ᠠᠵᠤ ᠦᠢᠯᠡᠰ ᠤ᠋ᠨ ᠬᠤᠪᠢᠷᠠᠯᠲᠠ
2025-05-16 10:25:44
ᠵᠣᠬᠢᠶᠠᠭ᠍ᠴᠢ᠄
ᠬᠠᠨ ᠱᠢᠤᠸᠠᠢ ᠷᠦ
ᠣᠩᠱᠢᠭ᠍ᠰᠠᠨ ᠣᠳᠠᠭ᠎ᠠ᠄
★★★☆☆

— ᠥᠪᠥᠷ ᠮᠣᠩᠭᠣᠯ ᠤ᠋ᠨ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠬᠦᠯᠬᠦ ᠠᠰᠠᠭᠤᠳᠠᠯ ᠢ᠋ ᠱᠢᠶ᠋ᠳᠪᠦᠷᠢᠯᠡᠵᠦ ᠪᠦᠬᠦᠢ ᠱᠢᠨ᠎ᠡ ᠦᠶ᠋ᠯᠡᠳᠦᠯᠭᠡ (ᠳᠤᠤᠷᠠᠳᠤ) 


ᠥᠪᠥᠷ ᠮᠣᠩᠭᠣᠯ ᠤ᠋ᠨ ᠡᠨᠡ ᠬᠦ᠌ ᠠᠮᠢᠵᠢᠷᠠᠯ ᠤ᠋ᠨ ᠬᠦᠴᠦᠨ ᠵᠢᠡᠷ ᠪᠢᠯᠬᠠᠭ᠍ᠰᠠᠨ ᠨᠤᠲᠤᠭ ᠳᠡᠪᠢᠰᠭᠡᠷ ᠳᠡᠭᠡᠷ᠎ᠡ ᠠᠮᠢ ᠠᠬᠤᠢ ᠵᠢᠨ ᠬᠠᠮᠠᠭᠠᠯᠠᠯᠲᠠ ᠪᠣᠯᠤᠨ ᠠᠵᠤ ᠦᠢᠯᠡᠰ ᠤ᠋ᠨ ᠬᠥᠭ᠌ᠵᠢᠯᠲᠡ ᠳ᠋ᠤ ᠬᠣᠯᠪᠣᠭ᠍ᠳᠠᠭ᠍ᠰᠠᠨ ᠨᠢᠭᠡ ᠤᠳᠠᠭ᠎ᠠ ᠵᠢᠨ ᠭᠦᠨᠵᠡᠭᠡᠢ ᠬᠤᠪᠢᠰᠤᠯᠲᠠ ᠶᠠᠭ ᠶᠠᠪᠤᠭ᠍ᠳᠠᠵᠤ ᠪᠤᠢ᠄ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ᠌ ᠠᠰᠠᠭᠤᠳᠠᠯ ᠢ᠋ ᠱᠢᠢᠳᠪᠦᠷᠢᠯᠡᠬᠦ᠌ 17 ᠲᠤᠷᠱᠢᠯᠲᠠ ᠵᠢᠨ ᠴᠡᠭ ᠤ᠋ᠨ ᠬᠣᠱᠢᠭᠤ ᠱᠢᠶᠠᠨ ᠳ᠋ᠤ ᠵᠦᠷᠢᠶᠡᠴᠢᠯᠡᠭ᠌ᠰᠡᠨ ᠵᠠᠰᠠᠯᠲᠠ ᠵᠢᠨ ᠲᠥᠰᠦᠯ ᠢ᠋ ᠬᠡᠷᠡᠭ᠌ᠵᠢᠭᠦᠯᠵᠦ᠍᠂ 《ᠨᠢᠭᠡ ᠭᠠᠵᠠᠷ ᠲᠤ᠌ ᠨᠢᠭᠡ ᠲᠦᠷᠦ᠍ ᠵᠢᠨ ᠪᠤᠳᠤᠯᠭ᠎ᠠ ᠬᠡᠷᠡᠭ᠌ᠵᠢᠭᠦᠯᠬᠦ᠌》 ᠤᠨᠤᠪᠴᠢᠲᠠᠢ ᠵᠠᠰᠠᠯᠲᠠ ᠵᠢᠨ ᠱᠢᠰᠲ᠋ᠧᠮ ᠢ᠋ ᠪᠦᠷᠢᠯᠳᠦᠭᠦᠯᠪᠡ; ᠪᠡᠯᠴᠢᠭᠡᠷ ᠤ᠋ᠨ ᠮᠠᠯ ᠠᠵᠤ ᠠᠬᠤᠶ ᠵᠢᠨ ᠬᠡᠯᠪᠡᠷᠢ ᠪᠡᠨ ᠬᠤᠪᠢᠷᠠᠭᠤᠯᠤᠨ ᠲᠠᠰ ᠳᠡᠪᠱᠢᠭᠦᠯᠦᠭ᠌ᠰᠡᠨ 10 ᠵᠦᠶ᠋ᠯ ᠤ᠋ᠨ ᠨᠡᠢᠲᠡᠯᠢᠭ ᠵᠠᠭ᠍ᠪᠤᠷ ᠢ᠋ ᠪᠣᠯᠪᠠᠰᠤᠷᠠᠭᠤᠯᠤᠨ ᠳᠡᠯᠭᠡᠷᠡᠭᠦᠯᠵᠦ᠍᠂ ᠮᠠᠯ ᠪᠡᠯᠴᠢᠭᠡᠷ ᠢ᠋ ᠲᠡᠩᠴᠡᠭᠦᠷᠢ ᠲᠡᠶ ᠪᠠᠢᠯᠭᠠᠬᠤ ᠳ᠋ᠤ ᠣᠯᠠᠨ ᠡᠱᠢᠵᠢᠭ᠌ᠰᠡᠨ ᠱᠢᠶ᠋ᠳᠪᠦᠷᠢᠯᠡᠬᠦ᠌ ᠲᠥᠰᠦᠯ ᠢ᠋ ᠬᠠᠩᠭᠠᠪᠠ; ᠲᠡᠵᠢᠭᠡᠨ ᠦᠷᠡᠵᠢᠭᠦᠯᠬᠦ᠌ ᠵᠠᠭ᠍ᠪᠤᠷ ᠤ᠋ᠨ ᠱᠢᠨᠡᠴᠢᠯᠡᠯᠲᠡ ᠶ᠋ᠢ ᠲᠦᠷᠭᠡᠳᠭᠡᠵᠦ᠍᠂ ᠤᠯᠠᠮᠵᠢᠯᠠᠯᠲᠤ ᠮᠠᠶᠢᠭ ᠤ᠋ᠨ ᠪᠡᠯᠴᠢᠭᠡᠷᠯᠡᠭᠦᠯᠬᠦ᠌ ᠠᠷᠭ᠎ᠠ ᠶ᠋ᠢ ᠣᠳᠣᠬᠢᠴᠢᠯᠠᠭ᠍ᠰᠠᠨ ᠬᠠᠱᠢᠶᠠᠯᠠᠨ ᠲᠡᠵᠢᠭᠡᠬᠦ᠌ ᠵᠦᠭ ᠬᠤᠪᠢᠷᠠᠭᠤᠯᠬᠤ ᠶ᠋ᠢ ᠠᠬᠢᠭᠤᠯᠪᠠ᠃

ᠨᠠᠷᠢᠯᠢᠭ ᠲᠡᠵᠢᠭᠡᠨ ᠦᠷᠡᠵᠢᠭᠦᠯᠬᠦ ᠪᠡᠷ ᠪᠣᠬᠢᠷᠲᠤᠯ ᠦᠭᠡᠢ ᠠᠮᠢ ᠠᠬᠤᠢ ᠶ᠋ᠢ ᠠᠬᠢᠭᠤᠯᠵᠤ᠂ ᠪᠦᠬᠦ᠌ ᠬᠡᠯᠬᠢᠶᠡᠨ ᠤ᠋ ᠪᠠᠢᠷᠢᠱᠢᠭᠤᠯᠤᠯᠲᠠ᠎ᠪᠠᠷ ᠠᠵᠤ ᠦᠢᠯᠡᠰ ᠤ᠋ᠨ ᠳᠡᠰ ᠳᠡᠪᠱᠢᠬᠦ᠌ ᠶ᠋ᠢ ᠠᠬᠢᠭᠤᠯᠤᠨ᠎ᠠ᠃ ᠣᠢᠷ᠎ᠠ ᠳ᠋ᠤ ᠰᠤᠷᠪᠤᠯᠵᠢᠯᠠᠭ᠍ᠴᠢ ᠲᠡᠵᠢᠭᠡᠨ ᠦᠷᠡᠵᠢᠭᠦᠯᠬᠦ᠌ ᠬᠦᠷᠢᠶᠡᠯᠡᠩ ᠲᠣᠭᠣᠷᠢᠭ᠂ ᠡᠳ᠋ᠱᠢᠭᠦᠯᠦᠨ ᠪᠣᠯᠪᠠᠰᠤᠷᠠᠭᠤᠯᠬᠤ ᠠᠵᠤ ᠠᠬᠤᠢᠯᠠᠯ᠂ ᠲᠠᠷᠢᠶᠠᠨ ᠭᠠᠵᠠᠷ ᠲᠤ᠌ ᠬᠦᠷᠴᠦ᠍᠂ ᠲᠠᠯ᠎ᠠ ᠨᠤᠲᠤᠭ ᠲᠤ᠌ ᠶᠠᠪᠤᠭ᠍ᠳᠠᠵᠤ ᠪᠠᠢᠭ᠎ᠠ ᠭᠦᠨᠵᠡᠭᠡᠶ ᠬᠤᠪᠢᠰᠤᠯᠲᠠ ᠶ᠋ᠢ ᠣᠢᠯᠠᠭᠠᠵᠤ᠂ ᠥᠪᠥᠷ ᠮᠣᠩᠭᠣᠯ ᠤ᠋ᠨ ᠪᠡᠯᠴᠢᠭᠡᠷ ᠤ᠋ᠨ ᠮᠠᠯ ᠠᠵᠤ ᠠᠬᠤᠶ ᠵᠢᠨ ᠬᠡᠯᠪᠡᠷᠢ ᠪᠡᠨ ᠬᠤᠪᠢᠷᠠᠭᠤᠯᠤᠨ ᠲᠠᠰ ᠳᠡᠪᠱᠢᠬᠦ᠌ ᠣᠳᠣᠬᠢᠴᠢᠯᠠᠯᠲᠠ ᠵᠢᠨ ᠵᠠᠮ ᠢ᠋ ᠰᠤᠷᠪᠤᠯᠵᠢᠯᠠᠪᠠ᠃

ᠪᠣᠬᠢᠷᠲᠤᠯ ᠦᠭᠡᠢ ᠬᠦᠭᠵᠢᠯᠳᠡ ᠵᠢᠨ ᠠᠬᠤᠢ ᠪᠠᠢᠳᠠᠯ ᠎ᠳᠡᠬᠢ ᠲᠡᠵᠢᠭᠡᠨ ᠦᠷᠡᠵᠢᠭᠦᠯᠬᠦ᠌ ᠵᠠᠭ᠍ᠪᠤᠷ ᠤ᠋ᠨ ᠱᠢᠨᠡᠴᠢᠯᠡᠯᠲᠡ

ᠬᠥᠬᠡᠬᠣᠲᠠ ᠵᠢᠨ ᠦᠴᠦᠸᠠᠨ ᠱᠢᠶᠠᠨ᠎ᠤ ᠤᠳᠤ ᠦᠶ᠎ᠡ ᠵᠢᠨ ᠮᠠᠯ ᠠᠵᠤ ᠠᠬᠤᠢ ᠵᠢᠨ ᠠᠵᠤ ᠦᠢᠯᠡᠰ ᠤ᠋ᠨ ᠬᠦᠷᠢᠶᠡᠯᠡᠩ ᠤ᠋ᠨ ᠲᠡᠵᠢᠭᠡᠪᠦᠷᠢ ᠵᠢᠨ ᠬᠦᠷᠢᠶᠡᠯᠡᠩ ᠲᠣᠭᠣᠷᠢᠭ ᠲᠤ᠌ ᠬᠦᠬᠡ ᠤᠷᠤᠢ ᠴᠠᠭᠠᠨ ᠬᠡᠷᠡᠮ᠎ᠲᠡᠶ ᠪᠠᠷᠢᠮᠵᠢᠶᠠᠵᠢᠭ᠍ᠰᠠᠨ ᠲᠡᠵᠢᠭᠡᠪᠦᠷᠢ ᠵᠢᠨ ᠬᠠᠱᠢᠶ᠎ᠠ ᠰᠠᠷᠠᠪᠴᠢ᠂ ᠪᠣᠷᠳᠣᠭ᠎ᠠ ᠡᠳ᠋ᠱᠢᠭᠦᠯᠬᠦ᠌ ᠲᠠᠰᠤᠭ᠂ ᠡᠪᠡᠰᠦᠨ ᠬᠥᠮᠥᠷᠭᠡ ᠲᠡᠷᠢ ᠲᠡᠭ᠌ᠰᠢ ᠬᠠᠷᠠᠭᠳᠠᠨ᠎ᠠ᠃

ᠡᠨᠳᠡ ᠭᠡᠭᠡᠯ ᠲᠠᠢ ᠡᠮ᠎ᠡ ᠬᠤᠨᠢ ᠶ᠋ᠢ ᠬᠠᠱᠢᠶᠠᠯᠠᠨ ᠬᠠᠮᠢᠶᠠᠷᠴᠤ᠌ ᠨᠠᠷᠢᠯᠢᠭ᠍ᠵᠢᠭᠤᠯᠤᠨ ᠲᠡᠵᠢᠭᠡᠨ ᠦᠷᠡᠵᠢᠭᠦᠯᠬᠦ᠌ ᠵᠠᠭ᠍ᠪᠤᠷ ᠢ᠋ ᠬᠡᠷᠡᠭ᠌ᠵᠢᠭᠦᠯᠵᠦ᠍᠂ ᠢᠬᠡᠷ᠎ᠡ ᠭᠡᠭᠡᠯ ᠲᠠᠢ ᠡᠮ᠎ᠡ ᠬᠤᠨᠢ ᠪᠠ ᠭᠤᠷᠪᠠᠨ ᠭᠡᠭᠡᠯ ᠲᠠᠢ ᠡᠮ᠎ᠡ ᠬᠤᠨᠢ ᠶ᠋ᠢ ᠬᠠᠱᠢᠶᠠᠯᠠᠨ ᠲᠡᠵᠢᠭᠡᠵᠦ᠍᠂ ᠵᠦᠷᠢᠶᠡᠴᠢᠯᠡᠭ᠌ᠰᠡᠨ ᠬᠠᠱᠢᠶ᠎ᠠ ᠰᠠᠷᠠᠪᠴᠢ᠂ ᠪᠣᠷᠳᠣᠭ᠎ᠠ ᠲᠣᠬᠢᠷᠠᠭᠤᠯᠤᠨ ᠥᠭ᠌ᠴᠦ᠂ ᠣᠯᠠᠨ ᠭᠡᠭᠡᠯ ᠲᠠᠢ ᠡᠮ᠎ᠡ ᠬᠤᠨᠢ ᠶ᠋ᠢ ᠡᠷᠡᠭᠦᠯ ᠵᠢᠡᠷ ᠦᠷᠡᠵᠢᠭᠦᠯᠦᠨ ᠪᠣᠢᠵᠢᠭᠤᠯᠬᠤ ᠶ᠋ᠢ ᠪᠠᠲᠤᠯᠠᠵᠤ ᠪᠤᠢ᠃ ᠬᠠᠰᠢᠶ᠎ᠠ ᠬᠤᠪᠢᠶᠠᠵᠤ ᠬᠠᠮᠢᠶᠠᠷᠬᠤ ᠨᠢ 《ᠨᠠᠷᠢᠯᠢᠭ ᠲᠡᠵᠢᠭᠡᠬᠦ᠌》 ᠣᠢᠯᠠᠭᠠᠭ᠍ᠳᠠᠬᠤᠨ᠎ᠢ ᠲᠡᠵᠢᠭᠡᠨ ᠦᠷᠡᠵᠢᠭᠦᠯᠬᠦ᠌ ᠪᠥᠬᠥ᠌ ᠶᠠᠪᠤᠴᠠ ᠳ᠋ᠤ ᠲᠤᠭᠤᠰᠢᠯᠠᠭᠤᠯᠬᠤ ᠪᠣᠳᠠᠲᠠᠶ ᠦᠶ᠋ᠯᠡᠳᠦᠯᠭᠡ ᠪᠤᠯᠤᠨ᠎ᠠ᠃ 《ᠬᠦᠷᠢᠶᠡᠯᠡᠩ ᠲᠣᠭᠣᠷᠢᠭ ᠲᠦ᠍ ᠭᠤᠤᠯᠳᠠᠭᠤ ᠣᠯᠠᠨ ᠭᠡᠭᠡᠯ ᠲᠠᠢ᠂ ᠥᠰᠥᠯᠲᠡ᠎ᠨᠢ ᠲᠦᠷᠭᠡᠨ ᠬᠤ᠌ ᠶᠠᠩ ᠬᠣᠨᠢ ᠶ᠋ᠢ ᠲᠡᠵᠢᠭᠡᠨ ᠦᠷᠡᠵᠢᠭᠦᠯᠵᠦ᠍᠂ 〈ᠲᠥᠪ ᠦᠢᠯᠡᠳᠭᠡᠪᠦᠷᠢ〉 ᠵᠢᠨ ᠬᠡᠯᠪᠡᠷᠢ ᠪᠡᠷ ᠪᠣᠷᠳᠣᠭ᠎ᠠ ᠳᠣᠭᠢᠷᠠᠭᠤᠯᠵᠤ᠂ ᠢᠬᠡᠷ᠎ᠡ ᠭᠡᠭᠡᠯ ᠲᠠᠢ ᠬᠤᠨᠢᠨ ᠤ᠋ ᠪᠤᠷᠳᠤᠭ᠎ᠠ ᠨᠢ ᠪᠤᠷᠤ ᠴᠠᠷᠭᠠᠰᠤ ᠬᠦᠬᠡ ᠳᠠᠷᠤᠰᠢ᠂ ᠡᠷᠳᠡᠨᠢ ᠱᠢᠰᠢ ᠵᠢᠨ ᠡᠰᠢ ᠰᠦᠷᠡᠯ ᠵᠢᠴᠢ ᠪᠡᠯᠡᠳᠭᠡᠯ ᠬᠣᠯᠢᠮᠠᠭ ᠮᠠᠲ᠋ᠧᠷᠢᠶᠠᠯ ᠵᠡᠷᠭᠡ ᠶ᠋ᠢ ᠪᠠᠭ᠍ᠲᠠᠭᠠᠭ᠍ᠰᠠᠨ ᠣᠨᠴᠠ ᠦᠶ᠋ᠯᠡᠳᠦᠭ᠌ᠰᠡᠨ ᠡᠮ᠎ᠡ ᠬᠤᠨᠢᠨ ᠤ᠋ ᠨᠠᠷᠢᠯᠢᠭ ᠪᠣᠷᠳᠣᠭ᠎ᠠ ᠪᠣᠯᠤᠨ᠎ᠠ᠃ ᠭᠡᠭᠡᠯ᠎ᠤᠨ ᠪᠣᠢᠵᠢᠯᠲᠠ ᠶ᠋ᠢ ᠪᠠᠲᠤᠯᠠᠬᠤ ᠵᠢᠨ ᠬᠠᠮᠲᠤ ᠡᠮ᠎ᠡ ᠬᠤᠨᠢᠨ᠎ᠤ ᠪᠡᠶ᠎ᠡ ᠵᠢᠨ ᠪᠠᠢᠳᠠᠯ ᠤ᠋ᠨ ᠲᠡᠩᠴᠡᠭᠦᠷᠢ ᠶ᠋ᠢ ᠪᠠᠲᠤᠯᠠᠨ᠎ᠠ; ᠭᠤᠷᠪᠠᠨ ᠭᠡᠭᠡᠯ ᠲᠠᠢ ᠡᠮ᠎ᠡ ᠬᠤᠨᠢ ᠱᠢᠮ᠎ᠡ ᠲᠡᠵᠢᠭᠡᠯ ᠨᠠᠩ ᠶᠡᠬᠡ ᠬᠡᠷᠡᠭᠰᠡᠵᠤ᠂ ᠲᠡᠵᠢᠭᠡᠯ ᠪᠣᠷᠳᠣᠭ᠎ᠠ ᠶ᠋ᠢ 〈ᠣᠨᠴᠠ ᠦᠶ᠋ᠯᠡᠳᠦᠭ᠌ᠰᠡᠨ ᠡᠮ᠎ᠡ ᠬᠤᠨᠢᠨ᠎ᠤ ᠨᠠᠷᠢᠯᠢᠭ ᠪᠣᠷᠳᠣᠭ᠎ᠠ + ᠣᠨᠴᠠ ᠦᠶ᠋ᠯᠡᠳᠦᠭ᠌ᠰᠡᠨ ᠡᠮ᠎ᠡ ᠬᠤᠨᠢᠨ᠎ᠤ ᠥᠳᠭᠡᠷᠡᠭᠦᠯᠦᠭ᠌ᠰᠡᠨ ᠪᠣᠷᠳᠣᠭ᠎ᠠ〉 ᠶ᠋ᠢᠨ ᠨᠠᠷᠢᠯᠢᠭ ᠨᠠᠢᠷᠠᠯᠭ᠎ᠠ ᠪᠡᠷ ᠲᠠᠰ ᠳᠡᠪᠱᠢᠭᠦᠯᠵᠦ᠍᠂ ᠤᠭᠤᠷᠠᠭ ᠤ᠋ᠨ ᠬᠡᠮᠵᠢᠶ᠎ᠡ ᠶ᠋ᠢ ᠣᠯᠠᠨ ᠭᠡᠭᠡᠯ ᠲᠠᠢ ᠡᠮ᠎ᠡ ᠬᠤᠨᠢᠨ᠎ᠤ ᠬᠡᠷᠡᠭ᠌ᠴᠡᠭᠡ ᠶ᠋ᠢ ᠬᠠᠩᠭᠠᠬᠤ ᠶ᠋ᠢ ᠪᠠᠲᠤᠯᠠᠨ᠎ᠠ》 ᠭᠡᠵᠦ᠍ ᠥᠪᠥᠷ ᠮᠣᠩᠭᠣᠯ ᠤ᠋ᠨ ᠯᠦ᠍ ᠴᠤᠸᠠᠨ ᠶᠤᠸᠠᠨ ᠲᠠᠷᠢᠶᠠᠯᠠᠩ ᠮᠠᠯ ᠠᠵᠤ ᠠᠬᠤᠶ ᠵᠢᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠥᠭ᠌ᠵᠢᠯᠲᠡ ᠵᠢᠨ ᠬᠢᠵᠠᠭᠠᠷᠲᠤ ᠺᠣᠮᠫᠠᠨᠢ ᠵᠢᠨ ᠦᠶ᠋ᠯᠡᠳᠪᠦᠷᠢᠯᠡᠯ ᠤ᠋ᠨ ᠳᠡᠳ᠋ ᠶᠡᠷᠦᠩᠬᠡᠶ ᠳᠠᠭᠠᠭᠠᠮᠠᠯ ᠭᠦᠸᠧ ᠱᠢᠶᠤᠤ ᠺᠠᠶ ᠬᠡᠯᠡᠪᠡ᠃

ᠡᠨᠡ ᠬᠦ᠌ 800 ᠮᠦ᠍ ᠲᠠᠯᠠᠪᠠᠢ᠎ᠲᠠᠶ ᠪᠠᠷᠢᠮᠵᠢᠶᠠᠵᠢᠭ᠍ᠰᠠᠨ ᠲᠡᠵᠢᠭᠡᠨ ᠦᠷᠡᠵᠢᠭᠦᠯᠬᠦ᠌ ᠲᠠᠯᠠᠪᠠᠢ ᠳ᠋ᠤ ᠤᠶᠤᠨᠴᠢᠯᠠᠭ᠍ᠰᠠᠨ᠂ ᠠᠮᠢ ᠠᠬᠤᠢ ᠵᠢᠨ ᠲᠡᠵᠢᠭᠡᠨ ᠦᠷᠡᠵᠢᠭᠦᠯᠬᠦ᠌ ᠲᠠᠯᠠᠪᠠᠢ ᠭᠠᠵᠠᠷ ᠰᠠᠢ ᠦᠭᠡᠢ ᠬᠠᠷᠠᠭ᠍ᠳᠠᠨ᠎ᠠ᠃ ᠬᠣᠨᠢᠨ ᠬᠠᠰᠢᠶ᠎ᠠ ᠵᠢᠨ ᠳᠤᠤᠷᠠᠬᠢ ᠠᠦ᠋ᠲ᠋ᠤᠴᠢᠯᠠᠭᠰᠠᠨ ᠬᠤᠷᠭᠤᠯ ᠠᠷᠢᠯᠭᠠᠬᠤ ᠮᠠᠱᠢᠨ ᠡᠳᠦᠷ ᠪᠦᠷᠢ ᠲᠣᠭ᠍ᠲᠠᠭ᠍ᠰᠠᠨ ᠴᠠᠭ ᠲᠤ᠌ ᠬᠤᠷᠭᠤᠯ ᠢ᠋᠎ᠴᠡᠪᠡᠷᠯᠡᠵᠦ᠍᠂ ᠣᠨᠴᠠᠭᠠᠶ ᠲᠤᠬᠢᠷᠠᠭᠤᠯᠤᠭᠰᠠᠨ 《ᠲᠤᠰᠠᠯᠠᠬᠤ ᠢᠳᠡᠭᠡᠨ》 ᠢ᠋ ᠲᠤᠰ ᠲᠤᠨᠢ ᠲᠠᠯᠪᠢᠵᠤ ᠬᠠᠭᠠᠰ ᠰᠠᠷ᠎ᠠ ᠵᠢᠨ ᠳᠠᠷᠠᠭᠠᠬᠢ ᠬᠤᠷᠠᠭ᠎ᠠ ᠵᠢᠨ ᠴᠠᠭ ᠲᠤᠬᠠᠶ ᠳ᠋ᠤᠨᠢ ᠱᠢᠮ᠎ᠡ ᠲᠡᠵᠢᠭᠡᠯ ᠨᠥᠬᠥᠪᠥᠷᠢᠯᠡᠬᠦ ᠶ᠋ᠢ ᠬᠠᠩᠭᠠᠵᠤ᠂ ᠲᠣᠭ᠍ᠲᠠᠮᠠᠯ ᠳᠤᠯᠠᠭᠠᠨᠲᠤ ᠤᠰᠤᠨ ᠣᠩᠭᠣᠴᠠ 10 ᠭᠷᠠᠳᠦ᠋ᠰ ᠣᠷᠴᠢᠮ ᠤ᠋ᠨ ᠪᠦᠯᠢᠶᠡᠨ ᠤᠰᠤ ᠶ᠋ᠢ 24 ᠴᠠᠭ ᠵᠢᠡᠷ ᠬᠠᠩᠭᠠᠨ᠎ᠠ᠃ 《ᠲᠡᠵᠢᠭᠡᠨ ᠦᠷᠡᠵᠢᠭᠦᠯᠬᠦ᠌ ᠬᠦᠷᠢᠶᠡᠯᠡᠩ ᠲᠣᠭᠣᠷᠢᠭ ᠣᠳᠣᠬᠠᠨ ᠳ᠋ᠤ ᠨᠢᠭᠡᠨᠲᠡ 43 ᠪᠠᠷᠢᠮᠵᠢᠶᠠᠵᠢᠭ᠍ᠰᠠᠨ ᠬᠠᠱᠢᠶ᠎ᠠ ᠰᠠᠷᠠᠪᠴᠢ᠂ 3.5 ᠲᠦᠮᠡᠨ ᠬᠣᠨᠢ ᠲᠡᠵᠢᠭᠡᠨ ᠦᠷᠡᠵᠢᠭᠦᠯᠵᠤ ᠪᠤᠢ᠃ ᠲᠥᠷᠥᠯ ᠵᠦᠶ᠋ᠯ ᠤ᠋ᠨ ᠲᠥᠬᠥᠷᠵᠢᠭᠦᠯᠦᠭ᠌ᠰᠡᠨ ᠨᠢᠲᠤᠯᠵᠤ ᠨᠠᠷᠢᠯᠢᠭ ᠡᠳ᠋ᠱᠢᠭᠦᠯᠬᠦ᠌ ᠲᠥᠷᠥᠯ ᠵᠦᠶ᠋ᠯ ᠤ᠋ᠨ ᠪᠠᠷᠢᠯᠭ᠎ᠠ ᠵᠢᠨ ᠲᠠᠯᠠᠪᠠᠶ 2.4 ᠲᠦᠮᠡᠨ ᠲᠡᠭ᠌ᠰᠢ ᠳᠥᠷᠪᠡᠯᠵᠢᠨ ᠮᠧᠲ᠋ᠷ ᠪᠠᠢᠵᠤ᠂ ᠪᠠᠢᠭᠤᠯᠵᠤ ᠳᠠᠭᠤᠰᠤᠭ᠍ᠰᠠᠨ᠎ᠤ ᠳᠠᠷᠠᠭ᠎ᠠ ᠵᠢᠯ ᠳ᠋ᠤ 100 ᠲᠦᠮᠡᠨ ᠮᠢᠬᠠᠨ ᠤ᠋ ᠬᠣᠨᠢ ᠨᠢᠳᠤᠯᠵᠤ᠂ 2 ᠲᠦᠮᠡᠨ ᠲᠣᠨ ᠱᠢᠨ᠎ᠡ ᠰᠣᠷᠭᠣᠭ ᠬᠣᠨᠢᠨ ᠮᠢᠬ᠎ᠠ ᠦᠶ᠋ᠯᠡᠳᠪᠦᠷᠢᠯᠡᠵᠦ᠍ ᠲᠡᠢᠯᠦᠨ᠎ᠡ》 ᠭᠡᠵᠦ᠍ ᠦᠴᠦᠸᠠᠨ ᠱᠢᠶᠠᠨ᠎ᠤ ᠲᠠᠷᠢᠶᠠᠯᠠᠩ ᠮᠠᠯ ᠠᠵᠤ ᠠᠬᠤᠢ ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠲᠣᠪᠴᠢᠶᠠᠨ᠎ᠤ ᠮᠠᠯ ᠠᠵᠤ ᠠᠬᠤᠢ ᠮᠠᠯ ᠡᠮᠨᠡᠯᠭᠡ ᠵᠢᠨ ᠲᠠᠰᠤᠭ ᠤ᠋ᠨ ᠳᠠᠷᠤᠭ᠎ᠠ ᠵᠠᠩ ᠮᠧᠢ ᠴᠢᠨ ᠬᠡᠯᠡᠪᠡ᠃

ᠦᠵᠡᠰᠭᠦᠯᠡᠩᠲᠦ ᠰᠠᠢᠬᠠᠨ ᠥᠪᠥᠷ ᠮᠣᠩᠭᠣᠯ ᠤ᠋ᠨ ᠲᠠᠯ᠎ᠠ ᠨᠤᠲᠤᠭ ᠪᠣᠯ ᠮᠠᠨ᠎ᠤ ᠤᠯᠤᠰ ᠤ᠋ᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠱᠢᠨ ᠤ᠋ ᠬᠠᠯᠬᠠᠪᠴᠢ ᠵᠢᠨ ᠪᠦᠷᠢᠯᠳᠦᠬᠦᠨ ᠬᠡᠰᠡᠭ ᠪᠣᠯᠬᠤ ᠪᠥᠭᠡᠳ ᠤᠯᠤᠰ ᠤ᠋ᠨ ᠴᠢᠬᠤᠯᠠ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ᠎ᠤ ᠦᠢᠯᠡᠳᠪᠦᠷᠢᠯᠡᠯ ᠤ᠋ᠨ ᠰᠠᠭᠤᠷᠢᠨ ᠢ᠋ ᠪᠦᠲᠦᠭᠡᠨ ᠪᠠᠢᠭᠤᠯᠬᠤ ᠳ᠋ᠤ ᠡᠯᠪᠡᠭ ᠪᠠᠶᠠᠯᠢᠭ ᠦᠢᠯᠡᠳᠪᠦᠷᠢᠯᠡᠯ ᠤ᠋ᠨ ᠬᠡᠷᠡᠭ᠌ᠰᠡᠯ ᠬᠠᠩᠭᠠᠭ᠍ᠰᠠᠨ ᠪᠠᠢᠨ᠎ᠠ᠃ ᠥᠷᠭᠡᠨ ᠠᠭᠤᠳᠠᠮ ᠲᠠᠯ᠎ᠠ ᠨᠤᠲᠤᠭ ᠮᠠᠨ᠎ᠤ ᠣᠷᠣᠨ᠎ᠤ ᠦᠬᠡᠷ ᠤ᠋ᠨ ᠮᠢᠬ᠎ᠠ᠂ ᠬᠣᠨᠢᠨ ᠮᠢᠬ᠎ᠠ᠂ ᠦᠨᠢᠶᠡᠨ ᠰᠦ᠂ ᠢᠮᠠᠭᠠᠨ ᠨᠤᠤᠯᠤᠭᠤᠷ ᠤ᠋ᠨ ᠭᠠᠷᠤᠯᠲᠠ ᠵᠡᠷᠭᠡ 4 ᠵᠦᠶ᠋ᠯ ᠪᠥᠬᠥ᠌ ᠤᠯᠤᠰ ᠲᠤ᠌ ᠲᠡᠷᠢᠭᠦᠯᠡᠬᠦ ᠳ᠋ᠤ ᠬᠦᠴᠦᠨ ᠨᠡᠮᠡᠷᠢᠯᠡᠵᠤ᠂ ᠰᠦ ᠮᠢᠬ᠎ᠠ ᠲᠥᠮᠥᠰᠥ᠍ ᠨᠤᠤᠯᠤᠭᠤᠷ ᠵᠡᠷᠭᠡ 7 ᠵᠦᠶ᠋ᠯ ᠤ᠋ᠨ ᠭᠤᠤᠯᠳᠠᠯᠭ᠎ᠠ᠎ᠲᠠᠶ ᠠᠵᠤ ᠦᠶ᠋ᠯᠡᠰ ᠤ᠋ᠨ ᠬᠡᠯᠬᠢᠶ᠎ᠡ ᠵᠢᠨ ᠦᠶ᠋ᠯᠡᠳᠬᠦᠨ ᠤ᠋ ᠥᠷᠲᠡᠭ 7000 ᠳ᠋ᠦᠩᠱᠢᠭᠤᠷ ᠲᠥᠭᠥᠷᠢᠭ ᠢ᠋ ᠳᠠᠪᠠᠵᠤ᠂ ᠬᠡᠳᠦᠨ ᠵᠠᠭᠤᠨ ᠲᠦᠮᠡᠨ ᠮᠠᠯᠴᠢᠳ ᠤ᠋ᠨ ᠠᠵᠤ ᠠᠮᠢᠳᠤᠷᠠᠯ ᠢ᠋ ᠪᠠᠲᠤᠯᠠᠪᠠ᠃

ᠣᠢᠷ᠎ᠠ ᠵᠢᠨ ᠵᠢᠯ ᠤ᠋ᠨ ᠲᠤᠷᠰᠢ ᠥᠪᠥᠷ ᠮᠣᠩᠭᠣᠯ ᠬᠠᠱᠢᠶᠠᠯᠠᠨ ᠲᠡᠵᠢᠭᠡᠬᠦ᠌ ᠶ᠋ᠢ ᠬᠥᠭ᠌ᠵᠢᠭᠦᠯᠬᠦ᠌ ᠲᠡᠶ ᠤᠶᠠᠯᠳᠤᠭᠤᠯᠤᠨ᠂ ᠠᠮᠢᠳᠤᠷᠠᠯ ᠦᠢᠯᠡᠳᠪᠦᠷᠢᠯᠡᠯ᠎ᠢ ᠰᠠᠯᠭᠠᠬᠤ᠂ ᠲᠥᠪᠯᠡᠷᠡᠭᠦᠯᠦᠨ ᠪᠥᠲᠥᠭᠡᠨ ᠪᠠᠢᠭᠤᠯᠬᠤ᠂ ᠣᠶᠤᠨᠴᠢ᠎ᠪᠠᠷ ᠲᠡᠵᠢᠭᠡᠨ ᠦᠷᠡᠵᠢᠭᠦᠯᠬᠦ᠌ ᠵᠠᠷᠴᠢᠮ ᠶᠣᠰᠣᠭᠠᠷ ᠲᠡᠵᠢᠭᠡᠨ ᠦᠷᠡᠵᠢᠭᠦᠯᠬᠦ᠌ ᠬᠠᠱᠢᠶ᠎ᠠ ᠰᠠᠷᠠᠪᠴᠢ᠂ ᠲᠡᠵᠢᠭᠡᠯ ᠡᠪᠡᠰᠦ ᠪᠣᠷᠳᠣᠭ᠎ᠠ ᠶ᠋ᠢ ᠬᠤᠷᠢᠶᠠᠵᠤ ᠨᠥᠭᠡᠴᠡᠯᠡᠨ ᠡᠳ᠋ᠱᠢᠭᠦᠯᠬᠦ᠌᠂ ᠨᠠᠷᠢᠯᠢᠭ ᠣᠨᠣᠴᠠᠲᠠᠶ᠎ᠪᠠᠷ ᠲᠡᠵᠢᠭᠡᠨ ᠠᠷᠠᠴᠢᠯᠠᠬᠤ᠂ ᠣᠷᠴᠢᠨ ᠲᠣᠭᠣᠷᠢᠨ ᠢ᠋ ᠡᠵᠡᠮᠳᠡᠬᠦ᠌ ᠪᠠ ᠢᠯᠭᠠᠳᠠᠰᠤ ᠶ᠋ᠢ ᠱᠢᠶ᠋ᠳᠪᠦᠷᠢᠯᠡᠬᠦ᠌ ᠵᠡᠷᠭᠡ ᠭᠣᠭ᠍ᠴᠣᠭ᠎ᠠ ᠵᠢᠨ ᠲᠥᠬᠥᠭᠡᠷᠦᠮᠵᠢ ᠵᠢᠨ ᠬᠢᠷᠢ ᠲᠦᠪᠱᠢᠨ ᠢ᠋ ᠬᠦᠴᠦᠯᠡᠨ ᠳᠡᠭᠡᠭ᠌ᠰᠢᠯᠡᠭᠦᠯᠵᠦ᠍᠂ ᠡᠷᠴᠢᠮᠵᠢᠭᠦᠯᠦᠨ ᠲᠡᠵᠢᠭᠡᠨ ᠦᠷᠡᠵᠢᠭᠦᠯᠬᠦ᠌ ᠬᠤᠷᠠᠮᠠᠯ ᠮᠡᠷᠭᠡᠵᠢᠯ ᠤ᠋ᠨ ᠵᠠᠭ᠍ᠪᠤᠷ ᠢ᠋ ᠳᠡᠯᠭᠡᠷᠡᠭᠦᠯᠤᠨ᠂ ᠨᠢᠭᠡ ᠪᠦᠯᠦᠭ ᠥᠨᠳᠥᠷ ᠪᠠᠷᠢᠮᠵᠢᠶᠠᠲᠤ ᠫᠧᠩ ᠬᠣᠷᠣᠭ᠎ᠠ ᠪᠠ ᠲᠡᠵᠢᠭᠡᠨ ᠦᠷᠡᠵᠢᠭᠦᠯᠬᠦ᠌ ᠬᠦᠷᠢᠶᠡᠯᠡᠩ ᠲᠣᠭᠣᠷᠢᠭ ᠢ᠋ ᠪᠥᠲᠥᠭᠡᠨ ᠪᠠᠢᠭᠤᠯᠪᠠ᠃

《2024 ᠣᠨ ᠳ᠋ᠤ ᠮᠠᠨ᠎ᠤ ᠣᠷᠣᠨ 17 ᠬᠣᠱᠢᠭᠤ ᠱᠢᠶᠠᠨ ᠳ᠋ᠤ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ᠌ ᠠᠰᠠᠭᠤᠳᠠᠯ ᠢ᠋ ᠱᠢᠶ᠋ᠳᠪᠦᠷᠢᠯᠡᠬᠦ᠌ ᠲᠤᠷᠱᠢᠯᠲᠠ ᠵᠢᠨ ᠴᠡᠭ ᠤ᠋ᠨ ᠠᠵᠢᠯᠯᠠᠭ᠎ᠠ ᠥᠷᠨᠢᠭᠦᠯᠵᠦ᠍᠂ 2025 ᠣᠨ ᠳ᠋ᠤ ᠲᠣᠰ ᠠᠵᠢᠯ ᠢ᠋ ᠪᠥᠬᠥ᠌ ᠲᠠᠯ᠎ᠠ᠎ᠪᠠᠷ ᠦᠷᠨᠢᠬᠦᠯᠵᠦ ᠡᠬᠢᠯᠡᠪᠡ᠃ ᠪᠦᠬᠦ᠌ ᠣᠷᠣᠨ᠎ᠤ ᠡᠯ᠎ᠡ ᠭᠠᠵᠠᠷ ᠤ᠋ᠨ ᠬᠢᠨ ᠲᠤᠬᠠᠶ ᠵᠢᠨ ᠭᠠᠵᠠᠷ ᠤ᠋ᠨ ᠡᠬᠢ ᠪᠠᠶᠠᠯᠢᠭ ᠤ᠋ᠨ ᠨᠥᠬᠥᠴᠡᠯ ᠪᠣᠯᠤᠨ ᠠᠵᠤ ᠦᠢᠯᠡᠰ ᠤ᠋ᠨ ᠰᠠᠭᠤᠷᠢ ᠨᠥᠬᠥᠴᠡᠯ᠎ᠳᠡᠭᠡᠨ ᠰᠠᠭᠤᠷᠢᠯᠠᠨ ᠲᠤᠰ ᠲᠤᠰ ᠤ᠋ᠨ ᠣᠨᠴᠠᠯᠢᠭ ᠪᠦᠬᠦᠢ ᠪᠡᠯᠴᠢᠭᠡᠷ ᠤ᠋ᠨ ᠳᠠᠭᠠᠭᠠᠴᠠ ᠡᠴᠡ ᠬᠡᠲᠦᠷᠡᠲᠡᠯ᠎ᠡ ᠪᠡᠯᠴᠢᠭᠡᠷᠯᠡᠭᠦᠯᠬᠦ ᠠᠰᠠᠭᠤᠳᠠᠯ ᠢ᠋ ᠱᠢᠶ᠋ᠳᠪᠦᠷᠢᠯᠡᠬᠦ᠌ ᠬᠡᠪ ᠵᠠᠭ᠍ᠪᠤᠷ ᠢ᠋ ᠬᠠᠢᠨ ᠰᠦᠪᠡᠭ᠌ᠴᠢᠯᠡᠵᠦ᠍ ᠪᠠᠢᠨ᠎ᠠ᠃ ᠮᠠᠯᠵᠢᠬᠤ ᠣᠷᠣᠨ ᠵᠢᠡᠷ ᠭᠣᠣᠯ ᠪᠣᠯᠭᠠᠭ᠍ᠰᠠᠨ ᠭᠠᠵᠠᠷ ᠣᠷᠣᠨ᠎ᠳ᠋ᠤ ᠮᠠᠯ ᠪᠡᠯᠴᠢᠭᠡᠷ ᠢ᠋ ᠲᠡᠩᠴᠡᠭᠦᠷᠢ᠎ᠲᠡᠶ ᠪᠠᠢᠯᠭᠠᠬᠤ ᠪᠠ ᠬᠠᠱᠢᠶᠠᠯᠠᠨ ᠲᠡᠵᠢᠭᠡᠵᠦ᠍ ᠬᠠᠭᠠᠰ ᠬᠠᠱᠢᠶᠠᠯᠠᠨ ᠲᠡᠵᠢᠭᠡᠬᠦ᠌ ᠶ᠋ᠢ ᠬᠡᠷᠡᠭ᠌ᠵᠢᠭᠦᠯᠪᠡ; ᠮᠠᠯ ᠠᠵᠤ ᠠᠬᠤᠶ ᠲᠠᠷᠢᠶᠠᠯᠠᠩ ᠰᠣᠯᠪᠢᠴᠠᠭ᠍ᠰᠠᠨ ᠪᠦᠰᠡ ᠪᠡᠷ ᠭᠣᠣᠯ ᠪᠣᠯᠭᠠᠭ᠍ᠰᠠᠨ ᠭᠠᠵᠠᠷ ᠣᠷᠣᠨ᠎ᠳ᠋ᠤ 〈ᠮᠠᠯᠵᠢᠬᠤ ᠤᠷᠤᠨ ᠦᠷᠡᠵᠢᠭᠦᠯᠦᠨ ᠪᠣᠢᠵᠢᠭᠤᠯᠵᠤ ᠲᠠᠷᠢᠶᠠᠯᠠᠬᠤ ᠤᠷᠤᠨ ᠲᠡᠵᠢᠭᠡᠨ ᠪᠤᠷᠳᠤᠬᠤ〉 ᠪᠠ 〈ᠡᠷᠦᠬᠡ ᠦᠷᠡᠵᠢᠭᠦᠯᠦᠨ ᠪᠣᠢᠵᠢᠭᠤᠯᠬᠤ ᠠᠵᠤ ᠠᠬᠤᠢᠯᠠᠯ ᠲᠡᠵᠢᠭᠡᠨ ᠪᠤᠷᠳᠤᠬᠤ〉 ᠶ᠋ᠢ ᠬᠡᠷᠡᠭᠵᠢᠭᠦᠯᠪᠡ; ᠲᠠᠷᠢᠶᠠᠯᠠᠬᠤ ᠣᠷᠣᠨ ᠵᠢᠡᠷ ᠭᠣᠣᠯ ᠪᠣᠯᠭᠠᠭ᠍ᠰᠠᠨ ᠭᠠᠵᠠᠷ ᠣᠷᠣᠨ᠎ᠳ᠋ᠤ ᠬᠥᠬᠡ ᠳᠠᠷᠤᠰᠢ ᠵᠢᠨ ᠡᠷᠳᠡᠨᠢ ᠱᠢᠰᠢ ᠪᠠ ᠴᠢᠨᠠᠷ ᠰᠠᠢᠲᠠᠢ ᠲᠡᠵᠢᠭᠡᠯ ᠡᠪᠡᠰᠦ ᠲᠠᠷᠢᠬᠤ ᠶ᠋ᠢ ᠬᠥᠭ᠌ᠵᠢᠭᠦᠯᠵᠦ᠍᠂ ᠪᠠᠷᠢᠮᠵᠢᠶᠠᠵᠢᠭᠤᠯᠤᠨ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ᠌ ᠶ᠋ᠢ ᠬᠡᠷᠡᠭ᠌ᠵᠢᠭᠦᠯᠪᠡ》 ᠭᠡᠵᠦ᠍ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠭᠣᠨ ᠮᠠᠯᠵᠢᠬᠤ ᠣᠷᠣᠨ᠎ᠤ ᠲᠢᠩᠬᠢᠮ ᠤ᠋ᠨ ᠮᠠᠯ ᠠᠵᠤ ᠠᠬᠤᠢ ᠵᠢᠨ ᠲᠣᠪᠴᠢᠶᠠᠨ᠎ᠤ ᠳᠠᠷᠤᠭ᠎ᠠ ᠬᠣᠩ ᠬᠠᠢ ᠬᠡᠯᠡᠪᠡ᠃

ᠲᠤᠷᠱᠢᠯᠲᠠ ᠵᠢᠨ ᠴᠡᠭ ᠤ᠋ᠨ ᠵᠢᠱ᠌ᠢᠶ᠎ᠡ ᠦᠵᠡᠭᠦᠯᠬᠦ᠌ ᠪᠠ ᠵᠠᠭ᠍ᠪᠤᠷ ᠤ᠋ᠨ ᠱᠢᠨ᠎ᠡ ᠶ᠋ᠢ ᠡᠭᠦᠳᠬᠦ᠌ ᠬᠤᠤᠰ ᠴᠢᠭ᠌ᠯᠡᠯᠲᠦ ᠴᠢᠷᠮᠠᠢᠯᠭ᠎ᠠ ᠳᠤᠤᠷ᠎ᠠ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ᠍ ᠪᠣᠯᠬᠤ ᠨᠢᠭᠡ ᠪᠦᠯᠦᠭ ᠱᠢᠨ᠎ᠡ ᠬᠡᠯᠪᠡᠷᠢ ᠵᠢᠨ ᠲᠡᠵᠢᠭᠡᠨ ᠦᠷᠡᠵᠢᠭᠦᠯᠬᠦ᠌ ᠵᠠᠭ᠍ᠪᠤᠷ ᠴᠣᠯᠭᠣᠷᠠᠨ ᠭᠠᠷᠴᠤ᠌᠂ ᠬᠡᠯᠪᠡᠷᠢ ᠪᠡᠨ ᠬᠤᠪᠢᠷᠠᠭᠤᠯᠤᠭ᠍ᠰᠠᠨ ᠨᠠᠩ ᠣᠯᠠᠨ ᠥᠯᠢᠭᠡᠷ ᠶᠠᠭ ᠪᠥᠬᠥ᠌ ᠣᠷᠣᠨ᠎ᠤ ᠡᠯ᠎ᠡ ᠭᠠᠵᠠᠷ ᠲᠤ᠌ ᠢᠯᠡᠷᠡᠵᠦ᠍ ᠪᠠᠢᠨ᠎ᠠ᠃ ᠤᠯᠠᠭᠠᠨᠬᠠᠳᠠ ᠬᠣᠲᠠ ᠵᠣᠣ ᠤᠳᠠ ᠵᠢᠨ ᠮᠢᠬᠠᠨ ᠤ᠋ ᠬᠣᠨᠢ᠂ ᠬᠠᠨ ᠠᠭᠤᠯᠠ ᠵᠢᠨ ᠴᠠᠭᠠᠨ ᠨᠣᠤᠯᠣᠭᠤᠷᠳᠣ ᠢᠮᠠᠭ᠎ᠠ ᠵᠡᠷᠭᠡ ᠱᠢᠯᠢᠳᠡᠭ ᠡᠭᠦᠯᠳᠡᠷ ᠤ᠋ᠨ ᠮᠠᠯ ᠢ᠋ ᠭᠤᠤᠯᠳᠠᠯᠭ᠎ᠠ᠎ᠲᠠᠶ ᠲᠠᠨᠢᠯᠴᠠᠭᠤᠯᠬᠤ ᠡᠭᠦᠯᠳᠡᠷ ᠪᠣᠯᠭᠠᠵᠤ᠂ ᠰᠠᠭᠤᠷᠢ ᠡᠬᠡ ᠮᠠᠯ᠎ᠤ᠋ᠨ ᠰᠦᠷᠦᠭ ᠢ᠋ ᠥᠷᠭᠡᠳᠭᠡᠨ ᠴᠢᠨᠠᠷ ᠢ᠋᠎ᠨᠢ ᠳᠡᠭᠡᠭ᠌ᠰᠢᠯᠡᠭᠦᠯᠬᠦ᠌᠂ ᠮᠢᠬᠠᠨ ᠤ᠋ ᠦᠬᠡᠷ ᠤ᠋ᠨ ᠡᠭᠦᠯᠳᠡᠷ ᠢ᠋ ᠰᠠᠢᠵᠢᠷᠠᠭᠤᠯᠬᠤ᠂ ᠮᠢᠬᠠᠨ ᠤ᠋ ᠬᠣᠨᠢᠨ᠎ᠤ ᠰᠠᠢᠨ ᠡᠭᠦᠯᠳᠡᠷ ᠢ᠋ ᠦᠷᠡᠵᠢᠭᠦᠯᠦᠨ ᠪᠣᠢᠵᠢᠭᠤᠯᠬᠤ ᠵᠡᠷᠭᠡ ᠲᠥᠷᠥᠯ ᠵᠦᠶ᠋ᠯ ᠤ᠋ᠨ ᠳᠡᠮᠵᠢᠯᠭᠡ ᠶ᠋ᠢ ᠴᠢᠷᠮᠠᠢᠨ ᠣᠯᠵᠤ᠂ ᠱᠢᠯᠢᠳᠡᠭ ᠡᠭᠦᠯᠳᠡᠷ ᠤ᠋ᠨ ᠮᠢᠬᠠᠨ ᠤ᠋ ᠬᠣᠨᠢᠨ᠎ᠤ ᠴᠡᠪᠡᠷ ᠡᠭᠦᠯᠳᠡᠷ ᠢ᠋ ᠥᠷᠭᠡᠳᠭᠡᠨ ᠦᠷᠡᠵᠢᠭᠦᠯᠬᠦ᠌ ᠮᠡᠷᠭᠡᠵᠢᠯ ᠢ᠋ ᠳᠡᠯᠭᠡᠷᠡᠭᠦᠯᠤᠨ᠂ ᠮᠠᠯ ᠰᠦᠷᠦᠭ ᠤ᠋ᠨ ᠪᠦᠲᠦᠴᠡ ᠶ᠋ᠢ ᠬᠦᠴᠦᠯᠡᠨ ᠱᠢᠯᠢᠳᠡᠭ᠌ᠵᠢᠭᠦᠯᠵᠦ᠍᠂ ᠮᠢᠬᠠᠨ ᠤ᠋ ᠦᠬᠡᠷ ᠮᠢᠬᠠᠨ ᠤ᠋ ᠬᠤᠨᠢᠨ ᠤ᠋ ᠠᠵᠤ ᠦᠶ᠋ᠯᠡᠰ ᠤ᠋ᠨ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ᠌ ᠶ᠋ᠢ ᠠᠬᠢᠭᠤᠯᠵᠦ ᠪᠠᠢᠨ᠎ᠠ᠃

ᠪᠠᠶᠠᠨᠨᠠᠭᠤᠷ ᠬᠣᠲᠠ ᠵᠢᠨ 《ᠬᠦᠶ᠋ᠲᠡᠨ ᠤᠯᠠᠷᠢᠯ᠎ᠳᠤ ᠤᠨᠳᠤᠤ ᠭᠠᠵᠠᠷ᠎ᠲᠤ ᠲᠡᠵᠢᠭᠡᠨ ᠦᠷᠡᠵᠢᠭᠦᠯᠬᠦ᠌ ᠵᠠᠭ᠍ᠪᠤᠷ》 ᠨᠢ ᠮᠠᠯᠵᠢᠬᠤ ᠣᠷᠣᠨ᠎ᠤ ᠮᠠᠯ ᠲᠡᠵᠢᠭᠡᠪᠦᠷᠢ ᠶ᠋ᠢᠨ ᠡᠪᠦᠯ ᠬᠠᠪᠤᠷ ᠡᠪᠡᠰᠦ ᠪᠣᠷᠳᠣᠭ᠎ᠠ ᠳᠤᠲᠠᠭ᠍ᠳᠠᠬᠤ ᠠᠰᠠᠭᠤᠳᠠᠯ᠎ᠢ ᠱᠢᠶ᠋ᠳᠪᠦᠷᠢᠯᠡᠬᠦ᠌ 《ᠠᠯᠲᠠᠨ ᠲᠦᠯᠬᠢᠭᠦᠷ》 ᠪᠣᠯᠵᠠᠶ᠃ ᠲᠤᠰ ᠵᠠᠭ᠍ᠪᠤᠷ ᠨᠢ ᠮᠠᠯᠵᠢᠬᠤ ᠣᠷᠣᠨ ᠪᠣᠯᠤᠨ ᠲᠠᠷᠢᠶᠠᠯᠠᠬᠤ ᠣᠷᠣᠨ᠎ᠢ ᠵᠣᠯᠭᠠᠭᠤᠯᠬᠤ᠎ᠪᠠᠷ ᠰᠠᠭᠤᠷᠢ ᠪᠣᠯᠭᠠᠵᠤ᠂ ᠭᠠᠴᠠᠭ᠎ᠠ᠎ᠠᠴᠠ ᠠᠢᠯ ᠲᠣᠰᠭᠣᠨ᠎ᠳᠤ᠂ ᠮᠠᠯᠴᠢᠨ ᠡᠷᠦᠬᠡ᠎ᠡᠴᠡ ᠲᠠᠷᠢᠶᠠᠴᠢᠨ ᠡᠷᠦᠬᠡ᠎ᠳᠦ ᠬᠠᠮᠲᠤᠷᠠᠯᠴᠠᠭ᠎ᠠ ᠬᠢᠵᠦ᠍ ᠬᠠᠷᠢᠯᠴᠠᠨ ᠨᠥᠬᠥᠪᠥᠷᠢᠯᠡᠬᠦ᠌ ᠠᠷᠭ᠎ᠠ ᠬᠡᠯᠪᠡᠷᠢ᠎ᠪᠡᠷ ᠮᠠᠯᠵᠢᠬᠤ ᠣᠷᠣᠨ᠎ᠤ ᠮᠠᠯ᠎ᠤᠨ ᠡᠪᠦᠯ ᠬᠠᠪᠤᠷ᠎ᠤᠨ ᠡᠪᠡᠰᠦ ᠪᠣᠷᠳᠣᠭ᠎ᠠ ᠳᠤᠲᠠᠭ᠍ᠳᠠᠬᠤ ᠠᠰᠠᠭᠤᠳᠠᠯ᠎ᠢ ᠱᠢᠶ᠋ᠳᠪᠦᠷᠢᠯᠡᠭ᠌ᠰᠡᠨ᠎ᠢᠶᠡᠷ ᠪᠠᠷᠠᠬᠤ ᠦᠭᠡᠶ ᠪᠠᠰᠠ ᠲᠠᠷᠢᠶᠠᠯᠠᠬᠤ ᠣᠷᠣᠨ᠎ᠤ ᠡᠰᠢ ᠰᠦᠷᠡᠯ ᠵᠡᠷᠭᠡ ᠡᠬᠢ ᠪᠠᠶᠠᠯᠢᠭ᠎ᠢ ᠪᠦᠲᠦᠮᠵᠢᠲᠡᠶ ᠠᠱᠢᠭ᠍ᠯᠠᠵᠠᠢ᠃

ᠮᠠᠨ᠎ᠤ ᠤᠷᠤᠨ ᠠᠮᠢ ᠠᠬᠤᠶ ᠶ᠋ᠢ ᠤᠷᠢᠳ᠎ᠢᠶᠠᠷ ᠪᠣᠳᠣᠯᠬᠢᠯᠠᠬᠤ᠂ ᠪᠡᠯᠴᠢᠭᠡᠷ᠎ᠢᠶᠡᠷ ᠮᠠᠯ᠎ᠢᠶᠠᠨ ᠲᠣᠭ᠍ᠲᠠᠭᠠᠬᠤ᠎ᠶ᠋ᠢ ᠪᠠᠷᠢᠮᠲᠠᠯᠠᠵᠤ᠂ ᠮᠠᠯᠵᠢᠬᠤ ᠣᠷᠣᠨ᠎ᠤ ᠦᠶ᠋ᠯᠡᠳᠪᠦᠷᠢᠯᠡᠯ ᠡᠵᠡᠩᠨᠡᠯᠲᠡ᠎ᠶ᠋ᠢᠨ ᠠᠷᠭ᠎ᠠ ᠬᠡᠯᠪᠡᠷᠢ᠎ᠶ᠋ᠢ ᠲᠦᠷᠭᠡᠳᠭᠡᠨ ᠬᠤᠪᠢᠷᠠᠭᠤᠯᠵᠤ᠂ ᠠᠮᠢ ᠠᠬᠤᠶ᠎ᠶ᠋ᠢ ᠬᠠᠮᠠᠭᠠᠯᠠᠬᠤ᠂ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠬᠤ᠂ ᠠᠷᠠᠳ᠎ᠤᠨ ᠠᠮᠢᠳᠤᠷᠠᠯ᠎ᠢ ᠰᠠᠢᠵᠢᠷᠠᠭᠤᠯᠬᠤ ᠶ᠋ᠢ ᠨᠢᠭᠡᠳᠦᠯᠲᠡᠶ ᠲᠥᠯᠥᠪᠵᠢᠭᠦᠯᠦᠨ ᠨᠡᠢᠲᠡ᠎ᠳᠦᠨᠢ ᠬᠠᠷᠠᠭᠠᠯᠵᠠᠵᠤ᠂ ᠮᠠᠯ ᠠᠵᠤ ᠠᠬᠤᠶ᠎ᠶ᠋ᠢᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ ᠶ᠋ᠢ ᠠᠬᠢᠭᠤᠯᠵᠠᠢ᠃

ᠠᠵᠤ ᠦᠢᠯᠡᠰ᠎ᠦᠨ ᠠᠭᠤᠰᠤᠯᠴᠠᠯ᠎ᠤᠨ ᠠᠬᠤᠢ ᠪᠠᠢᠳᠠᠯ᠎ᠳᠡᠬᠢ ᠬᠡᠯᠪᠡᠷᠢ ᠪᠠᠨ ᠬᠤᠪᠢᠷᠠᠭᠤᠯᠤᠨ ᠳᠡᠰ ᠳᠡᠪᠱᠢᠭᠦᠯᠬᠦ᠌ ᠦᠢᠯᠡᠳᠦᠯᠭᠡ

ᠪᠠᠶᠠᠨᠨᠠᠭᠤᠷ ᠬᠣᠲᠠ᠎ᠳᠤ ᠪᠠᠢᠷᠢᠯᠠᠵᠤ ᠪᠠᠢᠭ᠎ᠠ ᠥᠪᠥᠷ ᠮᠣᠩᠭᠣᠯ᠎ᠤᠨ ᠹᠦ᠋ ᠵᠢᠶᠠᠨ ᠶᠤᠸᠠᠨ ᠢᠳᠡᠭᠡᠨ᠎ᠦ ᠱᠢᠨᠵᠢᠯᠡᠬᠦ᠌ ᠤᠬᠠᠭᠠᠨ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠶ᠋ᠢᠨ ᠦᠶ᠋ᠯᠡᠳᠪᠦᠷᠢ ᠵᠢᠨ ᠲᠠᠰᠤᠭ᠎ᠲᠤ ᠬᠣᠨᠢᠨ ᠰᠡᠭᠦᠯ᠎ᠦᠨ ᠲᠣᠰᠣ᠎ᠶ᠋ᠢ ᠬᠣᠨᠢᠨ ᠰᠡᠭᠦᠯ᠎ᠦᠨ ᠲᠣᠰᠣᠨ᠎ᠤ ᠰᠠᠪᠤᠩ᠂ ᠱᠢᠮ᠎ᠡ ᠲᠡᠵᠢᠭᠡᠯᠲᠦ ᠨᠢᠭᠤᠷ᠎ᠤᠨ ᠲᠣᠰᠣ ᠵᠡᠷᠭᠡ ᠡᠳᠦᠷ ᠲᠤᠲᠤᠮ᠎ᠤᠨ ᠠᠮᠢᠳᠤᠷᠠᠯ᠎ᠤᠨ ᠭᠡᠷᠡᠭᠯᠡᠭᠡᠨ᠎ᠤ ᠦᠶ᠋ᠯᠡᠳᠬᠦᠨ ᠪᠣᠯᠭᠠᠨ ᠬᠤᠪᠢᠷᠠᠭᠤᠯᠵᠦ ᠪᠤᠢ᠃ ᠡᠲᠡᠭᠡᠷ ᠦᠶ᠋ᠯᠡᠳᠬᠦᠨ᠎ᠨᠢ ᠳᠤᠮᠳᠠ ᠬᠤᠭᠤᠴᠠᠭᠠᠨ᠎ᠤ ᠲᠤᠷᠱᠢᠨ ᠭᠡᠷᠡᠴᠢᠯᠡᠬᠦ᠌ ᠱᠠᠲᠤᠨ᠎ᠳᠤ ᠪᠠᠢᠵᠤ᠂ ᠨᠢᠭᠡᠨᠲᠡ ᠪᠠᠭ᠎ᠠ ᠬᠡᠮᠵᠢᠶᠡᠨ᠎ᠦ ᠵᠠᠬᠢᠶᠠᠯᠠᠭ᠎ᠠ᠎ᠪᠠᠷ ᠪᠠᠷᠠᠭ᠎ᠠ ᠪᠠᠨ ᠵᠠᠬ᠎ᠠ ᠲᠡᠯᠭᠡᠬᠦᠷ ᠲᠦ᠍ ᠭᠠᠷᠭᠠᠵᠦ ᠪᠤᠢ᠃

《ᠮᠠᠨ᠎ᠤ ᠺᠣᠮᠫᠠᠨᠢ ᠪᠣᠯᠤᠨ ᠵᠢᠶᠠᠩᠨᠠᠨ ᠶᠡᠬᠡ ᠰᠤᠷᠭᠠᠭᠤᠯᠢ᠎ᠶ᠋ᠢᠨ ᠢᠳᠡᠭᠡᠨ᠎ᠦ ᠳᠡᠭᠡᠳᠦ ᠰᠤᠷᠭᠠᠭᠤᠯᠢ ᠬᠠᠮᠲᠤ᠎ᠪᠠᠷ ᠢᠳᠡᠱᠢᠨ ᠲᠣᠰᠣ (ᠬᠣᠨᠢᠨ ᠲᠣᠰᠦ) ᠶ᠋ᠢ ᠲᠣᠭ᠍ᠲᠠᠪᠤᠷᠢᠵᠢᠭᠤᠯᠬᠤ ᠪᠠ ᠥᠨᠳᠥᠷ ᠪᠦᠲᠦᠮᠵᠢᠲᠡᠶ ᠠᠱᠢᠭ᠍ᠯᠠᠬᠤ ᠵᠠᠩᠭᠢᠯᠠᠭ᠎ᠠ ᠶ᠋ᠢᠨ ᠮᠡᠷᠭᠡᠵᠢᠯ᠎ᠢ ᠰᠤᠳᠤᠯᠤᠨ ᠨᠡᠭᠡᠭᠡᠵᠠᠢ᠃ ᠪᠢᠳᠡ ᠲᠣᠰ ᠮᠡᠷᠭᠡᠵᠢᠯ᠎ᠢ ᠠᠱᠢᠭ᠍ᠯᠠᠨ ᠬᠣᠨᠢᠨ ᠰᠡᠭᠦᠯ᠎ᠦᠨ ᠲᠣᠰᠣ ᠵᠢ ᠦᠨᠦᠷ ᠦᠩᠭᠡ ᠥᠬᠡᠢᠳᠡᠭᠦᠯᠬᠦ ᠪᠠ ᠠᠱᠢᠭ᠍ᠲᠤ ᠪᠦᠷᠢᠯᠳᠦᠬᠦᠨ ᠢ᠋ ᠭᠠᠷᠭᠠᠨ ᠠᠪᠴᠤ᠌᠂ ᠬᠣᠨᠢᠨ ᠰᠡᠭᠦᠯ᠎ᠦᠨ ᠨᠢᠭᠤᠷ᠎ᠤᠨ ᠲᠣᠰᠣ᠂ ᠭᠠᠷ᠎ᠤᠨ ᠲᠣᠰᠣ ᠵᠡᠷᠭᠡ ᠭᠣᠶᠣᠯᠠᠯ᠎ᠤᠨ ᠡᠳ᠋᠎ᠢ ᠰᠤᠳᠤᠯᠤᠨ ᠦᠶ᠋ᠯᠡᠳᠴᠠᠢ᠃ 1 ᠬᠣᠨᠢᠨ᠎ᠤ ᠰᠡᠭᠦᠯ᠎ᠦᠨ ᠬᠦᠨᠳᠦ ᠨᠢ 3 ᠵᠢᠩ ᠣᠷᠴᠢᠮ᠂ ᠥᠪᠡᠷ᠎ᠦᠨ ᠥᠷᠲᠡᠭ ᠨᠢ ᠪᠠᠷᠤᠭ 18 ᠲᠥᠭᠥᠷᠢᠭ ᠬᠦᠷᠴᠦ ᠪᠠᠢᠨ᠎ᠠ᠃ ᠣᠲᠣ ᠭᠣᠶᠣᠯᠠᠯ᠎ᠤᠨ ᠡᠳ᠋᠎ᠦᠨ ᠱᠢᠷᠢᠰ ᠪᠦᠲᠦᠭᠡᠭ᠌ᠳᠡᠬᠦᠨ ᠪᠣᠯᠭᠠᠨ ᠪᠣᠯᠪᠠᠰᠤᠷᠠᠭᠤᠯᠵᠤ᠂ ᠦᠶ᠋ᠯᠡᠳᠬᠦᠨ᠎ᠦ ᠥᠷᠲᠡᠭ᠎ᠢ 1500 ᠲᠥᠭᠥᠷᠢᠭ ᠪᠣᠯᠭᠠᠨ ᠳᠡᠭᠡᠭ᠌ᠰᠢᠯᠡᠭᠦᠯᠵᠦ᠍᠂ 1 ᠬᠣᠨᠢᠨ ᠰᠡᠭᠦᠯ᠎ᠢᠶᠡᠷ 1 ᠬᠣᠨᠢᠨ᠎ᠤ ᠦᠶ᠋ᠯᠡᠳᠬᠦᠨ᠎ᠦ ᠥᠷᠲᠡᠭ᠎ᠢ ᠪᠦᠲᠦᠭᠡᠭᠰᠡᠨ᠎ᠲᠠᠶ ᠲᠡᠩᠴᠡᠨ᠎ᠡ》 ᠭᠡᠵᠦ᠍ ᠥᠪᠥᠷ ᠮᠣᠩᠭᠣᠯ᠎ᠤᠨ ᠹᠦ᠋ ᠵᠢᠶᠠᠨ ᠶᠤᠸᠠᠨ ᠢᠳᠡᠭᠡᠨ᠎ᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠶ᠋ᠢᠨ ᠶᠡᠷᠦᠩᠬᠡᠶ ᠵᠠᠬᠢᠷᠤᠭ᠍ᠴᠢ ᠮᠠ ᠺᠠᠶ ᠱᠢᠨ ᠬᠡᠯᠡᠪᠡ᠃

ᠦᠶ᠋ᠯᠡᠳᠪᠦᠷᠢᠯᠡᠯ᠎ᠦᠨ ᠱᠤᠭᠤᠮ ᠳ᠋ᠡᠬᠢ ᠬᠣᠨᠢᠨ ᠰᠡᠭᠦᠯ᠎ᠦᠨ ᠲᠣᠰᠣᠨ᠎ᠤ ᠰᠠᠪᠤᠩ ᠨᠢ ᠮᠠᠨ᠎ᠤ ᠤᠷᠤᠨ᠎ᠤ ᠮᠠᠯ ᠠᠵᠤ ᠠᠬᠤᠶ᠎ᠶ᠋ᠢᠨ ᠬᠡᠯᠬᠢᠶ᠎ᠡ ᠶ᠋ᠢ ᠤᠷᠲᠤᠳᠭᠠᠵᠤ ᠬᠡᠯᠬᠢᠶ᠎ᠡ ᠶ᠋ᠢ ᠨᠥᠬᠥᠪᠥᠷᠢᠯᠡᠬᠦ᠌ ᠲᠠᠰ ᠳᠡᠪᠱᠢᠭᠦᠯᠬᠦ᠌ ᠠᠷᠭ᠎ᠠ ᠵᠠᠮ᠎ᠢ ᠲᠤᠰᠭᠠᠵᠤ ᠪᠤᠢ᠃ ᠣᠢᠷ᠎ᠠ᠎ᠶ᠋ᠢᠨ ᠵᠢᠯ᠎ᠦᠨ ᠲᠤᠷᠰᠢ ᠮᠠᠨ᠎ᠤ ᠤᠷᠤᠨ ᠲᠠᠯ᠎ᠠ ᠨᠤᠲᠤᠭ᠎ᠤᠨ ᠮᠠᠯ᠎ᠤᠨ ᠠᠱᠢᠭ ᠱᠢᠮ᠎ᠡ ᠶ᠋ᠢ ᠡᠳ᠋ᠱᠢᠭᠦᠯᠦᠨ ᠪᠣᠯᠪᠠᠰᠤᠷᠠᠭᠤᠯᠬᠤ ᠦᠶ᠋ᠯᠡᠰ᠎ᠲᠦ ᠦᠷᠭᠦᠯᠵᠢᠯᠡᠨ ᠬᠦᠴᠦᠯᠡᠵᠦ᠍᠂ ᠥᠪᠡᠷ᠎ᠦᠨ ᠪᠠᠢᠭ᠎ᠠ ᠰᠦ᠎ᠶᠢᠨ ᠢᠷᠡᠯᠲᠡ᠂ ᠦᠬᠡᠷ᠎ᠦᠨ ᠢᠷᠡᠯᠲᠡ᠂ ᠬᠣᠨᠢᠨ᠎ᠤ ᠢᠷᠡᠯᠲᠡ᠎ᠳᠡᠭᠡᠨ ᠲᠦᠱᠢᠭ᠌ᠯᠡᠨ ᠮᠠᠯ᠎ᠤᠨ ᠠᠱᠢᠭ ᠱᠢᠮ᠎ᠡ᠎ᠶ᠋ᠢ ᠡᠳ᠋ᠱᠢᠭᠦᠯᠦᠨ ᠪᠣᠯᠪᠠᠰᠤᠷᠠᠭᠤᠯᠵᠦ᠂ ᠦᠬᠡᠷ ᠬᠣᠨᠢᠨ᠎ᠤ ᠠᠱᠢᠭ ᠱᠢᠮ᠎ᠡ ᠶ᠋ᠢ ᠬᠡᠩᠬᠦᠳᠡᠭ᠎ᠡᠴᠡ ᠨᠠᠷᠢᠯᠢᠭ᠍ᠵᠢᠭᠤᠯᠬᠤ ᠴᠢᠭ᠌ᠯᠡᠯ ᠳᠠᠢᠰᠢ ᠬᠥᠭ᠌ᠵᠢᠭᠦᠯᠬᠦ᠌ ᠶ᠋ᠢ ᠠᠬᠢᠭᠤᠯᠵᠤ᠂ ᠠᠵᠤ ᠦᠶ᠋ᠯᠡᠰ᠎ᠦᠨ ᠱᠤᠭᠤᠮ ᠪᠠ ᠪᠣᠷᠣᠯᠠᠭᠤᠯᠭ᠎ᠠ᠎ᠶ᠋ᠢᠨ ᠱᠤᠭᠤᠮ᠎ᠢ ᠪᠠᠶᠠᠯᠢᠭ᠍ᠵᠢᠭᠤᠯᠤᠨ᠂ ᠠᠷᠠᠰᠤ ᠨᠤᠤᠰᠤ ᠶᠠᠰᠤ ᠴᠢᠰᠤ ᠵᠡᠷᠭᠡ ᠲᠤᠰᠠᠯᠠᠬᠤ ᠪᠦᠲᠦᠭᠡᠭ᠌ᠳᠡᠬᠦᠨ᠎ᠢ ᠶᠡᠷᠦᠩᠬᠡᠢᠯᠡᠨ ᠡᠳ᠋ᠱᠢᠭᠦᠯᠦᠨ ᠠᠱᠢᠭ᠍ᠯᠠᠬᠤ ᠶ᠋ᠢ ᠴᠢᠩᠭᠠᠳᠭᠠᠵᠤ᠂ ᠣᠷᠣᠨ ᠪᠦᠰᠡ ᠶ᠋ᠢᠨ ᠡᠬᠢ ᠪᠠᠶᠠᠯᠢᠭ᠎ᠤᠨ ᠳᠠᠪᠠᠭᠤᠯᠢᠭ᠎ᠢ ᠲᠥᠷᠥᠯ ᠲᠡᠮᠳᠡᠭ᠎ᠦᠨ ᠳᠠᠪᠠᠭᠤᠯᠢᠭ ᠪᠠ ᠠᠵᠤ ᠠᠬᠤᠶ᠎ᠶ᠋ᠢᠨ ᠳᠠᠪᠠᠭᠤᠯᠢᠭ ᠪᠣᠯᠭᠠᠨ ᠲᠠᠰᠤᠷᠠᠯᠲᠠ ᠥᠬᠡᠶ ᠬᠤᠪᠢᠷᠠᠭᠤᠯᠵᠠᠢ᠃

ᠠᠵᠤ ᠦᠢᠯᠡᠰ᠎ᠤᠨ ᠠᠭᠤᠰᠤᠯᠴᠠᠯ᠎ᠤᠨ ᠠᠬᠤᠢ ᠪᠠᠢᠳᠠᠯ᠎ᠳᠤ ᠬᠥᠳᠡᠯᠮᠦᠷᠢ ᠬᠦᠴᠦ᠍᠂ ᠭᠠᠵᠠᠷ ᠱᠢᠷᠣᠢ᠂ ᠣᠷᠴᠢᠨ ᠲᠣᠭᠣᠷᠢᠨ ᠪᠣᠯᠤᠨ ᠤᠨᠴᠠᠯᠢᠬ᠍ᠳᠤ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ ᠵᠡᠷᠭᠡ ᠶ᠋ᠢᠨ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠤᠯᠠᠨ ᠡᠱᠢᠵᠢᠭ᠌ᠰᠡᠨ ᠮᠠᠯ ᠠᠵᠤ ᠠᠬᠤᠢ ᠲᠠᠷᠢᠶᠠᠯᠠᠩ᠎ᠤᠨ ᠤᠨᠴᠠᠯᠢᠬ᠍ᠳᠤ ᠠᠵᠤ ᠦᠢᠯᠡᠰ᠎ᠢ ᠢᠳᠡᠪᠬᠢᠲᠡᠢ ᠬᠦᠭᠵᠢᠬᠦᠯᠬᠦ ᠨᠢ ᠥᠪᠥᠷ ᠮᠣᠩᠭᠣᠯ᠎ᠤᠨ ᠮᠠᠯ ᠠᠵᠤ ᠠᠬᠤᠢ ᠶ᠋ᠢᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠱᠢᠭᠦᠯᠬᠦ᠌ ᠬᠠᠮᠲᠤ᠎ᠶ᠋ᠢᠨ ᠲᠠᠨᠢᠯᠲᠠ ᠪᠣᠯᠵᠠᠢ᠃

2024 ᠣᠨ᠎ᠳᠤ ᠮᠠᠨ᠎ᠤ ᠤᠷᠤᠨ ᠪᠡᠯᠴᠢᠭᠡᠷ᠎ᠤᠨ ᠲᠠᠭᠠᠭᠠᠴᠠ ᠡᠴᠡ ᠭᠡᠳᠦᠷᠡᠳᠡᠯ᠎ᠡ ᠪᠡᠯᠴᠢᠭᠡᠷᠯᠡᠭᠦᠯᠬᠦ᠌ ᠠᠰᠠᠭᠤᠳᠠᠯ᠎ᠢ ᠱᠢᠶ᠋ᠳᠪᠦᠷᠢᠯᠡᠬᠦ᠌ ᠲᠤᠷᠱᠢᠯᠲᠠ ᠶ᠋ᠢᠨ ᠬᠣᠱᠢᠭᠤ ᠱᠢᠶᠠᠨ᠎ᠳᠤ 10 ᠮᠠᠯ᠎ᠤᠨ ᠠᠱᠢᠭ ᠱᠢᠮ᠎ᠡ᠎ᠶ᠋ᠢ ᠡᠳ᠋ᠱᠢᠭᠦᠯᠬᠦ᠌ ᠣᠲᠣ ᠦᠶ᠎ᠡ᠎ᠶ᠋ᠢᠨ ᠠᠵᠤ ᠦᠶ᠋ᠯᠡᠰ᠎ᠦᠨ ᠬᠦᠷᠢᠶᠡᠯᠡᠩ᠂ 10 ᠤᠨᠴᠠᠯᠢᠭ᠍ᠳᠤ ᠠᠵᠤ ᠦᠶ᠋ᠯᠡᠰ᠎ᠦᠨ ᠬᠦᠷᠢᠶᠡᠯᠡᠩ ᠎ᠢ ᠱᠢᠨ᠎ᠡ᠎ᠪᠡᠷ ᠪᠠᠢᠭᠤᠯᠬᠤ ᠶ᠋ᠢ ᠠᠬᠢᠭᠤᠯᠵᠤ᠂ 220 ᠮᠢᠬ᠎ᠠ ᠰᠦ ᠡᠳ᠋ᠱᠢᠭᠦᠯᠬᠦ᠌ ᠵᠢᠵᠢᠭ ᠦᠶ᠋ᠯᠡᠳᠭᠡᠯ᠎ᠦᠨ ᠭᠠᠵᠠᠷ ᠪᠠᠢᠭᠤᠯᠵᠠᠢ᠃ ᠲᠠᠷᠢᠶᠠᠯᠠᠩ ᠮᠠᠯ ᠠᠵᠤ ᠠᠬᠤᠶ᠎ᠳᠤ ᠬᠣᠯᠪᠣᠭ᠍ᠳᠠᠬᠤ ᠡᠳ᠋ᠱᠢᠭᠦᠯᠵᠦ᠍ ᠭᠦᠢᠯᠭᠡᠭᠡᠬᠦ᠌ ᠠᠵᠤ ᠠᠬᠤᠢᠯᠠᠯ᠎ᠤᠨ ᠨᠢᠭᠡᠳᠦᠭᠡᠷ ᠹᠷᠣᠨᠲ᠎ᠤᠨ ᠬᠣᠲᠠ᠎ᠳᠤ ᠵᠢᠵᠢᠭ ᠬᠥᠮᠥᠷᠭᠡ ᠵᠡᠷᠭᠡ ᠬᠥᠯᠳᠡᠭᠡᠵᠦ᠍ ᠬᠡᠯᠬᠢᠶᠡᠵᠢᠭᠦᠯᠬᠦ᠌ ᠲᠦᠬᠦᠭᠡᠷᠦᠮᠵᠢ᠎ᠶ᠋ᠢ ᠲᠡᠭᠦᠯᠳᠡᠷᠵᠢᠭᠦᠯᠬᠦ᠌ ᠶ᠋ᠢ ᠤᠯᠠᠮ ᠨᠢᠭᠡ ᠠᠯᠬᠤᠮ ᠵᠣᠷᠢᠭ᠍ᠵᠢᠭᠤᠯᠵᠤ᠂ ᠮᠠᠯᠵᠢᠬᠤ ᠣᠷᠣᠨ᠎ᠤ ᠨᠠᠷᠢᠯᠢᠭ ᠭᠦᠨᠵᠡᠭᠡᠶ ᠡᠳ᠋ᠱᠢᠭᠦᠯᠬᠦ᠌ ᠳᠠᠭᠠᠭᠤᠯᠤᠬᠴᠢ ᠠᠵᠤ ᠠᠬᠤᠢᠯᠠᠯ᠎ᠤᠨ ᠪᠤᠵᠠᠭᠠᠢᠷᠠᠨ ᠬᠦᠴᠦᠷᠬᠡᠭ᠌ᠵᠢᠬᠦ᠌᠎ᠶ᠋ᠢ ᠭᠣᠣᠯᠳᠠᠯᠭ᠎ᠠ᠎ᠲᠠᠶ ᠳᠡᠮᠵᠢᠵᠦ᠍᠂ ᠮᠢᠬᠠᠨ᠎ᠤ ᠦᠬᠡᠷ᠂ ᠮᠢᠬᠠᠨ᠎ᠤ ᠬᠣᠨᠢ᠎ᠶ᠋ᠢ ᠨᠠᠷᠢᠯᠢᠭ ᠭᠦᠨᠵᠡᠭᠡᠶ ᠡᠳ᠋ᠱᠢᠭᠦᠯᠬᠦ᠌᠎ᠶ᠋ᠢ ᠬᠥᠭ᠌ᠵᠢᠭᠦᠯᠦᠨ᠂ ᠲᠡᠵᠢᠭᠡᠨ ᠦᠷᠡᠵᠢᠭᠦᠯᠬᠦ ᠪᠠ ᠪᠣᠷᠣᠯᠠᠭᠤᠯᠬᠤ᠎ᠶ᠋ᠢ ᠨᠢᠭᠡ ᠴᠣᠭ᠍ᠴᠠᠵᠢᠭᠤᠯᠤᠨ ᠬᠥᠭ᠌ᠵᠢᠭᠦᠯᠬᠦ᠌᠎ᠶ᠋ᠢ ᠠᠬᠢᠭᠤᠯᠵᠤ᠂ ᠨᠤᠲᠤᠭ ᠪᠡᠯᠴᠢᠭᠡᠷ᠎ᠦᠨ ᠮᠠᠯ᠎ᠤᠨ ᠠᠱᠢᠭ ᠱᠢᠮ᠎ᠡ ᠶ᠋ᠢ ᠲᠤᠬᠠᠶ ᠶ᠋ᠢᠨ ᠭᠠᠵᠠᠷ᠎ᠲᠤᠨᠢ ᠡᠳ᠋ᠱᠢᠭᠦᠯᠵᠦ᠍ ᠬᠤᠪᠢᠷᠠᠭᠤᠯᠬᠤ ᠨᠣᠷᠮ᠎ᠠ ᠪᠠ ᠮᠠᠯ᠎ᠤᠨ ᠠᠱᠢᠭ ᠱᠢᠮ᠎ᠡ ᠲᠠᠷᠢᠶᠠᠯᠠᠡᠭ᠎ᠤᠨ ᠪᠦᠲᠦᠭᠡᠭ᠌ᠳᠡᠬᠦᠨ᠎ᠢ ᠡᠳ᠋ᠱᠢᠭᠦᠯᠵᠦ᠍ ᠬᠤᠪᠢᠷᠠᠭᠤᠯᠬᠤ ᠦᠢᠯᠡᠰ᠎ᠦᠨ ᠨᠡᠮᠡᠭ᠌ᠳᠡᠯ ᠥᠷᠲᠡᠭ᠎ᠢ ᠳᠡᠭᠡᠭ᠌ᠰᠢᠯᠡᠭᠦᠯᠵᠠᠢ᠃

ᠬᠢᠩᠭᠠᠨ ᠠᠢᠮᠠᠭ᠎ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠤᠯᠠᠮᠵᠢᠯᠠᠯᠲᠤ ᠴᠠᠭᠠᠨ ᠢᠳᠡᠭᠡᠨ᠎ᠦ ᠠᠵᠤ ᠦᠢᠯᠡᠰ᠎ᠦᠨ ᠬᠦᠷᠢᠶᠡᠯᠡᠩ᠎ᠳᠦ ᠬᠦᠷᠬᠦ᠎ᠳᠤ ᠪᠠᠷᠢᠮᠵᠢᠶᠠᠵᠢᠭ᠍ᠰᠠᠨ ᠦᠢᠯᠡᠳᠪᠦᠷᠢ᠎ᠶ᠋ᠢᠨ ᠪᠠᠢᠱᠢᠩ ᠲᠡᠷᠢ ᠲᠡᠭ᠌ᠰᠢ ᠵᠢᠭ᠍ᠰᠠᠭᠠᠬᠳᠠᠵᠠᠢ᠃᠎ᠶ᠋ᠢᠨ ᠱᠢᠶᠠᠩ ᠰᠦ᠎ᠶᠢᠨ ᠦᠶ᠋ᠯᠡᠰ᠎ᠦᠨ ᠬᠢᠵᠠᠭᠠᠷᠲᠤ ᠺᠣᠮᠫᠠᠨᠢ᠎ᠶ᠋ᠢᠨ ᠡᠳᠦᠷ᠎ᠦᠨ ᠰᠦ᠎ᠶᠢᠨ ᠭᠠᠷᠤᠯᠲᠠ 10 ᠲᠣᠨ᠎ᠳᠤ ᠬᠦᠷᠴᠦ᠍᠂ ᠤᠯᠠᠮᠵᠢᠯᠠᠯᠲᠤ ᠭᠠᠷ ᠤᠷᠠᠯᠠᠯ᠎ᠢ ᠨᠡᠭᠡᠭᠡᠨ ᠬᠥᠭ᠌ᠵᠢᠭᠦᠯᠬᠦ᠌᠂ ᠳᠡᠯᠭᠡᠷᠡᠭᠦᠯᠬᠦ᠌ ᠵᠢᠴᠢ ᠬᠡᠪᠴᠢᠶᠡᠵᠢᠭᠦᠯᠦᠨ ᠦᠶ᠋ᠯᠡᠳᠪᠦᠷᠢᠯᠡᠬᠦ᠌᠂ ᠡᠵᠡᠩᠨᠡᠬᠦ᠌ ᠪᠠ ᠪᠣᠷᠣᠯᠠᠭᠤᠯᠬᠤ ᠶ᠋ᠢ ᠨᠢᠭᠡ ᠴᠣᠭ᠍ᠴᠠᠵᠢᠭᠤᠯᠤᠭ᠍ᠰᠠᠨ ᠶᠡᠷᠦᠩᠬᠡᠢᠯᠡᠭ᠌ᠰᠡᠨ ᠴᠢᠨᠠᠷᠲᠠᠶ ᠠᠵᠤ ᠠᠬᠤᠢᠯᠠᠯ ᠪᠣᠯᠤᠨ᠎ᠠ᠃ 《ᠪᠢᠳᠡ ᠵᠠᠬ᠎ᠠ ᠳᠡᠯᠭᠡᠭᠦᠷ᠎ᠦᠨ ᠬᠡᠷᠡᠭ᠌ᠴᠡᠭᠡ᠎ᠪᠡᠷ ᠰᠤᠳᠤᠯᠤᠨ ᠨᠡᠭᠡᠭᠡᠬᠦ᠌ ᠴᠢᠭ᠌ᠯᠡᠯ᠎ᠦᠨ ᠵᠦᠭ᠌ᠯᠡᠭᠦᠷ ᠪᠣᠯᠭᠠᠵᠤ᠂ ᠰᠦ᠎ᠶᠢᠨ ᠢᠷᠡᠯᠲᠡ ᠶ᠋ᠢ ᠨᠠᠷᠢᠨ ᠨᠢᠮᠪᠠᠶ ᠱᠢᠯᠢᠨ ᠰᠣᠩᠭᠣᠬᠤ᠎ᠠᠴᠠ ᠦᠶ᠋ᠯᠡᠳᠪᠦᠷᠢᠯᠡᠯ᠎ᠦᠨ ᠤᠷ᠎ᠠ ᠮᠡᠷᠭᠡᠱᠢᠯ᠎ᠢ ᠴᠢᠩᠭ᠎ᠠ ᠡᠵᠡᠮᠳᠡᠬᠦ᠌ ᠬᠦᠷᠲᠡᠯ᠎ᠡ ᠠᠯᠢ ᠣᠯᠠᠨ ᠤᠯᠠᠮᠵᠢᠯᠠᠯᠲᠤ ᠦᠨᠦᠷ ᠠᠮᠲᠠ ᠪᠠ ᠣᠲᠣ ᠦᠶ᠎ᠡ᠎ᠶ᠋ᠢᠨ ᠠᠮᠲᠠ ᠱᠢᠮᠲᠡ ᠪᠦᠬᠦᠢ ᠱᠢᠨ᠎ᠡ ᠦᠶ᠋ᠯᠡᠳᠬᠦᠨ᠎ᠢ ᠨᠡᠭᠡᠭᠡᠨ ᠬᠥᠭ᠌ᠵᠢᠭᠦᠯᠵᠠᠢ᠃ ᠡᠭᠦᠨ᠎ᠦ ᠬᠠᠮᠲᠤ᠂ 〈ᠪᠠᠶᠠᠨ ᠲᠤᠬᠤᠮ〉 〈ᠲᠠᠯ᠎ᠠ ᠨᠤᠲᠤᠭ᠎ᠤᠨ ᠦᠨᠦᠷ ᠠᠮᠳᠠ〉 ᠭᠡᠬᠦ᠌ ᠬᠣᠶᠠᠷ ᠲᠠᠸᠠᠷ᠎ᠤᠨ ᠲᠡᠮᠳᠡᠭ᠎ᠢᠶᠡᠨ ᠡᠭᠦᠳᠴᠦ᠍᠂ ᠲᠦᠷᠦᠯ ᠲᠡᠮᠳᠡᠭ᠎ᠦᠨ ᠠᠯᠳᠠᠷᠱᠢᠯ᠎ᠢᠶᠡᠨ ᠳᠡᠭᠡᠭ᠌ᠰᠢᠯᠡᠭᠦᠯᠵᠦ᠍᠂ ᠨᠡᠩ ᠴᠢᠨᠠᠷ ᠰᠠᠢᠲᠠᠢ ᠦᠢᠯᠡᠳᠬᠦᠨ᠎ᠢᠶᠡᠷ ᠬᠡᠷᠡᠭ᠌ᠯᠡᠭ᠌ᠴᠢᠳ᠎ᠦᠨ ᠬᠡᠷᠡᠭ᠌ᠴᠡᠭᠡ ᠱᠠᠭᠠᠷᠳᠠᠯᠭ᠎ᠠ ᠶ᠋ᠢ ᠬᠠᠩᠭᠠᠵᠤ᠂ ᠵᠠᠬ᠎ᠠ ᠳᠡᠯᠭᠡᠭᠦᠷ᠎ᠦᠨ ᠬᠦᠷᠢᠶᠡᠯᠡᠯ᠎ᠢ ᠤᠯᠵᠠᠢ ᠭᠡᠵᠦ᠍ ᠺᠣᠮᠫᠠᠨᠢ ᠶ᠋ᠢᠨ ᠬᠠᠷᠢᠭᠤᠴᠠᠯᠭᠠᠲᠠᠨ ᠴᠣᠯᠮᠣᠨ ᠬᠡᠯᠡᠪᠡ᠃

ᠬᠣᠷᠴᠢᠨ ᠪᠠᠷᠠᠭᠤᠨ ᠭᠠᠷᠤᠨ ᠡᠮᠦᠨᠡᠲᠦ ᠬᠣᠱᠢᠭᠤᠨ᠎ᠤ ᠤᠯᠠᠮᠵᠢᠯᠠᠯᠲᠤ ᠴᠠᠭᠠᠨ ᠢᠳᠡᠭᠡᠨ᠎ᠦ ᠠᠵᠤ ᠦᠶ᠋ᠯᠡᠰ᠎ᠦᠨ ᠬᠦᠷᠢᠶᠡᠯᠡᠩ᠎ᠨᠢ ᠴᠠᠭᠠᠨ ᠢᠳᠡᠭᠡᠨ ᠦᠶ᠋ᠯᠡᠳᠪᠦᠷᠢᠯᠡᠬᠦ᠌᠎ᠪᠡᠷ ᠪᠠᠷᠠᠬᠤ ᠥᠬᠡᠶ ᠪᠠᠰᠠ ᠪᠣᠷᠣᠯᠠᠭᠤᠯᠬᠤ᠂ ᠱᠢᠯᠭᠠᠨ ᠪᠠᠢᠴᠠᠭᠠᠬᠤ᠂ ᠰᠤᠳᠤᠯᠤᠨ ᠰᠤᠷᠤᠯᠴᠠᠬᠤ᠂ ᠲᠣᠭᠣᠷᠢᠨ ᠦᠵᠡᠬᠦ᠌᠎ᠶ᠋ᠢ ᠨᠢᠭᠡ ᠴᠣᠭ᠍ᠴᠠᠵᠢᠭᠤᠯᠤᠭ᠍ᠰᠠᠨ᠎ᠤ ᠬᠠᠮᠲᠤ᠂ ᠪᠠᠢᠴᠠᠭᠠᠨ ᠱᠢᠯᠭᠠᠵᠤ ᠬᠢᠨᠠᠨ ᠬᠡᠮᠵᠢᠬᠦ᠌ ᠲᠥᠪ᠂ ᠰᠤᠳᠤᠯᠤᠨ ᠰᠤᠷᠤᠯᠴᠠᠬᠤ ᠰᠠᠭᠤᠷᠢᠨ᠂ ᠦᠶ᠋ᠯᠡᠳᠬᠦᠨ᠎ᠦ ᠳᠡᠯᠭᠡᠨ ᠦᠵᠡᠭᠦᠯᠬᠦ᠌ ᠲᠣᠭᠣᠷᠢᠭ ᠵᠢᠴᠢ ᠰᠦᠯᠵᠢᠶᠡᠨ᠎ᠦ ᠱᠢᠭᠤᠳ ᠨᠡᠪᠲᠡᠷᠡᠭᠦᠯᠭᠡ ᠶ᠋ᠢᠨ ᠲᠠᠰᠤᠭ ᠳᠣᠭᠢᠷᠠᠭᠤᠯᠵᠠᠢ᠃ ᠪᠠᠷᠢᠮᠵᠢᠶ᠎ᠠ᠎ᠶ᠋ᠢ ᠨᠢᠭᠡᠳᠭᠡᠬᠦ᠌᠂ ᠨᠠᠢᠳᠠᠨ ᠪᠣᠯᠪᠠᠰᠤᠷᠠᠭᠤᠯᠬᠤ᠂ ᠲᠦᠷᠦᠯ ᠲᠡᠮᠳᠡᠭ᠌ᠲᠦ ᠪᠡᠷ ᠡᠵᠡᠩᠨᠡᠨ ᠪᠣᠷᠣᠯᠠᠭᠤᠯᠬᠤ᠂ ᠲᠠᠷᠢᠶᠠᠯᠠᠩ ᠵᠢᠭᠤᠯᠴᠢᠯᠠᠯ᠎ᠢ ᠠᠭᠤᠰᠤᠯᠴᠠᠭᠤᠯᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠠᠵᠤ ᠦᠶ᠋ᠯᠡᠰ᠎ᠦᠨ ᠪᠦᠲᠦᠴᠡ ᠪᠠᠨ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠲᠠᠷᠢᠶᠠᠯᠠᠩ ᠮᠠᠯ ᠠᠵᠤ ᠠᠬᠤᠶ᠎ᠶ᠋ᠢᠨ ᠠᠵᠤ ᠦᠶ᠋ᠯᠡᠰ᠎ᠦᠨ ᠬᠡᠯᠬᠢᠶ᠎ᠡ ᠪᠠᠨ ᠤᠷᠲᠤᠳᠬᠠᠵᠠᠢ᠃

ᠮᠠᠨ᠎ᠤ ᠤᠷᠤᠨ᠎ᠤ ᠮᠠᠯ ᠠᠵᠤ ᠠᠬᠤᠶ᠎ᠶ᠋ᠢᠨ ᠲᠠᠰ ᠳᠡᠪᠱᠢᠭᠰᠡᠨ ᠦᠷ᠎ᠠ ᠪᠦᠳᠦᠮᠵᠢ ᠵᠢ ᠦᠵᠡᠪᠡᠯ ᠨᠠᠩ ᠣᠯᠠᠨ ᠪᠠᠶᠠᠷᠯᠠᠭᠤᠱᠢᠲᠠᠶ ᠬᠥᠭ᠌ᠵᠢᠯᠲᠡ ᠶ᠋ᠢᠨ ᠦᠷ᠎ᠡ ᠪᠦᠲᠦᠭᠡᠯ ᠨᠢᠳᠦᠨ ᠡᠮᠦᠨ᠎ᠡ ᠲᠣᠳᠣᠷᠠᠨ᠎ᠠ᠄ 2024 ᠣᠨ᠎ᠳᠤ  ᠮᠠᠯ ᠠᠵᠤ ᠠᠬᠤᠶ᠎ᠶ᠋ᠢᠨ ᠰᠢᠯᠢᠳᠡᠭ ᠡᠭᠦᠯᠳᠡᠷ᠎ᠲᠦ ᠨᠥᠬᠥᠪᠥᠷᠢ ᠥᠭ᠌ᠬᠦ ᠲᠥᠷᠥ᠎ᠶ᠋ᠢᠨ ᠪᠣᠳᠣᠯᠭ᠎ᠠ ᠶ᠋ᠢ ᠨᠠᠢᠳᠠᠪᠤᠷᠢᠵᠢᠭᠤᠯᠵᠤ᠂ ᠪᠡᠯᠴᠢᠭᠡᠷ᠎ᠤᠨ ᠲᠠᠭᠠᠭᠠᠴᠠ ᠡᠴᠡ ᠭᠡᠳᠦᠷᠡᠳᠡᠯ᠎ᠡ ᠪᠡᠯᠴᠢᠭᠡᠷᠯᠡᠭᠦᠯᠬᠦ᠌ ᠠᠰᠠᠭᠤᠳᠠᠯ᠎ᠢ ᠱᠢᠶ᠋ᠳᠪᠦᠷᠢᠯᠡᠬᠦ᠌ ᠲᠤᠷᠱᠢᠯᠲᠠ᠎ᠶ᠋ᠢᠨ ᠬᠣᠱᠢᠭᠤ ᠱᠢᠶᠠᠨ᠎ᠳᠤ ᠦᠷ᠎ᠡ᠎ᠶ᠋ᠢᠨ ᠮᠠᠯ᠎ᠤᠨ ᠲᠠᠯᠠᠪᠠᠶ ᠵᠢ 108 ᠪᠠᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠦᠬᠡᠷ ᠬᠣᠨᠢᠨ᠎ᠤ ᠡᠭᠦᠯᠳᠡᠷ ᠪᠣᠢᠵᠢᠭᠤᠯᠬᠤ ᠭᠤᠤᠯ ᠲᠠᠯᠠᠪᠠᠶ 6 ᠵᠢ ᠪᠠᠢᠭᠤᠯᠵᠦ᠂ ᠭᠠᠴᠠᠭ᠎ᠠ ᠲᠣᠰᠭᠣᠨ᠎ᠤ ᠵᠤᠬᠢᠶᠠᠮᠠᠯ ᠭᠡᠭᠡᠯᠳᠦᠭᠦᠯᠭᠡ ᠵᠢᠨ ᠥᠷᠲᠡᠭᠡ ᠴᠡᠭ᠎ᠦᠨ ᠲᠦᠭᠡᠮᠡᠯᠵᠢᠭ᠌ᠰᠡᠨ ᠨᠣᠷᠮ᠎ᠠ 80%᠎ᠳ᠋ᠤ ᠬᠥᠷᠴᠠᠢ; ᠤᠯᠤᠰ᠎ᠤᠨ ᠡᠪᠡᠰᠦᠨ᠎ᠦ ᠱᠢᠨ᠎ᠡ᠎ᠶ᠋ᠢ ᠡᠭᠦᠳᠬᠦ᠌ ᠲᠥᠪ᠎ᠲᠦ ᠲᠦᠱᠢᠭ᠌ᠯᠡᠨ ᠮᠠᠯ ᠪᠡᠯᠴᠢᠭᠡᠷ᠎ᠦᠨ ᠰᠢᠯᠢᠳᠡᠭ ᠡᠭᠦᠯᠳᠡᠷ᠂ ᠨᠤᠲᠤᠭ ᠪᠡᠯᠴᠢᠭᠡᠷ᠎ᠢ ᠵᠠᠰᠠᠨ ᠰᠡᠷᠭᠦᠭᠡᠬᠦ᠌᠂ ᠪᠡᠯᠴᠢᠭᠡᠷᠯᠡᠭᠦᠯᠬᠦ᠌ ᠬᠠᠮᠢᠶᠠᠷᠤᠯᠲᠠ ᠵᠡᠷᠭᠡ ᠬᠦᠷᠢᠶ᠎ᠡ ᠴᠠᠷᠠᠭ᠎ᠠ᠎ᠶ᠋ᠢᠨ ᠲᠣᠭᠣᠷᠢᠨ᠎ᠳᠤ  6 ᠭᠤᠤᠯᠳᠠᠯᠭ᠎ᠠ᠎ᠲᠠᠶ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠥᠷᠥᠯ ᠵᠦᠶ᠋ᠯ᠎ᠢ ᠱᠢᠨ᠎ᠡ ᠪᠡᠷ ᠬᠡᠷᠡᠭ᠌ᠵᠢᠭᠦᠯᠵᠦ᠍᠂ 13 ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠪᠣᠳᠠᠲᠠᠢᠵᠢᠭᠤᠯᠤᠨ ᠤᠯᠠᠷᠢᠭᠤᠯᠬᠤ᠎ᠶ᠋ᠢ ᠠᠬᠢᠭᠤᠯᠵᠠᠢ; ᠱᠢᠨ᠎ᠡ ᠬᠡᠯᠪᠡᠷᠢ᠎ᠶ᠋ᠢᠨ ᠡᠵᠡᠩᠨᠡᠯᠲᠡ ᠶ᠋ᠢᠨ ᠭᠣᠣᠯ ᠴᠣᠭ᠍ᠴᠠ᠎ᠶ᠋ᠢ ᠢᠳᠡᠪᠬᠢᠲᠡᠢ ᠪᠤᠢ ᠪᠤᠯᠭᠠᠨ ᠬᠦᠭᠵᠢᠬᠦᠯᠵᠦ᠂ ᠮᠠᠯᠴᠢᠳ᠎ᠢ ᠳᠠᠢᠴᠢᠯᠠᠨ ᠪᠡᠯᠴᠢᠭᠡᠷ ᠰᠡᠯᠭᠦᠨ ᠮᠠᠯᠵᠢᠬᠤ ᠪᠠ ᠵᠣᠬᠢᠰᠲᠠᠢ ᠬᠡᠪᠴᠢᠶᠡᠵᠢᠭᠦᠯᠦᠨ ᠡᠵᠡᠩᠨᠡᠬᠦ᠌᠎ᠶ᠋ᠢ ᠥᠷᠨᠢᠭᠦᠯᠵᠦ᠍᠂ ᠲᠤᠷᠱᠢᠯᠲᠠ᠎ᠶ᠋ᠢᠨ ᠬᠣᠱᠢᠭᠤ ᠱᠢᠶᠠᠨ᠎ᠤ ᠬᠤᠪᠢᠴᠠᠭᠠᠲᠤ ᠬᠣᠷᠱᠢᠶᠠᠵᠢᠯ᠂ ᠭᠡᠷ ᠪᠦᠯᠢ᠎ᠶ᠋ᠢᠨ ᠮᠠᠯᠵᠢᠯ᠎ᠤᠨ ᠲᠠᠯᠠᠪᠠᠢ᠂ ᠬᠣᠯᠪᠣᠭᠠᠳᠤ ᠮᠠᠯᠵᠢᠯ᠎ᠤᠨ ᠲᠠᠯᠠᠪᠠᠢ 3325 ᠨᠡᠮᠡᠭ᠌ᠳᠡᠵᠦ᠍᠂ 419 ᠣᠶᠤᠨᠴᠢ ᠮᠠᠯᠵᠢᠯ᠎ᠤᠨ ᠲᠠᠯᠠᠪᠠᠢ ᠶ᠋ᠢ ᠱᠢᠨ᠎ᠡ᠎ᠪᠡᠷ ᠪᠠᠢᠭᠤᠯᠵᠠᠢ᠃

ᠣᠶᠤᠨᠴᠢ ᠮᠠᠯᠵᠢᠯ᠎ᠤᠨ ᠲᠠᠯᠠᠪᠠᠢ ᠨᠢᠭᠡᠪᠦᠷᠢ ᠨᠢ ᠪᠣᠬᠢᠷᠲᠤᠯ ᠦᠭᠡᠢ ᠬᠥᠭ᠌ᠵᠢᠯᠲᠡ᠎ᠶ᠋ᠢᠨ ᠬᠤᠪᠢᠶᠠᠷᠢ ᠪᠠᠢᠵᠤ᠂ ᠨᠠᠷᠢᠯᠢᠭ ᠡᠳ᠋ᠱᠢᠭᠦᠯᠦᠭ᠌ᠰᠡᠨ ᠦᠢᠯᠡᠳᠬᠦᠨ ᠨᠢᠭᠡᠪᠦᠷᠢ ᠨᠢ ᠠᠵᠤ ᠦᠢᠯᠡᠰ᠎ᠦᠨ ᠦᠰᠦᠷᠦᠯᠲᠡ᠎ᠶ᠋ᠢᠨ ᠲᠠᠢᠯᠪᠤᠷᠢ ᠪᠣᠯᠤᠨ᠎ᠠ᠃ ᠮᠠᠨ᠎ᠤ ᠤᠷᠤᠨ ᠡᠮᠦᠨᠡᠬᠢ ᠬᠤᠭᠤᠴᠠᠭᠠᠨ᠎ᠤ ᠲᠡᠵᠢᠭᠡᠨ ᠦᠷᠡᠵᠢᠭᠦᠯᠬᠦ᠌ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠬᠤ᠂ ᠳᠤᠮᠳᠠ ᠬᠤᠭᠤᠴᠠᠭᠠᠨ᠎ᠤ ᠨᠠᠷᠢᠯᠢᠭ ᠡᠳ᠋ᠱᠢᠭᠦᠯᠬᠦ᠌᠂ ᠰᠡᠬᠦᠯᠴᠢ᠎ᠶᠢᠨ ᠬᠤᠭᠤᠴᠠᠭᠠᠨ᠎ᠤ ᠡᠵᠡᠩᠨᠡᠨ ᠪᠣᠷᠣᠯᠠᠭᠤᠯᠤᠯᠲᠠ᠎ᠶ᠋ᠢ ᠳᠡᠯᠭᠡᠷᠡᠭᠦᠯᠬᠦ᠌ ᠣᠯᠠᠨ ᠲᠠᠯᠠᠲᠤ ᠬᠥᠭ᠌ᠵᠢᠯᠲᠡ᠎ᠶ᠋ᠢᠨ ᠠᠷᠭ᠎ᠠ ᠵᠠᠮ᠎ᠢ ᠬᠦᠴᠦᠯᠡᠨ ᠠᠬᠢᠭᠤᠯᠵᠤ᠂ ᠠᠮᠢ ᠠᠬᠤᠶ᠂ ᠦᠶ᠋ᠯᠡᠳᠪᠦᠷᠢᠯᠡᠯ᠂ ᠠᠮᠢᠳᠤᠷᠠᠯ ᠡᠶ᠎ᠠ ᠵᠣᠬᠢᠴᠠᠩᠭᠤᠶ᠎ᠪᠠᠷ ᠬᠥᠭ᠌ᠵᠢᠬᠦ ᠪᠡᠯᠴᠢᠭᠡᠷ᠎ᠤᠨ ᠮᠠᠯ ᠠᠵᠤ ᠠᠬᠤᠶ ᠶ᠋ᠢᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌ 《ᠥᠪᠥᠷ ᠮᠣᠩᠭᠣᠯ᠎ᠤᠨ ᠵᠠᠭ᠍ᠪᠤᠷ》 ᠢ᠋ ᠬᠠᠢᠨ ᠰᠦᠪᠡᠭ᠌ᠴᠢᠯᠡᠵᠦ᠍ ᠪᠣᠶ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号