— ᠥᠪᠥᠷ ᠮᠣᠩᠭᠣᠯ ᠴᠢᠳᠠᠪᠤᠷᠢᠲᠠᠨ ᠤ᠋ ᠵᠤᠬᠢᠴᠠᠬᠤ ᠴᠢᠨᠠᠷ ᠢ᠋ ᠳᠡᠭᠡᠭ᠌ᠰᠢᠯᠡᠭᠦᠯᠬᠦ᠌ ᠱᠢᠨ᠎ᠡ ᠠᠷᠭ᠎ᠠ ᠵᠠᠮ ᠢ᠋ ᠰᠦᠪᠡᠭ᠌ᠴᠢᠯᠡᠵᠦ᠍ ᠪᠣᠶ
ᠵᠤᠨ ᠤ᠋ ᠡᠬᠢ ᠪᠡᠷ᠂ ᠡᠪᠡᠰᠦ ᠮᠣᠳᠣ ᠬᠥᠬᠡᠷᠡᠨ ᠨᠤᠭᠤᠭᠠᠷᠠᠨ᠎ᠠ᠃ ᠥᠪᠥᠷ ᠮᠣᠩᠭᠣᠯ ᠤ᠋ᠨ ᠡᠬᠡ ᠭᠠᠵᠠᠷ ᠲᠦ᠍ ᠬᠦᠭᠵᠢᠯ ᠪᠠᠳᠠᠷᠠᠯ ᠵᠢᠡᠷ ᠪᠢᠯᠬᠠᠨ᠂ ᠱᠢᠨ᠎ᠡ ᠡᠨᠧᠷᠭᠢ ᠵᠢᠨ ᠰᠠᠯᠬᠢᠨ ᠬᠦᠴᠦᠨ ᠭᠡᠷᠡᠯᠴᠢ ᠴᠡᠨᠡᠭ ᠵᠡᠷᠭᠡ ᠱᠢᠨ᠎ᠡ ᠪᠡᠷ ᠮᠠᠨᠳᠤᠭ᠍ᠰᠠᠨ ᠠᠵᠤ ᠦᠶ᠋ᠯᠡᠰ ᠬᠢᠵᠠᠭᠠᠯᠠᠰᠢ ᠥᠬᠡᠶ ᠦᠷᠨᠢᠬᠦᠨ ᠬᠦᠭᠵᠢᠨ᠎ᠠ᠃
ᠠᠵᠤ ᠦᠢᠯᠡᠰ ᠤ᠋ᠨ ᠬᠥᠭ᠌ᠵᠢᠯᠲᠡ ᠳ᠋ᠦ ᠴᠢᠳᠠᠪᠤᠷᠢᠲᠠᠨ ᠤ᠋ 《ᠲᠦᠱᠢᠭ ᠲᠤᠯᠭᠠᠭᠤᠷᠢ》 ᠱᠠᠭᠠᠷᠳᠠᠭ᠍ᠳᠠᠵᠤ᠂ ᠴᠢᠳᠠᠪᠤᠷᠢᠲᠠᠨ ᠤ᠋ ᠪᠣᠢᠵᠢᠯᠲᠠ ᠳ᠋ᠦ ᠠᠵᠤ ᠦᠢᠯᠡᠰ ᠤ᠋ᠨ 《ᠲᠠᠪᠴᠠᠩ》 ᠱᠠᠭᠠᠷᠳᠠᠭ᠍ᠳᠠᠨᠠ᠃ ᠣᠳᠣᠬᠠᠨ ᠤ᠋ ᠥᠪᠥᠷ ᠮᠣᠩᠭᠣᠯ ᠤ᠋ᠨ ᠠᠵᠤ ᠠᠬᠤᠶ ᠵᠢᠨ ᠬᠡᠯᠪᠡᠷᠢᠪᠡᠨ ᠬᠤᠪᠢᠷᠠᠭᠤᠯᠤᠨ ᠲᠠᠰ ᠳᠡᠪᠱᠢᠬᠦ᠌ ᠵᠠᠩᠭᠢᠯᠠᠭ᠎ᠠ ᠵᠢᠨ ᠬᠤᠭᠤᠴᠠᠭᠠᠨ ᠳ᠋ᠦ᠂ ᠴᠢᠳᠠᠪᠤᠷᠢᠲᠠᠨ ᠬᠥᠮᠦᠵᠢᠭᠦᠯᠬᠦ᠌ ᠬᠠᠩᠭᠠᠯᠭ᠎ᠠ ᠵᠢᠨ ᠲᠠᠯ᠎ᠠ ᠪᠠ ᠠᠵᠤ ᠦᠶ᠋ᠯᠡᠰ ᠤ᠋ᠨ ᠬᠥᠭ᠌ᠵᠢᠯᠲᠡ ᠵᠢᠨ ᠬᠡᠷᠡᠭ᠌ᠴᠡᠭᠡ ᠱᠠᠭᠠᠷᠳᠠᠯᠭ᠎ᠠ ᠵᠢᠨ ᠲᠠᠯ᠎ᠠ ᠵᠢᠨ ᠣᠨᠣᠪᠴᠢᠲᠠᠶ ᠵᠣᠬᠢᠴᠠᠯᠳᠤᠬᠤ ᠵᠢ ᠬᠡᠷᠬᠢᠨ ᠠᠬᠢᠭᠤᠯᠬᠤ ᠨᠢ ᠥᠪᠥᠷ ᠮᠣᠩᠭᠣᠯ ᠤ᠋ᠨ ᠳᠡᠭᠡᠳᠦ ᠵᠡᠷᠭᠡ ᠵᠢᠨ ᠰᠤᠷᠭᠠᠨ ᠬᠥᠮᠦᠵᠢᠯ ᠤ᠋ᠨ ᠪᠠᠴᠢᠮ ᠬᠠᠷᠢᠭᠤᠯᠬᠤ ᠴᠢᠬᠤᠯᠠᠲᠠᠶ ᠴᠠᠭ ᠦᠶ᠎ᠡ ᠵᠢᠨ ᠠᠰᠠᠭᠤᠯᠲᠠ ᠪᠣᠯᠤᠨ᠎ᠠ᠃ ᠣᠢᠷ᠎ᠠ ᠵᠢᠨ ᠡᠳᠦᠷ᠂ ᠰᠤᠷᠪᠤᠯᠵᠢᠯᠠᠭ᠍ᠴᠢ ᠳᠡᠭᠡᠳᠦ ᠰᠤᠷᠭᠠᠭᠤᠯᠢ ᠵᠢᠨ ᠲᠤᠷᠱᠢᠯᠲᠠ ᠵᠢᠨ ᠲᠠᠰᠤᠭ᠂ ᠳᠠᠳᠤᠯᠭ᠎ᠠ ᠪᠣᠯᠪᠠᠰᠤᠷᠠᠯ ᠤ᠋ᠨ ᠲᠠᠰᠤᠭᠵᠢᠡᠷ ᠬᠦᠷᠴᠤ᠂ ᠠᠵᠤ ᠠᠬᠤᠢᠯᠠᠯ ᠤ᠋ᠨ ᠦᠶ᠋ᠯᠡᠳᠪᠦᠷᠢᠯᠡᠯ ᠤ᠋ᠨ ᠱᠤᠭᠤᠮ ᠵᠢᠡᠷ ᠶᠠᠪᠤᠵᠤ᠂ ᠰᠤᠷᠭᠠᠨ ᠬᠥᠮᠦᠵᠢᠯ ᠤ᠋ᠨ ᠵᠠᠰᠠᠭ ᠵᠠᠬᠢᠷᠭᠠᠨ ᠤ᠋ ᠰᠠᠯᠠᠭ᠎ᠠ ᠮᠥᠴᠢᠷ ᠤ᠋ᠨ ᠬᠢᠨ ᠲᠠᠢ ᠶᠠᠷᠢᠯᠴᠠᠨ᠂ ᠥᠪᠥᠷ ᠮᠣᠩᠭᠣᠯ ᠤ᠋ᠨ ᠳᠡᠭᠡᠳᠦ ᠵᠡᠷᠭᠡ ᠵᠢᠨ ᠰᠤᠷᠭᠠᠨ ᠬᠥᠮᠦᠵᠢᠯ ᠤ᠋ᠨ ᠲᠠᠯ᠎ᠠ ᠪᠡᠷ ᠭᠡᠷᠬᠢᠨ ᠰᠢᠪᠳᠤᠯᠤᠯᠳᠠ ᠭᠠᠷᠭᠠᠵᠦ ᠪᠠᠢᠬᠤ ᠵᠢ ᠬᠠᠷᠠᠯ᠎ᠠ —
ᠲᠤᠰᠭᠠᠶ ᠮᠡᠷᠭᠡᠵᠢᠯ ᠢ᠋ ᠱᠢᠯᠢᠳᠡᠭ᠌ᠵᠢᠭᠦᠯᠬᠦ᠌ ᠳ᠋ᠦ ᠠᠩᠬᠠᠷᠤᠯ ᠵᠢᠡᠨ ᠲᠥᠪᠯᠡᠷᠡᠭᠦᠯᠵᠦ᠍ ᠴᠢᠳᠠᠪᠤᠷᠢᠲᠠᠨ ᠤ᠋ ᠬᠠᠩᠭᠠᠯᠭ᠎ᠠ ᠬᠡᠷᠡᠭ᠌ᠴᠡᠭᠡᠨᠦ ᠵᠥᠷᠢᠴᠡᠯ ᠢ᠋ ᠱᠢᠶ᠋ᠳᠪᠦᠷᠢᠯᠡᠨᠡ
4 ᠰᠠᠷ᠎ᠠ ᠵᠢᠨ 22 ᠤ᠋ᠨ ᠡᠳᠦᠷ᠂ ᠰᠤᠷᠭᠠᠨ ᠬᠥᠮᠦᠵᠢᠯ ᠤ᠋ᠨ ᠶᠠᠮᠤᠨ 2024 ᠣᠨ ᠤ᠋ ᠡᠩ ᠤ᠋ᠨ ᠳᠡᠭᠡᠳᠦ ᠰᠤᠷᠭᠠᠭᠤᠯᠢ ᠵᠢᠨ ᠵᠢᠩᠬᠢᠨᠢ ᠠᠩᠭᠢ ᠵᠢᠨ ᠲᠤᠰᠭᠠᠶ ᠮᠡᠷᠭᠡᠵᠢᠯ ᠢ᠋ ᠳᠠᠩᠰᠠᠯᠠᠭᠤᠯᠤᠭ᠍ᠰᠠᠨ ᠪᠠ ᠬᠢᠨᠠᠨ ᠵᠥᠪᠱᠢᠶᠡᠷᠡᠭ᠌ᠰᠡᠨ ᠦᠷ᠎ᠡ ᠳ᠋ᠦᠩ ᠢ᠋ ᠨᠡᠢᠲᠡᠯᠡᠵᠦ᠍᠂ ᠮᠠᠨ ᠤ᠋ ᠣᠷᠣᠨ ᠤ᠋ ᠳᠡᠭᠡᠳᠦ ᠰᠤᠷᠭᠠᠭᠤᠯᠢ ᠵᠢᠩᠬᠢᠨᠢ ᠠᠩᠭᠢ ᠵᠢᠨ ᠲᠤᠰᠭᠠᠶ ᠮᠡᠷᠭᠡᠵᠢᠯ ᠤ᠋ᠨ ᠴᠡᠭ ᠢ᠋ ᠱᠢᠨ᠎ᠡ ᠪᠡᠷ 19 ᠨᠡᠮᠡᠭ᠌ᠳᠡᠭᠦᠯᠵᠦ᠍᠂ ᠡᠷᠳᠡᠮ ᠤ᠋ᠨ ᠴᠣᠯᠠ ᠣᠯᠭᠣᠬᠤ ᠲᠥᠷᠥᠯ ᠤ᠋ᠨ ᠲᠤᠰᠭᠠᠶ ᠮᠡᠷᠭᠡᠵᠢᠯ ᠤ᠋ᠨ ᠴᠡᠭ ᠢ᠋ 1 ᠲᠣᠬᠢᠷᠠᠭᠤᠯᠵᠤ᠂ ᠵᠢᠩᠬᠢᠨᠢ ᠠᠩᠭᠢ ᠵᠢᠨ ᠲᠤᠰᠭᠠᠶ ᠮᠡᠷᠭᠡᠵᠢᠯ ᠤ᠋ᠨ ᠴᠡᠭ ᠢ᠋ 20 ᠬᠠᠰᠤᠪᠠ᠃ ᠡᠭᠦᠨ ᠳ᠋ᠦ᠂ ᠣᠷᠳᠣᠰ ᠤ᠋ᠨ ᠬᠡᠷᠡᠭ᠌ᠯᠡᠭᠡᠨᠦ ᠮᠡᠷᠭᠡᠵᠢᠯ ᠤ᠋ᠨ ᠳᠡᠭᠡᠳᠦ ᠰᠤᠷᠭᠠᠭᠤᠯᠢ᠂ ᠥᠪᠥᠷ ᠮᠣᠩᠭᠣᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ᠂ ᠬᠥᠯᠥᠨ ᠪᠣᠢᠷ ᠳᠡᠭᠡᠳᠦ ᠰᠤᠷᠭᠠᠭᠤᠯᠢ ᠵᠡᠷᠭᠡ 11 ᠳᠡᠭᠡᠳᠦ ᠰᠤᠷᠭᠠᠭᠤᠯᠢ ᠨᠢᠰᠦᠭᠦᠷ ᠢ᠋ ᠠᠵᠢᠯᠯᠠᠭᠤᠯᠵᠦ ᠬᠠᠮᠠᠭᠠᠯᠠᠬᠤ ᠢᠨᠵᠧᠨᠧᠷᠢᠩ᠂ ᠠᠮᠢᠳᠤ ᠪᠣᠳᠠᠰ ᠤ᠋ᠨ ᠲᠠᠷᠢᠶᠠᠨ ᠡᠮ ᠤ᠋ᠨ ᠱᠢᠨᠵᠢᠯᠡᠬᠦ᠌ ᠤᠬᠠᠭᠠᠨ ᠬᠢᠭᠡᠳ ᠢᠨᠵᠧᠨᠧᠷᠢᠩ᠂ ᠪᠣᠳᠠᠰ ᠤ᠋ᠨ ᠪᠤᠰᠤ ᠰᠣᠶᠣᠯ ᠤ᠋ᠨ ᠥᠪ ᠢ᠋ ᠬᠠᠮᠠᠭᠠᠯᠠᠬᠤ ᠵᠡᠷᠭᠡ ᠥᠪᠡᠷᠲᠡᠭᠡᠨ ᠵᠠᠰᠠᠬᠤ ᠣᠷᠣᠨ ᠤ᠋ ᠬᠤᠭᠤᠰᠤᠨ ᠪᠠᠢᠭᠰᠠᠨ ᠲᠤᠰᠭᠠᠶ ᠮᠡᠷᠭᠡᠵᠢᠯ ᠢ᠋ ᠱᠢᠨ᠎ᠡ ᠨᠡᠮᠡᠭ᠌ᠦ ᠵᠢ ᠵᠦᠪᠰᠢᠶᠡᠷᠡᠵᠠᠢ᠃
《ᠮᠠᠨ ᠤ᠋ ᠰᠤᠷᠭᠠᠭᠤᠯᠢ ᠵᠢᠨ ᠲᠤᠮᠤ ᠨᠢᠰᠭᠡᠯ ᠤ᠋ᠨ ᠳᠡᠭᠡᠳᠦ ᠰᠤᠷᠭᠠᠭᠤᠯᠢ 2019 ᠣᠨ ᠳ᠋ᠦ ᠪᠠᠢᠭᠤᠯᠤᠭ᠍ᠳᠠᠭ᠍ᠰᠠᠨᠠᠴᠠ ᠨᠠᠭᠠᠰᠢ᠂ ᠤᠯᠤᠰᠲᠠᠭᠠᠨ ᠦᠢᠯᠡᠳᠪᠦᠷᠢᠯᠡᠭ᠌ᠰᠡᠨ ᠬᠤᠳᠠᠯᠳᠤᠭᠠᠨ ᠤ᠋ ᠭᠡᠷᠡᠭᠯᠡᠭᠡᠨ ᠤ᠋ ᠲᠤᠮᠤ ᠨᠢᠰᠭᠡᠯ ᠤ᠋ᠨ ᠠᠵᠤ ᠦᠢᠯᠡᠰ ᠤ᠋ᠨ ᠬᠡᠷᠡᠭ᠌ᠴᠡᠭᠡ ᠳ᠋ᠦ ᠰᠠᠭᠤᠷᠢᠯᠠᠨ ᠤᠨᠴᠠᠯᠢᠬ᠍ᠳᠤ ᠲᠤᠰᠭᠠᠢ ᠮᠡᠷᠭᠡᠵᠢᠯ ᠢ᠋ ᠪᠠᠢᠭᠤᠯᠪᠠ 》 ᠭᠡᠵᠦ ᠣᠷᠳᠣᠰ ᠤ᠋ᠨ ᠬᠡᠷᠡᠭ᠌ᠯᠡᠭᠡᠨᠦ ᠮᠡᠷᠭᠡᠵᠢᠯ ᠤ᠋ᠨ ᠳᠡᠭᠡᠳᠦ ᠰᠤᠷᠭᠠᠭᠤᠯᠢ ᠵᠢᠨ ᠨᠠᠮ ᠤ᠋ᠨ ᠬᠣᠷᠢᠶᠠᠨ ᠤ᠋ ᠳᠡᠳ᠋ ᠱᠦᠵᠢ᠂ ᠰᠤᠷᠭᠠᠭᠤᠯᠢ ᠵᠢᠨ ᠵᠠᠬᠢᠷᠤᠯ ᠬᠥᠩ ᠵᠢᠶᠠᠨ ᠬᠡᠯᠡᠨ᠎ᠠ᠃ ᠲᠡᠷᠡ᠂ ᠥᠪᠥᠷ ᠮᠣᠩᠭᠣᠯ ᠤ᠋ᠨ ᠨᠤᠲᠤᠭ ᠳᠡᠪᠢᠰᠭᠡᠷ ᠥᠷᠭᠡᠨ ᠠᠭᠤᠳᠠᠮ᠂ ᠠᠭᠠᠷ ᠤ᠋ᠨ ᠣᠷᠣᠨ ᠤ᠋ ᠡᠬᠢ ᠪᠠᠶᠠᠯᠢᠭ ᠡᠯᠪᠡᠭ ᠳᠡᠯᠪᠡᠭ ᠪᠠᠢᠵᠤ᠂ ᠨᠡᠢᠳᠡᠮ ᠤ᠋ᠨ ᠬᠡᠷᠡᠭ᠌ᠯᠡᠭᠡᠨᠦ ᠠᠭᠠᠷ ᠤ᠋ᠨ ᠠᠶᠠᠯᠠᠯ᠂ ᠤᠢᠷ᠎ᠠ ᠤᠭᠳᠠᠷᠭᠤᠢ ᠵᠢᠨ ᠵᠢᠭᠤᠯᠴᠢᠯᠠᠯ᠂ ᠠᠭᠠᠷ ᠤ᠋ᠨ ᠠᠶᠠᠯᠠᠯ ᠤ᠋ᠨ ᠪᠠᠷᠠᠭᠠᠨ ᠤ᠋ ᠭᠦᠶ᠋ᠯᠭᠡᠭᠡ᠂ ᠪᠠᠴᠢᠮ ᠪᠠᠢᠳᠠᠯ ᠢ᠋ ᠠᠷᠭᠠᠴᠠᠭᠠᠵᠤ ᠠᠪᠤᠷᠠᠨ ᠲᠤᠰᠠᠯᠠᠬᠤ ᠵᠡᠷᠭᠡ ᠤᠢᠷ᠎ᠠ ᠤᠭᠳᠠᠷᠭᠤᠢ ᠵᠢᠨ ᠠᠵᠤ ᠠᠬᠤᠶ ᠵᠢᠨ ᠬᠦᠷᠢᠶᠡᠨ ᠳ᠋ᠦ ᠣᠨᠴᠠᠭᠠᠶ ᠳᠠᠪᠠᠭᠤᠯᠢᠭ ᠲᠠᠢ ᠪᠣᠯᠪᠠᠴᠤ᠌ ᠣᠳᠣᠬᠠᠨ ᠳ᠋ᠦ ᠥᠪᠥᠷ ᠮᠣᠩᠭᠣᠯ ᠤ᠋ᠨ ᠤᠢᠷ᠎ᠠ ᠤᠭᠳᠠᠷᠭᠤᠢ ᠵᠢᠨ ᠠᠵᠤ ᠠᠬᠤᠶ ᠵᠢᠨ ᠬᠥᠭ᠌ᠵᠢᠯᠲᠡ ᠨᠢ ᠲᠤᠰᠭᠠᠶ ᠮᠡᠷᠭᠡᠵᠢᠯ ᠤ᠋ᠨ ᠴᠢᠳᠠᠪᠤᠷᠢᠲᠠᠨ ᠳᠤᠲᠠᠭ᠍ᠳᠠᠵᠤ ᠪᠠᠢᠭ᠎ᠠ ᠪᠤᠭᠤᠮᠢ ᠳ᠋ᠦ ᠲᠤᠯᠭᠠᠷᠠᠵᠦ ᠪᠠᠢᠨ᠎ᠠ᠃ ᠰᠤᠷᠭᠠᠭᠤᠯᠢ ᠶᠠᠭ ᠡᠨᠡ ᠬᠦ᠌ ᠠᠵᠤ ᠦᠶ᠋ᠯᠡᠰ ᠤ᠋ᠨ ᠬᠡᠷᠡᠭ᠌ᠴᠡᠭᠡ ᠱᠠᠭᠠᠷᠳᠠᠯᠭ᠎ᠠ ᠳ᠋ᠦ ᠠᠩᠬᠠᠷᠤᠯ ᠵᠢᠡᠨ ᠲᠥᠪᠯᠡᠷᠡᠭᠦᠯᠦᠨ ᠲᠤᠰᠭᠠᠶ ᠮᠡᠷᠭᠡᠵᠢᠯ ᠤ᠋ᠨ ᠲᠣᠬᠢᠷᠠᠭᠤᠯᠤᠯᠲᠠ ᠪᠠ ᠪᠥᠲᠥᠭᠡᠨ ᠪᠠᠢᠭᠤᠯᠤᠯᠲᠠ ᠬᠢᠵᠦ᠍ ᠪᠠᠢᠨ᠎ᠠ᠂ ᠲᠣᠰ ᠤᠳᠠᠭ᠎ᠠ ᠵᠥᠪᠱᠢᠶᠡᠷᠡᠯ ᠵᠢᠡᠷ ᠨᠢᠰᠦᠬᠦᠷ ᠤ᠋ᠨ ᠠᠵᠢᠯᠯᠠᠭᠤᠯᠵᠤ ᠬᠠᠮᠠᠭᠠᠯᠠᠬᠤ ᠢᠨᠵᠧᠨᠧᠷᠢᠩ ᠤ᠋ᠨ ᠲᠤᠰᠭᠠᠶ ᠮᠡᠷᠭᠡᠵᠢᠯ ᠢ᠋ ᠨᠡᠭᠡᠭᠡᠵᠤ᠂ ᠪᠢᠳᠡ ᠶᠠᠭ ᠴᠢᠳᠠᠪᠤᠷᠢᠲᠠᠨ ᠢ᠋ ᠬᠥᠮᠦᠵᠢᠭᠦᠯᠬᠦ᠌ ᠲᠥᠰᠦᠯ ᠢ᠋ ᠨᠠᠷᠢᠨ ᠨᠢᠮᠪᠠᠶ ᠲᠣᠭ᠍ᠲᠠᠭᠠᠵᠤ᠂ ᠬᠢᠴᠢᠶᠡᠯ ᠤ᠋ᠨ ᠱᠢᠰᠲ᠋ᠧᠮ ᠢ᠋ ᠪᠠᠢᠭᠤᠯᠬᠤ ᠵᠡᠷᠭᠡ ᠠᠵᠢᠯ ᠢ᠋ ᠬᠢᠵᠦ᠍ ᠪᠠᠢᠨ᠎ᠠ᠂ ᠴᠢᠳᠠᠪᠤᠷᠢᠲᠠᠨ ᠬᠥᠮᠦᠵᠢᠭᠦᠯᠬᠦ᠌ ᠬᠢᠭᠡᠳ ᠠᠵᠤ ᠦᠶ᠋ᠯᠡᠰ ᠤ᠋ᠨ ᠬᠡᠷᠡᠭ᠌ᠴᠡᠭᠡ ᠱᠠᠭᠠᠷᠳᠠᠯᠭ᠎ᠠ ᠵᠢ ᠵᠠᠪᠰᠠᠷ ᠥᠬᠡᠶ ᠵᠣᠯᠭᠠᠭᠤᠯᠬᠤ ᠵᠢ ᠪᠡᠶᠡᠯᠡᠭᠦᠯᠵᠦ᠍᠂ ᠥᠪᠡᠷᠲᠡᠭᠡᠨ ᠵᠠᠰᠠᠬᠤ ᠣᠷᠣᠨ ᠤ᠋ ᠠᠭᠠᠷ ᠤ᠋ᠨ ᠠᠶᠠᠯᠠᠯ ᠤ᠋ᠨ ᠠᠵᠤ ᠦᠶ᠋ᠯᠡᠰ ᠤ᠋ᠨ ᠬᠥᠭ᠌ᠵᠢᠯᠲᠡ ᠳ᠋ᠦ ᠨᠠᠩ ᠣᠯᠠᠨ ᠴᠢᠳᠠᠪᠤᠷᠢᠲᠠᠨ ᠬᠥᠮᠦᠵᠢᠭᠦᠯᠵᠦ᠍ ᠥᠭ᠌ᠬᠦ ᠵᠢ ᠬᠦᠰᠡᠵᠦ᠍ ᠪᠠᠢᠨ᠎ᠠ》 ᠭᠡᠯ᠎ᠠ᠃
ᠬᠡᠷᠬᠢᠨ ᠰᠤᠷᠭᠠᠨ ᠬᠥᠮᠦᠵᠢᠯ ᠤ᠋ᠨ ᠬᠦᠴᠦᠷᠬᠡᠭ ᠵᠢᠡᠷ ᠴᠢᠨᠠᠷ ᠰᠠᠢᠲᠠᠢ ᠬᠥᠭ᠌ᠵᠢᠯᠲᠡ ᠳ᠋ᠦ ᠦᠢᠯᠡᠴᠢᠯᠡᠬᠦ᠌ ᠪᠤᠢ? ᠡᠨᠡ ᠪᠣᠯ ᠰᠤᠷᠭᠠᠨ ᠬᠥᠮᠦᠵᠢᠯ ᠵᠢᠡᠷ ᠣᠷᠣᠨ ᠵᠢᠡᠨ ᠬᠦᠴᠦᠷᠬᠡᠭ᠌ᠵᠢᠭᠦᠯᠬᠦ᠌ ᠵᠢᠨ ᠵᠠᠩᠭᠢᠯᠠᠭ᠎ᠠ ᠵᠢᠨ ᠭᠣᠭ᠍ᠴᠣᠭᠠ ᠪᠣᠯᠤᠨ᠎ᠠ᠃ ᠬᠡᠷᠬᠢᠨ ᠱᠢᠨᠵᠢᠯᠡᠭᠡᠨᠦ ᠰᠠᠯᠠᠭ᠎ᠠ ᠲᠤᠰᠭᠠᠶ ᠮᠡᠷᠭᠡᠵᠢᠯ ᠤ᠋ᠨ ᠪᠠᠢᠭᠤᠯᠤᠯᠲᠠ ᠵᠢ ᠴᠢᠩᠭᠠᠳᠭᠠᠬᠤᠪᠠᠷ ᠳᠠᠮᠵᠢᠭᠤᠯᠤᠨ᠂ ᠣᠷᠣᠨ ᠪᠦᠰᠡ ᠵᠢᠨ ᠠᠵᠤ ᠠᠬᠤᠶ ᠨᠡᠢᠭᠡᠮ ᠤ᠋ᠨ ᠬᠥᠭ᠌ᠵᠢᠯᠲᠡ ᠳ᠋ᠦ ᠦᠶ᠋ᠯᠡᠴᠢᠯᠡᠬᠦ᠌ ᠴᠢᠳᠠᠪᠤᠷᠢᠪᠠᠨ ᠳᠡᠭᠡᠭ᠌ᠰᠢᠯᠡᠭᠦᠯᠬᠦ᠌ ᠪᠤᠢ? ᠡᠨᠡ ᠨᠢ ᠮᠥᠨ ᠴᠦ᠍ ᠥᠪᠥᠷ ᠮᠣᠩᠭᠣᠯ ᠤ᠋ᠨ ᠡᠯ᠎ᠡ ᠶᠡᠬᠡ ᠳᠡᠭᠡᠳᠦ ᠰᠤᠷᠭᠠᠭᠤᠯᠢ ᠵᠢᠨ ᠲᠤᠰ ᠪᠡᠶ᠎ᠡ ᠵᠢᠨ ᠬᠥᠭ᠌ᠵᠢᠯᠲᠡ ᠵᠢᠨ ᠪᠡᠷᠭᠡ ᠰᠡᠳᠦᠪ ᠵᠢᠡᠨ ᠱᠢᠢᠳᠪᠦᠷᠢᠯᠡᠬᠦ᠌ ᠱᠢᠪᠲᠤᠯᠤᠯᠲᠠ ᠵᠢᠨ ᠴᠡᠭ ᠪᠣᠯᠤᠨ᠎ᠠ᠃
ᠣᠢᠷ᠎ᠠ ᠵᠢᠨ ᠵᠢᠯᠳ᠋ᠦ᠂ ᠥᠪᠡᠷᠲᠡᠭᠡᠨ ᠵᠠᠰᠠᠬᠤ ᠣᠷᠣᠨ ᠤ᠋ ᠳᠡᠭᠡᠳᠦ ᠵᠡᠷᠭᠡ ᠵᠢᠨ ᠰᠤᠷᠭᠠᠨ ᠬᠥᠮᠦᠵᠢᠯ ᠤ᠋ᠨ ᠲᠤᠰᠭᠠᠶ ᠮᠡᠷᠭᠡᠵᠢᠯ ᠤ᠋ᠨ ᠪᠦᠲᠦᠴᠡ ᠲᠠᠰᠤᠷᠠᠯᠲᠠ ᠥᠬᠡᠶ ᠱᠢᠯᠢᠳᠡᠭ᠌ᠵᠢᠪᠡ᠄ ᠥᠪᠥᠷ ᠮᠣᠩᠭᠣᠯ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠶᠡᠬᠡ ᠰᠤᠷᠭᠠᠭᠤᠯᠢᠨᠢ ᠥᠪᠡᠷᠲᠡᠭᠡᠨ ᠵᠠᠰᠠᠬᠤ ᠣᠷᠣᠨ ᠤ᠋ ᠬᠣᠪᠣᠷ ᠱᠢᠷᠣᠶ ᠵᠢᠨ ᠮᠠᠲ᠋ᠧᠷᠢᠶᠠᠯ ᠤ᠋ᠨ ᠠᠵᠤ ᠦᠶ᠋ᠯᠡᠰ ᠲᠣ᠌ ᠦᠶ᠋ᠯᠡᠴᠢᠯᠡᠬᠦ᠌ ᠵᠢᠨ ᠲᠣᠭᠣᠷᠢᠨ ᠳ᠋ᠦ ᠬᠣᠪᠣᠷ ᠱᠢᠷᠣᠶ ᠵᠢᠨ ᠮᠠᠲ᠋ᠧᠷᠢᠶᠠᠯ ᠤ᠋ᠨ ᠱᠢᠨᠵᠢᠯᠡᠬᠦ᠌ ᠤᠬᠠᠭᠠᠨ ᠬᠢᠭᠡᠳ ᠢᠨᠵᠧᠨᠧᠷᠢᠩ ᠤ᠋ᠨ ᠲᠤᠰᠭᠠᠶ ᠮᠡᠷᠭᠡᠵᠢᠯ ᠢ᠋ ᠰᠢᠨ᠎ᠡ ᠪᠡᠷ ᠨᠡᠮᠡᠭᠳᠡᠬᠦᠯᠪᠡ᠂ ᠥᠪᠥᠷ ᠮᠣᠩᠭᠣᠯ ᠤ᠋ᠨ ᠶᠡᠬᠡ ᠰᠤᠷᠭᠠᠭᠤᠯᠢ ᠵᠢᠨ ᠣᠶᠤᠨᠴᠢ ᠱᠢᠨᠵᠢᠯᠡᠬᠦ᠌ ᠤᠬᠠᠭᠠᠨ ᠬᠢᠭᠡᠳ ᠮᠡᠷᠭᠡᠵᠢᠯ᠂ ᠥᠪᠥᠷ ᠮᠣᠩᠭᠣᠯ ᠤ᠋ᠨ ᠪᠠᠭ᠍ᠰᠢ ᠵᠢᠨ ᠶᠡᠬᠡ ᠰᠤᠷᠭᠠᠭᠤᠯᠢ ᠵᠢᠨ ᠠᠯᠤᠰ ᠰᠡᠷᠡᠯ ᠤ᠋ᠨ ᠱᠢᠨᠵᠢᠯᠡᠬᠦ᠌ ᠤᠬᠠᠭᠠᠨ ᠬᠢᠭᠡᠳ ᠮᠡᠷᠭᠡᠵᠢᠯ᠂ ᠥᠪᠥᠷ ᠮᠣᠩᠭᠣᠯ ᠤ᠋ᠨ ᠲᠠᠷᠢᠶᠠᠯᠠᠩ ᠤ᠋ᠨ ᠶᠡᠬᠡ ᠰᠤᠷᠭᠠᠭᠤᠯᠢ ᠵᠢᠨ ᠠᠮᠢᠳᠤ ᠪᠣᠳᠠᠰ ᠤ᠋ᠨ ᠡᠭᠦᠯᠳᠡᠷ ᠪᠣᠢᠵᠢᠭᠤᠯᠬᠤ ᠱᠢᠨᠵᠢᠯᠡᠬᠦ᠌ ᠤᠬᠠᠭᠠᠨ᠂ ᠥᠪᠥᠷ ᠮᠣᠩᠭᠣᠯ ᠤ᠋ᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠤ᠋ᠨ ᠶᠡᠬᠡ ᠰᠤᠷᠭᠠᠭᠤᠯᠢ ᠵᠢᠨ ᠡᠨᠧᠷᠭᠢ ᠵᠢᠨ ᠬᠢᠮᠢ᠂ ᠤᠯᠠᠭᠠᠨᠬᠠᠳᠠ ᠳᠡᠭᠡᠳᠦ ᠰᠤᠷᠭᠠᠭᠤᠯᠢ ᠵᠢᠨ ᠠᠮᠢᠳᠤ ᠪᠣᠳᠠᠰ ᠤ᠋ᠨ ᠡᠮ ᠦᠶ᠋ᠯᠡᠳᠬᠦ᠌ ᠵᠡᠷᠭᠡ ᠨᠢᠭᠡ ᠪᠦᠯᠦᠭ ᠱᠢᠨ᠎ᠡ ᠨᠡᠮᠡᠭ᠌ᠳᠡᠭ᠌ᠰᠡᠨ ᠲᠤᠰᠭᠠᠶ ᠮᠡᠷᠭᠡᠵᠢᠯ ᠤ᠋ᠨ ᠪᠠᠢᠷᠢᠯᠠᠭᠤᠯᠤᠯᠲᠠ ᠨᠢ ᠥᠪᠡᠷᠲᠡᠭᠡᠨ ᠵᠠᠰᠠᠬᠤ ᠣᠷᠣᠨ ᠤ᠋ ᠭᠤᠤᠯᠳᠠᠯᠭ᠎ᠠ ᠲᠠᠢ ᠠᠵᠤ ᠦᠶ᠋ᠯᠡᠰ ᠤ᠋ᠨ ᠪᠦᠯᠦᠭᠵᠢᠯ ᠲᠠᠢ ᠳᠡᠭᠡᠳᠦ ᠬᠡᠮᠵᠢᠶ᠎ᠡ ᠪᠡᠷ ᠬᠣᠯᠪᠣᠯᠳᠤᠵᠤ᠂ ᠮᠠᠰᠢ ᠣᠯᠠᠨ ᠲᠤᠰᠭᠠᠶ ᠮᠡᠷᠭᠡᠵᠢᠯ ᠢ᠋ ᠥᠪᠥᠷ ᠮᠣᠩᠭᠣᠯ ᠳ᠋ᠦ ᠠᠩᠬ᠎ᠠ ᠤᠳᠠᠭ᠎ᠠ ᠪᠠᠢᠷᠢᠯᠠᠭᠤᠯᠵᠠᠢ᠃ ᠡᠭᠦᠨᠦ ᠬᠠᠮᠲᠤ᠂ ᠣᠢᠷ᠎ᠠ ᠵᠢᠨ ᠵᠢᠯ ᠤ᠋ᠨ ᠠᠵᠢᠯ ᠣᠯᠭᠣᠯᠲᠠ ᠵᠢᠨ ᠨᠣᠷᠮᠠᠪᠠᠷ ᠨᠡᠯᠢᠶᠡᠳ ᠳᠤᠤᠷ᠎ᠠ᠂ ᠥᠪᠡᠷᠲᠡᠭᠡᠨ ᠵᠠᠰᠠᠬᠤ ᠣᠷᠣᠨ ᠤ᠋ ᠠᠵᠤ ᠠᠬᠤᠶ ᠨᠡᠢᠭᠡᠮ ᠤ᠋ᠨ ᠬᠥᠭ᠌ᠵᠢᠯᠲᠡᠯᠦᠭᠡ ᠵᠣᠬᠢᠴᠠᠯᠳᠤᠬᠤ ᠬᠡᠮᠵᠢᠶ᠎ᠡ ᠪᠡᠷ ᠳᠤᠤᠷ᠎ᠠ᠂ ᠰᠤᠷᠭᠠᠭᠤᠯᠢ ᠡᠷᠭᠢᠯᠡᠬᠦ᠌ ᠰᠠᠭᠤᠷᠢᠪᠠᠷ ᠪᠠᠭᠤᠷᠠᠶ ᠬᠡᠰᠡᠭ ᠲᠤᠰᠭᠠᠶ ᠮᠡᠷᠭᠡᠵᠢᠯ ᠢ᠋ ᠬᠦᠴᠦᠨ ᠦᠭᠡᠢ ᠪᠤᠯᠭᠠᠵᠦ᠂ ᠲᠤᠰᠭᠠᠶ ᠮᠡᠷᠭᠡᠵᠢᠯ ᠤ᠋ᠨ ᠪᠦᠲᠦᠴᠡ ᠵᠢ ᠤᠯᠠᠮ ᠱᠢᠯᠢᠳᠡᠭ᠌ᠵᠢᠭᠦᠯᠪᠡ᠃
2022 ᠣᠨᠠᠴᠠ ᠨᠠᠭᠠᠰᠢ᠂ ᠮᠠᠨ ᠤ᠋ ᠣᠷᠣᠨ ᠤ᠋ ᠶᠡᠬᠡ ᠳᠡᠭᠡᠳᠦ ᠰᠤᠷᠭᠠᠭᠤᠯᠢ ᠳ᠋ᠦ ᠠᠮᠢᠳᠤ ᠪᠣᠳᠠᠰ ᠤ᠋ᠨ ᠡᠭᠦᠯᠳᠡᠷ ᠪᠣᠢᠵᠢᠭᠤᠯᠬᠤ ᠱᠢᠨᠵᠢᠯᠡᠬᠦ᠌ ᠤᠬᠠᠭᠠᠨ᠂ ᠵᠣᠬᠢᠶᠠᠮᠠᠯ ᠣᠶᠤᠨ ᠴᠢᠳᠠᠪᠤᠷᠢ ᠵᠡᠷᠭᠡ ᠥᠪᠡᠷᠲᠡᠭᠡᠨ ᠵᠠᠰᠠᠬᠤ ᠣᠷᠣᠨ ᠳ᠋ᠦ ᠪᠠᠴᠢᠮ ᠱᠠᠭᠠᠷᠳᠠᠭᠳᠠᠵᠦ ᠳᠤᠲᠠᠭ᠍ᠳᠠᠵᠤ ᠪᠠᠢᠭ᠎ᠠ 43 ᠲᠤᠰᠭᠠᠶ ᠮᠡᠷᠭᠡᠵᠢᠯ ᠢ᠋ ᠰᠢᠨ᠎ᠡ ᠪᠡᠷ ᠨᠡᠮᠡᠭᠳᠡᠬᠦᠯᠵᠦ᠂ ᠪᠠᠢᠭᠠᠯᠢ ᠲᠸᠭᠨᠢᠭ ᠤ᠋ᠨ ᠤᠬᠠᠭᠠᠨ᠂ ᠲᠠᠷᠢᠶᠠᠯᠠᠩ᠂ ᠠᠨᠠᠭᠠᠬᠤ ᠤᠬᠠᠭᠠᠨ᠂ ᠡᠮ ᠡᠮᠨᠡᠯᠭᠡ ᠵᠢᠨ ᠲᠥᠷᠥᠯ ᠤ᠋ᠨ ᠵᠢᠩᠬᠢᠨᠢ ᠠᠩᠭᠢ ᠵᠢᠨ ᠲᠤᠰᠭᠠᠶ ᠮᠡᠷᠭᠡᠵᠢᠯ ᠤ᠋ᠨ ᠡᠵᠡᠯᠡᠬᠦ᠌ ᠬᠠᠷᠢᠴᠠᠯ ᠢ᠋ 48% ᠪᠠᠢᠭ᠍ᠰᠠᠨᠠᠴᠠ 51.2% ᠪᠣᠯᠭᠠᠨ ᠳᠡᠭᠡᠭ᠌ᠰᠢᠯᠡᠭᠦᠯᠵᠦ᠍᠂ ᠥᠪᠡᠷᠲᠡᠭᠡᠨ ᠵᠠᠰᠠᠬᠤ ᠣᠷᠣᠨ ᠤ᠋ ᠭᠤᠤᠯᠳᠠᠯᠭ᠎ᠠ ᠲᠠᠢ ᠠᠵᠤ ᠦᠶ᠋ᠯᠡᠰ ᠲᠣ᠌ ᠦᠶ᠋ᠯᠡᠴᠢᠯᠡᠬᠦ᠌ ᠵᠢᠩᠬᠢᠨᠢ ᠠᠩᠭᠢ ᠵᠢᠨ ᠲᠤᠰᠭᠠᠶ ᠮᠡᠷᠭᠡᠵᠢᠯ ᠤ᠋ᠨ ᠡᠵᠡᠯᠡᠬᠦ᠌ ᠬᠠᠷᠢᠴᠠᠯ ᠢ᠋ 59.8% ᠪᠠᠢᠭ᠍ᠰᠠᠨᠠᠴᠠ 63.5% ᠪᠣᠯᠭᠠᠨ ᠳᠡᠭᠡᠭ᠌ᠰᠢᠯᠡᠭᠦᠯᠪᠡ᠃
ᠠᠵᠢᠯ ᠮᠡᠷᠭᠡᠵᠢᠯ ᠤ᠋ᠨ ᠰᠤᠷᠭᠠᠨ ᠬᠥᠮᠦᠵᠢᠯ ᠤ᠋ᠨ ᠬᠦᠷᠢᠶᠡᠨ ᠳ᠋ᠦ᠂ ᠮᠠᠨ ᠤ᠋ ᠣᠷᠣᠨ ᠶᠠᠭ ᠱᠢᠨ᠎ᠡ ᠪᠡᠷ ᠮᠠᠨᠳᠤᠭ᠍ᠰᠠᠨ ᠠᠵᠤ ᠦᠢᠯᠡᠰ ᠤ᠋ᠨ ᠴᠢᠳᠠᠪᠤᠷᠢᠲᠠᠨ ᠳᠤᠲᠠᠭ᠍ᠳᠠᠵᠤ ᠪᠠᠢᠭ᠎ᠠ ᠬᠦᠴᠢᠷ ᠠᠰᠠᠭᠤᠳᠠᠯ ᠢ᠋ ᠬᠦᠴᠦᠯᠡᠨ ᠱᠢᠢᠳᠪᠦᠷᠢᠯᠡᠵᠦ᠍ ᠪᠠᠢᠨ᠎ᠠ᠃
ᠣᠢᠷ᠎ᠠ ᠳ᠋ᠦ᠂ ᠥᠪᠥᠷ ᠮᠣᠩᠭᠣᠯ ᠤ᠋ᠨ ᠬᠢᠮᠢ ᠵᠢᠨ ᠠᠵᠤ ᠦᠶ᠋ᠯᠡᠳᠪᠦᠷᠢ ᠵᠢᠨ ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢ ᠵᠢᠨ ᠬᠢᠨ ᠵᠠᠯᠭᠠᠭ᠎ᠠ ᠪᠡᠷ ᠬᠤᠷᠠᠯ ᠬᠤᠷᠠᠯᠳᠤᠭᠤᠯᠵᠤ᠂ ᠱᠢᠨᠵᠢᠯᠡᠭᠡᠨᠦ ᠰᠠᠯᠠᠭ᠎ᠠ ᠪᠠ ᠲᠤᠰᠭᠠᠶ ᠮᠡᠷᠭᠡᠵᠢᠯ ᠤ᠋ᠨ ᠪᠦᠯᠦᠭᠵᠢᠯ ᠤ᠋ᠨ ᠪᠠᠢᠭᠤᠯᠤᠯᠲᠠ ᠵᠢ ᠪᠠᠢᠷᠢᠯᠠᠭᠤᠯᠵᠤ ᠪᠠᠢᠨ᠎ᠠ᠃ ᠳᠡᠭᠡᠳᠦ ᠰᠤᠷᠭᠠᠭᠤᠯᠢ ᠵᠢᠨ ᠬᠢᠴᠢᠶᠡᠯ ᠬᠥᠮᠦᠵᠢᠯ ᠤ᠋ᠨ ᠭᠠᠵᠠᠷ ᠤ᠋ᠨ ᠳᠠᠷᠤᠭ᠎ᠠ ᠯᠢᠦᠢ ᠯᠢ ᠱᠢᠶᠠ᠄《ᠥᠪᠡᠷᠲᠡᠭᠡᠨ ᠵᠠᠰᠠᠬᠤ ᠣᠷᠣᠨ ᠤ᠋ ᠡᠨᠧᠷᠭᠢ᠂ ᠬᠢᠮᠢ ᠵᠢᠨ ᠠᠵᠤ ᠦᠢᠯᠡᠳᠪᠦᠷᠢ ᠵᠡᠷᠭᠡ ᠭᠣᠣᠯᠳᠠᠯᠭ᠎ᠠ ᠲᠠᠢ ᠠᠵᠤ ᠦᠢᠯᠡᠰ ᠤ᠋ᠨ ᠪᠠᠢᠷᠢᠱᠢᠭᠤᠯᠤᠯᠲᠠ ᠵᠢᠨ ᠲᠣᠭᠣᠷᠢᠨ ᠳ᠋ᠦ᠂ ᠰᠤᠷᠭᠠᠭᠤᠯᠢ ᠨᠢ〈ᠲᠤᠰᠭᠠᠢ ᠮᠡᠷᠭᠡᠵᠢᠯ ᠤ᠋ᠨ ᠪᠦᠯᠦᠭ᠌ᠵᠢᠯ ᠢ᠋ ᠠᠵᠤ ᠦᠢᠯᠡᠰ ᠤ᠋ᠨ ᠬᠡᠯᠬᠢᠢ᠎ᠡ ᠲᠠᠢ ᠵᠣᠯᠭᠠᠭᠤᠯᠬᠤ〉 ᠬᠥᠭ᠌ᠵᠢᠯᠲᠡ ᠵᠢᠨ ᠵᠠᠭ᠍ᠪᠤᠷ ᠢ᠋ ᠪᠠᠢᠭᠤᠯᠵᠤ᠂ ᠤᠯᠤᠰ ᠤ᠋ᠨ ᠲᠡᠰ ᠤ᠋ᠨ ᠲᠤᠰᠭᠠᠢ ᠮᠡᠷᠭᠡᠵᠢᠯ ᠤ᠋ᠨ ᠪᠦᠯᠦᠭ᠌ᠵᠢᠯ ᠤ᠋ᠨ 〈ᠨᠡᠬᠦᠷᠡᠰᠦ ᠬᠢᠮᠢ ᠵᠢᠨ ᠠᠵᠦ ᠦᠢᠯᠡᠳᠪᠦᠷᠢ ᠵᠢᠨ ᠮᠡᠷᠭᠡᠵᠢᠯ〉 ᠢ᠋ ᠱᠢᠨ᠎ᠡ ᠬᠡᠯᠪᠡᠷᠢ ᠵᠢᠨ ᠬᠢᠮᠢ ᠵᠢᠨ ᠠᠵᠤ ᠦᠢᠯᠡᠳᠪᠦᠷᠢ ᠵᠢᠨ ᠠᠵᠤ ᠦᠢᠯᠡᠰ ᠤ᠋ᠨ ᠪᠦᠯᠦᠭ᠌ᠵᠢᠯ ᠲᠠᠢ ᠵᠣᠯᠭᠠᠭᠤᠯᠤᠨ᠂ ᠥᠪᠡᠷᠲᠡᠭᠡᠨ ᠵᠠᠰᠠᠬᠤ ᠣᠷᠣᠨ ᠤ᠋ ᠲᠡᠰ ᠤ᠋ᠨ ᠲᠤᠰᠭᠠᠢ ᠮᠡᠷᠭᠡᠵᠢᠯ ᠤ᠋ᠨ ᠪᠦᠯᠦᠭ᠌ᠵᠢᠯ ᠤ᠋ᠨ 〈ᠬᠢᠮᠢ ᠵᠢᠨ ᠠᠵᠤ ᠦᠢᠯᠡᠳᠪᠦᠷᠢ ᠵᠢᠨ ᠲᠣᠨᠣᠭ᠍ᠯᠠᠯ ᠤ᠋ᠨ ᠮᠡᠷᠭᠡᠵᠢᠯ〉᠂ 〈ᠳ᠋ᠠᠢᠲ᠋ᠠ ᠵᠢᠨ ᠮᠡᠷᠭᠡᠵᠢᠯ〉 ᠢ᠋ ᠤᠳᠤ ᠦᠶ᠎ᠡ ᠵᠢᠨ ᠲᠣᠨᠣᠭ᠍ᠯᠠᠯ ᠦᠢᠯᠡᠳᠬᠦ᠌ ᠠᠵᠤ ᠦᠢᠯᠡᠰ ᠤ᠋ᠨ ᠪᠦᠯᠦᠭ᠌ᠵᠢᠯ ᠪᠣᠯᠤᠨ ᠲᠣᠭᠠᠴᠢᠯᠠᠭ᠍ᠰᠠᠨ ᠠᠵᠤ ᠠᠬᠤᠢ ᠵᠢᠨ ᠠᠵᠤ ᠦᠢᠯᠡᠰ ᠤ᠋ᠨ ᠪᠦᠯᠦᠭ᠌ᠵᠢᠯ ᠲᠠᠢ ᠵᠣᠯᠭᠠᠭᠤᠯᠵᠤ᠂ ᠥᠪᠡᠷᠲᠡᠭᠡᠨ ᠵᠠᠰᠠᠬᠤ ᠣᠷᠣᠨ ᠤ᠋ ᠭᠣᠣᠯᠳᠠᠯᠭ᠎ᠠ ᠲᠠᠢ ᠠᠵᠤ ᠦᠢᠯᠡᠰ ᠤ᠋ᠨ ᠬᠥᠭ᠌ᠵᠢᠯᠲᠡ ᠳ᠋ᠦ ᠳᠡᠭᠡᠳᠦ ᠮᠡᠷᠭᠡᠵᠢᠯ ᠤ᠋ᠨ ᠴᠢᠳᠠᠪᠤᠷᠢᠲᠠᠨ ᠤ᠋ ᠲᠤᠯᠭᠠᠭᠤᠷᠢᠯᠠᠯ ᠬᠠᠩᠭᠠᠬᠤᠪᠠᠷ ᠬᠦᠴᠦᠯᠡᠨ᠎ᠡ》 ᠭᠡᠵᠦ ᠲᠠᠨᠢᠯᠴᠠᠭᠤᠯᠤᠯ᠎ᠠ ᠃
ᠪᠤᠭᠤᠲᠤ ᠵᠢᠨ ᠬᠥᠩᠭᠡᠨ ᠠᠵᠤ ᠦᠢᠯᠡᠳᠪᠦᠷᠢ ᠵᠢᠨ ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢᠵᠢᠨ ᠬᠢᠨ ᠬᠣᠪᠣᠷ ᠱᠢᠷᠣᠶ ᠵᠢᠨ ᠮᠠᠲᠧᠷᠢᠶᠠᠯ ᠤ᠋ᠨ ᠮᠡᠷᠭᠡᠵᠢᠯ ᠤ᠋ᠨ ᠲᠤᠰᠭᠠᠶ ᠮᠡᠷᠭᠡᠵᠢᠯ ᠢ᠋ ᠱᠢᠨ᠎ᠡ ᠪᠡᠷ ᠨᠡᠮᠡᠭ᠌ᠳᠡᠭᠦᠯᠵᠦ᠍᠂ ᠥᠪᠡᠷᠲᠡᠭᠡᠨ ᠵᠠᠰᠠᠬᠤ ᠣᠷᠣᠨ ᠤ᠋ ᠬᠣᠪᠣᠷ ᠱᠢᠷᠣᠶ ᠵᠢᠨ ᠭᠣᠣᠯᠳᠠᠯᠭ᠎ᠠ ᠲᠠᠢ ᠠᠵᠤ ᠦᠢᠯᠡᠰ ᠤ᠋ᠨ ᠬᠡᠯᠬᠢᠶ᠎ᠡ ᠳ᠋ᠦ ᠬᠠᠨᠳᠤᠭᠤᠯᠤᠨ᠂ ᠬᠣᠪᠣᠷ ᠱᠢᠷᠣᠶ ᠵᠢᠨ ᠲᠡᠮᠦᠷᠯᠢᠭ ᠪᠤᠯᠪᠠᠰᠤᠷᠠᠭᠤᠯᠬᠤ᠂ ᠬᠣᠪᠣᠷ ᠱᠢᠷᠣᠶ ᠵᠢᠨ ᠬᠠᠢᠯᠤᠰᠢ ᠦᠢᠯᠡᠳᠬᠦ᠌᠂ ᠬᠣᠪᠣᠷ ᠱᠢᠷᠣᠶ ᠵᠢᠨ ᠲᠡᠮᠦᠷᠯᠢᠭ ᠢ᠋ ᠨᠠᠷᠢᠯᠢᠭ ᠡᠳ᠋ᠱᠢᠭᠦᠯᠬᠦ᠌ ᠵᠡᠷᠭᠡ ᠠᠵᠢᠯ ᠤ᠋ᠨ ᠪᠠᠢᠷᠢ (ᠪᠦᠯᠦᠭᠵᠢᠯ) ᠵᠢᠨ ᠮᠡᠷᠭᠡᠵᠢᠯ ᠤ᠋ᠨ ᠴᠢᠳᠠᠪᠤᠷᠢᠲᠠᠨ ᠢ᠋ ᠪᠣᠢᠵᠢᠭᠤᠯᠤᠨᠠ; ᠣᠷᠳᠣᠰ ᠤ᠋ᠨ ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢᠵᠢᠨ ᠬᠢᠨ ᠨᠡᠭᠦᠷᠡᠰᠦᠨ ᠠᠭᠤᠷᠬᠠᠶ ᠵᠢᠨ ᠣᠶᠤᠨᠴᠢᠪᠠᠷ ᠨᠡᠭᠡᠭᠡᠨ ᠮᠠᠯᠲᠠᠬᠤ ᠮᠡᠷᠭᠡᠵᠢᠯ ᠢ᠋ ᠱᠢᠨ᠎ᠡ ᠪᠡᠷ ᠨᠡᠮᠡᠭ᠌ᠳᠡᠭᠦᠯᠵᠦ᠍᠂ ᠥᠪᠡᠷᠲᠡᠭᠡᠨ ᠵᠠᠰᠠᠬᠤ ᠣᠷᠣᠨ ᠤ᠋ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠶ᠋ᠯᠡᠳᠪᠦᠷᠢ ᠵᠢᠨ ᠭᠤᠤᠯᠳᠠᠯᠭ᠎ᠠ ᠲᠠᠢ ᠠᠵᠤ ᠦᠶ᠋ᠯᠡᠰ ᠤ᠋ᠨ ᠬᠡᠯᠬᠢᠶ᠎ᠡ ᠪᠠ ᠣᠷᠣᠨ ᠪᠦᠰᠡ ᠵᠢᠨ ᠲᠤᠯᠭᠠᠭᠤᠷᠢ ᠠᠵᠤ ᠦᠶ᠋ᠯᠡᠰ ᠲᠣ᠌ ᠬᠠᠨᠳᠤᠭᠤᠯᠤᠨ᠂ ᠣᠶᠤᠨᠴᠢᠯᠠᠭ᠍ᠰᠠᠨ ᠠᠵᠢᠯ ᠤ᠋ᠨ ᠲᠠᠯᠠᠪᠠᠶ ᠵᠢᠨ ᠨᠡᠭᠡᠭᠡᠨ ᠮᠠᠯᠲᠠᠬᠤ ᠠᠵᠢᠯ᠂ ᠣᠶᠤᠨᠴᠢᠯᠠᠭᠰᠠᠨ ᠨᠡᠭᠡᠭᠡᠨ ᠮᠠᠯᠲᠠᠬᠤ ᠦᠶ᠋ᠯᠡᠳᠪᠦᠷᠢᠯᠡᠯ ᠤ᠋ᠨ ᠵᠣᠬᠢᠶᠠᠨ ᠪᠠᠢᠭᠤᠯᠤᠯᠲᠠ ᠵᠡᠷᠭᠡ ᠮᠡᠷᠭᠡᠵᠢᠯ ᠤ᠋ᠨ ᠬᠦᠷᠢᠶᠡᠨᠦ ᠴᠢᠳᠠᠪᠤᠷᠢᠲᠠᠨ ᠢ᠋ ᠪᠤᠢᠵᠢᠭᠤᠯᠤᠨᠠ ᠁ ᠣᠳᠣᠬᠠᠨ ᠳ᠋ᠦ ᠥᠪᠡᠷᠲᠡᠭᠡᠨ ᠵᠠᠰᠠᠬᠤ ᠣᠷᠣᠨ ᠤ᠋ ᠭᠤᠤᠯᠳᠠᠯᠭ᠎ᠠ ᠲᠠᠢ ᠠᠵᠤ ᠦᠶ᠋ᠯᠡᠰ ᠤ᠋ᠨ ᠬᠡᠯᠬᠢᠶ᠎ᠡ ᠳ᠋ᠦ ᠦᠶ᠋ᠯᠡᠴᠢᠯᠡᠬᠦ᠌ ᠳᠡᠭᠡᠳᠦ ᠵᠡᠷᠭᠡ ᠵᠢᠨ ᠠᠵᠢᠯ ᠮᠡᠷᠭᠡᠵᠢᠯ ᠤ᠋ᠨ ᠲᠤᠰᠭᠠᠶ ᠮᠡᠷᠭᠡᠵᠢᠯ ᠤ᠋ᠨ ᠡᠵᠡᠯᠡᠬᠦ᠌ ᠬᠠᠷᠢᠴᠠᠯ 2022 ᠣᠨ ᠳ᠋ᠦ 53% ᠪᠠᠢᠭ᠍ᠰᠠᠨᠠᠴᠠᠪᠠᠨ 77.7% ᠪᠣᠯᠵᠣ ᠳᠡᠭᠡᠭ᠌ᠰᠢᠯᠡᠪᠡ᠃
ᠠᠵᠤ ᠦᠶ᠋ᠯᠡᠰ ᠪᠠ ᠰᠤᠷᠭᠠᠨ ᠬᠥᠮᠦᠵᠢᠯ ᠤ᠋ᠨ ᠠᠭᠤᠰᠤᠯᠴᠠᠯ ᠢ᠋ ᠭᠦᠨᠵᠡᠭᠡᠢᠷᠡᠭᠦᠯᠵᠦ᠍ ᠴᠢᠳᠠᠪᠤᠷᠢᠲᠠᠨ ᠬᠥᠮᠦᠵᠢᠭᠦᠯᠬᠦ᠌ ᠴᠢᠨᠠᠷ ᠴᠢᠨᠰᠠᠭᠠᠵᠢ ᠳᠡᠭᠡᠭ᠌ᠰᠢᠯᠡᠭᠦᠯᠦᠨᠡ
ᠥᠪᠥᠷ ᠮᠣᠩᠭᠣᠯ ᠤ᠋ᠨ ᠠᠵᠤ ᠦᠶ᠋ᠯᠡᠳᠪᠦᠷᠢ ᠵᠢᠨ ᠶᠡᠬᠡ ᠰᠤᠷᠭᠠᠭᠤᠯᠢ ᠵᠢᠨ ᠱᠢᠨ᠎ᠡ ᠬᠡᠯᠪᠡᠷᠢ ᠵᠢᠨ ᠬᠢᠮᠢ ᠵᠢᠨ ᠠᠵᠤ ᠦᠶ᠋ᠯᠡᠳᠪᠦᠷᠢ ᠬᠢᠭᠡᠳ ᠠᠮᠢᠳᠤ ᠪᠣᠳᠠᠰ ᠤ᠋ᠨ ᠡᠮ ᠦᠶ᠋ᠯᠡᠳᠬᠦ᠌ ᠣᠲᠣ ᠦᠶ᠎ᠡ ᠵᠢᠨ ᠠᠵᠤ ᠦᠶ᠋ᠯᠡᠰ ᠤ᠋ᠨ ᠳᠡᠭᠡᠳᠦ ᠰᠤᠷᠭᠠᠭᠤᠯᠢ ᠵᠢᠨ ᠳᠠᠳᠤᠯᠭ᠎ᠠ ᠪᠣᠯᠪᠠᠰᠤᠷᠠᠯ ᠤ᠋ᠨ ᠰᠠᠭᠤᠷᠢᠨ ᠳ᠋ᠦ ᠬᠦᠷᠬᠦᠯᠠᠷ᠂ ᠨᠢᠭᠡ ᠪᠦᠯᠦᠭ ᠴᠠᠭᠠᠨ ᠥᠩᠭᠡ ᠵᠢᠨ ᠲᠤᠷᠱᠢᠯᠲᠠ ᠵᠢᠨ ᠬᠤᠪᠴᠠᠰᠤ ᠡᠮᠦᠰᠦᠭ᠌ᠰᠡᠨ ᠰᠤᠷᠤᠭ᠍ᠴᠢᠳ ᠠᠰᠫᠢᠷᠢᠨ ᠤ᠋ ᠨᠡᠢᠯᠡᠮᠡᠯ ᠳᠠᠭᠤᠷᠢᠶᠠᠮᠠᠯ ᠠᠵᠢᠯ ᠤ᠋ᠨ ᠬᠡᠰᠡᠭ ᠤ᠋ᠨ ᠡᠮᠦᠨ᠎ᠡ ᠲᠣᠭᠣᠷᠢᠨ ᠰᠠᠭᠤᠵᠠᠭᠠᠵᠤ᠂ ᠲᠥᠪ ᠡᠵᠡᠮᠳᠡᠬᠦ᠌ ᠱᠢᠰᠲ᠋ᠧᠮ ᠤ᠋ᠨ ᠬᠥᠳᠡᠯᠦᠩᠭᠦᠶ ᠪᠣᠯᠵᠣᠯᠲᠤ ᠲᠣᠭ᠎ᠠ ᠵᠢᠨ ᠮᠤᠷᠤᠶ ᠱᠤᠭᠤᠮ ᠢ᠋ ᠠᠩᠬᠠᠷᠤᠯᠵᠢᠡᠨ ᠲᠦᠪᠯᠡᠷᠡᠬᠦᠯᠤᠨ ᠰᠢᠷᠳᠡᠵᠦ᠂ ᠬᠤᠷᠤᠭᠤᠨ ᠦᠵᠦᠭᠦᠷ ᠨᠢ ᠬᠦᠷᠦᠯᠴᠡᠯ ᠡᠵᠡᠮᠱᠢᠯ ᠳᠡᠯᠭᠡᠴᠡ ᠳᠡᠭᠡᠷ᠎ᠡ ᠤᠷᠪᠠᠯ ᠤ᠋ᠨ ᠲᠤᠭᠤᠭ᠎ᠠ ᠵᠢᠨ ᠲᠤᠭᠳᠤᠢ ᠵᠢᠨ ᠳᠤᠯᠠᠭᠠᠨ ᠤ᠋ ᠬᠡᠮᠵᠢᠶ᠎ᠡ ᠵᠢ ᠣᠨᠣᠪᠴᠢᠲᠠᠶ ᠲᠣᠬᠢᠷᠠᠭᠤᠯᠵᠤ ᠪᠠᠢᠯ᠎ᠠ᠃
ᠡᠨᠡ ᠬᠦ᠌ ᠬᠡᠢᠰᠪᠦᠷᠢ ᠪᠣᠳᠠᠲᠠᠶ ᠵᠢ ᠤᠶᠠᠯᠳᠤᠭᠤᠯᠤᠭ᠍ᠰᠠᠨ ᠪᠣᠳᠠᠲᠤ ᠪᠣᠯᠪᠠᠰᠤᠷᠠᠯ ᠤ᠋ᠨ ᠲᠣᠨᠣᠭ᠍ᠯᠠᠯ ᠨᠢ ᠡᠮ ᠦᠶ᠋ᠯᠡᠳᠬᠦ᠌ ᠠᠵᠤ ᠠᠬᠤᠢᠯᠠᠯ ᠤ᠋ᠨ ᠦᠨᠡᠨ ᠪᠣᠳᠠᠲᠠᠶ ᠦᠶ᠋ᠯᠡᠳᠪᠦᠷᠢᠯᠡᠯ ᠤ᠋ᠨ ᠱᠤᠭᠤᠮ ᠢ᠋ ᠤᠨᠤᠴᠠᠲᠠᠢ ᠪᠠᠷ ᠳᠠᠭᠤᠷᠢᠶᠠᠨ ᠢᠯᠡᠷᠡᠭᠦᠯᠵᠦ᠂ ᠬᠢᠴᠢᠶᠡᠯ ᠤ᠋ᠨ ᠳᠡᠪᠲᠡᠷ ᠳᠡᠭᠡᠷᠡᠬᠢ ᠣᠷᠭᠠᠨᠢᠭ ᠨᠡᠢᠯᠡᠯᠭᠡ ᠶ᠋ᠢᠨ ᠲᠡᠭ᠌ᠰᠢᠳᠭᠡᠯ ᠢ᠋ ᠨᠢᠳᠦᠨ ᠳ᠋ᠤ ᠦᠵᠡᠭᠳᠡᠵᠦ ᠭᠠᠷ ᠲᠦ᠍ ᠪᠠᠷᠢᠬᠳᠠᠬᠤ ᠠᠵᠤ ᠦᠶ᠋ᠯᠡᠳᠪᠦᠷᠢ ᠶ᠋ᠢᠨ ᠲᠠᠯᠠᠪᠤᠷ ᠪᠣᠯᠭᠠᠨ ᠬᠤᠪᠢᠷᠠᠭᠤᠯᠪᠠ᠃ ᠲᠣᠰ ᠰᠤᠷᠭᠠᠭᠤᠯᠢ ᠶ᠋ᠢᠨ ᠬᠢᠮᠢ ᠶ᠋ᠢᠨ ᠠᠵᠤ ᠦᠶ᠋ᠯᠡᠳᠪᠦᠷᠢ ᠶ᠋ᠢᠨ ᠳᠡᠭᠡᠳᠦ ᠰᠤᠷᠭᠠᠭᠤᠯᠢ ᠶ᠋ᠢᠨᠵᠠᠬᠢᠷᠤᠯ ᠪᠠᠶ ᠵᠢᠶᠧ᠄ 《ᠡᠨᠡ ᠬᠦ᠌ ᠠᠵᠤ ᠦᠶ᠋ᠯᠡᠰ ᠪᠠ ᠵᠢᠭᠠᠨ ᠰᠤᠷᠭᠠᠯᠲᠠ ᠵᠢ ᠠᠭᠤᠰᠤᠯᠴᠠᠭᠤᠯᠬᠤ ᠲᠠᠪᠴᠠᠩ ᠢ᠋ 2023 ᠣᠨ ᠳ᠋ᠤ ᠱᠢᠨ᠎ᠡ ᠪᠡᠷ ᠪᠠᠢᠭᠤᠯᠤᠭ᠍ᠰᠠᠨ ᠶᠤᠮ᠃ ᠡᠢᠮᠦᠷᠬᠦᠦ ᠵᠢᠭᠠᠨ ᠰᠤᠷᠭᠠᠯᠲᠠ ᠶ᠋ᠢᠨ ᠲᠥᠬᠥᠭᠡᠷᠦᠮᠵᠢ ᠨᠢ ᠶᠠᠭ ᠢᠨᠵᠧᠨᠧᠷᠢᠩ ᠤ᠋ᠨ ᠴᠢᠳᠠᠪᠤᠷᠢᠲᠠᠨ ᠢ᠋ ᠬᠥᠮᠦᠵᠢᠭᠦᠯᠬᠦ᠌ ᠵᠠᠭ᠍ᠪᠤᠷ ᠢ᠋ ᠳᠠᠬᠢᠨ ᠴᠤᠬᠴᠠᠯᠠᠵᠤ ᠪᠠᠢᠨ᠎ᠠ᠃ ᠤᠤᠯ ᠳ᠋ᠠᠭᠠᠨ ᠵᠢᠩᠬᠢᠨᠢ ᠠᠩᠭᠢ ᠶ᠋ᠢᠨ ᠶᠡᠬᠡ ᠳᠡᠭᠡᠳᠦ ᠰᠤᠷᠭᠠᠭᠤᠯᠢ ᠳ᠋ᠤ ᠡᠢᠮᠦᠷᠬᠦ᠌ ᠳᠠᠳᠤᠯᠭ᠎ᠠ ᠪᠣᠯᠪᠠᠰᠤᠷᠠᠯ ᠤ᠋ᠨ ᠰᠠᠭᠤᠷᠢᠨ ᠮᠠᠰᠢ ᠴᠥᠭᠡᠨ ᠪᠠᠢᠵᠠᠶ᠂ ᠭᠡᠪᠡᠴᠦ᠍ ᠣᠢᠷ᠎ᠠ ᠶ᠋ᠢᠨ ᠵᠢᠯ ᠳ᠋ᠤ᠂ ᠴᠢᠳᠠᠪᠤᠷᠢᠲᠠᠨ ᠬᠥᠮᠦᠵᠢᠭᠦᠯᠬᠦ᠌ ᠶᠠᠰᠤ ᠴᠢᠨᠠᠷ ᠢ᠋ ᠤᠯᠠᠮ ᠴᠢᠨᠠᠬᠰᠢᠲᠠ ᠳᠡᠭᠡᠭ᠌ᠰᠢᠯᠡᠭᠦᠯᠵᠦ᠍᠂ ᠠᠵᠤ ᠦᠶ᠋ᠯᠡᠰ ᠪᠠ ᠵᠢᠭᠠᠨ ᠰᠤᠷᠭᠠᠯᠲᠠ ᠵᠢ ᠠᠭᠤᠰᠤᠯᠴᠠᠭᠤᠯᠤᠨ ᠬᠥᠭ᠌ᠵᠢᠭᠦᠯᠬᠦ᠌ ᠵᠢ ᠰᠦᠪᠡᠭ᠌ᠴᠢᠯᠡᠬᠦ᠌ ᠶ᠋ᠢᠨ ᠲᠥᠯᠥᠭᠡ᠂ ᠮᠠᠨ ᠤ᠋ ᠳᠠᠳᠤᠯᠭ᠎ᠠ ᠪᠣᠯᠪᠠᠰᠤᠷᠠᠯ ᠤ᠋ᠨ ᠲᠥᠪ ᠣᠯᠠᠱᠢᠷᠠᠵᠤ ᠪᠠᠢᠨ᠎ᠠ》 ᠭᠡᠵᠤ ᠲᠠᠨᠢᠯᠴᠠᠭᠤᠯᠤᠯ᠎ᠠ᠃ ᠡᠨᠡᠬᠦ᠌ ᠪᠣᠳᠠᠲᠤ ᠪᠤᠯᠪᠠᠰᠤᠷᠠᠯ ᠤ᠋ᠨ ᠰᠠᠭᠤᠷᠢᠨ ᠡᠴᠡ ᠤᠢᠷᠠᠯᠴᠠᠬᠢ ᠨᠢᠭᠡᠨ ᠪᠤᠳᠠᠳᠤ ᠪᠤᠯᠪᠠᠰᠤᠷᠠᠯ ᠤ᠋ᠨ ᠰᠠᠭᠤᠷᠢᠨ ᠳ᠋ᠤ᠂ ᠮᠡᠷᠭᠡᠵᠢᠯ ᠤ᠋ᠨ ᠠᠵᠢᠯᠲᠠᠳ ᠶᠠᠭ ᠨᠡᠭᠦᠷᠡᠰᠦ ᠶ᠋ᠢᠨ ᠮᠧᠲ᠋ᠢᠯ ᠠᠯᠺᠣᠣᠯ ᠢ᠋ᠶ᠋ᠡᠷ ᠠᠯᠺᠸᠨ ᠦᠶ᠋ᠯᠡᠳᠬᠦ᠌ ᠬᠠᠭᠠᠰ ᠪᠣᠳᠠᠲᠤ ᠪᠣᠳᠠᠰ ᠤ᠋ᠨ ᠳᠠᠭᠤᠷᠢᠶᠠᠮᠠᠯ ᠱᠢᠰᠲ᠋ᠧᠮ ᠳ᠋ᠤ ᠡᠴᠦᠰ ᠤ᠋ᠨ ᠲᠣᠬᠢᠷᠠᠭᠤᠯᠤᠯᠲᠠ ᠬᠢᠵᠦ᠍ ᠪᠠᠢᠨ᠎ᠠ᠃ ᠡᠨᠡᠬᠦ᠌ 350 ᠭᠠᠷᠤᠶ ᠲᠦᠮᠡᠨ ᠲᠥᠭᠥᠷᠢᠭ ᠤ᠋ᠨ ᠥᠷᠲᠡᠭ ᠪᠥᠬᠥᠶ ᠲᠣᠨᠣᠭ᠍ᠯᠠᠯ ᠨᠢ ᠢᠷᠡᠭᠡᠳᠦᠶ ᠳ᠋ᠤ ᠰᠤᠷᠭᠠᠭᠤᠯᠢ ᠶ᠋ᠢᠨ ᠬᠢᠮᠢ ᠶ᠋ᠢᠨ ᠠᠵᠤ ᠦᠶ᠋ᠯᠡᠳᠪᠦᠷᠢ ᠵᠢᠴᠢ ᠡᠨᠧᠷᠭᠢ ᠬᠢᠮᠢ ᠶ᠋ᠢᠨ ᠠᠵᠤ ᠦᠶ᠋ᠯᠡᠳᠪᠦᠷᠢ ᠶ᠋ᠢᠨ ᠴᠢᠭ᠌ᠯᠡᠯ ᠤ᠋ᠨ ᠰᠤᠷᠤᠭ᠍ᠴᠢᠳ ᠤ᠋ᠨ ᠦᠶ᠋ᠯᠡᠳᠦᠯᠭᠡ ᠶ᠋ᠢᠨ ᠵᠢᠭᠠᠨ ᠰᠤᠷᠭᠠᠯᠲᠠ ᠵᠢ ᠲᠤᠯᠭᠠᠭᠤᠷᠢᠯᠠᠬᠤ ᠪᠣᠯᠤᠨ᠎ᠠ᠃
ᠮᠢᠺᠷᠤᠰᠺᠦᠫ ᠤ᠋ᠨ ᠱᠢᠯᠭᠠᠨ ᠪᠠᠢᠴᠠᠭᠠᠯᠲᠠ ᠬᠢᠵᠦ᠂ ᠥᠯᠢᠭᠡᠷ ᠡᠳ᠋ ᠤ᠋ᠨ ᠱᠢᠯᠭᠠᠨ ᠪᠠᠢᠴᠠᠭᠠᠯᠲᠠ ᠬᠢᠨ᠎ᠡ ᠁ ᠥᠪᠥᠷ ᠮᠣᠩᠭᠣᠯ ᠤ᠋ᠨ ᠵᠢᠨ ᠢᠦᠶ ᠪᠦᠦ ᠯᠢᠩ ᠠᠮᠢᠳᠤ ᠪᠣᠳᠠᠰ ᠤ᠋ᠨ ᠡᠮ ᠤ᠋ᠨ ᠵᠦᠶ᠋ᠯ ᠤ᠋ᠨ ᠬᠢᠵᠠᠭᠠᠷᠲᠤ ᠺᠣᠮᠫᠠᠨᠢ ᠶ᠋ᠢᠨ ᠮᠠᠯ ᠳ᠋ᠤ ᠬᠡᠷᠡᠭ᠌ᠯᠡᠬᠦ᠌ ᠸᠠᠺᠼᠢᠨ ᠤ᠋ ᠤᠯᠤᠰ ᠤ᠋ᠨ ᠢᠨᠵᠧᠨᠧᠷᠢᠩ ᠤ᠋ᠨ ᠲᠤᠷᠱᠢᠯᠲᠠ ᠶ᠋ᠢᠨ ᠲᠠᠰᠤᠭ ᠲᠦ᠍᠂ ᠥᠪᠥᠷ ᠮᠣᠩᠭᠣᠯ ᠤ᠋ᠨ ᠠᠵᠤ ᠦᠶ᠋ᠯᠡᠳᠪᠦᠷᠢ ᠶ᠋ᠢᠨ ᠶᠡᠬᠡ ᠰᠤᠷᠭᠠᠭᠤᠯᠢ ᠶ᠋ᠢᠨ ᠠᠮᠢᠳᠤ ᠪᠣᠳᠠᠰ ᠤ᠋ᠨ ᠢᠨᠵᠧᠨᠧᠷᠢᠩ ᠤ᠋ᠨ ᠰᠠᠯᠪᠤᠷᠢ ᠶ᠋ᠢᠨ ᠯᠢᠦ ᠵᠠᠨ ᠶᠢᠩ ᠤ᠋ᠨ ᠪᠦᠯᠬᠦᠮ ᠤ᠋ᠨ ᠪᠠᠭ᠍ᠰᠢ ᠰᠤᠷᠤᠭ᠍ᠴᠢᠳ ᠡᠨᠳᠡ ᠶᠠᠭ ᠤᠯᠤᠰ ᠤ᠋ᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ᠌ ᠲᠥᠯᠥᠪᠯᠡᠭᠡ — ᠪᠠᠺᠲ᠋ᠧᠷᠢ ᠶ᠋ᠢ ᠶᠡᠬᠡ ᠬᠡᠪᠴᠢᠶᠡᠪᠡᠷ ᠢᠰᠭᠡᠬᠦ᠌ ᠤᠷ᠎ᠠ ᠮᠡᠷᠭᠡᠵᠢᠯ ᠢ᠋ ᠰᠤᠳᠤᠯᠤᠨ ᠨᠡᠭᠡᠭᠡᠬᠦ᠌ ᠲᠤᠷᠱᠢᠯᠲᠠ ᠵᠢ ᠥᠷᠨᠢᠭᠦᠯᠵᠦ᠍ ᠪᠠᠢᠯ᠎ᠠ᠃ 《ᠪᠢᠳᠡ ᠠᠵᠤ ᠠᠬᠤᠢᠯᠠᠯ ᠲᠠᠢ ᠬᠠᠮᠲᠤᠷᠠᠨ ᠰᠣᠷᠣᠭ᠍ᠴᠢ ᠬᠥᠮᠦᠵᠢᠭᠦᠯᠬᠦ᠌ ᠰᠠᠭᠤᠷᠢᠨ ᠢ᠋ ᠬᠠᠮᠲᠤ ᠪᠡᠷ ᠪᠠᠢᠭᠤᠯᠵᠤ᠂ ᠬᠠᠮᠲᠤᠷᠠᠨ ᠪᠣᠭᠣᠮᠲᠠ ᠱᠢᠪᠲᠤᠯᠬᠤ ᠦᠨᠡᠨ ᠪᠣᠳᠠᠲᠠᠶ ᠪᠠᠢᠳᠠᠯ ᠤ᠋ᠨ ᠳᠤᠮᠳᠠ᠂ ᠱᠢᠨ᠎ᠡ ᠵᠢ ᠡᠭᠦᠳᠬᠦ᠌ ᠬᠡᠯᠪᠡᠷᠢ ᠶ᠋ᠢᠨ ᠢᠨᠵᠧᠨᠧᠷᠢᠩ ᠤ᠋ᠨ ᠮᠡᠷᠭᠡᠵᠢᠯ ᠤ᠋ᠨ ᠴᠢᠳᠠᠪᠤᠷᠢᠲᠠᠨ ᠢ᠋ ᠬᠥᠮᠦᠵᠢᠭᠦᠯᠬᠦ᠌ ᠵᠢ ᠪᠦᠲᠦᠮᠵᠢᠲᠡᠶ ᠠᠬᠢᠭᠤᠯᠵᠤ᠂ ᠠᠵᠤ ᠦᠶ᠋ᠯᠡᠰ ᠤ᠋ᠨ ᠬᠥᠭ᠌ᠵᠢᠯᠲᠡ ᠳ᠋ᠤ ᠲᠤᠰᠭᠠᠶ ᠮᠡᠷᠭᠡᠵᠢᠯ ᠤ᠋ᠨ ᠴᠢᠳᠠᠪᠤᠷᠢᠲᠠᠨ ᠢ᠋ ᠬᠦᠷᠭᠡᠵᠦ᠍᠂ ᠦᠶ᠋ᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ᠋ ᠭᠦᠨᠵᠡᠭᠡᠶ ᠠᠭᠤᠰᠤᠯᠴᠠᠯ ᠢ᠋ ᠠᠬᠢᠭᠤᠯᠪᠠ᠃ ᠤᠢ᠍ᠢᠷᠠ ᠶ᠋ᠢᠨ ᠵᠢᠯ ᠡᠴᠡ ᠨᠠᠭᠠᠰᠢ᠂ ᠪᠢᠳᠠ ᠠᠵᠤ ᠦᠢᠯᠡᠰ ᠤ᠋ᠨ ᠴᠢᠳᠠᠪᠤᠷᠢᠲᠠᠨ ᠤ᠋ ᠬᠡᠷᠡᠭ᠌ᠴᠡᠭᠡ ᠡᠴᠡ ᠡᠭᠦᠰᠴᠦ᠍᠂ ᠰᠤᠷᠭᠠᠨ ᠬᠥᠮᠦᠵᠢᠯ ᠤ᠋ᠨ ᠬᠡᠯᠬᠢᠶ᠎ᠡ᠂ ᠱᠢᠨ᠎ᠡ ᠵᠢ ᠡᠭᠦᠳᠬᠦ᠌ ᠬᠡᠯᠬᠢᠶ᠎ᠡ᠂ ᠠᠵᠤ ᠦᠢᠯᠡᠰ ᠤ᠋ᠨ ᠬᠡᠯᠬᠢᠶ᠎ᠡ ᠪᠣᠯᠤᠨ ᠴᠢᠳᠠᠪᠤᠷᠢᠲᠠᠨ ᠤ᠋ ᠬᠡᠯᠬᠢᠶ᠎ᠡ ᠶ᠋ᠢᠨ 〈 ᠲᠦᠷᠪᠡᠨ ᠬᠡᠯᠬᠢᠶ᠎ᠡ ᠵᠢ ᠠᠭᠤᠰᠤᠯᠴᠠᠭᠤᠯᠬᠤ 〉 ᠴᠢᠳᠠᠪᠤᠷᠢᠲᠠᠨ ᠬᠥᠮᠦᠵᠢᠭᠦᠯᠬᠦ᠌ ᠵᠠᠭ᠍ᠪᠤᠷ ᠢ᠋ ᠪᠠᠢᠭᠤᠯᠪᠠ》 ᠭᠡᠵᠦ ᠯᠢᠦ ᠵᠠᠨ ᠶᠢᠩ ᠭᠡᠯᠡᠨ᠎ᠠ᠃
ᠵᠢᠨ ᠢᠦᠢ ᠪᠦᠦ ᠯᠢᠩ ᠠᠮᠢᠳᠤ ᠪᠣᠳᠠᠰ ᠤ᠋ᠨ ᠡᠮ ᠤ᠋ᠨ ᠬᠢᠵᠠᠭᠠᠷᠲᠤ ᠺᠣᠮᠫᠠᠨᠢ ᠶ᠋ᠢᠨ ᠰᠤᠳᠤᠯᠤᠨ ᠨᠡᠭᠡᠭᠡᠬᠦ᠌ ᠳᠠᠭᠠᠭᠠᠮᠠᠯ ᠬᠠᠨ ᠰᠧ ᠧ᠄ 《ᠠᠵᠤ ᠦᠢᠯᠡᠰ ᠪᠠ ᠵᠢᠭᠠᠨ ᠰᠤᠷᠭᠠᠯᠲᠠ ᠶ᠋ᠢᠨ ᠭᠦᠨᠵᠡᠭᠡᠢ ᠠᠭᠤᠰᠤᠯᠴᠠᠯ ᠢ᠋ᠶ᠋ᠡᠷ ᠳᠠᠮᠵᠢᠨ᠂ ᠪᠢᠳᠠ ᠰᠤᠷᠭᠠᠭᠤᠯᠢ ᠶ᠋ᠢᠨ ᠳᠡᠭᠡᠳᠦ ᠳᠡᠰ ᠤ᠋ᠨ ᠴᠢᠳᠠᠪᠤᠷᠢᠲᠠᠨ ᠢ᠋ ᠠᠵᠤ ᠠᠬᠤᠢᠯᠠᠯ ᠳ᠋ᠤ ᠣᠷᠣᠭᠤᠯᠤᠨ ᠠᠪᠴᠢᠷᠠᠵᠤ᠂ ᠫᠷᠤᠹᠸᠰᠰᠤᠷ᠂ ᠳ᠋ᠣᠺᠲ᠋ᠣᠷᠠᠨᠲ᠂ ᠠᠰᠫᠢᠷᠠᠨᠲ ᠪᠣᠯᠤᠨ ᠵᠢᠩᠬᠢᠨᠢ ᠠᠩᠬᠢ ᠶ᠋ᠢᠨ ᠰᠤᠷᠤᠬ᠍ᠴᠢ ᠪᠣᠯᠤᠨ ᠠᠵᠤ ᠠᠬᠤᠢᠯᠠᠯ ᠤ᠋ᠨ ᠮᠡᠷᠭᠡᠵᠢᠯ ᠤ᠋ᠨ ᠠᠵᠢᠯᠳᠠᠨᠬᠠᠮᠲᠤᠷᠠᠯᠴᠠᠵᠤ᠂ ᠠᠵᠤ ᠦᠢᠯᠡᠰ ᠤ᠋ᠨ ᠬᠦᠴᠢᠷ ᠠᠰᠠᠭᠤᠳᠠᠯ ᠢ᠋ ᠬᠠᠮᠲᠤ ᠪᠡᠷ ᠱᠢᠢᠳᠪᠦᠷᠢᠯᠡᠵᠦ᠍᠂ ᠠᠵᠤ ᠠᠬᠤᠢᠯᠠᠯ ᠤ᠋ᠨ ᠠᠰᠠᠭᠤᠳᠠᠯ ᠢ᠋ ᠱᠢᠢᠳᠪᠦᠷᠢᠯᠡᠵᠦ᠍᠂ ᠠᠵᠤ ᠦᠢᠯᠡᠰ ᠤ᠋ᠨ ᠱᠢᠨ᠎ᠡ ᠵᠢ ᠡᠭᠦᠳᠬᠦ᠌ ᠵᠢ ᠪᠡᠶᠡᠯᠡᠭᠦᠯᠪᠡ᠃ ᠵᠢᠱ᠌ᠢᠶᠡᠯᠡᠪᠡᠯ᠂ ᠪᠢᠳᠡ ᠣᠲᠣ ᠯᠢᠦ ᠵᠠᠨ ᠢᠩ ᠫᠷᠤᠹᠸᠰᠰᠤᠷ ᠤ᠋ᠨ ᠪᠦᠯᠬᠦᠮ ᠲᠠᠢ ᠬᠠᠮᠲᠤᠷᠠᠨ ᠠᠵᠢᠯᠯᠠᠵᠤ ᠪᠠᠢᠭ᠎ᠠ ᠲᠥᠷᠥᠯ ᠵᠦᠶ᠋ᠯ ᠳ᠋ᠤ᠂ ᠰᠤᠷᠭᠠᠭᠤᠯᠢ ᠶ᠋ᠢᠨ ᠪᠠᠭ᠍ᠰᠢ ᠶ᠋ᠢᠨ ᠪᠦᠯᠬᠦᠮ ᠪᠣᠯᠤᠨ ᠠᠵᠤ ᠠᠬᠤᠢᠯᠠᠯ ᠤ᠋ᠨ ᠵᠢᠯᠣᠭᠣᠳᠣᠭ᠍ᠴᠢ ᠪᠠᠭ᠍ᠰᠢ ᠶ᠋ᠢᠨ ᠪᠦᠯᠬᠦᠮ ᠤ᠋ᠨ ᠬᠠᠮᠲᠤ ᠶ᠋ᠢᠨ ᠵᠢᠯᠣᠭᠣᠳᠣᠯᠭ᠎ᠠ ᠳᠤᠤᠷ᠎ᠠ᠂ ᠰᠤᠳᠤᠯᠬᠤ ᠰᠣᠷᠣᠭ᠍ᠴᠢ ᠪᠦᠷᠢᠨ ᠲᠤᠱᠢᠶᠠᠯ ᠢ᠋ᠶ᠋ᠡᠷ ᠠᠵᠤ ᠠᠬᠤᠢᠯᠠᠯ ᠳ᠋ᠤ ᠰᠤᠳᠤᠯᠭᠠᠨ ᠬᠢᠵᠦ᠍᠂ ᠥᠨᠳᠥᠷ ᠨᠢᠭ᠍ᠲᠠᠴᠠ ᠲᠠᠢ ᠢᠰᠭᠡᠬᠦ᠌ ᠤᠷ᠎ᠠ ᠮᠡᠷᠭᠡᠵᠢᠯ ᠤ᠋ᠨ ᠪᠤᠭᠤᠮᠲᠠ ᠵᠢ ᠰᠢᠪᠲᠤᠯᠪᠠ᠃ ᠣᠳᠣᠬᠠᠨ ᠳ᠋ᠤ ᠮᠠᠨ ᠤ᠋ ᠺᠣᠮᠫᠠᠨᠢ ᠨᠢᠭᠡᠨᠲᠡ ᠡᠨᠡ ᠬᠦ᠌ ᠮᠡᠷᠭᠡᠵᠢᠯ ᠤ᠋ᠨ ᠠᠵᠤ ᠦᠶ᠋ᠯᠡᠳᠪᠦᠷᠢᠵᠢᠭ᠌ᠰᠡᠨ ᠦᠶ᠋ᠯᠡᠳᠪᠦᠷᠢᠯᠡᠯ ᠢ᠋ ᠪᠡᠶᠡᠯᠡᠭᠦᠯᠵᠦ᠍᠂ ᠠᠵᠤ ᠠᠬᠤᠢᠯᠠᠯ ᠤ᠋ᠨ ᠠᠵᠤ ᠠᠬᠤᠶ ᠶ᠋ᠢᠨ ᠦᠷ᠎ᠡ ᠠᠱᠢᠭ ᠢ᠋ ᠢᠯᠡᠳᠲᠡ ᠳᠡᠭᠡᠭ᠌ᠰᠢᠯᠡᠭᠦᠯᠦᠭ᠌ᠰᠡᠨ ᠪᠠᠢᠨ᠎ᠠ᠃ ᠡᠭᠦᠨ ᠤ᠋ ᠬᠠᠮᠲᠤ᠂ ᠰᠤᠷᠭᠠᠭᠤᠯᠢ ᠪᠠ ᠠᠵᠤ ᠠᠬᠤᠢᠯᠠᠯ ᠬᠠᠮᠲᠤ ᠪᠡᠷ ᠴᠢᠳᠠᠪᠤᠷᠢᠲᠠᠨ ᠬᠥᠮᠦᠵᠢᠭᠦᠯᠬᠦ᠌ ᠪᠡᠷ ᠳᠠᠮᠵᠢᠭᠤᠯᠤᠨ᠂ ᠠᠵᠤ ᠠᠬᠤᠢᠯᠠᠯ ᠳ᠋ᠤ ᠴᠢᠳᠠᠪᠤᠷᠢᠲᠠᠨ ᠤ᠋ ᠪᠡᠯᠡᠳᠭᠡᠯ ᠬᠦᠴᠦᠨ ᠨᠥᠭᠡᠴᠡᠯᠡᠭ᠌ᠰᠡᠨ ᠪᠠᠢᠨ᠎ᠠ》 ᠭᠡᠯ᠎ᠠ᠃
ᠠᠵᠤ ᠦᠶ᠋ᠯᠡᠰ ᠪᠠ ᠵᠢᠭᠠᠨ ᠰᠤᠷᠭᠠᠯᠲᠠ ᠶ᠋ᠢᠨ ᠠᠭᠤᠰᠤᠯᠴᠠᠯ ᠢ᠋ ᠭᠦᠨᠵᠡᠭᠡᠢᠷᠡᠭᠦᠯᠵᠦ᠍᠂ ᠴᠢᠨᠠᠷ ᠰᠠᠢᠲᠠᠶ ᠬᠠᠮᠵᠢᠯᠴᠠᠨ ᠴᠢᠳᠠᠪᠤᠷᠢᠲᠠᠨ ᠬᠥᠮᠦᠵᠢᠭᠦᠯᠬᠦ᠌ ᠵᠢ ᠠᠬᠢᠭᠤᠯᠬᠤ ᠳ᠋ᠤ ᠥᠪᠥᠷ ᠮᠣᠩᠭᠣᠯ ᠤ᠋ᠨ ᠵᠢᠩᠬᠢᠨᠢ ᠠᠩᠭᠢ ᠶ᠋ᠢᠨ ᠶᠡᠬᠡ ᠳᠡᠭᠡᠳᠦ ᠰᠤᠷᠭᠠᠭᠤᠯᠢ ᠶᠠᠮᠠᠷ ᠲᠠᠯ᠎ᠠ ᠪᠠᠷ ᠬᠦᠴᠦᠯᠡᠬᠦ᠌ ᠪᠣᠶ?
ᠥᠪᠡᠷᠲᠡᠭᠡᠨ ᠵᠠᠰᠠᠬᠤ ᠣᠷᠣᠨ ᠤ᠋ ᠰᠤᠷᠭᠠᠨ ᠬᠥᠮᠦᠵᠢᠯ ᠤ᠋ᠨ ᠲᠢᠩᠬᠢᠮ ᠤ᠋ᠨ ᠳᠠᠷᠤᠮᠠᠯᠯᠠᠨ ᠲᠠᠷᠬᠠᠭᠠᠭ᠍ᠰᠠᠨ 2025 ᠣᠨ ᠳ᠋ᠤ ᠵᠢᠩᠬᠢᠨᠢ ᠠᠩᠭᠢ ᠶ᠋ᠢᠨ ᠶᠡᠬᠡ ᠳᠡᠭᠡᠳᠦ ᠰᠤᠷᠭᠠᠭᠤᠯᠢ ᠶ᠋ᠢᠨ ᠴᠢᠳᠠᠪᠤᠷᠢᠲᠠᠨ ᠢ᠋ ᠬᠥᠮᠦᠵᠢᠭᠦᠯᠬᠦ᠌ ᠵᠤᠬᠢᠴᠠᠭᠤᠯᠤᠨ ᠲᠣᠬᠢᠷᠠᠭᠤᠯᠬᠤ ᠬᠡᠮᠵᠢᠶ᠎ᠡ ᠵᠢ ᠳᠡᠭᠡᠭᠰᠢᠯᠡᠭᠦᠯᠬᠦ ᠠᠵᠢᠯ ᠤ᠋ᠨ ᠲᠥᠰᠦᠯ ᠳ᠋ᠤ᠂ 《ᠵᠢᠱ᠌ᠢᠶ᠎ᠡ ᠦᠵᠡᠭᠦᠯᠬᠦ᠌ ᠴᠢᠨᠠᠷᠲᠠᠶ ᠣᠨᠴᠠᠯᠢᠭ᠍ᠲᠤ ᠶᠡᠬᠡ ᠳᠡᠭᠡᠳᠦ ᠰᠤᠷᠭᠠᠭᠤᠯᠢ ᠶ᠋ᠢᠨ ᠪᠥᠲᠥᠭᠡᠨ ᠪᠠᠢᠭᠤᠯᠤᠯᠲᠠ ᠵᠢ ᠠᠬᠢᠭᠤᠯᠤᠨ᠎ᠠ᠃ 〈ᠥᠪᠡᠷᠲᠡᠭᠡᠨ ᠵᠠᠰᠠᠬᠤ ᠣᠷᠣᠨ ᠤ᠋ ᠵᠢᠩᠬᠢᠨᠢ ᠠᠩᠭᠢ ᠶ᠋ᠢᠨ ᠶᠡᠬᠡ ᠳᠡᠭᠡᠳᠦ ᠰᠤᠷᠭᠠᠭᠤᠯᠢ ᠶ᠋ᠢᠨ ᠠᠵᠤ ᠦᠢᠯᠡᠰ ᠪᠠ ᠵᠢᠭᠠᠨ ᠰᠤᠷᠭᠠᠯᠲᠠ ᠵᠢ ᠠᠭᠤᠰᠤᠯᠴᠠᠭᠤᠯᠬᠤ ᠬᠡᠷᠡᠭ᠌ᠵᠢᠭᠦᠯᠬᠦ᠌ ᠲᠥᠰᠦᠯ〉 ᠢ᠋ ᠰᠤᠳᠤᠯᠤᠨ ᠲᠣᠭ᠍ᠲᠠᠭᠠᠵᠤ᠂ ᠵᠣᠬᠢᠶᠠᠮᠠᠯ ᠣᠶᠤᠨ ᠴᠢᠳᠠᠪᠤᠷᠢ᠂ ᠠᠮᠢᠳᠤ ᠪᠣᠳᠠᠰ ᠤ᠋ᠨ ᠡᠭᠦᠯᠳᠡᠷ ᠪᠣᠢᠵᠢᠭᠤᠯᠬᠤ ᠵᠡᠷᠭᠡ ᠬᠦᠷᠢᠶᠡᠨ ᠳ᠋ᠤ ᠢᠷᠡᠭᠡᠳᠦᠶ ᠶ᠋ᠢᠨ ᠮᠡᠷᠭᠡᠵᠢᠯ ᠤ᠋ᠨ ᠳᠡᠭᠡᠳᠦ ᠰᠤᠷᠭᠠᠭᠤᠯᠢ ᠵᠢ ᠪᠠᠢᠷᠢᠱᠢᠭᠤᠯᠤᠨ ᠪᠠᠢᠭᠤᠯᠵᠤ᠂ ᠰᠦᠯᠵᠢᠶᠡᠨ ᠤ᠋ ᠠᠮᠤᠷ ᠲᠦᠪᠱᠢᠨ᠂ ᠣᠶᠤᠨᠴᠢ ᠲᠠᠷᠢᠶᠠᠯᠠᠩ᠂ ᠠᠮᠢ ᠠᠬᠤᠶ ᠣᠷᠴᠢᠨ ᠲᠣᠭᠣᠷᠢᠨ ᠵᠡᠷᠭᠡ ᠬᠦᠷᠢᠶᠡᠨ ᠳ᠋ᠤ ᠲᠤᠰᠭᠠᠶ ᠮᠡᠷᠭᠡᠵᠢᠯ ᠤ᠋ᠨ ᠣᠨᠴᠠᠯᠢᠭ᠍ᠲᠤ ᠳᠡᠭᠡᠳᠦ ᠰᠤᠷᠭᠠᠭᠤᠯᠢ ᠵᠢ ᠪᠠᠢᠷᠢᠱᠢᠭᠤᠯᠤᠨ ᠪᠠᠢᠭᠤᠯᠵᠤ᠂ ᠳᠤᠤᠷ᠎ᠠ ᠤᠬᠲᠠᠷᠭᠤᠢ ᠶ᠋ᠢᠨ ᠠᠵᠤ ᠠᠬᠤᠶ᠂ ᠣᠳᠣᠬᠢᠴᠢᠯᠠᠭ᠍ᠰᠠᠨ ᠠᠵᠤ ᠦᠶ᠋ᠯᠡᠳᠪᠦᠷᠢ ᠵᠡᠷᠭᠡ ᠬᠦᠷᠢᠶᠡᠨ ᠳ᠋ᠤ ᠣᠲᠣ ᠦᠶ᠎ᠡ ᠶ᠋ᠢᠨ ᠠᠵᠤ ᠦᠶ᠋ᠯᠡᠰ ᠤ᠋ᠨ ᠳᠡᠭᠡᠳᠦ ᠰᠤᠷᠭᠠᠭᠤᠯᠢ ᠵᠢ ᠪᠠᠢᠷᠢᠱᠢᠭᠤᠯᠤᠨ ᠪᠠᠢᠭᠤᠯᠤᠨ᠎ᠠ᠃ ᠰᠤᠷᠭᠠᠭᠤᠯᠢ ᠪᠠ ᠠᠵᠤ ᠠᠬᠤᠢᠯᠠᠯ ᠤ᠋ᠨ ᠬᠠᠮᠲᠤᠷᠠᠯᠴᠠᠭ᠎ᠠ ᠬᠢᠵᠦ᠍ ᠬᠠᠮᠵᠢᠯᠴᠠᠨ ᠴᠢᠳᠠᠪᠤᠷᠢᠲᠠᠨ ᠬᠥᠮᠦᠵᠢᠭᠦᠯᠬᠦ᠌ ᠵᠢ ᠠᠬᠢᠭᠤᠯᠤᠨ᠎ᠠ᠃ ᠴᠢᠳᠠᠪᠤᠷᠢᠲᠠᠨ ᠬᠥᠮᠦᠵᠢᠭᠦᠯᠬᠦ᠌ ᠲᠥᠰᠦᠯ ᠳ᠋ᠤ ᠵᠠᠰᠠᠪᠤᠷᠢ ᠣᠷᠣᠭᠤᠯᠬᠤ ᠲᠣᠭ᠍ᠲᠠᠴᠠ ᠵᠢ ᠲᠡᠭᠦᠯᠳᠡᠷᠵᠢᠭᠦᠯᠵᠦ᠍᠂ ᠶᠡᠬᠡ ᠳᠡᠭᠡᠳᠦ ᠰᠤᠷᠭᠠᠭᠤᠯᠢ ᠵᠢ ᠵᠢᠭᠠᠨ ᠵᠢᠯᠣᠭᠣᠳᠴᠤ᠌ ᠬᠥᠮᠦᠵᠢᠭᠦᠯᠬᠦ᠌ ᠲᠥᠰᠦᠯ ᠢ᠋ ᠴᠠᠭ ᠲᠤᠬᠠᠶ ᠳ᠋ᠤᠨᠢ ᠱᠢᠯᠢᠳᠡᠭ᠌ᠵᠢᠭᠦᠯᠦᠨ ᠲᠣᠬᠢᠷᠠᠭᠤᠯᠵᠤ᠂ ᠦᠶ᠋ᠯᠡᠳᠦᠯᠭᠡ ᠶ᠋ᠢᠨ ᠵᠢᠭᠠᠨ ᠰᠤᠷᠭᠠᠯᠲᠠ ᠶ᠋ᠢᠨ ᠬᠤᠪᠢ ᠶ᠋ᠢᠨ ᠵᠢᠩ ᠢ᠋ ᠴᠢᠬᠤᠯᠠᠴᠢᠯᠠᠨ ᠳᠡᠭᠡᠭ᠌ᠰᠢᠯᠡᠭᠦᠯᠦᠨᠡ᠃ ᠵᠢᠩᠬᠢᠨᠢ ᠠᠩᠭᠢ ᠶ᠋ᠢᠨ ᠰᠣᠷᠣᠭ᠍ᠴᠢ ᠶ᠋ᠢᠨ ᠵᠠᠬᠢᠶᠠᠯᠠᠭ᠎ᠠ ᠶ᠋ᠢᠨ ᠬᠡᠯᠪᠡᠷᠢ ᠶ᠋ᠢᠨ ᠴᠢᠳᠠᠪᠤᠷᠢᠲᠠᠨ ᠢ᠋ ᠬᠠᠮᠲᠤᠷᠠᠨ ᠬᠥᠮᠦᠵᠢᠭᠦᠯᠬᠦ᠌ ᠵᠢ ᠦᠷᠭᠦᠯᠵᠢᠯᠡᠨ ᠠᠬᠢᠭᠤᠯᠵᠤ᠂ ᠬᠠᠮᠢᠶ᠎ᠠ ᠪᠥᠬᠥᠶ ᠶᠡᠬᠡ ᠳᠡᠭᠡᠳᠦ ᠰᠤᠷᠭᠠᠭᠤᠯᠢ ᠳ᠋ᠤ ᠲᠤᠰᠭᠠᠶ ᠳᠡᠮᠵᠢᠯᠭᠡ ᠦᠵᠡᠭᠦᠯᠵᠦ᠍᠂ 〈ᠰᠣᠷᠣᠭ᠍ᠴᠢ ᠡᠯᠰᠡᠬᠦ᠌ — ᠬᠥᠮᠦᠵᠢᠭᠦᠯᠬᠦ᠌ — ᠠᠵᠢᠯ ᠣᠯᠭᠣᠬᠤ 〉 ᠬᠠᠮᠵᠢᠯᠴᠠᠨ ᠬᠠᠮᠲᠤᠷᠠᠨ ᠬᠥᠳᠡᠯᠦᠯᠴᠡᠬᠦ᠌ ᠲᠣᠭ᠍ᠲᠠᠴᠠ ᠵᠢ ᠪᠠᠢᠭᠤᠯᠤᠨ᠎ᠠ》 ᠭᠡᠵᠤ ᠲᠤᠷᠠᠳᠪᠠ ᠃
ᠠᠵᠤ ᠦᠶ᠋ᠯᠡᠰ ᠪᠠ ᠵᠢᠭᠠᠨ ᠰᠤᠷᠭᠠᠯᠲᠠ ᠶ᠋ᠢᠨ ᠠᠭᠤᠰᠤᠯᠴᠠᠯ ᠢ᠋ ᠭᠦᠨᠵᠡᠭᠡᠢ ᠠᠬᠢᠭᠤᠯᠵᠤ᠂ ᠠᠵᠢᠯ ᠮᠡᠷᠭᠡᠵᠢᠯ ᠤ᠋ᠨ ᠰᠤᠷᠭᠠᠨ ᠬᠥᠮᠦᠵᠢᠯ ᠶᠠᠭ ᠨᠠᠩ ᠣᠯᠠᠨ ᠣᠷᠣᠨ ᠪᠦᠰᠡ ᠶ᠋ᠢᠨ ᠬᠥᠭ᠌ᠵᠢᠯᠲᠡ ᠳ᠋ᠤ ᠦᠶ᠋ᠯᠡᠴᠢᠯᠡᠬᠦ᠌ ᠤᠷᠠᠨ ᠴᠢᠳᠠᠪᠤᠷᠢᠲᠠᠨ᠂ ᠶᠡᠬᠡ ᠤᠯᠤᠰ ᠤ᠋ᠨ ᠤᠷᠠᠨ ᠳᠠᠷᠬᠠᠨ ᠢ᠋ ᠬᠥᠮᠦᠵᠢᠭᠦᠯᠵᠦ᠍ ᠪᠣᠶ᠃
ᠥᠪᠥᠷ ᠮᠣᠩᠭᠣᠯ ᠤ᠋ᠨ ᠠᠷᠠᠯᠵᠢᠶ᠎ᠠ ᠬᠤᠳᠠᠯᠳᠤᠭᠠᠨ ᠤ᠋ ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢ ᠶ᠋ᠢᠨ ᠮᠢᠨ ᠱᠢᠩ ᠠᠰᠠᠷ ᠤ᠋ᠨ ᠣᠶᠤᠨᠴᠢ ᠬᠣᠭᠣᠯᠠ ᠬᠢᠬᠦ᠌ ᠪᠣᠳᠠᠲᠤ ᠪᠣᠯᠪᠠᠰᠤᠷᠠᠯ ᠤ᠋ᠨ ᠲᠠᠰᠤᠭ ᠲᠦ᠍᠂ ᠠᠩᠬᠢᠯᠤᠮ᠎ᠠ ᠦᠨᠦᠷ ᠬᠠᠩᠬᠤᠯᠤᠭ᠍ᠰᠠᠨ ᠦᠶ᠋ᠯᠡᠳᠦᠯᠭᠡ ᠶ᠋ᠢᠨ ᠬᠢᠴᠢᠶᠡᠯ ᠶᠠᠭ ᠬᠦᠭᠵᠢᠶᠠᠨᠳᠠᠢ ᠶᠠᠪᠤᠭᠳᠠᠨ᠎ᠠ᠃ ᠰᠤᠷᠤᠭ᠍ᠴᠢᠳ ᠥᠪᠥᠷ ᠮᠣᠩᠭᠣᠯ ᠤ᠋ᠨ ᠰᠢ ᠪᠸᠢ ᠢᠳᠡᠭᠡᠨ ᠤᠮᠳᠠᠭᠠᠨ ᠤ᠋ ᠪᠦᠯᠦᠭ᠌ᠯᠡᠯ ᠺᠤᠮᠫᠠᠨᠢ ᠶ᠋ᠢᠨ ᠵᠢᠯᠣᠭᠣᠳᠣᠭ᠍ᠴᠢ ᠪᠠᠭ᠍ᠰᠢ ᠰᠦ ᠹᠦ᠋ ᠶ᠋ᠢᠨ ᠵᠢᠯᠣᠭᠣᠳᠣᠯᠭ᠎ᠠ ᠳᠤᠤᠷ᠎ᠠ᠂ ᠰᠢ ᠪᠸᠢ ᠢᠳᠡᠭᠡᠨ ᠤᠮᠳᠠᠭᠠᠨ ᠤ᠋ ᠣᠨᠴᠠᠯᠢᠭ᠍ᠲᠤ ᠭᠤᠯᠢᠷ ᠢᠳᠡᠭᠡᠨ — ᠶᠤᠤᠮᠠᠢ ᠶ᠋ᠢᠨ ᠭᠤᠯᠢᠷ ᠬᠤᠭᠤᠯᠠ ᠬᠢᠵᠦ᠂ ᠪᠠᠭ᠍ᠰᠢ ᠰᠤᠷᠤᠭ᠍ᠴᠢᠳ ᠮᠠᠰᠢ ᠶᠠᠭᠠᠷᠠᠯᠲᠠᠶ ᠮᠤᠡᠭᠭᠠᠨᠢᠨᠠ᠃
2023 ᠣᠨ ᠳ᠋ᠤ᠂ ᠥᠪᠥᠷ ᠮᠣᠩᠭᠣᠯ ᠤ᠋ᠨ ᠠᠷᠠᠯᠵᠢᠶ᠎ᠠ ᠬᠤᠳᠠᠯᠳᠤᠭᠠᠨ ᠤ᠋ ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢ ᠶ᠋ᠢᠨ ᠢᠳᠡᠭᠡᠨ ᠤᠮᠳᠠᠭᠠᠨ ᠤ᠋ ᠰᠠᠯᠪᠤᠷᠢ ᠪᠣᠯᠤᠨ ᠥᠪᠥᠷ ᠮᠣᠩᠭᠣᠯ ᠤ᠋ᠨ ᠰᠢ ᠪᠸᠢ ᠢᠳᠡᠭᠡᠨ ᠤᠮᠳᠠᠭᠠᠨ ᠤ᠋ ᠪᠦᠯᠦᠭ᠌ᠯᠡᠯ ᠺᠣᠮᠫᠠᠨᠢ ᠬᠠᠮᠲᠤᠷᠠᠨ ᠤᠷᠠᠨ ᠳᠠᠷᠬᠠᠨ ᠤ᠋ ᠠᠩᠭᠢ ᠵᠢ ᠪᠠᠢᠭᠤᠯᠵᠤ᠂ ᠳᠤᠮᠳᠠᠳᠤ ᠤᠯᠤᠰ ᠤ᠋ᠨ ᠣᠨᠴᠠᠯᠢᠭ ᠲᠠᠢ ᠱᠠᠪᠢ ᠳᠠᠭᠠᠭᠤᠯᠬᠤ ᠲᠦᠷᠢᠮ ᠤ᠋ᠨ ᠴᠢᠳᠠᠪᠤᠷᠢᠲᠠᠨ ᠬᠥᠮᠦᠵᠢᠭᠦᠯᠬᠦ᠌ ᠵᠠᠭ᠍ᠪᠤᠷ ᠢ᠋ ᠠᠬᠢᠭᠤᠯᠵᠤ᠂ ᠰᠤᠷᠭᠠᠭᠤᠯᠢ ᠠᠵᠤ ᠠᠬᠤᠢᠯᠠᠯ ᠬᠣᠶᠠᠷ ᠲᠠᠯ᠎ᠠ ᠪᠡᠷ ᠢ᠋ᠶ᠋ᠡᠨ ᠬᠠᠮᠲᠤ ᠪᠡᠷ ᠴᠢᠳᠠᠪᠤᠷᠢᠲᠠᠨ ᠬᠥᠮᠦᠵᠢᠭᠦᠯᠬᠦ᠌ ᠲᠥᠰᠦᠯ ᠲᠣᠭ᠍ᠲᠠᠭᠠᠵᠤ᠂ ᠠᠵᠤ ᠠᠬᠤᠢᠯᠠᠯ ᠤ᠋ᠨ ᠲᠣᠭ᠍ᠲᠠᠭᠠᠭ᠍ᠰᠠᠨ ᠬᠢᠴᠢᠶᠡᠯ ᠨᠡᠭᠡᠭᠡᠵᠦ᠍᠂ ᠠᠵᠤ ᠠᠬᠤᠢᠯᠠᠯ ᠡᠴᠡ ᠠᠵᠤ ᠠᠬᠤᠢᠯᠠᠯ ᠤ᠋ᠨ ᠵᠢᠯᠣᠭᠣᠳᠣᠭ᠍ᠴᠢ ᠪᠠᠭ᠍ᠰᠢ ᠵᠢ ᠲᠣᠮᠢᠯᠠᠨ ᠶᠡᠬᠡ ᠰᠤᠷᠭᠠᠭᠤᠯᠢ ᠶ᠋ᠢᠨ ᠨᠢᠭᠡᠳᠦᠭᠡᠷ ᠤᠨ ᠳ᠋ᠤ ᠠᠵᠤ ᠠᠬᠤᠢᠯᠠᠯ ᠢ᠋ ᠲᠠᠨᠢᠨ ᠮᠡᠳᠡᠬᠦ ᠬᠢᠴᠢᠶᠡᠯ ᠣᠷᠣᠭᠤᠯᠵᠤ᠂ ᠬᠤᠶᠠᠳᠤᠭᠠᠷ ᠤᠨ ᠳ᠋ᠤ ᠠᠵᠤ ᠠᠬᠤᠢᠯᠠᠯ ᠤ᠋ᠨ ᠤᠷ᠎ᠠ ᠴᠢᠳᠠᠪᠤᠷᠢ ᠶ᠋ᠢᠨ ᠬᠢᠴᠢᠶᠡᠯ ᠣᠷᠣᠭᠤᠯᠵᠤ᠂ ᠭᠤᠷᠪᠠᠳᠤᠭᠠᠷ ᠤᠨ ᠳ᠋ᠤ ᠠᠵᠤ ᠠᠬᠤᠢᠯᠠᠯ ᠤ᠋ᠨ ᠠᠵᠢᠯ ᠤ᠋ᠨ ᠪᠠᠢᠷᠢ ᠶ᠋ᠢᠨ ᠬᠢᠴᠢᠶᠡᠯ ᠤᠷᠤᠭᠤᠯᠤᠨ᠂ ᠠᠵᠢᠯ ᠤ᠋ᠨ ᠪᠠᠢᠷᠢ ᠶ᠋ᠢᠨ ᠳᠠᠳᠤᠯᠭ᠎ᠠ ᠬᠢᠬᠦ ᠵᠢ ᠵᠢᠯᠤᠭᠤᠳᠴᠤ ᠪᠤᠢ᠃ ᠡᠭᠦᠨ ᠤ᠋ ᠬᠠᠮᠲᠤ᠂ ᠰᠤᠷᠭᠠᠭᠤᠯᠢ ᠠᠵᠤ ᠠᠬᠤᠢᠯᠠᠯ ᠬᠣᠶᠠᠷ ᠲᠠᠯ᠎ᠠ ᠪᠡᠷ ᠢ᠋ᠶ᠋ᠡᠨ ᠪᠠᠰᠠ ᠠᠵᠢᠯ ᠮᠡᠷᠭᠡᠵᠢᠯ ᠤ᠋ᠨ ᠰᠤᠷᠭᠠᠨ ᠬᠥᠮᠦᠵᠢᠯ ᠪᠠ ᠥᠭᠡᠷᠡᠴᠢᠯᠡᠯᠲᠡ ᠶ᠋ᠢᠨ ᠭᠤᠤᠯᠳᠠᠯᠭ᠎ᠠ ᠲᠠᠢ ᠡᠭᠦᠷᠭᠡ ᠵᠢ ᠬᠠᠮᠲᠤᠷᠠᠨ ᠭᠤᠶᠤᠴᠢᠯᠠᠨ ᠮᠡᠳᠡᠭᠦᠯᠵᠦ᠂ ᠰᠤᠷᠭᠠᠭᠤᠯᠢ ᠠᠵᠤ ᠠᠬᠤᠢᠯᠠᠯ ᠤ᠋ᠨ ᠬᠠᠮᠲᠤᠷᠠᠯᠴᠠᠭᠠᠨ ᠤ᠋ ᠨᠡᠢᠲᠡᠯᠢᠭ ᠦᠶ᠋ᠯᠡᠳᠪᠦᠷᠢᠯᠡᠯ ᠤ᠋ᠨ ᠦᠶ᠋ᠯᠡᠳᠦᠯᠭᠡ ᠶ᠋ᠢᠨ ᠲᠥᠷᠥᠯ ᠵᠦᠶ᠋ᠯ ᠵᠡᠷᠭᠡ ᠵᠢ ᠪᠠᠢᠭᠤᠯᠵᠤ᠂ ᠤᠷᠠᠨ ᠳᠠᠷᠬᠠᠨ ᠤ᠋ ᠠᠩᠭᠢ ᠶ᠋ᠢᠨ ᠵᠢᠭᠠᠨ ᠰᠤᠷᠭᠠᠯᠲᠠ ᠶ᠋ᠢᠨ ᠶᠠᠰᠤ ᠴᠢᠨᠠᠷ ᠢ᠋ ᠤᠯᠠᠮ ᠳᠡᠭᠡᠭ᠌ᠰᠢᠯᠡᠭᠦᠯᠵᠦ᠍᠂ ᠰᠤᠷᠤᠭ᠍ᠴᠢᠳ ᠤ᠋ᠨ ᠳᠠᠳᠤᠯᠭ᠎ᠠ ᠠᠵᠢᠯ ᠣᠯᠭᠣᠯᠲᠠ ᠵᠢ ᠨᠢᠭᠡ ᠴᠣᠭ᠍ᠴᠠᠵᠢᠭᠤᠯᠬᠤ ᠪᠠᠢᠭᠤᠯᠤᠯᠲᠠ ᠵᠢ ᠠᠬᠢᠭᠤᠯᠪᠠ᠃
ᠥᠪᠡᠷᠲᠡᠭᠡᠨ ᠵᠠᠰᠠᠬᠤ ᠣᠷᠣᠨ ᠤ᠋ ᠰᠤᠷᠭᠠᠨ ᠬᠥᠮᠦᠵᠢᠯ ᠤ᠋ᠨ ᠲᠢᠩᠬᠢᠮ ᠤ᠋ᠨ ᠲᠣᠭ᠎ᠠ ᠪᠠᠷᠢᠮᠲᠠ ᠳ᠋ᠤ ᠬᠠᠷᠠᠭᠤᠯᠤᠬᠰᠠᠨ ᠢ᠋ᠶ᠋ᠡᠷ᠂ ᠣᠲᠣ ᠪᠣᠯᠲᠠᠯ᠎ᠠ᠂ ᠪᠥᠬᠥ᠌ ᠣᠷᠣᠨ ᠤ᠋ ᠠᠵᠢᠯ ᠮᠡᠷᠭᠡᠵᠢᠯ ᠤ᠋ᠨ ᠳᠡᠭᠡᠳᠦ ᠰᠤᠷᠭᠠᠭᠤᠯᠢ ᠶ᠋ᠢᠨ ᠰᠢ ᠪᠸᠢ ᠤᠷᠠᠨ ᠳᠠᠷᠬᠠᠨ ᠤ᠋ ᠠᠩᠭᠢ ᠮᠡᠲᠦ᠍ ᠶ᠋ᠢᠨ ᠵᠠᠬᠢᠶᠠᠯᠠᠭ᠎ᠠ ᠶ᠋ᠢᠨ ᠠᠩᠭᠢ ᠨᠡᠢᠲᠡ 909 ᠪᠠᠢᠵᠤ᠂ ᠠᠵᠤ ᠠᠬᠤᠢᠯᠠᠯ ᠳ᠋ᠤ ᠵᠠᠬᠢᠶᠠᠯᠠᠭ᠎ᠠ ᠶ᠋ᠢᠨ ᠬᠡᠯᠪᠡᠷᠢ ᠪᠡᠷ 3.1 ᠲᠦᠮᠡ ᠭᠠᠷᠤᠶ ᠮᠡᠷᠭᠡᠵᠢᠯ ᠴᠢᠳᠠᠪᠤᠷᠢ ᠶ᠋ᠢᠨ ᠴᠢᠳᠠᠪᠤᠷᠢᠲᠠᠨ ᠬᠥᠮᠦᠵᠢᠭᠦᠯᠵᠡᠶ᠃
ᠮᠠᠨ ᠤ᠋ ᠣᠷᠣᠨ ᠤ᠋ ᠠᠵᠢᠯ ᠮᠡᠷᠭᠡᠵᠢᠯ ᠤ᠋ᠨ ᠰᠤᠷᠭᠠᠨ ᠬᠥᠮᠦᠵᠢᠯ ᠠᠵᠤ ᠦᠶ᠋ᠯᠡᠰ ᠪᠠ ᠵᠢᠭᠠᠨ ᠰᠤᠷᠭᠠᠯᠲᠠ ᠶ᠋ᠢᠨ ᠠᠭᠤᠰᠤᠯᠴᠠᠯ ᠢ᠋ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠣᠢᠷ᠎ᠠ ᠶ᠋ᠢᠨ ᠵᠢᠯ ᠳ᠋ᠤ ᠬᠣᠲᠠ ᠶ᠋ᠢᠨ ᠬᠡᠪᠴᠢᠶᠡᠨ ᠤ᠋ ᠠᠵᠤ ᠦᠶ᠋ᠯᠡᠰ ᠪᠠ ᠰᠤᠷᠭᠠᠨ ᠬᠥᠮᠦᠵᠢᠯ ᠤ᠋ᠨ ᠬᠣᠯᠪᠣᠭᠠᠲᠤ ᠴᠣᠭ᠍ᠴᠠ᠂ ᠠᠵᠢᠯ ᠲᠥᠷᠥᠯ ᠤ᠋ᠨ ᠠᠵᠤ ᠦᠶ᠋ᠯᠡᠰ ᠪᠠ ᠵᠢᠭᠠᠨ ᠰᠤᠷᠭᠠᠯᠲᠠ ᠶ᠋ᠢᠨ ᠠᠭᠤᠰᠤᠯᠴᠠᠯ ᠤ᠋ᠨ ᠬᠠᠮᠲᠤ ᠶ᠋ᠢᠨ ᠴᠣᠭ᠍ᠴᠠ ᠵᠢ ᠰᠠᠢᠲᠤᠷ ᠪᠠᠢᠭᠤᠯᠤᠨ ᠬᠦᠴᠦᠷᠬᠡᠭ᠌ᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠨ ᠪᠠᠢᠭᠤᠯᠪᠠ᠃ ᠪᠥᠬᠥ᠌ ᠣᠷᠣᠨ ᠤ᠋ 6 ᠬᠣᠲᠠ ᠶ᠋ᠢᠨ ᠬᠡᠪᠴᠢᠶᠡᠨ ᠳ᠋ᠡᠬᠢ ᠠᠵᠤ ᠦᠶ᠋ᠯᠡᠰ ᠪᠠ ᠵᠢᠭᠠᠨ ᠰᠤᠷᠭᠠᠯᠲᠠ ᠶ᠋ᠢᠨ ᠬᠣᠯᠪᠣᠭᠠᠲᠤ ᠴᠣᠭ᠍ᠴᠠ ᠶ᠋ᠢᠨ ᠲᠤᠷᠱᠢᠯᠲᠠ ᠶ᠋ᠢᠨ ᠴᠡᠭ ᠤ᠋ᠨ ᠠᠢᠮᠠᠭ ᠬᠣᠲᠠ ᠬᠢᠭᠡᠳ ᠠᠵᠤ ᠦᠢᠯᠡᠰ ᠤ᠋ᠨ ᠬᠦᠷᠢᠶᠡᠯᠡᠩ ᠲᠣᠭᠣᠷᠢᠭ ᠭᠦᠨᠵᠡᠭᠡᠶ ᠬᠠᠮᠲᠤᠷᠠᠯᠴᠠᠵᠤ᠂ ᠡᠬᠢ ᠪᠠᠶᠠᠯᠢᠭ ᠢ᠋ ᠬᠠᠮᠲᠤ ᠪᠠᠷ ᠬᠦᠷᠲᠡᠬᠦ᠌ ᠵᠢ ᠪᠡᠶᠡᠯᠡᠭᠦᠯᠪᠡ; 11 ᠠᠵᠢᠯ ᠲᠥᠷᠥᠯ ᠤ᠋ᠨ ᠠᠵᠤ ᠦᠶ᠋ᠯᠡᠰ ᠪᠠ ᠵᠢᠭᠠᠨ ᠰᠤᠷᠭᠠᠯᠲᠠ ᠶ᠋ᠢᠨ ᠠᠭᠤᠰᠤᠯᠴᠠᠯ ᠤ᠋ᠨ ᠬᠠᠮᠲᠤ ᠶ᠋ᠢᠨ ᠴᠣᠭ᠍ᠴᠠ ᠭᠠᠳᠠᠭᠠᠳᠤᠯᠤᠭᠠ ᠶ᠋ᠢᠨ ᠰᠣᠯᠢᠯᠴᠠᠭᠠᠨ ᠤ᠋ ᠠᠷᠭ᠎ᠠ ᠵᠠᠮ ᠢ᠋ᠶ᠋ᠡᠨ ᠢᠳᠡᠪᠬᠢᠲᠡᠶ ᠥᠷᠭᠡᠳᠭᠡᠵᠦ᠍᠂ ᠠᠵᠢᠯ ᠲᠥᠷᠥᠯ ᠤ᠋ᠨ ᠰᠠᠯᠠᠭ᠎ᠠ ᠮᠥᠴᠢᠷ᠂ ᠣᠷᠣᠨ ᠤ᠋ ᠭᠠᠳᠠᠨᠠᠬᠢ ᠶᠡᠬᠡ ᠳᠡᠭᠡᠳᠦ ᠰᠤᠷᠭᠠᠭᠤᠯᠢ ᠯᠤᠭ᠎ᠠ ᠥᠷᠭᠡᠨ ᠲᠡᠯᠭᠡᠷ ᠬᠠᠮᠲᠤᠷᠠᠯᠴᠠᠵᠤ᠂ ᠪᠥᠬᠥ᠌ ᠲᠠᠯ᠎ᠠ ᠶ᠋ᠢᠨ᠂ ᠣᠯᠠᠨ ᠲᠠᠰ ᠳᠠᠪᠬᠤᠷᠭ᠎ᠠ ᠶ᠋ᠢᠨ᠂ ᠥᠷᠭᠡᠨ ᠬᠦᠷᠢᠶᠡᠨ ᠳ᠋ᠡᠬᠢ ᠠᠵᠤ ᠦᠶ᠋ᠯᠡᠰ ᠪᠠ ᠵᠢᠭᠠᠨ ᠰᠤᠷᠭᠠᠯᠲᠠ ᠶ᠋ᠢᠨ ᠠᠭᠤᠰᠤᠯᠴᠠᠯ ᠤ᠋ᠨ ᠠᠮᠢ ᠠᠬᠤᠶ ᠶ᠋ᠢᠨ ᠱᠢᠰᠲ᠋ᠧᠮ ᠢ᠋ ᠪᠠᠢᠭᠤᠯᠪᠠ᠃
ᠱᠢᠨ᠎ᠡ ᠡᠨᠧᠷᠭᠢ ᠶ᠋ᠢᠨ ᠰᠠᠯᠬᠢᠨᠤ ᠬᠦᠴᠦᠨ ᠤ᠋ ᠰᠡᠨᠭᠰᠡ ᠲᠠᠯ᠎ᠠ ᠨᠤᠲᠤᠭ ᠲᠦ᠍ ᠵᠢᠬᠳᠡᠷᠡᠨ ᠪᠤᠰᠴᠤ᠂ ᠤᠢᠷ᠎ᠠ ᠤᠬᠲᠠᠷᠭᠤᠢ ᠶ᠋ᠢᠨ ᠠᠵᠤ ᠠᠬᠤᠶ ᠤᠮᠠᠷᠠᠲᠤ ᠬᠢᠯᠢ ᠶ᠋ᠢᠨ ᠡᠬᠡ ᠭᠠᠵᠠᠷ᠎ᠲᠤ ᠦᠷᠨᠢᠨ ᠬᠦᠭᠵᠢᠵᠦ ᠪᠠᠢᠭ᠎ᠠ ᠴᠠᠭ ᠡᠷᠡᠨ ᠳ᠋ᠤ᠂ ᠥᠪᠥᠷ ᠮᠣᠩᠭᠣᠯ ᠤ᠋ᠨ ᠠᠵᠤ ᠦᠶ᠋ᠯᠡᠰ ᠢ᠋ ᠲᠠᠰ ᠳᠡᠪᠱᠢᠭᠦᠯᠬᠦ᠌ ᠶᠠᠪᠤᠴᠠᠳᠤ ᠴᠢᠳᠠᠪᠤᠷᠢᠲᠠᠨ ᠤ᠋ ᠬᠠᠩᠭᠠᠯᠭ᠎ᠠ ᠳ᠋ᠤ ᠬᠣᠯᠪᠣᠭ᠍ᠳᠠᠬᠤ ᠨᠢᠭᠡ ᠤᠳᠠᠭᠠᠨ ᠤ᠋ ᠰᠤᠷᠭᠠᠨ ᠬᠥᠮᠦᠵᠢᠯ ᠤ᠋ᠨ ᠬᠤᠪᠢᠰᠤᠯᠲᠠ ᠠᠭᠠᠵᠢᠮ ᠢ᠋ᠶ᠋ᠡᠷ ᠡᠬᠢᠯᠡᠵᠦ᠍᠂ ᠰᠤᠷᠭᠠᠨ ᠬᠥᠮᠦᠵᠢᠯ ᠤ᠋ᠨ ᠬᠡᠯᠬᠢᠶ᠎ᠡ᠂ ᠴᠢᠳᠠᠪᠤᠷᠢᠲᠠᠨ ᠤ᠋ ᠬᠡᠯᠬᠢᠶ᠎ᠡ ᠪᠣᠯᠤᠨ ᠠᠵᠤ ᠦᠶ᠋ᠯᠡᠰ ᠤ᠋ᠨ ᠬᠡᠯᠬᠢᠶ᠎ᠡ᠂ ᠱᠢᠨ᠎ᠡ ᠵᠢ ᠡᠭᠦᠳᠬᠦ᠌ ᠬᠡᠯᠬᠢᠶ᠎ᠡ ᠵᠡᠷᠭᠡ ᠪᠡᠷ ᠬᠥᠭ᠌ᠵᠢᠭ᠌ᠰᠡᠨ ᠴᠢᠨᠠᠷ ᠰᠠᠢᠲᠠᠶ ᠬᠥᠭ᠌ᠵᠢᠯᠲᠡ ᠶ᠋ᠢᠨ ᠱᠢᠨ᠎ᠡ ᠦᠵᠡᠮᠵᠢ ᠪᠠᠢᠳᠠᠯ ᠥᠪᠥᠷ ᠮᠣᠩᠭᠣᠯ ᠤ᠋ᠨ ᠡᠬᠡ ᠭᠠᠵᠠᠷ ᠲᠦ᠍ ᠵᠢᠷᠤᠭᠯᠠᠭᠳᠠᠵᠤ ᠪᠠᠢᠨ᠎ᠠ ᠁