ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭ᠎ᠠ᠎ᠶ᠋ᠢ ᠬᠡᠷᠡᠭ᠌ᠵᠢᠭᠦᠯᠦᠭ᠌ᠰᠡᠨ᠎ᠡᠴᠡ ᠨᠠᠭᠠᠰᠢ᠂ ᠬᠥᠬᠡᠬᠣᠲᠠ ᠵᠢᠨ ᠬᠢᠨ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠂ ᠬᠥᠯᠥᠰᠥᠨ ᠲᠠᠷᠢᠶᠠᠴᠢᠳ ᠵᠡᠷᠭᠡ ᠭᠣᠣᠯᠳᠠᠯᠭ᠎ᠠ᠎ᠲᠠᠶ ᠠᠵᠢᠯ ᠣᠯᠭᠣᠬᠤ ᠬᠦᠮᠤᠰ᠎ᠲᠤ ᠠᠩᠬᠠᠷᠤᠯ᠎ᠢᠶᠠᠨ ᠲᠥᠪᠯᠡᠷᠡᠭᠦᠯᠵᠦ᠍᠂ ᠠᠷᠠᠳ᠎ᠲᠤ ᠲᠦᠬᠦᠮ ᠦᠵᠡᠭᠦᠯᠬᠦ᠌ ᠠᠵᠢᠯ ᠣᠯᠭᠣᠯᠲᠠ᠎ᠶ᠋ᠢᠨ ᠦᠢᠯᠡᠴᠢᠯᠡᠭᠡᠨ᠎ᠦ ᠲᠠᠪᠴᠠᠩ᠎ᠢ ᠢᠳᠡᠪᠬᠢᠲᠡᠢ ᠪᠠᠢᠭᠤᠯᠵᠤ᠂ 《ᠤᠷᠢᠬᠠᠨ ᠰᠠᠯᠬᠢ ᠠᠵᠢᠯᠯᠠᠭ᠎ᠠ》᠂ 《ᠠᠵᠢᠯ ᠣᠯᠭᠣᠯᠲᠠ᠎ᠶ᠋ᠢ ᠲᠤᠰᠠᠯᠠᠬᠤ ᠰᠠᠷ᠎ᠠ》᠂ 《ᠴᠠᠭᠠᠨ ᠰᠠᠷ᠎ᠠ ᠵᠢᠨ ᠠᠩᠬᠠᠨ ᠤ᠋ ᠡᠯᠰᠡᠯᠲᠡ》 ᠵᠢᠴᠢ ᠰᠦᠯᠵᠢᠶᠡᠨ ᠳᠡᠭᠡᠷᠡᠬᠢ ᠱᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ᠎ᠶᠢ ᠳᠠᠭᠠᠭᠤᠯᠬᠤ ᠵᠡᠷᠭᠡ ᠡᠯ᠎ᠡ ᠲᠦᠷᠦᠯ᠎ᠦᠨ ᠤᠷᠢᠵᠤ ᠡᠯᠰᠡᠬᠦ᠌ ᠠᠵᠢᠯᠯᠠᠭ᠎ᠠ᠎ᠶ᠋ᠢ 313 ᠲᠠᠯᠠᠪᠤᠷ ᠥᠷᠨᠢᠭᠦᠯᠵᠦ᠍᠂ 6.68 ᠲᠦᠮᠡᠨ ᠤᠳᠠᠭ᠎ᠠ᠎ᠶ᠋ᠢᠨ ᠠᠵᠢᠯ ᠣᠯᠭᠣᠯᠲᠠ᠎ᠶ᠋ᠢᠨ ᠠᠵᠢᠯ᠎ᠤᠨ ᠪᠠᠢᠷᠢ ᠬᠠᠩᠭᠠᠵᠤ᠂ 14902 ᠬᠥᠳᠡᠯᠮᠦᠷᠢᠴᠢᠨ᠎ᠢ ᠬᠠᠪᠰᠤᠷᠤᠨ ᠠᠵᠢᠯ ᠣᠯᠵᠤ ᠦᠢᠯᠡᠰ ᠪᠤᠰᠭᠠᠬᠤ᠎ᠶ᠋ᠢ ᠪᠡᠶᠡᠯᠡᠭᠦᠯᠵᠦ᠍᠂ ᠲᠦᠷᠦᠭᠦᠦ ᠤᠯᠠᠷᠢᠯ᠎ᠳᠤ ᠰᠠᠢ᠌ᠨ ᠡᠬᠢᠯᠡᠯᠲᠡ᠎ᠲᠡᠶ ᠪᠣᠯᠵᠠᠢ᠃
ᠣᠯᠠᠨ ᠲᠠᠯ᠎ᠠ᠎ᠪᠠᠷ ᠬᠦᠴᠦᠯᠡᠵᠦ᠍ ᠠᠵᠢᠯ᠎ᠤᠨ ᠪᠠᠢᠷᠢ᠎ᠶ᠋ᠢ ᠥᠷᠭᠡᠳᠭᠡᠪᠠ
ᠡᠨᠡ ᠵᠢᠯ᠎ᠡᠴᠡ ᠨᠠᠭᠠᠰᠢ᠂ ᠬᠥᠬᠡᠬᠣᠲᠠ᠎ᠶ᠋ᠢᠨ ᠡᠯ᠎ᠡ ᠱᠠᠲᠤᠨ᠎ᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ ᠤ᠋ᠨ ᠬᠢᠨ ᠴᠢᠨᠠᠷ ᠰᠠᠢᠲᠠᠶ ᠠᠵᠢᠯ᠎ᠤᠨ ᠪᠠᠢᠷᠢ᠎ᠶ᠋ᠢᠨ ᠬᠠᠩᠭᠠᠯᠭ᠎ᠠ᠎ᠶ᠋ᠢ ᠥᠷᠭᠡᠳᠭᠡᠬᠦ᠌᠎ᠪᠡᠷ ᠴᠢᠬᠤᠯᠠ ᠡᠭᠦᠷᠭᠡ ᠪᠣᠯᠭᠠᠵᠤ᠂ ᠠᠵᠢᠯ ᠲᠥᠷᠥᠯ᠎ᠦᠨ ᠰᠠᠯᠠᠭ᠎ᠠ ᠮᠥᠴᠢᠷ᠎ᠲᠦ ᠠᠵᠢᠯ᠎ᠤᠨ ᠪᠠᠢᠷᠢ ᠴᠤᠭ᠍ᠯᠠᠭᠤᠯᠬᠤ᠂ ᠠᠵᠤ ᠠᠬᠤᠢᠯᠠᠯ᠎ᠳᠤ ᠭᠦᠨᠵᠡᠭᠡᠢᠷᠡᠨ ᠠᠵᠢᠯ᠎ᠤᠨ ᠪᠠᠢᠷᠢ᠎ᠪᠠᠨ ᠥᠷᠭᠡᠳᠭᠡᠬᠦ᠌᠂ ᠲᠥᠷᠥ᠎ᠶ᠋ᠢᠨ ᠪᠣᠳᠣᠯᠭ᠎ᠠ᠎ᠶ᠋ᠢᠨ ᠴᠢᠨᠠᠷᠲᠠᠶ ᠠᠵᠢᠯ᠎ᠤᠨ ᠪᠠᠢᠷᠢ ᠭᠠᠷᠭᠠᠬᠤ ᠵᠡᠷᠭᠡ ᠠᠷᠭ᠎ᠠ ᠬᠡᠮᠵᠢᠶ᠎ᠡ᠎ᠪᠡᠷ ᠳᠠᠮᠵᠢᠭᠤᠯᠤᠨ᠂ ᠴᠢᠨᠠᠷ ᠰᠠᠢᠲᠠᠶ ᠠᠵᠢᠯ᠎ᠤᠨ ᠪᠠᠢᠷᠢ᠎ᠶ᠋ᠢᠨ ᠡᠬᠢ ᠪᠠᠶᠠᠯᠢᠭ᠎ᠤᠨ ᠬᠠᠩᠭᠠᠯᠭ᠎ᠠ᠎ᠶ᠋ᠢ ᠦᠷᠭᠦᠯᠵᠢᠯᠡᠨ ᠨᠡᠮᠡᠭ᠌ᠳᠡᠭᠦᠯᠪᠡ᠃
《ᠪᠢᠳᠡ ᠬᠣᠲᠠ᠎ᠶ᠋ᠢᠨ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠣᠪᠴᠢᠶ᠎ᠠ᠂ ᠠᠵᠢᠯᠴᠢᠨ᠎ᠤ ᠶᠡᠷᠦᠩᠬᠡᠶ ᠡᠪᠯᠡᠯ᠂ ᠡᠪᠯᠡᠯ᠎ᠦᠨ ᠬᠣᠷᠢᠶ᠎ᠠ ᠵᠡᠷᠭᠡ ᠰᠠᠯᠠᠭ᠎ᠠ ᠮᠥᠴᠢᠷ᠎ᠲᠡᠶ ᠬᠠᠮᠲᠤᠷᠠᠨ ᠠᠵᠢᠯ ᠲᠥᠷᠥᠯ᠎ᠦᠨ ᠰᠠᠯᠠᠭ᠎ᠠ ᠮᠥᠴᠢᠷ᠎ᠦᠨ ᠠᠵᠢᠯ᠎ᠤᠨ ᠪᠠᠢᠷᠢ᠎ᠶ᠋ᠢ ᠴᠤᠭ᠍ᠯᠠᠭᠤᠯᠤᠨ ᠨᠡᠢᠯᠡᠭᠦᠯᠬᠦ᠌ ᠲᠣᠭ᠍ᠲᠠᠴᠠ᠎ᠶ᠋ᠢ ᠪᠠᠢᠭᠤᠯᠵᠤ᠂ ᠣᠲᠣ ᠨᠢᠭᠡᠨᠲᠡ 3100 ᠱᠢᠯᠢᠳᠡᠭ ᠠᠵᠢᠯ ᠣᠯᠭᠣᠯᠲᠠ᠎ᠶ᠋ᠢᠨ ᠠᠵᠢᠯ᠎ᠤᠨ ᠪᠠᠢᠷᠢ᠎ᠶ᠋ᠢ ᠴᠤᠭ᠍ᠯᠠᠭᠤᠯᠤᠨ᠂ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠰᠠᠯᠠᠭ᠎ᠠ ᠮᠥᠴᠢᠷ᠎ᠦᠨ〈ᠠᠵᠢᠯ ᠣᠯᠭᠣᠯᠳᠠ᠎ᠪᠠᠷ ᠲᠡᠳᠬᠦᠮᠵᠢ᠎ᠶ᠋ᠢ ᠣᠷᠣᠯᠠᠭᠤᠯᠬᠤ〉 ᠲᠥᠷᠥᠯ ᠵᠦᠶ᠋ᠯ᠎ᠢ ᠨᠡᠭᠡᠭᠡᠨ ᠬᠥᠭ᠌ᠵᠢᠭᠦᠯᠬᠦ 435 ᠠᠵᠢᠯ᠎ᠤᠨ ᠪᠠᠢᠷᠢᠳᠠᠢ ᠵᠣᠯᠭᠠᠭᠤᠯᠪᠠ᠃ ᠬᠥᠬᠡᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ᠎ᠶ᠋ᠢᠨ ᠠᠵᠢᠯ ᠣᠯᠭᠣᠯᠲᠠ᠎ᠶ᠋ᠢ ᠠᠬᠢᠭᠤᠯᠬᠤ ᠰᠠᠯᠠᠭᠠᠨ᠎ᠤ ᠳᠠᠷᠤᠭ᠎ᠠ ᠶᠠᠩ ᠵᠠᠨ ᠱᠢᠶᠦ᠋ᠩ ᠰᠤᠷᠪᠤᠯᠵᠢᠯᠠᠭ᠍ᠴᠢ᠎ᠳᠤ ᠲᠠᠨᠢᠯᠴᠠᠭᠤᠯᠬᠤ᠎ᠳᠠᠭᠠᠨ᠂ 《ᠪᠢᠳᠡ ᠪᠠᠰᠠ ᠮᠡᠳᠡᠭᠡ ᠵᠠᠩᠭᠢᠴᠢᠯᠠᠯᠲᠠ᠎ᠶ᠋ᠢᠨ ᠠᠷᠭ᠎ᠠ ᠪᠠᠷᠢᠯ᠎ᠳᠤ ᠲᠦᠱᠢᠭ᠌ᠯᠡᠨ ᠠᠵᠢᠯ᠎ᠤᠨ ᠪᠠᠢᠷᠢ ᠴᠤᠬᠯᠠᠭᠤᠯᠬᠤ᠂ ᠠᠵᠤ ᠠᠬᠤᠢᠯᠠᠯ᠎ᠤᠨ ᠠᠵᠢᠯᠴᠢᠨ ᠬᠡᠷᠡᠭ᠌ᠯᠡᠬᠦ᠌ ᠬᠡᠷᠡᠭ᠌ᠴᠡᠭᠡ᠎ᠶ᠋ᠢ ᠪᠠᠢᠴᠠᠭᠠᠬᠤ ᠬᠣᠶᠠᠷ ᠬᠡᠮᠵᠢᠯᠳᠦ ᠺᠣᠳ᠋ ᠪᠠ ᠬᠥᠮᠦᠨ᠎ᠦ ᠬᠦᠴᠦᠨ᠎ᠦ ᠡᠬᠢ ᠪᠠᠶᠠᠯᠢᠭ᠎ᠤᠨ ᠪᠠᠢᠭᠤᠯᠤᠮᠵᠢ᠎ᠶ᠋ᠢᠨ ᠠᠵᠤ ᠠᠬᠤᠢᠯᠠᠯ᠎ᠢ ᠰᠤᠷᠪᠤᠯᠵᠢᠯᠠᠨ ᠠᠵᠢᠯ᠎ᠤᠨ ᠪᠠᠢᠷᠢ ᠡᠷᠢᠬᠦ᠌ ᠠᠷᠭ᠎ᠠ ᠮᠠᠶᠢᠭ᠎ᠢᠶᠠᠷ ᠳᠠᠮᠵᠢᠭᠤᠯᠤᠨ᠂ ᠨᠡᠢᠲᠡ 1000 ᠭᠠᠷᠤᠶ ᠠᠵᠤ ᠠᠬᠤᠢᠯᠠᠯ᠎ᠤᠨ ᠬᠣᠶᠠᠷ ᠲᠦᠮᠡ ᠭᠠᠷᠤᠶ ᠠᠵᠢᠯ᠎ᠤᠨ ᠪᠠᠢᠷᠢ ᠴᠤᠭᠯᠠᠭᠤᠯᠵᠠᠢ》 ᠬᠡᠵᠡᠢ᠃
《ᠲᠣᠰ ᠤᠳᠠᠭ᠎ᠠ ᠵᠢᠨ ᠠᠵᠢᠯ ᠡᠯᠰᠡᠯᠲᠡ᠎ᠳᠦ ᠬᠠᠩᠭᠠᠭ᠍ᠰᠠᠨ ᠠᠵᠢᠯ᠎ᠤᠨ ᠪᠠᠢᠷᠢ ᠨᠢ ᠮᠢᠨᠦ᠍ ᠰᠣᠷᠣᠭ᠍ᠰᠠᠨ ᠲᠤᠰᠭᠠᠶ ᠮᠡᠷᠭᠡᠵᠢᠯ᠎ᠳᠦ ᠳᠣᠭᠢᠷᠠᠨ᠎ᠠ》᠃ ᠡᠮᠦᠨᠡᠬᠡᠨ 2025 ᠣᠨ᠎ᠤ ᠬᠣᠶᠠᠳᠤᠭᠠᠷ ᠪᠦᠯᠦᠭ᠎ᠦᠨ ᠠᠵᠢᠯ ᠦᠶ᠋ᠯᠡᠰ᠎ᠦᠨ ᠨᠢᠭᠡᠴᠢ᠎ᠶ᠋ᠢᠨ ᠢᠯᠡ᠎ᠪᠡᠷ ᠠᠵᠢᠯᠲᠠᠨ ᠡᠯᠰᠡᠬᠦ᠌ ᠱᠢᠯᠭᠠᠯᠲᠠ᠎ᠳᠤ ᠣᠷᠣᠯᠴᠠᠭ᠍ᠰᠠᠨ ᠵᠠᠩ ᠣᠪᠣᠭ᠍ᠲᠤ ᠰᠤᠷᠪᠤᠯᠵᠢᠯᠠᠭ᠍ᠴᠢ᠎ᠳᠤ ᠢᠩᠬᠢᠵᠤ ᠶᠠᠷᠢᠪᠠ᠃
ᠰᠤᠷᠪᠤᠯᠵᠢᠯᠠᠭ᠍ᠴᠢ᠎ᠶ᠋ᠢᠨ ᠣᠢᠯᠠᠭᠠᠭ᠍ᠰᠠᠨ᠎ᠢᠶᠠᠷ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠦᠨ ᠡᠳᠦᠷ ᠢᠷᠡᠬᠦᠶ᠎ᠡ ᠨᠡᠮᠡᠭ᠌ᠳᠡᠵᠦ᠍ ᠪᠠᠢᠭ᠎ᠠ ᠠᠵᠢᠯ ᠡᠷᠢᠬᠦ᠌ ᠬᠡᠷᠡᠭ᠌ᠴᠡᠭᠡ᠎ᠶ᠋ᠢ ᠬᠠᠩᠭᠠᠬᠤ᠎ᠶ᠋ᠢᠨ ᠲᠥᠯᠥᠭᠡ᠂ ᠬᠥᠬᠡᠬᠣᠲᠠ ᠵᠢᠨ ᠬᠢᠨ 2025 ᠣᠨ᠎ᠤ ᠡᠴᠦᠰ᠎ᠡᠴᠡ ᠡᠮᠦᠨ᠎ᠠ ᠠᠵᠢᠯ ᠤ᠋ᠨ ᠠᠮᠠᠷᠠᠯᠲᠠ᠎ᠪᠠᠨ ᠠᠪᠬᠤ ᠠᠵᠢᠯᠲᠠᠨ ᠠᠵᠢᠯᠴᠢᠨ᠎ᠤ ᠣᠷᠣᠨ ᠲᠣᠭ᠎ᠠ᠎ᠶ᠋ᠢ ᠤᠷᠢᠳᠴᠢᠯᠠᠨ ᠬᠡᠷᠡᠭ᠌ᠯᠡᠵᠦ᠍᠂ ᠳᠠᠯᠳᠠ ᠠᠵᠢᠯ᠎ᠤᠨ ᠪᠠᠢᠷᠢ᠎ᠶ᠋ᠢᠨ ᠬᠣᠭᠣᠰᠣᠨ ᠣᠷᠣ᠎ᠶ᠋ᠢ ᠤᠷᠢᠳᠴᠢᠯᠠᠨ ᠰᠤᠯᠠᠯᠠᠵᠤ᠂ ᠠᠵᠢᠯ ᠦᠶ᠋ᠯᠡᠰ᠎ᠦᠨ ᠨᠢᠭᠡᠴᠢ᠎ᠶ᠋ᠢᠨ ᠠᠵᠢᠯᠲᠠᠨ ᠡᠯᠰᠡᠬᠦ᠌ ᠠᠵᠢᠯ᠎ᠤᠨ ᠪᠠᠢᠷᠢ᠎ᠶ᠋ᠢ 2976 ᠬᠠᠩᠭᠠᠵᠤ᠂ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ᠎ᠦᠨ ᠳᠠᠳᠤᠯᠭ᠎ᠠ ᠬᠢᠬᠦ᠌ ᠪᠠ ᠨᠥᠭᠡᠴᠡ ᠠᠵᠢᠯ᠎ᠤᠨ ᠪᠠᠢᠷᠢ᠎ᠶ᠋ᠢ 2449 ᠨᠡᠭᠡᠭᠡᠨ ᠬᠥᠭ᠌ᠵᠢᠭᠦᠯᠬᠦ ᠪᠡᠷ ᠪᠤᠢ᠃
ᠣᠯᠠᠨ ᠵᠦᠢᠯ᠎ᠦᠨ ᠠᠷᠭ᠎ᠠ ᠬᠡᠮᠵᠢᠶ᠎ᠡ᠎ᠶ᠋ᠢ ᠬᠡᠷᠡᠭ᠌ᠯᠡᠨ ᠵᠤᠯᠭᠠᠯᠴᠠᠭ᠎ᠠ ᠵᠢ ᠠᠬᠢᠭᠤᠯᠪᠠ
ᠬᠥᠬᠡᠬᠣᠲᠠ᠎ᠶ᠋ᠢᠨ᠎ᠬᠢᠨ ᠴᠠᠭᠠᠨ ᠰᠠᠷ᠎ᠠ᠎ᠶ᠋ᠢᠨ ᠠᠮᠠᠷᠠᠯᠲᠠ᠎ᠶ᠋ᠢᠨ ᠳᠠᠷᠠᠭᠠᠬᠢ ᠠᠵᠢᠯ ᠡᠷᠢᠬᠦ ᠠᠵᠢᠯᠴᠢᠨ ᠬᠡᠷᠡᠭ᠌ᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ᠎ᠶ᠋ᠢ ᠱᠠᠯᠠᠪᠳᠠᠨ ᠠᠳᠭᠤᠵᠤ᠂ 《ᠴᠠᠭᠠᠨ ᠰᠠᠷ᠎ᠠ᠎ᠶ᠋ᠢᠨ ᠠᠩᠬᠠᠨ᠎ᠤ ᠡᠯᠰᠡᠯᠲᠡ》ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠱᠢᠷᠢᠰ ᠠᠵᠢᠯᠯᠠᠭ᠎ᠠ᠎ᠶ᠋ᠢ ᠡᠷᠭᠢᠯᠡᠵᠦ᠍᠂ ᠬᠠᠪᠤᠷ᠎ᠤᠨ ᠤᠯᠠᠷᠢᠯ᠎ᠤᠨ ᠲᠣᠮᠣ ᠬᠡᠪᠴᠢᠶᠠᠨ ᠤ᠋ ᠠᠵᠢᠯᠲᠠᠨ ᠡᠯᠰᠡᠬᠦ᠌᠂ 《ᠭᠠᠷᠠᠭ ᠪᠤᠯᠭᠠᠨ ᠤ ᠨᠡᠪᠲᠡᠷᠡᠭᠦᠯᠭᠡ》 ᠰᠦᠯᠵᠢᠶᠡᠨ ᠳᠡᠭᠡᠷᠡᠬᠢ ᠭᠤᠤᠯ ᠰᠡᠳᠦᠪᠲᠦ ᠠᠵᠢᠯᠲᠠᠨ ᠡᠯᠰᠡᠬᠦ᠌ ᠠᠵᠢᠯᠯᠠᠭ᠎ᠠ ᠵᠡᠷᠭᠡ ᠨᠡᠢᠲᠡ 108 ᠲᠠᠯᠠᠪᠤᠷ ᠡᠯᠪᠡᠭ ᠪᠠᠶᠠᠯᠢᠭ ᠠᠭᠤᠯᠭ᠎ᠠ ᠳᠠᠢ ᠠᠵᠢᠯᠲᠠᠨ ᠡᠯᠰᠡᠬᠦ᠌ ᠠᠵᠢᠯᠯᠠᠭ᠎ᠠ ᠡᠷᠭᠢᠯᠡᠵᠦ᠍᠂ ᠠᠵᠤ ᠠᠬᠤᠢᠯᠠᠯ᠎ᠤᠨ ᠠᠵᠢᠯ᠎ᠢᠶᠠᠨ ᠰᠡᠷᠭᠦᠭᠡᠵᠦ᠍ ᠦᠶ᠋ᠯᠡᠳᠪᠦᠷᠢᠯᠡᠯ᠎ᠢᠶᠡᠨ ᠰᠡᠷᠭᠦᠭᠡᠬᠦ᠌ ᠪᠠ ᠣᠯᠠᠨ ᠲᠦᠮᠡᠨ᠎ᠦ ᠠᠵᠢᠯ ᠣᠯᠵᠤ ᠣᠷᠣᠯᠭ᠎ᠠ᠎ᠪᠠᠨ ᠨᠡᠮᠡᠭ᠌ᠳᠡᠭᠦᠯᠬᠦ᠌᠎ᠳᠦ ᠪᠦᠲᠦᠮᠵᠢᠲᠡᠶ ᠬᠦᠴᠦᠨ ᠨᠡᠮᠡᠷᠢᠯᠡᠪᠡ᠃
ᠲᠡᠭᠦᠰᠭᠦ ᠤᠯᠠᠷᠢᠯ ᠬᠦᠷᠴᠦ᠍ ᠢᠷᠡᠬᠦ᠌᠎ᠶ᠋ᠢ ᠳᠠᠭᠠᠯᠳᠤᠨ᠂ ᠬᠥᠬᠡᠬᠣᠲᠠ᠎ᠶ᠋ᠢᠨ 2025 ᠣᠨ᠎ᠤ ᠠᠩᠬᠠᠳᠠᠭ᠍ᠴᠢ ᠶᠡᠬᠡ ᠳᠡᠭᠡᠳᠦ ᠰᠤᠷᠭᠠᠭᠤᠯᠢ ᠲᠡᠭᠦᠰᠦᠭ᠌ᠰᠡᠳ ᠢ᠋ ᠤᠷᠢᠵᠤ ᠡᠯᠰᠡᠬᠦ᠌ ᠴᠤᠭᠯᠠᠭᠠᠨ 3 ᠰᠠᠷ᠎ᠠ ᠰᠡᠬᠦᠯᠴᠢ ᠪᠡᠷ ᠥᠪᠥᠷ ᠮᠣᠩᠭᠣᠯ᠎ᠤᠨ ᠶᠡᠬᠡ ᠰᠤᠷᠭᠠᠭᠤᠯᠢ᠎ᠳᠤ ᠶᠠᠪᠤᠭ᠍ᠳᠠᠵᠤ᠂ ᠲᠤᠬᠠᠢ ᠵᠢᠨ ᠲᠠᠯᠠᠪᠠᠢ ᠳ᠋ᠤ 704 ᠲᠥᠪ᠎ᠦᠨ (ᠤᠯᠤᠰ) ᠠᠵᠤ ᠠᠬᠤᠢᠯᠠᠯ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ ᠤ᠋ᠨ ᠬᠢᠨ 2 ᠲᠦᠮᠡ ᠭᠠᠷᠤᠶ ᠣᠯᠠᠨ ᠡᠱᠢᠵᠢᠭ᠌ᠰᠡᠨ ᠴᠢᠨᠠᠷ ᠰᠠᠢᠲᠠᠶ ᠠᠵᠢᠯ᠎ᠤᠨ ᠪᠠᠢᠷᠢ ᠬᠠᠩᠭᠠᠵᠤ᠂ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ ᠳ᠋ᠦ ᠵᠡᠷᠭᠡ᠎ᠪᠡᠷ ᠠᠵᠢᠯᠲᠠᠨ ᠡᠯᠰᠡᠵᠦ᠍᠂ 1.1 ᠲᠦᠮᠡ ᠭᠠᠷᠤᠶ ᠲᠡᠭᠦᠰᠭᠦ ᠤᠶᠤᠲᠠᠨᠤ ᠠᠩᠬᠠᠷᠤᠯᠳ᠋ᠦ ᠬᠦᠷᠴᠦ᠂ 8000 ᠭᠠᠷᠤᠶ ᠬᠤᠪᠢ ᠲᠣᠪᠴᠢ ᠨᠠᠮᠲᠠᠷ ᠢ ᠬᠦᠯᠢᠶᠡᠨ ᠠᠪᠤᠪᠠ᠃
《ᠰᠤᠷᠭᠠᠭᠤᠯᠢ᠎ᠶ᠋ᠢᠨ ᠬᠦᠷᠢᠶᠡᠨ᠎ᠦ ᠲᠣᠭᠣᠷᠢᠨ ᠡᠯᠰᠡᠬᠦ᠌ ᠴᠤᠭ᠍ᠯᠠᠭᠠᠨ ᠪᠣᠯ ᠠᠯᠢ ᠣᠯᠠᠨ ᠠᠵᠢᠯᠲᠠᠨ ᠡᠯᠰᠡᠬᠦ᠌ ᠠᠵᠢᠯᠯᠠᠭ᠎ᠠ᠎ᠶ᠋ᠢᠨ ᠳᠣᠲᠣᠷᠠᠬᠢ ᠨᠢᠭᠡ ᠨᠢ ᠪᠣᠯᠤᠨ᠎ᠠ᠃ ᠪᠢᠳᠡ 〈ᠭᠤᠤᠯᠲᠤ ᠪᠣᠷᠣ᠎ᠶ᠋ᠢ ᠦᠨᠳᠦᠰᠦᠯᠡᠭᠦᠯᠵᠦ᠍·ᠠᠵᠢᠯ ᠣᠯᠭᠣᠵᠤ ᠦᠶ᠋ᠯᠡᠰ ᠪᠤᠰᠬᠠᠬᠤ ᠦᠶ᠋ᠯᠡᠴᠢᠯᠡᠭᠡ᠎ᠶ᠋ᠢ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ〉 ᠲᠤᠰᠭᠠᠶ ᠠᠵᠢᠯᠯᠠᠭ᠎ᠠ᠎ᠶ᠋ᠢ ᠡᠬᠢᠯᠡᠨ ᠬᠡᠷᠡᠭ᠌ᠵᠢᠭᠦᠯᠵᠦ᠍᠂ ᠬᠥᠬᠡᠬᠣᠲᠠ᠎ᠳᠤ ᠪᠠᠢᠭ᠎ᠠ 24 ᠶᠡᠬᠡ ᠳᠡᠭᠡᠳᠦ ᠰᠤᠷᠭᠠᠭᠤᠯᠢ᠂ 1000 ᠭᠠᠷᠤᠶ ᠭᠤᠤᠯᠳᠠᠯᠭ᠎ᠠ᠎ᠲᠠᠶ ᠠᠵᠤ ᠠᠬᠤᠢᠯᠠᠯᠳᠠᠢ ᠬᠠᠮᠳᠤᠷᠠᠨ ᠠᠵᠢᠯ ᠣᠯᠭᠣᠬᠤ ᠦᠶ᠋ᠯᠡᠴᠢᠯᠡᠭᠡᠨ᠎ᠦ ᠲᠠᠪᠴᠠᠩ ᠪᠠᠢᠭᠤᠯᠵᠤ᠂ ᠬᠥᠬᠡᠬᠣᠲᠠ᠎ᠳᠤ ᠪᠠᠢᠭ᠎ᠠ ᠶᠡᠬᠡ ᠳᠡᠭᠡᠳᠦ ᠰᠤᠷᠭᠠᠭᠤᠯᠢ᠎ᠳᠤ 〈ᠪᠠᠭ᠎ᠠ ᠮᠥᠷᠲᠡᠭᠡᠨ ᠤᠬᠢ᠂ ᠲᠤᠰᠭᠠᠶ ᠪᠥᠭᠡᠳ ᠱᠢᠯᠢᠳᠡᠭ〉 ᠰᠤᠷᠭᠠᠭᠤᠯᠢ᠎ᠶ᠋ᠢᠨ ᠬᠦᠷᠢᠶᠡᠨ᠎ᠦ ᠠᠵᠢᠯᠲᠠᠨ ᠡᠯᠰᠡᠬᠦ᠌ ᠴᠤᠭ᠍ᠯᠠᠭᠠᠨ᠎ᠢ ᠨᠡᠢᠳᠡᠮ ᠡᠷᠭᠢᠯᠡᠵᠦ᠍᠂ ᠰᠤᠷᠭᠠᠭᠤᠯᠢ ᠪᠠ ᠣᠷᠣᠨ ᠨᠤᠲᠤᠭ᠎ᠤᠨ ᠬᠣᠯᠪᠣᠭᠠᠯᠠᠨ ᠬᠥᠳᠡᠯᠦᠯᠴᠡᠬᠦ᠌᠎ᠶ᠋ᠢ ᠴᠢᠩᠭᠠᠳᠭᠠᠨ᠂ ᠶᠡᠬᠡ ᠳᠡᠭᠡᠳᠦ ᠰᠤᠷᠭᠠᠭᠤᠯᠢ᠎ᠶ᠋ᠢᠨ ᠰᠤᠷᠤᠭ᠍ᠴᠢᠳᠲᠦ᠍ ᠰᠤᠷᠭᠠᠭᠤᠯᠢ᠎ᠶ᠋ᠢᠨ ᠡᠭᠦᠳᠡᠡ᠎ᠡᠴᠡ ᠭᠠᠷᠬᠤ ᠥᠬᠡᠶ᠎ᠪᠡᠷ ᠰᠠᠨᠠᠭᠠᠨ ᠳ᠋ᠠᠭᠠᠨ ᠲᠠᠭᠠᠷᠠᠬᠰᠠᠨ ᠠᠵᠢᠯ ᠣᠯᠵᠤ ᠳᠡᠢᠯᠬᠦ᠌ ᠪᠤᠯᠭᠠᠨ᠎ᠠ》 ᠭᠡᠵᠦ᠍ ᠬᠥᠬᠡᠬᠣᠲᠠ᠎ᠶ᠋ᠢᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠥᠪ᠎ᠦᠨ ᠳᠡᠳ᠋ ᠡᠷᠬᠢᠯᠡᠭ᠌ᠴᠢ ᠮᠡᠷᠭᠡᠨ ᠬᠡᠯᠡᠪᠡ᠃
ᠥᠷᠭᠡᠨ ᠣᠯᠠᠨ ᠠᠵᠢᠯ ᠡᠷᠢᠭ᠌ᠰᠡᠳ᠎ᠦᠨ ᠬᠡᠷᠡᠭ᠌ᠴᠡᠭᠡ ᠱᠠᠭᠠᠷᠳᠠᠯᠭ᠎ᠠ᠎ᠶ᠋ᠢ ᠨᠠᠩ ᠰᠠᠢᠲᠤᠷ ᠬᠠᠩᠭᠠᠬᠤ᠎ᠶ᠋ᠢᠨ ᠲᠥᠯᠥᠭᠡ᠂ ᠬᠥᠬᠡᠬᠣᠲᠠ ᠵᠢᠨ ᠬᠢᠨ 《ᠤᠷᠢᠬᠤ — ᠠᠵᠢᠯ ᠡᠷᠢᠬᠦ᠌》 ᠶ᠋ᠢ ᠵᠣᠯᠭᠠᠭᠤᠯᠬᠤ ᠠᠷᠭ᠎ᠠ ᠵᠠᠮ᠎ᠢ ᠲᠠᠰᠤᠷᠠᠯᠲᠠ ᠥᠬᠡᠶ ᠥᠷᠭᠡᠳᠭᠡᠵᠦ᠍᠂ ᠠᠵᠢᠯ ᠣᠯᠭᠣᠯᠲᠠ᠎ᠶ᠋ᠢᠨ ᠦᠶ᠋ᠯᠡᠴᠢᠯᠡᠭᠡ᠎ᠶ᠋ᠢ ᠬᠤᠳᠠᠯᠳᠤᠭᠠᠨ᠎ᠤ ᠲᠣᠭᠣᠷᠢᠭ᠎ᠲᠤ ᠬᠦᠷᠲᠡᠯ᠎ᠡ ᠤᠷᠲᠤᠳᠭᠠᠵᠤ᠂ ᠣᠯᠠᠨ ᠲᠦᠮᠡᠨ᠎ᠦ ᠳᠡᠷᠭᠡᠳᠡ ᠦᠨᠡᠨ ᠬᠦ᠌ ᠬᠦᠷᠭᠡᠪᠡ᠃
《ᠨᠠᠢᠵᠠᠲᠠᠶᠪᠠᠨ ᠬᠤᠳᠠᠯᠳᠤᠭᠠᠨ᠎ᠤ ᠲᠠᠯᠠᠪᠤᠷᠵᠢᠡᠷ ᠲᠣᠭᠣᠷᠢᠬᠤ᠎ᠪᠠᠷ ᠬᠦᠷᠦᠭᠡᠳ ᠠᠵᠢᠯᠲᠡᠨ ᠡᠯᠰᠡᠬᠦ᠌ ᠴᠤᠭᠯᠠᠭᠠᠨ ᠲᠠᠢ ᠬᠠᠷᠭᠤᠵᠤ᠂ ᠪᠠᠰᠠ ᠥᠪᠡᠷ᠎ᠦᠨ ᠪᠡᠶ᠎ᠡ᠎ᠳᠡᠭᠡᠨ ᠲᠣᠬᠢᠷᠠᠭ᠍ᠰᠠᠨ ᠠᠵᠢᠯ᠎ᠤᠨ ᠪᠠᠢᠷᠢ ᠪᠠᠢᠬᠤ᠎ᠶ᠋ᠢ ᠮᠡᠳᠡᠵᠡᠢ᠂ ᠡᠢᠮᠦ᠍ ᠱᠢᠨ᠎ᠡ ᠰᠡᠪᠡᠭᠦᠨ ᠠᠵᠢᠯᠲᠡᠨ ᠡᠯᠰᠡᠬᠦ᠌ ᠬᠡᠯᠪᠡᠷᠢ ᠨᠢ ᠦᠨᠡᠬᠡᠷ ᠮᠠᠭ᠍ᠲᠠᠭᠤᠱᠢᠲᠠᠢ》 ᠭᠡᠵᠦ᠍ ᠠᠵᠢᠯ ᠡᠷᠢᠭ᠌ᠴᠢ ᠰᠢᠶᠤᠤ ᠰᠢ ᠳᠣᠭ᠍ᠳᠣᠯᠤᠭ᠍ᠰᠠᠨ ᠰᠡᠳᠭᠢᠯᠭᠡ᠎ᠪᠡᠨ ᠳᠠᠷᠤᠵᠤ ᠶᠠᠳᠠᠨ ᠶᠠᠷᠢᠨ᠎ᠠ᠃
ᠲᠣᠰ ᠤᠳᠠᠭ᠎ᠠ ᠵᠢᠨ ᠬᠤᠳᠠᠯᠳᠤᠭᠠᠨ᠎ᠤ ᠲᠣᠭᠣᠷᠢᠭ᠎ᠲᠤ ᠣᠷᠣᠵᠤ ᠠᠵᠢᠯᠲᠠᠨ ᠡᠯᠰᠡᠬᠦ᠌ ᠴᠤᠭᠯᠠᠭᠠᠨ ᠳ᠋ᠤ᠂ ᠲᠤᠬᠠᠢ ᠵᠢᠨ ᠲᠠᠯᠠᠪᠠᠢ ᠳ᠋ᠦ ᠠᠵᠢᠯ ᠡᠷᠢᠭ᠌ᠴᠢ 2800 ᠭᠠᠷᠤᠶ ᠬᠥᠮᠦᠨ ᠤᠳᠠᠭ᠎ᠠ᠎ᠳᠤ ᠬᠦᠷᠴᠦ᠍᠂ ᠰᠦᠯᠵᠢᠶᠡᠨ ᠳᠡᠭᠡᠷ᠎ᠡ 《ᠱᠢᠭᠤᠳ ᠨᠡᠪᠲᠡᠷᠡᠭᠦᠯᠭᠡ᠎ᠪᠡᠷ ᠠᠵᠢᠯ᠎ᠤᠨ ᠪᠠᠢᠷᠢ᠎ᠶᠢ ᠳᠠᠭᠠᠭᠤᠯᠬᠤ》ᠵᠢ 3.62 ᠲᠦᠮᠡᠨ ᠬᠥᠮᠦᠨ ᠤᠳᠠᠭ᠎ᠠ ᠦᠵᠡᠵᠦ᠍᠂ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ ᠳ᠋ᠦ ᠠᠩᠬ᠎ᠠ ᠠᠯᠬᠤᠮ ᠠᠵᠢᠯ ᠤᠯᠭᠤᠬᠤ ᠰᠠᠨᠠᠮᠵᠢ ᠳᠣᠭᠢᠷᠠᠭᠰᠠᠨ ᠨᠢ 775 ᠬᠥᠮᠦᠨ ᠤᠳᠠᠭ᠎ᠠ᠎ᠳᠤ ᠬᠦᠷᠴᠡᠢ᠃ ᠡᠨᠡ ᠬᠦ᠌ ᠱᠢᠨ᠎ᠡ ᠰᠡᠪᠡᠭᠦᠨ ᠠᠵᠢᠯᠲᠠᠨ ᠡᠯᠰᠡᠬᠦ᠌ ᠬᠡᠯᠪᠡᠷᠢ ᠨᠢ ᠡᠯ᠎ᠡ ᠲᠥᠷᠥᠯ᠎ᠦᠨ ᠠᠵᠢᠯ ᠡᠷᠢᠬᠦ᠌ ᠬᠠᠮᠲᠤᠯᠢᠭ᠎ᠤᠨ ᠥᠪᠡᠷᠮᠢᠴᠡ ᠴᠢᠨᠠᠷ᠂ ᠣᠯᠠᠨ ᠡᠱᠢᠵᠢᠭ᠌ᠰᠡᠨ ᠠᠵᠢᠯ ᠡᠷᠢᠬᠦ᠌ ᠬᠡᠷᠡᠭ᠌ᠴᠡᠭᠡ᠎ᠶ᠋ᠢ ᠬᠠᠩᠭᠠᠵᠤ᠂ ᠠᠵᠢᠯ ᠡᠷᠢᠬᠦ᠌ ᠵᠠᠬ᠎ᠠ ᠳᠡᠯᠭᠡᠭᠦᠷ᠎ᠢ ᠣᠯᠠᠨ ᠲᠦᠮᠡᠨ᠎ᠲᠡᠶ ᠨᠠᠩ ᠣᠢᠷᠠᠲᠤᠭᠤᠯᠵᠤ᠂ ᠬᠥᠮᠦᠰ᠎ᠦᠨ ᠬᠦᠷᠢᠶᠡᠯᠡᠯ᠎ᠢ ᠨᠠᠩ ᠢᠯᠡᠭᠦᠦ ᠣᠯᠵᠤ᠂ ᠠᠵᠤ ᠠᠬᠤᠢᠯᠠᠯ ᠪᠠ ᠠᠵᠢᠯ ᠡᠷᠢᠭ᠌ᠰᠡᠳ᠎ᠲᠦ ᠰᠣᠯᠢᠯᠴᠠᠭ᠎ᠠ ᠬᠢᠬᠦ᠌᠂ ᠭᠦᠶ᠋ᠴᠡᠳ ᠦᠶ᠋ᠯᠡᠳᠦᠯᠴᠡᠬᠦ᠌ ᠲᠠᠪᠴᠠᠩ ᠬᠠᠩᠭᠠᠭ᠍ᠰᠠᠨ ᠪᠠᠢᠨ᠎ᠠ᠃
ᠡᠭᠦᠨ᠎ᠡᠴᠡ ᠭᠠᠳᠠᠨ᠎ᠠ᠂ ᠬᠥᠬᠡᠬᠣᠲᠠ ᠪᠠᠰᠠ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ᠎ᠦᠨ ᠵᠠᠯᠠᠭᠤᠴᠤᠳ᠎ᠲᠤ ᠲᠤᠰᠠᠯᠠᠵᠤ ᠬᠥᠬᠡᠬᠣᠲᠠ᠎ᠳᠤ ᠦᠯᠡᠳᠡᠭᠡᠬᠦ᠌᠂ ᠡᠪ ᠬᠠᠮᠲᠤ ᠵᠠᠯᠠᠭᠤᠴᠤᠳ᠎ᠤᠨ ᠡᠪᠯᠡᠯ᠎ᠦᠨ ᠠᠵᠢᠯ ᠣᠯᠭᠣᠯᠲᠠ᠎ᠶ᠋ᠢ ᠠᠬᠢᠭᠤᠯᠬᠤ᠎ᠳᠤ ᠬᠦᠴᠦᠨ ᠨᠡᠮᠡᠷᠢᠯᠡᠬᠦ ᠠᠵᠢᠯᠯᠠᠭ᠎ᠠ᠂ ᠠᠷᠠᠳ᠎ᠤᠨ ᠡᠵᠡᠩᠨᠡᠯᠲᠡ᠎ᠶ᠋ᠢᠨ ᠠᠵᠤ ᠠᠬᠤᠢᠯᠠᠯ᠎ᠤᠨ ᠲᠤᠰᠭᠠᠶ ᠲᠠᠯᠠᠪᠤᠷ ᠠᠵᠢᠯᠲᠠᠨ ᠡᠯᠰᠡᠬᠦ᠌ ᠵᠡᠷᠭᠡ ᠨᠡᠢᠲᠡ 120 ᠲᠠᠯᠠᠪᠤᠷ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠠᠵᠢᠯᠯᠠᠭ᠎ᠠ ᠡᠷᠭᠢᠯᠡᠪᠡ᠃
ᠣᠯᠠᠨ ᠲᠠᠯ᠎ᠠ᠎ᠶ᠋ᠢ ᠵᠡᠷᠭᠡ᠎ᠪᠡᠷ ᠠᠳᠬᠤᠵᠤ ᠦᠶ᠋ᠯᠡᠴᠢᠯᠡᠭᠡ᠎ᠵᠢ ᠰᠢᠯᠢᠳᠡᠭᠵᠢᠭᠦᠯᠪᠡ
ᠠᠵᠢᠯ ᠣᠯᠭᠣᠯᠲᠠ᠎ᠶ᠋ᠢᠨ ᠠᠵᠢᠯ᠎ᠢ ᠰᠠᠢᠲᠤᠷ ᠬᠢᠬᠦ᠌᠎ᠳᠦ ᠪᠠᠭ᠍ᠲᠠᠭᠠᠮᠵᠢ᠎ᠶ᠋ᠢ ᠥᠷᠭᠡᠳᠭᠡᠬᠦ᠌᠎ᠪᠡᠷ ᠪᠠᠷᠠᠬᠤ ᠦᠭᠡᠢ ᠨᠡᠩ ᠴᠤ᠌ ᠶᠠᠰᠤ ᠴᠢᠨᠠᠷ᠎ᠢ ᠳᠡᠭᠡᠭ᠌ᠰᠢᠯᠡᠭᠦᠯᠪᠡᠯ ᠰᠠᠶᠢ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶ᠋ᠢ ᠪᠡᠶᠡᠯᠡᠭᠦᠯᠵᠦ᠍ ᠴᠢᠳᠠᠨ᠎ᠠ᠃ ᠣᠢᠷ᠎ᠠ᠎ᠶ᠋ᠢᠨ ᠵᠢᠯ᠎ᠳᠦ᠂ ᠬᠥᠬᠡᠬᠣᠲᠠ ᠠᠵᠢᠯ ᠣᠯᠭᠣᠯᠲᠠ᠎ᠶ᠋ᠢᠨ ᠦᠶ᠋ᠯᠡᠴᠢᠯᠡᠭᠡ᠎ᠪᠡᠨ ᠲᠠᠰᠤᠷᠠᠯᠲᠠ ᠥᠬᠡᠶ ᠱᠢᠯᠢᠳᠡᠭ᠌ᠵᠢᠭᠦᠯᠵᠦ᠍᠂ ᠠᠯᠢ ᠣᠯᠠᠨ ᠠᠷᠭ᠎ᠠ ᠬᠡᠮᠵᠢᠶ᠎ᠡ ᠠᠪᠴᠤ᠌ ᠠᠵᠤ ᠠᠬᠤᠢᠯᠠᠯ ᠪᠠ ᠠᠵᠢᠯ ᠡᠷᠢᠭ᠌ᠰᠡᠳᠢ ᠰᠠᠨᠠᠭᠠᠰᠢᠷᠠᠬᠤ ᠵᠦᠢᠯ ᠦᠭᠡᠢ ᠪᠤᠯᠠᠭᠠᠪᠠ᠃ ᠪᠥᠬᠥ᠌ ᠬᠣᠲᠠ ᠪᠡᠷ ᠵᠢᠠᠨ ᠠᠵᠤ ᠠᠬᠤᠢᠯᠠᠯ᠎ᠢ ᠲᠤᠰᠠᠯᠠᠵᠤ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠬᠤ ᠡᠷᠴᠢᠮ᠎ᠢᠶᠡᠨ ᠲᠠᠰᠤᠷᠠᠯᠲᠠ ᠥᠬᠡᠶ ᠴᠢᠩᠭᠠᠷᠠᠭᠤᠯᠵᠤ᠂ ᠠᠵᠤ ᠠᠬᠤᠢᠯᠠᠯ᠎ᠢ ᠲᠤᠰᠠᠯᠠᠵᠤ ᠠᠵᠤ ᠠᠬᠤᠢᠯᠠᠯ᠎ᠳᠤ ᠠᠱᠢᠭ ᠬᠦᠷᠲᠡᠭᠡᠬᠦ᠌ 《ᠱᠢᠭᠤᠳ ᠨᠥᠬᠥᠪᠥᠷᠢᠯᠡᠵᠦ᠍ ᠲᠦᠷᠭᠡᠨ ᠭᠦᠶ᠋ᠴᠡᠳᠭᠡᠬᠦ᠌》᠂《ᠭᠤᠶᠤᠴᠢᠯᠠᠬᠤ ᠥᠬᠡᠶ᠎ᠪᠡᠷ ᠳᠠᠷᠤᠶ ᠭᠦᠶ᠋ᠴᠡᠳᠭᠡᠬᠦ》᠎ᠶ᠋ᠢ ᠬᠡᠷᠡᠭ᠌ᠵᠢᠭᠦᠯᠬᠦ᠌᠎ᠪᠡᠷ ᠳᠠᠮᠵᠢᠭᠤᠯᠤᠨ᠂ ᠠᠵᠢᠯ ᠣᠯᠭᠣᠯᠲᠠ᠎ᠶ᠋ᠢᠨ ᠪᠠᠭ᠍ᠲᠠᠭᠠᠮᠵᠢ᠎ᠪᠠᠷ ᠶᠡᠬᠡ ᠠᠷᠠᠳ᠎ᠤᠨ ᠡᠵᠡᠩᠨᠡᠯᠲᠡ᠎ᠵᠢᠨ ᠠᠵᠤ ᠠᠬᠤᠢᠯᠠᠯ᠂ ᠳᠤᠮᠳᠠ ᠪᠠᠭ᠎ᠠ ᠵᠢᠵᠢᠭ ᠠᠵᠤ ᠠᠬᠤᠢᠯᠠᠯ ᠵᠡᠷᠭᠡ ᠡᠵᠡᠩᠨᠡᠯᠲᠡ᠎ᠶ᠋ᠢᠨ ᠭᠤᠤᠯ ᠴᠣᠭ᠍ᠴᠠ᠎ᠶ᠋ᠢ ᠳᠡᠮᠵᠢᠬᠦ᠌᠎ᠪᠡᠨ ᠴᠢᠩᠭᠠᠳᠭᠠᠵᠤ᠂ ᠲᠥᠷᠥ᠎ᠶ᠋ᠢᠨ ᠪᠣᠳᠣᠯᠭ᠎ᠠ᠎ᠶ᠋ᠢᠨ ᠠᠱᠢᠭ᠎ᠢ ᠡᠵᠡᠩᠨᠡᠯᠲᠡ᠎ᠶ᠋ᠢᠨ ᠭᠤᠤᠯ ᠴᠣᠭ᠍ᠴᠠ᠎ᠳᠤ ᠥᠨᠳᠥᠷ ᠪᠦᠲᠦᠮᠵᠢᠲᠡᠶ᠎ᠪᠡᠷ ᠱᠢᠭᠤᠳ ᠬᠦᠷᠭᠡᠬᠦ᠌᠎ᠶ᠋ᠢ ᠦᠨᠡᠨ ᠬᠦ᠌ ᠪᠠᠲᠤᠯᠠᠪᠠ᠃
《ᠨᠢᠭᠡᠳᠦᠭᠡᠷ ᠤᠯᠠᠷᠢᠯ᠎ᠳᠤ᠂ ᠪᠢᠳᠡ 〈ᠭᠤᠶᠤᠴᠢᠯᠠᠬᠤ ᠥᠬᠡᠶ᠎ᠪᠡᠷ ᠳᠠᠷᠤᠶ ᠬᠦᠷᠲᠡᠬᠦ〉 ᠠᠷᠭ᠎ᠠ ᠬᠡᠯᠪᠡᠷᠢ᠎ᠪᠡᠷ ᠳᠠᠮᠵᠢᠭᠤᠯᠤᠨ᠂ ᠨᠥᠬᠥᠴᠡᠯ᠎ᠳᠦ ᠨᠡᠢᠴᠡᠬᠦ᠌ 3693 ᠠᠵᠤ ᠠᠬᠤᠢᠯᠠᠯ᠎ᠳᠤ ᠰᠠᠨᠠᠭᠠᠴᠢᠯᠠᠭ᠎ᠠ᠎ᠡᠴᠡ᠎ᠪᠠᠨ ᠠᠵᠢᠯ᠎ᠤᠨ ᠪᠠᠢᠷᠢ᠎ᠶ᠋ᠢ ᠲᠣᠭ᠍ᠲᠠᠪᠤᠷᠢᠵᠢᠭᠤᠯᠬᠤ ᠨᠥᠬᠥᠪᠥᠷᠢ᠂ ᠠᠵᠢᠯ᠎ᠤᠨ ᠪᠠᠢᠷᠢ᠎ᠶ᠋ᠢ ᠥᠷᠭᠡᠳᠭᠡᠬᠦ᠌ ᠨᠥᠬᠥᠪᠥᠷᠢ᠎ᠶᠢ ᠨᠡᠢᠲᠡ 1926.13 ᠲᠦᠮᠡᠨ ᠲᠥᠭᠥᠷᠢᠭ ᠲᠠᠷᠬᠠᠭᠠᠵᠤ᠂ ᠪᠠᠭ᠎ᠠ ᠵᠢᠵᠢᠭ ᠠᠵᠤ ᠠᠬᠤᠢᠯᠠᠯ᠎ᠤᠨ ᠦᠶ᠋ᠯᠡᠰ ᠪᠤᠰᠬᠠᠬᠤ ᠪᠠᠳᠤᠯᠠᠨ ᠲᠠᠭᠠᠭᠠᠬᠤ ᠵᠢᠭᠡᠯᠡᠯᠭᠡ᠎ᠵᠢ 1228 ᠲᠦᠮᠡᠨ ᠲᠥᠭᠥᠷᠢᠭ ᠲᠠᠷᠬᠠᠭᠠᠵᠤ᠂ ᠨᠡᠢᠭᠡᠮ᠎ᠦᠨ ᠳᠠᠭᠠᠳᠭᠠᠯ᠎ᠤᠨ ᠰᠦᠶ᠋ᠳᠭᠡᠯ᠎ᠢ ᠪᠠᠭᠤᠷᠠᠭᠤᠯᠬᠤ ᠲᠥᠷᠥ᠎ᠶ᠋ᠢᠨ ᠪᠣᠳᠣᠯᠭ᠎ᠠ᠎ᠶ᠋ᠢ ᠢᠳᠡᠪᠬᠢᠲᠡᠶ ᠨᠠᠢᠳᠠᠪᠤᠷᠢᠵᠢᠭᠤᠯᠵᠤ᠂ ᠪᠥᠬᠥ᠌ ᠬᠣᠲᠠ᠎ᠶ᠋ᠢᠨ 3.5 ᠲᠦᠮᠡᠨ ᠠᠵᠤ ᠠᠬᠤᠢᠯᠠᠯ᠎ᠤᠨ ᠳᠠᠷᠤᠭᠠᠰᠤ᠎ᠶ᠋ᠢ 1.69 ᠳ᠋ᠦᠩᠱᠢᠭᠤᠷ ᠲᠥᠭᠥᠷᠢᠭ ᠬᠥᠩᠭᠡᠷᠡᠭᠦᠯᠵᠦ᠍᠂ ᠪᠥᠬᠥ᠌ ᠬᠦᠴᠦᠨ᠎ᠢᠶᠡᠷ᠎ᠢᠶᠡᠨ ᠠᠵᠤ ᠠᠬᠤᠢᠯᠠᠯ᠎ᠢ ᠲᠤᠰᠠᠯᠠᠵᠤ᠂ ᠠᠵᠢᠯ ᠣᠯᠭᠣᠯᠲᠠ᠎ᠶ᠋ᠢ ᠲᠣᠭ᠍ᠲᠠᠪᠤᠷᠢᠵᠢᠭᠤᠯᠪᠠ》ᠭᠡᠵᠦ᠍ ᠬᠥᠬᠡᠬᠣᠲᠠ᠎ᠶ᠋ᠢᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠥᠪ᠎ᠦᠨ ᠠᠵᠢᠯ ᠠᠯᠳᠠᠯᠲᠠ᠎ᠶ᠋ᠢᠨ ᠳᠠᠭᠠᠳᠭᠠᠯ᠎ᠤᠨ ᠰᠠᠯᠠᠭᠠᠨ᠎ᠤ ᠬᠠᠷᠢᠭᠤᠴᠠᠯᠭᠠᠲᠠᠨ ᠵᠠᠩ ᠸᠧᠶ ᠬᠡᠯᠡᠪᠡ᠃
ᠰᠤᠷᠪᠤᠯᠵᠢᠯᠠᠭ᠍ᠴᠢ ᠵᠢᠨ ᠤᠢᠯᠠᠭᠠᠭᠰᠠᠨ ᠵᠢᠠᠷ᠂ 《ᠬᠥᠬᠡᠬᠣᠲᠠ᠎ᠶ᠋ᠢᠨ ᠠᠵᠢᠯᠲᠠᠨ ᠤᠷᠢᠵᠤ ᠡᠯᠰᠡᠬᠦ᠌》 ᠵᠢᠷᠬᠢᠶ᠎ᠡ᠎ᠵᠢᠨ ᠣᠯᠠᠨ ᠨᠡᠢᠲᠡ᠎ᠶ᠋ᠢᠨ ᠳ᠋ᠤᠭᠠᠷ᠎ᠨᠢ 《ᠠᠵᠢᠯ ᠡᠷᠢᠬᠦ᠌᠂ ᠴᠢᠳᠠᠪᠤᠷᠢᠲᠠᠨ ᠡᠯᠰᠡᠬᠦ᠌᠂ ᠠᠵᠢᠯᠲᠡᠨ ᠡᠯᠰᠡᠬᠦ᠌ ᠴᠤᠭᠯᠠᠭᠠᠨ》 ᠭᠡᠬᠦ᠌ ᠭᠤᠷᠪᠠᠨ ᠶᠡᠬᠡ ᠬᠡᠰᠡᠭ᠎ᠤᠨ ᠣᠯᠠᠨ ᠵᠦᠶ᠋ᠯ᠎ᠦᠨ ᠦᠶ᠋ᠯᠡᠴᠢᠯᠡᠭᠡᠨ᠎ᠦ ᠴᠢᠳᠠᠮᠵᠢ᠎ᠶ᠋ᠢ ᠬᠠᠮᠤᠷᠴᠤ᠌᠂ ᠠᠵᠢᠯ ᠡᠷᠢᠭ᠌ᠰᠡᠳᠢ ᠬᠠᠪᠰᠤᠷᠤᠨ ᠠᠵᠢᠯ᠎ᠤᠨ ᠪᠠᠢᠷᠢ᠎ᠶ᠋ᠢᠨ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠭᠠᠵᠠᠷ ᠪᠣᠯᠭᠠᠨ᠎ᠳᠤ ᠡᠵᠡᠮᠱᠢᠭᠦᠯᠵᠦ᠍᠂ ᠠᠵᠢᠯ ᠣᠯᠭᠣᠬᠤ ᠪᠠ ᠤᠷᠢᠵᠤ ᠬᠡᠷᠡᠭ᠌ᠯᠡᠬᠦ᠌᠎ᠶ᠋ᠢ 《ᠨᠢᠭᠡ ᠯᠡ ᠳᠤᠤᠷ᠎ᠠ ᠭᠦᠶ᠋ᠴᠡᠳᠭᠡᠬᠦ᠌》 ᠶ᠋ᠢ ᠪᠡᠶᠡᠯᠡᠭᠦᠯᠵᠦ᠍ ᠴᠢᠳᠠᠭᠰᠠᠨ ᠪᠠᠢᠨ᠎ᠠ᠃
ᠣᠳᠣᠬᠠᠨ᠎ᠳᠤ᠂ ᠬᠥᠬᠡᠬᠣᠲᠠ ᠨᠢᠭᠡᠨᠲᠡ 《ᠬᠥᠬᠡᠬᠣᠲᠠ᠎ᠶ᠋ᠢᠨ ᠠᠵᠢᠯᠲᠠᠨ ᠤᠷᠢᠵᠤ ᠡᠯᠰᠡᠬᠦ᠌》 ᠵᠢᠷᠬᠢᠶ᠎ᠡ᠎ᠵᠢᠨ ᠣᠯᠠᠨ ᠨᠡᠢᠲᠡ᠎ᠶ᠋ᠢᠨ ᠳ᠋ᠤᠭᠠᠷ ᠵᠡᠷᠭᠡ ᠠᠷᠭ᠎ᠠ ᠵᠠᠮ᠎ᠢᠶᠠᠷ ᠳᠠᠮᠵᠢᠭᠤᠯᠤᠨ ᠠᠵᠢᠯ ᠡᠷᠢᠭ᠌ᠰᠡᠳ᠎ᠲᠦ 12 ᠪᠦᠯᠦᠭᠤᠳᠠᠭᠠ ᠵᠢᠨ 644 ᠠᠵᠤ ᠠᠬᠤᠢᠯᠠᠯ᠎ᠤᠨ ᠨᠡᠢᠲᠡ 1.81 ᠲᠦᠮᠡᠨ ᠠᠵᠢᠯ᠎ᠤᠨ ᠪᠠᠢᠷᠢ ᠬᠠᠩᠭᠠᠪᠠ᠃
ᠰᠦᠯᠵᠢᠶᠡᠨ ᠳᠡᠭᠡᠷᠡᠬᠢ ᠦᠶ᠋ᠯᠡᠴᠢᠯᠡᠭᠡᠨ᠎ᠦ ᠠᠷᠭ᠎ᠠ ᠵᠠᠮ᠎ᠢ ᠱᠢᠯᠢᠳᠡᠭ᠌ᠵᠢᠭᠦᠯᠬᠦ᠌᠎ᠡᠴᠡ ᠭᠠᠳᠠᠨ᠎ᠠ᠂ ᠬᠥᠬᠡᠬᠣᠲᠠ᠎ᠶ᠋ᠢᠨ᠎ᠬᠢᠨ ᠠᠬᠤᠢ ᠲᠠᠯᠠᠪᠠᠢ᠎ᠵᠢᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠠᠪᠴᠠᠩ᠎ᠤᠨ ᠪᠠᠢᠭᠤᠯᠤᠯᠲᠠ᠎ᠶ᠋ᠢ ᠲᠠᠰᠤᠷᠠᠯᠲᠠ ᠥᠬᠡᠶ ᠴᠢᠩᠭᠠᠳᠭᠠᠵᠤ᠂ ᠣᠳᠣᠬᠠᠨ᠎ᠳᠤ ᠨᠢᠭᠡᠨᠲᠡ ᠱᠢᠨ᠎ᠡ ᠬᠣᠲᠠ ᠲᠣᠭᠣᠷᠢᠭ᠎ᠤᠨ ᠸᠠᠩ ᠹᠦ᠋ ᠵᠢᠩ·ᠤᠥ ᠯᠠᠶ ᠵᠢᠵᠢᠭ ᠪᠠᠯᠭᠠᠰᠤ᠂ ᠬᠣᠲᠣᠩ ᠠᠷᠠᠳ᠎ᠤᠨ ᠲᠣᠭᠣᠷᠢᠭ᠎ᠤᠨ ᠵᠧᠨ ᠬᠤᠸᠠ ᠠᠭᠤᠳᠠᠮ ᠲᠠᠯᠠᠪᠠᠶ᠎ᠶ᠋ᠢᠨ ᠬᠣᠶᠠᠷ ᠬᠤᠳᠠᠯᠳᠤᠭᠠᠨ᠎ᠤ ᠲᠣᠭᠣᠷᠢᠭ᠎ᠤᠨ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠥᠷᠲᠡᠭᠡ ᠪᠠ ᠢᠦᠢᠴᠢᠤᠸᠠᠨ ᠲᠣᠭᠣᠷᠢᠭ᠎ᠤᠨ 《ᠬᠡᠷ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠬᠡᠲᠦ ᠳᠡᠯᠭᠡᠭᠦᠷ》᠎ᠤ᠋ᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠶ᠋ᠢ ᠡᠬᠢᠯᠡᠭᠦᠯᠵᠦ᠍᠂ ᠢᠷᠡᠭᠡᠳᠦᠶ᠎ᠳᠦ ᠪᠠᠰᠠ ᠰᠠᠭᠤᠷᠢ ᠨᠥᠬᠥᠴᠡᠯ ᠰᠠᠢᠨ᠂ ᠦᠶ᠋ᠯᠡᠴᠢᠯᠡᠬᠦ᠌ ᠬᠥᠮᠦᠨ᠎ᠦ ᠲᠣᠭ᠎ᠠ ᠣᠯᠠᠨ᠂ ᠦᠶ᠋ᠯᠡᠴᠢᠯᠡᠭᠡᠨ᠎ᠦ ᠶᠠᠰᠤ ᠴᠢᠨᠠᠷ ᠱᠢᠯᠢᠳᠡᠭ 《ᠥᠯᠢᠭᠡᠷ ᠳᠠᠭᠤᠷᠢᠶᠠᠯ ᠦᠶ᠋ᠯᠡᠴᠢᠯᠡᠭᠡᠨ᠎ᠦ ᠥᠷᠲᠡᠭᠡ》᠎ᠶ᠋ᠢ 20 ᠪᠠᠢᠭᠤᠯᠵᠤ᠂ 《ᠨᠢᠭᠡ ᠮᠦᠴᠡ ᠳ᠋ᠦ ᠭᠦᠢᠴᠡᠳᠭᠡᠬᠦ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠣᠭᠣᠷᠢᠭ》 ᠢ᠋ ᠬᠦᠴᠦᠯᠡᠨ ᠪᠠᠢᠭᠤᠯᠬᠤ ᠪᠣᠯᠤᠨ᠎ᠠ᠃
《ᠨᠠᠰᠤᠵᠢᠯ᠎ᠤᠨ ᠠᠰᠠᠷᠠᠮᠵᠢ᠎ᠶ᠋ᠢᠨ ᠰᠤᠪᠢᠯᠠᠯᠲᠠ᠎ᠶ᠋ᠢᠨ ᠪᠣᠯᠪᠠᠰᠤᠷᠠᠯ ᠨᠢ ᠨᠠᠳᠠ᠎ᠳᠤ ᠰᠠᠷ᠎ᠠ᠎ᠶ᠋ᠢᠨ 5000 ᠲᠥᠭᠥᠷᠢᠭ᠎ᠦᠨ ᠣᠷᠣᠯᠭ᠎ᠠ ᠲᠠᠢ ᠪᠤᠯᠭᠠᠵᠠᠢ》᠃ ᠰᠦᠨ ᡁᠢ ᠭᠦᠸᠧ ᠪᠣᠯ ᠬᠥᠬᠡᠬᠣᠲᠠ᠎ᠶ᠋ᠢᠨ 《ᠠᠵᠢᠯ᠎ᠤᠨ ᠪᠠᠢᠷᠢ᠎ᠶ᠋ᠢᠨ ᠬᠡᠷᠡᠭ᠌ᠴᠡᠭᠡ + ᠤᠷ᠎ᠠ ᠴᠢᠳᠠᠪᠤᠷᠢ᠎ᠶ᠋ᠢᠨ ᠪᠣᠯᠪᠠᠰᠤᠷᠠᠯ + ᠤᠷ᠎ᠠ ᠴᠢᠳᠠᠪᠤᠷᠢ᠎ᠶ᠋ᠢᠨ ᠦᠨᠡᠯᠡᠯᠲᠡ + ᠠᠵᠢᠯ ᠣᠯᠭᠣᠯᠲᠠ᠎ᠶ᠋ᠢᠨ ᠦᠶ᠋ᠯᠡᠴᠢᠯᠡᠭᠡ》 ᠳᠥᠷᠪᠡ᠎ᠶ᠋ᠢ ᠨᠢᠭᠡ ᠴᠣᠭ᠍ᠴᠠᠵᠢᠭᠤᠯᠤᠭ᠍ᠰᠠᠨ ᠲᠥᠷᠥᠯ ᠵᠦᠶ᠋ᠯᠴᠢᠯᠡᠭ᠌ᠰᠡᠨ ᠪᠣᠯᠪᠠᠰᠤᠷᠠᠯ᠎ᠤᠨ ᠠᠱᠢᠭ ᠬᠦᠷᠲᠡᠭ᠌ᠴᠢ ᠪᠣᠯᠤᠨ᠎ᠠ᠃
ᠡᠨᠡ ᠵᠢᠯ᠎ᠡᠴᠡ ᠨᠠᠭᠠᠰᠢ᠂ ᠬᠥᠬᠡᠬᠣᠲᠠ᠎ᠶ᠋ᠢᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠠᠵᠢᠯ ᠣᠯᠭᠣᠯᠲᠠ᠎ᠶ᠋ᠢᠨ ᠦᠢᠯᠡᠴᠢᠯᠡᠭᠡ᠎ᠶᠢ ᠤᠷᠳᠤᠳᠬᠠᠵᠤ᠂ ᠴᠡᠷᠢᠭ᠎ᠦᠨ ᠠᠯᠪᠠᠨ᠎ᠡᠴᠡ ᠬᠠᠯᠠᠭᠳᠠᠭᠰᠠᠳ᠂ ᠵᠡᠮᠳᠡᠭ᠌ᠴᠦᠳ ᠵᠡᠷᠭᠡ ᠬᠥᠮᠦᠰ᠎ᠲᠦ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ ᠬᠢᠬᠦ᠌ ᠪᠠ ᠤᠷ᠎ᠠ ᠴᠢᠳᠠᠪᠤᠷᠢ᠎ᠶ᠋ᠢᠨ ᠪᠣᠯᠪᠠᠰᠤᠷᠠᠯ ᠬᠦᠷᠳᠡᠭᠡᠬᠦ ᠡᠷᠴᠢᠮ᠎ᠢᠶᠡᠨ ᠴᠢᠩᠭᠠᠷᠠᠭᠤᠯᠵᠤ᠂ ᠤᠷᠢᠳ ᠬᠣᠵᠢᠳ 2 ᠪᠦᠯᠦᠭ ᠤᠳᠠᠭ᠎ᠠ᠂ 89 ᠪᠣᠯᠪᠠᠰᠤᠷᠠᠯ᠎ᠤᠨ ᠠᠩᠭᠢ᠎ᠶ᠋ᠢᠨ ᠬᠤᠭᠤᠴᠠᠭᠠᠨ᠎ᠤ ᠲᠥᠯᠥᠪᠯᠡᠭᠡ᠎ᠶ᠋ᠢ ᠨᠡᠢᠲᠡᠯᠡᠵᠦ᠍᠂ ᠨᠢᠭᠡᠳᠦᠭᠡᠷ ᠤᠯᠠᠷᠢᠯ᠎ᠳᠤ ᠠᠵᠤ ᠦᠶ᠋ᠯᠡᠰ ᠪᠠ ᠵᠠᠬ᠎ᠠ ᠳᠡᠯᠭᠡᠭᠦᠷ᠎ᠦᠨ ᠬᠡᠷᠡᠭ᠌ᠴᠡᠭᠡ᠎ᠵᠢᠨ ᠲᠤᠭᠤᠷᠢᠨ᠎ᠳᠤ ᠭᠤᠤᠯᠳᠠᠯᠭ᠎ᠠ᠎ᠲᠠᠶ ᠬᠠᠮᠲᠤᠯᠢᠭ᠎ᠢ ᠵᠣᠬᠢᠶᠠᠨ ᠪᠠᠢᠭᠤᠯᠵᠤ 4700 ᠬᠥᠮᠦᠨ᠎ᠢ ᠪᠣᠯᠪᠠᠰᠤᠷᠠᠭᠤᠯᠵᠤ ᠂ 《ᠪᠤᠰᠤᠳ᠎ᠲᠤ ᠵᠢᠭᠠᠰᠤ ᠦᠭᠬᠦ》 ᠶ᠋ᠢᠨ ᠬᠠᠮᠲᠤ ᠨᠠᠩ ᠴᠤ᠌ 《ᠵᠢᠭᠠᠰᠤ ᠠᠨᠭᠨᠠᠬᠤᠵᠢ ᠵᠢᠭᠠᠵᠤ ᠦᠭᠬᠦ》 ᠶ᠋ᠢ ᠪᠡᠶᠡᠯᠡᠭᠦᠯᠪᠡ᠃
ᠠᠵᠢᠯ ᠣᠯᠭᠣᠯᠲᠠ᠎ᠪᠠᠷ ᠬᠠᠪᠰᠤᠷᠤᠨ ᠲᠡᠳᠬᠦᠬᠦ᠌᠎ᠡᠴᠡ ᠭᠠᠳᠠᠨ᠎ᠠ᠂ ᠬᠥᠬᠡᠬᠣᠲᠠ ᠪᠠᠰᠠ ᠦᠢᠯᠡᠰ ᠪᠤᠰᠭᠠᠬᠤ ᠦᠢᠯᠡᠴᠢᠯᠡᠭᠡ᠎ᠳᠦ ᠴᠢᠭ᠌ᠯᠡᠭᠦᠯᠦᠨ ᠲᠥᠯᠥᠪᠵᠢᠭᠦᠯᠭᠡ ᠪᠠᠢᠷᠢᠯᠠᠭᠤᠯᠤᠯᠲᠠ ᠬᠢᠵᠡᠢ᠃
ᠬᠥᠬᠡᠬᠣᠲᠠ᠎ᠶ᠋ᠢᠨ 9 ᠰᠠᠯᠠᠭ᠎ᠠ ᠮᠥᠴᠢᠷ ᠲᠦᠷᠦᠬᠦᠭᠡᠨ ᠬᠠᠮᠲᠤᠷᠠᠨ 《〈ᠵᠠᠯᠠᠭᠤᠴᠤᠳ᠎ᠤᠨ ᠦᠢᠯᠡᠰ ᠪᠤᠰᠭᠠᠬᠤ᠎ᠵᠢ ᠲᠤᠰᠠᠯᠠᠬᠤ 〉ᠦᠢᠯᠡᠰ ᠪᠤᠰᠭᠠᠬᠤ ᠦᠶ᠋ᠯᠡᠴᠢᠯᠡᠭᠡᠨ᠎ᠦ ᠠᠵᠢᠯᠯᠠᠭᠠᠨ᠎ᠤ ᠲᠥᠰᠦᠯ》 ᠢ᠋ ᠳᠠᠷᠤᠮᠠᠯᠯᠠᠨ ᠲᠠᠷᠬᠠᠭᠠᠵᠤ᠂ 《ᠦᠢᠯᠡᠰ ᠪᠤᠰᠭᠠᠬᠤ ᠪᠣᠯᠪᠠᠰᠤᠷᠠᠯ + ᠵᠢᠭᠡᠯᠡᠯᠭᠡ + ᠨᠥᠬᠥᠪᠥᠷᠢ + ᠨᠡᠪᠴᠢᠭᠦᠯᠬᠦ᠌ + ᠠᠵᠢᠯᠯᠠᠭ᠎ᠠ》 ᠲᠠᠪᠤᠨ ᠲᠠᠯ᠎ᠠ᠎ᠪᠠᠷ ᠬᠠᠮᠲᠤᠷᠠᠨ ᠬᠥᠳᠡᠯᠦᠯᠴᠡᠬᠦ᠌ ᠦᠶ᠋ᠯᠡᠴᠢᠯᠡᠭᠡᠨ᠎ᠦ ᠵᠠᠭ᠍ᠪᠤᠷ᠎ᠢᠶᠠᠷ ᠳᠠᠮᠵᠢᠭᠤᠯᠤᠨ᠂ ᠬᠥᠬᠡᠬᠣᠲᠠ᠎ᠳᠤ ᠢᠷᠡᠵᠦ᠍ ᠦᠢᠯᠡᠰ ᠪᠤᠰᠭᠠᠬᠴᠢᠳᠲᠤ ᠪᠥᠬᠥ᠌ ᠦᠶᠡᠯᠡᠯ᠎ᠦᠨ 《ᠪᠠᠷ᠎ᠠ ᠪᠤᠯᠵᠤ ᠭᠦᠶᠦᠬᠦ᠌》 ᠳᠡᠮᠵᠢᠯᠭᠡ ᠬᠠᠩᠭᠠᠪᠠ᠃
ᠡᠭᠦᠨ᠎ᠦ ᠬᠠᠮᠲᠤ᠂ ᠪᠥᠬᠥ᠌ ᠬᠣᠲᠠ ᠪᠡᠷ ᠵᠢᠠᠨ 《ᠰᠤᠷᠭᠠᠭᠤᠯᠢ᠎ᠶ᠋ᠢᠨ ᠬᠦᠷᠢᠶᠡᠨ᠎ᠳᠦ ᠣᠷᠣᠬᠤ》 ᠱᠢᠷᠢᠰ ᠠᠵᠢᠯᠯᠠᠭ᠎ᠠ᠎ᠳᠤ ᠲᠦᠱᠢᠭ᠌ᠯᠡᠨ᠂ ᠦᠢᠯᠡᠰ ᠪᠤᠰᠭᠠᠬᠤ ᠪᠣᠯᠪᠠᠰᠤᠷᠠᠯ᠎ᠤᠨ ᠭᠠᠵᠠᠷ᠂ ᠠᠵᠢᠯ ᠮᠡᠷᠭᠡᠵᠢᠯ᠎ᠦᠨ ᠪᠡᠶᠡᠴᠢᠯᠡᠨ ᠣᠢᠯᠠᠭᠠᠯᠳᠠ ᠵᠡᠷᠭᠡ ᠡᠯ᠎ᠡ ᠲᠥᠷᠥᠯ᠎ᠦᠨ ᠦᠢᠯᠡᠰ ᠪᠤᠰᠭᠠᠬᠤ ᠠᠵᠢᠯᠯᠠᠭ᠎ᠠ᠎ᠶ᠋ᠢ ᠥᠷᠨᠢᠭᠦᠯᠵᠦ᠍᠂ ᠣᠷᠣᠨ᠎ᠤ ᠲᠥᠪ᠎ᠦᠨ ᠱᠢᠨ᠎ᠡ᠎ᠶ᠋ᠢ ᠡᠭᠦᠳᠴᠦ᠍ ᠦᠢᠯᠡᠰ ᠪᠤᠰᠭᠠᠬᠤ ᠠᠮᠢ ᠠᠬᠤᠶ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠦᠢᠯᠡᠰ ᠪᠤᠰᠭᠠᠬᠤ᠎ᠪᠠᠷ ᠠᠵᠢᠯ ᠣᠯᠭᠣᠯᠲᠠ᠎ᠶ᠋ᠢ ᠳᠠᠢᠴᠢᠯᠠᠬᠤ ᠠᠮᠢᠵᠢᠷᠠᠯ᠎ᠤᠨ ᠬᠦᠴᠦᠨ ᠪᠠ ᠴᠢᠳᠠᠪᠤᠷᠢ᠎ᠶ᠋ᠢ ᠪᠠᠳᠠᠷᠠᠭᠤᠯᠵᠡᠢ᠃