《ᠦᠢᠯᠡᠰ ᠪᠤᠰᠬᠠᠬᠤ ᠵᠡᠬᠦᠳᠤ 》 ᠵᠢ ᠳᠡᠷᠭᠡᠯᠰᠢᠬᠦᠯᠦᠭᠰᠡᠨ ᠭᠤᠷᠮᠤᠰᠤᠨ ᠲᠤᠭᠲᠠᠴᠠ
2025-05-23 11:15:17
ᠵᠣᠬᠢᠶᠠᠭ᠍ᠴᠢ᠄
ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

ᠤᠷᠴᠢᠮᠬᠠᠨ᠂ ᠰᠤᠷᠪᠤᠯᠵᠢᠯᠠᠭᠴᠢ ᠱᠢᠯᠢ᠎ᠶ᠋ᠢᠨ ᠭᠤᠤᠯ ᠠᠢᠮᠠᠭ ᠎ᠤᠨ ᠵᠡᠭᠦᠨ ᠦᠵᠦᠮᠦᠴᠢᠨ ᠬᠣᠱᠢᠭᠤᠨ ᠎ᠤ ᠵᠠᠰᠠᠭ ᠎ᠤᠨ ᠶᠠᠪᠤᠳᠠᠯ ᠎ᠤᠨ ᠦᠶ᠋ᠯᠡᠴᠢᠯᠡᠭᠡᠨ ᠎ᠦ ᠲᠢᠩᠬᠢᠮ᠎ᠳᠦ ᠣᠷᠣᠬᠤ᠎ᠳᠤ᠂ 《ᠦᠶ᠋ᠯᠡᠰ ᠪᠤᠰᠬᠠᠬᠤ ᠦᠶ᠋ᠯᠡᠴᠢᠯᠡᠭᠡ》 ᠵᠢᠨ ᠲᠤᠰᠭᠠᠶ ᠴᠣᠩᠬᠣᠪᠴᠢ ᠵᠢᠨ ᠡᠮᠦᠨ᠎ᠡ ᠤᠯᠠᠨ ᠬᠦᠮᠦᠨ ᠮᠦᠷᠯᠡᠭᠡᠳ᠂ ᠠᠵᠢᠯᠲᠠᠳ ᠶᠠᠭ ᠦᠶ᠋ᠯᠡᠰ ᠪᠤᠰᠬᠠᠭᠴᠢ ᠎ᠳᠤ ᠲᠥᠷᠥ᠎ᠶ᠋ᠢᠨ ᠪᠣᠳᠣᠯᠭ᠎ᠠ᠂ ᠲᠤᠬᠠᠢᠯᠠᠭ᠍ᠰᠠᠨ ᠠᠵᠢᠯ ᠎ᠤᠨ ᠲᠤᠬᠠᠶ ᠲᠠᠢᠯᠪᠤᠷᠢᠯᠠᠨ ᠥᠭ᠌ᠴᠦ ᠪᠠᠢᠯ᠎ᠠ᠃ ᠡᠨᠳᠡ《ᠨᠢᠭᠡ ᠦᠷᠳᠡᠬᠡᠴᠢᠯᠡᠭ᠌ᠰᠡᠨ》 ᠦᠢᠯᠡᠰ ᠪᠤᠰᠭᠠᠬᠤ ᠦᠢᠯᠡᠴᠢᠯᠡᠭᠡ ᠶᠠᠭ ᠢᠳᠡ ᠬᠦᠭ ᠲᠡᠶ ᠶᠠᠪᠤᠭ᠍ᠳᠠᠵᠤ᠂ ᠦᠢᠯᠡᠰ ᠪᠤᠰᠬᠠᠬᠤ ᠬᠦᠰᠡᠯ ᠵᠢᠡᠨ ᠲᠡᠷᠭᠡᠯᠰᠢᠭᠦᠯᠬᠦ ᠪᠡᠷ ᠮᠡᠷᠡᠢᠭᠰᠡᠳ᠎ᠲᠦ ᠲᠦᠬᠦᠮ ᠲᠤᠬᠢᠳᠠᠢ ᠲᠠᠪᠴᠠᠡᠭ ᠬᠠᠡᠭᠭᠠᠵᠤ ᠪᠠᠢᠯ᠎ᠠ᠃

《ᠪᠢ ᠳᠡᠯᠭᠡᠭᠦᠷ ᠵᠢᠡᠨ ᠡᠷᠬᠢᠯᠡᠭᠡᠳ ᠲᠡᠮᠡᠢ ᠤᠳᠠᠭ᠎ᠠ ᠦᠭᠡᠢ ᠪᠠᠢᠬᠤ᠎ᠳᠤ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠤᠰᠭᠠᠶ ᠠᠵᠢᠯᠳᠠᠨ ᠮᠠᠨ᠎ᠦ ᠬᠢᠨ᠎ᠳᠤ ᠬᠦᠷᠴᠦ᠂ ᠬᠠᠮᠢᠶ᠎ᠠ ᠪᠦᠬᠦᠢ ᠲᠦᠷᠦ ᠵᠢᠨ ᠪᠤᠳᠤᠯᠭ᠎ᠠ ᠵᠢ ᠲᠠᠮᠵᠢᠭᠤᠯᠵᠦ ᠦᠭᠭᠦᠭᠰᠡᠨ ᠶᠤᠮ》 ᠭᠡᠵᠦ ᠽᠠᠢ ᠯᠠᠶ ᠪᠣᠷᠳᠣᠭ᠎ᠠ ᠠᠮᠤ ᠲᠣᠰᠣᠨ᠎ᠤ ᠳᠡᠯᠭᠡᠭᠦᠷ᠎ᠤᠨ ᠡᠵᠡᠨᠳᠡᠨ ᠠᠭᠤᠳᠠᠮ ᠶᠡᠷᠢᠵᠦ ᠭᠠᠷᠤᠯ᠎ᠠ᠃ 《ᠦᠶ᠋ᠯᠡᠴᠢᠯᠡᠭᠡᠨ᠎ᠦ ᠰᠠᠭᠠᠳ ᠥᠬᠡᠶ ᠨᠡᠪᠲᠡᠷᠡᠬᠦ᠌ ᠵᠠᠮ》 ᠤ᠋ᠨ ᠲᠦᠷᠦ ᠵᠢᠨ ᠪᠤᠳᠤᠯᠭ᠎ᠠ ᠪᠡᠷ ᠲᠡᠭᠦᠨ᠎ᠦ ᠳᠡᠯᠭᠡᠭᠦᠷ ᠨᠢ 8 ᠠᠵᠢᠯᠯᠠᠬᠤ ᠡᠳᠦᠷ᠎ᠤᠨ ᠲᠤᠲᠤᠷ᠎ᠠ 25 ᠲᠦᠮᠡᠨ ᠲᠥᠭᠥᠷᠢᠭ᠎ᠦᠨ ᠦᠶ᠋ᠯᠡᠰ ᠪᠤᠰᠬᠠᠬᠤ ᠪᠠᠲᠤᠯᠠᠭᠠᠲᠤ ᠵᠢᠭᠡᠯᠡᠯᠭᠡ ᠣᠯᠵᠡᠢ᠃ ᠡᠨᠡ ᠬᠦ᠌ ᠪᠠᠯᠠ ᠮᠥᠩᠭᠥ᠌ ᠨᠢ ᠲᠡᠭᠦᠨ᠎ᠤ ᠳᠡᠯᠭᠡᠭᠦᠷ ᠵᠢᠡᠨ ᠲᠠᠰ ᠳᠡᠪᠱᠢᠭᠦᠯᠬᠦ᠌᠎ᠳᠦ ᠬᠦᠴᠦᠨ ᠨᠡᠮᠡᠷᠢᠯᠡᠭ᠌ᠰᠡᠨ᠎ᠢᠶᠡᠷ ᠪᠠᠷᠠᠬᠤ ᠥᠬᠡᠶ ᠪᠠᠰᠠ ᠲᠤᠬᠠᠶ᠎ᠶ᠋ᠢᠨ ᠭᠠᠵᠠᠷ ᠎ᠤᠨ 12 ᠮᠠᠯᠴᠢᠨ ᠲᠠᠷᠢᠶᠠᠴᠢᠨ᠎ᠢ ᠳᠠᠢᠴᠢᠯᠠᠨ ᠠᠵᠢᠯ ᠣᠯᠭᠣᠪᠠ᠃ ᠣᠳᠣᠬᠠᠨ᠎ᠳᠤ ᠳᠡᠯᠭᠡᠭᠦᠷ ᠎ᠦᠨ ᠰᠠᠷ᠎ᠠ᠎ᠶ᠋ᠢᠨ ᠪᠣᠷᠣᠯᠠᠭᠤᠯᠭ᠎ᠠ ᠨᠢ 2 ᠲᠦᠮᠡ ᠭᠠᠷᠤᠶ ᠲᠥᠭᠥᠷᠢᠭ᠎ᠢ ᠳᠠᠪᠠᠵᠤ᠂ ᠦᠶ᠋ᠯᠡᠰ᠎ᠤᠨ ᠵᠠᠮ ᠨᠢ ᠶᠠᠪᠤᠬᠤ ᠲᠤᠳᠤᠮ ᠱᠢᠯᠤᠭᠤᠨ ᠲᠠᠷᠳᠠᠡᠭ ᠪᠣᠯᠵᠣ ᠪᠤᠢ᠃

ᠡᠨᠡ ᠵᠢᠯ᠎ᠡᠴᠡ ᠨᠠᠭᠠᠰᠢ ᠵᠡᠭᠦᠨ ᠦᠵᠦᠮᠦᠴᠢᠨ ᠬᠣᠱᠢᠭᠤ 《ᠠᠵᠢᠯ ᠣᠯᠭᠣᠯᠲᠠ᠎ᠶ᠋ᠢ ᠠᠬᠢᠭᠤᠯᠬᠤ ᠠᠵᠢᠯᠯᠠᠭ᠎ᠠ》 ᠵᠢ ᠶᠡᠬᠡ ᠪᠡᠷ ᠠᠬᠢᠭᠤᠯᠪᠠ᠃ ᠵᠡᠭᠦᠨ ᠦᠵᠦᠮᠦᠴᠢᠨ ᠬᠣᠱᠢᠭᠤᠨ᠎ᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡ ᠬᠢᠭᠡᠳ ᠲᠣᠭ᠎ᠠ ᠪᠠᠷᠢᠮᠲᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠲᠣᠪᠴᠢᠶ᠎ᠠ ᠪᠤᠯᠤᠨ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠣᠪᠴᠢᠶ᠎ᠠ ᠨᠢᠭ᠍ᠲᠠ ᠬᠠᠮᠵᠢᠯᠴᠠᠵᠤ᠂ ᠦᠶ᠋ᠯᠡᠰ ᠪᠤᠰᠬᠠᠬᠤ ᠦᠶ᠋ᠯᠡᠴᠢᠯᠡᠭᠡᠨ᠎ᠦ ᠬᠠᠮᠳᠤ ᠵᠢᠨ ᠬᠦᠴᠦᠨ᠎ᠢ ᠪᠡᠬᠢᠵᠢᠭᠦᠯᠪᠡ᠃ ᠡᠳᠡᠭᠡᠷ ᠭᠤᠷᠪᠠᠨ ᠰᠠᠯᠠᠭ᠎ᠠ ᠮᠦᠴᠢᠷ ᠭᠤᠷᠪᠠᠨ ᠲᠣᠭ᠍ᠲᠠᠴᠠ᠎ᠵᠢᠨ ᠱᠢᠨ᠎ᠡ᠎ᠶ᠋ᠢ ᠡᠭᠦᠳᠴᠦ᠂ ᠬᠢᠷᠢ ᠬᠡᠮ᠎ᠢ ᠤᠷᠢᠳᠴᠢᠯᠠᠨ ᠬᠢᠨᠠᠬᠤ᠂ ᠲᠥᠷᠥ᠎ᠶ᠋ᠢᠨ ᠪᠣᠳᠣᠯᠭ᠎ᠠ᠎ᠶ᠋ᠢ ᠵᠣᠬᠢᠴᠠᠭᠤᠯᠬᠤ᠂ ᠵᠢᠭᠡᠯᠡᠯᠭᠡ ᠲᠠᠯᠪᠢᠬᠤ ᠵᠡᠷᠭᠡ ᠶᠠᠪᠤᠴᠠ ᠵᠢ ᠱᠢᠯᠢᠳᠡᠭ᠌ᠵᠢᠭᠦᠯᠵᠦ᠍᠂ ᠦᠶ᠋ᠯᠡᠰ ᠪᠤᠰᠬᠠᠭᠴᠢᠳ᠎ᠤᠨ ᠳᠠᠩᠰᠠᠯᠠᠭᠤᠯᠬᠤ᠎ᠠᠴᠠ ᠵᠢᠭᠡᠯᠡᠯᠭᠡ ᠭᠤᠶᠤᠴᠢᠯᠠᠬᠤ ᠬᠦᠷᠲᠡᠯ᠎ᠡ 《ᠢᠵᠢᠯ ᠠᠯᠬᠤᠮ 》 ᠵᠢᠡᠷ ᠭᠦᠶ᠋ᠴᠡᠳᠭᠡᠬᠦ᠌᠎ᠶ᠋ᠢ ᠪᠡᠶᠡᠯᠡᠭᠦᠯᠦᠨ᠂ ᠤᠤᠯ᠎ᠤᠨ ᠶᠠᠷᠱᠢᠭ ᠲᠦᠪᠡᠭ᠌ᠲᠡᠶ ᠭᠠᠷᠳᠠᠮ ᠬᠦᠢᠴᠡᠳᠬᠡᠬᠦ ᠶᠠᠪᠤᠴᠠ ᠵᠢ ᠳᠥᠭᠥᠮᠴᠢᠯᠡᠵᠠᠢ᠃ ᠣᠳᠣᠬᠠᠨ ᠪᠣᠯᠲᠠᠯ᠎ᠠ᠂ 233 ᠲᠦᠮᠡᠨ ᠲᠥᠭᠥᠷᠢᠭ᠎ᠦᠨ ᠵᠢᠭᠡᠯᠡᠯᠭᠡ ᠲᠠᠯᠪᠢᠵᠤ᠂ 12 ᠦᠢᠯᠡᠰ ᠪᠣᠰᠭᠠᠭ᠍ᠴᠢ ᠵᠢᠨ ᠬᠦᠰᠡᠯ ᠵᠢᠡᠨ ᠪᠡᠶᠡᠯᠡᠭᠦᠯᠬᠦ᠌᠎ᠳᠦ ᠬᠦᠴᠦᠨ ᠨᠡᠮᠡᠷᠢᠯᠡᠵᠦ᠍᠂ 35 ᠬᠥᠮᠦᠨ᠎ᠦ ᠠᠵᠢᠯ ᠣᠯᠭᠣᠯᠲᠠ᠎ᠶ᠋ᠢ ᠳᠠᠢᠴᠢᠯᠠᠨ᠂ ᠪᠦᠬᠦ᠌ ᠬᠣᠱᠢᠭᠤᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃

ᠱᠢᠨ᠎ᠡ᠎ᠪᠡᠷ ᠭᠠᠷᠭᠠᠭ᠍ᠰᠠᠨ 《ᠦᠢᠯᠡᠰ ᠪᠤᠰᠬᠠᠬᠤ ᠦᠢᠯᠡᠴᠢᠯᠡᠭᠡ 》 ᠵᠢᠨ ᠲᠤᠰᠭᠠᠶ ᠴᠣᠩᠬᠣᠪᠴᠢ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠭ᠎ᠠ᠎ᠶ᠋ᠢᠨ ᠡᠮᠦᠨ᠎ᠡ ᠹᠷᠣᠨᠲ ᠪᠤᠯᠵᠠᠢ᠃ ᠬᠤᠪᠢ᠎ᠶ᠋ᠢᠨ ᠦᠶ᠋ᠯᠡᠳᠪᠦᠷᠢ ᠬᠤᠳᠠᠯᠳᠤᠭᠠᠨ᠎ᠤ ᠡᠷᠦᠬᠡ ᠪᠣᠯᠤᠨ  ᠪᠠᠭ᠎ᠠ ᠵᠢᠵᠢᠭ ᠠᠵᠤ ᠠᠬᠤᠢᠯᠠᠯ ᠡᠵᠡᠩᠨᠡᠯᠲᠡ᠎ᠶ᠋ᠢᠨ ᠦᠨᠡᠮᠯᠡᠯ ᠵᠢᠡᠨ ᠳᠠᠩᠰᠠᠯᠠᠭᠤᠯᠬᠤ ᠡᠴᠡ ᠡᠮᠦᠨ᠎ᠡ ᠠᠵᠢᠯᠲᠠᠨ ᠰᠠᠨᠠᠭᠠᠴᠢᠯᠠᠭ᠎ᠠ᠎ᠠᠴᠠ᠎ᠪᠠᠨ ᠲᠡᠳᠡᠨ ᠎ᠢ ᠬᠥᠲᠥᠯᠥᠨ ᠵᠢᠯᠣᠭᠣᠳᠴᠤ᠌᠂ ᠦᠶ᠋ᠯᠡᠰ ᠪᠤᠰᠬᠠᠬᠤ ᠵᠢ ᠳᠠᠩᠰᠠᠯᠠᠬᠤ ᠵᠢᠨ ᠬᠠᠮᠳᠤ ᠱᠢᠨ᠎ᠡ᠎ᠪᠡᠷ ᠳᠠᠩᠰᠠᠯᠠᠭᠤᠯᠤᠭ᠍ᠰᠠᠨ ᠵᠠᠬ᠎ᠠ ᠳᠡᠯᠭᠡᠭᠦᠷ᠎ᠦᠨ ᠭᠤᠤᠯ ᠴᠣᠭ᠍ᠴᠠ  ᠨᠢᠭᠡᠪᠦᠷᠢ᠎ᠳᠤ  ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠨᠠᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠭᠰᠠᠨ ᠪᠠᠢᠨ᠎ᠠ᠃ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ᠎ᠶ᠋ᠢᠨ ᠰᠠᠯᠠᠭ᠎ᠠ ᠮᠥᠴᠢᠷ᠂ ᠬᠥᠮᠦᠨ᠎ᠦ ᠬᠦᠴᠦᠨ᠎ᠦ ᠡᠬᠢ  ᠪᠠᠶᠠᠯᠢᠭ ᠪᠠ ᠨᠡᠢᠭᠡᠮ᠎ᠦᠨ ᠪᠠᠲᠤᠯᠠᠭ᠎ᠠ᠎ᠶ᠋ᠢᠨ ᠰᠠᠯᠠᠭ᠎ᠠ ᠮᠥᠴᠢᠷ᠎ᠦᠨ ᠪᠠᠢᠭᠤᠯᠤᠭ᠍ᠰᠠᠨ ᠲᠣᠭ᠎ᠠ ᠪᠠᠷᠢᠮᠲᠠ᠎ᠶ᠋ᠢᠨ ᠨᠡᠪᠲᠡᠷᠡᠯᠴᠡᠬᠦ᠌ ᠲᠣᠭ᠍ᠲᠠᠴᠠ ᠨᠢ ᠨᠠᠩ ᠴᠤ᠌ ᠦᠶ᠋ᠯᠡᠴᠢᠯᠡᠭᠡᠨ᠎ᠦ ᠶᠠᠰᠤ ᠴᠢᠨᠠᠷ᠎ᠢ ᠳᠡᠭᠡᠭ᠌ᠰᠢᠯᠡᠭᠦᠯᠦᠨ ᠦᠷ᠎ᠡ ᠪᠦᠲᠦᠮᠵᠢ ᠵᠢ ᠨᠡᠮᠡᠭ᠌ᠳᠡᠭᠦᠯᠪᠡ᠃ ᠳᠠᠩᠰᠠᠯᠠᠭᠤᠯᠤᠭ᠍ᠰᠠᠨ ᠮᠡᠳᠡᠭᠡ ᠵᠠᠩᠭᠢ᠎ᠶ᠋ᠢ ᠴᠠᠭ ᠲᠤᠬᠠᠶ᠎ᠳᠤᠨᠢ ᠬᠠᠮᠲᠤ ᠪᠠᠷ ᠡᠳ᠋ᠯᠡᠭ᠌ᠰᠡᠨ᠎ᠦ ᠳᠠᠷᠠᠭ᠎ᠠ ᠨᠥᠬᠥᠴᠡᠯ᠎ᠳᠦ ᠨᠡᠢᠴᠡᠭ᠌ᠰᠡᠨ ᠦᠶ᠋ᠯᠡᠰ ᠪᠤᠰᠬᠠᠭᠴᠢ 《ᠨᠢᠭᠡᠯᠡ ᠤᠳᠠᠭ᠎ᠠ᠎ᠳᠤ ᠭᠦᠢᠴᠡᠳᠭᠡᠬᠦ》 ᠦᠶ᠋ᠯᠡᠴᠢᠯᠡᠭᠡ᠎ᠶ᠋ᠢ ᠭᠥᠷᠳᠡᠵᠦ᠍᠂ ᠬᠢᠷᠢ ᠬᠡᠮ᠎ᠢ ᠤᠷᠢᠳᠴᠢᠯᠠᠨ ᠬᠢᠨᠠᠬᠤ᠎ᠳᠤ ᠲᠡᠬᠢᠨ ᠳᠠᠪᠲᠠᠨ ᠦᠢᠯᠡᠴᠢᠯᠡᠭᠡᠨ᠎ᠤ ᠪᠠᠢᠭᠤᠯᠤᠮᠵᠢ᠎ᠳᠤ ᠤᠴᠢᠬᠤ ᠴᠢᠬᠤᠯᠠ ᠦᠭᠡᠢ ᠪᠤᠯᠵᠠᠢ᠃

《ᠭᠤᠷᠪᠠᠨ ᠲᠠᠯ᠎ᠠ᠎ᠶ᠋ᠢᠨ ᠬᠠᠮᠳᠤᠷᠠᠯᠴᠠᠭᠠᠨ᠎ᠤ ᠲᠣᠭ᠍ᠲᠠᠴᠠ ᠰᠠᠯᠠᠭ᠎ᠠ ᠮᠥᠴᠢᠷ᠎ᠦᠨ ᠬᠣᠭᠣᠷᠣᠨᠳᠣᠬᠢ ᠮᠡᠳᠡᠭᠡ ᠵᠠᠩᠭᠢ᠎ᠶ᠋ᠢᠨ ᠪᠤᠭᠤᠮᠢ᠎ᠶ᠋ᠢ ᠠᠷᠢᠯᠭᠠᠵᠠᠢ》 ᠭᠡᠵᠦ ᠵᠡᠭᠦᠨ ᠦᠵᠦᠮᠦᠴᠢᠨ ᠬᠣᠱᠢᠭᠤᠨ᠎ᠤ ᠵᠠᠰᠠᠭ ᠎ᠤᠨ ᠶᠠᠪᠤᠳᠠᠯ᠎ᠤᠨ ᠦᠶ᠋ᠯᠡᠴᠢᠯᠡᠭᠡ ᠬᠢᠭᠡᠳ ᠲᠣᠭ᠎ᠠ ᠪᠠᠷᠢᠮᠲᠠ᠎ᠶ᠋ᠢᠨ ᠬᠠᠮᠢᠶᠠᠷᠤᠯᠲᠠ᠎ᠶ᠋ᠢᠨ ᠲᠣᠪᠴᠢᠶ᠎ᠠ ᠎ᠶ᠋ᠢᠨ ᠳᠡᠳ᠋ ᠳᠠᠷᠤᠭ᠎ᠠ ᠠᠯᠮᠠᠰ ᠲᠠᠨᠢᠯᠴᠠᠭᠤᠯᠤᠯ᠎ᠠ᠃ ᠡᠨᠡ ᠵᠢᠯ᠎ᠡᠴᠡ ᠨᠠᠭᠠᠰᠢ ᠵᠡᠭᠦᠨ ᠦᠵᠦᠮᠦᠴᠢᠨ ᠬᠣᠱᠢᠭᠤᠨ ᠎ᠤ ᠠᠵᠢᠯ ᠣᠯᠭᠣᠯᠲᠠ᠎ᠶ᠋ᠢᠨ ᠦᠶ᠋ᠯᠡᠴᠢᠯᠡᠭᠡᠨ᠎ᠦ ᠲᠥᠪ ᠲᠥᠷᠥ᠎ᠶ᠋ᠢᠨ ᠪᠣᠳᠣᠯᠭ᠎ᠠ ᠎ᠶ᠋ᠢ ᠤᠬᠠᠭᠤᠯᠤᠨ ᠲᠠᠢᠯᠪᠤᠷᠢᠯᠠᠬᠤ᠂ 《ᠬᠠᠷᠠᠭᠠᠯᠵᠠᠭᠰᠠᠨ》 ᠦᠶ᠋ᠯᠡᠴᠢᠯᠡᠭᠡ ᠬᠠᠩᠭᠠᠬᠤ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ᠂ ᠨᠡᠢᠲᠡ 150 ᠭᠠᠷᠤᠶ ᠬᠥᠮᠦᠨ ᠤᠳᠠᠭ᠎ᠠ᠎ᠳᠤ ᠦᠶ᠋ᠯᠡᠴᠢᠯᠡᠵᠦ᠍᠂ ᠵᠢᠭᠡᠯᠡᠯᠭᠡ᠎ᠶ᠋ᠢᠨ ᠭᠤᠶᠤᠴᠢᠯᠠᠯ᠎ᠢ 15 ᠪᠦᠯᠦᠭ ᠤᠳᠠᠭ᠎ᠠ ᠭᠥᠯᠢᠶᠡᠨ ᠠᠪᠴᠤ᠌ ᠱᠢᠶ᠋ᠳᠪᠦᠷᠢᠯᠡᠪᠡ᠃ ᠵᠢᠱ᠌ᠢᠯᠲᠡ᠎ᠪᠡᠷ᠂ ᠪᠥᠬᠥ᠌ ᠵᠢᠯ᠎ᠳᠦ ᠦᠶ᠋ᠯᠡᠰ ᠪᠤᠰᠬᠠᠬᠤ ᠪᠠᠲᠤᠯᠠᠭᠠᠲᠤ ᠵᠢᠭᠡᠯᠡᠯᠭᠡ᠎ᠶ᠋ᠢ 800 ᠲᠦᠮᠡᠨ ᠲᠥᠭᠥᠷᠢᠭ ᠲᠠᠯᠪᠢᠬᠤ ᠪᠡᠷ ᠲᠦᠯᠦᠪᠯᠡᠵᠦ᠂ ᠨᠠᠩ ᠣᠯᠠᠨ ᠦᠶ᠋ᠯᠡᠰ ᠪᠤᠰᠬᠠᠭᠴᠢ᠎ᠳᠤ ᠮᠥᠩᠭᠥᠨ ᠭᠦᠶ᠋ᠯᠭᠡᠭᠡᠨ᠎ᠦ ᠲᠤᠯᠭᠠᠭᠤᠷᠢᠯᠠᠯ ᠬᠠᠩᠭᠠᠬᠤ ᠪᠤᠯᠤᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号