ᠣᠯᠠᠨ ᠲᠠᠯ᠎ᠠ ᠎ᠪᠠᠷ ᠬᠦᠴᠦᠯᠡᠵᠦ᠍ 《ᠡᠬᠢᠯᠡᠭᠦᠯᠪᠡᠰᠦ ᠵᠣᠬᠢᠬᠤ᠎ᠶ᠋ᠢ᠎ᠨᠢ ᠪᠦᠬᠦᠨ᠎ᠢ ᠡᠬᠢᠯᠡᠭᠦᠯᠵᠦ》 ᠬᠥᠬᠡᠬᠤᠲᠠ 484 ᠭᠤᠤᠯᠳᠠᠯᠭ᠎ᠠ᠎ᠲᠠᠢ ᠲᠥᠷᠥᠯ ᠵᠦᠢᠯ᠎ᠢ ᠲᠦᠷᠭᠡᠳᠭᠡᠨ ᠪᠥᠲᠥᠭᠡᠨ ᠪᠠᠢᠭᠤᠯᠵᠤ ᠪᠤᠢ
2025-04-30 11:35:40
ᠵᠣᠬᠢᠶᠠᠭ᠍ᠴᠢ᠄
ᠵᠧᠩ ᠱᠢᠤᠸᠠᠢ ᠯᠢᠶᠠᠩ
ᠣᠩᠱᠢᠭ᠍ᠰᠠᠨ ᠣᠳᠠᠭ᠎ᠠ᠄
★★★☆☆


2025 ᠣᠨ᠎ᠳᠤ᠂ ᠬᠥᠬᠡᠬᠤᠲᠠ《ᠠᠵᠤ ᠦᠢᠯᠡᠰ᠎ᠤᠨ ᠬᠥᠭ᠌ᠵᠢᠯᠲᠡ᠂ ᠠᠷᠠᠳ᠎ᠤᠨ ᠠᠮᠢᠳᠤᠷᠠᠯ ᠎ᠤᠨ ᠪᠠᠲᠤᠯᠠᠭ᠎ᠠ᠂ ᠰᠠᠭᠤᠷᠢ ᠲᠥᠬᠦᠭᠡᠷᠦᠮᠵᠢ》 ᠭᠤᠷᠪᠠᠨ ᠶᠡᠭᠡ ᠬᠦᠷᠢᠶᠡᠨ᠎ᠤ ᠲᠣᠭᠤᠷᠢᠨ ᠎ᠳᠤ 1288 ᠭᠤᠣᠯᠳᠠᠯᠭ᠎ᠠ ᠎ᠲᠠᠢ ᠲᠦᠷᠦᠯ ᠵᠦᠢᠯ᠎ᠢ ᠬᠡᠷᠡᠭ᠌ᠵᠢᠭᠦᠯᠵᠦ᠂ ᠣᠨ᠎ᠤ ᠲᠦᠯᠦᠪᠯᠡᠵᠦ ᠪᠠᠢᠭ᠎ᠠ ᠪᠡᠯᠡ ᠣᠷᠣᠭᠤᠯᠤᠯᠲᠠ 1740 ᠳ᠋ᠦᠩᠱᠢᠭᠤᠷ ᠲᠥᠭᠦᠷᠢᠭ᠎ᠲᠤ ᠬᠦᠷᠴᠦ᠂ ᠲᠦᠷᠪᠡᠨ ᠵᠢᠯ ᠳᠠᠷᠠᠭᠠᠯᠠᠨ ᠭᠤᠣᠯᠳᠠᠯᠭ᠎ᠠ᠎ᠲᠠᠢ ᠲᠦᠷᠦᠯ ᠵᠦᠢᠯ᠎ᠤᠨ 《ᠬᠤᠣᠰ ᠮᠢᠩᠭᠠᠨ》 ᠎ᠤ᠋ ᠬᠠᠷᠠᠯᠲᠠ᠎ᠶ᠋ᠢ ᠪᠡᠶᠡᠯᠡᠭᠦᠯᠵᠦ᠍᠂ ᠣᠨ᠎ᠤ ᠪᠡᠯᠡ ᠣᠷᠣᠭᠤᠯᠤᠯᠲᠠ᠎ᠶ᠋ᠢᠨ ᠬᠡᠪᠴᠢᠶ᠎ᠡ᠎ᠵᠢ ᠳᠡᠭᠡᠷ᠎ᠡ ᠵᠢᠯ᠎ᠤᠨ᠎ᠬᠢ᠎ᠡᠴᠡ 16% ᠎ᠪᠠᠷ ᠨᠡᠮᠡᠭ᠌ᠳᠡᠭᠦᠯᠬᠦ ᠪᠡᠷ ᠲᠦᠯᠦᠪᠯᠡᠵᠦ ᠪᠠᠢᠨ᠎ᠠ᠃

ᠡᠨᠡ᠎ᠬᠦ᠌ ᠬᠠᠷᠠᠯᠲᠠ᠎ᠶ᠋ᠢ ᠨᠠᠩ ᠰᠠᠢᠲᠤᠷ ᠪᠡᠶᠡᠯᠡᠭᠦᠯᠬᠦ᠌᠎ᠶ᠋ᠢᠨ ᠲᠥᠯᠥᠭᠡ᠂ ᠬᠥᠬᠡᠬᠤᠲᠠ ᠴᠢᠬᠤᠯᠠ ᠶᠡᠭᠡ ᠲᠥᠷᠥᠯ ᠵᠦᠢᠯ᠎ᠤᠨ ᠪᠥᠲᠥᠭᠡᠨ ᠪᠠᠢᠭᠤᠯᠤᠯᠲᠠ᠎ᠶ᠋ᠢᠨ ᠪᠠᠲᠤᠯᠠᠭ᠎ᠠ ᠵᠡᠷᠭᠡ ᠲᠦᠷᠢᠮ ᠠᠷᠭ᠎ᠠ ᠬᠡᠮᠵᠢᠶ᠎ᠡ᠎ᠶ᠋ᠢ ᠲᠦᠷᠭᠡᠪᠴᠢᠯᠡᠨ ᠲᠣᠭ᠍ᠲᠠᠭᠠᠵᠤ᠂ ᠲᠥᠷᠥᠯ ᠵᠦᠢᠯ᠎ᠤᠨ ᠪᠥᠬᠦ᠌  ᠦᠶᠡᠯᠡᠯ᠎ᠤᠨ ᠬᠤᠭᠤᠴᠠᠭᠠᠨ᠎ᠤ ᠬᠠᠮᠢᠶᠠᠷᠤᠯᠲᠠ᠎ᠶ᠋ᠢ ᠤᠯᠠᠮ ᠨᠢᠭᠡ ᠠᠯᠬᠤᠮ ᠴᠢᠩᠭᠠᠳᠭᠠᠵᠤ᠂ ᠴᠢᠬᠤᠯᠠ ᠶᠡᠭᠡ ᠲᠥᠷᠥᠯ ᠵᠦᠢᠯ᠎ᠢ ᠲᠥᠯᠥᠪᠵᠢᠭᠦᠯᠬᠦ᠌ ᠠᠵᠢᠯᠯᠠᠭ᠎ᠠ᠎ᠶ᠋ᠢ ᠣᠯᠠᠨ ᠲᠠᠯ᠎ᠠ᠎ᠪᠠᠷ ᠬᠦᠴᠦᠯᠡᠨ ᠠᠬᠢᠭᠤᠯᠵᠤ᠂ ᠲᠥᠷᠥᠯ ᠵᠦᠢᠯ᠎ᠢ ᠲᠦᠷᠭᠡᠨ ᠪᠥᠲᠥᠭᠡᠨ ᠪᠠᠢᠭᠤᠯᠬᠤ᠂ ᠲᠦᠷᠭᠡᠨ ᠠᠱᠢᠭ᠍ᠯᠠᠯᠲᠠ᠎ᠳᠤ ᠣᠷᠣᠭᠤᠯᠬᠤ᠎ᠶ᠋ᠢ ᠠᠬᠢᠭᠤᠯᠵᠤ᠂ ᠴᠢᠬᠤᠯᠠ ᠶᠡᠭᠡ ᠲᠥᠷᠥᠯ ᠵᠦᠢᠯ᠎ᠢ ᠳᠠᠷᠤᠶ ᠲᠦᠷᠭᠡᠨ ᠨᠠᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ᠎ᠶ᠋ᠢ ᠦᠨᠡᠨ ᠬᠦ᠌ ᠪᠠᠲᠤᠯᠠᠵᠤ ᠪᠠᠢᠨ᠎ᠠ᠃

4 ᠰᠠᠷ᠎ᠠ᠎ᠶ᠋ᠢᠨ 11 ᠎ᠤ᠋ ᠡᠳᠦᠷ᠂ ᠰᠤᠷᠪᠤᠯᠵᠢᠯᠠᠭ᠍ᠴᠢ ᠥᠪᠥᠷ ᠮᠣᠩᠭᠤᠯ᠎ᠤᠨ ᠡᠨᠧᠷᠭᠢ᠎ᠶ᠋ᠢᠨ ᠪᠦᠯᠦᠭ᠌ᠯᠡᠯ᠎ᠤᠨ ᠵᠢᠨᠱᠠᠨ ᠢᠯᠴᠢ᠎ᠶ᠋ᠢᠨ ᠴᠠᠬᠢᠯᠭᠠᠨ᠎ᠤ ᠦᠢᠯᠡᠳᠪᠦᠷᠢ᠎ᠶ᠋ᠢᠨ 2 × 100 ᠲᠦᠮᠡᠨ ᠺᠢᠯᠦᠸᠠᠲ᠎ᠤᠨ ᠨᠡᠭᠦᠷᠡᠰᠦ ᠴᠠᠬᠢᠯᠭᠠᠨ᠎ᠤ ᠬᠤᠯᠪᠣᠭᠠᠯᠠᠨ ᠡᠵᠡᠩᠨᠡᠵᠦ᠍ ᠥᠷᠭᠡᠳᠭᠡᠨ ᠪᠠᠢᠭᠤᠯᠬᠤ ᠲᠦᠷᠦᠯ ᠵᠦᠢᠯ᠎ᠤᠨ ᠪᠠᠷᠢᠯᠭ᠎ᠠ᠎ᠶ᠋ᠢᠨ ᠭᠠᠵᠠᠷ᠎ᠲᠤ ᠬᠦᠷᠬᠦ᠌᠎ᠳᠤ᠂ ᠰᠤᠪᠤᠷᠭᠠᠨ ᠬᠡᠯᠪᠡᠷᠢᠲᠦ ᠳᠡᠭᠦᠵᠢ ᠰᠡᠬᠦ᠋ᠢᠨ ᠰᠦᠨᠳᠡᠷᠯᠡᠵᠦ᠍᠂ ᠮᠠᠱᠢᠨ ᠬᠦᠷᠴᠢᠭᠢᠨᠡᠵᠦ᠍᠂ ᠭᠠᠩᠨᠠᠭᠤᠷ᠎ᠤᠨ ᠤᠴᠢ ᠦᠰᠦᠷᠬᠢᠯᠡᠨ᠎ᠡ᠃  ᠲᠣᠰ ᠲᠥᠷᠥᠯ ᠵᠦᠢᠯ᠎ᠨᠢ ᠨᠢᠭᠡᠨᠲᠡ 15 ᠵᠠᠩᠭᠢᠯᠠᠭ᠎ᠠ ᠎ᠶ᠋ᠢᠨ ᠴᠡᠭ ᠎ᠢ ᠪᠡᠶᠡᠯᠡᠭᠦᠯᠵᠦ᠍᠂ ᠢᠨᠵᠧᠨᠧᠷᠢᠩ᠎ᠤᠨ ᠠᠬᠢᠴᠠ᠎ᠨᠢ 65% ᠎ᠳ᠋ᠤ᠌ ᠬᠦᠷᠴᠦ᠍᠂ 2025 ᠣᠨ᠎ᠤ ᠳᠤᠤᠷ᠎ᠠ ᠬᠠᠭᠠᠰ ᠵᠢᠯ᠎ᠤᠨ ᠠᠱᠢᠭ᠍ᠯᠠᠯᠲᠠ᠎ᠳᠤ ᠣᠷᠣᠵᠤ ᠴᠠᠬᠢᠯᠭᠠᠨ ᠭᠠᠷᠭᠠᠬᠤ ᠬᠠᠷᠠᠯᠲᠠ ᠳᠠᠢᠰᠢ ᠲᠣᠭ᠍ᠲᠠᠭᠤᠨ᠎ᠢᠶᠠᠷ ᠤᠷᠤᠭ᠍ᠰᠢᠯᠠᠵᠤ ᠪᠠᠢᠨ᠎ᠠ᠃

《ᠲᠥᠷᠥᠯ ᠵᠦᠢᠯ ᠨᠢᠭᠡᠨᠲᠡ ᠪᠦᠬᠦᠯᠢ ᠴᠣᠭ᠍ᠴᠠ᠎ᠪᠠᠷ ᠤᠭ᠍ᠰᠠᠷᠠᠬᠤ ᠱᠠᠲᠤᠨ᠎ᠳᠤ ᠣᠷᠣᠪᠠ᠃  5 ᠳ᠋ᠤᠭᠠᠷ᠂ 6 ᠳ᠋ᠤᠭᠠᠷ ᠵᠤᠤᠬ᠎ᠠ ᠵᠢᠨ ᠬᠠᠯᠠᠬᠤ ᠭᠠᠳᠠᠷᠭᠤ᠎ᠶ᠋ᠢ ᠤᠭᠰᠠᠷᠠᠬᠤ ᠠᠵᠢᠯ᠎ᠢ ᠲᠣᠰ ᠲᠣᠰ 97%᠂ 68% ᠪᠠᠷ ᠪᠡᠶᠡᠯᠡᠭᠦᠯᠵᠦ᠂ ᠠᠭᠤᠷ᠎ᠤᠨ ᠲᠦᠷᠪᠢᠨᠲᠦ ᠴᠠᠬᠢᠯᠭᠠᠨ ᠭᠠᠷᠭᠠᠬᠤ ᠮᠠᠱᠢᠨ ᠤᠭᠰᠠᠷᠠᠬᠤ ᠠᠵᠢᠯ᠎ᠢ ᠲᠣᠰ ᠲᠣᠰ 45%᠂ 20% ᠎ᠪᠠᠷ ᠪᠡᠶᠡᠯᠡᠭᠦᠯᠪᠡ᠃ ᠬᠦᠬᠦᠷ ᠥᠬᠡᠢᠳᠡᠭᠦᠯᠬᠦ᠌ ᠪᠠ ᠱᠡᠤ ᠥᠬᠡᠢᠳᠡᠭᠦᠯᠬᠦ᠌ ᠲᠥᠬᠦᠭᠡᠷᠦᠮᠵᠢ᠎ᠶ᠋ᠢ ᠵᠡᠷᠭᠡ᠎ᠳᠤᠨᠢ ᠪᠥᠲᠥᠭᠡᠨ ᠪᠠᠢᠭᠤᠯᠵᠤ᠂ ᠬᠡᠲᠦ ᠴᠡᠪᠡᠷ ᠭᠠᠳᠠᠭ᠍ᠰᠢᠯᠠᠭᠤᠯᠤᠯᠲᠠ᠎ᠶ᠋ᠢ ᠪᠡᠶᠡᠯᠡᠭᠦᠯᠦᠨ᠎ᠡ᠃ 5 ᠳ᠋ᠤᠭᠠᠷ ᠨᠣᠮᠧᠷᠲᠤ ᠮᠠᠱᠢᠨ ᠴᠣᠭ᠍ᠴᠠᠯᠠᠪᠤᠷᠢ᠎ᠶ᠋ᠢ 10 ᠰᠠᠷ᠎ᠠ᠎ᠶ᠋ᠢᠨ ᠰᠡᠭᠦᠯᠴᠢ᠎ᠪᠠᠷ ᠠᠱᠢᠭ᠍ᠯᠠᠯᠲᠠ᠎ᠳᠤ ᠣᠷᠣᠭᠤᠯᠤᠨ ᠴᠠᠬᠢᠯᠭᠠᠨ ᠭᠠᠷᠭᠠᠵᠤ᠂ 6᠎ᠳ᠋ᠤᠭᠠᠷ ᠨᠣᠮᠧᠷᠲᠤ ᠮᠠᠱᠢᠨ ᠴᠣᠭ᠍ᠴᠠᠯᠠᠪᠤᠷᠢ᠎ᠶ᠋ᠢ 12 ᠰᠠᠷ᠎ᠠ᠎ᠶ᠋ᠢᠨ ᠰᠡᠭᠦᠯᠴᠢ᠎ᠪᠠᠷ ᠠᠱᠢᠭ᠍ᠯᠠᠯᠲᠠ᠎ᠳᠤ ᠣᠷᠣᠭᠤᠯᠤᠨ ᠴᠠᠬᠢᠯᠭᠠᠨ ᠭᠠᠷᠭᠠᠬᠤ ᠪᠠᠷ ᠲᠥᠯᠥᠪᠯᠡᠵᠦ᠂ ᠵᠢᠯ᠎ᠤᠨ ᠳᠣᠲᠣᠷᠠᠬᠢ ᠬᠤᠣᠰ ᠣᠷᠣᠭᠤᠯᠤᠯᠲᠠ᠎ᠶ᠋ᠢᠨ ᠡᠭᠦᠷᠭᠡ ᠬᠠᠷᠠᠯᠲᠠ᠎ᠶ᠋ᠢ ᠪᠡᠶᠡᠯᠡᠭᠦᠯᠬᠦ᠌᠎ᠪᠠᠷ ᠲᠥᠯᠥᠪᠯᠡᠵᠦ᠍ ᠪᠠᠢᠨ᠎ᠠ》 ᠭᠡᠵᠦ᠍᠎ᠶ᠋ᠢᠨᠱᠠᠨ᠎ᠤ ᠭᠤᠷᠪᠠᠳᠤᠭᠠᠷ ᠢᠯᠴᠢ᠎ᠵᠢᠨ ᠴᠠᠬᠢᠯᠭᠠᠨ᠎ᠤ ᠺᠣᠮᠫᠠᠨᠢ᠎ᠶ᠋ᠢᠨ ᠢᠨᠵᠧᠨᠧᠷᠢᠩ᠎ᠤᠨ ᠬᠡᠯᠲᠡᠰ᠎ᠤᠨ ᠳᠡᠳ᠋ ᠳᠠᠷᠤᠭ᠎ᠠ ᠮᠠ ᠵᠧᠨ ᠳ᠋ᠦᠩ ᠲᠠᠨᠢᠯᠴᠠᠭᠤᠯᠪᠠ᠃

4 ᠰᠠᠷ᠎ᠠ᠎ᠶ᠋ᠢᠨ 9 ᠎ᠤ᠋ ᠡᠳᠦᠷ᠂ ᠥᠪᠥᠷ ᠮᠣᠩᠭᠤᠯ᠎ᠤᠨ ᠲᠢᠶᠠᠨ ᠬᠤᠤ ᠱᠢᠯ ᠱᠢᠷᠬᠡᠭ᠎ᠤᠨ ᠬᠢᠵᠠᠭᠠᠷᠲᠤ ᠺᠣᠮᠫᠠᠨᠢ᠎ᠶ᠋ᠢᠨ ᠵᠢᠯ᠎ᠳᠤ 60 ᠲᠦᠮᠡᠨ ᠲᠣᠨ ᠥᠨᠳᠥᠷ ᠴᠢᠳᠠᠪᠬᠢᠲᠤ ᠱᠢᠯ ᠱᠢᠷᠬᠡᠭ᠎ᠦᠢᠯᠡᠳᠪᠦᠷᠢᠯᠡᠬᠦ᠌ ᠰᠠᠭᠤᠷᠢᠨ ᠤ᠋ ᠲᠥᠷᠥᠯ ᠵᠦᠢᠯ᠎ᠤᠨ ᠬᠤᠶᠠᠳᠤᠭᠠᠷ ᠬᠤᠭᠤᠴᠠᠭᠠᠨ᠎ᠤ 2 ᠳ᠋ᠤᠭᠠᠷ ᠱᠤᠭᠤᠮ᠎ᠤᠨ ᠠᠵᠢᠯ ᠡᠬᠢᠯᠡᠬᠦ ᠶᠣᠰᠣᠯᠠᠯ ᠬᠤᠷᠢᠨᠭᠡᠷ ᠱᠢᠶᠠᠨ᠎ᠤ ᠡᠭᠦᠯᠡᠨ ᠬᠦᠨᠳᠡᠢ ᠱᠢᠨ᠎ᠡ ᠬᠡᠯᠪᠡᠷᠢ᠎ᠶ᠋ᠢᠨ ᠠᠵᠤ ᠦᠢᠯᠡᠰ ᠎ᠤᠨ ᠬᠦᠷᠢᠶᠡᠯᠡᠩ ᠲᠣᠭᠤᠷᠢᠭ᠎ᠲᠤ ᠶᠠᠪᠤᠭ᠍ᠳᠠᠪᠠ᠃

ᠲᠥᠷᠥᠯ ᠵᠦᠢᠯ ᠎ᠤᠨ ᠬᠤᠶᠠᠳᠤᠭᠠᠷ ᠬᠤᠭᠤᠴᠠᠭᠠᠨ᠎ᠤ 2᠎ᠳ᠋ᠤᠭᠠᠷ ᠦᠢᠯᠡᠳᠪᠦᠷᠢᠯᠡᠯ᠎ᠤᠨ ᠱᠤᠭᠤᠮ᠎ᠤᠨ ᠶᠡᠷᠦᠩᠬᠡᠶ ᠪᠠᠯᠠ ᠣᠷᠣᠭᠤᠯᠤᠯᠲᠠ 15 ᠳ᠋ᠦᠩᠱᠢᠭᠤᠷ ᠲᠥᠭᠦᠷᠢᠭ᠂ ᠵᠢᠷᠤᠭ ᠲᠥᠯᠥᠪᠯᠡᠭᠡ᠎ᠵᠢᠨ ᠦᠢᠯᠡᠳᠪᠦᠷᠢᠯᠡᠬᠦ᠌ ᠴᠢᠳᠠᠪᠤᠷᠢ 15 ᠲᠦᠮᠡᠨ ᠲᠣᠨ ᠪᠤᠯᠤᠨ᠎ᠠ᠃ ᠲᠥᠷᠥᠯ ᠵᠦᠢᠯ᠎ᠨᠢ ᠱᠢᠰᠲ᠋ᠧᠮ᠎ᠤᠨ ᠴᠢᠨᠠᠷᠲᠠᠶ ᠬᠤᠷᠠᠮᠠᠯ ᠴᠡᠪᠡᠷ ᠬᠦᠴᠢᠯᠲᠥ᠋ᠷᠥᠭ᠌ᠴᠢ᠎ᠶ᠋ᠢᠨ ᠱᠢᠲᠠᠭᠠᠯᠲᠠ᠎ᠳᠤ ᠲᠤᠰᠠᠯᠠᠬᠤ ᠴᠠᠬᠢᠯᠭᠠᠨ ᠬᠠᠢᠯᠤᠭᠤᠯᠬᠤ ᠲᠠᠲᠠᠭᠠᠯ᠂ ᠠᠦ᠋ᠲ᠋ᠣᠴᠢᠯᠠᠭ᠍ᠰᠠᠨ ᠮᠠᠲ᠋ᠧᠷᠢᠶᠠᠯ ᠲᠣᠬᠢᠷᠠᠭᠤᠯᠬᠤ ᠱᠢᠰᠲ᠋ᠧᠮ ᠵᠢᠴᠢ ᠣᠶᠤᠨᠴᠢ ᠎ᠪᠠᠷ ᠢᠯᠭᠠᠨ ᠪᠣᠭᠤᠳᠠᠯᠯᠠᠬᠤ ᠲᠣᠨᠣᠭ᠍ᠯᠠᠯ ᠵᠡᠷᠭᠡ ᠭᠤᠤᠯᠯᠠᠬᠤ ᠭᠠᠷ ᠤᠷᠠᠯᠠᠯ᠎ᠤᠨ ᠲᠣᠨᠣᠭ᠍ᠯᠠᠯ᠎ᠢᠶᠠᠷ ᠳᠠᠮᠵᠢᠵᠦ᠂ ᠥᠨᠳᠥᠷ ᠪᠦᠲᠦᠮᠵᠢᠲᠡᠶ ᠡᠨᠧᠷᠭᠢ ᠠᠷᠪᠢᠯᠠᠬᠤ ᠴᠣ ᠱᠢᠨ᠎ᠡ ᠦᠢᠯᠡᠳᠪᠦᠷᠢᠯᠡᠯ᠎ᠤᠨ ᠱᠢᠰᠲ᠋ᠧᠮ᠎ᠢ ᠪᠣᠶ ᠪᠣᠯᠭᠠᠨ᠎ᠠ᠃

ᠵᠢᠯ᠎ᠳᠤ 60 ᠲᠦᠮᠡᠨ ᠲᠣᠨ ᠥᠨᠳᠥᠷ ᠴᠢᠳᠠᠪᠬᠢᠲᠤ ᠱᠢᠯ ᠱᠢᠷᠬᠡᠭ ᠦᠢᠯᠡᠳᠪᠦᠷᠢᠯᠡᠬᠦ ᠰᠠᠭᠤᠷᠢᠨ ᠤ᠋ ᠲᠥᠷᠥᠯ ᠵᠦᠢᠯ᠎ᠨᠢ ᠭᠤᠷᠪᠠᠨ ᠬᠤᠭᠤᠴᠠᠭ᠎ᠠ ᠬᠤᠪᠢᠶᠠᠨ 5 ᠵᠤᠷᠪᠤᠰ ᠥᠨᠳᠥᠷ ᠴᠢᠳᠠᠪᠬᠢᠲᠤ ᠱᠢᠯ ᠱᠢᠷᠬᠡᠭ᠎ᠤᠨ ᠦᠢᠯᠡᠳᠪᠦᠷᠢᠯᠡᠯ᠎ᠤᠨ ᠱᠤᠭᠤᠮ᠎ᠢ ᠪᠠᠢᠭᠤᠯᠵᠤ᠂ ᠭᠤᠷᠪᠠᠨ ᠬᠤᠭᠤᠴᠠᠭᠠᠨ᠎ᠤ ᠲᠥᠷᠥᠯ ᠵᠦᠢᠯ᠎ᠢ ᠪᠦᠬᠦᠨ᠎ᠢ ᠪᠠᠢᠭᠤᠯᠵᠤ ᠳᠠᠭᠤᠰᠭᠠᠭ᠍ᠰᠠᠨ᠎ᠤ ᠳᠠᠷᠠᠭ᠎ᠠ᠂ ᠤᠮᠠᠷᠠᠲᠤ ᠣᠷᠣᠨ᠂ ᠪᠠᠷᠠᠭᠤᠨ ᠬᠤᠢᠲᠤ ᠣᠷᠣᠨ᠎ᠤ ᠬᠠᠮᠤᠭ᠎ᠤᠨ ᠶᠡᠭᠡ ᠱᠢᠯ ᠱᠢᠷᠬᠡᠭ᠎ᠤᠨ ᠦᠢᠯᠡᠳᠪᠦᠷᠢᠯᠡᠯ᠎ᠤᠨ ᠰᠠᠭᠤᠷᠢᠨ ᠪᠣᠯᠵᠣ᠂ ᠵᠢᠯ ᠎ᠤᠨ ᠦᠢᠯᠡᠳᠬᠦᠨ᠎ᠤ ᠥᠷᠲᠡᠭ᠎ᠨᠢ 50 ᠳ᠋ᠦᠩᠱᠢᠭᠤᠷ ᠲᠥᠭᠦᠷᠢᠭ᠎ᠲᠤ ᠬᠦᠷᠴᠦ᠍᠂ 1400 ᠭᠠᠷᠤᠶ ᠬᠥᠮᠦᠨ᠎ᠳᠤ ᠠᠵᠢᠯ ᠣᠯᠭᠤᠨ᠎ᠠ᠃

ᠡᠨᠡ ᠵᠢᠯ᠂ ᠬᠥᠬᠡᠬᠤᠲᠠ᠎ᠶ᠋ᠢᠨ ᠠᠵᠤ ᠦᠢᠯᠡᠰ᠎ᠤᠨ ᠲᠥᠷᠥᠯ ᠵᠦᠢᠯ᠎ᠨᠢ 《ᠵᠢᠷᠭᠤᠭᠠᠨ ᠶᠡᠭᠡ ᠠᠵᠤ ᠦᠢᠯᠡᠰ᠎ᠤᠨ ᠪᠦᠯᠦᠭ᠌ᠵᠢᠯ》ᠳ᠋ᠤ᠌ ᠠᠩᠬᠠᠷᠤᠯ᠎ᠢᠶᠠᠨ ᠲᠥᠪᠯᠡᠷᠡᠭᠦᠯᠵᠦ᠍᠂ 492 ᠭᠤᠤᠯᠳᠠᠯᠭ᠎ᠠ᠎ᠲᠠᠢ ᠲᠥᠷᠥᠯ ᠵᠦᠢᠯ᠎ᠢ ᠬᠡᠷᠡᠭ᠌ᠵᠢᠭᠦᠯᠵᠦ᠍᠂ 969 ᠳ᠋ᠦᠩᠱᠢᠭᠤᠷ ᠲᠥᠭᠦᠷᠢᠭ᠎ᠤᠨ ᠪᠠᠯᠠ ᠣᠷᠣᠭᠤᠯᠬᠤ᠎ᠪᠠᠷ ᠲᠥᠯᠥᠪᠯᠡᠵᠦ᠍᠂ ᠠᠵᠤ ᠦᠢᠯᠡᠰ ᠎ᠤᠨ ᠲᠥᠷᠥᠯ ᠵᠦᠢᠯ ᠎ᠤᠨ ᠪᠠᠯᠠ ᠣᠷᠣᠭᠤᠯᠤᠯᠲᠠ᠎ᠶ᠋ᠢᠨ 66% ᠎ᠶ᠋ᠢ ᠡᠵᠡᠯᠡᠵᠦ᠍᠂ 《ᠵᠢᠷᠭᠤᠭᠠᠨ ᠶᠡᠭᠡ ᠠᠵᠤ ᠦᠢᠯᠡᠰ᠎ᠤᠨ ᠪᠦᠯᠦᠭ᠌ᠵᠢᠯ》 ᠵᠢᠡᠷ ᠴᠢᠨᠠᠷ ᠰᠠᠢᠲᠠᠶ ᠬᠥᠭ᠌ᠵᠢᠯᠲᠡ᠎ᠶ᠋ᠢ ᠬᠥᠲᠥᠯᠥᠨ ᠳᠠᠭᠠᠭᠤᠯᠵᠤ᠂ ᠠᠵᠤ ᠦᠢᠯᠡᠰ᠎ᠤᠨ ᠬᠡᠯᠬᠢᠶ᠎ᠡ᠎ᠶ᠋ᠢ ᠳᠡᠭᠡᠳᠦ ᠲᠡᠰᠵᠢᠭᠰᠡᠨ᠂ ᠤᠶᠤᠨᠴᠢᠯᠠᠭ᠍ᠰᠠᠨ᠂ ᠪᠣᠬᠢᠷᠲᠤᠯ ᠥᠬᠡᠶ ᠪᠣᠯᠭᠠᠨ ᠲᠠᠰ ᠳᠡᠪᠱᠢᠭᠦᠯᠬᠦ᠌᠎ᠳᠤ ᠬᠦᠴᠦᠲᠡᠶ ᠬᠥᠳᠡᠯᠭᠡᠬᠦ᠌ ᠡᠨᠧᠷᠭᠢ ᠨᠡᠮᠡᠷᠢᠯᠡᠪᠡ᠃

4 ᠰᠠᠷ᠎ᠠ᠎ᠳᠤ᠂ ᠬᠥᠬᠡᠬᠤᠲᠠ᠎ᠶ᠋ᠢᠨ ᠱᠧᠩ ᠯᠧ ᠤᠯᠠᠨ ᠤᠯᠤᠰ᠎ᠤᠨ ᠨᠢᠰᠭᠡᠯ᠎ᠤᠨ ᠪᠠᠭᠤᠳᠠᠯ᠎ᠤᠨ ᠪᠦᠳᠦᠭᠡᠨ ᠪᠠᠢᠭᠤᠯᠤᠯᠲᠠ᠎ᠶ᠋ᠢᠨ ᠲᠤᠬᠠᠢ᠎ᠶ᠋ᠢᠨ ᠲᠠᠯᠠᠪᠠᠢ᠎ᠳᠤ ᠡᠯ᠎ᠡ ᠵᠦᠢᠯ᠎ᠤᠨ ᠠᠵᠢᠯ ᠪᠠᠴᠢᠮ ᠶᠠᠭᠠᠷᠠᠯᠲᠠᠢ᠂ ᠡᠮᠬᠢ ᠴᠡᠭ᠌ᠴᠡ᠎ᠲᠠᠢ ᠶᠠᠪᠤᠭ᠍ᠳᠠᠨ᠎ᠠ᠃

ᠰᠤᠷᠪᠤᠯᠵᠢᠯᠠᠭ᠍ᠴᠢ ᠪᠠᠷᠢᠯᠭ᠎ᠠ ᠎ᠶ᠋ᠢᠨ ᠠᠬᠤᠶ ᠲᠠᠯᠠᠪᠠᠶ᠎ᠠᠴᠠ ᠣᠯᠵᠤ ᠬᠠᠷᠠᠭ᠍ᠰᠠᠨ᠎ᠵᠢᠡᠷ᠂ ᠠᠭᠠᠷ᠎ᠤᠨ ᠠᠶᠠᠯᠠᠯ᠎ᠤᠨ ᠥᠷᠲᠡᠭᠡᠨ ᠎ᠤ ᠠᠰᠠᠷ ᠳᠣᠲᠣᠷᠠᠬᠢ ᠨᠠᠷᠢᠯᠢᠭ ᠵᠠᠰᠠᠵᠤ ᠴᠢᠮᠡᠭ᠌ᠯᠡᠬᠦ᠌ ᠢᠨᠵᠧᠨᠧᠷᠢᠩ ᠨᠢᠭᠡᠨᠲᠡ ᠱᠢᠪᠲᠤᠷᠠᠭᠠᠨ᠎ᠳᠠᠭᠠᠨ ᠣᠷᠣᠵᠤ᠂ ᠡᠯᠭᠦᠮᠡᠯ ᠳᠡᠭᠡᠪᠦᠷ᠂ ᠭᠠᠵᠠᠷ᠎ᠤᠨ ᠭᠠᠳᠠᠷᠭᠤ ᠨᠢ ᠣᠳᠣ ᠦᠶ᠎ᠡ᠎ᠵᠢᠨ ᠬᠡᠪ ᠨᠠᠮᠪᠠ ᠲᠠᠢ ᠪᠠᠢᠵᠤ᠂ ᠤᠷᠠᠨ ᠳᠠᠷᠬᠠᠨ᠎ᠤ ᠵᠤᠷᠢᠭ ᠰᠠᠨᠠᠭ᠎ᠠ ᠪᠠ ᠶᠠᠰᠤ ᠴᠢᠨᠠᠷ᠎ᠢ ᠭᠠᠵᠠᠷ ᠪᠣᠯᠭᠠᠨ᠎ᠳᠤ ᠢᠯᠡᠷᠡᠭᠦᠯᠤᠨ᠎ᠠ᠃ ᠡᠨᠡ ᠵᠢᠯ ᠪᠣᠯ ᠬᠥᠬᠡᠬᠤᠲᠠ᠎ᠶ᠋ᠢᠨ ᠱᠧᠩ ᠯᠧ ᠤᠯᠠᠨ ᠤᠯᠤᠰ᠎ᠤᠨ ᠨᠢᠰᠭᠡᠯ᠎ᠤᠨ ᠪᠠᠭᠤᠳᠠᠯ᠎ᠤᠨ ᠲᠦᠷᠦᠯ ᠵᠦᠢᠯ᠎ᠤᠨ ᠪᠦᠲᠦᠭᠡᠨ ᠪᠠᠢᠭᠤᠯᠤᠯᠲᠠ᠎ᠶ᠋ᠢ ᠱᠢᠢᠳᠪᠦᠷᠢᠲᠦ ᠢᠯᠠᠯᠲᠠ᠎ᠳᠤ ᠬᠦᠷᠭᠡᠭᠦ ᠵᠢᠯ ᠪᠣᠯᠤᠨ᠎ᠠ᠂ ᠪᠠᠷᠢᠯᠭ᠎ᠠ᠎ᠶ᠋ᠢᠨ ᠪᠦᠲᠦᠭᠡᠨ ᠪᠠᠢᠭᠤᠯᠤᠯᠲᠠ ᠲᠣᠭ᠍ᠲᠠᠭᠤᠨ᠎ᠢᠶᠠᠷ ᠠᠬᠢᠵᠦ᠂ ᠤᠳᠤ ᠨᠢᠭᠡᠨᠲᠡ ᠪᠦᠬᠦ᠌ ᠲᠠᠯ᠎ᠠ᠎ᠪᠠᠷ ᠱᠢᠪᠲᠤᠯᠤᠯᠲᠠ᠎ᠶ᠋ᠢᠨ ᠱᠠᠲᠤᠨ᠎ᠳᠤ ᠣᠷᠣᠪᠠ᠃

《ᠣᠲᠣᠬᠠᠨ ᠳ᠋ᠤ᠂ ᠨᠢᠰᠭᠡᠯ᠎ᠦᠨ ᠪᠠᠭᠤᠳᠠᠯ᠎ᠤᠨ ᠨᠠᠷᠢᠯᠢᠭ ᠵᠠᠰᠠᠵᠤ ᠴᠢᠮᠡᠭ᠌ᠯᠡᠬᠦ᠌ ᠢᠨᠵᠧᠨᠧᠷᠢᠩ ᠪᠣᠯᠤᠨ ᠲᠥᠬᠥᠭᠡᠷᠦᠮᠵᠢ᠎ᠶ᠋ᠢᠨ ᠱᠢᠰᠲ᠋ᠧᠮ ᠎ᠢ ᠬᠠᠮᠲᠤᠷᠠᠨ ᠲᠤᠷᠱᠢᠨ ᠲᠣᠬᠢᠷᠠᠭᠤᠯᠬᠤ ᠠᠵᠢᠯ᠎ᠢ ᠵᠡᠷᠭᠡ᠎ᠪᠡᠷ ᠶᠠᠪᠤᠬᠳᠠᠭᠤᠯᠵᠦ᠂ 6 ᠰᠠᠷ᠎ᠠ ᠎ᠳᠤ ᠪᠣᠶ ᠪᠥᠬᠥᠶ ᠱᠢᠰᠲ᠋ᠧᠮ᠎ᠢ ᠬᠠᠮᠲᠤᠷᠠᠨ ᠲᠣᠬᠢᠷᠠᠭᠤᠯᠵᠤ ᠬᠠᠮᠲᠤᠷᠠᠨ ᠲᠤᠷᠱᠢᠬᠤ ᠠᠵᠢᠯ᠎ᠢ ᠪᠡᠶᠡᠯᠡᠭᠦᠯᠬᠦ᠌᠎ᠪᠡᠷ ᠲᠥᠯᠥᠪᠯᠡᠵᠦ᠍ ᠪᠠᠢᠨ᠎ᠠ》 ᠭᠡᠵᠦ ᠳᠤᠮᠳᠠᠳᠤ ᠤᠯᠤᠰ᠎ᠤᠨ ᠪᠠᠷᠢᠯᠭ᠎ᠠ᠎ᠶ᠋ᠢᠨ ᠨᠠᠢ᠍ᠮᠠᠳᠤᠭᠠᠷ ᠲᠣᠪᠴᠢᠶᠠᠨ᠎ᠤ ᠪᠠᠷᠠᠭᠤᠨ ᠬᠣᠢᠲᠤ᠎ᠶ᠋ᠢᠨ ᠺᠣᠮᠫᠠᠨᠢ᠎ᠶ᠋ᠢᠨ ᠤᠭ᠍ᠰᠠᠷᠠᠯᠲᠠ᠎ᠶ᠋ᠢᠨ ᠬᠤᠪᠢᠶᠠᠷᠢ ᠺᠣᠮᠫᠠᠨᠢ᠎ᠶ᠋ᠢᠨ ᠬᠥᠬᠡᠬᠣᠲᠠ᠎ᠶ᠋ᠢᠨ ᠱᠧᠩ ᠯᠸ ᠤᠯᠠᠨ ᠤᠯᠤᠰ᠎ᠤᠨ ᠨᠢᠰᠭᠡᠯ᠎ᠦᠨ ᠪᠠᠭᠤᠳᠠᠯ᠎ᠤᠨ ᠲᠦᠷᠦᠯ ᠵᠦᠢᠯ᠎ᠦᠨ ᠤᠭ᠍ᠰᠠᠷᠠᠯᠲᠠ᠎ᠶ᠋ᠢᠨ ᠬᠡᠯᠲᠡᠰ᠎ᠦᠨ ᠦᠢᠯᠡᠳᠪᠦᠷᠢᠯᠡᠯ᠎ᠦᠨ ᠳᠠᠭᠠᠭᠠᠮᠠᠯ ᠵᠢᠩ ᠪᠦᠦ ᠰᠤᠷᠪᠤᠯᠵᠢᠯᠠᠭ᠍ᠴᠢ᠎ᠳᠤ ᠬᠡᠯᠡᠪᠡ᠃

2025 ᠣᠨ᠎ᠳᠤ᠂ ᠬᠥᠬᠡᠬᠣᠲᠠ ᠱᠧᠩ ᠯᠸ ᠤᠯᠠᠨ ᠤᠯᠤᠰ ᠎ᠤᠨ ᠨᠢᠰᠭᠡᠯ᠎ᠦᠨ ᠪᠠᠭᠤᠳᠠᠯ᠂ S43 ᠨᠢᠰᠭᠡᠯ᠎ᠦᠨ ᠪᠠᠭᠤᠳᠠᠯ᠎ᠤᠨ ᠲᠦᠷᠭᠡᠨ᠎ᠦ ᠵᠠᠮ᠂ S29 ᠬᠥᠬᠡᠬᠣᠲᠠ᠎ᠡᠴᠡ ᠯᠢᠶᠠᠩᠴᠸᠩ ᠬᠦᠷᠬᠦ᠌ ᠲᠦᠷᠭᠡᠨ᠎ᠦ ᠵᠠᠮ᠂ S311ᠦᠴᠦᠸᠠᠨ᠎ᠡᠴᠡ ᠶᠠᠩ ᠱᠤ᠌ ᠪᠠ ᠬᠦᠷᠬᠦ᠌ ᠵᠠᠰᠠᠮᠠᠯ ᠵᠠᠮ ᠵᠡᠷᠭᠡ ᠪᠠᠷᠢᠯᠭ᠎ᠠ ᠵᠢᠨ ᠪᠦᠲᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ S27 ᠬᠥᠬᠡᠬᠣᠲᠠ ᠡᠴᠡ ᠤᠷᠳᠤᠰ᠎ᠬᠦᠷᠬᠦ ᠲᠦᠷᠭᠡᠨ᠎ᠦ ᠵᠠᠮ᠂ ᠶᠦᠨ ᠭᠦ ᠬᠤᠪᠢᠶᠠᠷᠢ ᠲᠤᠭᠤᠷᠢᠭ ᠡᠴᠡ ᠰᠠᠭᠠᠯᠢᠴᠢᠨ ᠬᠤᠪᠢᠶᠠᠷᠢ ᠲᠤᠭᠤᠷᠢᠭ ᠬᠦᠷᠬᠦ ᠶᠡᠬᠡ ᠵᠠᠮ ᠵᠢᠴᠢ ᠱᠢᠨ᠎ᠡ ᠨᠢᠰᠭᠡᠯ᠎ᠦᠨ ᠪᠠᠭᠤᠳᠠᠯ᠎ᠤᠨ ᠡᠷᠬᠢᠨ ᠲᠣᠭᠣᠷᠢᠨ᠎ᠤ ᠵᠠᠰᠠᠮᠠᠯ ᠵᠠᠮ ᠵᠡᠷᠭᠡ ᠲᠦᠷᠦᠯ ᠵᠦᠢᠯ᠎ᠦᠨ ᠪᠠᠷᠢᠯᠭ᠎ᠠ ᠡᠬᠢᠯᠡᠭᠦᠯᠬᠦ᠌᠎ᠶ᠋ᠢ ᠠᠬᠢᠭᠤᠯᠤᠨ᠎ᠠ;ᠤᠰᠤ ᠳᠤᠲᠠᠭ᠍ᠳᠠᠵᠤ ᠪᠠᠢᠭ᠎ᠠ 460 ᠰᠠᠭᠤᠭᠠᠯᠢ ᠠᠷᠠᠳ ᠤ᠋ᠨ ᠲᠣᠭᠣᠷᠢᠭ᠎ᠤᠨ ᠤᠰᠤ ᠬᠠᠩᠭᠠᠬᠤ ᠲᠦᠬᠦᠭᠡᠷᠦᠮᠵᠢ᠎ᠶ᠋ᠢ ᠥᠭᠡᠷᠡᠴᠢᠯᠡᠬᠦ᠌᠂ 467 ᠰᠠᠭᠤᠭᠠᠯᠢ ᠠᠷᠠᠳ ᠤ᠋ᠨ ᠲᠣᠭᠣᠷᠢᠭ᠎ᠤᠨ ᠪᠣᠷᠣᠭᠠᠨ᠎ᠤ ᠤᠰᠤ ᠪᠣᠬᠢᠷ ᠤᠰᠤ ᠬᠣᠯᠢᠯᠳᠤᠭ᠍ᠰᠠᠨ ᠤᠷᠤᠰᠭᠠᠯ᠎ᠢ ᠥᠭᠡᠷᠡᠴᠢᠯᠡᠬᠦ᠌᠂ 59.5 ᠺᠢᠯᠣᠮᠧᠲᠷ᠎ᠦᠨ ᠱᠢᠲᠠᠮᠠᠬᠠᠶ ᠬᠡᠢ ᠎ᠶ᠋ᠢᠨ ᠬᠣᠭᠣᠯᠠᠶ ᠎ᠶ᠋ᠢᠨ ᠲᠤᠤᠷ᠎ᠢ ᠥᠭᠡᠷᠡᠴᠢᠯᠡᠬᠦ᠌᠎ᠶ᠋ᠢ ᠠᠬᠢᠭᠤᠯᠤᠨ᠎ᠠ;ᠵᠣᠣ ᠤᠳᠠ ᠵᠠᠮ ᠪᠣᠯᠤᠨ ᠡᠮᠦᠨ᠎ᠡ ᠬᠣᠶᠠᠳᠤᠭᠠᠷ ᠲᠣᠭᠣᠷᠢᠯ ᠵᠠᠮ᠎ᠢ ᠬᠠᠷᠢᠯᠴᠠᠨ ᠨᠡᠪᠲᠡᠷᠡᠯᠴᠡᠭᠦᠯᠭᠦ ᠵᠦᠷᠢᠯᠢᠭ ᠵᠠᠮ ᠬᠠᠷᠢᠯᠴᠠᠭ᠎ᠠ᠂《ᠪᠠᠷᠠᠭᠤᠨᠳᠡᠬᠢ ᠢᠯᠴᠢ ᠵᠢ ᠵᠡᠭᠦᠨᠳᠡᠬᠢ  ᠎ᠳᠤ  ᠬᠦᠷᠭᠡᠬᠦ᠌》᠂ 272 ᠬᠠᠭᠤᠴᠢᠨ ᠰᠠᠭᠤᠭᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠱᠢᠨᠡᠳᠭᠡᠬᠦ᠌ ᠵᠡᠷᠭᠡ ᠪᠠᠷᠢᠯᠭ᠎ᠠ ᠵᠢ ᠬᠡᠷᠡᠭ᠌ᠵᠢᠭᠦᠯᠦᠨ᠎ᠡ᠃

ᠪᠦᠬᠦ᠌ ᠵᠢᠯ᠎ᠳᠦ 280 ᠰᠠᠭᠤᠷᠢ ᠲᠦᠭᠦᠭᠡᠷᠦᠮᠵᠢ᠎ᠶ᠋ᠢᠨ ᠲᠥᠷᠥᠯ ᠵᠦᠢᠯ᠎ᠢ ᠬᠡᠷᠡᠭ᠌ᠵᠢᠭᠦᠯᠵᠦ᠍᠂ ᠣᠨ᠎ᠤ ᠲᠥᠯᠥᠪᠯᠡᠭ᠌ᠰᠡᠨ ᠪᠡᠯᠡ ᠣᠷᠣᠭᠤᠯᠤᠯᠲᠠ᠎ᠶ᠋ᠢ 202 ᠳ᠋ᠦᠩᠱᠢᠭᠤᠷ ᠲᠥᠭᠥᠷᠢᠭ᠎ᠲᠦ ᠬᠦᠷᠦᠭᠦᠯᠵᠦ᠂《ᠠᠷᠪᠠᠨ ᠲᠠᠪᠤᠳᠤᠭᠠᠷ ᠲᠠᠪᠤᠨ ᠵᠢᠯ》ᠤ᠋ᠨ ᠲᠦᠯᠦᠪᠵᠢᠭᠦᠯᠭᠡ ᠵᠢᠨ ᠨᠥᠭᠡᠴᠡ ᠲᠥᠷᠥᠯ ᠵᠦᠢᠯ᠎ᠦᠨ ᠶᠡᠷᠦᠩᠬᠡᠶ ᠪᠡᠯᠡ ᠣᠷᠣᠭᠤᠯᠤᠯᠲᠠ᠎ᠶ᠋ᠢ 2000 ᠳ᠋ᠦᠩᠱᠢᠭᠤᠷ ᠲᠥᠭᠥᠷᠢᠭ᠎ᠲᠦ ᠬᠦᠷᠦᠭᠦᠯᠦᠨ᠎ᠡ᠃

ᠣᠲᠣ ᠦᠶ᠎ᠡ᠎ᠶ᠋ᠢᠨ ᠦᠶ᠋ᠯᠡᠴᠢᠯᠡᠭᠡᠨ᠎ᠦ ᠦᠶ᠋ᠯᠡᠰ᠎ᠦᠨ ᠲᠠᠯ᠎ᠠ᠎ᠪᠠᠷ᠂ ᠲᠤᠬᠠᠶ᠎ᠶ᠋ᠢᠨ ᠵᠢᠯ᠎ᠳᠦ ᠵᠢᠶᠠ ᠾᠧ ᠪᠠᠷᠠᠭᠠᠨ᠎ᠤ ᠭᠦᠶ᠋ᠯᠭᠡᠭᠡ ᠵᠢᠨ ᠬᠦᠶ᠋ᠰᠦ᠂ ᠵᠢᠶᠠ ᠵᠢᠶᠠ ᠶᠤᠸᠠᠢ ᠪᠠᠷᠠᠭᠠᠨ᠎ᠤ ᠭᠦᠶ᠋ᠯᠭᠡᠭᠡ ᠵᠢᠨ ᠰᠠᠭᠤᠷᠢᠨ᠂ ᠮᠢᠩ ᠫᠢᠨ ᠹᠦ᠋᠎ᠶ᠋ᠢᠨ ᠬᠣᠶᠠᠳᠤᠭᠠᠷ ᠬᠤᠭᠤᠴᠠᠭ᠎ᠠ᠂ ᠵᠦᠩ ᠨᠦᠩ ᠯᠢᠶᠠᠨ ᠵᠡᠷᠭᠡ ᠲᠥᠷᠥᠯ ᠵᠦᠶ᠋ᠯ᠎ᠢ ᠬᠡᠷᠡᠭ᠌ᠵᠢᠭᠦᠯᠦᠨ᠎ᠡ;ᠶᠤᠸᠠᠨ ᠵᠢᠩ ᠤ᠋ᠨ ᠶᠡᠷᠦᠩᠬᠡᠶ ᠬᠡᠯᠲᠡᠰ᠎ᠦᠨ ᠰᠠᠭᠤᠷᠢᠨ᠂ ᠤᠮᠠᠷᠠᠲᠤ ᠣᠷᠣᠨ᠎ᠤ ᠵᠠᠬᠢᠷᠤᠨ ᠬᠠᠮᠢᠶᠠᠷᠬᠤ ᠴᠢᠳᠠᠪᠤᠷᠢ᠎ᠶ᠋ᠢ ᠳᠡᠭᠡᠭ᠌ᠰᠢᠯᠡᠭᠦᠯᠬᠦ᠌ ᠲᠥᠷᠥᠯ ᠵᠦᠶ᠋ᠯ᠂ ᠬᠣᠷᠢᠨᠭᠡᠷ ᠱᠢᠨ᠎ᠡ ᠲᠣᠭᠣᠷᠢᠭ᠎ᠤᠨ ᠠᠭᠠᠷ᠎ᠤᠨ ᠠᠶᠠᠯᠠᠯ᠎ᠤᠨ ᠶᠡᠷᠦᠩᠬᠡᠶ ᠬᠡᠯᠲᠡᠰ᠎ᠦᠨ ᠰᠠᠭᠤᠷᠢᠨ᠂ ᠤᠮᠠᠷᠠᠲᠤ᠎ᠶ᠋ᠢᠨ ᠠᠭᠠᠷ᠎ᠤᠨ ᠠᠶᠠᠯᠠᠯ᠎ᠤᠨ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠠᠰᠠᠷ ᠵᠡᠷᠭᠡ ᠲᠥᠷᠥᠯ ᠵᠦᠶ᠋ᠯ᠎ᠢ ᠬᠡᠷᠡᠭ᠌ᠵᠢᠭᠦᠯᠦᠨ᠎ᠡ; 《ᠨᠢᠭᠡ ᠬᠣᠩᠭᠢᠯ ᠬᠣᠶᠠᠷ ᠲᠡᠩᠭᠡᠯᠢᠭ ᠲᠠᠪᠤᠨ ᠪᠦᠰᠡ》 ᠶ᠋ᠢᠨ ᠰᠣᠶᠣᠯ ᠵᠢᠭᠤᠯᠴᠢᠯᠠᠯ᠎ᠤᠨ ᠬᠥᠭ᠌ᠵᠢᠯᠲᠡ᠎ᠶ᠋ᠢᠨ ᠪᠠᠢᠷᠢᠱᠢᠯ᠎ᠢ ᠪᠠᠢᠭᠤᠯᠵᠤ᠂ ᠮᠧᠩ ᠮᠠ ᠵᠢᠵᠢᠭ ᠪᠠᠯᠭᠠᠰᠤ᠂ ᠤᠮᠠᠷᠠᠲᠤ ᠬᠢᠯᠢ᠎ᠶ᠋ᠢᠨ ᠰᠣᠶᠣᠯ᠎ᠤᠨ ᠠᠮᠢ ᠠᠬᠤᠢ᠎ᠶ᠋ᠢᠨ ᠬᠦᠷᠢᠶᠡᠯᠡᠩ᠂ ᠳᠠᠯᠠᠨ ᠬᠠᠷ᠎ᠠ ᠠᠭᠤᠯᠠ᠎ᠶ᠋ᠢᠨ ᠬᠡᠭᠡᠷ᠎ᠡ᠎ᠶ᠋ᠢᠨ ᠠᠮᠢᠲᠠᠨ᠎ᠤ ᠬᠦᠷᠢᠶᠡᠯᠡᠩ᠎ᠦᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠪᠠᠭ᠍ᠲᠠᠭᠠᠮᠵᠢ᠎ᠶ᠋ᠢ ᠥᠷᠭᠡᠳᠭᠡᠬᠦ᠌ ᠢᠨᠵᠧᠨᠧᠷᠢᠩ ᠵᠡᠷᠭᠡ ᠲᠥᠷᠥᠯ ᠵᠦᠢᠯ᠎ᠢ ᠬᠡᠷᠡᠭ᠌ᠵᠢᠭᠦᠯᠬᠦ᠌᠎ᠶ᠋ᠢ ᠠᠬᠢᠭᠤᠯᠤᠨ᠎ᠠ᠃

ᠪᠦᠬᠦ᠌ ᠵᠢᠯ᠎ᠳᠦ ᠣᠳᠣ ᠦᠶ᠎ᠡ᠎ᠶ᠋ᠢᠨ ᠦᠢᠯᠡᠴᠢᠯᠡᠭᠡᠨ᠎ᠦ ᠦᠢᠯᠡᠰ᠎ᠦᠨ 279 ᠲᠥᠷᠥᠯ ᠵᠦᠢᠯ᠎ᠢ ᠬᠡᠷᠡᠭ᠌ᠵᠢᠭᠦᠯᠵᠦ᠍᠂ ᠣᠨ᠎ᠤ ᠲᠥᠯᠥᠪᠯᠡᠭ᠌ᠰᠡᠨ ᠪᠡᠯᠡ ᠣᠷᠣᠭᠤᠯᠤᠯᠲᠠ 410 ᠳ᠋ᠦᠩᠱᠢᠭᠤᠷ ᠲᠥᠭᠥᠷᠢᠭ᠎ᠲᠦ ᠬᠦᠷᠴᠦ᠂《ᠠᠷᠪᠠᠨ ᠲᠠᠪᠤᠳᠤᠭᠠᠷ ᠲᠠᠪᠤᠨ ᠵᠢᠯ》ᠤ᠋ᠨ ᠲᠦᠯᠦᠪᠵᠢᠭᠦᠯᠭᠡ ᠵᠢᠨ ᠬᠤᠭᠤᠴᠠᠭᠠᠨ᠎ᠤ ᠨᠥᠭᠡᠴᠡᠯᠡᠬᠦ᠌ ᠲᠥᠷᠥᠯ ᠵᠦᠢᠯ᠎ᠦᠨ ᠶᠡᠷᠦᠩᠬᠡᠶ ᠪᠡᠯᠡ ᠣᠷᠣᠭᠤᠯᠤᠯᠲᠠ 3100 ᠳ᠋ᠦᠩᠱᠢᠭᠤᠷ ᠲᠥᠭᠥᠷᠢᠭ᠎ᠲᠦ ᠬᠦᠷᠪᠡ᠃

3 ᠰᠠᠷ᠎ᠠ᠎ᠶ᠋ᠢᠨ 21 ᠤ᠋ ᠡᠳᠦᠷ᠂ ᠬᠥᠬᠡᠬᠣᠲᠠ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠲᠢᠩᠬᠢᠮ ᠎ᠳᠦ᠂ ᠬᠥᠬᠡᠬᠣᠲᠠ᠎ᠶ᠋ᠢᠨ ᠵᠠᠰᠠᠭ ᠵᠠᠬᠢᠷᠭᠠᠨ᠎ᠤ ᠬᠢᠨᠠᠨ ᠵᠥᠪᠱᠢᠶᠡᠷᠡᠯ ᠪᠠ ᠵᠠᠰᠠᠭ᠎ᠤᠨ ᠶᠠᠪᠤᠳᠠᠯ ᠎ᠤᠨ ᠦᠶ᠋ᠯᠡᠴᠢᠯᠡᠭᠡᠨ᠎ᠦ ᠲᠣᠪᠴᠢᠶ᠎ᠠ᠂ ᠪᠠᠢᠭᠠᠯᠢ᠎ᠶ᠋ᠢᠨ ᠡᠬᠢ ᠪᠠᠶᠠᠯᠢᠭ᠎ᠤᠨ ᠲᠣᠪᠴᠢᠶ᠎ᠠ᠂ ᠣᠷᠣᠨ ᠰᠠᠭᠤᠴᠠ ᠪᠠ ᠬᠣᠲᠠ ᠬᠥᠳᠡᠭᠡ᠎ᠶ᠋ᠢᠨ ᠪᠥᠲᠥᠭᠡᠨ ᠪᠠᠢᠭᠤᠯᠤᠯᠲᠠ᠎ᠶ᠋ᠢᠨ ᠲᠣᠪᠴᠢᠶ᠎ᠠ ᠵᠡᠷᠭᠡ 8 ᠰᠠᠯᠠᠭ᠎ᠠ ᠮᠥᠴᠢᠷ ᠥᠪᠥᠷ ᠮᠣᠩᠭᠣᠯ᠎ᠤᠨ ᠲᠦᠩ ᠳ᠋ᠡ ᠠᠵᠤ ᠦᠶ᠋ᠯᠡᠰ᠎ᠦᠨ ᠬᠤᠪᠢᠴᠠᠭᠠᠳᠤ ᠬᠢᠵᠠᠭᠠᠷᠲᠤ ᠺᠣᠮᠫᠠᠨᠢ᠎ᠳᠤ ᠬᠠᠮᠢᠶ᠎ᠠ ᠪᠥᠬᠥᠶ ᠲᠤᠬᠠᠢᠯᠠᠭ᠍ᠰᠠᠨ ᠠᠵᠢᠯ᠎ᠢ ᠭᠦᠶ᠋ᠴᠡᠳᠭᠡᠵᠦ᠍ ᠥᠭᠪᠡ᠃

ᠡᠯ᠎ᠡ ᠰᠠᠯᠠᠭ᠎ᠠ ᠮᠥᠴᠢᠷ᠎ᠦᠳ ᠠᠵᠤ ᠠᠬᠤᠢᠯᠠᠯ᠎ᠤᠨ ᠬᠡᠷᠡᠭ᠌ᠴᠡᠭᠡ ᠱᠠᠭᠠᠷᠳᠠᠯᠭ᠎ᠠ᠎ᠶ᠋ᠢ ᠦᠨᠳᠦᠰᠦᠯᠡᠨ ᠲᠤᠰ ᠲᠤᠰ ᠲᠤᠨᠢ ᠨᠢᠭᠡ ᠬᠤᠪᠢ 《ᠲᠥᠷᠥᠯ ᠵᠦᠶ᠋ᠯ᠎ᠢ ᠬᠢᠨᠠᠨ ᠵᠥᠪᠱᠢᠶᠡᠷᠡᠬᠦ᠌ ᠲᠡᠰ ᠲᠠᠷᠠᠭᠠᠯᠠᠯ ᠤ᠋ᠨ ᠬᠦᠰᠦᠨᠦᠭ᠌ᠲᠦ》ᠲᠣᠭ᠍ᠲᠠᠭᠠᠨ ᠥᠭ᠌ᠴᠦ᠂ ᠬᠦᠰᠦᠨᠦᠭ᠌ᠲᠦ ᠳᠡᠭᠡᠷ᠎ᠡ ᠬᠢᠨᠠᠨ ᠵᠥᠪᠱᠢᠶᠡᠷᠡᠬᠦ᠌ ᠱᠠᠲᠤ ᠬᠤᠭᠤᠴᠠᠭ᠎ᠠ᠂ ᠭᠠᠷᠳᠠᠮ᠎ᠤᠨ ᠨᠡᠷᠡᠢᠳᠦᠯ᠂  ᠭᠦᠶ᠋ᠴᠡᠳᠭᠡᠬᠦ᠌ ᠪᠡᠷ ᠠᠮᠠᠯᠠᠭᠰᠠᠨ ᠴᠠᠭ᠎ᠤᠨ ᠬᠢᠵᠠᠭᠠᠷ᠂ ᠭᠦᠶ᠋ᠴᠡᠳᠭᠡᠬᠦ᠌ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠵᠢᠴᠢ ᠬᠠᠷᠢᠯᠴᠠᠬᠤ ᠠᠷᠭ᠎ᠠ ᠮᠠᠶᠢᠭ ᠪᠠ ᠠᠵᠢᠯ ᠭᠦᠶ᠋ᠴᠡᠳᠭᠡᠬᠦ᠌ ᠵᠦᠭ᠌ᠯᠡᠭᠦᠷ᠎ᠦᠨ ᠬᠣᠶᠠᠷ ᠬᠡᠮᠵᠢᠯᠳᠦ ᠺᠣᠳ᠋ ᠵᠡᠷᠭᠡ ᠮᠡᠳᠡᠭᠡ ᠵᠠᠩᠭᠢ᠎ᠶ᠋ᠢ ᠨᠠᠷᠢᠨ ᠲᠣᠳᠣᠷᠬᠠᠶ ᠲᠣᠳᠣᠷᠬᠠᠢᠯᠠᠵᠤ᠂ ᠠᠵᠤ ᠠᠬᠤᠢᠯᠠᠯ᠎ᠤᠨ ᠴᠠᠭ ᠢᠮᠠᠭ᠍ᠲᠠ ᠪᠠᠢᠴᠠᠭᠠᠨ ᠦᠵᠡᠬᠦ᠌᠂ ᠠᠰᠠᠭᠤᠨ ᠯᠠᠪᠯᠠᠬᠤ᠎ᠳᠤ ᠲᠥᠬᠥᠮ ᠦᠵᠡᠭᠦᠯᠦᠨ᠎ᠡ ᠁

ᠲᠦᠷᠦᠯ ᠵᠦᠢᠯ ᠎ᠢ  ᠠᠳᠭᠤᠬᠤ ᠨᠢ ᠳᠠᠷᠤᠢ ᠬᠥᠭ᠌ᠵᠢᠯᠲᠡ᠎ᠶ᠋ᠢ ᠠᠳᠭᠤᠵᠤ ᠪᠠᠢᠭ᠎ᠠ ᠶᠠᠪᠤᠳᠠᠯ ᠪᠣᠯᠤᠨ᠎ᠠ᠃ ᠲᠦᠷᠦᠯ ᠵᠦᠢᠯ ᠎ᠢ ᠡᠷᠲᠡᠬᠡᠨ ᠡᠬᠢᠯᠡᠭᠦᠯᠵᠦ᠍ ᠠᠱᠢᠭ᠍ᠯᠠᠯᠲᠠ᠎ᠳᠤ ᠣᠷᠣᠭᠤᠯᠬᠤ᠎ᠶ᠋ᠢᠨ ᠲᠥᠯᠥᠭᠡ᠂ ᠬᠥᠬᠡᠬᠣᠲᠠ᠎ᠶ᠋ᠢᠨ ᠬᠢᠨ ᠴᠢᠬᠤᠯᠠ ᠶᠡᠬᠡ ᠲᠦᠷᠦᠯ ᠵᠦᠢᠯ᠎ᠦᠨ ᠡᠮᠦᠨᠡᠬᠢ ᠬᠤᠭᠤᠴᠠᠭᠠᠨ᠎ᠤ ᠠᠵᠢᠯ᠎ᠢ ᠲᠦᠷᠭᠡᠳᠭᠡᠨ ᠠᠬᠢᠭᠤᠯᠵᠤ ᠪᠤᠢ᠃

ᠲᠥᠷᠥᠯ ᠵᠦᠶ᠋ᠯ᠎ᠢ᠋ ᠲᠣᠭ᠍ᠲᠠᠭᠠᠬᠤ᠂ ᠭᠠᠵᠠᠷ ᠬᠡᠷᠡᠭ᠌ᠯᠡᠬᠦ᠌᠂ ᠤᠰᠤ ᠬᠡᠷᠡᠭ᠌ᠯᠡᠬᠦ᠌᠂ ᠲᠡᠦᠬᠡ᠎ᠶ᠋ᠢᠨ ᠳᠤᠷᠠᠰᠭᠠᠯᠲᠤ ᠵᠦᠶ᠋ᠯᠡᠰ᠂ ᠣᠷᠴᠢᠨ ᠲᠣᠭᠣᠷᠢᠨ᠎ᠤ ᠦᠨᠡᠯᠡᠯᠲᠡ᠂ ᠪᠠᠷᠢᠯᠭ᠎ᠠ᠎ᠶ᠋ᠢᠨ ᠠᠵᠢᠯ᠎ᠤᠨ ᠵᠥᠪᠱᠢᠶᠡᠷᠡᠯ ᠵᠡᠷᠭᠡ ᠴᠤᠪᠤᠷᠠᠯ᠎ᠢ ᠱᠢᠯᠢᠳᠡᠭ᠌ᠵᠢᠭᠦᠯᠵᠦ᠍᠂ ᠬᠢᠨᠠᠨ ᠵᠥᠪᠱᠢᠶᠡᠷᠡᠬᠦ᠌ ᠮᠠᠲ᠋ᠧᠷᠢᠶᠠᠯ᠎ᠢ ᠳᠥᠭᠥᠮᠴᠢᠯᠡᠵᠦ᠍᠂ ᠬᠢᠨᠠᠨ ᠵᠥᠪᠱᠢᠶᠡᠷᠡᠬᠦ᠌ ᠴᠠᠭ᠎ᠢ ᠪᠣᠭᠣᠨᠢᠰᠭᠠᠵᠤ᠂ ᠬᠠᠪᠰᠤᠷᠤᠨ ᠭᠦᠶ᠋ᠴᠡᠳᠭᠡᠵᠦ᠍ ᠣᠷᠣᠯᠠᠨ ᠭᠦᠶ᠋ᠴᠡᠳᠭᠡᠬᠦ᠌᠂ ᠳᠤᠲᠠᠭ᠍ᠳᠠᠯ᠎ᠢ᠎ᠨᠢ ᠭᠥᠯᠢᠶᠡᠨ ᠠᠪᠴᠤ᠌ ᠱᠢᠶ᠋ᠳᠪᠦᠷᠢᠯᠡᠬᠦ᠌᠂ ᠨᠡᠢᠯᠡᠭᠦᠯᠦᠨ ᠬᠠᠮᠲᠤᠷᠠᠨ ᠭᠦᠶ᠋ᠴᠡᠳᠭᠡᠬᠦ᠌᠂ ᠮᠡᠷᠭᠡᠵᠢᠯ᠎ᠦᠨ ᠬᠢᠨᠠᠨ ᠪᠠᠢᠴᠠᠭᠠᠯᠲᠠ᠎ᠶ᠋ᠢ ᠤᠷᠢᠳᠴᠢᠯᠠᠨ ᠥᠷᠨᠢᠭᠦᠯᠬᠦ᠌ ᠵᠡᠷᠭᠡ ᠰᠠᠭᠠᠳ ᠥᠬᠡᠶ ᠨᠡᠪᠲᠡᠷᠡᠬᠦ᠌ ᠵᠠᠮ᠎ᠢ ᠪᠠᠢᠭᠤᠯᠤᠨ ᠪᠦᠷᠢᠨᠱᠢᠭᠦᠯᠵᠦ᠍᠂ ᠬᠢᠨᠠᠨ ᠵᠥᠪᠱᠢᠶᠡᠷᠡᠬᠦ᠌ ᠦᠷ᠎ᠡ ᠪᠦᠲᠦᠮᠵᠢ᠎ᠶ᠋ᠢ ᠪᠥᠬᠥ᠌ ᠲᠠᠯ᠎ᠠ᠎ᠪᠠᠷ ᠳᠡᠭᠡᠭ᠌ᠰᠢᠯᠡᠭᠦᠯᠵᠦ ᠪᠠᠢᠨ᠎ᠠ᠃

ᠣᠳᠣᠬᠠᠨ᠎ᠳᠤ᠂ 2025 ᠣᠨ᠎ᠳᠤ ᠱᠢᠨ᠎ᠡ᠎ᠪᠡᠷ ᠪᠠᠢᠭᠤᠯᠬᠤ ᠲᠥᠷᠥᠯ ᠵᠦᠶ᠋ᠯ᠎ᠦᠨ ᠨᠢᠭᠡᠳᠦᠭᠡᠷ ᠤᠯᠠᠷᠢᠯ᠎ᠤᠨ ᠭᠤᠤᠯ ᠪᠣᠯᠬᠤ ᠡᠮᠦᠨᠡᠬᠢ ᠬᠤᠭᠤᠴᠠᠭᠠᠨ᠎ᠤ ᠭᠠᠷᠳᠠᠮ ᠭᠦᠶ᠋ᠴᠡᠳᠭᠡᠬᠦ᠌ ᠨᠣᠷᠮ᠎ᠠ᠎ᠶ᠋ᠢ 80% ᠎ᠡᠴᠡ ᠳᠡᠭᠡᠭ᠌ᠰᠢ᠎ᠳᠦ ᠬᠦᠷᠦᠭᠦᠯᠵᠦ᠍᠂ ᠳᠡᠭᠡᠷ᠎ᠡ ᠬᠠᠭᠠᠰ ᠵᠢᠯ᠎ᠳᠦ 《ᠡᠬᠢᠯᠡᠭᠦᠯᠬᠦ ᠶᠤᠰᠤᠳᠠᠢ ᠵᠢ ᠨᠢ ᠪᠦᠬᠦᠨ᠎ᠢ ᠨᠢ ᠡᠬᠢᠯᠡᠭᠦᠯᠬᠦ》ᠶ᠋ᠢ ᠪᠡᠶᠡᠯᠡᠭᠦᠯᠪᠡ᠃《ᠠᠷᠪᠠᠨ ᠲᠠᠪᠤᠳᠤᠭᠠᠷ ᠲᠠᠪᠤᠨ ᠵᠢᠯ》ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ ᠬᠡᠷᠡᠭ᠌ᠵᠢᠭᠦᠯᠬᠦ᠌᠎ᠪᠡᠷ ᠪᠠᠢᠭ᠎ᠠ ᠲᠥᠷᠥᠯ ᠵᠦᠶ᠋ᠯ᠎ᠦᠨ ᠡᠮᠦᠨᠡᠬᠢ ᠬᠤᠭᠤᠴᠠᠭᠠᠨ᠎ᠤ ᠠᠵᠢᠯ᠎ᠢ ᠡᠷᠲᠡᠬᠡᠨ ᠥᠷᠨᠢᠭᠦᠯᠵᠦ᠍᠂ ᠲᠥᠷᠥᠯ ᠵᠦᠶ᠋ᠯ᠎ᠦᠨ ᠠᠵᠢᠯ ᠡᠬᠢᠯᠡᠭᠦᠯᠬᠦ᠌ ᠨᠥᠬᠥᠴᠡᠯ᠎ᠢ ᠡᠷᠲᠡᠬᠡᠨ ᠪᠦᠷᠢᠯᠳᠦᠭᠦᠯᠬᠦ᠌᠎ᠶ᠋ᠢ ᠦᠨᠡᠨ ᠬᠦ᠌ ᠪᠠᠲᠤᠯᠠᠪᠠ᠃

ᠰᠤᠷᠪᠤᠯᠵᠢᠯᠠᠭ᠍ᠴᠢ᠎ᠶ᠋ᠢᠨ ᠤᠢ᠍ᠢᠯᠠᠭᠠᠭ᠍ᠰᠠᠨ ᠵᠢᠡᠷ᠂ ᠬᠥᠬᠡᠬᠣᠲᠠ《ᠠᠷᠪᠠᠨ ᠲᠠᠪᠤᠳᠤᠭᠠᠷ ᠲᠠᠪᠤᠨ ᠵᠢᠯ》ᠤ᠋ᠨ ᠲᠦᠯᠦᠪᠵᠢᠭᠦᠯᠭᠡ ᠵᠢᠨ ᠴᠢᠬᠤᠯᠠ ᠶᠡᠬᠡ ᠲᠦᠷᠦᠯ ᠵᠦᠢᠯ᠎ᠢ ᠭᠦᠨᠵᠡᠭᠡᠢ ᠰᠦᠪᠡᠭ᠌ᠴᠢᠯᠡᠵᠦ᠍ ᠪᠣᠳᠠᠲᠠᠢ ᠰᠦᠪᠡᠭ᠌ᠴᠢᠯᠡᠵᠦ᠍᠂ 2025 ᠣᠨ᠎ᠤ 9 ᠰᠠᠷ᠎ᠠ᠎ᠶ᠋ᠢᠨ ᠰᠡᠭᠦᠯᠴᠢ ᠪᠣᠯᠬᠤ᠎ᠳᠤ ᠪᠦᠬᠦ᠌ ᠬᠤᠳᠠ᠎ᠶ᠋ᠢᠨ ᠲᠥᠰᠦᠪᠯᠡᠨ ᠪᠡᠯᠡᠳᠭᠡᠭ᠌ᠰᠡᠨ 《ᠠᠷᠪᠠᠨ ᠲᠠᠪᠤᠳᠤᠭᠠᠷ ᠲᠠᠪᠤᠨ ᠵᠢᠯ》ᠤ᠋ᠨ ᠲᠦᠯᠦᠪᠵᠢᠭᠦᠯᠭᠡ ᠵᠢᠨ ᠴᠢᠬᠤᠯᠠ ᠶᠡᠬᠡ ᠲᠦᠷᠦᠯ ᠵᠦᠢᠯ᠎ᠦᠨ ᠶᠡᠷᠦᠩᠬᠡᠢ ᠪᠡᠯᠡ ᠣᠷᠣᠭᠤᠯᠤᠯᠲᠠ 1.3 ᠲᠦᠮᠡᠨ ᠳ᠋ᠦᠩᠱᠢᠭᠤᠷ ᠲᠥᠭᠥᠷᠢᠭ᠎ᠲᠦ ᠬᠦᠷᠴᠦ᠍᠂《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠭᠦᠯᠭᠡ  ᠵᠢᠨ ᠴᠢᠬᠤᠯᠠ ᠶᠡᠬᠡ ᠲᠦᠷᠦᠯ ᠵᠦᠢᠯ᠎ᠦᠨ ᠣᠨ᠎ᠤ ᠪᠡᠯᠡ ᠣᠷᠣᠭᠤᠯᠤᠯᠲᠠ ᠵᠢᠯ ᠳᠤᠮᠳᠠᠴᠢ᠎ᠪᠠᠷ 10% ᠣᠷᠴᠢᠮ ᠨᠡᠮᠡᠭ᠌ᠳᠡᠭᠰᠡᠨ ᠢ᠋ ᠪᠡᠶᠡᠯᠡᠭᠦᠯᠬᠦ ᠪᠡᠷ ᠲᠦᠯᠦᠪᠯᠡᠵᠦ ᠪᠤᠢ᠃

ᠵᠢᠯ᠎ᠤᠨ ᠡᠬᠢᠨ᠎ᠡᠴᠡ ᠨᠠᠭᠠᠰᠢ᠂ ᠬᠥᠬᠡᠬᠣᠲᠠ ᠲᠥᠷᠥᠯ ᠵᠦᠶ᠋ᠯ᠎ᠦᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠ ᠨᠠᠢᠳᠠᠪᠤᠷᠢᠵᠢᠭᠤᠯᠬᠤ ᠪᠥᠲᠥᠭᠡᠨ ᠪᠠᠢᠭᠤᠯᠤᠯᠲᠠ᠎ᠶ᠋ᠢᠨ ᠪᠥᠬᠥ᠌ ᠬᠡᠯᠬᠢᠶ᠎ᠡ᠎ᠶ᠋ᠢᠨ ᠲᠣᠭᠣᠷᠢᠨ᠎ᠳᠤ ᠬᠦᠴᠦᠯᠡᠵᠦ᠍᠂ ᠠᠵᠤ ᠠᠬᠤᠶ ᠎ᠶ᠋ᠢᠨ ᠰᠡᠷᠭᠦᠨ ᠰᠠᠢᠵᠢᠷᠠᠬᠤ᠎ᠶ᠋ᠢ ᠠᠬᠢᠭᠤᠯᠪᠠ᠃ ᠣᠳᠣᠬᠠᠨ᠎ᠳᠤ᠂ ᠪᠥᠬᠥ᠌ ᠬᠣᠲᠠ᠎ᠶ᠋ᠢᠨ ᠱᠢᠨ᠎ᠡ᠎ᠪᠡᠷ ᠪᠠᠢᠭᠤᠯᠤᠭ᠍ᠰᠠᠨ ᠲᠥᠷᠥᠯ ᠵᠦᠶ᠋ᠯ᠎ᠦᠨ ᠭᠠᠷᠳᠠᠮ ᠭᠦᠶ᠋ᠴᠡᠳᠭᠡᠭ᠌ᠰᠡᠨ ᠨᠣᠷᠮ᠎ᠠ 87% ᠎ᠳ᠋ᠤ ᠬᠦᠷᠴᠦ᠍᠂ 484 ᠭᠤᠤᠯᠳᠠᠯᠭ᠎ᠠ᠎ᠲᠠᠶ ᠲᠥᠷᠥᠯ ᠵᠦᠶ᠋ᠯ᠎ᠢ ᠠᠵᠢᠯ ᠡᠬᠢᠯᠡᠭᠦᠯᠦᠨ ᠰᠡᠷᠭᠦᠭᠡᠵᠦ᠍᠂ ᠲᠦᠷᠦᠭᠦᠦ 2 ᠰᠠᠷ᠎ᠠ᠎ᠳᠤ ᠲᠣᠭ᠍ᠲᠠᠮᠠᠯ ᠬᠥᠷᠥᠩᠭᠡ᠎ᠶ᠋ᠢᠨ ᠪᠠᠯᠠ ᠣᠷᠣᠭᠤᠯᠤᠯᠲᠠ ᠲᠡᠭᠡᠷ᠎ᠡ ᠵᠢᠯ ᠤ᠋ᠨ ᠠᠳᠠᠯᠢ ᠬᠤᠭᠤᠴᠠᠭᠠᠨ ᠎ᠤ᠎ᠬᠢ᠎ᠡᠴᠡ 20.8% ᠎ᠪᠠᠷ ᠨᠡᠮᠡᠭ᠌ᠳᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号