5 ᠰᠠᠷ᠎ᠠ᠎ᠶ᠋ᠢᠨ 13᠎ᠤ᠋ ᠡᠳᠦᠷ᠂ ᠨᠡᠷᠡᠨ᠎ᠦ ᠭᠡᠷᠡᠯ ᠠᠯᠠᠱᠠ ᠵᠡᠭᠦᠨ ᠬᠣᠱᠢᠭᠤᠨ᠎ᠤ ᠵᠢᠷᠠᠲᠠᠢ ᠪᠠᠯᠭᠠᠰᠤ᠎ᠶ᠋ᠢᠨ ᠨᠢᠰᠭᠡᠯ᠎ᠢᠶᠡᠷ ᠲᠠᠷᠢᠵᠤ ᠤᠢᠵᠢᠭᠤᠯᠬᠤ ᠲᠤᠭᠤᠷᠢᠭ᠎ᠲᠤ ᠰᠠᠴᠤᠭᠳᠠᠵᠤ᠂ ᠢᠭ᠍ᠴᠤ ᠰᠠᠬᠤᠯᠢᠭ ᠵᠠᠭ ᠮᠣᠳᠣ᠂ ᠳᠡᠷᠪᠡᠯᠵᠢ᠂ ᠲᠤᠰ᠎ᠤᠨ ᠲᠤᠷᠯᠤᠭ ᠵᠡᠷᠭᠡ ᠡᠯᠡᠰᠦᠨ᠎ᠦ ᠤᠷᠭᠤᠮᠠᠯ ᠰᠠᠯᠬᠢᠨ᠎ᠤ ᠠᠶ᠎ᠠ᠎ᠪᠠᠷ ᠨᠠᠢᠭᠤᠵᠤ᠂ ᠠᠮᠢᠵᠢᠷᠠᠯ᠎ᠤᠨ ᠬᠦᠴᠦᠨ᠎ᠵᠢᠡᠷ ᠪᠢᠯᠬᠠᠮ᠎ᠠ᠃ ᠠᠯᠠᠱᠠ ᠵᠡᠭᠦᠨ ᠬᠣᠱᠢᠭᠤᠨ᠎ᠤ ᠤᠢ ᠱᠢᠭᠤᠢ᠎ᠶ᠋ᠢᠨ ᠠᠵᠢᠯᠯᠠᠬᠤ ᠦᠷᠳᠡᠬᠡ᠎ᠶ᠋ᠢᠨ ᠳᠡᠭᠡᠳᠦ ᠵᠡᠷᠭᠡ᠎ᠶ᠋ᠢᠨ ᠢᠨᠵᠧᠨᠧᠷ ᠯᠢᠦ ᠬᠣᠩ ᠢ ᠪᠤᠲᠠᠯᠢᠭ ᠤᠢ᠎ᠵᠢᠨ ᠬᠠᠮᠠᠭᠠᠯᠠᠯᠲᠠ ᠪᠠ ᠤᠷᠭᠤᠴᠠ᠎ᠶ᠋ᠢᠨ ᠪᠠᠢᠳᠠᠯ᠎ᠢ ᠪᠠᠢᠴᠠᠭᠠᠨ ᠦᠵᠡᠬᠦ᠌᠎ᠶ᠋ᠢᠨ ᠳᠠᠭᠠᠤ ᠨᠠᠷᠢᠨ ᠬᠢᠨᠠᠮᠠᠭᠠᠢ ᠲᠡᠮᠳᠡᠭ᠌ᠯᠡᠯ ᠬᠢᠵᠦ᠍ ᠪᠠᠢᠯ᠎ᠠ ᠁
《ᠡᠨᠳᠡ ᠥᠩᠭᠡᠷᠡᠭ᠌ᠰᠡᠨ᠎ᠳᠦ ᠱᠢᠷ᠎ᠠ ᠡᠯᠡᠰᠦ ᠨᠡᠯᠦᠢᠵᠦ᠍᠂ ᠣᠯᠠᠨ ᠵᠢᠯ ᠨᠢᠰᠭᠡᠯ᠎ᠢᠶᠡᠷ ᠲᠠᠷᠢᠵᠤ ᠤᠢᠵᠢᠭᠤᠯᠬᠤ ᠪᠡᠷ ᠳᠠᠮᠵᠢᠨ ᠡᠨᠡ ᠬᠡᠰᠡᠭ ᠪᠤᠲᠠᠯᠢᠭ ᠣᠶ᠎ᠶ᠋ᠢᠨ ᠤᠷᠭᠤᠴᠠ ᠰᠠᠢᠨ ᠪᠤᠯᠵᠠᠢ᠂ ᠥᠩᠭᠡᠷᠡᠭ᠌ᠰᠡᠨ᠎ᠳᠦ ᠱᠤᠤᠭᠢᠨ ᠬᠤᠢᠯᠠᠷᠠᠵᠤ ᠪᠠᠢᠭ᠍ᠰᠠᠨ ᠨᠡᠭᠦᠳᠡᠯ ᠡᠯᠡᠰᠦ ᠨᠢ ᠨᠢᠭᠡᠨᠲᠡ ᠨᠣᠭᠣᠭᠠᠨ ᠥᠩᠭᠡ᠎ᠪᠡᠷ ᠬᠤᠴᠢᠭ᠍ᠳᠠᠭ᠍ᠰᠠᠨ ᠪᠠᠢᠨ᠎ᠠ》 ᠭᠡᠵᠦ ᠯᠢᠦ ᠬᠣᠩ ᠢ ᠰᠤᠷᠪᠤᠯᠵᠢᠯᠠᠭ᠍ᠴᠢ᠎ᠳᠤ ᠲᠠᠨᠢᠯᠴᠠᠭᠤᠯᠪᠠ᠃
ᠠᠵᠢᠯ᠎ᠤᠨ ᠪᠠᠢᠷᠢᠨ᠎ᠳᠡᠬᠢ 39 ᠵᠢᠯ᠎ᠦᠨ ᠲᠤᠷᠰᠢ᠂ ᠯᠢᠦ ᠬᠣᠩ ᠢ ᠠᠯᠠᠱᠠ᠎ᠶ᠋ᠢᠨ ᠨᠡᠯᠦᠭᠡᠷ ᠶᠡᠬᠡ ᠡᠯᠡᠰᠦᠨ ᠭᠣᠪᠢ᠎ᠳᠤ ᠦᠨᠳᠦᠰᠦᠯᠡᠵᠦ᠍᠂ ᠡᠯᠡᠰᠦᠷᠬᠡᠭᠵᠢᠯ᠎ᠢ ᠰᠡᠷᠭᠡᠢᠯᠡᠵᠦ᠍ ᠡᠯᠡᠰᠦ᠎ᠶ᠋ᠢ ᠵᠠᠰᠠᠵᠤ ᠠᠮᠢ ᠠᠬᠤᠢ ᠣᠷᠴᠢᠨ ᠲᠣᠭᠣᠷᠢᠨ᠎ᠢ ᠰᠠᠢᠵᠢᠷᠠᠭᠤᠯᠬᠤ᠎ᠶ᠋ᠢᠨ ᠲᠥᠯᠥᠭᠡ᠂ ᠬᠠᠷᠢᠭᠤᠴᠠᠯᠭ᠎ᠠ ᠡᠭᠦᠷᠭᠡᠯᠡᠯ ᠪᠠ ᠪᠤᠴᠠᠰᠢ ᠦᠬᠡᠢ ᠪᠠᠷᠢᠮᠳᠠᠯᠠᠯ ᠵᠢᠠᠷ ᠡᠯᠡᠰᠦᠨ ᠴᠦᠯ᠎ᠳᠦ ᠰᠡᠳᠭᠢᠯ ᠬᠥᠳᠡᠯᠭᠡᠮᠠ ᠦᠯᠢᠬᠡᠷ ᠲᠠᠭᠤᠯᠠᠯ᠎ᠢ ᠪᠢᠴᠢᠭ᠌ᠯᠡᠵᠠᠢ᠃
1986 ᠣᠨ᠎ᠳᠤ᠂ ᠯᠢᠦ ᠬᠣᠩ ᠢ ᠥᠪᠥᠷ ᠮᠣᠩᠭᠣᠯ᠎ᠤᠨ ᠵᠠᠯᠠᠨ ᠠᠢᠯ᠎ᠤᠨ ᠤᠢ ᠱᠢᠭᠤᠢ᠎ᠶ᠋ᠢᠨ ᠰᠤᠷᠭᠠᠭᠤᠯᠢ᠎ᠡᠴᠡ ᠲᠡᠭᠦᠰᠦᠭ᠌ᠰᠡᠨ᠎ᠦ ᠳᠠᠷᠠᠭ᠎ᠠ᠂ ᠨᠤᠲᠤᠭ ᠤᠰᠤᠨ᠎ᠤ᠎ᠪᠠᠨ ᠠᠮᠢ ᠠᠬᠤᠢ᠎ᠶ᠋ᠢᠨ ᠪᠦᠳᠦᠭᠡᠨ ᠪᠠᠢᠭᠤᠯᠤᠯᠲᠠ᠎ᠶ᠋ᠢᠨ ᠲᠥᠯᠥᠭᠡ᠂ ᠶᠡᠬᠡ ᠬᠤᠳᠠ᠎ᠳᠤ ᠣᠴᠢᠵᠤ ᠠᠵᠢᠯᠯᠠᠬᠤ ᠲᠣᠬᠢᠶᠠᠯ᠎ᠢᠶᠠᠨ ᠲᠠᠶᠠᠭ᠍ᠳᠠᠵᠤ᠂ ᠨᠥᠬᠥᠴᠡᠯ ᠬᠠᠲᠠᠭᠤᠵᠢᠯᠲᠠᠢ ᠠᠯᠠᠱᠠ ᠵᠡᠭᠦᠨ ᠬᠣᠱᠢᠭᠤᠨ᠎ᠤ ᠵᠢᠷᠠᠲᠠᠢ ᠤᠯᠤᠰ᠎ᠤᠨ ᠡᠯᠡᠰᠦ ᠵᠠᠰᠠᠬᠤ ᠦᠷᠳᠡᠭᠡ᠎ᠳᠦ ᠬᠦᠷᠴᠦ᠍ ᠠᠵᠢᠯᠯᠠᠪᠠ᠃ ᠰᠠᠶᠢᠬᠠᠨ ᠠᠵᠢᠯ᠎ᠳᠤ ᠭᠠᠷᠤᠮᠠᠭᠴᠠ᠎ᠪᠠᠨ ᠲᠡᠷᠡ ᠪᠤᠳᠤᠭ᠍ᠰᠠᠨ᠎ᠡᠴᠡ ᠪᠠᠨ ᠨᠠᠩ ᠰᠣᠴᠢᠭᠠᠮ᠎ᠠ ᠪᠠᠢᠳᠠᠯ᠎ᠢ ᠣᠯᠵᠤ ᠬᠠᠷᠠᠪᠠ᠄ ᠰᠠᠯᠬᠢ ᠱᠢᠭᠤᠷᠭ᠎ᠠ ᠦᠷᠭᠦᠯᠵᠢᠯᠡᠭ᠌ᠰᠡᠨ ᠤᠯᠠᠭᠠᠨᠪᠤᠬ᠎ᠠ ᠵᠢᠨ ᠡᠯᠡᠰᠦᠨ ᠴᠥᠯ᠂ ᠬᠤᠪᠠᠬᠠᠢᠷᠠᠵᠤ ᠮᠥᠬᠥᠬᠦ᠌ ᠱᠢᠬᠠᠭ᠍ᠰᠠᠨ ᠡᠪᠡᠰᠤ ᠮᠤᠳᠤ᠂ ᠤᠷᠤᠭᠰᠢᠯᠠᠬᠤ᠎ᠳᠤ ᠬᠡᠴᠡᠬᠦᠦ ᠣᠶ ᠱᠢᠭᠤᠶ᠎ᠶ᠋ᠢᠨ ᠬᠥᠭ᠌ᠵᠢᠯᠲᠡ᠎ᠶ᠋ᠢᠨ ᠪᠠᠢᠳᠠᠯ᠂ ᠬᠣᠴᠣᠷᠤᠩᠭᠤᠶ ᠬᠤᠮᠰᠠ ᠮᠡᠷᠭᠡᠵᠢᠯ ᠲᠥᠬᠥᠭᠡᠷᠦᠮᠵᠢ᠂ ᠡᠳᠦᠷ ᠢᠷᠡᠬᠦᠶ᠎ᠡ ᠮᠠᠭᠤᠳᠠᠵᠤ ᠪᠠᠢᠭ᠎ᠠ ᠠᠮᠢ ᠠᠬᠤᠶ᠎ᠶ᠋ᠢᠨ ᠣᠷᠴᠢᠨ ᠲᠣᠭᠣᠷᠢᠨ ᠨᠢ ᠮᠠᠰᠢ ᠣᠯᠠᠨ ᠮᠠᠯᠴᠢᠨ ᠲᠠᠷᠢᠶᠠᠴᠢᠨ᠎ᠢ ᠨᠤᠲᠤᠭ᠎ᠡᠴᠡ᠎ᠪᠠᠨ ᠰᠠᠯᠵᠤ ᠥᠭᠡᠷ᠎ᠡ ᠭᠠᠷᠬᠤ ᠵᠠᠮ ᠡᠷᠢᠬᠦ᠌ ᠥᠬᠡᠶ ᠪᠠᠢᠬᠤ᠎ᠶ᠋ᠢᠨ ᠠᠷᠭ᠎ᠠ ᠥᠬᠡᠶ ᠪᠣᠯᠭᠠᠵᠠᠶ ᠁
ᠡᠳᠡᠭᠡᠷ᠎ᠢ ᠦᠵᠡᠭᠡᠳ ᠯᠢᠦ ᠬᠣᠩ ᠢ ᠡᠯᠡᠰᠦᠨ ᠴᠦᠯ᠎ᠳᠦ ᠨᠣᠭᠣᠭᠠᠷᠠᠭᠤᠯᠤᠯᠲᠠ ᠬᠢᠬᠦ᠌ ᠢᠲᠡᠭᠡᠯ ᠵᠣᠷᠢᠭ᠎ᠢᠶᠠᠨ ᠤᠯᠠᠮ ᠪᠠᠲᠤᠳᠭᠠᠪᠠ᠃ 《ᠲᠤᠬᠠᠢ᠎ᠶ᠋ᠢᠨ ᠦᠶ᠎ᠡ᠎ᠳᠦ ᠪᠢ ᠨᠢᠭᠡ ᠨᠠᠰᠤ᠎ᠪᠠᠷ᠎ᠢᠶᠠᠨ ᠡᠯᠡᠰᠦᠨ ᠴᠦᠯ᠎ᠳᠦ ᠦᠨᠳᠦᠰᠦᠯᠡᠵᠦ᠍᠂ ᠡᠯᠡᠰᠦᠨ ᠴᠦᠯ᠎ᠢ ᠨᠤᠭᠤᠭᠠᠷᠠᠭᠤᠯᠤᠨ᠎ᠠ ᠭᠡᠵᠦ᠍ ᠰᠡᠳᠬᠢᠯ ᠳᠤᠲᠤᠷ᠎ᠠ ᠪᠠᠨ ᠲᠠᠩᠭᠠᠷᠢᠭ᠍ᠯᠠᠬᠰᠠᠨ ᠶᠤᠮ》 ᠭᠡᠵᠦ᠍ ᠯᠢᠦ ᠬᠣᠩ ᠢ ᠬᠡᠯᠡᠪᠡ᠃
ᠡᠭᠦᠨ᠎ᠡᠴᠡ ᠰᠡᠭᠦᠯᠡᠷ᠂ ᠲᠡᠷᠡ ᠡᠯᠡᠰᠦᠨ ᠴᠦᠯ᠎ᠳᠦ ᠣᠷᠣᠵᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠬᠤ ᠦᠢᠯᠡᠰ᠎ᠲᠦ ᠣᠷᠣᠯᠴᠠᠵᠤ᠂ ᠤᠯᠤᠰ᠎ᠤᠨ 《ᠳᠣᠯᠣᠳᠤᠭᠠᠷ ᠲᠠᠪᠤᠨ ᠵᠢᠯ》 ᠤ᠋ᠨ ᠪᠣᠭᠣᠮᠲᠠ ᠱᠢᠪᠲᠤᠯᠬᠤ ᠲᠦᠷᠦᠯ ᠵᠦᠢᠯ ᠪᠣᠯᠬᠤ 《ᠵᠠᠭ ᠮᠣᠳᠣ᠎ᠶ᠋ᠢ ᠱᠢᠨᠡᠳᠭᠡᠨ ᠪᠤᠵᠠᠭᠠᠢᠷᠠᠭᠤᠯᠬᠤ ᠮᠡᠷᠭᠡᠵᠢᠯ᠎ᠦᠨ ᠰᠤᠳᠤᠯᠭᠠᠨ》 ᠳ᠋ᠤ ᠢᠳᠡᠪᠬᠢᠲᠡᠢ ᠣᠷᠣᠯᠴᠠᠪᠠ᠃ ᠲᠡᠷᠡ ᠵᠣᠨ᠎ᠤ ᠤᠯᠠᠷᠢᠯ᠎ᠳᠤ ᠡᠯᠡᠰᠦᠨ ᠴᠥᠯ᠎ᠦᠨ ᠭᠠᠵᠠᠷ᠎ᠤᠨ ᠭᠠᠳᠠᠷᠭᠤ᠎ᠵᠢᠨ 50°C ᠢ᠋ ᠳᠠᠪᠠᠬᠰᠠᠠ ᠠᠭᠠᠭᠢᠮ᠎ᠠ ᠬᠠᠯᠠᠭᠤᠨ᠎ᠢ ᠰᠥᠷᠴᠦ᠍᠂ ᠡᠪᠦᠯ᠎ᠦᠨ ᠤᠯᠠᠷᠢᠯ᠎ᠳᠤ ᠶᠠᠰᠤ ᠶᠠᠩᠬᠢᠨᠠᠮ᠎ᠠ ᠬᠦᠶ᠋ᠲᠡᠨ ᠪᠠ ᠡᠯᠡᠰᠦᠨ ᠱᠢᠭᠤᠷᠭ᠎ᠠ᠎ᠶ᠋ᠢᠨ ᠲᠠᠭᠠᠷᠢᠯᠲᠠ᠎ᠶ᠋ᠢ ᠳᠠᠭᠠᠭᠠᠵᠤ᠂ ᠡᠯᠡᠰᠦ᠎ᠶ᠋ᠢ ᠵᠠᠰᠠᠬᠤ ᠰᠤᠳᠤᠯᠭᠠᠨ᠎ᠤ ᠨᠢᠭᠡᠳᠦᠭᠡᠷ ᠹᠷᠣᠨᠲ᠎ᠲᠤ ᠶᠠᠭᠠᠷᠠᠯᠲᠠᠶ ᠠᠵᠢᠯᠯᠠᠬᠰᠠᠭᠠᠷ ᠢᠷᠡᠵᠡᠢ᠃ ᠬᠡᠳᠦᠨ ᠵᠢᠯ ᠨᠢᠭᠡ ᠰᠡᠳᠭᠢᠯ᠎ᠢᠶᠡᠷ ᠵᠠᠭ ᠮᠣᠳᠣ᠎ᠶ᠋ᠢ ᠱᠢᠨᠡᠳᠭᠡᠨ ᠪᠤᠵᠠᠭᠠᠢᠷᠠᠭᠤᠯᠬᠤ ᠰᠤᠳᠤᠯᠭᠠᠨ ᠬᠢᠬᠦ᠌᠎ᠪᠡᠷ ᠳᠠᠮᠵᠢᠨ᠂ ᠲᠡᠭᠦᠨ᠎ᠦ ᠬᠣᠢᠱᠢᠳᠠ ᠵᠠᠭ ᠮᠣᠳᠣ ᠲᠠᠷᠢᠬᠤ ᠴᠠᠭᠠᠨ ᠭᠣᠶᠣᠣ ᠮᠦᠴᠢᠷ ᠵᠠᠯᠭᠠᠬᠤ᠎ᠶ᠋ᠢ ᠳᠡᠯᠭᠡᠷᠡᠭᠦᠯᠬᠦ᠌᠂ ᠡᠯᠡᠰᠦᠷᠬᠡᠭ᠌ᠵᠢᠯ᠎ᠢ ᠰᠡᠷᠭᠡᠢᠯᠡᠨ ᠡᠯᠡᠰᠦ᠎ᠵᠢ ᠵᠠᠰᠠᠬᠤ ᠠᠮᠢ ᠠᠬᠤᠢ᠎ᠶ᠋ᠢᠨ ᠵᠠᠰᠠᠯᠲᠠ ᠬᠢᠬᠦ᠌᠂ ᠨᠣᠭᠣᠭᠠᠷᠠᠭᠤᠯᠬᠤ᠎ᠵᠢᠨ ᠬᠠᠮᠲᠤ ᠪᠠᠶᠠᠵᠢᠨ ᠴᠢᠨᠡᠭᠡᠯᠢᠭ᠌ᠵᠢᠭᠦᠵᠢ ᠪᠡᠶᠡᠯᠡᠭᠦᠯᠬᠦ᠌᠎ᠳᠦ ᠪᠠᠲᠤ ᠪᠡᠬᠢ ᠰᠠᠭᠤᠷᠢ᠎ᠶ᠋ᠢ ᠲᠠᠯᠪᠢᠵᠤ ᠥᠭ᠌ᠴᠡᠢ᠃
ᠡᠯᠡᠰᠦ᠎ᠵᠢ ᠵᠠᠰᠠᠬᠤ ᠳᠤᠮᠳᠠ᠂ ᠯᠢᠦ ᠬᠣᠩ ᠢ ᠢᠮᠠᠭ᠍ᠲᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠶ᠋ᠢ ᠠᠮᠢ ᠠᠬᠤᠢ᠎ᠶ᠋ᠢᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ ᠵᠠᠩᠭᠢᠯᠠᠭ᠎ᠠ᠎ᠶ᠋ᠢᠨ ᠬᠦᠴᠦᠨ ᠪᠣᠯᠭᠠᠭ᠍ᠰᠠᠭᠠᠷ ᠢᠷᠡᠵᠠᠢ᠃ 1998 ᠣᠨ᠎ᠳᠤ᠂ ᠴᠢᠬᠢ ᠮᠣᠳᠣ ᠳᠤᠲᠠᠭ᠍ᠳᠠᠬᠤ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ᠂ ᠯᠢᠦ ᠬᠣᠩ ᠢ ᠲᠦᠷᠦᠭᠦᠯᠡᠨ ᠵᠠᠭ ᠵᠡᠷᠭᠡ ᠡᠯᠡᠰᠦᠨᠤ᠋ ᠤᠷᠭᠤᠮᠠᠯ ᠲᠠᠷᠢᠬᠤ ᠲᠤᠷᠱᠢᠯᠲᠠ᠎ᠶ᠋ᠢ ᠥᠷᠨᠢᠭᠦᠯᠪᠡ᠃ 700 ᠭᠠᠷᠤᠢ ᠡᠳᠦᠷ ᠰᠥᠨᠢ᠎ᠶ᠋ᠢᠨ ᠰᠤᠳᠤᠯᠭᠠᠨ᠎ᠢᠶᠠᠷ ᠳᠠᠮᠵᠢᠨ᠂ ᠯᠢᠦ ᠬᠣᠩ ᠢ᠎ᠶ᠋ᠢᠨ ᠪᠦᠯᠬᠦᠮ᠎ᠦᠨ ᠬᠢᠨ ᠠᠯᠠᠱᠠ ᠣᠷᠣᠨ᠎ᠤ ᠤᠯᠠᠨ ᠵᠢᠯ᠎ᠦᠨ ᠲᠤᠷᠰᠢ ᠭᠡᠭᠡᠭ᠌ᠳᠡᠭ᠌ᠰᠡᠨ ᠡᠯᠡᠰᠦᠨ᠎ᠦ ᠤᠷᠭᠤᠮᠠᠯ᠎ᠤᠨ ᠴᠢᠬᠢ ᠮᠣᠳᠣ᠎ᠶ᠋ᠢ ᠪᠣᠢᠵᠢᠭᠤᠯᠤᠨ ᠭᠠᠷᠭᠠᠵᠤ᠂ 2 ᠵᠢᠯ᠎ᠦᠨ ᠴᠠᠭ᠎ᠢ ᠠᠱᠢᠭ᠍ᠯᠠᠨ᠂ 《ᠠᠯᠠᠱᠠ᠎ᠶ᠋ᠢᠨ ᠭᠠᠩ ᠬᠠᠭᠤᠷᠠᠢ ᠴᠦᠯ ᠣᠷᠣᠨ᠎ᠳᠤ ᠵᠠᠭ ᠮᠣᠳᠣ ᠲᠠᠷᠢᠬᠤ ᠵᠢᠴᠢ ᠴᠢᠬᠢ ᠪᠣᠢᠵᠢᠭᠤᠯᠬᠤ ᠮᠡᠷᠭᠡᠵᠢᠯ》 ᠢ᠋ ᠳ᠋ᠦᠩᠨᠡᠨ ᠭᠠᠷᠭᠠᠪᠠ᠃ ᠲᠡᠭᠦᠨ᠎ᠦ ᠳᠠᠭᠠᠭᠤᠯᠭ᠎ᠠ ᠳᠤᠤᠷ᠎ᠠ᠂ ᠠᠯᠠᠱᠠ ᠵᠡᠭᠦᠨ ᠬᠣᠱᠢᠭᠤ ᠨᠢ ᠥᠪᠥᠷ ᠮᠣᠩᠭᠣᠯ᠎ᠤᠨ ᠬᠠᠮᠤᠭ᠎ᠤᠨ ᠶᠡᠬᠡ ᠡᠯᠡᠰᠦᠨ᠎ᠦ ᠤᠷᠭᠤᠮᠠᠯ᠎ᠤᠨ ᠴᠢᠬᠢ ᠪᠣᠢᠵᠢᠭᠤᠯᠬᠤ ᠰᠠᠭᠤᠷᠢᠨ ᠪᠣᠯᠵᠣ᠂ ᠴᠢᠬᠢ ᠪᠣᠢᠵᠢᠭᠤᠯᠬᠤ ᠡᠭᠦᠯᠳᠡᠷ ᠨᠢ ᠨᠡᠮᠡᠭ᠌ᠳᠡᠭᠡᠳ 10 ᠭᠠᠷᠤᠶ ᠵᠦᠶ᠋ᠯ ᠪᠣᠯᠵᠣ᠂ ᠵᠢᠯ᠎ᠦᠨ ᠭᠠᠷᠤᠯᠲᠠ ᠨᠢ 4000 ᠲᠦᠮᠡᠨ ᠰᠠᠭᠤᠷᠢ᠎ᠶ᠋ᠢ ᠳᠠᠪᠠᠵᠤ᠂ ᠵᠢᠯ᠎ᠦᠨ ᠦᠶ᠋ᠯᠡᠳᠬᠦᠨ᠎ᠦ ᠥᠷᠲᠡᠭ ᠨᠢ 400 ᠭᠠᠷᠤᠶ ᠲᠦᠮᠡᠨ ᠲᠥᠭᠥᠷᠢᠭ᠎ᠲᠦ ᠬᠦᠷᠴᠡᠶ᠃
ᠨᠢᠰᠭᠡᠯ᠎ᠢᠶᠡᠷ ᠳᠠᠷᠢᠵᠤ ᠣᠢᠵᠢᠭᠤᠯᠬᠤ ᠨᠢ ᠬᠡᠪᠴᠢᠶ᠎ᠡ᠎ᠪᠡᠷ ᠶᠡᠬᠡ᠂ ᠬᠤᠷᠳᠤᠴᠠ ᠨᠢ ᠲᠦᠷᠭᠡᠨ᠂ ᠥᠪᠡᠷ᠎ᠦᠨ ᠥᠷᠲᠡᠭ ᠨᠢ ᠳᠤᠤᠷ᠎ᠠ ᠵᠡᠷᠭᠡ ᠣᠨᠴᠠᠯᠢᠭ᠎ᠲᠠᠶ ᠪᠠᠢᠵᠤ᠂ ᠠᠯᠠᠱᠠ ᠵᠡᠭᠦᠨ ᠬᠣᠱᠢᠭᠤᠨ᠎ᠤ ᠴᠦᠯᠯᠡᠷᠭᠡᠭ ᠭᠠᠵᠠᠷ ᠣᠷᠣᠨ᠎ᠤ ᠠᠮᠢ ᠠᠬᠤᠶ᠎ᠶ᠋ᠢᠨ ᠵᠠᠰᠠᠯᠲᠠ᠎ᠳᠤ ᠳᠣᠭᠢᠷᠠᠨ᠎ᠠ᠃ ᠨᠢᠰᠭᠡᠯ᠎ᠢᠶᠡᠷ ᠳᠠᠷᠢᠵᠤ ᠣᠢᠵᠢᠭᠤᠯᠤᠨ ᠡᠯᠡᠰᠦ᠎ᠶ᠋ᠢ ᠵᠠᠰᠠᠬᠤ ᠶᠠᠪᠤᠴᠠ ᠳ᠋ᠤ᠂ ᠯᠢᠦ ᠬᠣᠩ ᠢ ᠥᠪᠡᠷ᠎ᠦᠨ ᠥᠷᠲᠡᠭ᠎ᠢ ᠪᠠᠭᠤᠷᠠᠭᠤᠯᠵᠤ᠂ ᠡᠯᠡᠰᠦ᠎ᠶ᠋ᠢ ᠵᠠᠰᠠᠬᠤ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠶ᠋ᠢᠨ ᠲᠥᠯᠥᠭᠡ᠂ ᠨᠢᠰᠭᠡᠯ᠎ᠢᠶᠡᠷ ᠳᠠᠷᠢᠵᠤ ᠣᠢᠵᠢᠭᠤᠯᠬᠤ ᠳᠤ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ ᠡᠭᠦᠳᠬᠦ᠎ᠶ᠋ᠢ ᠢᠳᠡᠪᠬᠢᠲᠡᠶ ᠬᠢᠵᠦ᠍᠂ ᠨᠢᠰᠭᠡᠯ᠎ᠢᠶᠡᠷ ᠳᠠᠷᠢᠵᠤ ᠣᠢᠵᠢᠭᠤᠯᠬᠤ᠎ᠳᠤ ᠬᠡᠷᠡᠭᠯᠡᠬᠦ ᠦᠷ᠎ᠡ ᠵᠢ ᠮᠥᠬᠦᠯᠢᠭ᠌ᠵᠢᠭᠦᠯᠬᠦ᠌ ᠱᠢᠨ᠎ᠡ ᠮᠡᠷᠭᠡᠵᠢᠯ᠎ᠢ ᠬᠡᠷᠡᠭ᠌ᠯᠡᠵᠦ᠍᠂ ᠴᠢᠬᠢ ᠮᠤᠳᠤᠨ ᠤ᠋ ᠡᠳᠡᠭᠡᠷᠡᠯᠲᠡ᠎ᠶ᠋ᠢᠨ ᠨᠣᠷᠮ᠎ᠠ᠎ᠶ᠋ᠢ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠥᠬᠡᠶ ᠪᠠᠰᠠ ᠦᠷ᠎ᠡ ᠤᠨᠠᠬᠤ ᠲᠡᠩᠴᠡᠭᠦᠷᠢ ᠥᠬᠡᠶ᠂ ᠣᠷᠣᠨ ᠱᠢᠯᠵᠢᠬᠦ᠌ ᠪᠠ《ᠭᠡᠨᠡᠳᠳᠡ ᠵᠤᠯᠭᠠᠷᠠᠨ ᠦᠭᠦᠰᠢᠷᠡᠬᠦ》᠎ᠶ᠋ᠢ ᠰᠡᠷᠭᠡᠢᠯᠡᠨ ᠵᠠᠰᠠᠬᠤ ᠮᠡᠷᠭᠡᠵᠢᠯ᠎ᠦᠨ ᠪᠡᠷᠬᠡ ᠰᠡᠳᠦᠪ᠎ᠢ ᠱᠢᠶ᠋ᠳᠪᠦᠷᠢᠯᠡᠭᠰᠡᠨ ᠪᠦᠭᠡᠳ ᠬᠣᠶᠠᠷ ᠵᠦᠶ᠋ᠯ᠎ᠦᠨ ᠤᠯᠤᠰ᠎ᠤᠨ ᠲᠤᠰᠭᠠᠶ ᠠᠱᠢᠭ᠎ᠢ ᠣᠯᠤᠭ᠍ᠰᠠᠨ ᠪᠠᠢᠨ᠎ᠠ᠃ ᠨᠢᠰᠭᠡᠯ᠎ᠢᠶᠡᠷ ᠳᠠᠷᠢᠵᠤ ᠣᠢᠵᠢᠭᠤᠯᠬᠤ ᠠᠵᠢᠯ᠎ᠤᠨ ᠳᠤᠮᠳᠠᠬᠢ ᠨᠢᠰᠭᠡᠯ᠎ᠦᠨ ᠠᠶᠠᠯᠠᠯ ᠣᠨᠣᠪᠴᠢ ᠥᠬᠡᠶ ᠪᠠᠢᠬᠤ ᠪᠠ ᠬᠥᠮᠦᠨ᠎ᠦ ᠬᠦᠴᠦ᠍᠎ᠪᠡᠷ ᠠᠵᠢᠯᠯᠠᠬᠤ ᠡᠷᠴᠢᠮ ᠬᠡᠲᠦ ᠴᠢᠩᠭ᠎ᠠ ᠪᠠᠢᠬᠤ ᠬᠦᠴᠢᠷ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ᠂ ᠯᠢᠦ ᠬᠣᠩ ᠢ ᠲᠠᠰᠤᠷᠠᠯᠲᠠ ᠥᠬᠡᠶ ᠰᠡᠳᠭᠢᠨ ᠪᠣᠳᠣᠯᠬᠢᠯᠠᠵᠤ᠂ ᠳᠠᠭᠠᠭᠤᠯᠢ ᠣᠳᠣᠨ᠎ᠤ ᠠᠶᠠᠯᠠᠯ ᠵᠠᠯᠠᠬᠤ ᠮᠡᠷᠭᠡᠵᠢᠯ᠎ᠢ ᠨᠢᠰᠭᠡᠯ᠎ᠦᠨ ᠠᠶᠠᠯᠠᠯ ᠵᠠᠯᠠᠬᠤ᠂ ᠲᠠᠯᠠᠪᠠᠶ᠎ᠶ᠋ᠢ ᠬᠡᠮᠵᠢᠨ ᠲᠣᠭ᠍ᠲᠠᠭᠠᠬᠤ᠂ ᠲᠠᠷᠢᠬᠤ ᠪᠦᠰᠡ᠎ᠶ᠋ᠢ ᠪᠠᠢᠷᠢᠯᠠᠭᠤᠯᠬᠤ᠂ ᠴᠢᠬᠢ ᠮᠤᠳᠤᠨ ᠤ᠋ ᠡᠳᠡᠭᠡᠷᠡᠯᠲᠡ᠎ᠶ᠋ᠢᠨ ᠨᠣᠷᠮ᠎ᠠ ᠵᠢᠨ ᠪᠠᠢᠴᠠᠭᠠᠯᠲᠠ ᠬᠢᠬᠦ᠌ ᠵᠡᠷᠭᠡ ᠠᠵᠢᠯ᠎ᠤᠨ ᠳᠤᠮᠳᠠ ᠠᠮᠵᠢᠯᠲᠠ᠎ᠲᠠᠶ ᠬᠡᠷᠡᠭ᠌ᠯᠡᠵᠦ᠍᠂ ᠥᠪᠡᠷ᠎ᠦᠨ ᠥᠷᠲᠡᠭ᠎ᠢ᠎ᠨᠢ ᠶᠡᠬᠡᠪᠡᠷ ᠪᠠᠭᠤᠷᠠᠭᠤᠯᠵᠤ᠂ ᠵᠥᠪᠬᠡᠨ ᠡᠨᠡ ᠬᠦ᠌ ᠮᠡᠷᠭᠡᠵᠢᠯ᠎ᠦᠨ ᠬᠡᠷᠡᠭ᠌ᠯᠡᠯᠲᠡ᠎ᠨᠢ ᠵᠢᠯ ᠪᠦᠷᠢ ᠬᠡᠳᠦᠨ ᠠᠷᠪᠠᠨ ᠲᠦᠮᠡᠨ ᠲᠥᠭᠥᠷᠢᠭ ᠠᠷᠪᠢᠯᠠᠪᠠ᠃ ᠲᠡᠷᠡ ᠪᠠᠰᠠ ᠮᠧᠬᠠᠨᠢᠭ ᠡᠯᠡᠰᠦᠨ ᠬᠠᠯᠬᠠᠪᠴᠢ᠎ᠶ᠋ᠢᠨ ᠮᠡᠷᠭᠡᠵᠢᠯ᠎ᠢᠶᠡᠷ ᠳᠤᠮᠳᠠ ᠥᠨᠳᠥᠷ ᠡᠯᠡᠰᠦ ᠮᠠᠩᠬ᠎ᠠ ᠳ᠋ᠤ ᠨᠢᠰᠭᠡᠯ᠎ᠢᠶᠡᠷ ᠲᠠᠷᠢᠵᠤ ᠣᠢᠵᠢᠭᠤᠯᠬᠤ ᠵᠢᠨ ᠦᠷ᠎ᠡ ᠪᠦᠲᠦᠮᠵᠢ ᠠᠨᠠᠶ ᠪᠠᠢᠬᠤ ᠬᠦᠴᠢᠷ ᠠᠰᠠᠭᠤᠳᠠᠯ᠎ᠢ ᠱᠢᠶ᠋ᠳᠪᠦᠷᠢᠯᠡᠵᠦ᠍᠂ ᠨᠢᠰᠭᠡᠯ᠎ᠢᠶᠡᠷ ᠲᠠᠷᠢᠵᠤ ᠣᠢᠵᠢᠭᠤᠯᠤᠯᠲᠠ ᠬᠢᠭ᠌ᠰᠡᠨ ᠦᠷ᠎ᠡ ᠪᠦᠲᠦᠮᠵᠢ᠎ᠶ᠋ᠢ ᠶᠡᠬᠡᠪᠡᠷ ᠳᠡᠭᠡᠭ᠌ᠰᠢᠯᠡᠭᠦᠯᠪᠡ᠃
2024 ᠣᠨ᠎ᠤ ᠡᠴᠦᠰ ᠪᠣᠯᠲᠠᠯ᠎ᠠ᠂ ᠯᠢᠦ ᠬᠣᠩ ᠢᠪᠡᠷ ᠭᠤᠤᠯᠯᠠᠭᠤᠯᠵᠤ ᠪᠡᠶᠡᠯᠡᠭᠦᠯᠦᠭ᠌ᠰᠡᠨ ᠨᠢᠰᠭᠡᠯ᠎ᠢᠶᠡᠷ ᠳᠠᠷᠢᠵᠤ ᠣᠢᠵᠢᠭᠤᠯᠬᠤ ᠲᠠᠯᠠᠪᠠᠶ ᠨᠡᠢᠲᠡ 417 ᠲᠦᠮᠡᠨ ᠮᠤ᠌᠎ᠳᠦ ᠬᠦᠷᠴᠦ᠍᠂ ᠪᠥᠬᠥ᠌ ᠬᠣᠱᠢᠭᠤᠨ᠎ᠤ ᠨᠢᠰᠭᠡᠯ᠎ᠢᠶᠡᠷ ᠳᠠᠷᠢᠭ᠍ᠰᠠᠨ ᠶᠡᠷᠦᠩᠬᠡᠶ ᠲᠠᠯᠠᠪᠠᠶ᠎ᠶ᠋ᠢᠨ 65.3% ᠶ᠋ᠢ ᠡᠵᠡᠯᠡᠵᠦ᠍᠂ ᠤᠷᠭᠤᠮᠠᠯ᠎ᠤᠨ ᠬᠤᠴᠢᠯᠭ᠎ᠠ᠎ᠶ᠋ᠢᠨ ᠪᠦᠷᠬᠦᠴᠡ᠎ᠨᠢ ᠳᠠᠷᠢᠬᠤ᠎ᠡᠴᠡ ᠡᠮᠦᠨᠡᠬᠢ 5% ᠬᠥᠷᠬᠥ᠌ ᠥᠬᠡᠶ ᠪᠠᠢᠭ᠍ᠰᠠᠨ᠎ᠡᠴᠡ᠎ᠪᠠᠨ ᠣᠲᠣ 12.5% — 50.8% ᠪᠣᠯᠲᠠᠯ᠎ᠠ ᠳᠡᠭᠡᠭ᠌ᠰᠢᠯᠡᠵᠦ᠍᠂ ᠠᠯᠠᠱᠠ᠎ᠶ᠋ᠢᠨ ᠡᠯᠡᠰᠦᠨ ᠴᠥᠯ᠎ᠳᠦ《ᠨᠣᠭᠣᠭᠠᠨ ᠪᠦᠰᠡ᠎ᠪᠡᠷ ᠱᠢᠷ᠎ᠠ ᠡᠯᠡᠰᠦ᠎ᠶ᠋ᠢ ᠲᠤᠭᠳᠠᠪᠤᠷᠢᠵᠢᠭᠤᠯᠬᠤ》ᠠᠮᠢ ᠠᠬᠤᠶ᠎ᠶ᠋ᠢᠨ ᠬᠠᠯᠬᠠᠪᠴᠢ᠎ᠶ᠋ᠢ ᠪᠠᠢᠭᠤᠯᠪᠠ᠃
ᠡᠯᠡᠰᠦ ᠵᠢ ᠵᠠᠰᠠᠬᠤ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠠᠵᠢᠯᠳᠠᠨ ᠪᠣᠯᠤᠭ᠍ᠰᠠᠨ ᠤ᠋ ᠬᠤᠪᠢ ᠳ᠋ᠤ ᠯᠢᠦ ᠬᠣᠩ ᠢ᠂ ᠡᠯᠡᠰᠦ ᠵᠢ ᠵᠠᠰᠠᠬᠤ᠎ᠪᠡᠷ ᠪᠠᠷᠠᠬᠤ ᠦᠭᠡᠢ ᠪᠠᠰᠠ ᠪᠠᠶᠠᠵᠢᠬᠤ ᠬᠡᠷᠡᠭᠳᠡᠢ᠂ ᠭᠠᠭ᠍ᠴᠠ ᠬᠦ᠌ ᠠᠮᠢ ᠠᠬᠤᠢ᠎ᠶ᠋ᠢᠨ ᠪᠦᠳᠦᠬᠡᠨ ᠪᠠᠢᠭᠤᠯᠤᠯᠲᠠ ᠪᠣᠯᠤᠨ ᠠᠵᠤ ᠦᠢᠯᠡᠰ᠎ᠦᠨ ᠬᠥᠭ᠌ᠵᠢᠯᠲᠡ᠎ᠶ᠋ᠢ ᠨᠢᠭ᠍ᠲᠠ ᠤᠶᠠᠯᠳᠤᠭᠤᠯᠪᠠᠯ ᠰᠠᠶ᠍ᠢ ᠡᠯᠡᠰᠦ ᠵᠢ ᠵᠠᠰᠠᠬᠤ ᠦᠷᠭᠦᠯᠵᠢᠯᠡᠬᠦ᠌ ᠴᠢᠨᠠᠷ᠎ᠢ ᠪᠡᠶᠡᠯᠡᠭᠦᠯᠵᠦ᠍ ᠴᠢᠳᠠᠨ᠎ᠠ ᠬᠡᠳᠡᠭ᠎ᠢ ᠭᠦᠨᠵᠡᠭᠡᠢ ᠣᠢᠯᠠᠭᠠᠵᠤ ᠪᠠᠢᠯ᠎ᠠ᠃
ᠲᠡᠭᠦᠨ᠎ᠡᠴᠡ ᠬᠣᠢᠰᠢ᠂ ᠲᠡᠷᠡ ᠨᠢᠭᠡ ᠰᠡᠳᠭᠢᠯ᠎ᠢᠶᠡᠷ ᠵᠠᠭ ᠮᠣᠳᠣ ᠵᠢᠨ ᠨᠠᠮᠤᠷ(ᠡᠪᠦᠯ) ᠤ᠋ᠨ ᠲᠠᠷᠢᠬᠤ ᠠᠷᠭ᠎ᠠ᠎ᠶ᠋ᠢ ᠡᠭᠦᠳᠴᠦ᠍᠂ ᠪᠦᠬᠦ᠌ ᠬᠣᠱᠢᠭᠤᠨ᠎ᠤ ᠡᠯᠡᠰᠦᠨ᠎ᠦ ᠠᠵᠤ ᠦᠢᠯᠡᠰ᠎ᠦᠨ ᠬᠥᠭ᠌ᠵᠢᠯᠲᠡ᠎ᠳᠦ ᠳᠡᠯᠭᠡᠷᠡᠭᠦᠯᠪᠡ᠃ ᠠᠯᠠᠱᠠ ᠵᠡᠭᠦᠨ ᠬᠣᠱᠢᠭᠤᠨ᠎ᠳᠤ 《ᠵᠠᠭᠤᠨ ᠲᠦᠮᠡᠨ ᠮᠦ᠍》 ᠵᠢᠨ ᠵᠠᠭ ᠮᠣᠳᠣ ᠴᠠᠭᠠᠨ ᠭᠣᠶᠣᠣ᠎ᠶ᠋ᠢᠨ ᠠᠵᠤ ᠦᠢᠯᠡᠰ᠎ᠦᠨ ᠰᠠᠭᠤᠷᠢᠨ᠎ᠤ ᠲᠦᠷᠦᠯ ᠵᠦᠢᠯ᠎ᠦᠨ ᠪᠦᠳᠦᠭᠡᠨ ᠪᠠᠢᠭᠤᠯᠤᠯᠲᠠ᠎ᠶ᠋ᠢ ᠬᠡᠷᠡᠭ᠌ᠵᠢᠭᠦᠯᠬᠦ᠌ ᠦᠶ᠎ᠡ᠎ᠳᠦ᠂ ᠯᠢᠦ ᠬᠣᠩ ᠢ ᠬᠦᠨᠳᠦ ᠡᠭᠦᠷᠭᠡ᠎ᠶ᠋ᠢ ᠵᠣᠷᠢᠭ᠍ᠲᠠᠢ ᠡᠭᠦᠷᠭᠡᠯᠡᠵᠦ᠍᠂ 《ᠯᠢᠦ ᠬᠣᠩ ᠢ᠎ᠶ᠋ᠢᠨ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠱᠢᠨ᠎ᠡ᠎ᠶ᠋ᠢ ᠡᠭᠦᠳᠬᠦ᠌ ᠠᠵᠢᠯᠯᠠᠬᠤ ᠲᠠᠰᠤᠭ》 ᠤ᠋ᠨ ᠪᠦᠬᠦ᠌ ᠬᠥᠮᠦᠰ᠎ᠦᠨ ᠬᠠᠮᠲᠤ᠎ᠶ᠋ᠢᠨ ᠴᠢᠷᠮᠠᠢᠯᠭ᠎ᠠ᠎ᠪᠠᠷ᠂ ᠤᠤᠯ᠎ᠤᠨ 10 ᠵᠢᠯ᠎ᠳᠦ ᠪᠡᠶᠡᠯᠡᠭᠦᠯᠬᠦ᠌᠎ᠪᠡᠷ ᠲᠥᠯᠥᠪᠯᠡᠵᠦ᠍ ᠪᠠᠢᠭ᠍ᠰᠠᠨ ᠠᠤᠭ᠎ᠠ ᠶᠡᠬᠡ ᠢᠨᠵᠧᠨᠧᠷᠢᠩ᠎ᠢ 4 ᠵᠢᠯ᠎ᠳᠦ ᠪᠡᠶᠡᠯᠡᠭᠦᠯᠪᠡ᠃ ᠲᠡᠷᠡ ᠪᠠᠰᠠ ᠵᠠᠭ ᠮᠣᠳᠣ ᠳᠠᠷᠢᠬᠤ ᠲᠤᠷᠱᠢᠯᠭ᠎ᠠ᠎ᠶ᠋ᠢ ᠳ᠋ᠦᠩᠨᠡᠵᠦ᠍᠂ ᠨᠠᠮᠤᠷ᠎ᠤᠨ ᠣᠢᠵᠢᠭᠤᠯᠤᠯᠲᠠ᠎ᠶ᠋ᠢ ᠳᠡᠯᠭᠡᠷᠡᠭᠦᠯᠵᠦ᠍᠂ ᠬᠠᠪᠤᠷ ᠨᠠᠮᠤᠷ ᠬᠣᠶᠠᠷ ᠤᠯᠠᠷᠢᠯ᠎ᠳᠤ ᠬᠠᠷᠢᠯᠴᠠᠨ ᠨᠥᠬᠥᠪᠥᠷᠢᠯᠡᠵᠦ᠍ ᠳᠠᠷᠢᠬᠤ᠎ᠪᠠᠷ ᠳᠡᠮᠵᠢᠨ᠂ ᠤᠰᠤᠯᠠᠬᠤ ᠤᠳᠠᠭ᠎ᠠ᠎ᠶ᠋ᠢ ᠪᠠᠭᠠᠰᠭᠠᠵᠤ᠂ ᠵᠠᠭ ᠮᠣᠳᠣ ᠳᠠᠷᠢᠬᠤ ᠴᠠᠭ᠎ᠢ ᠤᠷᠲᠤᠳᠭᠠᠭ᠍ᠰᠠᠨ᠎ᠢᠶᠠᠷ ᠪᠠᠷᠠᠬᠤ ᠥᠬᠡᠶ᠂ ᠵᠠᠭ ᠮᠣᠳᠣᠨ᠎ᠤ ᠡᠳᠡᠭᠡᠷᠡᠯᠲᠡ᠎ᠶ᠋ᠢᠨ ᠨᠣᠷᠮ᠎ᠠ᠎ᠶ᠋ᠢ 5% —10% ᠪᠠᠷ ᠳᠡᠭᠡᠭ᠌ᠰᠢᠯᠡᠭᠦᠯᠵᠡᠶ᠃ ᠵᠠᠭ ᠮᠤᠳᠤ ᠲᠠᠷᠢᠬᠤ ᠮᠡᠷᠭᠡᠵᠢᠯ᠎ᠢᠶᠡᠷ ᠮᠠᠯᠴᠢᠨ ᠲᠠᠷᠢᠶᠠᠴᠢᠨ᠎ᠳᠤ ᠠᠱᠢᠭ ᠬᠦᠷᠲᠡᠭᠡᠬᠦ᠌᠎ᠶ᠋ᠢᠨ ᠲᠥᠯᠥᠭᠡ᠂ ᠲᠡᠷᠡ ᠪᠦᠯᠬᠦᠮ᠎ᠢᠶᠡᠨ ᠳᠠᠭᠠᠭᠤᠯᠤᠨ 1000 ᠭᠠᠷᠤᠢ ᠮᠠᠯᠴᠢᠨ ᠲᠠᠷᠢᠶᠠᠴᠢᠨ᠎ᠳᠤ ᠪᠣᠯᠪᠠᠰᠤᠷᠠᠯ ᠬᠦᠷᠲᠡᠭᠡᠵᠦ᠍᠂ ᠬᠡᠳᠦᠨ ᠵᠠᠭᠤᠨ ᠮᠠᠯᠴᠢᠨ ᠲᠠᠷᠢᠶᠠᠴᠢᠨ ᠵᠠᠭ ᠮᠤᠳᠤ ᠲᠠᠷᠢᠬᠤ ᠪᠠ ᠬᠥᠮᠦᠨ᠎ᠦ ᠬᠦᠴᠦ᠍᠎ᠪᠡᠷ ᠴᠠᠭᠠᠨ ᠭᠣᠶᠣᠣ᠂ ᠤᠯᠠᠭᠠᠨ ᠭᠣᠶᠣᠣ ᠲᠠᠷᠢᠵᠤ᠂ ᠣᠷᠣᠯᠭ᠎ᠠ᠎ᠪᠠᠨ ᠨᠡᠮᠡᠭ᠌ᠳᠡᠭᠦᠯᠦᠨ ᠪᠠᠶᠠᠵᠢᠪᠠ᠃
ᠣᠯᠠᠨ ᠵᠢᠯ᠎ᠦᠨ ᠲᠤᠷᠰᠢ᠂ ᠯᠢᠦ ᠬᠣᠩ ᠢ᠎ᠶ᠋ᠢᠨ ᠡᠯᠡᠰᠦᠨ᠎ᠦ ᠠᠵᠤ ᠦᠶ᠋ᠯᠡᠰ᠎ᠦᠨ ᠳᠠᠷᠢᠬᠤ ᠮᠡᠷᠭᠡᠵᠢᠯ᠎ᠢ ᠳᠡᠯᠭᠡᠷᠡᠭᠦᠯᠬᠦ᠌᠎ᠪᠡᠷ ᠳᠡᠮᠵᠢᠨ᠂ ᠠᠯᠠᠱᠠ ᠵᠡᠭᠦᠨ ᠬᠣᠱᠢᠭᠤᠨ᠎ᠤ ᠵᠠᠭ ᠮᠣᠳᠣ ᠳᠠᠷᠢᠬᠤ ᠲᠠᠯᠠᠪᠠᠶ ᠲᠠᠰᠤᠷᠠᠯᠲᠠ ᠥᠬᠡᠶ ᠥᠷᠭᠡᠳᠴᠦ᠍᠂ ᠠᠮᠢ ᠠᠬᠤᠶ ᠣᠷᠴᠢᠨ ᠲᠣᠭᠣᠷᠢᠨ᠎ᠢ ᠪᠦᠲᠦᠮᠵᠢᠲᠡᠶ ᠰᠠᠢᠵᠢᠷᠠᠭᠤᠯᠤᠭ᠍ᠰᠠᠨ᠎ᠢᠶᠠᠷ ᠪᠠᠷᠠᠬᠤ ᠥᠬᠡᠶ᠂ ᠨᠠᠩ ᠴᠤ᠌ ᠮᠠᠯᠴᠢᠨ ᠲᠠᠷᠢᠶᠠᠴᠢᠨ᠎ᠤ ᠣᠷᠣᠯᠭ᠎ᠠ᠎ᠶ᠋ᠢ ᠨᠡᠮᠡᠭ᠌ᠳᠡᠭᠦᠯᠦᠨ ᠪᠠᠶᠠᠵᠢᠭᠤᠯᠬᠤ ᠵᠠᠮ᠎ᠢ ᠥᠷᠭᠡᠳᠭᠡᠪᠡ᠃ 2024 ᠣᠨ ᠪᠣᠯᠲᠠᠯ᠎ᠠ᠂ ᠠᠯᠠᠱᠠ ᠵᠡᠭᠦᠨ ᠬᠣᠱᠢᠭᠤᠨ᠎ᠤ ᠵᠠᠭ ᠮᠣᠳᠣ ᠲᠠᠷᠢᠬᠤ᠎ᠶ᠋ᠢ ᠳᠡᠯᠭᠡᠷᠡᠭᠦᠯᠦᠭ᠌ᠰᠡᠨ ᠲᠠᠯᠠᠪᠠᠢ 290 ᠲᠦᠮᠡᠨ ᠮᠦ᠍᠎ᠳᠦ ᠬᠦᠷᠴᠦ᠍᠂ ᠴᠠᠭᠠᠨ ᠭᠣᠶᠣᠣ᠂ ᠤᠯᠠᠭᠠᠨ ᠭᠣᠶᠣᠣ ᠲᠠᠷᠢᠬᠤ ᠲᠠᠯᠠᠪᠠᠢ 73 ᠲᠦᠮᠡᠨ ᠮᠦ᠍᠎ᠳᠦ ᠬᠦᠷᠴᠦ᠍᠂ ᠠᠵᠤ ᠠᠬᠤᠢ᠎ᠶ᠋ᠢᠨ ᠦᠷ᠎ᠡ ᠠᠱᠢᠭ᠎ᠢ 3 ᠳ᠋ᠦᠩᠱᠢᠭᠤᠷ ᠲᠥᠭᠥᠷᠢᠭ ᠱᠢᠬᠠᠮ ᠪᠡᠶᠡᠯᠡᠭᠦᠯᠵᠦ᠍᠂ 2 ᠲᠦᠮᠡ ᠭᠠᠷᠤᠢ ᠮᠠᠯᠴᠢᠨ ᠲᠠᠷᠢᠶᠠᠴᠢᠨ᠎ᠤ ᠬᠥᠮᠦᠨ ᠳᠤᠮᠳᠠᠴᠢ᠎ᠶ᠋ᠢᠨ ᠣᠷᠣᠯᠭ᠎ᠠ᠎ᠶ᠋ᠢ ᠲᠦᠮᠡᠨ ᠲᠥᠭᠥᠷᠢᠭ ᠱᠢᠬᠠᠮ ᠨᠡᠮᠡᠭ᠌ᠳᠡᠭᠦᠯᠪᠡ᠃
39 ᠵᠢᠯ᠎ᠦᠨ ᠲᠤᠷᠰᠢ᠂ ᠵᠠᠯᠠᠭᠤ ᠪᠠᠭ᠎ᠠ᠎ᠡᠴᠡ ᠠᠪᠤᠭᠠᠳ ᠵᠠᠵᠢ᠎ᠶ᠋ᠢᠨ ᠦᠰᠦ ᠨᠢ ᠴᠠᠢᠬᠤ ᠬᠦᠷᠳᠡᠯ᠎ᠠ᠂ ᠯᠢᠦ ᠬᠣᠩ ᠢ ᠥᠪᠡᠷ᠎ᠦᠨ ᠵᠠᠯᠠᠭᠤ ᠨᠠᠰᠤ ᠪᠣᠯᠤᠨ ᠣᠶᠤᠨ ᠤᠬᠠᠭᠠᠨ᠎ᠢᠶᠠᠨ ᠡᠯᠡᠰᠤᠷᠬᠡᠭᠵᠢᠯ ᠢ᠋ ᠰᠡᠷᠭᠡᠢ᠌ᠯᠡᠵᠤ ᠡᠯᠡᠰᠤ᠎ᠶ᠋ᠢ ᠵᠠᠰᠠᠬᠤ ᠦᠶ᠋ᠯᠡᠰ᠎ᠲᠦ ᠵᠣᠷᠢᠭᠤᠯᠵᠤ᠂ 《ᠱᠢᠷ᠎ᠠ ᠡᠯᠡᠰᠦ᠎ᠶ᠋ᠢ ᠨᠣᠭᠣᠭᠠᠨᠪᠦᠷᠢᠳᠤ ᠪᠤᠯᠭᠠᠨ ᠣᠢᠵᠢᠭᠤᠯᠬᠤ ᠪᠦᠭᠡᠳ ᠪᠠᠶᠠᠵᠢᠭᠤᠯᠬᠤ》 ᠬᠦᠰᠡᠯ ᠵᠡᠭᠦᠳᠦ᠍᠎ᠶ᠋ᠢ ᠪᠣᠳᠠᠲᠤ ᠠᠬᠤᠶ ᠪᠣᠯᠭᠠᠨ ᠬᠤᠪᠢᠷᠠᠭᠤᠯᠪᠠ᠃ ᠣᠢᠷ᠎ᠠ᠎ᠶ᠋ᠢᠨ ᠵᠢᠯ᠎ᠳᠦ᠂ ᠯᠢᠦ ᠬᠣᠩ ᠢ ᠤᠷᠢᠳ ᠬᠣᠵᠢᠳ 《ᠪᠥᠬᠥ᠌ ᠤᠯᠤᠰ᠎ᠤᠨ ᠲᠠᠪᠤᠨ ᠰᠠᠷ᠎ᠠ᠎ᠶ᠋ᠢᠨ ᠨᠢᠭᠡᠨ᠎ᠦ ᠬᠥᠳᠡᠯᠮᠦᠷᠢ᠎ᠶ᠋ᠢᠨ ᠱᠠᠩᠨᠠᠯ᠎ᠤᠨ ᠲᠡᠮᠳᠡᠭ》᠂《ᠪᠥᠬᠥ᠌ ᠤᠯᠤᠰ᠎ᠤᠨ ᠬᠠᠮᠤᠭ᠎ᠤᠨ ᠭᠣᠶᠣ ᠣᠶ ᠱᠢᠭᠤᠶ ᠡᠪᠡᠰᠦ ᠪᠡᠯᠴᠢᠭᠡᠷ᠎ᠦᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠳᠡᠯᠭᠡᠷᠡᠭᠦᠯᠦᠭ᠌ᠴᠢ》 ᠵᠡᠷᠭᠡ ᠣᠯᠠᠨ ᠢᠷᠠᠭᠤ ᠠᠯᠳᠠᠷ᠎ᠢ ᠭᠥᠷᠳᠡᠭ᠌ᠰᠡᠨ ᠪᠥᠭᠡᠳ ᠤᠯᠤᠰ᠎ᠤᠨ ᠣᠶ ᠱᠢᠭᠤᠶ ᠡᠪᠡᠰᠦ ᠪᠡᠯᠴᠢᠭᠡᠷ᠎ᠦᠨ ᠲᠣᠪᠴᠢᠶ᠎ᠠ᠎ᠳᠤ 《ᠤᠯᠤᠰ᠎ᠤᠨ ᠣᠶ ᠱᠢᠭᠤᠶ ᠨᠤᠲᠤᠭ ᠪᠡᠯᠴᠢᠭᠡᠷ᠎ᠦᠨ ᠲᠤᠰᠭᠠᠶ ᠮᠡᠷᠭᠡᠵᠢᠯᠲᠡᠨ》 ᠵᠢᠡᠷ ᠤᠷᠢᠭ᠍ᠳᠠᠪᠠ᠃
《ᠡᠯᠡᠰᠦ᠎ᠶ᠋ᠢ ᠵᠠᠰᠠᠵᠤ ᠨᠣᠭᠣᠭᠠᠷᠠᠭᠤᠯᠬᠤ ᠪᠣᠯ ᠮᠢᠨᠦ᠍ ᠨᠢᠭᠡ ᠨᠠᠰᠤᠨ᠎ᠤ ᠬᠠᠢᠷᠠᠲᠠᠢ ᠦᠢᠯᠡᠰ ᠮᠥᠨ᠂ ᠬᠣᠢᠱᠢᠳᠠ ᠪᠢ ᠥᠪᠡᠷ᠎ᠦᠨ ᠲᠤᠰᠭᠠᠢ ᠮᠡᠷᠭᠡᠵᠢᠯ᠎ᠢᠶᠡᠨ ᠦᠷᠭᠦᠯᠵᠢᠯᠡᠨ ᠪᠠᠳᠠᠷᠠᠭᠤᠯᠵᠤ ᠡᠯᠡᠰᠦᠷᠬᠡᠭᠵᠢᠯ ᠢ᠋ ᠰᠡᠷᠭᠡᠢᠯᠡᠵᠦ᠍ ᠡᠯᠡᠰᠦ᠎ᠶ᠋ᠢ ᠵᠠᠰᠠᠬᠤ ᠡᠮᠦᠨ᠎ᠡ ᠹᠷᠣᠨᠲ᠎ᠲᠤ ᠲᠡᠮᠡᠴᠡᠵᠦ᠍᠂ ᠠᠮᠢ ᠠᠬᠤᠢ ᠣᠷᠴᠢᠨ ᠲᠣᠭᠣᠷᠢᠨ᠎ᠢ ᠦᠷᠭᠦᠯᠵᠢᠯᠡᠨ ᠰᠠᠢᠵᠢᠷᠠᠭᠤᠯᠬᠤ᠎ᠳᠤ ᠬᠤᠪᠢ ᠨᠡᠮᠡᠷᠢ ᠦᠵᠡᠭᠦᠯᠦᠨ᠎ᠡ》 ᠭᠡᠵᠦ᠍ ᠯᠢᠦ ᠬᠣᠩ ᠢ ᠬᠡᠯᠡᠵᠤ ᠭᠠᠷᠤᠯ᠎ᠠ᠃