— 《5·1》 ᠤ᠋ ᠳᠡᠯᠡᠬᠡᠢ᠎ᠶ᠋ᠢᠨ ᠬᠥᠳᠡᠯᠮᠦᠷᠢᠴᠢᠳ᠎ᠦᠨ ᠪᠠᠶᠠᠷ ᠲᠤ᠌ ᠵᠤᠷᠢᠭᠤᠯᠪᠠ
ᠢᠷᠠᠭᠤ ᠠᠯᠳᠠᠷ ᠪᠣᠯ ᠬᠥᠳᠡᠯᠮᠦᠷᠢᠴᠢᠳ᠎ᠦᠨ ᠬᠢ᠂ ᠵᠣᠯ ᠵᠢᠷᠭᠠᠯ ᠪᠣᠯ ᠬᠥᠳᠡᠯᠮᠦᠷᠢᠴᠢᠳ᠎ᠦᠨ ᠬᠢ᠃
《5·1》 ᠤ᠋ ᠳᠡᠯᠡᠬᠡᠢ᠎ᠶ᠋ᠢᠨ ᠬᠥᠳᠡᠯᠮᠦᠷᠢᠴᠢᠳ᠎ᠦᠨ ᠪᠠᠶᠠᠷ᠎ᠡᠴᠡ ᠡᠮᠦᠨᠡᠬᠡᠨ᠂ ᠥᠪᠥᠷ ᠮᠣᠩᠭᠣᠯ᠎ᠤᠨ ᠨᠢᠭᠡ ᠪᠦᠯᠦᠭ ᠲᠡᠷᠢᠭᠦᠨ᠎ᠦ ᠵᠢᠱ᠌ᠢᠶᠡᠴᠢ ᠬᠥᠮᠦᠰ ᠭᠡᠷᠡᠯ ᠰᠠᠴᠤᠷᠠᠩᠭᠤᠢ ᠴᠠᠭ ᠮᠥᠴᠡ᠎ᠪᠡᠨ ᠤᠭ᠍ᠲᠤᠨ ᠠᠪᠤᠯ᠎ᠠ᠃ ᠲᠠᠳᠠ ᠠᠵᠢᠯ ᠦᠶ᠋ᠯᠡᠰ᠎ᠢᠶᠡᠨ ᠳᠡᠭᠡᠳᠦᠯᠡᠨ ᠬᠤᠪᠢ ᠨᠡᠮᠡᠷᠢ ᠦᠵᠡᠭᠦᠯᠵᠦ᠍᠂ ᠡᠷᠡᠰ ᠱᠢᠭᠤᠷᠬᠠᠶ᠎ᠪᠠᠷ ᠤᠷᠤᠭ᠍ᠰᠢᠯᠠᠨ ᠳᠡᠪᠱᠢᠵᠦ᠍᠂ ᠥᠪᠡᠷ᠎ᠢ᠎ᠪᠡᠨ ᠤᠮᠠᠷᠲᠠᠨ ᠡᠷᠡᠯᠬᠡᠭ᠌ᠯᠡᠨ ᠲᠡᠮᠡᠴᠡᠵᠦ᠍᠂ ᠵᠣᠷᠢᠭ᠍ᠲᠠᠶ᠎ᠪᠠᠷ ᠪᠤᠰᠤᠳ᠎ᠡᠴᠡ ᠲᠦᠷᠦᠭᠦᠯᠡᠵᠦ᠍᠂ ᠥᠪᠡᠷ᠎ᠦᠨ ᠵᠢᠱ᠌ᠢᠶᠡᠴᠢ ᠠᠵᠢᠯᠯᠠᠭ᠎ᠠ ᠪᠠ ᠡᠷᠬᠢᠮ ᠳᠡᠭᠡᠳᠦ ᠵᠠᠩ ᠰᠤᠷᠲᠠᠯ᠎ᠢᠶᠠᠷ᠎ᠢᠶᠠᠨ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ᠂ ᠬᠥᠳᠡᠯᠮᠦᠷᠢ᠎ᠶ᠋ᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢᠨ ᠴᠠᠭ ᠦᠶ᠎ᠡ᠎ᠶ᠋ᠢᠨ ᠠᠭᠤᠯᠤᠭ᠍ᠳᠠᠬᠤᠨ᠎ᠢ ᠠᠮᠢᠳᠤᠯᠢᠭ᠎ᠢᠶᠠᠷ ᠲᠠᠢᠯᠪᠤᠷᠢᠯᠠᠵᠤ᠂ ᠡᠯ᠎ᠡ ᠠᠵᠢᠯ ᠲᠥᠷᠥᠯ᠎ᠳᠤ ᠬᠦᠴᠦᠯᠡᠨ ᠲᠡᠮᠡᠴᠡᠵᠦ ᠪᠠᠢᠭ᠎ᠠ ᠲᠦᠭ ᠲᠦᠮᠡᠨ ᠬᠥᠳᠡᠯᠮᠦᠷᠢᠴᠢᠨ ᠲᠦᠮᠡᠨ᠎ᠦ ᠳᠤᠮᠳᠠᠬᠢ ᠭᠠᠷᠮᠠᠭᠠᠶ ᠲᠥᠯᠥᠭᠡᠯᠡᠭ᠌ᠴᠢ ᠪᠣᠯᠤᠭ᠍ᠰᠠᠨ ᠪᠠᠢᠨ᠎ᠠ᠃
ᠯᠢᠦ ᠬᠤᠸᠠ᠂ ᠸᠠᠩ ᠵᠢᠶᠠᠨ ᠴᠢᠨ᠂ ᠯᠢ ᠱᠢᠶᠤᠤ ᠸᠠᠩ᠂ ᠵᠠᠩ ᠵᠢᠩ᠂ ᠮᠸᠩ ᠷᠦᠢ ᠁ ᠪᠦᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ ᠪᠣᠯᠤᠨ ᠲᠡᠷᠢᠭᠦᠨ᠎ᠦ ᠠᠵᠢᠯᠳᠠᠨ᠎ᠤ ᠨᠡᠷᠡᠰ ᠲᠤ᠌ ᠥᠪᠥᠷ ᠮᠣᠩᠭᠣᠯ᠎ᠤᠨ 60 ᠬᠥᠮᠦᠨᠲᠤᠳᠤᠷᠠᠵᠠᠢ᠃ ᠡᠨᠡ ᠬᠦ᠌ ᠦᠩᠭᠡ ᠭᠡᠷᠡᠯ ᠲᠠᠢ ᠢᠷᠠᠭᠤ ᠠᠯᠳᠠᠷ᠎ᠨᠢ ᠤᠷᠲᠤ ᠬᠤᠭᠤᠴᠠᠭᠠᠨ᠎ᠤ ᠲᠤᠷᠰᠢᠬᠢ ᠦᠭᠡ ᠳᠠᠭᠤᠨ ᠦᠭᠡᠢ ᠪᠠᠲᠤ ᠰᠠᠬᠢᠯᠲᠠ ᠪᠠ ᠳᠤᠷᠠᠲᠠᠶ᠎ᠠ ᠬᠤᠪᠢ ᠨᠡᠮᠡᠷᠢ ᠦᠵᠡᠭᠦᠯᠬᠦ᠌ ᠵᠢᠳᠭᠦᠯ ᠴᠢᠷᠮᠠᠢᠯᠭ᠎ᠠ ᠡᠴᠡ ᠢᠷᠡᠯᠲᠡᠢ ᠶᠤᠮ᠃ ᠲᠡᠳᠡᠨ᠎ᠦ ᠳᠣᠲᠣᠷ᠎ᠠ ᠬᠢᠯᠢ ᠬᠢᠵᠠᠭᠠᠷᠲᠤ ᠦᠨᠳᠦᠰᠦᠯᠡᠭ᠌ᠰᠡᠨ ᠲᠠᠯ᠎ᠠ ᠨᠤᠲᠤᠭ᠎ᠤᠨ ᠰᠠᠬᠢᠨ ᠬᠠᠮᠠᠭᠠᠯᠠᠭ᠍ᠴᠢ ᠪᠠᠢᠬᠤ᠎ᠪᠠᠷ ᠪᠠᠷᠠᠬᠤ ᠥᠬᠡᠶ᠂ ᠪᠠᠰᠠ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠨᠣᠶᠠᠨ ᠣᠷᠭᠢᠯ᠎ᠳᠤ ᠠᠪᠠᠷᠢᠵᠤ ᠪᠠᠢᠭ᠎ᠠ 《ᠱᠢᠨ᠎ᠡ᠎ᠶ᠋ᠢ ᠡᠭᠦᠳᠬᠦ᠌ ᠬᠣᠱᠢᠭᠤᠴᠢ》ᠪᠣᠶ; ᠦᠢᠯᠡᠳᠬᠦ᠌ ᠦᠢᠯᠡᠰ᠎ᠲᠦ ᠣᠷᠣᠯᠴᠠᠵᠤ ᠪᠠᠢᠭ᠎ᠠ ᠠᠵᠤ ᠦᠢᠯᠡᠰ᠎ᠦᠨ ᠠᠵᠢᠯᠴᠢᠨ ᠪᠠᠢᠬᠤ᠎ᠪᠠᠷ ᠪᠠᠷᠠᠬᠤ ᠦᠭᠡᠢ᠂ ᠪᠠᠰᠠ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠶᠠᠪᠤᠳᠠᠯ᠎ᠳᠤ ᠰᠢᠷᠭᠠᠭᠤ ᠠᠵᠢᠯᠯᠠᠵᠤ ᠪᠠᠢᠭ᠎ᠠ 《ᠨᠤᠲᠤᠭ᠎ᠤᠨ ᠲᠤᠰᠭᠠᠢ ᠮᠡᠷᠭᠡᠵᠢᠯᠲᠡᠨ》 ᠪᠠᠢᠨ᠎ᠠ᠃
ᠬᠥᠳᠡᠯᠮᠦᠷᠢ᠎ᠶ᠋ᠢᠨ ᠵᠢᠱ᠌ᠢᠶᠡᠴᠢ ᠪᠣᠯ ᠥᠷᠭᠡᠨ ᠣᠯᠠᠨ ᠠᠵᠢᠯᠴᠢᠨ ᠠᠩᠭᠢ᠎ᠶ᠋ᠢᠨ ᠭᠠᠷᠮᠠᠭᠠᠶ ᠲᠥᠯᠥᠭᠡᠯᠡᠭ᠌ᠴᠢ ᠮᠥᠨ᠂ ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ᠌ ᠴᠢᠬᠤᠯᠠ ᠬᠦᠴᠦᠨ ᠮᠥᠨ᠃ 2020 ᠣᠨ᠎ᠡᠴᠡ ᠨᠠᠭᠠᠰᠢ᠂ ᠪᠦᠬᠦ᠌ ᠣᠷᠣᠨ᠎ᠤ ᠡᠯ᠎ᠡ ᠠᠵᠢᠯ ᠲᠦᠷᠦᠯ᠂ ᠡᠯ᠎ᠡ ᠹᠷᠣᠨᠲ᠎ᠡᠴᠡ 518 ᠬᠦᠮᠦᠨ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶ᠋ᠢᠨ ᠵᠢᠱ᠌ᠢᠶᠡᠴᠢ ᠂ 279 ᠬᠦᠮᠦᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠦ ᠠᠵᠢᠯᠳᠠᠨ ᠵᠢᠡᠷ ᠴᠣᠯᠭᠣᠷᠠᠨ ᠭᠠᠷᠴᠠᠢ᠃
ᠡᠳᠡᠭᠡᠷ ᠬᠥᠬᠢᠭᠦᠯᠦᠨ ᠰᠠᠢᠱᠢᠶᠠᠭ᠍ᠳᠠᠭ᠍ᠰᠠᠨ ᠬᠥᠳᠡᠯᠮᠦᠷᠢ᠎ᠶ᠋ᠢᠨ ᠵᠢᠱ᠌ᠢᠶᠡᠴᠢ ᠪᠣᠯᠤᠨ ᠲᠡᠷᠢᠭᠦᠨ᠎ᠦ ᠠᠵᠢᠯᠲᠠᠳ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠠᠵᠢᠯ᠎ᠤᠨ ᠭᠣᠣᠯ ᠱᠢᠵᠢᠮ᠎ᠦᠨ ᠲᠣᠭᠣᠷᠢᠨ᠎ᠳᠤ᠂ ᠡᠵᠡᠨ ᠬᠥᠮᠦᠨ᠎ᠦ ᠦᠨᠳᠦᠷ ᠤᠬᠠᠮᠰᠠᠷ᠎ᠢᠶᠠᠷ ᠥᠪᠡᠷᠲᠡᠭᠡᠨ ᠵᠠᠰᠠᠬᠤ ᠣᠷᠣᠨ᠎ᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ᠌ ᠭᠠᠯ ᠬᠠᠯᠠᠭᠤᠨ ᠦᠢᠯᠡᠳᠦᠯᠭᠡ᠎ᠳᠦ ᠢᠳᠡᠪᠬᠢᠲᠡᠢ ᠣᠷᠣᠯᠴᠠᠵᠤ᠂ ᠥᠪᠥᠷ ᠮᠣᠩᠭᠣᠯ᠎ᠤᠨ ᠠᠵᠤ ᠠᠬᠤᠢ ᠨᠡᠢᠭᠡᠮ᠎ᠦᠨ ᠡᠯ᠎ᠡ ᠵᠦᠢᠯ᠎ᠦᠨ ᠦᠢᠯᠡᠰ᠎ᠦᠨ ᠱᠢᠨ᠎ᠡ ᠠᠬᠢᠴᠠ᠎ᠲᠠᠶ ᠪᠣᠯᠬᠤ᠎ᠶ᠋ᠢ ᠬᠦᠴᠦᠲᠡᠢ ᠠᠬᠢᠭᠤᠯᠪᠠ᠃
ᠬᠥᠳᠡᠯᠮᠦᠷᠢ᠎ᠶ᠋ᠢᠨ ᠦᠷᠳᠡᠭ ᠴᠤᠬᠤᠮ ᠬᠠᠮᠢᠭ᠎ᠠ ᠪᠠᠢᠳᠠᠭ ᠪᠤᠢ? ᠬᠥᠳᠡᠯᠮᠦᠷᠢᠴᠢᠳ᠎ᠦᠨ ᠢᠷᠠᠭᠤ ᠠᠯᠳᠠᠷ ᠨᠢ ᠳ᠋ᠧᠩ᠎ᠦᠨ ᠭᠡᠷᠡᠯ ᠳᠣᠣᠷ᠎ᠠ ᠪᠠᠢᠬᠤ ᠪᠢᠰᠢ᠂ ᠬᠠᠷᠢᠨ ᠦᠢᠯᠡᠳᠪᠦᠷᠢ᠎ᠶ᠋ᠢᠨ ᠲᠠᠰᠤᠭ ᠤ᠋ᠨ ᠬᠥᠯᠥᠰᠥᠨ᠎ᠳᠦ ᠳᠡᠪᠲᠦᠭ᠌ᠰᠡᠨ ᠠᠵᠢᠯ᠎ᠤᠨ ᠬᠤᠪᠴᠠᠰᠤᠨ ᠳ᠋ᠦ ᠪᠠᠢᠨ᠎ᠠ; ᠪᠦᠯᠬᠦᠮ ᠤ᠋ᠨ ᠬᠢᠨ᠎ᠲᠡᠶ᠎ᠪᠡᠨ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠳᠠᠮᠵᠢᠨ ᠠᠯᠢ ᠤᠯᠠᠨ ᠬᠦᠴᠢᠷ ᠠᠰᠠᠭᠤᠳᠠᠯ᠎ᠢ ᠰᠢᠢᠳᠪᠦᠷᠢᠯᠡᠭᠰᠡᠨ ᠳ᠋ᠤ ᠪᠠᠢᠨ᠎ᠠ; ᠬᠠᠮᠤᠭ᠎ᠤᠨ ᠱᠢᠯᠢᠳᠡᠭ ᠪᠣᠯᠣᠳ ᠮᠠᠲ᠋ᠧᠷᠢᠶᠠᠯ᠎ᠢ ᠠᠮᠵᠢᠯᠲᠠ᠎ᠲᠠᠶ᠎ᠪᠠᠷ ᠬᠡᠪᠱᠢᠭᠦᠯᠵᠦ᠍ ᠭᠠᠷᠭᠠᠭᠰᠠᠨ ᠳ᠋ᠤ ᠪᠠᠢᠨ᠎ᠠ ᠭᠡᠳᠡᠭ ᠢ᠋ ᠡᠩ᠎ᠦᠨ ᠮᠡᠷᠭᠡᠵᠢᠯ᠎ᠦᠨ ᠠᠵᠢᠯᠴᠢᠨ ᠪᠠᠢᠭ᠍ᠰᠠᠨ᠎ᠡᠴᠡ᠎ᠪᠠᠨ ᠲᠡᠷᠢᠭᠦᠨ ᠮᠡᠷᠭᠡᠵᠢᠯᠳᠡᠨ ᠪᠤᠯᠵᠤ ᠦᠰᠦᠨ ᠪᠤᠢᠵᠢᠭᠰᠠᠨ᠂ ᠪᠦᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ ᠪᠤᠯᠤᠭᠰᠠᠨ᠂ ᠥᠪᠥᠷ ᠮᠣᠩᠭᠣᠯ᠎ᠤᠨ ᠪᠤᠭᠤᠲᠤ᠎ᠶ᠋ᠢᠨ ᠪᠤᠯᠤᠳ ᠲᠡᠮᠦᠷ ᠤ᠋ᠨ ᠪᠦᠯᠦᠭᠯᠡᠯ ᠤ᠋ᠨ ᠪᠤᠯᠤᠳ ᠬᠤᠭᠤᠯᠠᠢ ᠵᠢᠨ ᠬᠢᠵᠠᠭᠠᠷᠲᠤ ᠺᠣᠮᠫᠠᠨᠢ᠎ᠶ᠋ᠢᠨ 159 ᠳ᠋ᠤᠭᠡᠷ ᠬᠤᠪᠢᠶᠠᠷᠢ ᠦᠢᠯᠡᠳᠪᠦᠷᠢ᠎ᠶ᠋ᠢᠨ ᠪᠤᠯᠤᠳ ᠬᠡᠪᠱᠢᠭᠦᠯᠬᠦ᠌ ᠠᠵᠢᠯᠴᠢᠨ ᠺᠤᠤ ᠷᠠᠨ ᠰᠠᠢᠨ ᠮᠡᠳᠡᠨ᠎ᠠ᠃
20 ᠭᠠᠷᠤᠢ ᠵᠢᠯ ᠬᠢᠯᠢ ᠰᠠᠬᠢᠭ᠍ᠰᠠᠨ ᠪᠦᠬᠦ᠌ ᠤᠯᠤᠰ᠎ᠤᠨ ᠲᠡᠷᠢᠭᠦᠨ᠎ᠦ ᠠᠵᠢᠯᠳᠠᠨ᠂ ᠥᠪᠥᠷ ᠮᠣᠩᠭᠣᠯ᠎ᠤᠨ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠶᠡᠷᠦᠩᠬᠡᠢ ᠦᠷᠳᠡᠭᠡ᠎ᠶ᠋ᠢᠨ ᠱᠢᠯᠢ᠎ᠶ᠋ᠢᠨ ᠭᠣᠣᠯ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠬᠢ᠎ᠶ᠋ᠢᠨ ᠬᠡᠷᠡᠯᠳᠤᠠᠤᠳᠤ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠳᠠᠷᠤᠭ᠎ᠠ ᠪᠤᠶᠠᠨ᠂ ᠬᠢᠯᠢ ᠬᠠᠮᠠᠭᠠᠯᠠᠭ᠍ᠴᠢ᠎ᠶ᠋ᠢᠨ ᠦᠢᠯᠡᠳᠦᠯ ᠵᠢᠡᠨ ᠭᠦᠢᠴᠡᠳ ᠪᠠᠳᠠᠷᠠᠭᠤᠯᠪᠠ᠃ ᠲᠡᠷᠡ《ᠠᠷᠠᠳ᠎ᠤᠨ ᠴᠠᠭ᠍ᠳᠠᠭ᠎ᠠ + ᠬᠢᠯᠢ ᠬᠠᠮᠠᠭᠠᠯᠠᠭ᠍ᠴᠢ》 ᠵᠢᠨ ᠲᠥᠯᠥᠪᠯᠡᠭᠡ᠎ᠶ᠋ᠢ ᠲᠣᠭ᠍ᠲᠠᠭᠠᠵᠤ᠂ ᠴᠠᠭ᠍ᠳᠠᠭᠠᠨ᠎ᠤ ᠬᠦᠴᠦᠨ᠎ᠢ ᠬᠠᠷᠢᠶᠠᠲᠤ ᠣᠷᠣᠨ᠎ᠤ ᠣᠯᠠᠨ ᠲᠦᠮᠡᠨ᠎ᠦ ᠳᠤᠮᠳᠠ ᠦᠨᠡᠨ ᠬᠦ᠌ ᠪᠠᠭᠤᠯᠭᠠᠪᠠ᠃ ᠲᠡᠭᠦᠨ᠎ᠦ ᠦᠵᠡᠬᠦ᠌᠎ᠪᠡᠷ᠂ ᠤᠳᠠᠭ᠎ᠠ ᠪᠦᠷᠢ ᠬᠠᠷᠢᠶ᠎ᠠ ᠣᠷᠣᠨ᠎ᠳᠤ ᠭᠦᠨᠵᠡᠭᠡᠢᠷᠡᠵᠦ᠍᠂ ᠠᠵᠢᠯ᠎ᠢᠶᠠᠨ ᠯᠠᠪᠳᠠᠭᠤᠨ ᠪᠠᠲᠤᠲᠠᠢ ᠥᠷᠨᠢᠭᠦᠯᠵᠦ᠍᠂ ᠵᠥᠷᠢᠴᠡᠯ ᠵᠠᠭᠤᠷᠠᠯᠳᠤᠭᠠᠨ᠎ᠢ ᠡᠬᠢ ᠡᠭᠦᠰᠦᠯ᠎ᠡᠴᠡ ᠨᠢ ᠠᠷᠢᠯᠭᠠᠵᠤ᠂ ᠲᠤᠬᠠᠢ᠎ᠶ᠋ᠢᠨ ᠭᠠᠵᠠᠷ᠎ᠲᠤᠨᠢ ᠱᠢᠢᠳᠪᠦᠷᠢᠯᠡᠵᠤ᠂ ᠦᠨᠳᠦᠰᠦᠲᠡᠨ᠎ᠨᠦᠭᠦᠳ᠎ᠦᠨ ᠤᠯᠠᠨ ᠲᠦᠮᠡᠨ᠎ᠦ ᠴᠢᠷᠠᠢ ᠳᠡᠭᠡᠷᠡᠬᠢ ᠢᠨᠢᠶᠡᠮᠰᠦᠭ᠌ᠯᠡᠯᠢ ᠣᠯᠵᠤ ᠬᠠᠷᠠᠬᠤ ᠪᠣᠯ ᠬᠥᠳᠡᠯᠮᠦᠷᠢ᠎ᠶ᠋ᠢᠨ ᠦᠷᠳᠡᠭ᠎ᠦᠨ ᠬᠠᠮᠤᠭ᠎ᠤᠨ ᠰᠠᠢ᠌ᠨ ᠢᠯᠡᠷᠡᠯ ᠮᠥᠨ᠃
ᠪᠥᠬᠥ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠂ ᠥᠪᠥᠷ ᠮᠣᠩᠭᠣᠯ᠎ᠤᠨ ᠶᠤᠸᠠᠨ ᠲᠦᠩ ᠲᠦᠷᠭᠡᠨ ᠬᠦᠷᠭᠡᠯᠲᠡ᠎ᠶ᠋ᠢᠨ ᠬᠢᠵᠠᠭᠠᠷᠲᠤ ᠺᠣᠮᠫᠠᠨᠢ᠎ᠶ᠋ᠢᠨ ᠬᠥᠬᠡᠬᠣᠲᠠ᠎ᠶ᠋ᠢᠨ ᠵᠥᠩᠱᠠᠨ ᠬᠤᠪᠢᠶᠠᠷᠢ ᠺᠣᠮᠫᠠᠨᠢ᠎ᠶ᠋ᠢᠨ ᠲᠦᠷᠭᠡᠨ ᠬᠦᠷᠭᠡᠭᠴᠢ ᠯᠢ ᠱᠢᠶᠤᠤ ᠸᠠᠩ ᠲᠤᠰ ᠠᠵᠢᠯ᠎ᠤᠨ ᠪᠠᠢᠷᠢ ᠲᠡᠭᠡᠷ᠎ᠠ 8 ᠵᠢᠯ ᠪᠤᠯᠵᠤ ᠪᠠᠢᠨ᠎ᠠ᠂ ᠡᠬᠢᠯᠡᠬᠦ ᠳ᠋ᠡᠭᠡᠨ ᠲᠡᠷᠡ ᠰᠠᠷ᠎ᠠ ᠪᠦᠷᠢ 3000 ᠰᠢᠤᠳᠠᠨ ᠪᠤᠭᠤᠳᠠᠯ ᠬᠦᠷᠭᠡᠵᠤ᠂ 300 ᠰᠢᠤᠳᠠᠨ ᠪᠤᠭᠤᠳᠠᠯ ᠬᠦᠯᠢᠶᠡᠨ ᠠᠪᠴᠤ ᠪᠠᠢᠭᠰᠠᠨ ᠡᠴᠡ ᠪᠠᠨ ᠣᠲᠣ ᠰᠠᠷ᠎ᠠ ᠪᠦᠷᠢ ᠲᠦᠮᠡᠨ ᠰᠢᠤᠳᠠᠨ ᠪᠤᠭᠤᠳᠠᠯ ᠬᠦᠷᠭᠡᠵᠦ᠍᠂ 3000 ᠰᠢᠤᠳᠠᠨ ᠪᠤᠭᠤᠳᠠᠯ ᠬᠦᠯᠢᠶᠡᠨ ᠠᠪᠴᠤ᠌᠂ ᠬᠡᠷᠡᠭ᠌ᠯᠡᠭ᠌ᠴᠢ᠎ᠶ᠋ᠢᠨ ᠰᠠᠢᠨ ᠦᠨᠡᠯᠡᠯᠲᠡ᠎ᠶ᠋ᠢᠨ ᠨᠣᠷᠮ᠎ᠠ 100 % ᠳ᠋ᠤ ᠬᠦᠷᠴᠦ᠍᠂ ᠥᠪᠥᠷ ᠮᠣᠩᠭᠣᠯ᠎ᠤᠨ ᠶᠤᠸᠠᠨ ᠲᠦᠩ ᠲᠦᠷᠭᠡᠨ ᠬᠦᠷᠭᠡᠯᠲᠡ᠎ᠶ᠋ᠢᠨ ᠱᠢᠰᠲ᠋ᠧᠮ ᠳᠣᠲᠣᠷ᠎ᠠ ᠵᠢᠯ ᠪᠦᠷᠢ ᠲᠦᠷᠦᠭᠦᠯᠡᠵᠦ᠍ ᠪᠠᠢᠨ᠎ᠠ᠃ ᠲᠡᠭᠦᠨ᠎ᠦ ᠦᠵᠡᠬᠦ᠌᠎ᠪᠡᠷ᠂ ᠵᠣᠯ ᠵᠢᠷᠭᠠᠯ᠎ᠤᠨ ᠵᠠᠮ ᠳᠡᠭᠡᠷᠡᠬᠢ 《ᠬᠡᠷᠡᠭᠴᠡᠭᠡ ᠲᠠᠢ ᠬᠦᠮᠦᠨ》 ᠪᠤᠯᠬᠤ ᠪᠤᠯ ᠥᠪᠡᠷ᠎ᠦᠨ ᠬᠥᠳᠡᠯᠮᠦᠷᠢ᠎ᠶ᠋ᠢᠨ ᠦᠷᠳᠡᠭ ᠪᠣᠯᠤᠨ᠎ᠠ᠃
ᠥᠪᠥᠷ ᠮᠤᠩᠭᠤᠯᠴᠤᠳ ᠶᠡᠷᠦ᠍ ᠡᠴᠡ ᠠᠶᠤᠯ ᠲᠦᠭ᠌ᠰᠢᠭᠦᠷᠢ᠎ᠡᠴᠡ ᠠᠶᠤᠬᠤ ᠦᠭᠡᠢ᠂ ᠵᠣᠷᠢᠭ᠍ᠲᠠᠢ ᠰᠡᠳᠭᠢᠵᠦ᠍ ᠵᠣᠷᠢᠭ᠍ᠲᠠᠢ ᠬᠢᠬᠦ᠌ ᠲᠡᠮᠡᠴᠡᠯ᠎ᠦᠨ ᠵᠣᠷᠢᠭᠲᠠᠶ᠂ ᠬᠦᠴᠢᠷ ᠪᠡᠷᠬᠡᠰᠢᠶᠡᠯ᠎ᠢ ᠳᠠᠭᠠᠭᠠᠬᠤ᠂ ᠱᠢᠷᠭᠠᠭᠤ ᠠᠵᠢᠯᠯᠠᠵᠤ ᠪᠣᠳᠠᠲᠠᠢ ᠠᠵᠢᠯᠯᠠᠬᠤ ᠤᠷᠮ᠎ᠠ ᠵᠣᠷᠢᠭᠲᠠᠶ ᠶᠤᠮ᠃ ᠲᠡᠷᠡ ᠬᠦ᠌ ᠢᠷᠠᠭᠤ ᠠᠯᠳᠠᠷᠲᠤ ᠮᠧᠳᠠᠯ ᠨᠢ ᠬᠥᠳᠡᠯᠮᠦᠷᠢ᠎ᠶ᠋ᠢᠨ ᠵᠢᠱ᠌ᠢᠶᠡᠴᠢ᠎ᠳᠦ ᠬᠠᠷᠢᠶᠠᠯᠠᠭ᠍ᠳᠠᠬᠤ᠎ᠪᠠᠷ ᠪᠠᠷᠠᠬᠤ ᠦᠭᠡᠢ᠂ ᠪᠠᠰᠠ ᠡᠭᠡᠯ ᠵᠢᠷ᠎ᠦᠨ ᠠᠵᠢᠯ᠎ᠤᠨ ᠪᠠᠢᠷᠢ᠎ᠪᠠᠨ ᠪᠠᠲᠤ ᠰᠠᠬᠢᠵᠤ ᠪᠠᠢᠭ᠎ᠠ ᠬᠥᠳᠡᠯᠮᠦᠷᠢᠴᠢᠳ᠎ᠲᠦ ᠬᠠᠷᠢᠶᠠᠯᠠᠭ᠍ᠳᠠᠨ᠎ᠠ᠃
ᠬᠥᠳᠡᠯᠮᠦᠷᠢ ᠪᠣᠯ ᠠᠯᠢᠪᠠ ᠵᠣᠯ ᠵᠢᠷᠭᠠᠯ᠎ᠤᠨ ᠡᠬᠢ ᠪᠤᠯᠠᠭ ᠮᠥᠨ᠃ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠦ ᠠᠵᠢᠯᠲᠠᠨ᠂ ᠠᠯᠠᠱᠠ ᠠᠢᠮᠠᠭ᠎ᠤᠨ ᠣᠶ ᠱᠢᠭᠤᠶ ᠨᠤᠲᠤᠭ ᠪᠡᠯᠴᠢᠭᠡᠷ ᠪᠠ ᠦᠷ᠎ᠡ ᠴᠢᠬᠢ᠎ᠶ᠋ᠢᠨ ᠠᠵᠢᠯ᠎ᠤᠨ ᠥᠷᠲᠡᠭᠡ᠎ᠶ᠋ᠢᠨ ᠳᠠᠷᠤᠭ᠎ᠠ ᠬᠠᠶ ᠯᠢᠶᠠᠨ᠎ᠳᠤ ᠠᠪᠴᠤ᠌ ᠬᠡᠯᠡᠪᠡᠯ᠂ ᠨᠤᠲᠤᠭ᠎ᠤᠨ ᠲᠩᠷᠢ ᠨᠢ ᠨᠠᠩ ᠴᠡᠯᠮᠡᠭ᠂ ᠠᠭᠤᠯᠠ᠎ᠨᠢ ᠨᠠᠩ ᠬᠦᠬᠡᠮᠳᠦᠭ᠂ ᠤᠰᠤ᠎ᠨᠢ ᠨᠠᠩ ᠲᠤᠩᠭᠠᠯᠠᠭ ᠪᠠᠢᠪᠠᠯ ᠳᠡᠷᠡᠴᠤ ᠦᠪᠡᠷ᠎ᠢᠶᠡᠨ ᠵᠣᠯ ᠵᠢᠷᠭᠠᠯ᠎ᠲᠠᠶ ᠰᠠᠨᠠᠭᠳᠠᠳᠠᠭ᠃ ᠡᠯᠡᠰᠦ᠎ᠶ᠋ᠢ ᠰᠡᠷᠭᠡᠢᠯᠡᠵᠦ᠍ ᠡᠯᠡᠰᠦᠷᠬᠡᠭᠵᠢᠯ᠎ᠢ ᠵᠠᠰᠠᠬᠤ ᠦᠢᠯᠡᠰ᠎ᠲᠦ ᠣᠷᠣᠯᠴᠠᠭ᠍ᠰᠠᠨ 13 ᠵᠢᠯ᠎ᠦᠨ ᠲᠤᠷᠰᠢ᠂ ᠲᠡᠷᠡ ᠡᠯᠡᠰᠦ᠎ᠶ᠋ᠢ ᠰᠡᠷᠭᠡᠢᠯᠡᠵᠦ᠍ ᠡᠯᠡᠰᠦᠷᠬᠡᠭᠵᠢᠯ᠎ᠢ ᠵᠠᠰᠠᠬᠤ ᠤᠢ ᠱᠢᠭᠤᠢ ᠨᠤᠳᠤᠭ ᠪᠡᠯᠴᠢᠭᠡᠷ᠎ᠦᠨ ᠠᠮᠢ ᠠᠬᠤᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠨᠡᠢ᠌ᠳᠡ 1800 ᠭᠠᠷᠤᠢ ᠲᠦᠮᠡᠨ ᠮᠦ᠍ ᠪᠡᠶᠡᠯᠡᠭᠦᠯᠵᠤ᠂ 11 ᠵᠢᠯ ᠳᠠᠷᠠᠭᠠᠯᠠᠨ 《ᠤᠮᠠᠷᠠᠲᠤ᠎ᠶ᠋ᠢᠨ ᠭᠤᠷᠪᠠᠨ ᠣᠷᠣᠨ》 ᠤ᠋ ᠬᠠᠯᠬᠠᠪᠴᠢ ᠤᠢ᠎ᠶ᠋ᠢᠨ ᠢᠨᠵᠧᠨᠧᠷᠢᠩ ᠵᠡᠷᠭᠡ ᠤᠯᠤᠰ᠂ ᠥᠪᠡᠷᠲᠡᠭᠡᠨ ᠵᠠᠰᠠᠬᠤ ᠣᠷᠣᠨ᠎ᠤ18 ᠵᠦᠢᠯ᠎ᠦᠨ ᠭᠣᠣᠯᠳᠠᠯᠭ᠎ᠠ᠎ᠲᠠᠶ ᠢᠨᠵᠧᠨᠧᠷᠢᠩ ᠪᠣᠯᠤᠨ ᠲᠦᠷᠦᠯ ᠵᠦᠢᠯ᠎ᠦᠨ ᠡᠳᠦᠷ ᠲᠤᠳᠤᠮ᠎ᠤᠨ ᠬᠢᠨᠠᠯᠲᠠ ᠬᠠᠮᠢᠶᠠᠷᠤᠯᠲᠠ ᠪᠣᠯᠤᠨ ᠮᠡᠷᠭᠡᠵᠢᠯ᠎ᠦᠨ ᠵᠢᠯᠤᠭᠤᠳᠤᠯᠭ᠎ᠠ ᠦᠢᠯᠡᠴᠢᠯᠡᠭᠡ᠎ᠶᠢᠨ ᠠᠵᠢᠯ᠎ᠢ ᠪᠡᠶᠡᠯᠡᠭᠦᠯᠵᠦ᠍᠂ ᠤᠢ ᠱᠢᠭᠤᠢ ᠡᠪᠡᠰᠦ ᠪᠡᠯᠴᠢᠭᠡᠷ᠎ᠦᠨ ᠠᠭᠤᠰᠤᠯᠴᠠᠯ᠂ ᠤᠢ ᠱᠢᠭᠤᠢ ᠡᠪᠡᠰᠦ ᠪᠡᠯᠴᠢᠭᠡᠷ᠎ᠦᠨ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠳᠦ ᠢᠳᠡᠪᠬᠢᠲᠡᠢ ᠬᠤᠪᠢ ᠨᠡᠮᠡᠷᠢ ᠦᠵᠡᠭᠦᠯᠵᠡᠢ᠃
ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶ᠋ᠢᠨ ᠵᠢᠱ᠌ᠢᠶᠡᠴᠢ᠂ ᠥᠪᠥᠷ ᠮᠣᠩᠭᠣᠯ᠎ᠤᠨ ᠯᠦᠩ ᠶᠤᠸᠠᠨ ᠮᠸᠩᠳ᠋ᠦᠩ ᠱᠢᠨ᠎ᠡ ᠡᠨᠧᠷᠭᠢ᠎ᠶ᠋ᠢᠨ ᠬᠢᠵᠠᠭᠠᠷᠲᠤ ᠺᠣᠮᠫᠠᠨᠢ᠎ᠶ᠋ᠢᠨ ᠮᠡᠷᠭᠡᠵᠢᠯ᠎ᠦᠨ ᠲᠥᠪ᠎ᠦᠨ ᠳᠠᠭᠠᠭᠠᠮᠠᠯ ᠢᠦᠢ ᠴᠦᠩ ᠶᠠᠩ᠎ᠤᠨ ᠰᠡᠳᠭᠢᠯ᠎ᠳᠦ᠂ ᠴᠠᠬᠢᠯᠭᠠᠨ᠎ᠢ ᠲᠦᠭ ᠲᠦᠮᠡᠨ ᠠᠢᠯ ᠡᠷᠦᠬᠡ᠎ᠳᠦ ᠬᠦᠷᠭᠡᠬᠦ ᠪᠤᠯ ᠲᠡᠭᠦᠨ᠎ᠦ ᠵᠣᠯ ᠵᠢᠷᠭᠠᠯ ᠪᠣᠯᠤᠨ᠎ᠠ᠃ ᠣᠯᠠᠨ ᠵᠢᠯ᠎ᠦᠨ ᠲᠤᠷᠰᠢ᠂ ᠢᠦᠢ ᠴᠦᠩ ᠶᠠᠩ ᠮᠤᠵᠢ ᠶᠠᠮᠤᠨ᠎ᠤ ᠲᠠᠰ᠎ᠤᠨ ᠱᠢᠨ᠎ᠡ᠎ᠶ᠋ᠢ ᠡᠭᠦᠳᠬᠦ᠌ ᠠᠵᠢᠯᠯᠠᠬᠤ ᠲᠠᠰᠤᠭ᠎ᠤᠨ ᠪᠦᠯᠬᠦᠮ ᠨᠡᠢᠲᠡ᠎ᠶ᠋ᠢ ᠵᠣᠬᠢᠶᠠᠨ ᠪᠠᠢᠭᠤᠯᠵᠤ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ 39 ᠲᠥᠷᠥᠯ ᠵᠦᠶ᠋ᠯ᠎ᠢ ᠡᠷᠭᠢᠯᠡᠨ ᠥᠷᠨᠢᠭᠦᠯᠵᠦ᠍᠂ ᠠᠵᠢᠯ ᠲᠥᠷᠥᠯ᠎ᠦᠨ ᠣᠯᠠᠨ ᠵᠦᠶ᠋ᠯ᠎ᠦᠨ ᠮᠡᠷᠭᠡᠵᠢᠯ᠎ᠦᠨ ᠬᠣᠭᠣᠰᠣᠨ᠎ᠢ ᠨᠥᠬᠥᠪᠥᠷᠢᠯᠡᠵᠦ᠍᠂ ᠱᠢᠨ᠎ᠡ᠎ᠶ᠋ᠢ ᠡᠭᠦᠳᠦᠭᠰᠡᠨ ᠠᠷᠭ᠎ᠠ ᠪᠠᠷᠢᠯ᠎ᠢᠶᠡᠷ ᠲᠤᠬᠠᠶ᠎ᠶ᠋ᠢᠨ ᠲᠠᠯᠠᠪᠠᠶ᠎ᠶ᠋ᠢᠨ ᠮᠡᠷᠭᠡᠵᠢᠯ᠎ᠦᠨ ᠬᠦᠴᠢᠷ ᠠᠰᠠᠭᠤᠳᠠᠯ᠎ᠢ 1500 ᠭᠠᠷᠤᠶ ᠱᠢᠶ᠋ᠳᠪᠦᠷᠢᠯᠡᠵᠦ᠍᠂ ᠤᠷᠢᠳ ᠬᠣᠵᠢᠳ ᠮᠤᠵᠢ ᠶᠠᠮᠤᠨ᠎ᠤ ᠲᠠᠰ᠎ᠤᠨ ᠱᠢᠨ᠎ᠡ᠎ᠶ᠋ᠢ ᠡᠭᠦᠳᠦᠭ᠌ᠰᠡᠨ ᠱᠠᠩᠨᠠᠯ᠎ᠢ 11 ᠭᠥᠷᠳᠡᠵᠦ᠍᠂ 4690 ᠭᠠᠷᠤᠶ ᠲᠦᠮᠡᠨ ᠲᠥᠭᠥᠷᠢᠭ᠎ᠤᠨ ᠠᠰᠢᠭ ᠡᠭᠦᠳᠴᠦ᠂ ᠠᠵᠢᠯ ᠨᠢᠭᠡᠲᠡᠨ᠎ᠳᠡᠭᠡᠨ 《ᠱᠢᠨ᠎ᠡ ᠡᠨᠧᠷᠭᠢ᠎ᠶ᠋ᠢᠨ ᠰᠠᠯᠬᠢᠨ ᠬᠦᠴᠦᠨ᠎ᠢᠶᠡᠷ ᠴᠠᠬᠢᠯᠭᠠᠨ ᠭᠠᠷᠭᠠᠬᠤ ᠮᠠᠱᠢᠨ᠎ᠤ ᠠᠵᠢᠯᠯᠠᠭ᠎ᠠ᠎ᠨᠢ ᠪᠠᠲᠤᠯᠠᠬᠤ ᠲᠤᠰᠭᠠᠶ ᠮᠡᠷᠭᠡᠵᠢᠯᠲᠡᠨ》 ᠬᠡᠮᠡᠭ᠌ᠳᠡᠪᠡ᠃
ᠣᠳᠣᠬᠠᠨ᠎ᠳᠤ ᠣᠷᠣᠨ ᠳᠠᠶᠠᠭᠠᠷ ᠶᠠᠭ ᠶᠡᠷᠦᠩᠬᠡᠢ ᠱᠦᠵᠢ ᠰᠢ ᠵᠢᠨ ᠫᠢᠩ᠎ᠦᠨ ᠵᠢᠭᠠᠭ᠍ᠰᠠᠨ ᠴᠢᠭ᠌ᠯᠡᠯ᠎ᠢᠶᠡᠷ᠂ ᠨᠢᠭᠡ ᠭᠣᠣᠯ ᠱᠢᠵᠢᠮ᠎ᠢ ᠲᠤᠭᠤᠱᠢᠯᠠᠭᠤᠯᠵᠤ᠂ ᠬᠣᠶᠠᠷ ᠶᠡᠬᠡ ᠶᠠᠪᠤᠳᠠᠯ᠎ᠢ ᠰᠠᠢᠲᠤᠷ ᠬᠢᠵᠦ᠍᠂ ᠮᠣᠩᠭᠣᠯ ᠮᠤᠷᠢᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠵᠤ᠂ ᠲᠡᠰᠪᠦᠷᠢ ᠬᠠᠲᠠᠭᠤᠵᠢᠯᠲᠠᠢ᠎ᠪᠠᠷ ᠱᠢᠨ᠎ᠡ ᠵᠠᠮ ᠨᠡᠭᠡᠭᠡᠵᠦ᠍ ᠳᠤᠮᠳᠠ ᠲᠦᠪᠰᠢᠨ᠎ᠳᠦ ᠤᠷᠤᠬᠤ ᠪᠡᠷ ᠴᠤᠴᠠᠯᠲᠠ ᠦᠭᠡᠢ ᠤᠷᠤᠭ᠍ᠰᠢᠯᠠᠵᠤ ᠪᠤᠢ᠃ 《ᠬᠥᠳᠡᠯᠮᠦᠷᠢ᠎ᠶ᠋ᠢᠨ ᠵᠢᠱ᠌ᠢᠶᠡᠴᠢ》 ᠂ 《ᠲᠡᠷᠢᠭᠦᠨ᠎ᠦ ᠠᠵᠢᠯᠳᠠᠨ》 ᠪᠣᠯ ᠬᠥᠳᠡᠯᠮᠦᠷᠢᠴᠢᠨ ᠠᠷᠠᠳ ᠲᠦᠮᠡᠨ᠎ᠦ ᠭᠠᠷᠮᠠᠭᠠᠢ ᠲᠥᠯᠥᠭᠡᠯᠡᠭ᠌ᠴᠢ ᠮᠥᠨ᠂ ᠨᠡᠩ ᠴᠤ᠌ ᠥᠷᠭᠡᠨ ᠤᠯᠠᠨ ᠬᠥᠳᠡᠯᠮᠦᠷᠢᠴᠢᠳ᠎ᠦᠨ ᠰᠤᠷᠤᠯᠴᠠᠬᠤ ᠰᠠᠢ᠌ᠨ ᠳᠠᠭᠤᠷᠢᠶᠠᠯ ᠮᠥᠨ᠃
《ᠬᠡᠷᠪᠡ ᠪᠢᠳᠡ ᠬᠥᠮᠦᠨ ᠪᠣᠯᠭᠠᠨ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ᠎ᠶ᠋ᠢ ᠦᠶ᠋ᠯᠡᠳᠦᠯᠭᠡᠵᠢᠭᠦᠯᠵᠦ᠍᠂ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠦᠶ᠋ᠯᠡᠳᠦᠯ᠎ᠢ ᠪᠠᠳᠠᠷᠠᠭᠤᠯᠪᠠᠯ ᠯᠠᠪᠲᠠᠶ ᠨᠠᠩ ᠣᠯᠠᠨ ᠬᠥᠮᠦᠰ᠎ᠲᠡᠶ ᠪᠦᠯᠬᠦᠮᠳᠡᠨ ᠦᠨᠭᠭᠡ ᠬᠡᠷᠡᠯ᠎ᠢ ᠬᠥᠭᠡᠭᠡᠴᠡᠯᠳᠦᠵᠦ᠍᠂ ᠢᠷᠠᠭᠤ ᠠᠯᠳᠠᠷᠵᠢᠠᠨ ᠡᠷᠬᠢᠮᠨᠠᠵᠦ᠂ ᠬᠡᠷᠡᠯ ᠭᠢᠯᠪᠠᠭ᠎ᠠ᠎ᠪᠠᠨ ᠰᠠᠴᠤᠷᠠᠭᠤᠯᠵᠤ᠂ ᠪᠥᠬᠥ᠌ ᠣᠷᠣᠨ᠎ᠤ ᠦᠨᠳᠦᠰᠦᠲᠡᠨ᠎ᠨᠦᠭᠦᠳ᠎ᠦᠨ ᠬᠥᠳᠡᠯᠮᠦᠷᠢᠴᠢᠳ᠎ᠲᠡᠶ ᠭᠠᠷ ᠬᠣᠯᠪᠣᠯᠴᠠᠨ〈ᠵᠢᠷᠭᠤᠭᠠᠨ ᠠᠵᠢᠯᠯᠠᠭ᠎ᠠ〉 ᠶ᠋ᠢ ᠨᠠᠢᠳᠠᠪᠤᠷᠢᠵᠢᠭᠤᠯᠬᠤ᠂ 〈ᠬᠣᠶᠠᠷ ᠶᠡᠬᠡ ᠶᠠᠪᠤᠳᠠᠯ〉 ᠢ᠋ ᠰᠠᠢᠲᠤᠷ ᠬᠢᠬᠦ᠌ ᠴᠠᠭ ᠦᠶ᠎ᠡ᠎ᠶ᠋ᠢᠨ ᠬᠠᠯᠠᠭᠤᠨ ᠤᠷᠤᠰᠭᠠᠯ᠎ᠳᠤ ᠬᠠᠮᠲᠤ᠎ᠪᠠᠷ ᠣᠷᠣᠯᠴᠠᠵᠤ᠂ 〈ᠵᠢᠱ᠌ᠢᠶᠡᠴᠢ ᠥᠪᠡᠷᠲᠡᠭᠡᠨ ᠵᠠᠰᠠᠬᠤ ᠣᠷᠣᠨ〉 ᠡᠨᠡ ᠬᠦ᠌ ᠠᠯᠲᠠᠨ ᠥᠰᠥᠭ᠎ᠳᠦ ᠫᠠᠢᠰᠠ ᠵᠢ ᠨᠠᠩ ᠬᠡᠷᠡᠯ ᠭᠢᠯᠪᠠᠭ᠎ᠠ᠎ᠲᠠᠶ ᠪᠣᠯᠭᠠᠬᠤ ᠪᠣᠯᠤᠨ᠎ᠠ》 ᠭᠡᠵᠦ᠍ ᠪᠦᠬᠦ᠌ ᠤᠯᠤᠰ᠎ᠤᠨ ᠲᠡᠷᠢᠭᠦᠨ᠎ᠦ ᠠᠵᠢᠯᠳᠠᠨ᠂ ᠤᠷᠳᠤᠰ ᠬᠤᠳᠠ᠎ᠶ᠋ᠢᠨ ᠬᠠᠮ ᠵᠠᠭᠤᠴᠢᠯᠠᠭᠤᠷ᠎ᠤᠨ ᠲᠥᠪ᠎ᠦᠨ ᠰᠢᠭᠦᠮᠵᠢ ᠵᠢᠨ ᠬᠡᠯᠲᠡᠰ᠂ ᠰᠤᠷᠪᠤᠯᠵᠢᠯᠠᠬᠤ ᠬᠡᠯᠲᠡᠰ᠎ᠦᠨ ᠳᠠᠷᠤᠭ᠎ᠠ ᠵᠠᠩ ᠱᠢᠶᠤᠤ ᠶᠠᠨ ᠬᠡᠯᠡᠪᠡ᠃
5 ᠰᠠᠷ᠎ᠠ᠎ᠶ᠋ᠢᠨ ᠨᠡᠷᠡᠨ᠎ᠦ ᠭᠡᠷᠡᠯ ᠤᠮᠠᠷᠠᠲᠤ᠎ᠶ᠋ᠢᠨ ᠡᠬᠡ ᠭᠠᠵᠠᠷ᠎ᠢ ᠭᠡᠢᠭᠦᠯᠵᠦ᠂ ᠪᠢᠳᠡ ᠴᠠᠭ ᠦᠶ᠎ᠡ᠂ ᠤᠯᠤᠰ ᠣᠷᠣᠨ᠎ᠲᠠᠶ ᠬᠠᠮᠲᠤ᠎ᠪᠠᠷ ᠴᠢᠷᠮᠠᠢᠨ ᠲᠡᠮᠡᠴᠡᠵᠦ᠍᠂ ᠪᠣᠳᠠᠲᠤ ᠠᠵᠢᠯᠯᠠᠭ᠎ᠠ᠎ᠪᠠᠷ᠎ᠢᠶᠠᠨ ᠥᠪᠥᠷ ᠮᠣᠩᠭᠣᠯ᠎ᠤᠨ ᠴᠢᠨᠠᠷ ᠰᠠᠢᠲᠠᠢ ᠬᠥᠭ᠌ᠵᠢᠯᠲᠡ᠎ᠳᠦ ᠣᠷᠣᠯᠴᠠᠵᠤ᠂ ᠲᠡᠮᠡᠴᠡᠯ᠎ᠢᠶᠡᠷ᠎ᠢᠶᠡᠨ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠵᠡᠭᠡᠶᠡ᠃