎ᠳᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ 《ᠵᠢᠷᠭᠤᠭᠠᠨ ᠢᠨᠵᠧᠨᠧᠷᠢᠩ》᠂ 《ᠵᠢᠷᠭᠤᠭᠠᠨ ᠠᠵᠢᠯᠯᠠᠭ᠎ᠠ》 ᠳ᠋ᠤ᠌ ᠦᠢᠯᠡᠴᠢᠯᠡᠨ ᠪᠠᠲᠤᠯᠠᠭ᠎ᠠ ᠬᠠᠩᠭᠠᠵᠤ᠂ ᠤᠯᠤᠰ ᠲᠦᠷᠦ᠎ᠶᠢᠨ ᠰᠦᠭ ᠰᠦᠯᠳᠡ᠎ᠶᠢ ᠴᠣᠭᠴᠠᠯᠠᠬᠤ᠂ ᠶᠠᠰᠤ ᠴᠢᠨᠠᠷ ᠦᠷ᠎ᠡ ᠪᠦᠲᠦᠮᠵᠢ᠎ᠶᠢ ᠪᠡᠬᠢᠵᠢᠭᠦᠯᠬᠦ᠂ ᠬᠡᠪ ᠪᠣᠯᠪᠠᠰᠤᠷᠠᠯ᠎ᠢ ᠳᠡᠭᠡᠭᠰᠢᠯᠡᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠢᠡᠷ ᠬᠦᠴᠦᠨ ᠣᠯᠭᠣᠬᠤ ᠲᠦᠷᠪᠡᠨ ᠢᠨᠵᠧᠨᠧᠷᠢᠩ᠎ᠢ ᠶᠠᠬ ᠰᠠᠶᠢᠬᠠᠨ ᠭᠦᠨᠵᠡᠭᠡᠢ ᠥᠷᠨᠢᠭᠦᠯᠵᠦ᠂ ᠰᠢᠭᠦᠨ ᠲᠠᠰᠤᠯᠤᠯᠲᠠ᠎ᠶᠢᠨ ᠬᠠᠮᠢᠶᠠᠷᠤᠯᠲᠠ᠎ᠶᠢᠨ ᠵᠢᠷᠤᠮᠵᠢᠭᠤᠯᠤᠯᠳᠠ᠂ ᠰᠢᠨᠵᠢᠯᠡᠬᠦ ᠤᠬᠠᠭᠠᠨᠴᠢᠯᠠᠯᠳᠠ᠂ ᠨᠠᠷᠢᠯᠢᠭ᠍ᠵᠢᠭᠤᠯᠤᠯᠳᠠ ᠵᠢᠨ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠷᠠᠳ ᠤᠯᠠᠨ᠎ᠢ ᠲᠥᠪ ᠭᠣᠣᠯᠴᠢ ᠰᠢᠳᠤᠷᠭᠤ ᠶᠣᠰᠣᠨ᠎ᠤ ᠲᠤᠬᠠᠢ ᠨᠡᠩ ᠤᠯᠠᠨ ᠨᠡᠩ ᠪᠣᠳᠠᠲᠠᠢ ᠬᠦᠷᠲᠡᠮᠵᠢ᠎ᠶᠢᠨ ᠲᠥᠷᠥᠭᠳᠡᠯ ᠲᠠᠢ ᠪᠤᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号