— ᠪᠥᠬᠥ᠌ ᠤᠯᠤᠰ ᠤᠨ ᠬᠥᠳᠡᠯᠮᠦᠷᠢ᠎ᠶ᠋ᠢᠨ ᠵᠢᠱ᠌ᠢᠶᠡᠴᠢ ᠥᠪᠥᠷ ᠮᠣᠩᠭᠣᠯ᠎ᠤᠨ ᠤᠮᠠᠷᠠᠲᠤ᠎ᠶ᠋ᠢᠨ ᠬᠦᠨᠳᠦ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠪᠠᠲᠤᠯᠠᠨ ᠬᠠᠮᠠᠭᠠᠯᠠᠯᠲᠠ᠎ᠶ᠋ᠢᠨ ᠦᠶ᠋ᠯᠡᠰ᠎ᠦᠨ ᠬᠡᠯᠲᠡᠰ᠎ᠦᠨ ᠲᠣᠨᠣᠭ ᠲᠥᠬᠥᠭᠡᠷᠦᠮᠵᠢ ᠰᠡᠯᠪᠢᠨ ᠵᠠᠰᠠᠬᠤ ᠲᠥᠪ᠎ᠦᠨ ᠲᠣᠭᠠᠴᠢᠯᠠᠭ᠍ᠰᠠᠨ ᠡᠵᠡᠮᠱᠢᠯ᠎ᠦᠨ ᠭᠠᠵᠠᠷ᠎ᠤᠨ ᠴᠠᠬᠢᠯᠭᠠᠨ᠎ᠤ ᠠᠵᠢᠯᠴᠢᠨ ᠯᠢᠶᠣᠤ ᠯᠢ ᠵᠢᠦᠸᠠᠨᠢ ᠲᠡᠮᠳᠡᠭᠯᠡᠪᠡ
ᠤᠯᠤᠰ᠎ᠤᠨ ᠲᠤᠰᠭᠠᠶ ᠠᠱᠢᠭ᠎ᠤᠨ ᠡᠷᠭᠡ᠎ᠵᠢ 10 ᠤᠯᠵᠤ᠂ 480 ᠭᠠᠷᠤᠶ ᠲᠥᠷᠥᠯ ᠵᠦᠶ᠋ᠯ᠎ᠤᠨ ᠭᠤᠤᠯᠳᠠᠯᠭ᠎ᠠ᠎ᠲᠠᠶ ᠮᠡᠷᠭᠡᠵᠢᠯ᠎ᠦᠨ ᠪᠣᠭᠣᠮᠲᠠ ᠱᠢᠪᠲᠤᠯᠤᠯᠲᠠ ᠵᠢ ᠪᠡᠶᠡᠯᠡᠭᠦᠯᠵᠦ᠍᠂ ᠨᠡᠢᠲᠡ 5000 ᠭᠠᠷᠤᠶ ᠲᠦᠮᠡᠨ ᠲᠥᠭᠥᠷᠢᠭ᠎ᠦᠨ ᠠᠵᠤ ᠠᠬᠤᠶ᠎ᠶ᠋ᠢᠨ ᠦᠷ᠎ᠡ ᠠᠱᠢᠭ᠎ᠢ ᠡᠭᠦᠳᠴᠦ᠍᠂ ᠪᠥᠬᠥ᠌ ᠤᠯᠤᠰ᠎ᠤᠨ 《3·8》 ᠶ᠋ᠢᠨ ᠤᠯᠠᠭᠠᠨ ᠲᠤᠭ᠍ᠴᠢ ᠵᠡᠷᠭᠡ ᠬᠡᠳᠦᠨ ᠠᠷᠪᠠᠨ ᠢᠷᠠᠭᠤ ᠠᠯᠳᠠᠷ᠎ᠢ ᠭᠥᠷᠳᠡᠪᠡ ᠁ ᠡᠨᠡ ᠬᠦ᠌ ᠬᠢᠷᠢ ᠪᠦᠲᠦᠮᠵᠢ᠎ᠶ᠋ᠢᠨ ᠬᠠᠭᠤᠳᠠᠰᠤ ᠨᠢ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠲᠣᠨᠣᠭᠯᠠᠯ ᠦᠶ᠋ᠯᠡᠳᠬᠦ᠌ ᠲᠤᠨᠤᠭ ᠲᠦᠭᠦᠭᠡᠷᠦᠮᠵᠢ ᠰᠡᠯᠪᠢᠨ ᠵᠠᠰᠠᠬᠤ ᠬᠦᠷᠢᠶᠡᠨ᠎ᠳᠡᠬᠢ ᠨᠢᠭᠡᠨ ᠴᠠᠬᠢᠯᠭᠠᠨ᠎ᠤ ᠠᠵᠢᠯᠴᠢᠨ᠎ᠤ ᠬᠢ ᠶᠤᠮ᠃ ᠲᠡᠷᠡ ᠪᠤᠯ ᠥᠪᠥᠷ ᠮᠣᠩᠭᠣᠯ᠎ᠤᠨ ᠤᠮᠠᠷᠠᠲᠤ᠎ᠶ᠋ᠢᠨ ᠬᠦᠨᠳᠦ ᠠᠵᠤ ᠦᠶ᠋ᠯᠡᠳᠪᠦᠷᠢ᠎ᠶ᠋ᠢᠨ ᠪᠦᠯᠦᠭ᠌ᠯᠡᠯ ᠬᠢᠵᠠᠭᠠᠷᠲᠤ ᠺᠣᠮᠫᠠᠨᠢ᠎ᠶ᠋ᠢᠨ ᠪᠠᠲᠤᠯᠠᠨ ᠬᠠᠮᠠᠭᠠᠯᠠᠯᠲᠠ᠎ᠶ᠋ᠢᠨ ᠦᠶ᠋ᠯᠡᠰ᠎ᠦᠨ ᠬᠡᠯᠲᠡᠰ ᠦᠨ ᠲᠣᠨᠣᠭ ᠲᠥᠬᠥᠭᠡᠷᠦᠮᠵᠢ ᠰᠡᠯᠪᠢᠨ ᠵᠠᠰᠠᠬᠤ ᠲᠥᠪ᠎ᠦᠨ ᠲᠣᠭᠠᠴᠢᠯᠠᠭᠰᠠᠨ ᠡᠵᠡᠮᠳᠡᠯ᠎ᠤᠨ ᠬᠡᠯᠲᠡᠰ᠎ᠦᠨ ᠴᠠᠬᠢᠯᠭᠠᠨ᠎ᠤ ᠠᠵᠢᠯᠴᠢᠨ ᠯᠢᠶᠣᠤ ᠯᠢ ᠵᠢᠤᠸᠠᠨ ᠪᠣᠯᠤᠨ᠎ᠠ᠃
ᠰᠡᠯᠪᠢᠨ ᠵᠠᠰᠠᠬᠤ ᠬᠦᠷᠢᠶᠡᠨ᠎ᠳᠤ ᠴᠦᠬᠡᠨ ᠲᠤᠬᠢᠶᠠᠯᠳᠤᠬᠤ ᠡᠮᠡᠭ᠌ᠲᠡᠶ ᠠᠵᠢᠯᠴᠢᠨ ᠪᠣᠯᠤᠭ᠍ᠰᠠᠨ᠎ᠤ ᠬᠤᠪᠢ᠎ᠳᠤ ᠯᠢᠶᠣᠤ ᠯᠢ ᠵᠢᠤᠸᠠᠨ 16 ᠵᠢᠯᠲᠠᠷᠠᠭᠠᠯᠠᠨ ᠲᠣᠭᠠᠴᠢᠯᠠᠭ᠍ᠰᠠᠨ ᠡᠵᠡᠮᠱᠢᠯ᠎ᠦᠨ ᠲᠥᠬᠥᠭᠡᠷᠦᠮᠵᠢ᠎ᠶ᠋ᠢ ᠰᠡᠯᠪᠢᠨ ᠵᠠᠰᠠᠬᠤ ᠠᠵᠢᠯ᠎ᠢ ᠰᠤᠳᠤᠯᠵᠤ᠂ ᠣᠯᠠᠨ ᠤ ᠨᠢᠳᠦᠨ᠎ᠳᠤ 《ᠡᠮᠡᠭ᠌ᠲᠡᠶ ᠪᠠᠭᠠᠲᠤᠷ》᠂ 《ᠠᠵᠢᠯ᠎ᠢᠶᠡᠨ ᠲᠡᠭᠡᠳᠦᠯᠡᠭᠴᠢ》 ᠪᠠ ᠰᠠᠤᠷᠢ ᠮᠠᠱᠢᠨ ᠤ ᠠᠷᠬᠠᠭ ᠭᠡᠮ ᠢ 《ᠭᠠᠷᠮᠠᠭᠠᠢ ᠵᠠᠰᠠᠭᠴᠢ》 ᠪᠣᠯᠪᠠ᠃ ᠲᠡᠷᠡ ᠪᠦᠯᠬᠦᠮ᠎ᠢᠶᠡᠨ ᠳᠠᠭᠠᠭᠤᠯᠤᠨ ᠪᠡᠶ᠎ᠡ᠎ᠪᠡᠨ ᠳᠠᠭᠠᠭᠠᠵᠤ ᠰᠤᠳᠤᠯᠤᠨ ᠦᠢᠯᠡᠳᠦᠭ᠌ᠰᠡᠨ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ 26 ᠮᠸᠲᠷ᠎ᠤᠨ ᠲᠤᠮᠤ ᠬᠡᠯᠪᠡᠷᠢ᠎ᠶ᠋ᠢᠨ ᠲᠣᠭᠠᠴᠢᠯᠠᠭ᠍ᠰᠠᠨ ᠡᠵᠡᠮᠱᠢᠯ᠎ᠦᠨ ᠬᠠᠷᠭᠤᠢ ᠵᠢᠨ ᠴᠠᠬᠢᠯᠭᠠᠨ ᠵᠠᠳᠠᠯᠤᠯᠳᠠ ᠵᠢᠨ ᠪᠤᠯᠪᠠᠰᠤᠷᠠᠭᠤᠯᠬᠤ ᠰᠠᠤᠷᠢ ᠮᠠᠱᠢᠨ ᠨᠢ ᠲᠣᠨᠣᠭ᠍ᠯᠠᠯ᠎ᠤᠨ ᠦᠢᠯᠡᠳᠬᠦᠨ᠎ᠦ ᠤᠨᠴᠠ ᠤᠷᠳᠤ ᠬᠠᠷᠭᠤᠢ ᠵᠢᠨ ᠴᠠᠬᠢᠯᠭᠠᠨ ᠵᠠᠳᠠᠯᠤᠯᠳᠠ ᠵᠢᠨ ᠪᠤᠯᠪᠠᠰᠤᠷᠠᠭᠤᠯᠬᠤ ᠬᠦᠷᠢᠶᠡᠨ᠎ᠳᠡᠬᠢ ᠤᠯᠤᠰ᠎ᠤᠨ ᠳᠣᠲᠣᠭᠠᠳᠤ᠎ᠶ᠋ᠢᠨ ᠬᠣᠭᠣᠰᠣᠨ᠎ᠢ ᠨᠥᠬᠥᠪᠥᠷᠢᠯᠡᠵᠡᠢ᠃
ᠨᠢᠭᠡᠨ ᠤᠳᠠᠭ᠎ᠠ ᠲᠡᠷᠡ 6 ᠮᠸᠲᠷ ᠤᠨ ᠥᠨᠳᠥᠷ ᠬᠥᠨᠳᠡᠯᠡᠨ ᠨᠢᠷᠤᠭᠤᠨ ᠳᠡᠭᠡᠷ᠎ᠡ ᠵᠤᠭᠰᠤᠭᠠᠳ ᠵᠠᠭᠤ ᠭᠠᠷᠤᠢ ᠵᠠᠮ ᠱᠤᠭᠤᠮᠵᠢᠡᠷ ᠵᠠᠯᠭᠠᠯᠳᠤᠭᠰᠠᠨ ᠠᠷᠪᠠᠨ ᠬᠡᠳᠦᠨ ᠲᠣᠭ᠎ᠠ ᠪᠠᠷᠢᠮᠲᠠ᠎ᠶ᠋ᠢ ᠨᠢᠭᠡ ᠰᠡᠳᠭᠢᠯ ᠨᠢᠭᠡ ᠵᠣᠷᠢᠭ᠎ᠢᠶᠠᠷ ᠠᠵᠢᠭᠯᠠᠨ ᠬᠡᠮᠵᠢᠵᠡᠢ ᠃
《ᠡᠷᠢᠵᠦ᠍ ᠣᠯᠪᠠ! ᠳᠣᠬᠢᠶᠠᠨ᠎ᠤ ᠵᠠᠯᠭᠠᠭᠤᠷ ᠨᠢ ᠱᠢᠲᠠᠭᠠᠳ ᠡᠪᠳᠡᠷᠡᠴᠢᠬᠡᠵᠡᠶ!》 ᠲᠡᠭᠦᠨ᠎ᠤ ᠬᠡᠯᠡᠬᠦ ᠵᠢ ᠰᠤᠨᠤᠰᠤᠭᠠᠳ ᠲᠤᠬᠠᠶ᠎ᠶ᠋ᠢᠨ ᠲᠠᠯᠠᠪᠠᠢ᠎ᠳᠤ ᠪᠠᠢᠭ᠍ᠰᠠᠨ ᠬᠥᠮᠦᠰ ᠰᠠᠨᠠᠭ᠎ᠠ ᠠᠮᠠᠷᠠᠭᠰᠠᠨ ᠪᠠᠢᠨ᠎ᠠ᠃
ᠱᠠᠲᠤ᠎ᠪᠡᠷ ᠪᠠᠭᠤᠵᠤ ᠢᠷᠡᠬᠦ᠎ᠳᠤ ᠤᠳᠤᠷᠢᠳᠤᠯᠭ᠎ᠠ ᠨᠢ ᠲᠡᠭᠦᠨ᠎ᠦ ᠬᠠᠵᠠᠭᠤ᠎ᠳᠤ ᠬᠦᠷᠴᠦ ᠭᠠᠷ᠎ᠢ ᠨᠢ ᠴᠢᠩᠭ᠎ᠠ ᠠᠳᠭᠤᠵᠤ᠄ 《ᠰᠦᠷᠡᠬᠡᠢ ᠪᠠᠢᠨ᠎ᠠ᠂ ᠦᠨᠡᠨ ᠡᠮᠡᠭ᠌ᠲᠡᠢ ᠪᠠᠭᠠᠲᠤᠷ!》 ᠭᠡᠵᠡᠢ᠃
38 ᠨᠠᠰᠤᠲᠠᠶ ᠯᠢᠶᠣᠤ ᠯᠢ ᠵᠢᠦᠸᠠᠨ ᠨᠠᠰᠤᠨ ᠡᠴᠡ ᠪᠠᠨ ᠵᠠᠯᠠᠭᠤᠬᠠᠨ ᠠᠪᠤᠷᠢ ᠲᠠᠢ᠂ ᠬᠠᠷ᠎ᠠ ᠬᠦᠷᠢᠶ᠎ᠡ᠎ᠲᠡᠶ ᠨᠢᠳᠦᠨ ᠱᠢᠯ ᠵᠡᠭᠦᠵᠦ᠍᠂ ᠦᠵᠡᠬᠦ᠎ᠳᠤ ᠰᠢᠨ᠎ᠡ ᠬᠦᠮᠦᠨ ᠰᠢᠭ ᠪᠠᠢᠪᠠᠴᠤ ᠦᠨᠡᠨ᠎ᠳᠡᠭᠡᠨ ᠠᠬᠠᠮᠠᠳ ᠤᠷᠠᠴᠤᠤᠯ ᠪᠠᠢᠯ᠎ᠠ᠃ ᠲᠡᠷᠡ ᠪᠣᠯ ᠳᠤᠮᠳᠠᠳᠤ ᠤᠯᠤᠰ᠎ᠤᠨ ᠴᠡᠷᠢᠭ᠎ᠦᠨ ᠵᠡᠪᠰᠡᠭ᠎ᠦᠨ ᠵᠠᠩᠭᠢᠯᠠᠭ᠎ᠠ᠎ᠶ᠋ᠢᠨ ᠤᠷ᠎ᠠ ᠴᠢᠳᠠᠪᠤᠷᠢ᠎ᠶ᠋ᠢᠨ ᠳᠠᠭᠠᠭᠤᠯᠤᠭ᠍ᠴᠢ ᠪᠠᠢᠵᠤ᠂ ᠳᠡᠭᠡᠳᠦ ᠵᠡᠷᠭᠡ᠎ᠶ᠋ᠢᠨ ᠮᠡᠷᠭᠡᠵᠢᠯᠲᠡᠨ᠂ ᠳᠡᠭᠡᠳᠦ ᠵᠡᠷᠭᠡ᠎ᠶ᠋ᠢᠨ ᠢᠨᠵᠧᠨᠧᠷ᠎ᠦᠨ ᠬᠤᠤᠰ ᠪᠡᠶ᠎ᠡ ᠵᠢᠨ ᠭᠠᠷᠤᠯ᠎ᠲᠠᠶ ᠪᠥᠭᠡᠳ ᠪᠥᠬᠥ᠌ ᠤᠯᠤᠰ᠎ᠤᠨ ᠮᠡᠷᠭᠡᠵᠢᠯ᠎ᠦᠨ ᠴᠢᠳᠠᠪᠤᠷᠢᠲᠠᠨ᠂ ᠪᠥᠬᠥ᠌ ᠤᠯᠤᠰ᠎ᠤᠨ 《5·1》 ᠤ᠋ ᠡᠮᠡᠭ᠌ᠲᠡᠶ ᠪᠢᠶᠤᠤᠪᠢᠩ ᠪᠣᠯᠤᠨ᠎ᠠ᠃
2008 ᠣᠨ᠎ᠳᠤ᠂ 21 ᠨᠠᠰᠤᠲᠠᠢ ᠯᠢᠶᠣᠤ ᠯᠢ ᠵᠢᠤᠸᠠᠨ ᠪᠤᠭᠤᠲᠤ᠎ᠶ᠋ᠢᠨ ᠠᠵᠢᠯ ᠮᠡᠷᠭᠡᠵᠢᠯ ᠦᠨ ᠳᠡᠭᠡᠳᠦ ᠰᠤᠷᠭᠠᠭᠤᠯᠢ᠎ᠶ᠋ᠢᠨ ᠲᠣᠭᠠᠴᠢᠯᠠᠭ᠍ᠰᠠᠨ ᠡᠵᠡᠮᠱᠢᠯ᠎ᠦᠨ ᠲᠤᠨᠤᠭ ᠲᠥᠬᠥᠭᠡᠷᠦᠮᠵᠢ᠎ᠶ᠋ᠢ ᠬᠡᠷᠡᠭ᠌ᠯᠡᠬᠦ᠌ ᠪᠠ ᠰᠡᠯᠪᠢᠨ ᠵᠠᠰᠠᠬᠤ ᠲᠤᠰᠭᠠᠢ ᠮᠡᠷᠭᠡᠵᠢᠯ᠎ᠡᠴᠡ ᠲᠡᠭᠦᠰᠴᠦ᠍᠂ ᠤᠮᠠᠷᠠᠲᠤ᠎ᠶ᠋ᠢᠨ ᠬᠦᠨᠳᠦ ᠠᠵᠤ ᠦᠢᠯᠡᠳᠪᠦᠷᠢ᠎ᠶ᠋ᠢᠨ ᠪᠦᠯᠦᠭ᠌ᠯᠡᠯ᠎ᠳᠦ ᠠᠵᠢᠯ᠎ᠤᠨ ᠭᠠᠷᠤᠭ᠎ᠠ ᠪᠠᠨ ᠠᠪᠴᠤ᠂ ᠲᠣᠭᠠᠴᠢᠯᠠᠭ᠍ᠰᠠᠨ ᠡᠵᠡᠮᠱᠢᠯ᠎ᠦᠨ ᠲᠤᠨᠤᠭ ᠲᠥᠬᠥᠭᠡᠷᠦᠮᠵᠢ᠎ᠶ᠋ᠢ ᠰᠡᠯᠪᠢᠨ ᠵᠠᠰᠠᠬᠤ ᠠᠵᠢᠯ ᠲᠦᠷᠦᠯ᠎ᠦᠨ ᠴᠠᠬᠢᠯᠭᠠᠨ᠎ᠤ ᠠᠵᠢᠯᠴᠢᠨ ᠪᠣᠯᠪᠠ᠃ ᠥᠪᠡᠷ᠎ᠦᠨ ᠮᠡᠷᠭᠡᠵᠢᠯ᠎ᠦᠨ ᠬᠢᠷᠢ ᠲᠦᠪᠱᠢᠨ᠎ᠢᠶᠡᠨ ᠳᠡᠭᠡᠭ᠌ᠰᠢᠯᠡᠭᠦᠯᠬᠦ᠌᠎ᠶ᠋ᠢᠨ ᠲᠥᠯᠥᠭᠡ ᠯᠢᠶᠣᠤ ᠯᠢ ᠵᠢᠤᠸᠠᠨ ᠠᠬᠠᠮᠠᠳ ᠪᠠᠭ᠍ᠰᠢ᠎ᠡᠴᠡ ᠲᠠᠭᠠᠨ ᠰᠤᠷᠤᠯᠴᠠᠵᠤ᠂ ᠱᠢᠮᠧᠨ᠋ᠽᠢ᠂ ᠰᠠᠨ ᠯᠢᠩ ᠵᠡᠷᠭᠡ ᠲᠣᠭᠠᠴᠢᠯᠠᠭ᠍ᠰᠠᠨ ᠡᠵᠡᠮᠱᠢᠯ᠎ᠦᠨ ᠱᠢᠰᠲ᠋ᠧᠮ᠎ᠦᠨ ᠫᠷᠤᠭ᠌ᠷᠠᠮ ᠨᠠᠢᠷᠠᠭᠤᠯᠬᠤ ᠰᠡᠳᠭᠢᠮᠵᠢ᠎ᠶ᠋ᠢ ᠡᠵᠡᠮᠱᠢᠭ᠌ᠰᠡᠨᠦ ᠳᠠᠷᠠᠭ᠎ᠠ ᠣᠷᠣᠢ ᠳ᠋ᠠᠭᠠᠨ ᠪᠠᠰᠠ ᠮᠧᠬᠠᠨᠢᠭ᠂ ᠱᠢᠩᠭᠡᠨ ᠳᠠᠷᠤᠴᠠ ᠵᠢᠴᠢ ᠬᠡᠢ ᠬᠥᠳᠡᠯᠭᠡᠭᠡᠨᠲᠦ ᠱᠢᠰᠲ᠋ᠧᠮ ᠵᠡᠷᠭᠡ ᠬᠦᠷᠢᠶᠡᠨ᠎ᠦ ᠮᠡᠳᠡᠯᠭᠡ᠎ᠶ᠋ᠢ ᠰᠤᠷᠤᠯᠴᠠᠬᠤ᠎ᠶ᠋ᠢᠨ ᠬᠠᠮᠲᠤ ᠠᠵᠢᠯ᠎ᠤᠨ ᠴᠢᠯᠥᠭᠡ ᠵᠠᠪᠵᠢᠡᠷᠵᠢᠡᠨ ᠺᠣᠮᠫᠢᠦ᠋ᠲ᠋ᠧᠷ᠎ᠦᠨ ᠱᠢᠨᠵᠢᠯᠡᠬᠦ᠌ ᠤᠬᠠᠭᠠᠨ ᠪᠠ ᠮᠡᠷᠭᠡᠵᠢᠯ᠎ᠦᠨ ᠵᠢᠩᠬᠢᠨᠢ ᠠᠩᠭᠢ᠎ᠶ᠋ᠢᠨ ᠲᠤᠰᠭᠠᠶ ᠮᠡᠷᠭᠡᠵᠢᠯ᠎ᠢ ᠰᠤᠳᠤᠯᠤᠨ ᠰᠤᠷᠤᠯᠴᠠᠵᠤ᠂ ᠰᠢᠷᠭᠠᠭᠤ ᠬᠠᠲᠠᠭᠤᠵᠢᠯᠲᠠᠢ ᠪᠡᠷ ᠡᠷᠳᠡᠮ ᠴᠢᠳᠠᠪᠤᠷᠢ᠎ᠪᠠᠨ ᠳᠡᠭᠡᠭᠰᠢᠯᠡᠭᠦᠯᠪᠡ᠃ 《ᠲᠡᠷᠡ ᠬᠡᠰᠡᠭ ᠬᠤᠭᠤᠴᠠᠭᠠᠨ᠎ᠳᠤ ᠬᠣᠭᠣᠯᠠ ᠢᠳᠡᠬᠦ᠌ ᠳ᠋ᠡᠭᠡᠨ ᠪᠦᠷ ᠠᠬᠠᠮᠠᠳ ᠤᠷᠠᠴᠤᠤᠯ᠎ᠤᠨ ᠬᠡᠯᠡᠭ᠌ᠰᠡᠨ ᠮᠡᠷᠭᠡᠵᠢᠯ᠎ᠦᠨ ᠠᠰᠠᠭᠤᠳᠠᠯ᠎ᠢ ᠪᠣᠳᠣᠯᠬᠢᠯᠠᠵᠤ᠂ ᠴᠢᠨᠠᠭ᠍ᠰᠢᠯᠠᠪᠠᠯ ᠰᠦᠨᠢ ᠵᠡᠭᠦᠳᠦᠯᠡᠬᠦ᠌ᠳᠡᠭᠡᠨ ᠬᠦᠷᠲᠡᠯ᠎ᠡ ᠴᠦᠮ ᠲᠥᠬᠥᠭᠡᠷᠦᠮᠵᠢ᠎ᠶ᠋ᠢᠨ ᠭᠡᠮᠲᠦᠯ᠎ᠢ ᠪᠠᠢᠴᠠᠭᠠᠳᠠᠭ ᠪᠠᠢᠯ᠎ᠠ》 ᠭᠡᠵᠦ ᠯᠢᠶᠣᠤ ᠯᠢ ᠵᠢᠤᠸᠠᠨ ᠰᠤᠷᠪᠤᠯᠵᠢᠯᠠᠭ᠍ᠴᠢ᠎ᠳᠤ ᠬᠡᠯᠡᠨ᠎ᠠ᠃
ᠬᠡᠳᠦᠨ ᠵᠢᠯ ᠦᠨ ᠦᠶ᠋ᠯᠡᠳᠦᠯᠭᠡ᠎ᠪᠡᠷ ᠳᠡᠮᠵᠢᠨ ᠯᠢᠶᠣᠤ ᠯᠢ ᠵᠢᠤᠸᠠᠨᠤ ᠰᠡᠯᠪᠢᠨ ᠵᠠᠰᠠᠬᠤ ᠮᠡᠷᠭᠡᠵᠢᠯ ᠡᠳᠦᠷ ᠢᠷᠡᠬᠦᠶ᠎ᠡ ᠪᠣᠯᠪᠠᠰᠤᠷᠠᠩᠭᠤᠶ ᠪᠣᠯᠵᠣ᠂ ᠥᠨᠳᠥᠷ ᠳᠡᠭᠡᠷ᠎ᠡ ᠭᠠᠷᠴᠤ ᠠᠵᠢᠯᠯᠠᠬᠤ᠎ᠡᠴᠡ ᠠᠶᠤᠬᠤ ᠰᠡᠳᠭᠢᠴᠡ᠎ᠶ᠋ᠢ ᠢᠯᠡᠨ ᠳᠠᠪᠠᠵᠤ ᠴᠢᠳᠠᠭ᠍ᠰᠠᠨ᠎ᠢᠶᠠᠷ ᠪᠠᠷᠠᠬᠤ ᠥᠬᠡᠶ ᠪᠠᠰᠠ ᠭᠠᠵᠠᠷ᠎ᠤᠨ ᠨᠦᠬᠡ ᠨᠢ ᠢᠪᠴᠤᠤ᠂ ᠬᠠᠷᠠᠩᠭᠤᠶ ᠣᠷᠣᠨ ᠵᠠᠶ᠎ᠳᠤ ᠪᠠᠢᠴᠠᠭᠠᠨ ᠰᠡᠯᠪᠢᠵᠦ᠍᠂ ᠲᠥᠬᠥᠭᠡᠷᠦᠮᠵᠢ᠎ᠶ᠋ᠢᠨ ᠠᠵᠢᠯᠯᠠᠭ᠎ᠠ᠎ᠨᠢ ᠨᠥᠯᠥᠭᠡᠯᠡᠵᠦ᠍ ᠮᠡᠳᠡᠬᠦ᠌ ᠶᠠᠮᠠᠷᠪᠠ ᠬᠡᠮ ᠰᠤᠭᠤᠭ᠎ᠢ ᠴᠦ᠍ ᠠᠨᠳᠠᠬᠤ ᠦᠭᠡᠢ ᠪᠤᠯᠪᠠ᠃
ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠲᠣᠨᠣᠭ᠍ᠯᠠᠯ ᠦᠶ᠋ᠯᠡᠳᠬᠦ᠌ ᠦᠶ᠋ᠯᠡᠰ᠎ᠲᠦ ᠱᠢᠨ᠎ᠡ᠎ᠶ᠋ᠢ ᠡᠭᠦᠳᠬᠦ᠌ ᠪᠣᠯ ᠲᠣᠨᠣᠭ᠍ᠯᠠᠯ ᠦᠶ᠋ᠯᠡᠳᠬᠦ᠌ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠭᠤᠤᠯ ᠬᠥᠳᠡᠯᠭᠡᠬᠦ᠌ ᠬᠦᠴᠦᠨ ᠮᠥᠨ᠃ ᠬᠡᠪᠰᠢᠭᠦᠯᠬᠦ ᠵᠡᠷ ᠵᠡᠪᠰᠡᠭ᠎ᠦᠨ ᠱᠢᠰᠲ᠋ᠧᠮ᠎ᠦᠨ ᠬᠣᠭᠣᠯᠠᠶ᠎ᠵᠢᠨ ᠬᠠᠷᠭᠤᠢ ᠪᠣᠯᠪᠠᠰᠤᠷᠠᠭᠤᠯᠬᠤ ᠮᠡᠷᠭᠡᠵᠢᠯ ᠨᠢ ᠠᠵᠢᠯ ᠲᠥᠷᠥᠯ᠎ᠤᠨ ᠬᠢᠨᠢ ᠭᠠᠴᠢᠭ᠍ᠳᠠᠭᠤᠯᠤᠭ᠍ᠰᠠᠭᠠᠷ ᠢᠷᠡᠵᠡᠶ᠃ 《ᠮᠡᠷᠭᠡᠵᠢᠯ᠎ᠢ ᠪᠤᠰᠤᠳ ᠬᠦᠮᠦᠨ ᠡᠵᠡᠮᠰᠢᠪᠡᠯ ᠲᠡᠭᠦᠨ᠎ᠦ ᠬᠢ ᠵᠢ ᠯᠠ ᠰᠤᠨᠤᠰᠬᠤ ᠬᠡᠷᠡᠭᠳᠡᠢ ᠪᠤᠯᠤᠨ᠎ᠠ᠂ ᠭᠣᠣᠯᠯᠠᠬᠤ ᠮᠡᠷᠭᠡᠵᠢᠯ᠎ᠢ ᠬᠠᠱᠢᠯᠠ ᠥᠪᠡᠷ ᠲᠡᠭᠡᠨ ᠡᠵᠡᠮᠰᠢᠬᠦ ᠬᠡᠷᠡᠭᠲᠡᠢ!》 ᠬᠡᠳᠡᠭ᠎ᠢ ᠯᠢᠶᠣᠤ ᠯᠢ ᠵᠢᠤᠸᠠᠨ ᠰᠠᠢᠨ ᠤᠢᠯᠠᠭᠠᠵᠦ ᠪᠠᠢᠪᠠ᠃
ᠡᠨᠡ ᠬᠦ᠌ ᠪᠡᠬᠢᠯᠡᠯᠲᠡ᠎ᠶ᠋ᠢ ᠱᠢᠪᠲᠤᠯᠬᠤ᠎ᠶ᠋ᠢᠨ ᠲᠥᠯᠥᠭᠡ ᠯᠢᠶᠣᠤ ᠯᠢ ᠵᠢᠤᠸᠠᠨ ᠪᠦᠯᠬᠦᠮ᠎ᠢᠶᠡᠨ ᠳᠠᠭᠠᠭᠤᠯᠤᠨ ᠬᠦᠴᠢᠷ᠎ᠢ ᠰᠦᠷᠦᠨ ᠤᠷᠤᠭ᠍ᠰᠢᠯᠠᠵᠤ᠂ ᠶᠡᠬᠡ ᠬᠡᠮᠵᠢᠶᠡᠨ᠎ᠦ ᠮᠡᠷᠭᠡᠵᠢᠯ᠎ᠦᠨ ᠮᠠᠲ᠋ᠧᠷᠢᠶᠠᠯ ᠢ ᠪᠠᠢᠴᠠᠭᠠᠨ ᠦᠵᠡᠵᠦ᠍᠂ ᠫᠠᠷᠠᠮᠧᠲ᠋ᠷᠢ ᠵᠠᠳᠠᠯᠤᠨ ᠲᠣᠬᠢᠷᠠᠭᠤᠯᠵᠤ᠂ ᠲᠣᠭ᠎ᠠ ᠲᠣᠮᠰᠢ ᠦᠭᠡᠢ ᠤᠯᠠᠨ ᠤᠳᠠᠭ᠎ᠠ᠎ᠶ᠋ᠢᠨ ᠲᠤᠷᠱᠢᠯᠲᠠ ᠪᠠ ᠰᠤᠳᠤᠯᠤᠯᠲᠠ᠎ᠪᠠᠷ ᠳᠠᠮᠵᠢᠨ ᠤᠯᠤᠰ᠎ᠤᠨ ᠳᠣᠲᠣᠭᠠᠳᠤ ᠶ᠋ᠢᠨ ᠠᠩᠬᠠᠳᠠᠭ᠍ᠴᠢ 26 ᠮᠸᠲᠷ᠎ᠤᠨ ᠲᠤᠮᠤ ᠬᠡᠯᠪᠡᠷᠢ᠎ᠶ᠋ᠢᠨ ᠲᠤᠭᠠᠴᠢᠯᠠᠭᠰᠠᠨ ᠡᠵᠡᠮᠱᠢᠯ᠎ᠤᠨ ᠬᠠᠷᠭᠤᠢ᠎ᠵᠢᠨ ᠴᠠᠬᠢᠯᠭᠠᠨ ᠵᠠᠳᠠᠯᠤᠯᠳᠠ ᠵᠢᠨ ᠪᠤᠯᠪᠠᠰᠤᠷᠠᠭᠤᠯᠬᠤ ᠰᠠᠤᠷᠢ ᠮᠠᠱᠢᠨ᠎ᠢ ᠰᠤᠳᠤᠯᠤᠨ ᠦᠢᠯᠡᠳᠴᠡᠢ᠃ ᠡᠨᠡ ᠬᠦ᠌ ᠦᠷ᠎ᠡ ᠪᠦᠲᠦᠭᠡᠯ ᠨᠢ ᠨᠢᠭᠡ ᠤᠳᠠᠭ᠎ᠠ ᠪᠤᠯᠪᠠᠰᠤᠷᠠᠭᠤᠯᠬᠤ ᠳ᠋ᠤ ᠬᠢᠷᠢ ᠲᠡᠩᠴᠡᠬᠦ ᠨᠣᠷᠮ᠎ᠠ᠎ᠶ᠋ᠢ 99% ᠪᠣᠯᠭᠠᠨ ᠳᠡᠭᠡᠭ᠌ᠰᠢᠯᠡᠭᠦᠯᠵᠦ᠍᠂ ᠪᠣᠯᠪᠠᠰᠤᠷᠠᠭᠤᠯᠬᠤ ᠦᠷ᠎ᠡ ᠪᠦᠲᠦᠮᠵᠢ᠎ᠶ᠋ᠢ 67% ᠳᠡᠭᠡᠭ᠌ᠰᠢᠯᠡᠭᠦᠯᠵᠦ᠍᠂ ᠠᠯᠢ ᠣᠯᠠᠨ ᠬᠦᠴᠢᠷ ᠠᠰᠠᠭᠤᠳᠠᠯ᠎ᠢ ᠱᠢᠶ᠋ᠳᠪᠦᠷᠢᠯᠡᠨ᠂ ᠤᠨᠴᠠ ᠣᠷᠳᠣ ᠬᠣᠭᠣᠯᠠᠢ᠎ᠲᠤ ᠬᠠᠷᠭᠤᠢ᠎ᠵᠢᠨ ᠴᠠᠬᠢᠯᠭᠠᠨ ᠵᠠᠳᠠᠯᠤᠯᠳᠠ ᠵᠢᠨ ᠬᠦᠷᠢᠶᠡᠨ᠎ᠳᠡᠬᠢ ᠤᠯᠤᠰ᠎ᠤᠨ ᠳᠣᠲᠣᠭᠠᠳᠤ᠎ᠶ᠋ᠢᠨ ᠬᠣᠭᠣᠰᠣᠨ᠎ᠢ ᠨᠥᠬᠥᠪᠥᠷᠢᠯᠡᠵᠦ᠍᠂ ᠬᠣᠯᠠ ᠵᠠᠢ᠎ᠡᠴᠡ ᠬᠠᠷᠪᠤᠬᠤ ᠶᠡᠬᠡ ᠫᠤᠤ᠎ᠶ᠋ᠢᠨ ᠰᠤᠮᠤ᠎ᠶ᠋ᠢᠨ ᠨᠢᠰᠦᠯᠲᠡ᠎ᠶ᠋ᠢᠨ ᠲᠣᠭ᠍ᠲᠠᠪᠤᠷᠢᠲᠤ ᠴᠢᠨᠠᠷ ᠪᠠ ᠣᠨᠣᠪᠴᠢᠲᠤ ᠴᠢᠨᠠᠷ᠎ᠢ ᠳᠡᠭᠡᠭ᠌ᠰᠢᠯᠡᠭᠦᠯᠪᠡ᠃
ᠲᠤᠨᠤᠭᠯᠠᠯ᠎ᠤᠨ ᠦᠢᠯᠡᠳᠬᠦᠨ᠎ᠢ ᠤᠭ᠍ᠰᠠᠷᠠᠵᠤ ᠳᠤᠷᠰᠢᠨ ᠲᠣᠬᠢᠷᠠᠭᠤᠯᠬᠤ ᠶᠠᠪᠤᠴᠠ᠎ᠳᠦ ᠯᠢᠶᠣᠤ ᠯᠢ ᠵᠢᠤᠸᠠᠨ ᠶᠡᠷᠦ᠍ ᠪᠤᠰᠤ᠎ᠶ᠋ᠢᠨ ᠤᠶᠤᠨ ᠤᠬᠠᠭᠠᠨ᠎ᠢᠶᠠᠨ ᠳᠠᠬᠢᠨᠲᠠ ᠢᠯᠡᠷᠡᠭᠦᠯᠪᠡ᠃ ᠦᠶ᠋ᠯᠡᠳᠬᠦᠨ᠎ᠦ ᠲᠥᠷᠥᠯ ᠬᠡᠯᠪᠡᠷᠢ ᠪᠦᠲᠦᠴᠡ ᠨᠢ ᠠᠳᠠᠯᠢ ᠪᠤᠰᠤ᠂ ᠲᠥᠷᠥᠯ ᠬᠡᠯᠪᠡᠷᠢ ᠪᠦᠷᠢᠳᠦ ᠨᠢᠭᠡ ᠳᠤᠷᠰᠢᠨ ᠲᠣᠬᠢᠷᠠᠭᠤᠯᠬᠤ ᠵᠢ ᠡᠵᠡᠮᠳᠡᠬᠦ᠌ ᠲᠣᠨᠣᠭ ᠲᠣᠬᠢᠷᠠᠭᠤᠯᠵᠤ᠂ ᠪᠡᠯᠡᠳᠭᠡᠬᠦ᠌ ᠴᠠᠭ ᠨᠢ ᠤᠷᠲᠤ᠂ ᠠᠵᠢᠯᠯᠠᠭᠤᠯᠬᠤ ᠠᠷᠭ᠎ᠠ ᠮᠠᠶᠢᠭ᠎ᠤᠨ ᠵᠥᠷᠢᠶ᠎ᠡ ᠨᠢ ᠶᠡᠬᠡ ᠪᠠᠢᠵᠤ᠂ ᠤᠭ᠍ᠰᠠᠷᠠᠵᠤ ᠳᠤᠷᠰᠢᠨ ᠲᠣᠬᠢᠷᠠᠭᠤᠯᠬᠤ ᠦᠷ᠎ᠡ ᠪᠦᠲᠦᠮᠵᠢ᠎ᠶ᠋ᠢ ᠬᠦᠨᠳᠦ ᠨᠣᠴᠢᠲᠠᠶ ᠨᠥᠯᠥᠭᠡᠯᠡᠵᠤ ᠪᠠᠢᠪᠠ᠃ ᠲᠡᠷᠡ ᠳᠤᠮᠳᠠ ᠶᠡᠬᠡ ᠠᠮᠠᠰᠠᠷᠤᠨᠳ᠋ᠢᠶᠠᠮᠸᠲᠷ ᠲᠠᠢ ᠭᠠᠯᠳᠤ ᠫᠤᠤ᠎ᠳᠦ ᠨᠡᠢᠳᠡᠮ ᠬᠡᠷᠡᠭ᠌ᠯᠡᠬᠦ᠌ ᠬᠡᠯᠪᠡᠷᠢ᠎ᠶ᠋ᠢᠨ ᠰᠢᠯᠭᠠᠬᠤ ᠠᠷᠭ᠎ᠠ᠎ᠶ᠋ᠢ ᠠᠩᠬ᠎ᠠ ᠡᠭᠦᠳᠴᠦ᠍᠂ ᠲᠤᠨᠤᠭᠯᠠᠯ᠎ᠤᠨ ᠣᠯᠠᠨ ᠵᠦᠶ᠋ᠯ᠎ᠦᠨ ᠬᠡᠪ ᠲᠡᠮᠳᠡᠭ᠎ᠤᠨ ᠬᠤᠷᠠᠮᠠᠯ᠎ᠢ ᠠᠦ᠋ᠲ᠋ᠣ᠋ ᠢᠯᠭᠠᠨ ᠲᠠᠨᠢᠵᠤ ᠳᠡᠢᠯᠬᠦ 6 ᠢᠵᠢ ᠲᠤᠷᠱᠢᠨ ᠲᠣᠬᠢᠷᠠᠭᠤᠯᠬᠤ ᠲᠤᠨᠤᠭ᠎ᠢ ᠰᠤᠳᠤᠯᠤᠨ ᠦᠶ᠋ᠯᠡᠳᠴᠦ᠍᠂ ᠳᠤᠷᠰᠢᠨ ᠲᠣᠬᠢᠷᠠᠭᠤᠯᠬᠤ᠎ᠳᠦ ᠬᠡᠷᠡᠭᠰᠡᠬᠦ ᠴᠠᠭ᠎ᠢ 50% ᠪᠡᠷ ᠪᠣᠭᠣᠨᠢᠰᠭᠠᠵᠤ᠂ ᠭᠠᠯᠳᠤ ᠫᠤᠤ᠎ᠶ᠋ᠢ ᠦᠷᠭᠦᠯᠵᠢᠯᠡᠨ ᠤᠳᠠᠭᠠᠨ ᠬᠡᠷᠡᠭᠯᠡᠬᠦ ᠴᠢᠳᠠᠪᠤᠷᠢ᠎ᠶ᠋ᠢ ᠳᠡᠭᠡᠭ᠌ᠰᠢᠯᠡᠭᠦᠯᠪᠡ᠃ ᠲᠣᠰ ᠲᠥᠷᠥᠯ ᠵᠦᠶ᠋ᠯ ᠨᠢ ᠤᠯᠤᠰ᠎ᠤᠨ ᠪᠠᠲᠤᠯᠠᠨ ᠬᠠᠮᠠᠭᠠᠯᠠᠯᠲᠠ᠎ᠶ᠋ᠢᠨ ᠡᠭᠦᠳᠦᠯᠲᠡ᠎ᠶ᠋ᠢᠨ ᠲᠤᠰᠭᠠᠶ ᠠᠱᠢᠭ᠎ᠤᠨ ᠡᠷᠭᠡ᠂ ᠬᠡᠷᠡᠭ᠌ᠯᠡᠭᠡᠨ᠎ᠦ ᠱᠢᠨ᠎ᠡ ᠬᠡᠯᠪᠡᠷᠢ᠎ᠶ᠋ᠢᠨ ᠲᠤᠰᠭᠠᠶ ᠠᠱᠢᠭ᠎ᠤᠨ ᠡᠷᠭᠡ ᠪᠠ ᠠᠵᠤ ᠠᠬᠤᠢᠯᠠᠯ᠎ᠤᠨ ᠱᠢᠨ᠎ᠡ ᠶ᠋ᠢ ᠡᠭᠦᠳᠦᠭ᠌ᠰᠡᠨ ᠱᠢᠯᠢᠳᠡᠭ ᠦᠷ᠎ᠡ ᠪᠦᠲᠦᠭᠡᠯ᠎ᠦᠨ ᠱᠠᠩᠨᠠᠯ᠎ᠢ ᠭᠥᠷᠳᠡᠪᠡ᠃
ᠲᠥᠬᠥᠭᠡᠷᠦᠮᠵᠢ᠎ᠶ᠋ᠢ ᠠᠦ᠋ᠲ᠋ᠣᠴᠢᠯᠠᠬᠤ᠂ ᠤᠶᠤᠨᠴᠢᠯᠠᠬᠤ᠂ ᠣᠨᠣᠴᠠᠵᠢᠭᠤᠯᠵᠤ ᠳᠡᠰ ᠳᠡᠪᠱᠢᠭᠦᠯᠬᠦ᠌ ᠲᠠᠯ᠎ᠠ ᠪᠠᠷ ᠯᠢᠶᠣᠤ ᠯᠢ ᠵᠢᠤᠸᠠᠨ ᠢᠮᠠᠭ᠍ᠲᠠ ᠵᠣᠷᠢᠭ᠍ᠲᠠᠢᠱᠢᠨᠡᠶ᠋ᠢ ᠡᠭᠦᠳᠴᠦ᠍᠂ ᠴᠥᠬᠥᠷᠡᠰᠢ ᠦᠬᠡᠢ ᠴᠢᠷᠮᠠᠢᠭ᠍ᠰᠠᠭᠠᠷ ᠢᠷᠡᠵᠠᠢ᠃ ᠲᠡᠭᠦᠨ᠎ᠦ ᠪᠡᠶ᠎ᠡ᠎ᠪᠡᠨ ᠳᠠᠭᠠᠭᠠᠵᠤ ᠰᠤᠳᠤᠯᠤᠨ ᠦᠶ᠋ᠯᠡᠳᠦᠭ᠌ᠰᠡᠨ ᠲᠣᠨᠣᠭ᠍ᠯᠠᠯ᠎ᠤᠨ ᠬᠥᠭᠡᠷᠭᠡᠨ ᠨᠡᠭᠡᠯᠡᠬᠡᠶ ᠵᠢ ᠤᠯᠤᠰ᠎ᠲᠠᠭᠠᠨ ᠦᠶ᠋ᠯᠡᠳᠪᠦᠷᠢᠯᠡᠵᠦ ᠤᠷᠤᠯᠠᠭᠤᠯᠬᠤ ᠢᠨᠵᠧᠨᠧᠷᠢᠩ᠎ᠦᠨ ᠱᠢᠩᠭᠡᠨ ᠳᠠᠷᠤᠴᠠ᠎ᠶᠢᠨ ᠬᠥᠭᠡᠷᠭᠡᠨ ᠨᠡᠭᠡᠯᠡᠬᠡᠶ᠎ᠶ᠋ᠢᠨ ᠳᠠᠭᠠᠭᠠᠮᠠᠭᠠᠶ ᠴᠢᠨᠠᠷ᠎ᠢ ᠲᠤᠷᠱᠢᠬᠤ ᠲᠣᠨᠣᠭ ᠨᠢ ᠠᠭᠠᠷ᠎ᠤᠨ ᠠᠶᠠᠯᠠᠯ ᠰᠠᠨᠰᠠᠷ᠎ᠤᠨ ᠠᠶᠠᠯᠠᠯ᠂ ᠣᠩᠭᠣᠴᠠᠠ ᠰᠠᠯ ᠵᠡᠷᠭᠡ ᠳᠡᠭᠡᠳᠦ ᠲᠠᠰ᠎ᠤᠨ ᠦᠶ᠋ᠯᠡᠳᠬᠦ᠌ ᠬᠦᠷᠢᠶᠡᠨ᠎ᠳᠡᠬᠢ ᠬᠥᠭᠡᠷᠭᠡᠨ ᠨᠡᠭᠡᠯᠡᠬᠡᠶ ᠶ᠋ᠢ ᠤᠯᠤᠰ᠎ᠲᠠᠭᠠᠨ ᠦᠶ᠋ᠯᠡᠳᠪᠦᠷᠢᠯᠡᠵᠦ᠍ ᠣᠷᠣᠯᠠᠭᠤᠯᠬᠤ᠎ᠳᠤ ᠵᠠᠩᠭᠢᠯᠠᠭ᠎ᠠ᠎ᠶ᠋ᠢᠨ ᠲᠣᠭ᠎ᠠ ᠪᠠᠷᠢᠮᠲᠠ ᠶ᠋ᠢᠨ ᠲᠤᠯᠭᠠᠭᠤᠷᠢᠯᠠᠯ ᠬᠠᠩᠭᠠᠪᠠ; ᠲᠡᠷᠡ ᠠᠩᠬᠠᠨ᠎ᠤ ᠲᠣᠭᠠᠴᠢᠯᠠᠭ᠍ᠰᠠᠨ ᠵᠤᠷᠭᠤᠭᠤᠯᠳᠤ ᠨᠢᠷᠤᠭᠤᠳᠤ ᠮᠸᠬᠠᠨᠢᠭ ᠭᠠᠷ ᠰᠤᠳᠤᠯᠤᠨ ᠦᠢᠯᠡᠳᠴᠦ᠍᠂ ᠰᠡᠯᠪᠢᠭ ᠲᠤᠨᠤᠭ᠎ᠤᠨ ᠲᠡᠭᠡᠭᠡᠪᠦᠷᠢ᠎ᠶ᠋ᠢᠨ ᠠᠦ᠋ᠲ᠋ᠣᠴᠢᠯᠠᠯᠲᠠ᠎ᠶ᠋ᠢ ᠪᠡᠶᠡᠯᠡᠭᠦᠯᠵᠦ᠍᠂ 24 ᠴᠠᠭ ᠲᠠᠰᠤᠷᠠᠯᠲᠠ ᠦᠭᠡᠢ ᠦᠢᠯᠡᠳᠪᠦᠷᠢᠯᠡᠬᠦ᠌᠎ᠶ᠋ᠢ ᠪᠠᠲᠤᠯᠠᠪᠠ᠃
ᠡᠩ᠎ᠦᠨ ᠦᠶ᠎ᠡ᠎ᠳᠦ ᠯᠢᠶᠣᠤ ᠯᠢ ᠵᠢᠤᠸᠠᠨ ᠬᠣᠱᠢᠭᠤᠴᠢ ᠪᠤᠯᠵᠤ ᠡᠮᠦᠨ᠎ᠡ ᠨᠢ ᠭᠠᠪᠱᠢᠭᠠᠢᠯᠠᠵᠤ᠂ ᠡᠳᠦᠷᠵᠢᠨ ᠰᠡᠯᠪᠢᠨ ᠵᠠᠰᠠᠬᠤ ᠲᠤᠬᠠᠢ᠎ᠶ᠋ᠢᠨ ᠲᠠᠯᠠᠪᠠᠢ᠎ᠳᠤ ᠪᠠᠢᠵᠤ᠂ ᠲᠤᠰᠭᠠᠢᠯᠠᠨ ᠬᠦᠴᠢᠷ᠎ᠢ ᠨᠢ ᠰᠣᠩᠭᠣᠵᠤ ᠬᠢᠳᠡᠭ᠃ ᠲᠡᠭᠦᠨ᠎ᠦ ᠲᠠᠭᠠᠭᠤᠯᠭ᠎ᠠ ᠳᠣᠣᠷ᠎ᠠ᠂ ᠰᠡᠯᠪᠢᠨ ᠵᠠᠰᠠᠬᠤ ᠪᠦᠯᠬᠦᠮ᠎ᠦᠨ ᠬᠢᠨ ᠲᠤᠨᠤᠭ ᠲᠥᠬᠥᠭᠡᠷᠦᠮᠵᠢ᠎ᠶ᠋ᠢ ᠰᠡᠯᠪᠢᠨ ᠵᠠᠰᠠᠬᠤ ᠮᠡᠷᠭᠡᠵᠢᠯ᠎ᠦᠨ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ 120 ᠭᠠᠷᠤᠢ ᠵᠦᠢ ᠵᠣᠬᠢᠰᠲᠠᠢ ᠰᠠᠨᠠᠭᠤᠯᠭ᠎ᠠ ᠨᠢ ᠬᠡᠷᠡᠭᠯᠡᠭᠳᠡᠪᠡ᠃ ᠰᠡᠯᠪᠢᠨ ᠵᠠᠰᠠᠬᠤ ᠪᠦᠯᠬᠦᠮ᠎ᠦᠨ᠎ᠬᠢᠨ ᠬᠡᠲᠦ ᠲᠠᠭᠤᠨ ᠳᠣᠯᠭᠢᠶᠠᠨᠳᠤ ᠤᠬᠢᠶᠠᠯᠭ᠎ᠠ᠎ᠶᠢᠨ ᠮᠠᠱᠢᠨ᠂ ᠲᠣᠭᠠᠴᠢᠯᠠᠭ᠍ᠰᠠᠨ ᠵᠤᠷᠭᠤᠭᠤᠯ᠂ ᠡᠳ᠋ᠱᠢᠭᠦᠯᠬᠦ᠌ ᠲᠥᠪ ᠵᠡᠷᠭᠡ ᠠᠵᠢᠯᠯᠠᠭ᠎ᠠ ᠪᠠᠨ ᠵᠣᠭ᠍ᠰᠣᠵᠤ ᠬᠥᠮᠥᠷᠭᠡ᠎ᠳᠦ ᠣᠷᠣᠭᠤᠯᠤᠭᠰᠠᠨ 5 ᠰᠠᠤᠷᠢ ᠬᠠᠶᠠᠭ᠍ᠳᠠᠮᠠᠯ ᠬᠠᠭᠤᠴᠢᠨ ᠲᠥᠬᠥᠭᠡᠷᠦᠮᠵᠢ ᠶ᠋ᠢ ᠰᠡᠯᠪᠢᠨ ᠵᠠᠰᠠᠵᠤ᠂ ᠵᠡᠪᠰᠡᠭ ᠲᠣᠨᠣᠭ᠍ᠯᠠᠯ᠎ᠤᠨ ᠭᠤᠤᠯᠳᠠᠯᠭ᠎ᠠ ᠲᠠᠢ ᠴᠢᠬᠤᠯᠠ ᠤᠭ᠍ᠰᠠᠷᠠᠭ᠎ᠠ ᠲᠣᠨᠣᠭ᠎ᠢ ᠤᠷᠤᠭ᠍ᠰᠢᠲᠠᠢ ᠦᠢᠯᠡᠳᠪᠦᠷᠢᠯᠡᠵᠦ᠍ ᠭᠠᠷᠭᠠᠬᠤ᠎ᠶ᠋ᠢ ᠪᠠᠲᠤᠯᠠᠪᠠ᠃ ᠰᠡᠯᠪᠢᠨ ᠵᠠᠰᠠᠬᠤ ᠪᠦᠯᠬᠦᠮ ᠨᠡᠢᠲᠡ᠎ᠨᠢ 《ᠱᠢᠨ᠎ᠡ᠎ᠶ᠋ᠢ ᠡᠭᠦᠳᠦᠨ᠂ ᠥᠪᠡᠷ᠎ᠦᠨ ᠥᠷᠲᠡᠭ᠎ᠢ ᠪᠠᠭᠤᠷᠠᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌》 ᠪᠠᠷ ᠳᠠᠮᠵᠢᠨ᠂ ᠠᠵᠤ ᠠᠬᠤᠢᠯᠠᠯ᠎ᠳᠤ 400 ᠭᠠᠷᠤᠶ ᠲᠦᠮᠡᠨ ᠲᠥᠭᠥᠷᠢᠭ᠎ᠦᠨ ᠥᠷᠲᠡᠭ᠎ᠢ ᠠᠷᠪᠢᠯᠠᠨ ᠥᠭ᠌ᠴᠦ᠂ ᠬᠠᠭᠤᠴᠢᠨ᠎ᠢ ᠵᠠᠰᠠᠵᠤ ᠬᠠᠶᠠᠭ᠍ᠳᠠᠮᠠᠯᠢ ᠠᠱᠢᠭ᠍ᠯᠠᠬᠤ᠂ ᠠᠷᠪᠢᠯᠠᠨ ᠪᠦᠳᠦᠭᠡᠬᠦ ᠲᠥᠬᠥᠭᠡᠷᠦᠮᠵᠢ ᠵᠢᠨ ᠪᠡᠯᠡᠳᠭᠡᠯ ᠲᠣᠨᠣᠭ ᠪᠠ ᠭᠠᠳᠠᠭᠰᠢ ᠨᠠᠢᠳᠠᠬᠤ ᠵᠠᠷᠤᠳᠠᠯ᠎ᠢ 500 ᠭᠠᠷᠤᠶ ᠲᠦᠮᠡᠨ ᠲᠥᠭᠥᠷᠢᠭᠠᠷᠪᠢᠯᠠᠵᠠᠢ᠃
16 ᠵᠢᠯ ᠠᠵᠢᠯᠯᠠᠭᠠᠳ ᠯᠢᠶᠣᠤ ᠯᠢ ᠵᠢᠤᠸᠠᠨ ᠤᠮᠠᠷᠠᠲᠤ᠎ᠶ᠋ᠢᠨ ᠬᠦᠨᠳᠦ ᠠᠵᠤ ᠦᠢᠯᠡᠳᠪᠦᠷᠢ᠎ᠶ᠋ᠢᠨ ᠪᠦᠯᠦᠭ᠌ᠯᠡᠯ᠎ᠦᠨ ᠪᠤᠢ ᠪᠦᠬᠦᠢ ᠦᠢᠯᠡᠳᠪᠦᠷᠢᠯᠡᠯ᠎ᠦᠨ ᠱᠤᠭᠤᠮ᠎ᠤᠨ ᠲᠤᠨᠤᠭ ᠲᠥᠬᠥᠭᠡᠷᠦᠮᠵᠢ᠎ᠶ᠋ᠢ ᠲᠦᠢᠯ ᠵᠢᠡᠷ ᠤᠢᠯᠠᠭᠠᠬᠤ ᠪᠤᠯᠪᠠ᠃ ᠠᠮᠵᠢᠯᠲᠠ᠎ᠳᠤ ᠬᠦᠷᠦᠭᠰᠡᠨ ᠨᠢᠭᠤᠴᠠ ᠵᠢᠨ ᠵᠢᠡᠨ ᠲᠤᠬᠠᠢ ᠲᠡᠷᠡ᠄ 《ᠪᠢ ᠭᠡᠳᠡᠭ ᠬᠥᠮᠦᠨ ᠢᠯᠠᠭ᠍ᠳᠠᠬᠤ ᠳᠤᠷ᠎ᠠ ᠦᠭᠡᠢ᠂ ᠡᠨᠡ ᠬᠦ᠌ ᠡᠷᠡᠭ᠌ᠲᠡᠢᠬᠦᠮᠦᠨ ᠵᠢᠡᠷ ᠭᠤᠤᠯ ᠪᠤᠯᠭᠠᠭᠰᠠᠨ ᠬᠦᠷᠢᠶᠡᠨ᠎ᠳᠦ ᠴᠦ᠍ ᠠᠮᠵᠢᠯᠲᠠ ᠤᠯᠬᠤ ᠪᠡᠷ ᠴᠢᠷᠮᠠᠢᠪᠠ᠂ ᠮᠢᠨᠦ᠍ ᠦᠵᠡᠬᠦ᠌᠎ᠪᠡᠷ ᠮᠢᠨᠦ᠍ ᠠᠵᠢᠯ᠎ᠤᠨ ᠪᠠᠢᠷᠢ ᠬᠢᠵᠠᠭᠠᠷ ᠦᠭᠡᠢ》ᠭᠡᠵᠤ ᠢᠨᠢᠶᠡᠮᠰᠦᠭᠯᠡᠨ ᠬᠡᠯᠡᠨ᠎ᠠ᠃
ᠠᠵᠢᠯ᠎ᠤᠨ ᠴᠢᠯᠥᠭᠡᠨ᠎ᠳᠡᠭᠡᠨ ᠯᠢᠶᠣᠤ ᠯᠢ ᠵᠢᠤᠸᠠᠨ ᠠᠵᠢᠯ ᠲᠦᠷᠦᠯ᠎ᠦᠨ ᠰᠤᠳᠤᠯᠤᠨ ᠶᠠᠷᠢᠯᠴᠠᠬᠤ ᠬᠤᠷᠠᠯ ᠪᠣᠯᠤᠨ ᠮᠡᠷᠭᠡᠵᠢᠯ᠎ᠦᠨ ᠰᠣᠯᠢᠯᠴᠠᠭᠠᠨ᠎ᠤ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ᠂ ᠥᠪᠡᠷ᠎ᠦᠨ ᠦᠢᠯᠡᠳᠦᠯᠭᠡ ᠳᠤᠮᠳᠠ ᠪᠠᠨ ᠰᠦᠪᠡᠭ᠌ᠴᠢᠯᠡᠵᠦ᠍ ᠭᠠᠷᠭᠠᠭ᠍ᠰᠠᠨ ᠰᠡᠯᠪᠢᠨ ᠵᠠᠰᠠᠬᠤ ᠠᠷᠭ᠎ᠠ ᠪᠣᠯᠤᠨ ᠬᠤᠰᠢᠭᠤᠷᠠᠯ ᠮᠡᠷᠭᠡᠵᠢᠯ᠎ᠢᠶᠡᠨ ᠪᠦᠯᠬᠦᠮ᠎ᠦᠨ ᠪᠦᠷᠢᠯᠳᠦᠬᠦᠨ ᠲᠠᠢ ᠪᠠᠨ ᠬᠠᠷᠠᠮ ᠦᠭᠡᠢ ᠬᠤᠪᠢᠶᠠᠯᠴᠠᠳᠠᠭ᠃ ᠲᠡᠷᠡ ᠬᠤᠷᠢᠶᠠᠩᠭᠤᠢᠯᠠᠨ ᠪᠢᠴᠢᠭᠰᠡᠨ 《ᠳᠤᠤᠷ᠎ᠠ ᠬᠦᠴᠦᠳᠡᠯᠲᠦ ᠴᠠᠬᠢᠯᠭᠠᠨ ᠤ᠋ ᠠᠵᠢᠯᠴᠢᠨ᠎ᠤ ᠣᠨᠴᠠ ᠲᠥᠷᠥᠯ᠎ᠦᠨ ᠠᠵᠢᠯ᠎ᠤᠨ ᠱᠢᠯᠭᠠᠯᠲᠠ᠎ᠶ᠋ᠢᠨ ᠲᠠᠯᠠᠪᠤᠷ᠎ᠤᠨ ᠱᠢᠯᠭᠠᠯᠲᠠ᠎ᠶ᠋ᠢᠨ ᠪᠠᠷᠢᠮᠵᠢᠶ᠎ᠠ》᠂ ᠨᠠᠢᠷᠠᠭᠤᠯᠤᠨ ᠪᠢᠴᠢᠭ᠌ᠰᠡᠨ 《ᠰᠡᠯᠪᠢᠨ ᠵᠠᠰᠠᠭ᠍ᠰᠠᠨ ᠵᠢᠱ᠌ᠢᠶ᠎ᠡ》᠂ 《ᠠᠵᠢᠯ᠎ᠤᠨ ᠵᠢᠯᠣᠭᠣᠳᠭᠤ ᠪᠢᠴᠢᠭ》 ᠵᠡᠷᠭᠡ 11 ᠵᠦᠶ᠋ᠯ᠎ᠦᠨ ᠰᠤᠷᠤᠯᠴᠠᠬᠤ ᠮᠠᠲ᠋ᠧᠷᠢᠶᠠᠯ᠂ ᠳ᠋ᠦᠩᠨᠡᠭ᠌ᠰᠡᠨ ᠭᠠᠷᠭᠠᠭᠰᠠᠨ 《ᠲᠣᠭᠠᠴᠢᠯᠠᠭ᠍ᠰᠠᠨ ᠡᠵᠡᠮᠱᠢᠯ᠎ᠦᠨ ᠱᠢᠰᠲ᠋ᠧᠮ᠎ᠦᠨ ᠬᠤᠤᠰ ᠠᠮᠤᠷ ᠲᠦᠪᠱᠢᠨ᠎ᠦ ᠬᠡᠮ ᠰᠣᠭᠣᠭ᠎ᠢ ᠣᠨᠣᠱᠢᠯᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌》 ᠵᠡᠷᠭᠡ 8 ᠵᠦᠶ᠋ᠯ᠎ᠦᠨ ᠠᠵᠢᠯᠯᠠᠬᠤ ᠠᠷᠭ᠎ᠠ᠎ᠶ᠋ᠢ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ ᠳ᠋ᠦ ᠳᠡᠯᠭᠡᠷᠡᠭᠦᠯᠪᠡ᠃
ᠯᠢᠶᠣᠤ ᠯᠢ ᠵᠢᠤᠸᠠᠨ᠄ 《ᠦᠪᠡᠷ ᠵᠢᠡᠨ ᠯᠠ ᠰᠠᠢᠨ ᠪᠠᠢᠬᠤ ᠨᠢ ᠰᠠᠢᠨ ᠳ᠋ᠤ ᠲᠣᠭᠠᠴᠡᠭ᠍ᠳᠠᠬᠤ ᠦᠭᠡᠢ᠂ ᠪᠦᠯᠬᠦᠮ ᠵᠢᠡᠷ ᠵᠢᠡᠨ ᠰᠠᠢᠨ ᠪᠠᠢᠬᠤ ᠨᠢ ᠰᠠᠶᠢ ᠵᠢᠩᠭᠢᠨᠢ ᠰᠠᠢᠨ》ᠭᠡᠵᠤ ᠦᠷᠭᠦᠯᠵᠢ ᠶᠠᠷᠢᠳᠠᠭ᠃ ᠲᠡᠭᠦᠨ᠎ᠦ ᠱᠠᠪᠢ ᠳᠠᠭᠠᠭᠤᠯᠬᠤ ᠪᠠᠷᠢᠮᠵᠢᠶ᠎ᠠ᠎ᠨᠢ ᠮᠠᠰᠢ ᠦᠨᠳᠦᠷ ᠪᠠᠢᠵᠤ᠂ ᠪᠠᠭ᠎ᠠ ᠭᠡᠮᠳᠦᠯ ᠢ᠋ ᠨᠢᠭᠡ ᠰᠦᠨᠢ ᠳ᠋ᠤ ᠰᠢᠢᠳᠪᠦᠷᠢᠯᠡᠬᠦ᠂ ᠶᠡᠬᠡ ᠬᠡᠮᠳᠦᠯ ᠢ᠋ ᠨᠢᠭᠡ ᠭᠠᠷᠠᠭ ᠲᠤ᠌ ᠰᠢᠢᠳᠪᠦᠷᠢᠯᠡᠬᠦ ᠵᠢ ᠱᠠᠭᠠᠷᠳᠠᠵᠤ᠂ ᠱᠠᠪᠢ ᠨᠠᠷ ᠲᠦ᠍ ᠨᠢ ᠬᠠᠯᠠᠳᠠᠢ ᠰᠠᠨᠠᠭᠳᠠᠳᠠᠭ ᠴᠤ᠌ ᠦᠨᠡᠨ ᠰᠡᠳᠭᠢᠯ᠎ᠡᠴᠡ᠎ᠪᠡᠨ ᠪᠢᠱᠢᠷᠡᠳᠡᠭ ᠠᠵᠢ᠃
ᠲᠡᠭᠦᠨ᠎ᠦ ᠳᠠᠭᠠᠭᠤᠯᠭ᠎ᠠ ᠳᠤᠤᠷ᠎ᠠ ᠪᠦᠯᠬᠦᠮ᠎ᠦᠨ᠎ᠬᠢᠨ ᠲᠣᠨᠣᠭ ᠲᠥᠬᠥᠭᠡᠷᠦᠮᠵᠢ᠎ᠶ᠋ᠢᠨ ᠶᠡᠬᠡ ᠳᠤᠮᠳᠠ ᠵᠠᠰᠠᠯᠲᠠ᠎ᠵᠢ 60 ᠭᠠᠷᠤᠶ ᠪᠡᠶᠡᠯᠡᠭᠦᠯᠵᠤ᠂ 7 ᠲᠥᠷᠥᠯ ᠵᠦᠶ᠋ᠯ ᠢ᠋ ᠱᠢᠨᠡᠳᠭᠡᠨ ᠥᠭᠡᠷᠡᠴᠢᠯᠡᠬᠦ᠌᠂ 6 ᠲᠥᠷᠥᠯ ᠵᠦᠶ᠋ᠯ ᠢ᠋ ᠪᠡᠶ᠎ᠠ ᠪᠠᠨ ᠳᠠᠭᠠᠭᠠᠵᠤ ᠰᠤᠳᠤᠯᠤᠨ ᠨᠡᠬᠡᠬᠡᠵᠤ᠂ ᠤᠯᠤᠰ᠎ᠤᠨ ᠲᠤᠰᠭᠠᠶ ᠠᠱᠢᠭ᠎ᠤᠨ ᠡᠷᠭᠡ ᠵᠢ 10 ᠭᠥᠷᠳᠡᠵᠦ᠍᠂ 8 ᠥᠭᠦᠯᠡᠯ ᠨᠡᠢᠲᠡᠯᠡᠵᠦ᠍᠂ ᠨᠡᠢᠲᠡ 5000 ᠭᠠᠷᠤᠶ ᠲᠦᠮᠡᠨ ᠲᠥᠭᠥᠷᠢᠭ ᠤᠨ ᠠᠵᠤ ᠠᠬᠤᠶ᠎ᠶ᠋ᠢᠨ ᠦᠷ᠎ᠡ ᠠᠱᠢᠭ᠎ᠢ ᠡᠭᠦᠳᠪᠡ᠃
ᠣᠳᠣᠬᠠᠨ᠎ᠳᠤ ᠲᠡᠭᠦᠨ᠎ᠦ ᠬᠥᠮᠦᠵᠢᠭᠦᠯᠦᠭ᠌ᠰᠡᠨ 20 ᠭᠠᠷᠤᠢ ᠱᠠᠪᠢ ᠨᠢ ᠤᠯᠤᠰ᠎ᠤᠨ ᠬᠣᠶᠠᠳᠤᠭᠠᠷ ᠲᠦᠷᠦᠯ᠂ ᠮᠤᠵᠢ ᠶᠠᠮᠤᠨ᠎ᠤ ᠲᠡᠰ᠎ᠤᠨ ᠮᠡᠷᠭᠡᠵᠢᠯ᠎ᠦᠨ ᠤᠷᠤᠯᠳᠤᠭᠠᠨ᠎ᠳᠤ ᠤᠯᠠᠨ ᠤᠳᠠᠭ᠎ᠠ ᠮᠠᠩᠯᠠᠢᠯᠠᠵᠤ᠂ 10 ᠭᠠᠷᠤᠢ ᠱᠠᠪᠢ ᠨᠢ 《ᠴᠡᠷᠢᠭ᠎ᠦᠨ ᠵᠡᠪᠰᠡᠭ᠎ᠦᠨ ᠠᠵᠤ ᠦᠢᠯᠡᠳᠪᠦᠷᠢ᠎ᠶ᠋ᠢᠨ ᠪᠦᠯᠦᠭ᠌ᠯᠡᠯ ᠦᠨ ᠮᠡᠷᠭᠡᠵᠢᠯ᠎ᠦᠨ ᠴᠢᠳᠠᠪᠤᠷᠢᠲᠠᠨ》᠂ 《ᠥᠪᠡᠷᠲᠡᠭᠡᠨ ᠵᠠᠰᠠᠬᠤ ᠣᠷᠣᠨ᠎ᠤ ᠵᠠᠯᠠᠭᠤ ᠠᠵᠢᠯ᠎ᠤᠨ ᠪᠠᠢᠷᠢ᠎ᠶ᠋ᠢᠨ ᠴᠢᠳᠠᠪᠤᠷᠢᠲᠠᠨ》᠂ 《ᠪᠦᠬᠦ᠌ ᠤᠯᠤᠰ᠎ᠤᠨ ᠮᠡᠷᠭᠡᠵᠢᠯ᠎ᠦᠨ ᠴᠢᠳᠠᠪᠤᠷᠢᠲᠠᠨ》 ᠵᠡᠷᠭᠡ ᠴᠣᠯᠠ ᠬᠦᠷᠳᠡᠵᠡᠢ《ᠪᠠᠭ᠍ᠰᠢ᠎ᠶ᠋ᠢᠨ ᠵᠢᠭᠠᠭ᠍ᠰᠠᠨ ᠨᠢ ᠮᠡᠷᠭᠡᠵᠢᠯ ᠲᠡᠳᠦᠢ ᠪᠢᠰᠢ᠂ ᠨᠠᠩ ᠴᠤ᠌ ᠨᠢᠭᠡ ᠵᠦᠶ᠋ᠯ᠎ᠦᠨ ᠤᠷᠠᠨ ᠳᠠᠷᠬᠠᠨ᠎ᠤ ᠵᠤᠷᠢᠭ ᠰᠠᠨᠠᠭ᠎ᠠ ᠪᠣᠯᠤᠨ᠎ᠠ 》 ᠭᠡᠵᠤ ᠲᠡᠭᠦᠨ᠎ᠦ ᠱᠠᠪᠢ ᠸᠠᠩ ᠱᠤᠸᠠᠢ ᠰᠤᠷᠪᠤᠯᠵᠢᠯᠠᠭ᠍ᠴᠢ᠎ᠳᠤ ᠬᠡᠯᠡᠵᠤ ᠪᠠᠢᠪᠠ᠃