《ᠣᠶᠤᠨᠲᠤ ᠶᠡᠬᠡ ᠲᠠᠷᠢᠬᠢ》 ᠲᠠᠷᠢᠮᠠᠯ᠎ᠤᠨ ᠤᠰᠤ ᠠᠷᠪᠢᠯᠠᠵᠤ ᠤᠨᠠᠯᠲᠠ ᠵᠢ ᠨᠡᠮᠡᠭᠳᠡᠭᠦᠯᠬᠦ ᠨᠢᠭᠤᠴᠠ ᠨᠣᠮᠧᠷ᠎ᠢ ᠡᠵᠡᠮᠳᠡᠯ᠎ᠡ
2025-05-29 10:37:03
ᠵᠣᠬᠢᠶᠠᠭ᠍ᠴᠢ᠄
ᠯᠢ ᠰᠢᠤᠸᠠᠢ ᠶᠣᠣ
ᠣᠩᠱᠢᠭ᠍ᠰᠠᠨ ᠣᠳᠠᠭ᠎ᠠ᠄
★★★☆☆

ᠤᠯᠠᠭᠠᠨᠬᠠᠳᠠ ᠬᠣᠲᠠ᠎ᠶᠢᠨ ᠨᠢᠩᠴᠧᠩ ᠰᠢᠶᠠᠨ᠎ᠤ ᠮᠠᠷᠠᠲᠤ ᠪᠠᠯᠭᠠᠰᠤᠨ᠎ᠤ ᠹᠧᠩ ᠮᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠶᠤᠨᠲᠤ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠋᠎ᠲᠤ᠂ ᠳᠤᠰᠤᠯᠠᠭᠠᠨ ᠤᠰᠤᠯᠠᠬᠤ ᠬᠣᠭᠣᠯᠠᠢ ᠨᠠᠷᠢᠯᠢᠭ ᠤᠨᠤᠴᠠᠳᠠᠢ ᠪᠣᠳᠣᠵᠤ ᠤᠰᠤᠨ᠎ᠳᠤ ᠠᠭᠤᠰᠬᠠᠵᠤ ᠰᠢᠨᠭᠭᠡᠨᠵᠢᠬᠥᠯᠥᠭᠰᠡᠨ ᠪᠣᠷᠳᠣᠭᠤᠷ᠎ᠢ ᠤᠷᠭᠤᠮᠠᠯ᠎ᠤᠨ ᠦᠨᠳᠦᠰᠦᠨ᠎ᠤ ᠰᠢᠰᠲ᠋ᠸᠮ᠎ᠤᠨ ᠤᠢᠷᠠᠯᠴᠠᠭᠠᠬᠢ ᠬᠦᠷᠦᠰᠤᠨ᠎ᠳᠤ ᠲᠣᠭᠲᠠᠭᠰᠠᠨ ᠴᠠᠭ᠎ᠲᠠᠢ ᠲᠣᠭᠲᠠᠭᠰᠠᠨ ᠬᠡᠮᠵᠢᠶ᠎ᠡ᠎ᠲᠠᠢ ᠲᠤᠰᠤᠯᠠᠭᠠᠨ᠎ᠠ᠃

《ᠥᠩᠭᠡᠷᠡᠭᠰᠡᠨ᠎ᠳᠦ ᠬᠦᠯᠡᠮᠵᠢ ᠳ᠋ᠤ ᠲᠠᠷᠢᠬᠤ᠎ᠳᠤ ᠪᠦᠷ ᠲᠤᠷᠰᠢᠯᠭ᠎ᠠ᠎ᠳᠠᠭᠠᠨ ᠲᠦᠰᠢᠭᠯᠡᠵᠦ ᠪᠠᠢᠪᠠ᠂ ᠤᠳᠤ ᠲᠠᠷᠢᠮᠠᠯ ᠪᠦᠷᠢ᠎ᠳᠦ ᠴᠥᠮ 〈ᠲᠣᠭᠠᠴᠢᠯᠠᠭᠰᠠᠨ ᠬᠠᠮᠢᠶᠠᠷᠤᠭ᠍ᠴᠢ〉 ᠲᠠᠢ ᠪᠣᠯᠵᠠᠢ᠃ ᠡᠨᠡ ᠢᠵᠢ ᠣᠶᠤᠨᠲᠤ ᠰᠢᠰᠲᠧᠮ ᠨᠢ ᠲᠠᠷᠢᠮᠠᠯ᠎ᠤᠨ 〈ᠥᠯᠥᠰᠴᠦ ᠤᠮᠳᠠᠭᠠᠰᠬᠤ〉 ᠵᠢ ᠰᠡᠷᠡᠵᠦ ᠮᠡᠳᠡᠵᠦ ᠲᠡᠢᠯᠦᠨ᠎ᠡ᠂ ᠡᠨᠡ ᠨᠢ ᠶᠠᠭ ᠤᠷᠭᠤᠮᠠᠯ᠎ᠳᠤ ᠣᠶᠤᠨᠲᠤ ᠤᠰᠤᠨ᠎ᠤ ᠬᠡᠮᠵᠢᠭᠦᠷ ᠤᠭᠰᠠᠷᠠᠭᠰᠠᠨ᠎ᠲᠠᠢ ᠠᠳᠠᠯᠢ ᠶᠤᠮ》 ᠭᠡᠵᠦ 5 ᠰᠠᠷ᠎ᠠ᠎ᠶᠢᠨ 23 ᠎ᠤ᠋ ᠡᠳᠦᠷ᠂ ᠤᠯᠠᠭᠠᠨᠬᠠᠳᠠ᠎ᠶᠢᠨ ᠹᠧᠩ ᠮᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠲᠠᠷᠢᠶᠠᠯᠠᠩ᠎ᠤᠨ ᠬᠢᠵᠠᠭᠠᠷᠲᠤ ᠺᠣᠮᠫᠠᠨᠢ᠎ᠶᠢᠨ ᠳᠠᠭᠠᠭᠠᠮᠠᠯ ᠴᠢ ᠶᠦᠨ ᠶᠦᠨ ᠬᠢᠨᠠᠨ ᠬᠡᠮᠵᠢᠬᠦ ᠨᠦᠯᠦᠭᠡᠯᠡᠭᠦᠷ᠎ᠢ ᠵᠢᠭᠠᠵᠤ ᠲᠠᠨᠢᠯᠴᠠᠭᠤᠯᠪᠠ᠃ ᠲᠡᠭᠦᠨ᠎ᠤ ᠬᠡᠯᠡᠬᠦ ᠪᠡᠷ᠂ ᠤᠰᠤᠯᠠᠯᠲᠠ᠎ᠶᠢ ᠨᠠᠷᠢᠯᠢᠭ᠋ ᠣᠨᠣᠪᠴᠢᠲᠠᠶ ᠪᠣᠯᠭᠠᠬᠤ᠎ᠶᠢᠨ ᠭᠣᠣᠯᠳᠠᠯᠭ᠎ᠠ᠎ᠶᠢᠨ ᠨᠢᠭᠡ ᠨᠢ ᠣᠷᠴᠢᠨ ᠲᠣᠭᠣᠷᠢᠨ᠎ᠤ ᠬᠢᠨᠠᠨ ᠡᠵᠡᠮᠳᠡᠬᠦ ᠰᠢᠰᠲᠧᠮ ᠪᠣᠯᠣᠨ᠎ᠠ᠂ ᠡᠨᠡ ᠨᠢ ᠣᠷᠴᠢᠨ ᠲᠣᠭᠣᠷᠢᠨ᠎ᠤ ᠳᠤᠯᠠᠭᠠᠨ᠎ᠤ ᠬᠡᠮᠵᠢᠶ᠎ᠡ᠂ ᠴᠢᠭᠢᠭ᠎ᠦᠨ ᠬᠡᠮᠵᠢᠶ᠎ᠡ᠂ ᠬᠡᠷᠡᠯ᠎ᠦᠨ ᠲᠤᠰᠤᠯᠲᠠ ᠵᠡᠷᠭᠡ ᠵᠢ ᠬᠢᠨᠠᠨ ᠬᠡᠮᠵᠢᠵᠤ ᠰᠡᠷᠡᠨ ᠮᠡᠳᠡᠷᠡᠬᠦ ᠪᠦᠭᠡᠳ ᠳᠤᠯᠠᠭᠠᠨ᠎ᠢ ᠨᠡᠮᠡᠭᠳᠡᠭᠦᠯᠬᠦ / ᠳᠤᠯᠠᠭᠠᠨ᠎ᠢ ᠪᠠᠭᠤᠷᠠᠭᠤᠯᠬᠤ ᠲᠥᠬᠦᠭᠡᠷᠦᠮᠵᠢ᠂ ᠠᠭᠠᠷ᠎ᠤᠨ ᠡᠷᠭᠢᠯᠲᠡ᠎ᠶᠢᠨ ᠰᠠᠯᠬᠢᠨ᠎ᠤ ᠮᠠᠰᠢᠨ ᠵᠡᠷᠭᠡ ᠣᠷᠴᠢᠨ ᠲᠣᠭᠣᠷᠢᠨ᠎ᠢ ᠡᠵᠡᠮᠳᠡᠬᠦ ᠲᠥᠬᠦᠭᠡᠷᠦᠮᠵᠢ᠎ᠶᠢ ᠨᠢ ᠠᠯᠤᠰ᠎ᠠᠴᠠ ᠡᠵᠡᠮᠳᠡᠨ᠂ ᠤᠷᠭᠤᠮᠠᠯ᠎ᠤᠨ ᠤᠷᠭᠤᠯᠲᠠ᠎ᠶᠢᠨ ᠬᠠᠮᠤᠭ᠎ᠤᠨ ᠲᠣᠬᠢᠷᠠᠮᠵᠢᠲᠠᠢ ᠣᠷᠴᠢᠨ ᠲᠣᠭᠣᠷᠢᠨ᠎ᠤ ᠨᠥᠬᠥᠴᠡᠯ᠎ᠢ ᠰᠠᠨᠠᠭᠠᠴᠢᠯᠠᠭ᠎ᠠ᠎ᠠᠴᠠ᠎ᠪᠠᠨ ᠡᠭᠦᠳᠳᠡᠭ᠂ ᠵᠣᠷᠢᠭᠤᠳᠠ ᠭᠠᠷ ᠲᠦᠷᠦᠭᠦ ᠴᠢᠬᠤᠯᠠ ᠦᠭᠡᠢ᠃

ᠲᠥᠬᠦᠭᠡᠷᠦᠮᠵᠢ᠎ᠶᠢᠨ ᠣᠶᠤᠨᠴᠢᠯᠠᠯᠲᠠ ᠨᠢ ᠹᠧᠩ ᠮᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ (ᠨᠠᠨᠵᠢᠩ)᠎ᠤ᠋ᠨ ᠬᠢᠵᠠᠭᠠᠷᠲᠤ ᠺᠣᠮᠫᠠᠨᠢ᠎ᠶᠢᠨ ᠲᠤᠰᠠᠭᠠᠷ ᠡᠭᠦᠳᠦᠭᠰᠡᠨ AI ᠵᠠᠭᠪᠤᠷ  — UniGro ᠳ᠋ᠤ ᠲᠦᠰᠢᠭᠯᠡᠨ᠎ᠡ᠃ ᠲᠡᠷᠡ ᠨᠢ ᠬᠦᠷᠢᠶᠡᠯᠡᠩ ᠲᠣᠭᠣᠷᠢᠭ᠋᠎ᠤᠨ 《ᠣᠶᠤᠨᠲᠤ ᠶᠡᠬᠡ ᠲᠠᠷᠢᠬᠢ》 ᠪᠣᠯᠬᠤ ᠪᠥᠭᠡᠳ ᠲᠥᠬᠥᠭᠡᠷᠦᠮᠵᠢᠲᠦ ᠲᠠᠷᠢᠶᠠᠯᠠᠩ᠎ᠤᠨ ᠨᠠᠷᠢᠯᠢᠭ᠋ ᠣᠨᠣᠴᠠᠲᠠᠢ ᠤᠰᠤᠯᠠᠯᠲᠠ᠎ᠶᠢ ᠪᠡᠶᠡᠯᠡᠭᠦᠯᠬᠦ ᠭᠣᠣᠯ ᠮᠡᠷᠭᠡᠵᠢᠯ᠎ᠦᠨ ᠲᠤᠯᠭᠠᠭᠤᠷᠢᠯᠠᠯ ᠪᠣᠯᠣᠨ᠎ᠠ᠃

UniGro ᠨᠢ ᠲᠤᠭᠠᠴᠢᠯᠠᠭᠰᠠᠨ ᠣᠷᠴᠢᠨ ᠲᠣᠭᠣᠷᠢᠨ᠎ᠤ ᠬᠡᠮᠵᠢᠨ ᠡᠵᠡᠮᠳᠡᠬᠦ ᠰᠢᠰᠲᠧᠮ᠎ᠦᠨ ᠰᠡᠷᠡᠵᠦ ᠮᠡᠳᠡᠭᠰᠡᠨ ᠤᠷᠭᠤᠮᠠᠯ᠎ᠤᠨ ᠥᠰᠦᠯᠲᠡ ᠪᠠ ᠣᠷᠴᠢᠨ ᠲᠣᠭᠣᠷᠢᠨ᠎ᠤ ᠲᠣᠭ᠎ᠠ ᠪᠠᠷᠢᠮᠲᠠ᠎ᠶᠢ ᠰᠢᠰᠲᠧᠮ᠎ᠲᠠᠢ ᠴᠤᠭᠯᠠᠭᠤᠯᠤᠨ ᠵᠠᠳᠠᠯᠵᠤ᠂ ᠤᠷᠭᠤᠮᠠᠯ᠎ᠤᠨ ᠥᠰᠦᠯᠲᠡ᠎ᠶᠢᠨ ᠵᠠᠭᠪᠤᠷ᠎ᠢ ᠣᠨᠣᠪᠴᠢᠲᠠᠶ ᠴᠣᠭᠴᠠᠯᠠᠨ ᠪᠠᠢᠭᠤᠯᠵᠤ᠂ ᠭᠡᠮ᠎ᠦᠨ ᠬᠤᠭᠤᠴᠠᠭ᠎ᠠ᠂ ᠤᠨᠠᠯᠲᠠ᠎ᠶᠢ ᠤᠷᠢᠳᠴᠢᠯᠠᠨ ᠵᠢᠱ᠌ᠢᠵᠦ᠂ ᠣᠳᠣᠬᠠᠨ᠎ᠤ ᠲᠠᠷᠢᠮᠠᠯ᠎ᠤᠨ ᠭᠡᠷᠡᠯ᠎ᠦᠨ ᠲᠤᠰᠤᠯᠲᠠ᠂ ᠳᠤᠯᠠᠭᠠᠨ᠎ᠤ ᠬᠡᠮᠵᠢᠶ᠎ᠡ᠂ ᠤᠰᠤ᠂ ᠰᠢᠮ᠎ᠡ ᠲᠡᠵᠢᠭᠡᠯ ᠵᠡᠷᠭᠡ ᠵᠢᠨ ᠬᠡᠷᠡᠭᠴᠡᠭᠡ᠎ᠶᠢ ᠬᠠᠷᠢᠭᠤ ᠲᠤᠰᠬᠠᠵᠤ᠂ ᠴᠠᠭ ᠲᠤᠬᠠᠢ ᠳ᠋ᠤᠨᠢ ᠬᠦᠯᠡᠮᠵᠢ᠎ᠶᠢᠨ ᠣᠷᠴᠢᠨ ᠲᠣᠭᠣᠷᠢᠨ᠎ᠢ ᠡᠵᠡᠮᠳᠡᠬᠦ᠂ ᠤᠰᠤᠯᠠᠬᠤ᠂ ᠤᠷᠭᠤᠮᠠᠯ᠎ᠤᠨ ᠡᠰᠢ᠎ᠶᠢ ᠲᠣᠬᠢᠷᠠᠭᠤᠯᠬᠤ ᠪᠠ ᠡᠪᠡᠳᠴᠢᠨ᠎ᠦ ᠬᠥᠨᠥᠭᠡᠯ᠎ᠢ ᠰᠡᠷᠭᠡᠢᠯᠡᠨ ᠵᠠᠰᠠᠬᠤ ᠵᠡᠷᠭᠡ ᠰᠢᠢᠳᠪᠦᠷᠢᠲᠦ ᠪᠣᠳᠣᠯᠭ᠎ᠠ᠎ᠶᠢ ᠲᠣᠭᠲᠠᠭᠠᠨ᠎ᠠ᠃

ᠳᠤᠷᠠᠳᠤᠭᠤᠰᠢᠲᠠᠢ ᠨᠢ᠂ UniGro ᠨᠢ ᠤᠯᠠᠮᠵᠢᠯᠠᠯᠲᠤ AI ᠵᠠᠭᠪᠤᠷ᠎ᠤᠨ ᠭᠠᠵᠠᠷ ᠣᠷᠣᠨ᠎ᠤ ᠪᠠ ᠲᠠᠷᠢᠮᠠᠯ᠎ᠤᠨ ᠬᠢᠵᠠᠭᠠᠷᠯᠠᠯ᠎ᠢ ᠳᠠᠪᠠᠵᠤ᠂ ᠤᠷᠭᠤᠮᠠᠯ᠎ᠤᠨ ᠹᠢᠽᠢᠣᠯᠣᠭᠢ ᠪᠠ ᠮᠠᠰᠢᠨ᠎ᠢᠶᠠᠷ ᠪᠤᠳᠤᠬᠤ ᠠᠷᠭ᠎ᠠ᠎ᠶᠢ ᠰᠤᠷᠴᠤ᠂ ᠲᠤᠰᠬᠠᠢ ᠮᠡᠷᠭᠡᠵᠢᠯᠲᠡᠨ᠎ᠦ ᠮᠡᠳᠡᠯᠭᠡ᠎ᠲᠠᠢ ᠤᠶᠠᠯᠳᠤᠭᠤᠯᠤᠨ᠂ ᠬᠢᠵᠠᠭᠠᠷᠲᠠᠢ ᠲᠣᠭ᠎ᠠ ᠪᠠᠷᠢᠮᠲᠠ᠎ᠶᠢ ᠠᠰᠢᠭ᠍ᠯᠠᠬᠤ᠎ᠳᠤ ᠬᠦᠷᠪᠠᠯ ᠰᠢᠨ᠎ᠡ ᠲᠠᠷᠢᠮᠠᠯ᠎ᠤᠨ ᠵᠠᠭᠪᠤᠷ᠎ᠢ ᠲᠦᠷᠭᠡᠨ ᠪᠠᠢᠭᠤᠯᠵᠤ ᠪᠣᠯᠬᠤ ᠪᠥᠭᠡᠳ ᠠᠳᠠᠯᠢ ᠪᠤᠰᠤ ᠭᠠᠷᠤᠯᠲᠠ᠎ᠶᠢᠨ ᠣᠷᠣᠨ᠎ᠤ ᠪᠠᠢᠭᠠᠯᠢ᠎ᠶᠢᠨ ᠨᠥᠬᠥᠴᠡᠯ᠂ ᠲᠠᠷᠢᠮᠠᠯ᠎ᠤᠨ ᠲᠥᠷᠥᠯ ᠵᠦᠢᠯ ᠵᠢᠴᠢ ᠭᠤᠤᠷᠰᠤᠨ᠎ᠤ ᠣᠨᠴᠠᠯᠢᠭ᠋ ᠰᠢᠨᠵᠢ᠎ᠶᠢ ᠦᠨᠳᠦᠰᠦᠯᠡᠨ᠂ ᠴᠠᠭ ᠲᠤᠬᠠᠢ ᠳ᠋ᠤᠨᠢ ᠳᠠᠷᠢᠵᠤ ᠪᠣᠢᠵᠢᠭᠤᠯᠬᠤ ᠲᠥᠰᠥᠯ᠎ᠢ ᠰᠢᠯᠢᠳᠡᠭᠵᠢᠭᠦᠯᠵᠦ ᠦᠢᠯᠡᠳᠪᠦᠷᠢᠯᠡᠯ᠎ᠦᠨ ᠦᠷ᠎ᠡ ᠪᠦᠲᠦᠮᠵᠢ ᠪᠠ ᠡᠬᠢ ᠪᠠᠶᠠᠯᠢᠭ᠋᠎ᠤᠨ ᠠᠰᠢᠭ᠍ᠯᠠᠯᠲᠠ᠎ᠶᠢ ᠳᠡᠭᠡᠭᠰᠢᠯᠡᠭᠦᠯᠵᠦ ᠪᠣᠯᠣᠨ᠎ᠠ᠃

ᠡᠨᠡᠬᠦ 《ᠰᠡᠳᠬᠢᠨ ᠪᠣᠳᠣᠯᠬᠢᠯᠠᠵᠤ ᠴᠢᠳᠠᠳᠠᠭ》 ᠲᠠᠷᠢᠶᠠᠯᠠᠩ᠎ᠤᠨ ᠦᠢᠯᠡᠳᠪᠦᠷᠢ ᠎ᠳᠦ᠂ ᠤᠰᠤ ᠪᠣᠷᠳᠣᠭᠤᠷ᠎ᠤᠨ ᠬᠠᠮᠢᠶᠠᠷᠤᠯᠲᠠ ᠨᠢ ᠠᠯᠢ ᠬᠡᠳᠦᠢᠨ ᠡᠬᠢ ᠪᠠᠶᠠᠯᠢᠭ᠋᠎ᠤᠨ ᠬᠤᠪᠢᠶᠠᠷᠢᠯᠠᠯᠲᠠ᠎ᠠᠴᠠ ᠲᠠᠪᠠᠵᠠᠢ᠃  ᠤᠰᠤ ᠪᠣᠷᠳᠣᠭᠤᠷ᠎ᠢ ᠨᠢᠭᠡ ᠴᠣᠭᠴᠠᠵᠢᠭᠤᠯᠤᠭᠰᠠᠨ ᠣᠶᠤᠨᠳᠤ ᠮᠠᠰᠢᠨ ᠪᠤᠯ ᠥᠪᠡᠷ᠎ᠦᠨ ᠥᠷᠲᠡᠭ᠎ᠢ ᠪᠠᠭᠤᠷᠠᠭᠤᠯᠤᠨ ᠦᠷ᠎ᠡ ᠠᠰᠢᠭ᠋᠎ᠢ ᠨᠡᠮᠡᠭᠳᠡᠭᠦᠯᠬᠦ 《ᠨᠢᠭᠤᠴᠠ ᠵᠡᠪᠰᠡᠭ》 ᠮᠦᠨ᠃ ᠡᠨᠡ᠎ᠬᠦ ᠲᠠᠷᠢᠮᠠᠯ᠎ᠤᠨ ᠡᠷᠦᠬᠡ᠎ᠵᠢᠨ ᠲᠦᠯᠦᠭᠡ ᠵᠢᠷᠤᠵᠤ ᠲᠥᠯᠥᠪᠯᠡᠭᠰᠡᠨ ᠲᠥᠬᠦᠭᠡᠷᠦᠮᠵᠢ ᠨᠢ ᠥᠨᠳᠥᠷ ᠣᠨᠣᠪᠴᠢᠳᠤ ᠰᠦᠷᠴᠢᠭᠦᠷ ᠮᠠᠶᠢᠭ᠋᠎ᠤᠨ ᠬᠣᠯᠢᠮᠠᠭ ᠪᠣᠷᠳᠣᠭᠤᠷ᠎ᠤᠨ ᠬᠥᠨᠳᠡᠢ᠎ᠵᠢᠨ ᠵᠢᠷᠤᠭ ᠲᠦᠯᠦᠪᠯᠡᠭᠡ ᠵᠢ ᠬᠡᠷᠡᠭᠯᠡᠵᠦ᠂ ᠤᠰᠤ ᠬᠠᠩᠭᠠᠬᠤ ᠬᠥᠭᠡᠷᠭᠡ ᠬᠡᠷᠡᠭᠯᠡᠬᠦ ᠦᠭᠡᠢ ᠪᠡᠷ  ᠪᠣᠷᠳᠣᠭᠤᠷ᠎ᠢ ᠵᠢᠭᠳᠡ ᠬᠤᠯᠢᠵᠤ᠂ ᠭᠠᠭᠴᠠ ᠰᠠᠤᠷᠢ ᠮᠠᠰᠢᠨ ᠵᠢᠡᠷ 1 ᠮᠦ᠍᠎ᠡᠴᠡ 3 ᠮᠦ᠍ ᠤᠰᠤᠯᠠᠯᠲᠠ᠎ᠶᠢᠨ ᠣᠷᠣᠨ᠎ᠢ ᠡᠵᠡᠮᠳᠡᠵᠦ ᠪᠤᠯᠬᠤ ᠪᠤᠯᠵᠠᠢ᠃

ᠲᠠᠷᠢᠶᠠᠴᠢᠨ ᠡᠷᠦᠬᠡ ᠳ᠋ᠤ ᠨᠡᠩ ᠢᠯᠡᠭᠦᠦ ᠰᠠᠢᠰᠢᠶᠠᠭᠳᠠᠭᠰᠠᠨ ᠨᠢ  ᠤᠰᠤ ᠪᠣᠷᠳᠣᠭᠤᠷ᠎ᠢ ᠨᠢᠭᠡ ᠴᠣᠭᠴᠠᠵᠢᠭᠤᠯᠤᠭᠰᠠᠨ ᠣᠶᠤᠨᠲᠤ ᠮᠠᠰᠢᠨ᠎ᠤ 《ᠤᠶᠠᠨ ᠵᠥᠭᠡᠯᠡᠨ ᠵᠣᠬᠢᠴᠠᠬᠤ ᠴᠢᠳᠠᠪᠤᠷᠢ》 ᠪᠤᠯᠤᠨ᠎ᠠ᠃ AI ᠲᠠᠷᠢᠮᠠᠯ᠎ᠤᠨ ᠶᠡᠬᠡ ᠲᠠᠷᠢᠬᠢᠨ᠎ᠤ UniGro ᠵᠢ ᠬᠠᠷᠠᠬᠠᠨ ᠵᠠᠯᠭᠠᠵᠤ ᠣᠷᠣᠭᠤᠯᠤᠭᠠᠳᠤᠢ ᠪᠠᠭ᠎ᠠ ᠬᠡᠪᠴᠢᠶᠡᠨ᠎ᠦ ᠲᠠᠷᠢᠮᠠᠯ᠎ᠤᠨ ᠡᠷᠦᠬᠡ᠎ᠳᠦ ᠲᠥᠬᠦᠭᠡᠷᠦᠮᠵᠢ ᠨᠢ ᠲᠤᠰᠠᠭᠠᠷ ᠠᠵᠢᠯᠯᠠᠵᠤ᠂ ᠭᠠᠷ ᠤᠲᠠᠰᠤᠨ᠎ᠤ APP ᠎ᠪᠠᠷ ᠳᠠᠮᠵᠢᠨ ᠡᠯ᠎ᠡ ᠵᠦᠢᠯ᠎ᠦᠨ ᠪᠣᠯᠵᠣᠯᠲᠤ ᠲᠣᠭ᠎ᠠ᠎ᠶᠢ ᠲᠣᠬᠢᠷᠠᠭᠤᠯᠵᠤ᠂ ᠤᠰᠤᠯᠠᠬᠤ᠂ ᠪᠣᠷᠳᠣᠭᠤᠷ ᠣᠷᠣᠭᠤᠯᠬᠤ ᠬᠡᠷᠡᠭᠴᠡᠭᠡ᠎ᠶᠢ ᠬᠠᠩᠭᠠᠵᠤ ᠪᠤᠯᠤᠨ᠎ᠠ᠃ ᠬᠠᠷᠢᠨ ᠲᠣᠮᠣ᠌ ᠬᠡᠯᠪᠡᠷᠢ᠎ᠶᠢᠨ ᠲᠠᠷᠢᠮᠠᠯ᠎ᠤᠨ ᠰᠠᠭᠤᠷᠢᠨ ᠨᠢ UniGro ᠰᠢᠰᠲᠧᠮ᠎ᠢ ᠬᠣᠯᠪᠣᠵᠤ᠂ ᠪᠦᠷᠢᠨ ᠠᠦ᠋ᠲ᠋ᠣᠴᠢᠯᠠᠭᠰᠠᠨ ᠬᠠᠮᠢᠶᠠᠷᠤᠯᠲᠠ᠎ᠶᠢ ᠪᠡᠶᠡᠯᠡᠭᠦᠯᠵᠦ ᠪᠣᠯᠣᠨ᠎ᠠ᠃

ᠮᠠᠷᠠᠲᠤ ᠪᠠᠯᠭᠠᠰᠤᠨ᠎ᠤ ᠹᠧᠩ ᠮᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠎ᠦᠨ ᠣᠶᠤᠨᠲᠤ ᠲᠠᠷᠢᠶᠠᠯᠠᠩ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠣᠷᠢᠭ᠋᠎ᠤᠨ ᠶᠡᠷᠦᠩᠬᠡᠢ ᠪᠡᠯᠡ ᠣᠷᠣᠭᠤᠯᠤᠯᠲᠠ ᠨᠢ 1.2 ᠳ᠋ᠦᠩᠰᠢᠭᠤᠷ ᠲᠥᠭᠥᠷᠢᠭ᠂ 1050 ᠮᠦ᠍ ᠭᠠᠵᠠᠷ ᠡᠵᠡᠯᠡᠵᠦ᠂ ᠥᠨᠳᠥᠷ ᠪᠠᠷᠢᠮᠵᠢᠶᠠᠲᠤ ᠨᠡᠷᠡᠨ᠎ᠦ ᠬᠡᠷᠡᠯ᠎ᠦᠨ ᠬᠦᠯᠡᠮᠵᠢ ᠵᠢ 45᠂ ᠣᠳᠣᠬᠢᠴᠢᠯᠠᠭᠰᠠᠨ ᠴᠢᠬᠢ ᠮᠣᠳᠣ᠌ ᠪᠣᠢᠵᠢᠭᠤᠯᠬᠤ ᠬᠦᠯᠡᠮᠵᠢ ᠵᠢ 36᠂ ᠨᠢᠮᠭᠡᠨ ᠪᠦᠷᠬᠦᠭᠦᠯᠲᠦ ᠵᠠᠯᠭᠠᠯᠳᠤᠭᠰᠠᠨ ᠬᠦᠯᠡᠮᠵᠢ ᠵᠢ 25 ᠪᠠᠢᠭᠤᠯᠪᠠ᠃ ᠤᠯᠠᠮᠵᠢᠯᠠᠯᠲᠤ ᠲᠠᠷᠢᠮᠠᠯ᠎ᠤᠨ ᠵᠠᠭᠪᠤᠷ᠎ᠲᠠᠢ ᠬᠠᠷᠢᠴᠠᠭᠤᠯᠪᠠᠯ᠂ ᠬᠦᠷᠢᠶᠡᠯᠡᠩ ᠲᠣᠭᠣᠷᠢᠭ᠋᠎ᠤᠨ ᠣᠶᠤᠨᠲᠤ ᠲᠠᠷᠢᠶᠠᠯᠠᠩ᠎ᠤᠨ ᠵᠠᠭᠪᠤᠷ ᠨᠢ ᠪᠤᠷᠳᠤᠭᠤᠷ᠎ᠢ 30% ᠪᠡᠷ ᠪᠠᠭᠠᠰᠬᠠᠵᠤ᠂ ᠡᠮ᠎ᠢ 40% ᠪᠡᠷ ᠪᠠᠭᠠᠰᠬᠠᠨ᠂ ᠤᠰᠤ ᠵᠢ 40% ᠪᠠᠷ ᠠᠷᠪᠢᠯᠠᠵᠤ᠂ ᠤᠨᠠᠯᠲᠠ ᠵᠢ 46% ᠎ᠪᠠᠷ ᠨᠡᠮᠡᠭᠳᠡᠭᠦᠯᠵᠦ᠂ ᠬᠦᠳᠡᠯᠮᠦᠷᠢ ᠬᠦᠴᠦ ᠵᠢ 30% ᠪᠡᠷ ᠠᠷᠪᠢᠯᠠᠵᠤ᠂ ᠵᠢᠯ᠎ᠦᠨ ᠦᠢᠯᠡᠳᠬᠦᠨ᠎ᠦ ᠥᠷᠲᠡᠭ 4500 ᠲᠦᠮᠡᠨ ᠲᠥᠭᠥᠷᠢᠭ᠎ᠢ ᠪᠡᠶᠡᠯᠡᠭᠦᠯᠪᠡ᠃ 3 ᠵᠢᠯ᠎ᠦᠨ ᠦᠢᠯᠡᠳᠪᠦᠷᠢᠯᠡᠯ᠎ᠦᠨ ᠦᠢᠯᠡᠳᠦᠯᠭᠡ᠎ᠪᠡᠷ ᠳᠡᠮᠵᠢᠨ᠂ UniGro ᠵᠢᠨ ᠲᠤᠰᠠᠯᠠᠬᠤ ᠲᠠᠷᠢᠮᠠᠯ᠎ᠤᠨ ᠰᠢᠨᠵᠢᠯᠡᠬᠦ ᠤᠬᠠᠭᠠᠨᠴᠢ ᠴᠢᠨᠠᠷ ᠪᠠ ᠨᠠᠢᠳᠠᠪᠤᠷᠢᠲᠤ ᠴᠢᠨᠠᠷ ᠨᠢ ᠰᠢᠯᠭᠠᠨ ᠪᠠᠲᠤᠯᠠᠯᠳᠠ ᠵᠢ ᠦᠩᠭᠡᠷᠡᠭᠡᠵᠦ᠂ ᠤᠯᠠᠭᠠᠨᠬᠠᠳᠠ ᠬᠣᠲᠠ᠎ᠳᠤ ᠶᠡᠬᠡ ᠬᠡᠪᠴᠢᠶ᠎ᠡ᠎ᠪᠡᠷ ᠳᠡᠯᠭᠡᠷᠡᠭᠦᠯᠦᠨ ᠬᠡᠷᠡᠭᠯᠡᠬᠦ ᠨᠥᠬᠥᠴᠡᠯ᠎ᠢ ᠪᠦᠷᠢᠯᠳᠦᠭᠦᠯᠦᠭᠰᠡᠨ ᠪᠠᠢᠨ᠎ᠠ᠃ ᠹᠧᠩ ᠮᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ(ᠨᠠᠨᠵᠢᠩ)᠎ᠤ᠋ᠨ ᠬᠢᠵᠠᠭᠠᠷᠲᠤ ᠺᠣᠮᠫᠠᠨᠢ᠎ᠶᠢᠨ ᠲᠥᠰᠥᠭᠡᠯᠡᠨ ᠪᠤᠳᠤᠭᠰᠠᠨ᠎ᠢᠶᠠᠷ᠂ ᠭᠠᠭᠴᠠ ᠫᠧᠩ᠎ᠤᠨ ᠣᠶᠤᠨᠴᠢᠯᠠᠭᠰᠠᠨ ᠥᠭᠡᠷᠡᠴᠢᠯᠡᠯᠲᠡ᠎ᠶᠢᠨ ᠥᠪᠡᠷ᠎ᠦᠨ ᠥᠷᠲᠡᠭ᠎ᠢ ᠡᠭᠡᠬᠦᠯᠦᠨ ᠠᠪᠴᠢᠷᠠᠬᠤ ᠴᠠᠭ᠎ᠢ 1.5 ᠵᠢᠯ ᠣᠷᠴᠢᠮ ᠵᠢᠡᠷ ᠬᠢᠵᠠᠭᠠᠷᠯᠠᠵᠤ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号