ᠮᠠᠨ ᠤ᠋ ᠤᠷᠤᠨ ᠤ᠋ ᠭᠤᠷᠪᠠᠨ ᠱᠠᠲᠤᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠰᠡᠳᠦᠪᠲᠦ ᠨᠣᠮ ᠪᠢᠴᠢᠭ ᠤ᠋ᠨ ᠲᠠᠨᠢᠯᠴᠠᠭᠤᠯᠭ᠎ᠠ ᠬᠢᠪᠠ
2025-05-06 16:31:17
ᠵᠣᠬᠢᠶᠠᠭ᠍ᠴᠢ᠄
ᠪᠤᠤ ᠢᠤᠢ ᠶᠢᠡᠭ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠂ ᠬᠥᠬᠡᠬᠣᠲᠠ᠎ᠶ᠋ᠢᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ ᠪᠣᠯᠤᠨ ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠎ᠤᠨ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠎ᠡᠴᠡ ᠬᠠᠮᠲᠤᠷᠠᠨ ᠡᠷᠭᠢᠯᠡᠭ᠌ᠰᠡᠨ 《ᠳᠤᠮᠳᠠᠳᠤ᠎ᠶ᠋ᠢᠨ ᠭᠤᠤ᠎ᠠ ᠰᠠᠢᠬᠠᠨ᠎ᠢ ᠡᠷᠬᠢᠮᠯᠡᠵᠦ᠍᠂ ᠪᠦᠯᠬᠦᠮᠳᠡᠯ᠎ᠦᠨ ᠶᠣᠰᠣ᠎ᠶ᠋ᠢ ᠦᠶ᠋ᠯᠡᠳᠦᠯᠭᠡᠵᠢᠭᠦᠯᠦᠶ᠎ᠡ》 ᠬᠡᠬᠦ ᠭᠤᠤᠯ ᠰᠠᠲᠤᠪᠲᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠭᠤᠤᠯ ᠰᠡᠳᠦᠪᠲᠦ ᠨᠣᠮ ᠪᠢᠴᠢᠭ᠎ᠦᠨ ᠲᠠᠨᠢᠯᠴᠠᠭᠤᠯᠭ᠎ᠠ᠎ᠶ᠋ᠢᠨ ᠬᠤᠷᠠᠯ ᠬᠥᠬᠡᠬᠣᠲᠠ᠎ᠳᠤ ᠶᠠᠪᠤᠭ᠍ᠳᠠᠪᠠ᠃

ᠠᠵᠢᠯᠯᠠᠭ᠎ᠠ᠎ᠶ᠋ᠢᠨ ᠲᠤᠬᠠᠶ᠎ᠶ᠋ᠢᠨ ᠲᠠᠯᠠᠪᠠᠶ᠎ᠳᠤ ᠤᠩᠱᠢᠭ᠍ᠴᠢᠳ᠎ᠲᠸ᠋ 《ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭᠠᠨ᠎ᠤ ᠰᠤᠷᠤᠯᠴᠠᠯᠭ᠎ᠠ᠎ᠶ᠋ᠢᠨ ᠤᠩᠱᠢᠬᠤ ᠪᠢᠴᠢᠭ》᠂ 《ᠳ᠋ᠤᠤ ᠵᠥᠩ ᠬᠤᠸᠠ ᠵᠣᠬᠢᠶᠠᠯ᠎ᠤᠨ ᠲᠡᠭᠦᠪᠦᠷᠢ》᠂ 《ᠳ᠋ᠤᠤ ᠵᠥᠩ ᠬᠤᠸᠠ᠎ᠰᠤᠷᠪᠤᠯᠵᠢᠯᠠᠭ᠎ᠠ᠎ᠶ᠋ᠢᠨ ᠲᠡᠮᠳᠡᠭ᠌ᠯᠡᠯ》 ᠪᠣᠯᠤᠨ 《ᠵᠥᠪ ᠣᠨᠣᠪᠴᠢᠲᠠᠶ ᠦᠨᠳᠦᠰᠦᠲᠡᠨ᠎ᠦ ᠦᠵᠡᠯᠲᠡ ᠦᠶ᠋ᠯᠡᠳᠦᠯᠭᠡ᠎ᠶ᠋ᠢᠨ ᠨᠡᠢᠲᠡᠯᠢᠭ ᠬᠡᠷᠡᠭ᠎ᠦᠨ ᠵᠢᠱ᠌ᠢᠶ᠎ᠡ᠎ᠶ᠋ᠢᠨ ᠡᠮᠬᠢᠳᠭᠡᠯ》 ᠵᠡᠷᠭᠡ ᠳᠥᠷᠪᠡᠨ ᠨᠣᠮ ᠪᠢᠴᠢᠭ᠎ᠢ ᠲᠠᠨᠢᠯᠴᠠᠭᠤᠯᠬᠤ᠎ᠶ᠋ᠢᠨ ᠬᠠᠮᠲᠤ ᠪᠠᠢᠭᠤᠯᠭ᠎ᠠ᠂ ᠨᠡᠢᠭᠡᠮ ᠲᠣᠭᠣᠷᠢᠭ᠂ ᠰᠤᠷᠭᠠᠭᠤᠯᠢ᠂ ᠠᠵᠤ ᠠᠬᠤᠢᠯᠠᠯ᠂ ᠰᠣᠶᠣᠯ ᠵᠢᠭᠤᠯᠴᠢᠯᠠᠯ᠎ᠤᠨ ᠲᠠᠯᠠᠪᠤᠷ ᠵᠡᠷᠭᠡ ᠨᠢᠭᠡᠴᠢ᠎ᠳᠦ ᠨᠣᠮ ᠪᠢᠴᠢᠭ ᠬᠠᠨᠳᠢᠪᠯᠠᠨ ᠬᠦᠷᠭᠡᠪᠡ᠃ ᠡᠭᠦᠨ᠎ᠡᠴᠡ ᠭᠠᠳᠠᠨ᠎ᠠ ᠥᠪᠡᠷᠲᠡᠭᠡᠨ ᠵᠠᠰᠠᠬᠤ ᠣᠷᠣᠨ᠎ᠤ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠰᠤᠳᠤᠯᠭᠠᠨ᠎ᠤ ᠰᠠᠭᠤᠷᠢᠨ᠎ᠤ ᠲᠤᠰᠭᠠᠢ ᠮᠡᠷᠭᠡᠵᠢᠯᠲᠡᠨ ᠡᠷᠳᠡᠮᠲᠡᠨ᠂ ᠵᠠᠯᠠᠭᠤ ᠰᠤᠷᠤᠭ᠍ᠴᠢᠳ᠎ᠤᠨ ᠲᠥᠯᠥᠭᠡᠯᠡᠭ᠌ᠴᠢ ᠨᠡᠷ ᠲᠤᠰ ᠲᠤᠰ ᠨᠣᠮ ᠪᠢᠴᠢᠭ᠎ᠤᠩᠰᠢᠬᠰᠠᠨ ᠤᠯᠤᠯᠳᠠ ᠲᠦᠷᠦᠭᠳᠡᠯ ᠵᠢᠡᠨ ᠬᠤᠪᠢᠶᠠᠯᠴᠠᠵᠠᠢ᠃

ᠣᠢᠯᠠᠭᠠᠭ᠍ᠰᠠᠨ᠎ᠢᠶᠠᠷ᠂ ᠲᠤᠬᠠᠶ᠎ᠶ᠋ᠢᠨ ᠲᠠᠯᠠᠪᠠᠶ᠎ᠳᠤ ᠬᠥᠬᠡᠬᠣᠲᠠ᠎ᠶ᠋ᠢᠨ ᠱᠢᠨ᠎ᠡ ᠬᠣᠲᠠ ᠲᠣᠭᠣᠷᠢᠭ᠎ᠤᠨ 《ᠠᠨᠠᠷ᠎ᠤᠨ ᠦᠷ᠎ᠡ ᠰᠢᠭ ᠨᠢᠭᠲᠠᠷᠠᠨ ᠪᠦᠯᠬᠦᠮᠲᠠᠵᠤ᠂ ᠴᠡᠯᠡᠭᠡᠷ ᠲᠠᠯ᠎ᠠ ᠵᠢᠨ ᠱᠢᠨ᠎ᠡ ᠠᠶᠠᠨ᠎ᠢᠶᠠᠨ ᠡᠬᠢᠯᠡᠭᠦᠯᠤᠶ᠎ᠠ》 ᠬᠡᠬᠦ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ ᠢ᠋ ᠪᠠᠲᠤ ᠴᠣᠭ᠍ᠴᠠᠯᠠᠬᠤ ᠲᠥᠷᠥᠯ ᠲᠡᠮᠳᠡᠭ ᠢ᠋ ᠨᠡᠢᠲᠡᠯᠡᠭ᠌ᠰᠡᠨ᠎ᠢᠶᠡᠷ ᠪᠠᠷᠠᠬᠤ ᠥᠬᠡᠶ ᠪᠠᠰᠠ ᠱᠢᠨ᠎ᠡ ᠬᠣᠲᠠ ᠲᠣᠭᠣᠷᠢᠭ᠎ᠤᠨ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠤᠬᠠᠭᠤᠯᠭ᠎ᠠ ᠬᠥᠮᠦᠵᠢᠯ᠂ ᠵᠥᠪ ᠤᠨᠤᠪᠴᠢᠲᠠᠢ ᠦᠨᠳᠦᠰᠦᠲᠡᠨ᠎ᠦ ᠦᠵᠡᠯᠲᠡ᠎ᠶ᠋ᠢ ᠦᠶ᠋ᠯᠡᠳᠦᠯᠭᠡᠵᠢᠭᠦᠯᠬᠦ᠌ ᠲᠠᠯ᠎ᠠ᠎ᠪᠠᠷ ᠣᠯᠤᠭ᠍ᠰᠠᠨ ᠦᠷ᠎ᠡ ᠪᠦᠲᠦᠭᠡᠯ ᠪᠠ ᠲᠤᠷᠱᠢᠯᠭ᠎ᠠ᠎ᠪᠠᠨ ᠬᠤᠪᠢᠶᠠᠯᠴᠠᠵᠠᠢ᠃

ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶ᠋ᠢᠨ ᠲᠥᠷᠥ᠎ᠶ᠋ᠢᠨ ᠪᠣᠳᠣᠯᠭ᠎ᠠ ᠰᠤᠳᠤᠯᠬᠤ ᠲᠠᠰᠤᠭ᠂ ᠨᠡᠢᠭᠡᠮ᠎ᠦᠨ ᠠᠵᠢᠯ᠎ᠤᠨ ᠬᠡᠯᠲᠡᠰ᠂ ᠱᠢᠭᠤᠳ ᠬᠠᠷᠢᠶ᠎ᠠ ᠪᠠᠢᠭᠤᠯᠭ᠎ᠠ᠎ᠶ᠋ᠢᠨ ᠠᠵᠢᠯ᠎ᠤᠨ ᠬᠣᠷᠢᠶ᠎ᠠ᠂ ᠬᠥᠮᠦᠨ᠎ᠦ ᠬᠦᠴᠦᠨ᠎ᠦ ᠡᠬᠢ ᠪᠠᠶᠠᠯᠢᠭ ᠨᠡᠢᠭᠡᠮ᠎ᠦᠨ ᠪᠠᠲᠤᠯᠠᠭ᠎ᠠ᠎ᠶ᠋ᠢᠨ ᠲᠢᠩᠬᠢᠮ᠂ ᠰᠤᠷᠭᠠᠨ ᠬᠥᠮᠦᠵᠢᠯ᠎ᠦᠨ ᠲᠢᠩᠬᠢᠮ᠂ ᠦᠨᠳᠦᠰᠦᠲᠡᠨ᠎ᠦ ᠬᠡᠷᠡᠭ ᠡᠷᠭᠢᠯᠡᠬᠦ᠌ ᠵᠥᠪᠯᠡᠯ᠂ ᠴᠡᠷᠢᠭ᠎ᠦᠨ ᠠᠯᠪᠠ᠎ᠠᠴᠠ ᠬᠠᠯᠠᠭ᠍ᠳᠠᠭ᠍ᠰᠠᠳ᠎ᠤᠨ ᠶᠠᠪᠤᠳᠠᠯ᠎ᠤᠨ ᠲᠢᠩᠬᠢᠮ᠂ ᠷᠠᠳᠢᠣ᠋ ᠲᠧᠯᠸᠢᠰ᠎ᠦᠨ ᠲᠣᠪᠴᠢᠶ᠎ᠠ᠂ ᠨᠠᠮ᠎ᠤᠨ ᠰᠤᠷᠭᠠᠭᠤᠯᠢ᠂ ᠠᠵᠢᠯᠴᠢᠨ᠎ᠤ ᠶᠡᠷᠦᠩᠬᠡᠶ ᠡᠪᠯᠡᠯ ᠵᠡᠷᠭᠡ ᠨᠢᠭᠡᠴᠢ᠎ᠶ᠋ᠢᠨ ᠬᠠᠮᠢᠶ᠎ᠠ ᠪᠥᠬᠥᠶ ᠬᠠᠷᠢᠭᠤᠴᠠᠯᠭᠠᠲᠠᠨ ᠵᠢᠴᠢ ᠬᠥᠬᠡᠬᠣᠲᠠ᠂ ᠱᠢᠨ᠎ᠡ ᠬᠣᠲᠠ ᠲᠣᠭᠣᠷᠢᠭ᠎ᠤᠨ ᠪᠠᠢᠭᠤᠯᠭ᠎ᠠ᠂ ᠠᠵᠤ ᠠᠬᠤᠢᠯᠠᠯ ᠠᠵᠢᠯ ᠦᠶ᠋ᠯᠡᠰ᠎ᠦᠨ ᠨᠢᠭᠡᠴᠢ᠂ ᠵᠡᠭᠡᠯᠢ ᠭᠤᠳᠤᠮᠵᠢ ᠨᠡᠢᠭᠡᠮ ᠲᠣᠭᠣᠷᠢᠭ᠂ ᠰᠤᠷᠭᠠᠭᠤᠯᠢ ᠵᠡᠷᠭᠡ 40 ᠭᠠᠷᠤᠶ ᠨᠢᠭᠡᠴᠢ᠎ᠶ᠋ᠢᠨ ᠲᠥᠯᠥᠭᠡᠯᠡᠭ᠌ᠴᠢ ᠪᠣᠯᠤᠨ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠲᠥᠯᠥᠭᠡᠯᠡᠭ᠌ᠴᠢ ᠵᠡᠷᠭᠡ 100 ᠭᠠᠷᠤᠶ ᠬᠥᠮᠦᠨ ᠠᠵᠢᠯᠯᠠᠭ᠎ᠠ᠎ᠳᠤ ᠣᠷᠣᠯᠴᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号