ᠤᠶᠤᠨᠴᠢ ᠶᠡᠷᠦᠩᠬᠡᠢᠯᠡᠭᠰᠡᠨ ᠨᠡᠭᠦᠷᠡᠰᠦ ᠮᠠᠯᠲᠠᠬᠤ ᠠᠵᠢᠯ᠎ᠤᠨ 《ᠤᠯᠠᠨ ᠲᠠᠯ᠎ᠠ ᠳ᠋ᠸ᠋ ᠴᠠᠭᠠᠷᠠᠭᠰᠠᠨ ᠵᠢᠯᠣᠭᠣᠴᠢ》
2025-04-26 10:46:03
ᠵᠣᠬᠢᠶᠠᠭ᠍ᠴᠢ᠄
ᠬᠤᠤ ᠱᠢᠤᠸᠠᠢ ᠯᠢᠶᠠᠨ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶ᠋ᠢᠨ ᠵᠢᠱ᠌ᠢᠶᠡᠴᠢ ᠱᠧᠨ ᠳ᠋ᠦᠩ ᠨᠡᠭᠦᠷᠡᠰᠦᠨ᠎ᠦ ᠪᠦᠯᠦᠭ᠌ᠯᠡᠯ᠎ᠦᠨ ᠱᠠᠩ ᠸᠠᠨ ᠨᠡᠭᠦᠷᠡᠰᠦᠨ ᠠᠭᠤᠷᠬᠠᠶ᠎ᠶ᠋ᠢᠨ ᠶᠡᠷᠦᠩᠬᠡᠢᠯᠡᠭᠰᠡᠨ ᠨᠡᠭᠦᠷᠡᠰᠦ ᠮᠠᠯᠲᠠᠬᠤ ᠨᠢᠭᠡᠳᠦᠭᠡᠷ ᠠᠩᠭᠢ᠎ᠶ᠋ᠢᠨ ᠦᠶ᠋ᠯᠡᠳᠪᠦᠷᠢᠯᠡᠯ᠎ᠦᠨ ᠨᠢᠭᠡᠳᠦᠭᠡᠷ ᠲᠤᠭᠤᠢᠯᠡᠨᠭ᠎ᠤᠨ ᠳᠠᠷᠤᠭ᠎ᠠ ᠬᠣ᠌ ᠶᠦᠩ ᠭᠠᠩ᠎ᠢ ᠲᠡᠮᠳᠡᠭᠯᠡᠪᠡ


4 ᠰᠠᠷ᠎ᠠ᠎ᠶ᠋ᠢᠨ 25᠎ᠤ᠋ ᠡᠳᠦᠷ᠂ ᠤᠯᠤᠰ᠎ᠤᠨ ᠡᠨᠧᠷᠭᠢ᠎ᠶ᠋ᠢᠨ ᠱᠧᠨ ᠳ᠋ᠦᠩ ᠨᠡᠭᠦᠷᠡᠰᠦᠨ᠎ᠦ ᠪᠦᠯᠦᠭ᠌ᠯᠡᠯ᠎ᠦᠨ ᠱᠠᠩ ᠸᠠᠨ ᠨᠡᠭᠦᠷᠡᠰᠦᠨ ᠠᠭᠤᠷᠬᠠᠶ᠎ᠶ᠋ᠢᠨ 100 ᠭᠠᠷᠤᠶ ᠮᠧᠲ᠋ᠷ ᠭᠦᠨ ᠠᠭᠤᠷᠬᠠᠶ᠎ᠶ᠋ᠢᠨ ᠬᠤᠳᠳᠤᠭ ᠳᠣᠲᠣᠷ᠎ᠠ᠂ ᠤᠨᠴᠠ ᠶᠡᠬᠡ ᠨᠡᠭᠦᠷᠡᠰᠦ ᠮᠠᠯᠲᠠᠬᠤ ᠥᠨᠳᠥᠷ᠎ᠤᠨ ᠬᠡᠮᠵᠢᠶ᠎ᠡ ᠲᠠᠢ ᠶᠡᠷᠦᠩᠬᠡᠢᠯᠡᠭᠰᠡᠨ ᠨᠡᠭᠦᠷᠡᠰᠦ ᠮᠠᠯᠲᠠᠬᠤ ᠠᠵᠢᠯ᠎ᠤᠨ ᠲᠠᠯᠠᠪᠤᠷ᠎ᠤᠨ ᠨᠡᠭᠦᠷᠡᠰᠦ ᠮᠠᠯᠲᠠᠬᠤ ᠮᠠᠱᠢᠨ ᠶᠠᠭ ᠪᠦᠬᠦ ᠬᠦᠴᠦᠨ᠎ᠢᠶᠡᠷ᠎ᠢᠶᠡᠨ ᠠᠵᠢᠯᠯᠠᠵᠦ ᠪᠠᠢᠪᠠ᠃ ᠱᠠᠩ ᠸᠠᠨ ᠨᠡᠭᠦᠷᠡᠰᠦᠨ ᠠᠭᠤᠷᠬᠠᠶ᠎ᠶ᠋ᠢᠨ ᠶᠡᠷᠦᠩᠬᠡᠢᠯᠡᠭᠰᠡᠨ ᠨᠡᠭᠦᠷᠡᠰᠦ ᠮᠠᠯᠲᠠᠬᠤ ᠨᠢᠭᠡᠳᠦᠭᠡᠷ ᠠᠩᠭᠢ᠎ᠶ᠋ᠢᠨ ᠦᠶ᠋ᠯᠡᠳᠪᠦᠷᠢᠯᠡᠯ᠎ᠦᠨ ᠨᠢᠭᠡᠳᠦᠭᠡᠷ ᠲᠤᠭᠤᠢᠯᠡᠨᠭ᠎ᠤᠨ ᠳᠠᠷᠤᠭ᠎ᠠ ᠪᠥᠭᠡᠳ ᠨᠡᠭᠦᠷᠡᠰᠦ ᠮᠠᠯᠲᠠᠬᠤ ᠮᠠᠱᠢᠨ᠎ᠤ ᠵᠢᠯᠣᠭᠣᠴᠢ ᠬᠣ᠌ ᠶᠦᠩ ᠭᠠᠩ ᠬᠠᠮᠲᠤ ᠠᠵᠢᠯᠲᠠᠨ ᠲᠠᠢ ᠪᠠᠨ ᠮᠠᠯᠲᠠᠵᠤ ᠭᠠᠷᠭᠠᠭᠰᠠᠨ ᠨᠡᠭᠦᠷᠡᠰᠦ᠎ᠵᠢ ᠲᠠᠮᠵᠢᠭᠤᠯᠬᠤ ᠮᠠᠱᠢᠨ᠎ᠢᠶᠡᠷ ᠭᠠᠳᠠᠭᠰᠢ  ᠬᠦᠷᠭᠡᠨ᠎ᠡ ᠁

ᠡᠨᠡ ᠵᠢᠯ 36 ᠨᠠᠰᠤᠲᠠᠢ ᠬᠣ᠌ ᠶᠦᠩ ᠭᠠᠩ ᠱᠠᠩ ᠸᠠᠨ ᠨᠡᠭᠦᠷᠡᠰᠦᠨ ᠠᠭᠤᠷᠬᠠᠢ᠎ᠳᠤ ᠨᠢᠭᠡᠨᠲᠡ 15 ᠵᠢᠯ ᠠᠵᠢᠯᠯᠠᠵᠤ᠂ ᠤᠷᠢᠳ ᠬᠣᠵᠢᠳ ᠨᠡᠭᠦᠷᠡᠰᠦ ᠮᠠᠯᠲᠠᠬᠤ ᠮᠠᠱᠢᠨ᠎ᠤ ᠪᠠᠢᠴᠠᠭᠠᠨ ᠵᠠᠰᠠᠬᠤ ᠠᠵᠢᠯᠲᠠᠨ ᠵᠡᠷᠭᠡ ᠠᠵᠢᠯ ᠬᠢᠵᠦ᠍᠂ ᠤᠳᠤ ᠬᠤᠳᠳᠤᠭ ᠲᠤᠳᠤᠷ᠎ᠠ ᠨᠡᠭᠦᠷᠡᠰᠦ ᠮᠠᠯᠲᠠᠬᠤ ᠮᠠᠱᠢᠨ᠎ᠢ ᠡᠵᠡᠮᠳᠡᠨ ᠦᠢᠯᠡᠳᠪᠦᠷᠢᠯᠡᠯ᠎ᠢᠶᠡᠨ ᠵᠣᠬᠢᠶᠠᠨ ᠪᠠᠢᠭᠤᠯᠬᠤ ᠨᠢ ᠲᠡᠭᠦᠨ᠎ᠦ ᠡᠳᠦᠷ ᠳᠤᠳᠤᠮ᠎ᠤᠨ ᠠᠵᠢᠯ ᠪᠣᠯᠤᠨ᠎ᠠ᠃

ᠶᠡᠷᠦᠩᠬᠡᠢᠯᠡᠭᠰᠡᠨ ᠨᠡᠭᠦᠷᠡᠰᠦ ᠮᠠᠯᠲᠠᠬᠤ ᠠᠩᠬᠢ ᠵᠢᠨ 《ᠲᠡᠮᠦᠷ ᠴᠡᠷᠢᠭ》 ᠤ᠋ᠨ ᠨᠢᠭᠡ ᠭᠡᠱᠢᠭᠦᠨ ᠪᠣᠯᠤᠭ᠍ᠰᠠᠨ᠎ᠤ ᠬᠤᠪᠢ᠎ᠳᠤ᠂ ᠲᠡᠷᠡ ᠨᠡᠭᠦᠷᠡᠰᠦᠨ ᠠᠭᠤᠷᠬᠠᠢ᠎ᠶ᠋ᠢᠨ ᠴᠢᠬᠤᠯᠠ ᠶᠡᠬᠡ ᠪᠣᠭᠣᠮᠲᠠ ᠱᠢᠪᠲᠤᠯᠬᠤ ᠡᠭᠦᠷᠭᠡ᠎ᠶ᠋ᠢ ᠤᠯᠠᠨ ᠤᠳᠠᠭ᠎ᠠ ᠡᠭᠦᠷᠭᠡᠯᠡᠭ᠌ᠰᠡᠨ ᠪᠥᠭᠡᠳ ᠱᠢᠨ᠎ᠡ᠎ᠶ᠋ᠢ ᠡᠭᠦᠳᠬᠦ᠌ ᠰᠡᠳᠭᠢᠬᠦᠢ᠎ᠪᠡᠷ ᠠᠵᠢᠯ᠎ᠤᠨ ᠳᠤᠮᠳᠠᠬᠢ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠱᠢᠨ᠎ᠡ ᠴᠠᠭ ᠦᠶ᠎ᠡ᠎ᠶ᠋ᠢᠨ ᠬᠥᠳᠡᠯᠮᠦᠷᠢᠴᠢᠳ᠎ᠦᠨ ᠤᠶᠤᠨ ᠤᠬᠠᠭᠠᠨ ᠪᠠ ᠬᠠᠷᠢᠭᠤᠴᠠᠯᠭ᠎ᠠ ᠡᠭᠦᠷᠭᠡᠯᠡᠯ᠎ᠢ ᠢᠯᠡᠷᠡᠭᠦᠯᠪᠡ᠃

2018 ᠣᠨ᠎ᠤ 3 ᠰᠠᠷ᠎ᠠ᠎ᠳᠤ᠂ ᠤᠯᠤᠰ᠎ᠤᠨ ᠡᠨᠧᠷᠭᠢ᠎ᠶ᠋ᠢᠨ ᠪᠡᠯᠨ ᠤᠷᠤᠭᠤᠯᠤᠯᠳᠠ ᠵᠢᠨ ᠪᠥᠯᠥᠭᠯᠡᠯ᠎ᠤᠨ ᠱᠸᠨ ᠳ᠋ᠦᠩ ᠨᠡᠭᠦᠷᠡᠰᠦᠨ᠎ᠦ ᠪᠦᠯᠦᠭ᠌ᠯᠡᠯ᠎ᠤᠨ ᠱᠠᠩ ᠸᠠᠨ ᠨᠡᠭᠦᠷᠡᠰᠦᠨ ᠠᠭᠤᠷᠬᠠᠢ᠎ᠳᠤ ᠳᠡᠯᠡᠬᠡᠢ᠎ᠶ᠋ᠢᠨ ᠠᠩᠬᠠᠳᠠᠭ᠍ᠴᠢ 8.8 ᠮᠸᠲᠷ᠎ᠤᠨ ᠤᠨᠴᠠ ᠶᠡᠬᠡ ᠨᠡᠭᠦᠷᠡᠰᠦ ᠮᠠᠯᠲᠠᠬᠤ ᠥᠨᠳᠥᠷ᠎ᠤᠨ ᠬᠡᠮᠵᠢᠶ᠎ᠡ ᠲᠠᠢ ᠣᠶᠤᠨᠴᠢ ᠶᠡᠷᠦᠩᠬᠡᠢᠯᠡᠭ᠌ᠰᠡᠨ ᠨᠡᠭᠦᠷᠡᠰᠦ ᠮᠠᠯᠲᠠᠬᠤ ᠠᠵᠢᠯ᠎ᠤᠨ ᠲᠠᠯᠠᠪᠤᠷ ᠢ᠋ ᠪᠠᠢᠭᠤᠯᠵᠤ᠂ ᠬᠣ᠌ ᠶᠦᠩ ᠭᠠᠩ᠎ᠤᠨ ᠪᠠᠢᠭ᠎ᠠ ᠶᠡᠷᠦᠩᠬᠡᠢᠯᠡᠭ᠌ᠰᠡᠨ ᠨᠡᠭᠦᠷᠡᠰᠦ ᠮᠠᠯᠲᠠᠬᠤ ᠨᠢᠭᠡᠳᠦᠭᠡᠷ ᠠᠩᠬᠢ ᠳ᠋ᠤ ᠨᠡᠭᠦᠷᠡᠰᠦ ᠮᠠᠯᠲᠠᠬᠤ ᠡᠭᠦᠷᠭᠡ᠎ᠶ᠋ᠢ ᠲᠤᠰᠢᠶᠠᠨ ᠦᠭᠪᠠ᠃ ᠲᠣᠨᠣᠭ ᠲᠥᠬᠥᠭᠡᠷᠦᠮᠵᠢ ᠤᠭ᠍ᠰᠠᠷᠠᠬᠤ ᠡᠬᠢᠨ᠎ᠦ ᠬᠤᠭᠤᠴᠠᠭᠠᠨ᠎ᠳᠤ ᠠᠯᠢ ᠣᠯᠠᠨ ᠬᠦᠴᠢᠷ ᠠᠰᠠᠭᠤᠳᠠᠯ᠎ᠤᠨ ᠡᠮᠦᠨ᠎ᠡ᠂ ᠡᠭᠡᠯᠵᠢ ᠲᠤᠭᠤᠢᠯᠠᠩ᠎ᠤᠨ ᠳᠠᠷᠤᠭ᠎ᠠ ᠪᠤᠯᠤᠭᠰᠠᠨ ᠬᠣ᠌ ᠶᠦᠩ ᠭᠠᠩ ᠪᠦᠷᠢᠯᠳᠦᠬᠦᠨ᠎ᠢᠶᠡᠨ ᠳᠠᠭᠠᠭᠤᠯᠤᠨ᠂ ᠡᠯ᠎ᠡ ᠵᠦᠶ᠋ᠯ᠎ᠦᠨ ᠬᠦᠴᠢᠷ ᠲᠦᠪᠡᠭ᠌ᠲᠡᠶ ᠠᠰᠠᠭᠤᠳᠠᠯ᠎ᠤᠨ ᠲᠣᠭᠣᠷᠢᠨ᠎ᠳᠤ ᠮᠡᠷᠭᠡᠵᠢᠯ᠎ᠦᠨ ᠪᠣᠭᠣᠮᠲᠠ ᠱᠢᠪᠲᠤᠯᠤᠯᠲᠠ ᠬᠢᠪᠠ᠃ ᠲᠡᠷᠡ ᠠᠮᠤᠷ ᠲᠦᠪᠱᠢᠨ᠂ ᠦᠶ᠋ᠯᠡᠳᠪᠦᠷᠢᠯᠡᠯ᠎ᠦᠨ ᠤᠷ᠎ᠠ ᠮᠡᠷᠭᠡᠱᠢᠯ᠂ ᠲᠣᠨᠣᠭ ᠲᠥᠬᠥᠭᠡᠷᠦᠮᠵᠢ᠎ᠶ᠋ᠢ ᠪᠠᠢᠴᠠᠭᠠᠨ ᠵᠠᠰᠠᠬᠤ ᠵᠡᠷᠭᠡ ᠲᠠᠯ᠎ᠠ᠎ᠡᠴᠡ ᠭᠠᠷᠳᠠᠵᠦ᠂ ᠤᠷᠢᠳ ᠬᠣᠵᠢᠳ 133 ᠵᠦᠶ᠋ᠯ᠎ᠦᠨ ᠠᠶᠤᠯ ᠲᠦᠭ᠌ᠰᠢᠭᠦᠷᠢ᠎ᠶ᠋ᠢ ᠦᠨᠡᠯᠡᠨ ᠵᠢᠱ᠌ᠢᠬᠦ᠂ 141 ᠵᠦᠶ᠋ᠯ᠎ᠦᠨ ᠠᠶᠤᠯ ᠲᠦᠭ᠌ᠰᠢᠭᠦᠷᠢ᠎ᠶ᠋ᠢᠨ ᠡᠬᠢ ᠰᠤᠷᠪᠤᠯᠵᠢ᠎ᠶ᠋ᠢ ᠢᠯᠭᠠᠨ ᠲᠠᠨᠢᠬᠤ᠂ 159 ᠵᠦᠶ᠋ᠯ᠎ᠦᠨ ᠠᠮᠤᠷ ᠲᠦᠪᠱᠢᠨ᠎ᠦ ᠳᠠᠯᠳᠠ ᠬᠡᠮ᠎ᠢ ᠵᠢᠭ᠍ᠰᠠᠭᠠᠨ ᠪᠠᠢᠴᠠᠭᠠᠬᠤ᠎ᠳᠤ ᠣᠷᠣᠯᠴᠠᠵᠤ᠂ ᠪᠠᠷᠢᠯᠭ᠎ᠠ᠎ᠶ᠋ᠢᠨ ᠶᠠᠰᠤ ᠴᠢᠨᠠᠷ᠎ᠢ ᠡᠵᠡᠮᠳᠡᠬᠦ᠌᠂ ᠠᠭᠤᠷᠬᠠᠢ᠎ᠵᠢᠨ ᠨᠤᠷᠠᠬᠤ ᠵᠢ ᠰᠡᠷᠭᠡᠢᠯᠡᠬᠦ᠌᠂ ᠥᠨᠳᠥᠷ᠎ᠲᠦ ᠭᠠᠷᠴᠤ᠌ ᠠᠵᠢᠯᠯᠠᠬᠤ᠂ ᠲᠣᠨᠣᠭ ᠲᠥᠬᠥᠭᠡᠷᠦᠮᠵᠢ ᠳᠤᠲᠠᠭ᠍ᠳᠠᠵᠤ ᠪᠠᠢᠬᠤ ᠠᠰᠠᠭᠤᠳᠠᠯ᠎ᠢ ᠠᠷᠢᠯᠭᠠᠬᠤ ᠵᠡᠷᠭᠡ ᠲᠠᠯ᠎ᠠ᠎ᠶ᠋ᠢᠨ 50 ᠭᠠᠷᠤᠶ ᠵᠦᠶ᠋ᠯ᠎ᠦᠨ ᠠᠷᠭ᠎ᠠ ᠬᠡᠮᠵᠢᠶ᠎ᠡ᠎ᠶ᠋ᠢ ᠲᠣᠭ᠍ᠲᠠᠭᠠᠬᠤ᠎ᠳᠤ ᠣᠷᠣᠯᠴᠠᠵᠤ᠂ ᠨᠡᠢᠲᠡ 30 ᠭᠠᠷᠤᠶ ᠵᠦᠶ᠋ᠯ᠎ᠦᠨ ᠵᠢᠵᠢᠭ ᠥᠭᠡᠷᠡᠴᠢᠯᠡᠯᠲᠡ ᠬᠢᠵᠦ᠍᠂ ᠳᠡᠯᠡᠬᠡᠶ᠎ᠶ᠋ᠢᠨ ᠲᠡᠷᠢᠭᠦᠨ᠎ᠦ ᠤᠨᠴᠠ ᠶᠡᠬᠡ ᠨᠡᠭᠦᠷᠡᠰᠦ ᠮᠠᠯᠲᠠᠬᠤ ᠥᠨᠳᠥᠷ᠎ᠤᠨ ᠬᠡᠮᠵᠢᠶ᠎ᠡ᠎ᠵᠢᠨ ᠠᠮᠤᠷ ᠲᠦᠪᠱᠢᠨ ᠥᠨᠳᠥᠷ ᠪᠦᠲᠦᠮᠵᠢᠲᠡᠶ ᠪᠤᠴᠠᠭᠠᠨ ᠮᠠᠯᠲᠠᠬᠤ ᠤᠷ᠎ᠠ ᠮᠡᠷᠭᠡᠱᠢᠯ᠎ᠳᠦ ᠳᠠᠬᠢᠨ ᠲᠣᠮᠢᠶᠠᠯᠠᠯ ᠬᠢᠵᠡᠶ᠃

《ᠨᠡᠭᠦᠷᠡᠰᠦᠨ ᠳᠠᠪᠬᠤᠷᠭ᠎ᠠ᠎ᠶ᠋ᠢ ᠮᠠᠯᠳᠠᠬᠤ ᠠᠵᠢᠯ ᠳ᠋ᠤ ᠠᠨᠭᠬ᠎ᠠ ᠤᠷᠤᠯᠴᠠᠬᠤ ᠳ᠋ᠠᠭᠠᠨ᠂ 225 ᠲᠣᠨ ᠬᠦᠨᠳᠦ᠂ ᠥᠩᠬᠥᠷᠢᠭᠦᠯ᠎ᠤᠨ ᠳ᠋ᠢᠶᠠᠮᠧᠲ᠋ᠷ ᠨᠢ 4.3 ᠮᠧᠲ᠋ᠷ ᠬᠦᠷᠬᠦ᠌ ᠲᠠᠰ᠎ᠡᠴᠡ ᠳᠠᠪᠠᠭ᠍ᠰᠠᠨ ᠨᠡᠭᠦᠷᠡᠰᠦ ᠮᠠᠯᠲᠠᠬᠤ ᠮᠠᠱᠢᠨ ᠪᠠ ᠰᠠᠭᠤᠷᠢ ᠬᠠᠪᠲᠠᠰᠤ᠎ᠶ᠋ᠢ ᠡᠵᠡᠮᠱᠢᠬᠦ ᠬᠠᠲᠠᠭᠤ ᠱᠠᠭᠠᠷᠳᠠᠯᠭ᠎ᠠ᠎ᠵᠢ ᠬᠠᠷᠠᠭᠠᠳ᠂ ᠪᠢ ᠳᠤᠲᠤᠷ᠎ᠠ ᠪᠠᠨ ᠪᠠᠰᠠ ᠲᠤᠭ᠎ᠠ ᠦᠭᠡᠢ ᠪᠠᠢᠪᠠ》᠃ ᠲᠠᠰ᠎ᠡᠴᠡ ᠳᠠᠪᠠᠭ᠍ᠰᠠᠨ ᠨᠡᠭᠦᠷᠡᠰᠦ ᠮᠠᠯᠲᠠᠬᠤ ᠮᠠᠱᠢᠨ᠎ᠤ 《ᠠᠷᠠᠨᠰᠢᠨ》᠎ᠢ᠋ ᠣᠢᠯᠠᠭᠠᠵᠤ᠂ ᠥᠩᠬᠥᠷᠢᠭᠦᠯ᠎ᠤᠨ ᠠᠵᠢᠯᠯᠠᠬᠤ ᠤᠷ᠎ᠠ ᠮᠡᠷᠭᠡᠵᠢᠯ᠎ᠢ ᠡᠵᠡᠮᠱᠢᠬᠦ᠌᠎ᠶ᠋ᠢᠨ ᠲᠥᠯᠥᠭᠡ᠂ ᠬ᠍ᠤ᠌ ᠶᠦᠩ ᠭᠠᠩ ᠲᠠᠰ᠎ᠡᠴᠡ ᠳᠠᠪᠠᠭ᠍ᠰᠠᠨ ᠨᠡᠭᠦᠷᠡᠰᠦ ᠮᠠᠯᠲᠠᠬᠤ ᠮᠠᠱᠢᠨ᠎ᠤ ᠪᠦᠲᠦᠴᠡ᠂ ᠠᠵᠢᠯᠯᠠᠭᠠᠨ᠎ᠤ ᠤᠭ ᠶᠣᠰᠣ᠎ᠶ᠋ᠢ ᠰᠤᠷᠤᠯᠴᠠᠬᠤ᠎ᠶ᠋ᠢ ᠪᠠᠷᠢᠮᠲᠠᠯᠠᠵᠤ᠂ ᠠᠳᠠᠯᠢ ᠪᠤᠰᠤ ᠠᠵᠢᠯᠯᠠᠬᠤ ᠬᠡᠮᠵᠢᠶ᠎ᠡ᠎ᠲᠡᠶ ᠨᠡᠭᠦᠷᠡᠰᠦ ᠮᠠᠯᠲᠠᠬᠤ ᠮᠠᠱᠢᠨ᠎ᠤ ᠨᠡᠭᠦᠷᠡᠰᠦ ᠮᠠᠯᠳᠠᠬᠤ ᠪᠠᠢᠳᠠᠯ᠎ᠢ ᠳᠠᠭᠤᠷᠢᠶᠠᠨ ᠵᠠᠳᠠᠯᠵᠤ᠂ ᠲᠤᠬᠠᠢ᠎ᠶ᠋ᠢᠨ ᠲᠠᠯᠠᠪᠠᠢ᠎ᠳᠤ ᠵᠠᠭᠤ ᠭᠠᠷᠤᠢ ᠤᠳᠠᠭ᠎ᠠ ᠳᠠᠬᠢᠨ ᠳᠠᠪᠲᠠᠨ ᠲᠤᠷᠰᠢᠯᠲᠠ ᠬᠢᠵᠦ᠂ ᠡᠴᠦᠰ᠎ᠲᠡᠬᠡᠨ ᠥᠩᠬᠥᠷᠢᠭᠦᠯ᠎ᠤᠨ ᠠᠵᠢᠯᠯᠠᠬᠤ ᠬᠡᠮᠵᠢᠶ᠎ᠡ᠎ᠶ᠋ᠢ 5 ᠰᠠᠨᠲ᠋ᠢᠮᠧᠲᠷ᠎ᠤᠨ ᠳᠣᠲᠣᠷ᠎ᠠ ᠬᠢᠵᠠᠭᠠᠷᠯᠠᠬᠤ᠎ᠶ᠋ᠢ ᠪᠡᠶᠡᠯᠡᠭᠦᠯᠵᠡᠢ᠂ ᠡᠢᠨᠬᠦ ᠲᠡᠷᠡ ᠪᠠᠰᠠ 《ᠤᠯᠠᠨ ᠲᠠᠯ᠎ᠠ ᠎ᠳᠤ ᠴᠠᠭᠠᠷᠠᠭᠰᠠᠨ ᠵᠢᠯᠣᠭᠣᠴᠢ》 ᠬᠡᠮᠡᠭ᠌ᠳᠡᠪᠡ᠃

ᠡᠨᠡ ᠬᠦ᠌ 《ᠲᠠᠰ᠎ᠡᠴᠡ ᠳᠠᠪᠠᠭ᠍ᠰᠠᠨ ᠢᠨᠵᠧᠨᠧᠷᠢᠩ》 ᠨᠢ 97 ᠡᠳᠦᠷ᠎ᠦᠨ ᠳᠠᠬᠢᠨ ᠳᠠᠪᠲᠠᠨ ᠬᠢᠭᠰᠡᠨ ᠲᠤᠷᠱᠢᠯᠲᠠ ᠪᠠᠷ ᠲᠠᠮᠵᠢᠨ᠂ 2018 ᠣᠨ᠎ᠤ 6 ᠰᠠᠷ᠎ᠠ᠎ᠳᠤ ᠵᠢᠩᠬᠢᠨᠢ᠎ᠪᠡᠷ ᠦᠶ᠋ᠯᠡᠳᠪᠦᠷᠢᠯᠡᠯ᠎ᠢᠶᠡᠨ ᠡᠬᠢᠯᠡᠭᠦᠯᠬᠦ᠎ᠵᠢᠨ ᠬᠠᠮᠲᠤ ᠤᠳᠠᠯ ᠦᠭᠡᠢ ᠡᠳᠦᠷ᠎ᠲᠸ᠋ ᠬᠠᠮᠤᠭ᠎ᠤᠨ ᠶᠡᠭᠡ ᠳ᠋ᠡᠭᠡᠨ 6.02 ᠲᠦᠮᠡᠨ ᠲᠣᠨ᠂ ᠰᠠᠷ᠎ᠠ᠎ᠳ᠋ᠤ ᠬᠠᠮᠤᠭ᠎ᠤᠨ ᠶᠡᠭᠡ ᠳ᠋ᠡᠭᠡᠨ 146 ᠲᠦᠮᠡᠨ ᠲᠣᠨ ᠨᠡᠭᠦᠷᠠᠰᠤ ᠮᠠᠯᠳᠠᠭᠰᠠᠨ ᠳᠡᠯᠡᠬᠡᠶ᠎ᠶ᠋ᠢᠨ ᠲᠡᠮᠳᠡᠭ᠌ᠯᠡᠯ᠎ᠢ ᠡᠭᠦᠳᠴᠦ᠍᠂ ᠶᠡᠷᠦᠩᠬᠡᠢᠯᠡᠭᠰᠡᠨ ᠨᠡᠭᠦᠷᠡᠰᠦ ᠮᠠᠯᠲᠠᠬᠤ ᠠᠵᠢᠯ᠎ᠤᠨ ᠲᠠᠯᠠᠪᠤᠷ ᠨᠢ 10 ᠰᠠᠷ᠎ᠠ  ᠰᠠᠭᠠᠳ ᠥᠬᠡᠶ ᠦᠶ᠋ᠯᠡᠳᠪᠦᠷᠢᠯᠡᠬᠦ᠌᠎ᠶ᠋ᠢ ᠪᠡᠶᠡᠯᠡᠭᠦᠯᠪᠡ — ᠤᠤᠯ᠎ᠤᠨ ᠪᠡᠶᠡᠯᠡᠭᠦᠯᠵᠦ᠍ ᠳᠡᠢᠯᠬᠦ᠌ ᠥᠬᠡᠶ ᠭᠡᠵᠦ᠍ ᠠᠵᠢᠯ ᠲᠥᠷᠥᠯ᠎ᠦᠨ ᠬᠢᠨ᠎ᠦ ᠦᠵᠡᠵᠦ᠍ ᠪᠠᠢᠭ᠍ᠰᠠᠨ ᠡᠨᠡ ᠬᠦ᠌ ᠬᠠᠷᠠᠯᠲᠠ᠎ᠶ᠋ᠢ ᠪᠡᠶᠡᠯᠡᠭᠦᠯᠦᠭ᠌ᠰᠡᠨ ᠪᠠᠢᠨ᠎ᠠ᠃ 2019 ᠣᠨ᠎ᠤ 9 ᠰᠠᠷ᠎ᠠ᠎ᠶ᠋ᠢᠨ 4 ᠤ᠋ ᠡᠳᠦᠷ᠂ ᠳᠡᠯᠡᠬᠡᠶ ᠳᠡᠭᠡᠷᠡᠬᠢ ᠠᠩᠬᠠᠳᠠᠭ᠍ᠴᠢ ᠤᠨᠴᠠ ᠶᠡᠬᠡ ᠨᠡᠭᠦᠷᠡᠰᠦ ᠮᠠᠯᠲᠠᠬᠤ ᠬᠦᠨ᠎ᠦ ᠬᠡᠮᠵᠢᠶ᠎ᠡ᠎ᠵᠢᠨ ᠤᠶᠤᠨᠴᠢ ᠶᠡᠷᠦᠩᠬᠡᠢᠯᠡᠭᠰᠡᠨ ᠨᠡᠭᠦᠷᠡᠰᠦ ᠮᠠᠯᠲᠠᠬᠤ ᠠᠵᠢᠯ᠎ᠤᠨ ᠲᠠᠯᠠᠪᠤᠷ᠎ᠨᠢ ᠨᠡᠢᠲᠡ 1800 ᠲᠦᠮᠡᠨ ᠲᠣᠨ ᠨᠡᠭᠦᠷᠡᠰᠦ ᠵᠢ ᠠᠮᠤᠷ ᠲᠦᠪᠰᠢᠨ ᠦᠢᠯᠡᠳᠪᠦᠷᠢᠯᠡᠭᠰᠡᠨ ᠳᠡᠯᠡᠬᠡᠶ᠎ᠶ᠋ᠢᠨ ᠲᠡᠮᠳᠡᠭ᠌ᠯᠡᠯ᠎ᠢ ᠡᠭᠦᠳᠴᠦ᠂ ᠱᠠᠩ ᠸᠠᠨ ᠨᠡᠭᠦᠷᠡᠰᠦᠨ ᠠᠭᠤᠷᠬᠠᠶ᠎ᠶ᠋ᠢᠨ ᠨᠡᠭᠦᠷᠡᠰᠦ ᠮᠠᠯᠲᠠᠬᠰᠠᠨ ᠬᠡᠮᠵᠢᠶ᠎ᠡ ᠪᠡᠷ ᠬᠠᠮᠤᠭ᠎ᠤᠨ ᠦᠨᠳᠦᠷ᠂ ᠠᠵᠢᠯ᠎ᠤᠨ ᠦᠷ᠎ᠡ ᠪᠦᠲᠦᠮᠵᠢ᠎ᠪᠡᠷ ᠬᠠᠮᠤᠭ᠎ᠤᠨ ᠰᠠᠢᠨ᠂ ᠭᠠᠭ᠍ᠴᠠ ᠬᠤᠳᠳᠤᠭ ᠲᠠᠯᠠᠪᠤᠷ᠎ᠤᠨ ᠵᠢᠯ᠎ᠦᠨ ᠭᠠᠷᠤᠯᠲᠠ᠎ᠨᠢ 1600 ᠲᠦᠮᠡᠨ ᠲᠣᠨ᠎ᠤ ᠣᠨᠴᠠ ᠲᠠᠰ᠎ᠤᠨ ᠠᠮᠤᠷ ᠲᠦᠪᠱᠢᠨ ᠥᠨᠳᠥᠷ ᠪᠦᠲᠦᠮᠵᠢᠲᠡᠶ ᠠᠭᠤᠷᠬᠠᠶ ᠪᠣᠯᠬᠤ᠎ᠶ᠋ᠢ ᠠᠮᠵᠢᠯᠲᠠ᠎ᠲᠠᠶ ᠠᠬᠢᠭᠤᠯᠪᠠ᠃ ᠡᠨᠡ ᠬᠤᠭᠤᠴᠠᠭᠠᠨ᠎ᠳᠤ᠂ ᠬᠤ᠌ ᠶᠦᠩ ᠭᠠᠩ᠎ᠤᠨ ᠤᠷᠤᠯᠴᠠᠵᠤ ᠨᠠᠢᠷᠠᠭᠤᠯᠤᠨ ᠪᠢᠴᠢᠭᠰᠡᠨ 《ᠬᠡᠲᠦ ᠶᠡᠬᠡ ᠨᠡᠭᠦᠷᠡᠰᠦ ᠮᠠᠯᠳᠠᠬᠤ ᠦᠨᠳᠦᠷ᠎ᠤᠨ ᠬᠡᠮᠵᠢᠶ᠎ᠡ ᠲᠠᠢ ᠶᠡᠷᠦᠩᠬᠡᠢᠯᠡᠭᠰᠡᠨ ᠨᠡᠭᠦᠷᠡᠰᠦ ᠮᠠᠯᠳᠠᠬᠤ ᠠᠵᠢᠯ᠎ᠤᠨ ᠳᠠᠯᠠᠪᠤᠷ᠎ᠤᠨ ᠠᠵᠤ ᠠᠬᠤᠢᠯᠠᠯ᠎ᠤᠨ ᠪᠥᠲᠥᠭᠡᠨ ᠪᠠᠢᠭᠤᠯᠤᠯᠲᠠ᠎ᠶ᠋ᠢᠨ ᠵᠢᠱ᠌ᠢᠶ᠎ᠡ ᠦᠵᠡᠭᠦᠯᠬᠦ᠌ ᠪᠠᠷᠢᠮᠵᠢᠶ᠎ᠠ》 ᠨᠢ ᠨᠡᠭᠦᠷᠡᠰᠦᠨ᠎ᠦ ᠠᠵᠢᠯ ᠲᠥᠷᠥᠯ᠎ᠦᠨ ᠦᠶ᠋ᠯᠡᠳᠪᠦᠷᠢᠯᠡᠯ᠎ᠦᠨ ᠵᠣᠬᠢᠶᠠᠨ ᠪᠠᠢᠭᠤᠯᠤᠯᠲᠠ᠂ ᠪᠠᠷᠢᠯᠭ᠎ᠠ᠎ᠶ᠋ᠢᠨ ᠶᠠᠰᠤ ᠴᠢᠨᠠᠷ᠎ᠤᠨ ᠬᠠᠮᠢᠶᠠᠷᠤᠯᠲᠠ᠂ ᠨᠠᠷᠢᠯᠢᠭ ᠪᠠᠢᠴᠠᠭᠠᠨ ᠰᠡᠯᠪᠢᠬᠦ᠌᠂ ᠱᠢᠨ᠎ᠡ᠎ᠶ᠋ᠢ ᠡᠭᠦᠳᠦᠨ ᠦᠷ᠎ᠡ ᠪᠦᠲᠦᠮᠵᠢ ᠭᠠᠷᠭᠠᠬᠤ ᠵᠡᠷᠭᠡ ᠲᠠᠯ᠎ᠠ᠎ᠳᠦ ᠪᠥᠬᠥ᠌ ᠲᠠᠯ᠎ᠠ᠎ᠶ᠋ᠢᠨ ᠳ᠋ᠦᠩᠨᠡᠯᠲᠡ ᠪᠠ ᠳᠡᠭᠡᠭ᠌ᠰᠢᠯᠡᠬᠦᠯᠦᠯᠲᠡ ᠪᠠᠢᠵᠤ᠂ ᠠᠵᠢᠯ ᠲᠥᠷᠥᠯ᠎ᠦᠨ ᠬᠢᠨ᠎ᠳᠡᠭᠡᠨ ᠰᠠᠨᠠᠯ ᠨᠢᠭᠡᠳᠦᠯᠲᠡᠶ ᠨᠤᠲᠠᠯᠠᠭ᠍ᠳᠠᠪᠠ᠃ 8.8 ᠮᠧᠲ᠋ᠷ ᠪᠦᠬᠦᠢ ᠤᠨᠴᠠ ᠶᠡᠬᠡ ᠨᠡᠭᠦᠷᠡᠰᠦ ᠮᠠᠯᠳᠠᠬᠤ ᠦᠨᠳᠦᠷ᠎ᠤᠨ ᠬᠡᠮᠵᠢᠶ᠎ᠡ ᠲᠠᠢ ᠣᠶᠤᠨᠴᠢ ᠶᠡᠷᠦᠩᠬᠡᠢᠯᠡᠭᠰᠡᠨ ᠨᠡᠭᠦᠷᠡᠰᠦ ᠮᠠᠯᠲᠠᠬᠤ ᠠᠵᠢᠯ᠎ᠤᠨ ᠳᠠᠯᠠᠪᠤᠷ᠎ᠤᠨ ᠵᠢᠱ᠌ᠢᠶ᠎ᠡ ᠦᠵᠡᠭᠦᠯᠬᠦ᠌ ᠢᠨᠵᠧᠨᠧᠷᠢᠩ᠎ᠦᠨ ᠠᠮᠵᠢᠯᠲᠠ᠎ᠲᠠᠶ ᠦᠶ᠋ᠯᠡᠳᠦᠯᠭᠡ ᠨᠢ ᠤᠨᠴᠠ ᠵᠤᠵᠠᠭᠠᠨ ᠨᠡᠭᠦᠷᠡᠰᠦᠨ ᠳᠠᠪᠬᠤᠷᠭ᠎ᠠ᠎ᠶ᠋ᠢ ᠨᠢᠭᠡ ᠯᠡ ᠤᠳᠠᠭ᠎ᠠ᠎ᠳᠤ ᠮᠠᠯᠲᠠᠬᠤ᠎ᠳᠤ ᠪᠠᠶᠠᠯᠢᠭ ᠲᠤᠷᠱᠢᠯᠭ᠎ᠠ ᠬᠤᠷᠠᠮᠳᠤᠭᠤᠯᠵᠤ᠂ ᠮᠠᠨ᠎ᠤ ᠤᠯᠤᠰ᠎ᠤᠨ ᠨᠡᠭᠦᠷᠡᠰᠦ ᠮᠠᠯᠲᠠᠬᠤ ᠲᠣᠨᠣᠭ ᠲᠥᠬᠥᠭᠡᠷᠦᠮᠵᠢ᠎ᠶ᠋ᠢ ᠤᠯᠤᠰ᠎ᠲᠠᠭᠠᠨ ᠲᠠᠰ ᠳᠡᠪᠱᠢᠭᠦᠯᠦᠨ ᠥᠭᠡᠷᠡᠴᠢᠯᠡᠬᠦ᠎ᠶ᠋ᠢ ᠠᠬᠢᠭᠤᠯᠪᠠ᠃ ᠡᠨᠡ ᠨᠢ ᠮᠠᠨ᠎ᠤ ᠤᠯᠤᠰ᠎ᠤᠨ ᠨᠡᠭᠦᠷᠡᠰᠦ ᠮᠠᠯᠲᠠᠬᠤ ᠤᠷ᠎ᠠ ᠮᠡᠷᠭᠡᠱᠢᠯ᠎ᠦᠨ ᠨᠠᠩ ᠥᠨᠳᠥᠷ ᠲᠦᠪᠱᠢᠨ᠎ᠳᠦ ᠭᠦᠷᠦᠭ᠌ᠰᠡᠨ᠎ᠢ ᠬᠠᠷᠠᠭᠤᠯᠪᠠ᠃

ᠨᠡᠭᠦᠷᠡᠰᠦᠨ ᠠᠭᠤᠷᠬᠠᠢ᠎ᠶ᠋ᠢᠨ ᠡᠮᠦᠨ᠎ᠡ ᠹᠷᠣᠨᠲ᠎ᠲᠤ᠂ ᠡᠯ᠎ᠡ ᠵᠦᠢᠯ᠎ᠦᠨ ᠬᠦᠴᠢᠷ ᠪᠡᠷᠬᠡᠱᠢᠶᠡᠯ ᠪᠣᠯᠤᠨ ᠥᠷᠢᠰᠥᠯᠳᠦᠭᠡᠨ ᠲᠠᠰᠤᠷᠠᠯᠲᠠ ᠦᠭᠡᠢ ᠭᠠᠷᠴᠤ᠌ ᠪᠠᠢᠳᠠᠭ᠎ᠪᠤᠯᠪᠠᠴᠤ ᠬᠤ᠌ ᠶᠦᠩ ᠭᠠᠩ ᠠᠬᠠᠮᠠᠳ ᠦᠶ᠎ᠡ᠎ᠶᠢᠨ 《ᠬᠥᠮᠦᠨ᠎ᠳᠦ ᠬᠣᠶᠠᠷ ᠬᠤᠪᠢ ᠵᠠᠶᠠᠭ᠎ᠠ ᠪᠤᠢ᠂ ᠨᠢᠭᠡ ᠨᠢ ᠠᠮᠢ ᠨᠠᠰᠤ᠂ ᠨᠦᠬᠦᠭᠡ ᠨᠢ ᠡᠭᠦᠷᠭᠡ ᠬᠠᠷᠢᠭᠤᠴᠠᠯᠭ᠎ᠠ ᠪᠤᠯᠤᠨ᠎ᠠ》 ᠭᠡᠬᠦ ᠰᠤᠷᠭᠠᠯ᠎ᠢ ᠬᠡᠵᠢᠶᠠᠳᠠ ᠰᠡᠳᠬᠢᠯ᠎ᠳᠡᠭᠡᠨ ᠪᠤᠳᠤᠵᠤ ᠶᠠᠪᠤᠳᠠᠭ᠃ ᠬᠦᠴᠢᠷ ᠪᠡᠷᠬᠡᠱᠢᠶᠡᠯ ᠲᠤᠯᠭᠠᠷᠠᠬᠤ ᠪᠦᠷᠢ ᠲᠡᠷᠡ ᠠᠬᠠᠮᠠᠳ ᠦᠶ᠎ᠡ᠎ᠶ᠋ᠢᠨ ᠬᠢᠨ᠎ᠦ ᠦᠭᠡ ᠵᠢ ᠪᠤᠳᠤᠵᠤ᠂ ᠰᠡᠳᠭᠢᠴᠠ᠎ᠪᠡᠨ ᠱᠢᠨᠡᠴᠢᠯᠡᠵᠦ᠍᠂ ᠠᠷᠭ᠎ᠠ ᠪᠦᠬᠦᠨ᠎ᠢ ᠰᠦᠪᠡᠭ᠌ᠴᠢᠯᠡᠨ ᠠᠰᠠᠭᠤᠳᠠᠯ᠎ᠢ ᠱᠢᠢᠳᠪᠦᠷᠢᠯᠡᠳᠡᠭ᠃

2015 ᠣᠨ᠎ᠳᠤ ᠶᠡᠷᠦᠩᠬᠡᠢᠯᠡᠭ᠌ᠰᠡᠨ ᠨᠡᠭᠦᠷᠡᠰᠦ ᠮᠠᠯᠲᠠᠬᠤ ᠨᠢᠭᠡᠳᠦᠭᠡᠷ ᠠᠩᠬᠢ ᠳᠤᠮᠳᠠ ᠵᠤᠵᠠᠭᠠᠨ ᠵᠦᠭᠡᠯᠡᠨ ᠨᠡᠭᠦᠷᠡᠰᠦᠨ ᠳᠠᠪᠬᠤᠷᠭ᠎ᠠ᠎ᠳᠦ ᠪᠸᠲ᠋ᠤᠨ᠎ᠴᠢᠳᠬᠤᠵᠤ ᠵᠠᠬ᠎ᠠ ᠪᠠᠷ ᠨᠢ ᠵᠠᠢ ᠦᠯᠡᠳᠡᠭᠡᠨ ᠨᠡᠭᠦᠷᠡᠰᠤ ᠮᠠᠯᠳᠠᠬᠤ ᠮᠡᠷᠭᠡᠵᠢᠯ᠎ᠢ ᠬᠡᠷᠡᠭ᠌ᠵᠢᠭᠦᠯᠬᠦ᠌ ᠬᠦᠨᠳᠦ ᠡᠭᠦᠷᠭᠡ᠎ᠶ᠋ᠢ ᠡᠭᠦᠷᠭᠡᠯᠡᠪᠡ᠂ ᠡᠨᠡ ᠪᠣᠯ ᠱᠠᠩ ᠸᠠᠨ ᠨᠡᠭᠦᠷᠡᠰᠦᠨ ᠠᠭᠤᠷᠬᠠᠢ ᠠᠩᠬ᠎ᠠ ᠤᠳᠠᠭ᠎ᠠ ᠳᠤᠰ ᠮᠡᠷᠭᠡᠵᠢᠯ᠎ᠢ ᠬᠡᠷᠡᠭ᠌ᠯᠡᠵᠦ᠍ ᠪᠠᠢᠭ᠎ᠠ ᠶᠠᠪᠤᠳᠠᠯ ᠪᠣᠯᠤᠨ᠎ᠠ᠂ ᠮᠥᠨ ᠴᠦ᠍ ᠱᠸᠨ ᠳ᠋ᠦᠩ ᠪᠦᠯᠦᠭ᠌ᠯᠡᠯ ᠠᠩᠬ᠎ᠠ ᠤᠳᠠᠭ᠎ᠠ ᠲᠤᠷᠱᠢᠯᠲᠠ᠎ᠶ᠋ᠢᠨ ᠪᠤᠰᠤ ᠴᠢᠨᠠᠷᠲᠠᠢ᠎ᠪᠠᠷ  ᠪᠸᠲ᠋ᠤᠨ᠎ᠴᠢᠳᠬᠤᠵᠤ ᠵᠠᠬ᠎ᠠ ᠪᠠᠷ ᠨᠢ ᠵᠠᠢ ᠦᠯᠡᠳᠡᠭᠡᠨ ᠨᠡᠭᠦᠷᠡᠰᠦ ᠮᠠᠯᠲᠠᠵᠤ ᠪᠠᠢᠭ᠎ᠠ ᠶᠠᠪᠤᠳᠠᠯ ᠪᠣᠯᠤᠨ᠎ᠠ᠃ ᠡᠯ᠎ᠡ ᠲᠥᠷᠥᠯ᠎ᠦᠨ ᠠᠮᠤᠷ ᠲᠦᠪᠱᠢᠨ᠎ᠦ ᠬᠠᠮᠢᠶᠠᠷᠤᠯᠲᠠ ᠪᠠ ᠮᠡᠷᠭᠡᠵᠢᠯ᠎ᠦᠨ ᠬᠦᠴᠢᠷ ᠠᠰᠠᠭᠤᠳᠠᠯ᠎ᠤᠨ ᠡᠮᠦᠨ᠎ᠡ᠂ ᠬᠤ᠌ ᠶᠦᠩ ᠭᠠᠩ ᠠᠩᠭᠢ᠎ᠶ᠋ᠢᠨ ᠳᠣᠲᠣᠭᠠᠳᠤ᠎ᠶ᠋ᠢᠨ ᠠᠵᠢᠯ᠎ᠳᠤ ᠢᠳᠡᠪᠬᠢᠲᠡᠶ ᠬᠠᠮᠵᠢᠯᠴᠠᠵᠤ᠂ ᠰᠡᠳᠭᠢᠯ ᠱᠢᠭᠤᠳᠤᠨ ᠰᠤᠳᠤᠯᠤᠨ ᠰᠦᠪᠡᠭ᠌ᠴᠢᠯᠡᠵᠦ᠍᠂ ᠪᠸᠲ᠋ᠤᠨ ᠴᠢᠳᠭᠤᠬᠤ ᠲᠥᠰᠦᠯ᠎ᠢ ᠲᠣᠭ᠍ᠲᠠᠭᠠᠬᠤ᠎ᠳᠤ ᠣᠷᠣᠯᠴᠠᠵᠤ᠂ ᠶᠡᠷᠦᠩᠬᠡᠢᠯᠡᠭᠰᠡᠨ ᠨᠡᠭᠦᠷᠡᠰᠦ ᠮᠠᠯᠲᠠᠬᠤ ᠠᠵᠢᠯ᠎ᠤᠨ ᠲᠤᠬᠠᠶ᠎ᠶ᠋ᠢᠨ ᠲᠠᠯᠠᠪᠠᠶ᠎ᠶ᠋ᠢᠨ ᠠᠵᠢᠯᠯᠠᠬᠤ ᠣᠷᠴᠢᠨ ᠨᠥᠬᠥᠴᠡᠯ᠎ᠢ ᠰᠠᠢᠵᠢᠷᠠᠭᠤᠯᠤᠭ᠍ᠰᠠᠨ᠎ᠤ ᠬᠠᠮᠲᠤ ᠡᠯ᠎ᠡ ᠵᠦᠢᠯ᠎ᠤᠨ ᠠᠵᠢᠯᠯᠠᠭ᠎ᠠ ᠵᠢ ᠱᠢᠯᠢᠳᠡᠭ᠌ᠵᠢᠭᠦᠯᠬᠦ᠌ ᠰᠠᠨᠠᠭᠤᠯᠭ᠎ᠠ ᠳᠤᠷᠠᠳᠴᠠᠶ᠃ ᠡᠴᠦᠰ᠎ᠲᠡᠬᠡᠨ ᠪᠥᠬᠥ᠌ ᠠᠵᠢᠯᠲᠠᠨ᠎ᠤ ᠬᠠᠮᠲᠤ᠎ᠶ᠋ᠢᠨ ᠴᠢᠷᠮᠠᠢᠯᠭ᠎ᠠ᠎ᠪᠠᠷ᠂ ᠶᠡᠷᠦᠩᠬᠡᠢᠯᠡᠭᠰᠡᠨ ᠨᠡᠭᠦᠷᠡᠰᠦ ᠮᠠᠯᠲᠠᠬᠤ ᠨᠢᠭᠡᠳᠦᠭᠡᠷ ᠠᠩᠭᠢ 3 ᠠᠵᠢᠯ᠎ᠤᠨ ᠳᠠᠯᠠᠪᠤᠷ᠎ᠲᠦ ᠲᠤᠰ ᠮᠡᠷᠭᠡᠵᠢᠯ᠎ᠢ ᠠᠮᠵᠢᠯᠲᠠ᠎ᠲᠠᠶ ᠬᠡᠷᠡᠭ᠌ᠵᠢᠭᠦᠯᠵᠦ᠍᠂ ᠡᠳᠦᠷ᠎ᠲᠦ 15 ᠮᠧᠲ᠋ᠷ ᠠᠬᠢᠭᠤᠯᠤᠭᠰᠠᠨ ᠲᠡᠮᠳᠡᠭ᠌ᠯᠡᠯ᠎ᠢ ᠡᠭᠦᠳᠴᠦ᠍᠂ ᠤᠯᠤᠰ᠎ᠤᠨ 2 ᠵᠦᠶ᠋ᠯ᠎ᠦᠨ ᠲᠤᠰᠭᠠᠶ ᠠᠱᠢᠭ᠎ᠢ ᠭᠤᠶᠤᠴᠢᠯᠠᠨ ᠮᠡᠳᠡᠭᠦᠯᠵᠦ᠍᠂ ᠦᠶ᠋ᠯᠡᠳᠦᠯᠭᠡ᠎ᠶ᠋ᠢᠨ ᠲᠤᠷᠱᠢᠯᠭ᠎ᠠ ᠨᠢ ᠪᠥᠬᠥ᠌ ᠤᠯᠤᠰ᠎ᠤᠨ ᠨᠡᠭᠦᠷᠡᠰᠦᠨ᠎ᠦ ᠠᠵᠢᠯ ᠲᠥᠷᠥᠯ᠎ᠦᠨ ᠭᠤᠤᠯᠳᠠᠯᠭ᠎ᠠ᠎ᠲᠠᠶ ᠳᠡᠯᠭᠡᠷᠡᠭᠦᠯᠬᠦ᠌ ᠲᠥᠷᠥᠯ ᠵᠦᠶ᠋ᠯ᠎ᠳᠦ ᠵᠢᠭ᠍ᠰᠠᠭᠠᠭ᠍ᠳᠠᠪᠠ᠃

ᠶᠡᠷᠦᠩᠬᠡᠢᠯᠡᠭᠰᠡᠨ ᠨᠡᠭᠦᠷᠡᠰᠦ ᠮᠠᠯᠲᠠᠬᠤ ᠠᠩᠭᠢ᠎ᠶᠢᠨ ᠡᠭᠡᠯᠵᠢ ᠳᠤᠭᠤᠢᠯᠠᠩ᠎ᠤᠨ ᠳᠠᠷᠤᠭ᠎ᠠ ᠪᠣᠯᠤᠭᠰᠠᠨ᠎ᠤ ᠬᠤᠪᠢ᠎ᠳᠤ᠂ ᠬ᠍ᠤ ᠶᠦᠩ ᠭᠠᠩ  ᠪᠦᠷᠢᠯᠳᠦᠭᠦᠨ᠎ᠢᠶᠡᠨ ᠵᠤᠷᠢᠭᠵᠢᠭᠤᠯᠤᠨ ᠬᠥᠲᠥᠯᠥᠨ ᠵᠢᠯᠣᠭᠣᠳᠴᠤ ᠠᠵᠢᠯ᠎ᠤᠨ ᠪᠠᠢᠷᠢ᠎ᠳᠠᠭᠠᠨ ᠰᠠᠭᠤᠷᠢᠯᠠᠨ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠪᠥᠭᠡᠳ ᠪᠡᠶ᠎ᠡ᠎ᠪᠡᠷ᠎ᠢᠶᠡᠨ ᠬᠡᠪ ᠲᠠᠭᠤᠷᠢᠶᠠᠯ ᠦᠵᠡᠬᠦᠯᠳᠡᠭ᠃ 2020 ᠣᠨ᠎ᠦ ᠪᠦᠬᠦ ᠣᠷᠣᠨ᠎ᠤ ᠨᠡᠭᠦᠷᠡᠰᠦ ᠮᠠᠯᠲᠠᠬᠤ ᠮᠠᠰᠢᠨ᠎ᠤ ᠤᠷ᠎ᠠ ᠮᠡᠷᠭᠡᠵᠢᠯ᠎ᠦᠨ ᠤᠷᠤᠯᠳᠤᠭᠠᠨ᠎ᠳᠤ ᠬ᠍ᠤ ᠶᠦᠩ ᠭᠠᠩ ᠤᠷᠠᠨ ᠨᠠᠷᠢᠨ ᠮᠡᠷᠭᠡᠵᠢᠯ᠎ᠢᠶᠡᠷ᠎ᠢᠶᠡᠨ ᠬᠣᠶᠠᠳᠤᠭᠠᠷ᠎ᠲᠤ ᠣᠷᠣᠪᠠ᠃ ᠡᠳᠦᠷ ᠲᠤᠳᠤᠮ᠎ᠤᠨ ᠠᠵᠢᠯ ᠠᠮᠢᠳᠤᠷᠠᠯ᠎ᠤᠨ ᠳᠤᠮᠳᠠ᠂ ᠲᠡᠷᠡ ᠡᠭᠡᠯᠵᠢ ᠳᠤᠭᠤᠢᠯᠠᠩ᠎ᠤᠨ ᠪᠦᠷᠢᠯᠳᠤᠬᠦᠨ ᠵᠢᠡᠨ ᠬᠠᠯᠠᠮᠵᠢᠯᠠᠵᠤ ᠂ ᠰᠣᠷᠣᠭᠰᠠᠨ ᠤᠷ᠎ᠠ ᠴᠢᠳᠠᠪᠤᠷᠢ ᠪᠠ ᠲᠤᠷᠰᠢᠯᠭ᠎ᠠ᠎ᠪᠠᠨ ᠤᠯᠠᠮᠵᠢᠯᠠᠨ ᠵᠢᠭᠠᠵᠤ᠂ ᠱᠠᠪᠢ ᠨᠠᠷ᠎ᠤᠨ᠎ᠢᠶᠠᠨ ᠬᠠᠢᠷ᠎ᠠ ᠬᠦᠨᠳᠦᠳᠬᠡᠯ᠎ᠢ ᠣᠯᠣᠭᠰᠠᠨ ᠪᠠᠢᠨ᠎ᠠ᠃ ᠲᠡᠷᠡ ᠡᠭᠡᠯᠵᠢ ᠳᠤᠭᠤᠢᠯᠠᠩ᠎ᠤᠨ ᠪᠦᠷᠢᠯᠳᠦᠭᠦᠨ᠎ᠢᠶᠡᠨ ᠳᠠᠭᠠᠭᠤᠯᠤᠨ ᠠᠶᠤᠯᠭᠦᠢ ᠦᠢᠯᠡᠳᠪᠦᠷᠢᠯᠡᠯ᠎ᠦᠨ 《ᠨᠠᠷᠢᠯᠢᠭ》 ᠬᠠᠮᠢᠶᠠᠷᠤᠯᠲᠠ᠂ ᠪᠠᠷᠢᠯᠭ᠎ᠠ᠎ᠶᠢᠨ ᠶᠠᠰᠤ ᠴᠢᠨᠠᠷ᠎ᠤᠨ 《ᠨᠠᠷᠢᠯᠢᠭ᠍ᠵᠢᠭᠤᠯᠤᠭᠰᠠᠨ》 ᠬᠠᠮᠢᠶᠠᠷᠤᠨ ᠡᠵᠡᠮᠳᠡᠬᠦ ᠵᠡᠷᠭᠡ ᠲᠠᠯ᠎ᠠ᠎ᠪᠠᠷ ᠦᠨᠡᠨ ᠬᠦ᠌ ᠶᠠᠪᠤᠭᠳᠠᠭᠤᠰᠢᠲᠠᠢ ᠳᠦᠷᠢᠮᠵᠢᠯ᠎ᠦᠨ ᠪᠠᠷᠢᠮᠵᠢᠶ᠎ᠠ᠎ᠶᠢ ᠲᠣᠭᠲᠠᠭᠠᠵᠤ᠂ ᠡᠭᠡᠯᠵᠢ ᠳᠤᠭᠤᠢᠯᠠᠩ᠎ᠤᠨ ᠪᠦᠷᠢᠯᠳᠦᠭᠦᠨ᠎ᠢ ᠬᠥᠲᠥᠯᠥᠨ ᠵᠢᠯᠤᠭᠣᠳᠴᠤ ᠠᠮᠤᠷ ᠲᠦᠪᠰᠢᠨ᠎ᠦ ᠰᠡᠷᠭᠡᠢᠯᠡᠯᠲᠡ᠎ᠶᠢᠨ ᠤᠬᠠᠮᠰᠠᠷ ᠪᠣᠯᠣᠨ ᠭᠡᠮ ᠰᠣᠭᠣᠭ᠎ᠢ ᠵᠢᠭ᠍ᠰᠠᠭᠠᠨ ᠪᠠᠢᠴᠠᠭᠠᠬᠤ ᠴᠢᠳᠠᠪᠤᠷᠢ᠎ᠶᠢ ᠳᠡᠭᠡᠭᠰᠢᠯᠡᠭᠦᠯᠪᠡ᠃ ᠲᠡᠷᠡ ᠪᠠᠰᠠ ᠡᠭᠡᠯᠵᠢ ᠳᠤᠭᠤᠢᠯᠠᠩ᠎ᠤᠨ ᠰᠠᠭᠤᠷᠢ ᠪᠦᠲᠦᠭᠡᠨ ᠪᠠᠢᠭᠤᠯᠤᠯᠲᠠ᠎ᠶᠢ ᠴᠢᠩᠭ᠎ᠠ ᠠᠳᠬᠤᠵᠤ᠂ ᠠᠰᠠᠭᠤᠳᠠᠯ᠎ᠢ ᠢᠯᠡᠷᠡᠭᠦᠯᠬᠦ᠂ ᠠᠰᠠᠭᠤᠳᠠᠯ᠎ᠢ ᠰᠢᠢᠳᠪᠦᠷᠢᠯᠡᠬᠦ ᠶᠠᠪᠤᠴᠠ᠎ᠳᠤ ᠨᠢᠭᠡᠨ ᠢᠵᠢ ᠡᠭᠡᠯᠵᠢ ᠳᠤᠭᠤᠢᠯᠠᠩ᠎ᠤᠨ ᠣᠨᠴᠠᠯᠢᠭ᠋᠎ᠲᠠᠢ ᠬᠠᠮᠢᠶᠠᠷᠤᠯᠲᠠ᠎ᠶᠢᠨ ᠠᠷᠭ᠎ᠠ — 《ᠲᠡᠷᠢᠭᠦᠨ᠎ᠤ ᠡᠭᠡᠯᠵᠢ ᠳᠤᠭᠤᠢᠯᠠᠩ》 ᠤ᠋ᠨ ᠬᠠᠮᠢᠶᠠᠷᠤᠯᠲᠠ᠎ᠶᠢᠨ ᠠᠷᠭ᠎ᠠ᠎ᠶᠢ ᠪᠦᠷᠢᠯᠳᠦᠭᠦᠯᠵᠦ᠂ ᠡᠭᠡᠯᠵᠢ ᠳᠤᠭᠤᠢᠯᠠᠩ᠎ᠢᠶᠠᠨ ᠳᠠᠭᠠᠭᠤᠯᠤᠨ ᠰᠢᠯᠢᠳᠡᠭ ᠬᠢᠷᠢ ᠪᠦᠲᠦᠮᠵᠢ᠎ᠪᠡᠷ ᠳᠡᠭᠡᠳᠦ ᠱᠠᠲᠤᠨ᠎ᠡᠴᠡ ᠪᠠᠭᠤᠯᠭᠠᠭᠰᠠᠨ ᠡᠯ᠎ᠡ ᠵᠦᠢᠯ᠎ᠦᠨ ᠦᠢᠯᠡᠳᠪᠦᠷᠢᠯᠡᠯ᠎ᠦᠨ ᠡᠭᠦᠷᠭᠡ᠎ᠶᠢ ᠪᠡᠶᠡᠯᠡᠭᠦᠯᠪᠡ᠃

ᠦᠢᠯᠡᠳᠪᠦᠷᠢᠯᠡᠯ᠎ᠦᠨ ᠶᠠᠪᠤᠴᠠ᠎ᠳᠠᠬᠢ ᠠᠮᠤᠷ ᠲᠦᠪᠰᠢᠨ᠎ᠦ ᠳᠠᠯᠳᠠ ᠬᠡᠮ ᠪᠣᠯᠣᠨ ᠲᠤᠨᠤᠭ ᠲᠥᠬᠦᠭᠡᠷᠦᠮᠵᠢ᠎ᠶᠢᠨ ᠲᠤᠰ ᠪᠡᠶ᠎ᠡ᠎ᠶᠢᠨ ᠪᠦᠲᠦᠴᠡ᠎ᠶᠢᠨ ᠴᠢᠨᠠᠷᠲᠠᠢ ᠠᠮᠤᠷ ᠲᠦᠪᠰᠢᠨ᠎ᠦ ᠳᠤᠲᠠᠭᠳᠠᠯ᠎ᠢ ᠰᠢᠢᠳᠪᠦᠷᠢᠯᠡᠬᠦ᠎ᠶᠢᠨ ᠲᠦᠯᠦᠭᠡ᠂ ᠬ᠍ᠤ ᠶᠦᠩ ᠭᠠᠩ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠪᠣᠭᠣᠮᠲᠠ ᠰᠢᠪᠲᠤᠯᠬᠤ ᠵᠡᠷᠭᠡ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠰᠢᠨ᠎ᠡ᠎ᠶᠢ ᠡᠭᠦᠳᠬᠦ ᠠᠵᠢᠯ᠎ᠳᠤ ᠢᠳᠡᠪᠬᠢᠲᠡᠢ ᠣᠷᠣᠯᠴᠠᠵᠤ᠂ ᠤᠯᠠᠨ ᠲᠦᠷᠦᠯ᠎ᠦᠨ ᠵᠢᠵᠢᠭ ᠥᠭᠡᠷᠡᠴᠢᠯᠡᠯᠲᠡ᠎ᠶᠢᠨ ᠲᠦᠷᠦᠯ ᠵᠦᠢᠯ᠎ᠳᠦ ᠤᠷᠤᠯᠴᠠᠨ ᠵᠢᠷᠤᠵᠤ ᠲᠦᠯᠦᠪᠯᠡᠵᠦ᠂ ᠡᠭᠦᠨ᠎ᠦ ᠳᠣᠲᠣᠷᠠᠬᠢ 2 ᠲᠦᠷᠦᠯ ᠨᠢ ᠤᠯᠤᠰ᠎ᠤᠨ ᠲᠤᠰᠬᠠᠢ ᠠᠰᠢᠭ᠋᠎ᠤᠨ ᠡᠷᠬᠡ᠎ᠶᠢ ᠭᠤᠶᠤᠴᠢᠯᠠᠨ ᠮᠡᠳᠡᠭᠦᠯᠵᠦ ᠪᠤᠢ᠃

《ᠠᠮᠵᠢᠯᠲᠠ ᠪᠦᠲᠦᠮᠵᠢ ᠵᠦᠪᠭᠡᠨ ᠥᠩᠭᠡᠷᠡᠭᠰᠡᠨ᠎ᠢ ᠲᠥᠯᠥᠭᠡᠯᠡᠨ᠎ᠡ᠂ ᠬᠤᠵᠢᠮ ᠢᠷᠡᠭᠡᠳᠦᠢ᠎ᠳᠦ ᠦᠷᠭᠦᠯᠵᠢᠯᠡᠨ ᠴᠢᠷᠮᠠᠢᠨ᠎ᠠ》᠃ ᠡᠨᠡ ᠵᠢᠯ᠎ᠦᠨ 《5·1》 ᠤ᠋ ᠳᠡᠯᠡᠬᠡᠢ᠎ᠶᠢᠨ ᠬᠥᠳᠡᠯᠮᠦᠷᠢᠴᠢᠳ᠎ᠦᠨ ᠪᠠᠶᠠᠷ᠎ᠡᠴᠡ ᠡᠮᠦᠨᠡᠬᠡᠨ᠂ ᠬ᠍ᠤ ᠶᠦᠩ ᠭᠠᠩ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶᠢᠨ ᠵᠢᠱ᠌ᠢᠶᠡᠴᠢ᠎ᠪᠡᠷ ᠦᠨᠡᠯᠡᠭᠳᠡᠪᠡ᠃ ᠰᠢᠨ᠎ᠡ ᠴᠠᠭ ᠦᠶ᠎ᠡ᠎ᠶᠢᠨ ᠨᠡᠭᠦᠷᠡᠰᠦᠨ ᠠᠭᠤᠷᠬᠠᠢ᠎ᠶᠢᠨ ᠠᠵᠢᠯᠴᠢᠳ᠎ᠤᠨ ᠬᠦᠴᠢᠷ᠎ᠢ ᠲᠤᠭᠤᠯᠤᠨ ᠪᠡᠷᠬᠡ ᠵᠢ ᠳᠠᠪᠠᠬᠤ᠂ ᠰᠢᠨ᠎ᠡ᠎ᠶᠢ ᠡᠭᠦᠳᠦᠨ ᠰᠦᠪᠡᠭᠴᠢᠯᠡᠬᠦ ᠡᠷᠬᠢᠮ ᠨᠠᠨᠳᠢᠨ ᠵᠣᠷᠢᠭ᠋ ᠰᠠᠨᠠᠭ᠎ᠠ ᠨᠢ ᠨᠡᠩ ᠤᠯᠠᠨ ᠵᠠᠯᠠᠭᠤ ᠬᠥᠳᠡᠯᠮᠦᠷᠢᠴᠢᠳ᠎ᠦᠨ ᠲᠠᠰᠤᠷᠠᠯᠲᠠ ᠦᠭᠡᠢ ᠰᠢᠨ᠎ᠡ ᠥᠨᠳᠥᠷᠴᠡ ᠶ᠋ᠢ ᠬᠥᠭᠡᠭᠡᠴᠡᠯᠳᠦᠬᠦ᠂ ᠰᠢᠨ᠎ᠡ ᠦᠷᠳᠡᠭ᠎ᠢᠶᠡᠨ ᠢᠯᠡᠷᠡᠭᠦᠯᠬᠦ᠎ᠶᠢ ᠤᠷᠮᠠᠰᠢᠭᠤᠯᠤᠨ ᠵᠣᠷᠢᠭ᠍ᠵᠢᠭᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号