— ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶ᠋ᠢᠨ ᠵᠢᠱ᠌ᠢᠶᠡᠴᠢ ᠤᠯᠠᠭᠠᠨᠴᠠᠪ ᠬᠣᠲᠠ᠎ᠶ᠋ᠢᠨ ᠳᠥᠷᠪᠡᠳ ᠬᠣᠱᠢᠭᠤᠨ᠎ᠤ ᠵᠠᠩᠭᠠᠨ ᠰᠤᠮᠤ᠎ᠶ᠋ᠢᠨ ᠸᠧᠶ ᠵᠢᠩ ᠭᠠᠴᠠᠭᠠᠨ᠎ᠤ ᠨᠠᠮ᠎ᠤᠨ ᠡᠭᠦᠷ᠎ᠦᠨ ᠳᠡᠳ᠋ ᠱᠦᠵᠢ ᠭᠠᠩᠪᠤᠯᠤᠳᠢ ᠲᠡᠮᠳᠡᠭᠯᠡᠪᠡ
《ᠡᠨᠡ ᠪᠣᠯ ᠥᠴᠥᠭᠡᠳᠦᠷ᠎ᠤᠨ ᠬᠦᠷᠲᠡᠭᠰᠡᠨ ᠢᠷᠠᠭᠤ ᠠᠯᠳᠠᠷ ᠪᠤᠯᠤᠨ᠎ᠠ᠂ ᠲᠠ ᠶᠠᠭᠠᠬᠢᠭᠰᠡᠨ ᠴᠤ᠌ ᠰᠠᠢᠬᠠᠨ ᠬᠠᠳᠠᠭᠠᠯᠠᠭᠠᠷᠠᠢ᠂ ᠲᠠᠨ᠎ᠤ ᠭᠠᠪᠢᠶ᠎ᠠ ᠪᠠᠢᠨ᠎ᠠ ᠰᠢᠦ!》 4 ᠰᠠᠷ᠎ᠠ᠎ᠶ᠋ᠢᠨ 25 ᠤ᠋ ᠡᠳᠦᠷ᠂ ᠤᠯᠠᠭᠠᠨᠴᠠᠪ ᠬᠣᠲᠠ᠎ᠶ᠋ᠢᠨ ᠳᠥᠷᠪᠡᠳ ᠬᠣᠱᠢᠭᠤᠨ᠎ᠤ ᠵᠠᠩᠭᠠᠨ ᠰᠤᠮᠤ᠎ᠶ᠋ᠢᠨ ᠸᠧᠶ ᠵᠢᠩ ᠭᠠᠴᠠᠭᠠᠨ᠎ᠤ ᠨᠠᠮ᠎ᠤᠨ ᠡᠭᠦᠷ᠎ᠦᠨ ᠳᠡᠳ᠋ ᠱᠦᠵᠢ ᠭᠠᠩᠪᠤᠯᠤᠳ ᠡᠬᠡᠨᠡᠷᠲᠡᠬᠡᠨ ᠨᠢᠭᠡ ᠬᠤᠪᠢ ᠣᠨᠴᠠᠭᠠᠶ ᠪᠡᠯᠡᠭ ᠬᠦᠷᠭᠡᠯ᠎ᠠ — ᠡᠨᠡ ᠨᠢ ᠲᠡᠭᠦᠨ᠎ᠤ ᠬᠦᠷᠲᠡᠭᠰᠡᠨ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠢᠷᠠᠭᠤ ᠠᠯᠳᠠᠷ᠎ᠤᠨ ᠦᠨᠡᠮᠯᠡᠯ》 ᠪᠤᠯᠤᠨ᠎ᠠ᠂ ᠲᠡᠭᠦᠨ᠎ᠦ ᠡᠬᠡᠨᠡᠷ ᠤᠷᠠᠨ᠎ᠠ ᠢᠨᠢᠶᠡᠮᠰᠦᠭ᠌ᠯᠡᠵᠦ᠍᠂ ᠢᠷᠠᠭᠤ ᠠᠯᠳᠠᠷ᠎ᠤᠨ ᠦᠨᠡᠮᠯᠡᠯ᠎ᠢ ᠨᠢ ᠭᠠᠷᠳᠠᠨ ᠠᠪᠴᠤ ᠨᠣᠮ᠎ᠤᠨ ᠲᠠᠯᠪᠢᠭᠤᠷ ᠳᠡᠭᠡᠷ᠎ᠡ ᠲᠠᠯᠪᠢᠪᠠ᠃
ᠡᠨᠡ ᠵᠢᠯ 47 ᠨᠠᠰᠤᠲᠠᠢ ᠭᠠᠩᠪᠤᠯᠤᠳ ᠪᠠᠰᠠ ᠨᠢᠭᠡᠨ ᠣᠨᠴᠠᠭᠠᠢ ᠪᠡᠶ᠎ᠡ᠎ᠶ᠋ᠢᠨ ᠭᠠᠷᠤᠯ᠎ᠲᠠᠶ᠂ ᠲᠤᠬᠠᠢᠯᠠᠪᠠᠯ 《ᠤᠯᠤᠰ᠎ᠤᠨ ᠬᠡᠦᠬᠡᠳ》 ᠤ᠋ᠨ ᠬᠣᠢᠴᠢ ᠦᠶ᠎ᠡ ᠪᠣᠯᠤᠨ᠎ᠠ᠃ ᠡᠴᠢᠭᠡ ᠡᠬᠡ ᠨᠢ ᠴᠥᠮ 《ᠤᠯᠤᠰ᠎ᠤᠨ ᠬᠡᠦᠬᠡᠳ》 ᠪᠤᠯᠬᠤᠷ ᠬᠡᠷ ᠪᠦᠯᠢ᠎ᠶ᠋ᠢᠨ ᠬᠥᠮᠦᠵᠢᠯ ᠪᠠ ᠡᠴᠢᠭᠡ ᠡᠬᠡ᠎ᠶ᠋ᠢᠨ᠎ᠢᠶᠡᠨ ᠨᠥᠯᠥᠭᠡ᠎ᠡᠴᠡ ᠪᠤᠯᠵᠤ᠂ ᠲᠡᠷᠡ ᠪᠡᠷ ᠨᠠᠮ ᠪᠠ ᠤᠯᠤᠰ᠎ᠲᠠᠭᠠᠨ ᠭᠦᠨ ᠵᠤᠵᠠᠭᠠᠨ ᠠᠴᠢ ᠬᠠᠷᠢᠭᠤᠯᠬᠤ ᠰᠡᠳᠭᠢᠯᠭᠡ᠎ᠲᠡᠶ ᠪᠠᠢᠳᠠᠭ᠃
ᠠᠪᠤ ᠡᠵᠢ᠎ᠶ᠋ᠢᠨ᠎ᠢᠶᠡᠨ ᠦᠷᠬᠦᠯᠵᠢ ᠶᠠᠷᠢᠳᠠᠭ ᠰᠡᠳᠬᠢᠯ ᠲᠤᠭᠳᠤᠯᠤᠭᠤᠯᠤᠮ᠎ᠠ ᠦᠯᠢᠭᠡᠷ᠎ᠢ ᠭᠠᠩᠪᠤᠯᠤᠳ ᠪᠠᠭ᠎ᠠ᠎ᠡᠴᠡ᠎ᠪᠠᠨ ᠤᠯᠠᠨ ᠤᠳᠠᠭ᠎ᠠ ᠰᠤᠨᠤᠰᠴᠠᠢ᠃ ᠠᠪᠤ ᠡᠵᠢ ᠨᠢ᠄ 《ᠬᠡᠦᠬᠡᠳ ᠡ᠂ ᠨᠠᠮ ᠪᠠ ᠤᠯᠤᠰ᠎ᠡᠴᠡ ᠪᠢᠳᠡᠨ᠎ᠳᠦ ᠣᠷᠣᠱᠢᠨ ᠲᠣᠭ᠍ᠲᠠᠨᠢᠬᠤ ᠬᠦᠰᠡᠯ ᠡᠷᠡᠮᠡᠯᠵᠡᠯ ᠣᠯᠭᠣᠵᠤ᠂ ᠪᠢᠳᠡᠨ᠎ᠳᠤ ᠥᠨᠥᠳᠦᠷ᠎ᠦᠨ ᠵᠣᠯ ᠵᠢᠷᠭᠠᠯ᠎ᠲᠠᠶ ᠠᠮᠤᠷ ᠲᠣᠭ᠍ᠲᠠᠭᠤᠨ ᠠᠮᠢᠳᠤᠷᠠᠯ ᠢ ᠡᠳ᠋ᠯᠡᠭᠦᠯᠦᠭᠰᠡᠨ ᠶᠤᠮ᠂ ᠪᠢᠳᠡ ᠡᠨᠡ ᠬᠦ᠌ ᠠᠴᠢᠡᠨᠡᠷᠢᠯᠢ ᠬᠡᠵᠢᠶ᠎ᠡ᠂ ᠬᠠᠮᠢᠭ᠎ᠠ ᠴᠤ᠌ ᠭᠡᠰᠡᠨ ᠴᠥᠮ ᠰᠡᠳᠭᠢᠯ᠎ᠳᠡᠭᠡᠨ ᠪᠠᠲᠤ ᠴᠡᠭᠡᠵᠢᠯᠡᠵᠦ᠍᠂ ᠰᠠᠢ᠌ᠨ ᠬᠥᠮᠦᠨ ᠪᠤᠯᠵᠤ᠂ ᠵᠥᠪ ᠵᠠᠮ᠎ᠢᠶᠠᠷ ᠵᠠᠮᠨᠠᠵᠤ᠂ ᠥᠪᠡᠷ᠎ᠦᠨ ᠬᠠᠮᠤᠭ᠎ᠤᠨ ᠶᠡᠬᠡ ᠴᠢᠷᠮᠠᠢᠯᠭ᠎ᠠ᠎ᠪᠡᠷ᠎ᠢᠶᠡᠨ ᠤᠯᠤᠰ ᠪᠠ ᠨᠡᠢᠭᠡᠮ᠎ᠳᠦ ᠬᠤᠪᠢ ᠨᠡᠮᠡᠷᠢ ᠦᠵᠡᠭᠦᠯᠬᠦ᠌ ᠬᠡᠷᠡᠭ᠌ᠲᠡᠢ 》 ᠭᠡᠵᠦ ᠲᠠᠩᠳᠠ ᠰᠤᠷᠭᠠᠳᠠᠭ᠃ ᠠᠪᠤ ᠡᠵᠢ᠎ᠶ᠋ᠢᠨ ᠬᠢᠨᠢ ᠰᠤᠷᠭᠠᠯ ᠭᠠᠩᠪᠤᠯᠤᠳ᠎ᠤᠨ ᠰᠡᠳᠭᠢᠯ᠎ᠳᠦ ᠭᠦᠨ ᠬᠠᠳᠠᠩᠱᠢᠵᠠᠢ᠂ ᠲᠡᠷᠡ ᠬᠠᠷᠠᠬᠠᠨ ᠪᠠᠭ᠎ᠠ᠎ᠡᠴᠡ᠎ᠪᠠᠨ ᠥᠪᠡᠷ᠎ᠦᠨ᠎ᠢᠶᠡᠨ ᠴᠢᠳᠠᠯ᠎ᠤᠨ ᠬᠢᠷᠢ ᠲᠤᠳᠤᠷ᠎ᠠ ᠬᠡᠷᠡᠭ᠌ᠴᠡᠭᠡ᠎ᠲᠡᠶ ᠬᠥᠮᠦᠰ᠎ᠢ ᠬᠠᠪᠰᠤᠷᠴᠤ᠌᠂ ᠨᠤᠲᠤᠭ ᠤᠰᠤᠨ᠎ᠤ᠎ᠪᠠᠨ ᠠᠴᠢ᠎ᠶ᠋ᠢ ᠬᠠᠷᠢᠭᠤᠯᠤᠨ᠎ᠠ ᠭᠡᠵᠦ᠍ ᠵᠣᠷᠢᠭ ᠱᠢᠭᠤᠳᠴᠠᠢ᠃
ᠨᠤᠲᠤᠭ ᠤᠰᠤᠨ᠎ᠤ᠎ᠪᠠᠨ ᠠᠴᠢ᠎ᠶ᠋ᠢ ᠬᠠᠷᠢᠭᠤᠯᠬᠤ᠎ᠳᠤ ᠡᠷᠳᠡᠮ ᠴᠢᠳᠠᠪᠤᠷᠢ ᠲᠠᠢ ᠬᠦᠮᠦᠨ ᠪᠤᠯᠬᠤ ᠬᠡᠷᠡᠭ᠌ᠲᠡᠶ᠃ ᠡᠨᠡ ᠲᠠᠯ᠎ᠠ᠎ᠪᠠᠷ ᠭᠠᠩᠪᠤᠯᠤᠳ ᠠᠯᠢ ᠡᠷᠲᠡ ᠪᠡᠯᠡᠳᠭᠡᠯ᠎ᠲᠡᠶ ᠪᠠᠢᠭ᠍ᠰᠠᠨ ᠠᠵᠢ᠃
ᠭᠠᠩᠪᠤᠯᠤᠳ 1999 ᠣᠨ᠎ᠳᠤ ᠴᠡᠷᠢᠭ᠎ᠲᠦ ᠣᠷᠣᠪᠠ ᠂ ᠬᠠᠷᠠᠬᠠᠨ ᠪᠠᠭ᠎ᠠ ᠡᠴᠡ᠎ᠪᠠᠨ ᠴᠠᠬᠢᠯᠭᠠᠨ ᠬᠡᠯᠬᠢᠶ᠎ᠡ᠎ᠶ᠋ᠢ ᠰᠤᠳᠤᠯᠬᠤ ᠳᠤᠷᠠᠲᠠᠢ ᠳᠡᠷᠡ ᠪᠡᠷ ᠴᠡᠷᠢᠭ ᠠᠡᠭ᠌ᠬᠢ᠎ᠳᠤ ᠠᠯᠪᠠ ᠬᠠᠭᠠᠵᠤ ᠪᠠᠢᠬᠤ ᠬᠤᠭᠤᠴᠠᠭᠠᠨ᠎ᠳᠠᠭᠠᠨ ᠮᠠᠱᠢᠨ ᠲᠡᠷᠭᠡ ᠰᠡᠯᠪᠢᠨ ᠵᠠᠰᠠᠬᠤ ᠠᠡᠭ᠌ᠬᠢ᠎ᠳᠤ ᠬᠤᠪᠢᠶᠠᠭ᠍ᠳᠠᠨ ᠮᠠᠱᠢᠨ ᠲᠡᠷᠭᠡ ᠰᠡᠯᠪᠢᠨ ᠵᠠᠰᠠᠬᠤ ᠤᠷ᠎ᠠ ᠴᠢᠳᠠᠪᠤᠷᠢ᠎ᠶ᠋ᠢ ᠰᠤᠷᠴᠤ᠌ ᠰᠤᠳᠤᠯᠤᠭ᠍ᠰᠠᠨ ᠪᠥᠭᠡᠳ ᠮᠠᠱᠢᠨ ᠲᠡᠷᠭᠡ ᠰᠡᠯᠪᠢᠨ ᠵᠠᠰᠠᠬᠤ ᠠᠵᠢᠯᠴᠢᠨᠦ ᠬᠢᠷᠢ ᠬᠡᠮ᠎ᠦᠨ ᠦᠨᠡᠮᠯᠡᠯ ᠣᠯᠵᠤ᠂ ᠬᠢᠷᠢ ᠲᠡᠩᠴᠡᠭ᠌ᠰᠡᠨ ᠮᠠᠱᠢᠨ ᠲᠡᠷᠭᠡ ᠰᠡᠯᠪᠢᠨ ᠵᠠᠰᠠᠬᠤ ᠠᠵᠢᠯᠴᠢᠨ ᠪᠣᠯᠤᠭ᠍ᠰᠠᠨ ᠪᠠᠢᠨ᠎ᠠ᠃
2001 ᠣᠨ᠎ᠳᠤ ᠭᠠᠩᠪᠤᠯᠤᠳ ᠢᠷᠠᠭᠤ ᠠᠯᠳᠠᠷᠲᠠᠢ᠎ᠪᠠᠷ ᠴᠡᠷᠢᠭ᠎ᠤᠨ ᠠᠯᠪᠠᠨ ᠡᠴᠡ ᠬᠠᠯᠠᠭ᠍ᠳᠠᠵᠤ᠂ ᠳᠥᠷᠪᠡᠳ ᠬᠣᠱᠢᠭᠤᠨ᠎ᠤ ᠤᠯᠠᠭᠠᠨᠬᠤᠸᠠ ᠪᠠᠯᠭᠠᠰᠤᠨ᠎ᠳᠠᠭᠠᠨ ᠪᠤᠴᠠᠵᠤ ᠮᠠᠱᠢᠨ ᠲᠡᠷᠭᠡ ᠰᠡᠯᠪᠢᠨ ᠵᠠᠰᠠᠬᠤ ᠭᠠᠵᠠᠷ ᠪᠠᠢᠭᠤᠯᠵᠠᠢ᠃ ᠮᠠᠱᠢᠨ ᠲᠡᠷᠭᠡ ᠰᠡᠯᠪᠢᠨ ᠵᠠᠰᠠᠬᠤ ᠭᠠᠵᠠᠷ ᠠᠵᠢᠯᠯᠠᠭᠤᠯᠬᠤ ᠶᠠᠪᠤᠴᠠ᠎ᠳᠠᠭᠠᠨ ᠲᠡᠭᠦᠨ᠎ᠦ ᠨᠤᠲᠤᠭ ᠳᠥᠷᠪᠡᠳ ᠬᠣᠱᠢᠭᠤᠨ᠎ᠤ ᠵᠠᠩᠭᠠᠨ ᠰᠤᠮᠤ᠎ᠶ᠋ᠢᠨ ᠸᠧᠶ ᠵᠢᠩ ᠭᠠᠴᠠᠭᠠᠨ᠎ᠤ ᠡᠷᠬᠢᠨ ᠲᠣᠭᠣᠷᠢᠨ᠎ᠳᠤ ᠲᠤᠬᠠᠶ᠎ᠶ᠋ᠢᠨ ᠦᠶ᠎ᠡ᠎ᠳᠦ ᠬᠠᠢᠷ ᠴᠢᠯᠠᠭᠤᠨ ᠵᠠᠮ ᠪᠠᠢᠭᠰᠠᠨ ᠪᠦᠭᠡᠳ ᠡᠩᠬᠦᠯ ᠳᠤᠩᠬᠤᠯ ᠪᠠᠢᠵᠤ᠂ ᠨᠠᠭᠠᠰᠢ ᠴᠠᠭᠠᠰᠢ ᠶᠠᠪᠤᠬᠤ ᠲᠡᠷᠭᠡ ᠬᠥᠰᠭᠡ ᠨᠢ ᠦᠷᠭᠦᠯᠵᠢ ᠬᠠᠱᠢᠭ᠍ᠳᠠᠵᠤ ᠪᠠᠢᠭ᠍ᠰᠠᠨ᠎ᠤ ᠳᠡᠭᠡᠷ᠎ᠡ ᠬᠢᠯᠢ ᠬᠢᠵᠠᠭᠠᠷ ᠭᠠᠵᠠᠷ ᠠᠭᠤᠳᠠᠮ ᠬᠥᠮᠦᠨ ᠴᠥᠭᠡᠨ ᠪᠣᠯᠬᠣᠷ ᠬᠠᠱᠢᠭ᠍ᠳᠠᠭ᠍ᠰᠠᠨ ᠲᠡᠷᠭᠡ ᠶ᠋ᠢ ᠰᠡᠯᠪᠢᠨ ᠵᠠᠰᠠᠬᠤ᠎ᠳᠤ ᠲᠤᠩ ᠳᠥᠭᠥᠮ ᠦᠭᠡᠢ ᠪᠠᠢᠭᠰᠠᠨ ᠢ ᠭᠠᠩᠪᠤᠯᠤᠳ ᠤᠯᠵᠤ ᠮᠡᠳᠡᠵᠠᠢ᠃ ᠨᠤᠲᠤᠭ ᠤᠰᠤᠨ᠎ᠳᠠᠭᠠᠨ ᠬᠤᠪᠢ ᠨᠡᠮᠡᠷᠢ ᠦᠵᠡᠭᠦᠯᠬᠦ᠌᠎ᠶ᠋ᠢᠨ ᠲᠥᠯᠥᠭᠡ᠂ ᠭᠠᠩᠪᠤᠯᠤᠳ ᠤᠯᠠᠭᠠᠨᠬᠤᠸᠠ ᠪᠠᠯᠭᠠᠰᠤᠨ᠎ᠳᠡᠬᠢ ᠬᠠᠷᠢᠴᠠᠩᠭᠤᠶ ᠲᠠᠭᠠᠯᠠᠮᠵᠢᠲᠠᠶ ᠠᠮᠢᠳᠤᠷᠠᠯ᠎ᠢᠶᠠᠨ ᠰᠢᠭᠤᠷᠬᠠᠢ ᠲᠠᠶᠠᠭ᠍ᠳᠠᠵᠤ᠂ ᠵᠠᠩᠭᠠᠨ ᠰᠤᠮᠤ᠎ᠶ᠋ᠢᠨ ᠸᠧᠶ ᠵᠢᠩ ᠭᠠᠴᠠᠭ᠎ᠠ᠎ᠳᠠᠭᠠᠨ ᠪᠤᠴᠠᠵᠤ ᠢᠷᠡᠪᠡ᠃ ᠡᠭᠦᠨ᠎ᠤ ᠵᠡᠷᠭᠡ᠎ᠪᠡᠷ ᠲᠡᠷᠡ ᠨᠢᠭᠡ ᠰᠠᠤᠷᠢ ᠭᠠᠷ ᠳᠠᠮᠵᠢᠭ᠍ᠰᠠᠨ ᠮᠠᠱᠢᠨ ᠲᠡᠷᠭᠡ ᠬᠤᠳᠠᠯᠳᠤᠨ ᠠᠪᠴᠤ᠌᠂ ᠳᠡᠷᠭᠡᠨ ᠳᠡᠭᠡᠷ᠎ᠡ ᠪᠠᠨ ᠮᠠᠱᠢᠨ ᠲᠡᠷᠭᠡ ᠰᠡᠯᠪᠢᠨ ᠵᠠᠰᠠᠬᠤ ᠲᠥᠬᠥᠭᠡᠷᠦᠮᠵᠢ ᠲᠣᠬᠢᠷᠠᠭᠤᠯᠪᠠ᠂ ᠡᠢᠨᠬᠦ ᠨᠢᠭᠡ ᠳᠥᠭᠥᠮᠬᠡᠨ ᠠᠪᠤᠷᠠᠨ ᠲᠤᠰᠠᠯᠠᠬᠤ ᠦᠶ᠋ᠯᠡᠴᠢᠯᠡᠭᠡᠨ᠎ᠦ ᠨᠡᠭᠦᠳᠡᠯ ᠲᠡᠷᠭᠡ ᠬᠢᠯᠢ᠎ᠶ᠋ᠢᠨ ᠱᠤᠭᠤᠮ ᠳᠡᠭᠡᠷ᠎ᠡ ᠬᠠᠱᠢᠭ᠍ᠳᠠᠭ᠍ᠰᠠᠨ ᠲᠡᠷᠭᠡᠨ᠎ᠦ ᠳᠡᠷᠭᠡᠳᠡ ᠳᠠᠩᠳᠠ ᠢᠯᠡᠷᠡᠳᠡᠭ ᠪᠤᠯᠤᠯ᠎ᠠ᠃
ᠣᠯᠠᠨ ᠵᠢᠯ᠎ᠦᠨ ᠠᠪᠤᠷᠠᠨ ᠲᠤᠰᠠᠯᠠᠬᠤ ᠶᠠᠪᠤᠴᠠ᠎ᠳᠠᠭᠠᠨ ᠭᠠᠩᠪᠤᠯᠤᠳ ᠴᠥᠭᠡᠨ ᠪᠤᠰᠤ ᠬᠦᠮᠦᠰ ᠲᠠᠢ ᠨᠠᠢᠵᠠᠯᠠᠵᠠᠢ᠂ ᠨᠢᠩᠱᠢᠶᠠ᠎ᠶ᠋ᠢᠨ ᠬᠤᠳᠠᠯᠳᠤᠭᠠᠴᠢᠨ ᠬᠤᠸᠠᠩ ᠬᠣᠶ ᠹᠸᠩ ᠪᠣᠯ ᠳᠡᠭᠦᠨ᠎ᠤ ᠳᠣᠲᠣᠷᠠᠬᠢ ᠨᠢᠭᠡ ᠨᠢ ᠪᠣᠯᠤᠨ᠎ᠠ᠃ 4 ᠰᠠᠷ᠎ᠠ᠎ᠶ᠋ᠢᠨ 21 ᠤ᠋ ᠡᠳᠦᠷ᠂ ᠬᠤᠸᠠᠩ ᠬᠤᠢ ᠹᠸᠩ ᠨᠠᠷ ᠭᠤᠷᠪᠠᠭᠤᠯᠠ ᠮᠠᠱᠢᠨ ᠲᠡᠷᠭᠡ ᠵᠢᠯᠣᠭᠣᠳᠤᠨ ᠵᠡᠭᠦᠨ ᠬᠠᠲᠠᠪᠴᠢ ᠪᠣᠭᠣᠮᠲᠠ ᠡᠴᠡ ᠢᠷᠭᠠᠢ ᠵᠦᠭ ᠮᠣᠷᠳᠠᠵᠠᠢ᠂ ᠲᠤᠰ ᠡᠳᠦᠷ᠎ᠦᠨ ᠤᠷᠤᠢ᠎ᠶ᠋ᠢᠨ 8 ᠴᠠᠭ᠎ᠲᠤ ᠮᠠᠱᠢᠨ ᠲᠡᠷᠭᠡ ᠨᠢ ᠳᠥᠷᠪᠡᠳ ᠬᠣᠱᠢᠭᠤᠨ᠎ᠤ ᠬᠢᠯᠢ ᠳᠣᠲᠣᠷᠠᠬᠢ G 331 ᠤᠯᠤᠰ᠎ᠤᠨ ᠵᠠᠮ ᠬᠦᠷᠬᠦ᠌ ᠦᠶᠡᠰ᠂ ᠲᠡᠷᠭᠡᠨ᠎ᠦ ᠳᠤᠰᠤ ᠨᠢ ᠵᠥᠪᠬᠡᠨ 100 ᠭᠠᠷᠤᠢ ᠺᠢᠯᠤᠮᠸᠲᠷ ᠠᠶᠠᠯᠠᠵᠤ ᠳᠡᠢᠯᠬᠦ ᠬᠡᠮᠵᠢᠶ᠎ᠡ ᠦᠯᠡᠳᠡᠭᠡᠳ ᠪᠠᠢᠬᠤ ᠲᠤᠬᠢᠶ᠎ᠠ ᠲᠤᠳᠤᠷᠠᠪᠠ᠂ ᠬᠡᠳᠡᠯ᠎ᠠ ᠲᠤᠰᠤ ᠨᠡᠮᠡᠬᠦ᠌ ᠦᠷᠳᠡᠭᠡ ᠬᠦᠷᠳᠡᠯ᠎ᠡ ᠪᠠᠰᠠ 200 ᠭᠠᠷᠤᠢ ᠺᠢᠯᠤᠮᠸᠲᠷ ᠶᠠᠪᠤᠬᠤ ᠬᠡᠷᠡᠭᠳᠡᠢ ᠪᠠᠢᠪᠠ᠃
《ᠪᠢᠳᠡ ᠶᠠᠭ ᠲᠣᠰᠣᠨ᠎ᠤ ᠤᠴᠢᠷ᠎ᠲᠤ ᠵᠣᠪᠠᠵᠤ ᠪᠠᠶ᠋ᠢᠲᠠᠯ᠎ᠠ᠂ ᠭᠡᠨᠡᠳᠲᠡ ᠵᠠᠮ᠎ᠤᠨ ᠬᠠᠵᠠᠭᠤ᠎ᠳᠤ ᠨᠢᠭᠡ 〈ᠵᠢᠯᠣᠭᠣᠴᠢ᠎ᠶ᠋ᠢᠨ ᠭᠡᠷ〉 ᠬᠡᠭᠦ ᠫᠠᠢᠰᠠ ᠬᠠᠷᠠᠭᠳᠠᠵᠠᠢ᠂ ᠲᠡᠭᠡᠭᠡᠳ ᠪᠢᠳᠡ〈ᠵᠢᠯᠣᠭᠣᠴᠢ᠎ᠶ᠋ᠢᠨ ᠭᠡᠷ〉 ᠲᠤ᠌ ᠢᠷᠡᠵᠦ᠍ ᠲᠣᠰᠣ ᠨᠡᠮᠡᠬᠦ᠌ ᠠᠷᠭ᠎ᠠ ᠣᠯᠳᠠᠬᠤ ᠡᠰᠡᠬᠦ᠌᠎ᠶ᠋ᠢ ᠦᠵᠡᠬᠦ ᠪᠡᠷ ᠪᠤᠯᠪᠠ᠃ ᠲᠡᠨᠳᠡ ᠬᠦᠷᠦᠭ᠌ᠰᠡᠨ᠎ᠦ ᠳᠠᠷᠠᠭ᠎ᠠ᠂ ᠪᠢᠳᠡ ᠨᠢᠭᠡ ᠨᠠᠰᠤᠲᠠᠨ᠎ᠢᠶᠠᠷ ᠳᠠᠮᠵᠢᠨ ᠭᠠᠩᠪᠤᠯᠤᠳᠢ ᠡᠷᠢᠵᠦ᠍ ᠣᠯᠪᠠ᠂ ᠲᠡᠷᠡ ᠪᠠᠷᠢᠨ ᠳᠤᠤᠷ᠎ᠠ ᠪᠠᠨ ᠪᠢᠳᠡᠨ᠎ᠳᠦ ᠨᠢᠭᠡ ᠲᠣᠰᠣ ᠨᠡᠮᠡᠬᠦ᠌ ᠭᠠᠵᠠᠷ ᠤᠯᠵᠤ ᠥᠭᠭᠦᠨ᠂ ᠪᠢᠳᠡᠨ᠎ᠢ ᠬᠠᠪᠰᠤᠷᠴᠤ᠌ ᠬᠦᠴᠢᠷᠳᠡᠯ᠎ᠢ ᠰᠢᠢᠳᠪᠦᠷᠢᠯᠡᠪᠡ᠃ ᠲᠡᠷᠡ ᠦᠶᠡᠰ ᠨᠢᠭᠡᠨᠲᠡ ᠣᠷᠣᠢ᠎ᠶ᠋ᠢᠨ 11 ᠴᠠᠭ ᠪᠣᠯᠴᠢᠬᠠᠵᠠᠶ᠂ ᠪᠢᠳᠡ 100 ᠲᠥᠭᠥᠷᠢᠭ ᠭᠠᠷᠭᠠᠨ ᠥᠭᠴᠦ ᠭᠠᠩᠪᠤᠯᠤᠳ᠎ᠳᠦ ᠲᠠᠯᠠᠷᠬᠠᠵᠤ ᠪᠠᠢᠬᠤ᠎ᠪᠠᠨ ᠢᠯᠡᠳᠭᠡᠬᠦ ᠳ᠋ᠤ ᠲᠡᠷᠡ ᠶᠠᠭᠠᠬᠢᠭ᠍ᠰᠠᠨ ᠴᠤ᠌ ᠵᠤᠭᠤᠰ᠎ᠢ ᠬᠤᠷᠢᠶᠠᠬᠤ ᠦᠭᠡᠢ ᠪᠠᠢᠵᠤ᠂ 〈 ᠪᠢ ᠵᠣᠭᠣᠰ᠎ᠤᠨ ᠲᠥᠯᠥᠭᠡ ᠲᠠ ᠨᠠᠷ ᠢ ᠬᠠᠪᠰᠤᠷᠤᠭ᠍ᠰᠠᠨ ᠪᠢᠰᠢ〉 ᠭᠡᠪᠡ》 ᠭᠡᠵᠦ᠍ ᠬᠤᠸᠠᠩ ᠬᠤᠢ ᠹᠸᠩ ᠬᠡᠯᠡᠵᠤ ᠪᠠᠢᠪᠠ᠃
ᠲᠤᠰᠠᠯᠠᠮᠵᠢ ᠭᠤᠶᠤᠬᠰᠠᠨ ᠤᠲᠠᠰᠤ ᠢᠷᠡᠪᠠᠯ ᠭᠠᠨᠭᠪᠤᠯᠤᠤᠠ ᠡᠳᠦᠷ ᠰᠥᠨᠢ ᠢᠯᠭᠠᠯ ᠦᠭᠡᠢ᠂ ᠲᠩᠷᠢ ᠬᠡᠳᠦᠢ ᠮᠠᠭᠤᠬᠠᠢ ᠪᠠᠢᠭ᠍ᠰᠠᠨ ᠴᠤ᠌ ᠬᠠᠮᠢᠶᠠᠷᠤᠯ ᠦᠭᠡᠢ ᠂ ᠠᠪᠤᠷᠠᠨ ᠲᠤᠰᠠᠯᠠᠬᠤ ᠪᠠᠷ ᠲᠤᠤᠷ᠎ᠠ ᠮᠤᠷᠳᠠᠵᠤ᠂ ᠲᠡᠳᠡᠭᠡᠷ ᠲᠤᠰᠠᠯᠠᠮᠵᠢ ᠬᠦᠷᠳᠡᠬᠦ ᠴᠢᠬᠤᠯᠠᠲᠠᠢ ᠬᠦᠮᠦᠰᠲᠸ᠋ ᠬᠠᠪᠰᠤᠷᠳᠠᠭ᠃
ᠤᠯᠠᠨ ᠵᠢᠯ᠎ᠦᠨ ᠲᠤᠷᠰᠢ᠂ 160 ᠭᠠᠷᠤᠢ ᠺᠢᠯᠤᠮᠸᠲᠷ ᠤᠷᠳᠤ ᠬᠢᠯᠢ᠎ᠶ᠋ᠢᠨ ᠬᠠᠮᠠᠭᠠᠯᠠᠯᠲᠠ᠎ᠶ᠋ᠢᠨ ᠵᠠᠰᠠᠮᠠᠯ ᠵᠠᠮ᠎ᠤᠨ ᠬᠡᠪᠴᠢᠶᠡᠨ ᠳ᠋ᠤ᠂ ᠭᠠᠨᠭᠪᠤᠯᠤᠤᠠ 1.2 ᠲᠦᠮᠡ ᠭᠠᠷᠤᠢ ᠠᠪᠤᠷᠠᠨ ᠲᠤᠰᠠᠯᠠᠬᠤ ᠴᠢᠬᠤᠯᠠᠲᠠᠢ ᠮᠠᠱᠢᠨ ᠲᠡᠷᠭᠡ᠎ᠳᠦ ᠬᠠᠪᠰᠤᠷᠤᠯᠭ᠎ᠠ ᠦᠵᠡᠭᠦᠯᠵᠦ᠍᠂ ᠬᠢᠯᠢ᠎ᠶ᠋ᠢᠨ ᠱᠤᠭᠤᠮ ᠳᠡᠭᠡᠷ᠎ᠡ ᠬᠡᠪ᠎ᠤᠨ ᠪᠤᠰᠤ ᠠᠭᠤᠷ ᠠᠮᠢᠰᠭᠤᠯ᠎ᠳᠤ ᠬᠠᠱᠢᠭ᠍ᠳᠠᠭ᠍ᠰᠠᠨ 35 ᠵᠢᠯᠣᠭᠣᠴᠢ᠎ᠶ᠋ᠢᠨ ᠠᠶᠤᠯ ᠲᠦᠭ᠌ᠰᠢᠭᠦᠷᠢ᠎ᠶ᠋ᠢ ᠠᠮᠤᠷ ᠲᠦᠪᠱᠢᠨ ᠪᠣᠯᠭᠠᠨ ᠬᠤᠪᠢᠷᠠᠭᠤᠯᠪᠠ᠃ ᠲᠡᠷᠡ ᠪᠠᠰᠠ ᠡᠷᠬᠢᠨ ᠲᠣᠭᠣᠷᠢᠨ᠎ᠤ 5 ᠰᠤᠮᠤ᠎ᠶ᠋ᠢᠨ 27 ᠭᠠᠴᠡᠭᠠᠨ᠎ᠤ 8400 ᠭᠠᠷᠤᠢ ᠲᠡᠭ᠌ᠰᠢ ᠳᠥᠷᠪᠡᠯᠵᠢᠨ ᠺᠢᠯᠣᠮᠧᠲ᠋ᠷ᠎ᠦᠨ ᠳᠣᠲᠣᠷᠠᠬᠢ 430 ᠭᠠᠷᠤᠢ ᠮᠠᠯᠴᠢᠨ ᠢ ᠬᠠᠪᠰᠤᠷᠤᠨ ᠡᠯ᠎ᠡ ᠵᠦᠢᠯ᠎ᠦᠨ ᠲᠡᠷᠭᠡ ᠬᠥᠰᠭᠡ᠎ᠶ᠋ᠢ ᠨᠢ ᠰᠡᠯᠪᠢᠨ ᠵᠠᠰᠠᠵᠤ᠂ ᠤᠯᠠᠨ ᠲᠦᠮᠡᠨ᠎ᠦ ᠲᠤᠯᠭᠠᠮ ᠠᠰᠠᠭᠤᠳᠠᠯ᠎ᠢ ᠨᠢ ᠱᠢᠢᠳᠪᠦᠷᠢᠯᠡᠵᠠᠢ᠃
ᠵᠠᠮ ᠳᠡᠭᠡᠷ᠎ᠡ ᠠᠪᠤᠷᠠᠨ ᠲᠤᠰᠠᠯᠠᠬᠤ᠎ᠡᠴᠡ ᠭᠠᠳᠠᠨ᠎ᠠ᠂ ᠭᠠᠨᠭᠪᠤᠯᠤᠤᠠ ᠪᠠᠰᠠ ᠲᠤᠬᠠᠶ᠎ᠶ᠋ᠢᠨ ᠭᠠᠵᠠᠷ᠎ᠤᠨ ᠮᠠᠯᠴᠢᠳ᠎ᠤᠨ ᠰᠡᠳᠭᠢᠯ᠎ᠳᠡᠬᠢ 《ᠰᠡᠳᠭᠢᠯ ᠢ ᠳᠤᠯᠠᠭᠠᠴᠡᠭᠤᠯᠤᠭ᠍ᠴᠢ》ᠪᠣᠯᠵᠣ᠂ ᠶᠡᠬᠡ᠎ᠡᠴᠡ ᠥᠨᠳᠥᠷ ᠬᠦᠴᠦᠳᠡᠯᠲᠦ ᠴᠠᠬᠢᠯᠭᠠᠨ᠎ᠳᠤ ᠠᠰᠠᠭᠤᠳᠠᠯ ᠭᠠᠷᠬᠤ᠌᠂ ᠲᠠᠷᠢᠶᠠᠯᠠᠩ᠎ᠳᠤ ᠬᠡᠷᠡᠭ᠌ᠯᠡᠬᠦ᠌ ᠮᠠᠱᠢᠨ ᠳ᠋ᠦ ᠬᠡᠮᠳᠤᠯ ᠭᠠᠷᠬᠤ᠌᠂ ᠪᠠᠭ᠎ᠠ᠎ᠡᠴᠡ ᠪᠤᠳᠠᠭ᠎ᠠ ᠴᠢᠨᠠᠬᠤ ᠴᠠᠬᠢᠯᠭᠠᠨ ᠲᠣᠭᠣᠭᠠᠡᠪᠳᠡᠷᠡᠬᠦ᠂ ᠡᠭᠦᠳᠡ ᠴᠣᠩᠬᠣ᠎ᠪᠠᠨ ᠬᠠᠭᠠᠵᠤ ᠳᠡᠢᠯᠬᠦ᠌ ᠥᠬᠡᠶ ᠪᠤᠯᠬᠤ ᠵᠡᠷᠭᠡ ᠤᠴᠢᠷ ᠶᠠᠪᠤᠳᠠᠯ᠎ᠢ ᠰᠢᠢᠳᠪᠦᠷᠢᠯᠡᠬᠦ ᠳ᠋ᠤ ᠲᠤᠰᠠᠯᠠᠵᠤ᠂ ᠮᠠᠯᠴᠢᠳ ᠬᠦᠴᠢᠷᠳᠡᠯ ᠲᠤᠯᠭᠠᠷᠠᠮᠠᠭᠴᠠ ᠶᠠᠭᠤᠨ᠎ᠤ ᠡᠮᠦᠨ᠎ᠡ ᠲᠡᠭᠦᠨ᠎ᠢ ᠪᠤᠳᠤᠵᠤ ᠣᠯᠳᠠᠭ᠃
ᠸᠧᠢ ᠵᠢᠩ ᠭᠠᠴᠡᠭᠠᠨ᠎ᠤ ᠬᠢᠯᠢ᠎ᠶᠢᠨ ᠬᠠᠮᠠᠭᠠᠯᠠᠭ᠍ᠴᠢ ᠵᠠᠩ ᠭᠧᠨ ᠵᠦ᠍᠄《ᠪᠢ ᠪᠣᠯ ᠭᠠᠩᠪᠤᠯᠤᠳ᠎ᠤᠨ ᠬᠠᠮᠲᠤ ᠠᠵᠢᠯᠯᠠᠭ᠍ᠴᠢ᠂ ᠲᠡᠭᠦᠨ᠎ᠦ ᠨᠠᠷᠢᠨ ᠬᠢᠨᠠᠮᠠᠭᠠᠢ ᠠᠵᠢᠯ᠎ᠤᠨ ᠣᠪᠣᠷ᠎ᠢ ᠪᠢ ᠲᠤᠢᠯ᠎ᠢᠶᠠᠷ ᠮᠠᠭᠲᠠᠨ ᠰᠠᠢᠰᠢᠶᠠᠵᠤ ᠪᠠᠢᠨ᠎ᠠ᠂ ᠲᠡᠷᠡ ᠮᠠᠨ᠎ᠤ ᠡᠷᠬᠢᠨ ᠲᠣᠭᠣᠷᠢᠨ᠎ᠤ ᠮᠠᠯᠴᠢᠳ᠎ᠢ ᠮᠠᠰᠢ ᠤᠯᠠᠨ ᠤᠳᠠᠭ᠎ᠠ ᠬᠠᠪᠰᠤᠷᠴᠠᠢ᠃ ᠨᠢᠳᠤᠨᠤᠨ ᠡᠪᠦᠯ ᠮᠠᠰᠢ ᠬᠦᠢᠲᠡᠨ ᠪᠠᠢᠵᠤ᠂ ᠲᠡᠷᠡ ᠶᠡᠬᠡ ᠴᠠᠰᠤᠨ᠎ᠳᠤ ᠬᠠᠰᠢᠭ᠍ᠳᠠᠭᠰᠠᠨ ᠲᠡᠷᠭᠡ᠎ᠶᠢ ᠠᠪᠤᠷᠠᠬᠤ ᠭᠡᠳ ᠬᠣᠶᠠᠷ ᠭᠠᠷ ᠨᠢ ᠬᠦᠯᠳᠡᠵᠤ ᠬᠠᠪᠤᠳᠤᠭᠰᠠᠨ ᠪᠠᠢᠲᠠᠯ᠎ᠠ ᠶᠠᠮᠠᠷ ᠴᠦ᠍ ᠭᠣᠮᠣᠳᠠᠯ᠎ᠤᠨ ᠦᠭᠡ ᠦᠭᠡᠢ ᠪᠠᠢᠯ᠎ᠠ᠃ ᠲᠡᠭᠦᠨ᠎ᠦ ᠠᠪᠤᠷᠠᠨ ᠲᠤᠰᠠᠯᠠᠯᠲᠠ ᠨᠢ ᠬᠠᠮᠤᠭ᠎ᠤᠨ ᠬᠤᠯᠠ᠎ᠳᠠᠭᠠᠨ 200 ᠺᠢᠯᠦᠮᠥᠲᠷ ᠬᠤᠯᠠ ᠪᠠᠢᠭ᠎ᠠ ᠪᠤᠭᠤᠲᠤ᠎ᠶᠢᠨ ᠮᠠᠨᠳᠤᠯ᠎ᠳᠤ ᠬᠦᠷᠦᠭᠰᠡᠨ ᠪᠠᠢᠳᠠᠭ》 ᠭᠡᠵᠦ ᠬᠡᠯᠡᠪᠡ᠃
ᠭᠠᠩᠪᠤᠯᠤᠳ ᠦᠪᠡᠷ ᠪᠡᠶ᠎ᠡ ᠵᠢ ᠤᠭᠤᠷᠴᠦ ᠤᠯᠠᠨ ᠨᠡᠢᠳᠡ ᠵᠢᠨ ᠲᠥᠯᠥᠭᠡ ᠰᠢᠷᠭᠠᠭᠤ ᠬᠥᠳᠡᠯᠮᠦᠷᠢᠯᠡᠨ᠂ ᠭᠣᠶᠠᠴᠢ ᠦᠭᠡᠢ ᠵᠢᠳᠬᠦᠭᠰᠡᠨ ᠨᠢ ᠠᠷᠤ ᠭᠡᠷ᠎ᠤᠨ ᠬᠢᠨᠢ ᠳᠡᠮᠵᠢᠯᠭᠡ ᠬᠠᠪᠰᠤᠷᠤᠯᠭ᠎ᠠ᠎ᠡᠴᠡ ᠰᠠᠯᠵᠤ ᠴᠢᠳᠠᠬᠤ ᠦᠭᠡᠢ ᠶᠤᠮ᠃ ᠲᠡᠭᠦᠨ᠎ᠦ ᠭᠡᠷᠭᠡᠢ ᠤᠷᠠᠨ᠎ᠠ᠄ 《ᠬᠣᠢᠰᠢᠳᠠ ᠪᠢ ᠲᠡᠭᠦᠨ᠎ᠦ ᠰᠠᠢᠨ ᠬᠥᠮᠥᠨ᠎ᠤ ᠰᠠᠢᠨ ᠦᠢᠯᠡ ᠶᠠᠪᠤᠳᠠᠯ ᠬᠢᠬᠦ᠎ᠶᠢ ᠦᠷᠭᠦᠯᠵᠢᠯᠡᠨ ᠲᠡᠮᠵᠢᠨ᠎ᠠ》 ᠭᠡᠪᠡ᠃ ᠭᠠᠩᠪᠤᠯᠤᠳ᠄《ᠦᠨᠡᠨ᠎ᠢ ᠬᠡᠯᠡᠬᠦ᠎ᠳᠦ᠂ ᠮᠢᠨᠤ ᠥᠨᠥᠳᠥᠷ᠎ᠦᠨ ᠠᠮᠵᠢᠯᠲᠠ ᠪᠦᠲᠦᠮᠵᠢ ᠭᠡᠷᠭᠡᠢ ᠵᠢᠨ ᠮᠢᠨᠢ ᠭᠠᠪᠢᠶ᠎ᠠ ᠵᠢᠳᠬᠦᠯ ᠡᠴᠡ ᠰᠠᠯᠵᠤ ᠴᠢᠳᠠᠬᠤ ᠦᠭᠡᠢ᠂ ᠵᠠᠷᠢᠮ᠎ᠳᠠᠭᠠᠨ ᠠᠪᠤᠷᠠᠨ ᠲᠤᠰᠠᠯᠠᠬᠤ ᠪᠡᠷ ᠰᠥᠨᠢ ᠳᠦᠯᠢ᠎ᠪᠡᠷ ᠨᠠᠭᠠᠰᠢ ᠴᠠᠭᠠᠰᠢ ᠶᠠᠪᠤᠬᠤ ᠳᠤ ᠨᠠᠮᠠᠶ᠋ᠢ ᠵᠠᠮ᠎ᠳᠠᠭᠠᠨ ᠤᠨᠲᠠᠬᠤ᠎ᠡᠴᠡ ᠠᠶᠤᠭᠠᠳ ᠲᠡᠷᠡ ᠨᠠᠳᠠᠳᠦ ᠬᠠᠨᠢ ᠪᠤᠯᠵᠤ ᠵᠠᠮ ᠲᠤᠷᠰᠢ ᠰᠠᠨᠠᠭᠤᠯᠵᠤ ᠶᠠᠪᠤᠳᠠᠭ!》 ᠭᠡᠵᠤ ᠭᠠᠩᠪᠤᠯᠤᠳ ᠨᠦᠬᠦᠵᠦ ᠬᠡᠯᠡᠪᠡ᠃
ᠣᠯᠠᠨ ᠵᠢᠯ᠎ᠦᠨ ᠲᠤᠷᠰᠢ ᠭᠠᠩᠪᠤᠯᠤᠳ ᠰᠢᠷᠭᠠᠭᠤ ᠬᠥᠳᠡᠯᠮᠦᠷᠢ᠎ᠪᠡᠷ᠎ᠢᠶᠡᠨ ᠮᠠᠰᠢ ᠣᠯᠠᠨ ᠢᠷᠠᠭᠤ ᠠᠯᠳᠠᠷ ᠭᠥᠷᠳᠡᠵᠠᠢ᠂ ᠡᠭᠦᠨ᠎ᠳᠤ 2024 ᠣᠨ᠎ᠤ ᠳᠥᠷᠪᠡᠳᠦᠭᠡᠷ ᠤᠯᠠᠷᠢᠯ᠎ᠤᠨ 《ᠳᠤᠮᠳᠠᠳᠤ ᠤᠯᠤᠰ᠎ᠤᠨ ᠰᠠᠢᠨ ᠬᠥᠮᠥᠨ᠎ᠤ ᠨᠡᠷᠡᠰ·ᠪᠤᠰᠤᠳ᠎ᠢ ᠬᠠᠪᠰᠤᠷᠬᠤ᠎ᠪᠠᠷ ᠵᠢᠷᠭᠠᠯ᠎ᠢᠶᠠᠨ ᠪᠣᠯᠭᠠᠭᠰᠠᠨ ᠰᠠᠢᠨ ᠬᠦᠮᠦᠨ》᠂ 《ᠠᠷᠪᠠᠳᠤᠭᠠᠷ ᠪᠦᠯᠦᠭ᠎ᠤᠨ ᠪᠥᠬᠥ ᠤᠯᠤᠰ᠎ᠤᠨ ᠠᠵᠢᠯ᠎ᠤᠨ ᠪᠠᠢᠷᠢ ᠳᠡᠭᠡᠷ᠎ᠡ ᠪᠡᠨ ᠯᠧᠢ ᠹᠧᠩ ᠡᠴᠡ ᠰᠤᠷᠤᠯᠴᠠᠭᠰᠠᠨ ᠪᠢᠶᠤᠤᠪᠢᠩ》ᠵᠡᠷᠭᠡ ᠱᠠᠨᠭᠨᠠᠯ ᠬᠦᠬᠢᠬᠦᠯᠦᠯ ᠪᠠᠢᠳᠠᠭ᠃ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶᠢᠨ ᠵᠢᠱ᠌ᠢᠶᠡᠴᠢ᠎ᠪᠡᠷ ᠦᠨᠡᠯᠡᠭᠳᠡᠭᠰᠡᠨ ᠨᠢ ᠭᠠᠩᠪᠤᠯᠤᠳ ᠲᠦ᠍ ᠠᠪᠴᠤ ᠬᠡᠯᠡᠪᠡᠯ ᠪᠠᠰᠠ ᠨᠢᠭᠡᠨ ᠰᠢᠨ᠎ᠡ ᠡᠬᠢᠯᠡᠯᠲᠡ ᠪᠠᠢᠯ᠎ᠠ᠃ ᠲᠡᠷᠡ᠄ 《〈ᠤᠯᠤᠰ᠎ᠤᠨ ᠬᠡᠦᠬᠡᠳ〉 ᠤ᠋ᠨ ᠦᠷ᠎ᠡ ᠬᠣᠢᠴᠢ ᠪᠣᠯᠤᠭᠰᠠᠨ᠎ᠤ ᠬᠤᠪᠢ᠎ᠳᠤ᠂ ᠪᠢ ᠨᠡᠢᠭᠡᠮ᠎ᠳᠦ ᠠᠴᠢ ᠬᠠᠷᠢᠭᠤᠯᠵᠤ᠂ ᠤᠯᠤᠰ᠎ᠤᠨ ᠠᠴᠢ᠎ᠶᠢ ᠬᠠᠷᠢᠭᠤᠯᠬᠤ ᠬᠠᠷᠢᠭᠤᠴᠠᠯᠭ᠎ᠠ᠎ᠲᠠᠢ᠂ ᠪᠢ ᠬᠥᠳᠡᠯᠮᠦᠷᠢ᠎ᠶᠢᠨ ᠵᠢᠱ᠌ᠢᠶᠡᠴᠢ᠎ᠶᠢᠨ ᠳᠠᠭᠠᠭᠤᠯᠬᠤ ᠦᠢᠯᠡᠳᠦᠯ᠎ᠢᠶᠡᠨ ᠦᠷᠭᠦᠯᠵᠢᠯᠡᠨ ᠰᠠᠢᠲᠤᠷ ᠪᠠᠳᠠᠷᠠᠭᠤᠯᠵᠤ᠂ ᠨᠡᠩ ᠤᠯᠠᠨ ᠬᠡᠷᠡᠭᠴᠡᠭᠡ ᠱᠠᠭᠠᠷᠳᠠᠯᠭ᠎ᠠ᠎ᠲᠠᠢ ᠬᠥᠮᠥᠰ᠎ᠲᠤ ᠬᠠᠪᠰᠤᠷᠤᠨ᠎ᠠ》 ᠭᠡᠵᠤ ᠪᠠᠢᠯ᠎ᠠ᠃