3 ᠰᠠᠷ᠎ᠠ᠎ᠶ᠋ᠢᠨ 19 ᠦ᠌ ᠡᠳᠦᠷ᠂ ᠲᠦᠩᠭᠡᠵᠢ ᠦᠦᠷ ᠭᠡᠭᠡᠷᠡᠵᠦ ᠪᠠᠢᠳᠠᠯ᠎ᠠ ᠳᠢ ᠠᠩ ᠶᠠᠭᠠᠷᠠᠤ ᠰᠠᠨᠳᠤᠷᠤᠤ ᠪᠣᠰᠤᠭᠠᠳ᠂︽ᠴᠠᠭᠳᠠᠭᠠᠨ ᠤ ᠰᠢᠤᠳᠠᠨᠢ᠋ᠶ᠋ᠠᠷ ᠠᠷᠠᠳ᠎ᠲᠤ ᠳᠥᠭᠥᠮ ᠦᠵᠡᠭᠦᠯᠬᠦ︾ᠲᠦᠷᠭᠡᠨ ᠭᠤᠪᠢᠭᠤᠯᠭ᠎ᠠ᠎ᠶ᠋ᠢᠨ ᠲᠤᠰᠴᠤ ᠭᠤᠪᠢᠭᠤᠯᠬᠤ ᠲᠠᠰᠤᠭ᠎ᠲᠤ᠌ ᠬᠦᠷᠴᠦ ᠂ ᠦᠨᠳᠦᠰᠦᠨ ᠱᠠᠲᠤᠨᠳ᠋ᠤ᠌ ᠭᠤᠪᠢᠭᠤᠯᠬᠤ ᠰᠢᠤᠳᠠᠨᠤ᠋ ᠪᠣᠭᠣᠳᠠᠯᠢ᠋ ᠡᠮᠬᠢᠳᠬᠡᠵᠦ ᠡᠬᠢᠯᠡᠵᠡᠢ᠃ 7 ᠴᠠᠭ 30 ᠮᠢᠨᠦ᠋ᠲ᠎ᠲᠦ᠍ 《ᠴᠠᠭᠳᠠᠭᠠᠨ᠎ᠤ ᠰᠢᠤᠳᠠᠨᠢ᠋ᠶ᠋ᠠᠷ ᠠᠷᠠᠳ᠎ᠲᠤ ᠳᠥᠭᠥᠮ ᠦᠵᠡᠭᠦᠯᠬᠦ》 ᠦᠢᠯᠡᠴᠢᠯᠡᠭᠡᠨ᠎ᠦ᠌ ᠲᠡᠷᠭᠡ ᠬᠦᠷᠴᠦ ᠢᠷᠡᠬᠦ ᠦᠶ᠎ᠡ᠎ᠳ᠋ᠦ᠍ ᠲᠡᠷᠡ ᠪᠦᠬᠦ ᠪᠠᠷᠠᠭ᠎ᠠ᠎ᠪᠠᠨ ᠠᠩᠭᠢᠯᠠᠵᠦ ᠲᠢᠭᠯᠡᠭᠡᠳ ᠪᠡᠯᠡᠭᠡᠨ ᠪᠤᠯᠭᠠᠭᠰᠠᠨ ᠪᠠᠢᠪᠠ᠃
《ᠡᠨᠡ ᠤᠳᠠᠭ᠎ᠠ ᠨᠡᠯᠢᠶᠡᠳ ᠠᠷᠪᠢᠨ ᠪᠣᠭᠣᠳᠠᠯ ᠪᠤᠢ᠂ ᠳᠣᠲᠣᠷ᠎ᠠ ᠨᠢ ᠨᠡᠯᠢᠶᠡᠳ ᠬᠡᠳᠦᠨ ᠠᠳᠠᠯᠢ ᠨᠡᠷ᠎ᠡ ᠲᠠᠢ ᠪᠤᠭᠤᠳᠠᠯ ᠪᠠᠢᠭ᠎ᠠ᠂ ᠪᠠᠷᠠᠭ᠎ᠠ᠎ᠪᠠᠨ ᠬᠦᠷᠭᠡᠬᠦᠳ᠋ᠡᠭᠡᠨ ᠠᠯᠢ ᠦᠢᠯᠡᠴᠢᠯᠡᠭᠡᠨ᠎ᠤ ᠥᠷᠲᠡᠭᠡ᠎ᠶᠢᠨ ᠬᠢ᠂ ᠠᠯᠢ ᠭᠠᠴᠠᠭᠠᠨᠤ᠋ ᠮᠠᠯᠴᠢᠨ᠎ᠤ ᠬᠢ ᠪᠣᠯᠬᠤ᠎ᠶ᠋ᠢ ᠲᠣᠳᠣᠷᠬᠠᠢ ᠬᠠᠷᠠᠭᠠᠷᠠᠢ᠂ ᠶᠠᠭᠠᠬᠢᠭᠰᠠᠨ ᠴᠤ᠌ ᠪᠤᠷᠤᠭᠤ ᠬᠦᠷᠭᠡᠵᠦ ᠪᠣᠯᠬᠤ ᠥᠬᠡᠢ ᠰᠢᠦ》 ᠭᠡᠮᠡᠨ ᠪᠦᠭᠦᠳᠡᠪᠤᠭᠤᠳᠠᠯ ᠢ ᠲᠡᠷᠭᠡᠨᠳ᠋ᠦ᠍ ᠠᠴᠢᠬᠰᠠᠨᠤ ᠳᠠᠷᠠᠭ᠎ᠠ ᠳᠢ ᠠᠩ ᠪᠠᠷᠠᠭ᠎ᠠ ᠬᠦᠷᠭᠡᠬᠦ ᠬᠠᠮᠲᠤ ᠠᠵᠢᠯᠲᠠᠨ᠎ᠳᠠᠭᠠᠨ ᠠᠬᠢᠨ ᠲᠠᠬᠢᠨ ᠵᠠᠬᠢᠵᠦ ᠰᠠᠨᠠᠭᠤᠯᠤᠨ᠎ᠠ᠃
ᠳᠢ ᠠᠩ ᠪᠣᠯ ᠪᠠᠶᠠᠨᠨᠠᠭᠤᠷ᠎ᠤ᠋ᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠤᠷᠠᠳ᠎ᠤ᠋ᠨ ᠬᠣᠢᠲᠤ ᠬᠤᠰᠢᠭᠤᠨ᠎ᠤ᠋ ᠶᠡᠬᠡ ᠠᠩᠭᠢ᠎ᠶ᠋ᠢᠨ ᠠᠷᠠᠳ᠎ᠤ᠋ᠨ ᠴᠠᠭᠳᠠᠭ᠎ᠠ ᠪᠣᠯᠤᠨ᠎ᠠ᠃ 2014 ᠣᠨ᠎ᠳ᠋ᠤ᠌ 18 ᠨᠠᠰᠤᠲᠠᠢ ᠲᠡᠷᠡ ᠴᠡᠷᠢᠭ᠎ᠲᠦ᠍ ᠣᠷᠣᠭᠠᠳ ᠡᠨᠳᠡ ᠵᠢᠵᠢᠭᠦᠷᠯᠡᠵᠦ᠂ ᠨᠢᠭᠡ ᠮᠡᠳᠡᠬᠦ᠎ᠳᠤ 10 ᠵᠢᠯ᠎ᠤᠨ ᠨᠢᠭᠤᠷ᠎ᠢ ᠦᠵᠡᠴᠢᠬᠡᠯ᠎ᠡ᠂ ᠶᠡᠬᠡ ᠠᠩᠭᠢ᠎ᠶ᠋ᠢᠨ ᠠᠯᠪᠠᠨ ᠭᠡᠷ᠎ᠤᠨ ᠬᠠᠮᠢᠶᠠᠷᠤᠯᠳᠠ᠂ ᠰᠦᠯᠵᠢᠶ᠎ᠡ᠎ᠶᠢᠨ ᠮᠡᠷᠭᠡᠵᠢᠯ᠂ ᠴᠢᠬᠤᠯᠠ ᠨᠢᠭᠤᠴᠠ ᠵᠡᠷᠭᠡ ᠣᠯᠠᠨ ᠠᠵᠢᠯ᠎ᠢ᠋ ᠪᠣᠳᠠᠲᠠᠢ ᠬᠠᠷᠢᠭᠤᠴᠠᠵᠤ ᠪᠤᠢ᠃
︽ᠴᠠᠭᠳᠠᠭᠠᠨ᠎ᠤ ᠰᠢᠤᠳᠠᠨᠢ᠋ᠶ᠋ᠠᠷ ᠠᠷᠠᠳ᠎ᠲᠤ ᠳᠥᠭᠥᠮ ᠦᠵᠡᠭᠦᠯᠬᠦ︾ᠰᠢᠤᠳᠠᠨᠤ᠋ ᠵᠠᠮ ᠪᠣᠯ ᠤᠷᠠᠳ᠎ᠤ᠋ᠨ ᠬᠣᠢᠲᠤ ᠬᠤᠰᠢᠭᠤᠨ᠎ᠤ᠋ ᠬᠢᠯᠢ᠎ᠶ᠋ᠢᠨ ᠬᠠᠮᠢᠶᠠᠷᠤᠯᠲᠠ᠎ᠶ᠋ᠢᠨ ᠶᠡᠬᠡ ᠠᠩᠭᠢ᠎ᠶ᠋ᠢᠨ ᠭᠠᠷᠭᠠᠭᠰᠠᠨ ᠭᠢᠯᠠᠰ ᠴᠡᠭᠢᠨᠵᠧᠨᠧᠷᠢᠩ ᠪᠠᠢᠵᠤ᠂ ᠳᠢ ᠠᠩᠤ᠋ᠨ ᠬᠠᠷᠢᠭᠤᠴᠠᠵᠤ ᠪᠠᠢᠭ᠎ᠠ ᠠᠵᠢᠯ᠎ᠤ᠋ᠨ ᠨᠢᠭᠡ ᠨᠢ ᠪᠣᠯᠤᠨ᠎ᠠ᠃ ᠦᠢᠯᠡᠴᠢᠯᠡᠭᠡᠨ᠎ᠦ᠌ ᠲᠡᠷᠭᠡ ᠨᠢ ᠭᠠᠷᠠᠭ ᠪᠦᠷᠢ ᠲᠣᠭᠲᠠᠭᠰᠠᠨ ᠬᠤᠭᠤᠴᠠᠭ᠎ᠠ᠎ᠲᠠᠢ ᠦᠨᠳᠦᠰᠦᠨ ᠱᠠᠲᠤᠨᠳ᠋ᠤ᠌ ᠪᠠᠭᠤᠵᠤ ᠪᠠᠷᠠᠭ᠎ᠠ ᠬᠦᠷᠭᠡᠳᠡᠭ᠂ ᠤᠳᠠᠭ᠎ᠠ ᠪᠦᠷᠢ ᠵᠠᠮ ᠳᠠᠭᠠᠤ 20 ᠭᠠᠷᠤᠢ ᠦᠢᠯᠡᠴᠢᠯᠡᠭᠡᠨ᠎ᠦ᠌ ᠴᠡᠭ︵ᠥᠷᠲᠡᠭᠡ︶ᠲᠦ᠍ ᠪᠠᠷᠠᠭ᠎ᠠ ᠬᠦᠷᠭᠡᠨ᠎ᠡ᠃
ᠰᠠᠶᠢᠬᠠᠨ 《ᠴᠠᠭᠳᠠᠭᠠᠨ ᠤ ᠰᠢᠤᠳᠠᠨᠢ᠋ᠶ᠋ᠠᠷ ᠠᠷᠠᠳ ᠲᠦ᠍ ᠳᠥᠭᠥᠮ ᠦᠵᠡᠭᠦᠯᠬᠦ》 ᠲᠦᠷᠭᠡᠨ ᠭᠤᠪᠢᠭᠤᠯᠭ᠎ᠠ᠎ᠶ᠋ᠢᠨ ᠲᠤᠰᠴᠤ ᠬᠦᠷᠭᠡᠬᠦ ᠲᠠᠰᠤᠭ᠎ᠡᠴᠡ ᠭᠠᠷᠴᠤ ᠢᠷᠡᠭᠡᠳ ᠠᠯᠪᠠᠨ ᠭᠡᠷ ᠵᠦᠭ᠎ᠢᠶᠡᠨ ᠶᠠᠪᠤᠵᠤ ᠪᠠᠢᠳᠠᠯ᠎ᠠ ᠲᠡᠭᠦᠨ᠎ᠦ᠌ ᠭᠠᠷ ᠤᠲᠠᠰᠤ ᠨᠢ ᠳᠤᠤᠭᠠᠷᠤᠯ᠎ᠠ᠃ ᠤᠤᠯ ᠨᠢ ᠬᠠᠮᠲᠤ ᠠᠵᠢᠯᠲᠠᠨᠤ᠋ ᠬᠢᠨᠢ ᠺᠣᠮᠫᠢᠦ᠋ᠲ᠋ᠧᠷ ᠨᠢ ᠠᠰᠠᠭᠤᠳᠠᠯ ᠭᠠᠷᠴᠤ᠂ ᠮᠠᠰᠢ ᠠᠷᠪᠢᠨ ᠵᠥᠭᠡᠯᠡᠨ ᠲᠤᠨᠤᠭ ᠨᠢ ᠨᠡᠭᠡᠭᠡᠵᠦ ᠳᠡᠢᠯᠬᠦ ᠦᠭᠡᠢ ᠪᠤᠯᠤᠭᠠᠳ᠂ ᠲᠡᠭᠦᠨ ᠡᠴᠡ ᠲᠤᠰᠠᠯᠠᠮᠵᠢ ᠭᠤᠶᠤᠭᠰᠠᠨ ᠪᠠᠢᠨ᠎ᠠ᠃ ᠳᠢ ᠠᠩ ᠲᠡᠷᠡ ᠲᠠᠷᠤᠢ ᠣᠴᠢᠵᠦ ᠦᠵᠡᠭᠰᠡᠨ᠎ᠴᠢᠨᠢ ᠰᠠᠨᠠᠭᠠᠨᠠ᠋ᠴᠠ ᠭᠠᠳᠠᠨ᠎ᠠ ᠬᠦᠨᠳᠦ ᠠᠰᠠᠭᠤᠳᠠᠯ ᠭᠠᠷᠴᠤ᠂ ᠰᠢᠰᠲ᠋ᠧᠮ᠎ᠦ᠋ᠨ ᠲᠠᠪᠠᠭᠠ᠋ᠴᠠ ᠭᠠᠳᠠᠨ᠎ᠠ ᠪᠤᠰᠤᠳ ᠲᠠᠪᠠᠭ ᠨᠢ ᠪᠦᠷ ᠡᠷᠢᠵᠦ ᠣᠯᠬᠤ ᠦᠭᠡᠢ ᠪᠣᠯᠵᠠᠢ᠂ ᠺᠣᠮᠫᠢᠦ᠋ᠲ᠋ᠧᠷ ᠳᠣᠲᠣᠷ᠎ᠠ ᠨᠢ 10 ᠭᠠᠷᠤᠢ ᠵᠤᠷᠪᠤᠰ ᠡᠨᠳᠡᠯ ᠭᠠᠷᠤᠭᠰᠠᠨ ᠰᠠᠨᠠᠭᠤᠯᠤᠮᠵᠢᠪᠠᠢᠵᠤ᠂ ᠬᠡᠷᠪᠡ ᠵᠠᠰᠠᠵᠤ ᠳᠡᠢᠯᠬᠦ ᠦᠭᠡᠢ ᠪᠣᠯ ᠰᠢᠰᠲ᠋ᠧᠮ᠎ᠢ ᠳᠠᠬᠢᠵᠦ ᠤᠭᠰᠠᠷᠠᠨ᠎ᠠ᠂ ᠰᠢᠰᠲ᠋ᠧᠮ᠎ᠢ ᠳᠠᠬᠢᠵᠦ ᠤᠭᠰᠠᠷᠠᠪᠠᠯ ᠤᠤᠯ ᠤ᠋ᠨ ᠬᠠᠳᠠᠭᠠᠯᠠᠭᠰᠠᠨ ᠠᠯᠢᠪᠠ ᠪᠢᠴᠢᠭ ᠮᠠᠲ᠋ᠧᠷᠢᠶᠠᠯ ᠨᠢ ᠪᠦᠷ ᠭᠡᠭᠡᠭᠳᠡᠨ᠎ᠡ᠃ ᠳᠢ ᠠᠩ ᠺᠣᠮᠫᠢᠦ᠋ᠲ᠋ᠧᠷ ᠢ ᠤᠷᠤᠯᠳᠤᠭᠰᠠᠭᠠᠷ ᠪᠠᠢᠵᠤ᠂ ᠵᠣᠯᠢ᠋ᠶ᠋ᠠᠷ ᠨᠢᠭᠤᠭᠳᠠᠵᠤ ᠪᠠᠢᠭ᠎ᠠ ᠪᠢᠴᠢᠭ ᠮᠠᠲ᠋ᠧᠷᠢᠶᠠᠯ᠎ᠢ᠋ ᠨᠢ ᠡᠷᠢᠵᠦ ᠣᠯᠤᠭᠠᠤᠨ ᠦᠭᠴᠡᠢ᠃
ᠳᠢ ᠠᠩ᠄︽ᠪᠢ ᠺᠣᠮᠫᠢᠦ᠋ᠲ᠋ᠧᠷ᠎ᠤᠨ ᠲᠤᠰᠬᠠᠢ ᠮᠡᠷᠭᠡᠵᠢᠯ᠎ᠢ ᠰᠤᠷᠤᠭᠰᠠᠨ ᠦᠭᠡᠢ ᠪᠣᠯᠪᠠᠴᠤ ᠡᠨᠳᠡᠬᠢ ᠠᠵᠢᠯ ᠢ᠋ ᠬᠤᠪᠢᠳᠠᠨ ᠬᠠᠮᠢᠶᠠᠷᠤᠭᠰᠠᠨᠤ᠋ ᠳᠠᠷᠠᠭ᠎ᠠ ᠥᠪᠡᠷᠢ᠋ᠶ᠋ᠡᠨ ᠰᠢᠰᠲ᠋ᠧᠮᠲᠡᠢᠰᠤᠷᠴᠤ ᠰᠤᠳᠤᠯᠤᠭᠠᠳ᠂ ᠤᠨᠴᠠᠭᠠᠢ ᠬᠦᠴᠢᠷ ᠠᠰᠠᠭᠤᠳᠠᠯ ᠪᠢᠰᠢ ᠪᠣᠯ ᠪᠦᠷ ᠰᠢᠢᠳᠪᠦᠷᠢᠯᠡᠵᠦ ᠴᠢᠳᠠᠬᠤ ᠪᠤᠯᠵᠠᠢ︾ᠭᠡᠵᠦ ᠰᠤᠷᠪᠤᠯᠵᠢᠯᠠᠭᠴᠢ᠎ᠳᠤ ᠶᠠᠷᠢᠵᠦ ᠪᠠᠢᠯ᠎ᠠ᠃
《ᠮᠠᠷᠭᠠᠰᠢ ᠪᠠᠰᠠ ᠳᠡᠭᠡᠷ᠎ᠠ ᠱᠠᠲᠤᠨ᠎ᠤ ᠲᠣᠬᠢᠷᠠᠭᠤᠯᠤᠭᠰᠠᠨ ᠲᠤᠬᠠᠢᠯᠠᠭᠰᠠᠨ ᠠᠵᠢᠯ ᠤ᠋ᠨ ᠰᠢᠯᠭᠠᠯᠲᠠ ᠪᠤᠢ᠂ ᠡᠭᠦᠷᠭᠡ ᠪᠠᠴᠢᠮ ᠲᠤᠯᠠ ᠪᠢ ᠡᠷᠬᠡᠪᠰᠢ ᠰᠦᠯᠵᠢᠶᠡᠨ ᠤᠲᠠᠰᠤ ᠪᠠᠨ ᠤᠷᠢᠳᠴᠢᠯᠠᠨ ᠲᠣᠬᠢᠷᠠᠭᠤᠯᠵᠤ᠂ ᠺᠣᠮᠫᠢᠦ᠋ᠲ᠋ᠧᠷ᠎ᠢᠶᠡᠨ ᠤᠭᠰᠠᠷᠠᠬᠤ ᠴᠢᠬᠤᠯᠠ ᠲᠠᠢ᠂ ᠰᠢᠯᠭᠠᠯᠲᠠ᠎ᠵᠢ ᠰᠠᠭᠠᠳᠠᠭᠠᠵᠤ ᠪᠤᠯᠬᠤ ᠦᠭᠡᠢ︾ᠭᠡᠳ ᠬᠠᠮᠲᠤ ᠠᠵᠢᠯᠲᠠᠨ᠎ᠤ ᠪᠠᠨ ᠺᠤᠮᠫᠢᠦ᠋ᠲ᠋ᠧᠷᠢ ᠨᠢ ᠵᠠᠰᠠᠵᠤ ᠪᠠᠷᠠᠭᠰᠠᠨᠤ᠋ ᠳᠠᠷᠠᠭ᠎ᠠ᠂ ᠳᠢ ᠠᠩ ᠪᠠᠰᠠ ᠶᠠᠭᠠᠷᠠᠯᠲᠠᠢ ᠲᠡᠯᠭᠡᠭᠦᠷ ᠲᠤᠭᠤᠷᠢᠭᠠᠳ᠂ ᠰᠦᠯᠵᠢᠶᠡᠨ ᠤᠲᠠᠰᠤ᠂ ᠴᠠᠬᠢᠯᠭᠠᠨ ᠤᠭᠯᠠᠭᠤᠷ ᠵᠡᠷᠭᠡ ᠬᠡᠷᠡᠭᠰᠡᠯ᠎ᠢ ᠬᠤᠳᠠᠯᠳᠤᠨ ᠠᠪᠴᠤ ᠢᠷᠡᠭᠡᠳ᠂ ᠰᠢᠯᠭᠠᠯᠲᠠ᠎ᠶ᠋ᠢᠨ ᠲᠠᠯᠠᠪᠠᠢ᠎ᠪᠠᠨ ᠪᠡᠯᠡᠳᠭᠡᠵᠦ ᠡᠬᠢᠯᠡᠪᠡ᠃
ᠡᠩ᠎ᠤᠨ ᠦᠶ᠎ᠡ᠎ᠳ᠋ᠦ᠍ ᠲᠡᠷᠡ ᠪᠠᠰᠠ ᠦᠷᠭᠦᠯᠵᠢ ᠮᠠᠯᠴᠢᠳ᠎ᠤ᠋ᠨ ᠭᠡᠷ᠂ ᠣᠢᠷ᠎ᠠ ᠬᠠᠪᠢ᠎ᠶ᠋ᠢᠨ ᠬᠠᠮ ᠳᠡᠯᠭᠡᠭᠦᠷᠵᠢᠡᠷ ᠭᠦᠨᠵᠡᠭᠡᠢᠷᠡᠨ᠂ ᠬᠠᠤᠯᠢ ᠴᠠᠭᠠᠵᠠ᠎ᠶ᠋ᠢᠨ ᠮᠡᠳᠡᠯᠭᠡᠵᠡᠷᠭᠡ ᠶ᠋ᠢ ᠲᠦᠭᠡᠮᠡᠯᠵᠢᠭᠦᠯᠳᠡᠭ᠃ ᠲᠡᠷᠡ ᠲᠥᠷᠥ᠎ᠶ᠋ᠢᠨ ᠪᠣᠳᠣᠯᠭ᠎ᠠ᠂ ᠦᠢᠯᠡᠴᠢᠯᠡᠭᠡ᠂ ᠮᠡᠳᠡᠭᠡ ᠵᠠᠩᠭᠢ ᠬᠦᠷᠭᠡᠬᠦ᠂ ᠨᠠᠮ᠎ᠤ᠋ᠨ ᠠᠵᠢᠯ ᠢ᠋ ᠤᠯᠠᠮᠵᠢᠯᠠᠬᠤ᠂ ᠪᠦᠯᠬᠦᠮᠳᠡᠯ ᠢ᠋ ᠠᠬᠢᠭᠤᠯᠬᠤ᠂ ᠮᠡᠷᠭᠡᠵᠢᠯ ᠴᠢᠳᠠᠪᠤᠷᠢᠤᠯᠠᠮᠵᠢᠯᠠᠬᠤ᠂ 《ᠭᠤᠷᠪᠠ᠎ᠶ᠋ᠢ ᠬᠦᠷᠭᠡᠬᠦ ᠭᠤᠷᠪᠠ᠎ᠶ᠋ᠢ ᠤᠯᠠᠮᠵᠢᠯᠠᠬᠤ》 ᠬᠡᠪ ᠵᠠᠭᠪᠤᠷ᠎ᠤ᠋ᠨ ᠰᠢᠨ᠎ᠡ᠎ᠶ᠋ᠢ ᠡᠭᠦᠳᠴᠦ᠂ ᠲᠤᠬᠠᠢ᠎ᠶ᠋ᠢᠨ ᠭᠠᠵᠠᠷ᠎ᠤ᠋ᠨ ᠮᠠᠯᠴᠢᠨ ᠲᠠᠷᠢᠶᠠᠴᠢᠨᠤ᠋ ᠬᠦᠷᠢᠶᠡᠯᠡᠯᠢ᠋ ᠣᠯᠵᠤ᠂ ᠣᠯᠠᠨ ᠲᠦᠮᠡᠨ᠎ᠦ᠌ ᠲᠥᠷᠥ᠎ᠶ᠋ᠢᠨ ᠪᠣᠳᠣᠯᠭ᠎ᠠ᠎ᠶ᠋ᠢ ᠤᠢᠯᠠᠭᠠᠬᠤ ᠨᠣᠷᠮ᠎ᠠ᠎ᠶ᠋ᠢ ᠪᠦᠲᠦᠮᠵᠢᠲᠡᠢ ᠳᠡᠭᠡᠭᠰᠢᠯᠡᠭᠦᠯᠪᠡ᠃
ᠳᠢ ᠠᠩ ᠬᠢᠯᠢ᠎ᠶ᠋ᠢᠨ ᠠᠮᠤᠷ ᠲᠣᠭᠲᠠᠭᠤᠨ᠎ᠢ ᠪᠠᠲᠤᠯᠠᠬᠤ ᠵᠢᠨ ᠴᠢᠬᠤᠯᠠ ᠴᠢᠨᠠᠷ᠎ᠢ ᠭᠦᠨ ᠮᠡᠳᠡᠵᠦ᠂ 2023 ᠣᠨ᠎ᠳ᠋ᠤ᠌ 12 ᠬᠤᠪᠢ ᠪᠠᠴᠢᠮ ᠪᠠᠢᠳᠠᠯ᠎ᠢ᠋ ᠠᠷᠭᠠᠴᠠᠭᠠᠬᠤ ᠲᠥᠰᠦᠯ᠎ᠢ ᠰᠡᠳᠭᠢᠯ ᠲᠠᠯᠪᠢᠨ ᠨᠠᠢᠷᠠᠭᠤᠯᠤᠨ ᠵᠣᠬᠢᠶᠠᠵᠤ᠂ 14 ᠤᠳᠠᠭᠠᠨ᠎ᠤ ᠬᠠᠮᠲᠤᠷᠠᠨ ᠡᠭᠦᠷᠭᠡ ᠭᠦᠢᠴᠡᠳᠬᠡᠬᠦ᠂ ᠬᠢᠯᠢ ᠴᠠᠭᠳᠠᠨ ᠪᠠᠢᠴᠠᠭᠠᠬᠤ ᠵᠢᠴᠢ ᠬᠢᠯᠢ ᠬᠢᠵᠠᠭᠠᠷ᠎ᠤ᠋ᠨ ᠰᠣᠷᠢᠯᠲᠠ᠎ᠶ᠋ᠢ ᠲᠦᠷᠦᠭᠦᠯᠡᠨ ᠵᠣᠬᠢᠶᠠᠨ ᠪᠠᠢᠭᠤᠯᠵᠤ᠂ 920 ᠲᠡᠷᠭᠡ ᠬᠥᠰᠬᠡ᠎ᠶ᠋ᠢ ᠪᠠᠢᠴᠠᠭᠠᠨ ᠰᠢᠯᠭᠠᠵᠤ᠂ ᠪᠠᠰᠠ ᠬᠥᠯᠥᠰᠥᠨ ᠠᠵᠢᠯᠴᠢᠨᠳ᠋ᠤ᠌ ᠲᠤᠰᠠᠯᠠᠨ᠂ 9 ᠲᠦᠮᠡᠨ ᠲᠥᠭᠥᠷᠢᠭ᠎ᠦ᠋ᠨ ᠥᠷᠢᠲᠦᠭᠰᠡᠨ ᠴᠠᠯᠢᠩ ᠢ᠋ ᠨᠢ ᠪᠤᠴᠠᠭᠠᠵᠤ ᠠᠪᠴᠤ ᠥᠭᠭᠦᠨ᠂ 4 ᠤᠳᠠᠭᠠᠨ᠎ᠤ᠋ ᠠᠮᠤᠷ ᠲᠦᠪᠰᠢᠨᠦ᠌ ᠬᠡᠷᠡᠭᠢ᠋ ᠵᠣᠬᠢᠰᠲᠠᠢ ᠰᠢᠢᠳᠪᠦᠷᠢᠯᠡᠪᠡ᠃
ᠡᠭᠦᠨ᠎ᠦ᠌ ᠬᠠᠮᠲᠤ᠂ ᠲᠡᠷᠡ ᠨᠠᠮ᠎ᠤᠨ ᠬᠡᠰᠢᠬᠦᠨ ᠪᠠ ᠣᠯᠠᠨ ᠲᠦᠮᠡᠨ᠎ᠦ᠌ ᠬᠥᠮᠦᠵᠢᠯ᠎ᠦ᠋ᠨ ᠬᠠᠷᠢᠯᠴᠠᠭᠠᠨ᠎ᠤ ᠲᠤᠤᠷ᠎ᠢ ᠢᠳᠡᠪᠬᠢᠲᠡᠢ ᠪᠠᠢᠭᠤᠯᠤᠨ᠂︽ᠲᠠᠯ᠎ᠠ ᠨᠤᠲᠤᠭ᠎ᠤ᠋ᠨ ᠬᠤᠪᠢᠰᠬᠠᠯ᠎ᠤ᠋ᠨ ᠰᠣᠶᠣᠯ᠎ᠤ᠋ᠨ ᠥᠷᠥᠭᠡ︾᠎ᠶ᠋ᠢ ᠭᠣᠣᠯᠯᠠᠨ ᠪᠠᠢᠭᠤᠯᠵᠤ᠂︽ᠴᠠᠭᠳᠠᠭ᠎ᠠ ᠠᠷᠠᠳ᠎ᠤᠨ ᠨᠠᠭᠠᠳᠤᠮ᠎ᠤᠨ ᠬᠤᠷᠠᠯ︾᠂ ᠴᠠᠭᠳᠠᠭᠠᠨ᠎ᠤ ᠬᠤᠸᠠᠷᠠᠨᠢ᠋ ᠨᠡᠭᠡᠭᠡᠬᠦ ᠡᠳᠦᠷᠯᠢᠭ ᠵᠡᠷᠭᠡ ᠠᠵᠢᠯᠯᠠᠭ᠎ᠠ᠎ᠶ᠋ᠢ ᠦᠷᠭᠦᠯᠵᠢ ᠵᠣᠬᠢᠶᠠᠨ ᠪᠠᠢᠭᠤᠯᠤᠭᠠᠳ᠂ ᠣᠯᠠᠨ ᠲᠦᠮᠡᠨ᠎ᠦ᠌ ᠣᠶᠤᠨᠤ᠋ ᠪᠠ ᠰᠣᠶᠣᠯ ᠤ᠋ᠨ ᠠᠮᠢᠳᠤᠷᠠᠯ᠎ᠢ᠋ ᠪᠠᠶᠠᠯᠢᠭᠵᠢᠭᠤᠯᠵᠤ᠂ ᠬᠠᠷᠢᠶ᠎ᠠ ᠣᠷᠣᠨ᠎ᠤ᠋ ᠠᠮᠤᠷ ᠲᠣᠭᠲᠠᠭᠤᠨ᠎ᠢ ᠪᠠᠲᠤᠯᠠᠬᠤᠳ᠋ᠤ᠌ ᠢᠳᠡᠪᠬᠢᠲᠡᠢ ᠬᠤᠪᠢ ᠨᠡᠮᠡᠷᠢ ᠦᠵᠡᠭᠦᠯᠦᠭᠰᠡᠭᠡᠷ ᠪᠠᠢᠨ᠎ᠠ᠃