— ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶ᠋ᠢᠨ ᠵᠢᠱ᠌ᠢᠶᠡᠴᠢ᠂ ᠢᠯᠢ ᠪᠦᠯᠦᠭ᠌ᠯᠡᠯ ᠦᠨ ᠨᠢᠯᠬ᠎ᠠ ᠬᠡᠦᠬᠡᠳ᠎ᠦᠨ ᠱᠢᠮ᠎ᠡ ᠲᠡᠵᠢᠭᠡᠯ ᠦᠨ ᠦᠢᠯᠡᠳᠬᠦᠨ᠎ᠤ ᠠᠵᠢᠯ ᠦᠶ᠋ᠯᠡᠰ᠎ᠦᠨ ᠬᠡᠯᠲᠡᠰ᠎ᠦᠨ ᠠᠨᠠᠭᠠᠬᠤ ᠤᠬᠠᠭᠠᠨ᠎ᠤ ᠳᠡᠳ᠋ ᠶᠡᠷᠦᠩᠬᠡᠶ ᠪᠠᠢᠴᠠᠭᠠᠭᠴᠢ ᠶᠧ ᠸᠸᠨ ᠬᠣᠶ᠎ᠶ᠋ᠢ ᠲᠡᠮᠳᠡᠭ᠌ᠯᠡᠪᠡ
ᠤᠯᠤᠰ᠎ᠤᠨ ᠰᠦ ᠵᠢᠨ ᠦᠢᠯᠡᠰ᠎ᠦᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠲᠦ᠂ ᠶᠧ ᠸᠸᠨ ᠬᠤᠢ ᠰᠦᠨ ᠲᠠᠯᠬ᠎ᠠ᠎ᠶ᠋ᠢᠨ ᠦᠯᠢᠬᠡᠷ ᠡᠳ᠋ ᠦᠨ ᠯᠣᠩᠬᠣ᠎ᠶ᠋ᠢ ᠥᠨᠳᠥᠷ ᠢᠯᠭᠠᠮᠵᠢᠳᠤ ᠬᠡᠮᠵᠢᠭᠦᠷᠯᠢᠭ᠎ᠲᠦ ᠬᠥᠩᠭᠡᠬᠡᠨ ᠲᠠᠯᠪᠢᠬᠤ ᠪᠡᠷ ᠺᠣᠮᠫᠢᠦ᠋ᠲ᠋ᠧᠷ᠎ᠦᠨ ᠳᠡᠯᠭᠡᠴᠡᠡ ᠳᠡᠭᠡᠷ᠎ᠡ ᠲᠣᠭ᠎ᠠ ᠪᠠᠷᠢᠮᠲᠠ ᠢᠯᠡᠷᠡᠨ᠎ᠡ᠃ ᠢᠯᠢ ᠪᠦᠯᠦᠭ᠌ᠯᠡᠯ᠎ᠦᠨ ᠨᠢᠯᠬ᠎ᠠ ᠬᠡᠦᠬᠡᠳ᠎ᠦᠨ ᠱᠢᠮ᠎ᠡ ᠲᠡᠵᠢᠭᠡᠯ᠎ᠦᠨ ᠦᠢᠯᠡᠳᠬᠦᠨ᠎ᠤ ᠠᠵᠢᠯ ᠦᠶ᠋ᠯᠡᠰ᠎ᠦᠨ ᠬᠡᠯᠲᠡᠰ᠎ᠦᠨ ᠠᠨᠠᠭᠠᠬᠤ ᠤᠬᠠᠭᠠᠨ᠎ᠤ ᠳᠡᠳ᠋ ᠶᠡᠷᠦᠩᠬᠡᠶ ᠪᠠᠢᠴᠠᠭᠠᠭᠴᠢ ᠵᠢᠨ ᠡᠳᠦᠷ ᠲᠤᠲᠤᠮ᠎ᠤᠨ ᠠᠵᠢᠯ ᠲᠦᠭ ᠲᠦᠮᠡᠨ ᠨᠢᠯᠬ᠎ᠠ ᠬᠡᠦᠬᠡᠳ᠎ᠦᠨ《ᠠᠮᠤ ᠬᠦᠨᠡᠰᠦ 》 ᠲᠠᠢ ᠬᠣᠯᠪᠣᠭ᠍ᠳᠠᠵᠤ ᠪᠠᠢᠳᠠᠭ᠃
ᠣᠯᠠᠨ ᠵᠢᠯ᠎ᠦᠨ ᠡᠮᠦᠨ᠎ᠡ᠂ ᠳᠤᠮᠳᠠᠳᠤ ᠤᠯᠤᠰ᠎ᠤᠨ ᠡᠬᠡ᠎ᠶ᠋ᠢᠨ ᠰᠦ ᠵᠢᠨ ᠲᠤᠬᠠᠢ ᠲᠤᠭ᠎ᠠ ᠪᠠᠷᠢᠮᠳᠠ ᠵᠢᠨ ᠰᠠᠭᠤᠷᠢ ᠪᠠᠭᠤᠷᠠᠶ ᠪᠠᠢᠵᠤ᠂ ᠨᠢᠯᠬ᠎ᠠ ᠬᠡᠦᠬᠡᠳ᠎ᠦᠨ ᠨᠠᠢᠷᠠᠯᠭ᠎ᠠ᠎ᠵᠢᠨ ᠰᠦᠨ ᠲᠠᠯᠬ᠎ᠠ᠎ᠶ᠋ᠢ ᠰᠤᠳᠤᠯᠤᠨ ᠨᠡᠭᠡᠭᠡᠬᠦ᠌᠎ᠳᠦ ᠣᠷᠳᠣ ᠬᠤᠭᠤᠴᠠᠭ᠎ᠠ᠎ᠪᠠᠷ ᠭᠠᠳᠠᠭᠠᠳᠤ᠎ᠶ᠋ᠢᠨ ᠲᠣᠭ᠎ᠠ ᠪᠠᠷᠢᠮᠲᠠ᠎ᠳᠤ ᠲᠦᠱᠢᠭ᠌ᠯᠡᠵᠦ᠍ ᠪᠠᠢᠪᠠ᠃ 2013 ᠣᠨ᠎ᠳᠤ ᠶᠧ ᠸᠸᠨ ᠬᠤᠢ 《ᠠᠷᠪᠠᠨ ᠬᠣᠶᠠᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠠᠬᠢ ᠤᠯᠤᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠤᠯᠭᠠᠭᠤᠷᠢᠯᠠᠯ ᠰᠡᠳᠦᠪ ᠪᠣᠯᠬᠤ 《ᠳᠤᠮᠳᠠᠳᠤ ᠤᠯᠤᠰ᠎ᠤᠨ ᠡᠬᠡ᠎ᠶ᠋ᠢᠨ ᠰᠦ ᠶ᠋ᠢᠨ ᠪᠦᠷᠢᠯᠳᠦᠬᠦᠨ᠎ᠦ ᠰᠤᠳᠤᠯᠭᠠᠨ ᠪᠠ ᠦᠶ᠋ᠯᠡᠳᠬᠦᠨ᠎ᠦ ᠠᠶᠤᠯᠭᠦᠶ ᠴᠢᠨᠠᠷ᠎ᠢ ᠡᠵᠡᠮᠳᠡᠬᠦ᠌ ᠰᠤᠳᠤᠯᠭᠠᠨ ᠵᠢᠴᠢ ᠠᠵᠤ ᠦᠢᠯᠡᠰᠵᠢᠯᠲᠡ᠎ᠶ᠋ᠢᠨ ᠵᠢᠱ᠌ᠢᠶ᠎ᠡ ᠦᠵᠡᠭᠦᠯᠬᠦ᠌》 ᠰᠤᠳᠤᠯᠭᠠᠨ᠎ᠤ ᠠᠵᠢᠯ᠎ᠳᠤ ᠣᠷᠣᠯᠴᠠᠵᠤ᠂ ᠡᠬᠡ᠎ᠶ᠋ᠢᠨ ᠰᠦ ᠶ᠋ᠢᠨ ᠲᠤᠬᠠᠢ ᠰᠤᠳᠤᠯᠭᠠᠨ᠎ᠤ ᠠᠵᠢᠯ ᠥᠷᠨᠢᠭᠦᠯᠪᠡ᠃ ᠢᠯᠢ ᠪᠦᠯᠦᠭ᠌ᠯᠡᠯ᠎ᠦᠨ ᠨᠢᠭᠡᠨᠲᠡ ᠪᠠᠢᠭ᠎ᠠ ᠰᠤᠳᠤᠯᠭᠠᠨ᠎ᠤ ᠰᠠᠭᠤᠷᠢᠨ ᠳᠡᠭᠡᠷ᠎ᠡ᠂ ᠲᠡᠷᠡ ᠪᠦᠯᠬᠦᠮ᠎ᠢᠶᠡᠨ ᠳᠠᠭᠠᠭᠤᠯᠤᠨ ᠪᠥᠬᠥ᠌ ᠤᠯᠤᠰ᠎ᠤᠨ ᠬᠡᠳᠦᠨ ᠠᠷᠪᠠᠨ ᠡᠮᠨᠡᠯᠭᠡ᠎ᠶ᠋ᠢᠨ ᠬᠣᠷᠢᠶ᠎ᠠ᠎ᠲᠠᠶ ᠬᠣᠯᠪᠣᠭᠠᠯᠠᠨ᠂ 29 ᠮᠤᠵᠢ ᠣᠷᠣᠨ᠎ᠢ ᠬᠠᠮᠤᠷᠤᠭ᠍ᠰᠠᠨ ᠡᠬᠡ᠎ᠶ᠋ᠢᠨ ᠰᠦ ᠶ᠋ᠢᠨ ᠥᠯᠢᠭᠡᠷ ᠡᠳ᠋ ᠴᠤᠭ᠍ᠯᠠᠭᠤᠯᠬᠤ ᠲᠤᠤᠷ᠎ᠢ ᠠᠯᠬᠤᠮ ᠠᠯᠬᠤᠮ᠎ᠢᠶᠠᠷ ᠪᠠᠢᠭᠤᠯᠵᠤ᠂ 1000 ᠭᠠᠷᠤᠶ ᠲᠦᠮᠡᠨ ᠡᠬᠡ᠎ᠶ᠋ᠢᠨ ᠰᠦ ᠶ᠋ᠢᠨ ᠪᠦᠷᠢᠯᠳᠦᠬᠦᠨ᠎ᠦ ᠲᠣᠭ᠎ᠠ ᠪᠠᠷᠢᠮᠲᠠ᠎ᠶ᠋ᠢ ᠵᠠᠳᠠᠯᠤᠨ ᠭᠠᠷᠭᠠᠵᠤ᠂ 1000 ᠲᠦᠮᠡᠨ ᠲᠣᠭ᠎ᠠ ᠪᠠᠷᠢᠮᠲᠠ᠎ᠶ᠋ᠢ ᠪᠠᠭ᠍ᠲᠠᠭᠠᠭ᠍ᠰᠠᠨ ᠳᠤᠮᠳᠠᠳᠤ ᠤᠯᠤᠰ᠎ᠤᠨ ᠡᠬᠡ᠎ᠶ᠋ᠢᠨ ᠰᠦ ᠶ᠋ᠢᠨ ᠰᠤᠳᠤᠯᠭᠠᠨ᠎ᠤ ᠲᠣᠭ᠎ᠠ ᠪᠠᠷᠢᠮᠲᠠ᠎ᠶ᠋ᠢᠨ ᠬᠥᠮᠥᠷᠭᠡ᠎ᠶ᠋ᠢ ᠪᠠᠢᠭᠤᠯᠵᠤ᠂ ᠤᠯᠤᠰ᠎ᠲᠠᠭᠠᠨ ᠦᠶ᠋ᠯᠡᠳᠪᠦᠷᠢᠯᠡᠭ᠌ᠰᠡᠨ ᠰᠦᠨ ᠲᠠᠯᠬ᠎ᠠ᠎ᠶ᠋ᠢ ᠡᠬᠡ ᠵᠢᠨ ᠰᠦ ᠲᠠᠢ ᠠᠳᠠᠯᠢᠪᠳᠤᠷ ᠪᠤᠯᠭᠠᠬᠤ ᠮᠡᠷᠭᠡᠵᠢᠯᠳᠡᠯᠡᠬᠡᠶᠶ᠋ᠢᠨ ᠲᠡᠷᠢᠭᠦᠨ᠎ᠳᠦ ᠤᠷᠤᠬᠤ᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢᠶᠡᠷ 《ᠢᠷᠡᠭᠡᠳᠦᠶ》 ᠶ᠋ᠢ ᠰᠠᠬᠢᠨ ᠬᠠᠮᠠᠭᠠᠯᠠᠪᠠ᠃
《ᠶᠠᠭᠤᠨ᠎ᠳᠤ ᠡᠢᠮᠦ᠍ ᠶᠡᠬᠡ ᠬᠦᠴᠦ᠍ ᠵᠠᠷᠤᠴᠠᠭᠤᠯᠵᠤ ᠳᠤᠮᠳᠠᠳᠤ ᠤᠯᠤᠰ᠎ᠤᠨ ᠡᠬᠡ᠎ᠶ᠋ᠢᠨ ᠰᠦ ᠶ᠋ᠢᠨ ᠰᠤᠳᠤᠯᠭᠠᠨ᠎ᠢ ᠬᠢᠬᠦ᠌ ᠪᠣᠶ?》 ᠭᠡᠰᠡᠨ ᠰᠤᠷᠪᠤᠯᠵᠢᠯᠠᠭ᠍ᠴᠢ᠎ᠶ᠋ᠢᠨ ᠠᠰᠠᠭᠤᠯᠲᠠᠳ᠋ᠤ᠂ ᠶᠧ ᠸᠧᠨ ᠬᠣᠶ᠄ 《 ᠬᠡᠦᠬᠡᠳ ᠨᠢᠭᠡ ᠪᠦᠷᠢ ᠴᠥᠮ ᠬᠠᠮᠤᠭ᠎ᠤᠨ ᠲᠣᠬᠢᠷᠠᠮᠵᠢᠲᠠᠶ ᠱᠢᠮ᠎ᠡ ᠲᠡᠵᠢᠭᠡᠯ ᠭᠥᠷᠳᠡᠬᠦ᠌ ᠬᠡᠷᠡᠭ᠌ᠲᠡᠶ᠃ ᠪᠢᠳᠡ ᠭᠠᠭ᠍ᠴᠠ ᠬᠦ᠌ ᠳᠤᠮᠳᠠᠳᠤ ᠤᠯᠤᠰ᠎ᠤᠨ ᠡᠬᠡ᠎ᠶ᠋ᠢᠨ ᠰᠦ ᠶ᠋ᠢᠨ ᠱᠢᠮ᠎ᠡ ᠲᠡᠵᠢᠭᠡᠯ᠎ᠦᠨ〈ᠨᠢᠭᠤᠴᠠ〉 ᠵᠢ ᠡᠵᠡᠮᠱᠢᠪᠡᠯ ᠰᠠᠶᠢ ᠳᠤᠮᠳᠠᠳᠤ ᠤᠯᠤᠰ᠎ᠤᠨ ᠬᠡᠦᠬᠡᠳ᠎ᠦᠨ ᠱᠢᠮ᠎ᠡ ᠲᠡᠵᠢᠭᠡᠯ᠎ᠦᠨ ᠬᠡᠷᠡᠭ᠌ᠴᠡᠭᠡ᠎ᠳᠦ ᠨᠠᠩ ᠨᠡᠢᠴᠡᠭ᠌ᠰᠡᠨ ᠨᠠᠢᠷᠠᠯᠭ᠎ᠠ᠎ᠵᠢᠨ ᠰᠦᠨ ᠲᠠᠯᠬ᠎ᠠ᠎ᠶ᠋ᠢ ᠦᠢᠯᠡᠳᠪᠦᠷᠢᠯᠡᠵᠤ ᠴᠢᠳᠠᠨ᠎ᠠ 》 ᠭᠡᠵᠦ ᠡᠷᠡᠰ ᠪᠠᠳᠤ ᠬᠠᠷᠢᠭᠤᠯᠪᠠ᠃
2019 ᠣᠨ᠎ᠳᠤ ᠨᠡᠢᠲᠡᠯᠡᠭ᠌ᠰᠡᠨ 《ᠳᠤᠮᠳᠠᠳᠤ ᠤᠯᠤᠰ᠎ᠤᠨ ᠡᠬᠡ᠎ᠶ᠋ᠢᠨ ᠰᠦ ᠪᠡᠷ ᠪᠤᠢᠵᠭᠤᠯᠬᠤ ᠶ᠋ᠢ ᠨᠥᠯᠥᠭᠡᠯᠡᠬᠦ᠌ ᠬᠦᠴᠦᠨ ᠵᠦᠶ᠋ᠯ᠎ᠦᠨ ᠪᠠᠢᠴᠠᠭᠠᠯᠲᠠ᠎ᠶ᠋ᠢᠨ ᠮᠡᠳᠡᠭᠦᠯᠦᠯᠲᠡ》 ᠳ᠋ᠤ ᠢᠯᠡᠷᠡᠭᠦᠯᠦᠭ᠌ᠰᠡᠨ᠎ᠢᠶᠡᠷ᠂ ᠮᠠᠨ᠎ᠤ ᠤᠯᠤᠰ᠎ᠤᠨ 6 ᠰᠠᠷ᠎ᠠ᠎ᠶ᠋ᠢᠨ ᠳᠣᠲᠣᠷᠡᠬᠢ ᠨᠢᠯᠬ᠎ᠠ ᠬᠡᠦᠬᠡᠳ᠎ᠦᠨ ᠴᠤᠯ ᠡᠬᠡ᠎ᠶ᠋ᠢᠨ ᠰᠦ ᠪᠡᠷ ᠪᠤᠢᠵᠢᠭᠤᠯᠤᠬᠰᠠᠨ ᠨᠣᠷᠮ᠎ᠠ ᠵᠥᠪᠬᠡᠨ 29.2% ᠪᠠᠢᠵᠤ᠂ 《ᠤᠯᠤᠰ ᠠᠷᠠᠳ᠎ᠤᠨ ᠱᠢᠮ᠎ᠡ ᠲᠡᠵᠢᠭᠡᠯ᠎ᠦᠨ ᠲᠥᠯᠥᠪᠯᠡᠭᠡ (2017 — 2030 ᠣᠨ)》 ᠳ᠋ᠤ ᠲᠣᠭ᠍ᠲᠠᠭᠠᠭ᠍ᠰᠠᠨ 50% ᠶ᠋ᠢᠨ ᠬᠠᠷᠠᠯᠲᠠ᠎ᠲᠠᠶ ᠨᠡᠯᠢᠶᠡᠳ ᠶᠡᠬᠡ ᠵᠦᠷᠢᠶᠡᠨ ᠲᠡᠶ ᠪᠠᠢᠨ᠎ᠠ᠃ ᠢᠳᠡᠭᠡᠨ ᠤᠮᠳᠠᠭᠠᠨ᠂ ᠭᠠᠵᠠᠷ ᠣᠷᠣᠨ᠎ᠤ ᠵᠥᠷᠢᠶ᠎ᠡ᠎ᠡᠴᠡ ᠪᠣᠯᠵᠤ᠂ ᠳᠤᠮᠳᠠᠳᠤ ᠭᠠᠳᠠᠭᠠᠳᠤ᠎ᠶ᠋ᠢᠨ ᠡᠬᠡ᠎ᠶ᠋ᠢᠨ ᠰᠦ ᠵᠢᠨ ᠬᠣᠭᠣᠷᠣᠨᠳᠣᠬᠢ ᠵᠥᠷᠢᠶᠡᠨ ᠮᠠᠰᠢ ᠶᠡᠬᠡ ᠪᠠᠢᠳᠠᠭ᠃ ᠳᠤᠮᠳᠠᠳᠤ ᠤᠯᠤᠰ᠎ᠤᠨ ᠡᠬᠡ᠎ᠶ᠋ᠢᠨ ᠰᠦ ᠲᠡᠶ ᠬᠠᠮᠤᠭ᠎ᠤᠨ ᠣᠢᠷᠠᠯᠴᠠᠭ᠎ᠠ ᠨᠢᠯᠬ᠎ᠠ ᠬᠡᠦᠬᠡᠳ᠎ᠦᠨ ᠨᠠᠢᠷᠠᠯᠭ᠎ᠠ᠎ᠵᠢᠨ ᠰᠦᠨ ᠲᠠᠯᠬ᠎ᠠ᠎ᠶ᠋ᠢ ᠦᠶ᠋ᠯᠡᠳᠪᠦᠷᠢᠯᠡᠬᠦ᠌᠎ᠳᠦ ᠪᠠᠰᠠ ᠡᠬᠡ᠎ᠶ᠋ᠢᠨ ᠰᠦ ᠶ᠋ᠢᠨ ᠨᠢᠯᠬ᠎ᠠ ᠬᠡᠦᠬᠡᠳ᠎ᠦᠨ ᠡᠷᠡᠭᠦᠯ ᠮᠡᠨᠳᠦ᠍᠎ᠳᠦ ᠦᠵᠡᠭᠦᠯᠬᠦ᠌ ᠦᠶ᠋ᠯᠡᠳᠦᠯ᠎ᠢ ᠲᠣᠳᠣᠷᠬᠠᠶ ᠢᠯᠭᠠᠵᠤ᠂ ᠪᠦᠲᠦᠮᠵᠢᠲᠡᠶ ᠤᠨᠳᠤᠤᠰᠢᠭᠤᠯᠤᠯᠲᠠ᠎ᠶ᠋ᠢ ᠪᠡᠶᠡᠯᠡᠭᠦᠯᠬᠦ᠌ ᠬᠡᠷᠡᠭ᠌ᠲᠡᠶ᠃
ᠡᠬᠡ᠎ᠶ᠋ᠢᠨ ᠰᠦ᠎ᠶ᠋ᠢᠨ ᠰᠤᠳᠤᠯᠭᠠᠨ ᠬᠢᠬᠦ᠌᠎ᠳᠦ ᠦᠯᠢᠭᠡᠷ ᠡᠳ᠋ ᠴᠤᠭ᠍ᠯᠠᠭᠤᠯᠬᠤ ᠨᠢ ᠰᠠᠭᠤᠷᠢ ᠪᠣᠯᠤᠨ᠎ᠠ᠃ ᠤᠷᠢᠳᠤ ᠳᠦᠨᠢ᠂ ᠡᠬᠡ᠎ᠶ᠋ᠢᠨ ᠰᠦ ᠶ᠋ᠢᠨ ᠥᠯᠢᠭᠡᠷ ᠡᠳ᠋ ᠤᠯᠬᠤ᠎ᠶ᠋ᠢᠨ ᠲᠥᠯᠥᠭᠡ᠂ ᠶᠧ ᠸᠸᠨ ᠬᠣᠶ ᠨᠢᠰᠭᠡᠯ᠂ ᠭᠠᠯᠲᠤ ᠲᠡᠷᠭᠡ᠂ ᠮᠠᠱᠢᠨ ᠲᠡᠷᠬᠡᠨ ᠳᠤ ᠰᠠᠭᠤᠵᠤ ᠂ ᠴᠢᠨᠠᠭ᠍ᠰᠢᠯᠠᠨ ᠮᠣᠲ᠋ᠣᠷ ᠵᠠᠢᠲᠠᠯᠠᠨ᠂ ᠠᠷᠪᠠᠨ ᠬᠡᠳᠦᠨ ᠴᠠᠭ ᠵᠢᠡᠷ ᠡᠳᠦᠷ ᠰᠥᠨᠢ ᠵᠤᠭᠰᠤᠯ ᠦᠭᠡᠢᠶᠠᠪᠤᠵᠤ ᠪᠠᠢᠵᠠᠢ᠃ ᠡᠬᠡ᠎ᠶ᠋ᠢᠨ ᠰᠦ᠎ᠶ᠋ᠢᠨ ᠦᠯᠢᠭᠡᠷ ᠡᠳ᠋᠎ᠦᠨ ᠪᠦᠲᠦᠮᠵᠢᠲᠤ ᠴᠢᠨᠠᠷ᠎ᠢ ᠪᠠᠲᠤᠯᠠᠬᠤ᠎ᠶ᠋ᠢᠨ ᠲᠥᠯᠥᠭᠡ᠂ 10 ᠮᠢᠯᠢᠯᠢᠲᠷ ᠪᠦᠷᠢᠳᠦ 10 ᠺᠢᠯᠣᠭ᠌ᠷᠠᠮ ᠣᠷᠴᠢᠮ᠎ᠤᠨ ᠮᠥᠰᠥᠨ ᠤᠭᠤᠲᠠ ᠵᠠᠷᠤᠴᠠᠭᠤᠯᠵᠤ ᠳᠣᠣᠷ᠎ᠠ ᠳᠤᠯᠠᠭᠠᠨ ᠢ᠋ ᠨᠢ ᠪᠠᠳᠤᠯᠠᠳᠠᠭ᠂ ᠲᠡᠭᠡᠬᠦᠯᠡᠷ ᠲᠡᠷᠡ ᠦᠷᠭᠦᠯᠵᠢ ᠬᠣᠷᠢ ᠭᠤᠴᠢᠨ ᠺᠢᠯᠣᠭ᠌ᠷᠠᠮ ᠤ᠋ᠨ ᠲᠣᠭ᠍ᠲᠠᠮᠠᠯ ᠲᠤᠯᠠᠭᠠᠨ᠎ᠲᠤ ᠬᠠᠢᠷᠴᠠᠭ᠎ᠢ ᠳᠡᠭᠦᠵᠢᠯᠡᠨ ᠨᠠᠭᠠᠰᠢ ᠴᠠᠭᠠᠰᠢ ᠶᠠᠪᠤᠳᠠᠭ᠃ ᠨᠢᠯᠬ᠎ᠠ ᠬᠡᠦᠬᠡᠳ᠎ᠦᠨ ᠰᠦᠨ ᠲᠠᠯᠬ᠎ᠠ ᠢᠳᠡᠭ᠌ᠰᠡᠨᠦ ᠳᠠᠷᠠᠭᠠᠬᠢ ᠭᠡᠳᠡᠰᠦᠨ᠎ᠦ ᠲᠤᠰᠭᠠᠯ᠎ᠢ ᠣᠨᠣᠪᠴᠢᠲᠠᠢ ᠠᠵᠢᠭᠯᠠᠬᠤ ᠵᠢᠨ ᠲᠥᠯᠥᠭᠡ᠂ ᠲᠡᠷᠡ ᠨᠢᠯᠬ᠎ᠠ ᠬᠡᠤᠬᠡᠳ ᠤ᠋ᠨ ᠭᠡᠷ᠎ᠦᠨ ᠣᠢᠷᠠᠯᠴᠠᠭ᠎ᠠ ᠬᠡᠳᠦᠨ ᠡᠳᠦᠷ 《ᠬᠦᠯᠢᠶᠡᠨ ᠰᠠᠭᠤᠵᠦ》 ᠨᠢᠯᠬ᠎ᠠ ᠬᠡᠦᠬᠡᠳ᠎ᠦᠨ ᠢᠯᠭᠠᠳᠠᠰᠤ ᠵᠢᠨ ᠦᠯᠢᠭᠡᠷ ᠡᠳ᠋᠎ᠢ ᠴᠠᠭ ᠲᠤᠬᠠᠢᠳᠤᠨᠢ ᠬᠤᠷᠢᠶᠠᠨ ᠠᠪᠳᠠᠭ ᠪᠠᠢᠪᠠ᠃
ᠨᠡᠩ ᠥᠷᠭᠡᠨ ᠳᠡᠯᠭᠡᠷ᠂ ᠨᠡᠩ ᠲᠥᠯᠥᠭᠡᠯᠡᠬᠦ᠌ ᠴᠢᠨᠠᠷ ᠪᠦᠬᠦᠢ ᠦᠯᠢᠭᠡᠷ ᠡᠳ᠋᠎ᠢ ᠴᠤᠭ᠍ᠯᠠᠭᠤᠯᠬᠤ᠎ᠶ᠋ᠢᠨ ᠲᠥᠯᠥᠭᠡ᠂ ᠶᠧ ᠸᠸᠨ ᠬᠤᠢ ᠪᠦᠬᠦ᠌ ᠤᠯᠤᠰ᠎ᠤᠨ ᠡᠯ᠎ᠡ ᠭᠠᠵᠠᠷ᠎ᠢᠶᠠᠷ ᠶᠠᠪᠤᠵᠠᠢ᠃ ᠴᠤᠭ᠍ᠯᠠᠭᠤᠯᠬᠤ ᠶᠠᠪᠤᠴᠠ ᠳᠤᠮᠳᠠ ᠲᠤᠯᠭᠠᠷᠠᠬᠤ ᠠᠰᠠᠭᠤᠳᠠᠯ ᠬᠡᠪᠡᠯ᠂ ᠡᠵᠢ ᠨᠠᠷ ᠰᠦᠪᠡᠨ ᠬᠠᠨᠳᠢᠪᠯᠠᠬᠤ ᠳᠤᠷ᠎ᠠ ᠦᠭᠡᠢ᠃ ᠲᠡᠭᠡᠭᠡᠳ ᠲᠡᠷᠡ ᠨᠡᠢᠲᠡ᠎ᠶ᠋ᠢᠨ ᠱᠢᠮ᠎ᠡ ᠲᠡᠵᠢᠭᠡᠯ᠎ᠦᠨ ᠮᠡᠷᠭᠡᠵᠢᠯᠲᠡᠨ᠎ᠦ ᠭᠤᠷᠪᠠᠨ ᠳᠡᠰ᠎ᠤᠨ ᠭᠡᠷᠡᠴᠢᠯᠡᠯ᠎ᠢ ᠥᠪᠡᠷ᠎ᠢᠶᠡᠨ ᠰᠤᠷᠴᠤ ᠰᠢᠯᠭᠠᠨ ᠣᠯᠵᠤ᠂ ᠡᠬᠡ᠎ᠶ᠋ᠢᠨ ᠰᠦ ᠴᠤᠭ᠍ᠯᠠᠭᠤᠯᠬᠤᠤᠴᠢᠷ ᠵᠢᠡᠨ ᠬᠠᠯᠠᠱᠢᠷᠠᠯ ᠥᠬᠡᠶ ᠲᠠᠨᠢᠯᠴᠠᠭᠤᠯᠵᠤ᠂ 16 ᠲᠦᠮᠠ ᠭᠠᠷᠤᠢ ᠮᠢᠯᠢᠯᠢᠲ᠋ᠷ᠎ᠤᠨ ᠡᠬᠡ᠎ᠶ᠋ᠢᠨ ᠰᠦ ᠶ᠋ᠢᠨ ᠥᠯᠢᠭᠡᠷ ᠡᠳ᠋ ᠴᠤᠭ᠍ᠯᠠᠭᠤᠯᠪᠠ᠃
《ᠦᠯᠢᠬᠡᠷ ᠡᠳ᠋ ᠨᠢᠬᠡ ᠪᠦᠷᠢ᠎ᠶ᠋ᠢ ᠪᠢᠳᠡ ᠲᠡᠰᠪᠦᠷᠢ ᠲᠡᠪᠴᠢᠶᠡᠷᠢ ᠪᠠ ᠦᠨᠡᠨ ᠰᠡᠳᠭᠢᠯ᠎ᠢᠶᠡᠷ᠎ᠢᠶᠡᠨ ᠰᠣᠯᠢᠵᠤ ᠠᠪᠴᠢᠷᠠᠭ᠍ᠰᠠᠨ ᠶᠤᠮ》 ᠭᠡᠵᠦ ᠶᠧ ᠸᠸᠨ ᠬᠤᠢ ᠰᠡᠳᠭᠢᠯ ᠬᠥᠳᠡᠯᠦᠨ ᠬᠡᠯᠡᠪᠡ᠃
ᠲᠡᠷᠡ ᠪᠡᠷ ᠡᠨᠡ ᠬᠦ᠌ ᠡᠷᠡᠰ ᠪᠠᠷᠢᠮᠲᠠᠯᠠᠯ᠎ᠢᠶᠡᠨ ᠱᠢᠨᠵᠢᠯᠡᠬᠦ᠌ ᠤᠬᠠᠭᠠᠨ᠎ᠤ ᠪᠣᠭᠣᠮᠲᠠ ᠱᠢᠪᠲᠤᠯᠬᠤ ᠬᠦᠴᠦᠨ ᠪᠣᠯᠭᠠᠨ ᠬᠤᠪᠢᠷᠠᠭᠤᠯᠪᠠ!
ᠶᠧ ᠸᠸᠨ ᠬᠤᠢ ᠰᠤᠳᠤᠯᠭᠠᠨ᠎ᠤ ᠭᠣᠣᠯᠯᠠᠭ᠍ᠴᠢ ᠬᠦᠴᠦᠨ᠎ᠤ ᠬᠤᠪᠢ ᠪᠡᠷ 《ᠠᠷᠪᠠᠨ ᠬᠣᠶᠠᠳᠤᠭᠠᠷ ᠲᠠᠪᠤᠨ ᠵᠢᠯ》᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠤᠯᠤᠰ᠎ᠤᠨ ᠰᠤᠳᠤᠯᠭᠠᠨ᠎ᠤ ᠰᠡᠳᠦᠪ᠂ ᠲᠥᠪ᠎ᠡᠴᠡ ᠣᠷᠣᠨ ᠨᠤᠲᠤᠭ᠎ᠢ ᠵᠢᠯᠤᠭᠤᠳᠬᠤ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠬᠥᠭ᠌ᠵᠢᠯᠲᠡ᠎ᠶ᠋ᠢᠨ ᠲᠤᠰᠭᠠᠢ ᠲᠦᠷᠦᠯ ᠵᠦᠢᠯ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠴᠢᠬᠤᠯᠠ ᠶᠡᠬᠡ ᠲᠤᠰᠭᠠᠢ ᠲᠦᠷᠦᠯ ᠵᠦᠢᠯ ᠵᠢᠴᠢ ᠲᠦᠷᠦᠭᠦᠯᠡᠨ ᠬᠢᠬᠦ᠌ ᠠᠵᠤ ᠠᠬᠤᠢᠯᠠᠯ᠎ᠤᠨ ᠪᠡᠶ᠎ᠡ᠎ᠪᠡᠨ ᠳᠠᠭᠠᠭᠠᠭ᠍ᠰᠠᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠦᠷᠦᠯ ᠵᠦᠢᠯ ᠵᠡᠷᠭᠡ ᠨᠡᠢ᠌ᠳᠡ 20 ᠭᠠᠷᠤᠢ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠲᠦᠷᠦᠯ ᠵᠦᠢᠯ᠎ᠳᠦ ᠣᠷᠣᠯᠴᠠᠵᠠᠢ᠃ ᠲᠡᠷᠡ ᠪᠦᠯᠬᠦᠮ᠎ᠢᠶᠡᠨ ᠳᠠᠭᠠᠭᠤᠯᠤᠨ ᠭᠦᠨᠵᠡᠭᠡᠢ ᠰᠤᠳᠤᠯᠵᠦ᠍᠂ ᠮᠠᠨ᠎ᠤ ᠤᠯᠤᠰ᠎ᠤᠨ ᠡᠬᠡ᠎ᠶ᠋ᠢᠨ ᠰᠦ᠎ᠵᠢᠨ ᠳᠣᠲᠣᠷᠠᠬᠢ α- ᠱᠢᠷᠠᠰᠤᠶ᠋ᠢᠨ ᠤᠭᠤᠷᠠᠭ᠂ β- ᠲᠠᠷᠠᠭ᠎ᠤᠨ ᠤᠭᠤᠷᠠᠭ ᠵᠡᠷᠭᠡ ᠱᠢᠮ᠎ᠡ ᠲᠡᠵᠢᠭᠡᠯ᠎ᠦᠨ ᠪᠦᠷᠢᠯᠳᠦᠬᠦᠨ᠎ᠦ ᠣᠨᠴᠠᠯᠢᠭ᠎ᠢ ᠢᠯᠡᠷᠡᠭᠦᠯᠵᠦ᠍᠂ ᠡᠳᠡᠭᠡᠷ ᠡᠬᠡ᠎ᠶ᠋ᠢᠨ ᠰᠦ᠎ᠶ᠋ᠢᠨ ᠪᠦᠷᠢᠯᠳᠦᠬᠦᠨ᠎ᠦ ᠨᠢᠯᠬ᠎ᠠ ᠬᠡᠦᠬᠡᠳ᠎ᠦᠨ ᠥᠰᠥᠯᠲᠡ ᠪᠣᠢᠵᠢᠯᠲᠠ᠂ ᠭᠡᠳᠡᠰᠦᠨ᠎ᠦ ᠡᠷᠡᠭᠦᠯ ᠮᠡᠨᠳᠦ᠂ ᠡᠭᠡᠯᠢᠯᠡᠯᠭᠡᠶ᠋ᠢᠨ ᠲᠣᠬᠢᠷᠠᠭᠤᠯᠭ᠎ᠠ᠂ ᠮᠡᠳᠡᠷᠡᠯ᠎ᠦᠨ ᠪᠣᠢᠵᠢᠯᠲᠠ᠎ᠳᠤ ᠦᠵᠡᠭᠦᠯᠬᠦ᠌ ᠡᠷᠡᠭᠦᠯ ᠮᠡᠨᠳᠦ᠍᠎ᠶ᠋ᠢᠨ ᠦᠢᠯᠡᠳᠦᠯ᠎ᠢ ᠲᠣᠳᠣᠷᠬᠠᠢᠯᠠᠵᠤ᠂ ᠬᠠᠮᠢᠶ᠎ᠠ ᠪᠦᠬᠦᠢ ᠰᠤᠳᠤᠯᠭᠠᠨ᠎ᠤ ᠦᠷ᠎ᠡ ᠪᠦᠲᠦᠭᠡᠯ ᠨᠢ 27 ᠵᠦᠢᠯ᠎ᠦᠨ ᠤᠯᠤᠰ᠎ᠤᠨ ᠡᠭᠦᠳᠦᠯᠲᠡ᠎ᠶ᠋ᠢᠨ ᠲᠤᠰᠭᠠᠢ ᠠᠱᠢᠭ᠎ᠢ ᠭᠤᠶᠤᠴᠢᠯᠠᠵᠠᠢ᠃
《ᠮᠠᠨ᠎ᠤ ᠬᠡᠰᠡᠭ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠦᠷ᠎ᠡ ᠪᠦᠲᠦᠭᠡᠯ ᠠᠵᠢᠯ ᠲᠥᠷᠥᠯ᠎ᠦᠨ ᠬᠣᠭᠣᠰᠣᠨ᠎ᠢ ᠨᠥᠬᠥᠪᠥᠷᠢᠯᠡᠪᠡ᠃ ᠵᠢᠱ᠌ᠢᠶᠡᠯᠡᠪᠡᠯ ᠠᠩᠬ᠎ᠠ ᠤᠳᠠᠭ᠎ᠠ ᠥᠨᠳᠥᠷ Sn - 2 ᠬᠢᠯᠭᠠᠰᠤᠲᠤ ᠮᠣᠳᠣᠨ᠎ᠤ ᠬᠦᠴᠢᠯ᠎ᠦᠨ ᠡᠰᠲ᠋ᠧᠷ᠎ᠦᠨ ᠠᠭᠤᠯᠤᠭ᠍ᠳᠡᠴᠡᠲᠠᠶ ᠨᠢᠯᠬ᠎ᠠ ᠬᠡᠦᠬᠡᠳ᠎ᠦᠨ ᠨᠠᠢᠷᠠᠯᠭ᠎ᠠ᠎ᠵᠢᠨ ᠰᠦᠨ ᠲᠠᠯᠬ᠎ᠠ᠎ᠨᠢ ᠳᠤᠮᠳᠠᠳᠤ ᠤᠯᠤᠰ᠎ᠤᠨ ᠨᠢᠯᠬ᠎ᠠ ᠬᠡᠦᠬᠡᠳ᠎ᠦᠨ ᠭᠡᠳᠡᠰᠦᠨ᠎ᠦ ᠪᠠᠺᠲ᠋ᠧᠷᠢ᠎ᠶ᠋ᠢᠨ ᠪᠦᠯᠦᠭ ᠪᠠ ᠮᠡᠳᠡᠷᠡᠯ᠎ᠦᠨ ᠪᠣᠢᠵᠢᠯᠲᠠ᠎ᠳᠤ ᠠᠱᠢᠭ᠍ᠲᠠᠶ ᠬᠡᠲᠡᠭ ᠢ ᠱᠢᠯᠭᠠᠨ ᠪᠠᠲᠤᠯᠠᠵᠤ᠂ ᠮᠠᠨ᠎ᠤ ᠤᠯᠤᠰ᠎ᠤᠨ ᠨᠢᠯᠬ᠎ᠠ ᠬᠡᠦᠬᠡᠳ᠎ᠦᠨ ᠥᠰᠥᠯᠲᠡ ᠪᠣᠢᠵᠢᠯᠲᠠ᠎ᠳᠤ ᠳᠣᠭᠢᠷᠬᠠᠰᠠᠨ ᠨᠠᠢᠷᠠᠯᠭ᠎ᠠ᠎ᠲᠠᠶ ᠰᠦᠨ ᠲᠠᠯᠬ᠎ᠠ ᠦᠢᠯᠡᠳᠪᠦᠷᠢᠯᠡᠬᠦ᠌᠎ᠳᠦ ᠨᠠᠢᠳᠠᠪᠤᠷᠢᠲᠠᠶ ᠱᠢᠨᠵᠢᠯᠡᠬᠦ᠌ ᠤᠬᠠᠭᠠᠨᠴᠢ ᠦᠨᠳᠦᠰᠦᠯᠡᠯ ᠬᠠᠩᠭᠠᠭ᠍ᠰᠠᠨ ᠪᠠᠢᠨ᠎ᠠ》 ᠭᠡᠵᠦ᠍ ᠶᠧ ᠸᠸᠨ ᠬᠤᠢ ᠬᠡᠯᠡᠪᠡ᠃
ᠡᠬᠡ᠎ᠶ᠋ᠢᠨ ᠰᠦ᠎ᠶ᠋ᠢᠨ ᠡᠷᠡᠭᠦᠯ ᠮᠡᠨᠳᠦ᠍᠎ᠶ᠋ᠢᠨ ᠦᠢᠯᠡᠳᠦᠯ᠎ᠢ ᠲᠣᠳᠣᠷᠬᠠᠢᠯᠠᠬᠤ ᠪᠣᠯ ᠲᠦᠮᠡᠨ ᠭᠠᠵᠠᠷ᠎ᠤᠨ ᠤᠷᠲᠤ ᠵᠠᠮ᠎ᠤᠨ ᠠᠶᠠᠨ ᠳᠠᠢᠨ᠎ᠦ ᠲᠥᠷᠥᠬᠥᠤ ᠠᠯᠬᠤᠮ ᠪᠣᠯᠤᠨ᠎ᠠ᠃ ᠰᠠᠭᠤᠷᠢ ᠰᠤᠳᠤᠯᠭᠠᠨ᠂ ᠰᠤᠳᠤᠯᠤᠨ ᠨᠡᠭᠡᠭᠡᠭ᠌ᠰᠡᠨ ᠲᠣᠭ᠎ᠠ ᠪᠠᠷᠢᠮᠲᠠ᠎ᠶ᠋ᠢ ᠪᠣᠳᠠᠲᠠᠢ ᠬᠡᠷᠡᠭ᠌ᠵᠢᠭᠦᠯᠵᠦ᠍ ᠪᠣᠯᠬᠤᠢᠴᠠ ᠮᠡᠷᠭᠡᠵᠢᠯ ᠪᠣᠯᠭᠠᠶ᠎ᠠ ᠭᠡᠪᠡᠯ᠂ ᠪᠠᠰᠠ ᠱᠢᠯᠭᠠᠨ ᠪᠠᠢᠴᠠᠭᠠᠬᠤ᠂ ᠲᠤᠬᠢᠷᠠᠭᠤᠯᠬᠤ᠂ ᠱᠢᠯᠭᠠᠨ ᠪᠠᠲᠤᠯᠠᠬᠤ ᠵᠡᠷᠭᠡ ᠲᠠᠯ᠎ᠠ᠎ᠶ᠋ᠢᠨ ᠠᠯᠢ ᠤᠯᠠᠨ ᠮᠡᠷᠭᠡᠵᠢᠯ᠎ᠦᠨ ᠬᠦᠴᠢᠷ ᠠᠰᠠᠭᠤᠳᠠᠯ᠎ᠢ ᠱᠢᠢᠳᠪᠦᠷᠢᠯᠡᠬᠦ᠌ ᠴᠢᠬᠤᠯᠠᠲᠠᠢ᠂ ᠡᠭᠦᠨ᠎ᠳᠦ ᠤᠯᠠᠨ ᠤᠯᠤᠰ᠎ᠤᠨ ᠴᠢᠨᠠᠷᠳᠠᠢ ᠮᠡᠷᠭᠡᠵᠢᠯ᠎ᠦᠨ ᠤᠯᠠᠨ ᠪᠡᠬᠢᠯᠡᠯᠲᠡ ᠵᠢ ᠰᠢᠪᠳᠤᠯᠬᠤ ᠴᠢᠬᠤᠯᠠᠳᠠᠢ᠃
ᠮᠠᠰᠢ ᠣᠯᠠᠨ ᠬᠦᠴᠢᠷ ᠪᠡᠷᠬᠡᠱᠢᠶᠡᠯ᠎ᠦᠨ ᠡᠮᠦᠨ᠎ᠡ᠂ ᠶᠧ ᠸᠸᠨ ᠬᠣᠶ ᠬᠦᠴᠢᠷ᠎ᠢ ᠰᠥᠷᠥᠨ ᠤᠷᠤᠭ᠍ᠰᠢᠯᠠᠵᠤ᠂ ᠱᠢᠨ᠎ᠡ᠎ᠪᠡᠷ ᠢᠯᠡᠷᠡᠭᠦᠯᠦᠭ᠌ᠰᠡᠨ ᠡᠬᠡ᠎ᠶ᠋ᠢᠨ ᠰᠦ᠎ᠵᠢᠨ ᠪᠦᠷᠢᠯᠳᠦᠬᠦᠨ ᠪᠤᠯᠬᠤ —— 2& apos; - ᠬᠠᠳᠠᠨ ᠵᠠᠮᠠᠭ᠎ᠤᠨ ᠱᠢᠬᠢᠷ᠎ᠦᠨ ᠰᠠᠭᠤᠷᠢ ᠰᠦᠨ ᠱᠢᠬᠢᠷ᠎ᠢ ᠱᠢᠯᠭᠠᠨ ᠪᠠᠢᠴᠠᠭᠠᠬᠤ ᠰᠤᠳᠤᠯᠭᠠᠨ᠎ᠢ ᠦᠷᠨᠢᠭᠦᠯᠵᠦ᠂ ᠬᠠᠮᠲᠤᠷᠠᠨ ᠪᠣᠭᠣᠮᠲᠠ ᠱᠢᠪᠲᠤᠯᠬᠤ᠎ᠪᠠᠷ ᠳᠠᠮᠵᠢᠨ᠂ ᠡᠴᠦᠰ᠎ᠲᠡᠬᠡᠨ ᠨᠢᠯᠬ᠎ᠠ ᠬᠡᠦᠬᠡᠳ᠎ᠦᠨ ᠨᠠᠢᠷᠠᠯᠭ᠎ᠠ᠎ᠵᠢᠨ ᠰᠦᠨ ᠲᠠᠯᠬ᠎ᠠ᠎ᠳᠡᠬᠢ 2& apos; - ᠬᠠᠳᠠᠨ ᠵᠠᠮᠠᠭ᠎ᠤᠨ ᠱᠢᠬᠢᠷ᠎ᠦᠨ ᠰᠠᠭᠤᠷᠢ ᠰᠦᠨ ᠱᠢᠬᠢᠷ᠎ᠢ ᠰᠢᠯᠭᠠᠨ ᠪᠠᠢᠴᠠᠭᠠᠬᠤ ᠠᠷᠭ᠎ᠠ᠎ᠵᠢ ᠡᠬᠥᠳᠴᠤ ᠂ ᠤᠯᠤᠰ᠎ᠤᠨ ᠳᠣᠲᠣᠭᠠᠳᠤ᠎ᠶ᠋ᠢᠨ ᠨᠢᠭᠡᠳᠦᠭᠡᠷ ᠪᠦᠯᠦᠭ 2'- ᠬᠠᠳᠠᠨ ᠵᠠᠮᠠᠭ᠎ᠤᠨ ᠱᠢᠬᠢᠷ᠎ᠦᠨ ᠰᠠᠭᠤᠷᠢ ᠰᠦᠨ ᠱᠢᠬᠢᠷ᠎ᠤᠨ ᠨᠠᠢᠷᠠᠯᠭ᠎ᠠ᠎ᠵᠢᠨ ᠰᠦᠨ ᠲᠠᠯᠬ᠎ᠠ ᠵᠠᠬ᠎ᠠ ᠳᠡᠯᠭᠡᠭᠦᠷ᠎ᠲᠦ ᠭᠠᠷᠬᠤ᠎ᠳᠤ ᠰᠠᠭᠤᠷᠢ ᠲᠠᠯᠪᠢᠪᠠ᠃
ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠣᠨᠳᠣᠣᠱᠢᠭᠤᠯᠬᠤ ᠪᠣᠯ ᠶᠧ ᠸᠸᠨ ᠬᠤᠢ᠎ᠶ᠋ᠢᠨ ᠡᠴᠦᠰ᠎ᠦᠨ ᠬᠠᠷᠠᠯᠲᠠ ᠪᠣᠯᠤᠨ᠎ᠠ᠃ 《ᠲᠤᠷᠱᠢᠯᠲᠠ᠎ᠶ᠋ᠢᠨ ᠲᠠᠰᠤᠭ᠎ᠤᠨ ᠲᠣᠭ᠎ᠠ ᠪᠠᠷᠢᠮᠲᠠ᠎ᠶ᠋ᠢ ᠬᠡᠷᠡᠭ᠌ᠯᠡᠭ᠌ᠴᠢᠳ᠎ᠦᠨ ᠪᠡᠶ᠎ᠡ᠎ᠪᠡᠷ᠎ᠢᠶᠡᠨ ᠮᠡᠳᠡᠷᠡᠵᠦ᠍ ᠪᠣᠯᠬᠤᠢᠴᠠ ᠠᠱᠢᠭ ᠲᠤᠰᠠ ᠪᠣᠯᠭᠠᠨ ᠬᠤᠪᠢᠷᠠᠭᠤᠯᠬᠤ ᠪᠣᠯ ᠪᠢᠳᠡᠨ᠎ᠦ ᠬᠠᠮᠤᠭ᠎ᠤᠨ ᠪᠠᠶᠠᠷᠯᠠᠭᠤᠱᠢᠲᠠᠢ ᠶᠠᠪᠤᠳᠠᠯ ᠪᠣᠯᠤᠨ᠎ᠠ᠃ ᠪᠢᠳᠡ ᠦᠢᠯᠡᠳᠬᠦᠨ᠎ᠢ ᠰᠤᠳᠤᠯᠤᠨ ᠨᠡᠭᠡᠭᠡᠬᠦ᠌ ᠪᠦᠯᠬᠦᠮ᠎ᠲᠡᠶ ᠬᠠᠮᠵᠢᠯᠴᠠᠬᠤ᠎ᠪᠠᠷ ᠳᠠᠮᠵᠢᠨ᠂ ᠠᠷᠪᠠᠨ ᠬᠡᠳᠦᠨ ᠵᠦᠢᠯ᠎ᠦᠨ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠵᠢᠨ ᠯᠢᠩ ᠭᠤᠸᠠᠨ ᠱᠢᠷᠢᠰ ᠨᠢᠯᠬ᠎ᠠ ᠬᠡᠦᠬᠡᠳ᠎ᠦᠨ ᠨᠠᠢᠷᠠᠯᠭ᠎ᠠ᠎ᠵᠢᠨ ᠰᠦᠨ ᠲᠠᠯᠬ᠎ᠠ᠎ᠶ᠋ᠢᠨ ᠦᠢᠯᠡᠳᠬᠦᠨ᠎ᠳᠦ ᠬᠡᠷᠡᠭ᠌ᠯᠡᠬᠦ᠌᠎ᠶ᠋ᠢ ᠠᠬᠢᠭᠤᠯᠵᠤ᠂ ᠤᠯᠤᠰ᠎ᠲᠠᠭᠠᠨ ᠦᠢᠯᠡᠳᠪᠦᠷᠢᠯᠡᠭ᠌ᠰᠡᠨ ᠨᠢᠯᠬ᠎ᠠ ᠬᠡᠦᠬᠡᠳ᠎ᠦᠨ ᠨᠠᠢᠷᠠᠯᠭ᠎ᠠ᠎ᠵᠢᠨ ᠰᠦᠨ ᠲᠠᠯᠬ᠎ᠠ᠎ᠶ᠋ᠢ ᠡᠭᠡ ᠵᠢᠨ ᠰᠦ ᠲᠠᠢ ᠠᠳᠠᠯᠢᠪᠳᠤᠷ ᠪᠤᠯᠭᠠᠬᠤ ᠲᠦᠪᠱᠢᠨ᠎ᠢ ᠳᠡᠭᠡᠭ᠌ᠰᠢᠯᠡᠭᠦᠯᠵᠦ᠍᠂ ᠳᠤᠮᠳᠠᠳᠤ ᠤᠯᠤᠰ᠎ᠤᠨ ᠡᠭᠡ ᠵᠢᠨ ᠰᠦ ᠲᠠᠢ ᠠᠳᠠᠯᠢᠪᠳᠤᠷ ᠪᠤᠯᠭᠠᠬᠤ ᠲᠤᠰᠭᠠᠢ ᠠᠱᠢᠭ᠎ᠤᠨ ᠨᠠᠢᠷᠠᠯᠭ᠎ᠠ᠎ᠶ᠋ᠢᠨ ᠮᠡᠷᠭᠡᠵᠢᠯ ᠨᠡᠩ ᠴᠤ᠌ ᠳᠡᠯᠡᠬᠡᠢ᠎ᠶ᠋ᠢᠨ ᠲᠡᠷᠢᠭᠦᠨ᠎ᠦ ᠲᠦᠪᠱᠢᠨ᠎ᠳᠦ ᠬᠦᠷᠴᠡᠢ》 ᠭᠡᠵᠦ᠍ ᠶᠧ ᠸᠸᠨ ᠬᠤᠢ ᠬᠡᠯᠡᠪᠡ᠃
ᠲᠤᠷᠱᠢᠯᠲᠠ᠎ᠶ᠋ᠢᠨ ᠲᠠᠰᠤᠭ᠎ᠤᠨ ᠲᠣᠭ᠎ᠠ ᠪᠠᠷᠢᠮᠲᠠ ᠬᠡᠳᠦᠶ ᠪᠦᠷᠢᠨ ᠲᠡᠭᠦᠯᠳᠡᠷ ᠪᠣᠯᠤᠭ᠍ᠰᠠᠨ ᠴᠤ᠌ ᠵᠠᠬ᠎ᠠ ᠳᠡᠯᠭᠡᠭᠦᠷ᠎ᠦᠨ ᠱᠢᠯᠭᠠᠨ ᠪᠠᠢᠴᠠᠭᠠᠯᠲᠠ᠎ᠶ᠋ᠢ ᠳᠠᠭᠠᠭᠠᠵᠤ ᠴᠢᠳᠠᠬᠰᠠᠨ ᠪᠠᠢᠬᠤ ᠬᠡᠷᠡᠭ᠌ᠲᠡᠶ᠃ ᠦᠶ᠋ᠯᠡᠳᠬᠦᠨ᠎ᠢ ᠵᠠᠬ᠎ᠠ ᠳᠡᠯᠭᠡᠭᠦᠷ᠎ᠲᠦ ᠭᠠᠷᠭᠠᠭ᠍ᠰᠠᠨ᠎ᠤ ᠳᠠᠷᠠᠭ᠎ᠠ᠂ ᠶᠧ ᠸᠧᠨ ᠬᠣᠶ ᠨᠢᠯᠬ᠎ᠠ ᠬᠡᠦᠬᠡᠳ ᠲᠡᠵᠢᠭᠡᠬᠦ᠌ ᠣᠯᠠᠨ ᠵᠦᠶ᠋ᠯ᠎ᠦᠨ ᠠᠵᠢᠭ᠍ᠯᠠᠯᠲᠠ ᠵᠢᠨ ᠰᠤᠳᠤᠯᠭᠠᠨ᠎ᠤ ᠠᠵᠢᠯ᠎ᠢ ᠭᠤᠤᠯᠯᠠᠨ ᠥᠷᠨᠢᠭᠦᠯᠪᠡ᠃ ᠪᠡᠭᠡᠵᠢᠩ ᠶᠡᠬᠡ ᠰᠤᠷᠭᠠᠭᠤᠯᠢ᠎ᠲᠠᠶ ᠬᠠᠮᠲᠤᠷᠠᠨ ᠣᠷᠳᠣ ᠬᠤᠭᠤᠴᠠᠭ᠎ᠠ᠎ᠪᠠᠷ ᠮᠥᠷᠳᠡᠨ ᠰᠤᠳᠤᠯᠬᠤ᠎ᠪᠠᠷ ᠳᠡᠮᠵᠢᠨ᠂ ᠳᠤᠮᠳᠠᠳᠤ ᠤᠯᠤᠰ᠎ᠤᠨ ᠡᠬᠡ᠎ᠶ᠋ᠢᠨ ᠰᠦ᠎ᠵᠢᠨ ᠰᠤᠳᠤᠯᠭᠠᠨ᠎ᠤ ᠱᠢᠨ᠎ᠡ᠎ᠶ᠋ᠢ ᠡᠭᠦᠳᠦᠭ᠌ᠰᠡᠨ ᠦᠷ᠎ᠡ ᠪᠦᠲᠦᠭᠡᠯ᠎ᠢ ᠬᠡᠷᠡᠭ᠌ᠯᠡᠭ᠌ᠰᠡᠨ ᠨᠢᠯᠬ᠎ᠠ ᠬᠡᠦᠬᠡᠳ᠎ᠦᠨ ᠨᠠᠢᠷᠠᠯᠭ᠎ᠠ᠎ᠵᠢᠨ ᠰᠦᠨ ᠲᠠᠯᠬ᠎ᠠ᠎ᠪᠠᠷ ᠲᠡᠵᠢᠬᠡᠵᠤ ᠪᠠᠢᠭ᠎ᠠ ᠬᠡᠦᠬᠡᠳ᠎ᠦᠨ ᠥᠰᠥᠯᠲᠡ ᠪᠣᠢᠵᠢᠯᠲᠠ᠂ ᠱᠢᠮ᠎ᠡ ᠲᠡᠵᠢᠭᠡᠯ᠎ᠢ ᠱᠢᠩᠭᠡᠭᠡᠬᠦ᠌᠂ ᠠᠱᠢᠭ᠍ᠲᠠᠶ ᠪᠠᠺᠲ᠋ᠧᠷᠢ᠎ᠶ᠋ᠢ ᠰᠠᠭᠤᠷᠢᠱᠢᠭᠤᠯᠬᠤ ᠵᠡᠷᠭᠡ ᠲᠠᠯ᠎ᠠ᠎ᠪᠠᠷ ᠡᠬᠡ᠎ᠶ᠋ᠢᠨ ᠰᠦ ᠪᠡᠷ ᠪᠤᠢᠵᠢᠭᠤᠯᠵᠤ ᠪᠠᠢᠭ᠎ᠠ ᠬᠡᠦᠬᠡᠳᠯᠦᠭᠡ ᠢᠯᠡᠳᠲᠡ ᠵᠥᠷᠢᠶ᠎ᠡ ᠥᠬᠡᠶ ᠪᠠᠢᠬᠤ᠎ᠶ᠋ᠢ ᠢᠯᠡᠷᠡᠭᠦᠯᠵᠦ᠍᠂ ᠳᠤᠮᠳᠠᠳᠤ ᠤᠯᠤᠰ᠎ᠤᠨ ᠡᠬᠡ᠎ᠶ᠋ᠢᠨ ᠰᠦ᠎ᠵᠢᠨ ᠰᠤᠳᠤᠯᠭᠠᠨ᠂ ᠡᠭᠡ ᠵᠢᠨ ᠰᠦ ᠲᠠᠢ ᠠᠳᠠᠯᠢᠪᠳᠤᠷ ᠪᠤᠯᠭᠠᠬᠤ ᠨᠢᠯᠬ᠎ᠠ ᠬᠡᠦᠬᠡᠳ᠎ᠦᠨ ᠨᠠᠢᠷᠠᠯᠭ᠎ᠠ᠎ᠵᠢᠨ ᠰᠦᠨ ᠲᠠᠯᠬ᠎ᠠ᠎ᠶ᠋ᠢᠨ ᠴᠢᠬᠤᠯᠠ ᠦᠶ᠋ᠯᠡᠳᠦᠯ᠎ᠢ ᠤᠯᠠᠮ ᠨᠢᠭᠡ ᠠᠯᠬᠤᠮ ᠱᠢᠯᠭᠠᠨ ᠪᠠᠲᠤᠯᠠᠪᠠ᠃
ᠡᠳᠦᠭᠡ᠂ ᠶᠧ ᠸᠸᠨ ᠬᠤᠢ᠎ᠶ᠋ᠢᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠡᠪᠴᠢᠶ᠎ᠡ ᠨᠢ ᠴᠢᠳᠠᠪᠤᠷᠢᠲᠠᠨ᠎ᠢ ᠬᠥᠮᠦᠵᠢᠭᠦᠯᠬᠦ᠌ ᠪᠠ ᠠᠵᠢᠯ ᠲᠦᠷᠦᠯ᠎ᠦᠨ ᠠᠮᠢ ᠠᠬᠤᠢ᠎ᠶ᠋ᠢᠨ ᠪᠦᠳᠦᠭᠡᠨ ᠪᠠᠢᠭᠤᠯᠤᠯᠲᠠ ᠬᠦᠷᠲᠡᠯ᠎ᠡ ᠥᠷᠭᠡᠵᠢᠪᠡ᠃ ᠲᠡᠷᠡ ᠬᠤᠪᠢ ᠬᠥᠮᠦᠨ᠎ᠦ ᠰᠤᠳᠤᠯᠤᠨ ᠨᠡᠭᠡᠭᠡᠬᠦ᠌ ᠠᠵᠢᠯ᠎ᠤᠨ ᠲᠤᠷᠱᠢᠯᠭ᠎ᠠ᠎ᠪᠠᠨ ᠭᠦᠶ᠋ᠴᠡᠳ ᠳ᠋ᠦᠩᠨᠡᠵᠦ᠍᠂ ᠴᠢᠳᠠᠪᠤᠷᠢᠲᠠᠨ᠎ᠢ ᠬᠥᠮᠦᠵᠢᠭᠦᠯᠬᠦ᠌᠂ ᠮᠡᠷᠭᠡᠵᠢᠯ᠎ᠦᠨ ᠪᠣᠯᠪᠠᠰᠤᠷᠠᠯ ᠬᠢᠬᠦ᠌᠂ ᠦᠷ᠎ᠡ ᠪᠦᠲᠦᠭᠡᠯ᠎ᠢ ᠱᠢᠯᠭᠠᠨ ᠪᠠᠲᠤᠯᠠᠬᠤ᠎ᠶ᠋ᠢ ᠨᠢᠭᠡ ᠴᠣᠭ᠍ᠴᠠᠵᠢᠭᠤᠯᠤᠭ᠍ᠰᠠᠨ ᠴᠢᠳᠠᠪᠤᠷᠢᠲᠠᠨ ᠬᠥᠮᠦᠵᠢᠭᠦᠯᠬᠦ᠌ ᠢᠵᠢ ᠪᠦᠷᠢᠨ ᠵᠠᠭ᠍ᠪᠤᠷ᠎ᠢ ᠡᠮᠬᠢᠯᠡᠨ ᠪᠦᠷᠢᠯᠳᠦᠭᠦᠯᠵᠦ᠍᠂ 100 ᠱᠢᠬᠠᠮ ᠬᠥᠮᠦᠨ᠎ᠦ ᠲᠤᠰᠭᠠᠶ ᠮᠡᠷᠭᠡᠵᠢᠯ᠎ᠦᠨ ᠴᠢᠳᠠᠪᠤᠷᠢ᠎ᠶ᠋ᠢ ᠳᠡᠭᠡᠭ᠌ᠰᠢᠯᠡᠭᠦᠯᠪᠡ᠃ ᠣᠳᠣᠬᠠᠨ᠎ᠳᠤ᠂ ᠪᠦᠲᠦᠭᠡᠭ᠌ᠳᠡᠬᠦᠨ᠎ᠢ ᠰᠤᠳᠤᠯᠤᠨ ᠨᠡᠭᠡᠭᠡᠬᠦ᠌ ᠢᠨᠵᠧᠨᠧᠷ᠂ ᠱᠢᠮ᠎ᠡ ᠲᠡᠵᠢᠭᠡᠯ᠎ᠢ ᠰᠤᠳᠤᠯᠤᠨ ᠨᠡᠭᠡᠭᠡᠬᠦ᠌ ᠢᠨᠵᠧᠨᠧᠷ᠂ ᠱᠢᠮ᠎ᠡ ᠲᠡᠵᠢᠭᠡᠯ᠎ᠢ ᠰᠤᠳᠤᠯᠤᠨ ᠨᠡᠭᠡᠭᠡᠬᠦ᠌ ᠲᠤᠰᠭᠠᠶ ᠮᠡᠷᠭᠡᠵᠢᠯᠲᠡᠨ᠎ᠢ ᠨᠢᠭᠡᠨᠲᠡ 5 ᠬᠥᠮᠦᠵᠢᠭᠦᠯᠵᠦ᠍᠂ ᠱᠢᠨᠵᠢᠯᠡᠬᠦ᠌ ᠤᠬᠠᠭᠠᠨ᠎ᠤ ᠮᠡᠳᠡᠯᠭᠡ᠎ᠶ᠋ᠢᠨ ᠲᠠᠪᠴᠠᠩ ᠵᠢᠴᠢ ᠡᠬᠡ᠎ᠶ᠋ᠢᠨ ᠰᠦ᠎ᠵᠢᠨ ᠰᠤᠳᠤᠯᠭᠠᠨ᠎ᠤ ᠦᠷ᠎ᠡ ᠪᠦᠲᠦᠭᠡᠯ᠎ᠢ ᠤᠨᠳᠤᠤᠰᠢᠭᠤᠯᠬᠤ ᠲᠠᠪᠴᠠᠩ᠎ᠢ ᠪᠠᠢᠭᠤᠯᠵᠤ᠂ ᠨᠠᠩ ᠪᠥᠬᠥ᠌ ᠲᠠᠯ᠎ᠠ᠎ᠶ᠋ᠢᠨ᠂ ᠨᠠᠩ ᠭᠦᠨᠵᠡᠭᠡᠶ ᠱᠢᠮ᠎ᠡ ᠲᠡᠵᠢᠭᠡᠯ᠎ᠦᠨ ᠰᠤᠳᠤᠯᠭᠠᠨ ᠵᠢᠴᠢ ᠦᠷ᠎ᠡ ᠪᠦᠲᠦᠭᠡᠯ᠎ᠢ ᠤᠨᠳᠤᠤᠰᠢᠭᠤᠯᠬᠤ᠎ᠳᠤ ᠳᠠᠯᠳᠠ ᠬᠦᠴᠦᠨ᠂ ᠠᠮᠢᠵᠢᠷᠠᠯ᠎ᠤᠨ ᠬᠦᠴᠦᠨ᠎ᠢᠶᠡᠷ ᠪᠢᠯᠬᠠᠬᠰᠠᠨ ᠠᠵᠢᠯ᠎ᠤᠨ ᠱᠢᠰᠲ᠋ᠧᠮ᠎ᠢ ᠪᠠᠢᠭᠤᠯᠪᠠ᠃
ᠶᠧ ᠸᠸᠨ ᠬᠤᠢ᠄《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠳᠡᠯᠮᠦᠷᠢ᠎ᠶ᠋ᠢᠨ ᠵᠢᠱ᠌ᠢᠶᠡᠴᠢ〉 ᠪᠡᠷ ᠦᠨᠡᠯᠡᠭᠳᠡᠭᠰᠡᠨ ᠨᠢ ᠨᠠᠳᠠ᠎ᠳᠤ ᠵᠣᠷᠢᠭ᠍ᠵᠢᠭᠤᠯᠤᠯ ᠪᠣᠯᠬᠤ ᠪᠥᠭᠡᠳ ᠨᠡᠩ ᠴᠤ᠌ ᠡᠬᠦᠷᠬᠡ ᠬᠠᠷᠢᠭᠤᠴᠠᠯᠭ᠎ᠠ ᠪᠣᠯᠬᠤ ᠶᠤᠮ᠃ ᠪᠢ ᠰᠦᠨ᠎ᠤ ᠦᠶ᠋ᠯᠡᠰ᠎ᠦᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠡᠮᠦᠨ᠎ᠡ ᠹᠷᠣᠨᠲ᠎ᠲᠤ ᠦᠷᠭᠦᠯᠵᠢᠯᠡᠨ ᠱᠢᠪᠲᠤᠯᠤᠯᠲᠠ ᠬᠢᠵᠦ᠍᠂ ᠨᠠᠩ ᠰᠠᠢᠨ ᠱᠢᠮ᠎ᠡ ᠲᠡᠵᠢᠭᠡᠯ᠎ᠢ ᠬᠣᠢᠴᠢ ᠦᠶ᠎ᠡ᠎ᠶ᠋ᠢᠨ ᠬᠢᠨ ᠳ᠋ᠡᠬᠡᠨ ᠬᠦᠷᠳᠡᠬᠡᠨ᠎ᠡ᠃ ᠣᠳᠣᠬᠠᠨ᠎ᠳᠤ᠂ ᠪᠢᠳᠡ ᠶᠠᠭ ᠡᠷᠲᠡ ᠬᠥᠩᠭᠡᠵᠢᠭ᠌ᠰᠡᠨ ᠬᠡᠦᠬᠡᠳ᠂ ᠬᠠᠷᠱᠢᠮᠠᠲᠠᠭᠠᠢ ᠴᠢᠨᠠᠷ᠎ᠤᠨ ᠬᠡᠮ ᠲᠠᠢ ᠬᠡᠦᠬᠡᠳ ᠵᠡᠷᠭᠡ ᠣᠨᠴᠠᠭᠠᠶ ᠠᠨᠠᠭᠠᠬᠤ ᠤᠬᠠᠭᠠᠨ᠎ᠤ ᠬᠡᠷᠡᠭ᠌ᠴᠡᠭᠡᠲᠦ ᠨᠢᠯᠬ᠎ᠠ ᠬᠡᠦᠬᠡᠳ᠎ᠦᠨ ᠨᠠᠢᠷᠠᠯᠭ᠎ᠠ ᠵᠢᠨ ᠢᠳᠡᠭᠡᠨ᠎ᠤ ᠰᠤᠳᠤᠯᠭᠠᠨ᠎ᠢ ᠦᠷᠨᠢᠬᠦᠯᠵᠤ ᠪᠠᠢᠨ᠎ᠠ᠃ ᠣᠨᠴᠠᠭᠠᠶ ᠠᠨᠠᠭᠠᠬᠤ ᠤᠬᠠᠭᠠᠨ᠎ᠤ ᠬᠡᠷᠡᠭ᠌ᠴᠡᠭᠡᠲᠦ ᠨᠢᠯᠬ᠎ᠠ ᠬᠡᠦᠬᠡᠳ᠎ᠦᠨ ᠨᠠᠢᠷᠠᠯᠭ᠎ᠠ᠎ᠵᠢᠨ ᠢᠳᠡᠭᠡᠨ ᠪᠣᠯ ᠣᠨᠴᠠᠭᠠᠶ ᠠᠨᠠᠭᠠᠬᠤ ᠤᠬᠠᠭᠠᠨ᠎ᠤ ᠪᠠᠢᠳᠠᠯ᠎ᠲᠠᠶ ᠨᠢᠯᠬ᠎ᠠ ᠬᠡᠦᠬᠡᠳ᠎ᠦᠨ ᠱᠢᠮ᠎ᠡ ᠲᠡᠵᠢᠭᠡᠯ᠎ᠦᠨ ᠬᠡᠷᠡᠭ᠌ᠴᠡᠭᠡ᠎ᠳᠦ ᠴᠢᠭ᠌ᠯᠡᠭᠦᠯᠦᠨ ᠲᠥᠯᠥᠪᠯᠡᠵᠦ᠍ ᠬᠢᠭ᠌ᠰᠡᠨ ᠢᠳᠡᠭᠡᠨ ᠪᠣᠯᠤᠨ᠎ᠠ᠃ ᠲᠤᠰ ᠲᠥᠷᠥᠯ᠎ᠦᠨ ᠢᠳᠡᠭᠡᠨ᠎ᠦ ᠮᠡᠷᠭᠡᠵᠢᠯ᠎ᠦᠨ ᠠᠭᠤᠯᠤᠭ᠍ᠳᠡᠴᠡ ᠥᠨᠳᠥᠷ᠂ ᠨᠡᠭᠡᠭᠡᠨ ᠠᠱᠢᠭ᠍ᠯᠠᠬᠤ᠎ᠳᠤ ᠬᠦᠴᠢᠷ᠂ ᠲᠤᠰ ᠲᠥᠷᠥᠯ᠎ᠦᠨ ᠦᠢᠯᠡᠳᠬᠦᠨ᠎ᠦ ᠬᠡᠷᠡᠭ᠌ᠯᠡᠭᠡᠨ᠎ᠦ ᠠᠮᠤᠷ ᠲᠦᠪᠰᠢᠨ ᠴᠢᠨᠠᠷ᠂ ᠱᠢᠮ᠎ᠡ ᠲᠡᠵᠢᠭᠡᠯ᠎ᠤᠨ ᠭᠦᠢᠴᠡᠳ ᠴᠢᠨᠠᠷ ᠪᠣᠯᠤᠨ ᠤᠨᠴᠠᠭᠠᠢ ᠠᠨᠠᠭᠠᠬᠤ ᠤᠬᠠᠭᠠᠨ᠎ᠤ ᠡᠮᠴᠢᠯᠡᠭᠡᠨ᠎ᠦ ᠦᠷ᠎ᠡ ᠪᠥᠲᠥᠮᠵᠢ ᠵᠢᠨ ᠰᠤᠳᠤᠯᠭᠠᠨ ᠵᠢᠡᠷ ᠳᠠᠮᠵᠢᠭᠤᠯᠤᠨ᠂ ᠮᠠᠨ᠎ᠤ ᠤᠯᠤᠰ᠎ᠤᠨ ᠣᠨᠴᠠᠭᠠᠶ ᠠᠨᠠᠭᠠᠬᠤ ᠤᠬᠠᠭᠠᠨ᠎ᠤ ᠬᠡᠷᠡᠭ᠌ᠴᠡᠭᠡᠲᠦ ᠨᠢᠯᠬ᠎ᠠ ᠬᠡᠦᠬᠡᠳ᠎ᠦᠨ ᠨᠠᠢᠷᠠᠯᠭ᠎ᠠ᠎ᠵᠢᠨ ᠢᠳᠡᠭᠡᠨ᠎ᠦ ᠣᠯᠠᠨ ᠤᠯᠤᠰ᠎ᠲᠠᠬᠢ ᠥᠷᠢᠰᠥᠯᠳᠦᠬᠦ᠌ ᠬᠦᠴᠦᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠵᠦ᠍ ᠪᠣᠯᠤᠨ᠎ᠠ》 ᠭᠡᠪᠡ᠃