— ᠪᠦᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠂ ᠥᠪᠥᠷ ᠮᠣᠩᠭᠣᠯ᠎ᠤᠨ ᠶᠤᠸᠠᠨ ᠲᠦᠩ ᠲᠦᠷᠭᠡᠨ ᠬᠦᠷᠭᠡᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠥᠬᠡᠬᠣᠲᠠ᠎ᠶ᠋ᠢᠨ ᠵᠦᠩᠱᠠᠨ ᠬᠤᠪᠢᠶᠠᠷᠢ ᠺᠣᠮᠫᠠᠨᠢ᠎ᠶ᠋ᠢᠨ ᠲᠦᠷᠭᠡᠨ ᠬᠦᠷᠭᠡᠭ᠌ᠴᠢ ᠯᠢ ᠱᠢᠶᠤᠤ ᠸᠠᠩ᠎ᠢ ᠲᠡᠮᠳᠡᠭᠯᠡᠪᠡ
《ᠯᠢ ᠠᠪᠠᠬᠠᠢ᠂ ᠲᠠ ᠰᠠᠢᠨ ᠤᠤ᠃ ᠪᠢ ᠪᠣᠯ ᠶᠤᠸᠠᠨ ᠲᠦᠩ ᠲᠦᠷᠭᠡᠨ ᠬᠦᠷᠭᠡᠯᠲᠡ᠎ᠶ᠋ᠢᠨ ᠲᠦᠷᠭᠡᠨ ᠬᠦᠷᠭᠡᠭ᠌ᠴᠢ ᠪᠤᠯᠤᠨ᠎ᠠ᠂ ᠲᠠᠨ ᠤ᠋ ᠵᠠᠬᠢᠶᠠᠯᠠᠭᠰᠠᠨ ᠶᠠᠭᠤᠮ᠎ᠠ ᠵᠢ ᠬᠦᠷᠭᠡᠵᠦ ᠢᠷᠡᠯ᠎ᠡ᠂ ᠪᠢ ᠣᠳᠣ ᠰᠠᠭᠤᠭᠠᠯᠢ ᠠᠷᠠᠳ᠎ᠤᠨ ᠲᠤᠭᠤᠷᠢᠭ᠎ᠤᠨ ᠡᠭᠦᠳᠡᠨ᠎ᠳᠦ ᠪᠠᠢᠨ᠎ᠠ ᠁》 ᠡᠳᠦᠷ ᠪᠦᠷᠢ ᠨᠠᠭᠠᠳᠤ ᠵᠠᠬ᠎ᠠ ᠨᠢ 300 ᠤᠳᠠᠭ᠎ᠠ ᠤᠲᠠᠰᠤᠳᠠᠳᠠᠭ ᠴᠦ᠍ ᠯᠢ ᠱᠢᠶᠣᠤ ᠸᠠᠩ᠎ᠤᠨ ᠲᠠᠭᠤᠨ ᠦᠡᠭᠭᠡ ᠨᠢ ᠬᠡᠵᠢᠶᠡᠳᠡ ᠲᠠᠯᠪᠢᠭᠤ ᠮᠦᠷᠳᠡᠭᠡᠨ ᠪᠠᠶᠠᠷᠳᠠᠢ ᠪᠠᠢᠳᠠᠭ᠃
ᠲᠦᠷᠭᠡᠨ ᠬᠦᠷᠭᠡᠯᠲᠡ ᠵᠢᠨ ᠠᠵᠢᠯ᠎ᠢ ᠬᠢᠭᠰᠡᠨ 8 ᠵᠢᠯ᠎ᠳᠦ᠂ ᠰᠠᠷ᠎ᠠ ᠪᠦᠷᠢ 3000 ᠵᠠᠬᠢᠶᠠᠯᠠᠭ᠎ᠠ ᠬᠦᠷᠭᠡᠵᠦ᠍᠂ 300 ᠵᠠᠬᠢᠶᠠᠯᠠᠭ᠎ᠠ ᠬᠣᠷᠢᠶᠠᠨ ᠠᠪᠳᠠᠭ ᠪᠠᠢᠭ᠍ᠰᠠᠨ᠎ᠡᠴᠡ ᠣᠲᠣ ᠪᠤᠯᠬᠤ ᠳ᠋ᠦ ᠰᠠᠷ᠎ᠠ ᠪᠦᠷᠢ 10000 ᠵᠠᠬᠢᠶᠠᠯᠠᠭ᠎ᠠ ᠬᠦᠷᠭᠡᠵᠦ᠍᠂ 3000 ᠵᠠᠬᠢᠶᠠᠯᠠᠭ᠎ᠠ ᠬᠣᠷᠢᠶᠠᠨ ᠠᠪᠴᠤ᠌᠂ ᠭᠠᠷᠤᠨ ᠥᠰᠥᠭ ᠵᠢᠷᠤᠵᠤ ᠬᠣᠷᠢᠶᠠᠨ ᠠᠪᠤᠭ᠍ᠰᠠᠨ ᠨᠣᠷᠮ᠎ᠠ 99%᠎ᠳ᠋ᠤ ᠬᠦᠷᠴᠦ᠍᠂ ᠬᠡᠷᠡᠭ᠌ᠯᠡᠭ᠌ᠴᠢᠳ᠎ᠦᠨ ᠰᠠᠢᠨ ᠦᠨᠡᠯᠡᠯᠲᠡ᠎ᠶ᠋ᠢᠨ ᠨᠣᠷᠮ᠎ᠠ 100%᠎ᠳ᠋ᠤ ᠬᠦᠷᠴᠦ᠍᠂ ᠥᠪᠥᠷ ᠮᠣᠩᠭᠣᠯ᠎ᠤᠨ ᠶᠤᠸᠠᠨ ᠲᠦᠩ ᠲᠦᠷᠭᠡᠨ ᠬᠦᠷᠭᠡᠯᠲᠡ ᠵᠢᠨ ᠱᠢᠰᠲ᠋ᠧᠮ᠎ᠦᠨ ᠬᠢᠨ᠎ᠤ ᠳᠣᠲᠣᠷ᠎ᠠ ᠵᠢᠯ ᠲᠤᠷᠰᠢ ᠲᠡᠷᠢᠭᠦᠯᠡᠳᠡᠭ ᠪᠤᠯᠪᠠ᠃
ᠡᠲᠡᠭᠡᠷ ᠲᠣᠭ᠎ᠠ ᠪᠠᠷᠢᠮᠲᠠ ᠨᠢ᠂ ᠥᠪᠥᠷ ᠮᠣᠩᠭᠣᠯ᠎ᠤᠨ ᠶᠤᠸᠠᠨ ᠲᠦᠩ ᠲᠦᠷᠭᠡᠨ ᠬᠦᠷᠭᠡᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠥᠬᠡᠬᠣᠲᠠ᠎ᠶ᠋ᠢᠨ ᠵᠥᠩᠱᠠᠨ ᠬᠤᠪᠢᠶᠠᠷᠢ ᠺᠣᠮᠫᠠᠨᠢ᠎ᠶ᠋ᠢᠨ ᠲᠦᠷᠭᠡᠨ ᠬᠦᠷᠭᠡᠭᠴᠢ ᠯᠢ ᠱᠢᠶᠤᠤ ᠸᠠᠩ᠎ᠤᠨ ᠡᠳᠦᠷ ᠪᠦᠷᠢ ᠬᠠᠳᠠᠭᠤᠵᠢᠯᠳᠠᠢ ᠴᠢᠷᠮᠠᠢᠨ ᠠᠵᠢᠯᠯᠠᠵᠤ᠂ ᠨᠢᠭᠡ ᠨᠢᠭᠡ ᠵᠠᠬᠢᠶᠠᠯᠠᠭ᠎ᠠ ᠪᠡᠷ ᠳ᠋ᠦᠩᠨᠡᠨ ᠡᠷᠭᠢᠴᠡᠭᠦᠯᠵᠦ᠍᠂ ᠤᠳᠠᠭ᠎ᠠ ᠳᠠᠷᠠᠭᠠᠯᠠᠨ ᠱᠢᠯᠢᠳᠡᠭ᠌ᠵᠢᠭᠦᠯᠦᠨ ᠳᠡᠭᠡᠭ᠌ᠰᠢᠯᠡᠭᠦᠯᠦᠭᠰᠡᠨᠤ ᠦᠷ᠎ᠡ ᠳ᠋ᠦᠩ᠂ ᠮᠦᠨ ᠴᠸ᠋ ᠲᠡᠭᠦᠨ᠎ᠤ ᠵᠢᠷᠭᠠᠯ᠎ᠤᠨ ᠵᠠᠮ ᠳᠡᠭᠡᠷᠡᠬᠢ 《ᠬᠡᠷᠡᠭ᠌ᠴᠡᠭᠡ᠎ᠲᠡᠶ》 ᠬᠥᠮᠦᠨ ᠪᠣᠯᠬᠤ᠎ᠪᠠᠷ ᠵᠣᠷᠢᠭ ᠱᠢᠭᠤᠳᠤᠭ᠍ᠰᠠᠨᠤ ᠬᠢ ᠦᠷ᠎ᠡ ᠳ᠋ᠦᠩ ᠶᠤᠮ᠃
ᠵᠠᠬᠢᠶᠠᠯᠠᠭ᠎ᠠ ᠬᠦᠷᠭᠡᠬᠦ ᠵᠠᠪᠰᠠᠷ᠎ᠢᠶᠡᠷ᠂ ᠯᠢ ᠱᠢᠶᠤᠤ ᠸᠠᠩ ᠰᠠᠭᠤᠭᠠᠯᠢ ᠠᠷᠠᠳ᠎ᠤᠨ ᠲᠣᠭᠣᠷᠢᠭ᠎ᠤᠨ ᠠᠮᠤᠷ ᠢ ᠬᠠᠮᠠᠭᠠᠯᠠᠭ᠍ᠴᠢ᠂ ᠱᠢᠳᠠᠷ᠎ᠠ ᠲᠠᠯᠪᠢᠵᠤ ᠪᠠᠢᠭ᠎ᠠ ᠡᠪᠦᠭᠡᠨ᠎ᠲᠠᠶ ᠵᠣᠭᠣᠭ᠍ᠳᠠᠵᠤ᠂ ᠠᠰᠠᠷ᠎ᠤᠨ ᠲᠠᠷᠬᠠᠯᠲᠠ᠂ ᠰᠠᠭᠤᠭᠠᠯᠢ ᠠᠷᠠᠳ᠎ᠤᠨ ᠠᠮᠢᠳᠤᠷᠠᠯ᠎ᠤᠨ ᠳᠠᠳᠭᠠᠯ ᠵᠡᠷᠭᠡ ᠰᠠᠭᠤᠭᠠᠯᠢ ᠠᠷᠠᠳ᠎ᠤᠨ ᠲᠣᠭᠣᠷᠢᠭ᠎ᠤᠨ ᠪᠣᠳᠠᠲᠠᠢ ᠪᠠᠢᠳᠠᠯ᠎ᠢ ᠣᠢᠯᠠᠭᠠᠵᠤ᠂ ᠬᠣᠵᠢᠮ᠎ᠤᠨ ᠵᠠᠬᠢᠶᠠᠯᠠᠭ᠎ᠠ ᠬᠦᠷᠭᠡᠬᠦ᠎ᠳᠡᠭᠡᠨ ᠮᠡᠳᠡᠭᠡ ᠵᠠᠩᠬᠢ ᠴᠤᠭ᠍ᠯᠠᠭᠤᠯᠤᠨᠠ᠃ ᠬᠠᠮᠲᠤ ᠠᠵᠢᠯᠯᠠᠭ᠍ᠰᠠᠳ ᠨᠢ ᠲᠡᠭᠦᠨ ᠢ 《ᠶᠠᠪᠠᠭᠠᠨ ᠭᠠᠵᠠᠷ᠎ᠤᠨ ᠵᠢᠷᠤᠭ》 ᠭᠡᠯᠴᠡᠳᠡᠭ᠃
《ᠡᠳᠦᠷ᠎ᠦᠨ ᠠᠵᠢᠯ᠎ᠵᠢᠡᠨ ᠳᠠᠭᠤᠰᠬᠠᠭ᠍ᠰᠠᠨᠤ ᠳᠠᠷᠠᠭ᠎ᠠ᠂ ᠪᠢ ᠴᠠᠭᠠᠰᠤ ᠭᠠᠷᠭᠠᠵᠤ ᠵᠢᠷᠤᠳᠠᠭ᠂ ᠪᠢᠷ ᠴᠠᠭᠠᠰᠤ ᠪᠠᠢᠬᠤ ᠦᠭᠡᠢ ᠪᠣᠯ ᠮᠤᠳᠤ ᠣᠯᠵᠤ ᠭᠠᠵᠠᠷ ᠳᠡᠭᠡᠷ᠎ᠡ ᠵᠢᠷᠤᠨ᠎ᠠ᠂ ᠥᠨᠥᠳᠦᠷ ᠲᠦᠷᠭᠡᠨ ᠬᠦᠷᠭᠡᠯᠲᠡ ᠪᠠᠨ ᠬᠡᠷᠬᠢᠨ ᠬᠦᠷᠭᠡᠭ᠌ᠰᠡᠨ᠂ ᠴᠠᠭ᠎ᠢᠶᠠᠨ ᠶᠠᠭᠠᠭᠢᠵᠦ ᠰᠠᠭᠠᠲᠠᠭᠠᠭ᠍ᠰᠠᠨ ᠵᠡᠷᠭᠡ ᠪᠠᠨ ᠡᠷᠭᠢᠴᠡᠭᠦᠯᠵᠦ᠍᠂ ᠳᠠᠷᠠᠭ᠎ᠠ ᠡᠳᠦᠷ᠎ᠨᠢ ᠵᠣᠬᠢᠬᠤ ᠲᠣᠬᠢᠷᠠᠭᠤᠯᠤᠯᠲᠠ ᠬᠢᠵᠦ᠍᠂ ᠠᠯᠢ ᠴᠢᠳᠠᠬᠤ᠎ᠪᠠᠷ ᠴᠠᠭ᠎ᠢ ᠪᠦᠷᠢᠯᠭᠡᠬᠦ᠌᠎ᠡᠴᠡ ᠵᠠᠢᠯᠠᠰᠭᠢᠨ᠎ᠡ᠃ ᠵᠢᠱ᠌ᠢᠶᠡᠯᠡᠪᠡᠯ᠂ ᠠᠯᠢ ᠵᠠᠮ ᠨᠢ ᠰᠤᠷᠭᠠᠭᠤᠯᠢᠴᠤᠭᠯᠠᠬᠤ᠂ ᠰᠤᠷᠭᠠᠭᠤᠯᠢ ᠲᠠᠷᠬᠠᠬᠤ ᠣᠷᠭᠢᠯ᠎ᠤᠨ ᠬᠤᠭᠤᠴᠠᠭᠠᠨ᠎ᠳᠤ ᠲᠦᠭ᠌ᠵᠢᠷᠡᠬᠦ᠌᠂ ᠵᠠᠷᠢᠮ ᠠᠵᠢᠯᠯᠠᠬᠤ ᠠᠰᠠᠷ᠎ᠤᠨ ᠬᠢᠨ 9 ᠴᠠᠭ᠎ᠡᠴᠡ ᠡᠮᠦᠨ᠎ᠡ ᠠᠵᠢᠯᠯᠠᠬᠤ ᠦᠭᠡᠢ ᠪᠤᠯᠬᠤᠷ ᠬᠦᠷᠭᠡᠬᠦ᠌᠎ᠶ᠋ᠢᠨ ᠠᠷᠭ᠎ᠠ ᠦᠭᠡᠢ ᠵᠡᠷᠭᠡ᠃ ᠡᠷᠭᠢᠴᠡᠭᠦᠯᠦᠨ ᠲᠤᠨᠭᠭᠠᠭᠰᠠᠨᠤ ᠳᠠᠷᠠᠭ᠎ᠠ᠂ ᠪᠢ ᠡᠳᠡᠭᠡᠷ ᠪᠠᠢᠳᠠᠯ᠎ᠳᠤ ᠴᠢᠭ᠌ᠯᠡᠭᠦᠯᠦᠨ ᠵᠠᠮ ᠱᠤᠭᠤᠮ ᠪᠠ ᠴᠠᠭ᠎ᠵᠢᠡᠨ ᠲᠣᠬᠢᠷᠠᠭᠤᠯᠵᠤ᠂ ᠬᠦᠷᠭᠡᠬᠦ᠌ ᠦᠷ᠎ᠡ ᠪᠦᠲᠦᠮᠵᠢ ᠵᠢ ᠳᠡᠭᠡᠭ᠌ᠰᠢᠯᠡᠭᠦᠯᠳᠡᠭ》᠃ ᠡᠨᠡ ᠬᠦ᠌ ᠳᠠᠳᠭᠠᠯ᠎ᠢᠶᠠᠨ ᠯᠢ ᠱᠢᠶᠤᠤ ᠸᠠᠩ 8 ᠵᠢᠯ ᠪᠠᠷᠢᠮᠲᠠᠯᠠᠵᠤ᠂ ᠤᠳᠤ ᠬᠠᠮᠲᠤ ᠠᠵᠢᠯᠯᠠᠭ᠍ᠰᠠᠳ ᠨᠢ ᠲᠡᠭᠦᠨ ᠢ 《ᠪᠦᠷᠢᠨ ᠴᠢᠳᠠᠪᠤᠷᠢᠲᠠᠨ》 ᠭᠡᠵᠦ᠍ ᠱᠣᠭ᠍ᠯᠠᠨ ᠳᠠᠭᠤᠳᠠᠳᠠᠭ ᠪᠤᠯᠪᠠ᠃ ᠲᠡᠷᠡ ᠥᠪᠡᠷ᠎ᠦᠨ ᠬᠤᠷᠠᠮᠳᠤᠭᠤᠯᠤᠭ᠍ᠰᠠᠨ ᠲᠤᠷᠱᠢᠯᠭ᠎ᠠ᠎ᠪᠠᠨ ᠳᠤᠷᠠᠲᠠᠶ᠎ᠠ ᠬᠠᠮᠲᠤ ᠠᠵᠢᠯᠯᠠᠭ᠍ᠰᠠᠳ᠎ᠲᠠᠶ ᠪᠠᠨ ᠬᠤᠪᠢᠶᠠᠯᠴᠠᠵᠤ᠂ ᠣᠯᠠᠨ᠎ᠢᠶᠠᠷ᠎ᠢᠶᠠᠨ ᠲᠦᠷᠭᠡᠨ ᠬᠦᠷᠭᠡᠯᠲᠡ ᠶ᠋ᠢᠨ ᠠᠵᠢᠯ ᠲᠥᠷᠥᠯ᠎ᠦᠨ ᠬᠥᠭ᠌ᠵᠢᠯᠲᠡ᠎ᠳᠦ ᠬᠦᠴᠦ᠍ ᠨᠡᠮᠡᠷᠢᠯᠡᠨ᠎ᠡ᠃
ᠯᠢ ᠱᠢᠶᠣᠤ ᠸᠠᠩ ᠪᠠᠰᠠ ᠨᠢᠭᠡ 《ᠠᠮᠵᠢᠯᠳᠠ ᠵᠢᠨ ᠰᠢᠳᠢᠲᠦ ᠵᠤᠷ》 ᠬᠤᠷᠢᠶᠠᠩᠭᠤᠢᠯᠠᠪᠠ᠃ ᠲᠡᠷᠡ ᠨᠢ ᠲᠠᠷᠤᠢ 《ᠦᠨᠡᠨ ᠰᠡᠳᠭᠢᠯᠢᠶᠡᠷᠵᠢᠡᠨ ᠲᠦᠷᠭᠡᠨ ᠬᠦᠷᠭᠡᠯᠲᠡ ᠲᠤᠰᠬᠤ ᠬᠥᠮᠦᠨ ᠪᠣᠯᠭᠠᠨᠤ᠋ ᠰᠡᠳᠭᠢᠯ ᠢ ᠳᠤᠯᠠᠭᠠᠯᠠᠨ᠎ᠠ》᠃ ᠪᠦᠬᠦ᠌ ᠵᠢᠯ᠎ᠳᠦ ᠠᠮᠠᠷᠠᠬᠤ ᠴᠠᠭ ᠦᠭᠡᠢ᠂ ᠰᠠᠯᠬᠢ ᠪᠣᠷᠣᠭᠠᠨ᠎ᠳᠤ ᠰᠠᠭᠠᠲᠠᠯ ᠦᠭᠡᠢ ᠪᠠᠢᠵᠤ᠂ ᠤᠳᠠᠭ᠎ᠠ ᠳᠠᠷᠠᠭᠠᠯᠠᠨ ᠴᠠᠭ᠎ᠢᠶᠠᠨ ᠲᠤᠬᠢᠷᠠᠭᠤᠯᠵᠤ᠂ ᠨᠠᠰᠤᠲᠠᠢᠴᠤᠳ᠂ ᠵᠡᠮᠳᠡᠭ᠌ᠴᠦᠳ᠂ ᠭᠠᠳᠠᠭ᠍ᠰᠢ ᠭᠠᠷᠬᠤ᠎ᠳᠤ ᠳᠥᠭᠥᠮ ᠦᠭᠡᠢ ᠬᠦᠮᠦᠰ᠎ᠲᠤ ᠲᠦᠷᠭᠡᠨ ᠬᠦᠷᠭᠡᠯᠲᠡ᠎ᠶ᠋ᠢ ᠨᠢ ᠤᠷᠢᠳ᠎ᠵᠢᠡᠷ ᠬᠦᠷᠭᠡᠵᠦ ᠥᠭ᠌ᠭᠦᠨ᠎ᠡ᠃ ᠲᠡᠷᠡ ᠬᠠᠮᠤᠭ᠎ᠤᠨ ᠭᠤᠶᠤ ᠲᠦᠷᠭᠡᠨ ᠬᠦᠷᠭᠡᠭ᠌ᠴᠢ᠎ᠶ᠋ᠢᠨ ᠪᠠᠷᠢᠮᠵᠢᠶ᠎ᠠ᠎ᠪᠠᠷ ᠥᠪᠡᠷ ᠢ ᠪᠡᠨ ᠱᠠᠭᠠᠷᠳᠠᠵᠤ᠂ ᠬᠡᠷᠡᠭ᠌ᠯᠡᠭ᠌ᠴᠢ ᠨᠢᠭᠡ ᠪᠦᠷᠢᠳᠦ ᠦᠨᠡᠨ ᠰᠡᠳᠭᠢᠯ ᠡᠴᠡ ᠪᠠᠨ ᠰᠠᠢᠲᠤᠷ ᠦᠢᠯᠡᠴᠢᠯᠡᠵᠦ᠍᠂ ᠤᠯᠠᠨ᠎ᠤ ᠢᠲᠡᠭᠡᠯ᠎ᠢ ᠮᠠᠰᠢ ᠤᠯᠪᠠ᠃
《ᠬᠡᠷᠡᠭ᠌ᠯᠡᠭ᠌ᠴᠢᠳ᠎ᠦᠨ ᠤᠳᠠᠭ᠎ᠠ ᠪᠦᠷᠢ᠎ᠶ᠋ᠢᠨ ᠢᠨᠢᠶᠡᠮᠰᠦᠭ᠌ᠯᠡᠯ ᠪᠠ ᠲᠠᠯᠠᠷᠬᠠᠯ ᠪᠣᠯ ᠴᠥᠮ ᠮᠢᠨᠦ᠍ ᠤᠷᠤᠭ᠍ᠰᠢᠯᠠᠬᠤ ᠡᠨᠧᠷᠭᠢ ᠮᠥᠨ᠃ ᠪᠢ ᠪᠠᠰᠠ ᠠᠷᠠᠳ ᠲᠦᠮᠡᠨ᠎ᠳᠦ ᠦᠶ᠋ᠯᠡᠴᠢᠯᠡᠬᠦ᠌ ᠶᠠᠪᠤᠴᠠ ᠳᠤᠮᠳᠠ ᠪᠠᠨ ᠵᠢᠩᠬᠢᠨᠢ ᠪᠠᠶᠠᠷ ᠪᠠᠶᠠᠰᠤᠯ ᠪᠠ ᠬᠠᠨᠤᠮᠵᠢ ᠶ᠋ᠢ ᠮᠡᠳᠡᠷᠡᠪᠡ》 ᠭᠡᠵᠦ ᠯᠢ ᠱᠢᠶᠣᠤ ᠸᠠᠨᠭ᠌ ᠢᠨᠢᠶᠡᠮᠰᠦᠭ᠌ᠯᠡᠨ ᠬᠡᠯᠡᠪᠡ᠃
ᠴᠠᠭ ᠦᠶ᠎ᠡ ᠬᠥᠭ᠌ᠵᠢᠵᠦ᠍᠂ ᠠᠵᠢᠯ ᠲᠥᠷᠥᠯ ᠳᠠᠪᠱᠢᠵᠤ ᠪᠠᠢᠨ᠎ᠠ᠃ ᠯᠢ ᠱᠢᠶᠤᠤ ᠸᠠᠩ ᠴᠠᠭ ᠦᠶ᠎ᠡ᠎ᠶ᠋ᠢ ᠳᠠᠭᠠᠨ ᠤᠷᠤᠭ᠍ᠰᠢᠯᠠᠬᠤ ᠠᠯᠬᠤᠭ᠎ᠠ ᠪᠠᠨ ᠶᠡᠷᠦ ᠡᠴᠡ ᠵᠤᠭᠰᠤᠭᠰᠠᠨ ᠦᠭᠡᠢ ᠪᠠᠢᠵᠤ᠂ ᠠᠵᠢᠯ᠎ᠤᠨ ᠴᠢᠯᠥᠭᠡᠪᠡᠷᠢᠶᠡᠨ ᠲᠠᠰᠤᠷᠠᠯᠲᠠ ᠦᠭᠡᠢ ᠰᠤᠷᠤᠯᠴᠠᠵᠤ᠂ ᠨᠣᠮ ᠪᠢᠴᠢᠭ ᠡᠴᠡ ᠰᠤᠷᠤᠭᠰᠠᠨ ᠮᠡᠳᠡᠯᠭᠡ᠎ᠶ᠋ᠢ ᠠᠵᠢᠯ᠎ᠤᠨ ᠦᠢᠯᠡᠳᠦᠯᠭᠡ᠎ᠳᠡᠭᠡᠨ ᠠᠰᠢᠭᠯᠠᠵᠤ᠂ ᠱᠢᠨ᠎ᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠤᠨᠤᠭ ᠲᠥᠬᠥᠭᠡᠷᠦᠮᠵᠢ ᠵᠢ ᠬᠡᠷᠡᠭᠯᠡᠬᠦ᠎ᠳᠦ ᠳᠤᠯᠭᠠᠷᠠᠭᠰᠠᠨ ᠠᠰᠠᠭᠤᠳᠠᠯ᠎ᠢ ᠰᠢᠢᠳᠪᠦᠷᠢᠯᠡᠵᠦ᠂ ᠲᠤᠷᠱᠢᠯᠭ᠎ᠠ᠎ᠪᠠᠨ ᠢᠳᠡᠪᠬᠢᠲᠡᠢ ᠳ᠋ᠦᠩᠨᠡᠨ᠂ ᠬᠠᠢᠨ ᠰᠦᠪᠡᠭ᠌ᠴᠢᠯᠡᠨ ᠱᠢᠨ᠎ᠡ᠎ᠶ᠋ᠢ ᠡᠭᠦᠳᠴᠦ᠂ ᠥᠪᠡᠷ᠎ᠦᠨ ᠲᠤᠰᠭᠠᠢ ᠮᠡᠷᠭᠡᠵᠢᠯ᠎ᠦᠨ ᠴᠢᠳᠠᠪᠤᠷᠢ᠎ᠪᠠᠨ ᠳᠡᠭᠡᠭ᠌ᠰᠢᠯᠡᠭᠦᠯᠪᠡ᠃ 2019 ᠣᠨ᠂ 2021 ᠣᠨ᠎ᠳᠤ᠂ ᠲᠡᠷᠡ ᠪᠥᠬᠥ᠌ ᠤᠯᠤᠰ᠎ᠤᠨ ᠲᠦᠷᠭᠡᠨ ᠬᠦᠷᠭᠡᠭ᠌ᠴᠢ᠎ᠶ᠋ᠢᠨ ᠠᠵᠢᠯ ᠮᠡᠷᠭᠡᠵᠢᠯ ᠦᠨ ᠤᠷ᠎ᠠ ᠴᠢᠳᠠᠪᠤᠷᠢ ᠶ᠋ᠢᠨ ᠤᠷᠤᠯᠳᠤᠭᠠᠨ᠎ᠳᠤ ᠣᠷᠣᠯᠴᠠᠵᠤ᠂ ᠲᠣᠰ ᠲᠣᠰ ᠭᠤᠷᠪᠠᠳᠤᠭᠠᠷ ᠳᠡᠰ᠎ᠤᠨ ᠱᠠᠩᠨᠠᠯ᠂ ᠬᠣᠶᠠᠳᠤᠭᠠᠷ ᠳᠡᠰ᠎ᠤᠨ ᠱᠠᠩᠨᠠᠯ ᠭᠥᠷᠳᠡᠪᠡ᠃
2023 ᠣᠨ᠎ᠤ 12 ᠰᠠᠷ᠎ᠠ᠎ᠳᠤ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠠᠵᠢᠯ ᠮᠡᠷᠭᠡᠵᠢᠯ᠎ᠦᠨ ᠳᠡᠭᠡᠳᠦ ᠰᠤᠷᠭᠠᠭᠤᠯᠢ ᠵᠢᠨ ᠬᠢᠨ ᠯᠢ ᠱᠢᠶᠤᠤ ᠸᠠᠩ᠎ᠢ ᠡᠷᠢᠵᠦ᠍᠂ ᠲᠦᠷᠭᠡᠨ ᠬᠦᠷᠭᠡᠯᠲᠡ᠎ᠶ᠋ᠢᠨ ᠲᠤᠰᠭᠠᠶ ᠮᠡᠷᠭᠡᠵᠢᠯ᠎ᠦᠨ ᠬᠠᠮᠢᠶ᠎ᠠ ᠪᠥᠬᠥᠶ ᠵᠢᠭᠠᠬᠤ ᠮᠠᠲ᠋ᠧᠷᠢᠶᠠᠯ ᠢ ᠨᠠᠢᠷᠠᠭᠤᠯᠤᠨ ᠪᠢᠴᠢᠬᠦ᠌ ᠠᠵᠢᠯ᠎ᠳᠤ ᠣᠷᠣᠯᠴᠠᠬᠤ᠎ᠶ᠋ᠢ ᠬᠦᠰᠡᠪᠡ᠃
《ᠡᠬᠢᠨ᠎ᠳᠡᠭᠡᠨ ᠪᠢ ᠬᠥᠳᠡᠭᠡ ᠲᠣᠰᠭᠣᠨ᠎ᠤ ᠢᠯᠡᠭᠡᠨ ᠬᠦᠷᠭᠡᠬᠦ ᠪᠠᠷᠠᠭᠠᠨ᠎ᠤ ᠭᠦᠶ᠋ᠯᠭᠡᠭᠡᠨ᠎ᠦ ᠱᠢᠰᠲ᠋ᠧᠮ ᠢ ᠳᠡᠮᠡᠶ ᠣᠢᠯᠠᠭᠠᠬᠤ ᠥᠬᠡᠶ ᠪᠠᠢᠳᠠᠯ᠎ᠢᠶᠡᠨ ᠪᠣᠳᠣᠯᠬᠢᠯᠠᠵᠤ᠂ ᠡᠷᠡᠭᠡᠯᠵᠡᠵᠦ ᠪᠠᠢᠬᠤ ᠪᠠᠨ ᠢᠯᠡᠳᠭᠡᠪᠡ᠂ ᠰᠤᠷᠭᠠᠭᠤᠯᠢ᠎ᠶᠢᠨ ᠬᠢᠨ ᠨᠠᠮ᠎ᠠ ᠵᠢ 〈ᠤᠷᠢᠳ᠎ᠢᠶᠠᠷ ᠲᠤᠷᠱᠢᠵᠤ ᠦᠵᠡ〉 ᠭᠡᠵᠦ᠍ ᠵᠣᠷᠢᠭ᠍ᠵᠢᠭᠤᠯᠪᠠ᠂ ᠳᠡᠭᠡᠭᠡᠳ ᠪᠢ ᠶᠡᠬᠡ ᠬᠡᠮᠵᠢᠶᠡᠨ᠎ᠦ ᠮᠠᠲ᠋ᠧᠷᠢᠶᠠᠯ ᠡᠷᠢᠵᠦ᠍ ᠴᠤᠭᠯᠠᠭᠤᠯᠤᠭᠠᠳ ᠳᠠᠷᠠᠭ᠎ᠠ ᠨᠢ 3 ᠰᠠᠷ᠎ᠠ ᠢᠯᠡᠭᠦᠦ᠎ᠶᠢᠨ ᠴᠠᠭ ᠵᠠᠷᠤᠴᠠᠭᠤᠯᠵᠤ ᠳᠥᠷᠪᠡᠨ ᠬᠢᠴᠢᠶᠡᠯ᠎ᠦᠨ ᠠᠭᠤᠯᠭ᠎ᠠ᠎ᠶ᠋ᠢ ᠨᠠᠢᠷᠠᠭᠤᠯᠪᠠ》᠃
ᠡᠢᠨᠬᠦ᠂ ᠯᠢ ᠱᠢᠶᠤᠤ ᠸᠠᠩ ᠰᠤᠷᠭᠠᠭᠤᠯᠢ᠎ᠶᠢᠨ ᠬᠢᠨ ᠲᠠᠶ ᠬᠠᠮᠲᠤᠷᠠᠨ 《ᠲᠦᠷᠭᠡᠨ ᠬᠦᠷᠭᠡᠯᠲᠡ᠎ᠶ᠋ᠢᠨ ᠲᠤᠬᠠᠢᠯᠠᠭ᠍ᠰᠠᠨ ᠠᠵᠢᠯ᠎ᠤᠨ ᠱᠢᠢᠳᠪᠦᠷᠢᠯᠠᠯᠳᠠ》 ᠭᠡᠬᠦ ᠬᠢᠴᠢᠶᠡᠯ ᠤᠨ ᠪᠢᠴᠢᠭ ᠢ ᠨᠠᠢᠷᠠᠭᠤᠯᠤᠨ ᠪᠢᠴᠢᠭᠰᠡᠨ ᠪᠠ ᠱᠢᠩᠭᠡᠭᠡᠨ ᠦᠢᠯᠡᠳᠴᠦ᠍᠂ ᠬᠥᠳᠡᠭᠡ ᠲᠣᠰᠭᠣᠨ᠎ᠤ ᠢᠯᠡᠭᠡᠨ ᠬᠦᠷᠭᠡᠬᠦ ᠪᠠᠷᠠᠭᠠᠨ᠎ᠤ ᠭᠦᠢᠯᠭᠡᠭᠡᠨ ᠤ᠋ ᠱᠢᠰᠲᠸᠮ᠎ᠤᠨ ᠲᠦᠷᠪᠡᠨ ᠬᠢᠴᠢᠶᠡᠯ ᠦᠨ ᠠᠭᠤᠯᠭ᠎ᠠ ᠶ᠋ᠢ ᠪᠡᠶ᠎ᠡ᠎ᠪᠡᠨ ᠳᠠᠭᠠᠭᠠᠵᠤ ᠪᠡᠶᠡᠯᠡᠭᠦᠯᠪᠡ᠃ ᠲᠡᠷᠡ᠂ ᠦᠪᠡᠷ᠎ᠤᠨ ᠴᠢᠷᠮᠠᠢᠯᠭ᠎ᠠ ᠪᠠ ᠲᠠᠰᠤᠷᠠᠯᠲᠠ ᠥᠬᠡᠶ ᠰᠤᠷᠤᠯᠴᠠᠯᠭ᠎ᠠ᠎ᠪᠠᠷ᠎ᠢᠶᠡᠨ ᠲᠦᠷᠭᠡᠨ ᠬᠦᠷᠭᠡᠯᠳᠡ᠎ᠶᠢᠨ ᠠᠵᠢᠯ ᠲᠥᠷᠥᠯ᠎ᠦᠨ ᠳᠡᠭᠡᠳᠦ ᠬᠤᠷᠳᠤᠴᠠ᠎ᠪᠠᠷ ᠬᠥᠭ᠌ᠵᠢᠵᠦ᠍ ᠪᠠᠢᠭ᠍ᠰᠠᠨ ᠡᠴᠡ᠎ᠪᠠᠨ ᠴᠢᠨᠠᠷ ᠰᠠᠢᠲᠠᠶ ᠬᠥᠭ᠌ᠵᠢᠬᠦ᠌ ᠳᠡᠢᠰᠢ ᠬᠤᠪᠢᠷᠠᠬᠤ᠎ᠳᠦ ᠬᠦᠴᠦ᠍ᠨ ᠨᠡᠮᠡᠷᠢᠯᠡᠬᠦ᠎ᠶ᠋ᠢ ᠬᠦᠰᠡᠵᠦ᠍ ᠪᠠᠢᠨ᠎ᠠ ᠭᠡᠪᠡ᠃
ᠬᠤᠪᠢ ᠬᠦᠮᠦᠨ᠎ᠤ ᠬᠦᠴᠦᠨ ᠴᠢᠳᠠᠯ ᠬᠡᠳᠦᠢ ᠪᠠᠭ᠎ᠠ ᠪᠣᠯᠪᠠᠴᠤ ᠯᠢ ᠰᠢᠶᠣᠣ ᠸᠠᠩ ᠮᠥᠨ ᠯᠡ ᠪᠦᠬᠦ ᠬᠦᠴᠦ᠎ᠪᠡᠷ᠎ᠢᠶᠡᠨ ᠨᠡᠢᠭᠡᠮ᠎ᠳᠦ ᠦᠢᠯᠡᠴᠢᠯᠡᠵᠦ᠂ ᠨᠡᠢᠭᠡᠮ᠎ᠳᠦ ᠠᠴᠢ ᠬᠠᠷᠢᠭᠤᠯᠵᠤ᠂ ᠬᠥᠮᠥᠰ᠎ᠢ ᠪᠢᠰᠢᠷᠡᠭᠦᠯᠦᠨ᠎ᠡ᠃
2021 ᠣᠨ᠎ᠡᠴᠡ ᠡᠬᠢᠯᠡᠨ᠂ ᠲᠡᠷᠡ ᠰᠠᠷ᠎ᠠ ᠪᠦᠷᠢ ᠤᠯᠠᠨ ᠤᠯᠤᠰ᠎ᠤᠨ ᠬᠣᠯᠪᠣᠭᠠᠲᠤ ᠪᠠᠢᠭᠤᠯᠭ᠎ᠠ᠎ᠶᠢᠨ ᠬᠡᠦᠬᠡᠳ᠎ᠦᠨ ᠰᠠᠭᠤᠷᠢ ᠮᠥᠩᠭᠥᠨ᠎ᠦ ᠨᠡᠢᠭᠡᠮᠯᠢᠭ᠎ᠲᠦ ᠵᠣᠭᠣᠰ ᠬᠠᠨᠳᠢᠪᠯᠡᠵᠤ᠂ ᠶᠠᠳᠠᠭᠤ ᠬᠦᠴᠢᠷᠳᠡᠯᠲᠡᠢ ᠠᠭᠤᠯᠠᠷᠬᠠᠭ ᠣᠷᠣᠨ᠎ᠤ ᠬᠡᠦᠬᠡᠳ᠎ᠢ ᠬᠠᠪᠰᠤᠷᠤᠨ ᠲᠡᠳᠭᠦᠪᠡ᠃
2024 ᠣᠨ᠎ᠤ 7 ᠰᠠᠷ᠎ᠠ᠎ᠶᠢᠨ ᠳᠤᠮᠳᠠᠴᠢ᠎ᠪᠠᠷ᠂ ᠠᠵᠢᠯ ᠲᠦᠷᠦᠯ᠎ᠦᠨ ᠨᠠᠮ᠎ᠤᠨ ᠬᠣᠷᠢᠶ᠎ᠠ᠎ᠶᠢᠨ ᠵᠣᠬᠢᠶᠠᠨ ᠪᠠᠢᠭᠤᠯᠤᠯᠲᠠ ᠳᠣᠣᠷ᠎ᠠ᠂ ᠲᠡᠷᠡ ᠺᠣᠮᠫᠠᠨᠢ᠎ᠶᠢᠨ ᠬᠠᠮᠲᠤ ᠠᠵᠢᠯᠯᠠᠭ᠍ᠴᠢ᠎ᠪᠠᠨ ᠳᠠᠭᠠᠭᠤᠯᠤᠨ ᠨᠡᠢᠭᠡᠮ ᠲᠣᠭᠣᠷᠢᠭ᠋᠎ᠤᠨ ᠵᠠᠰᠠᠯᠲᠠ᠎ᠶᠢᠨ ᠠᠵᠢᠯ᠎ᠳᠤ ᠢᠳᠡᠪᠬᠢᠲᠡᠢ ᠤᠷᠤᠯᠴᠠᠵᠤ᠂ ᠪᠣᠯᠪᠠᠰᠤᠨ ᠬᠤᠳᠠ᠎ᠶᠢᠨ ᠡᠭᠦᠳᠦᠨ ᠪᠠᠶ᠋ᠢᠭᠤᠯᠤᠯᠲᠠ ᠵᠢ ᠲᠡᠮᠵᠢᠵᠤ᠂ ᠲᠦᠷᠭᠡᠨ ᠬᠦᠷᠭᠡᠯᠲᠡ ᠬᠦᠷᠭᠡᠬᠦ ᠵᠢᠨ ᠬᠠᠮᠲᠤ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶᠢ ᠴᠤᠭᠯᠠᠭᠤᠯᠵᠤ᠂ ᠭᠡᠨᠡᠳᠲᠡ᠎ᠶᠢᠨ ᠪᠠᠢᠳᠠᠯ ᠪᠤᠶᠤ ᠠᠮᠤᠷ ᠲᠦᠪᠰᠢᠨ᠎ᠦ ᠭᠡᠮ ᠰᠤᠭᠤᠭ ᠲᠣᠬᠢᠶᠠᠯᠳᠤᠪᠠᠯ ᠲᠡᠷᠡ ᠳᠠᠷᠤᠢ ᠳ᠋ᠤᠨᠢ ᠳᠡᠭᠡᠳᠦ ᠱᠠᠲᠤᠨ᠎ᠳᠤ ᠮᠡᠳᠡᠭᠦᠯᠵᠦ᠂ ᠦᠨᠳᠦᠰᠦᠨ ᠱᠠᠲᠤᠨ᠎ᠤ ᠨᠡᠢᠭᠡᠮ᠎ᠦᠨ ᠵᠠᠰᠠᠯᠲᠠ᠎ᠳᠤ ᠥᠪᠡᠷ᠎ᠦᠨ ᠬᠦᠴᠦᠨ ᠴᠢᠳᠠᠯ᠎ᠢᠶᠠᠨ ᠡᠷᠭᠦᠵᠡᠢ᠃
ᠥᠪᠥᠷ ᠮᠣᠩᠭᠣᠯ᠎ᠤᠨ ᠰᠢᠤᠳᠠᠨ᠎ᠤ ᠠᠵᠢᠯ ᠲᠦᠷᠦᠯ᠎ᠦᠨ ᠰᠢᠯᠢᠳᠡᠭ ᠡᠪ ᠬᠠᠮᠲᠤ ᠨᠠᠮ᠎ᠤᠨ ᠭᠡᠰᠢᠭᠦᠨ᠂ ᠥᠪᠥᠷ ᠮᠣᠩᠭᠣᠯ᠎ᠤᠨ ᠰᠢᠤᠳᠠᠨ᠎ᠤ ᠠᠵᠢᠯ ᠲᠦᠷᠦᠯ᠎ᠦᠨ ᠤᠮᠠᠷᠠᠲᠤ᠎ᠶᠢᠨ ᠬᠣᠰᠢᠭᠤᠴᠢ ᠵᠢᠱ᠌ᠢᠶ᠎ᠡ ᠦᠵᠡᠭᠦᠯᠬᠦ ᠠᠵᠢᠯ᠎ᠤᠨ ᠪᠠᠢᠷᠢ᠂ ᠪᠦᠬᠦ ᠤᠯᠤᠰ᠎ᠤᠨ ᠵᠠᠮ ᠬᠠᠷᠢᠯᠴᠠᠭᠠᠨ᠎ᠤ ᠮᠡᠷᠭᠡᠵᠢᠯ᠎ᠦᠨ ᠴᠢᠳᠠᠪᠤᠷᠢᠲᠠᠨ᠂ ᠪᠦᠬᠦ ᠤᠯᠤᠰ᠎ᠤᠨ 《5·1》᠎ᠤ ᠬᠥᠳᠡᠯᠮᠦᠷᠢ᠎ᠶᠢᠨ ᠱᠠᠩᠨᠠᠯ᠎ᠤᠨ ᠮᠸᠲᠠᠯ ᠁ ᠡᠳᠡᠭᠡᠷ ᠤᠯᠠᠨ ᠢᠷᠠᠭᠤ ᠠᠯᠳᠠᠷ ᠪᠣᠯ ᠯᠢ ᠰᠢᠶᠣᠣ ᠸᠠᠩᠳᠦ ᠦᠭᠬᠦᠭᠰᠡᠨ ᠨᠤᠲᠠᠯᠠᠯᠲᠠ᠂ ᠮᠥᠨ ᠴᠦ᠍ ᠲᠡᠭᠦᠨ᠎ᠳᠦ ᠲᠠᠯᠪᠢᠭ᠍ᠰᠠᠨ ᠱᠠᠭᠠᠷᠳᠠᠯᠭ᠎ᠠ ᠪᠣᠯᠣᠨ᠎ᠠ᠃
ᠡᠨᠡ ᠵᠢᠯ᠎ᠦᠨ 《5·1》 ᠤ᠋ ᠳᠡᠯᠡᠬᠡᠢ᠎ᠶᠢᠨ ᠬᠥᠳᠡᠯᠮᠦᠷᠢᠴᠢᠳ᠎ᠦᠨ ᠪᠠᠶᠠᠷ᠎ᠡᠴᠡ ᠡᠮᠦᠨᠡᠬᠡᠨ᠂ ᠯᠢ ᠰᠢᠶᠣᠣ ᠸᠠᠩ ᠪᠦᠬᠦ ᠤᠯᠤᠰ᠎ᠤᠨ ᠬᠥᠳᠡᠯᠮᠦᠷᠢ᠎ᠶᠢᠨ ᠵᠢᠱ᠌ᠢᠶᠡᠴᠢ᠎ᠪᠡᠷ ᠦᠨᠡᠯᠡᠭᠳᠡᠪᠡ᠃ ᠡᠨᠡ ᠨᠢ ᠲᠡᠭᠦᠨ᠎ᠳᠤ ᠶᠡᠬᠡᠳᠡ ᠵᠣᠷᠢᠭ᠍ᠵᠢᠭᠤᠯᠤᠯ ᠪᠤᠯᠵᠦ᠂ ᠦᠢᠯᠡᠳᠪᠦᠷᠢ ᠬᠤᠳᠠᠯᠳᠤᠭᠠᠨ᠎ᠤ ᠬᠠᠮᠢᠶᠠᠷᠤᠯᠲᠠ᠎ᠶᠢᠨ ᠲᠤᠰᠬᠠᠢ ᠮᠡᠷᠭᠡᠵᠢᠯ᠎ᠦᠨ ᠠᠰᠫᠢᠷᠠᠨᠲ᠎ᠢᠶᠠᠷ ᠰᠤᠷᠤᠯᠴᠠᠨ᠎ᠠ ᠭᠡᠵᠦ ᠳᠠᠷᠠᠭᠠᠴᠢ᠎ᠶᠢᠨ ᠬᠠᠷᠠᠯᠲᠠ ᠪᠠᠨ ᠬᠡᠯᠡᠵᠦ ᠪᠠᠢᠪᠠ᠃ 《ᠬᠡᠷᠪᠡ ᠬᠥᠮᠥᠨ ᠨᠢᠭᠡᠪᠦᠷᠢ ᠴᠥᠮ ᠨᠢᠭᠡᠨ ᠬᠤᠪᠢ ᠬᠦᠴᠦᠨ ᠵᠢᠳᠭᠦᠯ ᠭᠠᠷᠭᠠᠪᠠᠯ᠂ ᠲᠡᠷᠡ ᠨᠢ ᠨᠡᠢᠯᠡᠭᠡᠳ ᠬᠦᠴᠦᠷᠬᠡᠭ ᠶᠡᠬᠡ ᠬᠦᠴᠦᠨ ᠴᠢᠳᠠᠯ ᠪᠣᠯᠵᠤ ᠴᠢᠳᠠᠨ᠎ᠠ᠃ ᠬᠡᠷᠪᠡ ᠬᠥᠮᠥᠨ ᠨᠢᠭᠡᠪᠦᠷᠢ ᠴᠥᠮ ᠥᠪᠡᠷ᠎ᠦᠨ ᠠᠵᠢᠯ᠎ᠤᠨ ᠪᠠᠢᠷᠢ ᠪᠡᠨ ᠪᠠᠲᠦ ᠰᠠᠬᠢᠵᠦ ᠴᠢᠳᠠᠪᠠᠯ᠂ ᠮᠠᠨ᠎ᠤ ᠨᠡᠢᠭᠡᠮ ᠴᠦ᠍ ᠶᠠᠪᠤᠬᠤ ᠲᠤᠲᠤᠮ ᠰᠠᠢᠵᠢᠷᠠᠬᠤ ᠪᠣᠯᠣᠨ᠎ᠠ》 ᠭᠡᠵᠦ ᠯᠢ ᠰᠢᠶᠣᠣ ᠸᠠᠩ ᠬᠡᠯᠡᠪᠡ᠃