ᠲᠤᠤᠯᠢ ᠪᠡᠷ ᠠᠴᠢᠶᠠᠯᠠᠪᠤᠷᠢ ᠪᠣᠯᠭᠠᠵᠤ ᠬᠠᠩᠭᠢᠨ ᠬᠣᠱᠢᠭᠤ ᠦᠨᠳᠦᠰᠦᠲᠡᠨ᠎ᠦ ᠰᠣᠶᠣᠯ᠎ᠢ ᠤᠯᠠᠮᠵᠢᠯᠠᠨ ᠵᠠᠯᠭᠠᠮᠵᠢᠯᠠᠬᠤ ᠪᠥᠳᠤᠭᠡᠯᠴᠢ ᠠᠷᠭ᠎ᠠ ᠵᠠᠮ ᠎ᠢ ᠬᠠᠢᠨ ᠰᠦᠪᠡᠭ᠌ᠴᠢᠯᠡᠨ᠎ᠠ
2025-04-03 10:46:23
ᠵᠣᠬᠢᠶᠠᠭ᠍ᠴᠢ᠄
​ ᠬᠤᠤ ᠱᠢᠤᠸᠠᠢ ᠯᠢᠶᠠᠨ ᠭᠣᠣ ᠱᠢᠤᠢ
ᠣᠩᠱᠢᠭ᠍ᠰᠠᠨ ᠣᠳᠠᠭ᠎ᠠ᠄
★★★☆☆

ᠤᠯᠠᠭᠠᠨ ᠳᠤᠷᠳᠤᠩ ᠪᠦᠰᠡ ᠪᠡᠷ ᠭᠡᠵᠢᠭᠡ ᠪᠠᠨ ᠤᠶᠠᠭᠰᠠᠨ ᠭᠡᠭᠡᠨᠵᠤᠯᠠ ᠪᠠᠭ᠍ᠰᠢ᠎ᠬᠤᠷᠤᠭᠤᠨ ᠦᠵᠦᠭᠦᠷ᠎ᠢᠶᠡᠷ᠎ᠢᠶᠡᠨ ᠶᠠᠷᠢᠶᠠᠨ᠎ᠤ ᠲᠠᠪᠴᠠᠩ᠎ᠢ ᠬᠥᠩᠭᠡᠬᠡᠨ ᠲᠣᠭ᠍ᠰᠢᠬᠤ ᠵᠢ ᠲᠠᠭᠠᠯᠳᠤᠨ ᠢᠷᠠᠭᠤ ᠰᠠᠢᠬᠠᠨ 《ᠵᠠᠩᠭᠠᠷ》 ᠤ᠋ᠨ  ᠠᠶᠠᠯᠭᠤ ᠬᠣᠷᠣᠮᠬᠠᠨ ᠵᠠᠭᠤᠷ᠎ᠠ ᠬᠢᠴᠢᠶᠡᠯ᠎ᠤᠨ ᠬᠡᠷ ᠲᠸ᠋ ᠴᠤᠤᠷᠢᠶᠠᠲᠤᠯ᠎ᠠ᠃

3 ᠰᠠᠷ᠎ᠠ᠎ᠶ᠋ᠢᠨ 27 ᠎ᠤ᠋ ᠡᠳᠦᠷ᠂ ᠣᠷᠳᠣᠰ ᠬᠣᠲᠠ᠎ᠶ᠋ᠢᠨ ᠬᠠᠩᠭᠢᠨ ᠬᠣᠱᠢᠭᠤᠨ᠎ᠤ ᠮᠣᠩᠭᠣᠯ ᠦᠨᠳᠦᠰᠦᠲᠡᠨ᠎ᠦ ᠬᠣᠶᠠᠳᠤᠭᠠᠷ ᠬᠡᠦᠬᠡᠳ᠎ᠦᠨ ᠴᠡᠴᠡᠷᠯᠢᠭ᠎ᠲᠦ᠂ ᠬᠡᠭᠡᠨᠵᠤᠯᠠ ᠪᠠᠭ᠍ᠰᠢ ᠶᠠᠭ ᠶᠡᠬᠡ ᠠᠩᠭᠢ᠎ᠶ᠋ᠢᠨ ᠬᠡᠦᠬᠡᠳ᠎ᠦᠳ᠎ᠲᠦ ᠪᠠᠭᠠᠲᠤᠷᠯᠢᠭ ᠲᠤᠤᠯᠢ 《ᠵᠠᠩᠭᠠᠷ》᠎ᠤ᠋ᠨ ᠲᠠᠭᠤᠯᠠᠬᠤ ᠠᠷᠭ᠎ᠠ ᠵᠢ ᠵᠢᠭᠠᠵᠤ ᠪᠠᠢᠯ᠎ᠠ᠃ ᠳᠠᠭᠤᠯᠠᠭᠠᠳ ᠤᠷᠬᠢᠯ᠎ᠦᠨ ᠦᠶ᠎ᠡ ᠪᠣᠯᠬᠤ᠎ᠳᠤ᠂ ᠲᠦᠯᠭᠡᠨ ᠪᠢᠴᠢᠬᠠᠨ ᠨᠠᠢᠵᠠ ᠭᠡᠨᠡᠳᠲᠡ ᠪᠣᠰᠴᠤ᠌ ᠵᠣᠭ᠍ᠰᠣᠨ᠂  ᠲᠤᠩᠭᠠᠯᠠᠭ ᠴᠡᠭᠡᠯᠭᠡᠨ ᠬᠡᠦᠬᠡᠳ᠎ᠦᠨ ᠬᠤᠭᠤᠯᠠᠢ ᠪᠡᠷ ᠪᠠᠭ᠍ᠰᠢ᠎ᠶ᠋ᠢᠨ᠎ᠢᠶᠠᠨ ᠲᠠᠭᠤᠤ ᠵᠢ ᠡᠷᠬᠦᠨ ᠠᠪᠤᠯ᠎ᠠ ᠁ ᠲᠡᠭᠦᠨ᠎ᠦ ᠠᠶ᠎ᠠ ᠲᠠᠭᠤᠤ  ᠨᠢ ᠶᠠᠭ ᠯᠠ ᠮᠥᠩᠭᠥᠨ ᠲᠠᠪᠠᠭ ᠲᠸ᠋ ᠰᠤᠪᠤᠳ  ᠪᠥᠮᠪᠥᠷᠢᠨ ᠤᠨᠠᠭ᠍ᠰᠠᠨ ᠮᠡᠲᠦ ᠢᠷᠠᠭᠤ ᠴᠡᠭᠡᠯᠬᠡᠨ ᠪᠠᠢᠵᠤ ᠂ ᠬᠣᠢᠨᠠᠬᠢ ᠮᠥᠷ᠎ᠲᠡᠬᠢ ᠬᠡᠳᠦᠨ ᠪᠢᠴᠢᠬᠠᠨ ᠵᠢᠭᠠᠯ ᠥᠪᠡᠷ᠎ᠦᠨ ᠡᠷᠬᠡ ᠦᠭᠡᠢ ᠬᠠᠷᠠᠨᠳᠠ᠎ᠪᠠᠷ ᠱᠢᠷᠡᠭᠡ᠎ᠪᠠᠨ ᠲᠣᠭ᠍ᠰᠢᠵᠤ᠂ ᠮᠤᠷᠢᠨ ᠲᠦᠪᠡᠷᠭᠡᠨ᠎ᠤ  ᠬᠦᠭ ᠠᠢᠵᠠᠮ᠎ᠢ ᠭᠠᠷᠭᠠᠨ᠎ᠠ᠃

ᠬᠠᠩᠭᠢᠨ ᠬᠣᠱᠢᠭᠤᠨ᠎ᠤ ᠮᠣᠩᠭᠣᠯ ᠦᠨᠳᠦᠰᠦᠲᠡᠨ᠎ᠦ ᠬᠣᠶᠠᠳᠤᠭᠠᠷ ᠬᠡᠦᠬᠡᠳ᠎ᠦᠨ ᠴᠡᠴᠡᠷᠯᠢᠭ᠎ᠲᠦ 《ᠵᠠᠩᠭᠠᠷ》 ᠢ᠋ ᠬᠠᠢᠯᠠᠨ ᠳᠠᠭᠤᠯᠠᠬᠤ ᠨᠢ ᠬᠡᠦᠬᠡᠳ᠎ᠦᠨ ᠡᠳᠦᠷ ᠲᠤᠲᠤᠮ᠎ᠤᠨ ᠵᠠᠪᠠᠯ ᠰᠤᠷᠬᠤ ᠬᠢᠴᠢᠶᠡᠯ ᠪᠣᠯᠵᠠᠶ᠃ ᠪᠠᠭ᠍ᠰᠢ ᠡᠴᠡ ᠤᠷᠢᠳ᠎ᠢᠶᠠᠷ ᠲᠣᠮᠣ ᠳᠡᠯᠭᠡᠴᠡ᠎ᠪᠡᠷ 《ᠵᠠᠩᠭᠠᠷ》 ᠎ᠤ᠋ᠨ ᠦᠯᠢᠭᠡᠷ᠎ᠢ ᠶᠠᠷᠢᠵᠤ ᠂ ᠳᠠᠷᠠᠭ᠎ᠠ ᠨᠢ ᠣᠯᠠᠨ᠎ᠢ ᠳᠠᠭᠠᠭᠤᠯᠤᠨ 《ᠵᠠᠩᠭᠠᠷ》 ᠎ᠤ᠋ᠨ ᠬᠡᠰᠡᠭ ᠪᠦᠯᠦᠭ᠎ᠢ ᠬᠠᠢᠯᠠᠨ ᠳᠠᠭᠤᠯᠠᠵᠤ᠂ ᠪᠠᠭᠠᠲᠤᠷᠯᠢᠭ ᠲᠤᠤᠯᠢ ᠎ᠵᠢ ᠦᠶ᠎ᠡ᠎ᠶ᠋ᠢᠨ ᠦᠶ᠎ᠡ᠎ᠳᠡᠭᠡᠨ ᠤᠯᠠᠮᠵᠢᠯᠠᠨ᠎ᠠ᠃

2023 ᠣᠨ᠎ᠳᠤ᠂ ᠳᠤᠮᠳᠠᠳᠤ ᠤᠯᠤᠰ᠎ᠤᠨ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠬᠦᠷᠢᠶᠡᠯᠡᠩ᠎ᠦᠨ ᠦᠨᠳᠦᠰᠦᠲᠡᠨ᠎ᠦ ᠤᠳᠭ᠎ᠠ ᠵᠣᠬᠢᠶᠠᠯ ᠰᠤᠳᠤᠯᠬᠤ ᠭᠠᠵᠠᠷ ᠨᠢ ᠬᠠᠩᠭᠢᠨ ᠬᠣᠱᠢᠭᠤ᠎ᠲᠠᠶ ᠭᠠᠷ ᠬᠣᠯᠪᠣᠨ 《ᠵᠠᠩᠭᠠᠷ》 ᠤ᠋ᠨ ᠲᠤᠤᠯᠢ ᠵᠢ ᠪᠦᠲᠦᠭᠡᠯᠴᠢ᠎ᠪᠡᠷ ᠤᠯᠠᠷᠢᠭᠤᠯᠬᠤ ᠪᠠ ᠪᠦᠲᠦᠭᠡᠯᠴᠢ᠎ᠪᠡᠷ ᠬᠥᠭ᠌ᠵᠢᠭᠦᠯᠬᠦ᠌ ᠰᠤᠳᠤᠯᠭᠠᠨ᠎ᠤ ᠰᠠᠭᠤᠷᠢᠨ (ᠳᠣᠷᠣᠭ᠍ᠰᠢ 《ᠵᠠᠩᠭᠠᠷ᠎ᠤᠨ ᠲᠤᠤᠯᠢ ᠵᠢᠨ ᠰᠤᠳᠤᠯᠭᠠᠨ᠎ᠤ ᠰᠠᠭᠤᠷᠢᠨ》 ᠭᠡᠵᠦ᠍ ᠳᠥᠭᠥᠮᠴᠢᠯᠡᠨ᠎ᠡ) ᠢ᠋ ᠪᠠᠢᠭᠤᠯᠵᠤ᠂ ᠮᠢᠩᠭᠠᠨ ᠵᠢᠯ ᠤᠯᠠᠮᠵᠢᠯᠠᠭ᠍ᠳᠠᠭ᠍ᠰᠠᠨ ᠪᠠᠭᠠᠲᠤᠷᠯᠢᠭ ᠲᠤᠤᠯᠢ 《ᠵᠠᠩᠭᠠᠷ》 ᠵᠢᠡᠷ ᠬᠣᠯᠪᠣᠭᠠᠰᠤ ᠪᠣᠯᠭᠠᠵᠤ᠂ ᠲᠡᠦᠬᠡ ᠪᠠ ᠤᠳᠤ ᠦᠶ᠎ᠡ᠎ᠶ᠋ᠢ ᠰᠤᠨᠳᠠᠯᠠᠭ᠍ᠰᠠᠨ ᠰᠣᠶᠣᠯ᠎ᠤᠨ ᠬᠥᠭᠥᠷᠭᠡ᠎ᠶ᠋ᠢ ᠴᠣᠭ᠍ᠴᠠᠯᠠᠵᠠᠢ᠃

ᠡᠨᠡ ᠬᠦ᠌ ᠶᠡᠷᠦ᠍ ᠪᠤᠰᠤ᠎ᠶ᠋ᠢᠨ ᠠᠴᠢ ᠬᠣᠯᠪᠣᠭ᠍ᠳᠠᠯ᠎ᠲᠠᠶ ᠰᠠᠭᠤᠷᠢᠨ ᠨᠢ ᠤᠯᠠᠮᠵᠢᠯᠠᠯ᠂ ᠡᠷᠳᠡᠮ ᠱᠢᠨᠵᠢᠯᠡᠭᠡᠨ᠎ᠦ ᠰᠤᠳᠤᠯᠭᠠᠨ ᠵᠢᠴᠢ ᠵᠣᠷᠢᠭ᠍ᠲᠠᠶ᠎ᠪᠠᠷ ᠱᠢᠨ᠎ᠡ᠎ᠶ᠋ᠢ ᠡᠭᠦᠳᠬᠦ᠌ ᠦᠶ᠋ᠯᠡᠳᠦᠯᠭᠡ᠎ᠳᠦ ᠲᠦᠱᠢᠭ᠌ᠯᠡᠨ ᠪᠠᠭᠠᠳᠤᠷ᠎ᠤᠨ ᠲᠤᠤᠯᠢ ᠵᠢ ᠠᠮᠢᠵᠢᠷᠠᠯ᠎ᠤᠨ ᠬᠦᠴᠦᠨ ᠪᠢᠯᠬᠠᠮ᠎ᠠ ᠪᠣᠯᠭᠠᠵᠠᠶ᠃

《ᠵᠠᠩᠭᠠᠷ᠎ᠤᠨ ᠲᠤᠤᠯᠢ ᠵᠢᠨ ᠰᠤᠳᠤᠯᠭᠠᠨ᠎ᠤ ᠰᠠᠭᠤᠷᠢᠨ》ᠪᠠᠢᠭᠤᠯᠤᠭ᠍ᠳᠠᠭ᠍ᠰᠠᠨ᠎ᠤ ᠲᠠᠷᠠᠭ᠎ᠠ ᠬᠠᠩᠭᠢᠨ ᠬᠣᠱᠢᠭᠤ 《ᠵᠠᠩᠭᠠᠷ》 ᠎ᠤ᠋ᠨ ᠲᠤᠤᠯᠢ ᠵᠢᠨ ᠦᠵᠡᠭᠦᠯᠭᠡ᠎ᠶ᠋ᠢᠨ ᠲᠣᠭ᠍ᠯᠠᠯᠲᠠ᠂ ᠵᠠᠯᠠᠭᠤᠴᠤᠳ ᠪᠠᠭᠠᠴᠤᠳ᠎ᠤᠨ ᠤᠷᠠᠯᠢᠭ᠎ᠤᠨ ᠪᠣᠯᠪᠠᠰᠤᠷᠠᠯ᠂ ᠵᠠᠩ ᠦᠢᠯᠡ ᠰᠣᠶᠣᠯ᠎ᠤᠨ ᠨᠠᠢᠷ ᠵᠡᠷᠭᠡ 30 ᠭᠠᠷᠤᠢ ᠲᠠᠯᠠᠪᠠᠢ ᠭᠣᠣᠯ ᠰᠡᠳᠦᠪᠲᠦ ᠠᠵᠢᠯᠯᠠᠭ᠎ᠠ ᠥᠷᠨᠢᠭᠦᠯᠵᠦ᠍᠂ ᠲᠦᠮᠡ ᠭᠠᠷᠤᠢ ᠬᠥᠮᠦᠨ ᠣᠷᠣᠯᠴᠠᠭ᠍ᠰᠠᠨ ᠪᠠᠢᠨ᠎ᠠ᠃ ᠬᠠᠩᠭᠢᠨ ᠬᠣᠱᠢᠭᠤ ᠲᠤᠤᠯᠢ ᠵᠢᠨ ᠬᠠᠮᠠᠭᠠᠯᠠᠯᠲᠠ᠎ᠶ᠋ᠢ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠤᠷᠤᠰᠭᠠᠯ᠎ᠳᠤ ᠠᠭᠤᠰᠤᠯᠴᠠᠭᠤᠯᠵᠤ᠂ 《ᠰᠠᠭᠤᠷᠢᠨ + ᠤᠯᠠᠮᠵᠢᠯᠠᠭ᠍ᠴᠢ + ᠣᠯᠠᠨ ᠲᠦᠮᠡᠨ》 ᠤ᠋ ᠣᠯᠠᠨ ᠡᠰᠢᠳᠦ ᠪᠣᠰᠣᠭ᠎ᠠ ᠴᠣᠭ᠍ᠴᠠᠲᠤ ᠤᠯᠠᠮᠵᠢᠯᠠᠯ᠎ᠤᠨ ᠲᠤᠤᠷ᠎ᠢ ᠪᠦᠷᠢᠯᠳᠦᠭᠦᠯᠪᠡ᠃

2024 ᠣᠨ᠎ᠤ 9 ᠰᠠᠷ᠎ᠠ᠎ᠳᠤ᠂ ᠳᠤᠮᠳᠠᠳᠤ ᠤᠯᠤᠰ᠎ᠤᠨ ᠬᠥᠪᠴᠢ᠎ᠶ᠋ᠢᠨ ᠡᠯᠡᠰᠦᠨ᠎ᠦ ᠵᠠᠩᠭᠠᠷ᠎ᠤᠨ ᠤᠷᠠᠯᠢᠭ᠎ᠤᠨ ᠨᠠᠢᠷ ᠵᠢᠴᠢ 《 ᠳᠤᠮᠳᠠᠳᠤ ᠤᠯᠤᠰ᠎ᠤᠨ ᠭᠤᠷᠪᠠᠨ ᠶᠡᠬᠡ ᠲᠤᠤᠯᠢ》 ᠎ᠵᠢ ᠬᠠᠮᠠᠭᠠᠯᠠᠨ ᠤᠯᠠᠮᠵᠢᠯᠠᠬᠤ ᠦᠵᠡᠭᠦᠯᠭᠡ᠎ᠶ᠋ᠢᠨ ᠲᠣᠭ᠍ᠯᠠᠯᠲᠠ ᠬᠠᠩᠭᠢᠨ ᠬᠣᠱᠢᠭᠤᠨ᠎ᠳᠤ ᠶᠠᠪᠤᠭ᠍ᠳᠠᠵᠤ᠂ ᠪᠦᠬᠦ᠌ ᠤᠯᠤᠰ᠎ᠤᠨ ᠡᠯ᠎ᠡ ᠭᠠᠵᠠᠷ᠎ᠠᠴᠠ ᠬᠦᠷᠦᠯᠴᠡᠨ ᠢᠷᠡᠭ᠌ᠰᠡᠨ 400 ᠭᠠᠷᠤᠢ ᠠᠷᠠᠳ᠎ᠤᠨ ᠤᠷᠠᠯᠢᠭ᠍ᠴᠢᠤᠨ ᠨᠢᠭᠡ ᠲᠠᠩᠬᠢᠮ᠎ᠳᠤ ᠴᠤᠭ᠍ᠯᠠᠷᠠᠯ᠎ᠠ᠃ 《ᠲᠡᠳᠡ ᠲᠤᠤᠯᠢ ᠵᠢ ᠬᠠᠢᠯᠠᠨ ᠳᠠᠭᠤᠯᠠᠬᠤ᠂ ᠬᠥᠭᠡᠮᠡᠢ ᠤᠷᠠᠯᠢᠭ᠂ ᠲᠣᠪᠱᠢᠭᠤᠷ ᠬᠥᠭ᠌ᠵᠢᠮᠳᠡᠬᠦ᠌ ᠵᠡᠷᠭᠡ᠎ᠶ᠋ᠢ ᠵᠠᠩ ᠦᠢᠯᠡ᠎ᠶ᠋ᠢᠨ ᠦᠵᠡᠭᠦᠯᠭᠡ ᠎ᠲᠡᠶ ᠣᠷᠭᠠᠨᠢᠭ᠎ᠢᠶᠠᠷ ᠠᠭᠤᠰᠤᠯᠴᠠᠭᠤᠯᠵᠤ᠂ ᠬᠥᠮᠦᠰ᠎ᠢ 〈ᠲᠤᠤᠯᠢ ᠵᠢ ᠣᠯᠵᠤ ᠰᠣᠨᠣᠰᠭᠤ᠂ ᠰᠣᠶᠣᠯ᠎ᠢ ᠣᠯᠵᠤ ᠬᠠᠷᠠᠬᠤ᠂ ᠰᠤᠳᠠᠰᠦ᠎ᠶ᠋ᠢ ᠤᠯᠵᠤ ᠬᠦᠨᠲᠠᠬᠦ〉 ᠪᠣᠯᠭᠠᠪᠠ》 ᠭᠡᠵᠦ᠍ ᠬᠠᠩᠭᠢᠨ ᠬᠣᠱᠢᠭᠤᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠦᠨ ᠡᠷᠬᠢᠯᠡᠭ᠌ᠴᠢ ᠠᠯᠲᠠᠨᠪᠠᠶᠠᠷ ᠬᠡᠯᠡᠨ᠎ᠡ᠃

ᠰᠠᠭᠤᠷᠢᠨ ᠤ᠋ ᠣᠨᠴᠠᠯᠢᠭ᠍ᠲᠤ ᠲᠥᠷᠥᠯ ᠲᠡᠮᠳᠡᠭ — ᠠᠮᠠᠷᠠᠯᠲᠠ᠎ᠶ᠋ᠢᠨ ᠬᠤᠭᠤᠴᠠᠭᠠᠨ᠎ᠤ ᠪᠣᠯᠪᠠᠰᠤᠷᠠᠯ᠎ᠤᠨ ᠬᠤᠸᠠᠷᠠᠨ ᠨᠢ ᠨᠠᠩ ᠴᠤ᠌ ᠥᠪᠡᠷᠮᠢᠴᠡ ᠣᠨᠴᠠᠯᠢᠭ᠎ᠲᠠᠶ ᠪᠠᠶ᠋ᠢᠳᠠᠭ᠃ 160 ᠭᠠᠷᠤᠶ ᠰᠤᠷᠤᠯᠭᠠᠲᠠᠨ ᠤᠯᠤᠰ᠎ᠤᠨ ᠲᠠᠰ᠎ᠤᠨ ᠪᠣᠳᠠᠰ᠎ᠤᠨ ᠪᠤᠰᠤ ᠰᠣᠶᠣᠯ᠎ᠤᠨ ᠥᠪ᠎ᠦᠨ ᠲᠥᠯᠥᠭᠡᠯᠡᠬᠦ᠌ ᠴᠢᠨᠠᠷᠲᠠᠶ ᠤᠯᠠᠮᠵᠢᠯᠠᠨ ᠵᠠᠯᠭᠠᠮᠵᠢᠯᠠᠭ᠍ᠴᠢ ᠳᠣᠷᠵᠢ·ᠨᠢᠮ᠎ᠠ᠎ᠶ᠋ᠢᠨ ᠨᠠᠷᠢᠨ ᠨᠢᠮᠪᠠᠶ ᠵᠢᠯᠣᠭᠣᠳᠣᠯᠭ᠎ᠠ ᠳᠤᠤᠷ᠎ᠠ᠂ 《ᠵᠠᠩᠭᠠᠷ᠎ᠤᠨ ᠠᠷᠪᠠᠨ ᠬᠣᠶᠠᠷ ᠪᠠᠭᠠᠲᠤᠷ᠎ᠤᠨ ᠮᠠᠭ᠍ᠲᠠᠭᠠᠯ》 ᠵᠡᠷᠭᠡ ᠪᠦᠲᠦᠭᠡᠯ᠎ᠢ ᠨᠠᠷᠢᠯᠢᠭ ᠰᠤᠷᠤᠯᠴᠠᠪᠠ᠃

ᠪᠣᠯᠪᠠᠰᠤᠷᠠᠯ᠎ᠤᠨ ᠬᠤᠸᠠᠷᠠᠨ ᠨᠢ ᠤᠯᠠᠮᠵᠢᠯᠠᠯᠲᠤ ᠵᠠᠭ᠍ᠪᠤᠷ᠎ᠢ ᠵᠣᠷᠢᠭ᠍ᠲᠠᠢ ᠪᠡᠷ ᠱᠢᠪᠲᠤᠯᠵᠤ᠂ ᠵᠢᠭᠠᠨ ᠰᠤᠷᠭᠠᠯᠲᠠ᠎ᠶ᠋ᠢᠨ ᠠᠷᠭ᠎ᠠ ᠬᠡᠯᠪᠡᠷᠢ᠎ᠪᠡᠨ ᠱᠢᠨᠡᠴᠢᠯᠡᠵᠦ᠍᠂ ᠲᠤᠤᠯᠢ ᠵᠢᠨ ᠰᠤᠷᠤᠯᠴᠠᠯᠭ᠎ᠠ᠎ᠶ᠋ᠢ ᠵᠠᠯᠠᠭᠤᠴᠤᠳ ᠪᠠᠭᠠᠴᠤᠳ᠎ᠤᠨ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠢ ᠣᠢᠯᠠᠭᠠᠬᠤ ᠤᠶᠤᠨ ᠰᠠᠨᠠᠭᠠᠨ ᠤ᠋ ᠠᠶᠠᠯᠠᠯ ᠪᠣᠯᠭᠠᠭ᠍ᠰᠠᠨ ᠪᠠᠢᠨ᠎ᠠ᠃

ᠡᠭᠦᠨ᠎ᠦ ᠬᠠᠮᠲᠤ᠂ ᠬᠠᠩᠭᠢᠨ ᠬᠣᠱᠢᠭᠤ ᠲᠤᠤᠯᠢ ᠪᠡᠷ  ᠠᠴᠢᠶᠠᠯᠠᠪᠤᠷᠢ ᠪᠣᠯᠭᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠦᠶ᠋ᠯᠡᠳᠦᠯᠭᠡ᠎ᠶ᠋ᠢᠨ ᠠᠷᠭ᠎ᠠ ᠵᠠᠮ ᠎ᠢ ᠢᠳᠡᠪᠬᠢᠲᠡᠶ ᠬᠠᠢᠨ ᠰᠦᠪᠡᠭ᠌ᠴᠢᠯᠡᠪᠡ᠃ ᠪᠦᠬᠦ᠌ ᠬᠣᠱᠢᠭᠤᠨ᠎ᠤ ᠳᠤᠮᠳᠠᠳᠤ ᠪᠠᠭ᠎ᠠ ᠰᠤᠷᠭᠠᠭᠤᠯᠢ᠎ᠳᠤ 《ᠶᠣᠰᠣ ᠰᠤᠷᠲᠠᠬᠤᠨ᠎ᠢᠶᠠᠷ ᠰᠦᠭ ᠰᠦᠨᠡᠰᠦ᠎ᠶ᠋ᠢ ᠱᠤᠭᠤᠵᠤ ᠠᠨᠠᠷ ᠤ᠋ᠨ ᠦᠷ᠎ᠠ ᠮᠠᠲᠤ ᠨᠢᠭᠲᠠᠷᠠᠨ ᠪᠦᠯᠬᠦᠮᠲᠠᠬᠦ》 ᠢᠨᠵᠧᠨᠧᠷᠢᠩ᠎ᠢ ᠬᠡᠷᠡᠭ᠌ᠵᠢᠭᠦᠯᠵᠦ᠍᠂ ᠲᠤᠤᠯᠢ ᠵᠢᠨ ᠭᠣᠣᠯ ᠰᠡᠳᠦᠪᠲᠦ ᠠᠩᠭᠢ᠎ᠶ᠋ᠢᠨ ᠬᠤᠷᠠᠯ᠂ ᠵᠠᠩᠭᠠᠷ᠎ᠤᠨ ᠪᠠᠭᠠᠲᠤᠷ᠎ᠤᠨ ᠴᠠᠳᠢᠭ᠎ᠢ ᠵᠢᠷᠤᠬᠤ ᠵᠡᠷᠭᠡ ᠠᠵᠢᠯᠯᠠᠭ᠎ᠠ᠎ᠶ᠋ᠢ ᠥᠷᠨᠢᠭᠦᠯᠵᠦ᠍᠂ 1.2 ᠲᠦᠮᠡᠨ ᠰᠤᠷᠤᠭ᠍ᠴᠢᠳ ᠲᠸ᠋ ᠠᠱᠢᠭ ᠬᠦᠷᠲᠡᠭᠡᠵᠦ᠍᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠷ᠎ᠡ᠎ᠶ᠋ᠢ ᠬᠡᠦᠬᠡᠳ᠎ᠦᠨ ᠰᠡᠳᠭᠢᠯ᠎ᠳᠦ ᠦᠨᠳᠦᠰᠦᠯᠡᠭᠦᠯᠦᠨ ᠰᠣᠶᠣᠭᠠᠯᠠᠭᠤᠯᠪᠠ᠃ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠬᠥᠮᠦᠵᠢᠯ᠎ᠦᠨ ᠰᠠᠭᠤᠷᠢᠨ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠭᠣᠣᠯ ᠰᠡᠳᠦᠪᠲᠦ ᠴᠡᠴᠡᠷᠯᠢᠭ ᠵᠡᠷᠭᠡ 122 ᠦᠢᠯᠡᠳᠦᠯᠭᠡ᠎ᠶ᠋ᠢᠨ ᠲᠠᠯᠠᠪᠤᠷ ᠭᠠᠵᠠᠷ᠎ᠢ ᠪᠠᠢᠭᠤᠯᠵᠤ᠂ 3 ᠵᠤᠷᠪᠤᠰ 《ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠭᠣᠣᠯ ᠰᠡᠳᠦᠪᠲᠦ ᠨᠡᠢᠲᠡ᠎ᠶ᠋ᠢᠨ ᠮᠠᠱᠢᠨ ᠲᠡᠷᠭᠡᠨ᠎ᠦ ᠲᠤᠰᠭᠠᠢ ᠱᠤᠭᠤᠮ》 ᠢ᠋ ᠨᠡᠪᠲᠡᠷᠡᠭᠦᠯᠵᠦ᠍᠂ ᠲᠤᠤᠯᠢ ᠵᠢᠨ  ᠵᠣᠷᠢᠭ ᠰᠠᠨᠠᠭ᠎ᠠ᠎ᠶ᠋ᠢ ᠡᠳᠦᠷ ᠲᠤᠲᠤᠮ᠎ᠤᠨ ᠠᠮᠢᠳᠤᠷᠠᠯ᠎ᠳᠤ ᠠᠭᠤᠰᠭᠠᠵᠠᠢ᠃ ᠡᠳᠡᠭᠡᠷ ᠵᠢᠭ᠍ᠰᠠᠭᠠᠯ᠎ᠤᠨ ᠭᠠᠵᠠᠷ ᠪᠠ ᠲᠤᠰᠭᠠᠢ ᠱᠤᠭᠤᠮ ᠨᠢ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠡᠯᠴᠢᠳ ᠱᠢᠭ ᠬᠠᠯᠠᠭᠤᠨ ᠳᠤᠯᠠᠭᠠᠨ ᠪᠠ ᠬᠦᠴᠦᠨ ᠴᠢᠳᠠᠯ᠎ᠢ ᠳᠠᠮᠵᠢᠭᠤᠯᠵᠤ ᠪᠠᠢᠳᠠᠭ᠃

ᠡᠭᠦᠨ᠎ᠤ ᠰᠠᠭᠤᠷᠢᠨ ᠳᠡᠭᠡᠷ᠎ᠡ᠂ ᠬᠠᠩᠭᠢᠨ ᠬᠣᠱᠢᠭᠤ ᠱᠢᠨᠵᠢᠶᠠᠩ᠎ᠤᠨ ᠬᠣᠪᠣᠭ᠍ᠰᠠᠢᠷ᠎ᠤᠨ  ᠵᠠᠩᠭᠠᠷ ᠰᠤᠳᠤᠯᠭᠠᠨ᠎ᠤ ᠪᠠᠢᠭᠤᠯᠤᠮᠵᠢ᠎ᠲᠠᠶ ᠣᠷᠣᠨ ᠪᠦᠰᠡ ᠠᠯᠤᠰᠯᠠᠨ ᠬᠣᠯᠪᠣᠭᠠᠯᠠᠨ ᠬᠥᠳᠡᠯᠦᠯᠴᠡᠬᠦ᠌ ᠬᠠᠮᠲᠤᠷᠠᠯᠴᠠᠭ᠎ᠠ᠎ᠶ᠋ᠢ ᠥᠷᠨᠢᠭᠦᠯᠵᠦ᠍᠂  ᠦᠨᠳᠦᠰᠦᠲᠡᠨ ᠨᠤᠬᠦᠳ ᠤ᠋ᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠨᠠᠷ᠎ᠡ ᠵᠢᠨ ᠬᠠᠭᠤᠳᠠᠰᠦ   ᠵᠢ ᠱᠤᠭᠤᠬᠤ ᠵᠢ ᠳᠥᠯᠭᠢᠨ ᠠᠬᠢᠭᠤᠯᠪᠠ᠃

ᠬᠠᠩᠭᠢᠨ ᠬᠣᠱᠢᠭᠤᠨ᠎ᠤ ᠮᠣᠩᠭᠣᠯ ᠦᠨᠳᠦᠰᠦᠲᠡᠨ᠎ᠦ ᠲᠤᠷᠱᠢᠯᠲᠠ᠎ᠶ᠋ᠢᠨ ᠪᠠᠭ᠎ᠠ ᠰᠤᠷᠭᠠᠭᠤᠯᠢ 《ᠪᠢᠴᠢᠬᠠᠨ ᠵᠠᠩᠭᠠᠷᠴᠢ 》 ᠵᠢᠨ ᠪᠦᠯᠬᠦᠮ᠎ᠢ ᠪᠠᠢᠭᠤᠯᠵᠤ᠂ ᠰᠤᠷᠤᠭ᠍ᠴᠢᠳ᠎ᠤᠨ ᠳᠠᠭᠤᠯᠠᠭ᠍ᠰᠠᠨ 《ᠵᠠᠩᠭᠠᠷ᠎ᠤᠨ ᠮᠠᠭ᠍ᠲᠠᠭᠠᠯ 》 ᠢ᠋ ᠲᠥᠪ᠎ᠦᠨ ᠰᠢᠨ ᠶᠢᠩ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢᠳ᠎ᠤᠨ ᠰᠤᠪᠠᠭ᠎ᠤᠨ 《ᠤᠷᠮ᠎ᠠ ᠳᠠᠢ ᠪᠠᠭᠠᠴᠤᠳ》 2025 ᠣᠨ᠎ᠤ ᠪᠠᠭᠠᠴᠤᠳ ᠬᠡᠦᠬᠡᠳ᠎ᠦᠨ ᠴᠠᠭᠠᠨ ᠰᠠᠷ᠎ᠠ᠎ᠶ᠋ᠢᠨ ᠦᠳᠡᠱᠢᠯᠡᠭᠡ᠎ᠳᠦ ᠲᠣᠭ᠍ᠯᠠᠪᠠ᠃ 《ᠵᠠᠩᠭᠠᠷ ᠪᠢᠳᠡᠨ᠎ᠳᠦ ᠡᠷᠡᠯᠬᠡᠭ ᠪᠠᠭᠠᠲᠤᠷᠯᠢᠭ᠎ᠪᠦᠬᠡᠳ ᠠᠨᠠᠷ᠎ᠤᠨ ᠦᠷ᠎ᠡ ᠱᠢᠭ ᠨᠢᠭ᠍ᠲᠠᠷᠠᠨ ᠪᠦᠯᠬᠦᠮᠳᠡᠬᠦ᠎ᠶᠢ ᠵᠢᠭᠠᠵᠤ ᠦᠭᠴᠠᠢ》 ᠭᠡᠵᠦ ᠪᠠᠭᠠᠴᠤᠳ ᠬᠡᠦᠬᠡᠳ᠎ᠦᠨ ᠴᠠᠭᠠᠨ ᠰᠠᠷ᠎ᠠ᠎ᠶ᠋ᠢᠨ ᠦᠳᠡᠱᠢᠯᠡᠭᠡ᠎ᠳᠦ ᠣᠷᠣᠯᠴᠠᠭ᠍ᠰᠠᠨ ᠬᠠᠩᠭᠢᠨ ᠬᠣᠱᠢᠭᠤᠨ᠎ᠤ ᠮᠣᠩᠭᠣᠯ ᠦᠨᠳᠦᠰᠦᠲᠡᠨ᠎ᠦ ᠲᠤᠷᠱᠢᠯᠲᠠ᠎ᠶ᠋ᠢᠨ ᠪᠠᠭ᠎ᠠ ᠰᠤᠷᠭᠠᠭᠤᠯᠢ᠎ᠶ᠋ᠢᠨ ᠭᠤᠷᠪᠠᠳᠤᠭᠠᠷ ᠣᠨ᠎ᠤ ᠨᠢᠭᠡᠳᠦᠭᠡᠷ ᠠᠩᠭᠢ᠎ᠶ᠋ᠢᠨ ᠰᠣᠷᠣᠭ᠍ᠴᠢ ᠤᠭᠰᠠᠭ᠎ᠠ ᠰᠡᠳᠭᠢᠯ ᠳᠣᠭ᠍ᠳᠣᠯᠤᠨ ᠬᠡᠯᠡᠪᠡ᠃

ᠡᠳᠦᠭᠡ᠂ ᠡᠷᠲᠡᠨ᠎ᠦ 《ᠵᠠᠩᠭᠠᠷ》 ᠤ᠋ᠨ ᠲᠤᠤᠯᠢ ᠨᠢ ᠱᠢᠨ᠎ᠡ ᠳᠦᠷᠰᠦ ᠪᠠᠢᠳᠠᠯ᠎ᠢᠶᠠᠷ ᠬᠠᠩᠭᠢᠨᠴᠤᠳ᠎ᠤᠨ ᠤᠳᠤ ᠦᠶ᠎ᠡ᠎ᠶ᠋ᠢᠨ ᠠᠮᠢᠳᠤᠷᠠᠯ᠎ᠳᠤ ᠠᠭᠤᠰᠴᠤ ᠪᠤᠢ᠃ ᠨᠠᠰᠤᠲᠠᠢᠴᠤᠳ᠎ᠤᠨ ᠶᠡᠬᠡ ᠰᠤᠷᠭᠠᠭᠤᠯᠢ᠎ᠶ᠋ᠢᠨ ᠬᠢᠴᠢᠶᠡᠯ᠎ᠦᠨ ᠲᠠᠩᠬᠢᠮ᠎ᠠᠴᠠ ᠬᠣᠲᠠ᠎ᠶ᠋ᠢᠨ ᠨᠡᠢᠭᠡᠮ ᠲᠣᠭᠣᠷᠢᠭ᠎ᠤᠨ ᠬᠠᠷᠢᠯᠴᠠᠨ ᠱᠢᠭᠢᠳᠬᠦ᠌ ᠮᠠᠶᠢᠭ᠎ᠤᠨ ᠦᠶ᠋ᠯᠡᠴᠢᠯᠡᠭᠡ ᠬᠦᠷᠲᠡᠯ᠎ᠡ᠂ ᠪᠣᠳᠠᠰ᠎ᠤᠨ ᠪᠤᠰᠤ ᠰᠣᠶᠣᠯ᠎ᠤᠨ ᠥᠪ 《ᠬᠦᠷᠦ ᠲᠠᠭᠤᠤ 》 ᠯᠤᠭ᠎ᠠ ᠬᠠᠷᠢᠯᠴᠠᠨ ᠠᠭᠤᠰᠤᠯᠴᠠᠭ᠍ᠰᠠᠨ᠎ᠠᠴᠠ ᠡᠯᠡᠰᠦᠨ ᠴᠥᠯ᠎ᠦᠨ ᠰᠣᠶᠣᠯ ᠵᠢᠭᠤᠯᠴᠢᠯᠠᠯ᠎ᠢ  ᠬᠦᠨᠵᠡᠭᠡᠢ ᠪᠡᠶᠡᠳᠡᠨ ᠤᠢᠯᠠᠭᠠᠬᠤ ᠬᠦᠷᠲᠡᠯ᠎ᠡ᠂ ᠬᠠᠩᠭᠢᠨ ᠬᠣᠱᠢᠭᠤ ᠰᠣᠶᠣᠯ᠎ᠢᠶᠠᠷ ᠬᠦᠬᠦᠷᠭᠡ ᠬᠣᠯᠪᠣᠭᠠᠰᠤ ᠪᠣᠯᠭᠠᠵᠤ᠂  《ᠲᠤᠤᠯᠢ  +》 ᠦᠨᠳᠦᠰᠦᠲᠡᠨ᠎ᠦ ᠰᠣᠶᠣᠯ ᠤᠯᠠᠮᠵᠢᠯᠠᠯ᠎ᠤᠨ ᠱᠢᠨ᠎ᠡ᠎ᠶ᠋ᠢ ᠡᠭᠦᠳᠬᠦ᠌ ᠵᠠᠮ᠎ᠢ ᠬᠠᠢᠨ ᠰᠦᠪᠡᠭ᠌ᠴᠢᠯᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号