ᠢᠲᠡᠭᠡᠯ ᠵᠣᠷᠢᠭ᠎ᠢᠶᠠᠨ ᠪᠠᠲᠤᠳᠭᠠᠨ ᠦᠭᠡᠳᠡᠯᠡᠨ ᠲᠠᠪᠰᠢᠵᠦ ᠵᠢᠳᠬᠦᠯ ᠴᠢᠷᠮᠠᠢᠯᠭ᠎ᠠ ᠭᠠᠷᠭᠠᠨ ᠱᠢᠨ᠎ᠡ᠎ᠶ᠋ᠢ ᠡᠭᠦᠳᠴᠦ᠍ ᠡᠭᠦᠳᠦᠨ ᠪᠦᠲᠦᠭᠡᠰᠦᠭᠡᠢ
2025-05-01 11:37:51
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— 《5·1》  ᠤ᠋ ᠳᠡᠯᠡᠬᠡᠶ᠎ᠶ᠋ᠢᠨ ᠬᠥᠳᠡᠯᠮᠦᠷᠢᠴᠢᠳ᠎ᠦᠨ ᠪᠠᠶᠠᠷ ᠲᠤ᠌ ᠵᠤᠷᠢᠭᠤᠯᠪᠠ


ᠬᠥᠳᠡᠯᠮᠦᠷᠢ ᠪᠡᠷ ᠴᠠᠭ ᠦᠶ᠎ᠡ᠎ᠶ᠋ᠢᠨ ᠢᠷᠠᠭᠤ ᠬᠠᠭᠤᠳᠠᠰᠤ᠎ᠶ᠋ᠢ ᠪᠢᠴᠢᠭ᠌ᠯᠡᠵᠦ᠍᠂ ᠲᠡᠮᠡᠴᠡᠯ᠎ᠢᠶᠡᠷ ᠰᠠᠢᠨ ᠰᠠᠢᠬᠠᠨ ᠢᠷᠡᠭᠡᠳᠦᠶ᠎ᠶ᠋ᠢ ᠴᠣᠭ᠍ᠴᠠᠯᠠᠨ᠎ᠠ᠃ 《5·1》 ᠎ᠤ ᠡᠨᠡ ᠬᠦ᠌ ᠬᠥᠳᠡᠯᠮᠦᠷᠢ᠎ᠶ᠋ᠢ ᠮᠠᠭ᠍ᠲᠠᠨ ᠰᠠᠢᠱᠢᠶᠠᠵᠤ᠂ ᠬᠥᠳᠡᠯᠮᠦᠷᠢᠴᠢᠳ᠎ᠲᠦ ᠬᠦᠨᠳᠦᠳᠭᠡᠯ ᠳᠡᠪᠱᠢᠭᠦᠯᠵᠦ᠍ ᠪᠠᠢᠭ᠎ᠠ ᠪᠠᠶᠠᠷ᠎ᠤᠨ ᠡᠳᠦᠷ᠎ᠲᠦ᠂ ᠪᠢᠳᠡ ᠪᠦᠬᠦ᠌ ᠤᠯᠤᠰ᠎ᠤᠨ ᠠᠵᠢᠯᠴᠢᠨ ᠠᠩᠬᠢ ᠪᠣᠯᠤᠨ ᠥᠷᠭᠡᠨ ᠤᠯᠠᠨ ᠬᠥᠳᠡᠯᠮᠦᠷᠢᠴᠢᠨ ᠲᠦᠮᠡᠨ᠎ᠳᠦ ᠪᠠᠶᠠᠷ᠎ᠤᠨ ᠡᠳᠦᠷ᠎ᠦᠨ ᠮᠡᠨᠳᠦᠴᠢᠯᠡᠯ ᠳᠡᠪᠱᠢᠭᠦᠯᠵᠦ᠍᠂ ᠡᠯ᠎ᠡ ᠹᠷᠣᠨᠲ᠎ᠤᠨ ᠬᠥᠳᠡᠯᠮᠦᠷᠢ᠎ᠶ᠋ᠢᠨ ᠵᠢᠱ᠌ᠢᠶᠡᠴᠢ ᠪᠣᠯᠤᠨ ᠲᠡᠷᠢᠭᠦᠨ᠎ᠦ ᠠᠵᠢᠯᠳᠠᠨ᠎ᠳᠤ ᠡᠷᠬᠢᠮ ᠳᠡᠭᠡᠳᠦ ᠬᠦᠨᠳᠦᠳᠭᠡᠯ ᠳᠡᠪᠱᠢᠭᠦᠯᠵᠦ᠍ ᠪᠠᠢᠨ᠎ᠠ!

ᠡᠨᠡ ᠵᠢᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠢ᠎ᠠ ᠪᠦᠬᠦ᠌ ᠨᠠᠮ ᠪᠦᠬᠦ᠌ ᠤᠯᠤᠰ᠎ᠤᠨ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠢ ᠪᠦᠯᠬᠦᠮᠳᠡᠭᠦᠯᠦᠨ ᠳᠠᠭᠠᠭᠤᠯᠵᠤ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠪᠠᠢᠳᠠᠯ᠎ᠤᠨ ᠬᠤᠪᠢᠷᠠᠯᠲᠠ᠎ᠡᠴᠡ ᠪᠣᠯᠤᠭ᠍ᠰᠠᠨ ᠥᠷᠢᠰᠥᠯᠳᠦᠭᠡᠨ᠎ᠢ ᠯᠠᠪᠳᠠᠭᠤᠨ᠎ᠢᠶᠠᠷ ᠠᠷᠭᠠᠴᠠᠭᠠᠵᠤ᠂ ᠬᠣᠷᠸ᠎ᠠ ᠲᠦᠷᠦ᠍᠎ᠶ᠋ᠢᠨ ᠪᠤᠳᠤᠯᠭ᠎ᠠ᠎ᠶ᠋ᠢᠨ 《ᠬᠠᠮ ᠠᠷᠭ᠎ᠠ ᠬᠡᠮᠵᠢᠢ᠎ᠡ》 ᠵᠢ ᠰᠠᠢᠲᠤᠷ ᠬᠡᠷᠡᠭ᠌ᠵᠢᠭᠦᠯᠵᠦ᠍᠂ ᠤᠯᠤᠰ ᠠᠷᠠᠳ᠎ᠤᠨ ᠠᠵᠤ ᠠᠬᠤᠢ ᠲᠣᠭ᠍ᠲᠠᠭᠤᠨ ᠡᠬᠢᠯᠡᠯᠲᠡ ᠲᠠᠢ᠂ ᠰᠠᠢ᠌ᠨ ᠡᠬᠢᠯᠡᠯᠲᠡ᠎ᠲᠡᠶ ᠪᠤᠯᠵᠤ᠂ ᠲᠦᠷᠦᠭᠦᠦ ᠤᠯᠠᠷᠢᠯ᠎ᠤᠨ ᠤᠯᠤᠰ᠎ᠤᠨ ᠳᠣᠲᠣᠭᠠᠳᠤ᠎ᠶ᠋ᠢᠨ ᠦᠢᠯᠡᠳᠪᠦᠷᠢᠯᠡᠯ᠎ᠦᠨ ᠶᠡᠷᠦᠩᠬᠡᠢ ᠦᠷᠳᠡᠭ ᠨᠢᠳᠤᠨᠤᠨ᠎ᠤ ᠠᠳᠠᠯᠢ ᠬᠤᠭᠤᠴᠠᠭᠠᠨ᠎ᠤ ᠬᠢ᠎ᠡᠴᠡ 5.4 % ᠪᠡᠷ ᠨᠡᠮᠡᠭ᠌ᠳᠡᠵᠦ᠍᠂ ᠮᠠᠨ᠎ᠤ ᠤᠯᠤᠰ᠎ᠤᠨ ᠠᠵᠤ ᠠᠬᠤᠢ᠎ᠶ᠋ᠢᠨ ᠲᠤᠮᠤ ᠣᠩᠭᠣᠴᠠ ᠰᠠᠯᠬᠢ ᠳᠠᠪᠠᠯᠭᠠᠨ᠎ᠢ ᠵᠦᠰᠦᠨ ᠤᠷᠤᠭ᠍ᠰᠢᠯᠠᠪᠠ᠃ ᠺᠸᠠᠨ᠋ᠲ᠎ᠤᠨ ᠪᠤᠳᠤᠯᠭ᠎ᠠ᠂ ᠵᠣᠬᠢᠶᠠᠮᠠᠯ ᠤᠶᠤᠨ ᠴᠢᠳᠠᠪᠤᠷᠢ ᠵᠡᠷᠭᠡ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ ᠪᠦᠬᠦ᠌ ᠪᠥᠮᠪᠥᠷᠴᠡᠭ᠎ᠦᠨ ᠠᠩᠬᠠᠷᠤᠯ᠎ᠢ ᠲᠠᠲᠠᠵᠤ ᠂ ᠡᠭᠦᠨ᠎ᠦ ᠠᠷᠤ᠎ᠳᠤ ᠥᠷᠭᠡᠨ ᠤᠯᠠᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠳᠠᠳ᠎ᠤᠨ ᠨᠢᠭᠡ ᠰᠡᠳᠭᠢᠯ᠎ᠢᠶᠡᠷ ᠪᠣᠭᠣᠮᠲᠠ ᠱᠢᠪᠲᠤᠯᠤᠭᠰᠠᠨ ᠶᠠᠪᠤᠳᠠᠯ ᠪᠤᠯᠤᠨ᠎ᠠ;  ᠱᠢᠨ᠎ᠡ ᠡᠨᠧᠷᠭᠢ᠎ᠶ᠋ᠢᠨ ᠮᠠᠱᠢᠨ ᠲᠡᠷᠭᠡ᠂ ᠤᠢᠷ᠎ᠠ ᠤᠭᠲᠠᠷᠭᠤᠢ ᠵᠢᠨ ᠠᠵᠤ ᠠᠬᠤᠢ ᠵᠡᠷᠭᠡ ᠨᠢ ᠬᠡᠯᠪᠡᠷᠢ᠎ᠶ᠋ᠢ ᠬᠤᠪᠢᠷᠠᠭᠤᠯᠤᠨ ᠳᠡᠰ ᠳᠡᠪᠱᠢᠭᠦᠯᠬᠦ᠌᠎ᠶ᠋ᠢ ᠬᠦᠳᠦᠯᠦᠨ ᠳᠠᠭᠠᠭᠤᠯᠵᠤ᠂ ᠲᠣᠭ᠎ᠠ ᠲᠣᠮᠰᠢ ᠦᠭᠡᠢ ᠠᠵᠤ ᠦᠢᠯᠡᠰ᠎ᠦᠨ ᠠᠵᠢᠯᠴᠢᠨ᠎ᠤ ᠤᠶᠤᠨ ᠤᠬᠠᠭᠠᠨ ᠬᠦᠴᠦ᠍ ᠬᠥᠯᠥᠰᠥ᠍ ᠱᠢᠩᠭᠡᠵᠦ᠍ ᠪᠤᠢ; ᠠᠮᠤ ᠪᠤᠳᠠᠭᠠᠨ᠎ᠤ ᠦᠶ᠋ᠯᠡᠳᠪᠦᠷᠢᠯᠡᠯ᠎ᠢ ᠤᠯᠠᠷᠢᠯ ᠲᠠᠷᠠᠭᠠᠯᠠᠨ ᠴᠢᠩᠭ᠎ᠠ ᠠᠳᠭᠤᠵᠤ᠂ ᠲᠠᠰᠤᠯᠳᠠᠰᠢ ᠦᠭᠡᠢ ᠦᠷᠭᠦᠯᠵᠢᠯᠡᠭᠦᠯᠦᠭᠰᠡᠨ ᠶᠠᠪᠤᠳᠠᠯ ᠨᠢ᠂ ᠠᠮᠤ ᠪᠤᠳᠠᠭ᠎ᠠ ᠳᠠᠷᠢᠬᠤ ᠲᠠᠷᠢᠶᠠᠴᠢᠳ᠎ᠤᠨ ᠱᠢᠷᠭᠠᠭᠤ ᠬᠥᠳᠡᠯᠮᠦᠷᠢ᠎ᠳᠦ ᠲᠦᠱᠢᠭ᠌ᠯᠡᠭᠰᠠᠨ ᠶᠤᠮ ᠁ ᠨᠠᠮ᠎ᠤᠨ ᠲᠥᠪ ᠬᠤᠷᠢᠶ᠎ᠠ ᠵᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠮᠠᠨ᠎ᠤ ᠤᠯᠤᠰ᠎ᠤᠨ ᠠᠵᠢᠯᠴᠢᠨ ᠠᠩᠭᠢ ᠪᠣᠯᠤᠨ ᠥᠷᠭᠡᠨ ᠣᠯᠠᠨ ᠬᠥᠳᠡᠯᠮᠦᠷᠢᠴᠢᠨ ᠲᠦᠮᠡᠨ ᠤᠮᠤᠭ ᠲᠡᠭᠦᠯᠳᠡᠷ᠎ᠢᠶᠡᠷ ᠬᠠᠷᠢᠭᠤᠴᠠᠯᠭ᠎ᠠ ᠡᠭᠦᠷᠭᠡᠯᠡᠵᠦ᠍᠂ ᠡᠷᠡᠯᠬᠡᠭ᠌ᠯᠡᠨ ᠲᠡᠮᠡᠴᠡᠵᠦ᠍᠂ ᠬᠥᠳᠡᠯᠮᠦᠷᠢ ᠢᠷᠠᠭᠤ ᠠᠯᠳᠠᠷ᠎ᠲᠠᠶ᠂ ᠡᠭᠦᠳᠦᠨ ᠪᠦᠲᠦᠭᠡᠯᠲᠡ ᠠᠭᠤᠤ ᠶᠡᠬᠡ ᠭᠡᠬᠦ ᠴᠠᠭ ᠦᠶ᠎ᠡ᠎ᠶ᠋ᠢᠨ ᠬᠦᠴᠦᠷᠬᠡᠭ ᠲᠠᠭᠤᠨ᠎ᠢ ᠴᠤᠤᠷᠢᠶᠠᠲᠤᠭᠤᠯᠵᠤ᠂ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠮᠣᠭ ᠲᠡᠭᠦᠯᠳᠡᠷ ᠤᠷᠤᠭ᠍ᠰᠢᠯᠠᠨ ᠳᠠᠪᠱᠢᠬᠤ ᠬᠦᠴᠦᠲᠦ ᠤᠷᠤᠰᠭᠠᠯ᠎ᠢ ᠪᠦᠷᠢᠯᠳᠦᠭᠦᠯᠵᠡᠶ᠃

ᠶᠡᠷᠦᠩᠬᠡᠢ ᠱᠦᠵᠢ ᠰᠢ ᠵᠢᠨ ᠫᠢᠩ᠄ 《 ᠭᠠᠳᠠᠭᠠᠳᠤ ᠣᠷᠴᠢᠨ ᠬᠡᠷᠬᠢᠨ ᠬᠤᠪᠢᠷᠠᠭ᠍ᠰᠠᠨ ᠴᠤ᠌᠂ ᠳᠤᠮᠳᠠᠳᠤ ᠤᠯᠤᠰ ᠢᠲᠡᠭᠡᠯ ᠵᠣᠷᠢᠭ᠎ᠢᠶᠠᠨ ᠪᠠᠲᠤᠳᠭᠠᠵᠤ᠂ ᠲᠣᠭ᠍ᠲᠠᠯ ᠬᠦᠴᠦᠨ᠎ᠢᠶᠡᠨ ᠪᠠᠲᠤᠯᠠᠵᠤ᠂ ᠬᠦᠴᠦᠨ᠎ᠢᠶᠡᠨ ᠲᠥᠪᠯᠡᠷᠡᠭᠦᠯᠦᠨ ᠥᠪᠡᠷ᠎ᠦᠨ ᠶᠠᠪᠤᠳᠠᠯ᠎ᠢᠶᠠᠨ ᠰᠠᠢᠲᠤᠷ ᠬᠢᠬᠦ ᠬᠡᠷᠡᠭᠳᠠᠢ》 ᠭᠡᠵᠤ ᠴᠢᠬᠤᠯᠠᠴᠢᠯᠠᠵᠠᠢ᠂ ᠣᠳᠣᠬᠠᠨ᠎ᠳᠤ᠂ 《 ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠠᠷᠠᠯᠲᠠ ᠡᠭᠦᠷᠭᠡ᠎ᠶ᠋ᠢ ᠪᠡᠶᠡᠯᠡᠭᠦᠯᠬᠦ᠌᠎ᠳᠦ ᠴᠠᠭ ᠪᠠᠴᠢᠮ᠂ ᠡᠭᠦᠷᠭᠡ ᠬᠦᠨᠳᠦ᠂ ᠱᠠᠭᠠᠷᠳᠠᠯᠭ᠎ᠠ ᠥᠨᠳᠥᠷ ᠪᠠᠢᠨ᠎ᠠ᠃ ᠳᠡᠯᠡᠬᠡᠢ᠎ᠶ᠋ᠢᠨ ᠪᠠᠢᠳᠠᠯ᠎ᠤᠨ ᠬᠤᠪᠢᠷᠠᠯᠲᠠ ᠡᠭᠡᠳᠡᠷᠡᠭᠡᠨ ᠪᠤᠳᠤᠯᠢᠶᠠᠨᠲᠠᠢ᠂ ᠤᠯᠤᠰ᠎ᠤᠨ ᠳᠣᠲᠣᠭᠠᠳᠤ᠎ᠶ᠋ᠢᠨ ᠠᠵᠤ ᠠᠬᠤᠢ᠎ᠶ᠋ᠢᠨ ᠠᠵᠢᠯᠯᠠᠭᠠᠨ ᠳᠠᠷᠤᠯᠲᠠ ᠲᠠᠢ ᠪᠠᠢᠬᠤ ᠪᠤᠳᠤᠯᠢᠶᠠᠨᠲᠠᠢ ᠬᠦᠨᠳᠦ ᠬᠡᠴᠡᠭᠦᠦ ᠣᠷᠴᠢᠨ ᠨᠥᠬᠥᠴᠡᠯ᠎ᠦᠨ ᠡᠮᠦᠨ᠎ᠡ᠂ ᠨᠡᠩ ᠴᠤ᠌ ᠲᠣᠭ᠍ᠲᠠᠭᠤᠨ ᠤ᠋ ᠳᠤᠮᠳᠠ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠨ᠂ ᠴᠢᠨᠠᠷ ᠰᠠᠢᠲᠠᠢ ᠬᠥᠭ᠌ᠵᠢᠯᠲᠡ᠎ᠶ᠋ᠢᠨ ᠲᠣᠭ᠍ᠲᠠᠭᠠᠯᠲᠤ ᠴᠢᠨᠠᠷ᠎ᠢᠶᠠᠷ ᠭᠠᠳᠠᠭᠠᠳᠤ ᠣᠷᠴᠢᠨ ᠤ᠋ ᠰᠢᠷᠦᠭᠦᠨ ᠬᠤᠪᠢᠷᠠᠯᠲᠠ᠎ᠶ᠋ᠢᠨ ᠲᠣᠭ᠍ᠲᠠᠭᠠᠯᠲᠤ ᠪᠤᠰᠤ ᠴᠢᠨᠠᠷ᠎ᠢ ᠠᠷᠭᠠᠴᠠᠭᠠᠬᠤ ᠴᠢᠬᠤᠯᠠᠲᠠᠢ ᠶᠤᠮ᠃ ᠠᠷᠠᠳ ᠲᠦᠮᠡᠨ ᠪᠣᠯ ᠲᠡᠦᠬᠡ᠎ᠶᠢ ᠡᠭᠦᠳᠦᠨ ᠪᠦᠲᠦᠭᠡᠭ᠌ᠴᠢ ᠮᠥᠨ᠂ ᠬᠥᠳᠡᠯᠮᠦᠷᠢ ᠪᠣᠯ ᠠᠯᠢᠪᠠ ᠵᠣᠯ ᠵᠢᠷᠭᠠᠯ᠎ᠤᠨ ᠡᠬᠢ ᠪᠤᠯᠠᠭ ᠮᠥᠨ᠃ ᠡᠭᠦᠷᠭᠡ ᠬᠡᠳᠦᠢ ᠬᠠᠲᠠᠭᠤ ᠪᠡᠷᠬᠡ᠂ ᠥᠷᠢᠰᠥᠯᠳᠦᠭᠡᠨ ᠬᠡᠳᠦᠢ ᠬᠦᠨᠳᠦ ᠬᠡᠴᠡᠭᠦᠦ ᠪᠣᠯᠬᠤ ᠲᠤᠳᠤᠮ ᠠᠵᠢᠯᠴᠢᠨ ᠠᠩᠭᠢ ᠪᠠ ᠥᠷᠭᠡᠨ ᠤᠯᠠᠨ ᠬᠥᠳᠡᠯᠮᠦᠷᠢᠴᠢᠨ ᠲᠦᠮᠡᠨ᠎ᠦ ᠭᠣᠣᠯ ᠬᠦᠴᠦᠨ ᠴᠡᠷᠢᠭ᠎ᠦᠨ ᠦᠢᠯᠡᠳᠦᠯ᠎ᠢ ᠲᠡᠳᠦᠢ ᠪᠠᠳᠠᠷᠠᠭᠤᠯᠵᠤ᠂ ᠠᠷᠠᠳ ᠤᠯᠠᠨ᠎ᠤ ᠳᠤᠮᠳᠠ ᠬᠠᠳᠠᠭᠠᠯᠠᠭ᠍ᠳᠠᠵᠤ ᠪᠠᠢᠭ᠎ᠠ ᠬᠢᠵᠠᠭᠠᠯᠠᠰᠢ ᠦᠭᠡᠢ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠤᠨ᠂ ᠬᠥᠳᠡᠯᠮᠦᠷᠢ ᠳ᠋ᠤ ᠲᠦᠱᠢᠭ᠌ᠯᠡᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠬᠤ ᠬᠡᠷᠡᠭ᠌ᠲᠡᠢ᠃

ᠳᠠᠪᠠᠭ᠎ᠠ ᠳᠠᠪᠠᠬᠤ᠎ᠳᠤ ᠢᠲᠡᠭᠡᠯ ᠵᠣᠷᠢᠭ᠎ᠢᠶᠠᠨ ᠬᠥᠪᠴᠢᠯᠡᠬᠦ᠌ ᠪᠣᠯ ᠵᠠᠩᠭᠢᠯᠠᠭ᠎ᠠ ᠪᠣᠯᠤᠨ᠎ᠠ; ᠤᠷᠤᠭ᠍ᠰᠢ ᠬᠥᠭ᠌ᠵᠢᠬᠦ᠌᠎ᠳᠦ ᠨᠡᠩ ᠶᠡᠬᠡ ᠲᠦᠯᠬᠢᠴᠡ ᠬᠦᠴᠦᠨ ᠱᠠᠭᠠᠷᠳᠠᠭ᠍ᠳᠠᠨ᠎ᠠ᠃ ᠥᠨᠳᠥᠷ ᠰᠠᠭᠤᠷᠢ ᠲᠣᠭᠠᠨ ᠳᠡᠭᠡᠷ᠎ᠠ ᠦᠰᠦᠷᠦᠩᠭᠦᠢ ᠲᠠᠪᠰᠢᠵᠤ ᠥᠷᠢᠰᠥᠯᠳᠦᠭᠡᠨ᠎ᠦ ᠳᠤᠮᠳᠠ ᠤᠷᠤᠭ᠍ᠰᠢᠯᠠᠵᠤ᠂ ᠥᠨᠥᠳᠦᠷ᠎ᠦᠨ ᠳᠤᠮᠳᠠᠳᠤ ᠤᠯᠤᠰ ᠶᠠᠭ ᠬᠠᠮᠤᠭ ᠤ᠋ᠨ ᠴᠢᠬᠤᠯᠠ ᠵᠠᠩᠭᠢᠯᠠᠭ᠎ᠠ᠎ᠶ᠋ᠢᠨ ᠦᠶ᠎ᠡ᠎ᠳᠦ ᠬᠦᠷᠴᠤ ᠢᠷᠡᠵᠠᠢ᠃ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠰᠠᠭᠤᠷᠢ ᠲᠣᠭ᠍ᠲᠠᠭᠤᠨ᠂ ᠳᠠᠪᠠᠭᠤᠯᠢᠭ ᠤᠯᠠᠨ᠂ ᠤᠶᠠᠨ ᠬᠠᠳᠠᠨ ᠴᠢᠨᠠᠷ ᠴᠢᠩᠭ᠎ᠠ᠂ ᠲᠠᠯᠳᠠ ᠬᠦᠴᠦᠨ ᠶᠡᠬᠡ᠂ ᠢᠯᠡᠳᠳᠡ ᠪᠠᠢᠭᠤᠯᠤᠯ᠎ᠤᠨ ᠳᠠᠪᠠᠭᠤᠯᠢᠭ᠎ᠲᠠᠶ ᠪᠠᠢᠵᠤ᠂ ᠭᠡᠳᠤ ᠶᠡᠬᠡ ᠬᠡᠪᠴᠢᠶᠡᠨ᠎ᠦ ᠵᠠᠬ᠎ᠠ ᠳᠡᠯᠭᠡᠭᠦᠷ᠂ ᠪᠦᠷᠢᠨ ᠲᠦᠬᠦᠷ ᠠᠵᠤ ᠦᠢᠯᠡᠰ᠎ᠦᠨ ᠱᠢᠰᠲ᠋ᠧᠮ᠂ ᠪᠠᠶᠠᠯᠢᠭ ᠬᠥᠮᠦᠨ᠎ᠦ ᠬᠦᠴᠦ ᠴᠢᠳᠠᠪᠤᠷᠢᠲᠠᠨ᠎ᠤ ᠡᠬᠢ ᠪᠠᠶᠠᠯᠢᠭ ᠵᠡᠷᠭᠡ ᠠᠯᠢ ᠤᠯᠠᠨ ᠳᠠᠪᠠᠭᠤᠯᠢᠭ ᠨᠥᠬᠥᠴᠡᠯ᠎ᠲᠡᠶ ᠪᠠᠢᠵᠤ᠂ ᠤᠷᠳᠤ ᠬᠤᠭᠤᠴᠠᠭ᠎ᠠ᠎ᠪᠠᠷ ᠰᠠᠢᠵᠢᠷᠠᠬᠤ ᠲᠤᠯᠭᠠᠭᠤᠷᠢᠯᠠᠬᠤ ᠨᠥᠬᠥᠴᠡᠯ ᠪᠠ ᠦᠨᠳᠦᠰᠦᠨ ᠬᠠᠨᠳᠤᠰᠢ ᠬᠤᠪᠢᠷᠠᠭ᠎ᠠ ᠦᠭᠡᠢ ᠶᠤᠮ᠂ ᠪᠢᠳᠡ ᠰᠤᠯᠠᠷᠠᠰᠢ ᠦᠭᠡᠢ ᠴᠢᠷᠮᠠᠢᠵᠤ᠂ ᠥᠪᠡᠷ᠎ᠦᠨ ᠶᠠᠪᠤᠳᠠᠯ᠎ᠢᠶᠠᠨ ᠡᠷᠡᠰ ᠭᠤᠢᠪᠢᠰᠢ ᠦᠭᠡᠢ ᠰᠠᠢᠲᠤᠷ ᠬᠢᠵᠦ᠍᠂ ᠡᠯ᠎ᠡ ᠲᠠᠯ᠎ᠠ᠎ᠶ᠋ᠢᠨ ᠢᠳᠡᠪᠬᠢ ᠬᠦᠴᠦᠨ ᠵᠦᠢᠯ᠎ᠢ ᠬᠥᠭ᠌ᠵᠢᠯᠲᠡ᠎ᠶ᠋ᠢᠨ ᠪᠣᠳᠠᠲᠤ ᠠᠮᠵᠢᠯᠲᠠ ᠪᠦᠲᠦᠮᠵᠢ ᠪᠣᠯᠭᠠᠨ ᠬᠤᠪᠢᠷᠠᠭᠤᠯᠬᠤ ᠬᠡᠷᠡᠭ᠌ᠲᠡᠢ᠃ ᠣᠳᠣᠬᠠᠨ᠎ᠳᠤ ᠮᠠᠨ᠎ᠤ ᠤᠯᠤᠰ᠎ᠤᠨ《ᠬᠥᠮᠦᠨ ᠠᠮᠠ᠎ᠶ᠋ᠢᠨ ᠠᠱᠢᠭ》ᠶᠠᠭ《ᠴᠢᠳᠠᠪᠤᠷᠢᠲᠠᠨ᠎ᠤ ᠠᠱᠢᠭ》 ᠲᠡᠢᠰᠢ ᠳᠡᠭᠡᠭ᠌ᠰᠢᠯᠡᠵᠦ᠍᠂ ᠴᠢᠳᠠᠪᠤᠷᠢᠲᠠᠨ᠎ᠤ ᠡᠬᠢ ᠪᠠᠶᠠᠯᠢᠭ᠎ᠤᠨ ᠶᠡᠷᠦᠩᠬᠡᠢ ᠬᠡᠮᠵᠢᠶ᠎ᠡ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠥᠮᠦᠨ᠎ᠦ ᠬᠦᠴᠦᠨ᠎ᠦ ᠡᠬᠢ ᠪᠠᠶᠠᠯᠢᠭ᠂ ᠰᠤᠳᠤᠯᠤᠨ ᠨᠡᠭᠡᠭᠡᠬᠦ᠌ ᠠᠵᠢᠯᠳᠠᠨ᠎ᠤ ᠶᠡᠷᠦᠩᠬᠡᠢ ᠬᠡᠮᠵᠢᠶ᠎ᠡ ᠴᠥᠮ ᠪᠦᠬᠦ᠌ ᠪᠥᠮᠪᠥᠷᠴᠡᠭ᠎ᠦᠨ ᠲᠡᠷᠢᠭᠦᠨ᠎ᠳᠦ ᠣᠷᠣᠵᠤ ᠪᠠᠢᠨ᠎ᠠ᠃ ᠰᠤᠷᠭᠠᠨ ᠬᠥᠮᠦᠵᠢᠯ᠎ᠦᠨ ᠬᠥᠭ᠌ᠵᠢᠯᠲᠡ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ ᠡᠭᠦᠳᠦᠯᠲᠡ᠂ ᠴᠢᠳᠠᠪᠤᠷᠢᠲᠠᠨ᠎ᠢ ᠬᠥᠮᠦᠵᠢᠭᠦᠯᠬᠦ᠌᠎ᠶ᠋ᠢ ᠨᠢᠭᠡ ᠴᠤᠬ᠍ᠴᠠᠵᠢᠭᠤᠯᠤᠨ ᠠᠬᠢᠭᠤᠯᠵᠤ᠂ ᠮᠡᠳᠡᠯᠭᠡ᠎ᠶ᠋ᠢᠨ ᠬᠡᠯᠪᠡᠷᠢ᠎ᠶ᠋ᠢᠨ᠂ ᠤᠷ᠎ᠠ ᠮᠡᠷᠭᠡᠵᠢᠯ᠎ᠦᠨ ᠬᠡᠯᠪᠡᠷᠢ᠎ᠶ᠋ᠢᠨ᠂ ᠱᠢᠨ᠎ᠡ᠎ᠶ᠋ᠢ ᠡᠭᠦᠳᠬᠦ᠌ ᠬᠡᠯᠪᠡᠷᠢ᠎ᠶ᠋ᠢᠨ ᠬᠥᠳᠡᠯᠮᠦᠷᠢᠴᠢᠳ᠎ᠦᠨ ᠶᠡᠬᠡ ᠴᠡᠷᠢᠭ᠎ᠢ ᠲᠦᠷᠭᠡᠳᠭᠡᠨ ᠪᠠᠢᠭᠤᠯᠵᠤ᠂ ᠥᠨᠳᠥᠷ ᠬᠡᠪ ᠪᠣᠯᠪᠠᠰᠤᠷᠠᠯ᠎ᠲᠠᠶ ᠤᠷ᠎ᠠ ᠮᠡᠷᠭᠡᠵᠢᠯ᠎ᠦᠨ ᠴᠢᠳᠠᠪᠤᠷᠢᠲᠠᠨ᠎ᠢ ᠨᠡᠩ ᠤᠯᠠᠨ ᠬᠥᠮᠦᠵᠢᠭᠦᠯᠪᠡᠯ ᠯᠠᠪᠲᠠᠢ ᠴᠢᠨᠠᠷ ᠰᠠᠢᠲᠠᠢ ᠬᠥᠭ᠌ᠵᠢᠯᠲᠡ᠎ᠳᠦ ᠬᠦᠴᠦᠲᠡᠢ ᠲᠤᠯᠭᠠᠭᠤᠷᠢᠯᠠᠯ ᠬᠠᠩᠭᠠᠵᠤ᠂ ᠤᠯᠠᠨ ᠤᠯᠤᠰ᠎ᠤᠨ ᠬᠤᠷᠴᠠ ᠱᠢᠷᠦᠭᠦᠨ ᠥᠷᠢᠰᠥᠯᠳᠦᠭᠡᠨ᠎ᠦ ᠳᠤᠮᠳᠠ ᠳᠠᠪᠠᠭᠤᠯᠢᠭ᠎ᠢ ᠣᠯᠵᠤ᠂ ᠰᠠᠨᠠᠭᠠᠴᠢᠯᠠᠭᠠᠲᠤ ᠡᠷᠬᠡ᠎ᠶ᠋ᠢ ᠣᠯᠵᠤ᠂ ᠢᠷᠡᠭᠡᠳᠦᠢ᠎ᠶ᠋ᠢ ᠣᠯᠵᠤ ᠴᠢᠳᠠᠨ᠎ᠠ᠃

《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠱᠢᠶ᠋ᠳᠪᠦᠷᠢᠲᠦ ᠳᠠᠢᠯᠠᠯᠳᠤᠭᠠᠨ ᠬᠢᠵᠦ᠍ ᠱᠢᠶ᠋ᠳᠪᠦᠷᠢᠲᠦ ᠢᠯᠠᠯᠲᠠ᠎ᠶ᠋ᠢ ᠤᠯᠬᠤ᠎ᠳᠤ ᠥᠷᠯᠥᠭᠡ ᠦᠳᠡᠰᠢ᠎ᠶ᠋ᠢ ᠲᠡᠮᠡᠴᠡᠬᠦ᠌ ᠲᠤᠯᠭᠠᠮ ᠰᠡᠳᠭᠢᠯᠭᠡ᠎ᠲᠡᠶ ᠪᠠᠢᠬᠤ᠎ᠪᠠᠷ ᠪᠠᠷᠠᠬᠤ ᠥᠬᠡᠶ ᠨᠠᠩ ᠴᠤ᠌ 《ᠦᠵᠦᠭᠦᠷ ᠲᠤᠨᠢ ᠭᠠᠷᠭᠠᠬᠤ  ᠪᠡᠷ ᠬᠠᠯᠠᠰᠢᠷᠠᠯ ᠥᠬᠡᠶ ᠴᠢᠷᠮᠠᠢᠬᠤ》 ᠵᠣᠷᠢᠭ ᠰᠠᠨᠠᠭ᠎ᠠ᠎ᠲᠠᠶ ᠪᠠᠢᠬᠤ ᠬᠡᠷᠡᠭ᠌ᠲᠡᠶ᠃ ᠲᠦᠬᠦᠮ ᠎ᠢ ᠬᠦᠬᠡᠬᠡᠴᠡᠯᠳᠦᠭᠰᠡᠤᠨ ᠦᠯᠦ ᠢᠯᠠᠯᠳᠠ ᠤᠯᠵᠤ᠂ ᠬᠦᠴᠢᠷ ᠎ᠢ ᠲᠠᠪᠠᠭᠰᠠᠤᠨ ᠠᠮᠵᠢᠯᠳᠠ ᠎ᠳᠤ ᠬᠦᠷᠴᠦ ᠴᠢᠳᠠᠮᠤᠢ ᠃ ᠬᠥᠮᠦᠨ ᠲᠥᠷᠥᠯᠬᠢᠲᠡᠨ᠎ᠦ ᠲᠡᠦᠬᠡᠨ ᠳᠡᠭᠡᠷᠡᠬᠢ ᠬᠡᠪᠴᠢᠶ᠎ᠡ᠎ᠪᠡᠷ ᠬᠠᠮᠤᠭ᠎ᠤᠨ ᠶᠡᠬᠡ ᠶᠠᠳᠠᠭᠤ᠎ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ᠎ᠤ ᠢᠯᠠᠯᠲᠠ᠎ᠶ᠋ᠢ ᠤᠯᠬᠤ᠎ᠳᠤ ᠴᠤ᠌ ᠲᠡᠷᠡ᠂ ᠭᠠᠵᠠᠷ ᠬᠥᠳᠡᠯᠦᠯᠲᠡ᠂ ᠦᠶᠡᠷ᠎ᠦᠨ ᠤᠰᠤ ᠵᠡᠷᠭᠡ ᠪᠠᠢᠭᠠᠯᠢ᠎ᠶ᠋ᠢᠨ ᠭᠠᠮᠱᠢᠭ᠎ᠢ ᠢᠯᠠᠨ ᠳᠠᠪᠠᠬᠤ᠎ᠳᠤ ᠴᠤ᠌ ᠲᠡᠷᠡ᠂ 《ᠪᠣᠭᠣᠮᠢ ᠪᠤᠯᠵᠤ ᠪᠠᠢᠭ᠎ᠠ》 ᠵᠠᠩᠭᠢᠯᠠᠭ᠎ᠠ᠎ᠶ᠋ᠢᠨ ᠭᠣᠣᠯᠯᠠᠬᠤ ᠮᠡᠷᠭᠡᠵᠢᠯ᠎ᠢ ᠱᠢᠪᠲᠤᠯᠬᠤ᠎ᠳᠤ ᠴᠤ᠌ ᠲᠡᠷᠡ᠂ ᠳᠤᠮᠳᠠᠳᠤ ᠤᠯᠤᠰ᠎ᠤᠨ ᠠᠷᠠᠳ ᠲᠦᠮᠡᠨ ᠪᠡᠷᠭᠡ ᠡᠴᠡ ᠰᠦᠷᠳᠡᠬᠦ ᠦᠭᠡᠢ᠂ ᠬᠦᠴᠢᠷ᠎ᠢ ᠰᠦᠷᠦᠨ ᠤᠷᠤᠭ᠍ᠰᠢᠯᠠᠵᠤ᠂ ᠵᠣᠷᠢᠭ᠍ᠲᠠᠢ ᠲᠡᠮᠡᠴᠡᠵᠦ᠍᠂ ᠲᠠᠰᠤᠷᠠᠯᠳᠠ ᠦᠭᠡᠢ ᠱᠢᠨ᠎ᠡ ᠭᠠᠢᠬᠠᠮᠱᠢᠭ᠎ᠢ ᠡᠭᠦᠳᠪᠡ᠃ ᠱᠢᠨ᠎ᠡ ᠠᠶᠠᠨ᠎ᠳᠤ᠂ ᠬᠥᠮᠦᠨ ᠪᠣᠯᠭᠠᠨ ᠪᠦᠷ ᠭᠤᠤᠯ ᠲᠣᠭ᠍ᠯᠠᠭ᠍ᠴᠢ ᠪᠤᠯᠤᠨ᠎ᠠ᠃ ᠲᠡᠦᠬᠡ᠎ᠶ᠋ᠢᠨ ᠰᠠᠨᠠᠭᠠᠴᠢᠯᠠᠭᠠᠲᠤ ᠡᠷᠬᠡ᠎ᠶ᠋ᠢ ᠴᠢᠩᠭᠠᠳᠭᠠᠵᠤ᠂ ᠴᠠᠭ ᠦᠶ᠎ᠡ᠎ᠶ᠋ᠢᠨ ᠬᠦᠨᠳᠦ ᠡᠭᠦᠷᠭᠡ᠎ᠶ᠋ᠢ ᠵᠣᠷᠢᠭ᠍ᠲᠠᠢ ᠡᠭᠦᠷᠭᠡᠯᠡᠵᠦ᠍᠂ ᠢᠮᠠᠭ᠍ᠲᠠ ᠡᠵᠡᠨ ᠬᠥᠮᠦᠨ᠎ᠦ ᠣᠪᠣᠷ᠎ᠢᠶᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠭᠠᠯ ᠬᠠᠯᠠᠭᠤᠨ ᠦᠢᠯᠡᠳᠦᠯᠭᠡ᠎ᠳᠦ ᠣᠷᠣᠯᠴᠠᠵᠤ᠂ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠵᠣᠷᠢᠭ ᠰᠠᠨᠠᠭ᠎ᠠ᠂ ᠬᠥᠳᠡᠯᠮᠦᠷᠢ᠎ᠶ᠋ᠢᠨ ᠵᠣᠷᠢᠭ ᠰᠠᠨᠠᠭ᠎ᠠ᠂ ᠤᠷᠠᠨ ᠳᠠᠷᠬᠠᠨ᠎ᠤ ᠵᠣᠷᠢᠭ ᠰᠠᠨᠠᠭ᠎ᠠ᠎ᠶ᠋ᠢ ᠶᠡᠬᠡ᠎ᠪᠡᠷ ᠪᠠᠳᠠᠷᠠᠭᠤᠯᠵᠤ᠂ ᠲᠤᠬᠠᠢᠯᠠᠭ᠍ᠰᠠᠨ ᠠᠵᠢᠯ᠎ᠤᠨ ᠪᠠᠢᠷᠢ ᠳᠡᠭᠡᠷ᠎ᠡ᠎ᠪᠡᠨ ᠠᠵᠢᠯᠴᠢ ᠬᠢᠴᠢᠶᠡᠩᠭᠦᠢ ᠵᠢᠳᠭᠦᠵᠦ᠂ ᠱᠢᠨ᠎ᠡ᠎ᠶ᠋ᠢ ᠡᠭᠦᠳᠴᠦ᠍ ᠡᠭᠦᠳᠦᠨ ᠪᠦᠲᠦᠭᠡᠬᠦ᠌ ᠬᠡᠷᠡᠭ᠌ᠲᠡᠢ᠂ ᠮᠠᠨ᠎ᠤ ᠬᠥᠮᠦᠨ ᠪᠦᠷᠢ᠎ᠶ᠋ᠢᠨ ᠴᠢᠷᠮᠠᠢᠯᠭ᠎ᠠ ᠵᠢ ᠨᠡᠢᠯᠡᠭᠦᠯᠪᠡᠯ ᠳᠠᠷᠤᠢ ᠬᠤᠷᠢᠬ᠍ᠯᠠᠬ᠍ᠳᠠᠰᠢ ᠦᠭᠡᠢ ᠬᠥᠭ᠌ᠵᠢᠯᠲᠡ᠎ᠶ᠋ᠢᠨ ᠬᠠᠨᠳᠤᠰᠢ ᠪᠤᠯᠵᠤ᠂ ᠠᠤᠭ᠎ᠠ ᠬᠠᠷᠠᠯᠲᠠ ᠲᠡᠢᠰᠢ ᠦᠷᠭᠦᠯᠵᠢᠯᠡᠨ ᠤᠷᠤᠭ᠍ᠰᠢᠯᠠᠵᠤ ᠴᠢᠳᠠᠨ᠎ᠠ᠃

ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠨᠢ ᠠᠷᠠᠳ ᠲᠦᠮᠡᠨ᠎ᠳᠦ ᠪᠤᠶᠠᠨ ᠦᠢᠯᠡᠳᠬᠦ᠌᠎ᠪᠡᠷ ᠦᠷᠲᠡᠭ᠎ᠦᠨ ᠵᠣᠷᠢᠯᠲᠠ᠎ᠪᠠᠨ ᠪᠣᠯᠭᠠᠵᠤ᠂ ᠬᠥᠭ᠌ᠵᠢᠯᠳᠡ ᠨᠢ ᠠᠷᠠᠳ ᠲᠦᠮᠡᠨ᠎ᠦ ᠲᠥᠯᠥᠭᠡ ᠪᠠᠢᠬᠤ᠂ ᠬᠥᠭ᠌ᠵᠢᠯᠳᠡ ᠨᠢ ᠠᠷᠠᠳ ᠲᠦᠮᠡᠨ᠎ᠳᠦ ᠲᠦᠱᠢᠭ᠌ᠯᠡᠬᠦ᠌᠂ ᠬᠥᠭ᠌ᠵᠢᠯᠲᠡ᠎ᠶ᠋ᠢᠨ ᠦᠷ᠎ᠡ ᠪᠦᠲᠦᠭᠡᠯ᠎ᠢ ᠠᠷᠠᠳ ᠲᠦᠮᠡᠨ᠎ᠳᠦ ᠬᠠᠮᠲᠤ᠎ᠪᠠᠷ ᠡᠳ᠋ᠯᠡᠭᠦᠯᠬᠦ᠌᠎ᠶ᠋ᠢ ᠪᠠᠷᠢᠮᠲᠠᠯᠠᠪᠠ᠃ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠤᠷᠢᠶ᠎ᠠ᠎ᠶᠢᠨ ᠭᠤᠷᠪᠠᠳᠤᠭᠠᠷ ᠪᠥᠬᠥᠳᠡ ᠬᠤᠷᠠᠯ᠎ᠤᠨ《ᠲᠣᠭ᠍ᠲᠠᠭᠠᠯ》᠎ᠳ᠋ᠤ᠌ 《ᠬᠥᠳᠡᠯᠮᠦᠷᠢᠴᠢᠳ᠎ᠦᠨ ᠴᠠᠯᠢᠩ᠎ᠢ ᠳᠤᠭᠳᠠᠭᠠᠬᠤ᠂ ᠵᠦᠢ ᠵᠣᠬᠢᠰᠲᠠᠶ ᠨᠡᠮᠡᠭ᠌ᠳᠡᠭᠦᠯᠬᠦ᠌᠂ ᠵᠤᠭᠤᠰ ᠥᠭ᠌ᠬᠦ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠲᠡᠭᠦᠯᠳᠡᠷᠵᠢᠭᠦᠯᠬᠦ᠌》᠂ 《ᠠᠮᠢᠳᠤᠯᠢᠭ᠎ᠢᠶᠠᠷ ᠠᠵᠢᠯ ᠣᠯᠤᠭ᠍ᠰᠠᠳ᠂ ᠬᠥᠯᠥᠰᠥᠨ ᠠᠵᠢᠯᠴᠢᠳ᠂ ᠱᠢᠨ᠎ᠡ ᠠᠵᠢᠯ ᠤᠯᠭᠤᠯᠳᠠ ᠵᠢᠨ ᠬᠡᠯᠪᠡᠷᠢ ᠵᠢᠨ ᠬᠦᠳᠡᠯᠮᠦᠷᠢᠴᠢᠳ᠎ᠤᠨ ᠨᠡᠢᠭᠡᠮ᠎ᠦᠨ ᠪᠠᠲᠤᠯᠠᠭ᠎ᠠ᠎ᠶ᠋ᠢᠨ ᠲᠦᠷᠢᠮ᠎ᠢ ᠪᠦᠷᠢᠨᠱᠢᠬᠦᠯᠬᠦ᠌》ᠵᠡᠷᠭᠡ ᠥᠭᠡᠷᠡᠴᠢᠯᠡᠯᠲᠡ᠎ᠶ᠋ᠢᠨ ᠠᠷᠭ᠎ᠠ ᠬᠡᠮᠵᠢᠶ᠎ᠡ᠎ᠶ᠋ᠢ ᠳᠤᠷᠠᠳᠴᠠᠶ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ ᠢᠮᠠᠭ᠍ᠲᠠ ᠠᠷᠠᠳ ᠲᠦᠮᠡᠨ᠎ᠦ ᠪᠤᠳᠤᠵᠤ ᠪᠠᠢᠭ᠎ᠠ ᠵᠦᠢᠯ᠎ᠢ ᠪᠤᠳᠤᠵᠤ᠂ ᠠᠷᠠᠳ ᠲᠦᠮᠡᠨ᠎ᠦ ᠬᠦᠰᠡᠯ ᠨᠠᠢᠳᠠᠯᠭ᠎ᠠ᠎ᠶ᠋ᠢ ᠭᠦᠢᠴᠡᠳᠭᠡᠨ᠂ ᠬᠠᠮᠲᠤ᠎ᠪᠠᠷ ᠪᠠᠶᠠᠵᠢᠬᠤ᠎ᠶ᠋ᠢ ᠠᠬᠢᠭᠤᠯᠬᠤ᠎ᠳᠦ ᠠᠩᠬᠠᠷᠤᠯ᠎ᠢᠶᠡᠨ ᠲᠦᠪᠯᠡᠷᠡᠭᠦᠯᠦᠨ᠂ ᠥᠷᠭᠡᠨ ᠤᠯᠠᠨ ᠠᠵᠢᠯᠳᠠᠨ ᠠᠵᠢᠯᠴᠢᠨ ᠪᠠ ᠬᠥᠳᠡᠯᠮᠦᠷᠢᠴᠢᠨ ᠲᠦᠮᠡᠨ᠎ᠦ ᠠᠵᠠ ᠵᠢᠷᠭᠠᠯ᠎ᠢ ᠯᠠᠪᠳᠠᠭᠤᠨ᠎ᠢᠶᠠᠷ ᠨᠡᠮᠡᠭ᠌ᠳᠡᠭᠦᠯᠬᠦ᠌ ᠬᠡᠷᠡᠭ᠌ᠲᠡᠢ᠃ ᠬᠥᠳᠡᠯᠮᠦᠷᠢᠴᠢᠳ᠎ᠦᠨ ᠬᠠᠤᠯᠢ ᠶᠣᠰᠣᠨ᠎ᠤ ᠡᠷᠬᠡ ᠠᠱᠢᠭ᠎ᠢ ᠦᠨᠡᠨ ᠬᠦ᠌ ᠰᠠᠢᠲᠤᠷ ᠪᠡᠶᠡᠯᠡᠭᠦᠯᠵᠦ᠍᠂ ᠰᠠᠢᠲᠤᠷ ᠬᠠᠮᠠᠭᠠᠯᠠᠵᠤ᠂ ᠰᠠᠢᠲᠤᠷ ᠬᠥᠭ᠌ᠵᠢᠭᠦᠯᠵᠦ᠍᠂ ᠪᠦᠬᠦ᠌ ᠠᠷᠠᠳ ᠲᠦᠮᠡᠨ᠎ᠦ ᠱᠢᠷᠭᠠᠭᠤ ᠬᠥᠳᠡᠯᠮᠦᠷᠢ᠂ ᠦᠨᠡᠨᠴᠢ ᠬᠥᠳᠡᠯᠮᠦᠷᠢ᠂ ᠪᠦᠲᠦᠭᠡᠯᠴᠢ ᠬᠥᠳᠡᠯᠮᠦᠷᠢ᠎ᠪᠡᠷ᠎ᠢᠶᠡᠨ ᠰᠠᠢ᠌ᠨ ᠰᠠᠢᠬᠠᠨ ᠠᠮᠢᠳᠤᠷᠠᠯ᠎ᠤᠨ ᠬᠦᠰᠡᠯ ᠡᠷᠡᠮᠡᠯᠵᠡᠯ᠎ᠢᠶᠡᠨ ᠪᠡᠶᠡᠯᠡᠭᠦᠯᠬᠦ᠌᠎ᠶ᠋ᠢ ᠵᠣᠷᠢᠭ᠍ᠵᠢᠭᠤᠯᠬᠤ ᠬᠡᠷᠡᠭ᠌ᠲᠡᠢ᠃

ᠶᠡᠷᠦᠩᠬᠡᠢ ᠱᠦᠵᠢ ᠰᠢ ᠵᠢᠨ ᠫᠢᠩ᠂ 《ᠡᠭᠦᠳᠦᠨ ᠪᠦᠲᠦᠭᠡᠯᠲᠡ᠎ᠪᠡᠷ ᠱᠢᠨ᠎ᠡ ᠴᠠᠭ ᠦᠶ᠎ᠡ᠎ᠶ᠋ᠢ ᠤᠭᠳᠤᠵᠤ᠂ ᠵᠢᠳᠬᠦᠯ ᠴᠷᠢᠮᠠᠢᠯᠭ᠎ᠠ  ᠪᠠᠷ ᠭᠡᠷᠡᠯ ᠰᠠᠴᠤᠷᠠᠩᠭᠤᠢ ᠱᠢᠨ᠎ᠡ ᠠᠮᠵᠢᠯᠲᠠ᠎ᠶ᠋ᠢ ᠡᠭᠦᠳᠦᠨ᠎ᠡ》 ᠭᠡᠵᠦ᠍ ᠴᠢᠬᠤᠯᠠᠴᠢᠯᠠᠪᠠ᠃ ᠥᠩᠭᠡᠷᠡᠭ᠌ᠰᠡᠨ᠎ᠢᠶᠡᠨ ᠡᠷᠭᠢᠴᠡᠭᠦᠯᠬᠦᠶ᠎ᠡ᠂ ᠨᠠᠮ ᠪᠣᠯᠤᠨ ᠠᠷᠠᠳ ᠲᠦᠮᠡᠨ ᠬᠠᠮᠲᠤ᠎ᠪᠠᠷ ᠲᠡᠮᠡᠴᠡᠵᠦ᠍᠂ ᠬᠠᠮᠲᠤ᠎ᠪᠠᠷ ᠠᠵᠢᠯᠯᠠᠵᠤ᠂ ᠠᠯᠢ ᠤᠯᠠᠨ ᠪᠡᠷᠬᠡ ᠪᠠᠷᠳᠠᠭ᠎ᠠ᠎ᠶ᠋ᠢ ᠢᠯᠠᠨ ᠳᠠᠪᠠᠵᠠᠢ᠃ ᠳᠤᠮᠳᠠᠳᠤ ᠤᠯᠤᠰ᠎ᠤᠨ ᠬᠥᠭ᠌ᠵᠢᠯᠲᠡ ᠢᠮᠠᠭ᠍ᠲᠠ ᠥᠪᠡᠷ᠎ᠦᠨ ᠬᠦᠴᠦ᠍᠎ᠪᠡᠷ᠎ᠢᠶᠡᠨ ᠳᠡᠭ᠌ᠵᠢᠷᠡᠬᠦ᠌᠂ ᠲᠡᠰᠪᠦᠷᠢ ᠬᠠᠲᠠᠭᠤᠵᠢᠯᠲᠠᠢ ᠲᠡᠮᠡᠴᠡᠬᠦ᠌᠎ᠳᠦ ᠲᠦᠱᠢᠭ᠌ᠯᠡᠵᠦ᠍᠂ ᠶᠡᠷᠦ᠍᠎ᠡᠴᠡ ᠬᠡᠨ ᠨᠢᠭᠡᠨ᠎ᠦ ᠡᠨᠡᠷᠢᠯ ᠬᠡᠱᠢᠭ᠎ᠲᠦ ᠲᠦᠱᠢᠭ᠌ᠯᠡᠭᠰᠡᠨ ᠦᠭᠡᠢ ᠶᠤᠮ! ᠢᠷᠡᠭᠡᠳᠦᠢ ᠵᠢ ᠪᠠᠷᠠᠯᠠᠬᠤᠶ᠎ᠠ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠦᠭ ᠲᠦᠮᠡᠨ ᠠᠷᠠᠳ ᠲᠦᠮᠡᠨ ᠪᠦᠯᠬᠦᠮᠳᠡᠨ ᠨᠢᠭ᠍ᠲᠠᠷᠠᠵᠤ᠂ ᠰᠡᠳᠭᠢᠯ ᠨᠢᠭᠡᠳᠦᠨ ᠬᠦᠴᠦ᠍᠎ᠪᠡᠨ ᠬᠠᠮᠲᠤᠳᠭᠠᠵᠤ᠂ ᠲᠦᠮᠡᠨ᠎ᠤ ᠵᠤᠷᠢᠭ ᠨᠢᠭᠡᠳᠴᠤ  ᠲᠡᠮᠦᠷ ᠬᠡᠷᠡᠮ ᠪᠤᠯᠪᠠᠰᠤ ᠶᠠᠮᠠᠷᠪᠠ ᠬᠦᠴᠢᠷ ᠪᠡᠷᠬᠡᠱᠢᠶᠡᠯ ᠴᠦ᠍ ᠬᠡᠰᠡᠨ ᠪᠢᠳᠡᠨ᠎ᠦ ᠤᠷᠤᠭ᠍ᠰᠢᠯᠠᠯᠲᠠ᠎ᠶ᠋ᠢᠨ ᠠᠯᠬᠤᠭ᠎ᠠ᠎ᠶ᠋ᠢ ᠬᠣᠷᠢᠭ᠍ᠯᠠᠵᠤ ᠴᠢᠳᠠᠬᠤ ᠦᠭᠡᠢ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠤᠭ᠎ᠠ ᠲᠥᠰᠦᠪ ᠯᠠᠪᠲᠠᠢ ᠪᠡᠶᠡᠯᠡᠭ᠌ᠳᠡᠵᠦ᠍ ᠴᠢᠳᠠᠨ᠎ᠠ᠃

(ᠱᠢᠨᠬᠤᠸᠠ ᠬᠤᠷᠢᠶ᠎ᠠ ᠵᠢᠨ ᠪᠡᠭᠡᠵᠢᠩ᠎ᠦᠨ 4 ᠰᠠᠷ᠎ᠠ᠎ᠶ᠋ᠢᠨ 30 ᠎ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号