ᠮᠠᠨ᠎ᠤ ᠤᠷᠤᠨ ᠰᠠᠨᠰᠠᠷ᠎ᠲᠤ ᠪᠤᠢᠵᠢᠭᠤᠯᠤᠭᠰᠠᠨ 50 ᠭᠠᠷᠤᠢ ᠡᠭᠦᠯᠳᠡᠷ᠎ᠢ ᠵᠢᠱ᠌ᠢᠶ᠎ᠡ ᠦᠵᠡᠭᠦᠯᠦᠨ ᠳᠡᠯᠭᠡᠷᠡᠭᠦᠯᠵᠦ ᠪᠠᠢᠨ᠎ᠠ
2025-04-09 10:40:13
ᠵᠣᠬᠢᠶᠠᠭ᠍ᠴᠢ᠄
​ᠤᠯᠠᠭᠠᠨᠲᠤᠶᠠᠭ᠎ᠠ
ᠣᠩᠱᠢᠭ᠍ᠰᠠᠨ ᠣᠳᠠᠭ᠎ᠠ᠄
★★★☆☆

ᠲᠦᠷᠦᠭᠦᠬᠡᠨ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠎ᠦᠨ ᠮᠡᠳᠡᠭᠦᠯᠦᠭᠰᠡᠨ《ᠣᠨᠴᠠᠯᠢᠭ᠍ᠲᠤ ᠲᠠᠷᠢᠮᠠᠯ᠎ᠢ ᠰᠠᠨᠰᠠᠷ᠎ᠲᠤ ᠪᠤᠢᠵᠢᠭᠤᠯᠬᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠦᠢᠯᠡᠰ᠎ᠦᠨ ᠮᠡᠷᠭᠡᠵᠢᠯ᠎ᠦᠨ ᠢᠨᠵᠸᠨ᠋ᠸᠷᠢᠩᠵᠢᠬᠦᠯᠬᠦ ᠲᠥᠪ》 ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ᠎ᠶᠢᠨ ᠵᠥᠪᠯᠡᠯ᠎ᠤᠨ ᠵᠦᠪᠰᠢᠶᠡᠷᠡᠯ᠎ᠢ ᠤᠯᠪᠠ᠃ ᠲᠤᠰ ᠲᠦᠪ ᠨᠢ ᠲᠥᠮᠥᠰᠥ᠂ ᠰᠢᠬᠢᠷ ᠯᠤᠤᠪᠠᠩ᠂ ᠬᠢᠲᠠᠳ ᠮᠣᠩᠭᠣᠯ ᠡᠮ᠎ᠦᠨ ᠮᠠᠲᠧᠷᠢᠶᠠᠯ᠂ ᠲᠡᠵᠢᠭᠡᠯ ᠡᠪᠡᠰᠦ ᠵᠡᠷᠭᠡ ᠣᠨᠴᠠᠯᠢᠭ᠍ᠲᠤ ᠲᠠᠷᠢᠮᠠᠯ᠎ᠤᠨ ᠦᠷ᠎ᠡ᠎ᠶᠢᠨ ᠦᠢᠯᠡᠰ᠎ᠦᠨ ᠰᠢᠨ᠎ᠡ᠎ᠶᠢ ᠡᠭᠦᠳᠬᠦ᠎ᠳᠦ ᠠᠩᠬᠠᠷᠤᠯ᠎ᠢᠶᠠᠨ ᠲᠥᠪᠯᠡᠷᠡᠭᠦᠯᠵᠦ᠂ ᠰᠠᠨᠰᠠᠷ᠎ᠲᠤ ᠦᠷ᠎ᠡ ᠪᠣᠢᠵᠢᠭᠤᠯᠬᠤ ᠮᠡᠷᠭᠡᠵᠢᠯ᠎ᠢᠶᠡᠷ ᠲᠠᠮᠵᠢᠭᠤᠯᠤᠨ ᠥᠨᠳᠥᠷ ᠤᠨᠠᠯᠲᠠ᠎ᠲᠠᠢ᠂ ᠴᠢᠨᠠᠷ ᠰᠠᠢᠲᠠᠢ᠂ ᠡᠷᠲᠡ ᠪᠣᠯᠪᠠᠰᠤᠷᠠᠬᠤ᠂ ᠡᠪᠡᠳᠴᠢᠨ᠎ᠢ ᠡᠰᠡᠷᠬᠦᠴᠡᠬᠦ ᠴᠢᠳᠠᠪᠤᠷᠢᠳᠠᠢ ᠤᠷᠭᠤᠮᠠᠯ᠎ᠤᠨ ᠰᠢᠨ᠎ᠡ ᠡᠭᠦᠯᠳᠡᠷ ᠪᠣᠯᠣᠨ ᠰᠢᠨ᠎ᠡ ᠲᠠᠷᠢᠮᠠᠯ᠎ᠤᠨ ᠮᠠᠲᠧᠷᠢᠶᠠᠯ᠎ᠢ ᠪᠣᠢᠵᠢᠭᠤᠯᠬᠤ ᠪᠠ ᠦᠢᠯᠡᠳᠪᠦᠷᠢᠯᠡᠬᠦ ᠪᠤᠯᠤᠨ᠎ᠠ ᠃

ᠰᠠᠨᠰᠠᠷ᠎ᠲᠤ ᠦᠷ᠎ᠡ ᠪᠣᠢᠵᠢᠭᠤᠯᠬᠤ ᠨᠢ ᠰᠠᠨᠰᠠᠷ᠎ᠤᠨ ᠠᠶᠠᠯᠠᠯ᠎ᠤᠨ ᠮᠡᠷᠭᠡᠵᠢᠯ᠂ ᠠᠮᠢᠳᠤ ᠪᠣᠳᠠᠰ᠎ᠤᠨ ᠮᠡᠷᠭᠡᠵᠢᠯ ᠬᠢᠭᠡᠳ ᠲᠠᠷᠢᠶᠠᠯᠠᠩ᠎ᠤᠨ ᠦᠷ᠎ᠡ ᠪᠣᠢᠵᠢᠭᠤᠯᠬᠤ ᠮᠡᠷᠭᠡᠵᠢᠯ᠎ᠢ ᠨᠢᠭᠡ ᠴᠣᠭᠴᠠᠵᠢᠭᠤᠯᠤᠭᠰᠠᠨ ᠲᠠᠷᠢᠶᠠᠯᠠᠩ᠎ᠤᠨ ᠦᠷ᠎ᠡ ᠪᠣᠢᠵᠢᠭᠤᠯᠬᠤ ᠰᠢᠨ᠎ᠡ ᠠᠷᠭ᠎ᠠ ᠵᠠᠮ ᠪᠣᠯᠤᠭᠰᠠᠨ᠎ᠤ ᠬᠤᠪᠢ᠎ᠳᠤ ᠰᠠᠨᠰᠠᠷ᠎ᠤᠨ ᠨᠢᠰᠦᠭᠦᠷ᠎ᠢᠶᠡᠷ ᠲᠠᠷᠢᠮᠠᠯ᠎ᠤᠨ ᠦᠷ᠎ᠡ᠂ ᠨᠡᠬᠡᠳᠡᠰᠦ᠂ ᠡᠷᠬᠡᠲᠡᠨ ᠵᠡᠷᠭᠡ᠎ᠶᠢ ᠰᠠᠨᠰᠠᠷ᠎ᠲᠤ ᠬᠦᠷᠭᠡᠵᠦ᠂ ᠣᠭᠲᠠᠷᠭᠤᠢ᠎ᠶᠢᠨ ᠣᠨᠴᠠᠭᠠᠶ ᠣᠷᠴᠢᠨ ᠲᠣᠭᠣᠷᠢᠨ᠎ᠤ ᠥᠳᠥᠭᠡᠨ ᠬᠤᠪᠢᠷᠠᠭᠤᠯᠬᠤ ᠦᠢᠯᠡᠳᠦᠯ᠎ᠢ ᠠᠰᠢᠭ᠍ᠯᠠᠨ᠂ ᠲᠡᠭᠦᠨ᠎ᠢ ᠣᠨᠳᠣᠣᠰᠢᠭᠤᠯᠵᠤ᠂ ᠳᠠᠬᠢᠨ ᠭᠠᠵᠠᠷ᠎ᠤᠨ ᠭᠠᠳᠠᠷᠭᠤ ᠳ᠋ᠤ ᠪᠤᠴᠠᠭᠠᠨ ᠰᠢᠨ᠎ᠡ ᠦᠷ᠎ᠡ ᠡᠳ᠋᠂ ᠰᠢᠨ᠎ᠡ ᠮᠠᠲᠧᠷᠢᠶᠠᠯ᠎ᠢ ᠰᠣᠩᠭᠣᠨ ᠪᠣᠢᠵᠢᠭᠤᠯᠵᠤ᠂ ᠰᠢᠨ᠎ᠡ ᠡᠭᠦᠯᠳᠡᠷ᠎ᠢ ᠪᠣᠢᠵᠢᠭᠤᠯᠬᠤ ᠲᠠᠷᠢᠮᠠᠯ᠎ᠤᠨ ᠦᠷ᠎ᠡ ᠪᠣᠢᠵᠢᠭᠤᠯᠬᠤ ᠰᠢᠨ᠎ᠡ ᠮᠡᠷᠭᠡᠵᠢᠯ ᠪᠣᠯᠣᠨ᠎ᠠ᠃

2023 ᠣᠨ᠎ᠤ 11 ᠰᠠᠷ᠎ᠠ᠎ᠶᠢᠨ 17 ᠎ᠤ᠋ ᠡᠳᠦᠷ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠎ᠢᠶᠡᠷ ᠲᠦᠷᠦᠭᠦᠯᠡᠭᠦᠯᠦᠨ᠂ ᠳᠤᠮᠳᠠᠳᠤ ᠤᠯᠤᠰ᠎ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠵᠤ ᠦᠶ᠋ᠢᠯᠡᠰᠵᠢᠯᠲᠡ ᠵᠢᠨ ᠰᠤᠳᠤᠯᠭᠠᠨ᠎ᠤ ᠨᠡᠢᠭᠡᠮᠯᠢᠭ ᠵᠡᠷᠭᠡ ᠣᠷᠣᠨ᠎ᠤ ᠳᠣᠲᠣᠨ᠎ᠠ ᠭᠠᠳᠠᠨᠠᠬᠢ 13 ᠨᠢᠭᠡᠴᠢ ᠣᠷᠣᠯᠴᠠᠨ ᠪᠠᠢᠭᠤᠯᠤᠭᠰᠠᠨ ᠦᠪᠦᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ᠎ᠦᠨ ᠰᠠᠨᠰᠠᠷ᠎ᠲᠤ ᠦᠷ᠎ᠡ ᠪᠣᠢᠵᠢᠭᠤᠯᠬᠤ ᠰᠤᠳᠤᠯᠭᠠᠨ᠎ᠤ ᠬᠦᠷᠢᠶᠡᠯᠡᠩ ᠬᠥᠬᠡᠬᠣᠲᠠ᠎ᠳᠤ ᠪᠠᠢᠭᠤᠯᠤᠭᠳᠠᠪᠠ᠃ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ ᠪᠣᠯᠣᠨ ᠳᠤᠮᠳᠠᠳᠤ ᠤᠯᠤᠰ᠎ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠵᠤ ᠦᠢᠯᠡᠰᠵᠢᠯᠲᠡ ᠵᠢᠨ ᠰᠤᠳᠤᠯᠭᠠᠨ᠎ᠤ ᠨᠡᠢᠭᠡᠮᠯᠢᠭ ᠪᠠᠢᠯᠳᠤᠬᠤ ᠪᠣᠳᠣᠯᠭ᠎ᠠ᠎ᠶᠢᠨ ᠬᠠᠮᠲᠤᠷᠠᠯᠴᠠᠭᠠᠨ᠎ᠤ ᠵᠥᠪᠯᠡᠯᠴᠡᠭᠡᠷ ᠲᠤᠭᠳᠠᠵᠤ᠂ ᠰᠠᠨᠰᠠᠷ᠎ᠲᠤ ᠦᠷ᠎ᠡ ᠪᠣᠢᠵᠢᠭᠤᠯᠬᠤ ᠰᠤᠳᠤᠯᠭᠠᠨ᠎ᠤ ᠬᠦᠷᠢᠶᠡᠯᠡᠩ᠎ᠦᠨ ᠰᠢᠨ᠎ᠡ᠎ᠶᠢ ᠡᠭᠦᠳᠬᠦ ᠬᠣᠯᠪᠣᠭᠠᠲᠤ ᠴᠣᠭᠴᠠ᠎ᠶᠢᠨ 13 ᠪᠦᠷᠢᠯᠳᠦᠭᠦᠨ ᠨᠢᠭᠡᠴᠢ ᠯᠦ᠍ᠭᠡ ᠬᠠᠮᠲᠤ᠎ᠪᠠᠷ ᠪᠠᠶ᠋ᠢᠭᠤᠯᠬᠤ ᠵᠥᠪᠯᠡᠯᠴᠡᠭᠡᠷ ᠲᠤᠬᠳᠠᠪᠠ᠃

ᠰᠠᠨᠰᠠᠷ᠎ᠲᠤ ᠦᠷ᠎ᠡ ᠪᠣᠢᠵᠢᠭᠤᠯᠬᠤ ᠰᠤᠳᠤᠯᠭᠠᠨ᠎ᠤ ᠬᠦᠷᠢᠶᠡᠯᠡᠩ ᠪᠠᠢᠭᠤᠯᠤᠭᠳᠠᠭᠰᠠᠨ ᠡᠴᠡ ᠨᠠᠭᠠᠰᠢ ᠤᠯᠤᠰ᠎ᠤᠨ ᠳᠣᠲᠣᠭᠠᠳᠤ ᠭᠠᠳᠠᠭᠠᠳᠤ᠎ᠶᠢᠨ ᠡᠯ᠎ᠡ ᠲᠥᠷᠥᠯ᠎ᠦᠨ ᠰᠢᠨ᠎ᠡ᠎ᠶᠢ ᠡᠭᠦᠳᠬᠦ ᠡᠬᠢ ᠪᠠᠶᠠᠯᠢᠭ᠋᠎ᠢ ᠢᠳᠡᠪᠬᠢᠲᠡᠢ ᠠᠰᠢᠭ᠍ᠯᠠᠨ᠂ ᠦᠷ᠎ᠡ᠎ᠶᠢᠨ ᠦᠢᠯᠡᠰ᠎ᠦᠨ ᠰᠢᠨ᠎ᠡ᠎ᠶᠢ ᠡᠭᠦᠳᠬᠦ ᠳᠤᠮᠳᠠᠬᠢ ᠴᠢᠬᠤᠯᠠ ᠶᠡᠬᠡ ᠰᠢᠨᠵᠢᠯᠡᠬᠦ ᠤᠬᠠᠭᠠᠨ ᠬᠢᠭᠡᠳ ᠮᠡᠷᠭᠡᠵᠢᠯ᠎ᠦᠨ ᠠᠰᠠᠭᠤᠳᠠᠯ᠎ᠤᠨ ᠲᠤᠭᠤᠷᠢᠨ ᠳ᠋ᠤ᠂ ᠤᠯᠤᠰ᠎ᠤᠨ ᠴᠢᠬᠤᠯᠠ ᠶᠡᠬᠡ ᠬᠡᠷᠡᠭᠴᠡᠭᠡ ᠱᠠᠭᠠᠷᠳᠠᠯᠭ᠎ᠠ ᠪᠠ ᠣᠯᠠᠨ ᠤᠯᠤᠰ᠎ᠤᠨ ᠦᠷ᠎ᠡ᠎ᠶᠢᠨ ᠦᠢᠯᠡᠰ᠎ᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠤᠰᠢᠭᠤᠷᠠᠯ ᠮᠡᠷᠭᠡᠵᠢᠯ ᠳ᠋ᠤ ᠠᠩᠬᠠᠷᠤᠯ ᠵᠢᠡᠨ ᠲᠦᠪᠯᠡᠷᠡᠬᠦᠯᠵᠦ᠂ ᠥᠨᠳᠥᠷ ᠤᠨᠠᠯᠲᠠ ᠲᠠᠢ᠂ ᠴᠢᠨᠠᠷ ᠰᠠᠢᠲᠠᠢ᠂ ᠡᠷᠲᠡ ᠪᠣᠯᠪᠠᠰᠤᠷᠠᠬᠤ᠂ ᠡᠪᠡᠳᠴᠢᠨ᠎ᠢ ᠡᠰᠡᠷᠬᠦᠴᠡᠬᠦ ᠴᠢᠳᠠᠪᠤᠷᠢᠳᠠᠢ ᠤᠷᠭᠤᠮᠠᠯ᠎ᠤᠨ ᠰᠢᠨ᠎ᠡ ᠡᠭᠦᠯᠳᠡᠷ ᠪᠠ ᠰᠢᠨ᠎ᠡ ᠦᠷ᠎ᠡ ᠡᠳ᠋᠎ᠤᠨ ᠮᠠᠲᠧᠷᠢᠶᠠᠯ᠎ᠢ ᠪᠤᠢᠵᠢᠭᠤᠯᠬᠤ ᠪᠠ ᠦᠢᠯᠡᠳᠪᠦᠷᠢᠯᠡᠬᠦ ᠪᠡᠷ ᠬᠠᠷᠠᠯᠲᠠ ᠪᠣᠯᠭᠠᠨ᠂ ᠰᠠᠨᠰᠠᠷ᠎ᠲᠤ ᠦᠷ᠎ᠡ ᠪᠣᠢᠵᠢᠭᠤᠯᠬᠤ ᠮᠡᠷᠭᠡᠵᠢᠯ᠎ᠢᠶᠡᠷ ᠦᠷ᠎ᠡ᠎ᠶᠢᠨ ᠦᠢᠯᠡᠰ᠎ᠦᠨ ᠬᠦᠭᠵᠢᠯᠲᠡ ᠵᠢ ᠬᠢᠵᠠᠭᠠᠷᠯᠠᠵᠤ ᠪᠠᠢᠭ᠎ᠠ ᠵᠠᠩᠭᠢᠯᠠᠭ᠎ᠠ ᠵᠢᠨ ᠮᠡᠷᠭᠡᠵᠢᠯ᠎ᠤᠨ ᠬᠦᠴᠢᠷ ᠠᠰᠠᠭᠤᠳᠠᠯ᠎ᠢ ᠰᠢᠢᠳᠪᠦᠷᠢᠯᠡᠵᠦ᠂ 《ᠮᠡᠷᠭᠡᠵᠢᠯ᠎ᠦᠨ ᠪᠣᠭᠣᠮᠲᠠ ᠰᠢᠪᠲᠤᠯᠬᠤ᠂ ᠴᠢᠳᠠᠪᠤᠷᠢᠲᠠᠨ᠎ᠢ ᠬᠥᠮᠥᠵᠢᠭᠦᠯᠬᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠣᠨᠳᠣᠣᠰᠢᠭᠤᠯᠬᠤ᠎ᠶᠢ ᠨᠢᠭᠡ ᠴᠣᠭᠴᠠᠵᠢᠭᠤᠯᠬᠤ》ᠰᠢᠨ᠎ᠡ᠎ᠶᠢ ᠡᠭᠦᠳᠬᠦ ᠠᠵᠤ ᠦᠢᠯᠡᠰ᠎ᠦᠨ ᠬᠡᠯᠬᠢᠶ᠎ᠡ ᠵᠢ ᠪᠦᠷᠢᠯᠳᠦᠭᠦᠯᠵᠦ᠂ ᠤᠯᠤᠰ᠎ᠤᠨ ᠤᠳᠤ ᠦᠶ᠎ᠡ᠎ᠶᠢᠨ ᠦᠷ᠎ᠡ᠎ᠶᠢᠨ ᠦᠢᠯᠡᠰ᠎ᠦᠨ ᠮᠡᠷᠭᠡᠵᠢᠯ᠎ᠦᠨ ᠰᠢᠰᠲᠧᠮ᠎ᠢ ᠪᠠᠢᠭᠤᠯᠤᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠦᠷ᠎ᠡ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠬᠦᠴᠦᠨ ᠨᠡᠮᠡᠷᠢᠯᠡᠵᠦ ᠪᠠᠢᠨ᠎ᠠ᠃

ᠨᠢᠳᠤᠨᠤᠨ᠎ᠤ 9 ᠰᠠᠷ᠎ᠠ᠎ᠶᠢᠨ 21 ᠎ᠤ᠋ ᠡᠳᠦᠷ ᠪᠤᠯᠤᠭᠰᠠᠨ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ ᠪᠣᠯᠣᠨ ᠳᠤᠮᠳᠠᠳᠤ ᠤᠯᠤᠰ᠎ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠵᠤ ᠦᠶ᠋ᠯᠡᠰᠵᠢᠯᠲᠡ ᠵᠢᠨ ᠰᠤᠳᠤᠯᠭᠠᠨ᠎ᠤ ᠨᠡᠢᠭᠡᠮᠯᠢᠭ᠎ᠡᠴᠡ ᠬᠠᠮᠲᠤᠷᠠᠨ ᠡᠷᠭᠢᠯᠡᠭᠰᠡᠨ 2024 ᠣᠨ᠎ᠤ ᠰᠠᠨᠰᠠᠷ᠎ᠲᠤ ᠦᠷ᠎ᠡ ᠪᠣᠢᠵᠢᠭᠤᠯᠬᠤ ᠬᠢᠭᠡᠳ ᠣᠲᠣ᠌ ᠦᠶ᠎ᠡ᠎ᠶᠢᠨ ᠲᠠᠷᠢᠶᠠᠯᠠᠩ᠎ᠤᠨ ᠲᠦᠷᠦᠭᠦᠴᠦᠳ᠎ᠦᠨ ᠶᠠᠷᠢᠶᠠᠨ᠎ᠤ ᠲᠠᠪᠴᠠᠩ ᠵᠢᠴᠢ ᠲᠠᠪᠤᠳᠤᠭᠠᠷ ᠬᠤᠭᠤᠴᠠᠭᠠᠨ᠎ᠤ ᠳᠤᠮᠳᠠᠳᠤ ᠤᠯᠤᠰ᠎ᠤᠨ ᠳᠡᠭᠡᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠵᠤ ᠦᠶ᠋ᠯᠡᠰᠵᠢᠯᠲᠡ᠎ᠶᠢᠨ ᠲᠦᠷᠦᠭᠦᠴᠦᠳ᠎ᠦᠨ ᠬᠤᠷᠠᠯ ᠳ᠋ᠤ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ 《ᠰᠠᠨᠰᠠᠷ᠎ᠤᠨ ᠠᠶᠠᠯᠠᠯ᠎ᠤᠨ ᠰᠢᠨ᠎ᠡ ᠡᠭᠦᠯᠳᠡᠷ》᠂ 《ᠲᠢᠶᠠᠨ ᠬᠥᠩ ᡁᠢ ᠨᠦᠩ AI ᠦᠵᠦᠭᠦᠷᠯᠢᠭ》 ᠵᠡᠷᠭᠡ 5 ᠵᠦᠢᠯ᠎ᠦᠨ ᠰᠠᠨᠰᠠᠷ᠎ᠲᠤ ᠡᠭᠦᠯᠳᠡᠷ ᠪᠤᠢᠵᠢᠭᠤᠯᠬᠤ ᠬᠢᠭᠡᠳ ᠣᠲᠣ᠌ ᠦᠶ᠎ᠡ᠎ᠶᠢᠨ ᠲᠠᠷᠢᠶᠠᠯᠠᠩ᠎ᠤᠨ ᠬᠦᠷᠢᠶᠡᠨ᠎ᠳᠡᠬᠢ ᠴᠢᠬᠤᠯᠠ ᠶᠡᠬᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ᠎ᠶᠢ ᠡᠭᠦᠳᠦᠭᠰᠡᠨ ᠦᠷ᠎ᠡ ᠪᠦᠲᠦᠭᠡᠯ᠎ᠢ ᠨᠡᠢᠲᠡᠯᠡᠪᠡ᠃ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠦᠷᠢᠶᠡᠯᠡᠩ ᠴᠠᠩ ᠧ ᠵᠢᠷᠭᠤᠳᠤᠭᠠᠷ ᠨᠤᠮᠧᠷᠲᠤ᠎ᠳᠦ ᠬᠢᠲᠠᠳ ᠮᠣᠩᠭᠣᠯ ᠡᠮ᠎ᠦᠨ ᠮᠠᠲᠧᠷᠢᠶᠠᠯ᠎ᠤᠨ ᠦᠷ᠎ᠡ ᠪᠣᠢᠵᠢᠭᠤᠯᠬᠤ ᠮᠠᠲᠧᠷᠢᠶᠠᠯ᠎ᠢ 4 ᠬᠤᠪᠢ᠂ ᠨᠤᠢᠯ ᠪᠤᠭᠤᠳᠠᠢ᠎ᠶᠢᠨ ᠦᠷ᠎ᠡ ᠪᠣᠢᠵᠢᠭᠤᠯᠬᠤ ᠮᠠᠲᠧᠷᠢᠶᠠᠯ᠎ᠢ 6 ᠬᠤᠪᠢ ᠠᠴᠢᠶᠠᠯᠠᠵᠤ᠂ ᠶᠠᠷᠢᠶᠠᠨ᠎ᠤ ᠲᠠᠪᠴᠠᠩ᠎ᠤᠨ ᠲᠤᠬᠠᠢ᠎ᠶᠢᠨ ᠲᠠᠯᠠᠪᠠᠶ᠎ᠳᠤ ᠴᠠᠩ ᠧ ᠵᠢᠷᠭᠤᠳᠤᠭᠠᠷ ᠨᠤᠮᠧᠷᠲᠤ ᠵᠢᠨ ᠣᠭᠲᠠᠷᠭᠤᠢ ᠳ᠋ᠤ ᠬᠤᠪᠢᠷᠠᠭᠤᠯᠬᠤ ᠲᠤᠷᠰᠢᠯᠲᠠ᠎ᠶᠢᠨ ᠮᠠᠲᠧᠷᠢᠶᠠᠯ᠎ᠢ ᠲᠤᠰᠢᠶᠠᠬᠤ ᠪᠠ ᠭᠥᠯᠢᠶᠡᠨ ᠠᠪᠬᠤ ᠶᠣᠰᠣᠯᠠᠯ ᠶᠠᠪᠤᠬᠳᠠᠭᠤᠯᠪᠠ᠃

ᠤᠢᠯᠠᠭᠠᠭᠰᠠᠨ ᠵᠢᠡᠷ᠂ ᠮᠠᠨ᠎ᠤ ᠤᠷᠤᠨ᠎ᠤ ᠬᠠᠮᠤᠭ᠎ᠤᠨ ᠡᠷᠲᠡ ᠰᠠᠨᠰᠠᠷ᠎ᠲᠤ ᠦᠷ᠎ᠡ ᠪᠣᠢᠵᠢᠭᠤᠯᠬᠤ᠎ᠶᠢ ᠥᠷᠨᠢᠭᠦᠯᠦᠭᠰᠡᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠪᠠᠢᠭᠤᠯᠤᠮᠵᠢ᠎ᠶᠢᠨ ᠨᠢᠭᠡ ᠪᠣᠯᠤᠭᠰᠠᠨ᠎ᠤ ᠬᠤᠪᠢ᠎ᠳᠤ᠂ ᠥᠪᠥᠷ ᠮᠣᠩᠭᠣᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠤᠳᠤᠯᠭᠠᠨ᠎ᠤ ᠬᠦᠷᠢᠶᠡᠯᠡᠩ ᠣᠳᠣᠬᠠᠨ᠎ᠪᠤᠯᠳᠠᠯ᠎ᠠ ᠨᠡᠶ᠋ᠢᠲᠡ 41 ᠬᠤᠪᠢ ᠰᠠᠨᠰᠠᠷ᠎ᠲᠤ ᠦᠷ᠎ᠡ ᠪᠣᠢᠵᠢᠭᠤᠯᠬᠤ ᠮᠠᠲᠧᠷᠢᠶᠠᠯ᠎ᠢ ᠰᠠᠨᠰᠠᠷ ᠲᠸ᠋ ᠭᠠᠷᠭᠠᠭᠰᠠᠨ ᠪᠥᠭᠡᠳ ᠮᠠᠨ᠎ᠤ ᠤᠷᠤᠨ᠎ᠤ 15 ᠨᠢᠭᠡᠴᠢ ᠵᠢᠴᠢ ᠪᠦᠯᠬᠦᠮ ᠨᠡᠶ᠋ᠢᠲᠡ᠎ᠵᠢᠨ 230 ᠬᠤᠪᠢ ᠰᠠᠨᠰᠠᠷ ᠲᠸ᠋ ᠦᠷ᠎ᠡ ᠪᠣᠢᠵᠢᠭᠤᠯᠬᠤ ᠮᠠᠲᠧᠷᠢᠶᠠᠯ᠎ᠢ ᠰᠠᠨᠰᠠᠷ ᠲᠸ᠋ ᠭᠠᠷᠭᠠᠨ᠂ ᠰᠠᠨᠰᠠᠷ᠎ᠲᠤ ᠪᠤᠢᠵᠢᠭᠤᠯᠤᠭᠰᠠᠨ  50 ᠭᠠᠷᠤᠢ ᠡᠭᠦᠯᠳᠡᠷ᠎ᠢ ᠵᠢᠱ᠌ᠢᠶ᠎ᠡ ᠦᠵᠡᠭᠦᠯᠦᠨ ᠳᠡᠯᠭᠡᠷᠡᠭᠦᠯᠵᠦ᠂ ᠵᠢᠱ᠌ᠢᠶ᠎ᠡ ᠦᠵᠡᠭᠦᠯᠦᠨ ᠳᠡᠯᠭᠡᠷᠡᠭᠦᠯᠦᠭᠰᠡᠨ ᠲᠠᠯᠠᠪᠠᠶ ᠨᠢ 5000 ᠭᠠᠷᠤᠢ ᠮᠦ᠍᠎ᠳᠦ ᠬᠦᠷᠴᠦ᠂ ᠰᠠᠨᠰᠠᠷ᠎ᠲᠤ ᠦᠷ᠎ᠡ ᠪᠣᠢᠵᠢᠭᠤᠯᠬᠤ ᠦᠢᠯᠡᠰ᠎ᠦᠨ ᠬᠥᠭᠵᠢᠯᠲᠡ᠎ᠶᠢ ᠪᠦᠲᠦᠮᠵᠢᠲᠡᠶ ᠲᠤᠯᠭᠠᠭᠤᠷᠢᠯᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号