ᠱᠢᠨᠵᠢᠯᠡᠬᠦ᠌ ᠤᠬᠠᠭᠠᠨ᠎ᠤ ᠦᠷ᠎ᠡ ᠪᠦᠲᠦᠭᠡᠯ᠎ᠢ ᠬᠢᠩᠭᠠᠨ᠎ᠤ ᠡᠬᠡ ᠭᠠᠵᠠᠷ᠎ᠲᠤ ᠦᠨᠳᠦᠰᠦᠯᠡᠭᠦᠯᠵᠦ᠍ ᠨᠠᠬᠢᠶᠠᠯᠠᠭᠤᠯᠤᠨ᠎ᠠ
2025-05-20 08:57:04
ᠵᠣᠬᠢᠶᠠᠭ᠍ᠴᠢ᠄
ᠭᠣᠣ ᠮᠢᠨ ᠨᠠ
ᠣᠩᠱᠢᠭ᠍ᠰᠠᠨ ᠣᠳᠠᠭ᠎ᠠ᠄
★★★☆☆

— ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠦ ᠠᠵᠢᠯᠲᠠᠨ᠂ ᠬᠢᠩᠭᠠᠨ ᠠᠢᠮᠠᠭ᠎ᠤᠨ ᠮᠠᠯ ᠠᠵᠤ ᠠᠬᠤᠶ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ᠎ᠤᠨ ᠳᠠᠷᠤᠭ᠎ᠠ ᠱᠢᠤᠢ ᠱᠢᠩ ᠵᠢᠶᠠᠨ᠎ᠢ ᠲᠡᠮᠳᠡᠭ᠌ᠯᠡᠪᠡ

                             

ᠴᠢᠬᠢ ᠰᠠᠭᠤᠯᠭᠠᠬᠤ ᠤᠯᠠᠷᠢᠯ ᠬᠦᠷᠴᠤ ᠢᠷᠡᠬᠦ ᠪᠠᠷ᠂ 5 ᠰᠠᠷ᠎ᠠ᠎ᠶ᠋ᠢᠨ 12 ᠎ᠤ᠋ᠨ ᠣᠷᠣᠶ᠂ ᠬᠢᠩᠭᠠᠨ ᠠᠢᠮᠠᠭ᠎ᠤᠨ ᠮᠠᠯ ᠠᠵᠤ ᠠᠬᠤᠶ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ᠎ᠤᠨ ᠳᠠᠷᠤᠭ᠎ᠠ ᠱᠢᠤᠢ ᠱᠢᠩ ᠵᠢᠶᠠᠨ ᠤᠯᠠᠭᠠᠨᠬᠣᠲᠠ᠎ᠶ᠋ᠢᠨ ᠪᠠᠷᠠᠭᠤᠨ ᠪᠠᠶᠠᠨᠳᠤᠬᠤᠢ ᠭᠠᠴᠠᠭᠠᠨ᠎ᠤ ᠤᠰᠤᠨ ᠲᠤᠲᠤᠷᠭ᠎ᠠ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠠᠭᠤᠷᠢᠨ ᠳ᠋ᠤ ᠬᠦᠷᠴᠦ᠍᠂ ᠲᠤᠷᠱᠢᠯᠲᠠ᠎ᠶ᠋ᠢᠨ ᠲᠠᠷᠢᠶᠠᠨ᠎ᠤ ᠤᠷᠭᠤᠯᠲᠠ᠎ᠶ᠋ᠢᠨ ᠪᠠᠢᠳᠠᠯ᠎ᠢ ᠪᠠᠢᠴᠠᠭᠠᠨ ᠦᠵᠡᠪᠡ᠃ ᠴᠢᠬᠢ ᠪᠣᠢᠵᠢᠭᠤᠯᠬᠤ ᠬᠦᠯᠡᠮᠵᠢ᠎ᠶ᠋ᠢᠨ ᠳᠣᠲᠣᠷ᠎ᠠ᠂ ᠤᠳᠠᠬᠤ ᠦᠭᠡᠢ ᠰᠠᠭᠤᠯᠭᠠᠬᠤ ᠭᠡᠵᠦ᠍ ᠪᠠᠢᠭ᠎ᠠ ᠲᠤᠳᠤᠷᠭᠠᠨ ᠴᠢᠬᠢ ᠬᠦᠭᠡᠷᠡᠨ ᠨᠤᠭᠤᠭᠠᠷᠠᠨ᠎ᠠ᠃ 《ᠡᠨᠡ ᠬᠦ᠌ ᠲᠤᠷᠱᠢᠯᠲᠠ᠎ᠶ᠋ᠢᠨ ᠲᠠᠷᠢᠶ᠎ᠠ ᠨᠢ ᠬᠢᠩᠭᠠᠨ ᠠᠢᠮᠠᠭ᠎ᠤᠨ ᠤᠰᠤᠨ ᠲᠤᠲᠤᠷᠭ᠎ᠠ᠎ᠶ᠋ᠢᠨ ᠠᠵᠤ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢᠨ ᠬᠦᠰᠡᠯ ᠡᠷᠡᠮᠡᠯᠵᠡᠯ᠎ᠢ ᠠᠴᠢᠶᠠᠯᠠᠵᠤ ᠪᠠᠢᠨ᠎ᠠ》 ᠭᠡᠵᠦ ᠱᠢᠤᠢ ᠱᠢᠩ ᠵᠢᠶᠠᠨ ᠨᠣᠮᠢᠨ ᠨᠣᠭᠣᠭᠠᠨ ᠲᠤᠲᠤᠷᠭ᠎ᠠ᠎ᠶ᠋ᠢᠨ ᠴᠢᠬᠢ᠎ᠶ᠋ᠢ ᠬᠥᠩᠭᠡᠬᠡᠨ ᠢᠯᠪᠢᠵᠦ᠍ ᠶᠠᠷᠢᠨ᠎ᠠ ᠃

ᠬᠢᠩᠭᠠᠨ ᠠᠢᠮᠠᠭ᠎ᠤᠨ ᠮᠠᠯ ᠠᠵᠤ ᠠᠬᠤᠶ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ ᠨᠢ ᠣᠷᠣᠨ ᠨᠤᠲᠤᠭ᠎ᠤᠨ 《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢᠶᠡᠷ ᠬᠦᠳᠡᠭᠡ ᠠᠵᠤ ᠠᠬᠤᠢ ᠵᠢ ᠬᠥᠭ᠌ᠵᠢᠭᠦᠯᠬᠦ᠌》 ᠭᠣᠣᠯ ᠬᠦᠴᠦᠨ ᠪᠣᠯᠤᠭ᠍ᠰᠠᠨ᠎ᠤ ᠬᠤᠪᠢ᠎ᠳᠤ᠂ ᠮᠠᠰᠢ ᠤᠯᠠᠨ ᠤᠯᠤᠰ᠎ᠤᠨ ᠲᠡᠰ᠂ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠪᠣᠭᠣᠮᠲᠠ ᠱᠢᠪᠲᠤᠯᠬᠤ ᠲᠦᠷᠦᠯ ᠵᠦᠢᠯ᠎ᠢ ᠡᠭᠦᠷᠭᠡᠯᠡᠵᠦ᠍ ᠪᠤᠢ᠃ ᠳᠤᠮᠳᠠᠳᠤ ᠤᠯᠤᠰ᠎ᠤᠨ ᠠᠮᠤ ᠪᠤᠳᠠᠭᠠᠨ᠎ᠳᠤ ᠴᠢᠨᠠᠷ ᠰᠠᠢᠲᠠᠢ ᠥᠨᠳᠥᠷ ᠤᠨᠠᠯᠲᠠ᠎ᠲᠠᠶ 《ᠳᠤᠮᠳᠠᠳᠤ ᠤᠯᠤᠰ᠎ᠤᠨ ᠦᠷ᠎ᠡ》 ᠵᠢ ᠬᠡᠷᠡᠭ᠌ᠯᠡᠬᠦ᠌ ᠨᠢ ᠨᠡᠩ ᠴᠤ᠌ ᠱᠢᠤᠢ ᠱᠢᠩ ᠵᠢᠶᠠᠨ᠎ᠤ ᠬᠤᠪᠢᠷᠠᠰᠢ ᠦᠭᠡᠢ ᠬᠥᠭᠡᠭᠡᠴᠡᠯᠳᠦᠯ ᠪᠣᠯᠤᠨ᠎ᠠ᠃ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠰᠡᠳᠦᠪ ᠢ᠋ ᠲᠤᠭᠳᠠᠭᠠᠬᠤ᠎ᠡᠴᠡ ᠦᠷ᠎ᠡ ᠪᠣᠢᠵᠢᠭᠤᠯᠬᠤ ᠬᠦᠷᠲᠡᠯ᠎ᠡ᠂ ᠲᠠᠬᠢᠭᠠᠳ ᠤᠰᠤᠨ ᠲᠤᠲᠤᠷᠭ᠎ᠠ᠎ᠶ᠋ᠢᠨ ᠴᠢᠬᠢ ᠰᠠᠭᠤᠯᠭᠠᠬᠤ ᠪᠠ ᠬᠤᠷᠢᠶᠠᠬᠤ ᠬᠦᠷᠲᠡᠯ᠎ᠡ᠂ ᠭᠣᠭ᠍ᠴᠣᠭ᠎ᠠ ᠪᠦᠷᠢ᠎ᠳᠦ ᠲᠡᠷᠡ ᠴᠥᠮ ᠴᠢᠩᠭ᠎ᠠ ᠬᠢᠨᠠᠯᠲᠠ ᠲᠠᠯᠪᠢᠪᠠ;  ᠰᠤᠳᠤᠯᠭᠠᠨ᠎ᠤ ᠭᠠᠵᠠᠷ᠎ᠤᠨ ᠲᠤᠷᠱᠢᠯᠲᠠ᠎ᠶ᠋ᠢᠨ ᠲᠠᠷᠢᠶ᠎ᠠ᠂ ᠡᠯ᠎ᠡ ᠭᠠᠵᠠᠷ᠎ᠤᠨ ᠥᠨᠳᠥᠷ ᠤᠨᠠᠯᠲᠠ᠎ᠶ᠋ᠢᠨ ᠵᠢᠱ᠌ᠢᠶ᠎ᠡ ᠦᠵᠡᠭᠦᠯᠬᠦ᠌ ᠲᠠᠷᠢᠶ᠎ᠠ᠂ ᠱᠢᠨ᠎ᠡ ᠡᠬᠦᠯᠳᠡᠷ᠎ᠢ ᠳᠡᠯᠭᠡᠷᠡᠭᠦᠯᠬᠦ᠌ ᠲᠤᠷᠱᠢᠯᠲᠠ᠎ᠶ᠋ᠢᠨ ᠲᠠᠷᠢᠶ᠎ᠠ᠂ ᠬᠡᠰᠡᠭ  ᠪᠦᠷᠢ ᠲᠠᠷᠢᠶ᠎ᠠ᠎ᠳᠦ ᠴᠥᠮ ᠲᠡᠭᠦᠨ᠎ᠦ ᠤᠯᠠ ᠮᠥᠷ᠎ᠨᠢ ᠦᠯᠡᠳᠡᠭ᠌ᠰᠡᠨ ᠪᠠᠢᠨ᠎ᠠ᠃

《ᠱᠢᠤᠢ ᠳᠠᠷᠤᠭ᠎ᠠ ᠤᠯᠤᠰ᠎ᠤᠨ ᠤᠰᠤᠨ ᠲᠤᠲᠤᠷᠭ᠎ᠠ᠎ᠶ᠋ᠢᠨ ᠠᠵᠤ ᠦᠶ᠋ᠯᠡᠰ᠎ᠦᠨ ᠮᠡᠷᠭᠡᠵᠢᠯ᠎ᠦᠨ ᠱᠢᠰᠲ᠋ᠧᠮ᠎ᠦᠨ ᠬᠢᠩᠭᠠᠨ ᠠᠢᠮᠠᠭ᠎ᠤᠨ ᠶᠡᠷᠦᠩᠬᠡᠢᠯᠡᠭ᠌ᠰᠡᠨ ᠲᠤᠷᠱᠢᠯᠲᠠ᠎ᠶ᠋ᠢᠨ ᠥᠷᠲᠡᠭᠡ᠎ᠶ᠋ᠢᠨ ᠳᠠᠷᠤᠭ᠎ᠠ᠎ᠶ᠋ᠢᠨ ᠬᠤᠪᠢ᠎ᠪᠠᠷ᠂ ᠪᠢᠳᠡᠨ᠎ᠢ ᠳᠠᠭᠠᠭᠤᠯᠤᠨ ᠰᠠᠢᠨ ᠡᠭᠦᠯᠳᠡᠷ ᠰᠠᠢᠨ ᠠᠷᠭ᠎ᠠ᠎ᠶ᠋ᠢ ᠢᠵᠢ ᠪᠦᠷᠢᠳᠦᠭᠦᠯᠬᠦ᠌᠂ ᠲᠠᠷᠢᠶᠠᠯᠠᠩ᠎ᠤᠨ ᠮᠠᠱᠢᠨ ᠲᠠᠷᠢᠶᠠᠯᠠᠩ᠎ᠤᠨ ᠮᠡᠷᠭᠡᠵᠢᠯ᠎ᠢ ᠠᠭᠤᠰᠤᠯᠴᠠᠭᠤᠯᠬᠤ᠎ᠪᠠᠷ ᠳᠠᠮᠵᠢᠨ ᠤᠰᠤᠨ ᠲᠤᠲᠤᠷᠭ᠎ᠠ᠎ᠶ᠋ᠢᠨ〈ᠮᠥ᠍ ᠪᠦᠷᠢ᠎ᠶ᠋ᠢᠨ ᠤᠨᠠᠯᠲᠠ᠎ᠶ᠋ᠢ 100 ᠺᠢᠯᠣᠭ᠌ᠷᠠᠮ ᠨᠡᠮᠡᠭ᠌ᠳᠡᠭᠦᠯᠬᠦ᠌〉ᠮᠡᠷᠭᠡᠵᠢᠯ᠎ᠦᠨ ᠵᠠᠭ᠍ᠪᠤᠷ᠎ᠢ ᠪᠦᠷᠢᠯᠳᠦᠭᠦᠯᠪᠡ》 ᠭᠡᠵᠦ ᠬᠢᠩᠭᠠᠨ ᠠᠢᠮᠠᠭ᠎ᠤᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ᠎ᠤᠨ ᠤᠰᠤᠨ ᠲᠤᠲᠤᠷᠭ᠎ᠠ ᠰᠤᠳᠤᠯᠬᠤ ᠲᠠᠰᠤᠭ᠎ᠤᠨ ᠳᠡᠳ᠋ ᠰᠤᠳᠤᠯᠤᠭ᠍ᠴᠢ ᠰᠦᠨ ᠤᠷᠠᠨ᠎ᠠ ᠬᠡᠯᠡᠪᠡ᠃ ᠡᠨᠡ ᠵᠢᠯ᠂ ᠰᠤᠳᠤᠯᠭᠠᠨ᠎ᠤ ᠭᠠᠵᠠᠷ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠠᠢᠮᠠᠭ᠎ᠤᠨ ᠲᠣᠰ ᠱᠠᠲᠤᠨ᠎ᠤ  ᠣᠯᠠᠨ ᠵᠦᠶ᠋ᠯ᠎ᠦᠨ ᠤᠰᠤᠨ ᠲᠤᠲᠤᠷᠭ᠎ᠠ᠎ᠶ᠋ᠢᠨ ᠲᠤᠷᠱᠢᠯᠲᠠ᠎ᠶ᠋ᠢ ᠡᠭᠦᠷᠭᠡᠯᠡᠵᠦ᠍᠂ ᠢᠷᠡᠬᠦ᠌ 3 ᠵᠢᠯ᠎ᠦᠨ ᠳᠣᠲᠣᠷ᠎ᠠ ᠪᠠᠰᠠ 13 ᠬᠤᠪᠢ ᠥᠪᠡᠷ ᠲᠡᠭᠡᠨ ᠪᠣᠢᠵᠢᠭᠤᠯᠬᠤ ᠱᠢᠨ᠎ᠡ ᠡᠭᠦᠯᠳᠡᠷ᠎ᠦᠨ ᠤᠰᠤᠨ ᠲᠤᠲᠤᠷᠭ᠎ᠠ᠎ᠶ᠋ᠢ ᠵᠠᠯᠭᠠᠭ᠎ᠠ᠎ᠪᠠᠷ ᠬᠢᠨᠠᠨ ᠲᠣᠭ᠍ᠲᠠᠭᠠᠬᠤ ᠪᠣᠯᠤᠨ᠎ᠠ᠃

ᠬᠢᠩᠭᠠᠨ ᠠᠢᠮᠠᠭ᠎ᠤᠨ ᠮᠠᠯ ᠠᠵᠤ ᠠᠬᠤᠶ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ᠎ᠤᠨ ᠳᠠᠷᠤᠭ᠎ᠠ᠎ᠶ᠋ᠢᠨ ᠲᠤᠱᠢᠶᠠᠯ᠎ᠢ ᠡᠭᠦᠷᠭᠡᠯᠡᠭ᠌ᠰᠡᠨ᠎ᠡᠴᠡ ᠨᠠᠭᠠᠰᠢ᠂ ᠱᠢᠤᠢ ᠱᠢᠩ ᠵᠢᠶᠠᠨ ᠦᠷ᠎ᠡ᠎ᠶ᠋ᠢᠨ ᠦᠢᠯᠡᠰ᠎ᠦᠨ《ᠪᠣᠭᠣᠮᠢ》 ᠪᠤᠯᠵᠤ ᠪᠠᠢ᠌ᠭ᠎ᠠ ᠮᠡᠷᠭᠡᠵᠢᠯ᠎ᠢ ᠱᠢᠪᠲᠤᠯᠬᠤ᠎ᠪᠠᠷ ᠬᠠᠷᠠᠯᠲᠠ ᠪᠣᠯᠭᠠᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ ᠪᠣᠯᠤᠨ ᠱᠢᠨ᠎ᠡ᠎ᠶ᠋ᠢ ᠡᠭᠦᠳᠬᠦ᠌ ᠡᠬᠢ ᠪᠠᠶᠠᠯᠢᠭ᠎ᠢ ᠨᠡᠢᠳᠭᠡᠵᠦ᠍᠂ ᠪᠦᠯᠬᠦᠮ᠎ᠢᠶᠡᠨ ᠳᠠᠭᠠᠭᠤᠯᠤᠨ ᠪᠦᠬᠦ᠌ ᠤᠯᠤᠰ᠎ᠤᠨ ᠲᠦᠷᠦᠭᠦᠦ ᠪᠦᠯᠦᠭ ᠠᠮᠢᠳᠤ ᠪᠣᠳᠠᠰ᠎ᠤᠨ ᠦᠷ᠎ᠡ ᠪᠣᠢᠵᠢᠭᠤᠯᠬᠤ ᠠᠵᠤ ᠦᠢᠯᠡᠰᠵᠢᠭᠦᠯᠦᠨ ᠬᠡᠷᠡᠭ᠌ᠯᠡᠬᠦ᠌ ᠮᠡᠷᠭᠡᠵᠢᠯ᠎ᠦᠨ ᠬᠦᠴᠦᠨ ᠪᠤᠯᠵᠤ᠂ ᠡᠷᠳᠡᠨᠢ ᠱᠢᠰᠢ᠂ ᠱᠢᠷ᠎ᠠ ᠪᠤᠷᠴᠠᠭ᠎ᠤᠨ ᠠᠮᠢᠳᠤ ᠪᠣᠳᠠᠰ᠎ᠤᠨ ᠦᠷ᠎ᠡ ᠪᠣᠢᠵᠢᠭᠤᠯᠬᠤ ᠱᠢᠨ᠎ᠡ ᠡᠭᠦᠯᠳᠡᠷ᠎ᠦᠨ ᠲᠠᠷᠢᠶᠠᠨ ᠭᠠᠵᠠᠷ᠎ᠤᠨ ᠲᠤᠷᠱᠢᠯᠲᠠ ᠪᠣᠯᠤᠨ ᠵᠢᠱ᠌ᠢᠶ᠎ᠡ ᠦᠵᠡᠭᠦᠯᠬᠦ᠌ ᠠᠵᠢᠯ᠎ᠢ ᠥᠷᠨᠢᠭᠦᠯᠵᠦ᠍᠂ ᠬᠢᠩᠭᠠᠨ ᠠᠢᠮᠠᠭ᠎ᠤᠨ ᠲᠠᠷᠢᠶᠠᠯᠠᠩ᠎ᠤᠨ ᠴᠢᠨᠠᠷ ᠰᠠᠢᠲᠠᠢ ᠬᠥᠭ᠌ᠵᠢᠯᠲᠡ ᠪᠣᠯᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠪᠡ᠃

2024 ᠣᠨ᠎ᠳᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ 14 ᠲᠥᠷᠥᠯ ᠵᠦᠶ᠋ᠯ᠂ ᠮᠡᠷᠭᠡᠵᠢᠯ᠎ᠦᠨ ᠰᠤᠳᠤᠯᠭᠠᠨ ᠪᠠ ᠵᠢᠱ᠌ᠢᠶ᠎ᠡ ᠦᠵᠡᠭᠦᠯᠬᠦ᠌ 10 ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠮᠣᠯᠧᠺᠦ᠋ᠯ᠎ᠦᠨ ᠲᠡᠮᠳᠡᠭ᠎ᠢ 6 ᠨᠡᠭᠡᠭᠡᠨ ᠬᠥᠭ᠌ᠵᠢᠭᠦᠯᠵᠦ᠍᠂ ᠤᠰᠤᠨ ᠲᠤᠲᠤᠷᠭ᠎ᠠ᠎ᠶ᠋ᠢᠨ ᠱᠢᠨ᠎ᠡ ᠡᠭᠦᠯᠳᠡᠷ 2᠂ ᠱᠢᠷ᠎ᠠ ᠪᠤᠷᠴᠠᠭ᠎ᠤᠨ ᠱᠢᠨ᠎ᠡ ᠡᠭᠦᠯᠳᠡᠷ 3 ᠎ᠶ᠋ᠢ ᠬᠢᠨᠠᠨ ᠲᠣᠭ᠍ᠲᠠᠭᠠᠪᠠ; 10 ᠬᠤᠪᠢ ᠬᠤᠵᠢᠷᠯᠢᠭ᠎ᠲᠤ ᠴᠢᠩᠭ᠎ᠠ ᠳᠠᠭᠠᠭᠠᠮᠠᠭᠠᠶ ᠴᠢᠨᠠᠷ ᠰᠠᠢᠲᠠᠶ ᠱᠢᠷ᠎ᠠ ᠪᠤᠷᠴᠠᠭ᠎ᠤᠨ ᠱᠢᠨ᠎ᠡ ᠦᠷ᠎ᠡ ᠡᠳ᠋᠎ᠦᠨ ᠮᠠᠲ᠋ᠧᠷᠢᠶᠠᠯ ᠪᠠ 4 ᠵᠦᠶ᠋ᠯ᠎ᠦᠨ ᠬᠤᠵᠢᠷᠯᠢᠭ᠎ᠲᠤ ᠳᠠᠭᠠᠭᠠᠮᠠᠭᠠᠶ ᠲᠡᠵᠢᠭᠡᠯ ᠡᠪᠡᠰᠦᠨ᠎ᠦ ᠦᠷ᠎ᠡ ᠡᠳ᠋᠎ᠦᠨ ᠡᠬᠢ ᠪᠠᠶᠠᠯᠢᠭ᠎ᠢ ᠱᠢᠭ᠌ᠰᠢᠨ ᠰᠣᠩᠭᠣᠪᠠ; ᠱᠢᠨ᠎ᠡ ᠡᠭᠦᠯᠳᠡᠷ᠂ ᠱᠢᠨ᠎ᠡ ᠮᠡᠷᠭᠡᠵᠢᠯ᠎ᠦᠨ ᠬᠡᠷᠡᠭ᠌ᠯᠡᠭᠡ᠎ᠪᠡᠷ ᠳᠠᠮᠵᠢᠨ ᠠᠵᠤ ᠠᠬᠤᠶ᠎ᠶ᠋ᠢᠨ ᠦᠷ᠎ᠡ ᠠᠱᠢᠭ᠎ᠢ 1.6 ᠳ᠋ᠦᠩᠱᠢᠭᠤᠷ ᠲᠥᠭᠥᠷᠢᠭ ᠨᠡᠮᠡᠭ᠌ᠳᠡᠭᠦᠯᠵᠡᠶ ᠁ ᠲᠣᠭ᠎ᠠ ᠪᠠᠷᠢᠮᠲᠠ᠎ᠶ᠋ᠢᠨ ᠠᠷᠤ᠎ᠳᠤ᠂ ᠱᠢᠤᠢ ᠱᠢᠩ ᠵᠢᠶᠠᠨ ᠪᠣᠯᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠯᠬᠦᠮ᠎ᠦᠨ ᠲᠤᠷᠱᠢᠯᠲᠠ᠎ᠶ᠋ᠢᠨ ᠲᠠᠰᠤᠭ ᠬᠢᠭᠡᠳ ᠲᠤᠷᠱᠢᠯᠲᠠ᠎ᠶ᠋ᠢᠨ ᠲᠠᠷᠢᠶᠠᠨ ᠭᠠᠵᠠᠷ᠎ᠤᠨ ᠬᠣᠭᠣᠷᠣᠨᠳᠣ ᠬᠡᠳᠦᠨ ᠲᠦᠮᠡᠨ ᠺᠢᠯᠣᠮᠧᠲ᠋ᠷ ᠨᠠᠭᠠᠰᠢ ᠴᠠᠭᠠᠰᠢ ᠶᠠᠪᠤᠵᠤ᠂ ᠨᠠᠩ ᠴᠤ᠌ ᠲᠦᠮᠡ ᠭᠠᠷᠤᠶ ᠬᠤᠪᠢ ᠦᠷ᠎ᠡ᠎ᠶ᠋ᠢᠨ ᠡᠳ᠋ ᠤ᠋ᠨ ᠮᠠᠲ᠋ᠧᠷᠢᠶᠠᠯ᠎ᠢ ᠨᠠᠷᠢᠯᠢᠭ ᠣᠨᠣᠴᠠᠲᠠᠶ᠎ᠪᠠᠷ ᠱᠢᠯᠢᠨ ᠰᠣᠩᠭᠣᠭᠰᠠᠨ ᠨᠦᠷᠢ ᠶᠡᠬᠡ ᠬᠦᠳᠡᠯᠮᠤᠷᠢ ᠪᠤᠢ ᠃

ᠬᠢᠩᠭᠠᠨ ᠠᠢᠮᠠᠭ᠎ᠤᠨ ᠮᠠᠯ ᠠᠵᠤ ᠠᠬᠤᠶ ᠲᠠᠷᠢᠶᠠᠯᠠᠩ ᠤ᠋ᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠭᠠᠵᠠᠷ᠎ᠤᠨ ᠲᠤᠷᠱᠢᠯᠲᠠ᠎ᠶ᠋ᠢᠨ ᠲᠠᠰᠤᠭ᠎ᠲᠤ᠂ ᠱᠢᠨᠵᠢᠯᠡᠬᠦ᠌ ᠤᠬᠠᠭᠠᠨ᠎ᠤ ᠰᠤᠳᠤᠯᠭᠠᠳᠠᠳ ᠶᠠᠭ ᠢᠶᠣᠨ ᠲᠦᠷᠭᠡᠳᠭᠡᠭᠦᠷ᠎ᠢᠶᠡᠷ ᠳᠡᠮᠵᠢᠨ ᠥᠳᠥᠭᠡᠨ ᠬᠤᠪᠢᠷᠠᠭᠤᠯᠤᠭ᠍ᠰᠠᠨ ᠤᠰᠤᠨ ᠲᠤᠲᠤᠷᠭ᠎ᠠ᠎ᠶ᠋ᠢᠨ ᠤᠷᠭᠤᠯᠲᠠ᠎ᠶ᠋ᠢᠨ ᠪᠠᠢᠳᠠᠯ᠎ᠢ ᠪᠠᠢᠴᠠᠭᠠᠨ ᠦᠵᠡᠵᠦ᠍ ᠪᠠᠢᠨ᠎ᠠ᠃ 《ᠱᠢᠤᠢ ᠳᠠᠷᠤᠭ᠎ᠠ᠎ᠶ᠋ᠢᠨ ᠳᠤᠷᠠᠳᠤᠭ᠍ᠰᠠᠨ ᠳᠤᠤᠷ᠎ᠠ ᠺᠠᠳ᠋ᠮᠢ ᠱᠢᠩᠭᠡᠭᠡᠯᠲᠡ ᠨᠢ ᠥᠨᠳᠥᠷ ᠢᠳᠡᠭᠡᠨ᠎ᠦ ᠲᠥᠷᠥᠯ ᠵᠦᠶ᠋ᠯ᠎ᠢ ᠰᠣᠩᠭᠣᠨ ᠪᠣᠢᠵᠢᠭᠤᠯᠬᠤ ᠰᠡᠳᠭᠢᠮᠵᠢ᠎ᠨᠢ ᠪᠢᠳᠡᠨ᠎ᠳᠦ ᠱᠢᠨ᠎ᠡ ᠰᠤᠳᠤᠯᠭᠠᠨ᠎ᠤ ᠴᠢᠭ᠌ᠯᠡᠯ᠎ᠢ ᠬᠠᠩᠭᠠᠪᠠ》 ᠬᠡᠵᠤ ᠬᠢᠩᠭᠠᠨ ᠠᠢᠮᠠᠭ᠎ᠤᠨ ᠲᠠᠷᠢᠶᠠᠯᠠᠩ᠎ᠤᠨ ᠰᠤᠳᠤᠯᠭᠠᠨ᠎ᠤ ᠭᠠᠵᠠᠷ᠎ᠤᠨ ᠡᠬᠢ ᠪᠠᠶᠠᠯᠢᠭ ᠣᠷᠴᠢᠨ ᠲᠣᠭᠣᠷᠢᠨ ᠬᠢᠭᠡᠳ ᠪᠠᠢᠴᠠᠭᠠᠨ ᠬᠡᠮᠵᠢᠬᠦ᠌ ᠮᠡᠷᠭᠡᠵᠢᠯ᠎ᠦᠨ ᠰᠤᠳᠤᠯᠬᠤ ᠲᠠᠰᠤᠭ᠎ᠤᠨ ᠡᠷᠬᠢᠯᠡᠭ᠌ᠴᠢ ᠸᠠᠩ ᠱᠢᠶᠤᠤ ᠵᠢᠩ ᠲᠤᠷᠱᠢᠯᠲᠠ᠎ᠶ᠋ᠢᠨ ᠦᠷ᠎ᠡ ᠳ᠋ᠦᠩ᠎ᠳᠦ ᠬᠦᠰᠡᠯ ᠡᠷᠡᠮᠡᠯᠵᠡᠯ ᠳᠦᠭᠦᠷᠡᠩ ᠪᠠᠢᠯ᠎ᠠ᠃

ᠠᠵᠢᠯ ᠶᠠᠪᠤᠳᠠᠯ᠎ᠨᠢ ᠬᠡᠳᠦᠢᠪᠡᠷ ᠶᠠᠭᠠᠷᠠᠤ ᠪᠣᠯᠪᠠᠴᠤ᠌᠂ ᠱᠢᠤᠢ ᠱᠢᠩ ᠵᠢᠶᠠᠨ ᠮᠥᠨ ᠯᠡ ᠵᠠᠯᠠᠭᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠳ᠎ᠢ ᠬᠦᠯᠢᠴᠡᠩᠭᠦᠢ᠎ᠪᠡᠷ ᠵᠢᠯᠣᠭᠣᠳᠤᠨ ᠲᠤᠷᠱᠢᠯᠲᠠ᠎ᠶ᠋ᠢᠨ ᠵᠢᠷᠤᠭ ᠲᠥᠯᠥᠪᠯᠡᠭᠡ᠂ ᠲᠣᠭ᠎ᠠ ᠪᠠᠷᠢᠮᠲᠠ᠎ᠶ᠋ᠢᠨ ᠵᠠᠳᠠᠯᠤᠯᠲᠠ ᠪᠣᠯᠤᠨ ᠮᠡᠷᠭᠡᠵᠢᠯ᠎ᠦᠨ ᠪᠣᠭᠣᠮᠲᠠ ᠱᠢᠪᠲᠤᠯᠬᠤ ᠳᠤᠮᠳᠠᠬᠢ ᠬᠦᠴᠢᠷ ᠠᠰᠠᠭᠤᠳᠠᠯ᠎ᠢ ᠱᠢᠢᠳᠪᠦᠷᠢᠯᠡᠵᠦ᠍᠂ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠴᠢᠳᠠᠪᠤᠷᠢᠲᠠᠨ᠎ᠤ ᠡᠩᠨᠡᠭᠡ ᠪᠣᠯᠤᠨ ᠲᠠᠪᠴᠠᠩ᠎ᠤᠨ ᠪᠠᠢᠭᠤᠯᠤᠯᠲᠠ᠎ᠶ᠋ᠢ ᠠᠬᠢᠭᠤᠯᠪᠠ᠃ ᠰᠤᠳᠤᠯᠭᠠᠨ᠎ᠤ ᠭᠠᠵᠠᠷ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠠᠪᠴᠠᠩ᠎ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠴᠢᠳᠠᠪᠤᠷᠢᠲᠠᠨ᠎ᠤ ᠡᠩᠨᠡᠭᠡ᠎ᠶ᠋ᠢ ᠲᠠᠰᠤᠷᠠᠯᠲᠠ ᠥᠬᠡᠶ ᠱᠢᠯᠢᠳᠡᠭ᠌ᠵᠢᠭᠦᠯᠬᠦ᠌᠎ᠶ᠋ᠢᠨ ᠲᠥᠯᠥᠭᠡ᠂ ᠱᠢᠤᠢ ᠱᠢᠩ ᠵᠢᠶᠠᠨ 12 ᠲᠤᠷᠱᠢᠯᠲᠠ᠎ᠶ᠋ᠢᠨ ᠥᠷᠲᠡᠭᠡ᠂ 7 ᠱᠢᠨ᠎ᠡ᠎ᠶ᠋ᠢ ᠡᠭᠦᠳᠬᠦ᠌ ᠲᠥᠪ᠂ 2 ᠦᠶ᠋ᠯᠡᠳᠪᠦᠷᠢᠯᠡᠯ᠎ᠦᠨ ᠰᠤᠳᠤᠯᠭᠠᠨ᠎ᠤ ᠬᠦᠷᠢᠶᠡᠯᠡᠩ᠂ 1 ᠭᠤᠤᠯᠳᠠᠯᠭ᠎ᠠ᠎ᠲᠠᠶ ᠲᠤᠷᠱᠢᠯᠲᠠ᠎ᠶ᠋ᠢᠨ ᠲᠠᠰᠤᠭ ᠪᠠ 2 ᠮᠤᠵᠢ᠎ᠶ᠋ᠢᠨ ᠲᠠᠰ᠎ᠤᠨ ᠵᠢᠱ᠌ᠢᠶ᠎ᠡ ᠦᠵᠡᠭᠦᠯᠬᠦ᠌ ᠰᠠᠭᠤᠷᠢᠨ ᠤ᠋ 24 ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠠᠪᠴᠠᠩ᠎ᠤᠨ ᠪᠠᠢᠭᠤᠯᠤᠯᠲᠠ᠎ᠶ᠋ᠢ ᠢᠳᠡᠪᠬᠢᠲᠡᠶ ᠠᠬᠢᠭᠤᠯᠵᠤ᠂ ᠴᠢᠳᠠᠪᠤᠷᠢᠲᠠᠨ᠎ᠢ 《ᠤᠯᠠᠮᠵᠢᠯᠠᠬᠤ ᠬᠠᠪᠰᠤᠷᠬᠤ ᠳᠠᠭᠠᠭᠤᠯᠬᠤ》 ᠲᠣᠭ᠍ᠲᠠᠴᠠ ᠪᠠ ᠲᠠᠪᠴᠠᠩ᠎ᠤᠨ 《ᠬᠠᠲᠠᠭᠤ ᠲᠤᠯᠭᠠᠭᠤᠷᠢᠯᠠᠯ》 ᠢ᠋ ᠤᠶᠠᠯᠳᠤᠭᠤᠯᠬᠤ ᠵᠠᠭ᠍ᠪᠤᠷ᠎ᠢ ᠪᠣᠶ ᠪᠣᠯᠭᠠᠬᠤ᠎ᠪᠠᠷ ᠳᠠᠮᠵᠢᠨ᠂ ᠮᠠᠯ ᠠᠵᠤ ᠠᠬᠤᠶ ᠲᠠᠷᠢᠶᠠᠯᠠᠩ ᠤ᠋ᠨ ᠬᠦᠷᠢᠶᠡᠨ᠎ᠳ᠋ᠡᠬᠢ ᠵᠠᠩᠭᠢᠯᠠᠭ᠎ᠠ᠎ᠶ᠋ᠢᠨ ᠮᠡᠷᠭᠡᠵᠢᠯ᠎ᠦᠨ ᠪᠣᠭᠣᠮᠲᠠ ᠱᠢᠪᠲᠤᠯᠬᠤ᠎ᠳᠤ ᠬᠦᠴᠦᠷᠬᠡᠭ ᠶᠡᠬᠡ ᠬᠥᠳᠡᠯᠭᠡᠬᠦ᠌  ᠬᠦᠴᠦᠨ ᠨᠡᠮᠡᠷᠢᠯᠡᠪᠡ᠃

ᠬᠢᠩᠭᠠᠨ ᠠᠢᠮᠠᠭ᠎ᠤᠨ ᠵᠢᠶᠠ ᠾᠧ ᠠᠮᠤ ᠪᠤᠳᠠᠭᠠᠨ᠎ᠤ ᠬᠢᠵᠠᠭᠠᠷᠲᠤ ᠺᠣᠮᠫᠠᠨᠢ᠎ᠶ᠋ᠢᠨ ᠮᠡᠷᠭᠡᠵᠢᠯ᠎ᠦᠨ ᠶᠡᠷᠦᠩᠬᠡᠢ ᠬᠢᠨᠠᠭ᠍ᠴᠢ ᠲᠠᠩ ᠵᠦᠩ ᠯᠢᠨ᠄《ᠱᠢᠤᠢ ᠳᠠᠷᠤᠭ᠎ᠠ ᠡᠨᠡ ᠬᠡᠳᠦᠨ ᠵᠢᠯ ᠪᠢᠳᠡᠨ᠎ᠳᠦ ᠮᠠᠰᠢ ᠶᠡᠬᠡ ᠬᠠᠪᠰᠤᠷᠤᠯᠭ᠎ᠠ ᠦᠵᠡᠭᠦᠯᠵᠡᠶ᠂ ᠰᠤᠳᠤᠯᠭᠠᠨ᠎ᠤ ᠭᠠᠵᠠᠷ᠎ᠲᠠᠶ ᠬᠠᠮᠲᠤᠷᠠᠯᠴᠠᠭᠠᠨ᠎ᠤ ᠬᠠᠷᠢᠴᠠᠭ᠎ᠠ ᠪᠠᠢᠭᠤᠯᠤᠭ᠍ᠰᠠᠨ᠎ᠡᠴᠡ ᠨᠠᠭᠠᠰᠢ᠂ ᠮᠠᠨ᠎ᠤ ᠠᠵᠤ ᠠᠬᠤᠢᠯᠠᠯ ᠱᠢᠨ᠎ᠡ ᠡᠭᠦᠯᠳᠡᠷ᠎ᠢ ᠣᠷᠣᠭᠤᠯᠤᠨ ᠠᠪᠴᠢᠷᠠᠬᠤ᠂ ᠱᠢᠨ᠎ᠡ ᠮᠡᠷᠭᠡᠵᠢᠯ᠎ᠢ ᠬᠡᠷᠡᠭ᠌ᠯᠡᠬᠦ᠌᠂ ᠴᠢᠨᠠᠷ ᠰᠠᠢᠲᠠᠶ ᠲᠤᠲᠤᠷᠭ᠎ᠠ᠎ᠶ᠋ᠢᠨ ᠭᠠᠷᠤᠯᠲᠠ᠎ᠶ᠋ᠢᠨ ᠨᠣᠷᠮ᠎ᠠ᠎ᠶ᠋ᠢ ᠢᠯᠡᠳᠲᠡ ᠳᠡᠭᠡᠭ᠌ᠰᠢᠯᠡᠭᠦᠯᠪᠡ》 ᠬᠡᠵᠤ ᠲᠠᠯᠠᠷᠬᠠᠨ ᠬᠡᠯᠡᠨ᠎ᠡ᠃

ᠲᠤᠷᠱᠢᠯᠲᠠ᠎ᠶ᠋ᠢᠨ ᠥᠷᠲᠡᠭᠡ ᠪᠠ ᠰᠤᠳᠤᠯᠭᠠᠨ᠎ᠤ ᠭᠠᠵᠠᠷ᠎ᠤᠨ ᠠᠵᠢᠯ᠎ᠢ ᠪᠡᠶᠡᠯᠡᠭᠦᠯᠬᠦ᠌᠎ᠶ᠋ᠢᠨ ᠬᠠᠮᠲᠤ᠂ ᠤᠯᠤᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠭᠤᠤᠯᠳᠠᠯᠭ᠎ᠠ᠎ᠲᠠᠶ ᠬᠠᠪᠰᠤᠷᠤᠨ ᠲᠡᠳᠬᠦᠬᠦ᠌ ᠱᠢᠶᠠᠨ᠎ᠤ ᠵᠠᠯᠠᠢᠳ ᠬᠣᠱᠢᠭᠤ᠎ᠶ᠋ᠢᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠣᠮᠢᠯᠠᠭ᠍ᠰᠠᠨ ᠪᠦᠯᠬᠦᠮ᠎ᠦᠨ ᠳᠠᠷᠤᠭ᠎ᠠ ᠪᠣᠯᠤᠭ᠍ᠰᠠᠨ᠎ᠤ ᠬᠤᠪᠢ᠎ᠳᠤ᠂ ᠱᠢᠤᠢ ᠱᠢᠩ ᠵᠢᠶᠠᠨ ᠪᠠᠰᠠ ᠪᠦᠯᠬᠦᠮ᠎ᠢᠶᠡᠨ ᠳᠠᠭᠠᠭᠤᠯᠤᠨ ᠲᠣᠭ᠍ᠲᠠᠮᠠᠯ ᠬᠤᠭᠤᠴᠠᠭ᠎ᠠ᠎ᠲᠠᠶ᠎ᠪᠠᠷ ᠪᠥᠬᠥ᠌ ᠠᠢᠮᠠᠭ᠎ᠤᠨ ᠡᠯ᠎ᠡ ᠭᠠᠵᠠᠷ᠎ᠲᠤ ᠭᠦᠨᠵᠡᠭᠡᠢᠷᠡᠵᠦ᠍᠂ ᠪᠣᠯᠪᠠᠰᠤᠷᠠᠯ᠎ᠤᠨ ᠠᠩᠭᠢ ᠪᠠ ᠲᠤᠬᠠᠶ᠎ᠶ᠋ᠢᠨ ᠲᠠᠯᠠᠪᠠᠶ᠎ᠶ᠋ᠢᠨ ᠲᠣᠭᠣᠷᠢᠨ ᠦᠵᠡᠬᠦ᠌ ᠬᠤᠷᠠᠯ᠎ᠢ ᠵᠣᠬᠢᠶᠠᠨ ᠪᠠᠢᠭᠤᠯᠬᠤ᠎ᠪᠠᠷ ᠳᠠᠮᠵᠢᠨ᠂ ᠣᠷᠣᠨ ᠨᠤᠲᠤᠭ᠎ᠤᠨ ᠮᠠᠯᠴᠢᠨ ᠲᠠᠷᠢᠶᠠᠴᠢᠨ᠎ᠳᠤ ᠮᠡᠷᠭᠡᠵᠢᠯ᠎ᠦᠨ ᠵᠢᠯᠣᠭᠣᠳᠣᠯᠭ᠎ᠠ ᠪᠠ ᠦᠶ᠋ᠯᠡᠴᠢᠯᠡᠭᠡ ᠬᠠᠩᠭᠠᠭ᠍ᠰᠠᠨ ᠪᠥᠭᠡᠳ ᠭᠤᠤᠯ ᠠᠮᠤ ᠪᠤᠳᠠᠭ᠎ᠠ ᠪᠠ ᠳᠠᠪᠠᠭᠤᠯᠢᠭ ᠲᠠᠷᠢᠮᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠤᠳᠤᠯᠭᠠᠨ᠎ᠤ ᠭᠠᠵᠠᠷ᠎ᠤᠨ ᠳᠣᠲᠣᠨ᠎ᠠ ᠭᠠᠳᠠᠨᠠᠬᠢ ᠲᠤᠰᠭᠠᠶ ᠮᠡᠷᠭᠡᠵᠢᠯᠲᠡᠨ᠎ᠢ ᠢᠳᠡᠪᠬᠢᠲᠡᠶ ᠵᠣᠬᠢᠶᠠᠨ ᠪᠠᠢᠭᠤᠯᠵᠤ ᠱᠢᠨ᠎ᠡ ᠡᠭᠦᠯᠳᠡᠷ ᠪᠠ ᠱᠢᠨ᠎ᠡ ᠮᠡᠷᠭᠡᠵᠢᠯ᠎ᠦᠨ ᠵᠢᠱ᠌ᠢᠶ᠎ᠡ ᠦᠵᠡᠭᠦᠯᠦᠨ ᠳᠡᠯᠭᠡᠷᠡᠭᠦᠯᠬᠦ᠌ ᠠᠵᠢᠯ᠎ᠢ ᠥᠷᠨᠢᠭᠦᠯᠵᠦ᠍᠂ ᠠᠢᠮᠠᠭ᠎ᠤᠨ ᠳᠣᠲᠣᠨ᠎ᠠ ᠭᠠᠳᠠᠨᠠᠬᠢ ᠠᠵᠤ ᠠᠬᠤᠢᠯᠠᠯ᠂ ᠬᠣᠷᠱᠢᠶ᠎ᠠ ᠪᠠ ᠲᠠᠷᠢᠶᠠᠴᠢᠳ᠎ᠤᠨ ᠰᠠᠢᠨ ᠡᠭᠦᠯᠳᠡᠷ ᠰᠣᠩᠭᠣᠬᠤ᠂ ᠮᠡᠷᠭᠡᠵᠢᠯ᠎ᠢᠶᠡᠨ ᠬᠦᠴᠦᠷᠬᠡᠭ᠌ᠵᠢᠭᠦᠯᠬᠦ᠌᠎ᠶ᠋ᠢ ᠬᠠᠪᠰᠤᠷᠪᠠ᠃

ᠲᠤᠷᠱᠢᠯᠲᠠ᠎ᠶ᠋ᠢᠨ ᠲᠠᠰᠤᠭ᠎ᠡᠴᠡ ᠲᠠᠷᠢᠶᠠᠨ ᠭᠠᠵᠠᠷ ᠬᠦᠷᠲᠡᠯ᠎ᠡ᠂ ᠥᠭᠦᠯᠡᠯ ᠲᠤᠰᠭᠠᠢ ᠵᠣᠬᠢᠶᠠᠯ᠎ᠡᠴᠡ ᠠᠪᠤᠭᠠᠳ ᠤᠯᠠᠨ ᠲᠦᠮᠡᠨ᠎ᠦ ᠪᠤᠳᠠᠭᠠᠨ ᠠᠶᠠᠭ᠎ᠠ ᠬᠦᠷᠲᠡᠯ᠎ᠡ᠂ ᠱᠢᠤᠢ ᠱᠢᠩ ᠵᠢᠶᠠᠨ ᠪᠣᠳᠠᠲᠤ ᠠᠵᠢᠯᠯᠠᠭ᠎ᠠ᠎ᠪᠠᠷ᠎ᠢᠶᠠᠨ《ᠥᠭᠦᠯᠡᠯ᠎ᠢᠶᠡᠨ ᠡᠬᠡ ᠭᠠᠵᠠᠷ᠎ᠲᠤ ᠪᠢᠴᠢᠬᠦ᠌》ᠠᠮᠠᠯᠠᠯᠲᠠ᠎ᠪᠠᠨ ᠦᠢᠯᠡᠳᠦᠯᠭᠡᠵᠢᠭᠦᠯᠪᠡ᠃ ᠤᠢ᠍ᠢᠷ᠎ᠠ᠎ᠶ᠋ᠢᠨ ᠵᠢᠯ᠎ᠳᠦ᠂ ᠲᠡᠷᠡ 40 ᠭᠠᠷᠤᠢ SCI ᠥᠭᠦᠯᠡᠯ ᠨᠡᠢᠲᠡᠯᠡᠵᠦ᠍᠂ 5 ᠵᠦᠢᠯ᠎ᠦᠨ ᠲᠤᠰᠭᠠᠢ ᠠᠱᠢᠭ᠎ᠤᠨ ᠡᠷᠬᠡ ᠣᠯᠵᠤ᠂ 8 ᠵᠦᠢᠯ᠎ᠦᠨ ᠤᠰᠤᠨ ᠲᠤᠲᠤᠷᠭ᠎ᠠ᠎ᠶ᠋ᠢᠨ ᠡᠭᠦᠯᠳᠡᠷ᠎ᠢ ᠬᠢᠨᠠᠨ ᠲᠣᠭ᠍ᠲᠠᠭᠠᠵᠤ᠂ 3 ᠵᠦᠢᠯ᠎ᠦᠨ ᠣᠷᠣᠨ ᠨᠤᠲᠤᠭ᠎ᠤᠨ ᠪᠠᠷᠢᠮᠵᠢᠶ᠎ᠠ᠎ᠵᠢ ᠲᠤᠬᠳᠠᠭᠠᠬᠤ ᠳ᠋ᠤ ᠣᠷᠣᠯᠴᠠᠪᠠ᠃ ᠲᠡᠷᠡ ᠪᠠᠰᠠ ᠤᠷᠢᠳ ᠬᠣᠵᠢᠳ《ᠬᠣᠶᠠᠳᠤᠭᠠᠷ ᠬᠤᠭᠤᠴᠠᠭᠠᠨ᠎ᠤ ᠪᠦᠬᠦ᠌ ᠤᠯᠤᠰ᠎ᠤᠨ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠠᠯᠠᠭᠤᠴᠤᠳ᠎ᠤᠨ ᠬᠣᠱᠢᠭᠤᠴᠢ》᠂ 《ᠲᠠᠯ᠎ᠠ ᠨᠤᠲᠤᠭ᠎ᠤᠨ ᠴᠢᠳᠠᠪᠤᠷᠢᠲᠠᠨ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠯᠢᠳᠡᠭ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠳᠠᠨ》 ᠵᠡᠷᠭᠡ ᠤᠯᠠᠨ ᠢᠷᠠᠭᠤ ᠠᠯᠳᠠᠷ᠎ᠢ ᠬᠦᠷᠳᠡᠵᠡᠢ᠃ ᠡᠨᠡ ᠵᠢᠯ᠎ᠦᠨ《5·1》 ᠤ᠋ ᠳᠡᠯᠡᠬᠡᠢ᠎ᠶ᠋ᠢᠨ ᠬᠥᠳᠡᠯᠮᠦᠷᠢᠴᠢᠳ᠎ᠦᠨ ᠪᠠᠶᠠᠷ᠎ᠡᠴᠡ ᠡᠮᠦᠨᠡᠬᠡᠨ᠂ ᠲᠡᠷᠡ《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠡᠷᠢᠭᠦᠨ᠎ᠦ ᠠᠵᠢᠯᠳᠠᠨ》 ᠤ᠋ ᠴᠣᠯᠠ᠎ᠶ᠋ᠢ ᠬᠦᠷᠳᠡᠪᠡ᠃

ᠢᠷᠠᠭᠤ ᠠᠯᠳᠠᠷ᠎ᠤᠨ ᠡᠮᠦᠨ᠎ᠡ᠂ ᠱᠢᠤᠢ ᠱᠢᠩ ᠵᠢᠶᠠᠨ ᠢᠮᠠᠭ᠍ᠲᠠ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠲᠠᠳ᠎ᠤᠨ ᠪᠣᠷᠣᠭ᠍ᠵᠢᠭᠤᠨ ᠤᠤᠷ ᠴᠢᠨᠠᠷ᠎ᠢᠶᠠᠨ ᠪᠠᠲᠤᠯᠠᠵᠤ᠄ 《ᠡᠨᠡ ᠬᠦ᠌ ᠢᠷᠠᠭᠤ ᠠᠯᠳᠠᠷ ᠪᠣᠯ ᠮᠠᠨ᠎ᠤ ᠪᠦᠬᠦᠢᠯᠡ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠯᠬᠦᠮ᠎ᠤᠨ ᠬᠢ᠂ ᠤᠯᠠᠨ᠎ᠤ ᠤᠶᠤᠨ ᠤᠬᠠᠭᠠᠨ ᠪᠠ ᠬᠦᠴᠦ᠍ ᠬᠥᠯᠥᠰᠥ᠎ᠶ᠋ᠢᠨ ᠦᠷ᠎ᠠ ᠪᠦᠲᠦᠭᠡᠯ ᠪᠣᠯᠤᠨ᠎ᠠ》 ᠬᠡᠳᠡᠭ᠃ ᠱᠢᠤᠢ ᠱᠢᠩ ᠵᠢᠶᠠᠨ᠂ ᠪᠢ ᠢᠮᠠᠭ᠍ᠲᠠ ᠬᠡᠭᠡᠷ᠎ᠡ ᠲᠠᠯ᠎ᠠ᠎ᠳᠤ ᠦᠨᠳᠦᠰᠦᠯᠡᠵᠦ᠍᠂ ᠱᠢᠨ᠎ᠡ᠎ᠶ᠋ᠢ ᠡᠭᠦᠳᠬᠦ᠌᠎ᠶ᠋ᠢ ᠪᠠᠷᠢᠮᠲᠠᠯᠠᠵᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ᠎ᠢ ᠲᠠᠷᠢᠶᠠᠯᠠᠩ᠎ᠤᠨ ᠦᠢᠯᠡᠳᠪᠦᠷᠢᠯᠡᠯ᠎ᠦᠨ ᠬᠦᠴᠦᠨ ᠪᠣᠯᠭᠠᠨ ᠬᠤᠪᠢᠷᠠᠭᠤᠯᠬᠤ᠎ᠪᠠᠷ ᠴᠢᠷᠮᠠᠢᠨ᠎ᠠ ᠭᠡᠪᠡ᠃ 《ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠬᠥᠳᠡᠭᠡ ᠲᠣᠰᠭᠣᠨ ᠪᠣᠯ ᠬᠦᠰᠡᠯ ᠡᠷᠡᠮᠡᠯᠵᠡᠯ᠎ᠢᠶᠡᠷ ᠪᠢᠯᠬᠠᠭ᠍ᠰᠠᠨ ᠬᠦᠳᠡᠬᠡ ᠨᠤᠳᠤᠭ ᠪᠣᠯᠬᠤ ᠪᠥᠭᠡᠳ ᠪᠠᠰᠠ ᠠᠵᠢᠯ ᠬᠢᠵᠦ᠍ ᠦᠢᠯᠡᠰ ᠪᠤᠰᠭᠠᠬᠤ ᠥᠷᠭᠡᠨ ᠠᠭᠤᠳᠠᠮ ᠲᠠᠪᠴᠠᠩ ᠪᠣᠯᠤᠨ᠎ᠠ᠂ ᠮᠠᠨ᠎ᠤ ᠥᠷᠭᠡᠨ ᠤᠯᠠᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠳᠠᠨ ᠵᠢᠳᠬᠦᠯ ᠴᠢᠷᠮᠠᠢᠯᠭ᠎ᠠ ᠭᠠᠷᠭᠠᠵᠤ ᠶᠡᠬᠡ ᠦᠢᠯᠡ ᠵᠢ ᠪᠦᠳᠦᠬᠡᠵᠤ ᠪᠣᠯᠤᠨ᠎ᠠ᠃ ᠪᠢ ᠦᠷᠭᠦᠯᠵᠢᠯᠡᠨ ᠲᠠᠷᠢᠶᠠᠯᠠᠩ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠱᠢᠮᠡᠳᠦ ᠬᠥᠷᠥᠰᠥ᠎ᠶ᠋ᠢ ᠭᠦᠨ ᠬᠠᠭᠠᠯᠪᠤᠷᠢᠯᠠᠵᠤ᠂ ᠮᠠᠨ᠎ᠤ ᠲᠠᠷᠢᠮᠠᠯ᠎ᠤᠨ ᠦᠢᠯᠡᠰ᠎ᠦᠨ ᠬᠥᠭ᠌ᠵᠢᠯ ᠮᠠᠨᠳᠤᠯ᠎ᠳᠤ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠡ》 ᠭᠡᠵᠦ ᠱᠢᠤᠢ ᠱᠢᠩ ᠵᠢᠶᠠᠨ ᠢᠲᠡᠭᠡᠯ ᠵᠣᠷᠢᠭ ᠲᠡᠭᠦᠯᠳᠡᠷ ᠪᠠᠢᠯ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号