ᠬᠠᠢᠷ᠎ᠠ ᠬᠠᠷᠢᠭᠤᠴᠠᠯᠭ᠎ᠠ ᠪᠡᠨ ᠲᠠᠯ᠎ᠠ ᠨᠤᠲᠤᠭ ᠲᠠᠭᠠᠨ ᠵᠤᠷᠢᠭᠤᠯᠤᠨ᠎ᠠ
2025-05-22 09:20:30
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

— ᠦᠪᠡᠷᠳᠡᠭᠡᠨ ᠵᠠᠰᠠᠬᠤ ᠤᠷᠤᠨ᠎ᠤ ᠲᠡᠷᠢᠭᠦᠨ᠎ᠤ ᠵᠢᠱ᠌ᠢᠶᠡᠴᠢ ᠠᠵᠢᠯᠳᠠᠨ᠂ ᠰᠢᠯᠢ ᠵᠢᠨ ᠭᠤᠤᠯ ᠠᠢᠮᠠᠭ᠎ᠤᠨ ᠠᠮᠢ ᠠᠬᠤᠢ ᠤᠷᠴᠢᠨ ᠲᠤᠭᠤᠷᠢᠨ᠎ᠤ ᠲᠤᠪᠴᠢᠶ᠎ᠠ ᠵᠢᠨ ᠲᠡᠳ᠋ ᠶᠡᠷᠦᠡᠭᠬᠡᠢ ᠢᠨᠵᠸᠨ᠋ᠸᠷ ᠵᠸᠤ ᠫᠸᠡᠭ᠎ᠢ ᠲᠡᠮᠳᠡᠭᠯᠡᠪᠡ

                                

ᠱᠢᠯᠢ᠎ᠶ᠋ᠢᠨ ᠭᠣᠣᠯ ᠠᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠤᠪᠴᠢᠶ᠎ᠠ᠎ᠶ᠋ᠢᠨ ᠤᠰᠤᠨ᠎ᠤ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ᠎ᠶ᠋ᠢᠨ ᠠᠯᠪᠠᠨ ᠭᠡᠷ᠎ᠲᠦ ᠲᠠᠯᠪᠢᠭᠠᠰᠤᠲᠠᠢ ᠨᠢᠭᠡ ᠬᠠᠭᠤᠴᠢᠨ ᠭᠡᠷᠡᠯ ᠵᠢᠷᠤᠭ ᠬᠤᠷᠢ ᠰᠢᠬᠠᠮ ᠵᠢᠯ ᠲᠠᠯ᠎ᠠ ᠨᠤᠲᠤᠭ᠎ᠤᠨ ᠠᠮᠢ ᠠᠬᠤᠢ ᠵᠢ ᠬᠠᠮᠠᠭᠠᠯᠠᠬᠤ ᠠᠵᠢᠯ᠎ᠤᠨ ᠪᠠᠢᠷᠢ ᠯᠤᠭ᠎ᠠ ᠤᠴᠠᠷᠠᠯ ᠪᠠᠷᠢᠯᠳᠤᠯᠭ᠎ᠠ ᠪᠡᠨ ᠬᠤᠯᠪᠤᠭᠰᠠᠨ ᠵᠠᠯᠠᠭᠤ ᠺᠠᠳ᠋ᠷ ᠵᠸᠤ ᠫᠸᠡᠭ᠎ᠤᠨ ᠬᠠᠭᠤᠴᠢᠨ ᠲᠤᠷᠠᠰᠤᠮᠵᠢ ᠵᠢ ᠰᠡᠬᠦᠯ᠎ᠡ᠃ ᠵᠢᠷᠤᠭ ᠲᠡᠭᠡᠷ᠎ᠡ 2006 ᠣᠨ᠎ᠤ 7 ᠰᠠᠷ᠎ᠠ᠎ᠳᠤ ᠱᠢᠯᠢ᠎ᠶ᠋ᠢᠨ ᠭᠣᠣᠯ᠎ᠤᠨ ᠲᠠᠯ᠎ᠠ ᠨᠤᠲᠤᠭ᠎ᠲᠤ ᠢᠷᠡᠵᠦ ᠠᠵᠢᠯ᠎ᠤᠨ ᠭᠠᠷᠤᠭ᠎ᠠ ᠪᠡᠨ ᠠᠪᠤᠭᠰᠠᠨ ᠤᠶᠤᠲᠠᠨ ᠵᠧᠦ ᠫᠸᠩ ᠰᠢᠯᠢ ᠵᠢᠨ ᠭᠤᠤᠯ᠎ᠤᠨ ᠲᠡᠨᠵᠢᠨ᠎ᠳᠤ ᠢᠳᠡᠭᠡᠯ ᠲᠡᠭᠦᠯᠳᠡᠷ ᠢᠨᠢᠶᠡᠮᠰᠦᠭᠯᠡᠨ ᠵᠤᠭᠰᠤᠨ᠎ᠠ᠃ ᠱᠠᠨ ᠰᠢ ᠮᠤᠵᠢ᠎ᠳᠤ ᠲᠦᠷᠦᠵᠦ ᠦᠰᠦᠭᠰᠡᠨ ᠵᠸᠤ ᠫᠸᠡᠭ ᠦᠪᠦᠷ ᠮᠤᠡᠭᠭᠤᠯ᠎ᠳᠤ ᠢᠷᠡᠵᠦ ᠠᠮᠢ ᠠᠬᠤᠢ᠎ᠶ᠋ᠢᠨ ᠤᠬᠠᠭᠠᠨ ᠎ᠤ ᠲᠤᠰᠬᠠᠢ ᠮᠡᠷᠭᠡᠵᠢᠯ ᠵᠢᠡᠷ ᠠᠰᠫᠢᠷᠠᠨᠲ ᠲᠡᠭᠦᠰᠴᠦ᠂ ᠠᠬᠢᠭᠠᠳ ᠲᠠᠯ᠎ᠠ ᠨᠤᠲᠤᠭ᠎ᠲᠦ ᠠᠵᠢᠯᠯᠠᠵᠦ ᠠᠮᠢᠳᠤᠷᠠᠨ᠂ ᠭᠠᠯ ᠵᠠᠯᠠᠭᠤ ᠨᠠᠰᠤ ᠪᠡᠨ ᠬᠠᠢᠷᠠᠳᠠᠢ ᠦᠢᠯᠡᠰ ᠲᠡᠭᠡᠨ ᠵᠣᠷᠢᠭᠤᠯᠵᠤ᠂ 17 ᠵᠢᠯ᠎ᠤᠨ ᠲᠤᠷᠰᠢ ᠡᠭᠦᠷᠭᠡ ᠬᠠᠷᠢᠭᠤᠴᠠᠯᠭ᠎ᠠ ᠪᠡᠨ ᠪᠠᠳᠤ ᠰᠠᠬᠢᠵᠦ ᠢᠷᠡᠭᠰᠡᠨ ᠶᠤᠮ᠃

ᠵᠧᠦ ᠫᠸᠩ ᠠᠮᠢ ᠠᠬᠤᠢ᠎ᠶ᠋ᠢᠨ ᠲᠤᠰᠭᠠᠢ ᠮᠡᠷᠭᠡᠵᠢᠯ᠎ᠳᠤ ᠮᠠᠰᠢ ᠲᠤᠷ᠎ᠠ ᠪᠠᠬᠠᠳᠠᠢ ᠪᠤᠯᠬᠤᠷ ᠲᠠᠷᠢᠶᠠᠯᠠᠩ᠎ᠤᠨ ᠤᠬᠠᠭᠠᠨ᠎ᠠᠴᠠ ᠲᠤᠰᠭᠠᠢ ᠮᠡᠷᠭᠡᠵᠢᠯ ᠠᠯᠤᠰᠯᠠᠨ ᠠᠮᠢ ᠠᠬᠤᠢ᠎ᠶ᠋ᠢᠨ ᠤᠬᠠᠭᠠᠨ᠎ᠤ ᠠᠰᠫᠢᠷᠠᠨᠲ ᠱᠢᠯᠭᠠᠨ ᠣᠷᠣᠪᠠ᠃ 2006 ᠣᠨ᠎ᠳᠤ ᠲᠡᠷᠡ ᠠᠰᠫᠢᠷᠠᠨᠲ ᠵᠢᠡᠨ ᠲᠡᠭᠦᠰᠦᠭᠡᠳ ᠱᠢᠯᠢ᠎ᠶ᠋ᠢᠨ ᠭᠣᠣᠯ᠎ᠤᠨ ᠲᠠᠯ᠎ᠠ ᠨᠤᠲᠤᠭ᠎ᠲᠤ ᠠᠩᠬ᠎ᠠ ᠢᠷᠡᠵᠡᠶ᠃ ᠲᠡᠷᠡ᠄ ᠳᠡᠯᠭᠡᠷ ᠵᠤᠨ᠎ᠤ ᠲᠠᠯ᠎ᠠ ᠨᠤᠲᠤᠭ ᠶᠠᠭ ᠯᠠ ᠬᠥᠪᠡᠭᠡ ᠬᠢᠵᠠᠭᠠᠷ ᠦᠭᠡᠢ ᠨᠣᠭᠣᠭᠠᠨ ᠬᠡᠪᠢᠰ ᠲᠡᠪᠢᠰᠦᠭᠰᠡᠨ ᠱᠢᠭ᠂ ᠬᠤᠨᠢᠨ ᠰᠦᠷᠦᠭ ᠶᠠᠭ ᠯᠠ ᠲᠠᠨ᠎ᠠ ᠰᠤᠪᠤᠳ ᠠᠳᠠᠯᠢ᠂ ᠪᠤᠷᠤᠭᠵᠢᠭᠤᠨ ᠬᠦᠳᠦᠰᠬᠡᠨ ᠮᠠᠯᠴᠢᠨ ᠲᠦᠮᠡᠨ ᠨᠠᠳᠠᠳᠤ ᠮᠠᠰᠢ ᠬᠠᠯᠠᠭᠤᠨ ᠲᠤᠯᠠᠭᠠᠨ ᠰᠠᠨᠠᠭᠳᠠᠯ᠎ᠠ᠃ ᠲᠡᠭᠡᠬᠦ᠎ᠳᠤ ᠪᠢ 《ᠦᠵᠡᠰᠭᠦᠯᠡᠩᠲᠦ ᠰᠠᠢᠬᠠᠨ ᠮᠢᠨᠤ ᠨᠤᠲᠤᠭ》 ᠦ᠋ᠨ ᠵᠢᠩᠬᠢᠨᠢ ᠤᠳᠭ᠎ᠠ᠎ᠶ᠋ᠢ ᠬᠣᠷᠣᠮᠬᠠᠨ ᠵᠠᠭᠤᠷ᠎ᠠ ᠣᠢᠯᠠᠭᠠᠵᠦ᠂ ᠲᠠᠯ᠎ᠠ ᠨᠤᠲᠤᠭ᠎ᠤᠨ ᠠᠮᠢ ᠠᠬᠤᠢ ᠵᠢ ᠬᠠᠮᠠᠭᠠᠯᠠᠬᠤ ᠦᠢᠯᠡᠰ᠎ᠲᠦ ᠨᠢᠭᠡ ᠮᠦᠷᠦᠨ᠎ᠤ ᠬᠦᠴᠦ ᠪᠠᠨ ᠡᠷᠭᠦᠬᠦ ᠪᠡᠷ ᠵᠤᠷᠢᠭ ᠰᠢᠢᠳᠦᠯ᠎ᠠ》 ᠭᠡᠵᠦ ᠲᠤᠬᠠᠢ ᠦᠶ᠎ᠡ ᠵᠢᠨ ᠪᠠᠢᠳᠠᠯ᠎ᠢᠶᠠᠨ ᠡᠷᠭᠢᠴᠡᠭᠦᠯᠦᠨ᠎ᠡ᠃

2008 ᠣᠨ᠎ᠳᠤ ᠵᠧᠦ ᠫᠸᠩ ᠤᠤᠯ᠎ᠤᠨ ᠱᠢᠯᠢ᠎ᠶ᠋ᠢᠨ ᠭᠣᠣᠯ ᠠᠢᠮᠠᠭ᠎ᠤᠨ ᠣᠷᠴᠢᠨ ᠲᠣᠭᠣᠷᠢᠨ᠎ᠤ ᠬᠢᠨᠠᠨ ᠬᠡᠮᠵᠢᠯᠲᠡ᠎ᠶ᠋ᠢᠨ ᠦᠷᠳᠡᠭᠡᠨ᠎ᠳᠦ ᠠᠵᠢᠯᠯᠠᠵᠦ᠂ ᠦᠨᠳᠦᠰᠦᠨ ᠱᠠᠲᠤᠨ᠎ᠤ ᠣᠷᠴᠢᠨ ᠲᠣᠭᠣᠷᠢᠨ᠎ᠢ ᠬᠠᠮᠠᠭᠠᠯᠠᠬᠤ ᠠᠵᠢᠯᠳᠠᠨ ᠪᠣᠯᠪᠠ᠃ ᠲᠡᠷᠡ ᠬᠠᠮᠲᠤ ᠠᠵᠢᠯᠯᠠᠭ᠍ᠰᠠᠳ᠎ᠢᠶᠠᠨ ᠲᠠᠭᠠᠵᠤ᠂ ᠠᠭᠤᠯᠠ ᠳᠠᠪᠠᠭ᠎ᠠ᠎ᠶ᠋ᠢ ᠲᠠᠪᠠᠨ ᠦᠯᠢᠭᠡᠷ ᠬᠡᠪ ᠬᠢᠵᠦ᠍᠂ ᠬᠠᠢᠨ ᠱᠢᠨᠵᠢᠬᠦ᠌᠂ ᠤᠰᠤᠨ᠎ᠤ ᠶᠠᠡᠭᠵᠦ ᠠᠪᠬᠤ ᠠᠵᠢᠯ᠎ᠳᠤ ᠰᠢᠭᠤᠷᠬᠠᠢᠯᠠᠨ᠂ ᠬᠦᠳᠡᠭᠡ ᠭᠡᠭᠡᠷ᠎ᠡ ᠬᠤᠨᠤᠭᠯᠠᠨ ᠮᠠᠯᠴᠢᠨ ᠤᠯᠠᠨ ᠲᠠᠢ ᠨᠦᠬᠦᠷᠯᠡᠵᠦ ᠶᠠᠪᠤᠵᠠᠢ᠃ ᠬᠢᠨᠠᠨ ᠬᠡᠮᠵᠢᠬᠦ᠌ ᠥᠷᠲᠡᠭᠡᠨ᠎ᠡᠴᠡ ᠤᠰᠤᠨ᠎ᠤ ᠠᠮᠢ ᠠᠬᠤᠶ ᠣᠷᠴᠢᠨ ᠲᠣᠭᠣᠷᠢᠨ᠎ᠤ ᠰᠠᠯᠠᠭ᠎ᠠ ᠬᠦᠷᠲᠡᠯ᠎ᠡ᠂ ᠡᠩ᠎ᠦᠨ ᠭᠡᠱᠢᠭᠦᠨ᠎ᠡᠴᠡ ᠳᠡᠳ᠋ ᠶᠡᠷᠦᠩᠬᠡᠶ ᠢᠨᠵᠧᠨᠧᠷ ᠬᠦᠷᠲᠡᠯ᠎ᠡ᠂ ᠵᠧᠸ᠋ ᠫᠧᠩ ᠱᠠᠨ ᠰᠢ᠎ᠶ᠋ᠢᠨ ᠬᠥᠮᠦᠨ᠎ᠦ 《ᠤᠶᠠᠨ ᠬᠠᠳᠠᠨ》 ᠪᠠ ᠲᠠᠯ᠎ᠠ ᠨᠤᠲᠤᠭ᠎ᠤᠨ ᠬᠥᠮᠦᠨ᠎ᠦ 《ᠠᠰᠪᠤᠷ ᠪᠤᠷᠤᠭᠵᠢᠭᠤᠨ》 ᠠᠷᠠᠨᠰᠢᠨ᠎ᠢ ᠠᠵᠢᠯ᠎ᠤᠨ ᠳᠤᠮᠳᠠ ᠪᠠᠨ ᠠᠭᠤᠰᠭᠠᠪᠠ᠃ 《ᠠᠮᠢ ᠠᠬᠤᠢ᠎ᠶ᠋ᠢᠨ ᠤᠯᠠᠭᠠᠨ ᠱᠤᠭᠤᠮ᠎ᠢ ᠲᠣᠭ᠍ᠲᠠᠭᠠᠬᠤ ᠪᠣᠯ ᠬᠠᠲᠠᠭᠤ ᠳᠠᠢᠯᠠᠯᠳᠤᠭᠠᠨ ᠮᠥᠨ᠂ ᠭᠡᠪᠡᠴᠦ᠍ ᠡᠷᠬᠡᠪᠰᠢ ᠢᠯᠠᠯᠲᠠ ᠤᠯᠬᠤ ᠬᠡᠷᠡᠭ᠌ᠲᠡᠢ》᠃ 2014 ᠣᠨ᠎ᠳᠤ᠂ ᠵᠧᠦ ᠫᠸᠩ ᠱᠢᠯᠢ᠎ᠶ᠋ᠢᠨ ᠭᠣᠣᠯ ᠠᠢᠮᠠᠭ᠎ᠤᠨ ᠠᠮᠢ ᠠᠬᠤᠢ᠎ᠶ᠋ᠢᠨ ᠤᠯᠠᠭᠠᠨ ᠱᠤᠭᠤᠮ᠎ᠢ ᠵᠠᠭᠠᠭ᠍ᠯᠠᠨ ᠲᠣᠭ᠍ᠲᠠᠭᠠᠬᠤ ᠮᠡᠷᠭᠡᠵᠢᠯ᠎ᠦᠨ ᠳᠤᠭᠤᠢᠯᠠᠩ᠎ᠤᠨ ᠳᠠᠷᠤᠭ᠎ᠠ᠎ᠶ᠋ᠢᠨ ᠲᠤᠱᠢᠶᠠᠯ᠎ᠢ ᠬᠠᠷᠢᠭᠤᠴᠠᠪᠡ᠃ 64% ᠵᠢᠨ ᠤᠯᠤᠰ᠎ᠤᠨ ᠨᠤᠲᠤᠭ ᠳᠡᠪᠢᠰᠭᠡᠷ᠎ᠦᠨ ᠲᠠᠯᠠᠪᠠᠢ᠎ᠶ᠋ᠢ ᠠᠮᠢ ᠠᠬᠤᠢ᠎ᠶ᠋ᠢᠨ ᠤᠯᠠᠭᠠᠨ ᠱᠤᠭᠤᠮ᠎ᠳᠤ ᠣᠷᠣᠭᠤᠯᠬᠤ᠎ᠶ᠋ᠢᠨ ᠲᠥᠯᠥᠭᠡ᠂ ᠲᠡᠷᠡ ᠪᠦᠯᠬᠦᠮ᠎ᠢᠶᠡᠨ ᠳᠠᠭᠠᠭᠤᠯᠤᠨ᠂ 300 ᠭᠠᠷᠤᠢ ᠬᠤᠪᠢ ᠠᠯᠤᠰ ᠰᠡᠷᠡᠯ᠎ᠦᠨ ᠳᠦᠷᠰᠦ ᠱᠢᠩᠭᠡᠭᠡᠯᠲᠡ᠎ᠶ᠋ᠢᠨ ᠮᠡᠳᠡᠭᠦᠯᠦᠯᠲᠡ᠎ᠶ᠋ᠢ ᠱᠢᠩᠭᠡᠭᠡᠨ ᠠᠪᠴᠤ᠌᠂ ᠲᠠᠯ᠎ᠠ ᠨᠤᠲᠤᠭ᠎ᠤᠨ ᠭᠦᠨ᠎ᠳᠦ ᠲᠦᠷ ᠴᠠᠭ᠎ᠤᠨ ᠬᠢᠨᠠᠨ ᠬᠡᠮᠵᠢᠬᠦ᠌ ᠴᠡᠭ ᠪᠠᠢᠭᠤᠯᠵᠤ᠂ 《ᠱᠢᠯᠢ᠎ᠶ᠋ᠢᠨ ᠭᠣᠣᠯ ᠠᠢᠮᠠᠭ᠎ᠤᠨ ᠠᠮᠢ ᠠᠬᠤᠢ᠎ᠶ᠋ᠢ ᠬᠠᠮᠠᠭᠠᠯᠠᠬᠤ ᠤᠯᠠᠭᠠᠨ ᠱᠤᠭᠤᠮ᠎ᠢ ᠵᠠᠭᠠᠭ᠍ᠯᠠᠨ ᠲᠣᠭ᠍ᠲᠠᠭᠠᠬᠤ ᠠᠩᠬ᠎ᠠ ᠠᠯᠬᠤᠮ᠎ᠤᠨ ᠲᠥᠰᠦᠯ》 ᠢ᠋ ᠡᠷᠬᠢᠯᠡᠨ ᠨᠠᠢᠷᠠᠭᠤᠯᠵᠤ᠂ ᠠᠮᠢ ᠠᠬᠤᠢ᠎ᠶ᠋ᠢᠨ ᠬᠢᠨᠠᠯᠲᠠ ᠬᠠᠮᠢᠶᠠᠷᠤᠯᠲᠠ ᠵᠢᠨ ᠠᠵᠢᠯ᠎ᠳᠤ ᠰᠠᠭᠤᠷᠢ ᠢᠨᠵᠸᠨ᠋ᠸᠷᠢᠡᠭ᠎ᠢ ᠴᠤᠭᠴᠠᠯᠠᠪᠠ᠃ ᠡᠭᠦᠨ᠎ᠡᠴᠡ ᠭᠠᠳᠠᠨ᠎ᠠ᠂ ᠲᠡᠷᠡ ᠲᠤᠰᠭᠠᠢ ᠮᠡᠷᠭᠡᠵᠢᠯ᠎ᠦᠨ ᠰᠠᠭᠤᠷᠢ ᠪᠠ ᠡᠯᠪᠡᠭ ᠦᠢᠯᠡᠳᠦᠯᠭᠡ᠎ᠶ᠋ᠢᠨ ᠲᠤᠷᠱᠢᠯᠭ᠎ᠠ᠎ᠳ᠋ᠠᠭᠠᠨ ᠲᠦᠰᠢᠨ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠬᠤ ᠲᠦᠷᠦ᠍᠎ᠶ᠋ᠢᠨ ᠪᠤᠳᠤᠯᠭ᠎ᠠ᠎ᠶ᠋ᠢᠨ ᠰᠤᠳᠤᠯᠭᠠᠨ᠎ᠳᠤ ᠣᠷᠣᠯᠴᠠᠵᠤ᠂ 《ᠱᠢᠯᠢ᠎ᠶ᠋ᠢᠨ ᠭᠣᠣᠯ ᠠᠢᠮᠠᠭ᠎ᠤᠨ ᠣᠷᠴᠢᠨ ᠲᠣᠭᠣᠷᠢᠨ᠎ᠢ ᠬᠠᠮᠠᠭᠠᠯᠠᠬᠤ ᠠᠵᠢᠯ᠎ᠢ ᠤᠯᠠᠮ ᠴᠢᠨᠠᠭ᠍ᠰᠢᠳᠠ ᠴᠢᠩᠭᠠᠳᠭᠠᠬᠤ ᠲᠤᠬᠠᠢ ᠰᠠᠨᠠᠯ》 ᠵᠡᠷᠭᠡ 10 ᠭᠠᠷᠤᠢ ᠴᠢᠬᠤᠯᠠ ᠪᠢᠴᠢᠭ ᠮᠠᠲᠧᠷᠢᠶᠠᠯ᠎ᠢ ᠡᠷᠬᠢᠯᠡᠨ ᠲᠤᠭᠤᠷᠪᠢᠵᠠᠢ᠃

ᠠᠮᠢ ᠠᠬᠤᠶ ᠣᠷᠴᠢᠨ ᠲᠣᠭᠣᠷᠢᠨ᠎ᠢ ᠬᠠᠮᠠᠭᠠᠯᠠᠬᠤ ᠬᠦᠷᠢᠶᠡᠨ᠎ᠳᠡᠬᠢ 《ᠮᠡᠷᠭᠡᠵᠢᠯ᠎ᠦᠨ ᠬᠣᠱᠢᠭᠤᠴᠢ》 ᠪᠤᠯᠤᠭᠰᠠᠨ ᠵᠧᠸ᠋ ᠫᠧᠩ ᠢᠮᠠᠭ᠍ᠲᠠ ᠪᠣᠭᠣᠮᠲᠠ ᠱᠢᠪᠲᠤᠯᠬᠤ ᠡᠮᠦᠨ᠎ᠡ ᠹᠷᠣᠨᠲ᠎ᠲᠤ ᠭᠠᠪᠱᠢᠭᠠᠢᠯᠠᠭᠰᠠᠭᠠᠷ ᠢᠷᠡᠵᠡᠢ᠃ 2016 ᠣᠨ᠎ᠠᠴᠠ 2024 ᠣᠨ ᠪᠣᠯᠲᠠᠯ᠎ᠠ᠂ ᠡᠯ᠎ᠡ ᠱᠠᠲᠤᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢ ᠱᠠᠯᠠᠪᠳᠠᠭᠤᠯᠤᠨ ᠪᠠᠢᠴᠠᠭᠠᠬᠤ ᠬᠤᠭᠤᠴᠠᠭᠠᠨ᠎ᠳᠤ ᠵᠧᠸ᠋ ᠫᠧᠩ ᠵᠣᠬᠢᠴᠠᠭᠤᠯᠤᠨ ᠪᠠᠲᠤᠯᠠᠬᠤ ᠠᠵᠢᠯ᠎ᠤᠨ ᠳᠤᠭᠤᠢᠯᠠᠩ᠎ᠤᠨ ᠪᠦᠷᠢᠯᠳᠦᠬᠦᠨ ᠪᠣᠯᠤᠭ᠍ᠰᠠᠨ᠎ᠤ ᠬᠤᠪᠢ᠎ᠳᠤ ᠳᠡᠭᠡᠷ᠎ᠠ ᠱᠠᠲᠤᠨ᠎ᠤ ᠱᠢᠯᠵᠢᠭᠦᠯᠦᠨ ᠦᠵᠡᠬᠦ᠌ ᠮᠠᠲ᠋ᠧᠷᠢᠶᠠᠯ᠎ᠢ ᠬᠢᠨᠠᠨ ᠬᠠᠷᠭᠤᠭᠤᠯᠵᠤ ᠬᠤᠷᠢᠶᠠᠩᠭᠤᠢᠯᠠᠬᠤ᠂ ᠱᠠᠯᠠᠪᠳᠠᠭᠤᠯᠤᠨ ᠪᠠᠢᠴᠠᠭᠠᠬᠤ ᠳᠤᠭᠤᠢᠯᠠᠩ᠎ᠤᠨ ᠲᠤᠱᠢᠶᠠᠨ ᠱᠢᠶ᠋ᠳᠪᠦᠷᠢᠯᠡᠭᠦᠯᠦᠭ᠌ᠰᠡᠨ ᠵᠠᠬᠢᠳᠠᠯ ᠰᠤᠷᠪᠤᠯᠵᠢᠯᠠᠯ᠎ᠤᠨ ᠠᠰᠠᠭᠤᠳᠠᠯ᠎ᠢ ᠪᠠᠢᠴᠠᠭᠠᠵᠤ ᠮᠡᠳᠡᠭᠦᠯᠵᠦ ᠬᠢᠨᠠᠨ ᠬᠠᠷᠭᠤᠭᠤᠯᠬᠤ᠂ ᠬᠠᠷᠢᠭᠤ ᠲᠤᠰᠭᠠᠭ᠍ᠰᠠᠨ ᠠᠰᠠᠭᠤᠳᠠᠯ᠎ᠢ ᠡᠮᠬᠢᠯᠡᠨ ᠨᠠᠷᠢᠯᠢᠬ᠍ᠵᠢᠭᠤᠯᠬᠤ ᠵᠢᠴᠢ ᠴᠡᠭ᠌ᠴᠡᠯᠡᠨ ᠰᠠᠢᠵᠢᠷᠠᠭᠤᠯᠬᠤ ᠲᠥᠰᠦᠯ᠎ᠢ ᠨᠠᠢᠷᠠᠭᠤᠯᠤᠨ ᠵᠣᠬᠢᠶᠠᠬᠤ ᠵᠡᠷᠭᠡ ᠠᠵᠢᠯ᠎ᠢ ᠪᠡᠶᠡᠯᠡᠭᠦᠯᠪᠡ᠃ ᠪᠦᠬᠦ᠌ ᠠᠢᠮᠠᠭ᠎ᠤᠨ ᠲᠥᠪ᠎ᠦᠨ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠱᠠᠭᠠᠷᠳᠠᠨ ᠪᠠᠢᠴᠠᠭᠠᠭᠰᠠᠨ《ᠡᠷᠭᠢᠨ ᠬᠠᠷᠠᠬᠤ》ᠵᠢᠴᠢ ᠲᠠᠯ᠎ᠠ ᠨᠤᠲᠤᠭ᠎ᠤᠨ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠲᠤᠰᠭᠠᠢ ᠲᠥᠷᠥᠯ᠎ᠢᠶᠡᠷ ᠱᠠᠭᠠᠷᠳᠠᠨ ᠪᠠᠢᠴᠠᠭᠠᠵᠤ ᠪᠠᠲᠤᠯᠠᠬᠤ᠎ᠶ᠋ᠢ ᠪᠡᠶᠡᠯᠡᠭᠦᠯᠵᠦ᠍᠂ ᠪᠦᠬᠦ᠌ ᠠᠢᠮᠠᠭ᠎ᠤᠨ 249 ᠬᠤᠪᠢ ᠣᠯᠠᠨ ᠲᠦᠮᠡᠨ᠎ᠦ ᠵᠠᠬᠢᠳᠠᠯ ᠰᠤᠷᠪᠤᠯᠵᠢᠯᠠᠯ᠎ᠤᠨ ᠬᠡᠷᠡᠭ᠎ᠢ ᠬᠢᠨᠠᠨ ᠭᠦᠢᠴᠡᠳᠭᠡᠵᠦ᠍᠂ ᠴᠡᠭ᠌ᠴᠡᠯᠡᠨ ᠰᠠᠢᠵᠢᠷᠠᠭᠤᠯᠬᠤ ᠲᠥᠰᠦᠯ᠎ᠢ ᠲᠤᠭᠤᠷᠪᠢᠬᠤ᠎ᠳᠤ ᠣᠷᠣᠯᠴᠠᠭ᠍ᠰᠠᠨ ᠪᠥᠭᠡᠳ ᠠᠰᠠᠭᠤᠳᠠᠯ᠎ᠢ ᠴᠡᠭ᠌ᠴᠡᠯᠡᠨ ᠵᠠᠰᠠᠬᠤ᠎ᠶ᠋ᠢ ᠠᠬᠢᠭᠤᠯᠪᠠ᠃

ᠵᠧᠸ᠋ ᠫᠧᠩ ᠤᠰᠤᠨ᠎ᠤ ᠠᠮᠢ ᠠᠬᠤᠶ᠎ᠶ᠋ᠢᠨ ᠵᠠᠰᠠᠯᠲᠠ᠎ᠶ᠋ᠢᠨ ᠠᠵᠢᠯ᠎ᠢ ᠦᠷᠨᠢᠭᠦᠯᠬᠦ ᠳ᠋ᠡᠭᠡᠨ ᠪᠥᠬᠥ᠌ ᠠᠢᠮᠠᠭ᠎ᠤᠨ ᠲᠥᠪᠯᠡᠷᠡᠭ᠌ᠰᠡᠨ ᠮᠠᠶᠢᠭ᠎ᠤᠨ ᠤᠤᠭᠤᠬᠤ ᠤᠰᠤᠨ᠎ᠤ ᠤᠰᠤᠨ ᠰᠤᠷᠪᠤᠯᠵᠢ᠎ᠶ᠋ᠢᠨ ᠭᠠᠵᠠᠷ᠎ᠤᠨ ᠰᠠᠭᠤᠷᠢ ᠬᠡᠮᠵᠢᠭ᠌ᠳᠡᠯ᠎ᠨᠢ ᠨᠡᠯᠢᠶᠡᠳ ᠥᠨᠳᠥᠷ᠂ ᠭᠤᠤᠯ ᠮᠥᠷᠡᠨ᠎ᠦ ᠭᠠᠵᠠᠷ ᠳᠡᠭᠡᠷᠡᠬᠢ ᠤᠰᠤ᠎ᠶ᠋ᠢ ᠬᠢᠨᠠᠨ ᠱᠢᠯᠭᠠᠭ᠍ᠰᠠᠨ ᠣᠭ᠍ᠲᠣᠯᠤᠭᠠᠰᠤ᠎ᠶ᠋ᠢᠨ ᠤᠰᠤᠨ᠎ᠤ ᠴᠢᠨᠠᠷ᠎ᠨᠢ ᠲᠣᠭ᠍ᠲᠠᠭᠤᠨ ᠪᠤᠰᠤ᠂ ᠤᠰᠤᠨ᠎ᠤ ᠴᠢᠳᠠᠮᠵᠢᠲᠦ ᠣᠷᠣᠨ᠎ᠤ ᠤᠰᠤᠨ᠎ᠤ ᠴᠢᠨᠠᠷ᠎ᠨᠢ ᠪᠠᠷᠢᠮᠵᠢᠶ᠎ᠠ᠎ᠠᠴᠠ ᠬᠡᠲᠦᠷᠡᠭ᠌ᠰᠡᠨ ᠵᠡᠷᠭᠡ ᠪᠤᠳᠤᠯᠢᠶᠠᠨᠲᠠᠶ ᠬᠦᠴᠢᠷ ᠠᠰᠠᠭᠤᠳᠠᠯ᠎ᠳᠤ ᠴᠢᠭ᠌ᠯᠡᠭᠦᠯᠦᠨ᠂ ᠯᠠᠪᠳᠠᠭᠤᠨ ᠲᠣᠭ᠍ᠲᠠᠭᠤᠨ᠎ᠢᠶᠠᠷ ᠵᠠᠳᠠᠯᠵᠤ᠂ ᠬᠦᠴᠢᠷ᠎ᠢ ᠳᠤᠭᠤᠯᠤᠨ ᠪᠡᠷᠬᠡ᠎ᠶ᠋ᠢ ᠳᠠᠪᠠᠵᠤ᠂ ᠡᠴᠦᠰ᠎ᠲᠡᠬᠡᠨ ᠡᠯ᠎ᠡ ᠵᠦᠶ᠋ᠯ᠎ᠦᠨ ᠡᠭᠦᠷᠭᠡ᠎ᠪᠡᠨ ᠲᠡᠭᠦᠰ ᠠᠮᠵᠢᠯᠲᠠ᠎ᠲᠠᠶ ᠪᠡᠶᠡᠯᠡᠭᠦᠯᠪᠡ᠃ ᠲᠡᠷᠡ ᠱᠢᠯᠢ᠎ᠶ᠋ᠢᠨ ᠭᠤᠤᠯ ᠠᠢᠮᠠᠭ᠎ᠤᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶᠠᠨ᠎ᠤ ᠳᠡᠳ᠋ ᠶᠡᠷᠦᠩᠬᠡᠶ ᠢᠨᠵᠧᠨᠧᠷ᠎ᠦᠨ ᠲᠤᠱᠢᠶᠠᠯ᠎ᠢ ᠬᠠᠪᠰᠤᠷᠭᠠᠨ ᠡᠭᠦᠷᠭᠡᠯᠡᠭ᠌ᠰᠡᠨ᠎ᠦ ᠳᠠᠷᠠᠭ᠎ᠠ 《ᠱᠢᠯᠢ᠎ᠶ᠋ᠢᠨ ᠭᠤᠤᠯ ᠠᠢᠮᠠᠭ᠎ᠤᠨ〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠲᠥᠯᠥᠪᠵᠢᠭᠦᠯᠭᠡ᠎ᠶ᠋ᠢᠨ ᠭᠤᠤᠯᠳᠠᠯᠭ᠎ᠠ᠎ᠲᠠᠶ ᠰᠠᠪᠠ ᠭᠠᠵᠠᠷ᠎ᠤᠨ ᠤᠰᠤᠨ᠎ᠤ ᠠᠮᠢ ᠠᠬᠤᠶ ᠣᠷᠴᠢᠨ ᠲᠣᠭᠣᠷᠢᠨ᠎ᠢ ᠬᠠᠮᠠᠭᠠᠯᠠᠬᠤ ᠲᠥᠯᠥᠪᠵᠢᠭᠦᠯᠭᠡ》᠂《ᠱᠢᠯᠢ᠎ᠶ᠋ᠢᠨ ᠭᠤᠤᠯ ᠠᠢᠮᠠᠭ᠎ᠤᠨ ᠭᠤᠤᠯᠳᠠᠯᠭ᠎ᠠ᠎ᠲᠠᠶ ᠰᠠᠪᠠ ᠭᠠᠵᠠᠷ᠎ᠢ ᠪᠠᠢᠩᠭᠤᠵᠢᠭᠤᠯᠤᠨ ᠵᠠᠰᠠᠬᠤ ᠠᠵᠢᠯ᠎ᠤᠨ ᠲᠥᠰᠦᠯ》 ᠵᠡᠷᠭᠡ ᠲᠥᠰᠦᠯ᠎ᠢ ᠡᠷᠭᠢᠯᠡᠨ ᠨᠠᠢᠷᠠᠭᠤᠯᠵᠤ᠂ ᠭᠤᠤᠯ᠎ᠤᠨ ᠵᠠᠮ᠎ᠢ ᠨᠡᠢᠲᠡ 360 ᠭᠠᠷᠤᠶ ᠺᠢᠯᠣᠮᠧᠲ᠋ᠷ ᠬᠦᠷᠢᠶᠡᠯᠡᠨ ᠪᠢᠲᠡᠭᠦᠮᠵᠢᠯᠡᠵᠦ᠍᠂ ᠲᠣᠭ᠍ᠲᠠᠮᠠᠯ ᠤᠤᠭᠤᠬᠤ ᠤᠰᠤᠨ᠎ᠤ 18 ᠴᠡᠭ᠎ᠦᠨ ᠪᠥᠲᠥᠭᠡᠨ ᠪᠠᠢᠭᠤᠯᠤᠯᠲᠠ᠂ 134 ᠺᠢᠯᠣᠮᠧᠲ᠋ᠷ᠎ᠦᠨ ᠭᠤᠤᠯ᠎ᠤᠨ ᠵᠠᠮ᠎ᠢ ᠴᠡᠪᠡᠷᠯᠡᠨ ᠨᠡᠪᠲᠡᠷᠡᠭᠦᠯᠪᠠ᠃ ᠪᠦᠬᠦ᠌ ᠠᠢᠮᠠᠭ᠎ᠲᠤ 5 ᠬᠡᠰᠡᠭ ᠲᠥᠪᠯᠡᠷᠡᠭ᠌ᠰᠡᠨ ᠬᠡᠯᠪᠡᠷᠢ᠎ᠶ᠋ᠢᠨ ᠤᠤᠭᠤᠬᠤ ᠤᠰᠤᠨ᠎ᠤ ᠡᠬᠢ ᠰᠤᠷᠪᠤᠯᠵᠢ᠎ᠶ᠋ᠢ ᠬᠠᠮᠠᠭᠠᠯᠠᠬᠤ ᠣᠷᠣᠨ᠎ᠢ ᠬᠤᠪᠢᠶᠠᠷᠢᠯᠠᠨ ᠲᠣᠬᠢᠷᠠᠭᠤᠯᠬᠤ ᠵᠢᠴᠢ ᠵᠢᠷᠤᠮᠵᠢᠭᠤᠯᠤᠨ ᠪᠦᠲᠦᠭᠡᠨ ᠪᠠᠢᠭᠤᠯᠬᠤ᠎ᠶ᠋ᠢ ᠠᠬᠢᠭᠤᠯᠵᠤ᠂ 19 ᠤᠰᠤᠨ᠎ᠤ ᠡᠬᠢ ᠰᠤᠷᠪᠤᠯᠵᠢ᠎ᠶ᠋ᠢᠨ ᠣᠷᠴᠢᠨ ᠲᠣᠭᠣᠷᠢᠨ᠎ᠤ ᠭᠡᠮ ᠰᠤᠭᠤᠭ᠎ᠢ ᠴᠡᠭ᠌ᠴᠡᠯᠡᠨ ᠵᠠᠰᠠᠵᠤ᠂ ᠤᠯᠤᠰ᠎ᠠᠴᠠ ᠱᠢᠯᠭᠠᠨ ᠬᠢᠨᠠᠬᠤ ᠡᠭᠦᠷᠭᠡ᠎ᠶ᠋ᠢ ᠠᠮᠵᠢᠯᠲᠠ ᠲᠠᠶ ᠪᠡᠶᠡᠯᠡᠭᠦᠯᠵᠠᠢ᠃

ᠵᠸᠤ ᠫᠸᠡᠭ᠎ᠤᠨ ᠬᠠᠮᠲᠤ ᠠᠵᠢᠯᠯᠠᠭ᠍ᠰᠠᠳ᠎ᠤᠨ ᠦᠵᠡᠬᠦ᠌᠎ᠪᠡᠷ᠂ ᠲᠡᠷᠡ ᠪᠣᠯ 《ᠲᠠᠭᠠᠭᠤᠯᠤᠭᠴᠢ ᠪᠠᠭ᠍ᠰᠢ》 ᠪᠦᠭᠡᠳ《ᠰᠠᠢᠨ ᠠᠬᠠᠯᠠᠭᠴᠢ》 ᠮᠦᠨ᠂ ᠵᠠᠯᠠᠭᠤ ᠺᠠᠳ᠋ᠷ ᠨᠠᠰᠤᠳᠦ᠍ ᠵᠢᠨ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢᠵᠢᠷᠠᠭᠤᠯᠬᠤ ᠲᠥᠰᠦᠯ᠎ᠦᠨ ᠡᠬᠡ ᠨᠤᠤᠷᠠᠭ᠎ᠲᠤ 《ᠲᠣᠭ᠎ᠠ ᠪᠠᠷᠢᠮᠲᠠ ᠵᠢ ᠠᠷᠪᠠᠲᠤ᠎ᠶ᠋ᠢᠨ ᠪᠤᠲᠠᠷᠬᠠᠶ᠎ᠶ᠋ᠢᠨ ᠴᠡᠭ᠎ᠦᠨ ᠠᠷᠤ᠎ᠳ᠋ᠡᠬᠢ ᠬᠤᠶᠠᠷ ᠤᠷᠤᠨᠲᠤ ᠲᠤᠭ᠎ᠠ ᠬᠦᠷᠲᠡᠯ᠎ᠡ ᠨᠠᠷᠢᠯᠢᠭᠵᠢᠭᠤᠯᠤᠨ᠎ᠠ》᠂《ᠬᠡᠷᠡᠭ᠎ᠦᠨ ᠵᠢᠱ᠌ᠢᠶ᠎ᠡ ᠵᠢᠨ ᠪᠣᠳᠠᠲᠠᠢ ᠬᠣᠱᠢᠭᠤ ᠱᠢᠶᠠᠨ᠎ᠢ ᠲᠣᠳᠣᠷᠬᠠᠢᠯᠠᠨ᠎ᠠ》 ᠭᠡᠬᠦ᠌ ᠤᠯᠠᠭᠠᠨ ᠴᠣᠬᠣᠯᠠᠪᠤᠷᠢ ᠲᠠᠢᠯᠪᠤᠷᠢ ᠠᠷᠪᠢᠨ ᠪᠠᠢᠯ᠎ᠠ᠃ ᠨᠠᠰᠤᠲᠤ ᠵᠢᠨ ᠬᠡᠯᠡᠬᠦ ᠪᠡᠷ᠂ ᠡᠳᠡᠭᠡᠷ ᠪᠤᠯ ᠴᠦᠮ ᠵᠸᠤ ᠪᠠᠭᠰᠢ ᠵᠢᠨ ᠴᠢᠡᠭᠭ᠎ᠠ ᠱᠠᠭᠠᠷᠳᠠᠯᠭ᠎ᠠ ᠬᠢᠭᠡᠳ ᠵᠢᠭᠠᠨ ᠵᠢᠯᠤᠭᠤᠳᠤᠯᠭ᠎ᠠ ᠮᠦᠨ ᠭᠡᠨ᠎ᠡ᠃ ᠲᠡᠷᠡ ᠪᠠᠰᠠ᠄ 《ᠮᠠᠨ᠎ᠤ ᠵᠸᠤ ᠪᠠᠭᠰᠢ ᠠᠵᠢᠯ᠎ᠳᠡᠭᠡᠷ᠎ᠡ ᠬᠠᠳᠠᠭᠤ ᠱᠠᠭᠠᠷᠳᠠᠯᠭ᠎ᠠ ᠲᠠᠯᠪᠢᠳᠠᠭ᠎ᠪᠤᠯᠪᠠᠴᠤ ᠠᠵᠢᠯ ᠡᠴᠡ ᠭᠠᠳᠠᠭᠤᠷ ᠪᠤᠯ ᠮᠠᠰᠢ ᠲᠠᠷᠤᠤ ᠵᠠᠡᠭ ᠳᠠᠢ》 ᠭᠡᠵᠦ ᠬᠡᠯᠡᠵᠦ ᠪᠠᠢᠯ᠎ᠠ᠃

17 ᠵᠢᠯ᠎ᠤᠨ ᠲᠤᠷᠰᠢ ᠵᠧᠦ ᠫᠸᠩ ᠤᠷᠢᠳ ᠬᠣᠵᠢᠳ 《ᠱᠢᠯᠢ᠎ᠶ᠋ᠢᠨ ᠭᠣᠣᠯ ᠠᠢᠮᠠᠭ᠎ᠤᠨ ᠲᠡᠷᠢᠭᠦᠨ᠎ᠦ ᠠᠵᠢᠯᠳᠠᠨ》᠂《ᠥᠪᠡᠷᠲᠡᠭᠡᠨ ᠵᠠᠰᠠᠬᠤ ᠣᠷᠣᠨ᠎ᠤ ᠭᠣᠣᠯ ᠮᠥᠷᠡᠨ᠎ᠦ ᠳᠠᠷᠤᠭ᠎ᠠ᠎ᠶ᠋ᠢᠨ ᠳᠦᠷᠢᠮᠲᠦ ᠲᠡᠷᠢᠭᠦᠨ᠎ᠦ ᠬᠤᠪᠢ ᠬᠥᠮᠦᠨ》 ᠵᠡᠷᠭᠡ ᠢᠷᠠᠭᠤ ᠠᠯᠳᠠᠷ᠎ᠢ ᠬᠦᠷᠳᠡᠵᠦ᠍᠂ ᠭᠤᠷᠪᠠᠨ ᠵᠢᠯ ᠳᠠᠷᠠᠭᠠᠯᠠᠨ ᠰᠢᠯᠢᠳᠡᠭ ᠠᠯᠪᠠᠳᠠᠨ᠎ᠤ ᠬᠢᠨᠠᠨ ᠱᠢᠯᠭᠠᠯᠲᠠ᠎ᠳᠤ ᠭᠤᠷᠪᠠᠳᠤᠭᠠᠷ ᠳᠡᠰ᠎ᠤᠨ ᠭᠠᠪᠢᠶ᠎ᠠ ᠲᠡᠮᠳᠡᠭ᠌ᠯᠡᠪᠡ᠃ ᠣᠢᠷ᠎ᠠ᠎ᠳᠤ ᠨᠠᠩ ᠲᠣᠪᠣᠢᠮ᠎ᠠ ᠲᠤᠰᠭᠠᠶ ᠮᠡᠷᠭᠡᠵᠢᠯ᠎ᠦᠨ ᠴᠢᠳᠠᠪᠤᠷᠢ᠂ ᠪᠤᠯᠪᠠᠰᠤᠨ ᠰᠠᠢᠬᠠᠨ ᠵᠠᠩ ᠰᠤᠷᠲᠠᠯ ᠪᠣᠯᠤᠨ ᠣᠯᠠᠨ ᠲᠦᠮᠡᠨ᠎ᠦ ᠬᠦᠷᠢᠶᠡᠯᠡᠯ ᠵᠢᠡᠷ ᠱᠢᠯᠢ᠎ᠶ᠋ᠢᠨ ᠭᠤᠤᠯ ᠠᠢᠮᠠᠭ᠎ᠤᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶ᠎ᠠ᠎ᠶ᠋ᠢᠨ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠎ᠢᠶᠡᠷ ᠳᠡᠪᠱᠢᠭᠦᠯᠦᠭ᠌ᠳᠡᠪᠡ᠃ ᠱᠠᠨ ᠰᠢ᠎ᠶ᠋ᠢᠨ ᠵᠠᠯᠠᠭᠤ᠎ᠠᠴᠠ ᠲᠠᠯ᠎ᠠ ᠨᠤᠲᠤᠭ᠎ᠤᠨ ᠬᠥᠪᠡᠭᠦᠨ ᠬᠦᠷᠲᠡᠯ᠎ᠡ᠂ ᠵᠧᠦ ᠫᠸᠩ᠎ᠤᠨ ᠦᠯᠢᠭᠡᠷ ᠪᠣᠯ ᠲᠣᠭ᠎ᠠ ᠲᠣᠮᠰᠢ ᠦᠭᠡᠢ ᠤᠯᠠᠨ ᠠᠮᠢ ᠠᠬᠤᠢ ᠣᠷᠴᠢᠨ ᠲᠣᠭᠣᠷᠢᠨ᠎ᠢ ᠬᠠᠮᠠᠭᠠᠯᠠᠬᠤ ᠠᠵᠢᠯᠳᠠᠨ᠎ᠤ ᠬᠤᠷᠢᠶᠠᠩᠭᠤᠢ ᠳᠦᠷᠰᠦ ᠪᠣᠯᠤᠨ᠎ᠠ᠃ ᠲᠠᠷᠡ ᠲᠤᠰᠭᠠᠶ ᠮᠡᠷᠭᠡᠵᠢᠯ ᠳ᠋ᠡᠭᠡᠨ ᠲᠦᠰᠢᠨ᠂ ᠬᠠᠢᠷ᠎ᠠ ᠪᠡᠷ ᠬᠦᠳᠡᠯᠭᠡᠬᠦ ᠬᠦᠴᠦᠨ ᠪᠣᠯᠭᠠᠨ᠂ ᠡᠬᠡ ᠤᠯᠤᠰ᠎ᠤᠨ ᠤᠮᠠᠷᠠᠲᠤ ᠬᠢᠯᠢ᠎ᠳᠦ ᠪᠠᠲᠤ ᠪᠠᠬᠢ ᠠᠮᠢ ᠠᠬᠤᠶ᠎ᠶ᠋ᠢᠨ ᠠᠮᠤᠷ ᠲᠦᠪᠱᠢᠨ᠎ᠦ ᠬᠠᠯᠬᠠᠪᠴᠢ᠎ᠶ᠋ᠢ ᠴᠣᠭ᠍ᠴᠠᠯᠠᠵᠤ᠂ ᠨᠣᠭᠣᠭᠠᠨ ᠥᠩᠭᠡ᠎ᠶ᠋ᠢ ᠴᠢᠨᠠᠷ ᠰᠠᠢᠲᠠᠶ ᠬᠥᠭ᠌ᠵᠢᠯᠲᠡ᠎ᠶ᠋ᠢᠨ ᠬᠠᠮᠤᠭ᠎ᠤᠨ ᠦᠵᠡᠰᠭᠦᠯᠡᠩᠲᠦ ᠰᠠᠢᠬᠠᠨ ᠳᠡᠪᠢᠰᠭᠡᠷ ᠥᠩᠭᠡ ᠪᠤᠯᠭᠠᠬᠤ ᠵᠢᠨ ᠲᠦᠯᠦᠭᠡ ᠡᠷᠡᠯᠭᠡᠭᠯᠡᠨ ᠲᠡᠮᠡᠴᠡᠭᠰᠡᠭᠡᠷ ᠁

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号