4 ᠰᠠᠷ᠎ᠠ᠎ᠶᠢᠨ 23 ᠤ᠋ ᠣᠷᠣᠢ᠂ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠢ ᠡᠪᠯᠡᠯ ᠡᠴᠡ ᠡᠷᠬᠢᠯᠡᠭᠰᠡᠨ 《ᠬᠥᠳᠡᠯᠮᠦᠷᠢ᠎ᠶᠢᠨ ᠵᠢᠱ᠌ᠢᠶᠡᠴᠢ᠎ᠶᠢᠨ ᠵᠣᠷᠢᠭ᠋ ᠰᠠᠨᠠᠭ᠎ᠠ᠎ᠶᠢ ᠪᠠᠳᠠᠷᠠᠭᠤᠯᠵᠤ ᠤᠮᠠᠷᠠᠲᠤ ᠬᠢᠯᠢ᠎ᠶᠢᠨ ᠰᠣᠶᠣᠯ᠎ᠢ ᠬᠠᠩᠭᠢᠨᠠᠭᠤᠯᠤᠶ᠎ᠠ》 — 《5·1》 ᠤ᠋ ᠳᠡᠯᠡᠬᠡᠢ᠎ᠶᠢᠨ ᠬᠥᠳᠡᠯᠮᠦᠷᠢᠴᠢᠳ᠎ᠦᠨ ᠪᠠᠶᠠᠷ᠎ᠢ ᠪᠡᠯᠭᠡᠯᠡᠬᠦ ᠵᠢᠴᠢ ᠲᠤᠮᠲᠠᠲᠤ ᠢ᠋ᠢᠨ ᠪᠦᠬᠦ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠠᠢᠭᠤᠯᠤᠭᠳᠠᠭᠰᠠᠨ 100 ᠵᠢᠯ᠎ᠦᠨ ᠤᠢ᠎ᠶᠢ ᠪᠡᠯᠭᠡᠯᠡᠬᠦ ᠪᠦᠬᠦ ᠣᠷᠣᠨ᠎ᠤ ᠠᠵᠢᠯᠲᠠᠨ ᠠᠵᠢᠯᠴᠢᠨ᠎ᠤ ᠤᠷᠠᠨ ᠰᠠᠢᠬᠠᠨ᠎ᠤ ᠲᠣᠭᠯᠠᠯᠲᠠ ᠥᠪᠥᠷ ᠮᠣᠩᠭᠣᠯ᠎ᠤᠨ ᠤᠯᠠᠭᠠᠨ ᠲᠢᠶᠠᠲᠷ᠎ᠲᠤ ᠭᠣᠢᠳᠠ ᠰᠠᠢᠬᠠᠨ ᠶᠠᠪᠤᠬᠲᠠᠪᠠ᠃
ᠲᠣᠭᠯᠠᠯᠲᠠ ᠨᠢ ᠬᠥᠭᠵᠢᠮ ᠬᠠᠪᠰᠤᠷᠭᠠᠭᠰᠠᠨ ᠰᠢᠯᠦᠭ᠎ᠦᠨ ᠤᠷᠠᠨ ᠤᠩᠰᠢᠯᠭ᠎ᠠ 《ᠵᠠᠭᠤᠨ ᠵᠢᠯ᠎ᠦᠨ ᠴᠤᠤᠷᠢᠶ᠎ᠠ》 ᠢ᠋ᠢᠨ ᠲᠤᠮᠲᠠ ᠬᠥᠰᠢᠭᠡ᠎ᠪᠡᠨ ᠰᠡᠬᠦᠵᠦ᠂ 《ᠬᠥᠳᠡᠯᠮᠦᠷᠢ ᠶ᠋ᠢᠨ ᠳᠠᠭᠤᠯᠠᠯ》᠂ 《ᠰᠦᠷᠯᠢᠭ ᠰᠠᠢᠬᠠᠨ ᠤᠮᠠᠷᠠᠲᠤ ᠬᠢᠯᠢ》᠂ 《ᠬᠥᠳᠡᠯᠮᠦᠷᠢ ᠶ᠋ᠢᠨ ᠵᠢᠱ᠌ᠢᠶᠡᠴᠢ ᠶ᠋ᠢᠨ ᠮᠠᠭᠲᠠᠭᠠᠯ》᠂ 《ᠳᠠᠷᠪᠠᠭᠤᠯ ᠬᠡᠢᠰᠬᠡᠨ ᠠᠯᠤᠰ ᠲᠸ᠋ ᠮᠤᠷᠳᠠᠶ᠎ᠠ》 ᠭᠡᠬᠦ ᠳᠥᠷᠪᠡᠨ ᠪᠦᠯᠦᠭ ᠬᠤᠪᠢᠶᠠᠵᠦ᠂ ᠪᠥᠵᠢᠭ᠂ ᠳᠠᠭᠤᠤ᠂ ᠬᠥᠭᠵᠢᠮ᠂ ᠰᠢᠯᠦᠭ᠂ ᠵᠦᠴᠦᠭᠡ ᠵᠡᠷᠭᠡ ᠤᠯᠠᠨ ᠬᠡᠯᠪᠡᠷᠢ ᠪᠡᠷ ᠶᠠᠪᠤᠬᠲᠠᠵᠦ᠂ ᠤᠳᠬ᠎ᠠ ᠤᠷᠠᠯᠢᠭ᠋᠎ᠤᠨ ᠬᠡᠯᠪᠡᠷᠢ᠎ᠪᠡᠷ ᠪᠦᠬᠦ ᠣᠷᠣᠨ᠎ᠤ ᠥᠷᠭᠡᠨ ᠤᠯᠠᠨ ᠠᠵᠢᠯᠲᠠᠨ ᠠᠵᠢᠯᠴᠢᠨ᠎ᠤ ᠨᠢᠭᠡ ᠭᠣᠣᠯ ᠰᠢᠵᠢᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠂ 《ᠲᠠᠪᠤᠨ ᠶᠡᠬᠡ ᠡᠭᠦᠷᠭᠡ》 ᠵᠢ ᠪᠡᠶᠡᠯᠡᠭᠦᠯᠬᠦ᠂ 《ᠵᠢᠷᠭᠤᠭᠠᠨ ᠢᠨᠵᠧᠨᠧᠷᠢᠩ》 ᠢ᠋ ᠬᠡᠷᠡᠭᠵᠢᠭᠦᠯᠬᠦ᠂ 《ᠵᠢᠷᠭᠤᠭᠠᠨ ᠠᠵᠢᠯᠯᠠᠭ᠎ᠠ》 ᠵᠢ ᠥᠷᠨᠢᠭᠦᠯᠬᠦ᠎ᠳᠤ ᠠᠩᠬᠠᠷᠤᠯ ᠢ᠋ᠢᠡᠨ ᠲᠦᠪᠯᠡᠷᠡᠭᠦᠯᠦᠨ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠯᠲᠠ ᠢ᠋ᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ᠎ᠶᠢ ᠴᠢᠷᠮᠠᠢᠨ ᠪᠢᠴᠢᠭᠯᠡᠬᠦ ᠭᠣᠣᠯ ᠬᠦᠴᠦᠨ ᠴᠡᠷᠢᠭ᠎ᠦᠨ ᠴᠤᠭ ᠵᠢᠪᠬᠤᠭ᠎ᠠ᠎ᠶᠢ ᠳᠡᠯᠭᠡᠨ ᠦᠵᠡᠭᠦᠯᠵᠡᠢ᠃
ᠲᠠᠢᠰᠠᠨ ᠳᠡᠭᠡᠷ᠎ᠡ᠂ ᠡᠯ᠎ᠡ ᠠᠵᠢᠯ ᠲᠦᠷᠦᠯ᠎ᠡᠴᠡ ᠢᠷᠡᠭᠰᠡᠨ ᠠᠵᠢᠯᠲᠠᠨ ᠠᠵᠢᠯᠴᠢᠨ᠎ᠤ ᠲᠥᠯᠥᠭᠡᠯᠡᠭᠴᠢᠳ ᠲᠤᠬᠯᠠᠯᠲᠠ ᠭᠠᠷᠭᠠᠨ᠂ ᠰᠢᠨ᠎ᠡ ᠴᠠᠭ ᠦᠶ᠎ᠡ᠎ᠶᠢᠨ ᠬᠥᠳᠡᠯᠮᠦᠷᠢᠴᠢᠳ᠎ᠦᠨ ᠳᠠᠭᠤᠤ᠎ᠶᠢ ᠬᠠᠩᠭᠢᠨᠠᠭᠤᠯᠵᠦ᠂ ᠲᠤᠬᠠᠢ ᠢ᠋ᠢᠨ ᠲᠠᠯᠠᠪᠠᠢ᠎ᠳᠤ 800 ᠰᠢᠬᠠᠮ ᠬᠥᠳᠡᠯᠮᠦᠷᠢ᠎ᠶᠢᠨ ᠵᠢᠱ᠌ᠢᠶᠡᠴᠢ ᠪᠣᠯᠣᠨ ᠲᠡᠷᠢᠭᠦᠨ᠎ᠦ ᠠᠵᠢᠯᠲᠠᠨ ᠲᠤᠬᠯᠠᠯᠲᠠ ᠵᠢ ᠰᠣᠨᠢᠷᠬᠠᠪᠠ᠃ ᠪᠦᠬᠦ ᠲᠠᠯᠠᠪᠠᠢ ᠲᠣᠭᠯᠠᠯᠲᠠ ᠨᠢ ᠤᠮᠠᠷᠠᠲᠤ ᠬᠢᠯᠢ᠎ᠶᠢᠨ ᠠᠵᠢᠯᠲᠠᠨ ᠠᠵᠢᠯᠴᠢᠨ᠎ᠤ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ᠎ᠤ ᠳᠦᠷᠰᠦ ᠪᠠᠢᠳᠠᠯ᠎ᠢ ᠠᠮᠢᠳᠤᠯᠢᠭ᠋᠎ᠢᠶᠠᠷ ᠢᠯᠡᠷᠡᠭᠦᠯᠵᠦ᠂ ᠬᠥᠳᠡᠯᠮᠦᠷᠢ᠎ᠶᠢᠨ ᠵᠢᠱ᠌ᠢᠶᠡᠴᠢ᠎ᠶᠢᠨ ᠵᠣᠷᠢᠭ᠋ ᠰᠠᠨᠠᠭ᠎ᠠ᠂ ᠬᠥᠳᠡᠯᠮᠦᠷᠢ᠎ᠶᠢᠨ ᠵᠣᠷᠢᠭ᠋ ᠰᠠᠨᠠᠭ᠎ᠠ᠂ ᠤᠷᠠᠨ ᠳᠠᠷᠬᠠᠨ᠎ᠤ ᠵᠣᠷᠢᠭ᠋ ᠰᠠᠨᠠᠭ᠎ᠠ᠎ᠶᠢ ᠶᠡᠬᠡ ᠪᠡᠷ ᠪᠠᠳᠠᠷᠠᠭᠤᠯᠵᠤ᠂ ᠡᠭᠡᠯ ᠵᠢᠷ᠎ᠦᠨ ᠪᠥᠭᠡᠳ ᠠᠭᠤᠤ ᠶᠡᠬᠡ ᠬᠥᠳᠡᠯᠮᠦᠷᠢᠴᠢᠨ ᠨᠢᠭᠡ ᠪᠦᠷᠢᠳᠦ ᠬᠦᠨᠳᠦᠳᠬᠡᠯ ᠳᠡᠪᠰᠢᠭᠦᠯᠵᠡᠢ᠃
《ᠬᠥᠳᠡᠯᠮᠦᠷᠢ᠎ᠶᠢᠨ ᠵᠢᠱ᠌ᠢᠶᠡᠴᠢ᠎ᠶᠢᠨ ᠵᠣᠷᠢᠭ᠋ ᠰᠠᠨᠠᠭ᠎ᠠ ᠨᠢ ᠥᠷᠭᠡᠨ ᠤᠯᠠᠨ ᠬᠥᠳᠡᠯᠮᠦᠷᠢᠴᠢᠳ᠎ᠤᠨ ᠲᠤᠬᠠᠢ ᠮᠠᠬᠲᠠᠭᠠᠯ ᠰᠠᠢᠰᠢᠶᠠᠯ ᠪᠤᠯᠬᠤ ᠮᠦᠷᠲᠡᠭᠡᠨ ᠨᠡᠩ ᠴᠤ᠌ ᠠᠵᠢᠯ᠎ᠤᠨ ᠪᠠᠢᠷᠢ ᠳᠡᠭᠡᠷᠡᠬᠢ ᠨᠢᠭᠡ ᠵᠦᠢᠯ᠎ᠦᠨ ᠬᠠᠷᠢᠭᠤᠴᠠᠯᠭ᠎ᠠ ᠪᠠ ᠡᠭᠦᠷᠭᠡᠯᠡᠯ ᠪᠣᠯᠣᠨ᠎ᠠ᠃ ᠲᠣᠭᠯᠠᠯᠲᠠ᠎ᠶᠢ ᠦᠵᠡᠭᠡᠳ ᠪᠢ ᠲᠤᠢᠯ᠎ᠢᠶᠠᠷ ᠣᠮᠣᠭᠰᠢᠵᠤ᠂ ᠬᠠᠷᠢᠭᠤᠴᠠᠯᠭ᠎ᠠ ᠬᠦᠨᠳᠦ ᠭᠡᠳᠡᠭ᠎ᠢ ᠭᠦᠨ ᠣᠢᠯᠠᠭᠠᠪᠠ᠃ ᠬᠥᠳᠡᠯᠮᠦᠷᠢ ᠶ᠋ᠢᠨ ᠵᠢᠱ᠌ᠢᠶᠡᠴᠢ ᠪᠣᠯᠤᠭᠰᠠᠨ᠎ᠤ ᠬᠤᠪᠢ᠎ᠳᠤ ᠪᠢ ᠨᠡᠩ ᠥᠨᠳᠥᠷ ᠪᠠᠷᠢᠮᠵᠢᠶ᠎ᠠ᠎ᠪᠠᠷ ᠥᠪᠡᠷ ᠢ᠋ᠪᠡᠨ ᠱᠠᠭᠠᠷᠳᠠᠵᠤ᠂ ᠮᠡᠷᠭᠡᠵᠢᠯ᠎ᠦᠨ ᠬᠢᠷᠢ ᠬᠡᠮᠵᠢᠶ᠎ᠡ᠎ᠪᠡᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠮᠡᠷᠭᠡᠵᠢᠯ᠎ᠦᠨ ᠰᠢᠨ᠎ᠡ ᠶ᠋ᠢ ᠡᠭᠦᠳᠬᠦ᠎ᠳᠦ ᠢᠳᠡᠪᠬᠢᠲᠡᠢ ᠣᠷᠣᠯᠴᠠᠵᠤ᠂ ᠳᠡᠷᠭᠡᠳᠡᠬᠢ ᠬᠥᠮᠥᠰ ᠢ᠋ᠶ᠋ᠡᠨ ᠳᠠᠶ᠋ᠢᠴᠢᠯᠠᠨ ᠬᠠᠮᠲᠤ ᠪᠠᠷ ᠲᠡᠮᠡᠴᠡᠵᠦ᠂ ᠠᠵᠤ ᠠᠬᠤᠢᠯᠠᠯ᠎ᠤᠨ ᠬᠥᠭᠵᠢᠯᠲᠡ᠎ᠳᠦ ᠨᠡᠩ ᠢᠯᠡᠬᠦᠦ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠥᠪᠥᠷ ᠮᠣᠩᠭᠣᠯ᠎ᠤᠨ ᠨᠢᠭᠡᠳᠦᠭᠡᠷ ᠮᠠᠰᠢᠨ ᠮᠧᠬᠠᠨᠢᠭ᠋᠎ᠤᠨ ᠪᠦᠯᠦᠭᠯᠡᠯ᠎ᠦᠨ ᠬᠢᠵᠠᠭᠠᠷᠲᠤ ᠺᠣᠮᠫᠠᠨᠢ᠎ᠶᠢᠨ ᠪᠤᠭᠤᠲᠤ᠎ᠶᠢᠨ ᠤᠮᠠᠷᠠᠲᠤ᠎ᠶᠢᠨ ᠦᠢᠯᠡᠰ ᠪᠣᠰᠬᠠᠬᠤ ᠬᠢᠵᠠᠭᠠᠷᠲᠤ ᠬᠠᠷᠢᠭᠤᠴᠠᠯᠭᠠᠲᠦ ᠺᠣᠮᠫᠠᠨᠢ᠎ᠶᠢᠨ ᠸᠠᠩ ᠴᠢ ᠴᠢ ᠬᠡᠯᠡᠪᠡ᠃