5 ᠰᠠᠷ᠎ᠠ᠎ᠶ᠋ᠢᠨ 24 ᠤ᠋ ᠡᠳᠦᠷ᠂ ᠲᠦᠩᠯᠢᠶᠣᠤ ᠬᠣᠲᠠ᠎ᠶ᠋ᠢᠨ ᠬᠣᠷᠴᠢᠨ ᠲᠣᠭᠣᠷᠢᠭ᠎ᠤᠨ ᠠᠷᠠᠳ᠎ᠤᠨ ᠱᠢᠭᠦᠬᠦ᠌ ᠬᠣᠷᠢᠶᠠᠨ᠎ᠤ 《ᠠᠢ ᠯᠢᠨ ᠠᠵᠢᠯᠯᠠᠬᠤ ᠦᠷᠦᠭᠡ》᠎ᠳ᠋ᠤ᠌ ᠂ ᠰᠤᠷᠪᠤᠯᠵᠢᠯᠠᠭ᠍ᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭᠠᠷ ᠬᠤᠭᠤᠴᠠᠭᠠᠨ᠎ᠤ ᠱᠢᠯᠢᠳᠡᠭ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠲᠥᠷᠥᠯ ᠵᠦᠶ᠋ᠯ 》᠂ 《 ᠪᠥᠬᠥ᠌ ᠣᠷᠣᠨ᠎ᠤ ᠬᠠᠤᠯᠢ ᠵᠢᠨ ᠮᠡᠳᠡᠯᠬᠡ ᠵᠢ ᠲᠦᠭᠡᠮᠡᠯᠵᠢᠭᠦᠯᠬᠦ᠌ ᠬᠠᠤᠯᠢ᠎ᠪᠠᠷ ᠵᠠᠰᠠᠬᠤ ᠱᠢᠨ᠎ᠡ᠎ᠶ᠋ᠢ ᠡᠭᠦᠳᠦᠭ᠌ᠰᠡᠨ ᠬᠡᠷᠡᠭ᠎ᠦᠨ ᠵᠢᠱ᠌ᠢᠶ᠎ᠡ 》᠂ 《 ᠥᠪᠥᠷ ᠮᠣᠩᠭᠣᠯ᠎ᠤᠨ ᠵᠠᠯᠠᠭᠤᠴᠤᠳ᠎ᠤᠨ ᠲᠠᠪᠤᠨ ᠰᠠᠷ᠎ᠠ᠎ᠶ᠋ᠢᠨ ᠳᠥᠷᠪᠡᠨ᠎ᠦ ᠱᠠᠩᠨᠠᠯ᠎ᠤᠨ ᠲᠡᠮᠳᠡᠭ᠎ᠤᠨ ᠬᠠᠮᠲᠤ》 ᠵᠡᠷᠭᠡ ᠫᠠᠢᠰᠠ ᠢᠯᠡᠷᠬᠡᠢᠯᠡᠯ᠎ᠢ ᠬᠡᠷᠡᠮ ᠳᠦᠭᠦᠷᠡᠩ ᠡᠯᠭᠦᠭ᠌ᠰᠡᠨᠢ ᠣᠯᠵᠤ ᠬᠠᠷᠠᠪᠠ᠃
ᠬᠣᠷᠴᠢᠨ ᠲᠣᠭᠣᠷᠢᠭ᠎ᠤᠨ ᠠᠷᠠᠳ᠎ᠤᠨ ᠱᠢᠭᠦᠬᠦ᠌ ᠬᠣᠷᠢᠶᠠᠨ᠎ᠤ ᠨᠠᠮ᠎ᠤᠨ ᠤᠳᠤᠷᠢᠳᠭᠤ ᠳᠤᠭᠤᠢᠯᠠᠩ᠎ᠤᠨ ᠳᠡᠳ᠋ ᠱᠦᠵᠢ᠂ ᠳᠡᠳ᠋ ᠬᠣᠷᠢᠶᠠᠨ ᠳᠠᠷᠤᠭ᠎ᠠ ᠸᠠᠩ ᠠᠶ ᠯᠢᠨ᠎ᠳᠦ ᠠᠪᠴᠤ᠌ ᠬᠡᠯᠡᠪᠡᠯ᠂ ᠡᠳᠡᠭᠡᠷ ᠨᠢ ᠵᠣᠬᠢᠶᠠᠨ ᠪᠠᠢᠭᠤᠯᠤᠯᠲᠠ ᠪᠠ ᠣᠯᠠᠨ ᠲᠦᠮᠡᠨ᠎ᠡᠴᠡ ᠲᠡᠭᠦᠨ᠎ᠦ ᠠᠵᠢᠯ᠎ᠢ ᠮᠡᠳᠡᠷᠡᠨ ᠨᠤᠳᠠᠯᠠᠵᠤ ᠪᠠᠢᠭ᠎ᠠ ᠶᠠᠪᠤᠳᠠᠯ ᠪᠣᠯᠤᠨ᠎ᠠ᠃
ᠸᠠᠩ ᠠᠢ ᠯᠢᠨ ᠦᠨᠳᠦᠰᠦᠨ ᠱᠠᠲᠤᠨ᠎ᠤ ᠱᠢᠭᠦᠬᠦ᠌ ᠬᠣᠷᠢᠢ᠎ᠠ᠎ᠳᠤ 20 ᠭᠠᠷᠤᠢ ᠵᠢᠯ ᠦᠨᠳᠦᠰᠦᠯᠡᠵᠦ᠍᠂ ᠠᠷᠠᠳ ᠲᠦᠮᠡᠨ᠎ᠢᠶᠡᠷ ᠭᠣᠣᠯ ᠪᠣᠯᠭᠠᠬᠤ ᠬᠠᠤᠯᠢ ᠴᠠᠭᠠᠵᠠ᠎ᠶ᠋ᠢᠨ ᠤᠢ᠍ᠢᠯᠠᠭᠠᠭ᠍ᠳᠠᠬᠤᠨ᠎ᠢ ᠢᠮᠠᠭ᠍ᠲᠠ ᠪᠠᠷᠢᠮᠲᠠᠯᠠᠵᠤ᠂ ᠨᠡᠢᠭᠡᠮ᠎ᠦᠨ ᠵᠥᠷᠢᠴᠡᠯ᠎ᠢ ᠱᠢᠢᠳᠪᠦᠷᠢᠯᠡᠬᠦ᠌᠎ᠪᠡᠷ ᠬᠤᠪᠢ ᠵᠢᠨ ᠡᠭᠦᠷᠭᠡ᠎ᠪᠡᠨ ᠪᠣᠯᠭᠠᠵᠤ᠂ ᠪᠦᠬᠦ᠌ ᠰᠡᠳᠭᠢᠯ ᠪᠦᠬᠦ᠌ ᠵᠣᠷᠢᠭ᠎ᠢᠶᠠᠷ᠎ᠢᠶᠠᠨ ᠠᠷᠠᠳ ᠤᠯᠠᠨ᠎ᠤ ᠬᠦᠴᠢᠷ ᠵᠣᠪᠠᠭᠤᠷᠢ᠎ᠶ᠋ᠢ ᠱᠢᠢᠳᠪᠦᠷᠢᠯᠡᠪᠡ᠃ ᠲᠡᠷᠡ ᠬᠦᠯ ᠠᠯᠳᠠᠭ᠍ᠰᠠᠨ ᠨᠠᠰᠤᠨ᠎ᠳᠤ ᠦᠯᠦ᠍ ᠬᠦᠷᠦᠭ᠌ᠰᠡᠳ᠎ᠢ ᠬᠠᠯᠠᠮᠵᠢᠯᠠᠨ ᠬᠠᠢᠷᠠᠯᠠᠵᠤ᠂ 《ᠠᠢ ᠯᠢᠨ ᠠᠵᠢᠯᠯᠠᠬᠤ ᠦᠷᠦᠭᠡ》 ᠵᠢ ᠲᠦᠷᠦᠭᠦᠯᠡᠨ ᠪᠠᠢᠭᠤᠯᠵᠤ᠂ ᠵᠠᠯᠠᠭᠤᠴᠤᠳ ᠪᠠᠭᠠᠴᠤᠳ᠎ᠤᠨ ᠬᠠᠤᠯᠢ ᠪᠡᠷ ᠵᠠᠰᠠᠬᠤ ᠬᠥᠮᠦᠵᠢᠯ᠎ᠦᠨ ᠰᠠᠭᠤᠷᠢᠨ᠎ᠢ ᠪᠠᠢᠭᠤᠯᠵᠤ᠂ ᠲᠤᠭᠤᠷᠢᠨ ᠦᠷᠨᠢᠬᠦᠯᠬᠦ ᠬᠠᠤᠯᠢ ᠪᠡᠷ ᠵᠠᠰᠠᠬᠤ ᠬᠢᠴᠢᠶᠡᠯ ᠣᠷᠣᠵᠤ᠂ ᠲᠤᠬᠠᠢ᠎ᠶ᠋ᠢᠨ ᠭᠠᠵᠠᠷ᠎ᠤᠨ ᠤᠯᠠᠨ ᠲᠦᠮᠡᠨ ᠲᠡᠬᠦᠨ᠎ᠢ ᠤᠮᠠᠷᠠᠲᠤ ᠬᠢᠯᠢ᠎ᠶ᠋ᠢᠨ ᠲᠠᠯ᠎ᠠ ᠨᠤᠲᠤᠭ᠎ᠲᠠᠬᠢ 《ᠱᠢᠭᠦᠭ᠌ᠴᠢ ᠡᠵᠢ》 ᠬᠡᠵᠤ ᠲᠤᠳᠤᠨᠤᠴᠢᠯᠨᠨ ᠲᠠᠭᠤᠳᠠᠳᠠᠭ᠃
2004 ᠣᠨ᠎ᠳᠤ ᠸᠠᠩ ᠠᠢ ᠯᠢᠨ ᠬᠣᠷᠴᠢᠨ ᠲᠣᠭᠣᠷᠢᠭ᠎ᠤᠨ ᠠᠷᠠᠳ᠎ᠤᠨ ᠱᠢᠭᠦᠬᠦ᠌ ᠬᠣᠷᠢᠶᠠᠨ᠎ᠳᠤ ᠱᠢᠯᠭᠠᠨ ᠣᠷᠣᠵᠤ᠂ ᠤᠷᠢᠳ ᠬᠣᠵᠢᠳ ᠵᠠᠬᠢᠳᠠᠯ ᠰᠤᠷᠪᠤᠯᠵᠢᠯᠠᠯ᠎ᠤᠨ ᠠᠯᠪᠠᠨ ᠭᠡᠷ᠂ ᠢᠷᠭᠡᠨ᠎ᠦ ᠬᠡᠷᠡᠭ᠎ᠦᠨ ᠱᠢᠭᠦᠨ ᠲᠠᠰᠤᠯᠬᠤ ᠲᠢᠩᠬᠢᠮ᠂ ᠱᠢᠭᠦᠨ ᠲᠠᠰᠤᠯᠤᠯᠲᠠ᠎ᠳᠤ ᠬᠢᠨᠠᠯᠲᠠ ᠲᠠᠯᠪᠢᠬᠤ ᠲᠢᠩᠬᠢᠮ ᠵᠡᠷᠭᠡ ᠰᠠᠯᠠᠭ᠎ᠠ ᠮᠥᠴᠢᠷ᠎ᠲᠦ ᠠᠵᠢᠯᠯᠠᠵᠤ ᠦᠩᠭᠡᠷᠡᠪᠡ᠃ 2014 ᠣᠨ᠎ᠳᠤ ᠸᠠᠩ ᠠᠶ ᠯᠢᠨ ᠰᠠᠨᠠᠭᠠᠴᠢᠯᠠᠭ᠎ᠠ᠎ᠡᠴᠡ᠎ᠪᠠᠨ ᠪᠠᠭᠠᠴᠤᠳ᠎ᠤᠨ ᠱᠢᠭᠦᠨ ᠲᠠᠰᠤᠯᠬᠤ ᠠᠵᠢᠯ᠎ᠢ ᠬᠢᠬᠦ᠌᠎ᠪᠡᠷ ᠭᠤᠶᠤᠴᠢᠯᠠᠪᠠ᠃ ᠠᠩᠬ᠎ᠠ ᠤᠳᠠᠭ᠎ᠠ ᠨᠠᠰᠤᠨ᠎ᠳᠤ ᠦᠯᠦ᠍ ᠬᠦᠷᠦᠭ᠌ᠰᠡᠳ᠎ᠢ ᠰᠢᠬᠦᠬᠦ ᠦᠶ᠎ᠠ᠎ᠳᠦ᠂ ᠱᠢᠭᠦᠨ ᠲᠠᠰᠤᠯᠬᠤ ᠲᠢᠩᠬᠢᠮ ᠳ᠋ᠡᠬᠢ ᠲᠤᠷᠠᠩᠬᠠᠢ ᠬᠡᠦᠬᠡᠳ᠄ 《ᠱᠢᠭᠦᠭ᠌ᠴᠢ ᠠᠨᠢᠶ᠎ᠠ᠂ ᠱᠢᠭᠦᠯᠲᠡ ᠳᠠᠭᠤᠰᠤᠭ᠍ᠰᠠᠨ᠎ᠤ ᠲᠠᠷᠠᠭ᠎ᠠ ᠪᠢ ᠭᠡᠷ᠎ᠲᠡᠭᠡᠨ ᠬᠠᠷᠢᠵᠤ ᠪᠣᠯᠤᠨ᠎ᠠ ᠦᠦ?》 ᠭᠡᠵᠦ ᠠᠰᠠᠭᠤᠬᠤ ᠦᠶ᠎ᠠ ᠳ᠋ᠤ ᠲᠡᠷᠡ ᠬᠡᠳᠦᠢ ᠶᠡᠬᠡ ᠵᠢᠷᠦᠬᠡ ᠱᠢᠮᠱᠢᠷᠡᠭᠰᠡᠨᠢᠶᠡᠨ ᠤᠳᠤ ᠪᠣᠯᠲᠠᠯ᠎ᠠ ᠮᠠᠷᠲᠠᠭ᠎ᠠ ᠦᠭᠡᠢ᠃ ᠲᠡᠷᠡ ᠦᠶ᠎ᠡ᠎ᠡᠴᠡ ᠡᠬᠢᠯᠡᠨ᠂ ᠸᠠᠩ ᠠᠢ ᠯᠢᠨ ᠥᠪᠡᠷ᠎ᠦᠨ ᠡᠭᠦᠷᠭᠡ ᠬᠠᠷᠢᠭᠤᠴᠠᠯᠭ᠎ᠠ᠎ᠳᠠᠭᠠᠨ ᠨᠡᠩ ᠭᠦᠨᠵᠡᠭᠡᠢ ᠣᠢᠯᠠᠭᠠᠯᠲᠠ᠎ᠲᠠᠶ ᠪᠤᠯᠵᠤ ᠂ ᠲᠥᠪ ᠬᠢᠴᠢᠶᠡᠩᠭᠦᠢ᠎ᠪᠡᠷ ᠰᠢᠭᠦᠨ ᠲᠠᠰᠤᠯᠤᠯᠲᠠ ᠬᠢᠬᠦ᠎ᠶ᠋ᠢᠨ ᠬᠠᠮᠲᠤ᠂ ᠡᠳᠡᠭᠡᠷ ᠬᠡᠦᠬᠡᠳ᠎ᠦᠳ᠎ᠲᠦ ᠭᠡᠮᠱᠢᠨ ᠤᠬᠠᠭᠠᠷᠠᠵᠤ ᠵᠦᠪ ᠵᠠᠮ᠎ᠢᠶᠡᠷ ᠵᠠᠮᠨᠠᠬᠤ ᠲᠣᠬᠢᠶᠠᠯ ᠣᠯᠭᠣᠬᠤ᠎ᠪᠠᠷ ᠵᠣᠷᠢᠭ ᠱᠢᠭᠤᠳᠪᠠ᠃
ᠠᠵᠢᠯ᠎ᠤᠨ ᠳᠤᠮᠳᠠ ᠪᠠᠨ᠂ ᠸᠠᠩ ᠠᠶ ᠯᠢᠨ 《ᠭᠤᠷᠪᠠᠨ ᠭᠤᠷᠪᠠ》 ᠶ᠋ᠢᠨ ᠠᠵᠢᠯ᠎ᠤᠨ ᠠᠷᠭ᠎ᠠ᠎ᠶ᠋ᠢ ᠱᠢᠨ᠎ᠡ ᠵᠢ ᠡᠭᠦᠳᠦᠨ ᠳ᠋ᠦᠩᠨᠡᠪᠡ᠂ ᠲᠤᠬᠠᠢᠯᠠᠪᠠᠯ᠄ ᠱᠢᠭᠦᠯᠲᠡ᠎ᠡᠴᠡ ᠡᠮᠦᠨ᠎ᠡ ᠬᠡᠷ᠎ᠦᠨ ᠠᠬᠠᠮᠠᠳ ᠪᠠ ᠪᠠᠭ᠍ᠰᠢ᠎ᠨᠠᠷ᠎ᠢ ᠰᠤᠷᠪᠤᠯᠵᠢᠯᠠᠵᠤ᠂ ᠶᠠᠯ᠎ᠠ ᠬᠢᠭ᠌ᠰᠡᠨ ᠪᠠᠭᠠᠴᠤᠳ᠎ᠲᠠᠶ ᠠᠭᠤᠯᠵᠠᠵᠤ᠂ ᠱᠢᠭᠦᠯᠲᠡ᠎ᠡᠴᠡ ᠡᠮᠦᠨ᠎ᠡ ᠲᠦᠪᠯᠡᠷᠡᠭᠦᠯᠦᠨ ᠬᠠᠪᠰᠤᠷᠤᠨ ᠬᠥᠮᠦᠵᠢᠭᠦᠯᠦᠨ᠎ᠡ; ᠱᠢᠭᠦᠬᠦ᠌ ᠲᠢᠩᠬᠢᠮ᠎ᠳᠦ ᠥᠮᠥᠭ᠌ᠯᠡᠬᠦ᠌ ᠲᠠᠯ᠎ᠠ᠎ᠶ᠋ᠢᠨ ᠬᠢᠨ ᠰᠡᠳᠭᠢᠯ᠎ᠦᠨ ᠦᠭᠡ᠎ᠪᠡᠨ ᠶᠠᠷᠢᠵᠤ᠂ ᠵᠠᠭᠠᠯᠳᠤᠬᠤ ᠲᠠᠯ᠎ᠠ᠎ᠶ᠋ᠢᠨ ᠬᠢᠨ ᠬᠠᠤᠯᠢ ᠴᠠᠭᠠᠵᠠ᠎ᠶ᠋ᠢ ᠲᠣᠳᠣᠷᠬᠠᠶ ᠲᠠᠢᠯᠪᠤᠷᠢᠯᠠᠵᠤ᠂ ᠱᠢᠭᠦᠬᠦ᠌ ᠲᠤᠱᠢᠶᠠᠯᠲᠠᠨ ᠦᠨᠳᠦᠰᠦᠨ ᠵᠦᠶ᠋ᠯ᠎ᠢ ᠪᠠᠲᠤᠯᠠᠬᠤ ᠬᠥᠮᠦᠵᠢᠯ ᠬᠢᠨ᠎ᠡ; ᠰᠢᠭᠦᠯᠲᠡ ᠵᠢᠨ ᠳᠠᠷᠠᠭ᠎ᠠ ᠮᠥᠷᠳᠡᠨ ᠬᠠᠷᠢᠭᠤ ᠰᠤᠷᠪᠤᠯᠵᠢᠯᠠᠬᠤ᠎ᠪᠠᠨ ᠴᠢᠩᠭᠠᠳᠭᠠᠵᠤ᠂ ᠲᠡᠳᠡᠨ᠎ᠤ ᠬᠤᠢᠰᠢᠳᠠ᠎ᠵᠢᠨ ᠰᠤᠷᠤᠯᠭ᠎ᠠ᠎ᠪᠠᠨ ᠰᠡᠷᠭᠦᠭᠡᠬᠦ᠌᠂ ᠠᠵᠢᠯ ᠣᠯᠬᠤ ᠵᠡᠷᠭᠡ ᠲᠠᠯ᠎ᠠ᠎ᠪᠠᠷ ᠬᠠᠪᠰᠤᠷᠤᠯᠭ᠎ᠠ ᠬᠠᠨᠭᠭᠠᠵᠤ᠂ ᠶᠠᠯᠠᠳᠤ ᠬᠣᠯᠪᠣᠭ᠍ᠳᠠᠭ᠍ᠰᠠᠨ ᠨᠠᠰᠤᠨ᠎ᠳᠤ ᠥᠯᠥ᠍ ᠬᠦᠷᠦᠭ᠌ᠰᠡᠳ᠎ᠦᠨ ᠠᠮᠢᠳᠤᠷᠠᠯ᠎ᠤᠨ ᠵᠠᠮ᠎ᠳᠠᠭᠠᠨ ᠪᠤᠴᠠᠬᠤ᠎ᠶ᠋ᠢ ᠬᠥᠲᠥᠯᠥᠨ ᠵᠢᠯᠣᠭᠣᠳᠤᠨ᠎ᠠ᠃ 《ᠭᠤᠷᠪᠠᠨ ᠭᠤᠷᠪᠠ》 ᠵᠢᠨ ᠠᠵᠢᠯ᠎ᠤᠨ ᠠᠷᠭ᠎ᠠ᠎ᠨᠢ ᠶᠠᠯᠠᠳᠤ ᠬᠣᠯᠪᠣᠭ᠍ᠳᠠᠭ᠍ᠰᠠᠨ ᠨᠠᠰᠤᠨ᠎ᠳᠤ ᠥᠯᠥ᠍ ᠭᠦᠷᠦᠭ᠌ᠰᠡᠳ᠎ᠦᠨ《ᠦᠪᠡᠷ᠎ᠢ ᠪᠠᠨ ᠨᠢᠬᠡᠮᠦᠰᠦᠨ ᠪᠤᠯᠬᠤ ᠦᠬᠡᠢ ᠪᠤᠯᠤᠬᠰᠠᠨ ᠬᠡᠵᠤ ᠦᠵᠡᠬᠦ》 ᠰᠡᠳᠭᠢᠴᠡ᠎ᠶ᠋ᠢ ᠦᠨᠳᠦᠰᠦᠨ᠎ᠡᠴᠡ᠎ᠨᠢ ᠬᠤᠪᠢᠷᠠᠭᠤᠯᠵᠤ᠂ ᠨᠠᠰᠤᠨ᠎ᠳᠤ ᠥᠯᠥ᠍ ᠭᠦᠷᠦᠭ᠌ᠰᠡᠳ᠎ᠦᠨ ᠶᠠᠯ᠎ᠠ ᠬᠢᠬᠦ᠌᠎ᠶ᠋ᠢ ᠰᠡᠷᠭᠡᠢᠯᠡᠬᠦ᠌᠎ᠳᠦ ᠨᠢᠭᠡᠨ ᠢᠵᠢ ᠠᠵᠢᠯ᠎ᠤᠨ ᠱᠢᠰᠲ᠋ᠧᠮ᠎ᠢ ᠪᠠᠢᠭᠤᠯᠵᠤ᠂ ᠨᠡᠢᠲᠡ ᠮᠢᠩᠭ᠎ᠠ ᠭᠠᠷᠤᠶ ᠬᠡᠦᠬᠡᠳ ᠪᠠᠭᠠᠴᠤᠳ᠎ᠢ ᠬᠠᠪᠰᠤᠷᠤᠨ ᠵᠦᠪ ᠵᠠᠮ᠎ᠢᠶᠡᠷ ᠵᠠᠮᠨᠠᠭᠤᠯᠪᠠ᠃
2018 ᠣᠨ᠎ᠳᠤ 《ᠠᠢ ᠯᠢᠨ ᠠᠵᠢᠯᠯᠠᠬᠤ ᠦᠷᠦᠭᠡ》 ᠵᠢᠩᠬᠢᠨᠢ᠎ᠪᠡᠷ ᠪᠠᠢᠭᠤᠯᠤᠭ᠍ᠳᠠᠵᠤ᠂ ᠰᠢᠭᠦᠯᠲᠡ ᠡᠴᠡ ᠡᠮᠦᠨ᠎ᠡ ᠰᠡᠳᠭᠢᠴᠡ᠎ᠶ᠋ᠢᠨ ᠲᠠᠯ᠎ᠠ᠎ᠪᠠᠷ ᠭᠠᠷ ᠲᠦᠷᠦᠭᠦ᠌ ᠪᠠ ᠰᠢᠭᠦᠯᠲᠡ᠎ᠵᠢᠨ ᠳᠠᠷᠠᠭ᠎ᠠ ᠮᠥᠷᠳᠡᠨ ᠬᠠᠪᠰᠤᠷᠤᠨ ᠰᠤᠷᠭᠠᠬᠤ ᠵᠡᠷᠭᠡ ᠱᠢᠷᠢᠰ ᠠᠵᠢᠯ᠎ᠤᠨ ᠲᠣᠭ᠍ᠲᠡᠴᠡ᠎ᠶ᠋ᠢ ᠪᠠᠢᠭᠤᠯᠬᠤ᠎ᠪᠠᠷ ᠳᠠᠮᠵᠢᠨ᠂ ᠶᠠᠯᠠᠳᠤ ᠬᠣᠯᠪᠣᠭ᠍ᠳᠠᠭ᠍ᠰᠠᠨ ᠨᠠᠰᠤᠨ᠎ᠳᠤ ᠥᠯᠥ᠍ ᠬᠦᠷᠦᠭ᠌ᠰᠡᠳ᠎ᠢ ᠬᠠᠪᠰᠤᠷᠪᠠ᠃
ᠰᠤᠷᠭᠠᠭᠤᠯᠢ᠎ᠳᠤ ᠪᠠᠢᠭ᠎ᠠ ᠰᠤᠷᠤᠭ᠍ᠴᠢ ᠯᠢᠦ ᠣᠪᠣᠭ᠍ᠲᠤ ᠬᠠᠤᠯᠢ᠎ᠡᠴᠡ ᠵᠥᠷᠢᠴᠡᠨ ᠶᠠᠯ᠎ᠠ ᠬᠢᠭ᠌ᠰᠡᠨ ᠰᠡᠵᠢᠭ᠌ᠯᠡᠯᠲᠡᠶ ᠪᠠᠢᠵᠤ᠂ ᠬᠡᠷᠡᠭ ᠨᠢ ᠱᠢᠭᠦᠬᠦ᠌ ᠬᠣᠷᠢᠶ᠎ᠠ᠎ᠳᠤ ᠬᠦᠷᠦᠭ᠌ᠰᠡᠨ᠎ᠦ ᠳᠠᠷᠠᠭ᠎ᠠ᠂ ᠸᠠᠩ ᠠᠶ ᠯᠢᠨ ᠠᠵᠢᠯᠯᠠᠬᠤ ᠦᠷᠦᠭᠡ᠎ᠵᠢᠨ ᠭᠣᠣᠯᠯᠠᠭ᠍ᠴᠢ ᠪᠦᠷᠢᠯᠳᠦᠬᠦᠨ᠎ᠢᠶᠡᠨ ᠳᠠᠭᠠᠭᠤᠯᠤᠨ ᠲᠡᠷᠡ ᠳᠠᠷᠤᠶᠳᠤᠨᠢ ᠳᠠᠩᠰᠠ ᠡᠪᠬᠡᠮᠡᠯ᠎ᠢ ᠨᠢ ᠬᠢᠨᠠᠨ ᠦᠵᠡᠵᠦ᠍᠂ ᠶᠠᠯ᠎ᠠ ᠬᠢᠭ᠌ᠰᠡᠨ ᠪᠣᠳᠠᠲᠠᠶ ᠱᠢᠯᠲᠠᠭᠠᠨ᠎ᠢ ᠨᠢ ᠣᠢᠯᠠᠭᠠᠵᠤ᠂ ᠨᠡᠢᠭᠡᠮ᠎ᠦᠨ ᠪᠠᠢᠴᠠᠭᠠᠯᠲᠠ᠂ ᠭᠡᠷ ᠪᠦᠯᠢ᠎ᠶ᠋ᠢᠨ ᠰᠤᠷᠪᠤᠯᠵᠢᠯᠠᠭᠠᠬᠢᠬᠦ ᠪᠠᠷ ᠳᠡᠮᠵᠢᠨ᠂ ᠬᠡᠷᠡᠭ ᠶᠠᠪᠤᠳᠠᠯ᠎ᠤᠨ ᠥᠩᠭᠡᠷᠡᠯᠲᠡ᠎ᠶ᠋ᠢ ᠨᠠᠷᠢᠨ ᠣᠢᠯᠠᠭᠠᠵᠤ᠂ ᠯᠢᠦ ᠣᠪᠣᠭ᠍ᠲᠤ᠎ᠶ᠋ᠢᠨ ᠵᠠᠩ ᠴᠢᠨᠠᠷ᠎ᠤᠨ ᠣᠨᠴᠠᠯᠢᠭ᠂ ᠭᠡᠷ ᠪᠦᠯᠢ᠎ᠶ᠋ᠢᠨ ᠪᠠᠢᠳᠠᠯ᠂ ᠰᠤᠷᠭᠠᠭᠤᠯᠢᠳ᠋ᠡᠬᠢ ᠢᠯᠡᠷᠡᠯ᠂ ᠨᠡᠢᠭᠡᠮ᠎ᠦᠨ ᠬᠠᠷᠢᠯᠴᠠᠭ᠎ᠠ᠂ ᠥᠰᠴᠦ᠍ ᠪᠣᠢᠵᠢᠭ᠍ᠰᠠᠨ ᠥᠩᠭᠡᠷᠡᠯᠲᠡ᠂ ᠶᠠᠯ᠎ᠠ ᠬᠢᠭ᠌ᠰᠡᠨ ᠱᠢᠯᠲᠠᠭᠠᠨ᠂ ᠶᠠᠯ᠎ᠠ ᠬᠢᠬᠦ᠌ ᠡᠴᠡ ᠡᠮᠦᠨ᠎ᠡ ᠬᠣᠢᠨᠠᠬᠢ ᠢᠯᠡᠷᠡᠯ ᠵᠡᠷᠭᠡ ᠬᠦᠴᠦᠨ ᠵᠦᠢᠯ᠎ᠢ ᠶᠡᠷᠦᠩᠬᠡᠢᠯᠡᠨ ᠪᠣᠳᠣᠯᠬᠢᠯᠠᠵᠤ᠂ ᠡᠴᠦᠰ᠎ᠲᠡᠬᠡᠨ ᠱᠢᠭᠦᠬᠦ᠌ ᠬᠣᠷᠢᠶ᠎ᠠ᠎ᠡᠴᠡ ᠯᠢᠦ ᠣᠪᠣᠭ᠍ᠲᠤ᠎ᠶ᠋ᠢᠨ ᠡᠷᠡᠭᠦᠦ ᠱᠢᠢᠳᠭᠡᠯ᠎ᠢ ᠨᠢ ᠬᠣᠢᠱᠢᠯᠠᠭᠤᠯᠬᠤ᠎ᠪᠠᠷ ᠲᠤᠩᠬᠠᠭ᠍ᠯᠠᠵᠠᠶ᠃
《〈 ᠠᠶ ᠯᠢᠨ ᠠᠵᠢᠯᠯᠠᠬᠤ ᠦᠷᠦᠭᠡ〉 ᠵᠢᠨ ᠡᠭᠡᠴᠢᠨᠡᠷ ᠨᠠᠮᠠᠶ᠋ᠢ ᠭᠠᠯᠲᠤ ᠲᠡᠷᠭᠡᠨ ᠥᠷᠲᠡᠭᠡᠨ᠎ᠳᠦ ᠬᠦᠷᠭᠡᠵᠦ᠍᠂ ᠨᠠᠳᠠ᠎ᠳᠤ ᠮᠠᠰᠢ ᠣᠯᠠᠨ ᠦᠭᠡ ᠵᠠᠬᠢᠭ᠍ᠰᠠᠨ ᠶᠤᠮ᠂ ᠡᠨᠡ ᠤᠳᠠᠭᠠᠨ᠎ᠤ ᠠᠵᠠ ᠲᠣᠬᠢᠶᠠᠯ ᠬᠢᠯᠪᠠᠷ ᠪᠤᠰᠤ ᠪᠡᠷ ᠢᠷᠡᠭᠰᠡᠨ ᠭᠡᠳᠡᠭ᠎ᠢ ᠪᠢ ᠰᠠᠢᠨ ᠮᠡᠳᠡᠵᠦ᠍ ᠪᠠᠢᠨ᠎ᠠ᠂ ᠪᠢ ᠯᠠᠪᠲᠠᠶ ᠰᠠᠢᠲᠤᠷ ᠰᠤᠷᠤᠯᠴᠠᠵᠤ᠂ ᠠᠮᠢᠳᠤᠷᠠᠯ᠎ᠵᠢᠡᠨ ᠰᠢᠨ᠎ᠡ ᠪᠡᠷ ᠡᠬᠢᠯᠡᠭᠦᠯᠦᠨ᠎ᠡ ᠭᠡᠵᠦ ᠲᠡᠳᠡᠨ᠎ᠳᠦ ᠠᠮᠠᠯᠳᠠᠵᠠᠢ ᠁》 ᠰᠢᠭᠦᠯᠲᠡ᠎ᠵᠢᠨ ᠳᠠᠷᠠᠭ᠎ᠠ᠂ ᠠᠵᠢᠯᠯᠠᠬᠤ ᠦᠷᠦᠭᠡ᠎ᠵᠢᠨ ᠬᠢᠨ ᠴᠤ᠌ ᠰᠤᠷᠤᠬᠴᠢ ᠯᠢᠦ ᠣᠪᠣᠭ᠍ᠲᠤ ᠳ᠋ᠤ ᠬᠢᠨᠠᠯᠲᠠ ᠬᠠᠮᠢᠶᠠᠷᠤᠯᠳᠠ ᠪᠠᠨ ᠴᠢᠩᠭᠠᠳᠭᠠᠵᠤ᠂ ᠮᠥᠷᠳᠡᠨ ᠬᠠᠷᠢᠭᠤ ᠰᠤᠷᠪᠤᠯᠵᠢᠯᠠᠵᠤ᠂ ᠲᠡᠭᠦᠨ᠎ᠦ ᠦᠰᠦᠯᠳᠠ ᠪᠣᠢᠵᠢᠯᠲᠠ ᠪᠠ ᠬᠥᠭ᠌ᠵᠢᠯᠲᠡ᠎ᠶ᠋ᠢ ᠦᠷᠭᠦᠯᠵᠢᠯᠡᠨ ᠠᠩᠬᠠᠷᠴᠤ᠌᠂ ᠴᠠᠭ ᠲᠤᠬᠠᠢ ᠳ᠋ᠤᠨᠢ ᠬᠠᠪᠰᠤᠷᠤᠯᠭ᠎ᠠ ᠦᠵᠡᠭᠦᠯᠪᠡ᠃
ᠸᠠᠩ ᠠᠶ ᠯᠢᠨ᠄ 《ᠨᠢᠭᠡ ᠬᠡᠦᠬᠡᠳ᠂ ᠨᠢᠭᠡ ᠬᠡᠷ ᠪᠦᠯᠢ ᠲᠠᠢ ᠲᠥᠷᠥᠯ ᠰᠠᠳᠤᠨ ᠡᠴᠡ᠎ᠪᠠᠨ ᠴᠤ᠌ ᠳᠣᠲᠣᠨᠣ ᠬᠠᠷᠢᠴᠠᠭ᠎ᠠ ᠪᠠᠢᠭᠤᠯᠤᠨ᠎ᠠ ᠬᠡᠪᠠᠯ ᠤᠨᠴᠠ ᠵᠢᠨ ᠬᠠᠢᠷ᠎ᠠ ᠬᠠᠯᠠᠮᠵᠢ᠂ ᠬᠦᠯᠢᠴᠡᠩᠭᠦᠶ ᠰᠡᠳᠬᠢᠯ ᠪᠠᠢᠬᠤ ᠬᠡᠷᠡᠭᠳᠡᠢ᠂ ᠡᠭᠦᠨ᠎ᠤ ᠲᠦᠯᠦᠭᠡ ᠲᠤᠢᠯ᠎ᠤᠨ ᠶᠡᠬᠡ ᠴᠢᠷᠮᠠᠢᠯᠭ᠎ᠠ ᠭᠠᠷᠭᠠᠵᠤ᠂ ᠦᠨᠡᠨ ᠰᠡᠳᠭᠢᠯ᠎ᠢᠶᠡᠷ᠎ᠢᠶᠡᠨ ᠬᠠᠨᠳᠤᠵᠤ᠂ ᠡᠴᠦᠰ᠎ᠲᠡᠬᠡᠨ ᠲᠡᠳᠡᠨ᠎ᠦ ᠢᠲᠡᠭᠡᠯ᠎ᠢ ᠤᠯᠬᠤ ᠬᠡᠷᠡᠭ᠌ᠲᠡᠶ》 ᠭᠡᠪᠡ᠃
ᠠᠵᠢᠯᠯᠠᠬᠤ ᠦᠷᠦᠭᠡ᠎ᠨᠢ《ᠨᠢᠭᠡ ᠨᠢᠬᠡ ᠬᠦᠮᠦᠨ᠎ᠳᠦ ᠬᠠᠨᠳᠤᠭᠤᠯᠤᠬᠰᠠᠨ》 ᠰᠤᠷᠤᠯᠭ᠎ᠠ᠎ᠶ᠋ᠢᠨ ᠲᠡᠳᠬᠦᠮᠵᠢ᠎ᠪᠡᠷ ᠬᠠᠪᠰᠤᠷᠤᠨ ᠲᠡᠳᠬᠦᠬᠦ᠌ ᠲᠥᠷᠥᠯ ᠵᠦᠶ᠋ᠯ᠎ᠢ ᠵᠣᠬᠢᠶᠠᠨ ᠪᠠᠢᠭᠤᠯᠤᠨ ᠥᠷᠨᠢᠭᠦᠯᠬᠦ᠌᠎ᠪᠡᠷ ᠳᠠᠮᠵᠢᠨ ᠨᠡᠢᠲᠡ 15 ᠲᠦᠮᠡ ᠭᠠᠷᠤᠶ ᠲᠥᠭᠥᠷᠢᠭ᠎ᠦᠨ ᠰᠤᠷᠤᠯᠭ᠎ᠠ᠎ᠶ᠋ᠢᠨ ᠲᠡᠳᠬᠦᠮᠵᠢ᠎ᠶ᠋ᠢᠨ ᠮᠥᠩᠭᠥ᠌ ᠬᠠᠩᠭᠠᠵᠤ᠂ 100 ᠭᠠᠷᠤᠶ ᠨᠠᠰᠤᠨ᠎ᠳᠤ ᠥᠯᠥ᠍ ᠭᠦᠷᠦᠭ᠌ᠰᠡᠳ᠎ᠢ ᠬᠠᠪᠰᠤᠷᠴᠤ ᠳᠡᠳᠡᠨ᠎ᠳᠦ ᠳᠠᠬᠢᠨ ᠰᠤᠷᠤᠯᠴᠠᠬᠤ ᠲᠣᠬᠢᠶᠠᠯ ᠣᠯᠭᠣᠵᠠᠶ᠃ ᠬᠥᠳᠡᠯᠮᠦᠷᠢ ᠠᠵᠢᠯ ᠣᠯᠭᠣᠯᠲᠠ᠎ᠶ᠋ᠢᠨ ᠪᠣᠯᠪᠠᠰᠤᠷᠠᠯ᠎ᠤᠨ ᠪᠠᠢᠭᠤᠯᠤᠮᠵᠢ ᠵᠡᠷᠭᠡ ᠲᠥᠪᠬᠢᠨᠡᠭᠦᠯᠬᠦ᠌ ᠰᠠᠭᠤᠷᠢᠨ᠎ᠲᠠᠶ ᠬᠠᠮᠲᠤᠷᠠᠨ ᠠᠵᠢᠯᠯᠠᠬᠤ᠎ᠪᠠᠷ ᠳᠠᠮᠵᠢᠨ᠂ ᠡᠷᠡᠭᠦᠦ᠍᠎ᠶ᠋ᠢᠨ ᠬᠤᠭᠤᠴᠠᠭ᠎ᠠ ᠨᠢ ᠳᠦᠭᠦᠷᠴᠦ᠍ ᠰᠤᠯᠠᠯᠠᠭ᠍ᠳᠠᠭ᠍ᠰᠠᠨᠤ ᠳᠠᠷᠠᠭ᠎ᠠ ᠨᠢᠭᠡᠨᠲᠡ ᠨᠠᠰᠤᠨ᠎ᠳᠤ ᠬᠦᠷᠦᠭ᠌ᠰᠡᠨ ᠶᠠᠯᠠᠳᠤ ᠬᠣᠯᠪᠣᠭ᠍ᠳᠠᠭ᠍ᠰᠠᠳᠲᠤ ᠺᠣᠮᠫᠢᠦ᠋ᠲ᠋ᠧᠷ᠂ ᠮᠠᠱᠢᠨ ᠲᠡᠷᠭᠡ ᠰᠡᠯᠪᠢᠨ ᠵᠠᠰᠠᠬᠤ ᠵᠡᠷᠭᠡ ᠠᠵᠢᠯ ᠲᠥᠷᠥᠯ᠎ᠦᠨ ᠮᠡᠳᠡᠯᠭᠡ᠎ᠶ᠋ᠢ ᠰᠤᠷᠤᠯᠴᠠᠬᠤ ᠲᠤᠰᠭᠠᠶ ᠲᠠᠪᠴᠠᠩ ᠬᠠᠩᠭᠠᠵᠤ᠂ ᠲᠡᠳᠡᠨ ᠤ᠋ ᠮᠡᠷᠭᠡᠵᠢᠯ ᠴᠢᠳᠠᠪᠤᠷᠢ ᠡᠵᠡᠮᠱᠢᠭᠦᠳᠦ ᠬᠠᠪᠰᠤᠷᠴᠤ᠂ ᠠᠵᠢᠯ ᠣᠯᠬᠤ ᠴᠢᠳᠠᠪᠤᠷᠢ᠎ᠶ᠋ᠢ ᠨᠢ ᠳᠡᠭᠡᠭ᠌ᠰᠢᠯᠡᠭᠦᠯᠪᠡ᠃
ᠳᠠᠯᠠᠩ ᠪᠠᠯᠭᠠᠰᠤᠨ᠎ᠤ ᠵᠣ ᠵᠢᠨ ᠠᠢᠯ ᠰᠤᠷᠭᠠᠭᠤᠯᠢ᠎ᠶ᠋ᠢᠨ ᠬᠠᠤᠯᠢ ᠪᠡᠷ ᠵᠠᠰᠠᠬᠤ 《ᠪᠢᠴᠢᠬᠠᠨ ᠰᠠᠢ᠌ᠨ ᠲᠤᠷᠠᠴᠤᠳ》 ᠤ᠋ᠨ ᠰᠠᠢ᠌ᠨ ᠳᠤᠷ᠎ᠠ᠎ᠶ᠋ᠢᠨ ᠦᠢᠯᠡᠴᠢᠯᠡᠭᠡᠨ᠎ᠦ ᠠᠩᠬᠢ᠎ᠶ᠋ᠢᠨ ᠡᠬᠢᠯᠡᠯᠲᠡ᠎ᠶ᠋ᠢᠨ ᠶᠣᠰᠣᠯᠠᠯ᠎ᠤᠨ ᠠᠬᠤᠢ ᠲᠠᠯᠠᠪᠠᠢ᠎ᠳᠤ᠂ ᠸᠠᠩ ᠠᠢ ᠯᠢᠨ ᠬᠡᠦᠬᠡᠳ᠎ᠦᠳ᠎ᠲᠦ ᠨᠢᠭᠡ ᠤᠳᠠᠭ᠎ᠠ᠎ᠶ᠋ᠢᠨ ᠥᠪᠡᠷᠮᠢᠴᠡ ᠣᠨᠴᠠᠯᠢᠭ᠎ᠲᠠᠶ ᠬᠠᠤᠯᠢ ᠪᠡᠷ ᠵᠠᠰᠠᠬᠤ ᠬᠢᠴᠢᠶᠡᠯ ᠤᠷᠤᠪᠠ᠃ ᠲᠡᠷᠡ ᠬᠠᠤᠯᠢ ᠪᠡᠷ ᠵᠠᠰᠠᠬᠤ 《ᠪᠢᠴᠢᠬᠠᠨ ᠰᠠᠢᠨ ᠲᠤᠷᠠᠴᠤᠳ》᠎ᠤ᠋ᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ ᠵᠢ ᠪᠠᠢᠭᠤᠯᠤᠭᠰᠠᠨ ᠣᠭ ᠰᠠᠨᠠᠭ᠎ᠠ᠎ᠶ᠋ᠢ ᠨᠠᠷᠢᠨ ᠲᠠᠨᠢᠯᠴᠠᠭᠤᠯᠵᠤ᠂ ᠨᠠᠰᠤᠨ᠎ᠳᠤ ᠥᠯᠥ᠍ ᠭᠦᠷᠦᠭ᠌ᠰᠡᠳ᠎ᠦᠨ ᠬᠠᠤᠯᠢ ᠪᠡᠷ ᠵᠠᠰᠠᠬᠤ ᠤᠬᠠᠭᠤᠯᠭ᠎ᠠ ᠪᠠ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠳᠦ ᠣᠷᠣᠯᠴᠠᠬᠤ᠎ᠶ᠋ᠢ ᠵᠣᠷᠢᠭ᠍ᠵᠢᠭᠤᠯᠬᠤ᠎ᠶ᠋ᠢᠨ ᠬᠠᠮᠲᠤ ᠰᠤᠷᠤᠭ᠍ᠴᠢᠳ᠎ᠤᠨ ᠲᠥᠯᠥᠭᠡᠯᠡᠭ᠌ᠴᠢᠳ᠎ᠲᠦ 《ᠠᠢ ᠯᠢᠨ ᠠᠵᠢᠯᠯᠠᠬᠤ ᠦᠷᠦᠭᠡ》 ᠤ᠋ᠨ ᠲᠤᠰᠭᠠᠶ ᠡᠩᠭᠡᠷ᠎ᠦᠨ ᠺᠠᠷᠲ ᠣᠯᠭᠣᠪᠠ᠃
《ᠠᠢ ᠯᠢᠨ ᠠᠵᠢᠯᠯᠠᠬᠤ ᠦᠷᠦᠭᠡ》 ᠱᠢᠭᠦᠬᠦ᠌ ᠬᠣᠷᠢᠶ᠎ᠠ᠂ ᠬᠡᠷ ᠪᠦᠯᠢ᠂ ᠰᠤᠷᠭᠠᠭᠤᠯᠢ ᠪᠠ ᠨᠡᠢᠭᠡᠮ᠎ᠦᠨ ᠬᠦᠴᠦᠨ᠎ᠢ ᠨᠡᠢᠳᠬᠡᠨ᠂ ᠬᠠᠤᠯᠢ ᠵᠢᠨ ᠮᠡᠳᠡᠯᠬᠡ ᠵᠢ ᠲᠦᠭᠡᠮᠡᠯᠵᠢᠭᠦᠯᠬᠦ᠌ ᠤᠬᠠᠭᠤᠯᠭ᠎ᠠ᠂ ᠶᠠᠯ᠎ᠠ ᠬᠢᠬᠦ᠌᠎ᠶ᠋ᠢ ᠰᠡᠷᠭᠡᠢᠯᠡᠬᠦ᠌ ᠬᠦᠷᠢᠶᠡᠨ᠎ᠳᠦ ᠲᠠᠰᠤᠷᠠᠯᠲᠠ ᠥᠬᠡᠶ ᠰᠥᠪᠡᠭ᠌ᠴᠢᠯᠡᠯᠲᠡ ᠬᠢᠵᠦ᠍᠂ ᠵᠢᠯ ᠲᠤᠷᠰᠢ ᠡᠯ᠎ᠡ ᠶᠡᠬᠡ ᠳᠡᠭᠡᠳᠦ ᠰᠤᠷᠭᠠᠭᠤᠯᠢ ᠳᠤᠮᠳᠠᠳᠤ ᠪᠠᠭ᠎ᠠ ᠰᠤᠷᠭᠠᠭᠤᠯᠢ᠎ᠳᠤ ᠭᠦᠨᠵᠡᠭᠡᠢᠷᠡᠨ᠂ ᠰᠤᠷᠤᠭ᠍ᠴᠢᠳ᠎ᠲᠤ ᠰᠤᠷᠭᠠᠭᠤᠯᠢ᠎ᠶ᠋ᠢᠨ ᠬᠦᠷᠢᠶᠡᠨ᠎ᠳᠦ ᠦᠷᠭᠦᠯᠵᠢ ᠲᠣᠬᠢᠶᠠᠯᠳᠤᠳᠠᠭ ᠶᠠᠯᠠᠲᠤ ᠠᠵᠢᠯᠯᠠᠭ᠎ᠠ ᠵᠢᠴᠢ ᠰᠤᠷᠭᠠᠭᠤᠯᠢ᠎ᠶ᠋ᠢᠨ ᠬᠦᠷᠢᠶᠡᠨ ᠦ ᠳᠣᠷᠣᠮᠵᠢᠯᠠᠯ ᠢ ᠰᠡᠷᠭᠡᠢᠯᠡᠬᠦ᠌᠂ ᠥᠪᠡᠷ᠎ᠢ᠎ᠪᠡᠨ ᠬᠠᠮᠠᠭᠠᠯᠠᠬᠤ ᠪᠠᠨ ᠴᠢᠩᠭᠠᠳᠭᠠᠬᠤ ᠠᠷᠭ᠎ᠠ ᠮᠠᠶᠢᠭ ᠢ ᠳᠠᠢᠯᠪᠤᠷᠢᠯᠠᠵᠤ᠂ ᠰᠤᠷᠤᠭ᠍ᠴᠢᠳ᠎ᠤᠨ ᠵᠥᠪ ᠪᠤᠷᠤᠭᠤ᠎ᠶ᠋ᠢ ᠢᠯᠭᠠᠨ ᠲᠠᠨᠢᠬᠤ ᠪᠠ ᠮᠠᠭᠤ ᠥᠳᠥᠭᠡᠯᠭᠡ᠎ᠶ᠋ᠢ ᠡᠰᠡᠷᠭᠦᠴᠡᠨ ᠬᠣᠷᠢᠭ᠍ᠯᠠᠬᠤ ᠵᠢ ᠬᠥᠮᠦᠵᠢᠭᠦᠯᠦᠨ ᠵᠢᠯᠣᠭᠣᠳᠪᠠ᠃ ᠡᠭᠦᠨ᠎ᠦ ᠬᠠᠮᠲᠤ 77 ᠰᠤᠷᠭᠠᠭᠤᠯᠢ᠎ᠳᠤ ᠵᠠᠯᠠᠭᠤᠴᠤᠳ ᠪᠠᠭᠠᠴᠤᠳ᠎ᠤᠨ ᠬᠠᠤᠯᠢ ᠪᠡᠷ ᠵᠠᠰᠠᠬᠤ ᠬᠥᠮᠦᠵᠢᠯ᠎ᠦᠨ ᠰᠠᠭᠤᠷᠢᠨ᠎ᠢ ᠪᠠᠢᠭᠤᠯᠵᠤ᠂ ᠤᠷᠢᠳ ᠬᠣᠵᠢᠳ ᠬᠡᠳᠦᠨ ᠲᠦᠮᠡᠨ ᠪᠠᠭ᠍ᠰᠢ ᠰᠤᠷᠤᠭ᠍ᠴᠢ᠂ ᠭᠡᠷ᠎ᠦᠨ ᠠᠬᠠᠮᠠᠳ᠎ᠢ ᠤᠷᠢᠵᠤ ᠱᠢᠭᠦᠬᠦ᠌ ᠬᠣᠷᠢᠶᠠᠨ᠎ᠤ ᠨᠡᠭᠡᠭᠡᠯᠲᠡᠲᠦ ᠡᠳᠦᠷ᠂ ᠲᠢᠩᠬᠢᠮ᠎ᠦᠨ ᠱᠢᠭᠦᠯᠲᠡ᠎ᠶ᠋ᠢ ᠰᠤᠯᠠ ᠰᠣᠨᠣᠰᠭᠤ ᠵᠡᠷᠭᠡ ᠠᠵᠢᠯᠯᠠᠭ᠎ᠠ᠎ᠳᠤ ᠣᠷᠣᠯᠴᠠᠭᠤᠯᠵᠤ᠂ ᠬᠠᠤᠯᠢ ᠪᠡᠷ ᠵᠠᠰᠠᠬᠤ ᠡᠨᠡᠬᠦ ᠰᠤᠷᠭᠤᠭ ᠴᠡᠴᠡᠬᠡᠰᠢ ᠰᠤᠷᠭᠠᠭᠤᠯᠢ᠎ᠶ᠋ᠢᠨ ᠬᠦᠷᠢᠶᠡᠨ᠎ᠳᠦ ᠨᠡᠩ ᠪᠠᠳᠠᠷᠠᠭᠤᠯᠤᠨ ᠳᠡᠯᠭᠡᠷᠡᠭᠦᠯᠪᠡ᠃
ᠣᠯᠠᠨ ᠵᠢᠯ᠎ᠦᠨ ᠲᠤᠷᠰᠢ᠂ ᠸᠠᠩ ᠠᠢ ᠯᠢᠨ ᠪᠣᠯᠣᠨ ᠲᠡᠭᠦᠨ᠎ᠦ ᠬᠠᠷᠢᠭᠤᠴᠠᠵᠤ ᠪᠠᠢᠭ᠎ᠠ 《ᠠᠢ ᠯᠢᠨ ᠠᠵᠢᠯᠯᠠᠬᠤ ᠦᠷᠦᠭᠡ》 ᠣᠯᠠᠨ ᠵᠦᠢᠯ᠎ᠦᠨ ᠢᠷᠠᠭᠤ ᠠᠯᠳᠠᠷ ᠢ ᠭᠥᠷᠳᠡᠵᠡᠢ᠃ 5 ᠰᠠᠷ᠎ᠠ᠎ᠶᠢᠨ 23 ᠤ᠋ ᠡᠳᠦᠷ᠂ ᠪᠦᠬᠦ ᠤᠯᠤᠰ᠎ᠤᠨ ᠤᠶᠤᠨ᠎ᠤ ᠪᠣᠯᠪᠠᠰᠤᠨ᠎ᠤ ᠪᠠᠢᠭᠤᠯᠤᠯᠲᠠ᠎ᠶᠢᠨ ᠬᠥᠬᠢᠭᠦᠯᠦᠨ ᠰᠠᠢᠰᠢᠶᠠᠬᠤ ᠶᠡᠬᠡ ᠬᠤᠷᠠᠯ ᠪᠡᠭᠡᠵᠢᠩ᠎ᠳᠦ ᠬᠤᠷᠠᠯᠳᠤᠵᠤ᠂ ᠬᠤᠷᠠᠯ᠎ᠡᠴᠡ ᠶᠢᠰᠦᠳᠦᠭᠡᠷ ᠬᠤᠭᠤᠴᠠᠭᠠᠨ᠎ᠤ ᠪᠦᠬᠦ ᠤᠯᠤᠰ᠎ᠤᠨ ᠶᠣᠰᠣ᠌ ᠰᠤᠷᠲᠠᠬᠤᠨ᠎ᠤ ᠵᠢᠱ᠌ᠢᠶᠡᠴᠢ᠎ᠶᠢ ᠬᠥᠬᠢᠭᠦᠯᠦᠨ ᠰᠠᠢᠰᠢᠶᠠᠵᠤ᠂ ᠸᠠᠩ ᠠᠢ ᠯᠢᠨ ᠪᠦᠬᠦ ᠤᠯᠤᠰ᠎ᠤᠨ ᠪᠤᠰᠤᠳ᠎ᠢ ᠬᠠᠪᠰᠤᠷᠬᠤ᠎ᠪᠠᠷ ᠵᠢᠷᠭᠠᠯ᠎ᠢᠶᠠᠨ ᠪᠣᠯᠭᠠᠭᠰᠠᠨ ᠶᠣᠰᠣ᠌ ᠰᠤᠷᠲᠠᠬᠤᠨ᠎ᠤ ᠵᠢᠱ᠌ᠢᠶᠡᠴᠢ᠎ᠪᠡᠷ ᠰᠣᠩᠭᠣᠭᠳᠠᠪᠠ᠃ ᠬᠤᠢᠰᠢᠳᠠ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ᠎ᠢᠶᠠᠨ ᠦᠷᠭᠦᠯᠵᠢᠯᠡᠨ ᠴᠢᠩᠭᠠᠳᠬᠠᠨ᠂ ᠠᠵᠢᠯ᠎ᠤᠨ ᠴᠢᠳᠠᠪᠤᠷᠢ᠎ᠪᠠᠨ ᠳᠡᠭᠡᠭᠰᠢᠯᠡᠭᠦᠯᠵᠤ᠂ 《ᠤᠮᠠᠷᠠᠲᠤ ᠬᠢᠯᠢ᠎ᠶᠢᠨ ᠹᠸᠩᠴᠢᠶᠤᠤ》 ᠵᠢᠨ ᠬᠠᠤᠯᠢ ᠪᠠᠷᠢᠬᠤ ᠬᠠᠷᠠᠯᠲᠠᠲᠡᠢᠰᠢ ᠴᠢᠷᠮᠠᠢᠵᠤ᠂ ᠡᠬᠡ ᠤᠯᠤᠰ᠎ᠤᠨ ᠤᠮᠠᠷᠠᠲᠤ ᠬᠢᠯᠢ᠎ᠳᠦ ᠬᠠᠤᠯᠢ ᠪᠠᠷᠢᠬᠤ ᠬᠠᠯᠠᠭᠤᠨ ᠲᠤᠯᠠᠭᠠᠨ᠎ᠢᠶᠡᠷ ᠨᠠᠰᠤᠨ᠎ᠳᠤ ᠥᠯᠥ ᠭᠦᠷᠦᠭᠰᠡᠳ᠎ᠦᠨ ᠡᠷᠡᠭᠦᠯ᠎ᠢᠶᠡᠷ ᠦᠰᠦᠨ ᠪᠣᠢᠵᠢᠬᠤ᠎ᠶᠢ ᠰᠠᠬᠢᠨ ᠬᠠᠮᠠᠭᠠᠯᠠᠨ᠎ᠠ ᠭᠡᠵᠦ ᠲᠡᠷᠡ ᠢᠯᠡᠳᠬᠡᠪᠡ᠃