ᠡᠷᠭᠦᠨ᠎ᠡ ᠭᠣᠣᠯ ᠮᠤᠷᠤᠯᠵᠠᠨ ᠤᠷᠤᠰᠴᠤ᠂ ᠤᠮᠠᠷᠠᠲᠤ ᠶ᠋ᠢᠨ ᠦᠨᠳᠦᠰᠦᠲᠡᠨ ᠨᠤᠭᠦᠳ ᠤ᠋ᠨ ᠬᠥᠪᠡᠭᠦᠳ ᠥᠬᠢᠳ ᠢ᠋ ᠥᠰᠭᠡᠨ ᠬᠥᠮᠦᠵᠢᠭᠦᠯᠵᠦ᠂ ᠡᠷᠭᠦᠨ᠎ᠡ ᠬᠤᠳᠠ ᠶ᠋ᠢᠨ ᠲᠡᠦᠬᠡ ᠶ᠋ᠢ ᠬᠦᠥᠷᠨᠢᠨᠠ᠃
ᠨᠡᠢᠲᠡ ᠶ᠋ᠢᠨ ᠣᠨ ᠲᠣᠭᠠᠯᠠᠯ ᠤ᠋ᠨ ᠨᠢᠭᠡᠳᠦᠭᠡᠷ ᠵᠠᠭᠤᠨ ᠳ᠋ᠦ ᠲᠣᠪᠠ ᠱᠢᠶᠡᠨᠪᠢ ᠶ᠋ᠢᠨ ᠳᠡᠭᠡᠳᠦᠰ ᠱᠢᠶᠡᠨᠪᠢ ᠰᠢᠪᠡᠭᠡ ᠡᠴᠡ ᠨᠡᠬᠦᠵᠦ ᠡᠮᠦᠨᠡᠰᠢ ᠬᠦᠯᠦᠨ ᠨᠠᠭᠤᠷ ᠲᠦ᠍ ᠬᠦᠷᠴᠦ᠂ ᠡᠷᠭᠦᠨ᠎ᠡ ᠳ᠋ᠦ ᠨᠤᠲᠤᠭᠯᠠᠨ ᠰᠠᠭᠤᠵᠠᠢ᠃ ᠰᠦᠶ ᠤᠯᠤᠰ ᠲᠠᠩ ᠤᠯᠤᠰ ᠤ᠋ᠨ ᠦᠶ᠎ᠡ ᠳ᠋ᠦ ᠮᠤᠨᠭᠭᠤᠯ ᠰᠢᠭᠤᠢ ᠶ᠋ᠢᠨ ᠬᠢᠨ ᠡᠨᠳᠡ ᠠᠩ ᠠᠩᠨᠠᠯ ᠬᠢᠵᠦ᠍ ᠪᠠᠢᠵᠠᠶ᠃ ᠠᠷᠪᠠᠨ ᠭᠤᠷᠪᠠᠳᠤᠭᠠᠷ ᠵᠠᠭᠤᠨ ᠵᠢᠴᠢ ᠠᠷᠪᠠᠨ ᠳᠥᠷᠪᠡᠳᠦᠭᠡᠷ ᠵᠠᠭᠤᠨ ᠤ᠋ ᠲᠤᠮᠳᠠᠴᠢ ᠪᠤᠯᠳᠠᠯ᠎ᠠ ᠡᠨᠡ ᠭᠠᠵᠠᠷ ᠨᠢ ᠴᠢᠩᠭᠢᠰ ᠬᠠᠭᠠᠨ ᠤ᠋ ᠳᠡᠭᠦᠦ ᠬᠠᠰᠠᠷ ᠪᠣᠯᠤᠨ ᠲᠡᠭᠦᠨ ᠤ᠋ ᠬᠣᠢᠴᠢᠰ ᠤ᠋ᠨ ᠡᠷᠭᠦᠮᠵᠢᠯᠡᠯ ᠤ᠋ᠨ ᠭᠠᠵᠠᠷ ᠪᠣᠯᠤᠨ᠎ᠠ᠃ ᠲᠡᠳᠡᠨ ᠤ᠋ ᠰᠠᠭᠤᠵᠤ ᠪᠠᠢᠭ᠍ᠰᠠᠨ ᠬᠦᠯᠢᠶᠡᠷᠢ ᠦᠨᠳᠦᠷ ᠤ᠋ᠨ ᠡᠷᠲᠡᠨ ᠤ᠋ ᠬᠤᠳᠠ ᠪᠣᠯ ᠲᠤᠬᠠᠢ ᠶ᠋ᠢᠨ ᠦᠶ᠎ᠡ ᠶ᠋ᠢᠨ ᠮᠣᠩᠭᠣᠯ ᠸᠠᠩ ᠭᠦᠩ ᠢᠵᠠᠭᠤᠷᠲᠠᠳ ᠤ᠋ᠨ ᠤᠯᠤᠰ ᠲᠦᠷᠦ᠍ ᠰᠣᠶᠣᠯ ᠤ᠋ᠨ ᠲᠥᠪ ᠪᠠᠢᠵᠠᠢ᠃ 1689 ᠣᠨ ᠳ᠋ᠦ ᠳᠤᠮᠳᠠᠳᠤ ᠣᠷᠣᠰ ᠤ᠋ᠨ 《ᠨᠢᠪᠦ᠋ᠴᠦ᠋ ᠶ᠋ᠢᠨ ᠭᠡᠷ᠎ᠡ》 ᠶ᠋ᠢ ᠲᠣᠭ᠍ᠲᠠᠭᠠᠭ᠍ᠰᠠᠨ ᠤ᠋ ᠳᠠᠷᠠᠭ᠎ᠠ ᠡᠷᠭᠦᠨ᠎ᠡ ᠭᠣᠣᠯ ᠨᠢ ᠳᠤᠮᠳᠠᠳᠤ ᠣᠷᠣᠰ ᠤ᠋ᠨ ᠬᠢᠯᠢ ᠶ᠋ᠢᠨ ᠭᠣᠣᠯ ᠪᠣᠯᠵᠤ᠂ ᠴᠢᠩ ᠤᠯᠤᠰ ᠤ᠋ᠨ ᠬᠠᠭᠠᠨᠲᠤ ᠲᠥᠷᠥ᠍ ᠡᠬᠢᠯᠡᠨ ᠬᠢᠯᠢ ᠴᠠᠭ᠍ᠳᠠᠵᠤ᠂ ᠬᠥᠯᠥᠨ ᠪᠣᠢᠷ ᠤ᠋ᠨ ᠨᠠᠢ᠍ᠮᠠᠨ ᠬᠣᠱᠢᠭᠤ ᠰᠡᠷᠭᠡᠢᠯᠡᠨ ᠰᠠᠭᠤᠵᠤ ᠬᠠᠷᠠᠭᠤᠯ ᠭᠠᠷᠭᠠᠨ᠂ ᠬᠢᠯᠢ ᠬᠢᠵᠠᠭᠠᠷ ᠢ᠋ ᠬᠠᠮᠠᠭᠠᠯᠠᠪᠠ᠃
ᠡᠷᠭᠦᠨ᠎ᠡ ᠬᠣᠲᠠ ᠶ᠋ᠢᠨ ᠨᠡᠷ᠎ᠠ ᠡᠷᠭᠦᠨ᠎ᠡ ᠭᠤᠤᠯ ᠡᠴᠡ ᠢᠷᠡᠯᠲᠡᠶ ᠶᠤᠮ᠃ ᠤᠮᠠᠷᠠᠲᠤ ᠶ᠋ᠢᠨ ᠨᠡᠭᠦᠳᠡᠯ ᠮᠠᠯᠵᠢᠯ ᠤ᠋ᠨ ᠦᠨᠳᠦᠰᠦᠲᠡᠨ ᠤ᠋ ᠥᠯᠥᠭᠡᠶ ᠪᠣᠯᠤᠭ᠍ᠰᠠᠨ ᠤ᠋ ᠬᠤᠪᠢ ᠳ᠋ᠦ ᠡᠷᠭᠦᠨ᠎ᠡ ᠶ᠋ᠢᠨ ᠬᠥᠭ᠌ᠵᠢᠯᠲᠡ ᠶ᠋ᠢᠨ ᠲᠡᠦᠬᠡ ᠪᠣᠯ ᠬᠢᠯᠢ ᠬᠢᠵᠠᠭᠠᠷ ᠢ᠋ ᠰᠠᠬᠢᠵᠤ᠂ ᠬᠢᠯᠢ ᠬᠢᠵᠠᠭᠠᠷ ᠢ᠋ ᠪᠡᠬᠢᠵᠢᠭᠦᠯᠤᠨ᠂ ᠬᠢᠯᠢ ᠬᠢᠵᠠᠭᠠᠷ ᠢ᠋ ᠲᠣᠭ᠍ᠲᠠᠪᠤᠷᠢᠵᠢᠭᠤᠯᠵᠤ᠂ ᠬᠢᠯᠢ ᠬᠢᠵᠠᠭᠠᠷ ᠢ᠋ ᠬᠥᠭ᠌ᠵᠢᠭᠦᠯᠤᠨ᠂ ᠬᠢᠯᠢ ᠬᠢᠵᠠᠭᠠᠷ ᠢ᠋ ᠪᠠᠶᠠᠵᠢᠭᠤᠯᠵᠤ᠂ ᠬᠢᠯᠢ ᠬᠢᠵᠠᠭᠠᠷ ᠢ᠋ ᠬᠦᠴᠦᠷᠬᠡᠭ᠌ᠵᠢᠭᠦᠯᠵᠤ᠂ ᠬᠢᠯᠢ ᠬᠢᠵᠠᠭᠠᠷ ᠢ᠋ ᠬᠠᠮᠠᠭᠠᠯᠠᠭ᠍ᠰᠠᠨ ᠲᠡᠦᠬᠡ ᠪᠣᠯᠬᠤ ᠪᠥᠭᠡᠳ ᠪᠠᠰᠠ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠲᠠᠰᠤᠷᠠᠯᠲᠠ ᠥᠬᠡᠶ ᠪᠠᠲᠤ ᠴᠣᠭ᠍ᠴᠠᠯᠠᠭ᠍ᠰᠠᠨ ᠬᠥᠭ᠌ᠵᠢᠯᠲᠡ ᠶ᠋ᠢᠨ ᠲᠡᠦᠬᠡ ᠪᠣᠯᠤᠨ᠎ᠠ᠃
ᠡᠨᠡ ᠬᠦ᠌ ᠦᠷᠭᠡᠨ ᠲᠠᠨᠢᠬᠡᠷ ᠭᠣᠣᠯ ᠮᠥᠷᠡᠨ᠂ ᠢᠭᠴᠤ ᠰᠠᠬᠤᠯᠢᠭ ᠤᠢ ᠱᠢᠭᠤᠢ᠂ ᠠᠭᠤᠳᠠᠮ ᠴᠡᠯᠡᠬᠡᠷ ᠲᠠᠯ᠎ᠠ ᠨᠤᠲᠤᠭ ᠪᠠ ᠨᠤᠭᠤ ᠭᠠᠵᠠᠷ ᠲᠠᠶ ᠦᠵᠡᠰᠭᠦᠯᠡᠩᠲᠦ ᠰᠠᠢᠬᠠᠨ ᠬᠤᠳᠠ ᠳ᠋ᠦ ᠥᠨᠢ ᠤᠳᠠᠭᠠᠨ ᠤᠯᠠᠮᠵᠢᠯᠠᠯ ᠲᠠᠶ ᠬᠢᠯᠢ ᠬᠢᠵᠠᠭᠠᠷ ᠢ᠋ ᠬᠠᠮᠠᠭᠠᠯᠠᠬᠤ ᠰᠣᠶᠣᠯ᠂ ᠡᠯᠪᠡᠭ ᠪᠠᠶᠠᠯᠢᠭ ᠦᠨᠳᠦᠰᠦᠲᠡᠨ ᠤ᠋ ᠰᠣᠶᠣᠯ᠂ ᠥᠪᠡᠷᠮᠢᠴᠡ ᠣᠨᠴᠠᠯᠢᠭ ᠲᠠᠶ ᠤᠢ ᠱᠢᠭᠤᠢ ᠶ᠋ᠢᠨ ᠰᠣᠶᠣᠯ ᠪᠠᠳᠠᠷᠠᠨ ᠬᠦᠭᠵᠢᠵᠦ᠂ ᠡᠨᠡ ᠬᠦ᠌ ᠭᠠᠢᠬᠠᠮᠱᠢᠭ᠍ᠲᠤ ᠨᠤᠲᠤᠭ ᠳᠡᠪᠢᠰᠭᠡᠷ ᠲᠦ᠍ ᠬᠢᠵᠠᠭᠠᠯᠠᠰᠢ ᠦᠭᠡᠢ ᠷᠢᠳᠢ ᠱᠢᠳᠢ ᠨᠡᠮᠡᠷᠢᠯᠡᠭ᠌ᠰᠡᠨ ᠪᠢᠯᠡ᠃
ᠡᠷᠭᠦᠨ᠎ᠡ ᠬᠣᠲᠠ ᠲᠡᠦᠬᠡ ᠰᠣᠶᠣᠯ ᠢᠷᠭᠡᠨᠱᠢᠯ ᠤ᠋ᠨ ᠡᠬᠢ ᠪᠠᠶᠠᠯᠢᠭ ᠪᠠ ᠪᠠᠢᠭᠠᠯᠢ ᠶ᠋ᠢᠨ ᠡᠬᠢ ᠪᠠᠶᠠᠯᠢᠭ ᠤ᠋ᠨ ᠳᠠᠪᠠᠭᠤᠯᠢᠭ ᠢ᠋ᠶ᠋ᠠᠨ ᠭᠦᠶ᠋ᠴᠡᠳ ᠪᠠᠳᠠᠷᠠᠭᠤᠯᠤᠨ᠂ ᠰᠣᠶᠣᠯ ᠵᠢᠭᠤᠯᠴᠢᠯᠠᠯ ᠠᠭᠤᠰᠤᠯᠴᠠᠭ᠍ᠰᠠᠨ ᠱᠢᠨ᠎ᠡ ᠬᠥᠭ᠌ᠵᠢᠯᠲᠡ ᠵᠢ ᠪᠥᠬᠥ᠌ ᠬᠦᠴᠦᠨ ᠢ᠋ᠶ᠋ᠡᠷ ᠠᠬᠢᠭᠤᠯᠵᠤ᠂ ᠬᠢᠯᠢ ᠬᠢᠵᠠᠭᠠᠷ ᠢ᠋ ᠬᠦᠴᠦᠷᠬᠡᠭ᠌ᠵᠢᠭᠦᠯᠵᠦ᠍ ᠰᠡᠷᠭᠡᠢᠯᠡᠯᠲᠡ ᠵᠢ ᠪᠡᠬᠢᠵᠢᠭᠦᠯᠬᠦ᠌ ᠪᠠ ᠠᠵᠤ ᠠᠬᠤᠶ ᠶ᠋ᠢᠨ ᠬᠥᠭ᠌ᠵᠢᠯᠲᠡ ᠶ᠋ᠢᠨ ᠬᠤᠤᠰ ᠠᠱᠢᠭ ᠭᠥᠷᠳᠡᠬᠦ᠌ ᠵᠠᠮ ᠢ᠋ ᠨᠡᠭᠡᠭᠡᠪᠡ᠃
ᠵᠤᠷᠢᠭᠳᠠᠢ ᠪᠡᠷ ᠬᠠᠷᠢᠭᠤᠴᠠᠯᠭ᠎ᠠ ᠡᠭᠦᠷᠭᠡᠯᠡᠵᠦ᠍ ᠬᠢᠯᠢ ᠬᠢᠵᠠᠭᠠᠷ ᠢ᠋ ᠰᠠᠬᠢᠨ ᠬᠠᠮᠠᠭᠠᠯᠠᠨ᠎ᠠ
ᠡᠷᠭᠦᠨ᠎ᠡ ᠬᠣᠲᠠ ᠪᠠᠷᠠᠭᠤᠨ ᠬᠤᠢᠰᠢ ᠪᠠᠨ ᠣᠷᠣᠰ ᠲᠠᠶ ᠡᠷᠭᠦᠨ᠎ᠡ ᠭᠤᠤᠯᠵᠢᠨᠷ ᠠᠯᠤᠰᠯᠠᠨ ᠨᠢᠭᠤᠷᠯᠠᠵᠤ᠂ ᠬᠢᠯᠢ ᠶ᠋ᠢᠨ ᠱᠤᠭᠤᠮ ᠤ᠋ᠨ ᠣᠷᠳᠣ ᠨᠢ 674.89 ᠺᠢᠯᠣᠮᠧᠲ᠋ᠷ ᠪᠠᠢᠵᠤ᠂ ᠥᠪᠥᠷ ᠮᠣᠩᠭᠣᠯᠬᠢᠭᠡᠳ ᠣᠷᠣᠰ ᠤ᠋ᠨ ᠬᠢᠯᠢ ᠶ᠋ᠢᠨ ᠱᠤᠭᠤᠮ ᠤ᠋ᠨ 63% ᠵᠢ ᠡᠵᠡᠯᠡᠵᠦ᠍ ᠪᠠᠢᠳᠠᠭ᠃
ᠡᠷᠭᠦᠨ᠎ᠡ ᠶ᠋ᠢᠨ ᠲᠡᠦᠬᠡ ᠵᠢ ᠡᠷᠭᠢᠴᠡᠭᠦᠯᠪᠡᠯ᠂ ᠦᠨᠳᠦᠰᠦᠲᠡᠨ ᠨᠤᠭᠦᠳ ᠤ᠋ᠨ ᠣᠯᠠᠨ ᠲᠦᠮᠡᠨ 《ᠬᠢᠯᠢ ᠬᠢᠵᠠᠭᠠᠷ ᠢ᠋ ᠪᠡᠬᠢᠵᠢᠭᠦᠯᠬᠦ᠌᠂ ᠬᠢᠯᠢ ᠬᠢᠵᠠᠭᠠᠷ ᠢ᠋ ᠲᠣᠭ᠍ᠲᠠᠪᠤᠷᠢᠵᠢᠭᠤᠯᠬᠤ᠂ ᠬᠢᠯᠢ ᠬᠢᠵᠠᠭᠠᠷ ᠢ᠋ ᠬᠥᠭ᠌ᠵᠢᠭᠦᠯᠬᠦ᠌᠂ ᠬᠢᠯᠢ ᠬᠢᠵᠠᠭᠠᠷ ᠢ᠋ ᠪᠠᠶᠠᠵᠢᠭᠤᠯᠬᠤ᠂ ᠬᠢᠯᠢ ᠬᠢᠵᠠᠭᠠᠷ ᠢ᠋ ᠬᠦᠴᠦᠷᠬᠡᠭ᠌ᠵᠢᠭᠦᠯᠬᠦ᠌》 ᠶᠠᠪᠤᠴᠠ ᠳ᠋ᠦ ᠤᠯᠤᠰ ᠢ᠋ᠶ᠋ᠠᠨ ᠬᠠᠢᠷᠠᠯᠠᠬᠤ ᠦᠵᠡᠯ ᠪᠠ ᠬᠤᠪᠢᠰᠭᠠᠯᠲᠤ ᠪᠠᠭᠠᠲᠤᠷᠯᠢᠭ ᠦᠵᠡᠯ ᠤ᠋ᠨ ᠵᠣᠷᠢᠭ ᠰᠠᠨᠠᠭ᠎ᠠ ᠵᠢ ᠠᠭᠤᠯᠤᠭ᠍ᠰᠠᠨ᠂ ᠬᠢᠯᠢ ᠬᠢᠵᠠᠭᠠᠷ ᠤ᠋ᠨ ᠣᠨᠴᠠᠯᠢᠭ᠂ ᠲᠡᠦᠬᠡ ᠶ᠋ᠢᠨ ᠣᠨᠴᠠᠯᠢᠭ ᠪᠠ ᠴᠡᠷᠢᠭ ᠤ᠋ᠨ ᠶᠠᠪᠤᠳᠠᠯ ᠤ᠋ᠨ ᠣᠨᠴᠠᠯᠢᠭ ᠢ᠋ ᠠᠭᠤᠰᠤᠯᠴᠠᠭᠤᠯᠤᠭᠰᠠᠨ᠂ 《ᠤᠯᠤᠰ ᠢ᠋ᠶ᠋ᠠᠨ ᠬᠠᠢᠷᠠᠯᠠᠬᠤ᠂ ᠬᠠᠷᠢᠭᠤᠴᠠᠯᠭ᠎ᠠ ᠡᠭᠦᠷᠭᠡᠯᠡᠬᠦ᠌᠂ ᠪᠦᠯᠬᠦᠮᠳᠡᠬᠦ᠌᠂ ᠦᠨᠡᠨᠴᠢ ᠱᠢᠳᠤᠷᠭᠤ ᠪᠠᠢᠬᠤ᠂ ᠬᠤᠪᠢ ᠨᠡᠮᠡᠷᠢ ᠦᠵᠡᠭᠦᠯᠬᠦ᠌》 ᠪᠠᠷ ᠭᠤᠤᠯ ᠠᠭᠤᠯᠭ᠎ᠠ ᠪᠣᠯᠭᠠᠭ᠍ᠰᠠᠨ ᠬᠢᠯᠢᠵᠢᠨ ᠬᠠᠮᠠᠭᠠᠯᠠᠯᠳᠠ ᠵᠢᠨ ᠰᠣᠶᠣᠯ ᠢ᠋ ᠪᠦᠷᠢᠯᠳᠦᠬᠦᠯᠵᠤ᠂ ᠲᠡᠷᠡ ᠨᠢ ᠡᠷᠭᠦᠨ᠎ᠡ ᠬᠣᠲᠠ ᠶ᠋ᠢᠨ ᠬᠥᠭ᠌ᠵᠢᠯᠲᠡ ᠲᠡᠶ ᠢᠮᠠᠭ᠍ᠲᠠ ᠬᠠᠮᠲᠤ ᠣᠷᠣᠱᠢᠵᠤ᠂ ᠡᠷᠭᠦᠨ᠎ᠡ ᠬᠣᠲᠠ ᠶ᠋ᠢᠨ ᠢᠯᠡ ᠲᠣᠳᠣ ᠰᠣᠶᠣᠯ ᠤ᠋ᠨ ᠢᠮ ᠲᠡᠮᠳᠡᠭ ᠪᠣᠯᠤᠭ᠍ᠰᠠᠨ ᠢ᠋ ᠲᠣᠳᠣᠷᠬᠠᠶ ᠣᠯᠵᠤ ᠬᠠᠷᠠᠵᠤ ᠪᠣᠯᠤᠨ᠎ᠠ᠃
1689 ᠣᠨ ᠳ᠋ᠦ ᠳᠤᠮᠳᠠᠳᠤ ᠣᠷᠣᠰ ᠤ᠋ᠨ 《ᠨᠢᠪᠦ᠋ᠴᠦ᠋ ᠶ᠋ᠢᠨ ᠭᠡᠷ᠎ᠡ》 ᠲᠣᠭ᠍ᠲᠠᠭ᠍ᠰᠠᠨ ᠤ᠋ ᠳᠠᠷᠠᠭ᠎ᠠ ᠴᠢᠩ ᠤᠯᠤᠰ ᠤ᠋ᠨ ᠬᠠᠭᠠᠨᠲᠤ ᠲᠥᠷᠥ᠍ ᠬᠢᠯᠢ ᠴᠠᠭ᠍ᠳᠠᠵᠤ᠂ ᠬᠥᠯᠥᠨ ᠪᠣᠢᠷ ᠤ᠋ᠨ ᠨᠠᠢ᠍ᠮᠠᠨ ᠬᠣᠱᠢᠭᠤ ᠰᠡᠷᠭᠡᠢᠯᠡᠨ ᠰᠠᠭᠤᠵᠤ᠂ ᠬᠠᠷᠠᠭᠤᠯ ᠭᠠᠷᠭᠠᠨ᠂ ᠬᠢᠯᠢ ᠬᠢᠵᠠᠭᠠᠷ ᠢ᠋ ᠬᠠᠮᠠᠭᠠᠯᠠᠪᠠ᠃ ᠦᠨᠳᠦᠰᠦᠲᠡᠨ ᠨᠤᠭᠦᠳ ᠤ᠋ᠨ ᠠᠷᠠᠳ ᠲᠦᠮᠡᠨ ᠡᠨᠳᠡ ᠬᠢᠯᠢ ᠬᠢᠵᠠᠭᠠᠷ ᠢ᠋ ᠰᠠᠬᠢᠨ ᠠᠮᠢᠳᠤᠷᠠᠵᠤ᠂ ᠰᠦᠷ ᠳᠠᠯᠠᠢᠴᠠᠲᠠᠢ ᠲᠡᠦᠬᠡ ᠶ᠋ᠢᠨ ᠬᠠᠭᠤᠳᠠᠰᠤ ᠵᠢ ᠪᠢᠴᠢᠭ᠌ᠯᠡᠵᠦ᠍᠂ ᠥᠪᠡᠷᠮᠢᠴᠡ ᠣᠨᠴᠠᠯᠢᠭ ᠲᠠᠶ ᠬᠢᠯᠢ ᠵᠢᠨ ᠬᠠᠮᠠᠭᠠᠯᠠᠯᠳᠠ ᠵᠢᠨ ᠰᠣᠶᠣᠯ ᠢ᠋ ᠪᠦᠷᠢᠯᠳᠦᠭᠦᠯᠵᠦ᠍᠂ ᠦᠨᠡᠨᠴᠢ ᠱᠢᠳᠤᠷᠭᠤ ᠪᠠᠷ ᠬᠤᠪᠢ ᠨᠡᠮᠡᠷᠢ ᠦᠵᠡᠭᠦᠯᠵᠦ ᠬᠢᠯᠢ ᠬᠢᠵᠠᠭᠠᠷ ᠢ᠋ ᠬᠠᠮᠠᠭᠠᠯᠠᠭᠰᠠᠨ ᠮᠠᠰᠢ ᠤᠯᠠᠨ ᠪᠠᠭᠠᠲᠤᠷ ᠢᠳᠡᠳᠡᠨ ᠴᠣᠯᠭᠣᠷᠠᠨ ᠭᠠᠷᠴᠠᠢ᠃
1907 ᠣᠨ ᠳ᠋ᠦ ᠬᠥᠯᠥᠨ ᠪᠣᠢᠷ ᠢ᠋ ᠲᠦᠷ ᠬᠠᠮᠠᠭᠠᠯᠠᠬᠤ ᠪᠠᠷ ᠲᠣᠮᠢᠯᠠᠭ᠍ᠳᠠᠭ᠍ᠰᠠᠨ ᠮᠠᠢᠷᠠᠨ ᠵᠠᠩᠬᠢ ᠰᠦᠩ ᠱᠢᠶᠤᠤ ᠯᠢᠶᠠᠨ ᠬᠢᠯᠢᠵᠢᠨ ᠬᠠᠮᠠᠭᠠᠯᠠᠯᠲᠠ ᠵᠢ ᠴᠢᠩᠭᠠᠳᠭᠠᠬᠤ ᠶ᠋ᠢᠨ ᠲᠥᠯᠥᠭᠡ ᠡᠷᠭᠦᠨ᠎ᠡ ᠭᠣᠣᠯ ᠤ᠋ᠨ ᠬᠥᠪᠡᠭᠡ ᠳᠠᠭᠠᠤ 1500 ᠭᠠᠷᠤᠶ ᠭᠠᠵᠠᠷ ᠤ᠋ᠨ ᠤᠯᠤᠰ ᠤ᠋ᠨ ᠬᠢᠯᠢ ᠶ᠋ᠢᠨ ᠱᠤᠭᠤᠮ ᠢ᠋ ᠪᠡᠶ᠎ᠡ ᠪᠡᠷ ᠢ᠋ᠶ᠋ᠡᠨ ᠪᠠᠢᠴᠠᠭᠠᠨ ᠦᠵᠡᠵᠦ᠍᠂ 《ᠬᠥᠯᠥᠨ ᠪᠣᠢᠷ ᠤ᠋ᠨ ᠬᠢᠯᠢ ᠶ᠋ᠢᠨ ᠶᠠᠪᠤᠳᠠᠯ ᠤ᠋ᠨ ᠪᠠᠢᠴᠠᠭᠠᠯᠲᠠ ᠶ᠋ᠢᠨ ᠮᠡᠳᠡᠭᠦᠯᠦᠯᠲᠡ》 ᠪᠡᠨ ᠪᠢᠴᠢᠵᠡᠶ᠃ ᠲᠡᠷᠡ 21 ᠬᠢᠯᠢ ᠶ᠋ᠢᠨ ᠬᠠᠮᠠᠭᠠᠯᠠᠯᠲᠠ ᠶ᠋ᠢᠨ ᠬᠠᠷᠠᠭᠤᠯ ᠢ᠋ ᠳᠠᠬᠢᠨ ᠪᠠᠢᠭᠤᠯᠵᠤ᠂ ᠰᠤᠷᠭᠠᠭᠤᠯᠢ ᠪᠠᠢᠭᠤᠯᠤᠨ᠂ ᠴᠠᠭ᠍ᠳᠠᠭᠠ ᠲᠣᠬᠢᠷᠠᠭᠤᠯᠵᠤ᠂ ᠭᠠᠢᠯᠢ ᠶ᠋ᠢᠨ ᠳᠦᠷᠢᠮ ᠢ᠋ ᠴᠡᠪᠡᠷᠯᠡᠨ᠂ ᠬᠠᠭᠠᠨᠲᠤ ᠣᠷᠣᠰ ᠢ᠋ ᠡᠰᠡᠷᠭᠦᠴᠡᠨ ᠪᠠᠢᠯᠳᠤᠵᠤ᠂ ᠤᠯᠤᠰ ᠤ᠋ᠨ ᠨᠤᠲᠤᠭ ᠳᠡᠪᠢᠰᠭᠡᠷ ᠤ᠋ᠨ ᠪᠦᠷᠢᠨ ᠪᠦᠲᠦᠨ ᠪᠠᠢᠬᠤ ᠵᠢ ᠬᠠᠮᠠᠭᠠᠯᠠᠬᠤ ᠲᠠᠯ᠎ᠠ ᠪᠠᠷ ᠲᠣᠪᠣᠢᠮ᠎ᠠ ᠬᠤᠪᠢ ᠨᠡᠮᠡᠷᠢ ᠦᠵᠡᠭᠦᠯᠪᠡ᠃
ᠱᠢᠨ᠎ᠡ ᠳᠤᠮᠳᠠᠳᠤ ᠤᠯᠤᠰ ᠪᠠᠢᠭᠤᠯᠤᠭ᠍ᠳᠠᠭ᠍ᠰᠠᠨ ᠤ᠋ ᠳᠠᠷᠠᠭ᠎ᠠ᠂ 1954 ᠣᠨ ᠡᠴᠡ 1962 ᠣᠨ ᠪᠣᠯᠲᠠᠯ᠎ᠠ ᠬᠢᠯᠢ ᠬᠢᠵᠠᠭᠠᠷ ᠤ᠋ᠨ ᠪᠦᠲᠦᠭᠡᠨ ᠪᠠᠢᠭᠤᠯᠤᠯᠲᠠ ᠬᠥᠭ᠌ᠵᠢᠯᠲᠡ ᠵᠢ ᠳᠡᠮᠵᠢᠬᠦ᠌ ᠶ᠋ᠢᠨ ᠲᠥᠯᠥᠭᠡ ᠤᠯᠤᠰ ᠡᠴᠡ ᠵᠤᠤ ᠤᠳᠠ ᠠᠢᠮᠠᠭ᠂ ᠱᠠᠨᠳᠦ᠋ᠩ ᠮᠤᠵᠢ ᠡᠴᠡ 782 ᠡᠷᠦᠬᠡ 3422 ᠬᠥᠮᠦᠨ ᠢ᠋ ᠡᠨᠳᠡ ᠨᠡᠭᠦᠯᠭᠡᠨ ᠤᠷᠤᠭᠤᠯᠵᠦ᠂ ᠬᠢᠯᠢ ᠬᠢᠵᠠᠭᠠᠷ ᠢ᠋ ᠨᠡᠭᠡᠭᠡᠨ ᠬᠥᠭ᠌ᠵᠢᠭᠦᠯᠵᠦ᠍ ᠪᠦᠲᠦᠭᠡᠨ ᠪᠠᠢᠭᠤᠯᠬᠤ ᠭᠣᠣᠯ ᠬᠦᠴᠦᠨ ᠪᠣᠯᠭᠠᠪᠠ᠃
ᠤᠢ᠍ᠢᠷᠠ ᠶ᠋ᠢᠨ ᠵᠢᠯ ᠡᠴᠡ ᠨᠠᠭᠠᠰᠢ᠂ ᠡᠷᠭᠦᠨ᠎ᠡ ᠬᠤᠳᠠ ᠶ᠋ᠢᠨ ᠬᠢᠨ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠪᠠᠷ ᠭᠣᠣᠯ ᠱᠢᠵᠢᠮ ᠪᠣᠯᠭᠠᠨ᠂ ᠤᠨᠤᠯ ᠤ᠋ᠨ ᠰᠤᠳᠤᠯᠭᠠᠨ ᠢ᠋ ᠭᠦᠨᠵᠡᠭᠡᠢᠷᠡᠭᠦᠯᠵᠦ᠍᠂ ᠰᠣᠶᠣᠯ ᠤ᠋ᠨ ᠲᠡᠮᠳᠡᠭ ᠢ᠋ ᠪᠣᠢᠵᠢᠭᠤᠯᠤᠨ᠂ ᠤᠯᠠᠨ ᠨᠡᠢᠲᠡ ᠶ᠋ᠢᠨ ᠰᠣᠶᠣᠯ ᠤ᠋ᠨ ᠦᠢᠯᠡᠴᠢᠯᠡᠭᠡᠨ ᠤ᠋ ᠱᠢᠰᠲ᠋ᠧᠮ ᠤ᠋ᠨ ᠪᠠᠢᠭᠤᠯᠤᠯᠲᠠ ᠵᠢ ᠭᠦᠨᠵᠡᠭᠡᠢᠷᠡᠭᠦᠯᠵᠦ᠍᠂ ᠬᠢᠯᠢ ᠬᠢᠵᠠᠭᠠᠷ ᠢ᠋ ᠬᠠᠮᠠᠭᠠᠯᠠᠭ᠍ᠰᠠᠨ ᠰᠣᠶᠣᠯ ᠤ᠋ᠨ ᠦᠯᠢᠭᠡᠷ ᠢ᠋ ᠳᠠᠭᠤᠷᠢᠰᠬᠠᠨ᠂ 《ᠬᠢᠯᠢ ᠵᠢᠨ ᠬᠠᠮᠠᠭᠠᠯᠠᠯᠳᠠ ᠵᠢᠨ ᠰᠣᠶᠣᠯ》 ᠤ᠋ᠨ ᠲᠦᠷᠦᠯ ᠲᠡᠮᠳᠡᠭ ᠢ᠋ ᠪᠦᠬᠦ᠌ ᠲᠠᠯ᠎ᠠ ᠪᠠᠷ ᠤᠯᠠᠨ ᠬᠠᠷᠠᠭᠠᠰᠤ ᠡᠴᠡ ᠡᠭᠦᠳᠴᠦ᠍᠂ ᠦᠨᠳᠦᠰᠦᠲᠡᠨ ᠨᠤᠭᠦᠳ ᠤ᠋ᠨ ᠬᠠᠮᠲᠤ ᠶ᠋ᠢᠨ ᠤᠶᠤᠨ ᠰᠠᠨᠠᠭᠠᠨ ᠤ᠋ ᠭᠡᠷ ᠣᠷᠣᠨ ᠢ᠋ ᠴᠤᠭᠴᠠᠯᠠᠭᠰᠠᠨ ᠪᠠᠢᠨ᠎ᠠ᠃
ᠲᠠᠪᠤ ᠵᠢ ᠨᠢᠭᠡ ᠴᠣᠭ᠍ᠴᠠᠵᠢᠭᠤᠯᠵᠤ ᠬᠢᠯᠢ ᠬᠢᠵᠠᠭᠠᠷ ᠢ᠋ ᠪᠡᠬᠢᠵᠢᠭᠦᠯᠦᠨᠠ
ᠡᠨᠡ ᠬᠡᠳᠦᠨ ᠡᠳᠦᠷ ᠡᠷᠭᠦᠨ᠎ᠡ ᠬᠤᠳᠠ ᠶ᠋ᠢᠨ ᠮᠣᠩᠭᠣᠯ ᠰᠢᠭᠤᠢ ᠰᠤᠮᠤ ᠶ᠋ᠢᠨ ᠬᠢᠯᠢ ᠬᠠᠮᠠᠭᠠᠯᠠᠭ᠍ᠴᠢ ᠯᠢ ᠶᠦᠩ ᠬᠢᠯᠢ ᠶ᠋ᠢᠨ ᠭᠣᠣᠯ ᠤ᠋ᠨ ᠡᠷᠬᠢᠨ ᠲᠣᠭᠣᠷᠢᠨ ᠢ᠋ ᠴᠠᠭᠳᠠᠵᠦ ᠶᠠᠭᠠᠷᠠᠨ᠎ᠠ᠃
46 ᠨᠠᠰᠤᠲᠠᠶ ᠯᠢ ᠶᠦᠩ ᠪᠠᠷᠤᠭ ᠬᠡᠳᠦᠨ ᠡᠳᠦᠷ ᠠᠯᠤᠰᠯᠠᠬᠤ ᠪᠦᠷᠢ ᠡᠷᠬᠦᠨ᠎ᠠ ᠭᠤᠤᠯ ᠤ᠋ᠨ ᠣᠷᠴᠢᠮ ᠬᠦᠷᠴᠦ᠍ ᠬᠢᠯᠢ ᠵᠢ ᠲᠣᠭᠣᠷᠢᠨ ᠴᠠᠭᠳᠠᠳᠠᠭ᠃ ᠬᠢᠯᠢ ᠶ᠋ᠢᠨ ᠲᠡᠮᠦᠷ ᠲᠤᠤᠷ ᠡᠪᠳᠡᠷᠡᠭ᠌ᠰᠡᠨ ᠢ᠋ ᠰᠡᠯᠪᠢᠨ ᠵᠠᠰᠠᠨ᠎ᠠ᠂ ᠰᠡᠵᠢᠭ᠌ᠯᠡᠯᠲᠡᠶ ᠬᠥᠮᠦᠨ ᠢ᠋ ᠣᠯᠵᠤ ᠦᠵᠡᠪᠡᠯ ᠴᠠᠭ ᠲᠤᠬᠠᠶ ᠳ᠋ᠤᠨᠢ ᠲᠣᠮᠢᠯᠠᠭ᠍ᠰᠠᠨ ᠰᠠᠯᠪᠤᠷᠢ ᠳ᠋ᠦ ᠮᠡᠳᠡᠭᠦᠯᠦᠨ᠎ᠡ ᠁ 《ᠪᠢ ᠬᠢᠯᠢ ᠬᠠᠮᠠᠭᠠᠯᠠᠭ᠍ᠴᠢ ᠪᠣᠯᠣᠭᠠᠳ 4 ᠵᠢᠯ ᠪᠣᠯᠪᠠ᠂ ᠲᠣᠮᠢᠯᠠᠭ᠍ᠰᠠᠨ ᠰᠠᠯᠪᠤᠷᠢ ᠶ᠋ᠢᠨ ᠬᠢᠨ ᠦᠷᠭᠦᠯᠵᠢ ᠪᠢᠳᠡᠨ ᠢ᠋ ᠵᠣᠬᠢᠶᠠᠨ ᠪᠠᠢᠭᠤᠯᠵᠤ ᠬᠢᠯᠢ ᠶ᠋ᠢᠨ ᠬᠠᠮᠢᠶᠠᠷᠤᠯᠲᠠ ᠶ᠋ᠢᠨ ᠮᠡᠳᠡᠯᠭᠡ ᠪᠣᠯᠤᠨ ᠬᠠᠤᠯᠢ ᠴᠠᠭᠠᠵᠠ ᠬᠠᠤᠯᠢ ᠲᠣᠭ᠍ᠲᠠᠭᠠᠯ ᠤ᠋ᠨ ᠪᠣᠯᠪᠠᠰᠤᠷᠠᠯ ᠬᠦᠷᠲᠡᠭᠡᠵᠦ᠍ ᠪᠠᠢᠨ᠎ᠠ᠃ ᠪᠢ ᠱᠠᠭᠠᠷᠳᠠᠯᠭ᠎ᠠ ᠶᠣᠰᠣᠭᠠᠷ ᠲᠣᠭ᠍ᠲᠠᠭ᠍ᠰᠠᠨ ᠬᠤᠭᠤᠴᠠᠭ᠎ᠠ ᠲᠠᠶ ᠪᠠᠷ ᠬᠢᠯᠢ ᠵᠢ ᠬᠠᠮᠠᠭᠠᠯᠠᠵᠤ᠂ ᠬᠢᠯᠢ ᠵᠢ ᠴᠠᠭ᠍ᠳᠠᠨ ᠪᠠᠢᠴᠠᠭᠠᠵᠤ᠂ ᠬᠢᠯᠢ ᠬᠢᠵᠠᠭᠠᠷ ᠤ᠋ᠨ ᠲᠣᠭ᠍ᠲᠠᠭᠤᠨ ᠳ᠋ᠦ ᠬᠤᠪᠢ ᠨᠡᠮᠡᠷᠢ ᠦᠵᠡᠭᠦᠯᠦᠨ᠎ᠠ》 ᠭᠡᠵᠦ᠍ ᠯᠢ ᠶᠦᠩ ᠣᠮᠣᠭ ᠪᠠᠬᠠᠳᠤᠯ ᠲᠠᠶ ᠬᠡᠯᠡᠨ᠎ᠠ᠃
ᠡᠷᠭᠦᠨ᠎ᠡ ᠬᠤᠳᠠ ᠶ᠋ᠢᠨ ᠱᠢᠪᠡᠭᠡ ᠬᠢᠯᠢ ᠶ᠋ᠢᠨ ᠲᠣᠮᠢᠯᠠᠭ᠍ᠰᠠᠨ ᠰᠠᠯᠪᠤᠷᠢ ᠶ᠋ᠢᠨ ᠶᠡᠬᠡ ᠬᠦᠷᠢᠶᠡᠨ ᠳ᠋ᠦ ᠣᠷᠣᠪᠠᠯ᠂ ᠤᠯᠠᠭᠠᠨ ᠲᠣᠭᠣᠰᠬᠠᠨ ᠪᠦᠳᠦᠴᠡ ᠲᠠᠢ ᠭᠤᠷᠪᠠᠨ ᠳᠠᠪᠬᠤᠷ ᠬᠠᠷᠠᠭᠤᠯ ᠤ᠋ᠨ ᠠᠰᠠᠷ ᠬᠠᠷᠠᠴᠠ ᠪᠤᠯᠢᠶᠠᠨ᠎ᠠ᠃ ᠬᠠᠷᠠᠭᠤᠯ ᠤ᠋ᠨ ᠠᠰᠠᠷ ᠤ᠋ᠨ ᠳᠣᠲᠣᠷ᠎ᠠ ᠴᠢᠩ ᠤᠯᠤᠰ ᠤ᠋ᠨ ᠦᠶ᠎ᠡ ᠳ᠋ᠦ ᠬᠥᠯᠥᠨ ᠪᠣᠢᠷ ᠤ᠋ᠨ ᠬᠢᠯᠢ ᠬᠢᠵᠠᠭᠠᠷ ᠣᠷᠣᠨ ᠳ᠋ᠦ ᠰᠡᠷᠭᠡᠢᠯᠡᠯᠲᠡ ᠪᠠᠢᠭᠤᠯᠤᠭ᠍ᠰᠠᠨ ᠲᠡᠥᠬᠡ ᠶ᠋ᠢᠨ ᠲᠤᠮᠤ ᠬᠡᠷᠡᠭ ᠶᠠᠪᠤᠳᠠᠯ ᠵᠡᠷᠭᠡ ᠵᠢᠷᠤᠭ ᠤ᠋ᠳ ᠳᠠᠯᠪᠢᠭᠠᠰᠤᠳᠠᠢ᠃ 1964 ᠣᠨ ᠳ᠋ᠦ ᠪᠠᠢᠭᠤᠯᠤᠭ᠍ᠳᠠᠭ᠍ᠰᠠᠨ ᠡᠨᠡ ᠬᠦ᠌ ᠬᠠᠷᠠᠭᠤᠯ ᠤ᠋ᠨ ᠠᠰᠠᠷ ᠨᠢ ᠬᠢᠯᠢ ᠶ᠋ᠢᠨ ᠠᠮᠤᠷ ᠲᠦᠪᠱᠢᠨ ᠢ᠋ ᠬᠠᠮᠠᠭᠠᠯᠠᠬᠤ ᠪᠠ ᠬᠠᠤᠯᠢ ᠡᠴᠡ ᠵᠥᠷᠢᠴᠡᠭ᠌ᠰᠡᠨ ᠶᠠᠯᠠᠲᠤ ᠠᠵᠢᠯᠯᠠᠭ᠎ᠠ ᠳ᠋ᠦ ᠴᠣᠬᠢᠯᠲᠠ ᠥᠭ᠌ᠬᠦ ᠲᠠᠯ᠎ᠠ ᠪᠠᠷ ᠢᠳᠡᠪᠬᠢ ᠦᠢᠯᠡᠳᠦᠯ ᠦᠵᠡᠭᠦᠯᠵᠦ᠍᠂ ᠤᠳᠤ ᠨᠢᠭᠡᠨᠲᠡ ᠤᠯᠤᠰ ᠤ᠋ᠨ ᠬᠢᠯᠢ ᠵᠢᠨ ᠬᠠᠮᠠᠭᠠᠯᠠᠯᠳᠠ ᠵᠢᠨ ᠰᠣᠶᠣᠯ ᠤ᠋ᠨ ᠰᠠᠭᠤᠷᠢᠨ ᠪᠣᠯᠵᠠᠢ᠃ ᠲᠣᠮᠢᠯᠠᠭ᠍ᠰᠠᠨ ᠰᠠᠯᠪᠤᠷᠢ ᠶ᠋ᠢᠨ ᠳᠡᠳ᠋ ᠳᠠᠷᠤᠭ᠎ᠠ ᠶᠣᠣ ᠱᠧᠩ ᠳ᠋ᠦᠩ᠄《ᠣᠢᠷ᠎ᠠ ᠶ᠋ᠢᠨ ᠵᠢᠯ ᠳ᠋ᠦ ᠲᠣᠮᠢᠯᠠᠭ᠍ᠰᠠᠨ ᠰᠠᠯᠪᠤᠷᠢ 〈ᠰᠣᠶᠣᠯ + ᠵᠢᠭᠤᠯᠴᠢᠯᠠᠯ + ᠴᠠᠭ᠍ᠳᠠᠭᠠᠨ ᠤ᠋ ᠶᠠᠪᠤᠳᠠᠯ〉 ᠤ᠋ᠨ ᠪᠠᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭ᠌ᠵᠢᠭᠦᠯᠵᠦ᠍᠂ ᠬᠠᠷᠠᠭᠤᠯ ᠤ᠋ᠨ ᠠᠰᠠᠷ ᠢ᠋ᠶ᠋ᠡᠷ ᠭᠤᠤᠯᠳᠠᠭᠤᠯᠤᠨ ᠥᠰᠥᠭ ᠪᠢᠴᠢᠭ᠂ ᠬᠡᠷᠡᠯ ᠵᠢᠷᠤᠭ᠂ ᠸᠢᠳᠢᠣ᠋ ᠵᠡᠷᠭᠡ ᠣᠯᠠᠨ ᠵᠦᠶ᠋ᠯ ᠤ᠋ᠨ ᠬᠡᠯᠪᠡᠷᠢ ᠪᠡᠷ ᠮᠠᠨ ᠤ᠋ ᠤᠯᠤᠰ ᠤ᠋ᠨ ᠬᠢᠯᠢ ᠬᠢᠵᠠᠭᠠᠷ ᠤᠷᠤᠨ ᠤ᠋ ᠲᠡᠦᠬᠡᠨ ᠬᠥᠭ᠌ᠵᠢᠯᠲᠡ ᠪᠠ ᠣᠷᠴᠢᠨ ᠣᠲᠣ ᠦᠶ᠎ᠡ ᠶ᠋ᠢᠨ ᠬᠢᠯᠢ ᠬᠢᠵᠠᠭᠠᠷ ᠢ᠋ ᠬᠠᠮᠠᠭᠠᠯᠠᠭ᠍ᠰᠠᠨ ᠥᠯᠢᠭᠡᠷ ᠢ᠋ ᠠᠮᠢᠳᠤᠯᠢᠭ ᠢ᠋ᠶ᠋ᠠᠷ ᠢᠯᠡᠷᠡᠭᠦᠯᠵᠦ᠍᠂ ᠦᠨᠳᠦᠰᠦᠲᠡᠨ ᠨᠤᠭᠦᠳ ᠤ᠋ᠨ ᠣᠯᠠᠨ ᠲᠦᠮᠡᠨ ᠤ᠋ ᠤᠯᠤᠰ ᠢ᠋ᠶ᠋ᠠᠨ ᠬᠠᠢᠷᠠᠯᠠᠵᠤ ᠬᠢᠯᠢ ᠬᠢᠵᠠᠭᠠᠷ ᠢ᠋ᠶ᠋ᠠᠨ ᠬᠠᠢᠷᠠᠯᠠᠬᠤ ᠵᠢ ᠬᠥᠮᠦᠵᠢᠭᠦᠯᠦᠨ ᠵᠣᠷᠢᠭ᠍ᠵᠢᠭᠤᠯᠪᠠ᠃ ᠲᠣᠮᠢᠯᠠᠭ᠍ᠰᠠᠨ ᠰᠠᠯᠪᠤᠷᠢ ᠶ᠋ᠢᠨ 〈ᠬᠤᠪᠢᠰᠭᠠᠯ ᠤ᠋ᠨ ᠬᠤᠰᠢᠭᠤᠴᠢ ᠬᠠᠷᠠᠭᠤᠯ〉 ᠲᠦᠷᠦᠯ ᠵᠦᠢᠯ ᠨᠢ ᠥᠪᠡᠷᠲᠡᠭᠡᠨ ᠵᠠᠰᠠᠬᠤ ᠣᠷᠣᠨ ᠤ᠋ 〈ᠦᠵᠡᠯ ᠰᠠᠨᠠᠭ᠎ᠠ ᠤᠯᠤᠰ ᠲᠥᠷᠥ ᠶ᠋ᠢᠨ ᠬᠢᠴᠢᠶᠡᠯ ᠤ᠋ᠨ ᠤᠯᠤᠰ ᠤ᠋ᠨ ᠠᠮᠤᠷ ᠲᠦᠪᠱᠢᠨ ᠤ᠋ ᠬᠥᠮᠦᠵᠢᠯ ᠤ᠋ᠨ ᠲᠤᠰᠭᠠᠶ ᠰᠡᠳᠦᠪᠲᠦ ᠦᠶ᠋ᠯᠡᠳᠦᠯᠭᠡ ᠶ᠋ᠢᠨ ᠵᠢᠭᠠᠨ ᠰᠤᠷᠭᠠᠯᠲᠠ ᠶ᠋ᠢᠨ ᠰᠠᠭᠤᠷᠢᠨ〉 ᠢ᠋ᠶ᠋ᠡᠷ ᠦᠨᠡᠯᠡᠭᠳᠡᠪᠠ》 ᠭᠡᠵᠦ ᠲᠠᠨᠢᠯᠴᠠᠭᠤᠯᠵᠤ ᠪᠠᠢᠯ᠎ᠠ᠃
2024 ᠣᠨ ᠤ᠋ ᠤᠯᠤᠰ ᠤ᠋ᠨ ᠪᠠᠶᠠᠷ ᠤ᠋ᠨ ᠠᠮᠠᠷᠠᠯᠳᠠ ᠡᠴᠡ ᠡᠮᠦᠨᠡᠬᠡᠨ ᠲᠦᠷᠦ ᠶ᠋ᠢᠨ ᠶᠠᠪᠤᠳᠠᠯ ᠤ᠋ᠨ ᠬᠤᠷᠢᠶ᠎ᠠ ᠡᠴᠡ ᠳᠤᠮᠳᠠᠳᠤ ᠤᠯᠤᠰ ᠤ᠋ᠨ ᠡᠪ ᠬᠠᠮᠲᠤ ᠨᠠᠮ ᠤ᠋ᠨ ᠡᠷᠭᠦᠨ᠎ᠡ ᠬᠣᠲᠠ ᠶ᠋ᠢᠨ ᠮᠤᠨᠭᠭᠤᠯ ᠰᠢᠭᠤᠢ ᠰᠤᠮᠤ ᠶ᠋ᠢᠨ ᠬᠣᠷᠢᠶ᠎ᠠ ᠳ᠋ᠤ 《ᠪᠥᠬᠥ᠌ ᠤᠯᠤᠰ ᠤ᠋ᠨ ᠦᠨᠳᠦᠰᠦᠲᠡᠨ ᠤ᠋ ᠪᠦᠯᠬᠦᠮᠳᠡᠯ ᠳᠠᠪᠱᠢᠯᠲᠠ ᠶ᠋ᠢᠨ ᠵᠢᠱ᠌ᠢᠶᠡᠴᠢ ᠬᠠᠮᠲᠤ ᠨᠡᠢᠳᠡ》 ᠶ᠋ᠢᠨ ᠢᠷᠠᠭᠤ ᠠᠯᠳᠠᠷ ᠤ᠋ᠨ ᠴᠣᠯᠠ ᠣᠯᠭᠣᠪᠠ᠃ 《ᠮᠠᠨ ᠤ᠋ ᠰᠤᠮᠤ ᠶ᠋ᠢᠨ ᠨᠠᠮ ᠤ᠋ᠨ ᠬᠣᠷᠢᠶ᠎ᠠ ᠡᠴᠡ ᠳᠤᠮᠳᠠᠳᠤ ᠶ᠋ᠢᠨ ᠦᠨᠳᠦᠰᠦᠲᠡᠨ ᠤ᠋ ᠬᠠᠮᠲᠤ ᠶ᠋ᠢᠨ ᠴᠣᠭ᠍ᠴᠠ ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠵᠢ ᠬᠥᠳᠡᠭᠡ ᠲᠣᠰᠭᠣᠨ ᠢ᠋ ᠬᠥᠭ᠌ᠵᠢᠭᠦᠯᠦᠨ ᠮᠠᠨᠳᠤᠭᠤᠯᠬᠤ᠂ ᠵᠢᠭᠤᠯᠴᠢᠯᠠᠯ ᠤ᠋ᠨ ᠬᠥᠭ᠌ᠵᠢᠯᠲᠡ᠂ ᠦᠨᠳᠦᠰᠦᠨ ᠱᠠᠲᠤᠨ ᠤ᠋ ᠵᠠᠰᠠᠯᠲᠠ ᠵᠡᠷᠭᠡ ᠠᠵᠢᠯᠳᠤ ᠪᠥᠬᠥ᠌ ᠲᠠᠯ᠎ᠠ ᠪᠠᠷ ᠠᠭᠤᠰᠤᠯᠴᠠᠭᠤᠯᠵᠤ᠂ ᠬᠢᠯᠢ ᠵᠢᠨ ᠰᠤᠮᠤ ᠬᠢᠭᠡᠳ ᠰᠠᠭᠤᠭ᠎ᠠ ᠴᠡᠷᠢᠭ ᠴᠠᠭ᠍ᠳᠠᠭᠠ ᠶ᠋ᠢᠨ ᠬᠡᠷᠡᠭ ᠵᠥᠪᠯᠡᠵᠦ᠍ ᠵᠣᠬᠢᠴᠠᠭᠤᠯᠬᠤ ᠲᠣᠭ᠍ᠲᠠᠴᠠ ᠵᠢ ᠪᠠᠢᠭᠤᠯᠤᠨ᠂ ᠨᠠᠮ ᠵᠠᠰᠠᠭ ᠴᠡᠷᠢᠭ ᠴᠠᠭ᠍ᠳᠠᠭᠠ ᠠᠷᠠᠳ ᠲᠠᠪᠤ ᠵᠢ ᠨᠢᠭᠡ ᠴᠣᠭ᠍ᠴᠠᠵᠢᠭᠤᠯᠤᠭ᠍ᠰᠠᠨ ᠬᠢᠯᠢ ᠬᠢᠵᠠᠭᠠᠷ ᠢ᠋ ᠬᠦᠴᠦᠷᠬᠡᠭ᠌ᠵᠢᠭᠦᠯᠵᠦ᠍ ᠰᠡᠷᠭᠡᠢᠯᠡᠯᠲᠡ ᠵᠢ ᠪᠡᠬᠢᠵᠢᠭᠦᠯᠬᠦ᠌ ᠱᠢᠰᠲ᠋ᠧᠮ ᠢ᠋ ᠦᠷᠭᠦᠯᠵᠢᠯᠡᠨ ᠪᠡᠬᠢᠵᠢᠭᠦᠯᠵᠦ᠍᠂ ᠦᠨᠳᠦᠰᠦᠲᠡᠨ ᠨᠤᠭᠦᠳ ᠤ᠋ᠨ ᠣᠯᠠᠨ ᠲᠦᠮᠡᠨ ᠤ᠋ ᠬᠢᠯᠢ ᠬᠢᠵᠠᠭᠠᠷ ᠣᠷᠣᠨ ᠳ᠋ᠤ ᠨᠤᠳᠤᠭᠰᠢᠬᠤ᠂ ᠤᠯᠤᠰ ᠤ᠋ᠨ ᠨᠤᠲᠤᠭ ᠳᠡᠪᠢᠰᠭᠡᠷ ᠵᠢᠡᠨ ᠰᠠᠬᠢᠨ ᠬᠠᠮᠠᠭᠠᠯᠠᠬᠤ ᠰᠦᠷ ᠳᠠᠯᠠᠢᠴᠠᠲᠠᠶ ᠬᠦᠴᠦᠨ ᠢ᠋ ᠨᠢᠭ᠍ᠲᠠᠷᠠᠭᠤᠯᠪᠠ》 ᠭᠡᠵᠤ ᠮᠤᠨᠭᠭᠤᠯ ᠰᠢᠭᠤᠢ ᠰᠤᠮᠤ ᠶ᠋ᠢᠨ ᠨᠠᠮ ᠤ᠋ᠨ ᠬᠤᠷᠢᠶ᠎ᠠ ᠵᠢᠨ ᠱᠦᠵᠢ ᠳ᠋ᠠ ᠹᠦ᠋ ᠯᠠ ᠬᠡᠯᠡᠨ᠎ᠠ᠃
ᠰᠣᠶᠣᠯ ᠵᠢᠭᠤᠯᠴᠢᠯᠠᠯ ᠢ᠋ ᠠᠭᠤᠰᠤᠯᠴᠠᠭᠤᠯᠵᠤ ᠬᠢᠯᠢ ᠬᠢᠵᠠᠭᠠᠷ ᠢ᠋ ᠬᠦᠭᠵᠢᠬᠦᠯᠦᠨ᠎ᠠ
ᠤᠯᠤᠰ ᠪᠠᠢᠪᠠᠯ ᠬᠢᠯᠢ ᠪᠠᠢᠨ᠎ᠠ᠂ ᠬᠢᠯᠢ ᠪᠠᠢᠪᠠᠯ ᠵᠠᠪᠠᠯ ᠰᠡᠷᠭᠡᠢᠯᠡᠨ᠎ᠡ᠂ ᠬᠢᠯᠢ ᠵᠢ ᠬᠦᠴᠦᠷᠬᠡᠭ᠌ᠵᠢᠭᠦᠯᠬᠦ᠌ ᠳ᠋ᠦ ᠵᠠᠪᠠᠯ ᠬᠢᠯᠢ ᠵᠢ ᠬᠥᠭ᠌ᠵᠢᠭᠦᠯᠬᠦ ᠴᠢᠬᠤᠯᠠᠳᠠᠢ ᠶᠤᠮ᠃ ᠡᠷᠭᠦᠨ᠎ᠡ ᠬᠣᠲᠠ ᠰᠣᠶᠣᠯ ᠵᠢᠭᠤᠯᠴᠢᠯᠠᠯ ᠢ᠋ ᠠᠭᠤᠰᠤᠯᠴᠠᠭᠤᠯᠤᠨ ᠬᠥᠭ᠌ᠵᠢᠭᠦᠯᠬᠦ᠌ ᠵᠢ ᠬᠢᠯᠢ ᠬᠢᠵᠠᠭᠠᠷ ᠢ᠋ ᠬᠥᠭ᠌ᠵᠢᠭᠦᠯᠦᠨ ᠠᠷᠠᠳ ᠢ᠋ ᠪᠠᠶᠠᠵᠢᠭᠤᠯᠬᠤ ᠬᠦᠴᠦᠲᠡᠶ ᠭᠠᠷᠳᠠᠴᠠ ᠪᠣᠯᠭᠠᠵᠤ᠂ ᠬᠢᠯᠢ ᠬᠢᠵᠠᠭᠠᠷ ᠢ᠋ ᠬᠦᠴᠦᠷᠬᠡᠭ᠌ᠵᠢᠭᠦᠯᠵᠦ᠍ ᠰᠡᠷᠭᠡᠢᠯᠡᠯᠲᠡ ᠵᠢ ᠪᠡᠬᠢᠵᠢᠭᠦᠯᠬᠦ᠌ ᠳ᠋ᠦ ᠪᠠᠲᠤ ᠰᠠᠭᠤᠷᠢ ᠲᠠᠯᠪᠢᠪᠠ᠃
ᠡᠷᠭᠦᠨ᠎ᠡ ᠬᠤᠳᠠ ᠵᠢᠨ ᠯᠢᠨ ᠶᠤᠸᠠᠢ ᠽᠢ ᠱᠢᠩ ᠤᠢ ᠱᠢᠭᠤᠢ ᠶ᠋ᠢᠨ ᠡᠷᠡᠭᠦᠯᠵᠢᠯ ᠰᠤᠪᠢᠯᠠᠯᠲᠠ ᠶ᠋ᠢᠨ ᠠᠮᠠᠷᠠᠯᠲᠠ ᠶ᠋ᠢᠨ ᠣᠷᠣᠨᠤ ᠤᠷᠤᠰ ᠮᠠᠶᠢᠭ ᠤ᠋ᠨ ᠥᠪᠡᠷᠮᠢᠴᠡ ᠣᠨᠴᠠᠯᠢᠭ ᠲᠠᠶ ᠮᠣᠳᠣᠨ ᠪᠠᠢᠱᠢᠩ ᠤ᠋ᠳ ᠬᠦᠷᠦᠯᠴᠡᠨ ᠢᠷᠡᠭᠰᠡᠨ ᠵᠢᠭᠤᠯᠴᠢᠯᠠᠭᠰᠠᠳ ᠲᠦ᠍ ᠴᠣ ᠱᠢᠨ᠎ᠡ ᠲᠦᠷᠦᠭᠳᠡᠯ ᠦᠭᠴᠦ ᠪᠤᠢ᠃ ᠠᠮᠠᠷᠠᠯᠲᠠ ᠶ᠋ᠢᠨ ᠣᠷᠣᠨ ᠤ᠋ ᠬᠠᠷᠢᠭᠤᠴᠠᠯᠭᠠᠳᠠᠨ ᠤ᠋ ᠲᠠᠨᠢᠯᠴᠠᠭᠤᠯᠤᠭᠰᠠᠨ ᠵᠢᠡᠷ᠂ ᠲᠤᠰ ᠠᠮᠠᠷᠠᠯᠲᠠ ᠶ᠋ᠢᠨ ᠣᠷᠣᠨ ᠨᠢ ᠲᠣᠰᠭᠣᠨ ᠳ᠋ᠤ ᠪᠠᠢᠭ᠎ᠠ ᠣᠶ ᠱᠢᠭᠤᠶ ᠶ᠋ᠢᠨ ᠲᠠᠯᠠᠪᠠᠶ ᠶ᠋ᠢᠨ ᠠᠵᠢᠯᠲᠠᠳ ᠤ᠋ᠨ 29 ᠰᠠᠭᠤᠷᠢ ᠬᠡᠷ ᠪᠠᠢᠱᠢᠩ ᠢ᠋ ᠪᠦᠬᠦᠯᠢ ᠴᠣᠭ᠍ᠴᠠ ᠪᠠᠷ ᠨᠢ ᠥᠭᠡᠷᠡᠴᠢᠯᠡᠨ ᠪᠠᠢᠭᠤᠯᠵᠠᠢ᠃ 2024 ᠣᠨ ᠳ᠋ᠦ ᠡᠵᠡᠩᠨᠡᠯᠲᠡ ᠬᠢᠭ᠌ᠰᠡᠨ ᠡᠴᠡ ᠨᠠᠭᠠᠰᠢ ᠣᠷᠣᠨ ᠤ᠋ ᠳᠣᠲᠣᠨ᠎ᠠ ᠭᠠᠳᠠᠨᠠᠬᠢ ᠵᠢᠭᠤᠯᠴᠢᠯᠠᠭᠰᠠᠳ ᠤ᠋ᠨ ᠠᠩᠬᠠᠷᠤᠯ ᠢ᠋ ᠬᠦᠴᠦᠳᠠᠢ ᠲᠡᠳᠡᠵᠤ ᠪᠤᠢ᠃
ᠡᠷᠭᠦᠨ᠎ᠡ ᠶ᠋ᠢᠨ ᠤᠯᠤᠰ ᠤ᠋ᠨ ᠨᠤᠭᠤ ᠭᠠᠵᠠᠷ ᠤ᠋ᠨ ᠴᠡᠴᠡᠷᠯᠢᠭ ᠤ᠋ᠨ 《ᠠᠽᠢᠶ᠎ᠠ ᠲᠢᠪ ᠤ᠋ᠨ ᠨᠢᠭᠡᠳᠦᠭᠡᠷ ᠨᠤᠭᠤ ᠭᠠᠵᠠᠷ》 ᠬᠡᠮᠡᠬᠦ ᠲᠡᠮᠳᠡᠭ ᠲᠠᠢ ᠠᠭᠤᠯᠠᠨ ᠣᠷᠣᠶ ᠡᠴᠡ ᠦᠵᠡᠮᠵᠢ ᠰᠣᠨᠢᠷᠬᠠᠬᠤ ᠲᠠᠢᠰᠠᠨ ᠳ᠋ᠤ ᠭᠠᠷᠪᠠᠯ᠂ ᠬᠣᠯᠠ ᠳ᠋ᠤ ᠰᠦᠨᠳᠡᠷᠯᠡᠬᠦ ᠠᠭᠤᠯᠠ ᠨᠢᠷᠤᠭᠤ᠂ ᠣᠢᠷᠠᠬᠠᠨ ᠳ᠋ᠤ ᠮᠤᠷᠤᠯᠵᠠᠨ ᠤᠷᠤᠰᠭᠤ ᠭᠡᠭᠡᠨ ᠭᠤᠤᠯ ᠪᠣᠯᠤᠨ ᠡᠷᠭᠦᠨ᠎ᠡ ᠬᠣᠲᠠ ᠶ᠋ᠢᠨ ᠳᠦᠷᠰᠤ ᠪᠠᠢᠳᠠᠯ ᠢ᠋ ᠳᠤᠳᠤᠬᠠᠨ ᠬᠠᠷᠠᠵᠤ ᠪᠤᠯᠤᠨ᠎ᠠ᠃
ᠬᠥᠯᠥᠨ ᠪᠤᠢ᠌ᠷ ᠤ᠋ᠨ ᠠᠮᠢ ᠠᠬᠤᠢ ᠶ᠋ᠢᠨ ᠪᠡᠶᠡᠴᠢᠯᠡᠨ ᠣᠢᠯᠠᠭᠠᠬᠤ ᠣᠷᠳᠣᠨ ᠨᠢ 9D ᠺᠢᠨᠣ᠋ ᠪᠡᠷ ᠲᠠᠮᠵᠢᠨ ᠬᠥᠯᠥᠨ ᠪᠤᠢ᠌ᠷ ᠤ᠋ᠨ ᠬᠦᠪᠴᠢᠨ ᠤᠢ᠂ ᠨᠠᠭᠤᠷ ᠪᠦᠷᠢᠳᠦ᠂ ᠠᠭᠤᠳᠠᠮ ᠲᠠᠯ᠎ᠠ᠂ ᠬᠦᠪᠡᠭᠡ ᠬᠢᠵᠠᠭᠠᠷ ᠨᠢ ᠦᠯᠦ ᠬᠠᠷᠠᠭ᠍ᠳᠠᠬᠤ ᠨᠤᠭᠤ ᠭᠠᠵᠠᠷ᠂ ᠦᠵᠡᠰᠭᠦᠯᠡᠩᠲᠦ ᠰᠠᠢᠬᠠᠨ ᠬᠤᠳᠠ ᠵᠡᠷᠭᠡ ᠵᠢ ᠪᠦᠬᠦ᠌ ᠦᠵᠡᠮᠵᠢ ᠶ᠋ᠢᠨ ᠬᠡᠯᠪᠡᠷᠢ ᠪᠡᠷ ᠳᠡᠯᠭᠡᠨ ᠦᠵᠡᠭᠦᠯᠵᠦ᠍᠂ ᠬᠥᠮᠦᠰ ᠲᠦ᠍ ᠮᠠᠷᠲᠠᠭ᠍ᠳᠠᠰᠢ ᠦᠭᠡᠢ ᠲᠦᠷᠦᠭᠳᠡᠯ ᠦᠯᠡᠳᠡᠬᠡᠨᠠ᠃
2024 ᠣᠨ ᠤ᠋ 5 ᠰᠠᠷ᠎ᠠ ᠳ᠋ᠦ 《ᠡᠷᠭᠦᠨ᠎ᠡ ᠭᠤᠤᠯ ᠤ᠋ᠨ ᠪᠠᠷᠠᠭᠤᠨ ᠡᠷᠭᠢ》 ᠣᠷᠣᠨ ᠪᠦᠰᠡ ᠶ᠋ᠢᠨ ᠨᠡᠢᠲᠡ ᠶ᠋ᠢᠨ ᠬᠡᠷᠡᠭ᠌ᠯᠡᠭᠡᠨ ᠤ᠋ ᠲᠥᠷᠥᠯ ᠲᠡᠮᠳᠡᠭ ᠢ᠋ ᠪᠡᠭᠡᠵᠢᠩ ᠳ᠋ᠦ ᠨᠡᠢᠲᠡᠯᠡᠪᠡ᠃ ᠲᠦᠷᠪᠡᠨ ᠴᠠᠭ ᠤ᠋ᠨ ᠦᠵᠡᠮᠵᠢ ᠳᠡᠬᠦᠰ ᠡᠷᠭᠦᠨ᠎ᠡ ᠭᠤᠤᠯ ᠤ᠋ᠨ ᠪᠠᠷᠠᠭᠤᠨ ᠡᠷᠭᠢ ᠶ᠋ᠢᠨ ᠰᠣᠳᠣᠨ ᠵᠢᠭᠤᠯᠴᠢᠯᠠᠯ ᠤ᠋ᠨ ᠵᠠᠮ ᠱᠤᠭᠤᠮ᠂ ᠨᠤᠭᠤ ᠭᠠᠵᠠᠷ ᠤ᠋ᠨ ᠣᠶ ᠱᠢᠭᠤᠶ ᠶ᠋ᠢᠨ ᠭᠦᠨᠵᠡᠭᠡᠶ ᠪᠡᠶᠡᠴᠢᠯᠡᠨ ᠣᠢᠯᠠᠭᠠᠬᠤ ᠵᠢᠭᠤᠯᠴᠢᠯᠠᠯ᠂ ᠠᠷᠠᠳ ᠤ᠋ᠨ ᠵᠠᠩ ᠦᠶ᠋ᠯᠡ ᠶ᠋ᠢᠨ ᠰᠣᠶᠣᠯ ᠢ᠋ ᠪᠡᠶᠡᠴᠢᠯᠡᠨ ᠣᠢᠯᠠᠭᠠᠬᠤ ᠵᠢᠭᠤᠯᠴᠢᠯᠠᠯ᠂ ᠲᠠᠯ᠎ᠠ ᠨᠤᠲᠤᠭ ᠢ᠋ ᠳᠤᠭᠤᠯᠤᠨ ᠵᠤᠭᠠᠴᠠᠬᠤ ᠵᠡᠷᠭᠡ ᠵᠢᠭᠤᠯᠴᠢᠯᠠᠯ ᠤ᠋ᠨ ᠵᠠᠮ ᠱᠤᠭᠤᠮ ᠨᠢ ᠡᠯ᠎ᠡ ᠭᠠᠵᠠᠷ ᠤ᠋ᠨ ᠵᠢᠭᠤᠯᠴᠢᠯᠠᠬᠰᠠᠳ ᠢ᠋ ᠬᠦᠴᠦᠳᠠᠢ ᠳᠠᠳᠠᠨ᠎ᠠ᠃ ᠣᠷᠣᠰ ᠦᠨᠳᠦᠰᠦᠲᠡᠨ ᠤ᠋ ᠮᠣᠳᠣᠨ ᠬᠡᠷ᠂ ᠲᠣᠰᠣᠨ ᠪᠤᠳᠤᠭ ᠤ᠋ᠨ ᠵᠢᠷᠤᠭ ᠵᠢᠷᠤᠬᠤ ᠰᠠᠭᠤᠷᠢᠨ᠂ ᠳᠠᠯᠬ᠎ᠠ ᠦᠶ᠋ᠯᠡᠳᠬᠦ᠌ ᠦᠶ᠋ᠯᠡᠰ ᠵᠡᠷᠭᠡ ᠨᠢ ᠨᠢᠭᠡᠨᠲᠡ ᠡᠨᠳᠡᠬᠢ ᠵᠢᠨ ᠨᠠᠷᠠᠲᠤ ᠵᠢᠭᠤᠯᠴᠢᠯᠠᠯ ᠤ᠋ᠨ ᠲᠦᠷᠦᠯ ᠲᠡᠮᠳᠡᠭ ᠪᠣᠯᠵᠠᠢ᠃
ᠡᠷᠭᠦᠨ᠎ᠡ ᠬᠤᠳᠠ ᠶ᠋ᠢᠨ ᠰᠣᠶᠣᠯ ᠵᠢᠭᠤᠯᠴᠢᠯᠠᠯ ᠪᠡᠶ᠎ᠡ ᠶ᠋ᠢᠨ ᠲᠠᠮᠢᠷ ᠤ᠋ᠨ ᠲᠣᠪᠴᠢᠶᠠᠨ ᠤ᠋ ᠳᠡᠳ᠋ ᠳᠠᠷᠤᠭ᠎ᠠ ᠢᠦᠢ ᠵᠦᠩ ᠯᠢ᠄《ᠡᠷᠭᠦᠨ᠎ᠡ ᠬᠤᠳᠠ ᠤᠤᠯ ᠡᠴᠡ ᠪᠠᠨ ᠬᠥᠯᠥᠨ ᠪᠤᠢ᠌ᠷ ᠤ᠋ᠨ ᠬᠤᠷᠢᠶᠠᠩᠭᠤᠢ ᠳᠦᠷᠰᠦ ᠪᠤᠯᠵᠦ ᠪᠠᠢᠳᠠᠭ᠃ A ᠲᠠᠰ ᠤ᠋ᠨ 11ᠦᠵᠡᠮᠵᠢ ᠶ᠋ᠢᠨ ᠣᠷᠣᠨ᠂ 800 ᠭᠠᠷᠤᠶ ᠵᠣᠴᠢᠳ ᠤ᠋ᠨ ᠪᠠᠭᠤᠳᠠᠯ ᠨᠢ ᠡᠯ᠎ᠡ ᠭᠠᠵᠠᠷ ᠤ᠋ᠨ ᠵᠢᠭᠤᠯᠴᠢᠯᠠᠭ᠍ᠰᠠᠳ ᠲᠦ᠍ ᠴᠢᠨᠠᠷ ᠰᠠᠢᠲᠠᠶ ᠵᠢᠭᠤᠯᠴᠢᠯᠠᠯ ᠤ᠋ᠨ ᠡᠬᠢ ᠪᠠᠶᠠᠯᠢᠭ ᠪᠠ ᠭᠥᠯᠢᠶᠡᠨ ᠠᠪᠬᠤ ᠦᠶ᠋ᠯᠡᠴᠢᠯᠡᠭᠡ ᠬᠠᠩᠭᠠᠵᠤ ᠲᠠᠢᠯᠤᠨ᠎ᠠ᠃ 〈ᠤᠯᠤᠰ ᠤ᠋ᠨ ᠲᠠᠰ ᠤ᠋ᠨ ᠠᠯᠳᠠᠷᠲᠤ ᠦᠵᠡᠮᠵᠢ ᠶ᠋ᠢᠨ ᠣᠷᠣᠨ〉᠂ 〈ᠳᠤᠮᠳᠠᠳᠤ ᠤᠯᠤᠰ ᠤ᠋ᠨ ᠠᠷᠠᠳ ᠤ᠋ᠨ ᠵᠠᠩ ᠦᠶ᠋ᠯᠡ ᠰᠣᠶᠣᠯ ᠤ᠋ᠨ ᠣᠨᠴᠠᠯᠢᠭ᠍ᠲᠤ ᠵᠢᠭᠤᠯᠴᠢᠯᠠᠯ ᠤ᠋ᠨ ᠵᠣᠷᠢᠯᠳᠠᠳᠦ ᠭᠠᠵᠠᠷ〉 ᠵᠡᠷᠭᠡ ᠢᠷᠠᠭᠤ ᠠᠯᠳᠠᠷ ᠨᠢ ᠡᠷᠭᠦᠨ᠎ᠡ ᠬᠣᠲᠠ ᠶ᠋ᠢᠨ ᠨᠡᠷ᠎ᠡ ᠶ᠋ᠢᠨ ᠬᠠᠭᠤᠳᠠᠰᠤ ᠪᠣᠯᠪᠠ᠃ 2024 ᠣᠨ ᠳ᠋ᠦ ᠡᠷᠭᠦᠨ᠎ᠡ ᠬᠤᠲᠠ 413 ᠲᠦᠮᠡᠨ ᠬᠥᠮᠦᠨ ᠤᠳᠠᠭ᠎ᠠ ᠶ᠋ᠢᠨ ᠵᠢᠭᠤᠯᠴᠢᠯᠠᠭᠴᠢ ᠵᠢ ᠬᠦᠯᠢᠶᠡᠨ ᠠᠪᠴᠤ᠌᠂ ᠵᠢᠭᠤᠯᠴᠢᠯᠠᠯ ᠤ᠋ᠨ ᠣᠷᠣᠯᠭ᠎ᠠ 95 ᠳ᠋ᠦᠩᠱᠢᠭᠤᠷ ᠲᠥᠭᠥᠷᠢᠭ ᠲᠦ᠍ ᠬᠦᠷᠦᠭᠰᠡᠨ ᠶᠤᠮ》 ᠭᠡᠵᠦ ᠳᠠᠨᠢᠯᠴᠠᠭᠤᠯᠤᠨ᠎ᠠ᠃
ᠰᠣᠶᠣᠯ ᠵᠢᠭᠤᠯᠴᠢᠯᠠᠯ ᠠᠭᠤᠰᠤᠯᠴᠠᠭᠰᠠᠨ ᠬᠥᠭ᠌ᠵᠢᠯᠳᠡ ᠨᠢ ᠳᠤᠮᠳᠠᠳᠤ ᠤᠷᠤᠰ ᠤ᠋ᠨ ᠬᠢᠯᠢ ᠶ᠋ᠢᠨ ᠭᠣᠣᠯ ᠤ᠋ᠨ ᠬᠣᠶᠠᠷ ᠬᠥᠪᠡᠭᠡᠨ ᠤ᠋ ᠠᠷᠠᠳ ᠲᠦᠮᠡᠨ ᠤ᠋ ᠰᠣᠯᠢᠯᠴᠠᠭ᠎ᠠ ᠵᠢ ᠨᠡᠮᠡᠭ᠌ᠳᠡᠭᠦᠯᠤᠨ᠂ ᠳᠤᠮᠳᠠᠳᠤ ᠤᠷᠤᠰ ᠤ᠋ᠨ ᠰᠣᠶᠣᠯ ᠡᠷᠳᠡᠮ ᠱᠢᠨᠵᠢᠯᠡᠭᠡᠨ ᠤ᠋ ᠰᠣᠯᠢᠯᠴᠠᠭ᠎ᠠ ᠪᠣᠯᠤᠨ ᠵᠠᠯᠠᠭᠤᠴᠤᠳ ᠪᠠᠭᠠᠴᠤᠳ ᠤ᠋ᠨ ᠰᠤᠳᠤᠯᠤᠨ ᠰᠤᠷᠤᠯᠴᠠᠯᠭ᠎ᠠ ᠵᠢ ᠲᠠᠰᠤᠷᠠᠯᠳᠡ ᠦᠭᠡᠢ ᠭᠦᠨᠵᠡᠭᠡᠢᠷᠡᠬᠦᠯᠵᠦ᠍᠂ ᠵᠢᠯ ᠪᠦᠷᠢ ᠳᠤᠮᠳᠠᠳᠤ ᠤᠷᠤᠰ ᠤ᠋ᠨ ᠬᠢᠯᠢ ᠶ᠋ᠢᠨ ᠭᠣᠣᠯ ᠤ᠋ᠨ ᠲᠤᠮᠤ ᠲᠠᠪᠴᠠᠩ ᠤ᠋ᠨ ᠤᠷᠠᠨ ᠰᠠᠢᠬᠠᠨ ᠤ᠋ ᠲᠣᠭ᠍ᠯᠠᠯᠲᠠ ᠵᠢ 8 ᠬᠤᠭᠤᠴᠠᠭ᠎ᠠ ᠶᠠᠪᠤᠭ᠍ᠳᠠᠭᠤᠯᠤᠨ᠂ ᠬᠣᠶᠠᠷ ᠬᠥᠪᠡᠭᠡᠨ ᠤ᠋ ᠤᠯᠠᠨ ᠲᠦᠮᠡᠨ ᠵᠢᠴᠢ ᠤᠯᠤᠰ ᠤ᠋ᠨ ᠳᠣᠲᠣᠭᠠᠳᠤ ᠭᠠᠳᠠᠭᠠᠳᠤ ᠶ᠋ᠢᠨ ᠵᠢᠭᠤᠯᠴᠢᠯᠠᠭᠰᠠᠳ ᠤ᠋ᠨ ᠬᠠᠯᠠᠭᠤᠨ ᠬᠦᠷᠢᠶᠡᠯᠡᠯ ᠢ᠋ ᠣᠯᠵᠤ᠂ ᠨᠢᠬᠡᠨᠳᠡ ᠡᠷᠭᠦᠨ᠎ᠡ ᠬᠤᠳᠠ ᠶ᠋ᠢᠨ ᠭᠠᠳᠠᠭᠠᠳᠤ ᠤᠬᠠᠭᠤᠯᠭ᠎ᠠ ᠶ᠋ᠢᠨ ᠲᠦᠷᠦᠯ ᠲᠡᠮᠳᠡᠭ ᠪᠣᠯᠵᠠᠢ᠃