ᠥᠪᠥᠷ ᠮᠣᠩᠭᠣᠯ ᠤ᠋ᠨ ᠬᠡᠪᠯᠡᠯ ᠤ᠋ᠨ ᠪᠦᠯᠦᠭ᠌ᠯᠡᠯ ᠪᠥᠬᠥ᠌ ᠲᠠᠯ᠎ᠠ ᠪᠠᠷ ᠥᠭᠡᠷᠡᠴᠢᠯᠡᠯᠲᠡ ᠬᠢᠵᠦ᠍ ᠱᠢᠨ᠎ᠡ ᠵᠢ ᠡᠭᠦᠳᠬᠦ᠌ ᠵᠢ ᠲᠦᠷᠭᠡᠳᠭᠡᠨ ᠠᠬᠢᠭᠤᠯᠵᠤ ᠪᠠᠢᠨ᠎ᠠ
2025-05-12 10:11:09
ᠵᠣᠬᠢᠶᠠᠭ᠍ᠴᠢ᠄
ᠢᠦᠶ ᠱᠢᠨ ᠯᠢ
ᠣᠩᠱᠢᠭ᠍ᠰᠠᠨ ᠣᠳᠠᠭ᠎ᠠ᠄
★★★☆☆

ᠨᠤᠮ ᠵᠢᠡᠷ ᠤᠶᠤᠨ ᠢ᠋ ᠬᠡᠢᠬᠦᠯᠵᠦ  ᠰᠤᠶᠤᠯ ᠢ᠋ᠶ᠋ᠡᠷ ᠬᠦᠮᠦᠨ ᠢ᠋ ᠰᠡᠭᠡᠭᠡᠷᠡᠬᠦᠯᠦᠨ᠎ᠠ


ᠥᠪᠥᠷ ᠮᠣᠩᠭᠣᠯ ᠤ᠋ᠨ ᠬᠡᠪᠯᠡᠯ ᠤ᠋ᠨ ᠪᠦᠯᠦᠭ᠌ᠯᠡᠯ ᠨᠤᠮ ᠢ᠋ᠶ᠋ᠡᠷ ᠤᠶᠤᠨ ᠢ᠋ ᠬᠡᠢᠬᠦᠯᠵᠦ ᠰᠤᠶᠤᠯ ᠢ᠋ᠶ᠋ᠡᠷ ᠬᠦᠮᠦᠨ ᠢ᠋ ᠰᠡᠭᠡᠭᠡᠷᠡᠬᠦᠯᠬᠦ ᠬᠦᠨᠳᠦ ᠡᠭᠦᠷᠭᠡ ᠵᠢ ᠵᠣᠷᠢᠭ᠍ᠲᠠᠢ ᠡᠭᠦᠷᠭᠡᠯᠡᠵᠦ᠍᠂ ᠰᠣᠶᠣᠯ ᠤ᠋ᠨ ᠣᠷᠣᠨ ᠵᠠᠢ ᠵᠢ ᠴᠣᠭ᠍ᠴᠠᠯᠠᠬᠤ ᠡᠴᠡ ᠠᠪᠤᠭᠠᠳ ᠲᠦᠷᠦᠯ ᠲᠡᠮᠳᠡᠭᠳᠦ ᠠᠵᠢᠯᠯᠠᠭ᠎ᠠ ᠵᠢ ᠳᠡᠯᠭᠡᠷᠡᠭᠦᠯᠬᠦ᠌ ᠬᠦᠷᠲᠡᠯ᠎ᠡ᠂ ᠭᠠᠳᠠᠭ᠍ᠰᠢ ᠭᠠᠷᠴᠤ ᠣᠷᠣᠨ ᠪᠦᠰᠡ ᠠᠯᠤᠰᠯᠠᠨ ᠰᠣᠯᠢᠯᠴᠠᠬᠤ ᠡᠴᠡ ᠠᠪᠤᠭᠠᠳ ᠤᠯᠠᠨ ᠡᠱᠢᠲᠦ ᠰᠣᠶᠣᠯ ᠤ᠋ᠨ ᠬᠠᠮᠲᠤ ᠵᠢᠨ ᠳᠠᠨᠢᠯᠳᠠ ᠵᠢ ᠤᠷᠤᠭᠤᠯᠤᠨ ᠠᠪᠴᠢᠷᠠᠬᠤ ᠬᠦᠷᠳᠡᠯ᠎ᠠ ᠤᠮᠠᠷᠠᠲᠤ ᠬᠢᠯᠢ ᠵᠢᠨ ᠰᠣᠶᠣᠯ ᠢ᠋ ᠲᠠᠭᠤᠷᠢᠰᠤᠭᠤᠯᠤᠨ᠂ ᠪᠣᠳᠠᠲᠤ ᠠᠵᠢᠯᠯᠠᠭ᠎ᠠ ᠪᠠᠷ ᠢ᠋ᠶ᠋ᠠᠨ ᠪᠦᠬᠦ᠌ ᠠᠷᠠᠳ ᠤ᠋ᠨ ᠤᠩᠱᠢᠯᠭ᠎ᠠ ᠵᠢᠨ ᠠᠵᠢᠯᠯᠠᠭ᠎ᠠ ᠵᠢ ᠦᠢᠯᠡᠳᠦᠯᠭᠡᠵᠢᠭᠦᠯᠵᠦ᠍᠂ ᠥᠪᠥᠷ ᠮᠣᠩᠭᠣᠯ ᠤ᠋ᠨ ᠰᠣᠶᠣᠯ ᠤ᠋ᠨ ᠴᠢᠨᠠᠷ ᠰᠠᠢᠲᠠᠢ ᠬᠥᠭ᠌ᠵᠢᠯᠲᠡ ᠳ᠋ᠦ ᠦᠢᠯᠡᠴᠢᠯᠡᠵᠤ ᠪᠠᠢᠨ᠎ᠠ᠃

ᠰᠣᠶᠣᠯ ᠤ᠋ᠨ ᠱᠢᠮᠡᠯᠢᠭ ᠬᠥᠷᠥᠰᠥᠨ ᠳ᠋ᠦ ᠬᠡᠪᠯᠡᠯ ᠤ᠋ᠨ ᠦᠢᠯᠡᠰ ᠤ᠋ᠨ ᠰᠠᠭᠤᠷᠢ ᠵᠢ ᠪᠡᠬᠢᠵᠢᠬᠦᠯᠦᠨ᠎ᠠ

ᠨᠣᠮ ᠢ᠋ᠶ᠋ᠠᠷ ᠵᠠᠭᠤᠴᠢ ᠪᠣᠯᠭᠠᠵᠤ᠂ ᠰᠣᠶᠣᠯ ᠢ᠋ᠶ᠋ᠠᠷ ᠬᠣᠯᠪᠣᠭᠠᠰᠤ ᠪᠣᠯᠭᠠᠨ᠎ᠠ᠃

ᠥᠪᠥᠷ ᠮᠣᠩᠭᠣᠯ ᠤ᠋ᠨ ᠬᠡᠪᠯᠡᠯ ᠤ᠋ᠨ ᠪᠦᠯᠦᠭ᠌ᠯᠡᠯ ᠭᠤᠤᠯ ᠰᠡᠳᠦᠪᠲᠦ ᠬᠡᠪᠯᠡᠯ᠂ ᠰᠣᠳᠣᠨ ᠪᠦᠲᠦᠭᠡᠯ ᠤ᠋ᠨ ᠬᠡᠪᠯᠡᠯ᠂ ᠵᠢᠭᠠᠬᠤ ᠮᠠᠲ᠋ᠧᠷᠢᠶᠠᠯ ᠤ᠋ᠨ ᠬᠡᠪᠯᠡᠯ᠂ ᠲᠥᠷᠥᠯ ᠵᠦᠶ᠋ᠯ ᠤ᠋ᠨ ᠨᠣᠮ ᠪᠢᠴᠢᠭ ᠤ᠋ᠨ ᠬᠡᠪᠯᠡᠯ ᠵᠡᠷᠭᠡ ᠲᠠᠯ᠎ᠠ ᠪᠠᠷ ᠪᠠᠶᠠᠷᠯᠠᠭᠤᠱᠢᠲᠠᠶ ᠠᠮᠵᠢᠯᠳᠠ ᠣᠯᠵᠤ᠂ ᠤᠷᠢᠳ ᠬᠣᠵᠢᠳ 150 ᠭᠠᠷᠤᠶ ᠵᠦᠶ᠋ᠯ ᠤ᠋ᠨ ᠰᠡᠳᠦᠪ ᠰᠤᠨᠭᠭᠤᠯᠳᠠ ᠨᠢ ᠲᠣᠰ ᠲᠣᠰ ᠤᠯᠤᠰ ᠪᠠ ᠥᠪᠡᠷᠲᠡᠭᠡᠨ ᠵᠠᠰᠠᠬᠤ ᠣᠷᠣᠨ ᠤ᠋ ᠭᠤᠤᠯᠳᠠᠯᠭ᠎ᠠ ᠲᠠᠶ ᠲᠡᠳᠬᠦᠨ ᠳᠡᠮᠵᠢᠬᠦ᠌ ᠲᠦᠷᠦᠯ ᠳ᠋ᠦ ᠰᠤᠩᠭᠤᠭᠳᠠᠵᠦ᠂ 40 ᠱᠢᠬᠠᠮ ᠵᠦᠶ᠋ᠯ ᠤ᠋ᠨ ᠨᠣᠮ ᠪᠢᠴᠢᠭ ᠨᠢ ᠣᠶᠤᠨ ᠤ᠋ ᠪᠣᠯᠪᠠᠰᠤᠨ ᠤ᠋ ᠪᠠᠢᠭᠤᠯᠤᠯᠲᠠ ᠵᠢᠨ 《ᠲᠠᠪᠤᠨ ᠨᠢᠭᠡ》 ᠢᠨᠵᠧᠨᠧᠷᠢᠩ ᠤ᠋ᠨ ᠨᠣᠮ ᠪᠢᠴᠢᠭ ᠤ᠋ᠨ ᠱᠠᠩᠨᠠᠯ ᠵᠡᠷᠭᠡ ᠤᠯᠤᠰ ᠤ᠋ᠨ ᠲᠠᠰ ᠤ᠋ᠨ ᠲᠤᠮᠤ ᠱᠠᠩᠨᠠᠯ ᠢ᠋ ᠭᠥᠷᠳᠡᠵᠦ᠍᠂ 700 ᠭᠠᠷᠤᠶ ᠵᠦᠶ᠋ᠯ ᠤ᠋ᠨ ᠨᠣᠮ ᠪᠢᠴᠢᠭ᠂ ᠰᠣᠨᠢᠨ ᠰᠡᠳᠬᠦᠯ ᠨᠢ ᠮᠤᠵᠢ ᠶᠠᠮᠤᠨ ᠤ᠋ ᠲᠠᠰ ᠪᠠ ᠠᠵᠢᠯ ᠲᠥᠷᠥᠯ ᠤ᠋ᠨ ᠨᠡᠢᠭᠡᠮᠯᠢᠭ ᠤ᠋ᠨ ᠱᠠᠩᠨᠠᠯ ᠱᠢᠯᠭᠠᠷᠠᠭᠤᠯᠬᠤ ᠳᠤᠮᠳᠠ ᠣᠨᠴᠠᠭᠠᠶ ᠢᠷᠠᠭᠤ ᠠᠯᠳᠠᠷ ᠭᠥᠷᠳᠡᠵᠠᠢ᠃

ᠤᠢ᠍ᠢᠷ᠎ᠠ ᠵᠢᠨ ᠵᠢᠯ ᠡᠴᠡ  ᠥᠪᠥᠷ ᠮᠣᠩᠭᠣᠯ ᠤ᠋ᠨ ᠬᠡᠪᠯᠡᠯ ᠤ᠋ᠨ ᠪᠦᠯᠦᠭ᠌ᠯᠡᠯ ᠭᠣᠣᠯᠳᠠᠯᠭ᠎ᠠ ᠲᠠᠶ ᠬᠡᠪᠯᠡᠯ ᠤ᠋ᠨ ᠬᠦᠷᠢᠶ᠎ᠡ᠂ ᠴᠢᠬᠤᠯᠠ ᠶᠡᠬᠡ ᠬᠡᠪᠯᠡᠯ ᠤ᠋ᠨ ᠢᠨᠵᠧᠨᠧᠷᠢᠩ᠂ ᠴᠢᠬᠤᠯᠠ ᠶᠡᠬᠡ ᠬᠡᠪᠯᠡᠯ ᠤ᠋ᠨ ᠲᠦᠷᠦᠯ ᠵᠦᠢᠯ ᠤ᠋ᠨ ᠲᠣᠭᠣᠷᠢᠨ ᠳ᠋ᠦ ᠨᠢᠭᠡ ᠪᠦᠯᠦᠭ ᠭᠣᠣᠯᠳᠠᠯᠭ᠎ᠠ ᠲᠠᠶ ᠰᠡᠳᠦᠪ ᠰᠣᠩᠭᠣᠭ᠍ᠰᠠᠨ ᠨᠣᠮ ᠪᠢᠴᠢᠭ ᠭᠠᠷᠭᠠᠨ᠂ ᠡᠷᠲᠡᠨ ᠤ᠋ ᠮᠣᠩᠭᠣᠯ ᠦᠨᠳᠦᠰᠦᠲᠡᠨ ᠤ᠋ ᠠᠷᠠᠳ ᠤ᠋ᠨ ᠲᠤᠮᠤᠭ᠂ ᠪᠠᠭᠠᠲᠤᠷᠯᠢᠭ ᠲᠤᠤᠯᠢᠰ ᠡᠴᠡ ᠠᠪᠤᠭᠠᠳ ᠥᠪᠡᠷᠮᠢᠴᠡ ᠣᠨᠴᠠᠯᠢᠭ ᠲᠠᠶ ᠲᠠᠯ᠎ᠠ ᠨᠤᠲᠤᠭ ᠤ᠋ᠨ ᠰᠣᠶᠣᠯ ᠤ᠋ᠨ ᠰᠤᠳᠤᠯᠭᠠᠨ ᠤ᠋ ᠦᠷ᠎ᠡ ᠪᠦᠲᠦᠭᠡᠯ ᠬᠦᠷᠲᠡᠯ᠎ᠡ᠂ ᠤᠳᠤ ᠦᠶ᠎ᠡ ᠵᠢᠨ ᠥᠪᠥᠷ ᠮᠣᠩᠭᠣᠯ ᠤ᠋ᠨ ᠨᠡᠢᠭᠡᠮ ᠤ᠋ᠨ ᠬᠤᠪᠢᠷᠠᠯᠲᠠ ᠵᠢ ᠲᠤᠰᠭᠠᠬ᠍ᠰᠠᠨ ᠤᠳᠭ᠎ᠠ ᠵᠣᠬᠢᠶᠠᠯ ᠤ᠋ᠨ ᠪᠦᠲᠦᠭᠡᠯ ᠡᠴᠡ ᠠᠪᠤᠭᠠᠳ ᠦᠨᠳᠦᠰᠦᠲᠡᠨ ᠤ᠋ ᠵᠠᠩ ᠦᠢᠯᠡ ᠵᠢ ᠢᠯᠡᠷᠡᠭᠦᠯᠦᠭ᠌ᠰᠡᠨ ᠤᠷᠠᠯᠢᠭ ᠤ᠋ᠨ ᠵᠢᠷᠤᠭ᠍ᠲᠤ ᠳᠡᠪᠲᠡᠷ ᠬᠦᠷᠲᠡᠯ᠎ᠡ᠂ ᠨᠣᠮ ᠳᠡᠪᠲᠡᠷ ᠨᠢᠭᠡᠪᠦᠷᠢ ᠳ᠋ᠤ ᠴᠥᠮ ᠭᠦᠨ ᠵᠤᠵᠠᠭᠠᠨ ᠰᠣᠶᠣᠯ ᠤ᠋ᠨ ᠠᠭᠤᠯᠤᠭ᠍ᠳᠠᠬᠤᠨ ᠢ᠋ ᠠᠴᠢᠶᠠᠯᠠᠭᠰᠠᠨ ᠪᠠᠢᠨ᠎ᠠ᠃

《 ᠪᠢᠳᠡᠨ ᠤ᠋ ᠪᠦᠯᠦᠭ᠌ᠯᠡᠯ 〈ᠬᠤᠤᠰ ᠦᠷ᠎ᠠ ᠪᠦᠲᠦᠮᠵᠢᠲᠡᠶ᠂ ᠲᠣᠭ᠎ᠠ ᠬᠡᠮᠵᠢᠶ᠎ᠡ ᠵᠢ ᠬᠢᠵᠠᠭᠠᠷᠯᠠᠬᠤ᠂ ᠬᠡᠪᠴᠢᠶ᠎ᠡ ᠵᠢ ᠡᠵᠡᠮᠳᠡᠬᠦ᠌᠂ ᠲᠦᠷᠦᠯ ᠲᠡᠮᠳᠡᠭ᠌ ᠡᠭᠦᠳᠬᠦ᠌〉 ᠭᠤᠤᠯ ᠦᠶ᠋ᠯᠡᠰ ᠤ᠋ᠨ ᠬᠥᠭ᠌ᠵᠢᠯᠲᠡ ᠵᠢᠨ ᠰᠡᠳᠭᠢᠮᠵᠢ ᠵᠢ ᠪᠠᠷᠢᠮᠲᠠᠯᠠᠵᠤ᠂ ᠰᠣᠳᠣᠨ ᠨᠣᠮ ᠪᠢᠴᠢᠭ ᠤ᠋ᠨ ᠦᠶ᠋ᠯᠡᠳᠪᠦᠷᠢᠯᠡᠯ ᠤ᠋ᠨ ᠱᠤᠭᠤᠮ ᠢ᠋ ᠬᠦᠴᠦᠯᠡᠨ ᠪᠣᠶ ᠪᠣᠯᠭᠠᠵᠤ᠂ ᠴᠢᠨᠠᠷᠯᠢᠭ ᠰᠠᠢᠨ ᠠᠭᠤᠯᠭ᠎ᠠ ᠵᠢᠨ ᠡᠬᠢ ᠪᠠᠶᠠᠯᠢᠭ ᠢ᠋ ᠬᠠᠩᠭᠠᠪᠠ》 ᠭᠡᠵᠦ ᠥᠪᠥᠷ ᠮᠣᠩᠭᠣᠯ ᠤ᠋ᠨ ᠬᠡᠪᠯᠡᠯ ᠤ᠋ᠨ ᠪᠦᠯᠦᠭ᠌ᠯᠡᠯ ᠤ᠋ᠨ ᠲᠤᠬᠠᠢᠯᠠᠭ᠍ᠰᠠᠨ ᠠᠵᠢᠯ ᠤ᠋ᠨ ᠬᠠᠮᠢᠶᠠᠷᠤᠯᠲᠠ ᠵᠢᠨ ᠭᠠᠵᠠᠷ ᠤ᠋ᠨ ᠳᠠᠷᠤᠭ᠎ᠠ ᠮᠠ ᠭᠦᠸᠧ ᠯᠢᠨ ᠬᠡᠯᠡᠨ᠎ᠠ᠃ ᠲᠡᠬᠦᠨ ᠤ᠋ ᠲᠠᠨᠢᠯᠴᠠᠭᠤᠯᠤᠭᠰᠠᠨ ᠵᠢᠡᠷ᠂ 2023 ᠣᠨ ᠡᠴᠡ ᠡᠬᠢᠯᠡᠨ ᠥᠪᠥᠷ ᠮᠣᠩᠭᠣᠯ ᠤ᠋ᠨ ᠬᠡᠪᠯᠡᠯ ᠤ᠋ᠨ ᠪᠦᠯᠦᠭ᠌ᠯᠡᠯ 《ᠭᠤᠤᠯ ᠠᠵᠢᠯ ᠲᠥᠷᠥᠯ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠬᠦ᠌ ᠠᠵᠢᠯᠯᠠᠭ᠎ᠠ》 ᠶ᠋ᠢ ᠵᠣᠬᠢᠶᠠᠨ ᠪᠠᠢᠭᠤᠯᠤᠨ ᠬᠡᠷᠡᠭ᠌ᠵᠢᠭᠦᠯᠵᠦ᠍᠂ ᠬᠡᠪᠯᠡᠯ ᠤ᠋ᠨ ᠲᠤᠬᠠᠢᠯᠠᠭ᠍ᠰᠠᠨ ᠠᠵᠢᠯ ᠤ᠋ᠨ ᠬᠠᠮᠢᠶᠠᠷᠤᠯᠲᠠ ᠵᠢ ᠱᠢᠯᠢᠳᠡᠭ᠌ᠵᠢᠭᠦᠯᠦᠨ ᠨᠡᠢᠳᠭᠡᠵᠦ᠍ ᠵᠢᠷᠤᠮᠵᠢᠭᠤᠯᠤᠨ᠂ ᠪᠦᠯᠦᠭ᠌ᠯᠡᠯ ᠤ᠋ᠨ ᠬᠠᠷᠢᠶ᠎ᠠ ᠡᠯ᠎ᠡ ᠬᠡᠪᠯᠡᠯ ᠤ᠋ᠨ ᠬᠣᠷᠢᠶ᠎ᠠ ᠵᠢᠨ ᠲᠥᠪ ᠶᠣᠰᠣ ᠵᠢ ᠪᠠᠷᠢᠮᠲᠠᠯᠠᠨ ᠱᠢᠨ᠎ᠡ ᠵᠢ ᠡᠭᠦᠳᠬᠦ᠌᠂ ᠲᠣᠭ᠍ᠲᠠᠭᠤᠨ ᠤ᠋ ᠳᠤᠮᠳᠠ ᠤᠷᠤᠭ᠍ᠰᠢᠯᠠᠨ ᠳᠠᠪᠱᠢᠬᠤ᠂ ᠨᠣᠮ ᠢᠯᠡᠭᠦᠬᠡᠨ ᠬᠡᠪᠯᠡᠭᠦᠯᠬᠦ᠌᠂ ᠰᠠᠢᠨ ᠨᠣᠮ ᠬᠡᠪᠯᠡᠬᠦᠯᠬᠦ ᠵᠢ ᠤᠯᠠᠮ ᠨᠢᠭᠡ ᠠᠯᠬᠤᠮ ᠳᠡᠮᠵᠢᠵᠦ᠍᠂ ᠥᠪᠥᠷ ᠮᠣᠩᠭᠣᠯ ᠤ᠋ᠨ ᠬᠡᠪᠯᠡᠯ ᠤ᠋ᠨ ᠪᠦᠯᠦᠭ᠌ᠯᠡᠯ ᠤ᠋ᠨ ᠬᠡᠪᠯᠡᠯ ᠤ᠋ᠨ ᠭᠤᠤᠯ ᠠᠵᠢᠯ ᠲᠥᠷᠥᠯ ᠤ᠋ᠨ ᠴᠢᠨᠠᠷ ᠰᠠᠢᠲᠠᠶ ᠬᠥᠭ᠌ᠵᠢᠯᠲᠡ ᠵᠢ ᠦᠷᠭᠦᠯᠵᠢᠯᠡᠨ ᠠᠬᠢᠭᠤᠯᠵᠠᠢ᠃

ᠬᠦᠴᠢᠷ ᠢ᠋ ᠲᠤᠭᠤᠯᠤᠨ ᠥᠭᠡᠷᠡᠴᠢᠯᠡᠯᠲᠡ ᠬᠢᠵᠦ ᠰᠢᠨ᠎ᠠ ᠎ᠶᠢ ᠡᠬᠥᠳᠬᠥ ᠳ᠋ᠦ ᠬᠦᠴᠦᠨ ᠨᠡᠮᠡᠨ᠎ᠠ

ᠬᠦᠴᠢᠷ ᠢ᠋ ᠲᠤᠭᠤᠯᠤᠨ ᠥᠭᠡᠷᠡᠴᠢᠯᠡᠯᠲᠡ ᠬᠢᠵᠦ᠂ ᠳᠣᠲᠣᠭᠠᠳᠤ ᠬᠥᠳᠡᠯᠭᠡᠬᠦ᠌ ᠬᠦᠴᠦᠨ ᠢ᠋ ᠬᠥᠭ᠌ᠵᠢᠭᠡᠪᠡ᠃

ᠥᠪᠥᠷ ᠮᠣᠩᠭᠣᠯ ᠤ᠋ᠨ ᠬᠡᠪᠯᠡᠯ ᠤ᠋ᠨ ᠪᠦᠯᠦᠭ᠌ᠯᠡᠯ 《ᠵᠢᠷᠭᠤᠭ᠎ᠠ ᠵᠢ ᠲᠣᠭ᠍ᠲᠠᠭᠠᠬᠤ》 ᠲᠣᠭ᠍ᠲᠠᠴᠠ ᠵᠢᠨ ᠥᠭᠡᠷᠡᠴᠢᠯᠡᠯᠲᠡ ᠵᠢ ᠶᠡᠷᠦᠩᠬᠡᠶ ᠬᠡᠯᠲᠡᠰ ᠪᠠ ᠬᠠᠷᠢᠶ᠎ᠠ 9 ᠠᠵᠤ ᠠᠬᠤᠢᠯᠠᠯ ᠳ᠋ᠦ ᠨᠠᠢᠳᠠᠪᠤᠷᠢᠵᠢᠭᠤᠯᠤᠨ ᠬᠡᠷᠡᠭ᠌ᠵᠢᠭᠦᠯᠵᠦ᠍᠂ ᠠᠵᠢᠯᠲᠠᠨ ᠠᠵᠢᠯᠴᠢᠨ ᠢ᠋ ᠰᠣᠩᠭᠣᠨ ᠤᠷᠢᠬᠤ ᠲᠣᠭ᠍ᠲᠠᠴᠠ᠂ ᠬᠢᠨᠠᠨ ᠰᠢᠯᠭᠠᠬᠤ ᠲᠣᠭ᠍ᠲᠠᠴᠠ᠂ ᠴᠠᠯᠢᠩ ᠬᠥᠯᠥᠰᠥ ᠵᠢᠨ ᠬᠤᠪᠢᠶᠠᠷᠢᠯᠠᠯᠲᠠ ᠵᠢᠨ ᠲᠣᠭ᠍ᠲᠠᠴᠠ ᠵᠡᠷᠭᠡ ᠲᠠᠯ᠎ᠠ ᠪᠠᠷ ᠣᠲᠣ ᠦᠶ᠎ᠡ ᠵᠢᠨ ᠠᠵᠤ ᠠᠬᠤᠢᠯᠠᠯ ᠤ᠋ᠨ ᠬᠠᠮᠢᠶᠠᠷᠤᠯᠲᠠ ᠯᠤᠭ᠎ᠠ ᠪᠥᠬᠥ᠌ ᠲᠠᠯ᠎ᠠ ᠪᠠᠷ ᠵᠣᠯᠭᠠᠭᠤᠯᠪᠠ᠃ ᠬᠡᠪᠯᠡᠯ ᠤ᠋ᠨ ᠭᠤᠤᠯ ᠠᠵᠢᠯ ᠢ᠋ ᠤᠷᠮᠠᠱᠢᠭᠤᠯᠬᠤ ᠲᠣᠭ᠍ᠲᠠᠴᠠ ᠵᠢ ᠠᠯᠬᠤᠮ ᠠᠯᠬᠤᠮ ᠢ᠋ᠶ᠋ᠠᠷ ᠲᠡᠭᠦᠯᠳᠡᠷᠵᠢᠭᠦᠯᠵᠦ᠍᠂ 《ᠬᠡᠪᠯᠡᠯ ᠤ᠋ᠨ ᠰᠠᠭᠤᠷᠢ ᠮᠥᠩᠭᠥ ᠵᠢᠨ ᠬᠠᠮᠢᠶᠠᠷᠤᠯᠲᠠ ᠵᠢᠨ ᠠᠷᠭ᠎ᠠ》᠂ 《ᠱᠠᠩᠨᠠᠯ ᠣᠯᠤᠭ᠍ᠰᠠᠨ ᠬᠡᠪᠯᠡᠭ᠌ᠳᠡᠬᠦᠨ᠂ ᠴᠢᠬᠤᠯᠠ ᠬᠡᠪᠯᠡᠯ ᠤ᠋ᠨ ᠲᠥᠷᠥᠯ ᠵᠦᠶ᠋ᠯ ᠢ᠋ ᠱᠠᠩᠨᠠᠬᠤ ᠠᠷᠭ᠎ᠠ》 ᠵᠡᠷᠭᠡ ᠲᠦᠷᠢᠮ ᠢ᠋ ᠲᠣᠭ᠍ᠲᠠᠭᠠᠨ᠂ ᠨᠠᠢᠷᠠᠭᠤᠯᠬᠤ ᠠᠵᠢᠯ ᠤ᠋ᠨ ᠢᠳᠡᠪᠬᠢᠵᠢᠯ ᠢ᠋ ᠪᠥᠬᠥ᠌ ᠲᠠᠯ᠎ᠠ᠎ᠪᠠᠷ ᠬᠥᠭ᠌ᠵᠢᠭᠡᠵᠤ᠂ ᠬᠡᠪᠯᠡᠯ ᠤ᠋ᠨ ᠭᠤᠤᠯ ᠦᠶ᠋ᠯᠡᠰ ᠤ᠋ᠨ ᠥᠷᠢᠰᠥᠯᠳᠦᠬᠦ᠌ ᠬᠦᠴᠦᠨ ᠢ᠋ ᠳᠡᠭᠡᠭ᠌ᠰᠢᠯᠡᠭᠦᠯᠵᠠᠢ᠃ ᠪᠠᠰᠠ ᠵᠠᠬ᠎ᠠ ᠳᠡᠯᠭᠡᠭᠦᠷ ᠢ᠋ᠶ᠋ᠡᠷ ᠤᠳᠤᠷᠢᠳᠤᠮᠵᠢ ᠪᠣᠯᠭᠠᠭ᠍ᠰᠠᠨ ᠥᠷᠢᠰᠥᠯᠳᠦᠭᠡᠨ ᠢ᠋ᠶ᠋ᠡᠷ ᠱᠢᠯᠢᠳᠡᠭ ᠢ᠋᠎ᠨᠢ ᠰᠣᠩᠭᠣᠵᠤ ᠤᠷᠢᠬᠤ᠂ ᠴᠢᠳᠠᠪᠤᠷᠢᠲᠠᠨ ᠢ᠋ ᠤᠷᠮᠠᠱᠢᠭᠤᠯᠬᠤ ᠲᠣᠭ᠍ᠲᠠᠴᠠ ᠵᠢ ᠪᠠᠢᠭᠤᠯᠬᠤ ᠵᠢᠨ ᠬᠠᠮᠲᠤ ᠴᠢᠳᠠᠪᠤᠷᠢᠲᠠᠨ ᠢ᠋ ᠨᠥᠭᠡᠴᠡᠯᠡᠬᠦ᠌ ᠬᠥᠮᠥᠷᠭᠡ ᠵᠢ ᠠᠮᠢᠳᠤᠯᠢᠭ ᠢ᠋ᠶ᠋ᠡᠷ ᠱᠢᠯᠢᠳᠡᠭ᠌ᠵᠢᠭᠦᠯᠵᠦ᠍᠂ ᠣᠯᠠᠨ ᠴᠢᠭ᠌ᠯᠡᠯ ᠢ᠋ᠶ᠋ᠡᠷ ᠲᠤᠱᠢᠶᠠᠯ ᠡᠭᠦᠷᠭᠡᠯᠡᠨ ᠪᠣᠯᠪᠠᠰᠤᠷᠠᠭᠤᠯᠬᠤ ᠠᠵᠢᠯ ᠥᠷᠨᠢᠭᠦᠯᠦᠨ᠂ ᠵᠠᠯᠠᠭᠤ ᠺᠠᠳ᠋ᠷ ᠢ᠋ ᠬᠡᠷᠡᠭ᠌ᠯᠡᠬᠦ᠌ ᠡᠷᠴᠢᠮ ᠢ᠋ ᠴᠢᠩᠭᠠᠷᠠᠭᠤᠯᠵᠤ᠂ ᠴᠢᠳᠠᠪᠤᠷᠢᠲᠠᠨ ᠤ᠋ ᠡᠩᠨᠡᠭᠡ ᠵᠢᠨ ᠪᠦᠲᠦᠴᠡ ᠵᠢ ᠲᠠᠰᠤᠷᠠᠯᠲᠠ ᠥᠬᠡᠶ ᠱᠢᠯᠢᠳᠡᠭ᠌ᠵᠢᠭᠦᠯᠦᠨ᠂ ᠴᠢᠳᠠᠪᠤᠷᠢᠲᠠᠨ ᠢ᠋ 《ᠣᠷᠣᠭᠤᠯᠤᠨ ᠠᠪᠴᠢᠷᠠᠵᠤ ᠬᠥᠮᠦᠵᠢᠭᠦᠯᠦᠨ ᠬᠡᠷᠡᠭ᠌ᠯᠡᠵᠦ᠍ ᠦᠯᠡᠳᠡᠭᠡᠬᠦ᠌》 ᠪᠥᠬᠥ᠌ ᠶᠠᠪᠤᠴᠠ ᠳ᠋ᠦ ᠪᠢᠲᠡᠭᠦᠮᠵᠢᠯᠡᠭ᠌ᠰᠡᠨ ᠬᠡᠯᠬᠢᠶ᠎ᠡ ᠵᠢ ᠦᠨᠡᠨ ᠬᠦ᠌ ᠪᠦᠷᠢᠯᠳᠦᠭᠦᠯᠵᠦ᠍᠂ ᠺᠠᠳ᠋ᠷ ᠤ᠋ᠨ ᠠᠮᠢᠵᠢᠷᠠᠯ ᠤ᠋ᠨ ᠬᠦᠴᠦᠨ ᠪᠠ ᠪᠦᠯᠦᠭ᠌ᠯᠡᠯ ᠤ᠋ᠨ ᠬᠥᠭ᠌ᠵᠢᠯᠲᠡ ᠵᠢᠨ ᠳᠣᠲᠣᠭᠠᠳᠤ ᠬᠥᠳᠡᠯᠭᠡᠬᠦ᠌ ᠬᠦᠴᠦᠨ ᠢ᠋ ᠬᠥᠭ᠌ᠵᠢᠭᠡᠭᠰᠡᠨ ᠪᠠᠢᠨ᠎ᠠ᠃

ᠲᠣᠭᠠᠴᠢᠯᠠᠭ᠍ᠰᠠᠨ ᠴᠠᠭ ᠦᠶ᠎ᠡ ᠵᠢᠨ ᠥᠷᠨᠢᠯᠲᠡ ᠳᠤᠤᠷ᠎ᠠ ᠥᠪᠥᠷ ᠮᠣᠩᠭᠣᠯ ᠤ᠋ᠨ ᠬᠡᠪᠯᠡᠯ ᠤ᠋ᠨ ᠪᠦᠯᠦᠭ᠌ᠯᠡᠯ ᠲᠣᠭᠠᠴᠢᠯᠠᠭ᠍ᠰᠠᠨ ᠬᠡᠪᠯᠡᠯ ᠳ᠋ᠡᠬᠢ ᠣᠷᠣᠭᠤᠯᠤᠯᠲᠠ ᠪᠠ ᠱᠢᠨ᠎ᠡ ᠵᠢ ᠡᠭᠦᠳᠬᠦ᠌ ᠡᠷᠴᠢᠮ ᠢ᠋ᠶ᠋ᠡᠨ ᠤᠯᠠᠮ ᠨᠢᠭᠡ ᠠᠯᠬᠤᠮ ᠴᠢᠩᠭᠠᠷᠠᠭᠤᠯᠪᠠ᠃ ᠱᠢᠨᠵᠢᠯᠡᠬᠦ᠌ ᠤᠬᠠᠭᠠᠨ ᠮᠡᠷᠭᠡᠵᠢᠯ ᠤ᠋ᠨ ᠠᠵᠤ ᠠᠬᠤᠢᠯᠠᠯ ᠯᠤᠭ᠎ᠠ ᠵᠢᠨ ᠬᠠᠮᠲᠤᠷᠠᠯᠴᠠᠭ᠎ᠠ ᠪᠠᠨ ᠴᠢᠩᠭᠠᠳᠭᠠᠵᠤ᠂ ᠵᠣᠬᠢᠶᠠᠮᠠᠯ ᠣᠶᠤᠨ ᠴᠢᠳᠠᠪᠤᠷᠢ᠂ ᠲᠣᠮᠣ ᠳ᠋ᠠᠢᠲ᠋ᠠ᠂ ᠴᠦᠷᠭᠡᠯᠡᠬᠡ ᠳ᠋ᠠᠢᠲ᠋ᠠ ᠵᠡᠷᠭᠡ ᠱᠢᠨ᠎ᠡ ᠮᠡᠷᠭᠡᠵᠢᠯ ᠢ᠋ ᠠᠱᠢᠭ᠍ᠯᠠᠨ ᠲᠣᠭᠠᠴᠢᠯᠠᠭ᠍ᠰᠠᠨ ᠬᠡᠪᠯᠡᠯ ᠤ᠋ᠨ ᠶᠠᠰᠤ ᠴᠢᠨᠠᠷ ᠪᠠ ᠦᠷ᠎ᠡ ᠪᠦᠲᠦᠮᠵᠢ ᠵᠢ ᠳᠡᠭᠡᠭ᠌ᠰᠢᠯᠡᠭᠦᠯᠵᠦ᠍᠂ ᠤᠩᠱᠢᠭ᠍ᠴᠢᠳ ᠲᠦ᠍ ᠨᠠᠩ ᠥᠪᠡᠷᠮᠢᠴᠡ᠂ ᠣᠶᠤᠨᠴᠢᠯᠠᠭ᠍ᠰᠠᠨ ᠤᠩᠱᠢᠯᠭ᠎ᠠ ᠵᠢᠨ ᠦᠢᠯᠡᠴᠢᠯᠡᠬᠡ ᠬᠠᠩᠭᠠᠪᠠ᠃

ᠤᠮᠠᠷᠠᠲᠤ ᠬᠢᠯᠢ ᠵᠢᠨ ᠰᠣᠶᠣᠯ ᠤ᠋ᠨ ᠪᠠᠢᠭᠤᠯᠤᠯᠲᠠ ᠵᠢᠨ ᠬᠣᠱᠢᠭᠤᠴᠢ ᠪᠣᠯᠤᠭ᠍ᠰᠠᠨ ᠤ᠋ ᠬᠤᠪᠢ ᠳ᠋ᠦ᠂ ᠥᠪᠥᠷ ᠮᠣᠩᠭᠣᠯ ᠤ᠋ᠨ ᠬᠡᠪᠯᠡᠯ ᠤ᠋ᠨ ᠪᠦᠯᠦᠭ᠌ᠯᠡᠯ 《ᠤᠯᠤᠰ ᠲᠥᠷᠥ ᠵᠢ ᠡᠷᠬᠢᠮᠯᠡᠬᠦ᠌᠂ ᠱᠢᠨ᠎ᠡ ᠵᠢ ᠡᠭᠦᠳᠬᠦ᠌ ᠪᠡᠷ ᠴᠢᠷᠮᠠᠢᠬᠤ᠂ ᠤᠯᠠᠮᠵᠢᠯᠠᠯ ᠢ᠋ ᠴᠢᠬᠤᠯᠠᠴᠢᠯᠠᠬᠤ᠂ ᠲᠤᠰᠭᠠᠶ ᠮᠡᠷᠭᠡᠵᠢᠯ ᠢ᠋ᠶ᠋ᠡᠨ ᠬᠦᠴᠦᠷᠬᠡᠭ᠌ᠵᠢᠭᠦᠯᠬᠦ᠌᠂ ᠤᠷᠠᠨ ᠳᠠᠷᠬᠠᠨ ᠢ᠋ ᠬᠥᠮᠦᠵᠢᠭᠦᠯᠬᠦ᠌᠂ ᠰᠣᠳᠣᠨ ᠪᠦᠲᠦᠭᠡᠯ ᠭᠠᠷᠭᠠᠬᠤ》 ᠠᠵᠤ ᠠᠬᠤᠢᠯᠠᠯ ᠤ᠋ᠨ ᠵᠣᠷᠢᠭ ᠰᠠᠨᠠᠭ᠎ᠠ ᠵᠢ ᠪᠠᠷᠢᠮᠲᠠᠯᠠᠵᠤ᠂ ᠭᠤᠤᠯ ᠠᠵᠢᠯ ᠢ᠋ᠶ᠋ᠠᠨ ᠰᠠᠢᠳᠤᠷ ᠬᠢᠵᠦ᠍᠂ ᠠᠷᠠᠳ ᠤ᠋ᠨ ᠠᠮᠢᠳᠤᠷᠠᠯ ᠳ᠋ᠦ ᠦᠶ᠋ᠯᠡᠴᠢᠯᠡᠨ᠂ ᠪᠥᠬᠥ᠌ ᠠᠷᠠᠳ ᠤ᠋ᠨ ᠤᠩᠱᠢᠯᠭ᠎ᠠ ᠪᠠᠷ ᠬᠣᠯᠪᠣᠭᠠᠰᠤ ᠪᠣᠯᠭᠠᠨ᠂ ᠥᠭᠡᠷᠡᠴᠢᠯᠡᠯᠲᠡ ᠬᠢᠵᠦ᠍ ᠱᠢᠨ᠎ᠡ ᠵᠢ ᠡᠭᠦᠳᠬᠦ᠌ ᠪᠡᠷ ᠬᠥᠳᠡᠯᠭᠡᠭᠦᠷ ᠪᠣᠯᠭᠠᠵᠤ᠂ ᠴᠢᠨᠠᠷ ᠰᠠᠢᠲᠠᠶ ᠬᠥᠭ᠌ᠵᠢᠯᠲᠡ ᠵᠢᠨ ᠵᠠᠮ ᠳᠡᠭᠡᠷ᠎ᠡ ᠯᠠᠪᠳᠠᠭᠤᠨ ᠪᠠᠲᠤᠲᠠᠶ ᠤᠷᠤᠭ᠍ᠰᠢᠯᠠᠨ᠎ᠠ᠃

ᠪᠦᠬᠦ᠌ ᠠᠷᠠᠳ ᠤ᠋ᠨ ᠨᠣᠮ ᠤᠩᠱᠢᠯᠭ᠎ᠠ ᠳ᠋ᠦ ᠬᠦᠴᠦᠨ ᠨᠡᠮᠡᠷᠢᠯᠡᠵᠦ᠍ ᠪᠢᠴᠢᠭ ᠤ᠋ᠨ ᠰᠤᠷᠪᠤᠯᠵᠢᠳᠦ ᠠᠭᠤᠷ ᠠᠮᠢᠰᠬᠤᠯ ᠢ᠋ ᠪᠤᠢ ᠪᠤᠯᠭᠠᠨ᠎ᠠ

ᠪᠦᠬᠦ ᠠᠷᠠᠳ ᠤ᠋ᠨ ᠨᠤᠮ ᠤᠩᠰᠢᠯᠭ᠎ᠠ ᠵᠢ ᠠᠬᠢᠭᠤᠯᠵᠤ᠂ ᠤᠩᠱᠢᠯᠭ᠎ᠠ ᠵᠢᠨ ᠡᠬᠢ ᠪᠠᠶᠠᠯᠢᠭ ᠢ᠋ ᠬᠠᠮᠲᠤ ᠪᠠᠷ ᠡᠳ᠋ᠯᠡᠨ᠎ᠠ᠃

ᠵᠢᠯ ᠪᠤᠯᠭᠠᠨ ᠤ᠋ 《ᠪᠠᠶᠠᠷ ᠪᠠᠶᠠᠰᠬᠤᠯᠠᠩᠳᠦ ᠨᠤᠮ ᠤᠩᠰᠢᠯᠭ᠎ᠠ ᠪᠢᠴᠢᠭ ᠤ᠋ᠨ ᠰᠤᠷᠪᠤᠯᠵᠢᠳᠦ ᠤᠮᠠᠷᠠᠲᠤ ᠬᠢᠯᠢ》 ᠳᠡᠯᠡᠬᠡᠢ ᠵᠢᠨ ᠨᠣᠮ ᠤᠩᠱᠢᠬᠤ ᠡᠳᠦᠷ ᠤ᠋ᠨ ᠠᠵᠢᠯᠯᠠᠭ᠎ᠠ ᠪᠣᠯ ᠥᠪᠥᠷ ᠮᠣᠩᠭᠣᠯ ᠤ᠋ᠨ ᠬᠡᠪᠯᠡᠯ ᠤ᠋ᠨ ᠪᠦᠯᠦᠭ᠌ᠯᠡᠯ ᠤ᠋ᠨ ᠪᠦᠬᠦ᠌ ᠠᠷᠠᠳ ᠤ᠋ᠨ ᠨᠣᠮ ᠤᠩᠱᠢᠬᠤ ᠳ᠋ᠦ ᠬᠦᠴᠦᠨ ᠨᠡᠮᠡᠷᠢᠯᠡᠬᠦ᠌ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠡᠨᠡ ᠬᠤᠭᠤᠴᠠᠭᠠᠨ ᠳ᠋ᠦ ᠪᠦᠯᠦᠭ᠌ᠯᠡᠯ ᠨᠢ ᠡᠯ᠎ᠡ ᠭᠠᠵᠠᠷ ᠤ᠋ᠨ ᠰᠣᠶᠣᠯ ᠤ᠋ᠨ ᠪᠠᠢᠭᠤᠯᠤᠮᠵᠢ᠂ ᠰᠤᠷᠭᠠᠭᠤᠯᠢ᠂ ᠨᠡᠢᠭᠡᠮ ᠲᠣᠭᠣᠷᠢᠭ ᠵᠡᠷᠭᠡ ᠲᠡᠶ ᠬᠠᠮᠲᠤᠷᠠᠨ ᠱᠢᠨ᠎ᠡ ᠨᠣᠮ ᠲᠠᠨᠢᠯᠴᠠᠭᠤᠯᠬᠤ᠂ ᠨᠣᠮ ᠪᠢᠴᠢᠭ ᠳᠡᠯᠭᠡᠨ ᠪᠣᠷᠣᠯᠠᠭᠤᠯᠬᠤ᠂ ᠤᠩᠱᠢᠯᠭ᠎ᠠ ᠪᠠᠨ ᠬᠤᠪᠢᠶᠠᠯᠴᠠᠬᠤ ᠬᠤᠷᠠᠯ ᠵᠡᠷᠭᠡ ᠠᠯᠢ ᠤᠯᠠᠨ ᠠᠵᠢᠯᠯᠠᠭ᠎ᠠ ᠥᠷᠨᠢᠭᠦᠯᠵᠦ᠍᠂ ᠥᠷᠭᠡᠨ ᠤᠯᠠᠨ ᠤᠩᠱᠢᠭ᠍ᠴᠢᠳ ᠤ᠋ᠨ ᠤᠩᠱᠢᠯᠭ᠎ᠠ ᠵᠢᠨ ᠤᠷᠮ᠎ᠠ ᠪᠠᠬ᠎ᠠ ᠵᠢ ᠬᠥᠭ᠌ᠵᠢᠭᠡᠨ᠂ 《ᠨᠣᠮ ᠤᠩᠱᠢᠬᠤ ᠳᠤᠷᠠᠲᠠᠢ᠂ ᠰᠠᠢ᠌ᠨ ᠨᠣᠮ ᠤᠩᠱᠢᠬᠤ᠂ ᠨᠣᠮ ᠤᠩᠱᠢᠬᠤ ᠳ᠋ᠠᠭᠠᠨ ᠴᠢᠳᠠᠮᠠᠭᠠᠢ》 ᠪᠠᠢᠬᠤ ᠥᠳᠭᠡᠨ ᠵᠤᠵᠠᠭᠠᠨ ᠠᠭᠤᠷ ᠠᠮᠢᠰᠭᠤᠯ ᠢ᠋ ᠪᠤᠢ ᠪᠣᠯᠭᠠᠪᠠ᠃

ᠥᠪᠥᠷ ᠮᠣᠩᠭᠣᠯ ᠤ᠋ᠨ ᠬᠡᠪᠯᠡᠯ ᠤ᠋ᠨ ᠪᠦᠯᠦᠭ᠌ᠯᠡᠯ ᠤᠮᠠᠷᠠᠲᠤ ᠬᠢᠯᠢ ᠵᠢᠨ ᠰᠣᠶᠣᠯ ᠤ᠋ᠨ ᠲᠦᠷᠦᠯ ᠲᠡᠮᠳᠡᠭ ᠢ᠋ ᠦᠷᠭᠦᠯᠵᠢᠯᠡᠨ ᠴᠤᠭᠴᠠᠯᠠᠵᠦ᠂ ᠪᠥᠬᠥ᠌ ᠠᠷᠠᠳ ᠤ᠋ᠨ ᠨᠣᠮ ᠤᠩᠱᠢᠬᠤ ᠪᠠ 《ᠲᠠᠯ᠎ᠠ ᠨᠤᠲᠤᠭ ᠤ᠋ᠨ ᠨᠣᠮ ᠤ᠋ᠨ ᠥᠷᠥᠭᠡ》 ᠵᠡᠷᠭᠡ ᠣᠯᠠᠨ ᠨᠡᠢᠲᠡ ᠵᠢᠨ ᠰᠣᠶᠣᠯ ᠤ᠋ᠨ ᠢᠨᠵᠧᠨᠧᠷᠢᠩ ᠤ᠋ᠨ ᠪᠠᠢᠭᠤᠯᠤᠯᠲᠠ ᠵᠢ ᠠᠬᠢᠭᠤᠯᠤᠨ᠂ ᠤᠮᠠᠷᠠᠲᠤ ᠬᠢᠯᠢ ᠵᠢᠨ ᠪᠥᠬᠥ᠌ ᠠᠷᠠᠳ ᠤ᠋ᠨ ᠨᠣᠮ ᠤᠩᠱᠢᠯᠭ᠎ᠠ ᠪᠠ ᠱᠢᠨ᠎ᠡ ᠴᠠᠭ ᠦᠶ᠎ᠡ ᠵᠢᠨ ᠬᠥᠳᠡᠭᠡ ᠲᠣᠰᠭᠣᠨ ᠤ᠋ ᠤᠩᠱᠢᠯᠭ᠎ᠠ ᠵᠢᠨ ᠤᠯᠠᠷᠢᠯ ᠤ᠋ᠨ ᠨᠣᠮ ᠪᠢᠴᠢᠭ ᠬᠠᠨᠳᠢᠪᠯᠠᠬᠤ ᠵᠡᠷᠭᠡ ᠠᠵᠢᠯᠯᠠᠭ᠎ᠠ ᠵᠢ ᠵᠣᠬᠢᠶᠠᠨ ᠪᠠᠢᠭᠤᠯᠤᠨ ᠥᠷᠨᠢᠭᠦᠯᠵᠦ᠍᠂ ᠣᠷᠣᠨ ᠤ᠋ ᠳᠣᠲᠣᠨ᠎ᠠ ᠭᠠᠳᠠᠨ᠎ᠠ ᠨᠡᠢᠲᠡ 500 ᠭᠠᠷᠤᠶ ᠲᠦᠮᠡᠨ ᠲᠥᠭᠥᠷᠢᠭ ᠤ᠋ᠨ ᠨᠣᠮ ᠪᠢᠴᠢᠭ ᠬᠠᠨᠳᠢᠪᠯᠠᠵᠤ᠂ 11593 ᠲᠠᠯ᠎ᠠ ᠨᠤᠲᠤᠭ ᠤ᠋ᠨ ᠨᠣᠮ ᠤ᠋ᠨ ᠥᠷᠥᠭᠡ ᠳ᠋ᠦ ᠴᠢᠨᠠᠷᠯᠢᠭ ᠰᠠᠢᠨ ᠨᠣᠮ ᠪᠢᠴᠢᠭ ᠬᠠᠩᠭᠠᠨ᠂ ᠪᠥᠬᠥ᠌ ᠣᠷᠣᠨ ᠳ᠋ᠦ ᠲᠠᠯ᠎ᠠ ᠨᠤᠲᠤᠭ ᠤ᠋ᠨ ᠨᠣᠮ ᠤ᠋ᠨ ᠥᠷᠥᠭᠡ ᠵᠢ ᠪᠦᠷᠢᠨ ᠪᠦᠷᠬᠦᠭᠦᠯᠬᠦ᠌ ᠵᠢ ᠦᠨᠳᠦᠰᠦᠨ ᠳ᠋ᠡᠭᠡᠨ ᠪᠡᠶᠡᠯᠡᠭᠦᠯᠪᠡ᠃ ᠡᠭᠦᠨ ᠤ᠋ ᠬᠠᠮᠲᠤ ᠰᠣᠶᠣᠯ ᠢ᠋ᠶ᠋ᠠᠷ ᠠᠷᠠᠳ ᠲᠦ᠍ ᠠᠱᠢᠭ ᠬᠦᠷᠲᠡᠭᠡᠬᠦ᠌ ᠵᠢ ᠲᠠᠰᠤᠷᠠᠯᠲᠠ ᠥᠬᠡᠶ ᠠᠬᠢᠭᠤᠯᠵᠤ᠂ ᠪᠥᠬᠥ᠌ ᠠᠷᠠᠳ ᠤ᠋ᠨ ᠤᠩᠱᠢᠯᠭ᠎ᠠ ᠵᠢᠨ ᠳᠣᠲᠣᠭᠠᠳᠤ ᠬᠥᠳᠡᠯᠭᠡᠬᠦ᠌ ᠬᠦᠴᠦᠨ ᠢ᠋ ᠬᠥᠭ᠌ᠵᠢᠭᠡᠨ᠂ 《ᠪᠢᠴᠢᠭ ᠤ᠋ᠨ ᠰᠤᠷᠪᠤᠯᠵᠢᠲᠤ ᠥᠪᠥᠷ ᠮᠣᠩᠭᠣᠯ》 ᠤ᠋ᠨ ᠪᠥᠲᠥᠭᠡᠨ ᠪᠠᠢᠭᠤᠯᠤᠯᠲᠠ ᠵᠢ ᠱᠢᠨ᠎ᠡ ᠳᠡᠭ᠌ᠲᠡᠷ ᠲᠦ᠍ ᠭᠠᠷᠭᠠᠬᠤ ᠵᠢ ᠠᠬᠢᠭᠤᠯᠵᠠᠢ᠃

《ᠪᠢᠳᠡ ᠨᠡᠩ ᠤᠯᠠᠨ ᠬᠥᠮᠦᠨ ᠤ᠋ ᠤᠩᠱᠢᠯᠭ᠎ᠠ ᠳ᠋ᠦ ᠳᠥᠭᠥᠮ ᠳᠥᠲᠡ ᠨᠦᠬᠦᠴᠡᠯ ᠣᠯᠭᠣᠬᠤ ᠵᠢᠨ ᠲᠦᠯᠦᠬᠡ ᠲᠣᠭᠠᠴᠢᠯᠠᠭ᠍ᠰᠠᠨ ᠤᠩᠱᠢᠯᠭ᠎ᠠ ᠵᠢᠨ ᠲᠠᠪᠴᠠᠩ ᠤ᠋ᠨ ᠪᠠᠢᠭᠤᠯᠤᠯᠲᠠ ᠵᠢ ᠢᠳᠡᠪᠬᠢᠲᠡᠢ ᠠᠬᠢᠭᠤᠯᠵᠤ ᠪᠠᠢᠨ᠎ᠠ᠃ APP᠂ ᠡᠯᠧᠺᠲ᠋ᠷᠣᠨ ᠨᠣᠮ ᠤ᠋ᠨ ᠳ᠋ᠠᠢᠲ᠋ᠠ ᠬᠥᠮᠥᠷᠭᠡ ᠵᠡᠷᠭᠡ ᠵᠢ ᠪᠠᠢᠭᠤᠯᠵᠦ᠂ ᠤᠩᠱᠢᠭ᠍ᠴᠢᠳ ᠴᠠᠭ ᠢᠮᠠᠭ᠍ᠲᠠ ᠭᠠᠷ ᠤᠲᠠᠰᠤ᠂ ᠺᠣᠮᠫᠢᠦ᠋ᠲ᠋ᠧᠷ ᠵᠡᠷᠭᠡ ᠪᠡᠷ ᠲᠠᠮᠵᠢᠨ ᠥᠪᠡᠷ ᠤ᠋ᠨ ᠳᠤᠷᠠᠲᠠᠶ ᠨᠣᠮ ᠢ᠋ᠶ᠋ᠠᠨ ᠤᠩᠱᠢᠵᠤ ᠪᠣᠯᠤᠨ᠎ᠠ》 ᠬᠡᠵᠤ ᠥᠪᠥᠷ ᠮᠣᠩᠭᠣᠯ ᠤ᠋ᠨ ᠬᠡᠪᠯᠡᠯ ᠤ᠋ᠨ ᠪᠦᠯᠦᠭ᠌ᠯᠡᠯ ᠤ᠋ᠨ ᠨᠠᠮ ᠤ᠋ᠨ ᠬᠤᠷᠢᠶ᠎ᠠ ᠵᠢᠨ ᠤᠬᠠᠭᠤᠯᠬᠤ ᠬᠡᠯᠲᠡᠰ ᠤ᠋ᠨ ᠳᠠᠷᠤᠭ᠎ᠠ ᠰᠦᠨ ᠵᠢᠨ ᠵᠦ᠍ ᠬᠡᠯᠡᠨ᠎ᠠ᠃ ᠲᠡᠬᠦᠨ ᠤ᠋ ᠲᠠᠨᠢᠯᠴᠠᠭᠤᠯᠤᠭᠰᠠᠨ ᠵᠢᠡᠷ᠂ ᠲᠤᠰ ᠪᠦᠯᠦᠭ᠌ᠯᠡᠯ ᠪᠠᠰᠠ ᠡᠯ᠎ᠡ ᠶᠡᠬᠡ ᠨᠣᠮ ᠤ᠋ᠨ ᠰᠠᠩ ᠪᠠ ᠰᠤᠷᠭᠠᠭᠤᠯᠢ ᠵᠡᠷᠭᠡ ᠲᠡᠶ ᠬᠠᠮᠲᠤᠷᠠᠯᠴᠠᠨ᠂ ᠲᠣᠭᠠᠴᠢᠯᠠᠭ᠍ᠰᠠᠨ ᠤᠩᠱᠢᠯᠭ᠎ᠠ ᠵᠢᠨ ᠡᠬᠢ ᠪᠠᠶᠠᠯᠢᠭ ᠢ᠋ ᠨᠠᠩ ᠥᠷᠭᠡᠨ ᠳᠡᠯᠭᠡᠷ ᠳᠡᠯᠭᠡᠷᠡᠭᠦᠯᠵᠦ᠍᠂ ᠤᠩᠱᠢᠯᠭ᠎ᠠ ᠵᠢᠨ ᠡᠬᠢ ᠪᠠᠶᠠᠯᠢᠭ ᠢ᠋ ᠬᠠᠮᠲᠤ ᠪᠠᠷ ᠡᠳ᠋ᠯᠡᠬᠦ᠌ ᠪᠠ ᠲᠦᠭᠡᠮᠡᠯᠵᠢᠭᠦᠯᠬᠦ᠌ ᠵᠢ ᠪᠡᠶᠡᠯᠡᠭᠦᠯᠪᠡ᠃

ᠱᠢᠨ᠎ᠡ ᠠᠶᠠᠨ ᠵᠠᠮ ᠱᠢᠨ᠎ᠡ ᠡᠭᠦᠷᠭᠡ ᠬᠠᠷᠢᠭᠤᠴᠠᠯᠭ᠎ᠠ᠂ ᠱᠢᠨ᠎ᠡ ᠡᠭᠦᠷᠭᠡᠯᠡᠯ ᠱᠢᠨ᠎ᠡ ᠵᠢᠳᠬᠦᠯ ᠴᠢᠷᠮᠠᠢᠯᠭ᠎ᠠ᠃ ᠥᠪᠥᠷ ᠮᠣᠩᠭᠣᠯ ᠤ᠋ᠨ ᠬᠡᠪᠯᠡᠯ ᠤ᠋ᠨ ᠪᠦᠯᠦᠭ᠌ᠯᠡᠯ ᠰᠣᠶᠣᠯ ᠤ᠋ᠨ ᠤᠯᠠᠮᠵᠢᠯᠠᠯ ᠪᠠ ᠴᠢᠨᠠᠷ ᠰᠠᠢᠲᠠᠶ ᠬᠥᠭ᠌ᠵᠢᠯᠲᠡ ᠵᠢᠨ ᠴᠠᠭ ᠦᠶ᠎ᠡ ᠵᠢᠨ ᠱᠢᠨ᠎ᠡ ᠬᠠᠭᠤᠳᠠᠰᠤ ᠵᠢ ᠲᠠᠰᠤᠷᠠᠯᠲᠠ ᠥᠬᠡᠶ ᠪᠢᠴᠢᠭ᠌ᠯᠡᠵᠦ᠍᠂ ᠪᠢᠴᠢᠭ ᠤ᠋ᠨ ᠰᠤᠷᠪᠤᠯᠵᠢᠳᠦ ᠤᠮᠠᠷᠠᠲᠤ ᠬᠢᠯᠢ ᠵᠢ ᠪᠠᠢᠭᠤᠯᠵᠦ᠂ ᠤᠮᠠᠷᠠᠲᠤ ᠬᠢᠯᠢ ᠵᠢᠨ ᠰᠣᠶᠣᠯ ᠤ᠋ᠨ ᠪᠠᠢᠭᠤᠯᠤᠯᠲᠠ ᠳ᠋ᠦ ᠬᠡᠪᠯᠡᠯ ᠤ᠋ᠨ ᠬᠦᠴᠦᠨ ᠴᠢᠳᠠᠯ ᠢ᠋ᠶ᠋ᠡᠨ ᠨᠡᠮᠡᠷᠢᠯᠡᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号