ᠬᠠᠪᠤᠷ᠎ᠤᠨ ᠲᠠᠷᠢᠶᠠᠯᠠᠭ᠎ᠠ ᠡᠬᠢᠯᠡᠬᠦ ᠪᠡᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠤᠨᠴᠠ ᠲᠤᠮᠢᠯᠠᠭᠳᠠᠭᠴᠢ ᠵᠠᠩ ᠸᠸᠨ ᠬᠤ᠌ ᠣᠷᠳᠣᠰ ᠬᠣᠲᠠ᠎ᠶᠢᠨ ᠣᠲᠣᠭ᠎ᠤᠨ ᠡᠮᠦᠨᠡᠲᠦ ᠬᠣᠰᠢᠭᠤᠨ᠎ᠤ ᠤᠯᠵᠠᠴᠢ ᠪᠠᠯᠭᠠᠰᠤᠨ᠎ᠤ ᠶᠡᠬᠡ ᠳᠤᠯᠤᠨ ᠲᠣᠰᠬᠣᠨ᠎ᠤ ᠳᠤᠯᠠᠭᠠᠨ ᠬᠦᠯᠡᠮᠵᠢ᠎ᠳᠦ ᠯᠠᠵᠤᠤ᠂ ᠡᠷᠳᠡᠨᠢ ᠰᠢᠰᠢ᠂ ᠵᠢᠮᠢᠰ᠎ᠦᠨ ᠮᠣᠳᠣ᠌ ᠵᠡᠷᠭᠡ ᠵᠢ ᠲᠠᠷᠢᠬᠤ ᠰᠢᠨ᠎ᠡ ᠮᠡᠷᠭᠡᠵᠢᠯ᠎ᠢ ᠳᠡᠯᠭᠡᠷᠡᠭᠦᠯᠵᠦ᠂ ᠲᠤᠬᠠᠢ ᠵᠢᠨ ᠭᠠᠵᠠᠷ᠎ᠤᠨ ᠲᠠᠷᠢᠶᠠᠴᠢᠳ᠎ᠤᠨ ᠬᠠᠯᠠᠭᠤᠨ ᠬᠦᠷᠢᠶᠡᠯᠡᠯ᠎ᠢ ᠤᠯᠤᠯ᠎ᠠ᠃
ᠣᠢᠷ᠎ᠠ᠎ᠶᠢᠨ ᠵᠢᠯ ᠳ᠋ᠤ ᠤᠯᠵᠠᠴᠢ ᠪᠠᠯᠭᠠᠰᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠨᠴᠠ ᠲᠣᠮᠢᠯᠠᠭᠳᠠᠭ᠍ᠰᠠᠳᠤᠨ ᠳᠠᠭᠠᠭᠤᠯᠭ᠎ᠠ ᠪᠡᠷ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠬᠦᠬᠦᠷᠭᠡᠨ᠎ᠡ ᠵᠢᠨ ᠦᠨᠳᠦᠰᠦ᠂ ᠰᠢᠬᠢᠷ ᠡᠪᠡᠰᠦ᠂ ᠨᠡᠷᠡᠲᠦ ᠲᠥᠮᠥᠰᠥ᠂ ᠪᠥᠭᠡᠷᠡᠯᠵᠢᠭᠡᠨ᠎ᠡ᠂ ᠬᠡᠭᠡᠷ᠎ᠡ ᠵᠢᠨ ᠲᠠᠤᠯᠠᠢ ᠵᠢᠨ ᠪᠦᠭᠡᠷ᠎ᠡ ᠵᠡᠷᠭᠡ ᠲᠠᠷᠢᠮᠠᠯ᠎ᠤᠨ ᠠᠵᠤ ᠦᠢᠯᠡᠰ᠎ᠢ ᠬᠦᠭᠵᠢᠭᠦᠯᠵᠦ᠂ 《ᠭᠠᠩ ᠬᠠᠭᠰᠠᠷᠠᠭᠠᠨ ᠳ᠋ᠤ ᠲᠡᠰᠪᠦᠷᠢᠲᠡᠢ ᠣᠨᠴᠠᠯᠢᠭ᠍ᠲᠤ ᠠᠵᠤ ᠦᠢᠯᠡᠰ》᠎ᠢ᠋ ᠵᠠᠯᠭᠠᠯᠳᠤᠭᠤᠯᠤᠨ ᠲᠠᠷᠢᠵᠤ᠂ ᠲᠥᠬᠥᠭᠡᠷᠦᠮᠵᠢᠲᠦ ᠲᠠᠷᠢᠮᠠᠯ᠎ᠢᠶᠠᠷ ᠠᠷᠠᠳ᠎ᠢ ᠪᠠᠶᠠᠵᠢᠭᠤᠯᠤᠨ ᠣᠷᠣᠯᠭ᠎ᠠ᠎ᠶᠢ ᠨᠡᠮᠡᠭᠳᠡᠭᠦᠯᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠢᠶᠡᠷ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠭᠰᠡᠨ ᠪᠠᠶᠠᠵᠢᠯ᠎ᠤᠨ ᠵᠠᠮ᠎ᠢ ᠨᠡᠭᠡᠭᠡᠪᠡ᠃
ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠨᠴᠠ ᠲᠣᠮᠢᠯᠠᠭᠳᠠᠭᠰᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠪᠤᠳᠠᠳᠤ ᠦᠢᠯᠡᠳᠪᠦᠷᠢᠯᠡᠯ ᠯᠤᠭᠡ ᠪᠦᠲᠦᠮᠵᠢᠲᠡᠢ ᠵᠤᠯᠭᠠᠭᠤᠯᠤᠨ᠂ ᠲᠠᠷᠢᠶᠠᠯᠠᠩ ᠮᠠᠯ ᠠᠵᠤ ᠠᠬᠤᠢ᠎ᠶᠢᠨ ᠦᠢᠯᠡᠳᠪᠦᠷᠢᠯᠡᠯ᠎ᠦᠨ ᠵᠠᠭᠪᠤᠷ᠎ᠢ ᠬᠤᠪᠢᠷᠠᠭᠤᠯᠬᠤ ᠵᠢ ᠬᠦᠴᠦᠲᠡᠢ ᠠᠬᠢᠭᠤᠯᠵᠤ᠂ ᠠᠵᠤ ᠦᠢᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠰᠢᠬᠦ᠎ᠳᠦ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠥᠳᠡᠯᠭᠡᠬᠦ ᠬᠦᠴᠦᠨ ᠨᠡᠮᠡᠷᠢᠯᠡᠵᠦ ᠪᠤᠢ᠃
2012 ᠣᠨ᠎ᠳᠤ᠂ ᠤᠯᠠᠭᠠᠨᠴᠠᠪ ᠬᠣᠲᠠ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠢᠯᠡᠰ᠎ᠦᠨ ᠬᠥᠭᠵᠢᠬᠦᠯᠤᠯᠲᠡ᠎ᠶᠢᠨ ᠲᠥᠪ᠎ᠦᠨ ᠬᠣᠶᠠᠳᠤᠭᠠᠷ ᠳᠡᠰ᠎ᠤᠨ ᠳᠡᠯᠭᠡᠷᠡᠭᠦᠯᠬᠦ ᠰᠤᠳᠤᠯᠤᠭ᠍ᠴᠢ ᠭᠤᠸᠠᠨ ᠬᠣᠶ ᠮᠢᠩ ᠪᠥᠬᠥ ᠤᠯᠤᠰ᠎ᠤᠨ ᠠᠩᠬᠠᠳᠠᠭ᠍ᠴᠢ ᠬᠦᠢᠲᠡᠨ ᠰᠡᠷᠢᠭᠦᠨ ᠢᠳᠡᠰᠢᠨ ᠨᠣᠭᠣᠭ᠎ᠠ᠎ᠶᠢᠨ ᠠᠺᠠᠳᠧᠮᠢᠴᠢ᠎ᠶᠢᠨ ᠠᠵᠢᠯ᠎ᠤᠨ ᠥᠷᠲᠡᠭᠡ᠎ᠶᠢ ᠪᠠᠢᠭᠤᠯᠵᠤ᠂ ᠪᠦᠯᠬᠦᠮ᠎ᠢᠶᠡᠨ ᠳᠠᠭᠠᠭᠤᠯᠤᠨ᠂ ᠬᠢᠯᠢ ᠬᠢᠵᠠᠭᠠᠷ ᠣᠷᠣᠨ᠎ᠤ ᠢᠳᠡᠰᠢᠨ ᠨᠣᠭᠣᠭ᠎ᠠ᠎ᠶᠢᠨ ᠬᠠᠩᠭᠠᠯᠭ᠎ᠠ ᠬᠦᠴᠢᠷᠲᠡᠢ ᠪᠠᠢᠬᠤ᠂ ᠬᠠᠬᠢᠷ ᠬᠦᠢᠲᠡᠨ ᠡᠪᠦᠯ᠎ᠦᠨ ᠤᠯᠠᠷᠢᠯ ᠳ᠋ᠤ ᠢᠳᠡᠰᠢᠨ ᠨᠣᠭᠣᠭ᠎ᠠ ᠲᠤᠢᠯ᠎ᠢᠶᠠᠷ ᠳᠤᠲᠠᠭᠳᠠᠵᠤ ᠪᠠᠢᠭᠰᠠᠨ ᠵᠡᠷᠭᠡ ᠬᠦᠴᠢᠷ ᠠᠰᠠᠭᠤᠳᠠᠯ᠎ᠳᠤ ᠴᠢᠭᠯᠡᠭᠦᠯᠦᠨ ᠮᠡᠷᠭᠡᠵᠢᠯ᠎ᠦᠨ ᠪᠣᠭᠣᠮᠲᠠ ᠰᠢᠪᠲᠤᠯᠬᠤ ᠠᠵᠢᠯ ᠥᠷᠨᠢᠭᠦᠯᠪᠡ᠃ ᠢᠳᠡᠰᠢᠨ ᠨᠣᠭᠣᠭ᠎ᠠ ᠬᠦᠷᠭᠡᠵᠦ ᠪᠠᠢᠭᠰᠠᠨ᠎ᠡᠴᠡ ᠣᠶᠤᠨᠲᠤ ᠬᠦᠯᠡᠮᠵᠢ ᠪᠠᠢᠭᠤᠯᠵᠤ ᠲᠠᠷᠢᠮᠠᠯ᠎ᠤᠨ ᠮᠡᠷᠭᠡᠵᠢᠯ᠎ᠢ ᠳᠡᠯᠭᠡᠷᠡᠭᠦᠯᠦᠭᠰᠡᠨ᠎ᠡᠴᠡ ᠢᠳᠡᠰᠢᠨ ᠨᠣᠭᠣᠭ᠎ᠠ ᠡᠯᠪᠡᠭ ᠬᠤᠷᠢᠶᠠᠯᠲᠠ ᠤᠯᠬᠤ ᠵᠢ ᠪᠡᠶᠡᠯᠡᠭᠦᠯᠵᠡᠢ᠃ ᠣᠳᠣᠬᠠᠨ ᠪᠤᠯᠬᠤ᠎ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠤᠨᠴᠠ ᠲᠤᠮᠢᠯᠠᠭᠳᠠᠭᠴᠢ ᠭᠤᠸᠠᠨ ᠬᠤᠢ ᠮᠢᠩ᠎ᠦᠨ ᠬᠦᠴᠦᠲᠡᠢ ᠳᠡᠮᠵᠢᠯᠭᠡ ᠪᠠ ᠬᠠᠪᠰᠤᠷᠤᠯᠭ᠎ᠠ ᠪᠡᠷ ᠳᠥᠷᠪᠡᠳ ᠬᠣᠰᠢᠭᠤᠨ᠎ᠤ 400 ᠬᠢᠯᠢ ᠵᠢᠨ ᠮᠠᠯᠴᠢᠨ ᠡᠷᠦᠬᠡ ᠤᠳᠤ ᠦᠶ᠎ᠡ᠎ᠶᠢᠨ ᠲᠠᠷᠢᠶᠠᠯᠠᠩ᠎ᠤᠨ ᠮᠡᠷᠭᠡᠵᠢᠯ᠎ᠳᠦ ᠲᠦᠰᠢᠭᠯᠡᠨ ᠥᠪᠡᠷ᠎ᠦᠨ ᠲᠠᠷᠢᠭᠰᠠᠨ ᠰᠢᠨ᠎ᠡ ᠰᠣᠷᠭᠣᠭ ᠢᠳᠡᠰᠢᠨ ᠨᠣᠭᠣᠭ᠎ᠠ᠎ᠪᠠᠨ ᠢᠳᠡᠵᠦ ᠪᠠᠢᠨ᠎ᠠ ᠁
2025 ᠣᠨ᠎ᠤ ᠲᠥᠪ᠎ᠦᠨ ᠨᠢᠭᠡᠳᠦᠭᠡᠷ ᠲᠣᠭᠠᠲᠤ ᠪᠢᠴᠢᠭ ᠮᠠᠲᠧᠷᠢᠶᠠᠯ᠎ᠳᠤ ᠬᠥᠳᠡᠭᠡ ᠲᠣᠰᠬᠣᠨ᠎ᠤ ᠴᠢᠳᠠᠪᠤᠷᠢᠲᠠᠨ᠎ᠢ ᠬᠥᠮᠥᠵᠢᠭᠦᠯᠬᠦ ᠪᠠ ᠬᠥᠭᠵᠢᠭᠦᠯᠬᠦ ᠲᠣᠭᠲᠠᠴᠠ᠎ᠶᠢ ᠲᠡᠭᠦᠯᠳᠡᠷᠵᠢᠭᠦᠯᠦᠨ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠴᠢᠳᠠᠪᠤᠷᠢᠲᠠᠨ᠎ᠢ ᠳᠡᠮᠵᠢᠬᠦ ᠲᠥᠯᠥᠪᠯᠡᠭᠡ᠎ᠶᠢ ᠬᠡᠷᠡᠭᠵᠢᠭᠦᠯᠵᠦ᠂ ᠲᠠᠷᠢᠶᠠᠴᠢᠳ᠎ᠤᠨ ᠮᠡᠷᠭᠡᠵᠢᠯ ᠤᠷ᠎ᠠ ᠴᠢᠳᠠᠪᠤᠷᠢ᠎ᠶᠢᠨ ᠪᠣᠯᠪᠠᠰᠤᠷᠠᠯ᠎ᠢ ᠴᠢᠩᠭᠠᠳᠬᠠᠵᠤ᠂ ᠬᠥᠳᠡᠭᠡ ᠲᠣᠰᠬᠣᠨ᠎ᠤ ᠡᠯ᠎ᠡ ᠲᠦᠷᠦᠯ᠎ᠦᠨ ᠲᠤᠰᠬᠠᠢ ᠮᠡᠷᠭᠡᠵᠢᠯ᠎ᠦᠨ ᠴᠢᠳᠠᠪᠤᠷᠢᠲᠠᠨ ᠪᠠ ᠬᠡᠷᠡᠭᠯᠡᠭᠡᠨ᠎ᠦ ᠴᠢᠳᠠᠪᠤᠷᠢᠲᠠᠨ᠎ᠤ ᠡᠩᠨᠡᠭᠡ᠎ᠶᠢ ᠪᠤᠵᠠᠭᠠᠢᠷᠠᠭᠤᠯᠤᠨ᠎ᠠ ᠭᠡᠵᠦ ᠳᠤᠷᠠᠳᠴᠠᠢ᠃
ᠣᠢᠷ᠎ᠠ᠎ᠶᠢᠨ ᠵᠢᠯ ᠳ᠋ᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠨᠴᠠ ᠲᠣᠮᠢᠯᠠᠭᠳᠠᠭ᠍ᠰᠠᠳᠤᠨ ᠳᠦᠷᠢᠮ᠂ 《ᠭᠤᠷᠪᠠᠨ ᠣᠷᠣᠨ》 ᠤ᠋ ᠲᠥᠯᠥᠪᠯᠡᠭᠡ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠠᠵᠢᠯᠲᠠᠨ᠎ᠤ ᠲᠤᠰᠬᠠᠢ ᠲᠥᠯᠥᠪᠯᠡᠭᠡ ᠵᠡᠷᠭᠡ᠎ᠶᠢ ᠭᠦᠨᠵᠡᠭᠡᠢ ᠬᠡᠷᠡᠭᠵᠢᠭᠦᠯᠵᠦ᠂ ᠳᠠᠪᠠᠭᠤᠯᠢᠭ᠋ ᠣᠨᠴᠠᠯᠢᠭ᠍ᠲᠤ ᠠᠵᠤ ᠦᠢᠯᠡᠰ᠎ᠦᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠡᠷᠡᠭᠴᠡᠭᠡ ᠱᠠᠭᠠᠷᠳᠠᠯᠭ᠎ᠠ᠎ᠶᠢᠨ ᠲᠣᠭᠣᠷᠢᠨ᠎ᠳᠤ ᠦᠨᠳᠦᠰᠦᠨ ᠱᠠᠲᠤᠨ᠎ᠤ ᠲᠠᠷᠢᠶᠠᠯᠠᠩ ᠮᠠᠯ ᠠᠵᠤ ᠠᠬᠤᠢ᠎ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠢᠯᠡᠴᠢᠯᠡᠭᠡᠨ᠎ᠦ ᠬᠢᠷᠢ ᠬᠡᠮᠵᠢᠶ᠎ᠡ ᠪᠠ ᠴᠢᠳᠠᠪᠤᠷᠢᠲᠠᠨ᠎ᠤ ᠡᠩᠨᠡᠭᠡ᠎ᠶᠢᠨ ᠪᠠᠢᠭᠤᠯᠤᠯᠲᠠ᠎ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠣᠳᠣᠬᠠᠨ ᠪᠣᠯᠲᠠᠯ᠎ᠠ᠂ ᠪᠥᠬᠥ ᠣᠷᠣᠨ ᠳ᠋ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠨᠴᠠ ᠲᠣᠮᠢᠯᠠᠭᠳᠠᠭᠴᠢ 3701 ᠬᠥᠮᠥᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠨᠴᠠ ᠲᠣᠮᠢᠯᠠᠭᠳᠠᠭᠰᠠᠳ᠎ᠤᠨ ᠪᠦᠯᠬᠦᠮ 148᠂ ᠬᠠᠤᠯᠢ᠎ᠶᠢᠨ ᠡᠷᠬᠡᠲᠡᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠨᠴᠠ ᠲᠣᠮᠢᠯᠠᠭᠳᠠᠭᠴᠢ 130 ᠪᠤᠢ᠃ 2024 ᠣᠨ᠎ᠳᠤ᠂ ᠮᠠᠨ᠎ᠤ ᠤᠷᠤᠨ ᠡᠳ᠋᠎ᠦᠨ ᠵᠠᠰᠠᠭ᠎ᠤᠨ ᠲᠤᠰᠬᠠᠢ ᠵᠠᠷᠤᠳᠠᠯ᠎ᠢ 2024 ᠲᠦᠮᠡᠨ ᠲᠥᠭᠥᠷᠢᠭ ᠪᠠᠭᠤᠯᠭᠠᠵᠤ᠂ ᠬᠤᠪᠢᠰᠬᠠᠯ᠎ᠤᠨ ᠡᠷᠳᠡ ᠴᠢᠯᠦᠭᠡᠯᠡᠭᠳᠡᠭᠰᠡᠨ ᠤᠷᠤᠨ ᠂ ᠦᠨᠳᠦᠰᠦᠳᠡᠨ᠎ᠤ ᠭᠠᠵᠠᠷ ᠤᠷᠤᠨ᠂ ᠬᠢᠯᠢ ᠬᠢᠵᠠᠭᠠᠷ ᠤᠷᠤᠨ ᠳ᠋ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ 1000 ᠠᠵᠢᠯᠲᠠᠨ᠎ᠢ ᠰᠣᠩᠭᠣᠨ ᠲᠣᠮᠢᠯᠠᠵᠤ᠂ 《ᠭᠤᠷᠪᠠᠨ ᠣᠷᠣᠨ》 ᠤ᠋ ᠤᠷᠤᠨ ᠨᠤᠲᠤᠭ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ 168 ᠭᠤᠤᠯᠯᠠᠭᠴᠢ ᠬᠦᠴᠦᠨ ᠳ᠋ᠤ ᠪᠤᠯᠪᠠᠰᠤᠷᠠᠯ ᠬᠦᠷᠲᠡᠭᠡᠭᠰᠡᠨ ᠪᠠᠢᠨ᠎ᠠ᠃ ᠡᠳᠡᠭᠡᠷ ᠠᠵᠢᠯᠲᠠᠳ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠢᠯᠡᠴᠢᠯᠡᠭᠡ᠎ᠶᠢ ᠮᠠᠯᠴᠢᠨ ᠲᠠᠷᠢᠶᠠᠴᠢᠨ ᠡᠷᠦᠬᠡ᠎ᠳᠤ ᠬᠦᠷᠭᠡᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠣᠨᠳᠣᠣᠰᠢᠭᠤᠯᠬᠤ᠎ᠶᠢ ᠠᠬᠢᠭᠤᠯᠵᠤ᠂ ᠠᠵᠤ ᠦᠢᠯᠡᠰ᠎ᠦᠨ ᠬᠥᠭᠵᠢᠯᠲᠡ ᠵᠢᠴᠢ ᠲᠠᠷᠢᠶᠠᠴᠢᠳ᠎ᠤᠨ ᠤᠷᠤᠯᠭ᠎ᠠ ᠵᠢ ᠨᠡᠮᠡᠭᠳᠡᠭᠦᠯᠦᠨ ᠪᠠᠶᠠᠵᠢᠬᠤ ᠵᠢ ᠳᠠᠢᠴᠢᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠬᠢᠭᠡᠳ ᠠᠵᠤ ᠦᠢᠯᠡᠰ᠎ᠦᠨ ᠭᠦᠨᠵᠡᠭᠡᠢ ᠠᠭᠤᠰᠤᠯᠴᠠᠯ᠎ᠢ ᠪᠦᠲᠦᠮᠵᠢᠲᠡᠢ ᠠᠬᠢᠭᠤᠯᠤᠭᠰᠠᠨ ᠪᠠᠢᠨ᠎ᠠ᠃
ᠲᠦᠩᠯᠢᠶᠣᠣ ᠬᠣᠲᠠ ᠵᠢᠨ ᠲᠠᠯᠠᠩ ᠬᠡᠪ᠎ᠤᠨ ᠡᠯᠡᠰᠦᠨ᠎ᠤ ᠬᠢᠵᠠᠭᠠᠷᠲᠤ ᠺᠣᠮᠫᠠᠨᠢ ᠨᠢ ᠮᠠᠨ᠎ᠤ ᠤᠯᠤᠰ᠎ᠤᠨ ᠴᠢᠳᠬᠤᠨ ᠦᠢᠯᠡᠳᠬᠦ᠎ᠳᠦ ᠬᠡᠷᠡᠭᠯᠡᠬᠦ ᠴᠠᠬᠢᠭᠤᠷᠲᠤ ᠡᠯᠡᠰᠦᠨ᠎ᠦ ᠦᠢᠯᠡᠳᠪᠦᠷᠢᠯᠡᠯ᠎ᠦᠨ ᠰᠠᠭᠤᠷᠢᠨ ᠪᠣᠯᠤᠭᠰᠠᠨ᠎ᠤ ᠬᠤᠪᠢ᠎ᠳᠤ᠂ ᠠᠵᠢᠯ ᠲᠥᠷᠥᠯ᠎ᠦᠨ ᠵᠢᠡᠨ ᠬᠡᠪ ᠳᠠᠭᠤᠷᠢᠶᠠᠯ ᠪᠤᠯᠬᠤᠢᠴᠠ 60 ᠵᠢᠯ᠎ᠦᠨ ᠲᠡᠦᠬᠡ᠎ᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠬᠡᠯᠪᠡᠷᠢ᠎ᠶᠢᠨ ᠠᠵᠤ ᠠᠬᠤᠢᠯᠠᠯ ᠪᠤᠯᠵᠠᠢ᠃ 2022 ᠣᠨ᠎ᠳᠤ ᠠᠵᠤ ᠠᠬᠤᠢᠯᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠨᠴᠠ ᠲᠣᠮᠢᠯᠠᠭᠳᠠᠭ᠍ᠴᠢ ᠼᠤᠤ ᠴᠢᠨ ᠪᠥᠸᠧ ᠪᠦᠯᠬᠦᠮ ᠳᠠᠭᠠᠭᠤᠯᠤᠨ ᠠᠵᠤ ᠠᠬᠤᠢᠯᠠᠯ᠎ᠤᠨ ᠬᠡᠯᠪᠡᠷᠢ᠎ᠪᠡᠨ ᠬᠤᠪᠢᠷᠠᠭᠤᠯᠬᠤ ᠳᠤᠮᠳᠠᠬᠢ ᠬᠦᠴᠢᠷᠳᠡᠯ᠎ᠳᠦ ᠴᠢᠭᠯᠡᠭᠦᠯᠦᠨ᠂ ᠦᠨᠳᠦᠷ ᠳᠠᠪᠲᠠᠮᠵᠢᠲᠤ ᠬᠡᠳᠦ ᠳᠠᠭᠤᠨ ᠳᠤᠯᠭᠢᠶ᠎ᠠ᠎ᠨᠢ ᠠᠰᠢᠭᠯᠠᠨ ᠦᠭᠡᠬᠦᠨ ᠡᠯᠡᠰᠦᠨ᠎ᠤ ᠰᠢᠪᠠᠷ ᠦᠭᠡᠢᠳᠡᠭᠦᠯᠬᠦ ᠦᠷ᠎ᠡ ᠪᠦᠲᠦᠮᠵᠢ᠎ᠶᠢ 25% ᠪᠠᠷ ᠳᠡᠭᠡᠭᠰᠢᠯᠡᠭᠦᠯᠪᠡ᠃ ᠲᠡᠷᠡᠴᠢᠯᠡᠨ ᠠᠵᠤ ᠠᠬᠤᠢᠯᠠᠯ᠎ᠲᠠᠢ ᠬᠠᠮᠲᠤᠷᠠᠨ ᠪᠣᠭᠣᠮᠲᠠ ᠰᠢᠪᠲᠤᠯᠬᠤ ᠪᠦᠯᠬᠦᠮ ᠪᠠᠢᠭᠤᠯᠤᠨ᠂ ᠦᠢᠯᠡᠳᠪᠦᠷᠢᠯᠡᠯ᠎ᠦᠨ ᠱᠤᠭᠤᠮ᠎ᠳᠤ 《ᠳ᠋ᠠᠢᠲ᠋ᠠ ᠬᠥᠮᠥᠷᠭᠡ》 ᠤᠭᠰᠠᠷᠠᠪᠠ᠃ 3 ᠵᠢᠯ ᠭᠠᠷᠤᠢ᠎ᠶᠢᠨ ᠬᠤᠭᠤᠴᠠᠭᠠᠨ᠎ᠳᠤ᠂ ᠲᠡᠷᠡ ᠠᠵᠤ ᠠᠬᠤᠢᠯᠠᠯ᠎ᠲᠠᠢ ᠬᠠᠮᠲᠤᠷᠠᠨ ᠤᠯᠠᠨ ᠵᠦᠢᠯ᠎ᠦᠨ ᠲᠤᠰᠬᠠᠢ ᠠᠰᠢᠭ᠋᠎ᠤᠨ ᠡᠷᠬᠡ᠎ᠶᠢ ᠭᠤᠶᠤᠴᠢᠯᠠᠨ ᠮᠡᠳᠡᠭᠦᠯᠵᠦ᠂ ᠣᠳᠣᠬᠠᠨ᠎ᠳᠤ 6 ᠵᠦᠢᠯ᠎ᠦᠨ ᠲᠤᠰᠬᠠᠢ ᠠᠰᠢᠭ᠋᠎ᠤᠨ ᠡᠷᠬᠡ᠂ 1 ᠵᠦᠢᠯ᠎ᠦᠨ ᠵᠥᠭᠡᠯᠡᠨ ᠲᠤᠨᠤᠭ᠎ᠤᠨ ᠪᠦᠲᠦᠭᠡᠯ᠎ᠤᠨ ᠡᠷᠬᠡ ᠤᠯᠵᠤ᠂ ᠠᠵᠤ ᠠᠬᠤᠢᠯᠠᠯ᠎ᠤᠨ ᠰᠢᠨ᠎ᠡ᠎ᠶᠢ ᠡᠭᠦᠳᠦᠨ ᠬᠥᠭᠵᠢᠬᠦ ᠪᠠ ᠬᠡᠯᠪᠡᠷᠢ᠎ᠪᠡᠨ ᠬᠤᠪᠢᠷᠠᠭᠤᠯᠤᠨ ᠲᠡᠰ ᠳᠡᠪᠰᠢᠬᠦ᠎ᠶᠢ ᠬᠦᠴᠦᠲᠡᠢ ᠠᠬᠢᠭᠤᠯᠪᠠ᠃
ᠦᠪᠡᠷᠲᠡᠭᠡᠨ ᠵᠠᠰᠬᠠᠤ ᠤᠷᠤᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠤᠨ ᠲᠢᠩᠬᠢᠮ᠎ᠤᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢᠯᠡᠰ᠎ᠤᠨ ᠰᠢᠨ᠎ᠡ ᠵᠢ ᠡᠭᠦᠳᠬᠦ ᠭᠠᠵᠠᠷ᠎ᠤᠨ ᠳᠠᠷᠤᠭ᠎ᠠ ᠰᠢᠦᠢ ᠪᠢᠨ᠎ᠤ ᠲᠠᠨᠢᠯᠴᠠᠭᠤᠯᠤᠭᠰᠠᠨ ᠵᠢᠡᠷ᠂ 2024 ᠣᠨ᠎ᠳᠤ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠢᠩᠬᠢᠮ ᠪᠥᠬᠥ ᠣᠷᠣᠨ᠎ᠳᠤ ᠠᠵᠤ ᠠᠬᠤᠢᠯᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠨᠴᠠ ᠲᠣᠮᠢᠯᠠᠭᠳᠠᠭᠰᠠᠳ᠎ᠤᠨ ᠠᠵᠢᠯ᠎ᠤᠨ ᠥᠷᠲᠡᠭᠡ᠎ᠶᠢ 160 ᠪᠠᠢᠭᠤᠯᠵᠤ᠂ ᠳᠡᠭᠡᠷ᠎ᠡ ᠨᠢᠭᠡ ᠵᠢᠯ᠎ᠦᠨ ᠬᠢ᠎ᠡᠴᠡ 40.35% ᠪᠠᠷ ᠨᠡᠮᠡᠭᠳᠡᠵᠡᠢ᠂ ᠠᠵᠢᠯ᠎ᠤᠨ ᠥᠷᠲᠡᠭᠡᠨ᠎ᠳᠦ ᠠᠵᠤ ᠠᠬᠤᠢᠯᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠨᠴᠠ ᠲᠣᠮᠢᠯᠠᠭᠳᠠᠭ᠍ᠴᠢ 3649 ᠬᠦᠮᠦᠨ ᠪᠠᠢᠵᠤ᠂ ᠳᠡᠭᠡᠷ᠎ᠡ ᠨᠢᠭᠡ ᠵᠢᠯ᠎ᠦᠨ ᠬᠢ᠎ᠡᠴᠡ 46.67%᠎ᠪᠠᠷ ᠨᠡᠮᠡᠭᠳᠡᠵᠦ᠂ ᠨᠡᠶ᠋ᠢᠲᠡ 12160 ᠠᠵᠤ ᠠᠬᠤᠢᠯᠠᠯ᠎ᠳᠤ ᠰᠢᠨ᠎ᠡ᠎ᠶᠢ ᠡᠭᠦᠳᠬᠦ ᠦᠢᠯᠡᠴᠢᠯᠡᠭᠡ ᠬᠠᠩᠭᠠᠵᠤ᠂ 1100 ᠭᠠᠷᠤᠢ ᠮᠡᠷᠭᠡᠵᠢᠯ᠎ᠦᠨ ᠬᠦᠴᠢᠷ ᠠᠰᠠᠭᠤᠳᠠᠯ᠎ᠢ ᠰᠢᠢᠳᠪᠦᠷᠢᠯᠡᠵᠦ ᠦᠭᠬᠦᠭᠰᠡᠨ ᠪᠠᠢᠨ᠎ᠠ᠃ ᠠᠵᠤ ᠠᠬᠤᠢᠯᠠᠯ᠎ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠨᠴᠠ ᠲᠣᠮᠢᠯᠠᠭᠳᠠᠭ᠍ᠴᠢ ᠨᠢ ᠰᠢᠨ᠎ᠡ᠎ᠶᠢ ᠡᠭᠦᠳᠬᠦ ᠪᠠ ᠠᠵᠤ ᠦᠢᠯᠡᠰ᠎ᠦᠨ ᠬᠣᠭᠣᠷᠣᠨᠳᠣᠬᠢ《ᠬᠦᠭᠦᠷᠭᠡ ᠬᠤᠯᠪᠤᠭᠠᠰᠤ》ᠪᠣᠯᠵᠤ᠂ ᠠᠵᠤ ᠠᠬᠤᠢᠯᠠᠯ᠎ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠ ᠰᠢᠨ᠎ᠡ᠎ᠶᠢ ᠡᠭᠦᠳᠬᠦ ᠴᠢᠳᠠᠪᠤᠷᠢ᠎ᠶᠢ ᠢᠯᠡᠳᠲᠡ ᠳᠡᠭᠡᠭᠰᠢᠯᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠲᠦᠷᠭᠡᠨ ᠤᠨᠳᠤᠤᠰᠢᠭᠤᠯᠬᠤ᠎ᠶᠢ ᠠᠬᠢᠭᠤᠯᠵᠤ ᠂ ᠠᠵᠤ ᠠᠬᠤᠢᠯᠠᠯ᠎ᠤᠨ ᠰᠢᠨ᠎ᠡ᠎ᠶᠢ ᠡᠭᠦᠳᠦᠨ ᠴᠢᠨᠠᠷ ᠰᠠᠢᠲᠠᠢ ᠬᠦᠭᠵᠢᠬᠦ᠎ᠳᠦ ᠬᠦᠴᠦᠲᠡᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠤᠯᠭᠠᠭᠤᠷᠢᠯᠠᠯ ᠬᠠᠩᠭᠠᠵᠤ ᠪᠠᠢᠨ᠎ᠠ᠃