ᠠᠯᠠᠱᠠ ᠶ᠋ᠢᠨ ᠬᠠᠳᠠᠨ ᠵᠢᠷᠤᠭ ᠤ᠋ᠨ ᠳᠠᠷᠤᠮᠠᠯ ᠴᠤᠬᠤᠯᠠᠪᠤᠷᠢ ᠶ᠋ᠢᠨ ᠦᠵᠡᠬᠦᠯᠬᠡ ᠵᠢᠶᠠᠩᠰᠦ ᠳ᠋ᠦ ᠶᠠᠪᠤᠭᠳᠠᠵᠦ ᠪᠤᠢ
2025-04-27 16:20:57
ᠵᠣᠬᠢᠶᠠᠭ᠍ᠴᠢ᠄
ᠬᠦᠭᠵᠢᠯᠳᠦ
ᠣᠩᠱᠢᠭ᠍ᠰᠠᠨ ᠣᠳᠠᠭ᠎ᠠ᠄
★★★☆☆

ᠦᠪᠡᠷᠳᠡᠭᠡᠨ ᠵᠠᠰᠠᠬᠤ ᠤᠷᠤᠨ ᠤ᠋ ᠰᠤᠶᠤᠯ ᠪᠠ ᠵᠢᠭᠤᠯᠴᠢᠯᠠᠯ ᠤ᠋ᠨ ᠲᠢᠩᠬᠢᠮ ᠡᠴᠡ ᠤᠢᠯᠠᠭᠠᠭᠰᠠᠨ ᠢ᠋ᠶ᠋ᠡᠷ᠂ ᠠᠯᠠᠱᠠ ᠠᠢᠮᠠᠭ ᠤ᠋ᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤ᠋ᠨ ᠲᠣᠪᠴᠢᠶ᠎ᠠ ᠵᠢᠨ ᠵᠢᠶᠠᠩᠰᠦ ᠮᠤᠵᠢ ᠶ᠋ᠢᠨ ᠢᠱᠢᠩ ᠬᠣᠲᠠ ᠶ᠋ᠢᠨ ᠰᠣᠶᠣᠯ ᠪᠡᠶ᠎ᠡ ᠶ᠋ᠢᠨ ᠲᠠᠮᠢᠷ ᠷᠠᠳᠢᠣ᠋ ᠲᠧᠯᠸᠢᠰ ᠪᠠ ᠵᠢᠭᠤᠯᠴᠢᠯᠠᠯ ᠤ᠋ᠨ ᠲᠣᠪᠴᠢᠶ᠎ᠠ ᠲᠠᠢ ᠬᠠᠮᠳᠤᠷᠠᠨ ᠡᠷᠭᠢᠯᠡᠭ᠌ᠰᠡᠨ 《ᠰᠣᠶᠣᠯ ᠤ᠋ᠨ ᠤᠯᠠᠮᠵᠢᠯᠠᠯ ᠦᠷᠭᠦᠯᠵᠢᠯᠡᠵᠦ ᠰᠡᠷᠭᠦᠨ ᠮᠠᠨᠳᠤᠯᠲᠠ ᠵᠦᠭ ᠤᠷᠤᠭ᠍ᠰᠢᠯᠠᠨ᠎ᠠ — ᠠᠯᠠᠱᠠ ᠶ᠋ᠢᠨ ᠬᠠᠳᠠᠨ ᠵᠢᠷᠤᠭ ᠤ᠋ᠨ ᠳᠠᠷᠤᠮᠠᠯ ᠴᠤᠬᠤᠯᠠᠪᠤᠷᠢ ᠶ᠋ᠢᠨ ᠦᠵᠡᠬᠦᠯᠬᠡ》 ᠢᠱᠢᠩ ᠬᠣᠲᠠ ᠶ᠋ᠢᠨ ᠮᠦᠽᠧᠶ ᠳ᠋ᠦ ᠢᠳᠡ ᠬᠦᠭ ᠲᠠᠢ ᠶᠠᠪᠤᠭᠳᠠᠵᠦ ᠪᠤᠢ᠃

ᠲᠡᠦᠬᠡ ᠶ᠋ᠢᠨ ᠳᠤᠷᠠᠰᠭᠠᠯᠲᠤ ᠵᠦᠶ᠋ᠯᠡᠰ ᠢ᠋ᠶ᠋ᠡᠷ ᠲᠡᠦᠬᠡ ᠶᠠᠷᠢᠭᠤᠯᠵᠤ ᠳᠤᠮᠳᠠᠳᠤ ᠶ᠋ᠢᠨ ᠱᠢᠯᠢᠳᠡᠭ ᠤᠯᠠᠮᠵᠢᠯᠠᠯᠲᠤ ᠰᠣᠶᠣᠯ ᠢ᠋ ᠪᠠᠳᠠᠷᠠᠭᠤᠯᠤᠨ᠎ᠠ᠃ ᠲᠣᠰ ᠤᠳᠠᠭᠠᠨ ᠤ᠋ ᠦᠵᠡᠭᠦᠯᠭᠡ ᠨᠢ ᠲᠩᠷᠢ ᠬᠥᠮᠦᠨ ᠤ᠋ ᠨᠢᠭᠡᠳᠦᠯ᠂ ᠵᠢᠷᠭᠠᠯᠠᠩᠲᠤ ᠲᠠᠯ᠎ᠠ ᠨᠤᠲᠤᠭ᠂ ᠡᠶ᠎ᠡ ᠵᠤᠬᠢᠴᠠᠩᠭᠤᠢ ᠤᠷᠤᠰᠢᠨ ᠲᠤᠭᠳᠠᠨᠢᠨ᠎ᠠ ᠬᠡᠬᠦ 3 ᠬᠡᠰᠡᠭ ᠲᠦ᠍ ᠨᠡᠢᠳᠡ 35 ᠲᠣᠮᠣ ᠳᠠᠷᠤᠮᠠᠯ ᠴᠤᠬᠤᠯᠠᠪᠤᠷᠢ᠂ 5 ᠬᠠᠳᠠᠨ ᠵᠢᠷᠤᠭ᠂ 4 ᠬᠤᠪᠢ ᠬᠠᠳᠠᠨ ᠵᠢᠷᠤᠭ ᠤ᠋ᠨ ᠬᠠᠭᠤᠯᠪᠤᠷᠢ᠂ 1 ᠬᠤᠪᠢ ᠴᠤᠬᠤᠯᠠᠪᠤᠷᠢ ᠳᠡᠪᠳᠡᠷ ᠢ᠋ ᠲᠠᠯᠬᠡᠨ ᠦᠵᠡᠬᠦᠯᠵᠦ᠂ ᠬᠠᠳᠠᠨ ᠵᠢᠷᠤᠭ ᠤ᠋ᠨ ᠳᠠᠷᠤᠮᠠᠯ ᠎ᠢᠶᠡᠷ ᠵᠠᠭᠤᠴᠢ ᠪᠣᠯᠭᠠᠨ᠂ ᠡᠷᠲᠡᠨ ᠤ᠋ ᠬᠢ ᠵᠢ ᠤᠯᠠᠮᠵᠢᠯᠠᠨ ᠱᠢᠨᠡᠴᠢᠯᠡᠬᠦ ᠰᠣᠶᠣᠯ ᠤ᠋ᠨ ᠤᠬᠠᠮᠰᠠᠷ᠂ ᠡᠯᠪᠡᠭ ᠪᠠᠶᠠᠯᠢᠭ ᠦᠨᠡᠨ ᠪᠣᠳᠠᠲᠠᠶ ᠰᠣᠶᠣᠯ ᠢᠷᠭᠡᠨᠱᠢᠯ ᠤ᠋ᠨ ᠰᠡᠳᠭᠢᠯᠭᠡ᠂ ᠡᠷᠲᠡᠨ ᠡᠳᠦᠭᠡ ᠶ᠋ᠢᠨ ᠶᠠᠷᠢᠯᠴᠠᠭᠠᠨ ᠤ᠋ ᠵᠣᠬᠢᠶᠠᠨ ᠪᠦᠲᠦᠭᠡᠬᠦ᠌ ᠬᠡᠯᠪᠡᠷᠢ᠂ ᠠᠯᠠᠱᠠ ᠶ᠋ᠢᠨ ᠬᠠᠳᠠᠨ ᠵᠢᠷᠤᠭ ᠤ᠋ᠨ ᠲᠡᠦᠬᠡᠨ ᠦᠨ᠎ᠡ ᠥᠷᠲᠡᠭ ᠪᠠ  ᠭᠤᠤ᠎ᠠ ᠰᠠᠢᠬᠠᠨ ᠤ᠋ ᠦᠨ᠎ᠡ ᠥᠷᠲᠡᠭ ᠢ᠋ ᠭᠦᠨ ᠠᠭᠤᠳᠠᠯᠵᠦ᠂ ᠡᠷᠲᠡᠨ ᠡᠳᠦᠭᠡ ᠶ᠋ᠢᠨ ᠣᠶᠤᠨ ᠰᠠᠨᠠᠭᠠᠨ ᠤ᠋ ᠬᠣᠯᠪᠣᠭᠠᠰᠤ ᠵᠢ ᠢᠯᠡᠷᠡᠭᠦᠯᠵᠦ᠂ ᠦᠨᠳᠦᠰᠦᠲᠡᠨ ᠤ᠋ ᠵᠣᠷᠢᠭ ᠰᠠᠨᠠᠭ᠎ᠠ ᠪᠠ ᠴᠠᠭ ᠦᠶ᠎ᠡ ᠶ᠋ᠢᠨ ᠵᠣᠷᠢᠭ ᠰᠠᠨᠠᠭᠠᠨ ᠤ᠋ ᠠᠭᠤᠰᠤᠯᠴᠠᠯ ᠢ᠋ ᠪᠣᠶ ᠪᠤᠯᠭᠠᠬᠤ ᠵᠢ  ᠵᠤᠷᠢᠵᠠᠢ᠃

ᠠᠯᠠᠱᠠ ᠶ᠋ᠢᠨ ᠮᠦᠽᠧᠢ ᠲᠣᠭᠣᠷᠢᠨ ᠦᠵᠡᠭᠦᠯᠭᠡ ᠬᠢᠬᠦ᠌ ᠠᠵᠢᠯ ᠤ᠋ᠨ ᠱᠢᠨ᠎ᠡ ᠵᠢ ᠡᠭᠦᠳᠦᠨ ᠲᠡᠰ ᠳᠡᠪᠱᠢᠬᠦ᠌ ᠵᠢ ᠠᠬᠢᠭᠤᠯᠵᠤ᠂ ᠣᠷᠣᠨ ᠤ᠋ ᠳᠣᠲᠣᠨ᠎ᠠ ᠭᠠᠳᠠᠨᠠᠬᠢ ᠤᠷᠳᠤᠨ ᠮᠦᠽᠧᠢ ᠲᠡᠶ ᠬᠣᠯᠪᠣᠭᠠᠯᠠᠨ ᠬᠥᠳᠡᠯᠦᠯᠴᠡᠬᠦ᠌ ᠵᠢ ᠴᠢᠩᠭᠠᠳᠭᠠᠬᠤ᠂ ᠣᠷᠳᠣᠨ ᠤ᠋ ᠬᠣᠭᠣᠷᠣᠨᠳᠣᠬᠢ ᠬᠠᠮᠲᠤᠷᠠᠯᠴᠠᠭ᠎ᠠ ᠵᠢ ᠭᠦᠨᠵᠡᠭᠡᠢᠷᠡᠭᠦᠯᠬᠦ᠌ ᠪᠡᠷ ᠳᠠᠮᠵᠢᠨ ᠰᠣᠶᠣᠯ ᠤ᠋ᠨ ᠰᠣᠯᠢᠯᠴᠠᠭᠠᠨ ᠤ᠋ ᠠᠷᠭ᠎ᠠ ᠵᠠᠮ ᠢ᠋ ᠥᠷᠭᠡᠳᠭᠡᠨ᠂ ᠨᠡᠩ ᠤᠯᠠᠨ ᠢᠯᠡ ᠲᠣᠳᠣ ᠭᠣᠣᠯ ᠰᠡᠳᠦᠪ ᠲᠠᠢ ᠡᠯᠪᠡᠭ ᠪᠠᠶᠠᠯᠢᠭ ᠠᠭᠤᠯᠭ᠎ᠠ ᠲᠠᠢ ᠬᠠᠮᠲᠤᠷᠠᠭ᠍ᠰᠠᠨ ᠦᠵᠡᠭᠦᠯᠭᠡ ᠵᠢ ᠤᠬᠠᠭᠤᠯᠵᠦ᠂ ᠤᠮᠠᠷᠠᠳᠦ ᠬᠢᠯᠢ ᠶ᠋ᠢᠨ ᠰᠤᠶᠤᠯ ᠢ᠋ ᠲᠦᠭᠡᠭᠡᠨ ᠳᠡᠯᠭᠡᠷᠡᠬᠦᠯᠵᠦ  ᠨᠡᠷ᠎ᠠ ᠠᠯᠳᠠᠷᠰᠢᠯ ᠢ᠋ ᠠᠬᠢᠭᠤᠯᠤᠨ᠂ ᠣᠯᠠᠨ ᠲᠦᠮᠡᠨ ᠤ᠋ ᠣᠶᠤᠨ ᠰᠠᠨᠠᠭ᠎ᠠ ᠰᠣᠶᠣᠯ ᠤ᠋ᠨ ᠠᠮᠢᠳᠤᠷᠠᠯ ᠢ᠋ ᠪᠠᠶᠠᠯᠢᠭ᠍ᠵᠢᠭᠤᠯᠵᠤ᠂ ᠤᠮᠠᠷᠠᠲᠤ ᠬᠢᠯᠢ ᠶ᠋ᠢᠨ ᠰᠣᠶᠣᠯ ᠤ᠋ᠨ ᠪᠠᠢᠭᠤᠯᠤᠯᠲᠠ᠌ ᠳ᠋ᠦ ᠱᠢᠨ᠎ᠡ ᠠᠮᠢᠵᠢᠷᠠᠯ ᠤ᠋ᠨ ᠬᠦᠴᠦᠨ ᠨᠡᠮᠡᠷᠢᠯᠡᠵᠤ ᠪᠠᠢᠨ᠎ᠠ᠃ ᠤᠢᠯᠠᠭᠠᠭᠰᠠᠨ ᠵᠢᠡᠷ᠂ ᠲᠤᠰ ᠦᠵᠡᠬᠦᠯᠬᠡ ᠨᠢ 4 ᠰᠠᠷ᠎ᠠ ᠦᠷᠬᠦᠯᠵᠢᠯᠨᠬᠦ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号