ᠰᠢᠯᠢ ᠵᠢᠨ ᠭᠤᠤᠯ᠄ ᠬᠢᠯᠢ ᠵᠢᠨ ᠪᠤᠭᠤᠮᠳᠠ ᠵᠢᠨ 《 ᠳᠡᠷᠢᠬᠦᠨ᠎ᠤ ᠦᠢᠯᠡᠴᠢᠯᠡᠭᠡᠨ᠎ᠦ ᠦᠷᠳᠡᠭᠡ 》 ᠵᠢ ᠴᠤᠭᠴᠠᠯᠠᠨ᠎ᠠ
2025-05-17 18:29:20
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

 5 ᠰᠠᠷ᠎ᠠ ᠵᠢᠨ 12᠎ᠤᠨ ᠡᠳᠦᠷ᠂ ᠡᠷᠢᠶᠡᠨ ᠬᠤᠲᠠ ᠬᠢᠯᠢ᠎ᠶ᠋ᠢᠨ ᠪᠣᠭᠣᠮᠲᠠ ᠦᠦᠷ ᠮᠠᠡᠭᠬᠠᠢᠨ ᠴᠠᠢᠵᠦ ᠡᠬᠢᠯᠡᠮᠡᠭᠴᠡ ᠠᠴᠢᠶᠠᠨ᠎ᠤ ᠮᠠᠰᠢᠨ ᠲᠡᠷᠭᠡ ᠨᠤᠭᠦᠳ ᠠᠷᠦ ᠠᠷᠦ ᠡᠴᠡ ᠪᠡᠨ ᠴᠦᠷᠬᠦᠯᠡᠭᠰᠡᠭᠡᠷ ᠪᠤᠭᠤᠮᠳᠠ ᠦᠡᠭᠭᠡᠷᠡᠨ ᠬᠢᠯᠢ ᠪᠡᠷ ᠤᠷᠤᠵᠦ ᠢᠷᠡᠬᠦ᠎ᠳᠤ ᠬᠦᠭᠡ ᠦᠡᠭᠭᠡᠳᠡᠢ ᠠᠵᠢᠯ᠎ᠤᠨ ᠬᠤᠪᠴᠠᠰᠤ ᠪᠡᠨ ᠲᠡᠷᠢ ᠲᠡᠭᠰᠢ ᠡᠮᠦᠰᠦᠭ᠌ᠰᠡᠨ ᠠᠵᠢᠯᠴᠢᠨ᠎ᠤ ᠡᠪᠯᠡᠯ᠎ᠦᠨ ᠰᠠᠢᠨ ᠳᠤᠷᠠᠴᠤᠳ ᠤᠭᠳᠤᠨ ᠤᠴᠢᠭᠠᠳ᠂ ᠵᠢᠯᠤᠭᠤᠴᠢ ᠨᠠᠷ᠎ᠲᠦ《ᠪᠣᠭᠣᠮᠲᠠ᠎ᠶ᠋ᠢᠨ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠵᠦᠶ᠋ᠯᠡᠰ᠎ᠦᠨ ᠠᠵᠢᠯ ᠶᠠᠪᠤᠳᠠᠯ ᠭᠦᠶ᠋ᠴᠡᠳᠭᠡᠬᠦ᠌ ᠭᠠᠷ ᠲᠡᠪᠳᠡᠷ》 ᠢ᠋ ᠲᠠᠷᠬᠠᠭᠠᠵᠦ ᠭᠠᠷᠪᠠ᠃ ᠡᠨᠡ ᠭᠠᠷ ᠲᠡᠪᠳᠡᠷ᠎ᠲᠦ ᠳᠤᠮᠳᠠᠳᠤ ᠮᠣᠩᠭᠣᠯ᠎ᠤᠨ ᠪᠣᠭᠣᠮᠲᠠ ᠥᠩᠭᠡᠷᠡᠬᠦ᠌ ᠬᠠᠮᠤᠭ᠎ᠤᠨ ᠱᠢᠨ᠎ᠡ ᠲᠥᠷᠥ᠎ᠶ᠋ᠢᠨ ᠪᠣᠳᠣᠯᠭ᠎ᠠ ᠵᠢᠨ ᠲᠤᠬᠠᠢ ᠠᠭᠤᠯᠭ᠎ᠠ᠂ ᠮᠣᠩᠭᠣᠯ ᠤᠯᠤᠰ᠎ᠲᠤ ᠠᠵᠢᠯ ᠬᠢᠬᠦ᠌ ᠡᠳᠦᠷ ᠲᠤᠲᠤᠮ᠎ᠤᠨ ᠶᠡᠷᠢᠶᠡᠨ᠎ᠤ ᠬᠡᠯᠡ ᠶᠡᠷᠢᠶ᠎ᠡ ᠵᠡᠷᠭᠡ ᠠᠭᠤᠯᠭ᠎ᠠ᠎ᠶ᠋ᠢ ᠨᠠᠷᠢᠨ ᠲᠠᠢᠯᠪᠤᠷᠢᠯᠠᠵᠤ᠂ ᠲᠤᠮᠳᠠᠳᠤ ᠮᠤᠡᠭᠭᠤᠯ ᠬᠤᠶᠠᠷ ᠤᠯᠤᠰ᠎ᠤᠨ ᠬᠤᠭᠤᠷᠤᠨᠳᠤ ᠵᠤᠷᠴᠢᠬᠤ ᠠᠵᠢᠯᠴᠢᠳ᠎ᠤᠨ ᠬᠠᠯᠠᠭᠤᠨ ᠬᠦᠷᠢᠶᠡᠯᠡᠯ᠎ᠢ ᠤᠯᠵᠠᠢ᠃ ᠡᠨᠡ ᠪᠤᠯ ᠱᠢᠯᠢ᠎ᠶ᠋ᠢᠨ ᠭᠣᠣᠯ ᠠᠢᠮᠠᠭ᠎ᠤᠨ ᠬᠢᠨ ᠪᠣᠭᠣᠮᠲᠠ᠎ᠶ᠋ᠢᠨ ᠠᠵᠢᠯᠴᠢᠨ᠎ᠤ ᠡᠪᠯᠡᠯ᠎ᠢ ᠡᠭᠦᠳᠦᠨ ᠪᠠᠢᠭᠤᠯᠵᠤ᠂ ᠮᠠᠨ᠎ᠤ ᠤᠯᠤᠰ᠎ᠤᠨ ᠤᠮᠠᠷᠠᠰᠢ ᠨᠡᠭᠡᠭᠡᠯᠳᠠ ᠬᠢᠬᠦ᠌ ᠶᠡᠬᠡ ᠲᠠᠯ᠎ᠠ᠎ᠳᠤ ᠢᠳᠡᠪᠬᠢᠲᠡᠢ ᠠᠭᠤᠰᠤᠯᠴᠠᠵᠤ᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠬᠥᠭ᠌ᠵᠢᠯᠲᠡ᠎ᠶ᠋ᠢ ᠬᠠᠮᠠᠭᠠᠯᠠᠬᠤ᠎ᠳᠤ ᠣᠨᠣᠪᠴᠢᠲᠠᠢ ᠦᠢᠯᠡᠴᠢᠯᠡᠵᠦ᠍ ᠪᠠᠢᠭ᠎ᠠ  ᠠᠮᠢᠳᠤᠯᠢᠭ ᠪᠤᠲᠠᠲᠠᠢ ᠵᠢᠷᠤᠭ᠍ᠯᠠᠯ ᠪᠣᠯᠤᠨ᠎ᠠ᠃

ᠱᠢᠯᠢ᠎ᠶ᠋ᠢᠨ ᠭᠤᠤᠯ ᠠᠢᠮᠠᠭ᠎ᠨᠢ ᠳᠤᠮᠳᠠᠳᠤ ᠮᠣᠩᠭᠣᠯ ᠣᠷᠣᠰ᠎ᠤᠨ ᠠᠵᠤ ᠠᠬᠤᠶ᠎ᠶ᠋ᠢᠨ ᠬᠣᠩᠭᠢᠯ᠎ᠤᠨ ᠵᠠᠩᠭᠢᠯᠠᠭ᠎ᠠ᠎ᠶ᠋ᠢᠨ ᠴᠡᠭ ᠪᠣᠯᠤᠭ᠍ᠰᠠᠨ᠎ᠤ ᠬᠤᠪᠢ᠎ᠳᠤ᠂ 1103 ᠺᠢᠯᠣᠮᠧᠲ᠋ᠷ ᠬᠢᠯᠢ᠎ᠶ᠋ᠢᠨ ᠱᠤᠭᠤᠮ ᠲᠠᠢ ᠪᠠᠢᠵᠤ᠂ ᠡᠷᠢᠶᠡᠨ ᠬᠣᠲᠠ ᠬᠢᠭᠡᠳ ᠵᠡᠭᠦᠨ ᠬᠠᠲᠠᠪᠴᠢ ᠭᠡᠬᠦ ᠣᠯᠠᠨ ᠤᠯᠤᠰ᠎ᠤᠨ ᠴᠢᠨᠠᠷᠲᠠᠶ ᠵᠢᠯ ᠲᠤᠷᠰᠢ ᠨᠡᠭᠡᠭᠡᠯᠲᠡ ᠬᠢᠳᠡᠭ ᠬᠤᠶᠠᠷ ᠬᠠᠭᠤᠷᠠᠶ ᠵᠠᠮ᠎ᠤᠨ ᠬᠢᠯᠢ ᠵᠢᠨ ᠪᠣᠭᠣᠮᠲᠠ᠎ᠲᠠᠶ ᠶᠤᠮ᠃ ᠡᠨᠳᠡᠬᠢ ᠨᠢ ᠡᠳᠦᠭᠡ ᠭᠠᠳᠠᠭᠰᠢ ᠧᠦ᠋ᠷᠣᠫᠠ ᠠᠽᠢᠶ᠎ᠠ᠎ᠳᠤ ᠨᠡᠪᠲᠡᠷᠡᠵᠦ᠂ ᠳᠣᠲᠣᠭᠠᠳᠤ᠎ᠳ᠋ᠠᠭᠠᠨ ᠵᠡᠭᠦᠨ ᠪᠠᠷᠠᠭᠤᠨ ᠣᠷᠣᠨ᠎ᠢ ᠬᠣᠯᠪᠣᠭ᠍ᠰᠠᠨ ᠵᠠᠮ ᠬᠠᠷᠢᠯᠴᠠᠭᠠᠨ᠎ᠤ ᠲᠤᠤᠷ ᠱᠤᠭᠤᠮ᠎ᠢ ᠪᠦᠷᠢᠯᠳᠦᠭᠦᠯᠦᠭᠰᠡᠨ᠎ᠢᠶᠠᠷ ᠪᠠᠷᠠᠬᠤ ᠦᠭᠡᠢ᠂ ᠨᠡᠩ ᠴᠤ᠌ ᠤᠮᠠᠷᠠᠰᠢ ᠨᠡᠭᠡᠭᠡᠯᠳᠠ ᠬᠢᠵᠦ᠍ ᠡᠮᠦᠨᠡᠰᠢ ᠬᠣᠯᠪᠣᠭᠠᠯᠠᠬᠤ ᠴᠢᠬᠤᠯᠠ ᠬᠦᠢᠰᠦ ᠪᠤᠯᠵᠤ᠂ ᠮᠠᠨ᠎ᠤ ᠤᠯᠤᠰ᠎ᠤᠨ 《ᠨᠢᠭᠡ ᠪᠦᠰᠡ ᠨᠢᠭᠡ ᠵᠠᠮ》 ᠢ᠋ ᠬᠠᠮᠲᠤ᠎ᠪᠠᠷ ᠪᠦᠳᠦᠭᠡᠨ ᠪᠠᠢᠭᠤᠯᠬᠤ᠂ ᠤᠮᠠᠷᠠᠰᠢ ᠨᠡᠭᠡᠭᠡᠯᠳᠠ ᠬᠢᠬᠦ᠌ ᠴᠢᠬᠤᠯᠠ ᠬᠥᠭᠥᠷᠭᠡ ᠪᠡᠬᠢᠯᠡᠯᠲᠡ᠎ᠶ᠋ᠢ ᠴᠣᠭ᠍ᠴᠠᠯᠠᠬᠤ ᠪᠠᠢᠯᠳᠤᠬᠤ ᠪᠤᠳᠤᠯᠭ᠎ᠠ᠎ᠶ᠋ᠢᠨ ᠪᠠᠢᠷᠢᠱᠢᠭᠤᠯᠤᠯᠲᠠ᠎ᠶ᠋ᠢᠨ ᠡᠮᠦᠨ᠎ᠡ ᠹᠷᠣᠨᠲ ᠪᠤᠯᠵᠤ ᠪᠤᠢ᠃ ᠤᠢ᠍ᠢᠷ᠎ᠠ᠎ᠶ᠋ᠢᠨ ᠵᠢᠯ᠎ᠳᠦ᠂ ᠱᠢᠯᠢ᠎ᠶ᠋ᠢᠨ ᠭᠣᠣᠯ ᠠᠢᠮᠠᠭ ᠤᠮᠠᠷᠠᠲᠤ᠎ᠶ᠋ᠢᠨ ᠦᠵᠡᠰᠭᠦᠯᠡᠩᠲᠦ ᠰᠠᠢᠬᠠᠨ ᠬᠢᠯᠢ᠎ᠶ᠋ᠢᠨ ᠪᠣᠭᠣᠮᠲᠠ᠎ᠶ᠋ᠢᠨ ᠠᠵᠢᠯᠴᠢᠨ᠎ᠤ ᠡᠪᠯᠡᠯ ᠎ᠢ ᠡᠭᠦᠳᠦᠨ ᠪᠠᠢᠭᠤᠯᠵᠤ᠂ ᠪᠣᠭᠣᠮᠲᠠ᠎ᠶ᠋ᠢᠨ ᠠᠵᠢᠯᠴᠢᠨ᠎ᠤ ᠡᠪᠯᠡᠯ᠎ᠦᠨ ᠵᠣᠬᠢᠶᠠᠨ ᠪᠠᠢᠭᠤᠯᠤᠯᠲᠠ ᠵᠢᠨ ᠦᠶ᠋ᠯᠡᠴᠢᠯᠡᠭᠡ᠎ᠪᠡᠷ ᠥᠷᠭᠡᠨ ᠣᠯᠠᠨ ᠠᠵᠢᠯᠲᠠᠨ ᠠᠵᠢᠯᠴᠢᠨ ᠣᠯᠠᠨ ᠲᠦᠮᠡᠨ᠎ᠢ ᠪᠦᠯᠬᠦᠮᠳᠡᠭᠦᠯᠦᠨ ᠵᠢᠯᠣᠭᠣᠳᠴᠤ᠌ ᠪᠠᠢᠭᠠᠳ  ᠬᠥᠮᠦᠰ᠎ᠦᠨ ᠬᠢᠯᠢ ᠪᠡᠷ ᠤᠷᠤᠵᠤ ᠭᠠᠷᠬᠤ ᠂ ᠡᠳ᠋ ᠪᠠᠷᠠᠭᠠᠨ᠎ᠤ ᠪᠣᠭᠣᠮᠲᠠ᠎ᠪᠠᠷ ᠥᠩᠭᠡᠷᠡᠬᠦ᠌᠎ᠳᠦ ᠱᠢᠯᠢᠳᠡᠭ ᠦᠶ᠋ᠯᠡᠴᠢᠯᠡᠭᠡ ᠬᠠᠩᠭᠠᠵᠤ᠂ ᠨᠡᠭᠡᠭᠡᠯᠲᠡᠲᠦ ᠬᠥᠭ᠌ᠵᠢᠯᠲᠡ᠎ᠶ᠋ᠢᠨ ᠵᠢᠷᠤᠭ ᠲᠥᠰᠦᠪ ᠳᠡᠭᠡᠷ᠎ᠡ ᠥᠩᠭᠡ ᠪᠤᠳᠤᠭ ᠢᠯᠭᠠᠷᠠᠭ᠍ᠰᠠᠨ ᠬᠠᠭᠤᠳᠠᠰᠤ᠎ᠶ᠋ᠢ ᠵᠢᠷᠤᠭ᠍ᠯᠠᠵᠤ᠂ ᠤᠯᠤᠰ᠎ᠤᠨ ᠤᠮᠠᠷᠠᠰᠢ ᠨᠡᠭᠡᠭᠡᠯᠲᠡ  ᠬᠢᠬᠦ᠌ ᠴᠢᠬᠤᠯᠠ ᠪᠡᠬᠢᠯᠡᠯᠲᠡ᠎ᠶ᠋ᠢ  ᠴᠢᠨᠠᠷ  ᠰᠠᠢᠲᠠᠶ  ᠪᠥᠲᠥᠭᠡᠨ ᠪᠠᠢᠭᠤᠯᠬᠤ ᠠᠮᠢᠳᠤᠯᠢᠭ ᠦᠶ᠋ᠯᠡᠳᠦᠯᠭᠡ ᠳᠤᠮᠳᠠ ᠠᠵᠢᠯᠴᠢᠨ᠎ᠤ ᠡᠪᠯᠡᠯ᠎ᠦᠨ ᠵᠢᠳᠬᠦᠯ ᠴᠢᠷᠮᠠᠢᠯᠭ᠎ᠠ ᠪᠠ ᠬᠠᠷᠢᠭᠤᠴᠠᠯᠭ᠎ᠠ ᠡᠭᠦᠷᠭᠡᠯᠡᠯ ᠎ᠢ  ᠢᠯᠡᠷᠡᠭᠦᠯᠵᠠᠢ ᠃

ᠤᠳᠤᠬᠠᠨ᠎ᠳᠤ ᠱᠢᠯᠢ᠎ᠶ᠋ᠢᠨ ᠭᠤᠤᠯ ᠠᠢᠮᠠᠭ ᠬᠢᠯᠢ ᠵᠢᠨ ᠪᠣᠭᠣᠮᠲᠠ᠎ᠶ᠋ᠢᠨ ᠥᠪᠡᠷᠮᠢᠴᠡ ᠣᠷᠣᠨ ᠪᠠᠢᠷᠢ᠎ᠶ᠋ᠢᠨ ᠳᠠᠪᠠᠭᠤᠯᠢᠭ᠎ᠲᠠᠭᠠᠨ ᠰᠠᠭᠤᠷᠢᠯᠠᠵᠦ᠂ ᠪᠣᠭᠣᠮᠲᠠ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠎ᠪᠠᠷ ᠬᠠᠷᠠᠯᠲᠠ ᠪᠣᠯᠭᠠᠭ᠍ᠰᠠᠨ ᠠᠵᠢᠯᠴᠢᠨ᠎ᠤ ᠡᠪᠯᠡᠯ᠎ᠦᠨ ᠱᠢᠰᠲ᠋ᠧᠮ᠎ᠢ ᠪᠠᠢᠭᠤᠯᠪᠠ᠃ 《ᠨᠠᠮ᠎ᠤᠨ ᠪᠠᠢᠭᠤᠯᠤᠯᠲᠠ᠎ᠪᠠᠷ ᠠᠵᠢᠯᠴᠢᠨ᠎ᠤ ᠡᠪᠯᠡᠯ᠎ᠤᠨ ᠪᠠᠢᠭᠤᠯᠤᠯᠲᠠ᠎ᠶ᠋ᠢ ᠳᠠᠢᠴᠢᠯᠠᠬᠤ》 ᠦᠶ᠋ᠯᠡᠳᠦᠯ᠎ᠢ ᠴᠢᠩᠭᠠᠳᠭᠠᠵᠦ᠂ ᠬᠠᠮᠵᠢᠯᠴᠠᠬᠤ᠂ ᠠᠵᠢᠯᠴᠢᠨ᠎ᠤ ᠡᠪᠯᠡᠯ᠎ᠳᠦ ᠣᠷᠣᠬᠤ ᠪᠠ ᠦᠶ᠋ᠯᠡᠴᠢᠯᠡᠭᠡ᠎ᠶᠢ ᠨᠢᠭᠡ ᠴᠣᠠᠠᠴᠠᠵᠢᠭᠤᠯᠥᠨ ᠠᠬᠢᠭᠤᠯᠬᠤ ᠠᠵᠢᠯ᠎ᠤᠨ ᠲᠣᠭ᠍ᠲᠠᠴᠠ᠎ᠵᠢ ᠡᠭᠦᠳᠦᠨ ᠬᠡᠷᠡᠭ᠌ᠵᠢᠭᠦᠯᠵᠦ᠍᠂ ᠪᠣᠭᠣᠮᠲᠠ᠎ᠶ᠋ᠢᠨ ᠬᠥᠭ᠌ᠵᠢᠯᠲᠡ᠎ᠳᠦ ᠵᠣᠬᠢᠴᠠᠭ᠍ᠰᠠᠨ ᠠᠵᠢᠯᠴᠢᠨ᠎ᠤ ᠡᠪᠯᠡᠯ᠎ᠦᠨ ᠵᠣᠬᠢᠶᠠᠨ ᠪᠠᠢᠭᠤᠯᠤᠯᠲᠠ᠎ᠶ᠋ᠢᠨ ᠱᠢᠨ᠎ᠡ ᠵᠠᠭ᠍ᠪᠤᠷ᠎ᠢ ᠢᠳᠡᠪᠬᠢᠲᠡᠶ ᠰᠦᠪᠡᠭ᠌ᠴᠢᠯᠡᠪᠡ᠃ ᠦᠢᠯᠡᠳᠦᠯᠭᠡ᠎ᠶ᠋ᠢᠨ ᠳᠤᠮᠳᠠ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠬᠠᠮᠲᠤᠷᠠᠭ᠍ᠰᠠᠨ ᠠᠵᠢᠯᠴᠢᠨ᠎ᠤ ᠡᠪᠯᠡᠯ᠂ ᠣᠷᠣᠨ ᠪᠦᠰᠡ᠎ᠶ᠋ᠢᠨ ᠴᠢᠨᠠᠷᠲᠠᠢ ᠠᠵᠢᠯᠴᠢᠨ᠎ᠤ ᠡᠪᠯᠡᠯ᠎ᠦᠨ ᠬᠣᠯᠪᠣᠭᠠᠲᠤ ᠬᠤᠷᠠᠯ ᠵᠡᠷᠭᠡ ᠵᠣᠬᠢᠶᠠᠨ ᠪᠠᠢᠭᠤᠯᠤᠯᠲᠠ᠎ᠶ᠋ᠢ ᠪᠠᠢᠭᠤᠯᠵᠤ᠂ ᠤᠮᠠᠷᠠᠲᠤ ᠬᠢᠯᠢ᠎ᠶ᠋ᠢᠨ ᠣᠨᠴᠠᠯᠢᠭ᠎ᠲᠠᠶ᠂ ᠲᠦᠭᠡᠮᠡᠯᠵᠢᠭᠦᠯᠦᠨ ᠳᠡᠯᠭᠡᠷᠡᠭᠦᠯᠵᠦ᠍ ᠪᠣᠯᠬᠤᠢᠴᠠ ᠬᠢᠯᠢ ᠵᠢᠨ ᠪᠣᠭᠣᠮᠲᠠ᠎ᠶ᠋ᠢᠨ ᠠᠵᠢᠯᠴᠢᠨ᠎ᠤ ᠡᠪᠯᠡᠯ᠎ᠦᠨ ᠠᠵᠢᠯᠯᠠᠬᠤ ᠬᠡᠪ ᠵᠠᠭ᠍ᠪᠤᠷ᠎ᠢ ᠪᠦᠷᠢᠯᠳᠦᠭᠦᠯᠪᠡ᠃ ᠡᠭᠦᠨ᠎ᠳᠦ ᠡᠷᠢᠶᠡᠨ ᠬᠣᠲᠠ ᠪᠣᠯᠤᠨ ᠵᠡᠭᠦᠨ ᠦᠵᠦᠮᠦᠴᠢᠨ ᠬᠣᠱᠢᠭᠤ ᠨᠢ ᠱᠢᠯᠢ᠎ᠶ᠋ᠢᠨ ᠭᠤᠤᠯ ᠠᠢᠮᠠᠭ᠎ᠤᠨ ᠠᠵᠢᠯᠴᠢᠨ᠎ᠤ ᠡᠪᠯᠡᠯ᠎ᠦᠨ ᠵᠢᠯᠣᠭᠣᠳᠣᠯᠭ᠎ᠠ ᠳᠤᠤᠷ᠎ᠠ ᠬᠢᠯᠢ᠎ᠪᠡᠷ ᠣᠷᠣᠵᠤ ᠭᠠᠷᠬᠤ ᠬᠢᠯᠢ᠎ᠶ᠋ᠢᠨ ᠬᠠᠮᠠᠭᠠᠯᠠᠯᠲᠠ᠎ᠶ᠋ᠢᠨ ᠪᠠᠢᠴᠠᠭᠠᠬᠤ ᠥᠷᠲᠡᠭᠡ᠂ ᠬᠢᠯᠢ ᠵᠢᠨ ᠪᠣᠭᠣᠮᠲᠠ᠂ ᠬᠤᠳᠠᠯᠳᠤᠭᠠᠨ᠎ᠤ ᠶᠠᠪᠤᠳᠠᠯ᠎ᠤᠨ ᠲᠣᠪᠴᠢᠶ᠎ᠠ᠂ ᠪᠠᠷᠠᠭᠠᠨ᠎ᠤ ᠭᠦᠶ᠋ᠯᠭᠡᠭᠡᠨ᠎ᠦ ᠠᠵᠤ ᠠᠬᠤᠢᠯᠠᠯ᠂ ᠡᠯᠧᠺᠲ᠋ᠷᠣᠨ ᠬᠤᠳᠠᠯᠳᠤᠭᠠᠨ᠎ᠤ ᠶᠠᠪᠤᠳᠠᠯ᠎ᠤᠨ ᠲᠠᠪᠴᠠᠩ ᠵᠡᠷᠭᠡ 10 ᠭᠠᠷᠤᠶ ᠦᠨᠳᠦᠰᠦᠨ ᠱᠠᠲᠤᠨ᠎ᠤ ᠠᠵᠢᠯᠴᠢᠨ᠎ᠤ ᠡᠪᠯᠡᠯ᠎ᠦᠨ ᠬᠦᠴᠦᠨ᠎ᠢ ᠨᠢᠭᠡᠳᠦᠯᠲᠡᠶ ᠲᠥᠯᠥᠪᠯᠡᠨ ᠡᠮᠬᠢᠯᠡᠨ ᠨᠡᠢᠯᠡᠭᠦᠯᠵᠦ᠍᠂ ᠪᠣᠭᠣᠮᠲᠠ᠎ᠶ᠋ᠢᠨ ᠠᠵᠢᠯᠴᠢᠨ᠎ᠤ ᠡᠪᠯᠡᠯ᠎ᠦᠨ ᠬᠣᠯᠪᠣᠭᠠᠲᠤ ᠬᠤᠷᠠᠯ᠎ᠢ ᠠᠮᠵᠢᠯᠲᠠ᠎ᠲᠠᠶ ᠵᠣᠬᠢᠶᠠᠨ ᠪᠠᠢᠭᠤᠯᠪᠠ᠃

ᠣᠳᠣᠬᠠᠨ᠎ᠳᠤ ᠪᠦᠬᠦ᠌ ᠠᠢᠮᠠᠭ᠎ᠲᠤ ᠨᠢᠭᠡᠨᠲᠡ 2 ᠪᠣᠭᠣᠮᠲᠠ᠎ᠶ᠋ᠢᠨ ᠠᠵᠢᠯᠴᠢᠨ᠎ᠤ ᠡᠪᠯᠡᠯ᠎ᠦᠨ ᠬᠣᠯᠪᠣᠭᠠᠲᠤ ᠬᠤᠷᠠᠯ᠂ 1 ᠬᠢᠯᠢ᠎ᠶ᠋ᠢᠨ ᠣᠷᠣᠨ᠎ᠤ ᠬᠠᠮᠲᠤᠷᠠᠯᠴᠠᠭᠠᠨ᠎ᠤ ᠲᠣᠭᠣᠷᠢᠭ᠎ᠤᠨ ᠠᠵᠢᠯᠴᠢᠨ᠎ᠤ ᠡᠪᠯᠡᠯ᠎ᠦᠨ ᠬᠣᠯᠪᠣᠭᠠᠲᠤ ᠬᠤᠷᠠᠯ᠎ᠢ ᠪᠠᠢᠭᠤᠯᠵᠤ᠂ 40 ᠨᠢᠭᠡᠴᠢ᠎ᠶ᠋ᠢ ᠬᠠᠮᠤᠷᠴᠤ᠌᠂ 1748 ᠠᠵᠢᠯᠴᠢᠨ᠎ᠤ ᠡᠪᠯᠡᠯ᠎ᠦᠨ ᠭᠡᠱᠢᠭᠦᠨ᠎ᠢ ᠡᠯᠰᠡᠵᠡᠢ᠃ ᠡᠲᠡᠭᠡᠷ ᠪᠣᠭᠣᠮᠲᠠ᠎ᠶ᠋ᠢᠨ ᠠᠵᠢᠯᠴᠢᠨ᠎ᠤ ᠡᠪᠯᠡᠯ᠎ᠦᠨ ᠬᠣᠯᠪᠣᠭᠠᠲᠤ ᠬᠤᠷᠠᠯ᠎ᠨᠢ ᠠᠵᠢᠯ᠎ᠤᠨ ᠲᠠᠯ᠎ᠠ ᠪᠡᠷ ᠬᠠᠮᠳᠤᠷᠠᠯᠴᠠᠬᠤ᠎ᠶ᠋ᠢ ᠪᠡᠶᠡᠯᠡᠭᠦᠯᠵᠦ᠍᠂ ᠠᠵᠢᠯᠴᠢᠨ᠎ᠤ ᠡᠪᠯᠡᠯ᠎ᠦᠨ ᠡᠬᠢ ᠪᠠᠶᠠᠯᠢᠭ᠎ᠢ ᠪᠦᠲᠦᠮᠵᠢᠲᠡᠶ ᠡᠮᠬᠢᠯᠡᠨ ᠨᠡᠢᠯᠡᠭᠦᠯᠵᠦ᠍᠂ ᠬᠠᠮᠲᠤ ᠪᠠᠷ ᠡᠳ᠋ᠯᠡᠬᠦ ᠮᠡᠳᠡᠭᠡ ᠵᠠᠩᠭᠢ ᠲᠣᠭ᠎ᠠ ᠪᠠᠷᠢᠮᠲᠠ᠎ᠶ᠋ᠢ ᠬᠠᠷᠢᠯᠴᠠᠨ ᠨᠡᠪᠲᠡᠷᠡᠭᠦᠯᠵᠦ᠍᠂ ᠬᠢᠯᠢ᠎ᠶ᠋ᠢᠨ ᠪᠣᠭᠣᠮᠲᠠ᠎ᠶ᠋ᠢᠨ ᠭᠠᠵᠠᠷ ᠣᠷᠣᠨ᠎ᠤ ᠦᠨᠳᠦᠰᠦᠲᠡᠨ᠎ᠨᠦᠭᠦᠳ ᠪᠦᠯᠬᠦᠮᠳᠡᠨ ᠲᠡᠮᠡᠴᠡᠵᠦ᠍᠂ ᠬᠠᠮᠲᠤ᠎ᠪᠠᠷ ᠴᠡᠴᠡᠭ᠌ᠯᠡᠨ ᠬᠥᠭ᠌ᠵᠢᠬᠦ᠌ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠪᠠ᠃

ᠡᠷᠢᠶᠡᠨ ᠬᠣᠲᠠ᠎ᠶ᠋ᠢᠨ ᠬᠢᠯᠢ ᠵᠢᠨ ᠪᠣᠭᠣᠮᠲᠠ᠎ᠶ᠋ᠢᠨ 430 ᠲᠡᠭ᠌ᠰᠢ ᠳᠥᠷᠪᠡᠯᠵᠢᠨ ᠮᠧᠲ᠋ᠷ᠎ᠦᠨ《ᠵᠢᠯᠣᠭᠣᠴᠢ᠎ᠶ᠋ᠢᠨ ᠬᠡᠷ》 ᠲᠤ᠌ ᠬᠦᠷᠪᠡᠯ᠂ ᠠᠭᠠᠷ ᠲᠣᠬᠢᠷᠠᠭᠤᠯᠤᠭ᠍ᠴᠢ᠂ ᠤᠤᠭᠤᠬᠤ ᠤᠰᠤᠨ᠎ᠤ ᠮᠠᠱᠢᠨ᠂ ᠪᠠᠴᠢᠮ ᠪᠠᠢᠳᠠᠯ᠎ᠢ ᠠᠷᠭᠠᠴᠠᠭᠠᠬᠤ ᠡᠮ᠎ᠦᠨ ᠵᠦᠶ᠋ᠯᠡᠰ ᠵᠡᠷᠭᠡ ᠴᠥᠮ ᠪᠦᠷᠢᠨ ᠬᠠᠷᠠᠭᠳᠠᠨ᠎ᠠ᠃《ᠥᠩᠭᠡᠷᠡᠭ᠌ᠰᠡᠨ᠎ᠳᠦ ᠬᠢᠯᠢ ᠵᠢᠨ ᠪᠣᠭᠣᠮᠲᠠ᠎ᠳᠤ ᠪᠠᠷᠠᠭ᠎ᠠ ᠲᠡᠭᠡᠭᠡᠵᠦ᠍ ᠪᠠᠭᠤᠯᠭᠠᠬᠤ᠎ᠳᠤ ᠬᠦᠢᠳᠡᠨ ᠨᠤᠢᠳᠠᠨ ᠤᠨᠴᠠᠭᠠᠢ ᠠᠭᠤᠷ ᠠᠮᠢᠰᠭᠤᠯ ᠲᠣᠬᠢᠶᠠᠯᠳᠤᠪᠠᠯ ᠶᠠᠳᠠᠵᠤ ᠰᠠᠯᠬᠢ ᠳᠠᠯᠳᠠᠯᠠᠬᠤ ᠭᠠᠵᠠᠷ ᠴᠤ᠌ ᠦᠭᠡᠢ ᠪᠠᠢᠵᠠᠢ᠂ ᠤᠳᠤ᠎ᠠᠵᠢᠯᠴᠢᠨ᠎ᠤ ᠡᠪᠯᠡᠯ᠎ᠦᠨ ᠪᠠᠢᠭᠤᠯᠵᠤ ᠪᠠᠢᠭ᠎ᠠ ᠡᠨᠡ᠎ᠬᠦ  ᠤᠷᠤᠴᠠ ᠨᠢ ᠪᠢᠳᠡᠨ᠎ᠳᠦ ᠬᠤᠭᠤᠯᠠ ᠤᠮᠳᠠ ᠬᠢᠭᠡᠳ ᠬᠠᠯᠠᠭᠤᠨ ᠤᠰᠤ ᠬᠠᠡᠭᠭᠠᠭᠰᠠᠨ ᠵᠢᠠᠷ ᠲᠤᠢᠯ᠎ᠤᠨ ᠲᠦᠭᠦᠮ ᠪᠤᠯᠵᠠᠢ》 ᠭᠡᠵᠦ ᠾᠧᠪᠧᠶ᠎ᠶ᠋ᠢᠨ ᠠᠴᠢᠶᠠᠨ᠎ᠤ ᠮᠠᠱᠢᠨ᠎ᠤ ᠵᠢᠯᠣᠭᠣᠴᠢ ᠸᠠᠩ ᠠᠪᠤᠭᠠᠢ ᠶᠠᠷᠢᠵᠤ ᠪᠠᠢᠯ᠎ᠠ᠃ 

ᠳᠤᠮᠳᠠᠳᠤ ᠮᠣᠩᠭᠣᠯ᠎ᠤᠨ ᠠᠴᠢᠶᠠᠨ᠎ᠤ ᠮᠠᠱᠢᠨ᠎ᠤ ᠵᠢᠯᠣᠭᠣᠴᠢ ᠨᠡᠷ᠎ᠤᠨ ᠠᠮᠠᠷᠠᠬᠤ᠎ᠳᠤ ᠵᠤᠷᠢᠭᠤᠯᠤᠭᠰᠠᠨ ᠡᠨᠡ᠎ᠬᠦ ᠣᠯᠠᠨ ᠤᠯᠤᠰ᠎ᠤᠨ 《ᠵᠢᠯᠣᠭᠣᠴᠢ᠎ᠶ᠋ᠢᠨ ᠬᠡᠷ》 ᠨᠢ ᠠᠮᠠᠷᠠᠬᠤ᠂ ᠬᠣᠭᠣᠯᠠᠯᠠᠬᠤ᠂ ᠪᠡᠶ᠎ᠡ ᠤᠬᠢᠶᠠᠬᠤ᠂ ᠵᠣᠷᠯᠣᠩ ᠵᠡᠷᠭᠡ ᠦᠶ᠋ᠯᠡᠴᠢᠯᠡᠭᠡ ᠬᠠᠩᠭᠠᠭ᠍ᠰᠠᠨ᠎ᠢᠶᠠᠷ ᠪᠠᠷᠠᠬᠤ ᠥᠬᠡᠶ ᠪᠠᠰᠠ ᠪᠠᠷᠠᠭᠠᠨ᠎ᠤ ᠭᠦᠶ᠋ᠯᠭᠡᠭᠡᠨ᠎ᠦ ᠮᠡᠳᠡᠭᠡ ᠵᠠᠩᠭᠢ᠎ᠶ᠋ᠢ ᠪᠠᠢᠴᠠᠭᠠᠨ ᠯᠠᠪᠯᠠᠬᠤ᠂ ᠰᠦᠶ᠋ᠳᠭᠡᠯ ᠬᠤᠷᠢᠶᠠᠬᠤ ᠥᠬᠡᠶ Wi - Fi ᠰᠦᠯᠵᠢᠶᠡᠨ᠎ᠳᠦ ᠭᠠᠷᠬᠤ᠂ ᠴᠢᠴᠢᠭᠦᠷ ᠪᠥᠮᠪᠥᠭᠡ᠎ᠶ᠋ᠢᠨ ᠥᠷᠥᠭᠡ ᠵᠡᠷᠭᠡ 12 ᠵᠦᠶ᠋ᠯ᠎ᠦᠨ ᠴᠢᠳᠠᠮᠵᠢ᠎ᠶ᠋ᠢ ᠪᠦᠷᠢᠯᠳᠦᠭᠦᠯᠵᠦ᠍᠂ ᠡᠳᠦᠷ ᠳᠤᠮᠳᠠᠴᠢ 600 ᠬᠥᠮᠦᠨ ᠤᠳᠠᠭ᠎ᠠ᠎ᠳᠤ ᠦᠢᠯᠡᠴᠢᠯᠡᠵᠦ᠂ ᠳᠤᠮᠳᠠᠳᠤ ᠮᠣᠩᠭᠣᠯ ᠬᠣᠶᠠᠷ ᠤᠯᠤᠰ᠎ᠤᠨ ᠠᠴᠢᠶᠠᠨ᠎ᠤ ᠮᠠᠱᠢᠨ᠎ᠤ ᠵᠢᠯᠣᠭᠣᠴᠢ᠎ᠶ᠋ᠢᠨ ᠲᠤᠬᠢᠲᠠᠢ ᠪᠠᠭᠤᠴᠠ ᠪᠤᠯᠤᠭᠰᠠᠨ ᠪᠠᠢᠨ᠎ᠠ᠃ ᠮᠣᠩᠭᠣᠯ ᠤᠯᠤᠰ᠎ᠤᠨ ᠠᠴᠢᠶᠠᠨ᠎ᠤ ᠮᠠᠱᠢᠨ᠎ᠤ ᠵᠢᠯᠣᠭᠣᠴᠢ ᠳᠡᠯᠭᠡᠷᠰᠠᠢᠬᠠᠨ᠄《ᠥᠩᠭᠡᠷᠡᠭ᠌ᠰᠡᠨ᠎ᠳᠦ ᠬᠠᠷᠢ ᠤᠯᠤᠰ ᠬᠦᠨᠳᠡᠯᠡᠨ ᠨᠤᠲᠤᠭ᠎ᠠᠴᠠ ᠪᠠᠷᠠᠭ᠎ᠠ ᠲᠡᠭᠡᠭᠡᠵᠦ᠍ ᠪᠠᠭᠤᠯᠭᠠᠬᠤ᠎ᠳᠤ ᠡᠪᠦᠯ᠎ᠳᠡᠭᠡᠨ ᠵᠥᠪᠬᠡᠨ ᠲᠠᠰᠬᠢᠮ᠎ᠡ ᠬᠦᠶ᠋ᠲᠡᠨ ᠵᠢᠯᠣᠭᠣᠳᠭᠤ ᠲᠠᠰᠤᠭ᠎ᠲᠤ ᠯᠠ ᠲᠦᠷ ᠲᠠᠯᠳᠠᠯᠠᠳᠠᠭ ᠪᠠᠢᠭ᠍ᠰᠠᠨ᠂ ᠣᠲᠣ 〈ᠵᠢᠯᠣᠭᠣᠴᠢ᠎ᠶ᠋ᠢᠨ ᠬᠡᠷ〉 ᠲᠠᠢ ᠪᠣᠯᠵᠣ᠂ ᠲᠤᠬᠢᠲᠠᠢ ᠰᠠᠢᠬᠠᠨ ᠠᠮᠠᠷᠠᠵᠦ ᠪᠤᠯᠬᠤ ᠪᠡᠷ ᠪᠠᠷᠠᠬᠤ ᠦᠭᠡᠢ ᠪᠠᠰᠠ ᠪᠠᠷᠠᠭ᠎ᠠ ᠲᠣᠬᠢᠷᠠᠭᠤᠯᠬᠤ ᠪᠠᠢᠳᠠᠯ᠎ᠢ ᠴᠤ᠌ ᠴᠠᠭ ᠳᠤᠬᠠᠢ ᠳ᠋ᠤᠨᠢ ᠣᠢᠯᠠᠭᠠᠵᠤ ᠳᠡᠢᠯᠬᠦ᠌ ᠪᠣᠯᠤᠭ᠍ᠰᠠᠨ ᠨᠢ ᠦᠨᠡᠬᠡᠷ ᠲᠥᠬᠥᠮ ᠪᠣᠯᠵᠠᠶ》 ᠭᠡᠯ᠎ᠡ᠃

ᠡᠭᠦᠨ᠎ᠦ ᠬᠠᠮᠲᠤ ᠱᠢᠯᠢ᠎ᠶ᠋ᠢᠨ ᠭᠤᠤᠯ ᠠᠢᠮᠠᠭ ᠪᠠᠰᠠ 《ᠠᠵᠢᠯᠴᠢᠨ᠎ᠤ ᠡᠪᠯᠡᠯ + ᠱᠢᠭᠦᠬᠦ᠌ ᠬᠣᠷᠢᠶ᠎ᠠ + ᠪᠠᠢᠴᠠᠭᠠᠬᠤ ᠬᠣᠷᠢᠶ᠎ᠠ + ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ + ᠬᠠᠤᠯᠢ ᠴᠠᠭᠠᠵᠠ》ᠲᠠᠪᠤᠨ ᠲᠠᠯ᠎ᠠ᠎ᠶ᠋ᠢᠨ ᠬᠠᠮᠲᠤᠷᠠᠯᠴᠠᠬᠤ ᠲᠣᠭ᠍ᠲᠠᠴᠠ᠎ᠶ᠋ᠢ ᠢᠳᠡᠪᠬᠢᠲᠡᠶ ᠰᠦᠪᠡᠭ᠌ᠴᠢᠯᠡᠵᠦ᠍᠂ ᠬᠥᠳᠡᠯᠮᠦᠷᠢ᠎ᠶ᠋ᠢᠨ ᠵᠥᠷᠢᠴᠡᠯ ᠵᠠᠭᠤᠷᠠᠭᠠᠨ᠎ᠢ ᠤᠷᠢᠳᠴᠢᠯᠠᠨ ᠰᠡᠷᠭᠡᠢᠯᠡᠵᠦ᠍ ᠡᠶᠡᠳᠡᠭᠦᠯᠦᠨ ᠱᠢᠶ᠋ᠳᠪᠦᠷᠢᠯᠡᠬᠦ᠌ ᠱᠢᠰᠲ᠋ᠧᠮ᠎ᠢ ᠪᠠᠢᠭᠤᠯᠪᠠ᠃ ᠡᠷᠢᠶᠡᠨ ᠬᠣᠲᠠ᠎ᠶ᠋ᠢᠨ ᠠᠵᠢᠯᠴᠢᠨ᠎ᠤ ᠶᠡᠷᠦᠩᠬᠡᠶ ᠡᠪᠯᠡᠯ ᠬᠣᠲᠠ᠎ᠶ᠋ᠢᠨ ᠬᠠᠤᠯᠢ ᠴᠠᠭᠠᠵᠠ᠎ᠶ᠋ᠢᠨ ᠲᠣᠪᠴᠢᠶ᠎ᠠ᠎ᠯᠤᠭ᠎ᠠ ᠬᠠᠮᠲᠤᠷᠠᠨ ᠭᠠᠳᠠᠭᠠᠳᠤ᠎ᠳᠤ ᠬᠣᠯᠪᠣᠭ᠍ᠳᠠᠬᠤ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠱᠢᠨ᠎ᠡ ᠵᠠᠭ᠍ᠪᠤᠷ᠎ᠢ ᠬᠠᠢᠨ ᠰᠦᠪᠡᠭ᠌ᠴᠢᠯᠡᠵᠦ᠍᠂ ᠪᠣᠭᠣᠮᠲᠠ᠎ᠶ᠋ᠢᠨ ᠠᠵᠢᠯᠲᠠᠨ ᠠᠵᠢᠯᠴᠢᠨ᠎ᠳᠤ ᠭᠠᠳᠠᠭᠠᠳᠤ᠎ᠳᠤ ᠬᠣᠯᠪᠣᠭ᠍ᠳᠠᠬᠤ ᠬᠠᠤᠯᠢ ᠴᠠᠭᠠᠵᠠ᠎ᠶ᠋ᠢᠨ ᠦᠶ᠋ᠯᠡᠴᠢᠯᠡᠭᠡᠨ᠎ᠦ ᠱᠢᠨ᠎ᠡ ᠲᠠᠪᠴᠠᠩ᠎ᠢ ᠬᠠᠩᠭᠠᠵᠤ᠂ ᠬᠢᠯᠢ ᠠᠯᠤᠰᠯᠠᠭ᠍ᠰᠠᠨ ᠠᠵᠤ ᠠᠬᠤᠢᠯᠠᠯ ᠪᠠ ᠠᠵᠢᠯᠲᠠᠨ ᠠᠵᠢᠯᠴᠢᠨ᠎ᠳᠤ ᠭᠡᠷ᠎ᠡ᠎ᠶ᠋ᠢᠨ ᠬᠢᠨᠠᠨ ᠪᠠᠢᠴᠠᠭᠠᠯᠲᠠ᠂ ᠵᠦᠷᠢᠴᠡᠯ ᠵᠠᠭᠤᠷᠠᠭᠠᠨ ᠎ᠢ ᠡᠶᠡᠳᠡᠭᠦᠯᠬᠦ᠌᠂ ᠬᠠᠤᠯᠢ ᠴᠠᠭᠠᠵᠠ᠎ᠶ᠋ᠢᠨ ᠵᠥᠪᠯᠡᠯᠭᠡ ᠥᠭ᠌ᠬᠦ ᠵᠡᠷᠭᠡ ᠥᠷᠲᠡᠭᠡᠴᠢᠯᠡᠭᠰᠡᠨ ᠮᠠᠶᠢᠭ᠎ᠤᠨ ᠲᠤᠰᠭᠠᠶ ᠮᠡᠷᠭᠡᠵᠢᠯ᠎ᠦᠨ ᠦᠶ᠋ᠯᠡᠴᠢᠯᠡᠭᠡ ᠬᠠᠩᠭᠠᠪᠠ᠃ ᠪᠠᠰᠠ ᠪᠥᠬᠥ᠌ ᠠᠢᠮᠠᠭ᠎ᠤᠨ ᠬᠢᠯᠢ ᠵᠢᠨ ᠪᠣᠭᠣᠮᠲᠠ᠎ᠶ᠋ᠢᠨ ᠠᠵᠢᠯᠴᠢᠨ᠎ᠤ ᠡᠪᠯᠡᠯ᠎ᠦᠨ ᠬᠣᠯᠪᠣᠭᠠᠲᠤ ᠬᠤᠷᠠᠯ ᠨᠢᠭᠡᠨᠲᠡ ᠠᠵᠢᠯᠲᠠᠨ ᠠᠵᠢᠯᠴᠢᠨ᠎ᠤ ᠬᠡᠷ᠂ ᠠᠵᠢᠯᠲᠠᠨ ᠠᠵᠢᠯᠴᠢᠨ᠎ᠤ ᠰᠡᠳᠭᠢᠴᠡ᠎ᠶ᠋ᠢᠨ ᠬᠠᠪᠰᠤᠷᠤᠨ ᠵᠢᠯᠣᠭᠣᠳᠭᠤ ᠲᠠᠰᠤᠭ᠂ ᠣᠯᠠᠨ ᠴᠢᠳᠠᠮᠵᠢᠲᠤ ᠰᠠᠭ᠍ᠰᠤᠨ ᠪᠥᠮᠪᠥᠭᠡ᠎ᠶ᠋ᠢᠨ ᠲᠠᠯᠠᠪᠤᠷ᠂ ᠵᠢᠯᠣᠭᠣᠴᠢ᠎ᠶ᠋ᠢᠨ ᠬᠡᠷ᠂ ᠠᠵᠢᠯᠲᠠᠨ ᠠᠵᠢᠯᠴᠢᠨ᠎ᠤ ᠬᠡᠷ᠎ᠦᠨ ᠭᠠᠳᠠᠨᠠᠬᠢ ᠬᠥᠳᠡᠯᠮᠦᠷᠢᠴᠢᠳ᠎ᠦᠨ ᠦᠶ᠋ᠯᠡᠴᠢᠯᠡᠭᠡᠨ᠎ᠦ ᠥᠷᠲᠡᠭᠡ ᠵᠡᠷᠭᠡ 17  ᠦᠶ᠋ᠯᠡᠴᠢᠯᠡᠭᠡᠨ᠎ᠦ ᠵᠢᠭ᠍ᠰᠠᠭᠠᠯ᠎ᠤᠨ ᠭᠠᠵᠠᠷ᠎ᠢ ᠪᠠᠢᠭᠤᠯᠵᠤ᠂ ᠠᠵᠢᠯᠲᠠᠨ ᠠᠵᠢᠯᠴᠢᠨ᠎ᠤ ᠣᠯᠠᠨ ᠡᠱᠢᠵᠢᠭ᠌ᠰᠡᠨ ᠬᠡᠷᠡᠭ᠌ᠴᠡᠭᠡ ᠱᠠᠭᠠᠷᠳᠠᠯᠭ᠎ᠠ᠎ᠶ᠋ᠢ ᠪᠥᠬᠥ᠌ ᠲᠠᠯ᠎ᠠ᠎ᠪᠠᠷ ᠬᠠᠩᠭᠠᠪᠠ᠃ ᠡᠭᠦᠨ᠎ᠳᠦ᠂ ᠡᠷᠢᠶᠡᠨ ᠬᠣᠲᠠ᠎ᠶ᠋ᠢᠨ ᠬᠢᠯᠢ ᠵᠢᠨ ᠪᠣᠭᠣᠮᠲᠠ᠎ᠶ᠋ᠢᠨ ᠠᠵᠢᠯᠴᠢᠨ᠎ᠤ ᠡᠪᠯᠡᠯ᠎ᠦᠨ ᠬᠣᠯᠪᠣᠭᠠᠲᠤ ᠬᠤᠷᠠᠯ᠎ᠤᠨ ᠠᠵᠢᠯᠲᠠᠨ ᠠᠵᠢᠯᠴᠢᠨ᠎ᠤ ᠰᠡᠳᠭᠢᠴᠡ᠎ᠶ᠋ᠢᠨ ᠬᠠᠪᠰᠤᠷᠤᠨ ᠵᠢᠯᠣᠭᠣᠳᠭᠤ ᠲᠠᠰᠤᠭ 2022 ᠣᠨ᠎ᠳᠤ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠬᠡᠶ ᠡᠪᠯᠡᠯ᠎ᠳᠦ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠰᠡᠳᠭᠢᠴᠡ᠎ᠶ᠋ᠢᠨ ᠬᠠᠪᠰᠤᠷᠤᠨ ᠵᠢᠯᠣᠭᠣᠳᠭᠤ ᠲᠠᠰᠤᠭ᠎ᠢᠶᠠᠷ ᠦᠨᠡᠯᠡᠭ᠌ᠳᠡᠵᠦ᠍᠂ ᠪᠣᠭᠣᠮᠲᠠ᠎ᠶ᠋ᠢᠨ ᠠᠵᠢᠯᠴᠢᠨ᠎ᠤ ᠡᠪᠯᠡᠯ᠎ᠦᠨ ᠬᠣᠯᠪᠣᠭᠠᠲᠤ ᠬᠤᠷᠠᠯ᠎ᠤᠨ ᠠᠵᠢᠯᠲᠠᠨ ᠠᠵᠢᠯᠴᠢᠨ᠎ᠤ ᠨᠣᠮ᠎ᠤᠨ ᠥᠷᠥᠭᠡ ᠨᠢ ᠴᠦ᠍ 2024 ᠣᠨ᠎ᠳᠤ ᠳᠤᠮᠳᠠᠳᠤ᠎ᠶ᠋ᠢᠨ ᠪᠥᠬᠥ᠌ ᠤᠯᠤᠰ᠎ᠤᠨ ᠠᠵᠢᠯᠴᠢᠨ᠎ᠤ ᠶᠡᠷᠦᠩᠬᠡᠶ ᠡᠪᠯᠡᠯ᠎ᠦᠨ 《ᠠᠵᠢᠯᠲᠠᠨ ᠠᠵᠢᠯᠴᠢᠨ᠎ᠤ ᠨᠣᠮ᠎ᠤᠨ ᠥᠷᠥᠭᠡ》 ᠵᠢᠨ ᠢᠷᠠᠭᠤ ᠠᠯᠳᠠᠷ᠎ᠢ ᠭᠥᠷᠳᠡᠭᠰᠡᠨ ᠪᠠᠢᠨ᠎ᠠ᠃

ᠰᠣᠶᠣᠯ᠎ᠤᠨ ᠰᠣᠯᠢᠯᠴᠠᠭ᠎ᠠ ᠨᠢ ᠭᠠᠳᠠᠭᠠᠳᠤ ᠨᠡᠭᠡᠭᠡᠯᠳᠡ᠎ᠳᠤ ᠨᠡᠩ ᠭᠦᠨ ᠳᠠᠪᠬᠤᠷᠭ᠎ᠠ᠎ᠶ᠋ᠢᠨ ᠠᠮᠢᠵᠢᠷᠠᠯ᠎ᠤᠨ ᠬᠦᠴᠦᠨ᠎ᠢ ᠣᠯᠭᠣᠭ᠍ᠰᠠᠨ ᠪᠠᠢᠨ᠎ᠠ᠃ ᠡᠳᠦᠭᠡ ᠴᠢᠬᠤᠯᠠ ᠪᠠᠶᠠᠷ ᠲᠤᠷᠠᠰᠬᠠᠯ᠎ᠤᠨ ᠡᠳᠦᠷ ᠪᠣᠯᠬᠤ ᠪᠦᠷᠢ ᠤᠯᠠᠭᠠᠨᠮᠥ᠋ᠴᠢᠷ᠎ᠦᠨ ᠭᠡᠱᠢᠭᠦᠳ ᠤᠷᠠᠨ ᠰᠠᠢᠬᠠᠨ᠎ᠤ ᠲᠤᠭᠯᠠᠯᠳᠠ ᠪᠡᠨ ᠬᠦᠷᠭᠡᠵᠦ᠂ ᠳᠤᠮᠳᠠᠳᠤ᠎ᠶ᠋ᠢᠨ ᠱᠢᠯᠢᠳᠡᠭ ᠤᠯᠠᠮᠵᠢᠯᠠᠯᠲᠤ ᠰᠣᠶᠣᠯ᠎ᠤᠨ ᠷᠢᠳᠢ ᠱᠢᠳᠢ᠎ᠶ᠋ᠢ ᠳᠡᠯᠭᠡᠨ ᠦᠵᠡᠭᠦᠯᠳᠡᠭ᠃ ᠳᠤᠮᠳᠠᠳᠤ ᠮᠣᠩᠭᠣᠯ ᠣᠷᠣᠰ᠎ᠤᠨ ᠠᠵᠤ ᠠᠬᠤᠶ ᠠᠷᠠᠯᠵᠢᠶᠠᠨ᠎ᠤ ᠬᠠᠮᠲᠤᠷᠠᠯᠴᠠᠭᠠᠨ᠎ᠤ ᠴᠢᠬᠤᠯᠠ ᠲᠠᠪᠴᠠᠩ ᠪᠣᠯᠤᠭ᠍ᠰᠠᠨ᠎ᠤ ᠬᠤᠪᠢ᠎ᠳᠤ᠂ ᠳᠤᠮᠳᠠᠳᠤ ᠤᠯᠤᠰ (ᠡᠷᠢᠶᠡᠨ ᠬᠣᠲᠠ)᠎ᠤᠨ ᠣᠯᠠᠨ ᠤᠯᠤᠰ᠎ᠤᠨ ᠠᠵᠤ ᠠᠬᠤᠶ ᠠᠷᠠᠯᠵᠢᠶᠠᠨ᠎ᠤ ᠪᠠᠯᠠ ᠣᠷᠣᠭᠤᠯᠤᠯᠲᠠ᠎ᠶ᠋ᠢᠨ ᠵᠥᠪᠳᠡᠯᠴᠡᠬᠡᠷ ᠵᠢᠴᠢ ᠦᠵᠡᠰᠭᠦᠯᠡᠩ᠎ᠦᠨ ᠬᠤᠷᠠᠯ᠎ᠢ 2009 ᠣᠨ᠎ᠠᠴᠠ ᠨᠠᠭᠠᠰᠢ ᠨᠢᠭᠡᠨᠲᠡ 12 ᠬᠤᠭᠤᠴᠠᠭ᠎ᠠ ᠠᠮᠵᠢᠯᠲᠠ᠎ᠲᠠᠶ ᠡᠷᠭᠢᠯᠡᠵᠦ᠍᠂ ᠬᠡᠳᠦᠨ ᠮᠢᠩᠭᠠᠨ ᠠᠵᠤ ᠠᠬᠤᠢᠯᠠᠯ ᠦᠵᠡᠰᠭᠦᠯᠡᠩ᠎ᠳᠦ ᠣᠷᠣᠯᠴᠠᠵᠤ᠂ ᠣᠷᠣᠨ ᠪᠦᠰᠡ᠎ᠶ᠋ᠢᠨ ᠬᠠᠮᠲᠤᠷᠠᠯᠴᠠᠭ᠎ᠠ᠎ᠶ᠋ᠢ ᠠᠬᠢᠭᠤᠯᠬᠤ ᠴᠢᠬᠤᠯᠠ ᠠᠴᠢᠶᠠᠯᠠᠪᠤᠷᠢ ᠪᠣᠯᠤᠭ᠍ᠰᠠᠨ ᠪᠠᠢᠨ᠎ᠠ᠃ ᠡᠨᠡ ᠨᠢ ᠶᠠᠭ ᠮᠣᠩᠭᠣᠯ ᠤᠯᠤᠰ᠎ᠤᠨ ᠠᠷᠠᠯᠵᠢᠶᠠᠴᠢᠨ ᠠᠮᠤᠷᠲᠦ᠋ᠪᠰᠢᠨ᠎ᠤ ᠬᠡᠯᠡᠭ᠌ᠰᠡᠨᠴᠢᠯᠡᠨ᠄《ᠡᠢᠮᠦᠷᠬᠦᠦ ᠠᠵᠢᠯᠯᠠᠭ᠎ᠠ ᠨᠢ ᠠᠷᠠᠯᠵᠢᠶ᠎ᠠ ᠮᠠᠢᠮᠠᠶ ᠶᠠᠷᠢᠯᠴᠠᠵᠤ᠂ ᠬᠤᠳᠠᠯᠳᠤᠭᠠᠨ᠎ᠤ ᠶᠠᠪᠤᠳᠠᠯ᠎ᠤᠨ ᠬᠠᠮᠲᠤᠷᠠᠯᠴᠠᠭ᠎ᠠ᠎ᠳᠤ ᠠᠵᠠ ᠲᠣᠬᠢᠶᠠᠯ ᠣᠯᠭᠣᠭᠰᠠᠨ ᠵᠢᠠᠷ ᠪᠠᠷᠠᠬᠤ ᠥᠬᠡᠶ ᠣᠢᠯᠠᠭᠠᠯᠴᠠᠭ᠎ᠠ ᠪᠠ ᠢᠲᠡᠭᠡᠯᠴᠡᠭᠡ᠎ᠪᠡᠨ ᠨᠡᠮᠡᠭ᠌ᠳᠡᠭᠦᠯᠵᠦ᠍ ᠴᠢᠳᠠᠭᠰᠠᠨ ᠪᠠᠢᠨ᠎ᠠ》 ᠭᠡᠵᠠᠢ᠃

ᠵᠡᠭᠦᠨ ᠬᠠᠲᠠᠪᠴᠢ ᠬᠢᠯᠢ᠎ᠶ᠋ᠢᠨ ᠪᠣᠭᠣᠮᠲᠠ᠎ᠳᠤ ᠠᠵᠢᠯᠴᠢᠨ᠎ᠤ ᠡᠪᠯᠡᠯ᠎ᠦᠨ ᠵᠣᠬᠢᠶᠠᠨ ᠪᠠᠢᠭᠤᠯᠤᠯᠲᠠ ᠪᠣᠭᠣᠮᠲᠠ᠎ᠪᠠᠷ ᠥᠩᠭᠡᠷᠡᠬᠦ᠌ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ 《ᠪᠣᠭᠣᠮᠲᠠ᠎ᠪᠠᠷ ᠥᠩᠭᠡᠷᠡᠬᠦ᠌ ᠮᠡᠷᠭᠡᠵᠢᠯ ᠴᠢᠳᠠᠪᠤᠷᠢ᠎ᠶ᠋ᠢᠨ ᠶᠡᠬᠡ ᠮᠥᠷᠥᠢᠴᠡᠭᠡᠨ》᠎ᠤ ᠠᠵᠢᠯᠯᠠᠭ᠎ᠠ᠎ᠶ᠋ᠢ ᠪᠠᠢᠩᠭᠤ ᠥᠷᠨᠢᠭᠦᠯᠵᠦ᠍᠂ ᠠᠵᠢᠯᠲᠠᠨ ᠠᠵᠢᠯᠴᠢᠨ᠎ᠤ ᠱᠢᠨ᠎ᠡ᠎ᠶ᠋ᠢ ᠡᠭᠦᠳᠬᠦ᠌ ᠠᠮᠢᠵᠢᠷᠠᠯ᠎ᠤᠨ ᠬᠦᠴᠦᠨ᠎ᠢ ᠬᠥᠭ᠌ᠵᠢᠭᠡᠵᠦ᠍᠂ ᠨᠢᠭᠡ ᠪᠦᠯᠦᠭ ᠲᠤᠬᠠᠢᠯᠠᠭ᠍ᠰᠠᠨ ᠠᠵᠢᠯ᠎ᠳᠠᠭᠠᠨ ᠴᠠᠭᠠᠷᠠᠭ᠍ᠰᠠᠨ ᠪᠣᠭᠣᠮᠲᠠ᠎ᠪᠠᠷ ᠥᠩᠭᠡᠷᠡᠬᠦ᠌ ᠴᠢᠳᠠᠪᠤᠷᠢᠲᠠᠨ᠎ᠢ ᠬᠥᠮᠦᠵᠢᠭᠦᠯᠪᠡ᠃ ᠠᠵᠢᠯᠲᠠᠨ ᠠᠵᠢᠯᠴᠢᠨ ᠪᠣᠭᠣᠮᠲᠠ ᠥᠩᠭᠡᠷᠡᠬᠦ᠌ ᠴᠤᠪᠤᠷᠠᠯ ᠎ᠢ ᠱᠢᠯᠢᠳᠡᠭ᠌ᠵᠢᠭᠦᠯᠵᠦ᠍᠂ ᠡᠳ᠋ ᠪᠠᠷᠠᠭᠠᠨ᠎ᠤ ᠪᠣᠭᠣᠮᠲᠠ ᠥᠩᠭᠡᠷᠡᠬᠦ᠌ ᠴᠠᠭ᠎ᠢ ᠶᠡᠬᠡ ᠪᠡᠷ ᠪᠣᠭᠣᠨᠢᠰᠬᠠᠪᠠ᠃ ᠡᠭᠦᠨ᠎ᠡᠴᠡ ᠭᠠᠳᠠᠨ᠎ᠠ᠂ ᠵᠡᠭᠦᠨ ᠬᠠᠲᠠᠪᠴᠢ ᠬᠢᠯᠢ ᠪᠣᠭᠣᠮᠲᠠ᠎ᠶ᠋ᠢᠨ ᠠᠵᠢᠯᠴᠢᠨ᠎ᠤ ᠡᠪᠯᠡᠯ᠎ᠦᠨ ᠬᠣᠯᠪᠣᠭᠠᠲᠤ ᠬᠤᠷᠠᠯ ᠬᠢᠯᠢ ᠵᠢᠨ ᠪᠣᠭᠣᠮᠲᠠ᠎ᠶ᠋ᠢᠨ ᠭᠠᠵᠠᠷ ᠣᠷᠣᠨ᠎ᠳᠤ ᠦᠶ᠋ᠯᠡᠴᠢᠯᠡᠬᠦ᠌᠂ ᠡᠮᠦᠨ᠎ᠡ ᠹᠷᠣᠨᠲ᠎ᠤᠨ ᠠᠵᠢᠯᠲᠠᠨ ᠠᠵᠢᠯᠴᠢᠨ᠂ ᠴᠡᠷᠢᠭ ᠴᠠᠭ᠍ᠳᠠᠭ᠎ᠠ᠎ᠳᠤ ᠦᠶ᠋ᠯᠡᠴᠢᠯᠡᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠲᠤᠬᠠᠶ᠎ᠶ᠋ᠢᠨ ᠲᠠᠯᠠᠪᠠᠶ᠎ᠶ᠋ᠢᠨ ᠵᠢᠭᠠᠨ ᠰᠤᠷᠭᠠᠯᠲᠠ᠂ ᠤᠷ᠎ᠠ ᠴᠢᠳᠠᠪᠤᠷᠢ᠎ᠶ᠋ᠢᠨ ᠪᠣᠯᠪᠠᠰᠤᠷᠠᠭᠤᠯᠤᠯ᠂ ᠬᠡᠪ ᠴᠢᠨᠠᠷ᠎ᠤᠨ ᠬᠦᠮᠦᠵᠢᠯ᠂ ᠰᠣᠶᠣᠯ ᠪᠡᠶ᠎ᠡ᠎ᠶ᠋ᠢᠨ ᠲᠠᠮᠢᠷ ᠵᠤᠭ᠎ᠠ ᠴᠡᠩᠭᠡᠯ ᠵᠡᠷᠭᠡ ᠴᠢᠳᠠᠮᠵᠢ᠎ᠶ᠋ᠢ ᠨᠢᠭᠡ ᠴᠣᠭ᠍ᠴᠠᠵᠢᠭᠤᠯᠤᠭ᠍ᠰᠠᠨ ᠪᠣᠭᠣᠮᠲᠠ᠎ᠶ᠋ᠢᠨ ᠠᠵᠢᠯᠲᠠᠨ ᠠᠵᠢᠯᠴᠢᠨ᠎ᠤ ᠬᠡᠷ᠎ᠢ ᠪᠠᠢᠭᠤᠯᠪᠠ᠃

ᠬᠤᠢᠰᠢᠳᠠ ᠱᠢᠯᠢ᠎ᠶ᠋ᠢᠨ ᠭᠤᠤᠯ ᠠᠢᠮᠠᠭ ᠦᠷᠭᠦᠯᠵᠢᠯᠡᠨ ᠤᠯᠤᠰ᠎ᠤᠨ ᠤᠮᠠᠷᠠᠰᠢ ᠨᠡᠭᠡᠭᠡᠯᠲᠡ ᠬᠢᠬᠦ᠌ ᠪᠠᠢᠯᠳᠤᠬᠤ ᠪᠣᠳᠣᠯᠭ᠎ᠠ᠎ᠶ᠋ᠢᠨ ᠬᠠᠷᠠᠯᠲᠠ᠎ᠳᠤ ᠨᠢᠭᠡᠳᠴᠦ᠂ 《ᠨᠠᠮ᠎ᠤᠨ ᠪᠠᠢᠭᠤᠯᠤᠯᠲᠠ᠎ᠪᠠᠷ ᠠᠵᠢᠯᠴᠢᠨ᠎ᠤ ᠡᠪᠯᠡᠯ᠎ᠤᠨ ᠪᠠᠢᠭᠤᠯᠤᠯᠲᠠ᠎ᠶ᠋ᠢ ᠳᠠᠢᠴᠢᠯᠠᠬᠤ》 ᠪᠠᠷ ᠵᠢᠯᠣᠭᠣᠳᠤᠮᠵᠢ ᠪᠣᠯᠭᠠᠵᠤ᠂ 《ᠲᠥᠷᠥ᠎ᠶ᠋ᠢᠨ ᠪᠣᠳᠣᠯᠭ᠎ᠠ᠎ᠶ᠋ᠢᠨ ᠦᠶ᠋ᠯᠡᠴᠢᠯᠡᠭᠡ᠂ ᠡᠷᠬᠡ ᠠᠱᠢᠭ᠎ᠤᠨ ᠪᠠᠲᠤᠯᠠᠭ᠎ᠠ᠂ ᠰᠣᠶᠣᠯ᠎ᠤᠨ ᠰᠣᠯᠢᠯᠴᠠᠭ᠎ᠠ᠂ ᠠᠮᠢ ᠠᠬᠤᠶ᠎ᠶ᠋ᠢ ᠬᠠᠮᠲᠤ᠎ᠪᠠᠷ ᠪᠥᠲᠥᠭᠡᠨ ᠪᠠᠢᠭᠤᠯᠬᠤ》 ᠵᠢ ᠨᠢᠭᠡ ᠴᠣᠭ᠍ᠴᠠᠵᠢᠭᠤᠯᠤᠭ᠍ᠰᠠᠨ ᠬᠢᠯᠢ ᠵᠢᠨ ᠪᠣᠭᠣᠮᠲᠠ᠎ᠶ᠋ᠢᠨ ᠠᠵᠢᠯᠴᠢᠨ᠎ᠤ ᠡᠪᠯᠡᠯ᠎ᠦᠨ ᠦᠶ᠋ᠯᠡᠴᠢᠯᠡᠭᠡᠨ᠎ᠦ ᠱᠢᠰᠲ᠋ᠧᠮ᠎ᠢ ᠬᠥᠭ᠌ᠵᠢᠭᠦᠯᠵᠦ᠍᠂ ᠨᠠᠩ ᠣᠯᠠᠨ ᠬᠢᠯᠢ ᠠᠯᠤᠰᠯᠠᠭ᠍ᠰᠠᠨ ᠠᠵᠢᠯᠳᠠᠨ ᠠᠵᠢᠯᠴᠢᠳ᠎ᠲᠦ ᠬᠠᠯᠠᠭᠤᠨ ᠲᠤᠯᠠᠭᠠᠨ ᠦᠢᠯᠡᠴᠢᠯᠡᠭᠡ ᠬᠦᠷᠳᠡᠭᠡᠬᠦ ᠪᠤᠯᠤᠨ᠎ᠠ᠃ ᠢᠡᠭᠭᠢᠭᠡᠳ ᠪᠣᠭᠣᠮᠲᠠ᠎ᠶ᠋ᠢᠨ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ᠌᠎ᠳᠦ ᠬᠦᠴᠦᠨ ᠨᠡᠮᠡᠷᠢᠯᠡᠬᠦ᠌ ᠴᠢᠬᠤᠯᠠ ᠪᠡᠬᠢᠯᠡᠯᠲᠡ᠎ᠶ᠋ᠢᠨ ᠪᠥᠲᠥᠭᠡᠨ ᠪᠠᠢᠭᠤᠯᠤᠯᠲᠠ᠎ᠳᠤ ᠱᠢᠯᠢ᠎ᠶ᠋ᠢᠨ ᠭᠤᠤᠯ ᠠᠢᠮᠠᠭ᠎ᠤᠨ ᠡᠯ᠎ᠡ ᠱᠠᠲᠤᠨ᠎ᠤ ᠠᠵᠢᠯᠴᠢᠨ᠎ᠤ ᠡᠪᠯᠡᠯ ᠬᠦᠴᠦᠨ ᠵᠢᠳᠬᠦᠯ ᠵᠢᠡᠨ ᠨᠡᠮᠡᠷᠢᠯᠡᠵᠦ᠂ ᠪᠤᠳᠠᠳᠤ ᠠᠵᠢᠯᠯᠠᠭ᠎ᠠ ᠬᠢᠭᠡᠳ ᠱᠢᠨ᠎ᠡ᠎ᠶ᠋ᠢ ᠡᠭᠦᠳᠬᠦ᠌ ᠡᠷᠴᠢ ᠵᠤᠷᠢᠭ ᠵᠢᠡᠷ ᠨᠠᠩ ᠣᠯᠠᠨ ᠭᠣᠢᠳᠠ ᠰᠠᠢᠬᠠᠨ ᠬᠠᠭᠤᠳᠠᠰᠤ᠎ᠶ᠋ᠢ ᠦᠷᠭᠦᠯᠵᠢᠯᠡᠨ ᠪᠢᠴᠢᠭ᠌ᠯᠡᠵᠦ᠍᠂ ᠤᠮᠠᠷᠠᠲᠤ ᠨᠡᠭᠡᠭᠡᠯᠲᠡ᠎ᠶ᠋ᠢᠨ ᠦᠶ᠋ᠯᠡᠰ᠎ᠲᠦ ᠲᠠᠰᠤᠷᠠᠯᠲᠠ ᠥᠬᠡᠶ ᠬᠦᠴᠦᠨ ᠴᠢᠳᠠᠯ᠎ᠵᠢᠨᠨ ᠨᠡᠮᠡᠷᠢᠯᠡᠬᠦ᠌ ᠪᠣᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号