《ᠤᠮᠠᠷᠠᠲᠤ ᠬᠢᠯᠢ ᠶ᠋ᠢᠨ ᠪᠤᠯᠵᠤᠭ᠎ᠠ·ᠠᠶᠠᠯᠭᠤᠳᠤ ᠵᠢᠭᠤᠯᠴᠢᠯᠠᠯ ᠥᠪᠥᠷ ᠮᠣᠩᠭᠣᠯ》 ᠰᠤᠶᠤᠯ ᠤ᠋ᠨ ᠠᠵᠤ ᠦᠢᠯᠡᠰ ᠤ᠋ᠨ ᠦᠵᠡᠰᠬᠦᠯᠡᠩ ᠤ᠋ᠨ ᠠᠷᠠᠯᠵᠢᠶᠠᠨ ᠤ᠋ ᠴᠤᠭᠯᠠᠭᠠᠨ ᠳ᠋ᠦ ᠤᠷᠤᠯᠴᠠᠪᠠ
2025-05-25 12:04:01
ᠵᠣᠬᠢᠶᠠᠭ᠍ᠴᠢ᠄
ᠹᠸᠩ ᠱᠢᠤᠸᠠᠢ ᠢᠦᠢ ᠂ ᠸᠠᠩ ᠯᠸᠢ ᠂ ᠸᠠᠩ ᠯᠢ ᠬᠣᠩ
ᠣᠩᠱᠢᠭ᠍ᠰᠠᠨ ᠣᠳᠠᠭ᠎ᠠ᠄
★★★☆☆

5 ᠰᠠᠷ᠎ᠠ ᠶ᠋ᠢᠨ 22 ᠤ᠋ᠨ ᠡᠳᠦᠷ᠂ ᠬᠣᠷᠢᠨ ᠨᠢᠭᠡᠳᠦᠭᠡᠷ ᠬᠤᠭᠤᠴᠠᠭᠠᠨ ᠤ᠋ ᠳᠤᠮᠳᠠᠳᠤ ᠤᠯᠤᠰ (ᠱᠧᠨᠵᠧᠨ) ᠤ᠋ᠨ ᠤᠯᠠᠨ ᠤᠯᠤᠰ ᠤ᠋ᠨ ᠰᠣᠶᠣᠯ ᠤ᠋ᠨ ᠠᠵᠤ ᠦᠢᠯᠡᠰ ᠤ᠋ᠨ ᠦᠵᠡᠰᠭᠦᠯᠡᠩ ᠤ᠋ᠨ ᠠᠷᠠᠯᠵᠢᠶᠠᠨ ᠤ᠋ ᠴᠤᠭ᠍ᠯᠠᠭᠠᠨ ᠱᠧᠨᠵᠧᠨ ᠤ᠋ ᠤᠯᠠᠨ ᠤᠯᠤᠰ ᠤ᠋ᠨ ᠦᠵᠡᠰᠭᠦᠯᠡᠩ ᠤ᠋ᠨ ᠲᠥᠪ ᠲᠦ᠍ ᠡᠬᠢᠯᠡᠪᠡ᠃ 《ᠳᠤᠮᠳᠠᠳᠤ ᠤᠯᠤᠰ ᠤ᠋ᠨ ᠰᠣᠶᠣᠯ ᠤ᠋ᠨ ᠠᠵᠤ ᠦᠢᠯᠡᠰ ᠤ᠋ᠨ ᠬᠥᠭ᠌ᠵᠢᠯᠲᠡ ᠶ᠋ᠢᠨ ᠵᠦᠭ᠌ᠯᠡᠭᠦᠷ》 ᠬᠡᠮᠡᠭ᠌ᠳᠡᠭ᠌ᠰᠡᠨ ᠡᠨᠡ ᠬᠦ᠌ ᠦᠵᠡᠰᠭᠦᠯᠡᠩ ᠤ᠋ᠨ ᠴᠤᠭ᠍ᠯᠠᠭᠠᠨ ᠨᠢ ᠨᠡᠩ ᠨᠡᠭᠡᠭᠡᠯᠲᠡᠲᠦ ᠪᠠᠢᠳᠠᠯ ᠢ᠋ᠶ᠋ᠠᠷ ᠳᠡᠯᠡᠬᠡᠢ ᠳ᠋ᠠᠬᠢᠨ᠎ᠤ ᠬᠢᠨ ᠢ᠋ ᠤᠭ᠍ᠲᠤᠵᠤ᠂ 65 ᠤᠯᠤᠰ ᠪᠠ ᠭᠠᠵᠠᠷ ᠣᠷᠣᠨ ᠤ᠋ 305 ᠭᠠᠳᠠᠭᠠᠳᠤ ᠳ᠋ᠡᠬᠢ ᠦᠵᠡᠰᠬᠦᠯᠡᠩ ᠦᠵᠡᠬᠦᠯᠬᠡ ᠶ᠋ᠢᠨ ᠬᠤᠳᠠᠯᠳᠤᠭᠠᠴᠢᠨ ᠴᠤᠭ᠍ᠯᠠᠷᠠᠵᠤ᠂ 110 ᠤᠯᠤᠰ ᠪᠠ ᠭᠠᠵᠠᠷ ᠣᠷᠣᠨ ᠤ᠋ 3.5 ᠲᠦᠮᠡᠨ ᠭᠠᠳᠠᠭᠠᠳᠤ ᠶ᠋ᠢᠨ ᠲᠤᠰᠭᠠᠢ ᠮᠡᠷᠭᠡᠵᠢᠯ ᠤ᠋ᠨ ᠦᠵᠡᠭ᠌ᠴᠢ ᠰᠦᠯᠵᠢᠶᠡᠨ ᠳᠡᠭᠡᠷ᠎ᠡ ᠪᠠ ᠠᠬᠤᠢ ᠳᠠᠯᠠᠪᠠᠢ ᠳ᠋ᠦ ᠤᠷᠤᠯᠴᠠᠵᠠᠢ᠃

《ᠤᠮᠠᠷᠠᠲᠤ ᠬᠢᠯᠢ ᠶ᠋ᠢᠨ ᠪᠤᠯᠵᠤᠭ᠎ᠠ· ᠠᠶᠠᠯᠭᠤᠳᠤ ᠵᠢᠭᠤᠯᠴᠢᠯᠠᠯ ᠥᠪᠥᠷ ᠮᠣᠩᠭᠣᠯ》 ᠢ᠋ᠶ᠋ᠡᠷ ᠭᠤᠤᠯ ᠰᠡᠳᠦᠪ ᠪᠣᠯᠭᠠᠭᠰᠠᠨ ᠥᠪᠥᠷ ᠮᠣᠩᠭᠣᠯ ᠤ᠋ᠨ ᠦᠵᠡᠭᠦᠯᠭᠡ ᠶ᠋ᠢᠨ ᠲᠣᠭᠣᠷᠢᠭ ᠰᠦᠷᠯᠢᠭ ᠰᠠᠢᠬᠠᠨ ᠥᠩᠭᠡ ᠦᠵᠡᠮᠵᠢ᠂ ᠦᠪᠡᠷᠮᠢᠴᠡ ᠦᠨᠳᠦᠰᠦᠲᠡᠨ ᠤ᠋ ᠵᠠᠩ ᠢᠷᠬᠡᠨᠰᠢᠯ ᠵᠢᠨᠷ ᠵᠢᠨᠨ ᠲᠣᠰ ᠬᠤᠭᠤᠴᠠᠭᠠᠨ ᠤ᠋ ᠰᠣᠶᠣᠯ ᠤ᠋ᠨ ᠠᠵᠤ ᠦᠶ᠋ᠯᠡᠰ ᠤ᠋ᠨ ᠦᠵᠡᠰᠭᠦᠯᠡᠩ ᠤ᠋ᠨ ᠠᠷᠠᠯᠵᠢᠶᠠᠨ ᠤ᠋ ᠴᠤᠭ᠍ᠯᠠᠭᠠᠨ ᠤ᠋ ᠬᠠᠮᠤᠭ ᠤ᠋ᠨ ᠲᠠᠲᠠᠬᠤ ᠬᠦᠴᠦᠨ ᠲᠡᠶ ᠦᠵᠡᠭᠦᠯᠭᠡ ᠶ᠋ᠢᠨ ᠲᠣᠭᠣᠷᠢᠭ ᠤ᠋ᠨ ᠨᠢᠭᠡ ᠪᠣᠯᠵᠠᠶ᠃

ᠥᠪᠥᠷ ᠮᠣᠩᠭᠣᠯ ᠤ᠋ᠨ ᠦᠵᠡᠭᠦᠯᠭᠡ ᠶ᠋ᠢᠨ ᠲᠣᠭᠣᠷᠢᠭ ᠲᠦ᠍ ᠤᠮᠠᠷᠠᠲᠤ ᠬᠢᠯᠢ ᠶ᠋ᠢᠨ ᠰᠣᠶᠣᠯ ᠵᠢᠭᠤᠯᠴᠢᠯᠠᠯ ᠤ᠋ᠨ ᠱᠢᠨ᠎ᠡ ᠠᠭᠤᠰᠤᠯᠴᠠᠯ᠂ ᠰᠣᠶᠣᠯ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠤ᠋ᠨ ᠠᠭᠤᠰᠤᠯᠴᠠᠯ᠂ ᠤᠮᠠᠷᠠᠲᠤ ᠬᠢᠯᠢ ᠶ᠋ᠢᠨ ᠬᠥᠭ᠌ᠵᠢᠯᠲᠡ ᠶ᠋ᠢᠨ ᠠᠮᠵᠢᠯᠲᠠ᠂ ᠤᠮᠠᠷᠠᠲᠤ ᠬᠢᠯᠢ ᠶ᠋ᠢᠨ ᠪᠣᠳᠠᠰ ᠤ᠋ᠨ ᠪᠤᠰᠤ ᠰᠣᠶᠣᠯ ᠤ᠋ᠨ ᠥᠪ ᠤ᠋ᠨ ᠤᠯᠠᠮᠵᠢᠯᠠᠯ᠂ ᠥᠪᠥᠷ ᠮᠣᠩᠭᠣᠯ ᠤ᠋ᠨ ᠦᠨᠦᠷ ᠠᠮᠲᠠᠳᠤ ᠢᠳᠡᠬᠡᠨ ᠪᠠᠭ᠍ᠲᠠᠵᠤ  ᠪᠢ ᠲᠠᠯ᠎ᠠ ᠨᠤᠲᠤᠭ ᠲᠠᠶ ᠪᠠᠨ ᠪᠤᠯᠵᠤᠭ᠎ᠠ ᠲᠠᠢ ᠰᠣᠶᠣᠯ ᠤ᠋ᠨ ᠡᠭᠦᠳᠦᠯᠲᠡ᠎ᠶᠢᠨ ᠪᠦᠳᠦᠭᠡᠭᠳᠡᠬᠦᠨ᠂ ᠠᠶᠠᠯᠭᠤᠳᠤ ᠵᠢᠭᠤᠯᠴᠢᠯᠠᠯ ᠥᠪᠥᠷ ᠮᠣᠩᠭᠣᠯ ᠪᠣᠯᠤᠨ ᠲᠦᠷᠪᠡᠨ ᠶᠡᠬᠡ ᠪᠦᠯᠦᠭ᠌ᠯᠡᠯ ᠵᠡᠷᠭᠡ 8 ᠬᠡᠰᠡᠭ ᠲᠦ᠍ 38 ᠠᠵᠤ ᠠᠬᠤᠢᠯᠠᠯ ᠣᠷᠣᠯᠴᠠᠪᠠ᠃

ᠤᠮᠠᠷᠠᠲᠤ ᠬᠢᠯᠢ ᠶ᠋ᠢᠨ ᠬᠥᠭ᠌ᠵᠢᠯᠲᠡ ᠶ᠋ᠢᠨ ᠠᠮᠵᠢᠯᠲᠠ ᠪᠦᠲᠦᠮᠵᠢ ᠶ᠋ᠢᠨ ᠬᠡᠰᠡᠭ ᠨᠢ ᠭᠤᠤᠯᠳᠠᠭᠤ ᠥᠪᠥᠷ ᠮᠣᠩᠭᠣᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠤᠭ᠍ᠰᠠᠨ ᠤ᠋ ᠬᠤᠪᠢ ᠳ᠋ᠦ᠂ ᠢᠮᠠᠭ᠍ᠲᠠ ᠨᠠᠮ ᠤ᠋ᠨ ᠠᠴᠢ ᠳ᠋ᠦ ᠲᠠᠯᠠᠷᠬᠠᠨ᠂ ᠨᠠᠮ ᠤ᠋ᠨ ᠦᠭᠡ ᠵᠢ ᠰᠣᠨᠣᠰᠴᠤ᠌᠂ ᠨᠠᠮ ᠢ᠋ᠶ᠋ᠠᠨ ᠳᠠᠭᠠᠨ ᠤᠷᠤᠭᠰᠢᠯᠠᠵᠦ᠂ ᠰᠠᠬᠢᠨ ᠪᠡᠷᠡᠯᠡᠵᠦ᠍ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭ᠌ᠰᠡᠨ ᠬᠡᠷᠡᠯ ᠰᠠᠴᠤᠷᠠᠩᠭᠤᠶ ᠲᠡᠦᠬᠡᠨ ᠶᠠᠪᠤᠴᠠ ᠵᠢ ᠳᠡᠯᠭᠡᠨ ᠦᠵᠡᠭᠦᠯᠪᠡ; ᠤᠮᠠᠷᠠᠲᠤ ᠬᠢᠯᠢ ᠶ᠋ᠢᠨ ᠰᠣᠶᠣᠯ ᠵᠢᠭᠤᠯᠴᠢᠯᠠᠯ ᠤ᠋ᠨ ᠱᠢᠨ᠎ᠡ ᠠᠭᠤᠰᠤᠯᠴᠠᠯ ᠤ᠋ᠨ ᠬᠡᠰᠡᠭ ᠲᠦ᠍ ᠥᠪᠥᠷ ᠮᠣᠩᠭᠣᠯ ᠤ᠋ᠨ ᠬᠠᠮᠤᠭ ᠤ᠋ᠨ ᠱᠢᠨ᠎ᠡ ᠤᠷᠤᠰᠭᠠᠯ᠎ᠪᠤᠯᠵᠦ ᠪᠠᠢᠭ᠎ᠠ ᠰᠣᠶᠣᠯ ᠵᠢᠭᠤᠯᠴᠢᠯᠠᠯ ᠤ᠋ᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ ᠤ᠋ᠨ ᠡᠯᠧᠮᠧᠨ᠋ᠲ ᠢ᠋ ᠳᠡᠯᠭᠡᠨ ᠦᠵᠡᠭᠦᠯᠵᠦ᠍᠂ 《ᠰᠠᠯᠬᠢ ᠪᠡᠷ ᠲᠤᠭᠯᠠᠭᠰᠠᠨ ᠬᠦᠯᠦᠭ》AR ᠪᠣᠳᠠᠲᠤ ᠦᠵᠡᠮᠵᠢ ᠵᠢ ᠪᠡᠶᠡᠴᠢᠯᠡᠨ ᠣᠢᠯᠠᠭᠠᠬᠤ ᠲᠥᠷᠥᠯ ᠵᠦᠶ᠋ᠯ ᠨᠢ ᠬᠥᠮᠦᠰ ᠤ᠋ᠨ ᠠᠩᠬᠠᠷᠤᠯ ᠢ᠋ ᠲᠠᠲᠠᠨ᠂ ᠬᠥᠮᠦᠨ ᠮᠠᠱᠢᠨ ᠤ᠋ ᠦᠢᠯᠡᠳᠦᠯᠴᠡᠯ ᠮᠡᠷᠭᠡᠵᠢᠯ ᠢ᠋ᠶ᠋ᠡᠷ ᠳᠡᠮᠵᠢᠨ ᠵᠢᠭᠤᠯᠴᠢᠯᠠᠭᠰᠠᠳ ᠷᠠᠱᠢᠶᠠᠨ ᠤ᠋ ᠨᠤᠭᠤ ᠭᠠᠵᠠᠷ ᠪᠣᠯᠤᠨ ᠬᠥᠯᠥᠨ ᠪᠣᠢᠷ ᠤ᠋ᠨ ᠮᠣᠷᠢᠳᠠᠭ᠎ᠠ ᠪᠠᠯᠠᠷ ᠣᠶ ᠵᠢ ᠰᠤᠨᠢᠷᠬᠠᠵᠦ᠂ ᠲᠣᠭᠠᠴᠢᠯᠠᠯᠳᠠ ᠪᠡᠷ ᠦᠵᠡᠰᠬᠦᠯᠡᠩᠳᠦ ᠰᠠᠢᠬᠠᠨ ᠦᠪᠦᠷ ᠮᠤᠨᠭᠭᠤᠯ ᠤ᠋ᠨ ᠦᠵᠡᠮᠵᠢ ᠪᠠᠢᠳᠠᠯ ᠢ᠋ ᠲᠠᠯᠬᠡᠪᠡ;  ᠪᠢ ᠲᠠᠯ᠎ᠠ ᠨᠤᠲᠤᠭ ᠲᠠᠶ ᠪᠠᠨ ᠪᠣᠯᠵᠣᠭ᠎ᠠ ᠲᠠᠶ ᠰᠣᠶᠣᠯ ᠤ᠋ᠨ ᠡᠭᠦᠳᠦᠯᠲᠡ ᠶ᠋ᠢᠨ ᠪᠦᠳᠦᠭᠡᠭᠳᠡᠬᠦᠨ ᠤ᠋ ᠬᠡᠰᠡᠭ ᠪᠣᠯᠤᠨ ᠤᠮᠠᠷᠠᠲᠤ ᠬᠢᠯᠢ ᠶ᠋ᠢᠨ ᠪᠣᠳᠠᠰ ᠤ᠋ᠨ ᠪᠤᠰᠤ ᠰᠣᠶᠣᠯ ᠤ᠋ᠨ ᠥᠪ ᠢ᠋ ᠤᠯᠠᠮᠵᠢᠯᠠᠨ ᠵᠠᠯᠭᠠᠮᠵᠢᠯᠠᠬᠤ ᠬᠡᠰᠡᠭ ᠲᠦ᠍ ᠤᠯᠠᠮᠵᠢᠯᠠᠯ ᠬᠢᠬᠡᠳ ᠤᠳᠤ ᠦᠶ᠎ᠡ ᠵᠢ ᠠᠭᠤᠰᠤᠯᠴᠠᠭᠤᠯᠤᠭ᠍ᠰᠠᠨ᠂ ᠰᠣᠶᠣᠯ ᠬᠢᠬᠡᠳ ᠠᠮᠢᠳᠤᠷᠠᠯ ᠢ᠋ ᠤᠶᠠᠯᠳᠤᠭᠤᠯᠤᠭ᠍ᠰᠠᠨ ᠨᠢᠭᠡ ᠪᠦᠯᠦᠭ ᠪᠣᠳᠠᠰ ᠤ᠋ᠨ ᠪᠤᠰᠤ ᠰᠣᠶᠣᠯ ᠤ᠋ᠨ ᠡᠭᠦᠳᠦᠯᠲᠡ ᠶ᠋ᠢᠨ ᠪᠦᠳᠦᠭᠡᠭᠳᠡᠬᠦᠨ ᠢ᠋ ᠲᠠᠯᠬᠡᠨ ᠦᠵᠡᠬᠦᠯᠵᠦ᠂ ᠥᠪᠥᠷ ᠮᠣᠩᠭᠣᠯ ᠤ᠋ᠨ ᠴᠢᠯᠠᠭᠤᠨ ᠰᠡᠢᠯᠦᠮᠡᠯ᠂ ᠠᠷᠠᠰᠤᠨ ᠰᠡᠢᠯᠦᠮᠡᠯ ᠪᠠᠷ ᠵᠢᠷᠤᠭ᠂ ᠤᠯᠠᠮᠵᠢᠯᠠᠯᠲᠤ ᠬᠠᠳᠭᠤᠮᠠᠯ ᠵᠡᠷᠭᠡ ᠪᠠᠢᠵᠤ᠂ ᠭᠣᠢᠳᠠ ᠰᠠᠢᠬᠠᠨ ᠤᠮᠠᠷᠠᠲᠤ ᠬᠢᠯᠢ ᠶ᠋ᠢᠨ ᠪᠣᠳᠠᠰ ᠤ᠋ᠨ ᠪᠤᠰᠤ ᠰᠣᠶᠣᠯ ᠤ᠋ᠨ ᠥᠪ ᠢ᠋ ᠨᠡᠩ ᠤᠯᠠᠨ ᠬᠥᠮᠦᠰ ᠲᠦ᠍ ᠲᠠᠨᠢᠭᠤᠯᠪᠠ; ᠥᠪᠥᠷ ᠮᠣᠩᠭᠣᠯ ᠤ᠋ᠨ ᠦᠨᠦᠷ ᠠᠮᠲᠠ ᠠᠮᠲᠠᠲᠤ ᠢᠳᠡᠭᠡᠨ ᠤ᠋ ᠬᠡᠰᠡᠭ ᠲᠦ᠍ ᠬᠥᠬᠡᠬᠣᠲᠠ ᠶ᠋ᠢᠨ ᠱᠣᠣᠮᠠᠶ ᠪᠠᠷ ᠭᠤᠤᠯ ᠰᠡᠳᠦᠪ ᠪᠣᠯᠭᠠᠨ᠂ ᠣᠯᠠᠨ ᠵᠦᠶ᠋ᠯ ᠤ᠋ᠨ ᠣᠨᠴᠠᠯᠢᠭ᠍ᠲᠤ ᠠᠮᠲᠠᠲᠤ ᠢᠳᠡᠭᠡᠨ ᠢ᠋ ᠲᠠᠯᠬᠡᠨ ᠦᠵᠡᠬᠦᠯᠵᠦ᠂ ᠦᠨᠦᠷ ᠠᠮᠲᠠ ᠪᠦᠷᠢ ᠨᠢ ᠴᠥᠮ ᠤᠮᠠᠷᠠᠲᠤ ᠬᠢᠯᠢ ᠶ᠋ᠢᠨ ᠰᠣᠶᠣᠯ ᠤ᠋ᠨ ᠣᠯᠠᠨ ᠡᠱᠢᠲᠦ ᠳᠠᠯ᠎ᠠ ᠵᠢ ᠢᠯᠡᠷᠡᠬᠦᠯᠵᠦ᠂ ᠵᠢᠭᠤᠯᠴᠢᠯᠠᠭᠰᠠᠳ ᠲᠦ᠍ ᠠᠮᠲᠠᠲᠤ ᠢᠳᠡᠭᠡᠨ ᠠᠮᠲᠠᠯᠠᠭᠤᠯᠬᠤ ᠶ᠋ᠢᠨ ᠬᠠᠮᠲᠤ ᠥᠪᠥᠷ ᠮᠣᠩᠭᠣᠯ ᠤ᠋ᠨ ᠭᠦᠨ ᠵᠤᠵᠠᠭᠠᠨ ᠰᠣᠶᠣᠯ ᠤ᠋ᠨ ᠠᠭᠤᠯᠬᠤᠨ ᠢ᠋ ᠮᠡᠳᠡᠷᠡᠭᠦᠯᠦᠭᠰᠡᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号