ᠨᠡᠢᠲᠡ᠎ᠶ᠋ᠢᠨ ᠠᠰᠠᠷᠠᠮᠵᠢ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡ ᠵᠢ 18 ᠲᠦᠮᠡ ᠭᠠᠷᠤᠶ ᠤᠳᠠᠭ᠎ᠠ ᠬᠠᠩᠭᠠᠵᠤ 19.3 ᠲᠦᠮᠡ ᠭᠠᠷᠤᠶ ᠬᠤᠪᠢ ᠵᠦᠷᠢᠴᠡᠯ ᠵᠠᠭᠤᠷᠠᠯᠳᠤᠭᠠᠨ᠎ᠢ ᠡᠶᠡᠳᠡᠭᠦᠯᠵᠤ ᠥᠪᠥᠷ ᠮᠣᠩᠭᠣᠯ᠎ᠤᠨ ᠠᠮᠤᠷ ᠲᠦᠪᠱᠢᠨ ᠲᠣᠭ᠍ᠲᠠᠭᠤᠨ᠎ᠤ ᠰᠡᠷᠭᠡᠢᠯᠡᠯᠲᠡ᠎ᠶ᠋ᠢᠨ ᠱᠤᠭᠤᠮ ᠤᠯᠠᠮ᠎ᠪᠡᠬᠢᠵᠢᠯ᠎ᠠ
2025-04-05 11:42:23
ᠵᠣᠬᠢᠶᠠᠭ᠍ᠴᠢ᠄
​ᠬᠤᠤ ᠵᠢᠶᠠ ᠯᠢ
ᠣᠩᠱᠢᠭ᠍ᠰᠠᠨ ᠣᠳᠠᠭ᠎ᠠ᠄
★★★☆☆

《 ᠬᠠᠩᠭᠢᠨ ᠬᠣᠢᠲᠤ ᠬᠣᠱᠢᠭᠤᠨ᠎ᠤ ᠬᠠᠤᠯᠢ ᠴᠠᠭᠠᠵᠠ᠎ᠶ᠋ᠢᠨ ᠲᠣᠪᠴᠢᠶ᠎ᠠ᠎ᠶ᠋ᠢᠨ ᠳᠠᠬᠢᠨ ᠵᠥᠪᠯᠡᠬᠦ᠌ ᠲᠠᠰᠤᠭ᠎ᠤᠨ ᠠᠵᠢᠯᠲᠠᠨ᠎ᠳᠤ ᠲᠠᠯᠠᠷᠬᠠᠵᠤ ᠪᠠᠢᠨ᠎ᠠ᠂ ᠬᠠᠮᠤᠭ᠎ᠤᠨ ᠬᠦᠴᠢᠷᠳᠡᠯᠲᠡᠶ ᠦᠶ᠎ᠡ᠎ᠳᠦ᠂ ᠮᠠᠨ᠎ᠤ 27 ᠬᠥᠯᠥᠰᠥᠨ ᠠᠵᠢᠯᠴᠢᠨ᠎ᠢ ᠬᠠᠪᠰᠤᠷᠤᠨ 28 ᠲᠦᠮᠡᠨ ᠲᠥᠭᠥᠷᠢᠭ᠎ᠦᠨ ᠴᠠᠯᠢᠩ᠎ᠢ ᠤᠯᠵᠦ ᠦᠭᠴᠤ ᠂ ᠲᠦᠪᠡᠭᠳᠡᠵᠤ ᠪᠠᠢᠬᠰᠠᠨ ᠶᠠᠪᠤᠳᠠᠯ᠎ᠢ ᠱᠢᠶ᠋ᠳᠪᠦᠷᠢᠯᠡᠵᠤ ᠦᠭᠴᠠᠢ》᠃ ᠣᠢᠷ᠎ᠠ᠎ᠳᠤ᠂ ᠬᠥᠯᠥᠰᠥᠨ ᠠᠵᠢᠯ ᠬᠢᠵᠦ᠍ ᠪᠠᠢᠭ᠎ᠠ ᠵᠦ᠍ ᡁᠢ ᠬᠣᠩ ᠪᠣᠯᠤᠨ ᠬᠡᠳᠦᠨ ᠠᠵᠢᠯᠴᠢᠨ ᠬᠡᠮᠡᠷᠯᠢᠭ ᠲᠣᠭ᠎ᠢᠶᠠᠨ ᠠᠪᠴᠤ᠌ ᠲᠤᠰᠭᠠᠢᠯᠠᠨ ᠪᠠᠶᠠᠨᠨᠠᠭᠤᠷ ᠬᠣᠲᠠ᠎ᠶ᠋ᠢᠨ ᠬᠠᠩᠭᠢᠨ ᠬᠣᠢᠲᠤ ᠬᠣᠱᠢᠭᠤᠨ᠎ᠤ ᠬᠠᠤᠯᠢ ᠴᠠᠭᠠᠵᠠ᠎ᠶ᠋ᠢᠨ ᠲᠣᠪᠴᠢᠶ᠎ᠠ᠎ᠳᠤ ᠢᠷᠡᠵᠦ᠍᠂ ᠵᠠᠰᠠᠭ ᠵᠠᠬᠢᠷᠭᠠᠨ᠎ᠢᠶᠡᠷ ᠳᠠᠬᠢᠨ ᠵᠥᠪᠯᠡᠬᠦᠯᠬᠦ ᠠᠵᠢᠯᠲᠠᠨ᠎ᠳᠤ ᠲᠠᠯᠠᠷᠬᠠᠯ᠎ᠢᠶᠠᠨ ᠳᠡᠪᠱᠢᠭᠦᠯᠪᠡ᠃

ᠡᠨᠡ ᠬᠦ᠌ ᠬᠡᠷᠡᠭ᠎ᠢ ᠱᠢᠢᠳᠪᠦᠷᠢᠯᠡᠭ᠌ᠰᠡᠨ ᠨᠢ ᠤᠯᠠᠨ ᠲᠦᠮᠡᠨ᠎ᠳᠦ ᠵᠠᠰᠠᠭ ᠵᠠᠬᠢᠷᠭᠠᠨ᠎ᠵᠢᠡᠷ ᠲᠠᠬᠢᠨ ᠵᠥᠪᠯᠡᠭᠦᠯᠬᠦ᠌ ᠪᠣᠯ ᠵᠠᠰᠠᠭ ᠵᠠᠬᠢᠷᠭᠠᠨ᠎ᠤ ᠮᠠᠷᠭᠤᠯᠳᠤᠭᠠᠨ᠎ᠢ ᠱᠢᠢᠳᠪᠦᠷᠢᠯᠡᠬᠦ᠌ ᠴᠢᠬᠤᠯᠠ ᠠᠷᠭ᠎ᠠ ᠵᠠᠮ ᠪᠣᠯᠬᠤ᠎ᠪᠠᠷ ᠪᠠᠷᠠᠬᠤ ᠦᠭᠡᠢ ᠪᠠᠰᠠ ᠴᠤ᠌ ᠤᠯᠠᠨ ᠲᠦᠮᠡᠨ᠎ᠦ ᠬᠠᠤᠯᠢ ᠶᠣᠰᠣᠨ᠎ᠤ ᠡᠷᠬᠡ ᠠᠱᠢᠭ᠎ᠵᠢᠡᠨ ᠬᠠᠮᠠᠭᠠᠯᠠᠬᠤ᠂ ᠨᠡᠢᠭᠡᠮ᠎ᠦᠨ ᠡᠶ᠎ᠡ ᠵᠣᠬᠢᠴᠠᠩᠭᠤᠢ ᠪᠠ ᠲᠣᠭ᠍ᠲᠠᠭᠤᠨ᠎ᠢ ᠠᠬᠢᠭᠤᠯᠬᠤ ᠪᠦᠲᠦᠮᠵᠢᠲᠡᠢ ᠠᠷᠭ᠎ᠠ ᠵᠠᠮ ᠮᠥᠨ ᠭᠡᠳᠡᠭ᠎ᠢ ᠤᠢ᠍ᠢᠯᠠᠭᠠᠭᠤᠯᠪᠠ᠃

ᠡᠨᠡ ᠵᠢᠯ ᠪᠣᠯ ᠱᠢᠨ᠎ᠡ᠎ᠪᠡᠷ ᠵᠠᠰᠠᠪᠤᠷᠢ ᠣᠷᠣᠭᠤᠯᠤᠭ᠍ᠰᠠᠨ ᠵᠠᠰᠠᠭ ᠵᠠᠬᠢᠷᠭᠠᠨ᠎ᠵᠢᠡᠷ ᠳᠠᠬᠢᠨ ᠵᠥᠪᠯᠡᠬᠦᠯᠬᠦ ᠬᠠᠤᠯᠢ᠎ᠶ᠋ᠢ ᠬᠡᠷᠡᠭ᠌ᠵᠢᠭᠦᠯᠦᠭ᠌ᠰᠡᠨ ᠨᠢᠭᠡ ᠵᠢᠯ᠎ᠦᠨ ᠣᠶ ᠪᠣᠯᠤᠨ᠎ᠠ᠃ ᠨᠢᠭᠡ ᠵᠢᠯ᠎ᠦᠨ ᠲᠤᠷᠰᠢ᠂ ᠪᠦᠬᠦ᠌ ᠣᠷᠣᠨ᠎ᠤ ᠵᠠᠰᠠᠭ ᠵᠠᠬᠢᠷᠭᠠᠨ᠎ᠢᠶᠠᠷ ᠳᠠᠬᠢᠨ ᠵᠥᠪᠯᠡᠭᠦᠯᠬᠦ᠌ ᠬᠡᠷᠡᠭ᠎ᠦᠨ ᠲᠣᠭ᠎ᠠ ᠬᠡᠮᠵᠢᠶ᠎ᠡ ᠲᠦᠷᠭᠡᠨ ᠨᠡᠮᠡᠭ᠌ᠳᠡᠵᠦ᠍᠂ ᠵᠠᠰᠠᠭ ᠵᠠᠬᠢᠷᠭᠠᠨ᠎ᠢᠶᠠᠷ ᠳᠠᠬᠢᠨ ᠵᠥᠪᠯᠡᠭᠦᠯᠬᠦ᠌ ᠶᠠᠪᠤᠳᠠᠯ ᠤᠯᠠᠮ᠎ᠡᠴᠡ ᠤᠯᠠᠮ ᠠᠷᠠᠳ ᠣᠯᠠᠨ ᠎ᠤ ᠢᠲᠡᠭᠡᠯ᠎ᠢ ᠤᠯᠪᠠ᠃ ᠨᠢᠳᠤᠨᠤᠨ᠂ ᠪᠥᠬᠥ᠌ ᠣᠷᠣᠨ᠎ᠤ ᠡᠯ᠎ᠡ ᠱᠠᠲᠤᠨ᠎ᠤ ᠵᠠᠰᠠᠭ ᠵᠠᠬᠢᠷᠭᠠᠨ᠎ᠵᠢᠡᠷ ᠳᠠᠬᠢᠨ ᠵᠥᠪᠯᠡᠭᠦᠯᠬᠦ᠌ ᠪᠠᠢᠭᠤᠯᠭ᠎ᠠ 1.1 ᠲᠦᠮᠡᠨ ᠬᠤᠪᠢ ᠵᠠᠰᠠᠭ ᠵᠠᠬᠢᠷᠭᠠᠨ ᠵᠢᠡᠷ ᠳᠠᠬᠢᠨ ᠵᠥᠪᠯᠡᠭᠦᠯᠬᠦ᠌ ᠬᠡᠷᠡᠭ᠎ᠢ ᠱᠢᠨ᠎ᠡ᠎ᠪᠡᠷ ᠭᠥᠯᠢᠶᠡᠨ ᠠᠪᠴᠤ᠌᠂ ᠠᠳᠠᠯᠢ ᠬᠤᠭᠤᠴᠠᠭᠠᠨ᠎ᠤ᠎ᠬᠢ᠎ᠡᠴᠡ 164% ᠎ᠪᠠᠷ ᠨᠡᠮᠡᠭ᠌ᠳᠡᠪᠡ᠃ ᠡᠭᠦᠨ᠎ᠳᠦ ᠂ 90% ᠱᠢᠬᠠᠮ᠎ᠤᠨ ᠵᠠᠰᠠᠭ ᠵᠠᠬᠢᠷᠭᠠᠨ᠎ᠤ ᠮᠠᠷᠭᠤᠯᠳᠤᠭᠠᠨ᠎ᠤ ᠬᠡᠷᠡᠭ᠎ᠢ ᠵᠠᠰᠠᠭ ᠵᠠᠬᠢᠷᠭᠠᠨ᠎ᠵᠢᠡᠷ ᠳᠠᠬᠢᠨ ᠵᠥᠪᠯᠡᠬᠦᠯᠬᠦ ᠠᠷᠭ᠎ᠠ ᠵᠠᠮ᠎ᠢᠶᠠᠷ ᠳᠠᠮᠵᠢᠨ ᠱᠢᠶ᠋ᠳᠪᠦᠷᠢᠯᠡᠵᠦ᠍᠂ ᠳᠠᠬᠢᠨ ᠱᠢᠭᠦᠬᠦ᠌ ᠬᠣᠷᠢᠶᠠᠨ᠎ᠳᠤ ᠵᠠᠭᠠᠯᠳᠤᠯᠭ᠎ᠠ ᠬᠢᠭᠰᠡᠨ ᠥᠬᠡᠶ᠂ ᠵᠠᠰᠠᠭ ᠵᠠᠬᠢᠷᠭᠠᠨ᠎ᠵᠢᠡᠷ ᠳᠠᠬᠢᠨ ᠵᠥᠪᠯᠡᠭᠦᠯᠦᠭᠡᠳ ᠬᠡᠷᠡᠭ᠎ᠢ ᠰᠢᠢᠳᠪᠦᠷᠢᠯᠡᠵᠤ ᠳᠠᠭᠤᠰᠭᠠᠵᠤ ᠮᠠᠷᠭᠤᠭᠠᠨ᠎ᠢ ᠵᠣᠭ᠍ᠰᠣᠭᠠᠬᠤ ᠦᠷ᠎ᠡ ᠪᠦᠲᠦᠮᠵᠢ ᠢᠯᠡᠷᠬᠡᠢ ᠪᠣᠯᠪᠠ᠃

ᠡᠨᠡ ᠪᠣᠯ ᠪᠦᠬᠦ᠌ ᠣᠷᠣᠨ᠎ᠤ ᠠᠷᠠᠳ᠎ᠤᠨ ᠲᠥᠯᠥᠭᠡ ᠬᠠᠤᠯᠢ ᠪᠡᠷ ᠵᠠᠰᠠᠬᠤ᠎ᠵᠢ ᠭᠦᠨᠵᠡᠭᠡᠢᠷᠡᠭᠦᠯᠵᠦ᠍᠂ ᠨᠡᠢᠭᠡᠮ᠎ᠦᠨ ᠠᠮᠤᠷ ᠲᠦᠪᠱᠢᠨ ᠲᠣᠭ᠍ᠲᠠᠭᠤᠨ᠎ᠢ ᠪᠦᠬᠦ᠌ ᠬᠦᠴᠦ᠍᠎ᠪᠡᠷ᠎ᠢᠶᠡᠨ ᠬᠠᠮᠠᠭᠠᠯᠠᠬᠰᠠᠨ ᠬᠤᠷᠢᠶᠠᠩᠭᠤᠢ ᠵᠢᠷᠤᠬᠯᠠᠯ ᠪᠣᠯᠤᠨ᠎ᠠ᠃

ᠦᠨᠳᠦᠰᠦᠨ ᠱᠠᠲᠤ ᠬᠦᠴᠦᠷᠬᠡᠭ᠌ᠵᠢᠪᠡᠯ ᠤᠯᠤᠰ ᠣᠷᠣᠨ ᠬᠦᠴᠦᠷᠬᠡᠭ᠌ᠵᠢᠵᠦ᠍᠂ ᠦᠨᠳᠦᠰᠦᠨ ᠱᠠᠲᠤ ᠠᠮᠤᠷ ᠲᠦᠪᠱᠢᠨ ᠪᠣᠯ ᠤᠯᠤᠰ ᠬᠦᠷᠦᠨ ᠠᠮᠤᠷ ᠲᠠᠢᠪᠤᠩ᠃ ᠨᠢᠳᠤᠨᠤᠨ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ ᠦᠨᠳᠦᠰᠦᠨ ᠱᠠᠲᠤᠨ᠎ᠤ ᠠᠮᠤᠷ ᠲᠦᠪᠱᠢᠨ ᠲᠣᠭ᠍ᠲᠠᠭᠤᠨ᠎ᠢ ᠬᠠᠮᠠᠭᠠᠯᠠᠬᠤ 《ᠦᠨᠳᠦᠰᠦᠨ ᠪᠠᠢᠳᠠᠯ》 ᠢ᠋ ᠴᠢᠩᠭ᠎ᠠ ᠠᠳᠭᠤᠵᠤ᠂ 《30 ᠮᠢᠨᠦ᠋ᠲ᠎ᠦᠨ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠴᠠᠭᠠᠷᠢᠭ》 ᠢ᠋ ᠴᠣᠭ᠍ᠴᠠᠯᠠᠵᠤ᠂ ᠣᠯᠠᠨ ᠲᠦᠮᠡᠨ᠎ᠳᠦ ᠳᠥᠭᠥᠮ ᠳᠥᠷᠬᠡᠡ ᠥᠨᠳᠥᠷ ᠪᠦᠲᠦᠮᠵᠢᠲᠡᠶ ᠬᠠᠤᠯᠢ ᠴᠠᠭᠠᠵᠠ᠎ᠶ᠋ᠢᠨ ᠦᠶ᠋ᠯᠡᠴᠢᠯᠡᠭᠡ ᠬᠠᠩᠭᠠᠪᠠ; ᠠᠯᠪᠠᠨ ᠭᠡᠷᠡᠴᠢᠯᠡᠭᠡ᠎ᠵᠢᠨ 《ᠦᠨᠡᠮᠯᠡᠯ᠎ᠢ ᠬᠠᠰᠤᠵᠤ ᠠᠷᠠᠳ᠎ᠲᠤ ᠲᠥᠬᠥᠮ ᠦᠵᠡᠭᠦᠯᠬᠦ᠌᠎ᠶ᠋ᠢ ᠲᠦᠷᠭᠡᠳᠭᠡᠬᠦ᠌ 》 ᠠᠷᠭ᠎ᠠ ᠬᠡᠮᠵᠢᠶ᠎ᠡ᠎ᠨᠦᠭᠦᠳ᠎ᠢ ᠲᠣᠭ᠍ᠲᠠᠭᠠᠵᠤ᠂ ᠣᠯᠠᠨ ᠲᠦᠮᠡᠨ᠎ᠦ ᠠᠯᠪᠠᠨ ᠭᠡᠷᠡᠴᠢᠯᠡᠭᠡ ᠬᠢᠬᠦ᠌᠂ ᠬᠥᠨᠳᠡᠯᠡᠨ᠎ᠡᠴᠡ ᠲᠠᠰᠤᠯᠬᠤ᠂ ᠬᠠᠤᠯᠢ ᠴᠠᠭᠠᠵᠠ᠎ᠶ᠋ᠢᠨ ᠬᠢᠨᠠᠨ ᠲᠣᠭ᠍ᠲᠠᠭᠠᠯᠲᠠ ᠬᠢᠬᠦ᠌ ᠵᠡᠷᠭᠡ ᠬᠠᠤᠯᠢ ᠴᠠᠭᠠᠵᠠ᠎ᠶ᠋ᠢᠨ ᠬᠡᠷᠡᠭ ᠶᠠᠪᠤᠳᠠᠯ᠎ᠢ ᠭᠦᠶ᠋ᠴᠡᠳᠭᠡᠬᠦ᠌᠎ᠳᠦ ᠲᠥᠬᠥᠮ ᠦᠵᠡᠭᠦᠯᠪᠡ;《 ᠬᠠᠤᠯᠢ ᠴᠠᠭᠠᠵᠠ ᠵᠢᠨ ᠲᠤᠰᠠᠯᠠᠮᠵᠢ ᠪᠡᠷ ᠠᠷᠠᠳ᠎ᠤᠨ ᠠᠮᠢᠳᠤᠷᠠᠯ᠎ᠳᠤ ᠠᠱᠢᠭ ᠬᠦᠷᠲᠡᠭᠡᠬᠦ᠌ 》 ᠠᠵᠢᠯᠯᠠᠭ᠎ᠠ᠎ᠶ᠋ᠢ ᠭᠦᠨᠵᠡᠭᠡᠢᠷᠡᠭᠦᠯᠵᠦ᠍᠂ ᠣᠯᠠᠨ ᠲᠦᠮᠡᠨ᠎ᠳᠦ ᠬᠠᠤᠯᠢ ᠴᠠᠭᠠᠵᠠ᠎ᠶ᠋ᠢᠨ ᠲᠤᠰᠠᠯᠠᠮᠵᠢ ᠦᠵᠡᠬᠦᠯᠵᠤ ᠬᠡᠷᠡᠭ᠎ᠢ ᠢᠳᠡᠪᠬᠢᠲᠡᠶ᠎ᠪᠡᠷ ᠭᠦᠶ᠋ᠴᠡᠳᠭᠡᠵᠦ᠍ ᠥᠭ᠌ᠪᠡ;《ᠲᠦᠮᠡᠨ ᠬᠠᠤᠯᠢᠴᠢ ᠬᠥᠳᠡᠭᠡ ᠲᠣᠰᠭᠣᠨ᠎ᠳᠤ ᠣᠴᠢᠬᠤ》 ᠠᠵᠢᠯᠯᠠᠭ᠎ᠠ᠎ᠶ᠋ᠢ ᠥᠷᠨᠢᠭᠦᠯᠵᠦ᠍᠂ ᠤᠯᠠᠨ ᠲᠦᠮᠡᠨ᠎ᠳᠦ 18 ᠲᠦᠮᠡ ᠭᠠᠷᠤᠢ ᠤᠳᠠᠭᠠᠨ᠎ᠤ ᠨᠡᠢᠲᠡ᠎ᠶ᠋ᠢᠨ ᠠᠰᠠᠷᠠᠮᠵᠢ᠎ᠶ᠋ᠢᠨ ᠬᠠᠤᠯᠢ ᠴᠠᠭᠠᠵᠠ᠎ᠶ᠋ᠢᠨ ᠦᠢᠯᠡᠴᠢᠯᠡᠭᠡ ᠬᠠᠩᠭᠠᠪᠠ; ᠠᠷᠠᠳ᠎ᠤᠨ ᠡᠵᠡᠩᠨᠡᠯᠲᠡ᠎ᠵᠢᠨ ᠠᠵᠤ ᠠᠬᠤᠢᠯᠠᠯ᠎ᠤᠨ 《 ᠬᠠᠤᠯᠢ᠎ᠪᠠᠷ ᠵᠠᠰᠠᠬᠤ ᠪᠡᠶ᠎ᠡ᠎ᠶ᠋ᠢᠨ ᠪᠠᠢᠴᠠᠭᠠᠯᠲᠠ ᠬᠢᠵᠤ ᠦᠭᠬᠦ》 ᠎ᠶ᠋ᠢ ᠠᠬᠢᠭᠤᠯᠵᠤ᠂ ᠬᠠᠤᠯᠢ᠎ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠱᠢᠯᠢᠳᠡᠭ᠌ᠵᠢᠭᠦᠯᠪᠡ;  ᠥᠪᠡᠷᠲᠡᠭᠡᠨ ᠵᠠᠰᠠᠬᠤ ᠣᠷᠣᠨ᠎ᠤ ᠵᠥᠷᠢᠴᠡᠯ ᠵᠠᠭᠤᠷᠠᠯᠳᠤᠭᠠᠨ᠎ᠢ ᠣᠯᠠᠨ ᠡᠱᠢᠴᠢᠯᠡᠨ ᠱᠢᠶ᠋ᠳᠪᠦᠷᠢᠯᠡᠬᠦ᠌ ᠲᠦᠷᠢᠮ᠎ᠢ ᠨᠡᠢᠲᠡᠯᠡᠵᠦ᠍᠂ ᠨᠢᠭᠡ ᠥᠷᠲᠡᠭᠡᠴᠢᠯᠡᠭᠰᠡᠨ ᠮᠠᠶᠢᠭ᠎ᠤᠨ ᠵᠥᠷᠢᠴᠡᠯ᠎ᠢ ᠡᠶᠡᠳᠡᠭᠦᠯᠦᠨ ᠱᠢᠶ᠋ᠳᠪᠦᠷᠢᠯᠡᠬᠦ᠌ ᠲᠥᠪ᠎ᠢ 1263 ᠪᠠᠢᠭᠤᠯᠵᠤ᠂ ᠵᠥᠷᠢᠴᠡᠯ ᠵᠠᠭᠤᠷᠠᠯᠳᠤᠭᠠᠨ᠎ᠢ 19.3 ᠲᠦᠮᠡ ᠭᠠᠷᠤᠶ ᠬᠤᠪᠢ ᠡᠶᠡᠳᠡᠭᠦᠯᠵᠦ᠍᠂ ᠪᠦᠲᠦᠮᠵᠢᠳᠡᠢ ᠡᠶᠡᠳᠡᠭᠦᠯᠦᠭᠰᠠᠨ ᠨᠣᠷᠮ᠎ᠠ 99% ᠎ᠳ᠋ᠤ ᠬᠦᠷᠴᠦ᠍᠂ ᠣᠯᠠᠨ ᠲᠦᠮᠡᠨ᠎ᠦ ᠰᠡᠳᠭᠢᠯ ᠬᠠᠨᠤᠮᠵᠢ ᠲᠠᠶ ᠪᠠᠢᠬᠤ ᠬᠡᠮᠵᠢᠶ᠎ᠡ ᠲᠠᠰᠤᠷᠠᠯᠲᠠ ᠥᠬᠡᠶ ᠳᠡᠭᠡᠭ᠌ᠰᠢᠯᠡᠪᠡ᠃

《ᠣᠳᠣᠬᠠᠨ᠎ᠳᠤ ᠶᠠᠭ ᠲᠠᠷᠢᠶᠠᠯᠠᠩ᠎ᠤᠨ ᠬᠡᠷᠡᠭ᠌ᠰᠡᠯ᠎ᠢ ᠲᠥᠪᠯᠡᠷᠡᠭᠦᠯᠦᠨ ᠬᠤᠳᠠᠯᠳᠤᠨ ᠠᠪᠬᠤ ᠦᠶ᠎ᠡ᠎ᠪᠤᠯᠤᠨ᠎ᠠ᠂ ᠣᠯᠠᠨ᠎ᠢᠶᠠᠷ᠎ᠢᠶᠠᠨ ᠵᠠᠪᠠᠯ ᠦᠨᠡᠮᠯᠡᠯ ᠪᠦᠷᠢᠨ ᠭᠦᠶ᠋ᠴᠡᠳ ᠲᠠᠷᠢᠶᠠᠯᠠᠩ᠎ᠤᠨ ᠬᠡᠷᠡᠭ᠌ᠰᠡᠯ ᠪᠣᠷᠣᠯᠠᠭᠤᠯᠬᠤ ᠳᠡᠯᠭᠡᠭᠦᠷ᠎ᠲᠦ ᠬᠦᠷᠴᠦ᠍ ᠲᠠᠷᠢᠶᠠᠯᠠᠩ᠎ᠤᠨ ᠬᠡᠷᠡᠭ᠌ᠰᠡᠯ ᠬᠤᠳᠠᠯᠳᠤᠨ ᠠᠪᠬᠤ ᠬᠡᠷᠡᠭ᠌ᠲᠡᠶ᠃ ᠬᠡᠷᠪᠡ ᠴᠢᠨᠡᠷ ᠮᠠᠭᠤ ᠦᠢᠯᠡᠳᠬᠦᠨ ᠲᠣᠬᠢᠶᠠᠯᠳᠤᠪᠠᠯ᠂ ᠭᠡᠷᠡᠴᠢ ᠪᠠᠷᠢᠮᠲᠠ ᠪᠠᠨ ᠰᠠᠢᠲᠤᠷ ᠬᠠᠳᠠᠭᠠᠯᠠᠵᠤ᠂ ᠦᠢᠯᠡᠳᠪᠦᠷᠢ ᠬᠤᠳᠠᠯᠳᠤᠭ᠎ᠠ ᠵᠡᠷᠭᠡ ᠰᠠᠯᠠᠭ᠎ᠠ ᠮᠥᠴᠢᠷ᠎ᠲᠦ ᠴᠠᠭ ᠲᠤᠬᠠᠢ᠎ᠳᠤᠨᠢ ᠲᠤᠰᠭᠠᠵᠤ᠂ ᠬᠠᠤᠯᠢ ᠴᠠᠭᠠᠵᠠ᠎ᠶ᠋ᠢᠨ ᠵᠡᠪᠰᠡᠭ᠎ᠢ ᠬᠡᠷᠡᠭ᠌ᠯᠡᠨ ᠲᠤᠰ ᠪᠡᠶ᠎ᠡ᠎ᠶ᠋ᠢᠨ ᠡᠷᠬᠡ ᠠᠱᠢᠭ᠎ᠢᠶᠠᠨ ᠬᠠᠮᠠᠭᠠᠯᠠᠬᠤ ᠬᠡᠷᠡᠭ᠌ᠲᠡᠢ》᠃ 3 ᠰᠠᠷ᠎ᠠ᠎ᠶ᠋ᠢᠨ 28 ᠎ᠤ᠋ ᠡᠳᠦᠷ᠂ ᠥᠪᠥᠷ ᠮᠣᠩᠭᠣᠯ᠎ᠤᠨ ᠱᠧᠤ ᠸᠧᠶ ᠬᠠᠤᠯᠢᠴᠢ᠎ᠶ᠋ᠢᠨ ᠬᠡᠷᠡᠭ ᠡᠷᠬᠢᠯᠡᠬᠦ᠌ ᠭᠠᠵᠠᠷ᠎ᠤᠨ ᠬᠠᠤᠯᠢᠴᠢ ᠵᠠᠩ ᠱᠠᠨ ᠲᠦᠩᠯᠢᠶᠣᠤ ᠬᠣᠲᠠ᠎ᠶ᠋ᠢᠨ ᠬᠦᠷᠢᠶ᠎ᠡ ᠬᠣᠱᠢᠭᠤᠨ᠎ᠳᠤ ᠬᠦᠷᠴᠦ᠍ 《ᠲᠦᠮᠡᠨ ᠬᠠᠤᠯᠢᠴᠢ ᠬᠥᠳᠡᠭᠡ ᠲᠣᠰᠭᠣᠨ᠎ᠳᠤ ᠣᠴᠢᠬᠤ 》 ᠠᠵᠢᠯᠯᠠᠭ᠎ᠠ ᠥᠷᠨᠢᠭᠦᠯᠵᠦ᠍᠂ ᠬᠠᠪᠤᠷ᠎ᠤᠨ ᠲᠠᠷᠢᠶᠠᠯᠠᠭ᠎ᠠ᠎ᠶ᠋ᠢᠨ ᠪᠡᠯᠡᠳᠭᠡᠯ ᠠᠵᠢᠯ᠎ᠤᠨ ᠬᠤᠭᠤᠴᠠᠭᠠᠨ᠎ᠳᠤ ᠣᠯᠠᠨ ᠲᠦᠮᠡᠨ᠎ᠦ ᠬᠠᠮᠤᠭ᠎ᠡᠴᠡ ᠠᠩᠬᠠᠷᠴᠤ᠌ ᠪᠠᠢᠭ᠎ᠠ ᠬᠠᠭᠤᠷᠮᠠᠭ ᠴᠢᠨᠡᠷ ᠮᠠᠭᠤ ᠲᠠᠷᠢᠶᠠᠯᠠᠩ᠎ᠤᠨ ᠬᠡᠷᠡᠭ᠌ᠰᠡᠯ ᠬᠤᠳᠠᠯᠳᠤᠨ ᠠᠪᠤᠬᠰᠨᠨ ᠪᠠᠢᠳᠠᠯ ᠲᠤᠤᠷ᠎ᠠ ᠡᠷᠬᠡ᠎ᠠᠰᠢᠭ᠎ᠢᠶᠡᠨ ᠬᠠᠮᠠᠭᠠᠯᠠᠬᠤ᠂ ᠭᠠᠵᠠᠷ ᠱᠢᠷᠣᠶ ᠳᠠᠭᠠᠭᠠᠴᠢᠯᠠᠨ ᠡᠵᠡᠩᠨᠡᠬᠦ᠌ ᠡᠷᠬᠡ᠎ᠶ᠋ᠢᠨ ᠵᠠᠭᠤᠷᠠᠯᠳᠤᠭᠠᠨ ᠵᠡᠷᠭᠡ ᠠᠰᠠᠭᠤᠳᠠᠯ᠎ᠳᠤ ᠴᠢᠭ᠌ᠯᠡᠭᠦᠯᠦᠨ᠂ ᠬᠡᠷᠡᠭ᠎ᠢᠶᠡᠷ ᠬᠠᠤᠯᠢ ᠶᠠᠷᠢᠵᠤ᠂ ᠮᠠᠲᠠᠭ ᠡᠭᠡᠳᠡᠷᠡᠭᠡᠨ᠎ᠢ ᠳᠡᠢᠯᠵᠦ᠍᠂ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡ᠎ᠶ᠋ᠢ ᠣᠯᠠᠨ ᠲᠦᠮᠡᠨ᠎ᠦ ᠳᠡᠷᠭᠡᠳᠡ ᠬᠦᠷᠭᠡᠵᠦ᠍᠂ ᠵᠠᠭᠤᠷᠠᠯᠳᠤᠭᠠᠨ᠎ᠢ ᠱᠢᠶ᠋ᠳᠪᠦᠷᠢᠯᠡᠬᠦ᠌《ᠪᠣᠭᠣᠮᠲᠠ》ᠶ᠋ᠢ ᠡᠮᠦᠨᠡᠰᠢᠯᠡᠬᠦᠯᠪᠡ᠃

ᠨᠡᠢᠭᠡᠮ᠎ᠦᠨ ᠠᠮᠤᠷ ᠲᠦᠪᠱᠢᠨ ᠲᠣᠭ᠍ᠲᠠᠭᠤᠨ ᠪᠣᠯ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠳᠤᠮᠳᠠᠬᠢ 《ᠵᠠᠪᠠᠯ ᠬᠠᠷᠢᠭᠤᠯᠬᠤ ᠰᠡᠳᠦᠪ》ᠮᠥᠨ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ ᠤᠯᠤᠰ ᠲᠥᠷᠥ᠎ᠶ᠋ᠢᠨ ᠬᠠᠷᠢᠭᠤᠴᠠᠯᠭ᠎ᠠ᠎ᠶ᠋ᠢ ᠡᠭᠦᠷᠭᠡᠯᠡᠵᠦ᠍᠂ ᠤᠯᠤᠰ᠎ᠤᠨ ᠤᠯᠤᠰ ᠲᠥᠷᠥ᠎ᠶ᠋ᠢᠨ ᠠᠮᠤᠷ ᠲᠦᠪᠱᠢᠨ᠎ᠢ ᠬᠠᠮᠠᠭᠠᠯᠠᠬᠤ ᠂ ᠨᠡᠢᠭᠡᠮ᠎ᠦᠨ ᠶᠡᠬᠡ ᠲᠠᠯ᠎ᠠ᠎ᠶ᠋ᠢᠨ ᠲᠣᠭ᠍ᠲᠠᠭᠤᠨ᠎ᠢ ᠪᠠᠲᠤᠯᠠᠬᠤ᠂ ᠨᠡᠢᠭᠡᠮ᠎ᠦᠨ ᠲᠥᠪ ᠭᠤᠤᠯᠴᠢ ᠱᠢᠳᠤᠷᠭᠤ ᠶᠣᠰᠣ᠎ᠶ᠋ᠢ ᠠᠬᠢᠭᠤᠯᠬᠤ᠂ ᠠᠷᠠᠳ ᠲᠦᠮᠡᠨ᠎ᠦ ᠠᠮᠤᠷ ᠲᠠᠢᠪᠤᠩ ᠠᠵᠤ ᠲᠦᠷᠦᠭᠦ᠎ᠶ᠋ᠢ ᠪᠠᠲᠤᠯᠠᠬᠤ ᠴᠢᠬᠤᠯᠠ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠰᠠᠢᠲᠤᠷ ᠭᠦᠶ᠋ᠴᠡᠳᠭᠡᠵᠦ᠍᠂ ᠠᠶᠤᠯ ᠲᠦᠭ᠌ᠰᠢᠭᠦᠷᠢ᠎ᠶ᠋ᠢ ᠰᠡᠷᠭᠡᠢᠯᠡᠬᠦ᠌᠂ ᠠᠮᠤᠷ ᠲᠦᠪᠱᠢᠨ᠎ᠢ ᠪᠠᠲᠤᠯᠠᠬᠤ᠂ ᠲᠣᠭ᠍ᠲᠠᠭᠤᠨ᠎ᠢ ᠬᠠᠮᠠᠭᠠᠯᠠᠬᠤ᠂ ᠬᠥᠭ᠌ᠵᠢᠯᠲᠡ᠎ᠶ᠋ᠢ ᠠᠬᠢᠭᠤᠯᠬᠤ ᠡᠯ᠎ᠡ ᠵᠦᠶ᠋ᠯ᠎ᠦᠨ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠬᠢᠵᠦ ᠪᠠᠢᠨ᠎ᠠ᠃

— ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌᠎ᠳᠦ ᠬᠦᠴᠦᠨ ᠨᠡᠮᠡᠷᠢᠯᠡᠬᠦ ᠲᠡᠭᠡᠷ᠎ᠡ ᠠᠩᠬᠠᠷᠤᠯ᠎ᠢᠶᠠᠨ ᠲᠥᠪᠯᠡᠷᠡᠭᠦᠯᠵᠦ᠍᠂ ᠬᠠᠤᠯᠢ ᠪᠡᠷ ᠵᠠᠰᠠᠬᠤ ᠪᠠᠢᠭᠤᠯᠤᠯᠲᠠ᠎ᠶ᠋ᠢ ᠭᠦᠨᠵᠡᠭᠡᠢᠷᠡᠭᠦᠯᠬᠦ᠌ ᠲᠠᠯ᠎ᠠ᠎ᠪᠠᠷ ᠦᠷᠭᠦᠯᠵᠢᠯᠡᠨ ᠬᠦᠴᠦᠯᠡᠨ᠎ᠡ᠃ 《ᠲᠠᠪᠤᠨ ᠶᠡᠬᠡ ᠡᠭᠦᠷᠭᠡ》 ᠶ᠋ᠢ ᠨᠠᠢᠳᠠᠪᠤᠷᠢᠵᠢᠭᠤᠯᠬᠤ᠂《ᠵᠢᠷᠭᠤᠭᠠᠨ ᠢᠨᠵᠧᠨᠧᠷᠢᠩ》 ᠢ᠋ ᠦᠷᠭᠦᠯᠵᠢᠯᠡᠨ ᠬᠡᠷᠡᠭ᠌ᠵᠢᠭᠦᠯᠬᠦ᠌᠂ 《ᠵᠢᠷᠭᠤᠭᠠᠨ ᠠᠵᠢᠯᠯᠠᠭ᠎ᠠ》 ᠶ᠋ᠢ ᠥᠷᠨᠢᠭᠦᠯᠬᠦ᠌᠎ᠶ᠋ᠢ ᠠᠬᠢᠭᠤᠯᠬᠤ ᠵᠡᠷᠭᠡ ᠭᠤᠤᠯᠳᠠᠯᠭ᠎ᠠ᠎ᠲᠠᠶ ᠡᠭᠦᠷᠭᠡ᠎ᠶ᠋ᠢᠨ ᠲᠣᠭᠣᠷᠢᠨ᠎ᠳᠤ ᠂ ᠬᠠᠤᠯᠢ᠎ᠪᠠᠷ ᠵᠠᠰᠠᠬᠤ᠎ᠶ᠋ᠢᠨ ᠦᠨᠳᠦᠰᠦ᠎ᠶ᠋ᠢ ᠪᠡᠬᠢᠵᠢᠭᠦᠯᠬᠦ᠌᠂ ᠵᠢᠱ᠌ᠢᠯᠲᠡ᠎ᠶ᠋ᠢ ᠲᠣᠭ᠍ᠲᠠᠪᠤᠷᠢᠵᠢᠭᠤᠯᠬᠤ᠂ ᠠᠯᠤᠰ ᠬᠡᠲᠦ᠍᠎ᠳᠦ ᠠᠱᠢᠭ᠍ᠲᠠᠶ ᠪᠠᠢᠯᠭᠠᠬᠤ ᠪᠠᠲᠤᠯᠠᠭ᠎ᠠ᠎ᠶ᠋ᠢᠨ ᠦᠶ᠋ᠯᠡᠳᠦᠯ᠎ᠢ ᠪᠠᠳᠠᠷᠠᠭᠤᠯᠤᠨ᠎ᠠ᠃

— ᠠᠷᠠᠳ᠎ᠤᠨ ᠲᠥᠯᠥᠭᠡ ᠬᠠᠤᠯᠢ᠎ᠪᠠᠷ ᠵᠠᠰᠠᠬᠤ᠎ᠶ᠋ᠢ ᠦᠶ᠋ᠯᠡᠳᠦᠯᠭᠡᠵᠢᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠣᠳᠣᠬᠢᠴᠢᠯᠠᠭ᠍ᠰᠠᠨ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠱᠢᠰᠲ᠋ᠧᠮ᠎ᠢ ᠪᠦᠷᠢᠨᠱᠢᠭᠦᠯᠬᠦ᠌ ᠳᠡᠭᠡᠷ᠎ᠡ ᠦᠷᠭᠦᠯᠵᠢᠯᠡᠨ ᠬᠦᠴᠦᠯᠡᠨ᠎ᠡ᠃ 《30 ᠮᠢᠨᠦ᠋ᠲ᠎ᠦᠨ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠴᠠᠭᠠᠷᠢᠭ》 ᠤ᠋ᠨ ᠪᠠᠢᠭᠤᠯᠤᠯᠲᠠ᠎ᠶ᠋ᠢ ᠭᠦᠨᠵᠡᠭᠡᠢᠷᠡᠭᠦᠯᠵᠦ᠍᠂ ᠠᠵᠢᠯ ᠣᠯᠭᠣᠯᠲᠠ᠂ ᠡᠮ ᠡᠮᠨᠡᠯᠭᠡ᠂ ᠰᠤᠷᠭᠠᠨ ᠬᠥᠮᠦᠵᠢᠯ᠂ ᠨᠡᠢᠭᠡᠮ᠎ᠦᠨ ᠪᠠᠲᠤᠯᠠᠭ᠎ᠠ ᠵᠡᠷᠭᠡ ᠠᠷᠠᠳ᠎ᠤᠨ ᠠᠮᠢᠳᠤᠷᠠᠯ᠎ᠤᠨ ᠬᠦᠷᠢᠶᠡᠨ᠎ᠳᠡᠬᠢ ᠲᠦᠭᠡᠮᠡᠯ ᠬᠠᠷᠠᠭᠠᠯᠵᠠᠯ᠎ᠤᠨ ᠴᠢᠨᠠᠷᠲᠠᠶ ᠣᠯᠠᠨ ᠨᠡᠢᠲᠡ᠎ᠶ᠋ᠢᠨ ᠬᠠᠤᠯᠢ ᠴᠠᠭᠠᠵᠠ᠎ᠶ᠋ᠢᠨ ᠦᠶ᠋ᠯᠡᠴᠢᠯᠡᠭᠡ᠎ᠶ᠋ᠢ ᠤᠯᠠᠮ ᠨᠢᠭᠡ ᠠᠯᠬᠤᠮ ᠪᠣᠳᠠᠲᠠᠢᠵᠢᠭᠤᠯᠵᠤ᠂ ᠠᠷᠠᠳ ᠣᠯᠠᠨ᠎ᠳᠤ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠳᠥᠭᠥᠮ ᠲᠦᠷᠬᠡᠨ᠂ ᠥᠨᠳᠥᠷ ᠪᠦᠲᠦᠮᠵᠢᠲᠡᠶ ᠪᠠᠢᠬᠤ᠎ᠶ᠋ᠢ ᠦᠨᠡᠨ ᠬᠦ᠌ ᠮᠡᠳᠡᠷᠡᠭᠦᠯᠵᠦ᠍᠂ ᠣᠯᠠᠨ ᠲᠦᠮᠡᠨ᠎ᠦ ᠬᠠᠤᠯᠢ ᠪᠡᠷ ᠵᠠᠰᠠᠬᠤ ᠵᠢᠨ ᠬᠦᠷᠲᠡᠮᠵᠢ᠎ᠶ᠋ᠢᠨ ᠲᠥᠷᠥᠭ᠌ᠳᠡᠯ᠎ᠢ ᠳᠡᠭᠡᠭ᠌ᠰᠢᠯᠡᠭᠦᠯᠦᠨ᠎ᠡ ;《ᠠᠯᠪᠠᠨ ᠭᠡᠷᠡᠴᠢᠯᠡᠭᠡ᠎ᠶ᠋ᠢᠨ ᠵᠢᠷᠤᠮᠵᠢᠩᠭᠤᠢ ᠪᠥᠭᠡᠳ ᠴᠢᠨᠠᠷ ᠰᠠᠢᠲᠠᠶ》ᠠᠵᠢᠯᠯᠠᠭ᠎ᠠ᠎ᠶ᠋ᠢ ᠥᠷᠨᠢᠭᠦᠯᠵᠦ᠍᠂ 《ᠪᠠᠭᠠᠰᠬᠠᠬᠤ᠂ ᠲᠦᠷᠭᠡᠨ᠂ ᠰᠠᠢᠨ》ᠳᠡᠭᠡᠷ᠎ᠡ ᠦᠷᠭᠦᠯᠵᠢᠯᠡᠨ ᠬᠦᠴᠦ᠍ ᠣᠷᠣᠭᠤᠯᠵᠤ᠂ ᠠᠯᠪᠠᠨ ᠭᠡᠷᠡᠴᠢᠯᠡᠭᠡ᠎ᠶ᠋ᠢᠨ ᠦᠶ᠋ᠯᠡᠴᠢᠯᠡᠭᠡᠨ᠎ᠦ ᠶᠠᠰᠤ ᠴᠢᠨᠠᠷ᠎ᠢ ᠨᠠᠩ ᠰᠠᠢᠨ ᠪᠣᠯᠭᠠᠵᠤ᠂ ᠣᠯᠠᠨ ᠲᠦᠮᠡᠨ᠎ᠦ ᠬᠠᠨᠤᠮᠵᠢ ᠲᠠᠢ ᠪᠠᠢᠬᠤ ᠬᠡᠮᠵᠢᠶ᠎ᠡ᠎ᠶ᠋ᠢ ᠨᠠᠩ ᠥᠨᠳᠥᠷ ᠪᠣᠯᠭᠠᠨ᠎ᠠ; ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ《ᠰᠠᠨᠠᠭ᠎ᠠ ᠠᠮᠤᠷ ᠪᠤᠯᠭᠠᠬᠤ ᠠᠵᠢᠯᠯᠠᠭ᠎ᠠ》ᠶ᠋ᠢ ᠠᠬᠢᠭᠤᠯᠵᠤ᠂ ᠬᠠᠤᠯᠢ ᠴᠠᠭᠠᠵᠠ᠎ᠶ᠋ᠢᠨ ᠲᠤᠰᠠᠯᠠᠮᠵᠢ᠎ᠶ᠋ᠢᠨ ᠠᠵᠢᠯ᠎ᠤᠨ ᠬᠡᠪᠴᠢᠶ᠎ᠡ᠎ᠶ᠋ᠢ ᠥᠷᠭᠡᠳᠭᠡᠨ ᠶᠠᠰᠤ ᠴᠢᠨᠠᠷ᠎ᠢ ᠳᠡᠭᠡᠭ᠌ᠰᠢᠯᠡᠭᠦᠯᠬᠦ᠌᠎ᠶ᠋ᠢ ᠠᠬᠢᠭᠤᠯᠵᠤ᠂ ᠬᠠᠤᠯᠢ ᠪᠡᠷ ᠵᠠᠰᠠᠬᠤ ᠡᠷᠴᠢᠮ᠎ᠢᠶᠡᠷ ᠠᠷᠠᠳ᠎ᠤᠨ ᠠᠮᠢᠳᠤᠷᠠᠯ᠎ᠢ ᠪᠠᠳᠤᠯᠠᠨ᠎ᠠ᠃

— ᠡᠭᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠠᠮᠤᠷ ᠲᠦᠪᠱᠢᠨ ᠲᠣᠭ᠍ᠲᠠᠭᠤᠨ᠎ᠢ ᠬᠠᠮᠠᠭᠠᠯᠠᠬᠤ ᠲᠠᠯ᠎ᠠ᠎ᠪᠠᠷ ᠦᠷᠭᠦᠯᠵᠢᠯᠡᠨ ᠬᠦᠴᠦᠯᠡᠨ᠎ᠡ᠃ ᠨᠡᠢᠭᠡᠮ᠎ᠦᠨ ᠲᠣᠭ᠍ᠲᠠᠭᠤᠨ᠎ᠢ ᠬᠠᠮᠠᠭᠠᠯᠠᠬᠤ ᠬᠠᠷᠢᠭᠤᠴᠠᠯᠭ᠎ᠠ᠎ᠶ᠋ᠢᠨ ᠲᠦᠷᠢᠮ᠎ᠢ ᠴᠢᠩᠭ᠎ᠠ ᠨᠠᠢᠳᠠᠪᠤᠷᠢᠵᠢᠭᠤᠯᠵᠤ᠂ ᠰᠤᠷᠭᠠᠨ ᠬᠥᠮᠦᠵᠢᠭᠦᠯᠵᠦ᠍ ᠥᠭᠡᠷᠡᠴᠢᠯᠡᠬᠦ᠌᠂ ᠨᠡᠢᠭᠡᠮ ᠲᠣᠭᠣᠷᠢᠭ᠎ᠡᠴᠡ ᠬᠦᠮᠦᠵᠢᠬᠦᠯᠦᠨ ᠵᠠᠯᠠᠷᠠᠭᠤᠯᠬᠤ᠂ ᠲᠥᠪᠬᠢᠨᠡᠭᠦᠯᠵᠦ᠍ ᠬᠠᠪᠰᠤᠷᠤᠨ ᠰᠤᠷᠭᠠᠬᠤ᠂ ᠵᠠᠭᠤᠷᠠᠯᠳᠤᠭᠠᠨ᠎ᠢ ᠱᠢᠢᠳᠪᠦᠷᠢᠯᠡᠬᠦ᠌᠂ ᠬᠠᠤᠯᠢ᠎ᠪᠠᠷ ᠵᠠᠰᠠᠬᠤ ᠤᠬᠠᠭᠤᠯᠭ᠎ᠠ ᠵᠡᠷᠭᠡ 5 ᠵᠦᠢᠯ᠎ᠦᠨ ᠠᠵᠢᠯ᠎ᠢ ᠨᠢᠭᠡ ᠴᠤᠭ᠍ᠴᠠᠵᠢᠭᠤᠯᠤᠨ ᠠᠬᠢᠭᠤᠯᠵᠤ᠂ ᠤᠯᠤᠰ ᠣᠷᠣᠨ᠎ᠤ ᠠᠮᠤᠷ ᠲᠦᠪᠱᠢᠨ᠂ ᠨᠡᠢᠭᠡᠮ᠎ᠦᠨ ᠠᠮᠤᠷ ᠲᠣᠭ᠍ᠲᠠᠭᠤᠨ᠂ ᠠᠷᠠᠳ ᠲᠦᠮᠡᠨ᠎ᠦ ᠠᠮᠤᠷ ᠠᠮᠤᠭᠤᠯᠠᠩ᠎ᠢ ᠡᠷᠡᠰ ᠬᠠᠮᠠᠭᠠᠯᠠᠨ᠎ᠠ ; ᠱᠢᠨ᠎ᠡ ᠴᠠᠭ ᠦᠶ᠎ᠡ᠎ᠶ᠋ᠢᠨ 《ᠹᠸᠩᠴᠢᠶᠣᠤ᠎ᠶ᠋ᠢᠨ ᠲᠤᠷᠱᠢᠯᠭ᠎ᠠ》 ᠶ᠋ᠢ ᠪᠠᠷᠢᠮᠲᠠᠯᠠᠨ ᠬᠥᠭ᠌ᠵᠢᠭᠦᠯᠵᠦ᠍᠂《ᠠᠷᠠᠳ᠎ᠤᠨ ᠡᠶᠡᠳᠡᠭᠦᠯᠭᠡ ᠪᠠ ᠲᠣᠭ᠍ᠲᠠᠭᠤᠨ᠎ᠢ ᠬᠠᠮᠠᠭᠠᠯᠠᠬᠤ》ᠲᠤᠰᠭᠠᠶ ᠠᠵᠢᠯᠯᠠᠭ᠎ᠠ᠎ᠶ᠋ᠢ ᠥᠷᠨᠢᠭᠦᠯᠦᠨ᠂ ᠵᠥᠷᠢᠴᠡᠯ ᠪᠠ ᠠᠶᠤᠯ ᠲᠦᠭ᠌ᠰᠢᠭᠦᠷᠢ᠎ᠶ᠋ᠢ ᠰᠡᠷᠭᠡᠢᠯᠡᠨ ᠠᠷᠢᠯᠭᠠᠵᠤ ᠪᠠᠢᠩᠭᠤ ᠵᠠᠰᠠᠬᠤ ᠣᠷᠳᠣ ᠬᠤᠭᠤᠴᠠᠭᠠᠨ᠎ᠤ ᠪᠦᠲᠦᠮᠵᠢᠲᠡᠶ ᠲᠣᠭ᠍ᠲᠠᠴᠠ᠎ᠶ᠋ᠢ ᠪᠠᠢᠭᠤᠯᠵᠤ᠂ ᠵᠠᠬᠢᠳᠠᠯ ᠰᠤᠷᠪᠤᠯᠵᠢᠯᠠᠯ ᠤ᠋ᠨ ᠠᠵᠢᠯ᠎ᠤᠨ ᠬᠠᠤᠯᠢ᠎ᠪᠠᠷ ᠵᠠᠰᠠᠬᠤ᠎ᠶ᠋ᠢ ᠠᠬᠢᠭᠤᠯᠤᠨ᠂ ᠡᠯ᠎ᠡ ᠲᠥᠷᠥᠯ᠎ᠦᠨ ᠵᠥᠷᠢᠴᠡᠯ ᠵᠠᠭᠤᠷᠠᠯᠳᠤᠭᠠᠨ ᠪᠠ ᠠᠶᠤᠯ ᠲᠦᠭ᠌ᠰᠢᠭᠦᠷᠢ᠎ᠶ᠋ᠢᠨ ᠬᠡᠮ ᠰᠤᠭᠤᠭ᠎ᠢ ᠪᠥᠬᠥ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ ᠦᠨᠡᠨ ᠪᠣᠳᠠᠲᠠᠶ᠎ᠪᠠᠷ ᠠᠷᠢᠯᠭᠠᠵᠤ᠂ ᠵᠥᠷᠢᠴᠡᠯ ᠵᠠᠭᠤᠷᠠᠯᠳᠤᠭᠠᠨ᠎ᠢ ᠬᠠᠮᠤᠭ᠎ᠤᠨ ᠶᠡᠬᠡ ᠬᠡᠮᠵᠢᠶ᠎ᠡ᠎ᠪᠡᠷ ᠦᠨᠳᠦᠰᠦᠨ ᠱᠠᠲᠤᠨ᠎ᠳᠤ ᠠᠷᠢᠯᠭᠠᠬᠤ ᠪᠠ ᠴᠤᠬᠤᠢᠵᠤ ᠪᠠᠢᠭ᠎ᠠ ᠪᠠᠢᠳᠠᠯ᠎ᠳᠤᠨᠢ ᠠᠷᠢᠯᠭᠠᠨ᠎ᠠ; ᠭᠣᠣᠯᠳᠠᠯᠭ᠎ᠠ᠎ᠪᠡᠨ ᠳᠣᠷᠣᠭ᠍ᠰᠢ ᠱᠢᠯᠵᠢᠭᠦᠯᠬᠦ᠌᠂ ᠬᠦᠴᠦᠨ᠎ᠢ ᠳᠣᠷᠣᠭ᠍ᠰᠢ ᠪᠠᠭᠤᠯᠭᠠᠬᠤ᠎ᠶ᠋ᠢ ᠪᠠᠷᠢᠮᠲᠠᠯᠠᠵᠤ᠂ 《ᠮᠢᠩᠭᠠᠨ ᠺᠠᠳ᠋ᠷ ᠴᠠᠭ᠍ᠳᠠᠭ᠎ᠠ ᠦᠨᠳᠦᠰᠦᠨ ᠱᠠᠲᠤᠨ᠎ᠳᠤ ᠪᠠᠭᠤᠬᠤ》 ᠵᠡᠷᠭᠡ ᠠᠵᠢᠯᠯᠠᠭ᠎ᠠ᠎ᠶ᠋ᠢ ᠦᠷᠭᠦᠯᠵᠢᠯᠡᠨ ᠥᠷᠨᠢᠭᠦᠯᠵᠦ᠍᠂ ᠠᠵᠢᠯ᠎ᠳᠤ ᠭᠠᠷᠤᠭ᠍ᠰᠠᠨ 108 ᠱᠢᠨ᠎ᠡ ᠬᠠᠤᠯᠢᠴᠢ᠎ᠶ᠋ᠢ ᠬᠠᠤᠯᠢ ᠴᠠᠭᠠᠵᠠ᠎ᠶ᠋ᠢᠨ ᠭᠠᠵᠠᠷ᠎ᠲᠤ ᠲᠣᠮᠢᠯᠠᠨ ᠳᠠᠪᠲᠠᠨ ᠪᠣᠯᠪᠠᠰᠤᠷᠠᠭᠤᠯᠵᠤ᠂ ᠤᠯᠠᠨ ᠠᠷᠭ᠎ᠠ ᠬᠡᠮᠵᠢᠶ᠎ᠡ᠎ᠶ᠋ᠢ ᠵᠡᠷᠭᠡ᠎ᠪᠡᠷ ᠬᠡᠷᠡᠭ᠌ᠯᠡᠨ ᠬᠠᠤᠯᠢ ᠴᠠᠭᠠᠵᠠ᠎ᠶ᠋ᠢᠨ ᠭᠠᠵᠠᠷ᠎ᠤᠨ ᠬᠦᠴᠦᠨ᠎ᠢ ᠲᠡᠭᠦᠯᠳᠡᠷᠵᠢᠭᠦᠯᠵᠦ᠍᠂ ᠦᠨᠳᠦᠰᠦᠨ ᠱᠠᠲᠤᠨ᠎ᠤ ᠬᠠᠤᠯᠢ᠎ᠪᠠᠷ ᠵᠠᠰᠠᠬᠤ ᠦᠢᠯᠡᠴᠢᠯᠡᠭᠡᠨ᠎ᠦ  ᠲᠦᠪᠱᠢᠨ᠎ᠢ ᠪᠦᠬᠦ᠌ ᠲᠠᠯ᠎ᠠ᠎ᠪᠠᠷ ᠳᠡᠭᠡᠭ᠌ᠰᠢᠯᠡᠭᠦᠯᠦᠨ᠎ᠡ᠃

ᠠᠷᠠᠳ ᠲᠦᠮᠡᠨ ᠠᠮᠤᠷ ᠲᠠᠢᠪᠤᠩ ᠠᠵᠤ ᠲᠦᠷᠦᠭᠦ᠌᠂ ᠨᠡᠢᠭᠡᠮ ᠠᠮᠤᠷ ᠲᠣᠭ᠍ᠲᠠᠭᠤᠨ ᠡᠮᠬᠢ ᠲᠢᠭᠯᠢᠮ᠎ᠲᠠᠶ ᠪᠠᠢᠬᠤ ᠪᠣᠯ ᠠᠷᠠᠳ᠎ᠤᠨ ᠠᠮᠢᠳᠤᠷᠠᠯ᠎ᠤᠨ ᠬᠦᠰᠡᠯ ᠡᠷᠡᠮᠡᠯᠵᠡᠯ ᠪᠣᠯᠬᠤ ᠮᠥᠷᠲᠡᠭᠡᠨ ᠪᠠᠰᠠ ᠴᠦ᠍ ᠬᠥᠭ᠌ᠵᠢᠯᠲᠡ᠎ᠶ᠋ᠢᠨ ᠰᠠᠭᠤᠷᠢ ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭᠠᠵᠠ᠎ᠶ᠋ᠢᠨ ᠲᠢᠩᠬᠢᠮ ᠥᠭᠡᠷᠡᠴᠢᠯᠡᠯᠲᠡ᠎ᠶ᠋ᠢ ᠤᠯᠠᠮ ᠨᠢᠭᠡ ᠠᠯᠬᠤᠮ ᠪᠥᠬᠥ᠌ ᠲᠠᠯ᠎ᠠ᠎ᠪᠠᠷ ᠭᠦᠨᠵᠡᠭᠡᠢᠷᠡᠭᠦᠯᠬᠦ᠌᠎ᠪᠡᠷ ᠬᠥᠳᠡᠯᠭᠡᠬᠦ᠌ ᠬᠦᠴᠦᠨ ᠪᠣᠯᠭᠠᠵᠤ᠂ ᠬᠠᠤᠯᠢ ᠪᠡᠷ ᠵᠠᠰᠠᠬᠤ ᠪᠠᠢᠭᠤᠯᠤᠯᠲᠠ᠎ᠪᠠᠷ ᠭᠠᠷᠳᠠᠴᠠ ᠪᠣᠯᠭᠠᠵᠤ᠂ ᠠᠮᠤᠷ ᠠᠮᠤᠭᠤᠯᠠᠩ᠎ᠤᠨ ᠪᠠᠢᠭᠤᠯᠤᠯᠲᠠ᠎ᠪᠠᠷ ᠰᠠᠭᠤᠷᠢ ᠪᠣᠯᠭᠠᠵᠤ᠂ ᠦᠨᠳᠦᠰᠦᠨ ᠱᠠᠲᠤᠨ᠎ᠤ ᠰᠠᠭᠤᠷᠢ᠎ᠪᠠᠷ ᠭᠤᠤᠯᠳᠠᠯᠭ᠎ᠠ ᠪᠣᠯᠭᠠᠵᠤ᠂ ᠬᠠᠤᠯᠢ ᠴᠠᠭᠠᠵᠠ᠎ᠶ᠋ᠢᠨ ᠵᠠᠰᠠᠭ ᠵᠠᠬᠢᠷᠭᠠᠨ᠎ᠤ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ᠂ ᠡᠬᠡ ᠤᠯᠤᠰ᠎ᠤᠨ ᠤᠮᠠᠷᠠᠲᠤ᠎ᠶ᠋ᠢᠨ ᠠᠮᠤᠷ ᠲᠦᠪᠱᠢᠨ ᠲᠣᠭ᠍ᠲᠠᠭᠤᠨ᠎ᠤ ᠬᠠᠯᠬᠠᠪᠴᠢ᠎ᠶ᠋ᠢ ᠪᠠᠲᠤ ᠴᠣᠭ᠍ᠴᠠᠯᠠᠬᠤ᠎ᠳᠤ ᠬᠦᠴᠦᠲᠡᠶ ᠬᠠᠤᠯᠢ ᠪᠡᠷ ᠵᠠᠰᠠᠬᠤ ᠪᠠᠲᠤᠯᠠᠭ᠎ᠠ ᠬᠠᠩᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号