ᠤᠯᠠᠭᠠᠨᠬᠠᠳᠠ ᠬᠤᠲᠠ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠦᠢᠯᠡᠴᠢᠯᠡᠭᠡᠨ᠎ᠤ ᠱᠢᠨ᠎ᠡ ᠪᠠᠢᠷᠢᠱᠢᠯ᠎ᠢ ᠲᠦᠷᠭᠡᠳᠭᠡᠨ ᠪᠠᠢᠭᠤᠯᠵᠤ ᠪᠤᠢ
2025-05-12 10:25:05
ᠵᠣᠬᠢᠶᠠᠭ᠍ᠴᠢ᠄
ᠸᠠᠡᠭ ᠲᠠᠨ᠎ᠠ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭᠴᠢ ᠤᠯᠠᠭᠠᠨᠬᠠᠳᠠ ᠬᠤᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠡᠴᠡ ᠤᠢᠯᠠᠭᠠᠭᠰᠠᠨ ᠵᠢᠡᠷ᠂ ᠤᠳᠤᠬᠠᠨ᠎ᠳᠦ  ᠪᠦᠬᠦ ᠬᠤᠲᠠ᠎ᠵᠢᠨ ᠰᠤᠮᠤ ᠱᠢᠶᠠᠩ ᠪᠠᠯᠭᠠᠰᠤᠨ᠎ᠤ ᠨᠠᠰᠤᠵᠢᠯ᠎ᠤᠨ ᠦᠢᠯᠡᠴᠢᠯᠡᠭᠡᠨ᠎ᠤ ᠲᠥᠪ 99᠂ ᠲᠣᠰᠭᠤᠨ ᠤ᠋ ᠱᠠᠲᠤᠨ᠎ᠤ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠥᠷᠲᠡᠭᠡ 871᠂ ᠮᠠᠯᠵᠢᠬᠤ ᠲᠠᠷᠢᠶᠠᠯᠠᠬᠤ ᠣᠷᠣᠨ᠎ᠤ ᠵᠣᠯ ᠵᠢᠷᠭᠠᠯᠲᠤ ᠬᠠᠷᠢᠯᠴᠠᠨ ᠬᠠᠪᠰᠤᠷᠤᠯᠴᠠᠬᠤ ᠬᠦᠷᠢᠶᠡᠯᠡᠩ 95  ᠪᠤᠯᠵᠠᠢ᠃

ᠤᠢᠷ᠎ᠠ ᠵᠢᠨ ᠵᠢᠯ ᠳ᠋ᠤ᠂ ᠤᠯᠠᠭᠠᠨᠬᠠᠳᠠ ᠬᠤᠲᠠ ᠨᠠᠰᠤᠲᠠᠢᠴᠤᠳ᠎ᠤᠨ 《ᠪᠠᠴᠢᠮᠳᠠᠵᠤ ᠲᠦᠪᠡᠭᠳᠡᠵᠤ ᠵᠤᠪᠠᠨᠢᠵᠤ ᠭᠦᠰᠡᠵᠤ》 ᠪᠠᠢᠭ᠎ᠠ ᠠᠰᠠᠭᠤᠳᠠᠯ᠎ᠳᠦ ᠴᠢᠭᠯᠡᠬᠦᠯᠦᠨ᠂ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠦᠢᠯᠡᠴᠢᠯᠡᠭᠡᠨ᠎ᠤ ᠣᠨᠴᠠᠯᠢᠭ᠎ᠲᠤ ᠲᠤᠬᠢᠷᠠᠭᠤᠯᠤᠨ ᠬᠠᠩᠭᠠᠯᠭ᠎ᠠ᠎ᠶ᠋ᠢᠨ ᠴᠢᠳᠠᠪᠤᠷᠢ᠎ᠪᠠᠨ ᠲᠠᠰᠤᠷᠠᠯᠲᠠ ᠥᠬᠡᠶ ᠳᠡᠭᠡᠭ᠌ᠰᠢᠯᠡᠭᠦᠯᠵᠦ᠍᠂ ᠬᠠᠮᠢᠶᠠᠷᠤᠯᠲᠠ ᠦᠢᠯᠡᠴᠢᠯᠡᠭᠡ᠎ᠪᠠᠨ ᠱᠢᠯᠢᠳᠡᠭ᠌ᠵᠢᠭᠦᠯᠦᠨ᠂ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠦᠢᠯᠡᠴᠢᠯᠡᠭᠡᠨ᠎ᠤ ᠱᠢᠨ᠎ᠡ ᠪᠠᠢᠷᠢᠱᠢᠯ᠎ᠢ ᠲᠦᠷᠭᠡᠳᠭᠡᠨ ᠪᠠᠢᠭᠤᠯᠤᠬᠰᠠᠨ ᠪᠠᠢᠨ᠎ᠠ᠃

ᠰᠠᠭᠤᠷᠢ᠎ᠶ᠋ᠢ ᠪᠠᠬᠢᠵᠢᠭᠦᠯᠵᠦ᠍᠂ ᠨᠠᠰᠤᠵᠢᠯ᠎ᠤᠨ ᠠᠰᠠᠷᠠᠮᠵᠢ᠎ᠶ᠋ᠢᠨ ᠲᠥᠬᠦᠭᠡᠷᠦᠮᠵᠢ᠎ᠶ᠋ᠢ ᠱᠢᠯᠢᠳᠡᠭ᠌ᠵᠢᠭᠦᠯᠪᠠ᠃ ᠮᠠᠯᠵᠢᠬᠤ ᠲᠠᠷᠢᠶᠠᠯᠠᠬᠤ ᠣᠷᠣᠨ᠎ᠤ ᠭᠠᠵᠠᠷ ᠵᠦᠶ᠎ᠶ᠋ᠢᠨ ᠣᠷᠣᠨ ᠪᠠᠢᠷᠢ᠂ ᠬᠥᠮᠦᠨ ᠠᠮᠠ᠎ᠶ᠋ᠢᠨ ᠲᠠᠷᠬᠠᠯᠲᠠ᠎ᠶ᠋ᠢᠨ ᠪᠣᠳᠠᠲᠠᠶ ᠪᠠᠢᠳᠠᠯ ᠪᠠ ᠣᠲᠣ᠎ᠶ᠋ᠢᠨ ᠪᠠᠢᠭ᠎ᠠ ᠲᠦᠭᠦᠬᠡᠷᠦᠮᠵᠢ᠎ᠶ᠋ᠢᠨ ᠰᠠᠭᠤᠷᠢ᠎ᠶ᠋ᠢ ᠦᠨᠳᠦᠰᠦᠯᠡᠨ᠂ ᠨᠠᠰᠤᠵᠢᠯ᠎ᠤᠨ ᠦᠢᠯᠡᠴᠢᠯᠡᠭᠡᠨ᠎ᠤ ᠲᠦᠭᠦᠬᠡᠷᠦᠮᠵᠢ᠎ᠶ᠋ᠢᠨ ᠪᠥᠲᠥᠭᠡᠨ ᠪᠠᠢᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ᠎ᠪᠠᠷ ᠪᠠᠢᠷᠢᠱᠢᠭᠤᠯᠵᠤ᠂ ᠨᠥᠬᠦᠴᠡᠯ ᠪᠦᠬᠦᠢ ᠨᠠᠰᠤᠲᠠᠨ᠎ᠢ ᠠᠰᠠᠷᠠᠬᠤ ᠬᠦᠷᠢᠶᠡᠯᠡᠩ᠎ᠤᠨ ᠬᠡᠯᠪᠡᠷᠢ᠎ᠪᠠᠨ ᠬᠤᠪᠢᠷᠠᠭᠤᠯᠤᠨ ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡᠨ᠎ᠤ ᠲᠥᠪ ᠪᠣᠯᠬᠤ᠎ᠶ᠋ᠢ ᠳᠡᠮᠵᠢᠵᠦ᠍᠂ ᠡᠬᠢ ᠪᠠᠶᠠᠯᠢᠭ᠎ᠢ ᠨᠡᠢᠳᠬᠡᠵᠦ᠍ ᠲᠠᠰ ᠳᠡᠪᠱᠢᠭᠦᠯᠦᠨ ᠥᠭᠡᠷᠡᠴᠢᠯᠡᠬᠦ᠌᠎ᠪᠠᠷ ᠳᠠᠮᠵᠢᠭᠤᠯᠤᠨ᠂ ᠬᠡᠪᠴᠢᠶ᠎ᠡ᠎ᠨᠢ ᠲᠣᠬᠢᠷᠠᠮᠵᠢᠲᠠᠶ᠂ ᠴᠢᠳᠠᠮᠵᠢ᠎ᠨᠢ ᠪᠦᠷᠢᠨ ᠭᠦᠢᠴᠡᠳ᠂ ᠬᠠᠮᠢᠶᠠᠷᠤᠯᠲᠠ᠎ᠨᠢ ᠵᠢᠷᠤᠮᠵᠢᠯ᠎ᠲᠠᠢ᠂ ᠦᠢᠯᠡᠴᠢᠯᠡᠭᠡ᠎ᠨᠢ ᠴᠢᠨᠠᠷ ᠰᠠᠢᠲᠠᠶ ᠪᠠᠷᠢᠮᠵᠢᠶᠠᠵᠢᠭᠰᠠᠨ᠂ ᠵᠢᠷᠤᠮᠵᠢᠭ᠍ᠰᠠᠨ ᠮᠠᠯᠵᠢᠬᠤ ᠲᠠᠷᠢᠶᠠᠯᠠᠬᠤ ᠣᠷᠣᠨ᠎ᠤ ᠨᠠᠰᠤᠵᠢᠯ᠎ᠤᠨ ᠦᠢᠯᠡᠴᠢᠯᠡᠭᠡᠨ᠎ᠤ ᠲᠦᠭᠦᠬᠡᠷᠦᠮᠵᠢ᠎ᠶ᠋ᠢ ᠬᠦᠴᠦᠯᠡᠨ ᠪᠣᠶ ᠪᠣᠯᠭᠠᠵᠤ᠂ ᠨᠠᠰᠤᠲᠠᠢᠴᠤᠳ᠎ᠲᠤ ᠬᠤᠭᠤᠯᠠ ᠤᠮᠳᠠ ᠬᠠᠩᠭᠠᠬᠤ᠂ ᠠᠷᠢᠭᠤᠨ ᠴᠡᠪᠡᠷ ᠢ᠋ ᠪᠠᠲᠤᠯᠠᠬᠤ᠂ ᠵᠤᠭ᠎ᠠ ᠴᠡᠩᠭᠡᠯ ᠬᠦᠷᠲᠡᠭᠡᠬᠦ᠂ ᠪᠠᠴᠢᠮ ᠠᠪᠤᠷᠠᠨ ᠲᠤᠰᠠᠯᠠᠬᠤ ᠵᠡᠷᠭᠡ ᠨᠠᠰᠤᠵᠢᠯ᠎ᠤᠨ ᠦᠢᠯᠡᠴᠢᠯᠡᠭᠡ ᠬᠠᠩᠭᠠᠵᠤ ᠪᠠᠢᠨ᠎ᠠ᠃

ᠵᠠᠭ᠍ᠪᠤᠷ᠎ᠤᠨ ᠱᠢᠨ᠎ᠡ᠎ᠶ᠋ᠢ ᠡᠭᠦᠳᠴᠦ᠍᠂ ᠮᠠᠯᠵᠢᠬᠤ ᠣᠷᠣᠨ᠎ᠤ ᠨᠠᠰᠤᠵᠢᠯ᠎ᠤᠨ ᠠᠰᠠᠷᠠᠮᠵᠢ᠎ᠶ᠋ᠢᠨ ᠠᠷᠭ᠎ᠠ ᠬᠡᠯᠪᠡᠷᠢ ᠵᠢ ᠰᠦᠪᠡᠭ᠌ᠴᠢᠯᠡᠪᠡ᠃ ᠠᠷᠤ ᠬᠤᠷᠴᠢᠨ ᠬᠤᠱᠢᠭᠤ 《ᠮᠣᠷᠢᠨ ᠨᠢᠷᠤᠭᠤᠨ ᠳᠡᠭᠡᠷᠡᠬᠢ》 ᠨᠠᠰᠤᠵᠢᠯ᠎ᠤᠨ ᠠᠰᠠᠷᠠᠮᠵᠢ᠎ᠶ᠋ᠢᠨ ᠱᠢᠨ᠎ᠡ ᠠᠷᠭ᠎ᠠ ᠵᠠᠮ᠎ᠢ ᠬᠠᠢᠨ ᠰᠦᠪᠡᠭ᠌ᠴᠢᠯᠡᠬᠦ᠌᠎ᠶ᠋ᠢ ᠵᠣᠷᠢᠭ᠍ᠵᠢᠭᠤᠯᠤᠨ ᠳᠡᠮᠵᠢᠵᠦ᠍᠂ ᠮᠠᠯᠵᠢᠬᠤ ᠣᠷᠣᠨ᠎ᠤ 《3 + 2 + 1》 ᠨᠡᠭᠦᠳᠡᠯ ᠨᠠᠰᠤᠵᠢᠯ᠎ᠤᠨ ᠠᠰᠠᠷᠠᠮᠵᠢ᠎ᠶ᠋ᠢᠨ ᠱᠢᠨ᠎ᠡ ᠵᠠᠭ᠍ᠪᠤᠷ᠎ᠢ ᠡᠭᠦᠳᠦᠨ ᠪᠠᠢᠭᠤᠯᠵᠤ᠂ ᠨᠠᠮ᠎ᠤᠨ ᠪᠠᠢᠭᠤᠯᠤᠯᠲᠠ᠎ᠪᠠᠷ ᠬᠥᠲᠥᠯᠦᠨ ᠳᠠᠭᠠᠭᠤᠯᠬᠤ᠎ᠪᠠᠷ ᠳᠠᠮᠵᠢᠭᠤᠯᠤᠨ᠂ ᠨᠠᠰᠤᠵᠢᠯ᠎ᠤᠨ ᠦᠢᠯᠡᠴᠢᠯᠡᠭᠡᠨ᠎ᠤ ᠥᠷᠲᠡᠭᠡ᠂ ᠵᠣᠯ ᠵᠢᠷᠭᠠᠯᠲᠤ ᠬᠠᠷᠢᠯᠴᠠᠨ ᠬᠠᠪᠰᠤᠷᠤᠯᠴᠠᠬᠤ ᠬᠦᠷᠢᠶᠡᠯᠡᠩ᠂ ᠨᠡᠭᠦᠳᠡᠯ ᠦᠢᠯᠡᠴᠢᠯᠡᠭᠡᠨ᠎ᠤ ᠥᠷᠲᠡᠭᠡ ᠵᠡᠷᠭᠡ 《ᠭᠤᠷᠪᠠᠨ ᠵᠢᠭ᠍ᠰᠠᠭᠠᠯ᠎ᠤᠨ ᠭᠠᠵᠠᠷ》 ᠤ᠋ᠨ ᠪᠥᠲᠥᠭᠡᠨ ᠪᠠᠢᠭᠤᠯᠤᠯᠲᠠ᠎ᠶ᠋ᠢ ᠠᠬᠢᠭᠤᠯᠪᠠ; ᠨᠠᠷᠢᠯᠢᠭ ᠣᠨᠣᠪᠴᠢᠳᠠᠢ᠎ᠪᠠᠷ ᠪᠠᠢᠴᠠᠭᠠᠨ ᠵᠢᠭ᠍ᠰᠠᠭᠠᠬᠤ᠎ᠪᠠᠷ ᠳᠠᠮᠵᠢᠭᠤᠯᠤᠨ᠂ ᠬᠠᠷᠢᠯᠴᠠᠨ ᠬᠠᠪᠰᠤᠷᠤᠯᠴᠠᠬᠤ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠩᠭᠢ᠂ ᠨᠡᠭᠦᠳᠡᠯ ᠰᠠᠢᠨ ᠳᠤᠷ᠎ᠠ᠎ᠶ᠋ᠢᠨ ᠦᠢᠯᠡᠴᠢᠯᠡᠭᠡᠨ᠎ᠤ ᠠᠩᠭᠢ᠎ᠶ᠋ᠢᠨ《ᠬᠤᠶᠠᠷ ᠡᠩᠨᠡᠭᠡ》 ᠵᠢᠨ ᠪᠠᠢᠭᠤᠯᠤᠯᠲᠠ᠎ᠶ᠋ᠢ ᠠᠬᠢᠭᠤᠯᠪᠠ; ᠬᠤᠷᠠᠮᠳᠤᠯ ᠬᠤᠪᠢ ᠪᠡᠷ ᠤᠷᠮᠠᠱᠢᠭᠤᠯᠬᠤ ᠲᠣᠭ᠍ᠲᠠᠴᠠ᠎ᠪᠠᠷ ᠳᠠᠮᠵᠢᠭᠤᠯᠤᠨ᠂ ᠨᠠᠰᠤᠵᠢᠯ᠎ᠤᠨ ᠠᠰᠠᠷᠠᠮᠵᠢ᠎ᠶ᠋ᠢᠨ ᠬᠤᠪᠢ ᠬᠤᠷᠠᠮᠳᠤᠭᠤᠯᠵᠤ ᠬᠡᠲᠦ ᠳᠡᠯᠭᠡᠭᠦᠷ ᠡᠴᠡ ᠡᠳ᠋ ᠪᠤᠳᠠᠰ ᠰᠤᠯᠢᠬᠤ  ᠪᠠᠢᠭᠤᠯᠤᠯᠲᠠ᠎ᠶ᠋ᠢ ᠠᠬᠢᠭᠤᠯᠵᠠᠢ᠃ ᠬᠠᠷᠢᠯᠴᠠᠨ ᠬᠠᠪᠰᠤᠷᠤᠯᠴᠠᠬᠤ ᠦᠢᠯᠡᠴᠢᠯᠡᠭᠡ᠎ᠪᠠᠷ ᠭᠤᠣᠯ ᠴᠣᠭ᠍ᠴᠠ ᠪᠣᠯᠭᠠᠵᠤ᠂ ᠨᠡᠭᠦᠳᠡᠯ ᠦᠢᠯᠡᠴᠢᠯᠡᠭᠡ᠎ᠪᠠᠷ ᠨᠥᠬᠦᠪᠥᠷᠢ ᠪᠣᠯᠭᠠᠨ᠂ ᠬᠤᠪᠢ ᠬᠤᠷᠠᠮᠳᠤᠭᠤᠯᠵᠤ ᠱᠠᠩᠨᠠᠨ ᠬᠥᠬᠢᠭᠦᠯᠬᠦ᠌᠎ᠪᠠᠷ ᠪᠠᠲᠤᠯᠠᠭ᠎ᠠ ᠪᠣᠯᠭᠠᠭ᠍ᠰᠠᠨ ᠦᠢᠯᠡᠴᠢᠯᠡᠭᠡᠨ᠎ᠤ ᠱᠢᠰᠲ᠋ᠧᠮ᠎ᠤᠨ ᠱᠢᠨ᠎ᠡ᠎ᠶ᠋ᠢ ᠡᠭᠦᠳᠴᠦ᠍᠂ ᠤᠷᠢᠳ ᠵᠢᠡᠷ ᠲᠤᠷᠱᠢᠯᠲᠠ ᠬᠢᠬᠦ᠂ ᠠᠯᠬᠤᠮ ᠠᠯᠬᠤᠮ᠎ᠢᠶᠠᠷ ᠳᠡᠯᠭᠡᠷᠡᠭᠦᠯᠬᠦ᠌ ᠵᠠᠷᠴᠢᠮ ᠶᠣᠰᠣᠭᠠᠷ᠂ ᠪᠠᠶᠬᠠᠦ᠋ᠨᠳᠦᠷ ᠰᠤᠮᠤ᠎ᠶ᠋ᠢ ᠮᠠᠯᠵᠢᠬᠤ ᠣᠷᠣᠨ᠎ᠤ ᠬᠡᠷ ᠵᠠᠭᠤᠷ᠎ᠠ ᠵᠢᠨ ᠨᠠᠰᠤᠵᠢᠯ ᠤ᠋ᠨ ᠦᠢᠯᠡᠴᠢᠯᠡᠬᠡ ᠬᠠᠩᠭᠠᠬᠤ ᠲᠤᠷᠱᠢᠯᠲᠠ᠎ᠶ᠋ᠢᠨ ᠴᠡᠭ ᠪᠣᠯᠭᠠᠨ ᠪᠥᠬᠦ᠌ ᠲᠠᠯ᠎ᠠ᠎ᠪᠠᠷ ᠴᠤᠭᠴᠠᠯᠠᠵᠤ᠂ ᠭᠡᠷ ᠲᠡᠭᠡᠨ ᠦᠯᠡᠳᠡᠵᠦ ᠬᠤᠴᠣᠷᠤᠭ᠍ᠰᠠᠨ᠂ ᠦᠷ᠎ᠡ ᠬᠡᠤᠬᠡᠳ᠎ᠢᠶᠠᠨ ᠳᠠᠭᠠᠵᠤ ᠨᠡᠭᠦᠳᠡᠯᠯᠡᠨ ᠮᠠᠯᠵᠢᠵᠤ ᠪᠠᠢᠭ᠎ᠠ ᠪᠠ ᠣᠷᠳᠣ ᠬᠤᠭᠤᠴᠠᠭ᠎ᠠ᠎ᠪᠠᠷ ᠬᠡᠷ᠎ᠲᠡᠭᠡᠨ ᠰᠠᠭᠤᠬᠤ ᠵᠡᠷᠭᠡ ᠠᠳᠠᠯᠢ ᠪᠤᠰᠤ ᠲᠥᠷᠥᠯ ᠬᠡᠯᠪᠡᠷᠢ᠎ᠶ᠋ᠢᠨ ᠨᠠᠰᠤᠲᠠᠢᠴᠤᠳ᠎ᠤᠨ ᠣᠯᠠᠨ ᠡᠱᠢᠵᠢᠭ᠌ᠰᠡᠨ ᠨᠠᠰᠤᠵᠢᠯ᠎ᠤᠨ ᠠᠰᠠᠷᠠᠮᠵᠢ᠎ᠶ᠋ᠢᠨ ᠬᠡᠷᠡᠭ᠌ᠴᠡᠭᠡ᠎ᠶ᠋ᠢ ᠪᠦᠲᠦᠮᠵᠢᠲᠡᠶ ᠬᠠᠩᠭᠠᠪᠠ᠃ ᠣᠳᠣᠬᠠᠨ ᠪᠣᠯᠲᠠᠯ᠎ᠠ ᠮᠠᠯᠵᠢᠬᠤ ᠣᠷᠣᠨ᠎ᠤ ᠬᠡᠷ ᠵᠠᠭᠤᠷ᠎ᠠ ᠵᠢᠨ ᠨᠠᠰᠤᠵᠢᠯ ᠤ᠋ᠨ ᠦᠢᠯᠡᠴᠢᠯᠡᠭᠡ ᠵᠢ 4358 ᠤᠳᠠᠭ᠎ᠠ ᠥᠷᠨᠢᠭᠦᠯᠵᠦ᠍᠂ 300 ᠨᠠᠰᠤᠲᠠᠨ ᠳ᠋ᠦ ᠠᠱᠢᠭ ᠬᠦᠷᠲᠡᠭᠡᠵᠦ᠍᠂ ᠨᠠᠰᠤᠵᠢᠯ᠎ᠤᠨ ᠠᠰᠠᠷᠠᠮᠵᠢ᠎ᠶ᠋ᠢᠨ ᠬᠤᠷᠠᠮᠳᠤᠯ ᠬᠤᠪᠢ ᠵᠢ 8000 ᠬᠤᠪᠢ ᠬᠤᠷᠠᠮᠳᠤᠭᠤᠯᠵᠤ᠂ ᠪᠥᠬᠦ᠌ ᠬᠤᠲᠠ᠎ᠶ᠋ᠢᠨ ᠮᠠᠯᠵᠢᠬᠤ ᠣᠷᠣᠨ᠎ᠤ ᠨᠠᠰᠤᠵᠢᠯ᠎ᠤᠨ ᠠᠰᠠᠷᠠᠮᠵᠢ᠎ᠳᠤ ᠠᠱᠢᠭ᠍ᠲᠠᠶ ᠯᠠᠪᠯᠠᠯᠲᠠ ᠬᠠᠩᠭᠠᠭ᠍ᠰᠠᠨ ᠪᠠᠢᠨ᠎ᠠ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠢᠡᠷ ᠬᠦᠴᠦᠨ ᠴᠢᠳᠠᠪᠤᠷᠢ ᠣᠯᠭᠣᠵᠤ᠂ ᠣᠶᠤᠨᠴᠢ ᠨᠠᠰᠤᠵᠢᠯ ᠤ᠋ᠨ ᠦᠢᠯᠡᠴᠢᠯᠡᠬᠡ ᠳ᠋ᠤ ᠬᠦᠴᠦᠨ ᠨᠡᠮᠡᠷᠢᠯᠡᠪᠡ᠃ ᠤᠯᠠᠭᠠᠨᠬᠠᠳᠠ ᠬᠤᠲᠠ᠎ᠶ᠋ᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠣᠶᠤᠨᠴᠢ ᠨᠠᠰᠤᠵᠢᠯ᠎ᠤᠨ ᠦᠢᠯᠡᠴᠢᠯᠡᠭᠡᠨ᠎ᠤ ᠲᠠᠪᠴᠠᠩ ᠪᠠᠢᠭᠤᠯᠵᠤ᠂ ᠣᠶᠤᠨᠴᠢ ᠦᠢᠯᠡᠴᠢᠯᠡᠭᠡ᠎ᠪᠠᠷ ᠨᠠᠩ ᠣᠯᠠᠨ ᠨᠠᠰᠤᠲᠠᠢᠴᠤᠳ᠎ᠲᠤ ᠠᠱᠢᠭ ᠬᠦᠷᠲᠡᠭᠡᠪᠡ᠃ ᠲᠣᠰ ᠲᠠᠪᠴᠠᠩ᠎ᠳᠤ ᠬᠡᠷ ᠵᠠᠭᠤᠷ᠎ᠠ ᠵᠢᠨ ᠨᠠᠰᠤᠵᠢᠯ ᠤ᠋ᠨ ᠠᠰᠠᠷᠠᠮᠵᠢ᠂ ᠪᠠᠢᠭᠤᠯᠤᠮᠵᠢ᠎ᠶ᠋ᠢᠨ ᠨᠠᠰᠤᠵᠢᠯ᠎ᠤᠨ ᠠᠰᠠᠷᠠᠮᠵᠢ᠂ ᠵᠢᠭᠤᠯᠴᠢᠯᠠᠨ ᠰᠠᠭᠤᠷᠢᠰᠢᠬᠤ ᠨᠠᠰᠤᠵᠢᠯ ᠤ᠋ᠨ ᠠᠰᠠᠷᠠᠮᠵᠢ᠂ ᠨᠠᠰᠤᠳᠠᠢᠴᠤᠳ ᠤ᠋ᠨ ᠬᠤᠭᠤᠯᠠ ᠤᠮᠳᠠ ᠵᠢᠨ ᠦᠢᠯᠡᠴᠢᠯᠡᠬᠡ᠂ ᠨᠠᠰᠤᠵᠢᠯ᠎ᠤᠨ ᠠᠰᠠᠷᠠᠮᠵᠢ᠎ᠶ᠋ᠢ ᠰᠦᠯᠵᠢᠶᠡᠨ ᠳᠡᠭᠡᠷ᠎ᠡ ᠭᠦᠢᠴᠡᠳᠭᠡᠬᠦ᠌ ᠵᠡᠷᠭᠡ ᠣᠯᠠᠨ ᠵᠦᠢᠯ᠎ᠤᠨ ᠪᠣᠳᠠᠲᠤ ᠬᠡᠷᠡᠭ᠌ᠯᠡᠭᠡᠨ᠎ᠤ ᠦᠢᠯᠡᠴᠢᠯᠡᠭᠡᠨ᠎ᠤ ᠬᠡᠰᠡᠭ᠎ᠢ ᠬᠠᠮᠤᠷᠴᠤ᠌᠂ 《ᠨᠢᠭᠡ ᠥᠷᠲᠡᠭᠡᠴᠢᠯᠡᠭᠰᠡᠨ ᠮᠠᠶᠢᠭ》 ᠵᠢᠡᠷ ᠨᠠᠰᠤᠲᠠᠢᠴᠤᠳ ᠵᠢᠴᠢ ᠲᠡᠭᠦᠨ ᠤ᠋ ᠬᠡᠷ ᠪᠦᠯᠢ᠎ᠶ᠋ᠢᠨ᠎ᠬᠢᠨ᠎ᠤ ᠲᠣᠬᠢᠷᠠᠮᠵᠢᠲᠠᠶ ᠨᠠᠰᠤᠵᠢᠯ᠎ᠤᠨ ᠠᠰᠠᠷᠠᠮᠵᠢ᠎ᠶ᠋ᠢᠨ ᠪᠠᠢᠭᠤᠯᠤᠮᠵᠢ ᠰᠣᠩᠭᠤᠬᠤ᠂ ᠨᠠᠰᠤᠵᠢᠯ᠎ᠤᠨ ᠠᠰᠠᠷᠠᠮᠵᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢᠨ ᠬᠦᠳᠡᠯᠦᠩᠭᠦᠢ ᠪᠠᠢᠳᠠᠯ᠎ᠢ ᠣᠢᠯᠠᠭᠠᠬᠤ᠂ ᠨᠠᠰᠤᠲᠠᠢᠴᠤᠳ ᠲᠤ᠌ ᠲᠤᠬᠢᠷᠠᠬᠤ ᠪᠦᠲᠦᠭᠡᠭᠳᠡᠬᠦᠨ ᠰᠣᠩᠭᠤᠬᠤ ᠵᠡᠷᠭᠡ ᠣᠯᠠᠨ ᠶᠠᠩᠵᠤᠴᠢᠯᠠᠭᠰᠠᠨ ᠬᠡᠷᠡᠭ᠌ᠴᠡᠭᠡ ᠱᠠᠭᠠᠷᠳᠠᠯᠭ᠎ᠠ᠎ᠶ᠋ᠢ ᠬᠠᠩᠭᠠᠵᠤ ᠪᠤᠢ᠃ ᠡᠭᠦᠨ᠎ᠠᠴᠠ ᠭᠠᠳᠠᠨ᠎ᠠ᠂ 《ᠤᠯᠠᠭᠠᠨᠬᠠᠳᠠ᠎ᠶ᠋ᠢᠨ ᠨᠠᠰᠤᠵᠢᠯ᠎ᠤᠨ ᠠᠰᠠᠷᠠᠮᠵᠢ》 ᠭᠠᠷ ᠤᠲᠠᠰᠤᠨ᠎ᠤ ᠳᠦᠭᠦᠮ ᠰᠤᠹᠲ ᠢ᠋ ᠵᠡᠷᠭᠡ ᠪᠠᠷ ᠨᠡᠪᠲᠡᠷᠡᠭᠦᠯᠵᠦ᠍᠂ ᠭᠡᠵᠢᠶ᠎ᠡ ᠬᠠᠮᠢᠭ᠎ᠠ ᠭᠡᠰᠡᠨ ᠦᠭᠡᠢ 《ᠨᠠᠰᠤᠵᠢᠯ᠎ᠤᠨ ᠠᠰᠠᠷᠠᠮᠵᠢ᠎ᠶ᠋ᠢᠨ ᠦᠢᠯᠡᠴᠢᠯᠡᠭᠡ ᠬᠦᠷᠲᠡᠵᠦ ᠳᠡᠢᠯᠬᠦ 》 ᠶ᠋ᠢ ᠦᠨᠡᠨ ᠬᠦ᠌ ᠪᠡᠶᠡᠯᠡᠭᠦᠯᠪᠡ᠃

ᠣᠯᠠᠨ ᠲᠠᠯ᠎ᠠ᠎ᠪᠠᠷ ᠴᠢᠳᠠᠪᠤᠷᠢᠲᠠᠨ ᠬᠦᠮᠦᠵᠢᠭᠦᠯᠵᠦ᠍᠂ ᠴᠢᠳᠠᠪᠤᠷᠢᠲᠠᠨ᠎ᠤ ᠡᠩᠨᠡᠭᠡ᠎ᠶ᠋ᠢ ᠪᠠᠢᠭᠤᠯᠤᠨ ᠲᠡᠭᠦᠯᠳᠡᠷᠵᠢᠭᠦᠯᠪᠡ᠃ ᠶᠡᠬᠡ ᠳᠡᠭᠡᠳᠦ ᠰᠤᠷᠭᠠᠭᠤᠯᠢ᠎ᠶ᠋ᠢᠨ ᠴᠢᠳᠠᠪᠤᠷᠢᠲᠠᠨ ᠬᠥᠮᠥᠵᠢᠭᠦᠯᠬᠦ᠂ ᠨᠡᠢᠭᠡᠮ᠎ᠤᠨ ᠦᠢᠯᠡᠴᠢᠯᠡᠭᠡ ᠵᠡᠷᠭᠡ ᠲᠠᠯ᠎ᠠ᠎ᠪᠠᠷ᠎ᠬᠢ ᠲᠤᠰᠭᠠᠢ ᠮᠡᠷᠭᠡᠵᠢᠯ᠎ᠤᠨ ᠳᠠᠪᠠᠭᠤᠯᠢᠭ᠎ᠢ ᠪᠠᠳᠠᠷᠠᠭᠤᠯᠵᠤ᠂ ᠤᠯᠠᠭᠠᠨᠬᠠᠳᠠ ᠳᠡᠭᠡᠳᠦ ᠰᠤᠷᠭᠠᠭᠤᠯᠢ᠂ ᠤᠯᠠᠭᠠᠨᠬᠠᠳᠠ᠎ᠶ᠋ᠢᠨ ᠬᠡᠷᠡᠭ᠌ᠯᠡᠭᠡᠨ᠎ᠤ ᠮᠡᠷᠭᠡᠵᠢᠯ᠎ᠤᠨ ᠠᠵᠢᠯ ᠮᠡᠷᠭᠡᠵᠢᠯ᠎ᠤᠨ ᠳᠡᠭᠡᠳᠦ ᠰᠤᠷᠭᠠᠭᠤᠯᠢ᠎ᠳᠤ ᠥᠪᠡᠷᠲᠡᠭᠡᠨ ᠵᠠᠰᠠᠬᠤ ᠣᠷᠣᠨ᠎ᠤ ᠨᠠᠰᠤᠵᠢᠯ᠎ᠤᠨ ᠦᠢᠯᠡᠴᠢᠯᠡᠭᠡᠨ᠎ᠤ ᠴᠢᠳᠠᠪᠤᠷᠢᠲᠠᠨ᠎ᠢ ᠬᠥᠮᠥᠵᠢᠭᠦᠯᠬᠦ᠌ ᠰᠠᠭᠤᠷᠢᠨ ᠭᠠᠵᠠᠷ ᠪᠠᠢᠭᠤᠯᠤᠨ᠂ ᠤᠯᠠᠭᠠᠨᠬᠠᠳᠠ ᠬᠤᠲᠠ᠎ᠶ᠋ᠢᠨ ᠨᠡᠢᠭᠡᠮ᠎ᠤᠨ ᠠᠰᠠᠷᠠᠮᠵᠢ᠎ᠶ᠋ᠢᠨ ᠬᠦᠷᠢᠶᠡᠯᠡᠩ᠂ ᠰᠦᠩᠱᠠᠨ ᠲᠣᠭᠤᠷᠢᠭ᠎ᠤᠨ ᠱᠦ᠍ ᠱᠢᠨ ᠨᠠᠰᠤᠲᠠᠢᠴᠤᠳ᠎ᠤᠨ ᠨᠡᠢᠲᠡ᠎ᠶ᠋ᠢᠨ ᠪᠠᠢᠷᠢ᠎ᠶ᠋ᠢ ᠪᠥᠬᠦ᠌ ᠣᠷᠣᠨ᠎ᠤ ᠨᠠᠰᠤᠲᠠᠢᠴᠤᠳ ᠎ᠦᠨ ᠠᠰᠠᠷᠠᠭ᠍ᠴᠢ᠎ᠶ᠋ᠢᠨ ᠪᠣᠯᠪᠠᠰᠤᠷᠠᠯ᠎ᠤᠨ ᠰᠠᠭᠤᠷᠢᠨ ᠪᠣᠯᠭᠠᠵᠤ᠂ ᠨᠠᠰᠤᠵᠢᠯ᠎ᠤᠨ ᠦᠢᠯᠡᠴᠢᠯᠡᠭᠡᠨ᠎ᠤ ᠲᠤᠰᠬᠠᠢᠵᠢᠭᠰᠠᠨ ᠴᠢᠳᠠᠪᠤᠷᠢᠲᠠᠨ᠎ᠤ ᠡᠩᠨᠡᠭᠡ᠎ᠶ᠋ᠢ ᠬᠥᠮᠥᠵᠢᠭᠦᠯᠪᠠ᠃ ᠵᠠᠰᠠᠭ᠎ᠤᠨ ᠣᠷᠳᠣᠨ ᠡᠴᠡ ᠦᠢᠯᠡᠴᠢᠯᠡᠭᠡ ᠬᠤᠳᠠᠯᠳᠤᠨ ᠠᠪᠬᠤ ᠲᠥᠷᠥᠯ ᠵᠦᠢᠯ᠎ᠳᠤ ᠲᠦᠱᠢᠭ᠌ᠯᠡᠨ᠂ ᠬᠥᠳᠡᠭᠡ ᠲᠣᠰᠭᠤᠨ᠎ᠤ ᠪᠤᠭᠤᠷᠤᠯᠴᠤᠳ ᠤ᠋ᠨ ᠵᠥᠪᠯᠡᠭ᠌ᠴᠢ᠎ᠶ᠋ᠢᠨ ᠠᠵᠢᠯᠯᠠᠭ᠎ᠠ᠎ᠶ᠋ᠢ ᠲᠤᠷᠱᠢᠨ ᠥᠷᠨᠢᠭᠦᠯᠵᠦ᠍᠂ ᠲᠤᠷᠱᠢᠯᠲᠠ᠎ᠶ᠋ᠢᠨ ᠭᠠᠵᠠᠷ ᠣᠷᠣᠨ᠎ᠳᠤ 1 ᠵᠥᠪᠯᠡᠭ᠌ᠴᠢ ᠡᠴᠡ 1 - 2 ᠭᠠᠴᠠᠭ᠎ᠠ ᠲᠣᠰᠭᠤᠨ(ᠨᠡᠢᠬᠡᠮ ᠲᠤᠭᠤᠷᠢᠭ) ᠢ᠋ ᠬᠠᠷᠢᠭᠤᠴᠠᠵᠤ᠂ ᠨᠠᠰᠤᠲᠠᠢᠴᠤᠳ᠎ᠤᠨ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠂ ᠬᠠᠩᠭᠠᠯᠭ᠎ᠠ ᠬᠡᠷᠡᠭ᠌ᠴᠡᠭᠡ᠎ᠶ᠋ᠢ ᠵᠣᠯᠭᠠᠭᠤᠯᠬᠤ ᠵᠡᠷᠭᠡ ᠦᠨᠳᠦᠰᠦᠨ ᠨᠠᠰᠤᠵᠢᠯ᠎ᠤᠨ ᠦᠢᠯᠡᠴᠢᠯᠡᠭᠡ᠎ᠶ᠋ᠢ ᠨᠢᠭᠡᠳᠦᠯᠲᠡᠶ ᠲᠥᠯᠥᠪᠯᠡᠨ ᠰᠠᠢᠲᠤᠷ ᠬᠢᠵᠦ ᠪᠠᠢᠨ᠎ᠠ᠃

ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠤᠯᠠᠨ ᠡᠱᠢᠵᠢᠭᠰᠡᠨ ᠦᠢᠯᠡᠴᠢᠯᠡᠭᠡ ᠬᠠᠩᠭᠠᠪᠠ᠃ ᠮᠠᠯᠵᠢᠬᠤ ᠲᠠᠷᠢᠶᠠᠯᠠᠬᠤ ᠣᠷᠣᠨ᠎ᠤ ᠡᠮ ᠡᠮᠨᠡᠯᠭᠡ᠎ᠶ᠋ᠢᠨ ᠦᠢᠯᠡᠴᠢᠯᠡᠭᠡᠨ᠎ᠤ ᠲᠠᠯ᠎ᠠ᠎ᠪᠠᠷ᠂ ᠨᠠᠰᠤᠵᠢᠯ᠎ᠤᠨ ᠦᠢᠯᠡᠴᠢᠯᠡᠭᠡᠨ᠎ᠤ ᠲᠥᠬᠦᠭᠡᠷᠦᠮᠵᠢ᠎ᠶ᠋ᠢᠨ ᠪᠠᠢᠷᠢᠱᠢᠭᠤᠯᠤᠯᠲᠠ᠎ᠶ᠋ᠢ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠬᠤᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠲᠠᠢ ᠬᠤᠯᠪᠣᠭᠠᠯᠠᠨ ᠡᠮ ᠡᠮᠨᠡᠯᠭᠡ ᠡᠷᠡᠭᠦᠯ ᠬᠠᠮᠠᠭᠠᠯᠠᠯ᠎ᠤᠨ ᠪᠠᠢᠭᠤᠯᠤᠮᠵᠢ ᠪᠠ ᠨᠠᠰᠤᠵᠢᠯ᠎ᠤᠨ ᠪᠠᠢᠭᠤᠯᠤᠮᠵᠢ᠎ᠶ᠋ᠢᠨ ᠬᠠᠮᠲᠤᠷᠠᠯᠴᠠᠭ᠎ᠠ᠎ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠵᠦ᠍᠂ ᠨᠠᠰᠤᠲᠠᠢᠴᠤᠳ᠎ᠲᠤ ᠴᠢᠨᠠᠷ ᠰᠠᠢᠲᠠᠶ ᠥᠨᠳᠥᠷ ᠪᠦᠲᠦᠮᠵᠢᠲᠡᠶ ᠡᠮᠴᠢᠯᠡᠭᠡ ᠰᠤᠪᠢᠯᠠᠯᠲᠠ᠎ᠶ᠋ᠢ ᠤᠶᠠᠯᠳᠤᠭᠤᠯᠤᠭᠰᠠᠨ ᠦᠢᠯᠡᠴᠢᠯᠡᠭᠡ ᠬᠠᠩᠭᠠᠵᠤ ᠪᠤᠢ; ᠮᠠᠯᠵᠢᠬᠤ ᠲᠠᠷᠢᠶᠠᠯᠠᠬᠤ ᠣᠷᠣᠨ᠎ᠤ ᠨᠠᠰᠤᠲᠠᠢᠴᠤᠳ᠎ᠢ ᠬᠠᠯᠠᠮᠵᠢᠯᠠᠨ ᠬᠠᠢᠷᠠᠯᠠᠬᠤ ᠲᠠᠯ᠎ᠠ᠎ᠪᠠᠷ᠂ ᠠᠷᠠᠳ᠎ᠤᠨ ᠶᠠᠪᠤᠳᠠᠯ᠎ᠤᠨ ᠠᠵᠢᠯᠲᠠᠨ᠂ ᠬᠥᠳᠡᠭᠡ ᠲᠣᠰᠭᠤᠨ᠎ᠤ ᠪᠤᠭᠤᠷᠤᠯᠴᠤᠳ ᠤ᠋ᠨ ᠵᠥᠪᠯᠡᠭ᠌ᠴᠢ᠂ ᠰᠠᠢᠨ ᠳᠤᠷᠠᠴᠤᠳ ᠵᠡᠷᠬᠡ ᠵᠢ ᠵᠤᠬᠢᠶᠠᠨ ᠪᠠᠢᠭᠤᠯᠤᠨ ᠭᠡᠷ ᠲᠡᠭᠡᠨ ᠦᠯᠡᠳᠡᠵᠦ ᠬᠤᠴᠣᠷᠤᠭ᠍ᠰᠠᠨ᠂ ᠥᠨᠳᠥᠷ ᠨᠠᠰᠤᠲᠠᠶ᠂ ᠴᠢᠳᠠᠯ ᠲᠡᠩᠬᠡᠭᠡ᠎ᠦᠬᠡᠢ ᠵᠡᠷᠭᠡ ᠣᠨᠴᠠᠭᠠᠶ ᠬᠦᠴᠢᠷᠳᠡᠯᠲᠡᠶ ᠨᠠᠰᠤᠲᠠᠢᠴᠤᠳ ᠢ᠋ ᠲᠣᠭ᠍ᠲᠠᠮᠠᠯ ᠬᠤᠭᠤᠴᠠᠭ᠎ᠠ᠎ᠲᠠᠢ᠎ᠪᠠᠷ ᠡᠷᠬᠢᠨ ᠦᠵᠡᠬᠦ ᠵᠢᠨ ᠬᠠᠮᠲᠤ ᠪᠣᠳᠠᠲᠤ ᠪᠠᠢᠳᠠᠯ ᠢ᠋ ᠦᠨᠳᠦᠰᠦᠯᠡᠨ ᠲᠤᠰᠠᠯᠠᠬᠤ ᠠᠵᠢᠯᠯᠠᠭ᠎ᠠ ᠥᠷᠨᠢᠭᠦᠯᠵᠦ ᠪᠤᠢ; ᠮᠠᠯᠵᠢᠬᠤ ᠲᠠᠷᠢᠶᠠᠯᠠᠬᠤ ᠣᠷᠣᠨ᠎ᠤ ᠨᠠᠰᠤᠲᠠᠢᠴᠤᠳ᠎ᠤᠨ ᠰᠣᠶᠣᠯ ᠪᠡᠶ᠎ᠡ᠎ᠶ᠋ᠢᠨ ᠲᠠᠮᠢᠷ ᠵᠤᠭ᠎ᠠ ᠴᠡᠩᠭᠡᠯ᠎ᠤᠨ ᠲᠠᠯ᠎ᠠ᠎ᠪᠠᠷ᠂ ᠨᠠᠰᠤᠵᠢᠯ᠎ᠤᠨ ᠦᠢᠯᠡᠴᠢᠯᠡᠭᠡᠨ᠎ᠤ ᠲᠦᠭᠦᠬᠡᠷᠦᠮᠵᠢ᠎ᠳᠤ ᠲᠦᠱᠢᠭ᠌ᠯᠡᠨ ᠣᠯᠠᠨ ᠴᠢᠳᠠᠮᠵᠢᠲᠤ ᠠᠵᠢᠯᠯᠠᠭᠠᠨ᠎ᠤ ᠲᠣᠭᠤᠷᠢᠭ ᠭᠠᠷᠭᠠᠵᠤ᠂ ᠨᠠᠰᠤᠲᠠᠢᠴᠤᠳ᠎ᠤᠨ ᠶᠠᠩᠭᠠᠷ ᠪᠦᠵᠢᠭ᠎ᠤᠨ ᠠᠩᠭᠢ᠂ ᠰᠢ ᠲᠠᠭᠤᠷᠢᠯᠢᠭ ᠤ᠋ᠨ ᠠᠩᠭᠢ᠂ ᠠᠭᠤᠳᠠᠮ ᠲᠠᠯᠠᠪᠠᠶ᠎ᠶ᠋ᠢᠨ ᠪᠥᠵᠢᠭ᠎ᠤᠨ ᠠᠩᠭᠢ ᠵᠡᠷᠭᠡ᠎ᠶ᠋ᠢ ᠵᠣᠬᠢᠶᠠᠨ ᠪᠠᠢᠭᠤᠯᠵᠤ᠂ ᠲᠣᠭ᠍ᠲᠠᠮᠠᠯ ᠬᠤᠭᠤᠴᠠᠭ᠎ᠠ᠎ᠲᠠᠢ᠎ᠪᠠᠷ ᠡᠯ᠎ᠡ ᠲᠥᠷᠥᠯ᠎ᠤᠨ ᠠᠵᠢᠯᠯᠠᠭᠠᠨ ᠥᠷᠨᠢᠭᠦᠯᠵᠦ᠍᠂ ᠨᠠᠰᠤᠲᠠᠢᠴᠤᠳ᠎ᠲᠤ ᠵᠣᠯ ᠵᠢᠷᠭᠠᠯᠲᠤ ᠰᠠᠢᠨ ᠰᠠᠢᠬᠠᠨ ᠥᠲᠡᠯᠦᠭᠡ ᠨᠠᠰᠤᠨ᠎ᠤ ᠠᠮᠢᠳᠤᠷᠠᠯ᠎ᠢ ᠡᠳ᠋ᠯᠡᠭᠦᠯᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号