ᠪᠦᠯᠬᠦᠮᠳᠡᠨ ᠲᠡᠮᠡᠴᠡᠵᠦ᠍ ᠱᠢᠨ᠎ᠡ ᠲᠡᠦᠬᠡ᠎ᠶ᠋ᠢᠨ ᠠᠭᠤᠤ ᠦᠢᠯᠡᠰ᠎ᠢ ᠴᠣᠭ᠍ᠴᠠᠯᠠᠶ᠎ᠠ
2025-04-30 11:32:49
ᠵᠣᠬᠢᠶᠠᠭ᠍ᠴᠢ᠄
​ᠱᠢᠨᠬᠤᠸᠠ ᠬᠣᠷᠢᠶ᠎ᠠ᠎ᠶᠢᠨ ᠰᠤᠷᠪᠤᠯᠵᠢᠯᠠᠭ᠍ᠴᠢ
ᠣᠩᠱᠢᠭ᠍ᠰᠠᠨ ᠣᠳᠠᠭ᠎ᠠ᠄
★★★☆☆

— ᠳᠤᠮᠳᠠᠳᠤ᠎ᠶ᠋ᠢᠨ ᠪᠦᠬᠦ᠌ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ ᠪᠠᠢᠭᠤᠯᠤᠭ᠍ᠳᠠᠭ᠍ᠰᠠᠨ 100 ᠵᠢᠯ᠎ᠦᠨ ᠣᠶ᠎ᠶᠢᠨ ᠲᠠᠰᠢᠷᠠᠮ᠎ᠳᠤ


1925 ᠣᠨ — 2025 ᠣᠨ᠃

ᠡᠨᠡ ᠵᠢᠯ ᠪᠣᠯ ᠳᠤᠮᠳᠠᠳᠤ᠎ᠶ᠋ᠢᠨ ᠪᠦᠬᠦ᠌ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠪᠠᠢᠭᠤᠯᠤᠭ᠍ᠳᠠᠭ᠍ᠰᠠᠨ 100 ᠵᠢᠯ᠎ᠦᠨ ᠤᠢ ᠪᠣᠯᠤᠨ᠎ᠠ᠃ ᠵᠠᠭᠤᠨ ᠵᠢᠯ᠎ᠦᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠳᠤᠤᠷ᠎ᠠ᠂ ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ ᠲᠦᠭ ᠲᠦᠮᠡᠨ ᠠᠵᠢᠯᠲᠠᠨ ᠠᠵᠢᠯᠴᠢᠨ ᠣᠯᠠᠨ ᠲᠦᠮᠡᠨ᠎ᠢ ᠵᠣᠬᠢᠶᠠᠨ ᠪᠠᠢᠭᠤᠯᠤᠨ ᠳᠠᠢᠴᠢᠯᠠᠵᠤ ᠪᠦᠯᠬᠦᠮᠳᠡᠨ ᠲᠡᠮᠡᠴᠡᠵᠦ᠍᠂ ᠭᠠᠪᠢᠶ᠎ᠠ ᠪᠠᠢᠭᠤᠯᠤᠨ ᠦᠶ᠋ᠯᠡᠰ ᠪᠦᠲᠦᠭᠡᠵᠦ᠂ ᠦᠨᠳᠦᠰᠦᠲᠡᠨ᠎ᠦ ᠲᠤᠰᠠᠭᠠᠷ ᠲᠣᠭ᠍ᠲᠠᠨᠢᠯ᠂ ᠠᠷᠠᠳ ᠲᠦᠮᠡᠨ᠎ᠦ ᠴᠢᠯᠥᠭᠡᠯᠡᠯᠲᠡ᠎ᠶ᠋ᠢ ᠲᠡᠮᠡᠴᠡᠨ ᠤᠯᠬᠤ ᠪᠠ ᠤᠯᠤᠰ ᠣᠷᠣᠨ᠎ᠤ ᠪᠠᠶᠠᠵᠢᠯ ᠬᠦᠴᠦᠷᠬᠡᠭᠵᠢᠯ᠂ ᠠᠷᠠᠳ ᠲᠦᠮᠡᠨ᠎ᠦ ᠵᠣᠯ ᠵᠢᠷᠭᠠᠯ᠎ᠢ ᠪᠡᠶᠡᠯᠡᠭᠦᠯᠬᠦ᠌᠎ᠶ᠋ᠢᠨ ᠲᠥᠯᠥᠭᠡ ᠣᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠪᠡ᠃

ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠣᠷᠢᠶ᠎ᠠ ᠨᠠᠮ᠎ᠤᠨ ᠣᠷᠳᠣ ᠬᠤᠭᠤᠴᠠᠭ᠎ᠠ᠎ᠪᠠᠷ ᠲᠥᠷᠥ᠍ ᠪᠠᠷᠢᠬᠤ ᠠᠩᠭᠢ᠎ᠶ᠋ᠢᠨ ᠰᠠᠭᠤᠷᠢ ᠪᠠ ᠣᠯᠠᠨ ᠲᠦᠮᠡᠨ᠎ᠦ ᠰᠠᠭᠤᠷᠢ᠎ᠶ᠋ᠢ ᠪᠡᠬᠢᠵᠢᠭᠦᠯᠬᠦ᠌᠎ᠳᠦ ᠠᠩᠬᠠᠷᠤᠯ᠎ᠢᠶᠠᠨ ᠬᠠᠨᠳᠤᠭᠤᠯᠵᠤ᠂ ᠠᠵᠢᠯᠴᠢᠨ᠎ᠤ ᠡᠪᠯᠡᠯ᠎ᠦᠨ ᠠᠵᠢᠯ᠎ᠳᠠᠬᠢ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠨ᠂ ᠳᠤᠮᠳᠠᠳᠤ ᠤᠯᠤᠰ᠎ᠤᠨ ᠣᠨᠴᠠᠯᠢᠭ ᠪᠥᠬᠥᠶ ᠨᠡᠢᠭᠡᠮ ᠵᠢᠷᠤᠮ᠎ᠤᠨ ᠠᠵᠢᠯᠴᠢᠨ᠎ᠤ ᠡᠪᠯᠡᠯ᠎ᠦᠨ ᠬᠥᠭ᠌ᠵᠢᠯᠲᠡ᠎ᠶ᠋ᠢᠨ ᠵᠠᠮ᠎ᠢᠶᠠᠷ ᠭᠤᠢᠪᠢᠰᠢ ᠥᠬᠡᠶ ᠵᠠᠮᠨᠠᠵᠤ᠂ ᠨᠠᠮ᠎ᠤᠨ ᠠᠵᠢᠯᠴᠢᠨ᠎ᠤ ᠬᠥᠳᠡᠯᠭᠡᠭᠡᠨ᠎ᠦ ᠦᠶ᠋ᠯᠡᠰ ᠪᠠ ᠠᠵᠢᠯᠴᠢᠨ᠎ᠤ ᠡᠪᠯᠡᠯ᠎ᠦᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠶᠡᠬᠡ ᠪᠡᠷ ᠠᠬᠢᠭᠤᠯᠵᠤ᠂ ᠱᠢᠨ᠎ᠡ ᠴᠠᠭ ᠦᠶ᠎ᠡ᠎ᠶ᠋ᠢᠨ ᠠᠵᠢᠯᠴᠢᠨ᠎ᠤ ᠬᠥᠳᠡᠯᠭᠡᠭᠡᠨ᠎ᠦ ᠦᠶ᠋ᠯᠡᠰ ᠪᠠ ᠠᠵᠢᠯᠴᠢᠨ᠎ᠤ ᠡᠪᠯᠡᠯ᠎ᠦᠨ ᠠᠵᠢᠯ᠎ᠤᠨ ᠱᠢᠨ᠎ᠡ ᠪᠠᠢᠳᠠᠯ᠎ᠢ ᠪᠣᠶ ᠪᠣᠯᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠶᠠᠪᠤᠴᠠ᠎ᠳᠤ 《ᠮᠠᠨ᠎ᠤ ᠠᠵᠢᠯᠴᠢᠨ ᠬᠦᠴᠦᠲᠡᠶ》 ᠭᠡᠬᠦ᠌ ᠭᠤᠤᠯ ᠬᠥᠭ ᠠᠶᠠᠰ᠎ᠢ ᠬᠠᠩᠭᠢᠨᠠᠭᠤᠯᠤᠭ᠍ᠰᠠᠨ ᠪᠠᠢᠨ᠎ᠠ᠃

ᠨᠠᠮ᠎ᠲᠠᠶ ᠰᠡᠳᠭᠢᠯ ᠨᠢᠭᠡᠳᠴᠦ᠍ ᠨᠠᠮ᠎ᠢᠶᠡᠨ ᠲᠠᠭᠠᠵᠤ ᠲᠡᠮᠡᠴᠡᠪᠠ᠄ ᠨᠠᠮ᠎ᠤᠨ ᠲᠤᠭ ᠪᠣᠯ ᠠᠵᠢᠯᠴᠢᠨ᠎ᠤ ᠬᠥᠳᠡᠯᠭᠡᠭᠡᠨ᠎ᠦ ᠦᠢᠯᠡᠰ᠎ᠦᠨ ᠴᠢᠭ᠌ᠯᠠᠯ ᠮᠥᠨ

ᠲᠦᠷᠪᠡᠨ ᠰᠠᠷ᠎ᠠ᠎ᠳᠤ ᠲᠦᠮᠡᠨ ᠪᠣᠳᠠᠰ ᠲᠦᠯᠵᠢᠨ ᠡᠰᠡᠨᠢᠨ᠎ᠠ᠃

ᠭᠤᠸᠠᠩᠵᠧᠦ ᠬᠣᠲᠠ᠎ᠶ᠋ᠢᠨ ᠶᠤᠸᠠᠢ ᠱᠢᠦ ᠡᠮᠦᠨ᠎ᠡ ᠵᠠᠮ᠎ᠤᠨ ᠮᠣᠳᠣᠳ ᠬᠦᠭᠡᠷᠡᠨ ᠨᠤᠭᠤᠭᠠᠷᠠᠵᠦ᠂ ᠨᠢᠭᠡ ᠭᠦᠢᠬᠡᠨ ᠱᠢᠷ᠎ᠠ ᠥᠩᠭᠡ᠎ᠲᠡᠶ ᠪᠠᠷᠢᠯᠭ᠎ᠠ ᠡᠨᠳᠡ ᠨᠠᠮ ᠵᠢᠮ ᠰᠦᠨᠳᠡᠷᠯᠡᠨ᠎ᠡ᠃ ᠬᠡᠷ᠎ᠦᠨ ᠣᠷᠣᠶ ᠳᠡᠭᠡᠷ᠎ᠡ ᠡᠯᠭᠦᠭ᠌ᠰᠡᠨ ᠢᠯᠡᠷᠬᠡᠢᠯᠡᠯ ᠨᠢ ᠲᠡᠭᠦᠨ᠎ᠦ ᠥᠩᠭᠡᠷᠡᠭᠡᠭ᠌ᠰᠡᠨ ᠣᠷᠳᠣ ᠤᠳᠠᠭᠠᠨ ᠣᠨ ᠰᠠᠷ᠎ᠠ ᠪᠣᠯᠤᠨ ᠬᠡᠷᠡᠯ ᠰᠠᠴᠤᠷᠠᠩᠭᠤᠶ ᠲᠡᠦᠬᠡ᠎ᠶ᠋ᠢ ᠲᠣᠳᠣᠷᠬᠠᠢᠯᠠᠨ᠎ᠠ — ᠳᠤᠮᠳᠠᠳᠤ᠎ᠶ᠋ᠢᠨ ᠪᠥᠬᠥ᠌ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ᠎ᠦᠨ ᠬᠠᠭᠤᠴᠢᠨ ᠪᠠᠭᠤᠷᠢ᠃

1925 ᠣᠨ᠎ᠤ 5 ᠰᠠᠷ᠎ᠠ᠎ᠶ᠋ᠢᠨ 1᠎ᠤ᠋ ᠡᠳᠦᠷ ᠭᠤᠸᠠᠩᠵᠧᠦ᠍᠎ᠳᠦ ᠬᠤᠷᠠᠯᠳᠤᠭ᠍ᠰᠠᠨ ᠬᠣᠶᠠᠳᠤᠭᠠᠷ ᠤᠳᠠᠭᠠᠨ᠎ᠤ ᠪᠦᠬᠦ᠌ ᠤᠯᠤᠰ᠎ᠤᠨ ᠬᠥᠳᠡᠯᠮᠦᠷᠢᠴᠢᠳ᠎ᠦᠨ ᠶᠡᠬᠡ ᠬᠤᠷᠠᠯ ᠳᠡᠭᠡᠷ᠎ᠡ ᠳᠤᠮᠳᠠᠳᠤ᠎ᠶ᠋ᠢᠨ ᠪᠦᠬᠦ᠌ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ ᠪᠠᠢᠭᠤᠯᠤᠭ᠍ᠳᠠᠭ᠍ᠰᠠᠨ᠎ᠢ ᠲᠤᠩᠬᠠᠭ᠍ᠯᠠᠵᠠᠶ᠃

《ᠲᠠ ᠨᠠᠷ᠎ᠤᠨ ᠲᠦᠯᠦᠭᠡᠯᠡᠵᠦ ᠪᠠᠢᠭ᠎ᠠ ᠬᠦᠴᠦᠨ ᠪᠤᠯ ᠠᠭᠤᠤ ᠶᠡᠬᠡ ᠶᠤᠮ᠂ ᠲᠠ ᠨᠠᠷ᠎ᠤᠨ ᠡᠭᠦᠷᠭᠡᠯᠡᠵᠦ ᠪᠠᠢᠭ᠎ᠠ ᠬᠠᠷᠢᠭᠤᠴᠠᠯᠭ᠎ᠠ᠎ᠴᠤ ᠬᠦᠨᠳᠦ ᠶᠡᠬᠡ ᠶᠤᠮ ᠁》 ᠳᠤᠮᠳᠠᠳᠤ ᠤᠯᠤᠰ᠎ᠤᠨ ᠡᠪ ᠬᠠᠮᠲᠤ ᠨᠠᠮ ᠪᠠᠶᠠᠷ᠎ᠤᠨ ᠵᠠᠬᠢᠳᠠᠯ ᠢᠷᠡᠭᠦᠯᠵᠦ᠍᠂ ᠬᠦᠨᠳᠦ ᠬᠦᠰᠡᠯ ᠨᠠᠢᠳᠠᠯᠭ᠎ᠠ ᠲᠠᠯᠪᠢᠵᠤ᠂ ᠬᠦᠨᠳᠦ ᠡᠭᠦᠷᠭᠡ᠎ᠶ᠋ᠢ ᠨᠠᠢᠳᠠᠪᠠ᠃

《ᠮᠠᠨ᠎ᠤ ᠤᠯᠤᠰ᠎ᠤᠨ ᠠᠵᠢᠯᠴᠢᠨ᠎ᠤ ᠬᠥᠳᠡᠯᠭᠡᠭᠡᠨ᠎ᠦ ᠦᠢᠯᠡᠰ ᠪᠣᠯ ᠨᠠᠮ᠎ᠤᠨ ᠤᠳᠤᠷᠢᠳᠤᠯᠭ᠎ᠠ᠎ᠶ᠋ᠢᠨ ᠳᠣᠣᠷ᠎ᠠ ᠬᠥᠭ᠌ᠵᠢᠵᠦ᠍ ᠢᠷᠡᠭ᠌ᠰᠡᠨ ᠶᠤᠮ᠂ ᠠᠵᠢᠯᠴᠢᠨ᠎ᠤ ᠡᠪᠯᠡᠯ ᠪᠣᠯ ᠨᠠᠮ᠎ᠤᠨ ᠤᠳᠤᠷᠢᠳᠤᠭ᠍ᠰᠠᠨ ᠠᠵᠢᠯᠴᠢᠨ ᠠᠩᠭᠢ᠎ᠶ᠋ᠢᠨ ᠤᠯᠠᠨ ᠲᠦᠮᠡᠨᠴᠢ ᠵᠣᠬᠢᠶᠠᠨ ᠪᠠᠢᠭᠤᠯᠤᠯᠲᠠ ᠮᠥᠨ᠃ ᠨᠠᠮ᠎ᠤᠨ ᠠᠵᠢᠯᠴᠢᠨ᠎ᠤ ᠡᠪᠯᠡᠯ᠎ᠳᠡᠬᠢ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠶᠠᠮᠠᠷᠪᠠ ᠴᠠᠭ ᠦᠶ᠎ᠡ᠂ ᠶᠠᠮᠠᠷᠪᠠ ᠪᠠᠢᠳᠠᠯ ᠳᠣᠣᠷ᠎ᠠ ᠴᠤ᠌ ᠭᠤᠢᠪᠢᠯᠵᠠᠵᠤ ᠪᠣᠯᠬᠤ ᠦᠭᠡᠢ᠂ ᠬᠡᠯᠪᠡᠢᠵᠦ᠍ ᠪᠣᠯᠬᠤ ᠦᠭᠡᠢ》 ᠭᠡᠵᠦ᠂ 2023 ᠣᠨ᠎ᠤ 10 ᠰᠠᠷ᠎ᠠ᠎ᠶ᠋ᠢᠨ 23᠎ᠤ᠋ ᠡᠳᠦᠷ ᠶᠡᠷᠦᠩᠬᠡᠢ ᠱᠦᠵᠢ  ᠰᠢ ᠵᠢᠨ ᠫᠢᠩ ᠳᠤᠮᠳᠠᠳᠤ᠎ᠶ᠋ᠢᠨ ᠪᠦᠬᠦ᠌ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠦᠨ ᠱᠢᠨ᠎ᠡ ᠨᠢᠭᠡ ᠬᠤᠭᠤᠴᠠᠭᠠᠨ᠎ᠤ ᠤᠳᠤᠷᠢᠳᠭᠤ ᠪᠠᠭ᠎ᠤᠨ ᠪᠦᠷᠢᠯᠳᠦᠬᠦᠨ᠎ᠲᠡᠶ ᠬᠠᠮᠲᠤ᠎ᠶ᠋ᠢᠨ ᠶᠠᠷᠢᠯᠴᠠᠭ᠎ᠠ ᠬᠢᠬᠦ᠌᠎ᠳᠡᠭᠡᠨ ᠴᠢᠬᠤᠯᠠᠴᠢᠯᠠᠪᠠ᠃

ᠵᠠᠭᠤᠨ ᠵᠢᠯ᠎ᠦᠨ ᠤᠯᠠᠷᠢᠯ ᠬᠤᠪᠢᠰᠤᠯᠲᠠ᠎ᠳᠤ ᠤᠭ ᠰᠠᠨᠠᠭ᠎ᠠ ᠤᠭᠳᠤ ᠬᠤᠪᠢᠷᠠᠭᠰᠠᠨ ᠦᠭᠡᠢ᠃ ᠨᠠᠮ᠎ᠤᠨ ᠡᠯ᠎ᠡ ᠲᠡᠦᠬᠡᠨ ᠴᠠᠭ ᠦᠶ᠎ᠡ᠎ᠶ᠋ᠢᠨ ᠭᠣᠣᠯ ᠡᠭᠦᠷᠭᠡ᠎ᠶ᠋ᠢᠨ ᠲᠣᠭᠣᠷᠢᠨ᠎ᠳᠤ᠂ ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ ᠨᠠᠮ᠎ᠲᠠᠶ ᠰᠡᠳᠭᠢᠯ ᠨᠢᠭᠡᠳᠦᠨ᠂ ᠨᠠᠮ᠎ᠢᠶᠠᠨ ᠲᠠᠭᠠᠨ ᠲᠡᠮᠡᠴᠡᠵᠦ᠍᠂ ᠦᠨᠳᠦᠰᠦᠲᠡᠨ᠎ᠦ ᠲᠤᠰᠠᠭᠠᠷ ᠲᠣᠭ᠍ᠲᠠᠨᠢᠯ᠂ ᠠᠷᠠᠳ ᠲᠦᠮᠡᠨ᠎ᠦ ᠴᠢᠯᠥᠭᠡᠯᠡᠯᠲᠡ᠎ᠶ᠋ᠢ ᠲᠡᠮᠡᠴᠡᠨ ᠤᠯᠬᠤ ᠪᠠ ᠤᠯᠤᠰ ᠣᠷᠣᠨ᠎ᠤ ᠪᠠᠶᠠᠵᠢᠯ ᠬᠦᠴᠦᠷᠬᠡᠭ᠌ᠵᠢᠯ᠂ ᠠᠷᠠᠳ ᠲᠦᠮᠡᠨ᠎ᠦ ᠵᠣᠯ ᠵᠢᠷᠭᠠᠯ᠎ᠢ ᠪᠡᠶᠡᠯᠡᠭᠦᠯᠬᠦ᠌᠎ᠶ᠋ᠢᠨ ᠲᠥᠯᠥᠭᠡ᠂ ᠰᠦᠷ ᠳᠠᠯᠠᠢᠴᠠᠲᠠᠢ ᠠᠵᠢᠯᠴᠢᠨ᠎ᠤ ᠬᠥᠳᠡᠯᠭᠡᠭᠡᠨ᠎ᠦ ᠬᠠᠭᠤᠳᠠᠰᠤ᠎ᠶ᠋ᠢ ᠪᠢᠴᠢᠭ᠌ᠯᠡᠭ᠌ᠰᠡᠨ ᠪᠠᠢᠨ᠎ᠠ᠃

ᠱᠢᠨ᠎ᠡ ᠠᠷᠠᠳᠴᠢᠯᠠᠭ᠍ᠰᠠᠨ ᠬᠤᠪᠢᠰᠭᠠᠯ᠎ᠤᠨ ᠦᠶ᠎ᠡ᠎ᠳᠦ᠂ ᠠᠵᠢᠯᠴᠢᠨ᠎ᠤ ᠡᠪᠯᠡᠯ ᠲᠡᠷᠢᠭᠦᠨ᠎ᠦ ᠦᠵᠡᠯ ᠰᠠᠨᠠᠭ᠎ᠠ᠎ᠪᠠᠷ ᠠᠵᠢᠯᠴᠢᠨ ᠲᠦᠮᠡᠨ᠎ᠢ ᠰᠡᠩᠬᠡᠷᠡᠭᠦᠯᠵᠦ᠍᠂ ᠨᠠᠮ᠎ᠤᠨ ᠲᠤᠭ᠎ᠢᠶᠠᠷ ᠠᠵᠢᠯᠴᠢᠨ᠎ᠤ ᠬᠦᠴᠦᠨ᠎ᠢ ᠨᠢᠭ᠍ᠲᠠᠷᠠᠭᠤᠯᠵᠤ᠂ ᠠᠵᠢᠯᠴᠢᠨ᠎ᠤ ᠬᠥᠳᠡᠯᠭᠡᠭᠡᠨ᠎ᠦ ᠰᠦᠷ ᠳᠠᠯᠠᠢᠴᠠᠲᠠᠢ ᠥᠷᠨᠢᠯᠲᠡ᠎ᠶ᠋ᠢ ᠪᠤᠢ ᠪᠣᠯᠭᠠᠵᠤ᠂ ᠠᠵᠢᠯᠴᠢᠨ ᠲᠦᠮᠡᠨ᠎ᠢ ᠪᠦᠯᠬᠦᠮᠳᠡᠭᠦᠯᠦᠨ ᠲᠠᠢ᠌ᠴᠢᠯᠠᠵᠤ ᠡᠵᠡᠷᠬᠡᠭ ᠲᠦᠷᠢᠮᠡᠬᠡᠢ ᠶᠣᠰᠣ᠂ ᠹᠸᠤᠳᠠᠯ ᠶᠣᠰᠣ᠂ ᠨᠣᠶᠠᠨᠴᠢ ᠬᠥᠷᠥᠩᠭᠡᠲᠦ ᠶᠣᠰᠣ᠎ᠶ᠋ᠢ ᠡᠰᠡᠷᠭᠦᠴᠡᠬᠦ᠌ ᠬᠤᠪᠢᠰᠭᠠᠯ᠎ᠤᠨ ᠤᠷᠤᠰᠭᠠᠯ᠎ᠳᠤ ᠢᠳᠡᠪᠬᠢᠲᠡᠢ ᠣᠷᠣᠯᠴᠠᠭᠤᠯᠪᠠ᠃

ᠨᠡᠢᠭᠡᠮ ᠵᠢᠷᠤᠮᠲᠤ ᠬᠤᠪᠢᠰᠭᠠᠯ ᠪᠠ ᠪᠦᠳᠦᠭᠡᠨ ᠪᠠᠢᠭᠤᠯᠤᠯᠲᠠ᠎ᠶ᠋ᠢᠨ ᠴᠠᠭ ᠦᠶ᠎ᠡ᠎ᠳᠦ᠂ ᠠᠵᠢᠯᠴᠢᠨ᠎ᠤ ᠡᠪᠯᠡᠯ ᠠᠵᠢᠯᠳᠠᠨ ᠠᠵᠢᠯᠴᠢᠨ᠎ᠤ ᠤᠯᠤᠰ ᠲᠦᠷᠦ᠍᠂ ᠰᠣᠶᠣᠯ᠂ ᠮᠡᠷᠭᠡᠵᠢᠯ᠎ᠦᠨ ᠬᠥᠮᠦᠵᠢᠯ᠎ᠢ ᠴᠢᠩᠭᠠᠳᠭᠠᠵᠤ᠂ ᠨᠡᠢᠭᠡᠮ ᠵᠢᠷᠤᠮ᠎ᠤᠨ ᠬᠥᠳᠡᠯᠮᠦᠷᠢ᠎ᠶ᠋ᠢᠨ ᠤᠷᠤᠯᠳᠤᠭᠠᠨ᠎ᠢ ᠥᠷᠨᠢᠭᠦᠯᠦᠨ᠂ ᠠᠵᠢᠯᠳᠠᠨ ᠠᠵᠢᠯᠴᠢᠨ᠎ᠤ ᠦᠢᠯᠡᠳᠪᠦᠷᠢᠯᠡᠯ ᠠᠮᠢᠳᠤᠷᠠᠯ᠎ᠤᠨ ᠨᠥᠬᠥᠴᠡᠯ᠎ᠢ ᠰᠠᠢᠵᠢᠷᠠᠭᠤᠯᠵᠤ᠂ ᠥᠷᠭᠡᠨ ᠤᠯᠠᠨ ᠠᠵᠢᠯᠳᠠᠨ ᠠᠵᠢᠯᠴᠢᠨ᠎ᠢ ᠪᠦᠯᠬᠦᠮᠳᠡᠭᠦᠯᠦᠨ ᠲᠠᠢ᠌ᠴᠢᠯᠠᠵᠤ ᠱᠢᠨ᠎ᠡ ᠮᠡᠨᠳᠦᠯᠡᠭ᠌ᠰᠡᠨ ᠠᠷᠠᠳ᠎ᠤᠨ ᠵᠠᠰᠠᠭ᠎ᠢ ᠪᠡᠬᠢᠵᠢᠭᠦᠯᠬᠦ᠌᠂ ᠨᠡᠢᠭᠡᠮ ᠵᠢᠷᠤᠮ᠎ᠤᠨ ᠦᠨᠳᠦᠰᠦᠨ ᠪᠠᠢᠭᠤᠯᠤᠯ᠎ᠢ ᠪᠠᠢᠭᠤᠯᠬᠤ᠂ ᠪᠡᠶ᠎ᠡ᠎ᠪᠡᠨ ᠳᠠᠭᠠᠭᠠᠭ᠍ᠰᠠᠨ ᠪᠦᠷᠢᠨ ᠪᠦᠲᠦᠨ ᠠᠵᠤ ᠦᠢᠯᠡᠳᠪᠦᠷᠢ᠎ᠶ᠋ᠢᠨ ᠱᠢᠰᠲ᠋ᠧᠮ ᠪᠠ ᠤᠯᠤᠰ ᠠᠷᠠᠳ᠎ᠤᠨ ᠠᠵᠤ ᠠᠬᠤᠢ᠎ᠶ᠋ᠢᠨ ᠱᠢᠰᠲ᠋ᠧᠮ᠎ᠢ ᠪᠠᠢᠭᠤᠯᠬᠤ᠎ᠳᠤ ᠴᠢᠬᠤᠯᠠ ᠦᠢᠯᠡᠳᠦᠯ ᠪᠠᠳᠠᠷᠠᠭᠤᠯᠪᠠ᠃

ᠥᠭᠡᠷᠡᠴᠢᠯᠡᠯᠲᠡ ᠨᠡᠭᠡᠭᠡᠯᠲᠡ ᠪᠠ ᠨᠡᠢᠭᠡᠮ ᠵᠢᠷᠤᠮᠳᠤ ᠣᠳᠣᠬᠢᠴᠢᠯᠠᠯᠲᠠ᠎ᠶᠢᠨ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠴᠠᠭ ᠦᠶ᠎ᠡ᠎ᠳᠦ᠂ ᠠᠵᠢᠯᠴᠢᠨ᠎ᠤ ᠡᠪᠯᠡᠯ ᠥᠷᠭᠡᠨ ᠤᠯᠠᠨ ᠠᠵᠢᠯᠲᠠᠨ ᠠᠵᠢᠯᠴᠢᠨ ᠲᠦᠮᠡᠨ᠎ᠢ ᠪᠦᠯᠬᠦᠮᠳᠡᠭᠦᠯᠦᠨ ᠵᠢᠯᠣᠭᠣᠳᠴᠤ᠌ ᠥᠭᠡᠷᠡᠴᠢᠯᠡᠯᠲᠡ᠎ᠶ᠋ᠢᠨ ᠳᠤᠮᠳᠠᠬᠢ ᠠᠱᠢᠭ ᠲᠤᠰᠠ᠎ᠶ᠋ᠢᠨ ᠬᠠᠷᠢᠴᠠᠭᠠᠨ᠎ᠤ ᠲᠤᠬᠢᠷᠠᠭᠤᠯᠤᠯᠲᠠ᠎ᠳᠤ ᠵᠥᠪ᠎ᠢᠶᠡᠷ ᠬᠠᠨᠳᠤᠭᠤᠯᠵᠤ᠂ ᠥᠭᠡᠷᠡᠴᠢᠯᠡᠯᠲᠡ ᠨᠡᠭᠡᠭᠡᠯᠲᠡ᠎ᠶ᠋ᠢᠨ ᠠᠭᠤᠤ ᠶᠡᠬᠡ ᠦᠢᠯᠡᠰ᠎ᠲᠦ ᠢᠳᠡᠪᠬᠢᠲᠡᠢ ᠣᠷᠣᠯᠴᠠᠭᠤᠯᠤᠨ᠂ ᠨᠡᠢᠭᠡᠮ᠎ᠦᠨ ᠦᠢᠯᠡᠳᠪᠦᠷᠢᠯᠡᠯ᠎ᠦᠨ ᠬᠦᠴᠦᠨ᠎ᠢ ᠴᠢᠯᠥᠭᠡᠯᠡᠨ ᠬᠥᠭ᠌ᠵᠢᠭᠦᠯᠬᠦ᠌᠂ ᠨᠡᠢᠭᠡᠮ ᠵᠢᠷᠤᠮᠲᠦ ᠣᠳᠣᠬᠢᠴᠢᠯᠠᠯᠲᠠ᠎ᠶ᠋ᠢ ᠲᠦᠷᠭᠡᠳᠭᠡᠨ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃

ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠱᠢᠨ᠎ᠡ ᠴᠠᠭ ᠦᠶ᠎ᠡ᠎ᠳᠦ᠂ ᠡᠯ᠎ᠡ ᠱᠠᠲᠤᠨ᠎ᠤ ᠠᠵᠢᠯᠴᠢᠨ᠎ᠤ ᠡᠪᠯᠡᠯ  ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠠᠵᠢᠯᠴᠢᠨ ᠠᠩᠭᠢ ᠪᠣᠯᠤᠨ ᠠᠵᠢᠯᠴᠢᠨ᠎ᠤ ᠡᠪᠯᠡᠯ᠎ᠦᠨ ᠠᠵᠢᠯ᠎ᠤᠨ ᠲᠤᠬᠠᠶ ᠴᠢᠬᠤᠯᠠ ᠥᠭᠦᠯᠡᠯᠲᠡ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠶ᠋ᠢᠨ ᠲᠥᠯᠥᠭᠡ ᠲᠡᠮᠡᠴᠡᠬᠦ᠌ ᠴᠠᠭ ᠦᠶ᠎ᠡ᠎ᠶ᠋ᠢᠨ ᠭᠤᠤᠯ ᠰᠡᠳᠦᠪ᠎ᠢ ᠪᠠᠲᠤ ᠡᠵᠡᠮᠳᠡᠵᠦ᠍᠂ ᠥᠷᠭᠡᠨ ᠣᠯᠠᠨ ᠠᠵᠢᠯᠲᠠᠨ ᠠᠵᠢᠯᠴᠢᠨ᠎ᠢ ᠵᠣᠬᠢᠶᠠᠨ ᠪᠠᠢᠭᠤᠯᠤᠨ ᠳᠠᠢᠴᠢᠯᠠᠵᠤ ᠡᠯ᠎ᠡ ᠠᠵᠢᠯ ᠲᠥᠷᠥᠯ᠂ ᠡᠯ᠎ᠡ ᠬᠦᠷᠢᠶᠡᠨ᠎ᠳᠦ ᠱᠢᠨ᠎ᠡ᠎ᠶ᠋ᠢ ᠡᠭᠦᠳᠴᠦ᠍ ᠡᠭᠦᠳᠦᠨ ᠪᠦᠲᠦᠭᠡᠵᠦ᠍᠂ ᠴᠢᠨᠡᠭᠡᠯᠢᠭ ᠨᠡᠢᠭᠡᠮ᠎ᠢ ᠪᠥᠬᠥ᠌ ᠲᠠᠯ᠎ᠠ᠎ᠪᠠᠷ ᠪᠡᠶᠡᠯᠡᠭᠦᠯᠬᠦ᠌᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠬᠠᠷᠢᠭᠤᠴᠠᠯᠭ᠎ᠠ ᠡᠭᠦᠷᠭᠡᠯᠡᠯ ᠵᠢᠳᠬᠦᠯ ᠴᠢᠷᠮᠠᠢᠯᠭ᠎ᠠ ᠭᠠᠷᠭᠠᠪᠠ᠃

ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ ᠨᠠᠮ᠎ᠤᠨ ᠤᠳᠤᠷᠢᠳᠤᠯᠭ᠎ᠠ ᠳᠣᠣᠷ᠎ᠠ ᠠᠵᠢᠯᠴᠢᠨ ᠠᠩᠭᠢ ᠪᠣᠯᠤᠨ ᠥᠷᠭᠡᠨ ᠤᠯᠠᠨ ᠬᠥᠳᠡᠯᠮᠦᠷᠢᠴᠢᠨ ᠲᠦᠮᠡᠨ᠎ᠢ ᠪᠦᠯᠬᠦᠮᠳᠡᠭᠦᠯᠦᠨ ᠲᠠᠢ᠌ᠴᠢᠯᠠᠵᠤ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠰᠡᠳᠭᠢᠯ ᠨᠢᠭᠡᠳᠦᠨ ᠲᠡᠮᠡᠴᠡᠭ᠌ᠰᠡᠨ ᠲᠡᠦᠬᠡ ᠪᠣᠯ ᠭᠡᠷᠡᠯ ᠰᠠᠴᠤᠷᠠᠩᠭᠤᠢ ᠵᠠᠭᠤᠨ ᠵᠢᠯ᠎ᠦᠨ ᠠᠵᠢᠯᠴᠢᠨ᠎ᠤ ᠬᠥᠳᠡᠯᠭᠡᠭᠡᠨ᠎ᠦ ᠲᠡᠦᠬᠡ ᠮᠥᠨ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠶᠡᠷᠦᠩᠬᠡᠢ ᠱᠦᠵᠢ ᠰᠢ ᠵᠢᠨ ᠫᠢᠩ ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ᠎ᠦᠨ ᠪᠦᠬᠦ᠌ ᠤᠯᠤᠰ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠳᠤ ᠭᠤᠷᠪᠠ ᠤᠳᠠᠭ᠎ᠠ ᠣᠷᠣᠯᠴᠠᠭ᠍ᠰᠠᠨ ᠪᠥᠭᠡᠳ ᠳᠤᠮᠳᠠᠳᠤ᠎ᠶ᠋ᠢᠨ ᠪᠦᠬᠦ᠌ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠦᠨ ᠱᠢᠨ᠎ᠡ ᠨᠢᠭᠡ ᠬᠤᠭᠤᠴᠠᠭᠠᠨ᠎ᠤ ᠤᠳᠤᠷᠢᠳᠭᠤ ᠪᠠᠭ᠎ᠤᠨ ᠪᠦᠷᠢᠯᠳᠦᠬᠦᠨ᠎ᠲᠡᠶ ᠬᠠᠮᠲᠤ᠎ᠪᠠᠷ ᠶᠠᠷᠢᠯᠴᠠᠵᠤ᠂ ᠨᠠᠮ᠎ᠤᠨ ᠤᠳᠤᠷᠢᠳᠤᠯᠭ᠎ᠠ᠎ᠶ᠋ᠢ ᠢᠮᠠᠭ᠍ᠲᠠ ᠴᠢᠩᠭᠠᠳᠭᠠᠬᠤ᠎ᠶ᠋ᠢ ᠴᠢᠬᠤᠯᠠᠴᠢᠯᠠᠪᠠ᠄

《 ᠠᠵᠢᠯᠴᠢᠨ᠎ᠤ ᠡᠪᠯᠡᠯ᠎ᠦᠨ ᠠᠵᠢᠯ᠎ᠢ ᠰᠠᠢ᠌ᠨ ᠬᠢᠭ᠌ᠰᠡᠨ ᠡᠰᠡᠬᠦ᠌᠂ ᠢᠯᠡᠳᠲᠡ ᠦᠷ᠎ᠡ ᠪᠦᠲᠦᠮᠵᠢ ᠣᠯᠤᠭ᠍ᠰᠠᠨ ᠡᠰᠡᠬᠦ᠌᠎ᠶ᠋ᠢᠨ ᠵᠠᠩᠭᠢᠯᠠᠭ᠎ᠠ ᠨᠢ ᠵᠥᠪ ᠤᠯᠤᠰ ᠲᠦᠷᠦ᠍᠎ᠶ᠋ᠢᠨ ᠴᠢᠭ᠌ᠯᠡᠯ᠎ᠢ ᠪᠠᠷᠢᠮᠲᠠᠯᠠᠭ᠍ᠰᠠᠨ ᠡᠰᠡᠬᠦ᠌᠎ᠳᠦ ᠪᠤᠢ》᠃

《ᠨᠠᠮ᠎ᠤᠨ ᠲᠥᠪ ᠬᠣᠷᠢᠶ᠎ᠠ᠎ᠶᠢᠨ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠢᠮᠠᠭ᠍ᠲᠠ ᠤᠯᠤᠰ ᠲᠦᠷᠦ᠍᠎ᠶ᠋ᠢᠨ ᠵᠣᠭ᠍ᠰᠣᠯᠲᠠ᠂ ᠤᠯᠤᠰ ᠲᠦᠷᠦ᠍᠎ᠶ᠋ᠢᠨ ᠴᠢᠭ᠌ᠯᠡᠯ᠂ ᠤᠯᠤᠰ ᠲᠦᠷᠦ᠍᠎ᠶ᠋ᠢᠨ ᠵᠠᠷᠴᠢᠮ᠂ ᠤᠯᠤᠰ ᠲᠦᠷᠦ᠍᠎ᠶ᠋ᠢᠨ ᠵᠠᠮ ᠳᠡᠭᠡᠷ᠎ᠡ ᠨᠠᠮ᠎ᠤᠨ ᠲᠥᠪ ᠬᠣᠷᠢᠶ᠎ᠠ᠎ᠲᠠᠶ ᠳᠡᠭᠡᠳᠦ ᠬᠡᠮᠵᠢᠶ᠎ᠡ᠎ᠪᠡᠷ ᠨᠢᠭᠡᠳᠦᠯᠲᠡᠢ ᠪᠠᠢᠬᠤ ᠬᠡᠷᠡᠭ᠌ᠲᠡᠢ》᠃

《〈ᠤᠯᠤᠰ᠎ᠤᠨ ᠶᠡᠬᠡ ᠶᠠᠪᠤᠳᠠᠯ〉᠎ᠢ᠋ ᠪᠠᠲᠤ ᠴᠡᠭᠡᠵᠢᠯᠡᠵᠦ᠍᠂ ᠠᠵᠢᠯᠴᠢᠨ᠎ᠤ ᠡᠪᠯᠡᠯ᠎ᠦᠨ ᠠᠵᠢᠯ ᠪᠣᠯᠤᠨ ᠨᠠᠮ᠎ᠤᠨ ᠭᠣᠣᠯ ᠡᠭᠦᠷᠭᠡ᠎ᠶ᠋ᠢᠨ ᠤᠶᠠᠯᠳᠤᠯ᠎ᠤᠨ ᠴᠡᠭ᠂ ᠭᠠᠷᠳᠠᠬᠤ ᠴᠡᠭ᠂ ᠬᠦᠴᠦᠯᠡᠬᠦ᠌ ᠴᠡᠭ᠎ᠢ ᠣᠨᠣᠪᠴᠢᠲᠠᠢ ᠣᠯᠵᠤ᠂ ᠨᠠᠮ᠎ᠤᠨ ᠲᠥᠪ ᠬᠣᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠠᠵᠢᠯᠴᠢᠨ᠎ᠤ ᠡᠪᠯᠡᠯ᠎ᠦᠨ ᠱᠢᠰᠲ᠋ᠧᠮ᠎ᠳᠦ ᠪᠣᠳᠠᠲᠠᠢ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭ᠌ᠲᠡᠢ》᠃

ᠬᠠᠪᠤᠷ᠎ᠤᠨ᠎ᠲᠠᠶ ᠬᠠᠩ ᠱᠠᠨ ᠠᠭᠤᠯᠠᠨ᠎ᠳᠤ ᠲᠤᠭᠤᠷ᠎ᠤᠨ ᠴᠡᠴᠡᠭ ᠮᠢᠷᠠᠯᠵᠠᠨ ᠳᠡᠯᠭᠡᠷᠡᠨ᠎ᠡ᠃ ᠰᠤᠪᠠᠭ᠎ᠤᠨ ᠤᠰᠤ ᠳᠠᠪᠠᠯᠭᠠᠯᠠᠨ ᠤᠷᠤᠰᠴᠤ᠂ ᠤᠯᠠᠭᠠᠨ ᠲᠤᠭ ᠰᠤᠪᠠᠭ᠎ᠤᠨ ᠵᠣᠷᠢᠭ ᠰᠠᠨᠠᠭ᠎ᠠ ᠨᠢ ᠨᠢᠳᠦ ᠭᠢᠯᠠᠰᠤᠮ᠎ᠠ ᠴᠠᠭ ᠦᠶ᠎ᠡ᠎ᠶ᠋ᠢᠨ ᠬᠡᠷᠡᠯ ᠭᠢᠯᠪᠠᠭ᠎ᠠ᠎ᠶ᠋ᠢ ᠢᠮᠠᠭ᠍ᠲᠠ ᠰᠠᠴᠤᠷᠠᠭᠤᠯᠤᠭ᠍ᠰᠠᠭᠠᠷ ᠢᠷᠡᠪᠡ᠃

2022 ᠣᠨ᠎ᠤ 10 ᠰᠠᠷ᠎ᠠ᠎ᠶ᠋ᠢᠨ 28  ᠤ᠋ ᠦᠳᠡ᠎ᠶ᠋ᠢᠨ ᠡᠮᠦᠨ᠎ᠡ᠂ ᠶᠡᠷᠦᠩᠬᠡᠢ ᠱᠦᠵᠢ ᠰᠢ ᠵᠢᠨ ᠫᠢᠩ ᠾᠧᠨᠠᠨ᠎ᠤ ᠠᠨᠶᠠᠩ ᠎ᠤᠨ ᠯᠢᠨ ᠵᠧᠦ ᠬᠤᠳᠠ᠎ᠶ᠋ᠢᠨ ᠤᠯᠠᠭᠠᠨ ᠲᠤᠭ ᠰᠤᠪᠠᠭ᠎ᠤᠨ ᠳᠤᠷᠠᠰᠭᠠᠯ᠎ᠤᠨ ᠣᠷᠳᠣᠨ᠎ᠳᠤ ᠬᠦᠷᠪᠡ᠃

ᠲᠡᠷᠡ᠂ ᠤᠯᠠᠭᠠᠨ ᠲᠤᠭ ᠰᠤᠪᠠᠭ ᠪᠣᠯ ᠳᠤᠷᠠᠰᠭᠠᠯ᠎ᠤᠨ ᠬᠥᠱᠢᠢ᠎ᠡ ᠮᠥᠨ᠂ ᠯᠢᠨ ᠱᠢᠶᠠᠨ᠎ᠤ ᠬᠥᠮᠦᠰ᠎ᠦᠨ ᠬᠤᠪᠢ ᠵᠠᠶᠠᠭ᠎ᠠ᠎ᠵᠢ ᠢᠳᠡᠬᠡᠬᠦ᠌ ᠦᠭᠡᠢ᠂ ᠢᠯᠠᠭ᠍ᠳᠠᠯ᠎ᠢ ᠬᠦᠯᠢᠶᠡᠬᠦ᠌ ᠦᠭᠡᠢ᠂ ᠵᠣᠷᠢᠭ᠍ᠲᠠᠢ᠎ᠪᠠᠷ ᠲᠩᠷᠢ ᠭᠠᠵᠠᠷ᠎ᠲᠠᠶ ᠲᠡᠮᠡᠴᠡᠬᠦ᠌ ᠪᠠᠭᠠᠲᠤᠷᠯᠢᠭ ᠴᠤᠭ ᠰᠦᠯᠳᠡ᠎ᠶ᠋ᠢ ᠲᠡᠮᠳᠡᠭ᠌ᠯᠡᠭ᠌ᠰᠡᠨ ᠪᠠᠢᠨ᠎ᠠ᠃ ᠤᠯᠠᠭᠠᠨ ᠲᠤᠭ ᠰᠤᠪᠠᠭ᠎ᠤᠨ ᠵᠣᠷᠢᠭ ᠰᠠᠨᠠᠭ᠎ᠠ᠎ᠪᠠᠷ ᠠᠷᠠᠳ ᠲᠦᠮᠡᠨ ᠢᠯᠠᠩᠭᠤᠶ᠎ᠠ ᠥᠷᠭᠡᠨ ᠤᠯᠠᠨ ᠵᠠᠯᠠᠭᠤᠴᠤᠳ ᠪᠠᠭᠠᠴᠤᠳ᠎ᠢ ᠬᠥᠮᠦᠵᠢᠭᠦᠯᠬᠦ᠌ ᠬᠡᠷᠡᠭ᠌ᠲᠡᠢ᠂ ᠨᠡᠢᠭᠡᠮ ᠵᠢᠷᠤᠮ ᠪᠣᠯ ᠲᠡᠮᠡᠴᠡᠵᠦ᠍᠂ ᠠᠵᠢᠯᠯᠠᠵᠤ᠂ ᠠᠮᠢ ᠨᠠᠰᠤ᠎ᠪᠠᠷ᠎ᠢᠶᠠᠨ ᠰᠣᠯᠢᠵᠤ ᠢᠷᠡᠭ᠌ᠰᠡᠨ ᠶᠤᠮ᠂ ᠥᠩᠭᠡᠷᠡᠭ᠌ᠰᠡᠨ᠎ᠳᠦ ᠡᠢᠮᠦ᠍ ᠪᠠᠢᠭ᠍ᠰᠠᠨ᠎ᠢᠶᠠᠷ ᠪᠠᠷᠠᠬᠤ ᠦᠭᠡᠢ᠂ ᠱᠢᠨ᠎ᠡ ᠴᠠᠭ ᠦᠶ᠎ᠡ᠎ᠳᠤ ᠴᠦ᠍ ᠡᠢᠮᠦ᠍ ᠪᠠᠢᠬᠤ ᠪᠤᠯᠤᠨ᠎ᠠ ᠭᠡᠵᠦ ᠵᠢᠭᠠᠵᠤ ᠭᠠᠷᠭᠠᠪᠠ᠃

ᠲᠤᠭ ᠲᠡᠮᠳᠡᠭ ᠲᠣᠳᠣᠷᠬᠠᠢ ᠶᠠᠷᠢᠶ᠎ᠠ ᠨᠢ ᠠᠵᠢᠯᠴᠢᠨ᠎ᠤ ᠡᠪᠯᠡᠯ᠎ᠦᠨ ᠥᠷᠭᠡᠨ ᠤᠯᠠᠨ ᠠᠵᠢᠯᠳᠠᠨ ᠠᠵᠢᠯᠴᠢᠨ᠎ᠢ ᠬᠦᠳᠦᠯᠦᠨ ᠳᠠᠭᠠᠭᠤᠯᠬᠤ᠎ᠳᠤ ᠴᠢᠭ᠌ᠯᠡᠯ᠎ᠢ ᠲᠣᠳᠣᠷᠬᠠᠢ ᠵᠢᠭᠠᠵᠤ ᠥᠭ᠌ᠴᠡᠢ᠃

ᠡᠨᠡ ᠵᠢᠯ᠎ᠦᠨ 3 ᠰᠠᠷ᠎ᠠ᠎ᠳᠤ᠂ ᠠᠨᠶᠠᠩ ᠬᠣᠲᠠ᠎ᠶ᠋ᠢᠨ ᠠᠵᠢᠯᠴᠢᠨ᠎ᠤ ᠶᠡᠷᠦᠩᠬᠡᠶ ᠡᠪᠯᠡᠯ᠎ᠡᠴᠡ ᠭᠤᠤᠯᠯᠠᠨ ᠡᠷᠭᠢᠯᠡᠭ᠌ᠰᠡᠨ ᠨᠢᠭᠡ ᠤᠳᠠᠭᠠᠨ᠎ᠤ 《ᠳᠤᠮᠳᠠᠳᠤ ᠤᠯᠤᠰ᠎ᠤᠨ ᠠᠵᠢᠯᠴᠢᠨ᠎ᠤ ᠶᠡᠬᠡ ᠦᠵᠡᠯ ᠰᠠᠨᠠᠭ᠎ᠠ ᠤᠯᠤᠰ ᠲᠥᠷᠥ᠎ᠶ᠋ᠢᠨ ᠬᠢᠴᠢᠶᠡᠯ》 — ᠠᠨᠶᠠᠩ᠎ᠤᠨ 《ᠡᠮᠡᠭ᠌ᠲᠡᠶ ᠬᠥᠳᠡᠯᠮᠦᠷᠢ᠎ᠶ᠋ᠢᠨ ᠵᠢᠱ᠌ᠢᠶᠡᠴᠢ ᠤᠷᠠᠨ ᠳᠠᠷᠬᠠᠨ ᠤᠬᠠᠭᠤᠯᠤᠨ ᠲᠠᠢᠯᠪᠤᠷᠢᠯᠠᠬᠤ》 ᠠᠵᠢᠯᠯᠠᠭ᠎ᠠ᠎ᠶ᠋ᠢᠨ ᠠᠩᠬᠠᠨ᠎ᠤ ᠲᠠᠯᠠᠪᠤᠷ ᠯᠢᠨ ᠵᠧᠦ᠎ᠳᠦ ᠶᠠᠪᠤᠭ᠍ᠳᠠᠪᠠ᠃ ᠵᠠᠯᠠᠭᠤ ᠰᠤᠷᠤᠭ᠍ᠴᠢᠳ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠦᠢᠯᠡ ᠠᠵᠢᠯᠯᠠᠭ᠎ᠠ᠎ᠶ᠋ᠢ ᠰᠣᠨᠣᠰᠴᠤ᠌᠂ ᠤᠯᠠᠭᠠᠨ ᠲᠤᠭ ᠰᠤᠪᠠᠭ᠎ᠤᠨ ᠵᠣᠷᠢᠭ ᠰᠠᠨᠠᠭ᠎ᠠ᠎ᠶ᠋ᠢ ᠣᠢᠯᠠᠭᠠᠵᠤ᠂ ᠤᠷ᠎ᠠ ᠴᠢᠳᠠᠪᠤᠷᠢ᠎ᠪᠠᠷ ᠴᠢᠳᠠᠪᠤᠷᠢᠲᠠᠨ ᠪᠣᠯᠬᠤ᠂ ᠤᠷ᠎ᠠ ᠴᠢᠳᠠᠪᠤᠷᠢ᠎ᠪᠠᠷ ᠤᠯᠤᠰ᠎ᠲᠠᠭᠠᠨ ᠵᠢᠳᠬᠦᠬᠦ᠌ ᠵᠠᠮ᠎ᠢᠶᠡᠷ ᠡᠷᠡᠰ ᠵᠠᠮᠨᠠᠬᠤ ᠢᠲᠡᠭᠡᠯ ᠵᠣᠷᠢᠭ᠎ᠢᠶᠠᠨ ᠪᠠᠲᠤᠳᠭᠠᠪᠠ᠃

ᠨᠠᠮ᠎ᠤᠨ ᠲᠤᠭ᠎ᠢᠶᠠᠷ ᠲᠤᠭ ᠪᠣᠯᠭᠠᠵᠤ᠂ ᠨᠠᠮ᠎ᠤᠨ ᠵᠣᠷᠢᠭ ᠰᠠᠨᠠᠭ᠎ᠠ᠎ᠪᠠᠷ ᠵᠣᠷᠢᠭ ᠰᠠᠨᠠᠭ᠎ᠠ ᠪᠣᠯᠭᠠᠵᠤ᠂ ᠨᠠᠮ᠎ᠤᠨ ᠡᠭᠦᠷᠭᠡ ᠬᠠᠷᠢᠭᠤᠴᠠᠯᠭ᠎ᠠ᠎ᠪᠠᠷ ᠡᠭᠦᠷᠭᠡ ᠬᠠᠷᠢᠭᠤᠴᠠᠯᠭ᠎ᠠ ᠪᠣᠯᠭᠠᠪᠠ᠃

ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠮᠠᠨ᠎ᠤ ᠤᠯᠤᠰ᠎ᠤᠨ ᠠᠵᠢᠯᠴᠢᠨ ᠠᠩᠬᠢ ᠨᠠᠮ᠎ᠤᠨ ᠲᠣᠭᠣᠷᠢᠨ᠎ᠳᠤ ᠨᠢᠭ᠍ᠲᠠᠷᠠᠨ ᠪᠦᠯᠬᠦᠮᠳᠡᠵᠦ᠍᠂ ᠡᠯ᠎ᠡ ᠵᠦᠢᠯ᠎ᠦᠨ ᠠᠶᠤᠯ ᠲᠦᠭ᠌ᠰᠢᠭᠦᠷᠢ ᠥᠷᠢᠰᠥᠯᠳᠦᠭᠡᠨ᠎ᠢ ᠠᠷᠭᠠᠴᠠᠭᠠᠬᠤ ᠳᠤᠮᠳᠠ ᠬᠦᠨᠳᠦ ᠡᠭᠦᠷᠭᠡ᠎ᠶ᠋ᠢ ᠵᠣᠷᠢᠭ᠍ᠲᠠᠢ᠎ᠡᠭᠦᠷᠭᠡᠯᠡᠵᠦ᠍᠂ ᠡᠷᠡᠯᠬᠡᠭ᠌ᠯᠡᠨ ᠲᠡᠮᠡᠴᠡᠵᠦ᠍ ᠪᠣᠳᠠᠲᠠᠢ ᠠᠵᠢᠯᠯᠠᠵᠤ᠂ ᠨᠠᠮ ᠪᠣᠯᠤᠨ ᠤᠯᠤᠰ᠎ᠤᠨ ᠠᠵᠢᠯ ᠦᠢᠯᠡᠰ᠎ᠦᠨ ᠲᠡᠦᠬᠡᠲᠦ ᠴᠢᠨᠠᠷᠲᠠᠢ ᠠᠮᠵᠢᠯᠲᠠ ᠤᠯᠬᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ᠎ᠶ᠋ᠢ ᠠᠬᠢᠭᠤᠯᠬᠤ᠎ᠳᠤ ᠴᠢᠬᠤᠯᠠ ᠬᠤᠪᠢ ᠨᠡᠮᠡᠷᠢ ᠦᠵᠡᠭᠦᠯᠪᠡ᠃

ᠶᠠᠳᠠᠭᠤ ᠬᠣᠴᠣᠷᠤᠩᠭᠤᠢ ᠲᠠᠷᠢᠶᠠᠯᠠᠩ᠎ᠤᠨ ᠤᠯᠤᠰ᠎ᠡᠴᠡ ᠬᠥᠭ᠌ᠵᠢᠭᠡᠳ ᠳᠡᠯᠡᠬᠡᠢ᠎ᠶ᠋ᠢᠨ ᠨᠢᠭᠡᠳᠦᠭᠡᠷ ᠲᠤᠮᠤ ᠠᠵᠤ ᠦᠢᠯᠡᠳᠪᠦᠷᠢ᠎ᠶ᠋ᠢᠨ ᠤᠯᠤᠰ᠂ ᠨᠢᠭᠡᠳᠦᠭᠡᠷ ᠲᠤᠮᠤ ᠪᠠᠷᠠᠭᠠᠨ᠎ᠤ ᠠᠷᠠᠯᠵᠢᠶᠠᠨ᠎ᠤ ᠤᠯᠤᠰ᠂ ᠨᠢᠭᠡᠳᠦᠭᠡᠷ ᠲᠤᠮᠤ ᠭᠠᠳᠠᠭᠠᠳᠤ ᠭᠤᠪᠢᠭᠤᠯᠭ᠎ᠠ᠎ᠶ᠋ᠢᠨ ᠬᠠᠳᠠᠭᠠᠯᠠᠮᠵᠢ᠎ᠲᠡᠶ ᠤᠯᠤᠰ ᠪᠤᠯᠵᠤ᠂ ᠶᠡᠷᠦᠨᠭᠬᠡᠢᠯᠡᠭᠰᠡᠨ ᠤᠯᠤᠰ᠎ᠤᠨ ᠬᠦᠴᠦᠨ ᠦᠷᠭᠦᠯᠵᠢᠯᠡᠨ ᠳᠡᠭᠡᠭ᠌ᠰᠢᠯᠡᠪᠡ;

ᠲᠡᠮᠦᠷ ᠬᠠᠳᠠᠭᠠᠰᠤ ᠪᠣᠯᠤᠨ ᠴᠦᠢᠳᠧᠩ᠎ᠢ ᠬᠦᠷᠲᠡᠯ᠎ᠡ ᠭᠠᠳᠠᠭᠠᠳᠤ᠎ᠡᠴᠡ ᠣᠷᠣᠭᠤᠯᠵᠤ ᠪᠠᠢᠭ᠍ᠰᠠᠨ᠎ᠡᠴᠡ 《ᠬᠤᠪᠢᠯᠭᠠᠨ ᠣᠩᠭᠣᠴᠠ》 ᠰᠠᠨᠰᠠᠷ᠎ᠲᠤ ᠳᠡᠭᠦᠯᠢᠬᠦ᠌᠂ 《ᠳᠣᠬᠢᠭᠤᠷ ᠲᠤᠯᠤᠭᠠᠨ ᠤᠳᠤ》 ᠲᠣᠣᠷ ᠪᠦᠷᠢᠯᠳᠦᠭᠦᠯᠬᠦ᠌᠂ 《ᠵᠤ᠌ ᠷᠦᠩ》 ᠭᠠᠯ ᠭᠠᠷᠠᠭ᠎ᠢ ᠬᠠᠢᠵᠤ᠂ ᠳᠣᠲᠣᠭᠠᠳᠤ ᠬᠥᠳᠡᠯᠭᠡᠬᠦ᠌ ᠬᠦᠴᠦᠨ ᠨᠡᠩ ᠴᠢᠩᠭᠠᠷᠠᠵᠠᠢ;

ᠢᠳᠡᠵᠦ᠍ ᠡᠮᠦᠰᠭᠦ᠎ᠳᠡᠭᠡᠨ ᠵᠥᠪ ᠦᠭᠡᠢ ᠪᠠᠢᠭ᠍ᠰᠠᠨ᠎ᠡᠴᠡ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠣᠯᠵᠤ᠂ ᠳᠤᠮᠳᠠᠳᠤ᠎ᠶ᠋ᠢᠨ ᠡᠬᠡ ᠭᠠᠵᠠᠷ᠎ᠲᠤ ᠴᠢᠨᠡᠭᠡᠯᠢᠭ ᠨᠡᠢᠭᠡᠮ᠎ᠢ ᠪᠦᠬᠦ᠌ ᠲᠠᠯ᠎ᠠ᠎ᠪᠠᠷ ᠪᠡᠶᠡᠯᠡᠭᠦᠯᠵᠦ᠍᠂ ᠠᠷᠠᠳ᠎ᠤᠨ ᠠᠮᠢᠳᠤᠷᠠᠯ ᠤᠯᠠᠮ᠎ᠡᠴᠡ ᠤᠯᠠᠮ ᠵᠣᠯ ᠵᠢᠷᠭᠠᠯ᠎ᠲᠠᠶ ᠪᠣᠯᠪᠠ ᠁

ᠲᠡᠦᠬᠡᠨ ᠶᠠᠪᠤᠴᠠ᠎ᠳᠠᠬᠢ ᠤᠳᠠᠭ᠎ᠠ ᠪᠦᠷᠢ᠎ᠶ᠋ᠢᠨ ᠳᠠᠪᠠᠯᠲᠠ᠎ᠳᠤ ᠴᠥᠮ ᠲᠦᠭ ᠲᠦᠮᠡᠨ ᠬᠥᠳᠡᠯᠮᠦᠷᠢᠴᠢᠨ ᠲᠦᠮᠡᠨ᠎ᠦ ᠬᠦᠴᠦ᠍ ᠬᠥᠯᠥᠰᠥ᠍᠂ ᠤᠶᠤᠨ ᠤᠬᠠᠭᠠᠨ ᠪᠠ ᠡᠭᠦᠳᠦᠨ ᠪᠦᠲᠦᠭᠡᠯᠲᠡ ᠠᠭᠤᠯᠤᠭ᠍ᠳᠠᠵᠤ ᠪᠠᠢᠳᠠᠭ᠃

ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠭᠤᠷᠪᠠᠳᠤᠭᠠᠷ ᠪᠦᠬᠦᠳᠡ ᠬᠤᠷᠠᠯ᠎ᠡᠴᠡ᠂ ᠣᠳᠣᠬᠠᠨ ᠪᠠ ᠬᠣᠢᠱᠢᠳᠠ᠎ᠶ᠋ᠢᠨ ᠬᠡᠰᠡᠭ ᠬᠤᠭᠤᠴᠠᠭ᠎ᠠ ᠪᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ ᠭᠡᠵᠦ᠍ ᠲᠣᠳᠣᠷᠬᠠᠢ ᠵᠢᠭᠠᠵᠤ ᠭᠠᠷᠭᠠᠪᠠ᠃

ᠵᠠᠭᠤᠨ ᠵᠢᠯ᠎ᠤᠨ ᠤᠨ ᠰᠠᠷ᠎ᠠ ᠵᠢ ᠲᠤᠭᠤᠯᠵᠤ ᠢᠷᠡᠭᠰᠡᠨ ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ ᠨᠠᠮ᠎ᠤᠨ ᠭᠣᠣᠯ ᠡᠭᠦᠷᠭᠡ᠎ᠳᠦ ᠠᠩᠬᠠᠷᠤᠯ᠎ᠢᠶᠠᠨ ᠲᠥᠪᠯᠡᠷᠡᠭᠦᠯᠵᠤ᠂ ᠥᠷᠭᠡᠨ ᠤᠯᠠᠨ ᠠᠵᠢᠯᠳᠠᠨ ᠠᠵᠢᠯᠴᠢᠨ ᠲᠦᠮᠡᠨ᠎ᠢ ᠪᠦᠯᠬᠦᠮᠳᠡᠭᠦᠯᠦᠨ ᠵᠢᠯᠣᠭᠣᠳᠴᠤ᠌᠂ ᠴᠤᠭ ᠪᠠᠳᠠᠷᠠᠩᠭᠤᠢ ᠥᠭᠡᠳᠡᠯᠡᠨ ᠲᠠᠪᠱᠢᠬᠤ ᠤᠶᠤᠨ ᠰᠠᠨᠠᠭᠠᠨ᠎ᠤ ᠳᠦᠷᠰᠦ ᠪᠠᠢᠳᠠᠯ ᠪᠣᠯᠤᠨ ᠴᠤᠴᠠᠯᠲᠠ ᠦᠭᠡᠢ ᠤᠷᠤᠭ᠍ᠰᠢᠯᠠᠬᠤ ᠲᠡᠮᠡᠴᠡᠯ᠎ᠦᠨ ᠲᠦᠷᠢ ᠪᠠᠢᠳᠠᠯ᠎ᠢᠶᠠᠷ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ ᠭᠠᠯ ᠬᠠᠯᠠᠭᠤᠨ ᠦᠢᠯᠡᠳᠦᠯᠭᠡ᠎ᠳᠦ ᠣᠷᠣᠯᠴᠠᠬᠤ ᠨᠢ ᠯᠠᠪᠲᠠᠢ ᠶᠤᠮ᠃

ᠭᠣᠣᠯ ᠠᠵᠢᠯ᠎ᠤᠨ ᠲᠣᠭᠣᠷᠢᠨ᠎ᠳᠤ ᠶᠡᠬᠡ ᠲᠠᠯ᠎ᠠ᠎ᠳᠤ ᠦᠢᠯᠡᠴᠢᠯᠡᠪᠡ᠄ ᠨᠠᠮ᠎ᠤᠨ ᠭᠣᠣᠯ ᠡᠭᠦᠷᠭᠡ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠪᠦᠯᠬᠦᠮᠳᠡᠨ ᠲᠡᠮᠡᠴᠡᠪᠡ

ᠠᠵᠢᠯᠴᠢᠨ᠎ᠤ ᠡᠪᠯᠡᠯ᠎ᠦᠨ ᠠᠵᠢᠯ᠎ᠢ ᠶᠠᠷᠢᠬᠤ᠎ᠳᠤ ᠮᠢᠩᠭ᠎ᠠ ᠲᠦᠮᠡᠨ ᠵᠦᠢᠯ ᠪᠠᠢᠳᠠᠭ ᠴᠦ᠍ ᠬᠠᠮᠤᠭ᠎ᠤᠨ ᠦᠨᠳᠦᠰᠦᠨ ᠨᠢᠭᠡ ᠵᠦᠢᠯ ᠪᠣᠯ ᠥᠷᠭᠡᠨ ᠤᠯᠠᠨ ᠠᠵᠢᠯᠳᠠᠨ ᠠᠵᠢᠯᠴᠢᠨ ᠲᠦᠮᠡᠨ᠎ᠢ ᠨᠠᠮ᠎ᠤᠨ ᠲᠣᠭᠣᠷᠢᠨ᠎ᠳᠤ ᠨᠢᠭ᠍ᠲᠠᠷᠠᠭᠤᠯᠤᠨ ᠪᠦᠯᠬᠦᠮᠳᠡᠭᠦᠯᠵᠦ᠍᠂ ᠨᠠᠮ᠎ᠤᠨ ᠭᠣᠣᠯ ᠡᠭᠦᠷᠭᠡ᠎ᠶ᠋ᠢ ᠪᠡᠶᠡᠯᠡᠭᠦᠯᠬᠦ᠌᠎ᠶ᠋ᠢᠨ ᠲᠥᠯᠥᠭᠡ ᠪᠦᠯᠬᠦᠮᠳᠡᠨ ᠲᠡᠮᠡᠴᠡᠬᠦ᠌ ᠶᠠᠪᠤᠳᠠᠯ ᠪᠣᠯᠤᠨ᠎ᠠ᠃

ᠶᠡᠷᠦᠩᠬᠡᠢ ᠱᠦᠵᠢ ᠰᠢ ᠵᠢᠨ ᠫᠢᠩ᠄ 《ᠮᠠᠨ᠎ᠤ ᠤᠯᠤᠰ᠎ᠤᠨ ᠠᠵᠢᠯᠴᠢᠨ᠎ᠤ ᠬᠥᠳᠡᠯᠭᠡᠭᠡᠨ᠎ᠦ ᠴᠠᠭ ᠦᠶ᠎ᠡ᠎ᠶ᠋ᠢᠨ ᠭᠣᠣᠯ ᠰᠡᠳᠦᠪ ᠪᠣᠯ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢᠨ ᠳᠤᠮᠳᠠᠳᠤ ᠤᠯᠤᠰ᠎ᠤᠨ ᠵᠡᠭᠦᠳᠦ᠍᠎ᠶ᠋ᠢ ᠲᠡᠷᠭᠡᠯᠰᠢᠭᠦᠯᠬᠦ᠎ᠶ᠋ᠢᠨ ᠲᠥᠯᠥᠭᠡ ᠲᠡᠮᠡᠴᠡᠬᠦ᠌ ᠶᠠᠪᠤᠳᠠᠯ ᠪᠣᠯᠤᠨ᠎ᠠ》; 《ᠮᠠᠨ᠎ᠤ ᠤᠯᠤᠰ᠎ᠤᠨ ᠥᠷᠭᠡᠨ ᠤᠯᠠᠨ ᠠᠵᠢᠯᠳᠠᠨ ᠠᠵᠢᠯᠴᠢᠨ ᠳᠤᠮᠳᠠᠳᠤ᠎ᠶ᠋ᠢᠨ ᠵᠡᠭᠦᠳᠦ᠍᠎ᠶ᠋ᠢ ᠲᠡᠷᠭᠡᠯᠱᠢᠭᠦᠯᠬᠦ᠌᠎ᠶ᠋ᠢᠨ ᠲᠥᠯᠥᠭᠡ ᠲᠡᠮᠡᠴᠡᠬᠦ᠌ ᠴᠠᠭ ᠦᠶ᠎ᠡ᠎ᠶ᠋ᠢᠨ ᠭᠣᠣᠯ ᠰᠡᠳᠦᠪ᠎ᠢ ᠪᠠᠲᠤ ᠡᠵᠡᠮᠳᠡᠵᠦ᠍᠂ ᠲᠤᠰ ᠪᠡᠶ᠎ᠡ᠎ᠶ᠋ᠢᠨ ᠢᠷᠡᠭᠡᠳᠦᠢ ᠬᠤᠪᠢ ᠵᠠᠶᠠᠭ᠎ᠠ᠎ᠪᠠᠨ ᠤᠯᠤᠰ ᠪᠣᠯᠤᠨ ᠦᠨᠳᠦᠰᠦᠲᠡᠨ᠎ᠦ ᠢᠷᠡᠭᠡᠳᠦᠢ ᠬᠤᠪᠢ ᠵᠠᠶᠠᠭ᠎ᠠ᠎ᠲᠠᠶ ᠨᠢᠭ᠍ᠲᠠ ᠬᠣᠯᠪᠣᠵᠤ᠂ ᠬᠤᠪᠢ ᠬᠥᠮᠦᠨ᠎ᠦ ᠵᠡᠭᠦᠳᠦ᠍᠎ᠪᠡᠨ ᠳᠤᠮᠳᠠᠳᠤ᠎ᠶ᠋ᠢᠨ ᠵᠡᠭᠦᠳᠦ᠍᠎ᠲᠡᠶ ᠨᠢᠭ᠍ᠲᠠ ᠬᠣᠯᠪᠣᠬᠤ ᠬᠡᠷᠡᠭ᠌ᠲᠡᠢ》 ᠭᠡᠵᠦ᠍ ᠭᠦᠨᠵᠡᠭᠡᠢ ᠵᠢᠭᠠᠵᠤ ᠭᠠᠷᠭᠠᠪᠠ᠃

ᠵᠠᠭᠤᠨ ᠵᠢᠯ᠎ᠦᠨ ᠰᠠᠯᠬᠢ ᠪᠣᠷᠣᠭᠠᠨ᠎ᠢ ᠲᠤᠭᠤᠯᠵᠤ᠂ ᠵᠠᠭᠤᠨ ᠵᠢᠯ᠎ᠦᠨ ᠤᠭ ᠰᠠᠨᠠᠭ᠎ᠠ ᠬᠤᠪᠢᠷᠠᠰᠢ ᠦᠭᠡᠢ᠃ ᠠᠵᠢᠯᠴᠢᠨ᠎ᠤ ᠬᠥᠳᠡᠯᠭᠡᠭᠡᠨ᠎ᠦ ᠵᠠᠭᠤᠨ ᠵᠢᠯ᠎ᠦᠨ ᠲᠡᠦᠬᠡ᠎ᠶ᠋ᠢ ᠳᠡᠯᠭᠡᠨ ᠦᠵᠡᠪᠡᠯ᠂ ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ ᠢᠮᠠᠭ᠍ᠲᠠ ᠨᠠᠮ᠎ᠤᠨ ᠭᠣᠣᠯ ᠡᠭᠦᠷᠭᠡ᠎ᠶ᠋ᠢ ᠠᠵᠢᠯᠴᠢᠨ᠎ᠤ ᠬᠥᠳᠡᠯᠭᠡᠭᠡᠨ ᠪᠣᠯᠤᠨ ᠠᠵᠢᠯᠴᠢᠨ᠎ᠤ ᠡᠪᠯᠡᠯ᠎ᠦᠨ ᠠᠵᠢᠯ᠎ᠤᠨ ᠭᠣᠣᠯ ᠰᠡᠳᠦᠪ ᠪᠠ ᠴᠢᠭ᠌ᠯᠡᠯ ᠪᠣᠯᠭᠠᠭ᠍ᠰᠠᠭᠠᠷ ᠢᠷᠡᠵᠠᠢ᠃

ᠱᠠᠩᠬᠠᠶ ᠬᠣᠲᠠ᠎ᠶ᠋ᠢᠨ ᠵᠢᠩ ᠠᠨ ᠲᠣᠭᠣᠷᠢᠭ᠎ᠲᠤ ᠪᠠᠢᠭ᠎ᠠ ᠳᠤᠮᠳᠠᠳᠤ ᠤᠯᠤᠰ᠎ᠤᠨ ᠬᠥᠳᠡᠯᠮᠦᠷᠢ᠎ᠶ᠋ᠢᠨ ᠬᠤᠷᠱᠢᠯ᠎ᠤᠨ ᠱᠦᠵᠢ᠎ᠨᠡᠷ᠎ᠦᠨ ᠬᠡᠯᠲᠡᠰ᠎ᠦᠨ ᠬᠠᠭᠤᠴᠢᠨ ᠪᠠᠭᠤᠷᠢ᠎ᠶ᠋ᠢᠨ ᠣᠷᠣᠬᠤ ᠡᠭᠦᠳᠡᠨ ᠳᠡᠭᠡᠷᠡᠬᠢ ᠨᠢᠭᠡ ᠵᠤᠷᠪᠤᠰ 《ᠲᠤᠰ ᠨᠠᠮ᠎ᠤᠨ ᠦᠨᠳᠦᠰᠦᠨ ᠡᠭᠦᠷᠭᠡ ᠪᠣᠯ ᠠᠵᠤ ᠦᠢᠯᠡᠰ᠎ᠦᠨ ᠠᠵᠢᠯᠴᠢᠨ᠎ᠤ ᠡᠪᠯᠡᠯ ᠪᠠᠢᠭᠤᠯᠬᠤ ᠶᠠᠪᠤᠳᠠᠯ ᠪᠣᠯᠤᠨ᠎ᠠ》 ᠭᠡᠰᠡᠨ ᠤᠷᠢᠶ᠎ᠠ ᠲᠤᠢᠯ᠎ᠤᠨ ᠢᠯᠡ ᠲᠣᠳᠣ ᠪᠠᠢᠯ᠎ᠠ᠃

1921 ᠣᠨ᠎ᠳᠤ᠂ ᠨᠠᠮ᠎ᠤᠨ ᠠᠩᠬᠠᠳᠤᠭᠠᠷ ᠶᠡᠬᠡ ᠬᠤᠷᠠᠯ᠎ᠡᠴᠡ ᠪᠠᠲᠤᠯᠠᠭ᠍ᠰᠠᠨ 《ᠣᠳᠣᠬᠠᠨ᠎ᠤ ᠪᠣᠳᠠᠲᠤ ᠠᠵᠢᠯ᠎ᠤᠨ ᠲᠤᠬᠠᠢ ᠱᠢᠢᠳᠪᠦᠷᠢ》᠎ᠳ᠋ᠤ 《ᠲᠤᠰ ᠨᠠᠮ᠎ᠤᠨ ᠦᠨᠳᠦᠰᠦᠨ ᠡᠭᠦᠷᠭᠡ ᠪᠣᠯ ᠠᠵᠤ ᠦᠢᠯᠡᠰ᠎ᠦᠨ ᠠᠵᠢᠯᠴᠢᠨ᠎ᠤ ᠡᠪᠯᠡᠯ ᠪᠠᠢᠭᠤᠯᠬᠤ ᠶᠠᠪᠤᠳᠠᠯ ᠪᠣᠯᠤᠨ᠎ᠠ》 ᠭᠡᠵᠦ᠍ ᠲᠣᠳᠣᠷᠬᠠᠢᠯᠠᠪᠠ᠃ ᠳᠠᠷᠠᠭ᠎ᠠ ᠨᠢ᠂ ᠳᠤᠮᠳᠠᠳᠤ ᠤᠯᠤᠰ᠎ᠤᠨ ᠬᠥᠳᠡᠯᠮᠦᠷᠢ᠎ᠶ᠋ᠢᠨ ᠬᠤᠷᠱᠢᠯ᠎ᠤᠨ ᠱᠦᠵᠢ ᠨᠡᠷ᠎ᠦᠨ ᠬᠡᠯᠲᠡᠰ ᠱᠠᠩᠬᠠᠢ᠎ᠳᠤ ᠪᠠᠢᠭᠤᠯᠤᠭ᠍ᠳᠠᠵᠤ᠂ ᠨᠠᠮ᠎ᠡᠴᠡ ᠠᠵᠢᠯᠴᠢᠨ᠎ᠤ ᠬᠥᠳᠡᠯᠭᠡᠭᠡᠨ᠎ᠢ ᠤᠳᠤᠷᠢᠳᠭᠤ ᠠᠩᠬᠠᠳᠠᠭ᠍ᠴᠢ ᠢᠯᠡ ᠪᠠᠢᠭᠤᠯᠤᠮᠵᠢ ᠪᠣᠯᠪᠠ᠃

ᠵᠠᠭᠤᠨ ᠵᠢᠯ᠎ᠦᠨ ᠲᠤᠷᠰᠢ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠠᠭᠠᠭᠤᠯᠭ᠎ᠠ ᠳᠤᠤᠷ᠎ᠠ᠂ ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ ᠨᠠᠮ ᠪᠣᠯᠤᠨ ᠤᠯᠤᠰ᠎ᠤᠨ ᠭᠤᠤᠯ ᠡᠭᠦᠷᠭᠡ᠎ᠶ᠋ᠢᠨ ᠲᠣᠭᠣᠷᠢᠨ᠎ᠳᠤ᠂ ᠥᠷᠭᠡᠨ ᠣᠯᠠᠨ ᠠᠵᠢᠯᠲᠠᠨ ᠠᠵᠢᠯᠴᠢᠨ ᠲᠦᠮᠡᠨ᠎ᠢ ᠪᠦᠯᠬᠦᠮᠳᠡᠭᠦᠯᠦᠨ ᠳᠠᠢᠴᠢᠯᠠᠵᠤ᠂ ᠬᠤᠪᠢᠰᠭᠠᠯ᠂ ᠪᠥᠲᠥᠭᠡᠨ ᠪᠠᠢᠭᠤᠯᠤᠯᠲᠠ᠂ ᠥᠭᠡᠷᠡᠴᠢᠯᠡᠯᠲᠡ᠎ᠶ᠋ᠢᠨ ᠡᠯ᠎ᠡ ᠲᠡᠦᠬᠡᠨ ᠴᠠᠭ ᠦᠶ᠎ᠡ᠎ᠳᠦ ᠴᠢᠬᠤᠯᠠ ᠦᠢᠯᠡᠳᠦᠯ ᠦᠵᠡᠭᠦᠯᠵᠡᠶ᠃

ᠱᠢᠨ᠎ᠡ ᠠᠶᠠᠨ᠎ᠳᠤ ᠡᠷᠡᠮᠡᠬᠡᠢᠯᠡᠨ ᠤᠷᠤᠭ᠍ᠰᠢᠯᠠᠵᠤ᠂ ᠱᠢᠨ᠎ᠡ ᠴᠠᠭ ᠦᠶ᠎ᠡ᠎ᠳᠦ ᠭᠠᠪᠢᠶ᠎ᠠ ᠪᠠᠢᠭᠤᠯᠤᠨ᠎ᠠ᠃

ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ᠄ 《ᠤᠳᠤ᠎ᠡᠴᠡ ᠡᠬᠢᠯᠡᠨ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠣᠣᠯ ᠡᠭᠦᠷᠭᠡ ᠪᠣᠯ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠡᠢᠭᠡᠮ ᠵᠢᠷᠤᠮᠲᠦ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠵᠦ᠍᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ ᠶᠠᠪᠤᠳᠠᠯ ᠪᠣᠯᠤᠨ᠎ᠠ》 ᠭᠡᠵᠦ ᠳᠤᠷᠠᠳᠤᠨ ᠭᠠᠷᠭᠠᠪᠠ᠃ ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ ᠲᠡᠦᠬᠡ᠎ᠶ᠋ᠢᠨ ᠤᠷᠤᠰᠭᠠᠯ᠎ᠤᠨ ᠡᠮᠦᠨ᠎ᠡ ᠳᠠᠬᠢᠨᠲᠠ ᠵᠣᠭ᠍ᠰᠣᠵᠤ᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠨ᠂ ᠵᠠᠮ ᠨᠡᠭᠡᠭᠡᠨ ᠱᠢᠨ᠎ᠡ᠎ᠶ᠋ᠢ ᠡᠭᠦᠳᠴᠦ᠍᠂ ᠲᠦᠭ ᠲᠦᠮᠡᠨ ᠠᠵᠢᠯᠳᠠᠨ ᠠᠵᠢᠯᠴᠢᠨ ᠤᠯᠠᠨ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ ᠨᠡᠢᠭᠡᠮ ᠵᠢᠷᠤᠮᠲᠤ ᠣᠳᠣᠬᠢᠴᠢᠯᠠᠭ᠍ᠰᠠᠨ ᠤᠯᠤᠰ᠎ᠢ ᠪᠦᠬᠦ᠌ ᠲᠠᠯ᠎ᠠ᠎ᠪᠠᠷ ᠪᠦᠳᠦᠭᠡᠨ ᠪᠠᠢᠭᠤᠯᠬᠤ᠎ᠳᠤ ᠬᠦᠴᠦᠨ ᠴᠢᠳᠠᠯ᠎ᠢᠶᠠᠨ ᠡᠷᠭᠦᠬᠦ ᠪᠤᠯᠤᠯ᠎ᠠ᠃

— ᠬᠠᠷᠢᠯᠴᠠᠨ ᠠᠳᠠᠯᠢᠳᠭᠠᠵᠤ ᠬᠠᠷᠢᠯᠴᠠᠨ ᠰᠤᠷᠤᠯᠴᠠᠵᠤ᠂ ᠬᠥᠳᠡᠯᠮᠦᠷᠢ ᠪᠠ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠢᠶᠠᠷ ᠥᠷᠭᠡᠨ ᠣᠯᠠᠨ ᠠᠵᠢᠯᠲᠠᠨ ᠠᠵᠢᠯᠴᠢᠨ᠎ᠤ ᠬᠥᠳᠡᠯᠮᠦᠷᠢ᠎ᠶ᠋ᠢᠨ ᠬᠠᠯᠠᠭᠤᠨ ᠰᠡᠳᠭᠢᠯᠭᠡ᠂ ᠡᠭᠦᠳᠦᠨ ᠪᠦᠲᠦᠭᠡᠬᠦ᠌ ᠳᠠᠯᠳᠠ ᠴᠢᠳᠠᠪᠤᠷᠢ᠎ᠶ᠋ᠢ ᠬᠥᠭ᠌ᠵᠢᠭᠡᠵᠦ᠍᠂ ᠥᠷᠭᠡᠨ ᠣᠯᠠᠨ ᠬᠥᠳᠡᠯᠮᠦᠷᠢᠴᠢᠳ᠎ᠦᠨ ᠡᠯ᠎ᠡ ᠠᠵᠢᠯ ᠲᠥᠷᠥᠯ ᠡᠯ᠎ᠡ ᠬᠦᠷᠢᠶᠡᠨ᠎ᠳᠦ ᠭᠤᠤᠯ ᠬᠦᠴᠦᠨ᠎ᠦ ᠦᠶ᠋ᠯᠡᠳᠦᠯ᠎ᠢᠶᠡᠨ ᠭᠦᠶ᠋ᠴᠡᠳ ᠪᠠᠳᠠᠷᠠᠭᠤᠯᠬᠤ ᠪᠣᠯᠭᠠᠨ᠎ᠠ᠃

ᠰᠠᠨᠰᠠᠷ᠎ᠤᠨ ᠠᠶᠠᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠦᠯᠦᠭ᠌ᠯᠡᠯ᠎ᠦᠨ ᠵᠢᠷᠭᠤᠳᠤᠭᠠᠷ ᠬᠦᠷᠢᠶᠡᠯᠡᠩ᠎ᠦᠨ ᠰᠢ ᠠᠨ᠎ᠤ ᠰᠠᠨᠰᠠᠷ᠎ᠤᠨ ᠠᠶᠠᠯᠠᠯ᠎ᠤᠨ ᠬᠥᠳᠡᠯᠭᠡᠭᠦᠷ ᠮᠠᠱᠢᠨ᠎ᠤ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠢᠯᠡᠭᠰᠡᠨ ᠤᠭ᠍ᠰᠠᠷᠠᠬᠤ ᠲᠠᠰᠤᠭ᠎ᠲᠤ ᠣᠷᠤᠬᠤ ᠳ᠋ᠤ᠂ ᠭᠠᠩᠨᠠᠭᠤᠷᠴᠢᠨ ᠱ᠌ᠢ ᠱᠤᠸᠠᠢ ᠱᠤᠸᠠᠢ ᠪᠠᠭ ᠵᠡᠭᠦᠵᠦ᠍᠂ ᠭᠠᠷ᠎ᠲᠠᠭᠠᠨ ᠭᠠᠩᠨᠠᠭᠤᠷ ᠫᠤᠤ ᠠᠳᠬᠤᠨ᠂ ᠠᠨᠭᠬᠠᠷᠤᠯ ᠲᠦᠪᠯᠡᠷᠡᠬᠦᠯᠤᠨ ᠠᠵᠢᠯᠯᠠᠵᠤ᠂ ᠭᠠᠷ᠎ᠲᠠᠬᠢ ᠬᠣᠭᠣᠯᠠᠢ᠎ᠰᠡᠯᠪᠢᠭ ᠨᠤᠬᠦᠳ ᠵᠢᠡᠨ ᠨᠠᠷᠢᠨ ᠨᠢᠮᠪᠠᠢ ᠡᠳ᠋ᠰᠢᠬᠦᠯᠵᠤ ᠪᠠᠢᠯ᠎ᠠ᠃

ᠨᠢᠳᠤᠨᠤᠨ᠎ᠤ 9 ᠰᠠᠷ᠎ᠠ᠎ᠶ᠋ᠢᠨ 13 ᠎ᠤ᠋ ᠡᠳᠦᠷ᠂ ᠲᠡᠷᠡ ᠨᠠᠢ᠍ᠮᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠠᠵᠢᠯᠲᠠᠨ ᠠᠵᠢᠯᠴᠢᠨ᠎ᠤ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠤ ᠱᠢᠶ᠋ᠳᠪᠦᠷᠢᠲᠦ ᠤᠷᠤᠯᠳᠤᠭᠠᠨ ᠳ᠋ᠤ ᠭᠠᠩᠨᠠᠭᠤᠷᠴᠢᠨ᠎ᠤ ᠤᠷᠤᠯᠳᠤᠭᠠᠨ᠎ᠤ ᠵᠦᠢᠯ᠎ᠦᠨ ᠮᠠᠩᠯᠠᠶ ᠪᠡᠷ ᠲᠤᠳᠤᠷᠠᠪᠠ᠃ ᠤᠳᠠᠭ᠎ᠠ ᠪᠦᠷᠢ᠎ᠶ᠋ᠢᠨ ᠮᠥᠷᠥᠢᠴᠡᠭᠡᠨ᠎ᠳᠦ᠂ ᠱᠢ ᠱᠤᠸᠠᠢ ᠱᠤᠸᠠᠢ 《ᠬᠠᠷᠢᠯᠴᠠᠨ ᠠᠳᠠᠯᠢᠳᠭᠠᠵᠤ ᠬᠠᠷᠢᠯᠴᠠᠨ ᠰᠤᠷᠤᠯᠴᠠᠬᠤ》 ᠤᠷᠤᠭ᠍ᠰᠢᠯᠠᠨ ᠳᠠᠪᠱᠢᠬᠤ ᠪᠠᠢᠳᠠᠯ᠎ᠢᠶᠠᠨ ᠢᠮᠠᠭ᠍ᠲᠠ ᠪᠠᠷᠢᠮᠲᠠᠯᠠᠵᠤ᠂ ᠤᠷᠤᠯᠳᠤᠭᠠᠨ᠎ᠤ ᠳᠤᠮᠳᠠ᠎ᠡᠴᠡ ᠣᠯᠤᠭ᠍ᠰᠠᠨ ᠬᠤᠰᠢᠭᠤᠷᠠᠯ ᠣᠢᠯᠠᠭᠠᠭ᠍ᠳᠠᠬᠤᠨ ᠪᠣᠯᠤᠨ ᠨᠠᠷᠢᠯᠢᠭ ᠤᠷ᠎ᠠ ᠮᠡᠷᠭᠡᠵᠢᠯ᠎ᠢ ᠡᠳᠦᠷ ᠲᠤᠲᠤᠮ᠎ᠤᠨ ᠦᠢᠯᠡᠳᠪᠦᠷᠢᠯᠡᠯ ᠠᠵᠢᠯ᠎ᠳᠠᠭᠠᠨ ᠬᠡᠷᠡᠭ᠌ᠯᠡᠵᠦ᠍᠂ ᠭᠠᠷᠮᠠᠭᠠᠢ ᠤᠷ᠎ᠠ ᠮᠡᠷᠭᠡᠵᠢᠯ᠎ᠢ ᠬᠥᠭᠡᠭᠡᠴᠡᠯᠳᠦᠬᠦ᠌ ᠵᠠᠮ ᠳᠡᠭᠡᠷ᠎ᠡ ᠲᠠᠰᠤᠷᠠᠯᠲᠠ ᠦᠭᠡᠢ ᠤᠷᠤᠭ᠍ᠰᠢᠯᠠᠵᠤ ᠪᠠᠢᠪᠠ᠃

2024 ᠣᠨ᠎ᠳᠤ᠂ ᠡᠯ᠎ᠡ ᠱᠠᠲᠤᠨ᠎ᠤ ᠠᠵᠢᠯᠴᠢᠨ᠎ᠤ ᠡᠪᠯᠡᠯ ᠲᠦᠭ ᠲᠦᠮᠡᠨ ᠠᠵᠢᠯᠲᠠᠨ ᠠᠵᠢᠯᠴᠢᠨ ᠲᠦᠮᠡᠨ᠎ᠢ ᠥᠷᠭᠡᠨ᠎ᠢᠶᠡᠷ ᠳᠠᠢᠴᠢᠯᠠᠨ ᠭᠠᠪᠢᠶ᠎ᠠ ᠪᠠᠢᠭᠤᠯᠤᠨ ᠦᠶ᠋ᠯᠡᠰ ᠪᠦᠲᠦᠭᠡᠵᠦ᠍᠂ ᠨᠠᠶ᠋ᠮᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ ᠠᠵᠢᠯᠲᠠᠨ ᠠᠵᠢᠯᠴᠢᠨ᠎ᠤ ᠠᠵᠢᠯ ᠮᠡᠷᠭᠡᠵᠢᠯ᠎ᠦᠨ ᠤᠷ᠎ᠠ ᠴᠢᠳᠠᠪᠤᠷᠢ᠎ᠶ᠋ᠢᠨ ᠤᠷᠤᠯᠳᠤᠭᠠᠨ᠂ ᠠᠩᠬᠠᠳᠤᠭᠠᠷ ᠬᠤᠭᠤᠴᠠᠭᠠᠨ᠎ᠤ ᠪᠥᠬᠥ᠌ ᠤᠯᠤᠰ᠎ᠤᠨ 《ᠤᠯᠠᠭᠠᠨ ᠲᠣᠭ ᠬᠤᠨᠳᠠᠭᠠᠲᠤ》 ᠠᠩᠭᠢ᠎ᠶ᠋ᠢᠨ ᠳᠤᠭᠤᠢᠯᠠᠩ᠎ᠤᠨ ᠳᠠᠷᠤᠭ᠎ᠠ᠎ᠶ᠋ᠢᠨ ᠤᠷᠤᠯᠳᠤᠭᠠᠨ ᠪᠠ 127 ᠵᠦᠶ᠋ᠯ᠎ᠦᠨ ᠪᠥᠬᠥ᠌ ᠤᠯᠤᠰ᠎ᠤᠨ ᠬᠥᠲᠥᠯᠥᠨ ᠳᠠᠭᠠᠭᠤᠯᠬᠤ ᠴᠢᠨᠠᠷᠲᠠᠶ ᠬᠥᠳᠡᠯᠮᠦᠷᠢ ᠪᠠ ᠤᠷ᠎ᠠ ᠴᠢᠳᠠᠪᠤᠷᠢ᠎ᠶ᠋ᠢᠨ ᠤᠷᠤᠯᠳᠤᠭᠠᠨ᠎ᠤ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ᠎ᠶ᠋ᠢ 50 ᠭᠠᠷᠤᠶ ᠲᠦᠮᠡ ᠬᠠᠮᠤᠷᠴᠤ᠌᠂ ᠣᠷᠣᠯᠴᠠᠭ᠍ᠰᠠᠨ ᠠᠵᠢᠯᠲᠠᠨ ᠠᠵᠢᠯᠴᠢᠨ 6000 ᠲᠦᠮᠡ᠎ᠶ᠋ᠢ ᠳᠠᠪᠠᠪᠠ᠃

— ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ᠂ ᠬᠥᠳᠡᠯᠮᠦᠷᠢ᠎ᠶ᠋ᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠬᠥᠳᠡᠯᠮᠦᠷᠢ᠎ᠶ᠋ᠢᠨ ᠵᠢᠱ᠌ᠢᠶᠡᠴᠢ ᠤᠷᠠᠨ ᠳᠠᠷᠬᠠᠨ᠎ᠤ ᠵᠢᠱ᠌ᠢᠶ᠎ᠡ ᠦᠵᠡᠭᠦᠯᠵᠦ᠍ ᠬᠥᠲᠥᠯᠥᠨ ᠳᠠᠭᠠᠭᠤᠯᠬᠤ ᠦᠶ᠋ᠯᠡᠳᠦᠯ᠎ᠢ ᠰᠠᠢᠲᠤᠷ ᠪᠠᠳᠠᠷᠠᠭᠤᠯᠵᠤ᠂ ᠥᠷᠭᠡᠨ ᠣᠯᠠᠨ ᠠᠵᠢᠯᠲᠠᠨ ᠠᠵᠢᠯᠴᠢᠨ᠎ᠤ ᠱᠢᠷᠭᠠᠭᠤ ᠬᠥᠳᠡᠯᠮᠦᠷᠢ᠂ ᠦᠨᠡᠨᠴᠢ ᠬᠥᠳᠡᠯᠮᠦᠷᠢ᠂ ᠪᠦᠲᠦᠭᠡᠯᠴᠢ ᠬᠥᠳᠡᠯᠮᠦᠷᠢ᠎ᠶ᠋ᠢᠨ ᠳᠤᠮᠳᠠ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌᠎ᠶ᠋ᠢ ᠵᠣᠷᠢᠭ᠍ᠵᠢᠭᠤᠯᠤᠨ᠎ᠠ᠃

《ᠴᠢᠮᠡᠭᠡ ᠬᠣᠯᠪᠣᠭᠠᠨ᠎ᠤ ᠵᠥᠪᠯᠡᠯᠴᠡᠭᠡᠷ᠎ᠦᠨ ᠬᠡᠪ᠎ᠦᠨ ᠪᠤᠰᠤ ᠴᠡᠭ᠎ᠢ ᠱᠠᠲᠤ ᠳᠠᠷᠠᠭᠠᠯᠠᠨ ᠵᠢᠭ᠍ᠰᠠᠭᠠᠨ ᠪᠠᠢᠴᠠᠭᠠᠵᠤ᠂ ᠰᠠᠭᠠᠳ ᠭᠠᠷᠤᠭ᠍ᠰᠠᠨ ᠴᠡᠭ᠎ᠢ ᠨᠢᠭᠡᠳ ᠨᠢᠭᠡ᠎ᠪᠡᠷ ᠲᠣᠭ᠍ᠲᠠᠭᠠᠬᠤ ᠭᠡᠷᠡᠭᠲᠡᠢ》᠃ ᠠᠦ᠋ᠲ᠋ᠣᠴᠢᠯᠠᠭ᠍ᠰᠠᠨ ᠣᠶᠤᠨᠴᠢ ᠨᠡᠭᠡᠭᠡᠯᠭᠡ᠎ᠶ᠋ᠢ ᠲᠣᠬᠢᠷᠠᠭᠤᠯᠤᠨ ᠲᠤᠷᠱᠢᠬᠤ ᠲᠤᠬᠠᠶ᠎ᠶ᠋ᠢᠨ ᠲᠠᠯᠠᠪᠠᠶ᠎ᠳᠤ᠂ ᠡᠮᠦᠨᠡᠲᠦ ᠣᠷᠣᠨ᠎ᠤ ᠴᠠᠬᠢᠯᠭᠠᠨ ᠲᠤᠤᠷ᠎ᠤᠨ ᠭᠦᠶ᠋ᠵᠧᠤ᠎ᠶ᠋ᠢᠨ ᠲᠦᠩ ᠷᠧᠨ ᠴᠠᠬᠢᠯᠭᠠᠨ ᠬᠠᠩᠭᠠᠬᠤ ᠲᠣᠪᠴᠢᠶ᠎ᠠ᠎ᠶ᠋ᠢᠨ ᠲᠣᠬᠢᠷᠠᠭᠤᠯᠤᠯᠲᠠ᠎ᠶ᠋ᠢᠨ ᠲᠤᠤᠷ ᠤ᠋ᠨ ᠠᠦ᠋ᠲ᠋ᠣᠴᠢᠯᠠᠭ᠍ᠰᠠᠨ ᠠᠩᠭᠢ᠎ᠶ᠋ᠢᠨ ᠳᠡᠳ᠋ ᠳᠠᠷᠤᠭ᠎ᠠ ᠬᠤᠸᠠᠩ ᠯᠸᠢ ᠲᠣᠬᠢᠷᠠᠭᠤᠯᠤᠨ ᠲᠤᠷᠱᠢᠬᠤ ᠠᠵᠢᠯᠲᠠᠨ᠎ᠳᠤ ᠲᠤᠬᠠᠶ᠎ᠶ᠋ᠢᠨ ᠲᠠᠯᠠᠪᠠᠶ᠎ᠶ᠋ᠢᠨ ᠵᠢᠭᠠᠨ ᠰᠤᠷᠭᠠᠯᠲᠠ ᠬᠢᠪᠠ᠃ ᠡᠨᠡ ᠵᠢᠯ᠎ᠦᠨ《5·1》ᠡᠴᠡ ᠡᠮᠦᠨᠡᠬᠡᠨ᠂ ᠲᠡᠷᠡ ᠭᠦᠢᠵᠧᠦ ᠮᠤᠵᠢ᠎ᠶ᠋ᠢᠨ ᠬᠥᠳᠡᠯᠮᠦᠷᠢ᠎ᠶ᠋ᠢᠨ ᠵᠢᠱ᠌ᠢᠶᠡᠴᠢ᠎ᠪᠡᠷ ᠰᠣᠩᠭᠣᠭ᠍ᠳᠠᠪᠠ᠃

ᠨᠢᠭᠡ ᠦᠢᠯᠡᠰ ᠢ᠋ ᠰᠤᠨᠭᠭᠤᠪᠡᠯ ᠨᠠᠰᠤᠨ ᠲᠤᠷᠰᠢᠳᠠ ᠪᠡᠨ ᠵᠢᠳᠬᠦᠨ᠎ᠠ; ᠨᠢᠭᠡ ᠠᠵᠢᠯ᠎ᠢ ᠬᠢᠪᠡᠯ ᠨᠢᠭᠡ ᠠᠵᠢᠯ᠎ᠳ᠋ᠤ ᠴᠠᠭᠠᠷᠠᠨ᠎ᠠ᠃ ᠨᠢᠭᠡᠳᠦᠭᠡᠷ ᠹᠷᠣᠨᠲ᠎ᠲᠤ 16 ᠵᠢᠯ ᠦᠨᠳᠤᠰᠤᠯᠡᠭᠰᠡᠨ ᠬᠤᠸᠠᠩ ᠯᠸᠢ ᠰᠤᠳᠤᠯᠭᠠᠨ᠎ᠢᠶᠠᠨ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌ 《ᠲᠦᠯᠬᠢᠭᠦᠷ》 ᠪᠣᠯᠭᠠᠵᠤ᠂ 7 ᠵᠦᠶ᠋ᠯ᠎ᠦᠨ ᠲᠤᠰᠭᠠᠶ ᠠᠱᠢᠭ᠎ᠤᠨ ᠦᠷ᠎ᠡ ᠪᠦᠲᠦᠭᠡᠯ᠎ᠢ ᠣᠶᠤᠨᠴᠢ ᠲᠣᠬᠢᠷᠠᠭᠤᠯᠤᠨ ᠲᠤᠷᠱᠢᠬᠤ ᠲᠥᠬᠥᠭᠡᠷᠦᠮᠵᠢ᠂ ᠰᠠᠭᠠᠳ᠎ᠤᠨ ᠪᠠᠢᠷᠢ ᠲᠣᠭ᠍ᠲᠠᠭᠠᠬᠤ ᠪᠤᠳᠤᠬᠤ ᠠᠷᠭ᠎ᠠ ᠵᠡᠷᠭᠡ ᠬᠡᠷᠡᠭ᠌ᠯᠡᠭᠡᠨ᠎ᠦ ᠪᠠᠭᠠᠵᠢ ᠪᠣᠯᠭᠠᠨ ᠬᠤᠪᠢᠷᠠᠭᠤᠯᠪᠠ᠃ ᠲᠡᠭᠦᠨ᠎ᠦ ᠳᠠᠭᠠᠭᠤᠯᠭ᠎ᠠ ᠳᠤᠤᠷ᠎ᠠ᠂ ᠪᠦᠯᠬᠦᠮ᠎ᠦᠨ᠎ᠬᠢᠨ ᠴᠠᠬᠢᠯᠭᠠᠨ᠎ᠤ ᠲᠤᠤᠷ᠎ᠤᠨ ᠬᠡᠮ ᠰᠣᠭᠣᠭ᠎ᠢ ᠱᠢᠶ᠋ᠳᠪᠦᠷᠢᠯᠡᠬᠦ᠌ ᠦᠷ᠎ᠡ ᠪᠦᠲᠦᠮᠵᠢ᠎ᠶ᠋ᠢ ᠪᠠᠷᠤᠭ 60% ᠪᠠᠷ ᠳᠡᠭᠡᠭ᠌ᠰᠢᠯᠡᠭᠦᠯᠵᠡᠶ᠃

《ᠱᠢᠨ᠎ᠡ ᠴᠠᠭ ᠦᠶ᠎ᠡ᠎ᠳᠦ᠂ ᠥᠷᠭᠡᠨ ᠤᠯᠠᠨ ᠠᠵᠢᠯᠳᠠᠨ ᠠᠵᠢᠯᠴᠢᠨ ᠡᠷᠴᠢ ᠵᠣᠷᠢᠭ᠂ ᠭᠠᠪᠱᠢᠭᠠᠢᠯᠠᠬᠤ ᠵᠣᠷᠢᠭ᠂ ᠰᠤᠳᠤᠯᠬᠤ ᠵᠣᠷᠢᠭ᠎ᠲᠠᠶ ᠪᠠᠢᠵᠤ᠂ ᠳᠠᠰᠤᠷᠠᠯᠳᠠ ᠦᠬᠡᠢ ᠰᠤᠳᠤᠯᠵᠤ᠂ ᠳᠠᠰᠤᠷᠠᠯᠳᠠ ᠦᠬᠡᠢ ᠱᠢᠨ᠎ᠡ᠎ᠶ᠋ᠢ ᠡᠭᠦᠳᠬᠦ᠌ ᠬᠡᠷᠡᠭ᠌ᠲᠡᠢ》 ᠭᠡᠵᠦ᠍ ᠬᠤᠸᠠᠩ ᠯᠸᠢ ᠬᠡᠯᠡᠪᠠ᠃

ᠬᠥᠳᠡᠯᠮᠦᠷᠢ᠎ᠶ᠋ᠢᠨ ᠵᠢᠱ᠌ᠢᠶᠡᠴᠢ ᠪᠣᠯ ᠠᠷᠠᠳ ᠲᠦᠮᠡᠨ᠎ᠦ ᠬᠡᠪ ᠳᠠᠭᠤᠷᠢᠶᠠᠯ ᠮᠥᠨ᠃ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ᠂ ᠬᠥᠳᠡᠯᠮᠦᠷᠢ᠎ᠶ᠋ᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ ᠪᠣᠯ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠵᠣᠷᠢᠭ᠍ᠵᠢᠭᠤᠯᠤᠨ ᠰᠠᠯᠬᠢ ᠪᠣᠷᠣᠭᠠᠨ᠎ᠢ ᠬᠠᠢᠬᠤᠷᠤᠯ ᠦᠭᠡᠢ᠂ ᠵᠠᠮ ᠨᠡᠭᠡᠭᠡᠨ ᠤᠷᠤᠭ᠍ᠰᠢᠯᠠᠭᠤᠯᠬᠤ ᠬᠦᠴᠦᠷᠬᠡᠭ ᠶᠡᠬᠡ ᠤᠶᠤᠨ ᠰᠠᠨᠠᠭᠠᠨ᠎ᠤ ᠬᠥᠳᠡᠯᠭᠡᠬᠦ᠌ ᠬᠦᠴᠦᠨ ᠮᠥᠨ᠃

ᠣᠢᠷ᠎ᠠ᠎ᠶ᠋ᠢᠨ ᠵᠢᠯ᠎ᠳᠤ᠂ ᠡᠯ᠎ᠡ ᠱᠠᠲᠤᠨ᠎ᠤ ᠠᠵᠢᠯᠴᠢᠨ᠎ᠤ ᠡᠪᠯᠡᠯ ᠵᠢᠯ ᠪᠦᠷᠢ 《ᠲᠣᠮᠣ ᠤᠯᠤᠰ᠎ᠤᠨ ᠤᠷᠠᠨ ᠳᠠᠷᠬᠠᠨ᠎ᠤ ᠣᠨ᠎ᠤ ᠨᠠᠷᠠᠲᠤ ᠬᠥᠮᠦᠨ》 ᠢ᠋ ᠨᠡᠢᠲᠡᠯᠡᠵᠦ᠍᠂ ᠬᠥᠳᠡᠯᠮᠦᠷᠢ᠎ᠶ᠋ᠢᠨ ᠵᠢᠱ᠌ᠢᠶᠡᠴᠢ ᠪᠠ ᠲᠡᠷᠢᠭᠦᠨ᠎ᠦ ᠠᠵᠢᠯᠲᠠᠨ᠎ᠢ ᠰᠣᠩᠭᠣᠨ ᠪᠣᠶ ᠪᠣᠯᠭᠠᠬᠤ ᠠᠵᠢᠯ᠎ᠢ ᠥᠷᠨᠢᠭᠦᠯᠵᠦ᠍᠂ 2021 ᠡᠴᠡ 2024 ᠣᠨ ᠪᠣᠯᠲᠠᠯ᠎ᠠ ᠪᠥᠬᠥ᠌ ᠤᠯᠤᠰ᠎ᠤᠨ 《5·1》 ᠤ᠋ ᠬᠥᠳᠡᠯᠮᠦᠷᠢ᠎ᠶ᠋ᠢᠨ ᠱᠠᠩᠨᠠᠯ᠎ᠤᠨ ᠪᠢᠴᠢᠭ 1059᠂ ᠱᠠᠩᠨᠠᠯ᠎ᠤᠨ ᠲᠡᠮᠳᠡᠭ 4286᠂ ᠬᠣᠱᠢᠭᠤᠴᠢ ᠴᠣᠯᠠ 4331 ᠵᠢ ᠬᠥᠬᠢᠭᠦᠯᠦᠨ ᠰᠠᠢᠱᠢᠶᠠᠪᠠ᠃ ᠥᠷᠭᠡᠨ ᠤᠯᠠᠨ ᠬᠥᠳᠡᠯᠮᠦᠷᠢᠴᠢᠨ ᠬᠥᠳᠡᠯᠮᠦᠷᠢ᠎ᠶ᠋ᠢᠨ ᠵᠢᠱ᠌ᠢᠶᠡᠴᠢ ᠪᠠ ᠲᠡᠷᠢᠭᠦᠨ᠎ᠦ ᠠᠵᠢᠯᠳᠠᠨ᠎ᠤ ᠡᠷᠬᠢᠮ ᠳᠡᠭᠡᠳᠦ ᠵᠣᠷᠢᠭ ᠰᠠᠨᠠᠭ᠎ᠠ ᠪᠠ ᠡᠷᠬᠢᠮ ᠳᠡᠭᠡᠳᠦ ᠵᠠᠩ ᠰᠤᠷᠲᠠᠯ᠎ᠢᠶᠠᠷ᠎ᠢᠶᠠᠨ ᠥᠪᠡᠷ᠎ᠢ᠎ᠪᠡᠨ ᠱᠠᠭᠠᠷᠳᠠᠨ᠂ ᠱᠢᠷᠭᠠᠭᠤ ᠬᠥᠳᠡᠯᠮᠦᠷᠢ᠂ ᠦᠨᠡᠨᠴᠢ ᠬᠥᠳᠡᠯᠮᠦᠷᠢ᠂ ᠪᠦᠲᠦᠭᠡᠯᠴᠢ ᠬᠥᠳᠡᠯᠮᠦᠷᠢ᠎ᠶ᠋ᠢ ᠤᠬᠠᠮᠰᠠᠷᠲᠤ ᠠᠵᠢᠯᠯᠠᠭ᠎ᠠ ᠪᠣᠯᠭᠠᠪᠠ᠃

— ᠠᠵᠤ ᠦᠢᠯᠡᠰ᠎ᠦᠨ ᠠᠵᠢᠯᠴᠢᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠵᠦ᠍᠂ ᠮᠡᠳᠡᠯᠭᠡ᠎ᠶ᠋ᠢᠨ ᠬᠡᠯᠪᠡᠷᠢ᠎ᠶ᠋ᠢᠨ᠂ ᠤᠷ᠎ᠠ ᠴᠢᠳᠠᠪᠤᠷᠢ ᠵᠢᠨ  ᠬᠡᠯᠪᠡᠷᠢ᠎ᠶ᠋ᠢᠨ᠂ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠠᠵᠤ ᠦᠢᠯᠡᠰ᠎ᠦᠨ ᠠᠵᠢᠯᠴᠢᠨ᠎ᠤ ᠡᠩᠨᠡᠭᠡ᠎ᠶ᠋ᠢ ᠲᠦᠷᠭᠡᠳᠭᠡᠨ ᠪᠠᠢᠭᠤᠯᠤᠨ᠎ᠠ᠃

ᠴᠠᠢ ᠭᠦᠸᠧ ᠯᠢᠶᠠᠩ ᠪᠣᠯ ᠵᠢᠨ ᠴᠤᠸᠠᠨ ᠪᠦᠯᠦᠭ᠌ᠯᠡᠯ᠎ᠦᠨ ᠨᠢᠺᠸᠯ ᠬᠠᠢᠯᠤᠭᠤᠯᠬᠤ ᠦᠶ᠋ᠯᠡᠳᠪᠦᠷᠢ᠎ᠶ᠋ᠢᠨ ᠨᠢᠺᠸᠯ ᠴᠠᠬᠢᠯᠭᠠᠨ ᠵᠠᠳᠠᠯᠤᠯᠲᠠ᠎ᠶ᠋ᠢᠨ ᠨᠢᠭᠡᠳᠦᠭᠡᠷ ᠦᠶ᠋ᠯᠡᠳᠪᠦᠷᠢ᠎ᠶ᠋ᠢᠨ ᠲᠠᠰᠤᠭ᠎ᠤᠨ ᠴᠠᠬᠢᠯᠭᠠᠨ ᠵᠠᠳᠠᠯᠤᠯᠲᠠ᠎ᠶ᠋ᠢᠨ ᠠᠩᠭᠢ᠎ᠶ᠋ᠢᠨ ᠳᠠᠷᠤᠭ᠎ᠠ ᠪᠤᠯᠤᠨ᠎ᠠ᠃ ᠨᠢᠭᠡᠳᠤᠭᠡᠷ ᠹᠷᠣᠨᠲ ᠲᠦ᠍ ᠲᠠᠪᠳᠠᠨ ᠪᠤᠯᠪᠠᠰᠤᠷᠠᠬᠰᠡᠨ ᠡᠨᠡ ᠬᠦ᠌ ᠠᠵᠢᠯᠴᠢᠨ᠂ ᠤᠷᠢᠳ ᠬᠣᠵᠢᠳ ᠤᠯᠤᠰ᠎ᠤᠨ ᠲᠠᠰ᠎ᠤᠨ ᠮᠡᠷᠭᠡᠵᠢᠯ ᠴᠢᠳᠠᠪᠤᠷᠢ᠎ᠶ᠋ᠢᠨ ᠶᠡᠬᠡ ᠮᠠᠰᠲ᠋ᠸᠷ᠎ᠤᠨ ᠠᠵᠢᠯᠯᠠᠬᠤ ᠲᠠᠰᠤᠭ᠎ᠤᠨ ᠳᠠᠭᠠᠭᠤᠯᠤᠭ᠍ᠴᠢ᠂ ᠭᠠᠨᠰᠦ ᠮᠤᠵᠢ᠎ᠶ᠋ᠢᠨ ᠮᠡᠷᠭᠡᠵᠢᠯ ᠤᠷ᠎ᠠ ᠴᠢᠳᠠᠪᠤᠷᠢ᠎ᠶ᠋ᠢᠨ ᠬᠦᠷᠢᠶᠡᠨ᠎ᠳᠡᠬᠢ ᠣᠷᠣᠢᠯᠠᠭ᠍ᠰᠠᠨ ᠳᠠᠭᠠᠭᠤᠯᠤᠭ᠍ᠴᠢ ᠴᠢᠳᠠᠪᠤᠷᠢᠲᠠᠨ᠂ ᠲᠥᠷᠥ᠎ᠶ᠋ᠢᠨ ᠶᠠᠪᠤᠳᠠᠯ᠎ᠤᠨ ᠬᠣᠷᠢᠶ᠎ᠠ ᠵᠢᠨ ᠵᠠᠰᠠᠭ᠎ᠤᠨ ᠣᠷᠳᠣᠨ᠎ᠤ ᠣᠨᠴᠠ ᠨᠡᠮᠡᠭᠦᠷᠢ᠎ᠶ᠋ᠢ ᠬᠦᠷᠲᠡᠭ᠌ᠴᠢ ᠲᠤᠰᠭᠠᠶ ᠮᠡᠷᠭᠡᠵᠢᠯᠲᠡᠨ᠎ᠢᠶᠡᠷ ᠦᠨᠡᠯᠡᠭ᠌ᠳᠡᠵᠦ᠍᠂ ᠨᠢᠳᠦ ᠭᠢᠯᠠᠰᠤᠮ᠎ᠠ 《ᠠᠵᠢᠯᠴᠢᠨ᠎ᠤ ᠣᠳᠣᠨ》 ᠪᠣᠯᠤᠭ᠍ᠰᠠᠨ ᠪᠠᠢᠨ᠎ᠠ᠃

ᠴᠠᠢ ᠭᠦᠸᠧ ᠯᠢᠶᠠᠩ᠎ᠤᠨ ᠦᠰᠦᠨ ᠪᠣᠢᠵᠢᠭ᠍ᠰᠠᠨ ᠥᠩᠭᠡᠷᠡᠯᠲᠡ ᠪᠣᠯ ᠠᠵᠤ ᠦᠢᠯᠡᠰ᠎ᠦᠨ ᠠᠵᠢᠯᠴᠢᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠶ᠋ᠢᠨ 《ᠲᠦᠷᠭᠡᠳᠭᠡᠬᠦᠷ》 ᠤ᠋ᠨ ᠬᠤᠷᠢᠶᠠᠩᠭᠤᠢ ᠳᠦᠷᠰᠦ ᠪᠣᠯᠤᠨ᠎ᠠ᠃

2017 ᠣᠨ᠎ᠤ 4 ᠰᠠᠷ᠎ᠠ᠎ᠳᠤ᠂ ᠲᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ《ᠱᠢᠨ᠎ᠡ ᠴᠠᠭ ᠦᠶ᠎ᠡ᠎ᠶ᠋ᠢᠨ ᠠᠵᠤ ᠦᠢᠯᠡᠰ᠎ᠦᠨ ᠠᠵᠢᠯᠴᠢᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢᠨ ᠥᠭᠡᠷᠡᠴᠢᠯᠡᠯᠲᠡ᠎ᠶ᠋ᠢᠨ ᠲᠥᠰᠦᠯ》ᠢ᠋ ᠳᠠᠷᠤᠮᠠᠯᠯᠠᠨ ᠲᠠᠷᠬᠠᠭᠠᠵᠤ᠂ 5 ᠲᠠᠯ᠎ᠠ᠎ᠡᠴᠡ 25 ᠵᠤᠷᠪᠤᠰ ᠬᠠᠨᠳᠤᠯᠭᠠᠲᠤ ᠴᠢᠨᠠᠷᠲᠠᠢ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠳᠤᠷᠠᠳᠴᠤ᠌᠂ ᠠᠵᠤ ᠦᠢᠯᠡᠰ᠎ᠦᠨ ᠠᠵᠢᠯᠴᠢᠨ᠎ᠤ ᠡᠩᠨᠡᠭᠡ᠎ᠶ᠋ᠢᠨ ᠪᠠᠢᠭᠤᠯᠤᠯᠲᠠ᠎ᠶ᠋ᠢᠨ ᠥᠭᠡᠷᠡᠴᠢᠯᠡᠯᠲᠡ ᠡᠭᠦᠨ᠎ᠡᠴᠡ ᠡᠬᠢᠯᠡᠪᠡ᠃ 8 ᠵᠢᠯ᠎ᠦᠨ ᠲᠤᠷᠰᠢ᠂ ᠡᠯ᠎ᠡ ᠱᠠᠲᠤᠨ᠎ᠤ ᠠᠵᠢᠯᠴᠢᠨ᠎ᠤ ᠡᠪᠯᠡᠯ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠍᠂ ᠢᠳᠡᠪᠬᠢᠲᠡᠢ᠎ᠪᠡᠷ ᠵᠢᠳᠬᠦᠯ ᠴᠢᠷᠮᠠᠢᠯᠭ᠎ᠠ ᠭᠠᠷᠭᠠᠵᠤ᠂ ᠥᠭᠡᠷᠡᠴᠢᠯᠡᠯᠲᠡ᠎ᠶ᠋ᠢᠨ ᠢᠯᠡᠳᠲᠡ ᠦᠷ᠎ᠡ ᠪᠦᠲᠦᠮᠵᠢ ᠤᠯᠬᠤ᠎ᠶ᠋ᠢ ᠠᠬᠢᠭᠤᠯᠪᠠ᠃

ᠠᠵᠤ ᠦᠶ᠋ᠯᠡᠰ᠎ᠦᠨ ᠠᠵᠢᠯᠴᠢᠨ᠎ᠤ ᠦᠰᠦᠨ ᠪᠣᠢᠵᠢᠵᠤ ᠴᠢᠳᠠᠪᠤᠷᠢᠲᠠᠨ ᠪᠣᠯᠬᠤ ᠠᠷᠭ᠎ᠠ ᠵᠠᠮ ᠨᠠᠩ ᠱᠢᠯᠤᠭᠤᠬᠠᠨ ᠪᠣᠯᠪᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠳᠣᠲᠣᠷ᠎ᠠ ᠨᠢᠭᠡᠳᠦᠭᠡᠷ ᠹᠷᠣᠨᠲ᠎ᠤᠨ ᠠᠵᠢᠯᠴᠢᠨ᠂ ᠲᠠᠷᠢᠶᠠᠴᠢᠨ᠎ᠤ ᠲᠥᠯᠥᠭᠡᠯᠡᠭ᠌ᠴᠢ ᠪᠥᠬᠥ᠌ ᠲᠥᠯᠥᠭᠡᠯᠡᠭ᠌ᠴᠢ᠎ᠶ᠋ᠢᠨ 16.69% ᠵᠢ ᠡᠵᠡᠯᠡᠨ᠎ᠠ; ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ᠎ᠦᠨ ᠠᠷᠪᠠᠨ ᠨᠠᠢ᠍ᠮᠠᠳᠤᠭᠠᠷ ᠶᠡᠬᠡ ᠬᠤᠷᠠᠯ᠎ᠤᠨ ᠲᠥᠯᠥᠭᠡᠯᠡᠭ᠌ᠴᠢᠳ᠎ᠦᠨ ᠳᠣᠲᠣᠷ᠎ᠠ ᠠᠵᠢᠯᠴᠢᠨ᠎ᠤ ᠲᠥᠯᠥᠭᠡᠯᠡᠭ᠌ᠴᠢ 26.7% ᠶ᠋ᠢ ᠡᠵᠡᠯᠡᠨ᠎ᠡ; 2018 ᠣᠨ᠎ᠡᠴᠡ ᠨᠠᠭᠠᠰᠢ᠂ ᠪᠥᠬᠥ᠌ ᠤᠯᠤᠰ᠎ᠤᠨ 《5·1》 ᠤ᠋ ᠬᠥᠳᠡᠯᠮᠦᠷᠢ᠎ᠶ᠋ᠢᠨ ᠱᠠᠩᠨᠠᠯ᠎ᠤᠨ ᠮᠧᠳᠠᠯ᠎ᠤᠨ ᠬᠥᠬᠢᠭᠦᠯᠦᠯ ᠰᠠᠢᠱᠢᠶᠠᠯ᠎ᠳᠤ ᠠᠵᠤ ᠦᠶ᠋ᠯᠡᠰ᠎ᠦᠨ ᠠᠵᠢᠯᠴᠢᠨ᠎ᠤ ᠬᠠᠷᠢᠴᠠᠯ᠎ᠨᠢ ᠴᠥᠮ 40% ᠶ᠋ᠢ ᠳᠠᠪᠠᠪᠠ᠃

ᠠᠵᠤ ᠦᠢᠯᠡᠰ᠎ᠦᠨ ᠠᠵᠢᠯᠴᠢᠨ᠎ᠤ ᠮᠡᠷᠭᠡᠵᠢᠯ ᠪᠠ ᠤᠷ᠎ᠠ ᠴᠢᠳᠠᠪᠤᠷᠢ᠎ᠶ᠋ᠢᠨ ᠬᠡᠪ ᠴᠢᠨᠠᠷ ᠢᠯᠡᠳᠲᠡ ᠳᠡᠭᠡᠭ᠌ᠰᠢᠯᠡᠪᠡ᠃ ᠪᠥᠬᠥ᠌ ᠤᠯᠤᠰ᠎ᠲᠤ 《1 + 1 + N》 ᠤᠷᠠᠨ ᠳᠠᠷᠬᠠᠨ᠎ᠤ ᠳᠡᠭᠡᠳᠦ ᠰᠤᠷᠭᠠᠭᠤᠯᠢ᠎ᠶ᠋ᠢᠨ ᠱᠢᠰᠲ᠋ᠧᠮ᠎ᠢ ᠪᠠᠢᠭᠤᠯᠵᠤ᠂ ᠣᠳᠣᠬᠠᠨ᠎ᠳᠤ ᠨᠢᠭᠡᠨᠲᠡ 1000 ᠭᠠᠷᠤᠶ ᠤᠷᠠᠨ ᠳᠠᠷᠬᠠᠨ᠎ᠤ ᠳᠡᠭᠡᠳᠦ ᠰᠤᠷᠭᠠᠭᠤᠯᠢ᠎ᠶ᠋ᠢ ᠪᠠᠢᠭᠤᠯᠪᠠ; 《ᠤᠷ᠎ᠠ ᠮᠡᠷᠭᠡᠵᠢᠯ᠎ᠦᠨ ᠬᠦᠴᠦᠷᠬᠡᠭ ᠤᠯᠤᠰ — ᠪᠥᠬᠥ᠌ ᠤᠯᠤᠰ᠎ᠤᠨ ᠠᠵᠤ ᠦᠶ᠋ᠯᠡᠰ᠎ᠦᠨ ᠠᠵᠢᠯᠴᠢᠨ᠎ᠤ ᠰᠤᠷᠤᠯᠴᠠᠬᠤ ᠨᠡᠢᠭᠡᠮ ᠲᠣᠭᠣᠷᠢᠭ》 ᠢ᠋ ᠪᠥᠲᠥᠭᠡᠨ ᠪᠠᠢᠭᠤᠯᠵᠤ᠂ ᠨᠡᠢᠲᠡ 2 ᠳ᠋ᠦᠩᠱᠢᠭᠤᠷ ᠭᠠᠷᠤᠶ ᠠᠵᠢᠯᠲᠠᠨ ᠠᠵᠢᠯᠴᠢᠨ᠎ᠢ ᠪᠣᠯᠪᠠᠰᠤᠷᠠᠭᠤᠯᠪᠠ; ᠰᠤᠷᠭᠠᠨ ᠬᠥᠮᠦᠵᠢᠯ᠎ᠦᠨ ᠶᠠᠮᠤᠨ᠎ᠲᠠᠶ ᠬᠠᠮᠲᠤᠷᠠᠨ ᠬᠥᠯᠥᠰᠥᠨ ᠠᠵᠢᠯᠴᠢᠨ᠎ᠤ 《ᠰᠤᠷᠤᠯᠴᠠᠬᠤ ᠬᠦᠰᠡᠯ ᠵᠡᠭᠦᠳᠦ᠍᠎ᠪᠡᠨ ᠲᠡᠷᠭᠡᠯᠱᠢᠭᠦᠯᠬᠦ᠌ ᠠᠵᠢᠯᠯᠠᠭ᠎ᠠ》 ᠥᠷᠨᠢᠭᠦᠯᠵᠦ᠍᠂ 240 ᠭᠠᠷᠤᠢ ᠲᠦᠮᠡᠨ ᠬᠥᠯᠥᠰᠥᠨ ᠠᠵᠢᠯᠴᠢᠨ᠎ᠢ ᠬᠠᠪᠰᠤᠷᠤᠨ ᠰᠤᠷᠤᠯᠭ᠎ᠠ᠎ᠶ᠋ᠢᠨ ᠨᠠᠮᠲᠠᠷ ᠪᠠ ᠤᠷ᠎ᠠ ᠴᠢᠳᠠᠪᠤᠷᠢ᠎ᠶ᠋ᠢ ᠨᠢ ᠳᠡᠭᠡᠭ᠌ᠰᠢᠯᠡᠭᠦᠯᠪᠡ᠃

ᠰᠡᠳᠬᠢᠯ ᠲᠠᠯᠪᠢᠨ ᠡᠷᠭᠡ ᠠᠰᠢᠬ᠎ᠢ ᠬᠠᠮᠠᠭᠠᠯᠠᠵᠤ ᠬᠠᠢᠷ᠎ᠠ ᠰᠡᠳᠬᠢᠯᠭᠡ ᠲᠠᠢ ᠪᠡᠷ ᠦᠢᠯᠡᠴᠢᠯᠡᠨ᠎ᠠ᠄ ᠨᠠᠮ᠎ᠤᠨ ᠬᠠᠯᠠᠮᠵᠢᠯᠠᠯ᠎ᠢ ᠠᠵᠢᠯᠲᠠᠨ ᠠᠵᠢᠯᠴᠢᠨ ᠲᠦᠮᠡᠨ᠎ᠦ ᠳᠤᠮᠳᠠ ᠬᠦᠷᠭᠡᠨ᠎ᠠ

ᠡᠳᠦᠷ ᠬᠣᠨᠣᠭ ᠥᠩᠭᠡᠷᠡᠨ ᠤᠳᠤᠬᠰᠡᠨ ᠴᠤ᠌ ᠤᠯᠠᠮᠵᠢᠯᠠᠯ ᠬᠤᠪᠢᠷᠠᠬᠤ ᠦᠭᠡᠢ᠃ ᠵᠠᠭᠤᠨ ᠵᠢᠯ᠎ᠦᠨ ᠲᠤᠷᠰᠢ᠂ ᠠᠵᠢᠯᠴᠢᠨ᠎ᠤ ᠡᠪᠯᠡᠯ ᠢᠮᠠᠭ᠍ᠲᠠ ᠠᠵᠢᠯᠳᠠᠨ ᠠᠵᠢᠯᠴᠢᠨ᠎ᠤ ᠭᠡᠷ ᠪᠦᠯᠢ᠂ ᠠᠵᠢᠯᠴᠢᠨ᠎ᠤ ᠡᠪᠯᠡᠯ᠎ᠦᠨ ᠺᠠᠳ᠋ᠷ ᠢᠮᠠᠭ᠍ᠲᠠ ᠠᠵᠢᠯᠳᠠᠨ ᠠᠵᠢᠯᠴᠢᠨ᠎ᠤ 《ᠲᠥᠷᠬᠥᠮ᠎ᠦᠨ ᠬᠦᠮᠦᠨ》 ᠪᠣᠯᠤᠭ᠍ᠰᠠᠭᠠᠷ ᠢᠷᠡᠵᠠᠢ᠃

ᠶᠡᠷᠦᠩᠬᠡᠢ ᠱᠦᠵᠢ ᠰᠢ ᠵᠢᠨ ᠫᠢᠩ᠂ ᠠᠵᠢᠯᠴᠢᠨ᠎ᠤ ᠡᠪᠯᠡᠯ ᠨᠢ ᠠᠵᠢᠯᠳᠠᠨ ᠠᠵᠢᠯᠴᠢᠨ᠎ᠤ ᠠᠱᠢᠭ ᠲᠤᠰᠠ᠎ᠶ᠋ᠢᠨ ᠲᠥᠯᠥᠭᠡᠯᠡᠭ᠌ᠴᠢ ᠪᠠ ᠬᠠᠮᠠᠭᠠᠯᠠᠭ᠍ᠴᠢ ᠪᠣᠯᠤᠭ᠍ᠰᠠᠨ᠎ᠤ ᠬᠤᠪᠢ᠎ᠳᠤ᠂ ᠡᠷᠬᠡ ᠠᠱᠢᠭ᠎ᠢᠶᠠᠨ ᠬᠠᠮᠠᠭᠠᠯᠠᠬᠤ ᠦᠢᠯᠡᠴᠢᠯᠡᠭᠡᠨ᠎ᠦ ᠦᠨᠳᠦᠰᠦᠨ ᠡᠭᠦᠷᠭᠡ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠬᠦ᠌ ᠬᠡᠷᠡᠭ᠌ᠲᠡᠢ᠃ 《ᠠᠵᠢᠯᠴᠢᠨ᠎ᠤ ᠡᠪᠯᠡᠯ ᠨᠢ ᠠᠵᠢᠯᠲᠠᠨ ᠠᠵᠢᠯᠴᠢᠨ ᠲᠦᠮᠡᠨ᠎ᠦ ᠢᠲᠡᠭᠡᠯ ᠳᠡᠮᠵᠢᠯᠭᠡ᠎ᠶ᠋ᠢ ᠣᠯᠤᠶ᠎ᠠ ᠭᠡᠪᠡᠯ ᠡᠷᠬᠡᠪᠰᠢ ᠠᠵᠢᠯᠲᠠᠨ ᠠᠵᠢᠯᠴᠢᠨ ᠲᠦᠮᠡᠨ᠎ᠦ ᠠᠮᠢ ᠪᠡᠶ᠎ᠡ᠎ᠶ᠋ᠢᠨ ᠠᠱᠢᠭ ᠲᠤᠰᠠ᠎ᠶ᠋ᠢ ᠬᠠᠮᠠᠭᠠᠯᠠᠬᠤ ᠠᠵᠢᠯ᠎ᠢ ᠰᠠᠢᠲᠤᠷ ᠬᠢᠵᠦ᠍᠂ ᠨᠡᠢᠭᠡᠮ᠎ᠦᠨ ᠲᠥᠪ ᠭᠣᠣᠯᠴᠢ ᠱᠢᠳᠤᠷᠭᠤ ᠶᠣᠰᠣ᠎ᠶ᠋ᠢ ᠠᠬᠢᠭᠤᠯᠬᠤ ᠬᠡᠷᠡᠭ᠌ᠲᠡᠶ》 ᠭᠡᠵᠦ᠍ ᠵᠢᠭᠠᠵᠤ ᠭᠠᠷᠭᠠᠪᠠ᠃

ᠤᠢ᠍ᠢᠷ᠎ᠠ᠎ᠶ᠋ᠢᠨ ᠵᠢᠯ᠎ᠳ᠋ᠤ᠂ ᠡᠯ᠎ᠡ ᠱᠠᠲᠤᠨ᠎ᠤ ᠠᠵᠢᠯᠴᠢᠨ᠎ᠤ ᠡᠪᠯᠡᠯ ᠬᠥᠳᠡᠯᠮᠦᠷᠢ᠎ᠶ᠋ᠢᠨ ᠮᠠᠷᠭᠤᠯᠳᠤᠭᠠᠨ᠎ᠢ ᠤᠯᠠᠨ ᠡᠱᠢᠴᠢᠯᠡᠨ ᠱᠢᠢᠳᠪᠦᠷᠢᠯᠡᠬᠦ᠌ ᠲᠣᠭ᠍ᠲᠠᠴᠠ᠎ᠶ᠋ᠢ ᠪᠦᠷᠢᠨᠱᠢᠬᠦᠯᠵᠤ᠂ ᠱᠢᠨ᠎ᠡ ᠴᠠᠭ ᠦᠶ᠎ᠡ᠎ᠶ᠋ᠢᠨ 《ᠹᠸᠩᠴᠢᠶᠣᠤ᠎ᠶ᠋ᠢᠨ ᠲᠤᠷᠱᠢᠯᠭ᠎ᠠ》 ᠵᠢᠨ ᠠᠵᠢᠯᠴᠢᠨ᠎ᠤ ᠡᠪᠯᠡᠯ᠎ᠦᠨ ᠦᠢᠯᠡᠳᠦᠯᠭᠡ᠎ᠶ᠋ᠢ ᠪᠦᠬᠦ᠌ ᠲᠠᠯ᠎ᠠ᠎ᠪᠠᠷ ᠬᠡᠷᠡᠭ᠌ᠵᠢᠭᠦᠯᠵᠦ᠍᠂ 《ᠠᠵᠢᠯᠴᠢᠨ᠎ᠤ ᠡᠪᠯᠡᠯ + ᠱᠢᠭᠦᠬᠦ᠌ ᠬᠣᠷᠢᠶ᠎ᠠ + ᠪᠠᠢᠴᠠᠭᠠᠬᠤ ᠬᠣᠷᠢᠶ᠎ᠠ + ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ + ᠬᠠᠤᠯᠢ ᠴᠠᠭᠠᠵᠠ》 ᠵᠡᠷᠭᠡ ᠬᠠᠮᠵᠢᠯᠴᠠᠨ ᠬᠣᠯᠪᠣᠭᠠᠯᠠᠬᠤ ᠲᠣᠭ᠍ᠲᠠᠴᠠ᠎ᠶ᠋ᠢ ᠠᠬᠢᠭᠤᠯᠵᠤ᠂ ᠡᠶ᠎ᠡ ᠵᠣᠬᠢᠴᠠᠩᠭᠤᠢ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠪᠠᠢᠭᠤᠯᠪᠠ; ᠠᠵᠢᠯ ᠣᠯᠭᠣᠯᠲᠠ᠎ᠶ᠋ᠢᠨ ᠱᠢᠨ᠎ᠡ ᠬᠡᠯᠪᠡᠷᠢ᠎ᠶ᠋ᠢᠨ ᠬᠥᠳᠡᠯᠮᠦᠷᠢᠴᠢᠳ᠎ᠦᠨ ᠡᠷᠬᠡ ᠠᠱᠢᠭ᠎ᠢ ᠵᠥᠪᠳᠡᠯᠴᠡᠨ ᠵᠣᠬᠢᠴᠠᠭᠤᠯᠬᠤ ᠲᠣᠭ᠍ᠲᠠᠴᠠ᠎ᠶ᠋ᠢ ᠪᠠᠢᠭᠤᠯᠬᠤ᠎ᠶ᠋ᠢ ᠠᠬᠢᠭᠤᠯᠵᠤ᠂ ᠬᠠᠮᠲᠤ᠎ᠪᠠᠷ ᠵᠥᠪᠳᠡᠯᠴᠡᠬᠦ᠌᠎ᠶ᠋ᠢᠨ 《ᠨᠢᠭᠡ ᠦᠯᠢᠭᠡᠷ ᠶᠠᠨᠭᠵᠤ ᠬᠣᠶᠠᠷ ᠵᠢᠯᠣᠭᠣᠳᠤᠮᠵᠢ》᠂ ᠴᠢᠳᠠᠪᠤᠷᠢ᠎ᠲᠡᠰ ᠤ᠋ᠨ ᠴᠠᠯᠢᠩ᠎ᠤᠨ ᠬᠠᠮᠲᠤ᠎ᠪᠠᠷ ᠵᠥᠪᠳᠡᠯᠴᠡᠬᠦ᠌ ᠵᠡᠷᠭᠡ ᠲᠤᠷᠱᠢᠯᠭ᠎ᠠ ᠬᠢᠳᠡᠯ᠎ᠢ ᠳ᠋ᠦᠩᠨᠡᠨ ᠳᠡᠯᠭᠡᠷᠡᠭᠦᠯᠵᠦ᠍᠂ ᠲᠠᠪᠴᠠᠩ᠎ᠤᠨ ᠠᠵᠤ ᠠᠬᠤᠢᠯᠠᠯ᠎ᠤᠨ ᠬᠠᠤᠯᠢ ᠶᠣᠰᠣᠭᠠᠷ ᠠᠵᠢᠯᠴᠢᠨ ᠬᠡᠷᠡᠭ᠌ᠯᠡᠬᠦ᠌᠎ᠶ᠋ᠢ ᠠᠬᠢᠭᠤᠯᠪᠠ; ᠪᠦᠬᠦ᠌ ᠤᠯᠤᠰ᠎ᠤᠨ ᠠᠵᠢᠯᠴᠢᠨ᠎ᠤ ᠡᠪᠯᠡᠯ᠎ᠦᠨ ᠣᠷᠣᠯᠴᠠᠭ᠍ᠰᠠᠨ ᠱᠢᠶᠠᠨ᠎ᠤ ᠱᠠᠲᠤᠨ᠎ᠡᠴᠡ ᠳᠡᠭᠡᠭ᠌ᠰᠢᠬᠢ ᠬᠥᠳᠡᠯᠮᠦᠷᠢ᠎ᠶ᠋ᠢᠨ ᠬᠠᠷᠢᠴᠠᠭ᠎ᠠ᠎ᠶ᠋ᠢ ᠵᠣᠬᠢᠴᠠᠭᠤᠯᠬᠤ ᠭᠤᠷᠪᠠᠨ ᠲᠠᠯ᠎ᠠ᠎ᠶ᠋ᠢᠨ ᠲᠣᠭ᠍ᠲᠠᠴᠠ᠎ᠶ᠋ᠢᠨ ᠪᠦᠷᠬᠦᠴᠡ᠎ᠶ᠋ᠢᠨ ᠨᠤᠷᠮ᠎ᠠ 90% ᠵᠢ ᠳᠠᠪᠠᠪᠠ᠃

ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠤᠨ ᠬᠥᠳᠡᠯᠮᠦᠷᠢᠴᠢᠳ᠎ᠢ ᠬᠠᠯᠠᠮᠵᠢᠯᠠᠨ ᠬᠠᠢᠷᠠᠯᠠᠬᠤ᠎ᠳᠤ᠂ ᠠᠵᠢᠯᠲᠠᠨ ᠠᠵᠢᠯᠴᠢᠨ᠎ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠢᠭ᠎ᠠ ᠠᠰᠠᠭᠤᠳᠠᠯ᠎ᠢ ᠬᠦᠴᠦᠯᠡᠨ ᠱᠢᠢᠳᠪᠦᠷᠢᠯᠡᠵᠦ᠍ ᠥᠭ᠌ᠬᠦ ᠬᠡᠷᠡᠭ᠌ᠲᠡᠢ᠂ ᠢᠯᠠᠩᠭᠤᠶ᠎ᠠ ᠱᠢᠨ᠎ᠡ ᠠᠵᠢᠯ ᠣᠯᠭᠣᠯᠲᠠ᠎ᠶ᠋ᠢᠨ ᠬᠡᠯᠪᠡᠷᠢ᠎ᠶ᠋ᠢᠨ ᠬᠥᠳᠡᠯᠮᠦᠷᠢᠴᠢᠨ᠂ ᠬᠥᠯᠥᠰᠥᠨ ᠲᠠᠷᠢᠶᠠᠴᠢᠨ᠂ ᠬᠣᠲᠠ᠎ᠶ᠋ᠢᠨ ᠬᠦᠴᠢᠷᠳᠡᠯ᠎ᠲᠡᠶ ᠠᠵᠢᠯᠲᠠᠨ ᠠᠵᠢᠯᠴᠢᠨ ᠵᠡᠷᠭᠡ ᠬᠦᠮᠦᠰ᠎ᠢ ᠳᠡᠭᠡᠳᠦ ᠬᠡᠮᠵᠢᠶ᠎ᠡ᠎ᠪᠡᠷ ᠠᠩᠬᠠᠷᠴᠤ᠌᠂ ᠨᠠᠮ ᠪᠠ ᠵᠠᠰᠠᠭ᠎ᠤᠨ ᠣᠷᠳᠣᠨ᠎ᠤ ᠬᠠᠯᠠᠮᠵᠢᠯᠠᠯ᠎ᠢ ᠬᠦᠴᠢᠷᠳᠡᠯᠲᠡᠶ ᠣᠯᠠᠨ ᠲᠦᠮᠡᠨ᠎ᠦ ᠰᠡᠳᠭᠢᠯ᠎ᠳᠦ ᠬᠦᠷᠭᠡᠵᠦ᠍᠂ ᠲᠡᠳᠡᠨ᠎ᠳᠦ ᠨᠡᠢᠭᠡᠮ ᠵᠢᠷᠤᠮ᠎ᠤᠨ ᠶᠡᠬᠡ ᠭᠡᠷ ᠪᠦᠯᠢ᠎ᠶ᠋ᠢᠨ ᠬᠠᠢᠷ᠎ᠠ ᠬᠠᠯᠠᠮᠵᠢ᠎ᠶ᠋ᠢ ᠬᠦᠷᠲᠡᠭᠡᠬᠦ᠌ ᠬᠡᠷᠡᠭ᠌ᠲᠡᠢ᠃

ᠰᠸᠴᠤᠸᠠᠨ᠎ᠤ ᠳ᠋ᠠᠨ ᠯᠢᠩ᠎ᠳᠦ᠂ ᠱᠢᠶᠠᠨ᠎ᠤ ᠠᠵᠢᠯᠴᠢᠨ᠎ᠤ ᠶᠡᠷᠦᠩᠬᠡᠶ ᠡᠪᠯᠡᠯ᠎ᠤᠨ ᠬᠢᠨ ᠭᠡᠷ᠎ᠦᠨ ᠠᠮᠢᠳᠤᠷᠠᠯ ᠨᠢ ᠬᠦᠴᠢᠷᠲᠡᠶ ᠰᠤᠷᠤᠭ᠍ᠴᠢᠳ᠎ᠲᠤ ᠲᠡᠳᠬᠦᠮᠵᠢ᠎ᠶ᠋ᠢᠨ ᠮᠥᠩᠭᠥ᠌ ᠣᠯᠭᠣᠬᠤ᠎ᠶ᠋ᠢ ᠪᠠᠷᠢᠮᠲᠠᠯᠠᠵᠤ᠂ ᠨᠢᠭᠡ ᠬᠡᠦᠬᠡᠳ᠎ᠢ ᠴᠦ᠍ ᠬᠣᠴᠣᠷᠤᠭᠤᠯᠬᠤ ᠦᠭᠡᠶ ᠪᠠᠢᠬᠤ᠎ᠶ᠋ᠢ ᠪᠠᠲᠤᠯᠠᠵᠠᠶ;

ᠵᠧᠵᠢᠶᠠᠩ᠎ᠤᠨ ᠬᠠᠩᠵᠧᠦ᠍᠎ᠳᠦ᠂ ᠠᠵᠢᠯᠴᠢᠨ᠎ᠤ ᠡᠪᠯᠡᠯ ᠤᠯᠠᠨ ᠰᠠᠯᠠᠭ᠎ᠠ ᠮᠥᠴᠢᠷ᠎ᠯᠤᠭᠡ ᠬᠠᠮᠲᠤᠷᠠᠨ ᠬᠦᠬᠡ ᠵᠠᠭᠠᠮᠠᠳᠠᠨ ᠤ᠋ ᠨᠡᠢᠲᠡ᠎ᠶ᠋ᠢᠨ ᠪᠠᠢᠷᠢ᠎ᠶ᠋ᠢ ᠪᠠᠢᠭᠤᠯᠵᠤ᠂ ᠲᠦᠷᠭᠡᠨ ᠬᠦᠷᠭᠡᠭ᠌ᠴᠢ᠂ ᠵᠠᠬᠢᠶᠠᠯᠠᠭ᠎ᠠ᠎ᠶ᠋ᠢᠨ ᠬᠣᠭᠣᠯᠠ ᠬᠦᠷᠭᠡᠭ᠌ᠴᠢ᠂ ᠰᠦᠯᠵᠢᠶ᠎ᠡ᠎ᠪᠡᠷ ᠪᠣᠯᠵᠣᠬᠤ ᠮᠠᠱᠢᠨ ᠲᠡᠷᠭᠡᠨ᠎ᠦ ᠵᠢᠯᠣᠭᠣᠴᠢ᠂ ᠢᠳᠡᠭᠡᠨ ᠤᠮᠳᠠᠭᠠᠨ᠎ᠤ ᠦᠢᠯᠡᠴᠢᠯᠡᠭᠡᠨ᠎ᠦ ᠦᠢᠯᠡᠰ᠎ᠦᠨ ᠠᠵᠢᠯᠯᠠᠭ᠍ᠴᠢ ᠵᠡᠷᠭᠡ᠎ᠳᠦ ᠪᠣᠳᠠᠲᠤ ᠠᠱᠢᠭ ᠬᠦᠷᠲᠡᠭᠡᠬᠦ᠌᠂ ᠴᠢᠨᠠᠷ ᠰᠠᠢᠲᠠᠢ ᠬᠣᠨᠣᠭ᠎ᠪᠠᠭᠤᠳᠠᠯ ᠬᠠᠩᠭᠠᠪᠠ;

ᠬᠤᠨᠠᠨ᠎ᠤ ᠴᠠᠩᠱᠠ᠎ᠳᠤ᠂ ᠡᠮ ᠡᠮᠨᠡᠯᠭᠡ᠎ᠶ᠋ᠢᠨ ᠦᠨᠳᠦᠰᠦᠨ ᠳᠠᠭᠠᠳᠭᠠᠯ᠎ᠤᠨ ᠲᠠᠩᠰᠠ ᠲᠠᠢᠯᠬᠤ᠂ ᠠᠵᠢᠯᠲᠠᠨ ᠠᠵᠢᠯᠴᠢᠨ᠎ᠤ ᠡᠮ ᠡᠮᠨᠡᠯᠭᠡ᠎ᠶ᠋ᠢᠨ ᠲᠤᠰᠠᠯᠠᠮᠵᠢ ᠦᠵᠡᠭᠦᠯᠬᠦ᠌ ᠵᠡᠷᠭᠡ ᠡᠯ᠎ᠡ ᠲᠥᠷᠥᠯ᠎ᠦᠨ ᠨᠥᠬᠥᠪᠥᠷᠢ ᠲᠤᠰᠠᠯᠠᠮᠵᠢ ᠡᠴᠡ ᠭᠠᠳᠠᠨ᠎ᠠ᠂ ᠱᠠᠭᠠᠷᠳᠠᠯᠭ᠎ᠠ᠎ᠳᠤ ᠨᠡᠢᠴᠡᠬᠦ᠌ ᠠᠵᠢᠯᠲᠠᠨ ᠠᠵᠢᠯᠴᠢᠨ ᠪᠠᠰᠠ ᠡᠮ ᠡᠮᠨᠡᠯᠭᠡ᠎ᠶ᠋ᠢᠨ ᠲᠤᠰᠠᠯᠠᠮᠵᠢ ᠦᠵᠡᠭᠦᠯᠬᠦ᠌ 《ᠬᠣᠶᠠᠳᠠᠬᠢ ᠲᠤᠰᠠᠯᠠᠮᠵᠢ》 ᠵᠢ ᠭᠤᠶᠤᠴᠢᠯᠠᠵᠤ ᠪᠣᠯᠤᠨ᠎ᠠ ᠁

ᠵᠠᠭᠤᠨ ᠵᠢᠯ᠎ᠦᠨ ᠰᠠᠯᠬᠢ ᠪᠣᠷᠣᠭᠠᠨ ᠦᠩᠭᠡ ᠭᠡᠷᠡᠯ ᠨᠡᠮᠡᠷᠢᠯᠡᠵᠦ᠍᠂ ᠭᠠᠪᠢᠶ᠎ᠠ ᠪᠠᠢᠭᠤᠯᠵᠤ ᠦᠢᠯᠡᠰ ᠪᠦᠲᠦᠭᠡᠬᠦ᠌ ᠴᠠᠭ ᠲᠤᠬᠢᠶᠠᠯ᠎ᠠ᠃

ᠨᠠᠷᠢᠨ ᠪᠤᠳᠤᠯᠢᠶᠠᠨᠲᠠᠢ ᠳᠡᠯᠡᠬᠡᠢ᠎ᠶ᠋ᠢᠨ ᠪᠠ ᠤᠯᠤᠰ᠎ᠤᠨ ᠳᠣᠲᠣᠭᠠᠳᠤ᠎ᠶ᠋ᠢᠨ ᠪᠠᠢᠳᠠᠯ᠎ᠤᠨ ᠡᠮᠦᠨ᠎ᠡ᠂ ᠠᠵᠢᠯᠴᠢᠨ᠎ᠤ ᠡᠪᠯᠡᠯ᠎ᠦᠨ ᠬᠢᠨ ᠵᠣᠬᠢᠶᠠᠨ ᠪᠠᠢᠭᠤᠯᠬᠤ ᠦᠢᠯᠡᠳᠦᠯ᠎ᠢᠶᠡᠨ ᠨᠡᠩ ᠰᠠᠢᠲᠤᠷ ᠪᠠᠳᠠᠷᠠᠭᠤᠯᠵᠤ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶ᠋ᠢ ᠠᠬᠢᠭᠤᠯᠬᠤ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢ ᠪᠡᠶᠡᠯᠡᠭᠦᠯᠬᠦ᠌ ᠬᠦᠴᠦᠷᠬᠡᠭ ᠶᠡᠬᠡ ᠢᠳᠡᠪᠬᠢ ᠬᠦᠴᠦᠨ᠎ᠢ ᠨᠢᠭ᠍ᠲᠠᠷᠠᠭᠤᠯᠪᠠ᠃

ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠤᠤᠯ ᠪᠤᠯᠭᠠᠬᠰᠡᠨ ᠨᠠᠮ᠎ᠤᠨ ᠲᠥᠪ ᠬᠣᠷᠢᠶ᠎ᠠ ᠠᠵᠢᠯᠴᠢᠨ᠎ᠤ ᠡᠪᠯᠡᠯ᠎ᠦᠨ ᠥᠭᠡᠷᠡᠴᠢᠯᠡᠯᠲᠡ ᠪᠠ ᠪᠥᠲᠥᠭᠡᠨ ᠪᠠᠢᠭᠤᠯᠤᠯᠲᠠ᠎ᠶ᠋ᠢᠨ ᠠᠵᠢᠯ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠪᠡ᠃ 2015 ᠣᠨ᠎ᠤ 11 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠠᠷᠪᠠᠨ ᠨᠠᠢ᠍ᠮᠠᠳᠤᠭᠠᠷ ᠬᠤᠭᠤᠴᠠᠭᠠᠨ᠎ᠤ ᠲᠥᠪ᠎ᠦᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌ ᠤᠳᠤᠷᠢᠳᠭᠤ ᠳᠤᠭᠤᠢᠯᠠᠩ᠎ᠤᠨ ᠠᠷᠪᠠᠨ ᠨᠠᠢ᠍ᠮᠠᠳᠤᠭᠠᠷ ᠤᠳᠠᠭ᠎ᠠ᠎ᠶ᠋ᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂《ᠪᠦᠬᠦ᠌ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ᠎ᠦᠨ ᠥᠭᠡᠷᠡᠴᠢᠯᠡᠯᠲᠡ᠎ᠶ᠋ᠢᠨ ᠲᠤᠷᠱᠢᠯᠲᠠ᠎ᠶ᠋ᠢᠨ ᠴᠡᠭ᠎ᠦᠨ ᠲᠥᠰᠦᠯ》 ᠢ᠋ ᠬᠢᠨᠠᠨ ᠵᠥᠪᠯᠡᠵᠦ᠍ ᠪᠠᠲᠤᠯᠠᠪᠠ᠃

ᠡᠨᠡ ᠬᠦ᠌ ᠥᠭᠡᠷᠡᠴᠢᠯᠡᠯᠲᠡ ᠨᠢ ᠠᠵᠢᠯᠴᠢᠨ᠎ᠤ ᠡᠪᠯᠡᠯ᠎ᠦᠨ ᠠᠵᠢᠯ ᠪᠠ ᠠᠵᠢᠯᠴᠢᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠶ᠋ᠢᠨ ᠤᠯᠤᠰ ᠲᠦᠷᠦᠴᠢ ᠴᠢᠨᠠᠷ᠂ ᠲᠡᠷᠢᠭᠦᠨ᠎ᠦ ᠴᠢᠨᠠᠷ᠂ ᠤᠯᠠᠨ ᠲᠦᠮᠡᠨᠴᠢ ᠴᠢᠨᠠᠷ᠎ᠢ ᠪᠠᠷᠢᠮᠲᠠᠯᠠᠨ ᠴᠢᠩᠭᠠᠳᠭᠠᠬᠤ ᠡᠨᠡ ᠬᠦ᠌ ᠭᠣᠣᠯ ᠱᠢᠵᠢᠮ᠎ᠲᠡᠶ ᠨᠢᠭ᠍ᠲᠠ ᠤᠶᠠᠯᠳᠤᠭᠤᠯᠤᠨ᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠠᠵᠢᠯᠴᠢᠨ᠎ᠤ ᠡᠪᠯᠡᠯ᠎ᠦᠨ ᠠᠵᠢᠯ᠎ᠤᠨ ᠬᠥᠭ᠌ᠵᠢᠯᠲᠡ᠎ᠶ᠋ᠢ ᠬᠢᠵᠠᠭᠠᠷᠯᠠᠵᠤ ᠪᠠᠢᠭ᠎ᠠ ᠲᠤᠪᠤᠢ᠌ᠮ᠎ᠠ ᠠᠰᠠᠭᠤᠳᠠᠯ᠎ᠢ ᠬᠦᠴᠦᠯᠡᠨ ᠱᠢᠢᠳᠪᠦᠷᠢᠯᠡᠪᠡ᠃

ᠠᠵᠢᠯᠴᠢᠨ᠎ᠤ ᠡᠪᠯᠡᠯ᠎ᠦᠨ ᠪᠠᠢᠭᠤᠯᠭ᠎ᠠ᠎ᠶ᠋ᠢᠨ ᠺᠠᠳ᠋ᠷ᠎ᠤᠨ ᠦᠨᠳᠦᠰᠦᠨ ᠱᠠᠲᠤᠨ᠎ᠳᠤ ᠬᠦᠷᠴᠦ᠍ ᠴᠡᠭ᠎ᠲᠦ ᠰᠠᠭᠤᠬᠤ ᠠᠵᠢᠯ᠎ᠢ ᠪᠠᠢᠩᠭᠤᠵᠢᠭᠤᠯᠵᠤ᠂ ᠤᠷᠳᠤ ᠬᠤᠭᠤᠴᠠᠭ᠎ᠠ ᠪᠦᠲᠦᠮᠵᠢᠲᠡᠢ᠂ ᠳᠦᠷᠢᠮᠵᠢᠭᠦᠯᠦᠨ ᠥᠷᠨᠢᠭᠦᠯᠬᠦ᠌᠎ᠡᠴᠡ 《ᠱᠢᠶᠠᠨ᠎ᠤ ᠱᠠᠲᠤᠨ᠎ᠤ ᠠᠵᠢᠯᠴᠢᠨ᠎ᠤ ᠡᠪᠯᠡᠯ᠎ᠢ ᠴᠢᠩᠭᠠᠳᠭᠠᠬᠤ ᠣᠨ》 ᠲᠤᠰᠭᠠᠢ ᠠᠵᠢᠯ᠎ᠢ ᠥᠷᠨᠢᠭᠦᠯᠬᠦ᠌ ᠬᠦᠷᠲᠡᠯ᠎ᠡ᠂ ᠬᠥᠮᠦᠨ᠎ᠦ ᠬᠦᠴᠦᠨ᠂ ᠪᠣᠳᠠᠰ᠎ᠤᠨ ᠬᠦᠴᠦᠨ᠂ ᠡᠳ᠋᠎ᠦᠨ ᠬᠦᠴᠦᠨ᠎ᠢ ᠦᠨᠳᠦᠰᠦᠨ ᠱᠠᠳᠤ ᠲᠡᠢᠰᠢ ᠬᠡᠯᠪᠡᠢᠯᠭᠡᠬᠦ᠌᠎ᠶ᠋ᠢ ᠠᠬᠢᠭᠤᠯᠪᠠ; ᠱᠢᠨ᠎ᠡ ᠬᠡᠯᠪᠡᠷᠢ᠎ᠶ᠋ᠢᠨ ᠠᠵᠢᠯ ᠣᠯᠭᠣᠯᠲᠠ᠎ᠶ᠋ᠢᠨ ᠬᠥᠳᠡᠯᠮᠦᠷᠢᠴᠢᠳ᠎ᠦᠨ ᠠᠵᠢᠯᠴᠢᠨ᠎ᠤ ᠡᠪᠯᠡᠯ᠎ᠳᠦ ᠣᠷᠣᠬᠤ ᠲᠥᠪᠯᠡᠷᠡᠩᠭᠦᠢ ᠠᠵᠢᠯᠯᠠᠭ᠎ᠠ᠂ ᠵᠠᠭᠤᠨ ᠬᠥᠮᠦᠨ᠎ᠡᠴᠡ ᠳᠡᠭᠡᠭ᠌ᠰᠢᠬᠢ ᠠᠵᠤ ᠠᠬᠤᠢᠯᠠᠯ᠎ᠤᠨ ᠠᠵᠢᠯᠴᠢᠨ᠎ᠤ ᠡᠪᠯᠡᠯ ᠪᠠᠢᠭᠤᠯᠬᠤ ᠲᠤᠰᠭᠠᠢ ᠠᠵᠢᠯᠯᠠᠭ᠎ᠠ ᠪᠠ ᠨᠡᠢᠭᠡᠮ᠎ᠦᠨ ᠵᠣᠬᠢᠶᠠᠨ ᠪᠠᠢᠭᠤᠯᠤᠯᠲᠠ᠎ᠶ᠋ᠢᠨ ᠠᠵᠢᠯᠴᠢᠨ᠎ᠤ ᠡᠪᠯᠡᠯ ᠪᠠᠢᠭᠤᠯᠬᠤ ᠲᠤᠰᠭᠠᠢ ᠠᠵᠢᠯᠯᠠᠭ᠎ᠠ᠎ᠶ᠋ᠢ ᠥᠷᠨᠢᠭᠦᠯᠬᠦ᠌᠎ᠡᠴᠡ ᠡᠯ᠎ᠡ ᠱᠠᠲᠤᠨ᠎ᠤ ᠠᠵᠢᠯᠴᠢᠨ᠎ᠤ ᠡᠪᠯᠡᠯ ᠢᠯᠠᠩᠭᠤᠶ᠎ᠠ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ᠎ᠦᠨ ᠱᠢᠨ᠎ᠡ᠎ᠶ᠋ᠢ ᠡᠭᠦᠳᠦᠭ᠌ᠰᠡᠨ ᠠᠷᠭ᠎ᠠ ᠬᠢᠳᠡᠯ ᠪᠠ ᠨᠡᠢᠲᠡᠯᠢᠭ ᠬᠡᠷᠡᠭ᠎ᠦᠨ ᠵᠢᠱ᠌ᠢᠢ᠎ᠡ᠎ᠶ᠋ᠢ ᠳ᠋ᠦᠩᠨᠡᠬᠦ᠌᠂ ᠤᠬᠠᠭᠤᠯᠬᠤ᠂ ᠳᠡᠯᠭᠡᠷᠡᠭᠦᠯᠬᠦ᠌ ᠬᠦᠷᠲᠡᠯ᠎ᠡ᠂ ᠪᠦᠬᠦ᠌ ᠤᠯᠤᠰ᠎ᠤᠨ ᠠᠵᠢᠯᠴᠢᠨ᠎ᠤ ᠶᠡᠷᠦᠩᠬᠡᠢ ᠡᠪᠯᠡᠯ ᠦᠢᠯᠡᠳᠦᠯᠭᠡ᠎ᠶ᠋ᠢᠨ ᠳᠤᠮᠳᠠ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ᠎ᠦᠨ ᠬᠦᠳᠦᠯᠦᠨ ᠳᠠᠭᠠᠭᠤᠯᠬᠤ ᠬᠦᠴᠦᠨ᠂ ᠵᠣᠬᠢᠶᠠᠨ ᠪᠠᠢᠭᠤᠯᠬᠤ ᠬᠦᠴᠦᠨ᠂ ᠦᠢᠯᠡᠴᠢᠯᠡᠬᠦ᠌ ᠬᠦᠴᠦᠨ᠎ᠢ ᠲᠠᠰᠤᠷᠠᠯᠳᠠ ᠦᠭᠡᠢ ᠴᠢᠩᠭᠠᠷᠠᠭᠤᠯᠪᠠ᠃

ᠪᠦᠬᠦ᠌ ᠤᠯᠤᠰ᠎ᠤᠨ ᠭᠣᠣᠯ ᠪᠣᠯᠬᠤ ᠬᠤᠳᠠ ᠪᠣᠯᠤᠨ ᠬᠤᠳᠠ᠎ᠶ᠋ᠢᠨ ᠭᠣᠣᠯᠳᠠᠯᠭ᠎ᠠ᠎ᠲᠠᠶ ᠣᠷᠣᠨ ᠪᠦᠰᠡ᠎ᠳᠦ᠂ 15 ᠮᠢᠨᠦ᠋ᠲ᠎ᠦᠨ ᠦᠢᠯᠡᠴᠢᠯᠡᠭᠡᠨ᠎ᠦ ᠲᠣᠭᠣᠷᠢᠭ᠎ᠲᠤ ᠠᠵᠢᠯᠴᠢᠨ᠎ᠤ ᠡᠪᠯᠡᠯ᠎ᠦᠨ ᠦᠷᠳᠡᠬᠡ᠎ᠶ᠋ᠢᠨ ᠪᠠᠷ᠎ᠠ ᠰᠡᠭᠦᠳᠡᠷ ᠬᠠᠷᠠᠭ᠍ᠳᠠᠨ᠎ᠠ᠃ ᠬᠠᠯᠠᠭᠤᠨ ᠳᠤᠯᠠᠭᠠᠨ ᠥᠷᠲᠡᠭᠡ ᠴᠡᠭ᠎ᠢ ᠪᠠᠢᠷᠢᠯᠠᠭᠤᠯᠤᠨ ᠵᠢᠯ ᠲᠤᠷᠰᠢ ᠠᠮᠠᠷᠠᠬᠤ ᠭᠠᠵᠠᠷ ᠵᠣᠷᠯᠣᠩ᠂ ᠤᠰᠤ ᠤᠤᠭᠤᠬᠤ ᠰᠡᠷᠢᠭᠦᠴᠡᠬᠦ᠌᠂ ᠬᠣᠭᠣᠯᠠ ᠤᠮᠳᠠ᠎ᠪᠠᠨ ᠬᠠᠯᠠᠭᠠᠬᠤ᠂ ᠬᠦᠶ᠋ᠲᠡᠨ ᠡᠴᠡ ᠬᠠᠯᠬᠠᠯᠠᠵᠤ ᠪᠣᠷᠣᠭᠠᠨ᠎ᠠᠴᠠ ᠵᠠᠢᠯᠠᠬᠤ᠂ ᠭᠠᠷ ᠤᠲᠠᠰᠤ ᠴᠡᠨᠡᠭ᠌ᠯᠡᠬᠦ᠌ ᠵᠡᠷᠭᠡ ᠦᠶ᠋ᠯᠡᠴᠢᠯᠡᠭᠡ ᠬᠠᠩᠭᠠᠵᠤ᠂ ᠪᠠᠴᠢᠮ ᠶᠠᠭᠠᠷᠠᠯᠳᠠᠢ ᠠᠵᠢᠯᠯᠠᠵᠤ ᠪᠠᠢᠭ᠎ᠠ ᠬᠥᠳᠡᠯᠮᠦᠷᠢᠴᠢᠳ᠎ᠲᠦ ᠠᠮᠠᠷᠠᠬᠤ 《ᠣᠷᠣᠨ ᠵᠠᠶ》 ᠶ᠋ᠢ ᠪᠣᠶ ᠪᠣᠯᠭᠠᠵᠤ ᠥᠭ᠌ᠪᠠ᠃ 2024 ᠣᠨ᠎ᠤ ᠰᠡᠬᠦᠯᠴᠢ ᠪᠣᠯᠲᠠᠯ᠎ᠠ ᠪᠥᠬᠥ᠌ ᠤᠯᠤᠰ᠎ᠲᠤ ᠠᠵᠢᠯᠴᠢᠨ᠎ᠤ ᠡᠪᠯᠡᠯ᠎ᠦᠨ ᠥᠷᠲᠡᠭᠡ᠎ᠶ᠋ᠢ ᠨᠢᠭᠡᠨᠲᠡ 18.61 ᠲᠦᠮᠡ ᠪᠠᠢᠭᠤᠯᠵᠤ᠂ ᠡᠳᠦᠷ᠎ᠲᠦ 230.97 ᠲᠦᠮᠡᠨ ᠬᠥᠮᠦᠨ ᠤᠳᠠᠭ᠎ᠠ ᠦᠶ᠋ᠯᠡᠴᠢᠯᠡᠵᠦ᠍᠂ ᠪᠥᠬᠥ᠌ ᠵᠢᠯ᠎ᠳᠦ ᠨᠡᠢᠲᠡ 8 ᠳ᠋ᠦᠩᠱᠢᠭᠤᠷ ᠬᠥᠮᠦᠨ ᠤᠳᠠᠭ᠎ᠠ ᠦᠶ᠋ᠯᠡᠴᠢᠯᠡᠪᠡ᠃

ᠲᠦᠭ ᠲᠦᠮᠡᠨ ᠠᠵᠢᠯᠲᠠᠨ ᠠᠵᠢᠯᠴᠢᠨ ᠣᠯᠠᠨ ᠲᠦᠮᠡᠨ᠎ᠳᠦ ᠱᠢᠭᠤᠳ ᠦᠶ᠋ᠯᠡᠴᠢᠯᠡᠬᠦ᠌ 《ᠠᠵᠢᠯᠲᠠᠨ ᠠᠵᠢᠯᠴᠢᠨ᠎ᠤ ᠬᠡᠷ》 APP ᠎ᠶ᠋ᠢ ᠡᠭᠦᠳᠦᠨ ᠪᠠᠢᠭᠤᠯᠵᠤ᠂ ᠰᠡᠳᠭᠢᠴᠡ᠎ᠶ᠋ᠢᠨ ᠯᠠᠪᠯᠠᠭ᠎ᠠ᠎ᠶ᠋ᠢᠨ ᠬᠠᠯᠠᠮᠱᠢᠯ ᠤᠲᠠᠰᠤ᠎ᠶ᠋ᠢ ᠨᠡᠪᠲᠡᠷᠡᠭᠦᠯᠦᠨ ᠬᠥᠳᠡᠯᠮᠦᠷᠢᠴᠢᠳ᠎ᠦᠨ ᠰᠡᠳᠭᠢᠴᠡ᠎ᠶ᠋ᠢᠨ ᠬᠦᠴᠢᠷᠳᠡᠯ᠎ᠢ ᠱᠢᠶ᠋ᠳᠪᠦᠷᠢᠯᠡᠵᠦ᠍᠂ ᠠᠵᠢᠯᠲᠠᠨ ᠠᠵᠢᠯᠴᠢᠨ ᠢ᠋ ᠬᠠᠯᠠᠮᠵᠢᠯᠠᠬᠤ ᠢᠨᠲ᠋ᠧᠷ ᠰᠦᠯᠵᠢᠶᠡᠨ᠎ᠦ ᠲᠠᠪᠴᠠᠩ᠎ᠢ ᠪᠠᠢᠭᠤᠯᠪᠠ ᠁ ᠶᠡᠷᠦᠩᠬᠡᠶ ᠱᠦᠵᠢ ᠰᠢ ᠵᠢᠨ ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠵᠢᠯᠴᠢᠨ᠎ᠤ ᠡᠪᠯᠡᠯ᠎ᠠᠵᠢᠯᠲᠠᠨ ᠠᠵᠢᠯᠴᠢᠨ ᠣᠯᠠᠨ ᠲᠦᠮᠡᠨ᠎ᠳᠦ ᠤᠨᠤᠴᠠᠳᠠᠢ ᠳᠣᠲᠣᠨᠣ ᠦᠶ᠋ᠯᠡᠴᠢᠯᠡᠭᠡ ᠬᠠᠩᠭᠠᠵᠤ᠂ ᠣᠯᠠᠨ ᠲᠦᠮᠡᠨ᠎ᠳᠦ ᠦᠶ᠋ᠯᠡᠴᠢᠯᠡᠬᠦ᠌ ᠪᠣᠳᠠᠲᠤ ᠦᠷ᠎ᠡ ᠪᠦᠲᠦᠮᠵᠢ᠎ᠪᠡᠷ ᠬᠥᠮᠦᠰ᠎ᠦᠨ ᠰᠡᠳᠭᠢᠯ᠎ᠢ ᠳᠣᠭ᠍ᠳᠣᠯᠤᠭᠤᠯᠬᠤ᠂ ᠬᠥᠮᠦᠰ᠎ᠦᠨ ᠰᠡᠳᠭᠢᠯ᠎ᠢ ᠳᠤᠯᠠᠭᠠᠴᠠᠭᠤᠯᠬᠤ᠂ ᠬᠥᠮᠦᠰ᠎ᠦᠨ ᠰᠡᠳᠭᠢᠯ᠎ᠢ ᠨᠥᠯᠥᠭᠡᠯᠡᠬᠦ᠌᠂ ᠬᠥᠮᠦᠰ᠎ᠦᠨ ᠰᠡᠳᠭᠢᠯ᠎ᠢ ᠤᠯᠬᠤ᠎ᠶ᠋ᠢ ᠲᠠᠰᠤᠷᠠᠯᠲᠠ ᠥᠬᠡᠶ ᠰᠦᠪᠡᠭ᠌ᠴᠢᠯᠡᠪᠡ᠃

ᠠᠵᠢᠯᠴᠢᠨ᠎ᠤ ᠡᠪᠯᠡᠯ᠎ᠦᠨ ᠠᠵᠢᠯ᠎ᠤᠨ ᠱᠢᠰᠲ᠋ᠧᠮ᠎ᠢ ᠭᠠᠷᠳᠠᠨ ᠪᠠᠢᠭᠤᠯᠤᠨ᠎ᠠ᠃ ᠠᠵᠢᠯᠴᠢᠨ᠎ᠤ ᠡᠪᠯᠡᠯ᠎ᠦᠨ ᠦᠨᠳᠦᠰᠦᠨ ᠲᠤᠱᠢᠶᠠᠯ ᠬᠠᠷᠢᠭᠤᠴᠠᠯᠭ᠎ᠠ᠎ᠶ᠋ᠢ ᠦᠨᠳᠦᠰᠦᠯᠡᠨ᠂ ᠲᠤᠬᠠᠢᠯᠠᠭ᠍ᠰᠠᠨ ᠠᠵᠢᠯ᠎ᠢᠶᠠᠨ ᠱᠢᠰᠲ᠋ᠧᠮ᠎ᠲᠡᠶ ᠡᠮᠬᠢᠯᠡᠵᠦ᠍᠂ ᠠᠵᠢᠯᠴᠢᠨ᠎ᠤ ᠡᠪᠯᠡᠯ᠎ᠦᠨ ᠲᠤᠬᠠᠢᠯᠠᠭ᠍ᠰᠠᠨ ᠠᠵᠢᠯ᠎ᠤᠨ ᠱᠢᠰᠲ᠋ᠧᠮ᠎ᠦᠨ ᠪᠦᠲᠦᠴᠡ᠎ᠶ᠋ᠢ ᠲᠣᠭ᠍ᠲᠠᠭᠠᠨ᠂ ᠠᠵᠢᠯᠴᠢᠨ᠎ᠤ ᠡᠪᠯᠡᠯ᠎ᠦᠨ ᠠᠵᠢᠯ᠎ᠤᠨ ᠪᠠᠷᠢᠮᠵᠢᠶ᠎ᠠ᠎ᠶ᠋ᠢᠨ ᠱᠢᠰᠲ᠋ᠧᠮ᠎ᠢ ᠭᠠᠷᠳᠠᠨ ᠪᠠᠢᠭᠤᠯᠵᠤ᠂ ᠲᠠᠷᠠᠭᠠᠴᠢ᠎ᠶ᠋ᠢᠨ ᠠᠯᠬᠤᠮ᠎ᠤᠨ ᠨᠡᠩ ᠥᠨᠳᠥᠷ ᠦᠷ᠎ᠡ ᠪᠦᠲᠦᠮᠵᠢᠲᠡᠢ᠂ ᠨᠡᠩ ᠴᠢᠨᠠᠷ ᠰᠠᠢᠲᠠᠢ᠎ᠪᠠᠷ ᠲᠦᠭ ᠲᠦᠮᠡᠨ ᠠᠵᠢᠯᠳᠠᠨ ᠠᠵᠢᠯᠴᠢᠨ ᠤᠯᠠᠨ ᠲᠦᠮᠡᠨ᠎ᠳᠦ ᠦᠢᠯᠡᠴᠢᠯᠡᠬᠦ᠌᠎ᠳᠦ ᠪᠠᠲᠤ ᠪᠡᠬᠢ ᠰᠠᠭᠤᠷᠢ᠎ᠶ᠋ᠢ ᠲᠠᠯᠪᠢᠨ᠎ᠡ᠃

ᠰᠡᠳᠭᠢᠯ ᠨᠢᠭᠡᠳᠦᠨ ᠠᠭᠤᠤ ᠦᠢᠯᠡᠰ᠎ᠢ ᠴᠣᠭ᠍ᠴᠠᠯᠠᠵᠤ᠂ ᠡᠷᠡᠮᠡᠬᠡᠢᠯᠡᠨ ᠤᠷᠤᠭ᠍ᠰᠢᠯᠠᠵᠤ ᠱᠢᠨ᠎ᠡ ᠠᠶᠠᠨ᠎ᠢᠶᠠᠨ ᠡᠬᠢᠯᠡᠭᠦᠯᠦᠨ᠎ᠡ᠃

ᠱᠢᠨ᠎ᠡ ᠴᠠᠭ ᠦᠶ᠎ᠡ ᠱᠢᠨ᠎ᠡ ᠠᠶᠠᠨ᠎ᠳᠤ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ᠎ᠤᠨ ᠠᠵᠢᠯᠴᠢᠨ᠎ᠤ ᠡᠪᠯᠡᠯ ᠲᠦᠭ ᠲᠦᠮᠡᠨ ᠠᠵᠢᠯᠳᠠᠨ ᠠᠵᠢᠯᠴᠢᠨ ᠤᠯᠠᠨ ᠲᠦᠮᠡᠨ᠎ᠢ ᠵᠣᠬᠢᠶᠠᠨ ᠪᠠᠢᠭᠤᠯᠤᠨ ᠲᠠᠢ᠌ᠴᠢᠯᠠᠵᠥ᠍ ᠨᠡᠩ ᠴᠢᠩᠭ᠎ᠠ ᠲᠡᠦᠬᠡ᠎ᠶ᠋ᠢᠨ ᠤᠬᠠᠮᠰᠠᠷ ᠪᠣᠯᠤᠨ ᠰᠠᠨᠠᠭᠠᠴᠢᠯᠠᠭᠠᠲᠤ ᠵᠣᠷᠢᠭ ᠰᠠᠨᠠᠭ᠎ᠠ᠎ᠪᠠᠷ᠂ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠬᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠠᠬᠢᠭᠤᠯᠬᠤ᠎ᠳᠤ ᠨᠡᠩ ᠶᠡᠬᠡ ᠱᠢᠨ᠎ᠡ ᠬᠤᠪᠢ ᠨᠡᠮᠡᠷᠢ ᠦᠵᠡᠭᠦᠯᠬᠦ᠌ ᠪᠣᠯᠤᠨ᠎ᠠ᠃

 (ᠱᠢᠨᠬᠤᠸᠠ ᠬᠣᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 27 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号