ᠨᠠᠮ ᠤ᠋ᠨ ᠭᠡᠱᠢᠭᠦᠨ ᠺᠠᠳ᠋ᠷ ᠬᠡᠷᠬᠢᠨ ᠤᠬᠠᠮᠰᠠᠷ ᠡᠴᠡᠪᠠᠨ ᠵᠣᠷᠢᠭ᠍ᠲᠠᠢ ᠪᠡᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠴᠥᠬᠥᠷᠡᠰᠢ ᠦᠭᠡᠢ ᠲᠡᠮᠡᠴᠡᠭ᠌ᠴᠢ ᠪᠣᠯᠬᠤ ᠪᠤᠢ? ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠢᠩᠬᠢᠮ ᠤ᠋ᠨ ᠨᠠᠮ ᠤ᠋ᠨ ᠤᠳᠤᠷᠢᠳᠭᠤ ᠳᠤᠭᠤᠢᠯᠠᠩ ᠤ᠋ᠨ ᠪᠦᠷᠢᠯᠳᠦᠬᠦᠨ᠂ ᠲᠢᠩᠬᠢᠮ ᠤ᠋ᠨ ᠳᠡᠳ᠋ ᠳᠠᠷᠤᠭ᠎ᠠ ᠢᠦᠶ ᠸᠧᠶ ᠵᠢᠨ ᠦᠵᠡᠬᠦ ᠪᠡᠷ᠂ ᠵᠠᠩᠭᠢᠯᠠᠭ᠎ᠠ ᠨᠢ 《ᠠᠵᠢᠯ ᠤ᠋ᠨ ᠪᠠᠢᠷᠢᠳᠠᠭᠠᠨ ᠰᠠᠭᠤᠷᠢᠯᠠᠨ᠂ ᠨᠢᠷᠤᠭᠤ ᠮᠡᠬᠦᠢᠨ ᠦᠨᠡᠨᠴᠢ ᠪᠡᠷ ᠠᠵᠢᠯᠯᠠᠬᠤ》ᠳ᠋ᠤ ᠪᠣᠶ᠃
1997 ᠣᠨ ᠤ᠋ 5 ᠰᠠᠷ᠎ᠠ ᠳ᠋ᠦ᠂ ᠢᠦᠶ ᠸᠧᠶ ᠤᠯᠤᠰ ᠤ᠋ᠨ ᠠᠯᠪᠠᠲᠠᠨ ᠤ᠋ ᠱᠢᠯᠭᠠᠯᠲᠠ ᠳ᠋ᠦ ᠣᠷᠣᠯᠴᠠᠭᠠᠳ ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠢᠩᠬᠢᠮᠳᠦ ᠣᠷᠣᠭ᠍ᠰᠠᠨ ᠡᠴᠡ ᠨᠠᠭᠠᠰᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠠᠮᠢᠶᠠᠷᠤᠯᠲᠠ ᠵᠢᠨ ᠠᠵᠢᠯ ᠤ᠋ᠨ ᠣᠯᠠᠨ ᠬᠦᠷᠢᠶ᠎ᠡ ᠵᠢᠴᠢ ᠶᠠᠳᠠᠭᠤ ᠡᠴᠡ ᠠᠩᠭᠢᠵᠢᠷᠠᠭᠤᠯᠬᠤ ᠪᠣᠭᠣᠮᠲᠠ ᠱᠢᠪᠲᠤᠯᠬᠤ ᠳᠠᠢᠯᠠᠯᠳᠤᠭᠠᠨ ᠤ᠋ ᠲᠠᠯᠠᠪᠤᠷ ᠤ᠋ᠨ ᠳᠠᠪᠲᠠᠯᠲᠠ ᠵᠢ ᠥᠩᠭᠡᠷᠡᠭᠡᠵᠦ᠍᠂ ᠡᠭᠦᠷᠭᠡ ᠬᠠᠷᠢᠭᠤᠴᠠᠯᠭ᠎ᠠᠪᠠᠨ ᠢᠮᠠᠭ᠍ᠲᠠ ᠬᠢᠴᠢᠶᠡᠩᠭᠦᠢᠯᠡᠨ ᠭᠦᠶ᠋ᠴᠡᠳᠭᠡᠵᠦ᠍᠂ 《ᠦᠨᠡᠨᠴᠢ ᠪᠡᠷ ᠠᠵᠢᠯᠯᠠᠬᠤ》 ᠪᠡᠷ ᠪᠠᠷᠢᠮᠵᠢᠶ᠎ᠠ ᠪᠣᠯᠭᠠᠨ ᠥᠪᠡᠷ ᠢ᠋ ᠪᠡᠨ ᠴᠢᠩᠭ᠎ᠠ ᠱᠠᠭᠠᠷᠳᠠᠨ᠂ ᠶᠡᠬᠡ ᠲᠠᠯ᠎ᠠ ᠵᠢ ᠳᠠᠭᠠᠬᠤ᠂ ᠪᠥᠬᠥ᠌ ᠲᠠᠯ᠎ᠠ ᠳ᠋ᠦ ᠦᠶ᠋ᠯᠡᠴᠢᠯᠡᠬᠦ᠌ ᠵᠢ ᠲᠡᠷᠢᠭᠦᠨ ᠴᠢᠬᠤᠯᠠ ᠡᠭᠦᠷᠭᠡ ᠪᠣᠯᠭᠠᠬᠤ ᠵᠢ ᠪᠠᠷᠢᠮᠲᠠᠯᠠᠵᠤ᠂ 《ᠪᠣᠳᠠᠲᠠᠶ ᠵᠢ ᠡᠷᠬᠢᠮᠯᠡᠬᠦ᠂ ᠥᠨᠳᠥᠷ ᠪᠦᠲᠦᠮᠵᠢᠲᠡᠶ᠂ ᠳᠣᠲᠣᠨᠣᠰᠣᠭ》 ᠪᠠᠢᠬᠤ ᠨᠢ ᠲᠡᠭᠦᠨᠦ ᠬᠠᠮᠲᠤ ᠠᠵᠢᠯᠯᠠᠭ᠍ᠰᠠᠳ ᠤ᠋ᠨ ᠰᠡᠳᠭᠢᠯᠳᠡᠬᠢ ᠰᠠᠭᠤᠭ᠍ᠳᠠᠯ ᠪᠣᠯᠤᠨ᠎ᠠ᠃ ᠲᠡᠷᠡ ᠢᠳᠡᠪᠬᠢᠳᠠᠢ ᠪᠡᠷ ᠱᠢᠨ᠎ᠡ ᠵᠢ ᠡᠭᠦᠳᠬᠦ᠌ ᠰᠡᠳᠭᠢᠬᠦᠢ ᠪᠣᠯᠤᠨ ᠥᠨᠳᠥᠷ ᠪᠦᠲᠦᠮᠵᠢᠲᠡᠢ ᠭᠡᠷᠡᠭᠵᠢᠬᠦᠯᠬᠦ ᠡᠷᠴᠢᠮ ᠵᠢᠡᠷ ᠠᠵᠢᠯ ᠤ᠋ᠨ ᠶᠠᠰᠤ ᠴᠢᠨᠠᠷ ᠪᠣᠯᠤᠨ ᠦᠷ᠎ᠡ ᠪᠦᠲᠦᠮᠵᠢ ᠪᠡᠨ ᠲᠠᠰᠤᠷᠠᠯᠳᠡ ᠦᠭᠡᠢ ᠳᠡᠭᠡᠭ᠌ᠰᠢᠯᠡᠭᠦᠯᠵᠦ᠍᠂ ᠥᠪᠥᠷ ᠮᠣᠩᠭᠣᠯ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠬᠠᠮᠢᠶᠠᠷᠤᠯᠲᠠ ᠵᠢᠨ ᠠᠵᠢᠯ ᠪᠣᠯᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠦᠢᠯᠡᠰ ᠲᠣ᠌ ᠥᠪᠡᠷ ᠤ᠋ᠨ ᠬᠦᠴᠦᠨ ᠴᠢᠳᠠᠯ ᠵᠢᠡᠨ ᠡᠷᠭᠦᠪᠡ᠃
2023 ᠣᠨ ᠤ᠋ ᠡᠴᠦᠰ ᠲᠣ᠌᠂ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠣᠨ ᠤ᠋ ᠬᠦᠴᠦᠳᠡᠢ ᠠᠬᠢᠭᠤᠯᠤᠯ ᠲᠤᠤᠷ᠎ᠠ ᠮᠠᠨᠤ ᠣᠷᠣᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ 《ᠪᠦᠰᠡᠯᠡᠯᠲᠡ ᠱᠢᠪᠲᠤᠯᠬᠤ》 ᠢᠨᠵᠧᠨᠧᠷᠢᠩ ᠢ᠋ ᠡᠬᠢᠯᠡᠨ ᠬᠡᠷᠡᠭ᠌ᠵᠢᠭᠦᠯᠪᠡ᠃ ᠲᠦᠷᠦᠭᠦᠯᠡᠨ ᠨᠠᠢᠳᠠᠪᠤᠷᠢᠵᠢᠭᠤᠯᠬᠤ ᠨᠢᠭᠡᠴᠢ ᠪᠣᠯᠤᠭ᠍ᠰᠠᠨ ᠤ᠋ ᠬᠤᠪᠢ ᠳ᠋ᠦ᠂ ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠢᠩᠬᠢᠮ ᠲᠤᠰᠭᠠᠶ ᠲᠦᠷᠦᠯ ᠤ᠋ᠨ ᠭᠤᠤᠯᠳᠠᠯᠭ᠎ᠠ ᠲᠠᠢ ᠡᠭᠦᠷᠭᠡ ᠵᠢᠨ ᠠᠵᠢᠯ ᠤ᠋ᠨ ᠳᠤᠭᠤᠢᠯᠠᠩ ᠪᠠᠢᠭᠤᠯᠵᠤ᠂ ᠲᠢᠩᠬᠢᠮ ᠤ᠋ᠨ ᠱᠢᠰᠲ᠋ᠧᠮ ᠤ᠋ᠨ ᠳᠡᠭᠡᠳᠦ ᠳᠤᠤᠷᠠᠳᠤ ᠱᠠᠲᠤ ᠪᠡᠷ ᠵᠢᠡᠨ ᠨᠢᠭ᠍ᠲᠠᠷᠠᠨ ᠪᠦᠯᠬᠦᠮᠳᠡᠵᠦ᠍᠂ ᠥᠪᠡᠷᠲᠡᠭᠡᠨ ᠵᠠᠰᠠᠬᠤ ᠣᠷᠣᠨ ᠤ᠋ ᠨᠢᠭᠡᠳᠦᠯᠲᠡᠶ ᠲᠥᠯᠥᠪᠵᠢᠭᠦᠯᠦᠨ ᠰᠦᠪᠡᠭᠴᠢᠯᠡᠭᠰᠡᠨ ᠡᠨᠡ ᠬᠦ᠌ ᠡᠭᠦᠳᠦᠯᠲᠡ ᠵᠢᠨ ᠴᠢᠨᠠᠷᠲᠠᠶ ᠠᠵᠢᠯ ᠢ᠋ ᠰᠠᠢᠲᠤᠷ ᠠᠬᠢᠭᠤᠯᠵᠤ ᠰᠠᠢᠲᠤᠷ ᠬᠡᠷᠡᠭ᠌ᠵᠢᠭᠦᠯᠪᠡ᠃ ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ 《ᠪᠦᠰᠡᠯᠡᠯᠲᠡ ᠱᠢᠪᠲᠤᠯᠬᠤ》 ᠢᠨᠵᠧᠨᠧᠷᠢᠩ ᠨᠢ ᠪᠦᠬᠦ᠌ ᠤᠯᠤᠰ ᠤ᠋ᠨ ᠠᠩᠬᠠᠨ ᠤ᠋ ᠡᠭᠦᠳᠦᠯᠲᠡᠳᠦ ᠬᠠᠷᠢᠶᠠᠯᠠᠭ᠍ᠳᠠᠬᠤ ᠪᠣᠯᠬᠣᠷ᠂ ᠠᠯᠢᠪᠠ ᠪᠦᠬᠦᠨ ᠢ᠋ ᠡᠷᠴᠢᠮᠳᠠᠢ ᠰᠦᠪᠡᠭ᠌ᠴᠢᠯᠡᠵᠦ᠍ ᠤᠷᠤᠭ᠍ᠰᠢᠯᠠᠪᠠ᠃ ᠠᠯᠢ ᠠᠯᠢ ᠬᠦᠷᠢᠶᠡᠨᠤ ᠮᠡᠷᠭᠡᠵᠢᠯ ᠤ᠋ᠨ 《ᠪᠦᠰᠡᠯᠡᠯᠳᠡ ᠰᠢᠪᠳᠤᠯᠬᠤ》 ᠵᠢ ᠪᠡᠶᠡᠯᠡᠬᠦᠯᠪᠡᠯ ᠰᠠᠶᠢ 《ᠡᠬᠢᠯᠡᠵᠦ ᠭᠦᠶᠦᠮᠡᠭᠴᠡ ᠲᠡᠷᠢᠭᠦᠯᠡᠬᠦ》 ᠵᠢ ᠪᠡᠶᠡᠯᠡᠭᠦᠯᠵᠦ ᠴᠢᠳᠠᠬᠤ ᠪᠣᠶ? ᠶᠠᠮᠠᠷ ᠶᠠᠩᠵᠤ ᠵᠢᠨ ᠱᠢᠨᠵᠢᠯᠡᠬᠦ᠌ ᠤᠬᠠᠭᠠᠨ ᠤ᠋ ᠰᠤᠳᠤᠯᠭᠠᠨ ᠤ᠋ ᠵᠣᠬᠢᠶᠠᠨ ᠪᠠᠢᠭᠤᠯᠤᠯᠲᠠ ᠵᠢᠨ ᠲᠣᠭ᠍ᠲᠠᠴᠠ ᠵᠢ ᠬᠠᠢᠨ ᠰᠦᠪᠡᠭ᠌ᠴᠢᠯᠡᠬᠦ᠌ ᠪᠤᠢ? ᠁ ᠡᠮᠦᠨ᠎ᠡ ᠲᠠᠯᠪᠢᠭ᠍ᠳᠠᠵᠤ ᠪᠠᠢᠭᠠᠠᠯᠢ ᠤᠯᠠᠨ ᠬᠦᠴᠢᠷ ᠠᠰᠠᠭᠤᠳᠠᠯ ᠢ᠋ ᠦᠵᠦ᠍ ᠲᠥᠯᠥᠪᠯᠡᠭᠡᠪᠡᠷ ᠱᠢᠢᠳᠪᠦᠷᠢᠯᠡᠬᠦ᠌ ᠴᠢᠬᠤᠯᠠᠲᠠᠢ᠃
《ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ 〈ᠪᠦᠰᠡᠯᠡᠯᠳᠡ ᠰᠢᠪᠳᠤᠯᠬᠤ〉 ᠪᠣᠯ ᠤᠷᠢᠶ᠎ᠠ ᠪᠢᠰᠢ᠂ ᠡᠷᠬᠡᠪᠰᠢ ᠱᠢᠢᠳᠪᠦᠷᠢᠯᠡᠬᠦ᠌ ᠴᠢᠬᠤᠯᠠᠲᠠᠢ ᠬᠦᠴᠢᠷ ᠠᠰᠠᠭᠤᠳᠠᠯ ᠮᠥᠨ》 ᠭᠡᠬᠦ ᠡᠨᠡ ᠦᠭᠡ ᠵᠢ ᠢᠦᠢ ᠸᠧᠢ ᠪᠠᠢᠩᠭᠤ ᠶᠠᠷᠢᠳᠠᠭ᠃ 30 ᠭᠠᠷᠤᠢ ᠵᠢᠯ ᠤ᠋ᠨ ᠠᠵᠢᠯ ᠤ᠋ᠨ ᠲᠤᠷᠱᠢᠯᠭ᠎ᠠ ᠲᠠᠢ ᠢᠦᠢ ᠸᠧᠢ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠬᠠᠮᠢᠶᠠᠷᠤᠯᠲᠠ ᠵᠢᠨ ᠠᠵᠢᠯ ᠢ᠋ ᠰᠠᠢᠲᠤᠷ ᠬᠢᠬᠦ ᠳ᠋ᠦ ᠶᠠᠭᠠᠬᠢᠭ᠍ᠰᠠᠨ ᠴᠤ᠌ ᠦᠨᠳᠦᠷ ᠲᠡᠭᠡᠷ᠎ᠡ ᠵᠠᠯᠠᠷᠠᠨ ᠰᠠᠭᠤᠵᠤ ᠪᠣᠯᠬᠤ ᠦᠭᠡᠢ᠂ ᠡᠷᠬᠡᠪᠰᠢ ᠦᠨᠳᠦᠰᠦᠨ ᠱᠠᠳᠤᠨᠳᠤ ᠬᠦᠨᠵᠡᠭᠡᠢᠷᠡᠨ᠂ ᠥᠪᠡᠷ ᠢ᠋ ᠪᠡᠨ ᠨᠢᠭᠡ ᠠᠰᠠᠭᠤᠳᠠᠯ ᠢ᠋ ᠱᠢᠢᠳᠪᠦᠷᠢᠯᠡᠬᠦ᠌ᠡᠴᠡ ᠠᠯᠢ ᠤᠯᠠᠨ ᠠᠰᠠᠭᠤᠳᠠᠯ ᠢ᠋ ᠱᠢᠢᠳᠪᠦᠷᠢᠯᠡᠬᠦ᠌ ᠵᠢ ᠰᠤᠷᠬᠤ ᠬᠡᠷᠡᠭ᠌ᠲᠡᠢ ᠭᠡᠳᠡᠭ ᠢ᠋ ᠭᠦᠨᠵᠡᠭᠡᠢ ᠣᠢᠯᠠᠭᠠᠪᠠ᠃ ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ ᠤ᠋ᠨ ᠲᠢᠩᠬᠢᠮ ᠤ᠋ᠨ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ ᠤ᠋ᠨ 《ᠪᠦᠰᠡᠯᠡᠯᠲᠡ ᠱᠢᠪᠲᠤᠯᠬᠤ》 ᠠᠵᠢᠯ ᠳ᠋ᠦ ᠬᠣᠯᠪᠣᠭ᠍ᠳᠠᠭ᠍ᠰᠠᠨ ᠤᠯᠠᠨ ᠵᠦᠢᠯ ᠤ᠋ᠨ ᠪᠣᠳᠠᠲᠠᠢ ᠠᠭᠤᠯᠭ᠎ᠠ ᠨᠢ ᠥᠪᠡᠷ ᠤ᠋ᠨ ᠬᠤᠪᠢᠳᠠᠨ ᠬᠠᠮᠢᠶᠠᠷᠴᠤ᠌ ᠪᠠᠢᠭ᠎ᠠ ᠬᠦᠷᠢᠢ᠎ᠡ ᠬᠡᠪᠴᠢᠢᠡᠲᠡᠶ ᠱᠢᠭᠤᠳ ᠬᠣᠯᠪᠣᠭ᠎ᠠ ᠲᠠᠢ ᠪᠣᠯᠬᠣᠷ ᠡᠨᠡ ᠬᠦ᠌ 《ᠬᠦᠴᠢᠷ ᠠᠰᠠᠭᠤᠳᠠᠯ》 ᠢ᠋ ᠱᠢᠢᠳᠪᠦᠷᠢᠯᠡᠶᠡ ᠭᠡᠪᠡᠯ ᠵᠠᠪᠠᠯ ᠡᠨᠡ ᠬᠦ᠌ 《ᠬᠣᠱᠢᠭᠤᠴᠢ》 ᠪᠣᠯᠬᠤ ᠬᠡᠷᠡᠭ᠌ᠲᠡᠢ ᠭᠡᠳᠡᠭᠢ ᠢᠦᠢ ᠸᠧᠢ ᠭᠦᠨ᠎ᠡ ᠤᠬᠠᠭᠠᠷᠠᠪᠠ᠃
ᠮᠠᠨ ᠤ᠋ ᠣᠷᠣᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠡᠬᠢ ᠪᠠᠶᠠᠯᠢᠭ ᠲᠠᠷᠠᠬᠠᠢ ᠪᠤᠲᠠᠷᠬᠠᠢ᠂ ᠠᠵᠤ ᠦᠢᠯᠡᠰ ᠤ᠋ᠨ ᠬᠡᠯᠪᠡᠷᠢ ᠪᠡᠨ ᠬᠤᠪᠢᠷᠠᠭᠤᠯᠬᠤ ᠬᠥᠳᠡᠯᠭᠡᠬᠦ᠌ ᠡᠨᠧᠷᠭᠢ ᠬᠦᠷᠦᠯᠴᠡᠬᠦ᠌ ᠦᠭᠡᠢ ᠪᠠᠢᠬᠤ ᠵᠡᠷᠭᠡ ᠡᠪᠡᠷᠱᠢᠶᠡᠯ ᠤ᠋ᠨ ᠡᠮᠦᠨ᠎ᠡ᠂ ᠲᠡᠷᠡ ᠵᠢᠯ ᠭᠠᠷᠤᠢ ᠵᠢᠨ ᠬᠤᠭᠤᠴᠠᠭᠠᠨ ᠳ᠋ᠦ ᠬᠣᠯᠪᠣᠭ᠍ᠳᠠᠯ ᠪᠦᠬᠦᠢ ᠠᠵᠤ ᠠᠬᠤᠢᠯᠠᠯ᠂ ᠲᠤᠷᠱᠢᠯᠲᠠ ᠵᠢᠨ ᠲᠠᠰᠤᠭ ᠲᠣ᠌ ᠵᠠᠭᠤ ᠭᠠᠷᠤᠢ ᠤᠳᠠᠭ᠎ᠠ ᠭᠦᠨᠵᠡᠭᠡᠢᠷᠡᠨ ᠪᠠᠢᠴᠠᠭᠠᠨ ᠰᠤᠳᠤᠯᠤᠯᠲᠠ ᠬᠢᠵᠦ᠍᠂ ᠪᠦᠬᠦ᠌ ᠤᠯᠤᠰ ᠤ᠋ᠨ 20 ᠭᠠᠷᠤᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ᠌ ᠥᠨᠳᠥᠷᠯᠢᠭ ᠲᠣ᠌ ᠬᠦᠷᠦᠭ᠌ᠰᠡᠨ ᠪᠠᠢᠨ᠎ᠠ᠃ ᠡᠴᠦᠰ ᠲᠣ᠌᠂ ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠢᠩᠬᠢᠮ 《ᠤᠷᠤᠨ ᠪᠠᠢᠷᠢ ᠡᠷᠢᠬᠦ᠌᠂ ᠪᠦᠯᠬᠦᠮ ᠡᠷᠢᠬᠦ᠌᠂ ᠵᠠᠭ᠍ᠪᠤᠷ ᠡᠷᠢᠬᠦ᠌》᠂ 《ᠪᠦᠰᠡᠯᠡᠯᠳᠡ ᠱᠢᠪᠲᠤᠯᠬᠤ》 ᠠᠵᠢᠯ ᠤ᠋ᠨ ᠠᠷᠭ᠎ᠠ ᠵᠠᠮ ᠢ᠋ ᠲᠦᠪᠯᠡᠷᠡᠬᠦᠯᠦᠨ ᠪᠦᠷᠢᠯᠳᠦᠭᠦᠯᠵᠦ᠍᠂ ᠨᠦᠭᠡᠴᠡ ᠡᠨᠧᠷᠭᠢ᠂ ᠤᠰᠤᠲᠥ᠋ᠷᠥᠭ᠌ᠴᠢ ᠡᠨᠧᠷᠭᠢ᠂ ᠬᠣᠪᠣᠷ ᠱᠢᠷᠣᠶ᠂ ᠤᠨᠴᠠᠯᠢᠬ᠍ᠳᠤ ᠰᠦ ᠵᠢ ᠨᠠᠷᠢᠯᠢᠭ ᠡᠳ᠋ᠱᠢᠭᠦᠯᠬᠦ᠌ ᠵᠡᠷᠭᠡ ᠱᠢᠪᠲᠤᠯᠤᠯᠲᠠ ᠵᠢᠨ ᠴᠡᠭ ᠢ᠋ ᠲᠣᠳᠣᠷᠬᠠᠢᠯᠠᠭ᠍ᠰᠠᠨ ᠪᠥᠭᠡᠳ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ 〈ᠪᠦᠰᠡᠯᠡᠯᠳᠡ ᠱᠢᠪᠲᠤᠯᠬᠤ〉 ᠢᠨᠵᠧᠨᠧᠷᠢᠩ ᠤ᠋ᠨ ᠠᠵᠢᠯ ᠤ᠋ᠨ ᠲᠥᠰᠦᠯ》᠂ 《〈4 + 1〉 ᠣᠷᠣᠨ ᠪᠠᠢᠷᠢ ᠵᠢᠨ ᠲᠤᠰᠭᠠᠶ ᠬᠡᠷᠡᠭ᠌ᠵᠢᠭᠦᠯᠬᠦ᠌ ᠲᠥᠰᠦᠯ》 ᠵᠡᠷᠭᠡ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠡᠢᠳᠡᠯᠡᠵᠦ ᠬᠠᠮᠵᠢᠯᠴᠠᠨ ᠳᠡᠮᠵᠢᠬᠦ᠌ ᠵᠢ ᠠᠬᠢᠭᠤᠯᠪᠠ᠃
2024 ᠣᠨ ᠳ᠋ᠦ᠂ ᠥᠪᠥᠷ ᠮᠣᠩᠭᠣᠯ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠣᠩᠭᠣᠴᠠ 《ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠲᠠᠯ᠎ᠠ ᠪᠡᠷ ᠪᠡᠶ᠎ᠡ ᠪᠡᠨ ᠳᠠᠭᠠᠭᠠᠵᠤ ᠥᠪᠡᠷ ᠢ᠋ ᠪᠡᠨ ᠬᠦᠴᠦᠷᠬᠡᠭ᠌ᠵᠢᠭᠦᠯᠬᠦ᠌》 ᠴᠠᠭ ᠦᠶ᠎ᠡ ᠵᠢᠨ ᠶᠡᠬᠡ ᠤᠷᠤᠰᠭᠠᠯ ᠳᠤᠮᠳᠠ ᠳᠠᠪᠠᠯᠭᠠᠨ ᠰᠦᠷᠦᠨ ᠤᠷᠤᠭ᠍ᠰᠢᠯᠠᠪᠠ᠃ ᠥᠪᠡᠷᠲᠡᠭᠡᠨ ᠵᠠᠰᠠᠬᠤ ᠣᠷᠣᠨ ᠤ᠋ ᠨᠠᠮ ᠤ᠋ᠨ ᠬᠣᠷᠢᠶ᠎ᠠ᠂ ᠵᠠᠰᠠᠭ ᠤ᠋ᠨ ᠣᠷᠳᠣᠨ ᠤ᠋ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ ᠤ᠋ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠰᠲ᠋ᠧᠮ ᠤ᠋ᠨᠬᠢᠨ ᠰᠡᠳᠭᠢᠯ ᠵᠢᠡᠨ ᠨᠢᠭᠡᠳᠭᠡᠨ ᠬᠦᠴᠦ᠍ ᠪᠡᠨ ᠬᠠᠮᠲᠤᠳᠭᠠᠵᠤ᠂ ᠵᠣᠷᠢᠭ᠍ᠲᠠᠶ ᠪᠡᠷ ᠱᠢᠪᠲᠤᠯᠤᠯᠲᠠ ᠬᠢᠵᠦ᠍᠂ 36 ᠵᠦᠶ᠋ᠯ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ《ᠪᠦᠰᠡᠯᠡᠯᠳᠡ ᠰᠢᠪᠳᠤᠯᠬᠤ》 ᠢᠨᠵᠧᠨᠧᠷᠢᠩ ᠤ᠋ᠨ ᠭᠤᠤᠯᠳᠠᠯᠭ᠎ᠠ ᠲᠠᠢ ᠡᠭᠦᠷᠭᠡ ᠵᠢ ᠪᠥᠬᠥ᠌ ᠲᠠᠯ᠎ᠠ ᠪᠡᠷ ᠡᠬᠢᠯᠡᠭᠦᠯᠪᠡ; 《ᠦᠪᠦᠷ ᠮᠤᠩᠭᠤᠯ ᠤ᠋ᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠴᠤᠭᠯᠠᠷᠠᠯ》 ᠲᠠᠪᠴᠠᠩ ᠨᠢ 《ᠨᠢᠭᠡ ᠴᠣᠭ᠍ᠴᠠ ᠬᠣᠶᠠᠷ ᠵᠢᠭᠦᠷ ᠳᠥᠷᠪᠡᠨ ᠬᠦᠷᠳᠦ ᠪᠡᠷ ᠬᠥᠳᠡᠯᠭᠡᠭᠦᠷ ᠪᠣᠯᠭᠠᠬᠤ》 ᠦᠷ᠎ᠡ ᠪᠦᠲᠦᠭᠡᠯ ᠢ᠋ ᠤᠯᠠᠷᠢᠭᠤᠯᠬᠤ ᠲᠣᠭ᠍ᠲᠠᠴᠠ ᠵᠢ ᠪᠠᠢᠭᠤᠯᠵᠤ᠂ ᠪᠥᠬᠥ᠌ ᠣᠷᠣᠨ ᠤ᠋ ᠮᠡᠷᠭᠡᠵᠢᠯ ᠤ᠋ᠨ ᠭᠡᠷ᠎ᠡ ᠵᠢᠨ ᠠᠷᠠᠯᠵᠢᠶ᠎ᠠ ᠪᠦᠲᠦᠭ᠌ᠰᠡᠨ ᠲᠣᠭ᠎ᠠ ᠵᠢ 82 ᠳ᠋ᠦᠩᠱᠢᠭᠤᠷ ᠲᠥᠭᠥᠷᠢᠭ ᠡᠴᠡ ᠳᠠᠪᠠᠭᠤᠯᠬᠤ ᠵᠢ ᠳᠠᠢᠴᠢᠯᠠᠪᠠ; ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠵᠢᠡᠷ ᠥᠪᠥᠷ ᠮᠣᠩᠭᠣᠯ ᠵᠢᠡᠨ ᠮᠠᠨᠳᠤᠭᠤᠯᠬᠤ 《1 + 7 + N》 ᠲᠥᠷᠥ ᠵᠢᠨ ᠪᠣᠳᠣᠯᠭ᠎ᠠ ᠵᠢᠨ ᠱᠢᠰᠲ᠋ᠧᠮ 《ᠠᠩᠬᠠᠨ ᠤ᠋ ᠨᠢᠭᠡ ᠺᠢᠯᠤᠮᠸᠲᠷ》 ᠡᠴᠡ 《ᠡᠴᠦᠰ ᠤ᠋ᠨ ᠨᠢᠭᠡ ᠺᠢᠯᠤᠮᠸᠲᠷ》 ᠬᠦᠷᠳᠡᠯ᠎ᠡ ᠨᠡᠪᠲᠡᠷᠡᠭᠦᠯᠵᠦ᠍᠂ ᠡᠯ᠎ᠡ ᠲᠥᠷᠥᠯ ᠤ᠋ᠨ ᠱᠢᠨ᠎ᠡ ᠵᠢ ᠡᠭᠦᠳᠬᠦ᠌ ᠭᠤᠤᠯ ᠴᠣᠭ᠍ᠴᠠ ᠵᠢᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ᠋ ᠬᠥᠭ᠌ᠵᠢᠭᠡᠪᠡ ᠁ ᠨᠢᠭᠡ ᠵᠢᠯ ᠭᠠᠷᠤᠶ ᠵᠢᠨ ᠲᠤᠷᠰᠢ᠂ ᠪᠥᠬᠥ᠌ ᠣᠷᠣᠨ ᠤ᠋ ᠱᠢᠨ᠎ᠡ ᠵᠢ ᠡᠭᠦᠳᠬᠦ᠌ ᠠᠭᠤᠷ ᠠᠮᠢᠰᠭᠤᠯ ᠤᠷᠢᠳ ᠡᠮᠦᠨ᠎ᠡ ᠪᠠᠢᠭ᠎ᠠ ᠥᠬᠡᠶ ᠦᠷᠨᠢᠵᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠱᠢᠨ᠎ᠡ ᠵᠢ ᠡᠭᠦᠳᠬᠦ ᠪᠡᠷ ᠴᠢᠨᠠᠷ ᠰᠠᠢᠲᠠᠶ ᠬᠥᠭ᠌ᠵᠢᠯᠲᠡ ᠵᠢ ᠬᠥᠲᠥᠯᠥᠨ ᠳᠠᠭᠠᠭᠤᠯᠬᠤ ᠲᠠᠯ᠎ᠠ ᠪᠡᠷ ᠳᠤᠪᠤᠢᠮ᠎ᠠ ᠠᠮᠵᠢᠯᠲᠠ ᠤᠯᠪᠠ᠃ ᠡᠳᠡᠭᠡᠷ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ 《ᠪᠦᠰᠡᠯᠡᠯᠲᠡ ᠱᠢᠪᠲᠤᠯᠬᠤ》 ᠳᠠᠢᠯᠠᠯᠳᠤᠭᠠᠨ ᠤ᠋ ᠲᠠᠯᠠᠪᠤᠷ ᠲᠣ᠌᠂ ᠢᠦᠢ ᠸᠧᠢ ᠵᠢᠨ ᠬᠠᠮᠲᠤ ᠠᠵᠢᠯᠯᠠᠭ᠍ᠰᠠᠳ ᠲᠠᠢ ᠪᠡᠨ ᠶᠠᠭᠠᠷᠠᠯᠳᠤᠨ ᠮᠤᠩᠭᠠᠨᠢᠵᠦ ᠪᠠᠢᠬᠤ ᠪᠠᠷ᠎ᠠ ᠭᠠᠵᠠᠷ ᠪᠤᠯᠭᠠᠨ ᠳ᠋ᠦ ᠬᠠᠷᠠᠭᠳᠠᠨ᠎ᠠ᠃
ᠡᠲᠡᠭᠡᠷ ᠱᠢᠪᠲᠤᠯᠤᠯᠲᠠ ᠵᠢᠨ ᠴᠢᠨᠠᠷᠲᠠᠶ ᠠᠬᠢᠯᠲᠠ ᠵᠢᠨ ᠠᠷᠤ ᠳ᠋ᠦ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ 《ᠪᠤᠭᠤᠮᠳᠠ ᠰᠢᠪᠳᠤᠯᠤᠬᠴᠢ》 ᠵᠢᠨ ᠡᠭᠦᠷᠭᠡᠯᠡᠯ ᠪᠠ ᠣᠶᠤᠨ ᠤᠬᠠᠭᠠᠨ ᠨᠢᠭᠤᠭᠳᠠᠵᠤ ᠪᠤᠢ᠃ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ ᠤ᠋ᠨ ᠬᠠᠮᠢᠶᠠᠷᠤᠯᠲᠠ ᠵᠢᠨ ᠠᠵᠢᠯ ᠤ᠋ᠨ ᠪᠠᠢᠷᠢ ᠳ᠋ᠦ ᠠᠩᠬ᠎ᠠ ᠤᠷᠤᠬ᠍ᠰᠠᠨ ᠡᠴᠡ ᠵᠠᠵᠢᠨ ᠦᠰᠦ ᠨᠢ ᠴᠠᠢᠲᠠᠯ᠎ᠠ ᠪᠠᠨ᠂ ᠢᠦᠢ ᠸᠧᠢ 《ᠠᠮᠵᠢᠯᠲᠠ ᠠᠨᠤ ᠭᠠᠭ᠍ᠴᠠ ᠮᠢᠨᠦ᠍ ᠭᠠᠪᠢᠶ᠎ᠠ ᠪᠤᠰᠤ᠂ ᠠᠮᠵᠢᠯᠲᠠ ᠤᠯᠬᠤ ᠳ᠋ᠦ ᠯᠠᠪᠲᠠᠢ ᠪᠢ ᠪᠠᠢᠬᠤ》 ᠤᠭ ᠰᠠᠨᠠᠭᠠᠪᠠᠨ ᠪᠠᠲᠤ ᠰᠠᠬᠢᠵᠤ᠂ ᠴᠢᠷᠮᠠᠢᠨ ᠲᠡᠮᠡᠴᠡᠵᠦ᠍ ᠬᠤᠪᠢ ᠨᠡᠮᠡᠷᠢ ᠦᠵᠡᠭᠦᠯᠬᠦ ᠪᠡᠷ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ ᠤ᠋ᠨ ᠬᠠᠮᠢᠶᠠᠷᠤᠯᠲᠠ ᠵᠢᠨ ᠠᠵᠢᠯᠳᠠᠨ ᠤ᠋ ᠬᠠᠷᠢᠭᠤᠴᠠᠯᠭ᠎ᠠ ᠡᠭᠦᠷᠭᠡᠯᠡᠯ ᠢ᠋ ᠪᠢᠴᠢᠭ᠌ᠯᠡᠵᠠᠢ᠃
《ᠡᠨᠡ ᠪᠣᠯ ᠬᠠᠮᠲᠤ ᠨᠡᠢᠲᠡ ᠵᠢᠨ ᠭᠠᠪᠢᠶᠠᠨ ᠲᠡᠮᠳᠡᠭ ᠮᠥᠨ᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠱᠢᠰᠲ᠋ᠧᠮ ᠤ᠋ᠨ ᠪᠣᠶ ᠪᠥᠬᠥᠶ ᠨᠠᠮ ᠤ᠋ᠨ ᠭᠡᠱᠢᠭᠦᠨ ᠺᠠᠳ᠋ᠷ ᠤ᠋ᠨ ᠠᠵᠢᠯ ᠢ᠋ ᠮᠡᠳᠡᠷᠡᠵᠦ᠍ ᠪᠠᠢᠭ᠎ᠠ ᠶᠠᠪᠤᠳᠠᠯ ᠮᠥᠨ᠂ ᠪᠢ ᠪᠣᠯ ᠵᠥᠪᠬᠡᠨ 〈ᠱᠠᠩᠨᠠᠯ ᠲᠤᠰᠤᠭᠰᠠᠨ ᠲᠥᠯᠥᠭᠡᠯᠡᠭ᠌ᠴᠢ〉ᠲᠡᠳᠦᠢ᠃ ᠵᠣᠬᠢᠶᠠᠨ ᠪᠠᠢᠭᠤᠯᠤᠯᠲᠠ ᠵᠢᠨ ᠢᠲᠡᠭᠡᠯ ᠪᠠ ᠬᠥᠮᠦᠵᠢᠭᠦᠯᠦᠯᠳᠦ ᠲᠠᠯᠠᠷᠬᠠᠵᠤ ᠪᠠᠢᠨ᠎ᠠ᠂ ᠨᠠᠳᠠ ᠳ᠋ᠦ ᠠᠷᠠᠳ ᠲᠦᠮᠡᠨᠳᠦ ᠦᠢᠯᠡᠴᠢᠯᠡᠬᠦ᠌ ᠲᠠᠪᠴᠠᠩ ᠵᠠᠮ ᠬᠠᠩᠭᠠᠭ᠍ᠰᠠᠨ ᠵᠢᠡᠷ ᠪᠠᠷᠠᠬᠤ ᠦᠭᠡᠢ᠂ ᠪᠠᠰᠠ ᠮᠢᠨᠤ ᠱᠢᠨ᠎ᠡ ᠵᠢ ᠡᠭᠦᠳᠬᠦ᠌ ᠦᠢᠯᠡᠰ ᠤ᠋ᠨ 〈ᠠᠶᠠᠯᠠᠯ ᠬᠠᠮᠠᠭᠠᠯᠠᠭ᠍ᠴᠢ〉 ᠪᠠ 〈ᠰᠡᠳᠦᠪ ᠲᠠᠢᠯᠪᠤᠷᠢᠯᠠᠭ᠍ᠴᠢ〉 ᠪᠤᠯᠬᠤ ᠡᠷᠴᠢ ᠵᠣᠷᠢᠭ ᠢ᠋ ᠨᠡᠩ ᠬᠦᠪᠴᠢᠯᠡᠪᠡ》 ᠭᠡᠵᠦ ᠢᠦᠶ ᠸᠧᠶ ᠪᠣᠷᠣᠭ᠍ᠵᠢᠭᠤᠨ ᠬᠡᠳᠦᠨ ᠰᠡᠳᠭᠢᠯ ᠤ᠋ᠨ ᠦᠭᠡ ᠪᠡᠷᠵᠢᠡᠨ ᠪᠦᠬᠦ ᠢᠷᠠᠭᠤ ᠠᠯᠳᠠᠷ ᠢ᠋ ᠪᠦᠯᠬᠦᠮ ᠤ᠋ᠨ ᠵᠢᠡᠨ ᠭᠠᠪᠢᠶ᠎ᠠ ᠳ᠋ᠦ ᠤᠷᠤᠭᠤᠯᠪᠠ᠃
ᠬᠠᠷᠢᠭᠤᠴᠠᠯᠭ᠎ᠠ ᠨᠢ ᠡᠭᠦᠷᠭᠡᠯᠡᠬᠦ ᠳ᠋ᠦ ᠪᠤᠢ᠂ ᠪᠣᠳᠠᠲᠠᠢ ᠠᠵᠢᠯᠯᠠᠬᠤ ᠳ᠋ᠦ ᠪᠤᠢ᠃ 《ᠪᠢ ᠦᠷᠭᠦᠯᠵᠢᠯᠡᠨ ᠬᠠᠷᠢᠭᠤᠴᠠᠯᠭ᠎ᠠ ᠪᠡᠨ ᠡᠭᠦᠷᠭᠡᠯᠡᠵᠦ᠍᠂ ᠪᠣᠳᠠᠲᠠᠢ ᠠᠵᠢᠯᠯᠠᠬᠤ ᠪᠡᠷ ᠤᠭ ᠰᠠᠨᠠᠭᠠᠪᠠᠨ ᠲᠠᠢᠯᠪᠤᠷᠢᠯᠠᠨ᠂ ᠬᠠᠷᠢᠭᠤᠴᠠᠯᠭ᠎ᠠ ᠪᠡᠷ ᠡᠭᠦᠷᠭᠡ ᠬᠠᠷᠢᠭᠤᠴᠠᠯᠭ᠎ᠠᠪᠠᠨ ᠬᠦᠢᠴᠡᠳᠭᠡᠵᠤ᠂ ᠱᠢᠨ᠎ᠡ ᠵᠢ ᠡᠭᠦᠳᠬᠦ᠌ ᠬᠦᠴᠦᠨ ᠵᠢᠡᠷ ᠳᠤᠮᠳᠠᠳᠤ ᠤᠯᠤᠰ ᠤ᠋ᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ ᠤ᠋ᠨ ᠱᠢᠨ᠎ᠡ ᠬᠠᠭᠤᠳᠠᠰᠤ ᠵᠢ ᠴᠢᠷᠮᠠᠢᠨ ᠪᠢᠴᠢᠭ᠌ᠯᠡᠬᠦ ᠳ᠋ᠦ ᠬᠦᠴᠦᠨ ᠴᠢᠳᠠᠯ ᠵᠢᠡᠨ ᠡᠷᠬᠦᠨ᠎ᠡ》 ᠭᠡᠵᠦ ᠢᠦᠶ ᠸᠧᠶ ᠬᠡᠯᠡᠪᠡ᠃