ᠨᠤᠲᠤᠭ ᠪᠡᠯᠴᠢᠭᠡᠷ ᠤ᠋ᠨ ᠬᠤᠪᠢᠷᠠᠯᠳᠠ
2025-05-13 15:58:24
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

— ᠦᠪᠦᠷ ᠮᠤᠡᠭᠭᠤᠯ ᠤ᠋ᠨ ᠪᠡᠯᠴᠢᠭᠡᠷ᠎ᠦᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ᠌ ᠠᠰᠠᠭᠤᠳᠠᠯ᠎ᠢ ᠱᠢᠶ᠋ᠳᠪᠦᠷᠢᠯᠡᠵᠤ ᠪᠦᠬᠦᠢ ᠰᠢᠨ᠎ᠡ ᠦᠢᠯᠡᠳᠦᠯᠭᠡ (ᠳᠡᠭᠡᠳᠦ)


ᠠᠭᠤᠷ ᠠᠮᠢᠰᠬᠤᠯ ᠳᠤᠯᠠᠭᠠᠷᠠᠬᠤ ᠵᠢ ᠳᠠᠭᠠᠯᠳᠤᠨ ᠨᠤᠲᠤᠭ ᠪᠡᠯᠴᠢᠭᠡᠷ ᠴᠦ᠍ ᠬᠦᠭᠡᠷᠡᠨ ᠨᠤᠭᠤᠭᠠᠷᠠᠵᠤ᠂ ᠦᠪᠦᠷ ᠮᠤᠡᠭᠭᠤᠯ ᠤ᠋ᠨ 9.7 ᠳ᠋ᠦᠩᠱᠢᠭᠤᠷ ᠮᠥ᠍ 《ᠴᠠᠯᠢᠡᠭ ᠲᠠᠢ ᠠᠮᠠᠷᠠᠯᠲᠠ》 ᠪᠠᠨ ᠠᠪᠤᠭᠰᠠᠨ ᠨᠤᠲᠤᠭ ᠪᠡᠯᠴᠢᠭᠡᠷ ᠴᠦ᠍ ᠬᠠᠮᠤᠭ ᠤ᠋ᠨ ᠦᠵᠡᠰᠭᠦᠯᠡᠡᠭᠲᠦ ᠰᠠᠢᠬᠠᠨ ᠴᠠᠭ ᠬᠤᠭᠤᠴᠠᠭ᠎ᠠ ᠪᠠᠨ ᠤᠭᠲᠤᠬᠤ ᠪᠤᠯᠤᠯ᠎ᠠ᠃

ᠥᠪᠥᠷ ᠮᠣᠩᠭᠣᠯ ᠤ᠋ᠨ ᠬᠠᠮᠤᠭ ᠤ᠋ᠨ ᠶᠡᠬᠡ ᠡᠬᠡ ᠬᠠᠭᠤᠷᠠᠢ ᠶ᠋ᠢᠨ ᠠᠮᠢ ᠠᠬᠤᠢ ᠶ᠋ᠢᠨ ᠱᠢᠰᠲ᠋ᠧᠮ ᠪᠣᠯᠤᠭ᠍ᠰᠠᠨ ᠤ᠋ ᠬᠤᠪᠢ᠎ᠳᠤ ᠨᠤᠲᠤᠭ ᠪᠡᠯᠴᠢᠭᠡᠷ ᠪᠣᠯ ᠠᠮᠢ ᠠᠬᠤᠢ ᠶ᠋ᠢᠨ ᠠᠮᠤᠷ ᠲᠦᠪᠱᠢᠨ᠎ᠦ ᠬᠠᠯᠬᠠᠪᠴᠢ ᠶ᠋ᠢᠨ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠮᠦᠨᠴᠦ ᠮᠠᠯ ᠠᠵᠤ ᠠᠬᠤᠢ ᠲᠠᠷᠢᠶᠠᠯᠠᠩ ᠤ᠋ᠨ ᠬᠥᠭ᠌ᠵᠢᠯᠲᠡ ᠶ᠋ᠢᠨ ᠠᠮᠢᠨ ᠰᠤᠳᠠᠰᠤ ᠪᠤᠯᠬᠤ ᠶᠤᠮ᠃

2023 ᠣᠨ ᠤ᠋ 6 ᠰᠠᠷ᠎ᠠ᠎ᠳᠤ᠂ ᠶᠡᠷᠦᠩᠬᠡᠶ ᠱᠦᠵᠢ ᠰᠢ ᠵᠢᠨ ᠫᠢᠩ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠬᠤ᠎ᠳᠠᠭᠠᠨ᠂ ᠶᠡᠷᠦᠩᠬᠡᠶ᠎ᠳᠦᠨᠢ ᠠᠪᠴᠤ᠌ ᠦᠵᠡᠪᠡᠯ ᠥᠪᠥᠷ ᠮᠣᠩᠭᠣᠯ ᠤ᠋ᠨ ᠨᠤᠲᠤᠭ ᠪᠡᠯᠴᠢᠭᠡᠷ ᠲᠦ᠍ ᠨᠢᠭᠡᠨᠲᠡ ᠪᠡᠯᠴᠢᠭᠡᠷ ᠤ᠋ᠨ ᠲᠠᠭᠠᠭᠠᠴᠠ ᠡᠴᠡ ᠭᠡᠳᠤᠷᠠᠳᠠᠯ᠎ᠠ ᠪᠡᠯᠴᠢᠭᠡᠷᠯᠡᠬᠦᠯᠵᠤ ᠪᠠᠢᠨ᠎ᠠ᠂ ᠪᠡᠯᠴᠢᠭᠡᠷ᠎ᠢ ᠠᠮᠠᠷᠠᠭᠤᠯᠬᠤ ᠵᠢ ᠠᠡᠭᠬᠠᠷᠬᠤ ᠴᠢᠬᠤᠯᠠᠳᠠᠢ ᠭᠡᠵᠦ ᠵᠢᠭᠠᠵᠤ ᠭᠠᠷᠭᠠᠪᠠ᠃

2024 ᠣᠨ᠎ᠳᠤ᠂ ᠥᠪᠥᠷ ᠮᠣᠩᠭᠣᠯ ᠪᠡᠯᠴᠢᠭᠡᠷ᠎ᠦᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ᠌ ᠠᠰᠠᠭᠤᠳᠠᠯ᠎ᠢ ᠱᠢᠶ᠋ᠳᠪᠦᠷᠢᠯᠡᠬᠦ᠌ ᠲᠤᠷᠱᠢᠯᠲᠠ ᠶ᠋ᠢᠨ ᠴᠡᠭ ᠤ᠋ᠨ ᠠᠵᠢᠯ᠎ᠢ ᠡᠬᠢᠯᠡᠭᠦᠯᠵᠦ᠍᠂ 17 ᠲᠤᠷᠱᠢᠯᠲᠠ ᠶ᠋ᠢᠨ ᠴᠡᠭ ᠤ᠋ᠨ ᠬᠣᠱᠢᠭᠤ ᠱᠢᠶᠠᠨ ᠤ᠋ ᠮᠠᠯ ᠪᠡᠯᠴᠢᠭᠡᠷ᠎ᠦᠨ ᠲᠡᠩᠴᠡᠭᠦᠷᠢ ᠶ᠋ᠢᠨ ᠵᠢᠭᠠᠯᠲᠠ ᠲᠣᠭ᠎ᠠ 23.9% ᠪᠠᠢᠭ᠍ᠰᠠᠨ᠎ᠠᠴᠠ᠎ᠪᠠᠨ 10% ᠡᠴᠡ ᠳᠤᠷᠤᠭᠰᠢ ᠪᠤᠯᠲᠠᠯ᠎ᠠ ᠪᠠᠭᠤᠷᠠᠵᠤ᠂ ᠪᠥᠬᠥ᠌ ᠣᠷᠣᠨ ᠤ᠋ ᠨᠤᠲᠤᠭ ᠪᠡᠯᠴᠢᠭᠡᠷ᠎ᠦᠨ ᠶᠡᠷᠦᠩᠬᠡᠢᠯᠡᠭ᠌ᠰᠡᠨ ᠤᠷᠭᠤᠮᠠᠯ ᠤ᠋ᠨ ᠬᠤᠴᠢᠯᠭ᠎ᠠ ᠶ᠋ᠢᠨ ᠪᠦᠷᠬᠦᠴᠡ 45% ᠪᠠᠢᠭ᠍ᠰᠠᠨ᠎ᠠᠴᠠ᠎ᠪᠠᠨ 45.5% ᠪᠤᠯᠲᠠᠯ᠎ᠠ ᠳᠡᠭᠡᠭᠰᠢᠯᠡᠪᠡ᠃ 2025 ᠣᠨ᠎ᠳᠤ᠂ ᠪᠡᠯᠴᠢᠭᠡᠷ᠎ᠦᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ᠌ ᠠᠰᠠᠭᠤᠳᠠᠯ᠎ᠢ ᠱᠢᠶ᠋ᠳᠪᠦᠷᠢᠯᠡᠬᠦ᠌᠎ᠳᠡᠭᠡᠨ ᠲᠤᠷᠱᠢᠯᠲᠠ ᠶ᠋ᠢᠨ ᠴᠡᠭ ᠤ᠋ᠨ ᠬᠤᠰᠢᠭᠤ ᠰᠢᠶᠠᠨ᠎ᠡᠴᠡ ᠪᠦᠬᠦ᠌ ᠣᠷᠣᠨ ᠪᠦᠰᠡ ᠲᠠᠢᠰᠢ ᠦᠷᠭᠡᠳᠭᠡᠵᠦ ᠪᠠᠢᠨ᠎ᠠ᠃ ᠨᠤᠲᠤᠭ ᠪᠡᠯᠴᠢᠭᠡᠷ ᠤ᠋ᠨ ᠠᠮᠢ ᠠᠬᠤᠶ ᠶ᠋ᠢᠨ ᠬᠠᠮᠠᠭᠠᠯᠠᠯᠲᠠ ᠪᠣᠯᠤᠨ ᠠᠵᠤ ᠠᠬᠤᠶ ᠶ᠋ᠢᠨ ᠦᠷ᠎ᠡ ᠠᠱᠢᠭ ᠤ᠋ᠨ ᠬᠠᠮᠵᠢᠯᠴᠠᠭᠠᠨ ᠤ᠋ ᠵᠠᠮ ᠴᠤ᠌ ᠠᠭᠠᠵᠢᠮ᠎ᠢᠶᠠᠷ ᠲᠤᠳᠤᠷᠠᠵᠤ ᠡᠬᠢᠯᠡᠪᠡ᠃

ᠮᠠᠯᠴᠢᠳ᠄ ᠲᠦᠷᠦ᠍ ᠶ᠋ᠢᠨ ᠪᠤᠳᠤᠯᠭ᠎ᠠ ᠶ᠋ᠢᠨ ᠬᠢᠵᠠᠭᠠᠷᠯᠠᠯ᠎ᠠᠴᠠ ᠰᠠᠨᠠᠭᠠᠴᠢᠯᠠᠭ᠎ᠠ᠎ᠠᠴᠠ᠎ᠪᠠᠨ ᠰᠠᠬᠢᠨ ᠬᠠᠮᠠᠭᠠᠯᠠᠬᠤ ᠬᠥᠷᠳᠡᠯ᠎ᠠ᠂ ᠨᠤᠲᠤᠭ ᠪᠡᠯᠴᠢᠭᠡᠷ᠎ᠦᠨ ᠠᠮᠢ  ᠠᠬᠤᠢ  ᠦᠷᠭᠦᠯᠵᠢᠯᠡᠨ  ᠰᠠᠢᠵᠢᠷᠠᠪᠠ

ᠤᠯᠠᠷᠢᠯ ᠤ᠋ᠨ ᠰᠤᠯᠢᠭᠳᠡᠯ ᠳ᠋ᠦ ᠤᠷᠤᠭᠰᠠᠨ ᠬᠡᠳᠦᠨ ᠤᠳᠠᠭᠠᠨ ᠤ᠋ ᠶᠡᠬᠡ ᠪᠣᠷᠣᠭᠠᠨ ᠤ᠋ ᠳᠠᠷᠠᠭ᠎ᠠ ᠳᠠᠷᠬᠠᠨ ᠮᠤᠸ᠋ᠮᠢᠩᠭᠠᠨ ᠤ᠋ ᠲᠠᠯ᠎ᠠ ᠨᠤᠲᠤᠭ ᠨᠤᠭᠤᠭᠠᠷᠠᠵᠤ ᠡᠬᠢᠯᠡᠵᠡᠢ᠃

ᠳᠠᠷᠬᠠᠨ ᠮᠤᠸ᠋ᠮᠢᠩᠭᠠᠨ ᠬᠤᠯᠪᠤᠭᠠᠲᠤ ᠬᠤᠰᠢᠭᠤ ᠨᠢ ᠮᠤᠨᠢ ᠠᠭᠤᠯᠠ ᠶ᠋ᠢᠨ ᠠᠷᠤ ᠬᠣᠷᠮᠣᠶ᠎ᠳᠤ ᠪᠠᠢᠷᠢᠯᠠᠵᠤ᠂ ᠠᠭᠤᠷ ᠠᠮᠢᠰᠭᠤᠯ ᠭᠠᠩ ᠬᠠᠭᠤᠷᠠᠶ ᠬᠤᠷ᠎ᠠ ᠲᠤᠨᠳᠠᠰᠤ ᠪᠠᠭ᠎ᠠ᠂ ᠠᠮᠢ ᠠᠬᠤᠶ ᠬᠡᠪᠡᠷᠡᠭ ᠪᠠᠢᠳᠠᠭ᠃ ᠲᠡᠭᠡᠪᠡᠯ ᠥᠩᠭᠡᠷᠡᠭ᠌ᠰᠡᠨ ᠤ᠋ ᠭᠠᠩ ᠬᠠᠭᠤᠷᠠᠶ ᠪᠠ ᠬᠡᠲᠦᠷᠡᠲᠡᠯ᠎ᠡ ᠪᠡᠯᠴᠢᠭᠡᠷᠯᠡᠬᠦᠯᠦᠭᠰᠡᠨ᠎ᠡᠴᠡ ᠪᠣᠯᠵᠣ ᠡᠯᠡᠰᠦᠷᠬᠡᠭ᠌ᠵᠢᠭ᠌ᠰᠡᠨ ᠡᠨᠡ ᠬᠦ᠌ ᠨᠤᠲᠤᠭ ᠪᠡᠯᠴᠢᠭᠡᠷ ᠨᠢ ᠬᠡᠷᠬᠢᠨ ᠰᠡᠷᠬᠦᠵᠤ ᠨᠤᠭᠤᠭᠠᠷᠠᠭᠰᠠᠨ ᠪᠤᠢ? ᠪᠢᠳᠡ ᠳᠠᠷᠬᠠᠨ ᠰᠤᠮᠤᠨ ᠤ᠋ ᠴᠠᠭᠠᠠᠡᠣᠪᠣᠭ᠎ᠠ ᠭᠠᠴᠠᠭᠠᠨ ᠤ᠋ ᠮᠠᠯᠴᠢᠨ ᠯᠢᠦ ᠾᠧ ᠸᠠᠩ ᠤ᠋ᠨ ᠬᠢ ᠡᠴᠡ ᠬᠠᠷᠢᠭᠤᠯᠲᠠ ᠤᠯᠤᠯ᠎ᠠ᠃

ᠯᠢᠦ ᠾᠧ ᠸᠠᠩ ᠤ᠋ᠨ ᠬᠢᠨ ᠳ᠋ᠦ ᠬᠦᠷᠬᠦᠯᠠᠷ ᠭᠡᠷ ᠤ᠋ᠨ ᠠᠷᠤ ᠳ᠋ᠤᠨᠢ ᠤᠪᠤᠭᠠᠯᠠᠭᠰᠠᠨ ᠡᠪᠡᠰᠦᠨ ᠤᠪᠤᠭ᠎ᠠ ᠬᠠᠷᠠᠭ᠎ᠠ᠎ᠵᠢ ᠪᠤᠯᠢᠶᠠᠵᠤ᠂ ᠠᠡᠭᠬᠠᠷᠤᠯ ᠢ᠋ ᠮᠠᠰᠢ ᠲᠠᠲᠠᠯ᠎ᠠ᠃ ᠡᠨᠡ ᠪᠣᠯ ᠲᠡᠭᠦᠨ᠎ᠦ ᠤᠷᠲᠤ ᠬᠤᠭᠤᠴᠠᠭ᠎ᠠ ᠪᠡᠷ ᠪᠡᠯᠴᠢᠭᠡᠷᠯᠡᠭᠦᠯᠬᠦ ᠵᠢ ᠴᠠᠭᠠᠵᠠᠯᠠᠬᠤ ᠳ᠋ᠦ ᠠᠪᠤᠭᠰᠠᠨ ᠪᠡᠯᠡᠳᠬᠡᠯ ᠠᠵᠢᠯ ᠪᠤᠯᠬᠤ ᠶᠤᠮ᠃ 45 ᠡᠳᠦᠷ ᠤ᠋ᠨ ᠪᠡᠯᠴᠢᠭᠡᠷᠯᠡᠭᠦᠯᠬᠦ ᠵᠢ ᠴᠠᠭᠠᠵᠠᠯᠠᠬᠤ ᠲᠦᠷᠦ ᠶ᠋ᠢᠨ ᠪᠤᠳᠤᠯᠭ᠎ᠠ ᠶ᠋ᠢᠨ ᠱᠠᠭᠠᠷᠳᠠᠯᠭ᠎ᠠ ᠪᠠᠷ ᠪᠤᠯ ᠲᠤᠬᠠᠶ ᠶ᠋ᠢᠨ ᠭᠠᠵᠠᠷ ᠤ᠋ᠨ ᠮᠠᠯᠴᠢᠳ 5 ᠰᠠᠷ᠎ᠠ ᠶ᠋ᠢᠨ 20 ᠤ᠋ ᠡᠳᠦᠷ᠎ᠡᠴᠡ ᠡᠬᠢᠯᠡᠨ ᠪᠡᠯᠴᠢᠭᠡᠷᠯᠡᠭᠦᠯᠵᠦ᠍ ᠪᠣᠯᠤᠨ᠎ᠠ᠃ ᠭᠡᠪᠡᠴᠦ᠍ ᠯᠢᠦ ᠾᠧ ᠸᠠᠩ ᠵᠢᠯ ᠪᠦᠷᠢ 6 ᠰᠠᠷ᠎ᠠ ᠶ᠋ᠢᠨ 20 ᠤ᠋ ᠡᠳᠦᠷ᠎ᠡᠴᠡ ᠰᠠᠶᠢ ᠦᠭᠡᠷ ᠬᠤᠨᠢ ᠪᠠᠨ ᠪᠡᠯᠴᠢᠭᠡᠷ ᠲᠦ᠍ ᠭᠠᠷᠭᠠᠳᠠᠭ᠃ 《ᠬᠤᠨᠢ ᠢᠮᠠᠭ᠎ᠠ ᠡᠪᠡᠰᠦᠨ᠎ᠦ ᠦᠨᠳᠦᠰᠦ ᠵᠢ ᠮᠠᠯᠲᠠᠵᠤ ᠢᠳᠡᠬᠦ᠌ ᠳᠤᠷᠠᠲᠠᠶ᠂ 5 ᠰᠠᠷ᠎ᠠ᠎ᠳᠤ ᠡᠪᠡᠰᠦ ᠴᠤᠬᠤᠢᠭᠠᠳ ᠳᠡᠮᠡᠶ ᠤᠳᠠᠭᠠᠳᠤᠢ᠂ ᠬᠤᠨᠢ ᠢᠮᠠᠭ᠎ᠠ ᠢᠳᠡᠵᠦ᠍ ᠴᠠᠳᠭᠤ ᠥᠬᠡᠶ ᠮᠥᠷᠲᠡᠭᠡᠨ ᠨᠤᠲᠤᠭ ᠪᠡᠯᠴᠢᠭᠡᠷ᠎ᠢ ᠠᠮᠠᠷᠬᠠᠨ ᠡᠪᠳᠡᠨ᠎ᠡ᠃ ᠬᠡᠷᠪᠡ ᠨᠢᠭᠡ ᠰᠠᠷ᠎ᠠ ᠬᠣᠢᠱᠢᠯᠠᠭᠤᠯᠤᠨ ᠪᠡᠯᠴᠢᠭᠡᠷᠯᠡᠭᠦᠯᠪᠡᠯ ᠨᠤᠲᠤᠭ ᠪᠡᠯᠴᠢᠭᠡᠷ᠎ᠴᠦ ᠭᠦᠶ᠋ᠴᠡᠳ ᠰᠡᠷᠭᠦᠵᠦ ᠳᠡᠢᠯᠦᠨ᠎ᠡ》 ᠭᠡᠵᠦ᠍ ᠯᠢᠦ ᠾᠧ ᠸᠠᠩ ᠬᠡᠯᠡᠵᠦ ᠪᠠᠢᠯ᠎ᠠ᠃

ᠯᠢᠦ ᠾᠧ ᠸᠠᠩ ᠨᠤᠲᠤᠭ ᠪᠡᠯᠴᠢᠭᠡᠷ ᠵᠢᠡᠨ ᠬᠠᠮᠠᠭᠠᠯᠠᠬᠤ ᠲᠠᠯ᠎ᠠ ᠪᠠᠷ ᠦᠪᠡᠷ᠎ᠤᠨ ᠎ᠵᠢᠡᠨ ᠭᠡᠰᠡᠨ ᠠᠷᠭ᠎ᠠ ᠬᠢᠳᠠᠯ ᠲᠠᠢ ᠪᠠᠢᠭ᠎ᠠ ᠠᠵᠢ᠃ ᠪᠡᠯᠴᠢᠭᠡᠷ᠎ᠦᠨ ᠳᠠᠭᠠᠭᠠᠴᠠ ᠵᠢ ᠬᠥᠩᠭᠡᠷᠡᠭᠦᠯᠬᠦ᠌ ᠶ᠋ᠢᠨ ᠲᠥᠯᠥᠭᠡ 2024 ᠣᠨ ᠤ᠋ ᠵᠤᠨ᠎ᠠᠴᠠ ᠡᠬᠢᠯᠡᠨ ᠲᠡᠷᠡ ᠬᠤᠨᠢ᠎ᠪᠠᠨ ᠰᠠᠷ᠎ᠠ ᠪᠦᠷᠢ 15 ᠲᠥᠭᠥᠷᠢᠭ᠎ᠦᠨ ᠦᠨ᠎ᠡ᠎ᠪᠡᠷ ᠣᠷᠣᠯᠠᠨ ᠲᠡᠵᠢᠭᠡᠯᠭᠡᠵᠦ᠂ ᠥᠪᠡᠷ᠎ᠦᠨ ᠪᠡᠯᠴᠢᠭᠡᠷ᠎ᠲᠡᠬᠡᠨ ᠵᠥᠪᠬᠡᠨ ᠲᠤᠬᠠᠢ ᠶ᠋ᠢᠨ ᠵᠢᠯ ᠳ᠋ᠦ ᠲᠤᠰᠤᠭᠰᠠᠨ ᠬᠤᠷᠠᠭ᠎ᠠ ᠪᠠᠨ ᠪᠡᠯᠴᠢᠭᠡᠷᠯᠡᠭᠦᠯᠳᠡᠭ᠃ 12 ᠰᠠᠷ᠎ᠠ ᠪᠣᠯᠵᠦ ᠪᠡᠯᠴᠢᠭᠡᠷ  ᠮᠠᠭᠤᠳᠠᠬᠤ ᠦᠶ᠎ᠡ ᠪᠡᠷ ᠬᠤᠨᠢ ᠪᠠᠨ ᠬᠠᠰᠢᠶᠠᠯᠠᠨ ᠲᠡᠵᠢᠭᠡᠳᠡᠭ ᠶᠤᠮ᠃

ᠲᠤᠬᠠᠢ ᠶ᠋ᠢᠨ ᠵᠢᠯ᠎ᠦᠨ 12 ᠰᠠᠷ᠎ᠠ᠎ᠠᠴᠠ ᠳᠠᠷᠠᠭ᠎ᠠ ᠵᠢᠯ᠎ᠦᠨ ᠬᠢᠨᠢ 6 ᠰᠠᠷ᠎ᠠ ᠶ᠋ᠢᠨ 20 ᠤ᠋ ᠡᠳᠦᠷ ᠪᠣᠯᠲᠠᠯ᠎ᠠ ᠯᠢᠦ ᠡᡁᠸ ᠸᠠᠩ ᠤ᠋ᠨ ᠨᠤᠲᠤᠭ ᠪᠡᠯᠴᠢᠭᠡᠷ ᠶ᠋ᠢᠡᠨ ᠠᠮᠠᠷᠠᠭᠤᠯᠤᠨ ᠰᠡᠷᠭᠦᠭᠡᠬᠦ ᠬᠤᠭᠤᠴᠠᠭ᠎ᠠ ᠬᠠᠭᠠᠰ ᠵᠢᠯ ᠳ᠋ᠦ ᠬᠦᠷᠴᠦ᠂ ᠵᠢᠯ ᠤ᠋ᠨ ᠬᠠᠰᠢᠶᠠᠯᠠᠨ ᠲᠡᠵᠢᠭᠡᠬᠦ ᠡᠪᠡᠰᠦ ᠪᠤᠷᠳᠤᠭ᠎ᠠ ᠳ᠋ᠠᠭᠠᠨ 70 ᠲᠦᠮᠡᠨ ᠲᠥᠭᠥᠷᠢᠭ ᠵᠠᠷᠤᠴᠠᠭᠤᠯᠵᠤ ᠪᠠᠢᠭ᠎ᠠ ᠪᠤᠯᠪᠠᠴᠤ ᠯᠢᠦ ᠾᠧ ᠸᠠᠩ ᠪᠡᠨ᠎ᠡ᠎ᠲᠡᠶ ᠭᠡᠵᠦ᠍ ᠦᠵᠡᠳᠡᠭ᠃ 《ᠨᠤᠲᠤᠭ ᠪᠡᠯᠴᠢᠭᠡᠷ ᠪᠣᠯ ᠮᠠᠯᠴᠢᠳ ᠤ᠋ᠨ ᠠᠮᠢ ᠭᠣᠣᠯ ᠮᠥᠨ᠂ ᠨᠤᠲᠤᠭ ᠪᠡᠯᠴᠢᠭᠡᠷ ᠶ᠋ᠢᠡᠨ ᠰᠠᠢᠲᠤᠷ ᠬᠠᠮᠠᠭᠠᠯᠠᠬᠤ ᠪᠣᠯ ᠰᠠᠶᠢ ᠪᠢᠳᠡᠨ᠎ᠦ ᠣᠷᠣᠱᠢᠨ ᠲᠣᠭ᠍ᠲᠠᠨᠢᠬᠤ ᠶ᠋ᠢᠨ ᠦᠨᠳᠦᠰᠦ ᠮᠥᠨ》 ᠭᠡᠵᠦ᠍ ᠯᠢᠦ ᠾᠧ ᠸᠠᠩ ᠬᠡᠯᠡᠨ᠎ᠠ᠃

ᠯᠢᠦ ᠾᠧ ᠸᠠᠩ 1996 ᠣᠨ᠎ᠠᠴᠠ ᠡᠬᠢᠯᠡᠨ ᠬᠣᠨᠢ ᠲᠡᠵᠢᠭᠡᠵᠠᠢ᠃ ᠬᠠᠮᠤᠭ ᠤ᠋ᠨ ᠤᠯᠠᠨ ᠳ᠋ᠠᠭᠠᠨ ᠥᠪᠡᠷ᠎ᠦᠨ ᠪᠡᠯᠴᠢᠭᠡᠷ ᠪᠠ ᠳᠦᠷᠢᠶᠠᠰᠦᠯᠡᠭᠰᠡᠨ ᠪᠡᠯᠴᠢᠭᠡᠷ ᠲᠠᠢ ᠪᠠᠨ ᠨᠡᠢᠲᠡ 3 ᠲᠦᠮᠡ ᠭᠠᠷᠤᠢ ᠮᠦ᠍ ᠪᠡᠯᠴᠢᠭᠡᠷ ᠳᠡᠭᠡᠷ᠎ᠠ ᠪᠠᠨ 2000 ᠭᠠᠷᠤᠢ ᠬᠤᠨᠢ ᠲᠡᠵᠢᠭᠡᠵᠦ ᠪᠠᠢᠪᠠ᠃

ᠲᠤᠬᠠᠢ ᠶ᠋ᠢᠨ ᠦᠶ᠎ᠡ᠎ᠳᠦ ᠲᠠᠯ᠎ᠠ ᠨᠤᠲᠤᠭ ᠤ᠋ᠨ ᠮᠠᠯᠴᠢᠳ ᠪᠤᠰᠤᠳ ᠠᠵᠤ ᠠᠬᠤᠶ ᠶ᠋ᠢᠨ ᠢᠷᠡᠯᠲᠡ ᠦᠭᠡᠢ᠂ ᠪᠦᠷ ᠬᠣᠨᠢ ᠲᠡᠵᠢᠭᠡᠬᠦ᠌᠎ᠳᠦ ᠲᠦᠱᠢᠭ᠌ᠯᠡᠨ ᠨᠢᠭᠡ ᠭᠡᠷ᠎ᠦᠨ ᠠᠮᠢᠳᠤᠷᠠᠯ᠎ᠢᠶᠠᠨ ᠠᠷᠭᠠᠴᠠᠭᠠᠵᠤ ᠪᠠᠢᠵᠠᠶ᠃ ᠬᠤᠨᠢᠨ ᠤ᠋ ᠲᠤᠭ᠎ᠠ ᠲᠤᠯᠤᠭᠠᠢ ᠤᠯᠠᠰᠢᠷᠠᠬᠤ ᠵᠢ ᠳᠠᠭᠠᠯᠳᠤᠨ ᠨᠤᠲᠤᠭ ᠪᠡᠯᠴᠢᠭᠡᠷ ᠤ᠋ᠨ ᠳᠠᠭᠠᠭᠠᠴᠠ ᠬᠦᠨᠳᠤᠷᠠᠵᠤ᠂ ᠮᠠᠭᠤ ᠤᠷᠴᠢᠯ ᠢ᠋ ᠪᠤᠢ ᠪᠤᠯᠭᠠᠪᠠ᠃

2000 ᠣᠨ᠎ᠳᠤ᠂ ᠥᠪᠡᠷᠲᠡᠭᠡᠨ ᠵᠠᠰᠠᠬᠤ ᠣᠷᠣᠨ᠎ᠠᠴᠠ ᠡᠷᠡᠰ ᠱᠢᠭᠤᠷᠬᠠᠶ ᠠᠷᠭ᠎ᠠ ᠬᠡᠮᠵᠢᠶ᠎ᠡ ᠠᠪᠴᠤ᠂ ᠪᠡᠯᠴᠢᠭᠡᠷᠯᠡᠭᠦᠯᠬᠦ᠌ ᠵᠢ ᠴᠠᠭᠠᠵᠠᠯᠠᠬᠤ᠂ ᠪᠡᠯᠴᠢᠭᠡᠷ᠎ᠢ ᠠᠮᠠᠷᠠᠭᠤᠯᠬᠤ᠂ ᠰᠡᠯᠭᠦᠨ ᠮᠠᠯᠵᠢᠬᠤ ᠵᠢ ᠬᠡᠷᠡᠭ᠌ᠵᠢᠭᠦᠯᠵᠦ᠍᠂ ᠨᠤᠲᠤᠭ ᠪᠡᠯᠴᠢᠭᠡᠷ᠎ᠢ ᠰᠡᠷᠭᠦᠭᠡᠪᠡ᠃ 2011 ᠣᠨ᠎ᠠᠴᠠ ᠡᠬᠢᠯᠡᠨ᠂ ᠤᠯᠤᠰ ᠤ᠋ᠨ ᠳᠡᠮᠵᠢᠯᠭᠡ ᠳᠤᠤᠷ᠎ᠠ᠂ ᠥᠪᠥᠷ ᠮᠣᠩᠭᠣᠯ ᠨᠤᠲᠤᠭ ᠪᠡᠯᠴᠢᠭᠡᠷ᠎ᠦᠨ ᠠᠮᠢ ᠠᠬᠤᠶ ᠶ᠋ᠢ ᠬᠠᠮᠠᠭᠠᠯᠠᠵᠤ ᠪᠦᠳᠤᠭᠡᠨ ᠪᠠᠢᠭᠤᠯᠬᠤ ᠨᠦᠬᠦᠪᠤᠷᠢ ᠪᠠ ᠱᠠᠡᠭᠨᠠᠯ ᠎ᠤᠨ ᠲᠥᠷᠥ ᠶ᠋ᠢᠨ ᠪᠣᠳᠣᠯᠭ᠎ᠠ ᠵᠢ ᠲᠦᠷᠦᠭᠦᠯᠡᠨ ᠬᠡᠷᠡᠭ᠌ᠵᠢᠭᠦᠯᠵᠦ᠍᠂ ᠮᠠᠯᠴᠢᠳ᠎ᠲᠤ ᠪᠡᠯᠴᠢᠭᠡᠷᠯᠡᠬᠦᠯᠬᠦ ᠵᠢ ᠴᠠᠭᠠᠵᠠᠯᠠᠬᠤ ᠨᠥᠬᠥᠪᠥᠷᠢ ᠪᠠ ᠮᠠᠯ ᠪᠡᠯᠴᠢᠭᠡᠷ ᠤ᠋ᠨ ᠲᠡᠩᠴᠡᠭᠦᠷᠢ᠎ᠵᠢ ᠪᠠᠲᠤᠯᠠᠬᠤ ᠱᠠᠩᠨᠠᠯ ᠣᠯᠭᠣᠪᠠ᠃

ᠠᠮᠢᠳᠤᠷᠠᠯ ᠪᠠ ᠠᠮᠢ ᠠᠬᠤᠢ ᠶ᠋ᠢᠨ ᠳᠠᠷᠤᠯᠲᠠ ᠳᠤᠤᠷ᠎ᠠ ᠯᠢᠦ ᠾᠧ ᠸᠠᠩ ᠥᠨᠳᠥᠷ ᠪᠦᠲᠦᠮᠵᠢᠲᠡᠢ ᠲᠡᠵᠢᠭᠡᠨ ᠦᠷᠡᠵᠢᠭᠦᠯᠬᠦ᠌᠎ᠪᠡᠷ ᠳᠠᠮᠵᠢᠨ ᠠᠮᠢ ᠠᠬᠤᠢ ᠵᠢᠨ ᠪᠠ ᠣᠷᠣᠯᠭ᠎ᠠ ᠶ᠋ᠢᠨ ᠬᠣᠣᠰ ᠠᠮᠵᠢᠯᠲᠠ ᠵᠢ ᠪᠡᠶᠡᠯᠡᠭᠦᠯᠬᠦ᠌ ᠵᠠᠮ᠎ᠢ ᠰᠦᠪᠡᠭ᠌ᠴᠢᠯᠡᠵᠦ᠍ ᠡᠬᠢᠯᠡᠪᠡ᠃ 2024 ᠣᠨ᠎ᠳᠤ  ᠳᠠᠷᠬᠠᠨ ᠮᠤᠸ᠋ᠮᠢᠩᠭᠠᠨ ᠬᠣᠯᠪᠣᠭᠠᠲᠤ ᠬᠣᠱᠢᠭᠤ ᠪᠡᠯᠴᠢᠭᠡᠷ᠎ᠦᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ᠌ ᠠᠰᠠᠭᠤᠳᠠᠯ᠎ᠢ ᠱᠢᠶ᠋ᠳᠪᠦᠷᠢᠯᠡᠬᠦ᠌ ᠲᠤᠷᠱᠢᠯᠲᠠ ᠶ᠋ᠢᠨ ᠴᠡᠭ ᠤ᠋ᠨ ᠬᠣᠱᠢᠭᠤ ᠱᠢᠶᠠᠨ ᠶ᠋ᠢᠡᠷ ᠰᠤᠡᠭᠭᠤᠭᠳᠠᠵᠤ᠂ ᠲᠡᠷᠡ ᠬᠣᠨᠢᠨ ᠤ᠋ ᠡᠭᠦᠯᠳᠡᠷ ᠶ᠋ᠢᠡᠨ ᠪᠦᠬᠦᠨ᠎ᠢ ᠮᠢᠬᠠᠨ᠎ᠤ ᠭᠠᠷᠤᠯᠳᠠ᠎ᠵᠢᠨ ᠨᠣᠷᠮ᠎ᠠ᠎ᠪᠠᠷ ᠥᠨᠳᠥᠷ᠂ ᠡᠪᠡᠰᠦ ᠪᠣᠷᠳᠣᠭᠠᠨ ᠤ᠋ ᠰᠢᠡᠭᠭᠡᠭᠡᠯᠲᠡ ᠰᠠᠢᠨ᠂ ᠢᠭᠡᠷᠡᠯᠡᠬᠥ ᠨᠣᠷᠮ᠎ᠠ᠎ᠪᠠᠷ ᠥᠨᠳᠥᠷ ᠠᠦ᠋ᠰᠲ᠋ᠷᠠᠯᠢᠶ᠎ᠠ ᠶ᠋ᠢᠨ ᠴᠠᠭᠠᠨ ᠬᠤᠨᠢ ᠪᠠ ᠰᠠᠹᠦᠺ ᠬᠣᠨᠢ ᠪᠤᠯᠭᠠᠨ ᠰᠢᠯᠢᠳᠡᠭᠵᠢᠭᠦᠯᠵᠦ᠂ ᠬᠣᠨᠢ ᠪᠠᠨ 400 ᠭᠠᠷᠤᠶ ᠪᠣᠯᠭᠠᠨ ᠪᠠᠭᠠᠰᠭᠠᠪᠠ᠃

ᠪᠡᠯᠴᠢᠭᠡᠷᠯᠡᠭᠦᠯᠬᠦ᠌ ᠵᠢ ᠬᠣᠢᠱᠢᠯᠠᠭᠤᠯᠬᠤ᠂ ᠪᠡᠯᠴᠢᠭᠡᠷᠯᠡᠭᠦᠯᠬᠦ᠌ ᠵᠢ ᠴᠠᠭᠠᠵᠠᠯᠠᠬᠤ ᠬᠤᠭᠤᠴᠠᠭ᠎ᠠ ᠵᠢ ᠤᠷᠲᠤᠳᠭᠠᠬᠤ᠂ ᠮᠠᠯ ᠤᠨᠤᠭ᠎ᠠ ᠵᠢ ᠣᠷᠣᠯᠠᠨ ᠲᠡᠵᠢᠭᠡᠯᠭᠡᠬᠦ᠂ ᠴᠥᠭᠡᠨ ᠲᠡᠵᠢᠭᠡᠵᠦ᠍ ᠨᠠᠷᠢᠯᠢᠭ ᠠᠷᠠᠴᠢᠯᠠᠬᠤ᠂ ᠣᠨᠳᠣᠣ ᠭᠠᠵᠠᠷ᠎ᠲᠦ᠍ ᠰᠢᠯᠵᠢᠭᠦᠯᠦᠨ ᠮᠠᠯᠵᠢᠬᠤ ᠁ ᠨᠤᠲᠤᠭ ᠪᠡᠯᠴᠢᠭᠡᠷ ᠮᠠᠯᠴᠢᠳ ᠤ᠋ᠨ ᠰᠠᠨᠠᠭᠠᠴᠢᠯᠠᠭ᠎ᠠ᠎ᠠᠴᠠ ᠪᠠᠨ ᠰᠠᠬᠢᠨ ᠬᠠᠮᠠᠭᠠᠯᠠᠬᠤ ᠳᠤᠮᠳᠠ ᠰᠢᠨ᠎ᠡ ᠠᠮᠢᠵᠢᠷᠠᠯ ᠶ᠋ᠢᠡᠨ ᠤᠭᠲᠤᠵᠤ᠂ ᠮᠠᠯᠴᠢᠳ ᠴᠤ᠌ ᠰᠠᠨᠠᠭᠠᠴᠢᠯᠠᠭ᠎ᠠ᠎ᠠᠴᠠ᠎ᠪᠠᠨ ᠬᠤᠪᠢᠷᠠᠭᠤᠯᠬᠤ ᠳᠤᠮᠳᠠ ᠠᠮᠢ ᠠᠬᠤᠢ ᠵᠢᠨ ᠪᠠ ᠠᠵᠤ ᠠᠬᠤᠢ ᠶ᠋ᠢᠨ ᠬᠤᠤᠰ ᠦᠷ᠎ᠡ ᠠᠰᠢᠭ ᠤᠯᠪᠠ᠃

ᠨᠤᠲᠤᠭ ᠪᠡᠯᠴᠢᠭᠡᠷ ᠪᠣᠯ ᠮᠠᠯᠴᠢᠳ ᠤ᠋ᠨ ᠣᠷᠣᠱᠢᠨ ᠠᠮᠢᠳᠤᠷᠠᠬᠤ ᠴᠢᠬᠤᠯᠠ ᠡᠬᠢ ᠪᠠᠶᠠᠯᠢᠭ ᠮᠥᠨ᠃ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠬᠦᠯᠬᠦ ᠠᠰᠠᠭᠤᠳᠠᠯ ᠢ᠋ ᠰᠢᠢᠳᠪᠦᠷᠢᠯᠡᠬᠦ ᠪᠤᠯ ᠮᠠᠯᠴᠢᠳ ᠤ᠋ᠨ ᠠᠮᠢ ᠠᠬᠤᠢ ᠶ᠋ᠢᠨ ᠣᠢᠯᠠᠭᠠᠭ᠍ᠳᠠᠬᠤᠨ᠎ᠠᠴᠠ ᠮᠠᠯᠵᠢᠬᠤ ᠣᠷᠣᠨ ᠤ᠋ ᠦᠢᠯᠡᠳᠪᠦᠷᠢᠯᠡᠯ ᠠᠮᠢᠳᠤᠷᠠᠯ ᠤ᠋ᠨ ᠠᠷᠭ᠎ᠠ ᠬᠡᠯᠪᠡᠷᠢ ᠬᠦᠷᠲᠡᠯᠡᠬᠢ ᠭᠦᠨᠵᠡᠭᠡᠢ ᠬᠤᠪᠢᠷᠠᠯᠲᠠ  ᠪᠠᠢᠵᠤ᠂ ᠥᠪᠥᠷ ᠮᠣᠩᠭᠣᠯ ᠤ᠋ᠨ ᠨᠤᠳᠤᠭ ᠪᠡᠯᠴᠢᠭᠡᠷ᠎ᠲᠤ ᠭᠦᠨ ᠭᠦᠨᠵᠡᠭᠡᠢ ᠨᠥᠯᠥᠭᠡ ᠦᠵᠡᠭᠦᠯᠬᠦ᠌ ᠨᠢ ᠯᠠᠪᠲᠠᠢ ᠶᠤᠮ᠃

ᠨᠤᠲᠤᠭ ᠪᠡᠯᠴᠢᠭᠡᠷ᠄ ᠦᠢᠯᠡᠳᠪᠦᠷᠢᠯᠡᠯ᠎ᠦᠨ ᠬᠡᠷᠡᠭ᠌ᠰᠡᠯ᠎ᠡᠴᠡ ᠬᠥᠭ᠌ᠵᠢᠯᠲᠡ ᠶ᠋ᠢᠨ ᠬᠥᠳᠡᠯᠭᠡᠬᠦ᠌ ᠬᠦᠴᠦᠨ ᠬᠦᠷᠲᠡᠯ᠎ᠡ᠂ ᠨᠤᠲᠤᠭ ᠪᠡᠯᠴᠢᠭᠡᠷ᠎ᠦᠨ ᠦᠷᠳᠡᠭ ᠳᠠᠰᠤᠷᠠᠯᠳᠠ ᠦᠬᠡᠢ ᠲᠠᠬᠢᠨ ᠪᠦᠳᠦᠭᠡᠭᠳᠡᠨ᠎ᠠ

ᠬᠢᠩᠭᠠᠨ ᠠᠢᠮᠠᠭ ᠤ᠋ᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ ᠤ᠋ ᠡᠷᠭᠡᠲᠦ ᠤᠢ ᠱᠢᠭᠤᠢ ᠶ᠋ᠢᠨ ᠲᠠᠯᠠᠪᠠᠢ ᠶ᠋ᠢᠨ ᠵᠦᠩ ᠺᠸ ᠬᠢᠶᠠᠭ ᠡᠪᠡᠰᠦ ᠲᠠᠷᠢᠬᠤ ᠰᠠᠭᠤᠷᠢᠨ᠎ᠳᠤ 1270 ᠮᠦ᠍ ᠲᠦᠪᠯᠡᠷᠡᠭᠦᠯᠦᠨ ᠵᠠᠯᠭᠠᠯᠳᠤᠭᠤᠯᠵᠤ ᠲᠠᠷᠢᠭᠰᠠᠨ ᠬᠢᠶᠠᠭ ᠡᠪᠡᠰᠦ ᠥᠩᠭᠡᠷᠡᠭ᠌ᠰᠡᠨ ᠤ᠋ ᠡᠯᠡᠰᠦᠷᠬᠡᠭ᠌ᠵᠢᠭ᠌ᠰᠡᠨ ᠬᠦᠷᠦᠰᠦ ᠱᠢᠷᠣᠢ᠎ᠳᠤ ᠨᠣᠭᠣᠭᠠᠨ ᠬᠦᠷᠮ᠎ᠠ ᠭᠡᠲᠦᠷᠤᠭᠦᠯᠪᠡ᠃ ᠬᠢᠶᠠᠭ ᠡᠪᠡᠰᠦ ᠨᠢ ᠤᠭᠤᠷᠠᠭ ᠤ᠋ᠨ ᠠᠭᠤᠯᠤᠭᠳᠠᠴᠠ ᠥᠨᠳᠥᠷ ᠰᠦᠯ ᠰᠠᠢᠲᠠᠶ ᠲᠡᠵᠢᠭᠡᠯ ᠡᠪᠡᠰᠦ ᠪᠣᠯᠬᠤ᠎ᠪᠠᠷ ᠪᠠᠷᠠᠬᠤ ᠥᠬᠡᠶ᠂ ᠡᠬᠡ ᠭᠠᠵᠠᠷ ᠲᠦ᠍ ᠭᠦᠨ ᠦᠨᠳᠦᠰᠦᠯᠡᠨ᠂ ᠰᠠᠯᠬᠢ ᠵᠢ ᠬᠠᠯᠬᠠᠯᠠᠵᠤ ᠡᠯᠡᠰᠦ ᠵᠢ ᠲᠣᠭ᠍ᠲᠠᠪᠤᠷᠢᠵᠢᠭᠤᠯᠬᠤ᠂ ᠤᠰᠤᠨ ᠤ᠋ ᠡᠬᠢ ᠰᠤᠷᠪᠤᠯᠵᠢ ᠵᠢ ᠬᠠᠳᠠᠭᠠᠯᠠᠬᠤ ᠵᠡᠷᠭᠡ ᠦᠶ᠋ᠯᠡᠳᠦᠯ᠎ᠲᠡᠶ ᠪᠠᠢᠵᠤ᠂ ᠴᠦᠯᠯᠡᠷᠭᠡᠭ᠌ᠵᠢᠭ᠌ᠰᠡᠨ ᠨᠤᠲᠤᠭ ᠪᠡᠯᠴᠢᠭᠡᠷ᠎ᠢ ᠵᠠᠰᠠᠨ ᠰᠡᠷᠭᠦᠭᠡᠬᠦ᠌ 《ᠬᠤᠷᠴᠠ ᠵᠡᠪᠰᠡᠭ》 ᠪᠣᠯᠤᠨ᠎ᠠ᠃

《ᠬᠢᠶᠠᠭ ᠡᠪᠡᠰᠦ ᠵᠢ ᠨᠢᠭᠡ ᠯᠡ ᠤᠳᠠᠭ᠎ᠠ ᠲᠠᠷᠢᠪᠠᠯ᠂ ᠬᠡᠳᠦᠨ ᠠᠷᠪᠠᠨ ᠵᠢᠯ᠎ᠳᠦ ᠠᠱᠢᠭ ᠭᠥᠷᠳᠡᠨ᠎ᠡ᠃ ᠲᠠᠷᠢᠮᠠᠯ ᠤ᠋ᠨ ᠰᠠᠭᠤᠷᠢᠨ ᠤ᠋ 1270 ᠮᠦ᠍ ᠬᠢᠶᠠᠭ ᠡᠪᠡᠰᠦ ᠮᠦ᠍ ᠪᠦᠷᠢ ᠳ᠋ᠡᠭᠡᠨ 20 ᠺᠢᠯᠦᠭᠷᠠᠮ ᠦᠷ᠎ᠡ ᠤᠨᠠᠵᠤ᠂ 450 ᠺᠢᠯᠦᠭᠷᠠᠮ ᠬᠠᠭᠤᠷᠠᠶ ᠡᠪᠡᠰᠦ ᠬᠤᠷᠢᠶᠠᠵᠤ᠂ ᠠᠮᠢ ᠠᠬᠤᠶ ᠶ᠋ᠢᠨ ᠦᠷ᠎ᠡ ᠠᠱᠢᠭ ᠪᠣᠯᠤᠨ ᠠᠵᠤ ᠠᠬᠤᠶ ᠶ᠋ᠢᠨ ᠦᠷ᠎ᠡ ᠠᠱᠢᠭ ᠲᠤᠪᠤᠢᠮ᠎ᠠ ᠶᠤᠮ᠃ ᠪᠢᠳᠠ ᠨᠢᠭᠡᠨᠲᠡ ᠤᠢᠷ᠎ᠠ ᠬᠠᠪᠢ ᠶ᠋ᠢᠨ ᠮᠠᠯᠵᠢᠬᠤ ᠲᠠᠷᠢᠶᠠᠯᠠᠬᠤ ᠡᠷᠦᠬᠡ᠎ᠵᠢ ᠳᠠᠢᠴᠢᠯᠠᠨ ᠬᠢᠶᠠᠭ ᠡᠪᠡᠰᠦᠨ ᠤ᠋ ᠲᠠᠷᠢᠮᠠᠯ ᠤ᠋ᠨ ᠲᠠᠯᠠᠪᠠᠢ ᠵᠢ 6000 ᠮᠦ᠍ ᠪᠤᠯᠭᠠᠨ ᠦᠷᠭᠡᠳᠭᠡᠨ ᠳᠡᠯᠭᠡᠷᠡᠭᠦᠯᠪᠡ》 ᠭᠡᠵᠦ᠍ ᠰᠠᠭᠤᠷᠢᠨ ᠤ᠋ ᠬᠠᠷᠢᠭᠤᠴᠠᠯᠭᠠᠲᠠᠨ ᠳ᠋ᠦᠩ ᠴᠦᠨ ᠯᠢᠨ ᠬᠡᠯᠡᠵᠦ ᠪᠠᠢᠯ᠎ᠠ᠃

ᠨᠠᠮᠤᠷ ᠪᠣᠯᠬᠤ᠎ᠳᠤ᠂ ᠡᠪᠡᠰᠦᠨ᠎ᠦ ᠦᠷ᠎ᠡ ᠪᠣᠯᠤᠨ ᠬᠠᠭᠤᠷᠠᠶ ᠡᠪᠡᠰᠦ ᠵᠢ ᠲᠤᠬᠠᠶ ᠶ᠋ᠢᠨ ᠭᠠᠵᠠᠷ ᠤ᠋ᠨ ᠠᠯᠳᠠᠷ ᠣᠲᠣ ᠦᠶ᠎ᠡ ᠶ᠋ᠢᠨ ᠡᠪᠡᠰᠦᠨ᠎ᠦ ᠠᠵᠤ ᠦᠶ᠋ᠯᠡᠰ᠎ᠦᠨ ᠡᠳ᠋ᠱᠢᠭᠦᠯᠦᠨ ᠪᠣᠯᠪᠠᠰᠤᠷᠠᠭᠤᠯᠬᠤ ᠪᠠᠷᠠᠭᠠᠨ ᠤ᠋ ᠭᠦᠢᠯᠭᠡᠭᠡ ᠶ᠋ᠢᠨ ᠠᠷᠠᠯᠵᠢᠶᠠᠨ ᠤ᠋ ᠬᠦᠷᠢᠶᠡᠯᠡᠩ ᠲᠣᠭᠣᠷᠢᠭ᠎ᠲᠤ ᠬᠦᠷᠭᠡᠵᠦ᠍᠂ ᠬᠠᠭᠤᠷᠠᠶ ᠡᠪᠡᠰᠦ ᠵᠢ ᠲᠡᠵᠢᠭᠡᠯ ᠡᠪᠡᠰᠦ ᠪᠣᠷᠳᠣᠭᠠᠨ ᠤ᠋ ᠪᠦᠲᠦᠭᠡᠭᠳᠡᠭᠦᠨ ᠪᠣᠯᠭᠠᠨ ᠪᠣᠯᠪᠠᠰᠤᠷᠠᠭᠤᠯᠤᠨ᠂ ᠪᠥᠬᠥ᠌ ᠤᠯᠤᠰ ᠤ᠋ᠨ ᠡᠯ᠎ᠡ ᠭᠠᠵᠠᠷ᠎ᠲᠤ ᠪᠣᠷᠣᠯᠠᠭᠤᠯᠵᠤ᠂ ᠡᠪᠡᠰᠦᠨ᠎ᠦ ᠦᠷ᠎ᠡ ᠵᠢ ᠦᠡᠭᠭᠡᠯᠡᠵᠦ ᠡᠳ᠋ᠱᠢᠭᠦᠯᠦᠭ᠌ᠰᠡᠨ᠎ᠦ ᠳᠠᠷᠠᠭ᠎ᠠ᠂ 《ᠤᠮᠠᠷᠠᠲᠤ ᠶ᠋ᠢᠨ ᠭᠤᠷᠪᠠᠨ ᠤᠷᠤᠨ》 ᠤ᠋ ᠢᠨᠵᠧᠨᠧᠷᠢᠩ᠎ᠦᠨ ᠲᠥᠷᠥᠯ ᠵᠦᠶ᠋ᠯ᠎ᠳᠦ ᠱᠢᠭᠤᠳ ᠬᠠᠩᠭᠠᠵᠤ᠂ ᠬᠣᠷᠴᠢᠨ ᠤ᠋ ᠡᠯᠡᠰᠦᠷᠬᠡᠭ ᠭᠠᠵᠠᠷ᠂ ᠮᠤᠤᠠᠤᠰᠤ ᠶ᠋ᠢᠨ ᠡᠯᠡᠰᠦᠷᠬᠡᠭ ᠭᠠᠵᠠᠷ᠎ᠢ ᠵᠠᠰᠠᠬᠤ᠎ᠳᠤ ᠴᠢᠬᠤᠯᠠ ᠦᠢᠯᠡᠳᠦᠯ ᠪᠠᠳᠠᠷᠠᠭᠤᠯᠵᠤ ᠪᠠᠢᠨ᠎ᠠ᠃

ᠣᠳᠣᠬᠠᠨ᠎ᠳᠤ᠂ ᠬᠢᠩᠭᠠᠨ ᠠᠢᠮᠠᠭ ᠤ᠋ᠨ ᠬᠡᠪᠴᠢᠶᠡᠵᠢᠯ᠎ᠡᠴᠡ ᠳᠡᠭᠡᠭ᠌ᠰᠢᠬᠢ ᠡᠪᠡᠰᠦ ᠪᠣᠷᠳᠣᠭ᠎ᠠ ᠳᠠᠷᠢᠬᠤ᠂ ᠪᠤᠯᠪᠠᠰᠤᠷᠠᠭᠤᠯᠬᠤ᠂ ᠪᠣᠷᠣᠯᠠᠭᠤᠯᠬᠤ ᠭᠤᠤᠯ ᠴᠣᠭ᠍ᠴᠠ 118 ᠪᠣᠯᠵᠣ ᠬᠦᠭᠵᠢᠨ᠂ ᠰᠤᠳᠤᠯᠤᠨ ᠨᠡᠭᠡᠭᠡᠬᠦ᠌᠂ ᠳᠠᠷᠢᠬᠤ᠂ ᠪᠤᠯᠪᠠᠰᠤᠷᠠᠭᠤᠯᠬᠤ᠂ ᠪᠣᠷᠣᠯᠠᠭᠤᠯᠬᠤ ᠵᠢ ᠨᠢᠭᠡ ᠴᠣᠭ᠍ᠴᠠᠵᠢᠭᠤᠯᠤᠭ᠍ᠰᠠᠨ ᠣᠲᠣ ᠦᠶ᠎ᠡ ᠶ᠋ᠢᠨ ᠡᠪᠡᠰᠦᠨ᠎ᠦ ᠠᠵᠤ ᠦᠶ᠋ᠯᠡᠰ᠎ᠦᠨ ᠬᠥᠭ᠌ᠵᠢᠯᠲᠡ ᠶ᠋ᠢᠨ ᠵᠠᠭ᠍ᠪᠤᠷ᠎ᠢ ᠪᠦᠷᠢᠯᠳᠦᠭᠦᠯᠵᠦ᠍᠂ ᠨᠤᠮᠢᠨ ᠤᠰᠤ ᠬᠦᠭᠡᠮᠳᠦᠭ ᠠᠭᠤᠯᠠ ᠪᠠ ᠠᠯᠲᠠᠠ ᠠᠭᠤᠯᠠ ᠮᠥᠩᠭᠥᠨ ᠬᠠᠢᠷᠠᠬᠠ ᠤ᠋ ᠬᠤᠤᠰ ᠦᠷ᠎ᠡ ᠠᠰᠢᠭ ᠤ᠋ᠨ ᠬᠦᠭᠵᠢᠯᠲᠡ ᠶ᠋ᠢᠨ ᠵᠠᠮ ᠢ᠋ ᠰᠦᠪᠡᠭᠴᠢᠯᠡᠵᠦ ᠭᠠᠷᠭᠠᠭᠰᠠᠨ ᠪᠠᠢᠨ᠎ᠠ᠃

ᠣᠢᠷ᠎ᠠ ᠶ᠋ᠢᠨ ᠵᠢᠯ᠎ᠡᠴᠡ ᠨᠠᠭᠠᠰᠢ᠂ ᠥᠪᠥᠷ ᠮᠣᠩᠭᠣᠯ ᠡᠯᠪᠡᠭ ᠪᠠᠶᠠᠯᠢᠭ ᠨᠤᠲᠤᠭ ᠪᠡᠯᠴᠢᠭᠡᠷ᠎ᠦᠨ ᠡᠬᠢ ᠪᠠᠶᠠᠯᠢᠭ ᠲᠠᠭᠠᠨ ᠰᠠᠭᠤᠷᠢᠯᠠᠨ᠂ ᠡᠪᠡᠰᠦᠨ᠎ᠦ ᠠᠵᠤ ᠦᠶ᠋ᠯᠡᠰ᠎ᠦᠨ ᠬᠡᠯᠬᠢᠶ᠎ᠡ ᠵᠢ ᠪᠥᠬᠥ᠌ ᠣᠷᠣᠨ ᠤ᠋ 16 ᠵᠤᠷᠪᠤᠰ ᠭᠤᠤᠯᠳᠠᠯᠭ᠎ᠠ᠎ᠲᠠᠶ ᠴᠤᠭᠴᠠᠯᠠᠬᠤ ᠠᠵᠤ ᠦᠶ᠋ᠯᠡᠰ᠎ᠦᠨ ᠬᠡᠯᠬᠢᠶ᠎ᠡ ᠶ᠋ᠢᠨ ᠪᠠᠢᠷᠢᠱᠢᠭᠤᠯᠤᠯᠲᠠ᠎ᠳᠤ ᠣᠷᠣᠭᠤᠯᠤᠨ᠂ ᠡᠪᠡᠰᠦᠨ᠎ᠦ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ ᠲᠥᠷᠥ ᠶ᠋ᠢᠨ ᠪᠣᠳᠣᠯᠭ᠎ᠠ ᠶ᠋ᠢᠨ ᠨᠠᠷᠢᠨ ᠳᠠᠡᠭᠰᠠ ᠵᠢ ᠨᠡᠢᠲᠡᠯᠡᠵᠦ᠍᠂ ᠡᠪᠡᠰᠦᠨ᠎ᠦ ᠦᠷ᠎ᠡ ᠶ᠋ᠢᠨ ᠡᠬᠢ ᠪᠠᠶᠠᠯᠢᠭ᠎ᠢ ᠬᠠᠮᠠᠭᠠᠯᠠᠬᠤ ᠪᠠ ᠠᠱᠢᠭ᠍ᠯᠠᠬᠤ ᠵᠢ ᠴᠢᠩᠭᠠᠳᠭᠠᠬᠤ᠂ ᠡᠭᠦᠯᠳᠡᠷ ᠪᠣᠢᠵᠢᠭᠤᠯᠵᠤ ᠰᠤᠳᠤᠯᠤᠨ ᠨᠡᠭᠡᠭᠡᠬᠦ᠌ ᠪᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠰᠢᠭᠤᠯᠬᠤ ᠵᠢ ᠳᠡᠮᠵᠢᠬᠦ᠌᠂ ᠠᠵᠤ ᠠᠬᠤᠢᠯᠠᠯ᠎ᠢ ᠪᠤᠵᠠᠭᠠᠢᠷᠠᠭᠤᠯᠤᠨ ᠬᠦᠴᠦᠷᠬᠡᠭ᠌ᠵᠢᠭᠦᠯᠬᠦ᠌ ᠵᠢ ᠳᠡᠮᠵᠢᠬᠦ᠌᠂ ᠡᠪᠡᠰᠦᠨ᠎ᠦ ᠦᠶ᠋ᠯᠡᠰ᠎ᠦᠨ ᠮᠡᠷᠭᠡᠵᠢᠯ᠎ᠦᠨ ᠱᠢᠨ᠎ᠡ ᠵᠢ ᠡᠭᠦᠳᠬᠦ᠌ ᠵᠢ ᠲᠦᠷᠭᠡᠳᠭᠡᠬᠦ᠌ ᠵᠡᠷᠭᠡ 11 ᠵᠤᠷᠪᠤᠰ ᠲᠥᠷᠥ ᠶ᠋ᠢᠨ ᠪᠣᠳᠣᠯᠭ᠎ᠠ ᠶ᠋ᠢᠨ ᠠᠷᠭ᠎ᠠ ᠬᠡᠮᠵᠢᠶ᠎ᠡ ᠵᠢ ᠨᠡᠢᠲᠡᠯᠡᠨ᠂ ᠡᠪᠡᠰᠦᠨ᠎ᠦ ᠠᠵᠤ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ ᠵᠢ ᠳᠡᠮᠵᠢᠪᠡ ᠃ 2023 ᠣᠨ᠎ᠳᠤ᠂ ᠪᠥᠬᠥ᠌ ᠣᠷᠣᠨ ᠤ᠋ ᠡᠪᠡᠰᠦᠨ᠎ᠦ ᠠᠵᠤ ᠦᠶ᠋ᠯᠡᠰ᠎ᠦᠨ ᠪᠥᠬᠥ᠌ ᠠᠵᠤ ᠦᠶ᠋ᠯᠡᠰ᠎ᠦᠨ ᠬᠡᠯᠬᠢᠶ᠎ᠡ ᠶ᠋ᠢᠨ ᠦᠶ᠋ᠯᠡᠳᠬᠦᠨ᠎ᠦ ᠥᠷᠲᠡᠭ 802.1 ᠳ᠋ᠦᠩᠱᠢᠭᠤᠷ ᠲᠥᠭᠥᠷᠢᠭ᠎ᠲᠦ ᠬᠦᠷᠴᠦ᠍᠂ ᠲᠡᠵᠢᠭᠡᠯ ᠡᠪᠡᠰᠦᠨ᠎ᠦ ᠭᠠᠷᠤᠯᠲᠠ ᠪᠠ ᠦᠶ᠋ᠯᠡᠳᠬᠦᠨ᠎ᠦ ᠥᠷᠲᠡᠭ᠎ᠨᠢ ᠴᠥᠮ ᠪᠥᠬᠥ᠌ ᠤᠯᠤᠰ ᠲᠦ᠍ ᠲᠦᠷᠦᠭᠦᠯᠡᠪᠡ᠃ ᠡᠪᠡᠰᠦᠨ᠎ᠦ ᠠᠵᠤ ᠦᠶ᠋ᠯᠡᠰ ᠪᠠᠰᠠ ᠰᠦ᠂ ᠦᠬᠡᠷ᠂ ᠬᠣᠨᠢ᠂ ᠨᠣᠤᠯᠤᠭᠤᠷ ᠵᠡᠷᠭᠡ ᠭᠤᠤᠯᠳᠠᠯᠭ᠎ᠠ᠎ᠲᠠᠶ ᠠᠵᠤ ᠦᠶ᠋ᠯᠡᠰ᠎ᠦᠨ ᠬᠡᠯᠬᠢᠶ᠎ᠡ ᠶ᠋ᠢᠨ ᠬᠥᠭ᠌ᠵᠢᠯᠲᠡ ᠵᠢ ᠲᠤᠯᠭᠠᠭᠤᠷᠢᠯᠠᠵᠤ᠂ ᠪᠥᠬᠥ᠌ ᠣᠷᠣᠨ᠎ᠳᠤ 5000 ᠳ᠋ᠦᠩᠱᠢᠭᠤᠷ ᠲᠥᠭᠥᠷᠢᠭ᠎ᠦᠨ ᠦᠶ᠋ᠯᠡᠳᠬᠦᠨ᠎ᠦ ᠥᠷᠲᠡᠭ᠎ᠢ ᠠᠪᠴᠢᠷᠠᠭ᠍ᠰᠠᠨ ᠪᠠᠢᠨ᠎ᠠ᠃ 2024 ᠣᠨ᠎ᠳᠤ᠂ ᠪᠥᠬᠥ᠌ ᠣᠷᠣᠨ ᠤ᠋ ᠣᠶ ᠱᠢᠭᠤᠶ ᠡᠪᠡᠰᠦᠨ᠎ᠦ ᠠᠵᠤ ᠦᠶ᠋ᠯᠡᠰ᠎ᠦᠨ ᠦᠶ᠋ᠯᠡᠳᠬᠦᠨ᠎ᠦ ᠶᠡᠷᠦᠩᠬᠡᠶ ᠥᠷᠲᠡᠭ 1000 ᠳ᠋ᠦᠩᠱᠢᠭᠤᠷ ᠲᠥᠭᠥᠷᠢᠭ᠎ᠦᠨ ᠪᠣᠭᠣᠮᠲᠠ ᠵᠢ ᠳᠠᠪᠠᠪᠠ᠃

ᠬᠥᠮᠦᠨ ᠬᠥᠬᠡᠮᠳᠦᠭ ᠠᠭᠤᠯᠠ ᠵᠢ ᠬᠥᠰᠡᠷᠳᠡᠭᠦᠯᠬᠦ᠌ ᠦᠭᠡᠢ ᠪᠤᠯ᠂ ᠬᠥᠬᠡᠮᠳᠦᠭ ᠠᠭᠤᠯᠠ ᠬᠥᠮᠦᠨ᠎ᠢ ᠯᠠᠪ ᠬᠥᠰᠡᠷᠳᠡᠭᠦᠯᠬᠦ᠌ ᠦᠭᠡᠢ᠃ ᠨᠤᠲᠤᠭ ᠪᠡᠯᠴᠢᠭᠡᠷ ᠤ᠋ᠨ ᠦᠨ᠎ᠡ ᠦᠷᠳᠡᠭ ᠲᠦ᠍ ᠮᠦᠨ ᠬᠦ᠌ ᠬᠦᠨ ᠬᠤᠪᠢᠷᠠᠯᠲᠠ ᠭᠠᠷᠴᠤ᠂ ᠠᠮᠢ ᠠᠬᠤᠶ ᠶ᠋ᠢᠨ ᠳᠠᠪᠠᠭᠤᠯᠢᠭ ᠴᠤ᠌ ᠤᠯᠠᠮ ᠲᠤᠪᠤᠢᠮ᠎ᠠ ᠪᠤᠯᠵᠤ ᠪᠠᠢᠨ᠎ᠠ᠃

5 ᠰᠠᠷ᠎ᠠ ᠶ᠋ᠢᠨ ᠤᠷᠢᠨ ᠳᠤᠯᠠᠭᠠᠨ ᠠᠭᠤᠷ ᠠᠮᠢᠰᠬᠤᠯ ᠰᠠᠭᠠᠲᠠᠬᠤ ᠪᠡᠷ᠂ 《ᠬᠤᠷᠤ᠎ᠠ ᠳ᠋ᠦ ᠬᠤᠤᠰ ᠦᠭᠡᠢ ᠲᠤᠬᠤᠢᠷᠠᠭᠰᠠᠨ ᠭᠤᠤᠯ》 ᠬᠡᠮᠡᠨ ᠠᠯᠳᠠᠷᠰᠢᠭᠰᠠᠨ ᠮᠡᠷᠭᠡᠯ ᠭᠤᠤᠯ ᠨᠢ ᠦᠷᠭᠡᠨ ᠠᠭᠤᠳᠠᠮ ᠲᠠᠯ᠎ᠠ ᠨᠤᠲᠤᠭ ᠤ᠋ᠨ ᠶ᠋ᠢᠡᠨ ᠳᠤᠮᠳᠠᠭᠤᠷ ᠤᠭᠠᠯᠵᠠᠯᠠᠨ ᠤᠷᠤᠰᠤᠨ᠎ᠠ᠃ ᠦᠵᠡᠮᠵᠢ ᠶ᠋ᠢᠨ ᠣᠷᠣᠨ ᠤ᠋ ᠠᠵᠢᠯᠲᠠᠳ ᠰᠠᠭᠤᠷᠢ ᠲᠥᠬᠥᠭᠡᠷᠦᠮᠵᠢ ᠵᠢ ᠰᠡᠯᠪᠢᠨ ᠵᠠᠰᠠᠬᠤ ᠪᠠ ᠣᠷᠴᠢᠨ ᠲᠣᠭᠣᠷᠢᠨ᠎ᠢ ᠴᠡᠭ᠌ᠴᠡᠯᠡᠨ ᠰᠠᠢᠵᠢᠷᠠᠭᠤᠯᠵᠤ᠂ 6 ᠰᠠᠷ᠎ᠠ ᠶ᠋ᠢᠨ 1 ᠤ᠋ ᠡᠳᠦᠷ ᠡᠭᠦᠳᠡ ᠪᠠᠨ ᠨᠡᠭᠡᠭᠡᠵᠦ᠍ ᠵᠣᠴᠢᠨ ᠤᠭ᠍ᠲᠤᠬᠤ᠎ᠳᠤ ᠪᠡᠯᠡᠳᠭᠡᠯ ᠬᠢᠵᠦ᠍ ᠶᠠᠭᠠᠷᠠᠯᠳᠤᠨ᠎ᠠ᠃

ᠮᠠᠨ ᠤ᠋ ᠤᠯᠤᠰ ᠤ᠋ᠨ ᠤᠮᠠᠷᠠᠲᠤ ᠶ᠋ᠢᠨ ᠲᠠᠯᠠᠪᠠᠶ᠎ᠪᠠᠷ ᠬᠠᠮᠤᠭ ᠤ᠋ᠨ ᠶᠡᠬᠡ᠂ ᠲᠥᠷᠥᠯ ᠵᠦᠶ᠋ᠯ᠎ᠢᠶᠡᠷ ᠬᠠᠮᠤᠭ ᠤ᠋ᠨ ᠪᠦᠷᠢᠨ ᠠᠮᠢ ᠠᠬᠤᠶ ᠶ᠋ᠢᠨ ᠴᠢᠳᠠᠮᠵᠢᠳᠤ ᠣᠷᠣᠨ ᠪᠣᠯᠤᠭ᠍ᠰᠠᠨ ᠤ᠋ ᠬᠤᠪᠢ᠎ᠳᠤ᠂ ᠥᠪᠥᠷ ᠮᠣᠩᠭᠣᠯ ᠳ᠋ᠦ ᠬᠥᠯᠥᠨ ᠪᠣᠢᠷ ᠤ᠋ᠨ ᠲᠠᠯ᠎ᠠ ᠨᠤᠲᠤᠭ᠂ ᠱᠢᠯᠢ ᠶ᠋ᠢᠨ ᠭᠤᠤᠯ ᠤ᠋ᠨ ᠲᠠᠯ᠎ᠠ ᠨᠤᠲᠤᠭ᠂ ᠬᠣᠷᠴᠢᠨ ᠤ᠋ ᠲᠠᠯ᠎ᠠ ᠨᠤᠲᠤᠭ᠂ ᠤᠯᠠᠭᠠᠨᠪᠤᠳᠤᠩ ᠤ᠋ᠨ ᠲᠠᠯ᠎ᠠ ᠨᠤᠲᠤᠭ᠂ ᠣᠷᠳᠣᠰ ᠤ᠋ᠨ ᠲᠠᠯ᠎ᠠ ᠨᠤᠲᠤᠭ ᠵᠡᠷᠭᠡ ᠣᠯᠠᠨ ᠲᠠᠯ᠎ᠠ ᠨᠤᠲᠤᠭ ᠲᠠᠢ ᠪᠠᠢᠵᠤ᠂ ᠦᠷᠭᠡᠨ ᠤᠯᠠᠨ ᠵᠢᠭᠤᠯᠴᠢᠯᠠᠭᠴᠢ᠎ᠵᠢᠨ ᠠᠡᠭᠬᠠᠷᠤᠯ ᠢ᠋ ᠲᠠᠳᠠᠵᠤ ᠪᠠᠢᠨ᠎ᠠ᠃

2024 ᠣᠨ᠎ᠳᠤ᠂ ᠥᠪᠥᠷ ᠮᠣᠩᠭᠣᠯ ᠵᠢᠭᠤᠯᠴᠢᠯᠠᠭᠰᠠᠳ᠎ᠢ 2.73 ᠳ᠋ᠦᠩᠱᠢᠭᠤᠷ ᠬᠥᠮᠦᠨ ᠤᠳᠠᠭ᠎ᠠ ᠭᠥᠯᠢᠶᠡᠨ ᠠᠪᠴᠤ᠌᠂ 4140 ᠳ᠋ᠦᠩᠱᠢᠭᠤᠷ ᠲᠥᠭᠥᠷᠢᠭ᠎ᠦᠨ ᠣᠷᠣᠯᠭ᠎ᠠ ᠡᠭᠦᠳᠪᠡ᠃ ᠲᠠᠯ᠎ᠠ ᠨᠤᠲᠤᠭ ᠤ᠋ᠨ ᠮᠠᠯᠴᠢᠳ ᠢᠳᠡᠭᠡᠨ ᠤᠮᠳᠠᠭᠠᠨ᠂ ᠬᠣᠨᠣᠭ ᠪᠠᠭᠤᠳᠠᠯ᠂ ᠲᠣᠭᠣᠷᠢᠨ ᠰᠡᠯᠡᠭᠦᠴᠡᠬᠦ᠂ ᠰᠤᠳᠤᠯᠤᠨ ᠰᠤᠷᠤᠯᠴᠠᠵᠤ ᠪᠡᠶᠡᠴᠢᠯᠡᠨ ᠣᠢᠯᠠᠭᠠᠬᠤ᠂ ᠤᠯᠠᠮᠵᠢᠯᠠᠯᠲᠤ ᠪᠡᠶ᠎ᠡ ᠶ᠋ᠢᠨ ᠲᠠᠮᠢᠷ ᠤ᠋ᠨ ᠲᠥᠷᠥᠯ ᠵᠦᠶ᠋ᠯ᠎ᠦᠨ ᠤᠷᠤᠯᠳᠤᠭᠠᠨ ᠵᠡᠷᠭᠡ ᠡᠯ᠎ᠡ ᠭᠣᠭ᠍ᠴᠣᠭ᠎ᠠ ᠵᠢ ᠭᠦᠨᠵᠡᠭᠡᠶ ᠠᠭᠤᠰᠤᠯᠴᠠᠭᠤᠯᠵᠤ᠂ ᠮᠠᠯᠵᠢᠬᠤ ᠣᠷᠣᠨ ᠤ᠋ ᠬᠥᠭ᠌ᠵᠢᠯᠲᠡ ᠶ᠋ᠢᠨ ᠱᠢᠨ᠎ᠡ ᠦᠵᠡᠮᠵᠢ ᠵᠢ ᠵᠢᠷᠤᠭᠯᠠᠨ᠎ᠠ᠃

ᠡᠭᠦᠨ᠎ᠦ ᠬᠠᠮᠲᠤ᠂ ᠲᠩᠷᠢ ᠶ᠋ᠢᠨ ᠴᠢᠷᠠᠢ ᠵᠢ ᠬᠠᠷᠠᠵᠤ ᠮᠠᠯ ᠮᠠᠯᠵᠢᠵᠤ ᠪᠠᠢᠭᠰᠠᠨ ᠮᠠᠯᠴᠢᠳ 《ᠨᠤᠲᠤᠭ  ᠪᠡᠯᠴᠢᠭᠡᠷ +》 ᠵᠠᠭᠪᠤᠷ ᠢ᠋ ᠠᠰᠢᠭᠯᠠᠵᠤ᠂ ᠰᠦᠯᠵᠢᠶ᠎ᠡ᠎ᠪᠡᠷ ᠳᠠᠮᠵᠢᠨ ᠮᠠᠯᠵᠢᠬᠤ ᠣᠷᠣᠨ ᠤ᠋ ᠬᠥᠭ᠌ᠵᠢᠯᠲᠡ ᠶ᠋ᠢᠨ ᠱᠢᠨ᠎ᠡ ᠵᠠᠮ ᠢ᠋ ᠬᠠᠢᠨ ᠰᠦᠪᠡᠭᠴᠢᠯᠡᠨ᠎ᠡ᠃ ᠰᠦᠯᠵᠢᠶᠡᠨ ᠨᠡᠷᠡᠲᠦ ᠤᠳᠤᠨ ᠮᠠᠯᠴᠢᠨ ᠳ᠋ᠠᠰᠢ ᠥᠪᠡᠷ᠎ᠦᠨ ᠵᠠᠭᠤᠴᠢᠯᠠᠭᠤᠷ ᠤ᠋ᠨ ᠲᠠᠪᠴᠠᠩ᠎ᠢᠶᠠᠷ ᠶ᠋ᠢᠡᠨ ᠳᠠᠮᠵᠢᠨ ᠲᠠᠯ᠎ᠠ ᠨᠤᠲᠤᠭ ᠤ᠋ᠨ ᠠᠮᠢᠳᠤᠷᠠᠯ ᠶ᠋ᠢᠡᠨ ᠤᠯᠠᠨ ᠲᠠᠢ ᠬᠤᠪᠢᠶᠠᠯᠴᠠᠵᠤ᠂ ᠲᠠᠯ᠎ᠠ ᠨᠤᠲᠤᠭ ᠤ᠋ᠨ ᠰᠣᠶᠣᠯ ᠶ᠋ᠢᠡᠨ ᠤᠬᠠᠭᠤᠯᠤᠨ᠂ ᠤᠯᠠᠨ ᠤ᠋ ᠠᠡᠭᠬᠠᠷᠤᠯ ᠢ᠋ ᠶᠡᠬᠡ ᠪᠡᠷ ᠲᠠᠲᠠᠵᠤ᠂ ᠪᠦᠷᠢᠳᠭᠡᠯ ᠢ᠋ ᠦᠨᠳᠦᠰᠦᠯᠡᠪᠡᠯ ᠱᠢᠭᠤᠳ ᠨᠡᠪᠲᠡᠷᠡᠭᠦᠯᠭᠡ ᠪᠡᠷ ᠥᠪᠥᠷ ᠮᠣᠩᠭᠣᠯ ᠤ᠋ᠨ ᠣᠨᠴᠠ ᠭᠠᠷᠤᠯᠲᠠ ᠵᠢ ᠪᠤᠷᠤᠯᠠᠭᠤᠯᠤᠭᠰᠠᠨ ᠭᠡᠮᠵᠢᠶ᠎ᠠ 1 ᠳ᠋ᠦᠩᠱᠢᠭᠤᠷ ᠲᠥᠭᠥᠷᠢᠭ᠎ᠢ ᠳᠠᠪᠠᠪᠠ᠃ ᠪᠠᠷᠠᠭᠤᠨ ᠦᠵᠦᠮᠦᠴᠢᠨ ᠬᠣᠱᠢᠭᠤᠨ ᠤ᠋ ᠮᠠᠯᠴᠢᠨ ᠤᠶᠠᠡᠭᠭ᠎ᠠ᠂ ᠣᠬᠣᠷ ᠸᠢᠳᠢᠣ᠋᠎ᠪᠠᠷ ᠲᠠᠯ᠎ᠠ ᠨᠤᠲᠤᠭ ᠤ᠋ᠨ ᠳᠥᠷᠪᠡᠨ ᠤᠯᠠᠷᠢᠯ ᠤ᠋ᠨ ᠬᠤᠪᠢᠷᠠᠯᠲᠠ᠂ ᠮᠠᠯᠴᠢᠳ ᠤ᠋ᠨ ᠦᠶ᠋ᠯᠡᠳᠪᠦᠷᠢᠯᠡᠯ ᠠᠮᠢᠳᠤᠷᠠᠯ᠎ᠢ ᠲᠡᠮᠳᠡᠭ᠌ᠯᠡᠵᠦ᠍᠂ ᠱᠢᠭᠤᠳ ᠨᠡᠪᠲᠡᠷᠡᠭᠦᠯᠭᠡ ᠶ᠋ᠢᠨ ᠲᠠᠰᠤᠭ ᠤ᠋ᠨ 《ᠤᠷᠤᠰᠴᠠ》 ᠵᠢ ᠲᠠᠯ᠎ᠠ ᠨᠤᠲᠤᠭ ᠤ᠋ᠨ 《ᠤᠷᠤᠰᠴᠠ》 ᠪᠤᠯᠭᠠᠨ ᠬᠤᠪᠢᠷᠠᠭᠤᠯᠪᠠ ᠁

ᠨᠤᠮᠢᠨ ᠤᠰᠤ ᠬᠥᠬᠡᠮᠳᠦᠭ ᠠᠭᠤᠯᠠ ᠡᠴᠡ ᠬᠦᠭᠵᠢᠯᠳᠠ᠎ᠵᠢᠨ ᠵᠠᠮ ᠬᠠᠢᠵᠤ᠂ ᠨᠤᠲᠤᠭ ᠪᠡᠯᠴᠢᠭᠡᠷ ᠡᠳᠦᠷ ᠢᠷᠡᠬᠦᠶ᠎ᠡ ᠬᠥᠭ᠌ᠵᠢᠯᠲᠡ ᠶ᠋ᠢᠨ ᠱᠢᠨ᠎ᠡ ᠬᠥᠳᠡᠯᠭᠡᠬᠦ᠌ ᠬᠦᠴᠦᠨ ᠪᠤᠯᠵᠤ᠂ ᠪᠣᠬᠢᠷᠲᠤᠯ ᠦᠭᠡᠢ ᠬᠥᠭ᠌ᠵᠢᠯᠲᠡ᠎ᠳᠦ ᠲᠤᠯᠢᠳᠠᠵᠤ ᠪᠤᠯᠬᠤᠢᠴᠠ᠂ ᠬᠠᠭᠤᠯᠪᠤᠷᠢᠯᠠᠵᠤ ᠪᠤᠯᠬᠤᠢᠴᠠ ᠲᠤᠷᠱᠢᠯᠭ᠎ᠠ ᠬᠠᠡᠭᠭᠠᠨ᠎ᠠ᠃

ᠨᠤᠲᠤᠭ ᠪᠡᠯᠴᠢᠭᠡᠷ᠂ ᠡᠨᠡ ᠬᠦ᠌ ᠥᠪᠥᠷ ᠮᠣᠩᠭᠣᠯ ᠤ᠋ᠨ ᠪᠣᠬᠢᠷᠲᠤᠯ ᠦᠭᠡᠢ ᠠᠮᠢ ᠠᠬᠤᠢ ᠶ᠋ᠢᠨ ᠨᠡᠷ᠎ᠡ ᠶ᠋ᠢᠨ ᠬᠠᠭᠤᠳᠠᠰᠤ ᠨᠢ ᠡᠳᠦᠷ ᠢᠷᠡᠭᠦᠶ᠎ᠡ ᠠᠵᠤ ᠠᠬᠤᠢ ᠶ᠋ᠢᠨ ᠴᠢᠨᠠᠷ ᠰᠠᠢᠲᠠᠢ ᠬᠥᠭ᠌ᠵᠢᠯᠲᠡ ᠶ᠋ᠢᠨ ᠨᠡᠷ᠎ᠡ ᠶ᠋ᠢᠨ ᠬᠠᠭᠤᠳᠠᠰᠤ ᠪᠤᠯᠵᠤ ᠡᠷᠴᠢᠮᠳᠠᠢ ᠬᠦᠭᠵᠢᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号