ᠪᠣᠳᠠᠲᠠᠶ ᠠᠵᠢᠯᠯᠠᠬᠤ ᠵᠣᠷᠢᠭ ᠰᠠᠨᠠᠭ᠎ᠠ᠎ᠪᠠᠷ ᠱᠢᠨ᠎ᠡ ᠴᠠᠭ ᠦᠶ᠎ᠡ᠎ᠶ᠋ᠢᠨ ᠠᠭᠤᠷᠬᠠᠢᠴᠢᠨ᠎ᠤ ᠭᠠᠢᠬᠠᠮᠱᠢᠭ᠎ᠢ ᠪᠢᠴᠢᠭ᠌ᠯᠡᠨ᠎ᠡ
2025-04-30 11:41:59
ᠵᠣᠬᠢᠶᠠᠭ᠍ᠴᠢ᠄
ᠬᠤᠤ ᠱᠢᠤᠸᠠᠢ ᠯᠢᠶᠠᠨ
ᠣᠩᠱᠢᠭ᠍ᠰᠠᠨ ᠣᠳᠠᠭ᠎ᠠ᠄
★★★☆☆

 — ᠪᠥᠬᠥ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠂ ᠡᠵᠡᠨ ᠬᠣᠷᠣᠭ᠎ᠠ ᠬᠣᠱᠢᠭᠤᠨ᠎ᠤ ᠮᠸᠩ ᠲᠠᠢ ᠨᠡᠭᠦᠷᠡᠰᠦᠨ᠎ᠦ ᠬᠢᠵᠠᠭᠠᠷᠲᠤ ᠺᠣᠮᠫᠠᠨᠢ᠎ᠶ᠋ᠢᠨ ᠸᠧ ᠲᠦ ᠭᠸᠦ ᠨᠡᠭᠦᠷᠡᠰᠦᠨ ᠠᠭᠤᠷᠬᠠᠶ᠎ᠶ᠋ᠢᠨ ᠵᠠᠩᠭᠤᠤᠳᠠᠵᠤ ᠮᠠᠯᠲᠠᠬᠤ ᠠᠩᠭᠢ᠎ᠶ᠋ᠢᠨ ᠳᠠᠷᠤᠭ᠎ᠠ ᠸᠠᠩ ᠸᠧᠶ ᠵᠢ ᠲᠡᠮᠳᠡᠭᠯᠡᠪᠡ


 4 ᠰᠠᠷ᠎ᠠ᠎ᠶ᠋ᠢᠨ 29 ᠎ᠤ᠋ ᠡᠳᠦᠷ᠂ ᠳᠤᠮᠳᠠᠳᠤ᠎ᠶ᠋ᠢᠨ ᠪᠥᠬᠥ᠌ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ ᠪᠠᠢᠭᠤᠯᠤᠭ᠍ᠳᠠᠭ᠍ᠰᠠᠨ 100 ᠵᠢᠯ ᠎ᠦᠨ ᠣᠶ ᠎ᠶ᠋ᠢ ᠪᠡᠯᠭᠡᠯᠡᠬᠦ᠌ ᠵᠢᠴᠢ ᠪᠥᠬᠥ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ ᠪᠣᠯᠤᠨ ᠲᠡᠷᠢᠭᠦᠨ᠎ᠦ ᠠᠵᠢᠯᠲᠠᠨ᠎ᠢ ᠬᠥᠬᠢᠭᠦᠯᠦᠨ ᠰᠠᠢᠱᠢᠶᠠᠬᠤ ᠶᠡᠬᠡ ᠬᠤᠷᠠᠯ᠎ᠳᠤ ᠰᠠᠶᠢᠬᠠᠨ ᠣᠷᠣᠯᠴᠠᠭ᠍ᠰᠠᠨ ᠸᠠᠩ ᠸᠧᠶ ᠣᠷᠳᠣᠰ ᠬᠣᠲᠠ᠎ᠶ᠋ᠢᠨ ᠡᠵᠡᠨ ᠬᠣᠷᠣᠭ᠎ᠠ ᠬᠣᠱᠢᠭᠤᠨ᠎ᠤ ᠮᠸᠩ ᠲᠠᠢ ᠨᠡᠭᠦᠷᠡᠰᠦᠨ᠎ᠦ ᠬᠢᠵᠠᠭᠠᠷᠲᠤ ᠺᠣᠮᠫᠠᠨᠢ᠎ᠶ᠋ᠢᠨ ᠸᠧ ᠲᠦ ᠭᠸᠦ ᠨᠡᠭᠦᠷᠡᠰᠦᠨ ᠠᠭᠤᠷᠬᠠᠶ᠎ᠳᠠᠭᠠᠨ ᠲᠠᠷᠤᠢᠬᠠᠨ ᠪᠤᠴᠠᠵᠤ ᠠᠵᠢᠯ᠎ᠳᠠᠭᠠᠨ ᠶᠠᠭᠠᠷᠠᠵᠤ ᠡᠬᠢᠯᠡᠯ᠎ᠡ᠃

ᠠᠭᠤᠷᠬᠠᠢ᠎ᠶ᠋ᠢᠨ ᠬᠤᠳᠳᠤᠭ᠎ᠤᠨ ᠭᠦᠨ᠎ᠳᠦ᠂ ᠮᠠᠰᠢᠨ ᠮᠧᠬᠠᠨᠢᠭ ᠥᠨᠳᠥᠷ ᠬᠤᠷᠳᠤᠴᠠ᠎ᠪᠠᠷ ᠡᠷᠭᠢᠯᠳᠦᠨ ᠬᠡᠷᠴᠢᠵᠦ᠍᠂ ᠤᠶᠤᠨᠴᠢᠯᠠᠬ᠍ᠰᠠᠨ ᠵᠠᠩᠭᠤᠤᠳᠠᠵᠤ ᠮᠠᠯᠲᠠᠬᠤ ᠨᠢᠭᠡ ᠴᠤᠬ᠍ᠴᠠᠵᠢᠭᠤᠯᠤᠬ᠍ᠰᠠᠨ ᠮᠠᠱᠢᠨ ᠬᠦᠷᠴᠢᠭᠢᠨᠡᠨ ᠠᠵᠢᠯᠯᠠᠨ᠎ᠠ᠃ ᠸᠠᠩ ᠸᠧᠢ ᠪᠣᠯᠤᠨ ᠠᠩᠬᠢ ᠳᠤᠭᠤᠢᠯᠠᠩ᠎ᠤᠨ ᠭᠡᠱᠢᠭᠦᠳ ᠣᠶᠤᠨᠴᠢ ᠮᠠᠱᠢᠨ ᠮᠧᠬᠠᠨᠢᠭ ᠎ᠢ ᠵᠢᠯᠣᠭᠣᠳᠴᠤ᠌ ᠪᠦᠬᠦ ᠬᠦᠴᠦᠨ᠎ᠢᠶᠡᠷ᠎ᠢᠶᠡᠨ ᠵᠠᠩᠭᠤᠤᠳᠠᠵᠤ ᠮᠠᠯᠲᠠᠨ᠎ᠠ᠃ 《ᠪᠢᠳᠡᠨ᠎ᠦ ᠣᠳᠣ᠎ᠶ᠋ᠢᠨ ᠪᠠᠷᠢᠯᠭ᠎ᠠ᠎ᠶ᠋ᠢᠨ ᠠᠵᠢᠯ᠎ᠤᠨ ᠲᠡᠭᠡᠭᠡᠪᠦᠷᠢ ᠵᠢᠨ ᠵᠠᠮ᠎ᠤᠨ ᠲᠥᠯᠥᠪᠯᠡᠭᠰᠡᠨ ᠤᠷᠲᠤ᠎ᠨᠢ 2524 ᠮᠧᠲ᠋ᠷ ᠪᠠᠢᠵᠤ᠂ ᠣᠳᠣᠬᠠᠨ᠎ᠳᠤ ᠨᠢᠭᠡᠨᠲᠡ ᠬᠠᠭᠠᠰ᠎ᠢ᠎ᠨᠢ ᠲᠠᠭᠤᠰᠬᠠᠵᠤ᠂ ᠨᠡᠭᠦᠷᠡᠰᠦᠨ ᠳᠠᠪᠬᠤᠷᠭ᠎ᠠ᠎ᠶ᠋ᠢᠨ ᠳᠡᠭᠡᠨᠴᠡᠯ ᠨᠡᠯᠢᠶᠡᠳ ᠶᠡᠬᠡ ᠮᠥᠷᠲᠡᠭᠡᠨ ᠵᠤᠵᠠᠭᠠᠨ᠎ᠤ ᠬᠡᠮᠵᠢᠶ᠎ᠡ᠎ᠨᠢ ᠨᠢᠮᠭᠡᠨ ᠪᠣᠯᠤᠭᠰᠠᠨ ᠡᠴᠡ ᠬᠠᠳᠠ ᠴᠢᠯᠠᠭᠤ᠎ᠶ᠋ᠢ ᠴᠤᠭᠤᠯᠤᠨ ᠮᠠᠯᠲᠠᠬᠤ ᠴᠢᠬᠤᠯᠠᠲᠠᠢ ᠪᠤᠯᠵᠠᠢ᠂ ᠡᠨᠡ᠎ᠨᠢ ᠪᠠᠷᠢᠯᠭ᠎ᠠ ᠵᠢᠨ ᠠᠵᠢᠯ᠎ᠳᠤ ᠵᠣᠬᠢᠬᠤ ᠬᠦᠴᠢᠷᠳᠡᠯ᠎ᠢ ᠠᠪᠴᠢᠷᠠᠵᠤ ᠥᠭ᠌ᠴᠡᠢ᠂ ᠪᠢᠳᠡ ᠪᠦᠬᠦ᠌ ᠬᠦᠴᠦᠨ᠎ᠢᠶᠡᠷ᠎ᠢᠶᠡᠨ ᠴᠢᠷᠮᠠᠢᠬᠤ ᠬᠡᠷᠡᠭ᠌ᠲᠡᠢ》 ᠭᠡᠵᠦ ᠬᠦᠴᠢᠷ ᠪᠡᠷᠬᠡᠱᠢᠶᠡᠯ᠎ᠡᠴᠡ ᠶᠡᠷᠦ ᠨᠢ ᠡᠮᠢᠶᠡᠵᠦ ᠦᠵᠡᠭᠡ ᠦᠭᠡᠢ ᠸᠠᠩ ᠸᠧᠢ ᠬᠡᠯᠡᠨ᠎ᠡ᠃

ᠨᠡᠭᠦᠷᠡᠰᠦᠨ ᠠᠭᠤᠷᠬᠠᠢ᠎ᠳᠦ 19 ᠵᠢᠯ ᠠᠵᠢᠯᠯᠠᠬᠤ᠎ᠳᠠᠭᠠᠨ᠂ ᠲᠡᠷᠡ 《ᠪᠤᠲᠠᠳᠤ ᠠᠵᠢᠯᠯᠠᠭ᠎ᠠ ᠨᠢ ᠬᠣᠭᠣᠰᠣᠨ ᠶᠠᠷᠢᠶ᠎ᠠ᠎ᠡᠴᠡ ᠲᠡᠭᠡᠷ᠎ᠡ》 ᠭᠡᠬᠦ᠌ ᠣᠢᠯᠠᠭᠠᠭ᠍ᠳᠠᠬᠤᠨ᠎ᠢ ᠪᠠᠲᠤ ᠪᠠᠷᠢᠮᠳᠠᠯᠠᠵᠤ᠂ ᠦᠨᠳᠦᠰᠦᠨ ᠱᠠᠲᠤᠨ᠎ᠤ ᠠᠵᠢᠯ᠎ᠤᠨ ᠪᠠᠢᠷᠢ ᠪᠠᠨ ᠯᠠᠪᠳᠠᠭᠤᠨ ᠪᠠᠲᠤᠲᠠᠢ ᠡᠬᠢᠯᠡᠭᠦᠯᠵᠦ᠍᠂ ᠠᠯᠬᠤᠮ ᠠᠯᠬᠤᠮ᠎ᠢᠶᠠᠷ ᠸᠸ  ᠲᠦ ᠭᠸᠦ ᠨᠡᠭᠦᠷᠡᠰᠦᠨ ᠠᠭᠤᠷᠬᠠᠢ᠎ᠶ᠋ᠢᠨ ᠵᠠᠩᠭᠤᠤᠳᠠᠵᠤ ᠮᠠᠯᠲᠠᠬᠤ ᠠᠩᠬᠢ᠎ᠶ᠋ᠢᠨ ᠳᠠᠷᠤᠭ᠎ᠠ ᠪᠣᠯᠪᠠ᠃ ᠠᠵᠢᠯ᠎ᠤᠨ ᠳᠤᠮᠳᠠ᠎ᠪᠠᠨ᠂ ᠲᠡᠷᠡ ᠢᠮᠠᠭ᠍ᠲᠠ ᠠᠶᠤᠯᠭᠦᠢ ᠦᠢᠯᠡᠳᠪᠦᠷᠢᠯᠡᠯ᠎ᠢ ᠲᠡᠷᠢᠭᠦᠨ ᠪᠠᠢᠷᠢᠨ᠎ᠳᠤ ᠲᠠᠯᠪᠢᠵᠤ᠂ ᠨᠡᠭᠦᠷᠡᠰᠦᠨ ᠠᠭᠤᠷᠬᠠᠢ᠎ᠶ᠋ᠢᠨ ᠲᠣᠭ᠍ᠲᠠᠭᠠᠭ᠍ᠰᠠᠨ ᠬᠠᠷᠠᠯᠲᠠ ᠡᠭᠦᠷᠭᠡ᠎ᠶ᠋ᠢᠨ ᠲᠣᠭᠣᠷᠢᠨ᠎ᠳᠤ ᠦᠢᠯᠡᠳᠪᠦᠷᠢᠯᠡᠯ᠎ᠢᠶᠡᠨ ᠨᠠᠷᠢᠨ ᠨᠢᠮᠪᠠᠢ ᠵᠣᠬᠢᠶᠠᠨ ᠪᠠᠢᠭᠤᠯᠤᠨ ᠲᠤᠬᠢᠷᠠᠭᠤᠯᠵᠤ᠂ ᠰᠤᠳᠤᠯᠬᠤ ᠪᠠ ᠪᠣᠳᠠᠲᠠᠢ ᠠᠵᠢᠯᠯᠠᠬᠤ ᠵᠣᠷᠢᠭ ᠰᠠᠨᠠᠭ᠎ᠠ᠎ᠪᠠᠷ ᠵᠠᠩᠭᠤᠤᠳᠠᠵᠤ ᠮᠠᠯᠲᠠᠬᠤ ᠠᠩᠬᠢ᠎ᠪᠡᠨ ᠳᠠᠭᠠᠭᠤᠯᠤᠨ ᠠᠯᠢ ᠤᠯᠠᠨ ᠪᠡᠷᠬᠡ ᠪᠣᠭᠣᠮᠲᠠ᠎ᠶ᠋ᠢ ᠱᠢᠪᠲᠤᠯᠵᠤ᠂ ᠨᠡᠭᠦᠷᠡᠰᠦᠨ ᠠᠭᠤᠷᠬᠠᠢ᠎ᠶ᠋ᠢᠨ ᠦᠢᠯᠡᠳᠪᠦᠷᠢᠯᠡᠯ᠎ᠦᠨ ᠶᠠᠰᠤ ᠴᠢᠨᠠᠷ ᠪᠣᠯᠤᠨ ᠦᠷ᠎ᠡ ᠪᠦᠲᠦᠮᠵᠢ᠎ᠶ᠋ᠢ ᠦᠷᠭᠦᠯᠵᠢᠯᠡᠨ ᠳᠡᠭᠡᠭ᠌ᠰᠢᠯᠡᠭᠦᠯᠵᠦ᠍᠂ ᠨᠡᠭᠦᠷᠡᠰᠦᠨ᠎ᠦ ᠠᠵᠢᠯ ᠲᠦᠷᠦᠯ᠎ᠦᠨ 《ᠲᠠᠭᠠᠭᠤᠯᠤᠬ᠍ᠴᠢ》 ᠪᠣᠯᠪᠠ᠃

2006 ᠣᠨ᠎ᠳᠤ᠂ ᠲᠦᠪ ᠴᠢᠩᠭ᠎ᠠ ᠬᠢᠨᠠᠨ ᠱᠢᠯᠭᠠᠯᠲᠠ᠎ᠪᠠᠷ ᠳᠡᠮᠵᠢᠨ ᠸᠠᠩ ᠸᠧᠶ ᠥᠪᠥᠷ ᠮᠣᠩᠭᠣᠯ᠎ᠤᠨ ᠮᠸᠩ ᠹᠠ ᠨᠡᠭᠦᠷᠡᠰᠦᠨ᠎ᠦ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠎ᠶ᠋ᠢᠨ ᠬᠥᠬᠡ ᠤᠰᠤ ᠨᠡᠭᠦᠷᠡᠰᠦᠨ ᠠᠭᠤᠷᠬᠠᠶ ᠳ᠋ᠤ ᠠᠵᠢᠯ᠎ᠤᠨ ᠭᠠᠷᠤᠭ᠎ᠠ ᠪᠠᠨ ᠠᠪᠴᠤ᠂ ᠳᠡᠯᠪᠡᠴᠢᠬᠦ᠌ ᠠᠵᠢᠯ᠎ᠤᠨ ᠭᠤᠤᠯ ᠠᠵᠢᠯ᠎ᠤᠨ ᠪᠠᠢᠷᠢ ᠪᠤᠯᠬᠤ ᠲᠡᠯᠪᠡᠴᠡᠭᠴᠢ ᠪᠣᠯᠪᠠ᠃ ᠲᠤᠱᠢᠶᠠᠯ ᠎ᠳᠤ ᠪᠠᠢᠬᠤ ᠬᠤᠭᠤᠴᠠᠭᠠᠨ᠎ᠳᠠᠭᠠᠨ᠂ ᠲᠡᠷᠡ 《ᠭᠤᠷᠪᠠᠨ ᠬᠡᠮᠵᠢᠯᠲᠦ ᠠᠮᠤᠷ ᠲᠦᠪᠱᠢᠨ ᠎ᠦ ᠬᠠᠮᠢᠶᠠᠷᠤᠯᠲᠠ᠎ᠶ᠋ᠢᠨ ᠱᠢᠰᠲ᠋ᠧᠮ》 ᠪᠣᠯᠤᠨ 《ᠠᠵᠢᠯ᠎ᠡᠴᠡ ᠡᠮᠦᠨ᠎ᠡ ᠤᠷᠢᠳᠴᠢᠯᠠᠨ ᠪᠠᠢᠴᠠᠭᠠᠯᠲᠠ ᠬᠢᠬᠦ᠌ — ᠶᠠᠪᠤᠴᠠ᠎ᠶ᠋ᠢ ᠬᠢᠨᠠᠨ ᠡᠵᠡᠮᠳᠡᠬᠦ᠌ — ᠠᠵᠢᠯ ᠎ᠤᠨ ᠳᠠᠷᠠᠭ᠎ᠠ ᠡᠷᠭᠢᠴᠡᠭᠦᠯᠦᠨ ᠲᠤᠨᠭᠭᠠᠬᠤ》 ᠪᠦᠬᠦ᠌ ᠬᠡᠯᠬᠢᠶᠡᠨ᠎ᠦ ᠬᠠᠮᠢᠶᠠᠷᠤᠨ ᠡᠵᠡᠮᠳᠡᠬᠦ᠌ ᠲᠣᠭ᠍ᠲᠡᠴᠡ᠎ᠶ᠋ᠢ ᠪᠠᠢᠭᠤᠯᠪᠠ; ᠨᠡᠢᠲᠡ 27 ᠨᠦᠭᠡᠨ ᠵᠠᠮ᠎ᠤᠨ ᠲᠤᠯᠭᠠᠭᠤᠷᠢᠯᠠᠨ ᠬᠠᠮᠠᠭᠠᠯᠠᠬᠤ ᠬᠡᠮ ᠰᠤᠭᠤᠭ᠎ᠢ ᠵᠢᠭ᠍ᠰᠠᠭᠠᠨ ᠪᠠᠢᠴᠠᠭᠠᠵᠤ ᠴᠡᠭ᠌ᠴᠡᠯᠡᠨ ᠵᠠᠰᠠᠵᠤ᠂ 11 ᠵᠦᠶ᠋ᠯ᠎ᠦᠨ ᠳᠡᠯᠪᠡᠴᠢᠯᠲᠡ᠎ᠶ᠋ᠢᠨ ᠪᠣᠯᠵᠣᠯᠲᠤ ᠲᠣᠭ᠎ᠠ᠎ᠶ᠋ᠢ ᠱᠢᠯᠢᠳᠡᠭ᠌ᠵᠢᠭᠦᠯᠪᠡ; 《ᠪᠠᠭ᠍ᠰᠢ ᠱᠠᠪᠢ ᠬᠠᠪᠰᠤᠷᠤᠯᠴᠠᠬᠤ + ᠦᠵᠡᠭ᠌ᠳᠡᠯ᠎ᠢ ᠳᠠᠭᠤᠷᠢᠶᠠᠬᠤ + ᠬᠡᠷᠡᠭ᠎ᠦᠨ ᠵᠢᠱ᠌ᠢᠶ᠎ᠡ᠎ᠶ᠋ᠢ ᠰᠤᠳᠤᠯᠤᠨ ᠶᠠᠷᠢᠯᠴᠠᠬᠤ》 ᠬᠥᠮᠦᠵᠢᠭᠦᠯᠬᠦ᠌ ᠵᠠᠭ᠍ᠪᠤᠷ᠎ᠢᠶᠠᠷ ᠳᠠᠮᠵᠢᠵᠦ᠂ ᠠᠩᠭᠢ ᠳᠤᠭᠤᠢᠯᠠᠩ᠎ᠢᠶᠠᠨ ᠳᠠᠭᠠᠭᠤᠯᠤᠨ 1095 ᠡᠳᠦᠷ ᠳᠠᠷᠠᠭᠠᠯᠠᠨ ᠠᠶᠤᠯᠭᠦᠢ ᠦᠢᠯᠡᠳᠪᠦᠷᠢᠯᠡᠯ᠎ᠦᠨ ᠡᠨᠳᠡᠯ ᠭᠠᠷᠤᠭ᠍ᠰᠠᠨ ᠦᠭᠡᠢ ᠪᠠᠢᠬᠤ᠎ᠶ᠋ᠢ ᠪᠡᠶᠡᠯᠡᠭᠦᠯᠪᠡ᠃ ᠲᠡᠭᠦᠨ᠎ᠦ ᠭᠤᠤᠯᠯᠠᠨ ᠤᠳᠤᠷᠢᠳᠤᠭ᠍ᠰᠠᠨ《ᠳᠡᠯᠪᠡᠴᠢᠯᠲᠡ᠎ᠶ᠋ᠢᠨ ᠬᠡᠰᠡᠭ ᠬᠤᠪᠢᠶᠠᠨ ᠳᠡᠯᠪᠡᠴᠢᠬᠦ ᠠᠷᠭ᠎ᠠ》 ᠶ᠋ᠢᠨ ᠱᠢᠨᠡᠴᠢᠯᠡᠯᠲᠡ ᠨᠢ ᠲᠠᠩ ᠤᠷᠴᠢᠯ᠎ᠤᠨ ᠠᠵᠢᠯ᠎ᠤᠨ ᠦᠷ᠎ᠡ ᠪᠦᠲᠦᠮᠵᠢ᠎ᠶ᠋ᠢ 18% ᠪᠡᠷ ᠳᠡᠭᠡᠭ᠌ᠰᠢᠯᠡᠭᠦᠯᠵᠦ᠍᠂ ᠵᠢᠯ᠎ᠳᠦ 15 ᠲᠦᠮᠡᠨ ᠲᠥᠭᠥᠷᠢᠭ᠎ᠦᠨ ᠭᠠᠯ ᠳᠡᠯᠪᠡᠷᠡᠯ᠎ᠤᠨ ᠪᠤᠳᠠᠰ᠎ᠤᠨ ᠥᠪᠡᠷ᠎ᠦᠨ ᠥᠷᠲᠡᠭ᠎ᠢ ᠠᠷᠪᠢᠯᠠᠪᠠ᠃

2009 ᠣᠨ᠎ᠳᠤ᠂ ᠸᠠᠩ ᠸᠧᠢ ᠬᠥᠬᠡ ᠤᠰᠤ ᠨᠡᠭᠦᠷᠡᠰᠦᠨ ᠠᠭᠤᠷᠬᠠᠢ᠎ᠶ᠋ᠢᠨ ᠠᠭᠤᠷᠬᠠᠢ ᠮᠠᠯᠲᠠᠬᠤ ᠡᠩᠨᠡᠭᠡ᠎ᠳᠦ ᠣᠷᠣᠵᠤ᠂ ᠡᠷᠦᠵᠦ ᠮᠠᠯᠲᠠᠬᠤ᠎ᠡᠴᠡ ᠠᠪᠤᠭᠠᠳ ᠵᠠᠯᠭᠠᠵᠤ ᠮᠠᠯᠲᠠᠬᠤ ᠬᠦᠷᠲᠡᠯ᠎ᠡ᠂ ᠳᠠᠬᠢᠭᠠᠳ ᠵᠠᠨᠭᠭᠤᠤᠳᠠᠵᠤ ᠮᠠᠯᠲᠠᠬᠤ ᠬᠦᠷᠲᠡᠯ᠎ᠡ᠂ ᠨᠡᠭᠦᠷᠡᠰᠦ ᠮᠠᠯᠲᠠᠬᠤ ᠠᠵᠢᠯ᠎ᠤᠨ ᠮᠠᠱᠢᠨᠴᠢᠯᠠᠬᠤ ᠡᠴᠡ ᠠᠦ᠋ᠲ᠋ᠦᠴᠢᠯᠠᠬᠤ᠂ ᠳᠠᠬᠢᠭᠠᠳ ᠤᠶᠤᠨᠴᠢᠯᠠᠬᠤ ᠬᠦᠷᠲᠡᠯᠡᠬᠢ ᠬᠤᠪᠢᠰᠤᠯ ᠤ᠋ᠨ ᠶᠠᠪᠤᠴᠠ᠎ᠶ᠋ᠢ ᠥᠩᠭᠡᠷᠡᠭᠡᠵᠡᠢ᠃ ᠵᠠᠨᠭᠭᠤᠤᠳᠠᠵᠤ ᠮᠠᠯᠲᠠᠬᠤ ᠠᠩᠭᠢ᠎ᠶ᠋ᠢᠨ ᠭᠣᠣᠯ ᠡᠭᠦᠷᠭᠡ ᠪᠣᠯ ᠨᠦᠭᠡᠨ ᠵᠠᠮ᠎ᠢ ᠡᠷᠦᠵᠦ ᠮᠠᠯᠲᠠᠬᠤ ᠪᠠ ᠵᠠᠩᠭᠤᠤ᠎ᠵᠢᠨ ᠡᠰᠢ ᠪᠡᠷ ᠲᠤᠯᠭᠠᠭᠤᠷᠢᠯᠠᠨ ᠪᠡᠬᠢᠯᠡᠵᠦ᠂ ᠨᠡᠭᠦᠷᠡᠰᠦᠨ ᠠᠭᠤᠷᠬᠠᠢ᠎ᠶ᠋ᠢ ᠨᠡᠭᠡᠭᠡᠨ ᠮᠠᠯᠲᠠᠬᠤ ᠲᠡᠭᠡᠭᠡᠪᠦᠷᠢ᠎ᠶ᠋ᠢᠨ ᠱᠢᠰᠲ᠋ᠧᠮ ᠪᠠ ᠰᠠᠯᠬᠢ ᠨᠡᠪᠲᠡᠷᠡᠭᠦᠯᠬᠦ᠌ ᠱᠢᠰᠲ᠋ᠧᠮ᠎ᠢ ᠬᠠᠷᠢᠭᠤᠴᠠᠵᠤ᠂ ᠨᠡᠭᠦᠷᠡᠰᠦ ᠮᠠᠯᠲᠠᠬᠤ ᠠᠵᠢᠯ᠎ᠤᠨ 《ᠬᠣᠱᠢᠭᠤᠴᠢ ᠴᠡᠷᠢᠭ ᠠᠩᠭᠢ》 ᠪᠣᠯᠤᠨ᠎ᠠ᠃

ᠴᠣ ᠱᠢᠨ᠎ᠡ ᠠᠵᠢᠯ ᠎ᠤᠨ ᠪᠠᠢᠷᠢ᠎ᠳᠠᠭᠠᠨ ᠸᠠᠩ ᠸᠧᠢ ᠥᠴᠦᠬᠡᠨ ᠴᠦ᠍ ᠬᠤᠢᠷᠭᠤᠰᠢᠭᠰᠠᠨ ᠦᠭᠡᠢ᠃ ᠲᠡᠷᠡ 3 ᠰᠠᠷ᠎ᠠ᠎ᠶ᠋ᠢᠨ ᠳᠣᠲᠣᠷ᠎ᠠ 6 ᠲᠥᠷᠥᠯ ᠎ᠦᠨ ᠲᠤᠯᠭᠠᠭᠤᠷᠢᠯᠠᠨ ᠪᠡᠬᠢᠯᠡᠬᠦ ᠲᠥᠬᠥᠭᠡᠷᠦᠮᠵᠢ ᠬᠢᠬᠦ᠌ ᠵᠠᠨᠭᠭᠢᠯᠠᠭ᠎ᠠ᠎ᠶ᠋ᠢ ᠡᠵᠡᠮᠱᠢᠵᠦ᠍᠂ ᠡᠨᠳᠡᠯ ᠭᠠᠷᠬᠤ ᠨᠣᠷᠮ᠎ᠠ᠎ᠶ᠋ᠢ ᠶᠡᠬᠡ᠎ᠪᠡᠷ ᠪᠠᠭᠤᠷᠠᠭᠤᠯᠵᠠᠶ᠃ ᠲᠡᠭᠦᠨ᠎ᠡᠴᠡ ᠬᠣᠢᠱᠢᠬᠢ ᠠᠷᠪᠠᠨ ᠬᠡᠳᠦᠨ ᠵᠢᠯ᠎ᠦᠨ ᠬᠣᠭᠣᠷᠣᠨᠳᠣ᠂ ᠲᠡᠷᠡ ᠨᠡᠭᠦᠷᠡᠰᠦ ᠮᠠᠯᠲᠠᠬᠤ ᠡᠮᠦᠨ᠎ᠡ ᠹᠷᠣᠨᠲ  ᠎ᠢ ᠪᠠᠲᠤ ᠰᠠᠬᠢᠭᠰᠠᠭᠠᠷ ᠢᠷᠡᠵᠦ᠂ ᠱᠢᠷᠭᠠᠭᠤ ᠴᠢᠷᠮᠠᠢᠯᠭ᠎ᠠ ᠪᠠ ᠤᠶᠤᠨ ᠤᠬᠠᠭᠠᠨ᠎ᠳᠠᠭᠠᠨ ᠲᠦᠱᠢᠭ᠌ᠯᠡᠨ ᠨᠡᠭᠦᠷᠡᠰᠦᠨ ᠠᠭᠤᠷᠬᠠᠢᠴᠢᠨ᠎ᠤ ᠬᠥᠳᠡᠯᠮᠦᠷᠢ᠎ᠶ᠋ᠢᠨ ᠬᠡᠯᠪᠡᠷᠢ᠎ᠡᠴᠡ ᠤᠷ᠎ᠠ ᠴᠢᠳᠠᠪᠤᠷᠢ᠎ᠶ᠋ᠢᠨ ᠬᠡᠯᠪᠡᠷᠢ ᠲᠡᠢᠰᠢ ᠬᠤᠪᠢᠷᠠᠬᠤ᠎ᠶ᠋ᠢ ᠪᠡᠶᠡᠯᠡᠭᠦᠯᠪᠡ᠃

2020 ᠣᠨ᠎ᠳᠤ᠂ ᠬᠥᠬᠡ ᠤᠰᠤ ᠨᠡᠭᠦᠷᠡᠰᠦᠨ ᠠᠭᠤᠷᠬᠠᠶ᠎ᠳᠤ ᠳᠡᠭᠦᠵᠢᠩ ᠬᠡᠯᠪᠡᠷᠢ᠎ᠵᠢᠨ ᠤᠶᠤᠨᠴᠢ ᠮᠠᠯᠲᠠᠭᠤᠷ ᠮᠠᠱᠢᠨ ᠣᠷᠣᠭᠤᠯᠤᠭ᠍ᠰᠠᠨ ᠪᠥᠭᠡᠳ ᠱᠢᠨ᠎ᠡ ᠬᠡᠯᠪᠡᠷᠢ᠎ᠶ᠋ᠢᠨ ᠲᠦᠷᠭᠡᠨ ᠮᠠᠯᠲᠠᠬᠤ ᠠᠵᠢᠯ᠎ᠤᠨ ᠱᠤᠭᠤᠮ᠎ᠢ ᠪᠠᠢᠭᠤᠯᠪᠠ᠃ ᠱᠢᠨ᠎ᠡ᠎ᠪᠡᠷ ᠵᠣᠬᠢᠶᠠᠨ ᠪᠠᠢᠭᠤᠯᠤᠭ᠍ᠰᠠᠨ ᠦᠶ᠋ᠯᠡᠳᠪᠦᠷᠢᠯᠡᠯ᠎ᠦᠨ ᠡᠩᠨᠡᠭᠡ ᠨᠢ ᠶᠡᠷᠦᠩᠬᠡᠢᠯᠡᠨ ᠮᠠᠯᠲᠠᠬᠤ ᠲᠥᠬᠥᠭᠡᠷᠦᠮᠵᠢ᠎ᠶ᠋ᠢ ᠠᠵᠢᠯᠯᠠᠭᠤᠯᠬᠤ ᠲᠤᠷᠱᠢᠯᠭ᠎ᠠ ᠳᠤᠲᠠᠮᠠᠭ ᠪᠠᠢᠵᠤ᠂ ᠲᠤᠯᠭᠠᠭᠤᠷᠢᠯᠠᠨ ᠪᠡᠬᠢᠯᠡᠬᠦ ᠠᠵᠢᠯ᠎ᠤᠨ ᠤᠷ᠎ᠠ ᠴᠢᠳᠠᠪᠤᠷᠢ᠎ᠶ᠋ᠢᠨ ᠬᠢᠷᠢ ᠲᠦᠪᠰᠢᠨ ᠳᠤᠤᠷ᠎ᠠ᠂ ᠡᠷᠦᠵᠦ ᠮᠠᠯᠲᠠᠬᠤ ᠤᠷᠴᠢᠯ᠎ᠤᠨ ᠦᠷ᠎ᠡ ᠪᠦᠲᠦᠮᠵᠢ ᠳᠤᠤᠷ᠎ᠠ ᠪᠠᠢᠬᠤ ᠵᠡᠷᠭᠡ ᠠᠰᠠᠭᠤᠳᠠᠯ ᠢᠯᠡᠷᠡᠵᠡᠶ᠃ ᠮᠡᠷᠭᠡᠵᠢᠯ᠎ᠦᠨ ᠭᠤᠤᠯᠯᠠᠭ᠍ᠴᠢ ᠬᠦᠴᠦᠨ ᠪᠣᠯᠤᠭ᠍ᠰᠠᠨ᠎ᠤ ᠬᠤᠪᠢ᠎ᠳᠤ᠂ ᠸᠠᠩ ᠸᠧᠶ 15 ᠠᠵᠢᠯᠯᠠᠬᠤ ᠡᠳᠦᠷ᠎ᠳᠠᠷᠠᠭᠠᠯᠠᠨ ᠲᠤᠬᠠᠶ᠎ᠶ᠋ᠢᠨ ᠭᠠᠵᠠᠷ ᠲᠤᠨᠢ ᠠᠵᠢᠭ᠍ᠯᠠᠯᠲᠠ ᠬᠢᠬᠦ᠎ᠪᠠᠷ ᠳᠡᠮᠵᠢᠨ᠂ ᠠᠵᠢᠯ᠎ᠤᠨ ᠦᠷ᠎ᠡ ᠪᠦᠲᠦᠮᠵᠢ᠎ᠶ᠋ᠢ ᠨᠥᠯᠥᠭᠡᠯᠡᠬᠦ᠌ ᠬᠡᠳᠦᠨ ᠵᠠᠩᠭᠢᠯᠠᠭ᠎ᠠ᠎ᠶ᠋ᠢᠨ ᠬᠦᠴᠦᠨ ᠵᠦᠶ᠋ᠯ᠎ᠢ ᠡᠷᠢᠨ ᠣᠯᠵᠤ᠂ ᠮᠡᠷᠭᠡᠵᠢᠯ᠎ᠦᠨ ᠪᠣᠭᠣᠮᠲᠠ ᠱᠢᠪᠲᠤᠯᠬᠤ ᠳᠤᠭᠤᠢᠯᠠᠩ᠎ᠢ ᠵᠣᠬᠢᠶᠠᠨ ᠪᠠᠢᠭᠤᠯᠵᠤ᠂ ᠲᠣᠬᠢᠷᠠᠭᠤᠯᠵᠤ ᠪᠣᠯᠬᠤ ᠬᠡᠯᠪᠡᠷᠢ᠎ᠶ᠋ᠢᠨ ᠬᠠᠯᠬᠠᠪᠴᠢ ᠬᠠᠪᠲᠠᠰᠤ᠎ᠶ᠋ᠢ ᠰᠤᠳᠤᠯᠤᠨ ᠨᠡᠭᠡᠭᠡᠵᠦ᠍᠂ ᠥᠷᠥᠮᠳᠡᠭᠦᠷ ᠮᠠᠱᠢᠨ᠎ᠤ ᠱᠢᠩᠭᠡᠨ ᠳᠠᠷᠤᠴᠠ᠎ᠶ᠋ᠢᠨ ᠲᠡᠩᠴᠡᠭᠦᠷᠢ᠎ᠶ᠋ᠢᠨ ᠱᠢᠰᠲ᠋ᠧᠮ᠎ᠢ ᠰᠠᠢᠵᠢᠷᠠᠭᠤᠯᠵᠤ᠂ 《ᠳᠥᠷᠪᠡᠨ ᠪᠠᠢᠷᠢ ᠎ᠪᠡᠷ ᠪᠠᠢᠷᠢ ᠲᠣᠭ᠍ᠲᠠᠭᠠᠬᠤ》ᠲᠤᠯᠭᠠᠭᠤᠷᠢᠯᠠᠨ ᠪᠡᠬᠢᠯᠡᠬᠦ ᠠᠵᠢᠯ ᠎ᠤᠨ ᠠᠷᠭ᠎ᠠ᠎ᠵᠢᠨ ᠱᠢᠨ᠎ᠡ ᠎ᠶ᠋ᠢ ᠡᠭᠦᠳᠴᠦ᠍᠂ ᠪᠠᠷᠢᠯᠭ᠎ᠠ᠎ᠶ᠋ᠢᠨ ᠶᠠᠪᠤᠴᠠ᠎ᠶ᠋ᠢᠨ 3 ᠠᠵᠢᠯ ᠎ᠤᠨ ᠳᠠᠷᠠᠭᠠᠯᠠᠯ ᠎ᠢ ᠱᠢᠯᠢᠳᠡᠭ᠌ᠵᠢᠭᠦᠯᠪᠡ᠃ 28 ᠡᠳᠦᠷ ᠎ᠦᠨ ᠤᠷ᠎ᠠ ᠮᠡᠷᠭᠡᠰᠢᠯ ᠎ᠤᠨ ᠲᠤᠷᠱᠢᠯᠲᠠ᠎ᠪᠠᠷ ᠳᠠᠮᠵᠢᠨ᠂ ᠳᠠᠩ ᠡᠭᠡᠯᠵᠢ᠎ᠶ᠋ᠢᠨ 7 ᠮᠧᠲ᠋ᠷ ᠮᠠᠯᠲᠠᠬᠤ ᠱᠢᠪᠲᠤᠯᠤᠯᠲᠠ᠎ᠶ᠋ᠢ ᠪᠡᠶᠡᠯᠡᠭᠦᠯᠬᠦ᠌᠎ᠶ᠋ᠢᠨ ᠬᠠᠮᠲᠤ ᠮᠠᠲ᠋ᠧᠷᠢᠶᠠᠯ᠎ᠤᠨ ᠬᠣᠷᠣᠭ᠍ᠳᠠᠯ᠎ᠤᠨ ᠨᠣᠷᠮ᠎ᠠ᠎ᠶ᠋ᠢ 9.8% ᠪᠣᠯᠲᠠᠯ᠎ᠠ ᠪᠠᠭᠤᠷᠠᠭᠤᠯᠪᠠ᠃

ᠭᠡᠨᠡᠳᠲᠡ᠎ᠶ᠋ᠢᠨ ᠡᠨᠳᠡᠯ ᠎ᠳᠦ ᠤᠴᠠᠷᠠᠭᠰᠠᠨ᠎ᠴᠤ ᠳᠡᠷᠡᠪᠡᠷ ᠠᠶᠤᠯ ᠲᠦᠭ᠌ᠰᠢᠭᠦᠷᠢ ᠵᠢᠨ ᠡᠮᠦᠨ᠎ᠡ ᠦᠴᠦᠬᠡᠨ ᠴᠤ᠌ ᠪᠠᠯᠢᠳᠠᠬᠤ ᠦᠭᠡᠢ ᠪᠢᠯᠡ᠃ 2022 ᠣᠨ᠎ᠤ 8 ᠰᠠᠷ᠎ᠠ᠎ᠳᠤ᠂ ᠬᠥᠬᠡ ᠤᠰᠤ ᠨᠡᠭᠦᠷᠡᠰᠦᠨ ᠠᠭᠤᠷᠬᠠᠶ᠎ᠶ᠋ᠢᠨ ᠨᠢᠭᠡᠨ ᠬᠤᠰᠤᠭᠤᠷ ᠬᠠᠪᠲᠠᠰᠤᠳᠤ ᠬᠦᠷᠭᠡᠯᠳᠡ᠎ᠶᠢᠨ ᠮᠠᠱᠢᠨ᠎ᠤ ᠠᠵᠢᠯᠯᠠᠭ᠎ᠠ ᠬᠡᠪ᠎ᠦᠨ ᠪᠤᠰᠤ ᠪᠣᠯᠵᠣ᠂ ᠴᠠᠬᠢᠯᠭᠠᠨ ᠮᠠᠱᠢᠨ ᠬᠡᠲᠦ ᠠᠴᠢᠶᠠᠯᠠᠭᠰᠠᠨ ᠡᠴᠡ ᠪᠤᠯᠵᠤ ᠱᠢᠲᠠᠵᠤ ᠰᠦᠶ᠋ᠳᠬᠦ᠌ ᠬᠦᠨᠳᠦ ᠶᠡᠬᠡ ᠲᠦᠭ᠌ᠰᠢᠭᠦᠷᠢ ᠲᠠᠢ ᠪᠤᠯᠪᠠ᠃ ᠲᠠᠰᠤᠭ᠎ᠤᠨ ᠳᠠᠷᠤᠭ᠎ᠠ ᠸᠠᠩ ᠸᠧᠶ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠭᠡᠯ ᠲᠥᠰᠦᠯ᠎ᠢ ᠳᠠᠷᠤᠶ ᠲᠦᠷᠭᠡᠨ ᠡᠬᠢᠯᠡᠭᠦᠯᠪᠡ᠄ ᠲᠣᠨᠣᠭ ᠲᠥᠬᠥᠭᠡᠷᠦᠮᠵᠢ᠎ᠶᠢᠨ ᠴᠠᠬᠢᠯᠭᠠᠨ ᠡᠭᠦᠰᠭᠡᠭ᠌ᠴᠢ᠎ᠶ᠋ᠢ ᠳᠠᠷᠤᠶ ᠲᠦᠷᠭᠡᠨ ᠲᠡᠰᠦᠯᠵᠦ᠍᠂ ᠬᠥᠮᠦᠰ᠎ᠢ ᠵᠣᠬᠢᠶᠠᠨ ᠪᠠᠢᠭᠤᠯᠵᠤ 30 ᠮᠢᠨᠦ᠋ᠲ᠎ᠦᠨ ᠳᠣᠲᠣᠷ᠎ᠠ 5 ᠲᠣᠨ ᠬᠤᠷᠠᠮᠠᠯ ᠨᠡᠭᠦᠷᠡᠰᠦ᠎ᠶ᠋ᠢ ᠴᠡᠪᠡᠷᠯᠡᠬᠦ᠌ ᠠᠵᠢᠯ᠎ᠢ ᠪᠡᠶᠡᠯᠡᠭᠦᠯᠪᠡ; ᠱᠢᠨ᠎ᠡ᠎ᠶ᠋ᠢ ᠡᠭᠦᠳᠬᠦ᠌ ᠴᠢᠨᠠᠷᠲᠠᠶ᠎ᠪᠠᠷ ᠳᠠᠪᠬᠤᠷᠭ᠎ᠠ ᠬᠤᠪᠢᠶᠠᠨ ᠬᠡᠷᠴᠢᠬᠦ᠌ ᠠᠷᠭ᠎ᠠ᠎ᠶ᠋ᠢ ᠬᠡᠷᠡᠭ᠌ᠯᠡᠵᠦ᠍᠂ ᠱᠢᠲᠠᠬᠤ᠎ᠶ᠋ᠢ ᠬᠣᠷᠢᠭ᠍ᠯᠠᠬᠤ ᠳᠠᠮᠵᠢᠭᠤᠯᠬᠤ ᠪᠦᠰᠡ᠎ᠶ᠋ᠢ ᠠᠱᠢᠭ᠍ᠯᠠᠨ ᠲᠦᠷ ᠴᠠᠭ᠎ᠤᠨ ᠬᠡᠯᠡᠨ᠎ᠦ ᠬᠠᠪᠲᠠᠰᠤ ᠵᠤᠬᠢᠶᠠᠪᠠ;ᠣᠯᠠᠨ ᠴᠡᠭ᠎ᠲᠦ ᠤᠶᠠᠵᠤ ᠲᠣᠭ᠍ᠲᠠᠪᠤᠷᠢᠵᠢᠭᠤᠯᠬᠤ ᠲᠥᠰᠦᠯ᠎ᠢ ᠲᠥᠯᠥᠪᠯᠡᠵᠦ᠍᠂ ᠪᠠᠴᠢᠮ ᠪᠠᠢᠳᠠᠯ᠎ᠢ ᠠᠷᠭᠠᠴᠠᠭᠠᠬᠤ ᠲᠣᠨᠣᠭ᠍ᠯᠠᠯ᠎ᠤᠨ ᠳᠠᠷᠤᠯᠲᠠ᠎ᠶ᠋ᠢ ᠳᠠᠭᠠᠭᠠᠬᠤ ᠬᠦᠴᠦᠯᠡᠴᠡ᠎ᠶ᠋ᠢ 18 ᠮᠧᠭ᠎ᠠ ᠫᠠᠰᠺᠠᠯ᠎ᠳᠤ ᠬᠦᠷᠭᠡᠬᠦ᠌᠎ᠶ᠋ᠢ ᠪᠠᠲᠤᠯᠠᠪᠠ᠃ ᠲᠡᠳᠡ ᠵᠥᠪᠬᠡᠨ 55 ᠮᠢᠨᠦ᠋ᠲ ᠬᠡᠷᠡᠭ᠌ᠯᠡᠨ ᠵᠠᠪᠳᠤᠨ ᠵᠠᠰᠠᠬᠤ ᠠᠵᠢᠯ᠎ᠢ ᠪᠡᠶᠡᠯᠡᠭᠦᠯᠵᠦ᠍᠂ 4 ᠴᠠᠭ ᠦᠷᠬᠦᠯᠵᠢᠯᠡᠵᠦ ᠮᠡᠳᠡᠬᠦ ᠦᠢᠯᠡᠳᠪᠦᠷᠢᠯᠡᠯ᠎ᠦᠨ ᠲᠠᠰᠤᠯᠳᠠᠯ ᠡᠴᠡ ᠵᠠᠢᠯᠠᠰᠭᠢᠵᠦ᠍᠂ 12 ᠲᠦᠮᠡᠨ ᠲᠥᠭᠥᠷᠢᠭ᠎ᠦᠨ ᠱᠢᠭᠤᠳ ᠠᠵᠤ ᠠᠬᠤᠶ᠎ᠶ᠋ᠢᠨ ᠬᠣᠬᠢᠷᠠᠯ᠎ᠢ ᠡᠭᠡᠭᠦᠯᠦᠨ ᠠᠪᠴᠢᠷᠠᠵᠠᠶ᠃

2024 ᠣᠨ᠎ᠤ 4 ᠰᠠᠷ᠎ᠠ᠎ᠳᠤ᠂ ᠸᠠᠩ ᠸᠧᠢ ᠬᠥᠬᠡ ᠤᠰᠤ ᠨᠡᠭᠦᠷᠡᠰᠦᠨ ᠠᠭᠤᠷᠬᠠᠢ ᠡᠴᠡ ᠮᠦᠨ᠎ᠬᠦ ᠮᠸᠩ ᠹᠠ ᠬᠤᠪᠢ ᠡᠵᠡᠮᠳᠡᠭᠰᠡᠨ ᠡᠨᠧᠷᠭᠢ᠎ᠶᠢᠨ ᠪᠦᠯᠦᠭᠯᠡᠯ᠎ᠳᠦ ᠬᠠᠷᠢᠶᠠᠯᠠᠭ᠍ᠳᠠᠬᠤ ᠸᠧ ᠲᠦ ᠭᠸᠦ ᠨᠡᠭᠦᠷᠡᠰᠦᠨ ᠠᠭᠤᠷᠬᠠᠢ᠎ᠳᠤ ᠱᠢᠯᠵᠢᠪᠡ᠃ ᠲᠤᠰ ᠵᠢᠯ᠎ᠦᠨ 7 ᠰᠠᠷ᠎ᠠ᠎ᠳᠤ᠂ ᠸᠸ ᠲᠦ ᠭᠸᠦ ᠨᠡᠭᠦᠷᠡᠰᠦᠨ ᠠᠭᠤᠷᠬᠠᠢ ᠣᠶᠤᠨᠴᠢᠯᠠᠯᠳᠠ ᠳᠡᠢᠰᠢ ᠬᠡᠯᠪᠡᠷᠢ᠎ᠪᠡᠨ ᠬᠤᠪᠢᠷᠠᠭᠤᠯᠬᠤ ᠵᠠᠩᠭᠢᠯᠠᠭ᠎ᠠ᠎ᠶ᠋ᠢᠨ ᠴᠡᠭ᠎ᠲᠦ ᠬᠦᠷᠴᠦ᠍᠂   ᠱᠢᠨ᠎ᠡ ᠬᠡᠯᠪᠡᠷᠢ᠎ᠶ᠋ᠢᠨ ᠮᠠᠯᠳᠠᠵᠤ ᠵᠠᠩᠭᠤᠤᠳᠠᠬᠤ᠎ᠶ᠋ᠢ ᠨᠢᠭᠡ ᠴᠤᠬ᠍ᠴᠠᠵᠢᠭᠤᠯᠤᠭᠰᠠᠨ ᠤᠶᠤᠨᠲᠤ ᠮᠠᠱᠢᠨ ᠠᠱᠢᠭ᠍ᠯᠠᠯᠲᠠ᠎ᠳᠤ ᠣᠷᠣᠪᠠ᠃ ᠸᠠᠩ ᠸᠧᠶ ᠪᠦᠯᠬᠦᠮ᠎ᠢᠶᠡᠨ ᠳᠠᠭᠠᠭᠤᠯᠤᠨ ᠬᠤᠳᠳᠤᠭ ᠳᠤᠤᠷᠠᠬᠢ ᠪᠤᠳᠤᠯᠢᠶᠠᠨᠲᠠᠶ ᠣᠷᠴᠢᠨ ᠲᠣᠭᠣᠷᠢᠨ ᠪᠠ ᠲᠣᠨᠣᠭ ᠲᠥᠬᠥᠭᠡᠷᠦᠮᠵᠢ᠎ᠶ᠋ᠢ ᠤᠭ᠍ᠰᠠᠷᠠᠵᠤ ᠲᠣᠬᠢᠷᠠᠭᠤᠯᠬᠤ ᠥᠷᠢᠰᠥᠯᠳᠦᠭᠡᠨ᠎ᠢ ᠢᠯᠠᠨ ᠳᠠᠪᠠᠵᠤ᠂ 《ᠲᠣᠭ᠍ᠲᠠᠩᠭᠤᠶ ᠪᠡᠷ ᠪᠠᠢᠷᠢ ᠲᠣᠭ᠍ᠲᠠᠭᠠᠵᠤ ᠬᠥᠳᠡᠯᠦᠩᠭᠦᠶ᠎ᠪᠡᠷ ᠵᠣᠯᠭᠠᠭᠤᠯᠬᠤ》 ᠤᠷ᠎ᠠ ᠮᠡᠷᠭᠡᠰᠢᠯ᠎ᠢ ᠱᠢᠨ᠎ᠡ᠎ᠶ᠋ᠢ ᠡᠭᠦᠳᠦᠨ ᠬᠡᠷᠡᠭ᠌ᠯᠡᠵᠦ᠍᠂ 32 ᠴᠠᠭ ᠵᠠᠷᠤᠴᠠᠭᠤᠯᠵᠤ ᠪᠠᠢᠭᠠᠳ ᠣᠭ᠍ᠲᠣᠯᠬᠤ ᠥᠩᠬᠥᠷᠢᠭᠦᠯ᠎ᠤᠨ ᠮᠢᠯᠢᠮᠧᠲ᠋ᠷ ᠲᠠᠰ᠎ᠤᠨ ᠵᠠᠯᠭᠠᠯᠲᠠ᠎ᠶ᠋ᠢ ᠪᠡᠶᠡᠯᠡᠭᠦᠯᠪᠡ᠃

ᠲᠣᠨᠣᠭ ᠲᠥᠬᠦᠭᠡᠷᠦᠮᠵᠢ᠎ᠶᠢ ᠠᠰᠢᠭ᠍ᠯᠠᠯᠲᠠ᠎ᠳᠤ ᠣᠷᠣᠭᠤᠯᠤᠭᠰᠠᠨ᠎ᠤ ᠳᠠᠷᠠᠭ᠎ᠠ᠂ ᠤᠰᠤ ᠬᠠᠢᠬᠤ ᠥᠷᠥᠮᠳᠡᠭᠦᠷ ᠮᠠᠰᠢᠨ᠎ᠤ ᠠᠰᠢᠭ᠍ᠯᠠᠮᠵᠢ ᠳᠣᠣᠷ᠎ᠠ ᠪᠠᠢᠬᠤ ᠠᠰᠠᠭᠤᠳᠠᠯ᠎ᠢ ᠳᠠᠷᠤᠢ ᠲᠦᠷᠭᠡᠨ ᠰᠢᠢᠳᠪᠦᠷᠢᠯᠡᠬᠦ ᠴᠢᠬᠤᠯᠠᠲᠠᠢ ᠪᠣᠯᠵᠠᠢ᠃ ᠸᠠᠩ ᠸᠧᠢ ᠮᠡᠷᠭᠡᠵᠢᠯ᠎ᠦᠨ ᠳᠤᠭᠤᠢᠯᠠᠩ᠎ᠢ ᠤᠳᠤᠷᠢᠳᠤᠨ《ᠦᠷ᠎ᠠ ᠠᠰᠢᠭ᠎ᠢ ᠳᠠᠬᠢᠨ᠎ᠢᠶᠠᠷ ᠨᠡᠮᠡᠭᠳᠡᠭᠦᠯᠬᠦ ᠲᠥᠯᠥᠪᠯᠡᠭᠡ》 ᠶ᠋ᠢ ᠬᠡᠷᠡᠭᠵᠢᠭᠦᠯᠵᠦ᠂ ᠥᠷᠥᠮᠳᠡᠬᠦᠷ ᠮᠠᠰᠢᠨ᠎ᠤ ᠪᠦᠲᠦᠴᠡ᠎ᠶᠢ ᠰᠢᠯᠢᠳᠡᠭᠵᠢᠭᠦᠯᠵᠤ᠂ ᠥᠷᠥᠮᠳᠡᠬᠦᠷ᠎ᠤᠨ ᠡᠰᠢ᠎ᠶᠢᠨ ᠵᠠᠢ᠎ᠶᠢ ᠪᠣᠭᠣᠨᠢᠰᠬᠠᠵᠤ᠂ ᠬᠡᠯᠪᠡᠯᠵᠡᠯᠲᠡ᠎ᠶᠢᠨ ᠬᠡᠮᠵᠢᠶ᠎ᠡ᠎ᠶᠢ ᠪᠠᠭᠤᠷᠠᠭᠤᠯᠵᠦ᠂ 4 ᠵᠦᠢᠯ᠎ᠦᠨ ᠮᠡᠷᠭᠡᠵᠢᠯ᠎ᠦᠨ ᠰᠢᠪᠲᠤᠯᠤᠯᠲᠠ᠎ᠶᠢ ᠪᠡᠶᠡᠯᠡᠭᠦᠯᠪᠡ᠄ 5G ᠠᠯᠤᠰ ᠡᠵᠡᠮᠰᠢᠯ᠎ᠦᠨ ᠰᠢᠰᠲᠧᠮ᠎ᠦᠨ ᠭᠡᠮᠲᠦᠯ᠎ᠢ ᠴᠤᠤᠷᠢᠶᠠᠳᠤᠬᠤ ᠴᠠᠭ᠎ᠢ 15 ᠮᠢᠨᠦ᠋ᠲ ᠪᠣᠯᠭᠠᠨ ᠪᠣᠭᠣᠨᠢᠰᠬᠠᠪᠠ; ᠣᠷᠴᠢᠨ ᠲᠣᠭᠣᠷᠢᠨ᠎ᠤ ᠰᠡᠷᠡᠯ᠎ᠦᠨ ᠰᠦᠯᠵᠢᠶ᠎ᠡ᠎ᠳᠦ 128 ᠣᠶᠤᠨᠴᠢ ᠰᠡᠷᠡᠯ ᠳᠠᠮᠵᠢᠭᠤᠯᠤᠭ᠍ᠴᠢ ᠤᠭᠰᠠᠷᠠᠪᠠ; ᠲᠣᠭᠠᠨ᠎ᠤ ᠢᠬᠡᠷ᠎ᠡ ᠵᠠᠭᠪᠤᠷ᠎ᠤᠨ ᠵᠢᠱ᠌ᠢᠯᠲᠡ᠎ᠶᠢᠨ ᠲᠥᠬᠦᠭᠡᠷᠦᠮᠵᠢ᠎ᠶᠢᠨ ᠬᠣᠷᠣᠭᠳᠠᠯ᠎ᠤᠨ ᠣᠨᠣᠪᠴᠢ᠎ᠶᠢᠨ ᠬᠡᠮᠵᠢᠶ᠎ᠡ 92%᠎ᠲᠤ ᠬᠦᠷᠪᠡ; 《ᠬᠡᠰᠡᠭᠴᠢᠯᠡᠭᠰᠡᠨ ᠲᠦᠷᠭᠡᠨ ᠵᠠᠳᠠᠯᠵᠤ ᠤᠭᠰᠠᠷᠠᠬᠤ》 ᠤᠷ᠎ᠠ ᠮᠡᠷᠭᠡᠰᠢᠯ ᠨᠢ ᠲᠥᠬᠦᠭᠡᠷᠦᠮᠵᠢ᠎ᠶᠢᠨ ᠰᠢᠯᠵᠢᠯᠲᠡ᠎ᠶᠢᠨ ᠦᠷ᠎ᠡ ᠪᠦᠲᠦᠮᠵᠢ᠎ᠶᠢ 3 ᠳᠠᠬᠢᠨ᠎ᠢᠶᠠᠷ ᠳᠡᠭᠡᠭᠰᠢᠯᠡᠭᠦᠯᠪᠡ᠃ ᠰᠢᠰᠲᠧᠮ᠎ᠢ ᠬᠡᠷᠡᠭᠯᠡᠭᠰᠡᠨ᠎ᠦ ᠳᠠᠷᠠᠭ᠎ᠠ᠂ ᠰᠠᠷ᠎ᠠ᠎ᠶᠢᠨ ᠦᠷᠦᠮᠳᠡᠬᠦ ᠬᠡᠮᠵᠢᠶ᠎ᠡ ᠨᠢ 680 ᠮᠧᠲᠷ᠎ᠲᠦ ᠬᠦᠷᠴᠦ᠂ ᠠᠰᠢᠭ᠍ᠯᠠᠮᠵᠢ ᠨᠢ 210%᠎ᠪᠠᠷ ᠳᠡᠭᠡᠭᠰᠢᠯᠡᠵᠦ᠂ ᠲᠣᠭᠣᠰᠣ᠌ ᠰᠢᠷᠣᠢ᠎ᠶᠢᠨ ᠥᠳᠬᠡᠴᠡ ᠨᠢ ᠪᠤᠰᠤᠭ᠎ᠠ ᠳᠦᠷᠪᠡᠯᠵᠢᠨ ᠮᠧᠲᠷ ᠪᠦᠷᠢ᠎ᠳᠡᠭᠡᠨ 2.3 ᠮᠢᠯᠢᠭ᠌ᠷᠠᠮ ᠪᠣᠯᠵᠠᠢ᠃ ᠡᠨᠡ ᠤᠳᠠᠭ᠎ᠠ᠎ᠶᠢᠨ ᠣᠶᠤᠨᠴᠢᠯᠠᠭᠰᠠᠨ ᠪᠣᠭᠣᠮᠲᠠ ᠰᠢᠪᠲᠤᠯᠬᠤ ᠳᠠᠢᠯᠠᠯᠳᠤᠭᠠᠨ᠎ᠳᠤ᠂ ᠸᠠᠩ ᠸᠧᠢ ᠮᠡᠷᠭᠡᠵᠢᠯ᠎ᠦᠨ ᠰᠢᠪᠲᠤᠯᠤᠯᠲᠠ᠎ᠶᠢ ᠪᠡᠶᠡᠯᠡᠭᠦᠯᠦᠭᠰᠡᠨ᠎ᠢᠶᠡᠷ ᠪᠠᠷᠠᠬᠤ ᠦᠭᠡᠢ  ᠨᠡᠩ ᠴᠤ᠌ ᠰᠢᠨ᠎ᠡ ᠴᠠᠭ ᠦᠶ᠎ᠡ᠎ᠶᠢᠨ ᠠᠭᠤᠷᠬᠠᠢ᠎ᠶᠢᠨ ᠠᠵᠢᠯᠴᠢᠨ᠎ᠤ 《ᠲᠣᠭᠠᠴᠢᠯᠠᠭᠰᠠᠨ ᠤᠷᠠᠨ ᠳᠠᠷᠬᠠᠨ》 ᠤ᠋ ᠵᠣᠷᠢᠭ᠋ ᠰᠠᠨᠠᠭ᠎ᠠ᠎ᠶᠢ ᠢᠯᠡᠷᠡᠭᠦᠯᠦᠭᠰᠡᠨ ᠪᠠᠢᠨ᠎ᠠ᠃ ᠡᠨᠡ ᠬᠦ᠌ ᠲᠦᠷᠦᠯ ᠵᠦᠢᠯ᠎ᠢ ᠠᠮᠵᠢᠯᠲᠠ᠎ᠲᠠᠢ ᠬᠡᠷᠡᠭᠵᠢᠭᠦᠯᠦᠭᠰᠡᠨ᠎ᠢᠶᠡᠷ ᠠᠭᠤᠷᠬᠠᠢ᠎ᠶᠢᠨ ᠬᠤᠳᠳᠤᠭ᠎ᠲᠤ ᠠᠵᠢᠯᠯᠠᠬᠤ ᠬᠥᠮᠥᠰ᠎ᠢ ᠴᠥᠭᠡᠳᠬᠡᠵᠦ᠂ 《ᠬᠥᠮᠥᠨ ᠴᠥᠭᠡᠨ ᠪᠣᠯ ᠠᠮᠤᠷ ᠲᠦᠪᠰᠢᠨ᠂ ᠬᠥᠮᠥᠨ ᠦᠭᠡᠢ ᠪᠣᠯ ᠠᠮᠤᠷ ᠲᠦᠪᠰᠢᠨ》 ᠪᠠᠢᠬᠤ ᠠᠶᠤᠯᠭᠦᠢ ᠦᠢᠯᠡᠳᠪᠦᠷᠢᠯᠡᠯ᠎ᠦᠨ ᠬᠠᠷᠠᠯᠲᠠ᠎ᠶᠢ ᠦᠨᠡᠨ ᠬᠦ᠌ ᠪᠡᠶᠡᠯᠡᠭᠦᠯᠵᠦ᠂ ᠨᠡᠭᠦᠷᠡᠰᠦᠨ᠎ᠦ ᠠᠵᠢᠯ ᠲᠥᠷᠥᠯ᠎ᠦᠨ ᠣᠶᠤᠨᠴᠢᠯᠠᠯᠳᠠ ᠲᠡᠢᠰᠢ ᠬᠡᠯᠪᠡᠷᠢ᠎ᠪᠡᠨ ᠬᠤᠪᠢᠷᠠᠭᠤᠯᠬᠤ᠎ᠳᠤ ᠲᠡᠷᠡ ᠬᠡᠪ᠎ᠢᠶᠡᠷ ᠨᠢ ᠬᠡᠷᠡᠭᠵᠢᠭᠦᠯᠵᠤ ᠪᠤᠯᠬᠤ 《ᠸᠧ ᠲᠦ ᠭᠧᠦ ᠵᠢᠨ ᠲᠥᠰᠥᠯ》 ᠢ᠋ ᠬᠠᠩᠭᠠᠭᠰᠠᠨ ᠪᠠᠢᠨ᠎ᠠ᠃ ᠡᠭᠦᠨ ᠡᠴᠡ ᠪᠤᠯᠵᠤ ᠸᠧ ᠲᠦ ᠭᠧᠦ ᠨᠡᠭᠦᠷᠡᠰᠦᠨ ᠠᠭᠤᠷᠬᠠᠢ ᠴᠦ᠍ ᠥᠪᠡᠷᠲᠡᠭᠡᠨ ᠵᠠᠰᠠᠬᠤ ᠣᠷᠣᠨ᠎ᠤ ᠠᠩᠬᠠᠳᠠᠭ᠍ᠴᠢ ᠠᠷᠠᠳ᠎ᠤᠨ ᠡᠵᠡᠩᠨᠡᠯᠲᠡ᠎ᠶᠢᠨ ᠠᠵᠤ ᠠᠬᠤᠢᠯᠠᠯ᠎ᠤᠨ ᠣᠶᠤᠨᠴᠢᠯᠠᠭᠰᠠᠨ ᠨᠡᠭᠦᠷᠡᠰᠦᠨ ᠠᠭᠤᠷᠬᠠᠢ ᠪᠣᠯᠤᠭᠰᠠᠨ ᠪᠠᠢᠨ᠎ᠠ᠃

ᠤᠷᠢ ᠵᠠᠯᠠᠭᠤ ᠱᠠᠪᠢ ᠠᠵᠢᠯᠴᠢᠨ᠎ᠡᠴᠡ ᠮᠡᠷᠭᠡᠵᠢᠯ᠎ᠦᠨ ᠴᠢᠳᠠᠪᠤᠷᠢᠲᠠᠨ ᠪᠤᠯᠲᠠᠯ᠎ᠠ᠂ ᠡᠩ᠎ᠦᠨ ᠠᠭᠤᠷᠬᠠᠢᠴᠢᠨ᠎ᠡᠴᠡ 《ᠣᠶᠤᠨᠴᠢ ᠠᠭᠤᠷᠬᠠᠢ᠎ᠶᠢᠨ ᠪᠦᠲᠦᠭᠡᠨ ᠪᠠᠢᠭᠤᠯᠤᠯᠲᠠ᠎ᠶᠢᠨ ᠬᠣᠰᠢᠭᠤᠴᠢ》 ᠪᠤᠯᠲᠠᠯ᠎ᠠ᠂ 45 ᠨᠠᠰᠤᠲᠠᠢ ᠸᠠᠩ ᠸᠧᠢ ᠵᠠᠯᠠᠭᠤ ᠨᠠᠰᠤ ᠪᠣᠯᠣᠨ ᠬᠦᠴᠦ ᠬᠥᠯᠥᠰᠦ᠎ᠪᠡᠨ ᠮᠢᠩᠭᠠᠨ ᠮᠧᠲᠷ᠎ᠦᠨ ᠠᠭᠤᠷᠬᠠᠢ ᠵᠢᠨ ᠬᠤᠳᠳᠤᠭ᠎ᠲᠦ ᠵᠤᠷᠢᠭᠤᠯᠵᠠᠢ᠃ ᠲᠡᠭᠦᠨ᠎ᠦ ᠳᠠᠭᠠᠭᠤᠯᠤᠭᠰᠠᠨ ᠡᠩᠨᠡᠭᠡ ᠨᠢ ᠤᠯᠠᠨ ᠵᠢᠯ ᠳᠠᠷᠠᠭᠠᠯᠠᠨ ᠠᠶᠤᠯᠭᠦᠢ ᠦᠢᠯᠡᠳᠪᠦᠷᠢᠯᠡᠯ᠎ᠦᠨ ᠲᠡᠷᠢᠭᠦᠨ᠎ᠦ ᠬᠠᠮᠲᠤ ᠨᠡᠶ᠋ᠢᠲᠡ᠎ᠪᠡᠷ ᠦᠨᠡᠯᠡᠭᠳᠡᠵᠦ᠂ ᠲᠡᠷᠡ ᠥᠪᠡᠷ᠎ᠢᠶᠡᠨ ᠴᠦ᠍ ᠤᠷᠢᠳ ᠬᠣᠵᠢᠳ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶᠢᠨ ᠵᠢᠱ᠌ᠢᠶᠡᠴᠢ ᠪᠠ ᠪᠦᠬᠦ ᠤᠯᠤᠰ᠎ᠤᠨ ᠬᠥᠳᠡᠯᠮᠦᠷᠢ᠎ᠶᠢᠨ ᠵᠢᠱ᠌ᠢᠶᠡᠴᠢ᠎ᠪᠡᠷ ᠦᠨᠡᠯᠡᠭᠳᠡᠪᠡ᠃ ᠡᠳᠦᠭᠡ᠂ ᠸᠠᠩ ᠸᠧᠢ᠎ᠶᠢᠨ ᠳᠠᠭᠠᠭᠤᠯᠤᠭᠰᠠᠨ ᠥᠨᠳᠥᠷ ᠪᠦᠲᠦᠮᠵᠢᠲᠡᠢ ᠣᠶᠤᠨᠴᠢ ᠵᠠᠩᠭᠤᠤᠳᠠᠵᠤ ᠮᠠᠯᠲᠠᠬᠤ ᠡᠩᠨᠡᠭᠡ ᠨᠢ 《5G+ ᠢᠯᠡ ᠲᠣᠳᠣ᠌ ᠭᠠᠵᠠᠷ ᠰᠢᠨᠵᠢᠯᠡᠭᠡ》 ᠵᠢᠨ ᠣᠶᠤᠨᠲᠤ ᠠᠭᠤᠷᠬᠠᠢ᠎ᠶᠢᠨ ᠰᠢᠨ᠎ᠡ ᠥᠨᠳᠥᠷᠴᠡ ᠲᠡᠢᠰᠢ ᠤᠷᠤᠭᠰᠢᠯᠠᠵᠤ᠂ ᠪᠣᠳᠠᠲᠠᠢ ᠠᠵᠢᠯᠯᠠᠬᠤ ᠵᠣᠷᠢᠭ᠋ ᠰᠠᠨᠠᠭ᠎ᠠ᠎ᠪᠠᠷ ᠰᠢᠨ᠎ᠡ ᠴᠠᠭ ᠦᠶ᠎ᠡ᠎ᠶᠢᠨ ᠳᠤᠮᠳᠠᠳᠤ ᠤᠯᠤᠰ᠎ᠤᠨ ᠠᠭᠤᠷᠬᠠᠢᠴᠢᠨ᠎ᠤ ᠭᠠᠢᠬᠠᠮᠰᠢᠭ᠋᠎ᠢ ᠪᠢᠴᠢᠭᠯᠡᠵᠦ ᠪᠤᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号