《ᠲᠤᠷᠱᠢᠯᠲᠠ᠎ᠶ᠋ᠢᠨ ᠲᠠᠷᠢᠶ᠎ᠠ》 ᠡᠴᠡ 《ᠦᠯᠢᠭᠡᠷ ᠳᠠᠭᠤᠷᠢᠶᠠᠯ》 ᠬᠥᠷᠲᠡᠯ᠎ᠡ ᠬᠥᠬᠡᠬᠣᠲᠠ᠎ᠶ᠋ᠢᠨ ᠭᠠᠳᠠᠭᠠᠳᠤ᠎ᠳᠤ ᠰᠤᠷᠤᠯᠴᠠᠭ᠍ᠰᠠᠳ᠎ᠤᠨ ᠦᠶ᠋ᠯᠡᠰ ᠪᠤᠰᠬᠠᠬᠤ ᠬᠦᠷᠢᠶᠡᠯᠡᠩ ᠱᠢᠨ᠎ᠡ᠎ᠶ᠋ᠢ ᠡᠭᠦᠳᠬᠦ᠌ ᠳᠤᠮᠳᠠ ᠲᠠᠪᠠᠯᠳᠠᠳᠤ ᠬᠥᠭ᠌ᠵᠢᠯᠲᠡ᠎ᠶ᠋ᠢ ᠪᠡᠶᠡᠯᠡᠭᠦᠯᠵᠡᠢ
2025-05-06 09:28:35
ᠵᠣᠬᠢᠶᠠᠭ᠍ᠴᠢ᠄
ᠯᠢᠦ ᠶᠠᠩ
ᠣᠩᠱᠢᠭ᠍ᠰᠠᠨ ᠣᠳᠠᠭ᠎ᠠ᠄
★★★☆☆

ᠠᠷᠪᠠᠨ ᠵᠢᠯ᠎ᠦᠨ ᠬᠤᠪᠢᠷᠠᠯᠲᠠ᠎ᠶ᠋ᠢ ᠥᠩᠭᠡᠷᠡᠭᠦᠯᠦᠭᠡᠳ᠂ ᠬᠥᠬᠡᠬᠣᠲᠠ᠎ᠶ᠋ᠢᠨ ᠭᠠᠳᠠᠭᠠᠳᠤ᠎ᠳᠤ ᠰᠤᠷᠤᠯᠴᠠᠭ᠍ᠰᠠᠳ᠎ᠤᠨ ᠦᠶ᠋ᠯᠡᠰ ᠪᠤᠰᠬᠠᠬᠤ ᠬᠦᠷᠢᠶᠡᠯᠡᠩ ᠨᠢ ᠠᠩᠬ᠎ᠠ ᠡᠭᠦᠳᠦᠨ ᠪᠠᠢᠭᠤᠯᠤᠭ᠍ᠳᠠᠭᠰᠠᠨ ᠦᠶ᠎ᠡ᠎ᠵᠢᠨ ᠠᠵᠤ ᠠᠬᠤᠢᠯᠠᠯ᠎ᠤᠨ ᠨᠡᠪᠴᠢᠬᠦᠯᠬᠦ ᠥᠯᠥᠭᠡᠶ ᠪᠠᠢᠭ᠍ᠰᠠᠨ᠎ᠠᠴᠠ᠎ᠪᠠᠨ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠱᠢᠨ᠎ᠡ ᠪᠡᠷ ᠮᠠᠨᠳᠤᠭᠰᠡᠨ ᠠᠵᠤ ᠦᠶ᠋ᠯᠡᠰ᠎ᠦᠨ ᠱᠢᠨ᠎ᠡ᠎ᠶ᠋ᠢ ᠡᠭᠦᠳᠬᠦ᠌ ᠥᠨᠳᠥᠷᠯᠢᠭ ᠪᠣᠯᠤᠭ᠍ᠰᠠᠨ ᠦᠰᠦᠷᠦᠯᠲᠡ᠎ᠶ᠋ᠢ ᠪᠡᠶᠡᠯᠡᠭᠦᠯᠵᠦ᠍᠂ 《ᠲᠥᠷᠥ᠎ᠶ᠋ᠢᠨ ᠪᠣᠳᠣᠯᠭ᠎ᠠ᠎ᠶ᠋ᠢᠨ ᠲᠤᠷᠱᠢᠯᠲᠠ᠎ᠶ᠋ᠢᠨ ᠲᠠᠷᠢᠶ᠎ᠠ》 ᠪᠠᠢᠭ᠍ᠰᠠᠨ᠎ᠠᠴᠠ᠎ᠪᠠᠨ 《ᠱᠢᠨ᠎ᠡ᠎ᠶ᠋ᠢ ᠡᠭᠦᠳᠬᠦ᠌ ᠦᠯᠢᠭᠡᠷ ᠳᠠᠭᠤᠷᠢᠶᠠᠯ》 ᠪᠤᠯᠤᠭᠰᠠᠨ ᠲᠠᠪᠠᠯᠳᠠᠳᠤ ᠬᠥᠭ᠌ᠵᠢᠯᠲᠡ᠎ᠶ᠋ᠢ ᠪᠡᠶᠡᠯᠡᠭᠦᠯᠪᠡ᠃ 2024 ᠣᠨ᠎ᠳᠤ᠂ ᠬᠦᠷᠢᠶᠡᠯᠡᠩ ᠲᠣᠭᠣᠷᠢᠭ᠎ᠤᠨ ᠠᠵᠤ ᠠᠬᠤᠢᠯᠠᠯ᠎ᠤᠨ ᠭᠤᠤᠯ ᠡᠵᠡᠩᠨᠡᠯᠲᠡ᠎ᠶ᠋ᠢᠨ ᠲᠤᠬᠠᠢᠯᠠᠭ᠍ᠰᠠᠨ ᠠᠵᠢᠯ᠎ᠤᠨ ᠣᠷᠣᠯᠭ᠎ᠠ 4 ᠳ᠋ᠦᠩᠱᠢᠭᠤᠷ ᠲᠥᠭᠥᠷᠢᠭ᠎ᠢ ᠳᠠᠪᠠᠵᠤ᠂ ᠭᠠᠢᠯᠢ ᠲᠠᠲᠠᠪᠤᠷᠢ᠎ᠶ᠋ᠢᠨ ᠬᠤᠪᠢ ᠨᠡᠮᠡᠷᠢ 3500 ᠲᠦᠮᠡᠨ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ ᠬᠢ᠎ᠡᠴᠡ 10% ᠪᠠᠷ ᠨᠡᠮᠡᠭ᠌ᠳᠡᠵᠦ᠍᠂ ᠠᠮᠵᠢᠯᠲᠠ ᠪᠦᠲᠦᠮᠵᠢ᠎ᠦᠯᠡᠮᠵᠢ ᠪᠤᠯᠵᠠᠢ᠃

ᠭᠠᠳᠠᠭᠠᠳᠤ᠎ᠳᠤ ᠰᠤᠷᠤᠯᠴᠠᠭ᠍ᠰᠠᠳ᠎ᠤᠨ ᠦᠶ᠋ᠯᠡᠰ ᠪᠤᠰᠬᠠᠬᠤ ᠬᠦᠷᠢᠶᠡᠯᠡᠩ᠎ᠤᠨ ᠬᠢᠨ ᠬᠥᠬᠡᠬᠣᠲᠠ᠎ᠶ᠋ᠢᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠲᠣᠭᠣᠷᠢᠭ᠎ᠲᠤ ᠪᠠᠢᠷᠢᠯᠠᠵᠤ᠂ ᠱᠢᠨ᠎ᠡ᠎ᠶ᠋ᠢ ᠡᠭᠦᠳᠦᠨ ᠨᠡᠪᠴᠢᠭᠦᠯᠬᠦ᠌᠂ ᠦᠷ᠎ᠡ ᠪᠦᠲᠦᠭᠡᠯ᠎ᠢ ᠤᠨᠳᠤᠤᠰᠢᠭᠤᠯᠬᠤ ᠪᠠ ᠦᠶ᠋ᠯᠡᠰ ᠪᠤᠰᠬᠠᠬᠤ ᠠᠵᠢᠯ ᠣᠯᠭᠣᠬᠤ ᠵᠡᠷᠭᠡ ᠬᠦᠨᠳᠦ ᠡᠭᠦᠷᠭᠡ᠎ᠶ᠋ᠢ ᠡᠭᠦᠷᠭᠡᠯᠡᠵᠦ᠍ ᠪᠠᠢᠳᠠᠭ᠃ ᠭᠠᠳᠠᠭᠠᠳᠤ᠎ᠳᠤ ᠰᠤᠷᠤᠯᠴᠠᠭ᠍ᠰᠠᠳ᠎ᠤᠨ ᠦᠶ᠋ᠯᠡᠰ ᠪᠤᠰᠬᠠᠬᠤ ᠬᠦᠷᠢᠶᠡᠯᠡᠩ ᠨᠢ ᠢᠮᠠᠭ᠍ᠲᠠ 《ᠶᠠᠪᠤᠳᠠᠯ ᠦᠭᠡᠢ ᠪᠣᠯ ᠬᠠᠷᠰᠢᠯᠠᠬᠤ ᠦᠭᠡᠢ᠂ ᠱᠠᠭᠠᠷᠳᠠᠯᠭ᠎ᠠ᠎ᠲᠠᠶ ᠪᠣᠯ ᠵᠠᠪᠠᠯ ᠴᠤᠤᠷᠢᠶᠠᠳᠤᠬᠤ》 ᠵᠠᠷᠴᠢᠮ ᠎ᠢ ᠪᠠᠷᠢᠮᠲᠠᠯᠠᠵᠤ᠂ ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ᠎ᠶ᠋ᠢ ᠰᠠᠨᠠᠭᠠᠴᠢᠯᠠᠭ᠎ᠠ᠎ᠲᠠᠶ ᠴᠤᠭ᠍ᠯᠠᠭᠤᠯᠵᠤ᠂ ᠬᠣᠯᠪᠣᠭ᠍ᠳᠠᠯ ᠪᠦᠬᠦᠢ ᠰᠠᠯᠠᠭ᠎ᠠ ᠮᠦᠴᠢᠷ᠎ᠲᠠᠶ ᠢᠳᠡᠪᠬᠢᠲᠡᠢ ᠵᠣᠬᠢᠴᠠᠭᠤᠯᠵᠤ᠂ ᠠᠵᠤ ᠠᠬᠤᠢᠯᠠᠯ᠎ᠦᠨ ᠪᠡᠷᠬᠡ ᠠᠰᠠᠭᠤᠳᠠᠯ᠎ᠢ ᠪᠦᠬᠦ᠌ ᠬᠦᠴᠦᠨ᠎ᠢᠶᠡᠷ᠎ᠵᠢᠡᠨ ᠱᠢᠢᠳᠪᠦᠷᠢᠯᠡᠵᠦ᠍᠂ ᠠᠵᠤ ᠠᠬᠤᠢᠯᠠᠯ᠎ᠨᠤᠭᠤᠳ᠎ᠲᠦ ᠬᠦᠷᠢᠶᠡᠯᠡᠩ ᠲᠣᠭᠣᠷᠢᠭ᠎ᠤᠨ ᠬᠠᠢᠷ᠎ᠠ ᠬᠠᠯᠠᠮᠵᠢ᠎ᠶ᠋ᠢ ᠮᠡᠳᠡᠷᠡᠭᠦᠯᠦᠭ᠌ᠰᠡᠨ ᠪᠠᠢᠨ᠎ᠠ᠃

ᠯᠢ ᠦ᠋ (ᠥᠪᠥᠷ ᠮᠣᠩᠭᠣᠯ) ᠣᠶᠤᠨᠴᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠪᠣᠯ ᠬᠡᠷᠡᠯᠴᠢ ᠴᠡᠨᠡᠭ᠎ᠦᠨ ᠠᠵᠢᠯᠯᠠᠭᠠᠨ ᠬᠠᠮᠠᠭᠠᠯᠠᠯᠲᠠ᠎ᠵᠢᠨ ᠪᠥᠬᠥ᠌ ᠦᠵᠡᠮᠵᠢ᠎ᠵᠢᠨ ᠮᠠᠱᠢᠨ ᠬᠥᠮᠦᠨ᠎ᠤ ᠱᠢᠶ᠋ᠳᠪᠦᠷᠢᠯᠡᠬᠦ᠌ ᠲᠥᠰᠦᠯ ᠬᠠᠩᠭᠠᠳᠠᠭ ᠳᠡᠭᠡᠳᠦ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠠᠬᠤᠢᠯᠠᠯ ᠪᠣᠯᠤᠨ᠎ᠠ᠃ ᠲᠤᠰ ᠺᠣᠮᠫᠠᠨᠢ 2023 ᠣᠨ᠎ᠤ ᠰᠡᠭᠦᠯᠴᠢ᠎ᠪᠡᠷ ᠭᠡᠷ᠎ᠡ ᠲᠣᠭ᠍ᠲᠠᠵᠤ᠂ ᠳᠠᠷᠠᠭ᠎ᠠ ᠵᠢᠯ᠎ᠦᠨ ᠬᠢᠨᠢ 4 ᠰᠠᠷ᠎ᠠ᠎ᠳᠤ ᠦᠢᠯᠡᠰ ᠪᠤᠰᠭᠠᠬᠤ ᠬᠦᠷᠢᠶᠡᠯᠡᠩ᠎ᠳᠦ ᠣᠷᠣᠵᠤ ᠰᠠᠭᠤᠭᠠᠳ᠂ ᠬᠠᠭᠠᠰ ᠵᠢᠯ ᠪᠣᠯᠤᠮᠠᠭ᠍ᠴᠠ 3 ᠮᠠᠱᠢᠨ ᠬᠥᠮᠦᠨ᠎ᠢ ᠠᠮᠵᠢᠯᠲᠠ ᠲᠠᠢ ᠰᠤᠳᠤᠯᠤᠨ ᠦᠢᠯᠡᠳᠴᠡᠢ᠃ ᠡᠨᠡ ᠬᠦ᠌ ᠦᠷ᠎ᠡ ᠪᠦᠲᠦᠭᠡᠯ᠎ᠢ ᠣᠯᠤᠭ᠍ᠰᠠᠨ᠎ᠨᠢ ᠬᠥᠬᠡᠬᠣᠲᠠ᠎ᠶ᠋ᠢᠨ ᠲᠠᠰᠤᠷᠠᠯᠲᠠ ᠥᠬᠡᠶ ᠱᠢᠯᠢᠳᠡᠭ᠌ᠵᠢᠭᠦᠯᠦᠭ᠌ᠰᠡᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠡᠴᠡ ᠪᠣᠯᠤᠭ᠍ᠰᠠᠨ ᠮᠥᠷᠲᠡᠭᠡᠨ ᠭᠠᠳᠠᠭᠠᠳᠤ᠎ᠳᠤ ᠰᠤᠷᠤᠯᠴᠠᠭ᠍ᠰᠠᠳ᠎ᠤᠨ ᠦᠶ᠋ᠯᠡᠰ ᠪᠤᠰᠭᠠᠬᠤ ᠬᠦᠷᠢᠶᠡᠯᠡᠩ᠎ᠦᠨ ᠨᠢᠭᠡ ᠥᠷᠲᠡᠭᠡᠴᠢᠯᠡᠭ᠌ᠰᠡᠨ ᠮᠠᠶᠢᠭ᠎ᠤᠨ ᠨᠡᠪᠴᠢᠭᠦᠯᠬᠦ᠌ ᠦᠶ᠋ᠯᠡᠴᠢᠯᠡᠭᠡ᠎ᠡᠴᠡ ᠴᠦ᠍ ᠰᠠᠯᠵᠤ ᠴᠢᠳᠠᠬᠤ ᠥᠬᠡᠶ ᠶᠤᠮ᠃ ᠯᠢ ᠡᠸ᠋ ᠺᠣᠮᠫᠠᠨᠢ᠎ᠵᠢᠨ ᠬᠡᠷᠡᠭ ᠮᠡᠳᠡᠭ᠌ᠴᠢᠳ᠎ᠦᠨ ᠳᠠᠷᠤᠭ᠎ᠠ᠎ᠰᠢᠥᠢ ᠳ᠋ᠦᠸᠸ᠄ 《ᠭᠠᠳᠠᠭᠠᠳᠤ᠎ᠳᠤ ᠰᠤᠷᠤᠯᠴᠠᠭ᠍ᠰᠠᠳ᠎ᠤᠨ ᠦᠶ᠋ᠯᠡᠰ ᠪᠤᠰᠭᠠᠬᠤ ᠬᠦᠷᠢᠶᠡᠯᠡᠩ᠎ᠦᠨ ᠠᠵᠢᠯ᠎ᠤᠨ ᠦᠷ᠎ᠡ ᠪᠦᠲᠦᠮᠵᠢ ᠥᠨᠳᠥᠷ᠂ ᠺᠣᠮᠫᠠᠨᠢ ᠭᠡᠷ᠎ᠡ ᠲᠣᠭ᠍ᠲᠠᠭ᠍ᠰᠠᠨ᠎ᠠᠴᠠ ᠦᠶ᠋ᠯᠡᠳᠪᠦᠷᠢᠯᠡᠯ᠎ᠦᠨ ᠲᠣᠭᠣᠷᠢᠭ᠎ᠲᠠᠶ ᠪᠣᠯᠤᠭ᠍ᠰᠠᠨ ᠬᠦᠷᠲᠡᠯ᠎ᠡ ᠮᠠᠰᠢ ᠲᠦᠷᠭᠡᠨ ᠶᠠᠪᠤᠭᠳᠠᠪᠠ᠃ ᠭᠠᠳᠠᠭᠠᠳᠤ᠎ᠳᠤ ᠰᠤᠷᠤᠯᠴᠠᠭ᠍ᠰᠠᠳ᠎ᠤᠨ ᠦᠶ᠋ᠯᠡᠰ ᠪᠤᠰᠭᠠᠬᠤ ᠬᠦᠷᠢᠶᠡᠯᠡᠩ ᠪᠠᠰᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠢ ᠲᠦᠭᠡᠮᠡᠯᠵᠢᠭᠦᠯᠬᠦ᠌ ᠪᠣᠯᠪᠠᠰᠤᠷᠠᠯ᠎ᠤᠨ ᠠᠵᠢᠯᠯᠠᠭ᠎ᠠ᠎ᠶ᠋ᠢ ᠵᠣᠬᠢᠶᠠᠨ ᠪᠠᠢᠭᠤᠯᠤᠨ ᠥᠷᠨᠢᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠪᠢᠴᠢᠭ ᠮᠠᠲ᠋ᠧᠷᠢᠶᠠᠯ᠎ᠢ ᠬᠦᠷᠭᠡᠬᠦ᠌᠎ᠶ᠋ᠢᠨ ᠬᠠᠮᠲᠤ ᠠᠵᠤ ᠠᠬᠤᠢᠯᠠᠯ᠎ᠤᠨ ᠭᠤᠶᠤᠴᠢᠯᠠᠨ ᠮᠡᠳᠡᠭᠦᠯᠬᠦ᠌᠎ᠶ᠋ᠢ ᠬᠠᠪᠰᠤᠷᠤᠨ ᠵᠢᠯᠣᠭᠣᠳᠴᠤ᠌᠂ ᠠᠵᠤ ᠠᠬᠤᠢᠯᠠᠯ᠎ᠤᠨ ᠬᠦᠰᠡᠯ ᠱᠠᠭᠠᠷᠳᠠᠯᠭ᠎ᠠ᠎ᠶ᠋ᠢ ᠴᠠᠭ ᠲᠤᠬᠠᠶ᠎ᠳᠤᠨᠢ ᠰᠢᠢᠳᠪᠤᠷᠢᠯᠡᠳᠡᠭ》 ᠭᠡᠵᠦ ᠢᠯᠡᠳᠭᠡᠪᠡ᠃

ᠨᠠᠩ ᠰᠠᠢᠨ ᠬᠥᠭ᠌ᠵᠢᠯᠲᠡ᠎ᠶ᠋ᠢᠨ ᠣᠷᠴᠢᠨ ᠨᠥᠬᠥᠴᠡᠯ᠎ᠢ ᠪᠣᠶ ᠪᠣᠯᠭᠠᠬᠤ᠎ᠶ᠋ᠢᠨ ᠲᠥᠯᠥᠭᠡ᠂ ᠭᠠᠳᠠᠭᠠᠳᠤ᠎ᠳᠤ ᠰᠤᠷᠤᠯᠴᠠᠭ᠍ᠰᠠᠳ᠎ᠤᠨ ᠦᠶ᠋ᠯᠡᠰ ᠪᠤᠰᠭᠠᠬᠤ ᠬᠦᠷᠢᠶᠡᠯᠡᠩ᠎ᠤᠨ ᠬᠢᠨ 《ᠬᠥᠬᠡᠬᠣᠲᠠ᠎ᠶ᠋ᠢᠨ ᠭᠠᠳᠠᠭᠠᠳᠤ᠎ᠳᠤ ᠰᠤᠷᠤᠯᠴᠠᠭ᠍ᠰᠠᠳ᠎ᠤᠨ ᠦᠶ᠋ᠯᠡᠰ ᠪᠤᠰᠭᠠᠬᠤ ᠬᠦᠷᠢᠶᠡᠯᠡᠩ᠎ᠦᠨ ᠶᠡᠬᠡ ᠳᠡᠭᠡᠳᠦ ᠰᠤᠷᠭᠠᠭᠤᠯᠢ᠎ᠶ᠋ᠢᠨ ᠳᠠᠳᠤᠯᠭ᠎ᠠ᠎ᠶ᠋ᠢᠨ ᠰᠣᠷᠣᠭ᠍ᠴᠢ᠎ᠶ᠋ᠢ ᠭᠥᠯᠢᠶᠡᠨ ᠠᠪᠬᠤ ᠲᠦᠷ ᠬᠡᠷᠡᠭ᠌ᠵᠢᠭᠦᠯᠬᠦ᠌ ᠬᠠᠮᠢᠶᠠᠷᠤᠯᠲᠠ᠎ᠶ᠋ᠢᠨ ᠠᠷᠭ᠎ᠠ》 ᠵᠡᠷᠭᠡ ᠲᠦᠷᠢᠮ᠎ᠢ ᠨᠡᠢᠲᠡᠯᠡᠵᠦ᠍᠂ ᠠᠵᠤ ᠠᠬᠤᠢᠯᠠᠯ᠎ᠤᠨ ᠣᠷᠣᠵᠤ ᠰᠠᠭᠤᠬᠤ ᠶᠠᠪᠤᠴᠠ᠎ᠶ᠋ᠢ ᠵᠢᠷᠤᠮᠵᠢᠭᠤᠯᠪᠠ᠃ 《ᠮᠧᠩ ᠺᠧ ᠵᠢᠦᠢ》 ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠲᠠᠪᠴᠠᠩ᠎ᠤᠨ ᠶᠡᠷᠦᠩᠬᠡᠶ ᠴᠤᠩᠬᠤᠪᠴᠢ 《ᠳᠠᠭᠠᠭᠤᠯᠢ ᠣᠳᠣᠨ ᠠᠷᠠᠯ》 ᠪᠠ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪᠯᠡᠷᠡᠯ ᠲᠣᠭᠣᠷᠢᠭ᠎ᠢ ᠪᠠᠢᠭᠤᠯᠵᠤ᠂ ᠬᠠᠮᠲᠤᠪᠠᠷ ᠡᠳ᠋ᠯᠡᠬᠦ ᠦᠵᠡᠭᠦᠯᠭᠡ᠎ᠶ᠋ᠢᠨ ᠲᠢᠩᠬᠢᠮ ᠪᠠ ᠦᠵᠡᠭᠦᠯᠭᠡ᠎ᠶ᠋ᠢᠨ ᠳᠡᠯᠭᠡᠴᠡ᠎ᠶ᠋ᠢ ᠪᠠᠢᠭᠤᠯᠤᠨ᠂ ᠬᠠᠮᠲᠤ ᠪᠠᠷ ᠡᠳ᠋ᠯᠡᠬᠦ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠣᠷᠣᠨ ᠵᠠᠶ᠎ᠶ᠋ᠢ ᠲᠠᠰ ᠳᠡᠪᠱᠢᠭᠦᠯᠵᠦ᠍᠂ ᠱᠢᠨ᠎ᠡ᠎ᠶ᠋ᠢ ᠡᠭᠦᠳᠬᠦ᠌ ᠭᠦᠨ ᠵᠤᠵᠠᠭᠠᠨ ᠠᠭᠤᠷ ᠠᠮᠢᠰᠭᠤᠯ᠎ᠢ ᠪᠣᠶ ᠪᠣᠯᠭᠠᠪᠠ᠃ 2024 ᠣᠨ᠎ᠳᠤ᠂ ᠭᠠᠳᠠᠭᠠᠳᠤ᠎ᠳᠤ ᠰᠤᠷᠤᠯᠴᠠᠭ᠍ᠰᠠᠳ᠎ᠤᠨ ᠦᠶ᠋ᠯᠡᠰ ᠪᠤᠰᠭᠠᠬᠤ ᠬᠦᠷᠢᠶᠡᠯᠡᠩ᠎ᠨᠢ ᠥᠪᠡᠷᠲᠡᠭᠡᠨ ᠵᠠᠰᠠᠬᠤ ᠣᠷᠣᠨ᠎ᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠤ ᠠᠬᠤᠢᠯᠠᠯ᠎ᠤᠨ ᠨᠡᠪᠴᠢᠭᠦᠯᠦᠭᠦᠷ᠎ᠤᠨ A ᠲᠥᠷᠥᠯ (ᠱᠢᠯᠢᠳᠡᠭ) ᠤ᠋ᠨ ᠲᠠᠰ᠎ᠢᠶᠠᠷ ᠦᠨᠡᠯᠡᠭ᠌ᠳᠡᠵᠦ᠍᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠦᠨ ᠭᠡᠷ᠎ᠡ᠎ᠶ᠋ᠢ ᠮᠠᠭᠠᠳᠯᠠᠨ ᠲᠣᠭ᠍ᠲᠠᠭᠠᠵᠤ ᠳᠡᠩᠰᠡᠯᠡᠨ ᠲᠡᠮᠳᠡᠭ᠌ᠯᠡᠬᠦ᠌ ᠪᠠᠢᠭᠤᠯᠤᠮᠵᠢ᠎ᠪᠠᠷ ᠵᠥᠪᠱᠢᠶᠡᠷᠡᠭ᠌ᠳᠡᠵᠦ᠍᠂ ᠬᠥᠬᠡᠬᠣᠲᠠ᠎ᠶ᠋ᠢᠨ ᠠᠵᠤ ᠠᠬᠤᠢᠯᠠᠯ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠣᠨᠴᠠ ᠲᠣᠮᠢᠯᠠᠭ᠍ᠳᠠᠭ᠍ᠴᠢ᠎ᠶ᠋ᠢᠨ ᠠᠵᠢᠯᠯᠠᠬᠤ ᠥᠷᠲᠡᠭᠡ᠎ᠪᠡᠷ ᠠᠮᠵᠢᠯᠲᠠ᠎ᠲᠠᠶ ᠳᠠᠩᠰᠠᠯᠠᠭᠤᠯᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠶ᠋ᠯᠡᠴᠢᠯᠡᠭᠡᠨ᠎ᠦ ᠴᠢᠳᠠᠪᠤᠷᠢ᠎ᠨᠢ ᠲᠠᠰᠤᠷᠠᠯᠲᠠ ᠥᠬᠡᠶ ᠴᠢᠩᠭᠠᠷᠠᠪᠠ᠃

ᠥᠪᠥᠷ ᠮᠣᠩᠭᠣᠯ᠎ᠤᠨ ᠶᠤᠸᠠᠨ ᠰᠤ᠌ ᠮᠸᠩ ᠲᠠᠢ ᠤᠶᠤᠨᠲᠤ ᠤᠰᠤᠲᠥ᠋ᠷᠥᠭ᠌ᠴᠢ ᠵᠢᠨ ᠡᠯᠧᠺᠲ᠋ᠷᠣᠨ ᠬᠤᠳᠠᠯᠳᠤᠭᠠᠨ᠎ᠳᠤ ᠬᠡᠷᠡᠭ᠌ᠯᠡᠬᠦ᠌ ᠮᠠᠱᠢᠨ ᠲᠡᠷᠭᠡᠨ᠎ᠦ ᠬᠢᠵᠠᠭᠠᠷᠲᠤ ᠺᠣᠮᠫᠠᠨᠢ (ᠳᠣᠷᠣᠭ᠍ᠰᠢ ᠶᠤᠸᠠᠨ ᠰᠤ᠌ ᠮᠸᠩ ᠲᠠᠢ ᠭᠡᠵᠦ᠍ ᠳᠥᠭᠥᠮᠴᠢᠯᠡᠨ᠎ᠡ) ᠵᠢᠨ ᠦᠵᠡᠭᠦᠯᠭᠡ᠎ᠶ᠋ᠢᠨ ᠲᠢᠩᠬᠢᠮ᠎ᠳᠦ ᠣᠷᠣᠬᠤ᠎ᠳᠤ᠂ ᠬᠥᠮᠦᠰ ᠢᠷᠡᠭᠡᠳᠦᠢ᠎ᠳᠤ ᠤᠴᠢᠭᠰᠠᠨ ᠱᠢᠭ᠋ ᠰᠠᠨᠠᠭ᠍ᠳᠠᠨ᠎ᠠ᠄ ᠵᠢᠯᠣᠭᠣᠴᠢ ᠦᠭᠡᠢ ᠤᠰᠤᠲᠥ᠋ᠷᠥᠭ᠌ᠴᠢ ᠱᠢᠲᠠᠭᠠᠯᠭ᠎ᠠ᠎ᠶ᠋ᠢᠨ ᠴᠢᠷᠦᠭᠴᠢ ᠮᠠᠰᠢᠨ ᠲᠡᠷᠭᠡ ᠤᠰᠤᠲᠥ᠋ᠷᠥᠭ᠌ᠴᠢ ᠡᠨᠧᠷᠭᠢ᠎ᠶ᠋ᠢᠨ ᠬᠦᠨᠳᠦ ᠠᠴᠢᠶᠠᠨ᠎ᠤ ᠴᠢᠷᠦᠭᠴᠢ ᠮᠠᠰᠢᠨ ᠲᠡᠷᠭᠡ᠎ᠶ᠋ᠢᠨ ᠳᠠᠭᠠᠭᠤᠯᠭ᠎ᠠ᠎ᠪᠠᠷ ᠶᠠᠪᠤᠵᠤ᠂ ᠵᠢᠯᠣᠭᠣᠴᠢ ᠡᠴᠡ ᠡᠭᠦᠯᠡᠨ ᠡᠵᠡᠮᠳᠡᠯ᠎ᠦᠨ ᠲᠠᠪᠴᠠᠩ᠎ᠢᠶᠠᠷ ᠳᠠᠮᠵᠢᠨ ᠬᠣᠶᠠᠷ ᠲᠡᠷᠭᠡ᠎ᠶ᠋ᠢ ᠬᠠᠮᠲᠤ᠎ᠳᠤᠨᠢ ᠡᠵᠡᠮᠳᠡᠵᠦ ᠪᠠᠢᠯ᠎ᠠ᠃

ᠶᠤᠸᠠᠨ ᠰᠤ᠌ ᠮᠸᠩ ᠲᠠᠢ ᠵᠢᠨ ᠪᠠᠢᠩᠭᠤ᠎ᠶ᠋ᠢᠨ ᠳᠡᠳ᠋ ᠶᠡᠷᠦᠩᠬᠡᠶ ᠳᠠᠭᠠᠭᠠᠮᠠᠯ ᠶᠠᠩ ᠢ ᠲᠠᠨᠢᠯᠴᠠᠭᠤᠯᠬᠤ᠎ᠳᠠᠭᠠᠨ᠄《ᠮᠠᠨ᠎ᠤ 49T ᠴᠢᠷᠦᠭᠴᠢ ᠮᠠᠰᠢᠨ ᠲᠡᠷᠭᠡᠨ᠎ᠦ ᠶᠡᠷᠦᠩᠬᠡᠢ ᠴᠠᠬᠢᠯᠭᠠᠨ᠎ᠤ ᠬᠣᠷᠣᠭ᠍ᠳᠠᠯ ᠨᠢ ᠵᠥᠪᠬᠡᠨ 1035 wh / km ᠪᠠᠢᠵᠤ᠂ ᠠᠵᠢᠯ ᠲᠥᠷᠥᠯ᠎ᠦᠨ ᠲᠣᠰᠣᠨ ᠲᠡᠷᠭᠡ ᠵᠢ ᠴᠠᠬᠢᠯᠭᠠᠨ ᠲᠡᠷᠭᠡ ᠪᠤᠯᠭᠠᠨ ᠥᠭᠡᠷᠡᠴᠢᠯᠡᠭᠰᠡᠨ ᠲᠡᠷᠭᠡᠨ᠎ᠦ ᠬᠡᠯᠪᠡᠷᠢ᠎ᠶ᠋ᠢᠨ ᠠᠱᠢᠭ᠍ᠯᠠᠮᠵᠢ᠎ᠵᠢ 50% ᠪᠡᠷ ᠳᠡᠭᠡᠭ᠌ᠰᠢᠯᠡᠭᠦᠯᠵᠦ᠍᠂ ᠺᠢᠯᠣᠮᠧᠲ᠋ᠷ ᠪᠦᠷᠢ᠎ᠶ᠋ᠢᠨ ᠵᠠᠷᠤᠳᠠᠯ᠎ᠢ ᠱᠢᠲᠠᠭᠠᠯᠭ᠎ᠠ᠎ᠶ᠋ᠢᠨ ᠲᠣᠰᠣᠨ᠎ᠤ ᠲᠡᠷᠭᠡ᠎ᠡᠴᠡ 79.6% ᠪᠡᠷ ᠪᠠᠭᠤᠷᠠᠭᠤᠯᠪᠡ᠃ ᠺᠣᠮᠫᠠᠨᠢ᠎ᠶ᠋ᠢᠨ ᠬᠡᠲᠦ ᠰᠠᠭᠤᠷᠢ ᠲᠠᠪᠠᠭ᠎ᠲᠤ ᠥᠪᠡᠷ᠎ᠢᠶᠡᠨ ᠰᠤᠳᠤᠯᠤᠭ᠍ᠰᠠᠨ L4 ᠲᠠᠰ᠎ᠤᠨ ᠠᠦ᠋ᠲ᠋ᠣ᠋ ᠵᠢᠯᠣᠭᠣᠳᠣᠯᠭ᠎ᠠ᠎ᠶ᠋ᠢᠨ ᠮᠡᠳᠡᠷᠡᠬᠦ᠌ ᠱᠢᠰᠲ᠋ᠧᠮ᠎ᠢ ᠠᠴᠢᠶᠠᠯᠠᠵᠤ᠂ ᠠᠦ᠋ᠲ᠋ᠣ᠋ ᠵᠢᠯᠣᠭᠣᠳᠣᠯᠭ᠎ᠠ᠎ᠶ᠋ᠢᠨ ᠠᠮᠤᠷ ᠲᠦᠪᠱᠢᠨ᠎ᠦ ᠬᠡᠮᠵᠢᠶ᠎ᠠ ᠵᠢ ᠶᠡᠬᠡ᠎ᠪᠡᠷ ᠳᠡᠭᠡᠭ᠌ᠰᠢᠯᠡᠭᠦᠯᠪᠡ》 ᠭᠡᠪᠡ᠃ ᠺᠣᠮᠫᠠᠨᠢ᠎ᠶ᠋ᠢᠨ ᠭᠤᠤᠯ ᠲᠤᠬᠠᠢᠯᠠᠭ᠍ᠰᠠᠨ ᠠᠵᠢᠯ᠎ᠨᠢ ᠱᠢᠨ᠎ᠡ ᠡᠨᠧᠷᠭᠢ᠎ᠶ᠋ᠢᠨ ᠬᠤᠳᠠᠯᠳᠤᠭᠠᠨ᠎ᠳᠤ ᠬᠡᠷᠡᠭ᠌ᠯᠡᠬᠦ᠌ ᠲᠡᠷᠭᠡ ᠵᠡᠷᠭᠡ᠎ᠶ᠋ᠢ ᠰᠤᠳᠤᠯᠤᠨ ᠨᠡᠭᠡᠭᠡᠬᠦ᠌᠂ ᠦᠶ᠋ᠯᠡᠳᠪᠦᠷᠢᠯᠡᠬᠦ᠌ ᠪᠠ ᠪᠣᠷᠣᠯᠠᠭᠤᠯᠬᠤ᠎ᠶ᠋ᠢ ᠬᠠᠮᠤᠷᠪᠠ᠃ ᠶᠤᠸᠠᠨ ᠰᠤ᠌ ᠮᠧᠩ᠎ᠲᠠᠢ᠎ᠶ᠋ᠢᠨ ᠤᠶᠤᠨᠲᠤ ᠤᠰᠤᠲᠥ᠋ᠷᠥᠭ᠌ᠴᠢ ᠵᠢᠨ ᠡᠯᠧᠺᠲ᠋ᠷᠣᠨ ᠬᠤᠳᠠᠯᠳᠤᠭᠠᠨ᠎ᠳᠤ ᠬᠡᠷᠡᠭ᠌ᠯᠡᠬᠦ᠌ ᠲᠡᠷᠭᠡ᠎ᠶ᠋ᠢᠨ ᠰᠤᠳᠤᠯᠤᠨ ᠨᠡᠭᠡᠭᠡᠵᠦ᠍ ᠦᠶ᠋ᠯᠡᠳᠪᠦᠷᠢᠯᠡᠬᠦ᠌ ᠲᠥᠷᠥᠯ ᠵᠦᠶ᠋ᠯ᠎ᠦᠨ ᠶᠡᠷᠦᠩᠬᠡᠶ ᠪᠠᠯᠠ ᠣᠷᠣᠭᠤᠯᠤᠯᠲᠠ 72.4 ᠳ᠋ᠦᠩᠱᠢᠭᠤᠷ ᠲᠥᠭᠥᠷᠢᠭ᠎ᠲᠦ ᠬᠦᠷᠴᠦ᠍᠂ 606.7 ᠮᠥ᠍ ᠭᠠᠵᠠᠷ᠎ᠢ ᠡᠵᠡᠯᠡᠵᠦ᠍᠂ ᠬᠣᠶᠠᠷ ᠬᠤᠭᠤᠴᠠᠭ᠎ᠠ ᠬᠤᠪᠢᠶᠠᠨ ᠪᠥᠲᠥᠭᠡᠨ ᠪᠠᠢᠭᠤᠯᠵᠤ᠂ ᠠᠱᠢᠭ᠍ᠯᠠᠯᠲᠠ᠎ᠳᠤ ᠣᠷᠣᠭᠤᠯᠤᠭ᠍ᠰᠠᠨ᠎ᠤ ᠳᠠᠷᠠᠭ᠎ᠠ ᠵᠢᠱ᠌ᠢᠯᠲᠡ᠎ᠪᠡᠷ ᠵᠢᠯ᠎ᠦᠨ ᠦᠶ᠋ᠯᠡᠳᠬᠦᠨ᠎ᠦ ᠥᠷᠲᠡᠭ 500 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠱᠢᠭ ᠭᠠᠢᠯᠢ 10 ᠳ᠋ᠦᠩᠱᠢᠭᠤᠷ ᠲᠥᠭᠥᠷᠢᠭ᠎ᠲᠦ ᠬᠥᠷᠬᠥ᠌ ᠪᠣᠯᠤᠨ᠎ᠠ᠃

ᠣᠳᠣᠬᠠᠨ᠎ᠳᠤ᠂ ᠭᠠᠳᠠᠭᠠᠳᠤ᠎ᠳᠤ ᠰᠤᠷᠤᠯᠴᠠᠭᠰᠠᠳ ᠤ᠋ᠨ ᠦᠢᠯᠡᠰ ᠪᠤᠰᠭᠠᠬᠤ ᠬᠦᠷᠢᠶᠡᠯᠡᠩ᠎ᠳᠦ ᠮᠠᠰᠢ ᠤᠯᠠᠨ ᠠᠳᠠᠯᠢ ᠪᠤᠰᠤ ᠬᠦᠷᠢᠶ᠎ᠡ ᠴᠠᠷᠠᠭ᠎ᠠ ᠵᠢᠨ ᠱᠢᠯᠢᠳᠡᠭ ᠠᠵᠤ ᠠᠬᠤᠢᠯᠠᠯ ᠲᠥᠪᠯᠡᠷᠡᠵᠦ᠍᠂ ᠠᠮᠢᠳᠤ ᠪᠣᠳᠠᠰ᠎ᠤᠨ ᠡᠮ ᠡᠮᠨᠡᠯᠭᠡ᠂ ᠳᠡᠭᠡᠳᠦ ᠲᠡᠰ᠎ᠤᠨ ᠲᠣᠨᠣᠭ᠍ᠯᠠᠯ ᠦᠢᠯᠡᠳᠬᠦ᠌᠂ ᠱᠢᠨ᠎ᠡ ᠡᠨᠧᠷᠭᠢ ᠱᠢᠨ᠎ᠡ ᠮᠠᠲ᠋ᠧᠷᠢᠶᠠᠯ᠂ ᠡᠯᠧᠺᠲ᠋ᠷᠣᠨ ᠮᠡᠳᠡᠭᠡ ᠵᠠᠩᠭᠢ ᠵᠡᠷᠭᠡ ᠬᠦᠷᠢᠶ᠎ᠡ᠎ᠶ᠋ᠢ ᠬᠠᠮᠤᠷᠴᠠᠢ᠃ ᠣᠷᠣᠵᠤ ᠰᠠᠭᠤᠭ᠍ᠰᠠᠨ ᠠᠵᠤ ᠠᠬᠤᠢᠯᠠᠯ 59 ᠪᠣᠯᠵᠣ᠂ ᠡᠭᠦᠨ᠎ᠳᠦ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ 6᠂ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ 9 ᠪᠣᠶ᠃

ᠥᠪᠥᠷ ᠮᠣᠩᠭᠣᠯ᠎ᠤᠨ ᠶᠤᠸᠠᠨ ᠱᠧᠩ ᠶᠤᠸᠠᠨ ᠠᠮᠢᠳᠤ ᠪᠣᠳᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠬᠢᠵᠠᠭᠠᠷᠲᠤ ᠺᠣᠮᠫᠠᠨᠢ ᠭᠤᠤᠯ ᠡᠰ ᠪᠣᠯᠤᠨ ᠡᠭᠡᠯᠢᠯᠡᠭᠡ᠎ᠶ᠋ᠢᠨ ᠡᠰ᠎ᠦᠨ ᠱᠢᠨ᠎ᠡ ᠡᠮ᠎ᠢ ᠰᠤᠳᠤᠯᠤᠨ ᠨᠡᠭᠡᠭᠡᠬᠦ᠌᠂ ᠭᠤᠤᠯ ᠡᠰ ᠬᠢᠭᠡᠳ ᠳᠠᠬᠢᠨ ᠤᠷᠭᠤᠭᠤᠯᠬᠤ ᠠᠨᠠᠭᠠᠬᠤ ᠤᠬᠠᠭᠠᠨ᠎ᠤ ᠰᠤᠳᠤᠯᠭᠠᠨ ᠬᠢᠭᠡᠳ ᠡᠮᠴᠢᠯᠡᠭᠡ ᠵᠢᠨ ᠤᠯᠠᠷᠢᠭᠤᠯᠤᠨ ᠬᠤᠪᠢᠷᠠᠭᠤᠯᠬᠤ ᠵᠢᠴᠢ ᠠᠮᠢᠳᠤ ᠪᠣᠳᠠᠰ᠎ᠤᠨ ᠡᠷᠡᠭᠦᠯ ᠮᠡᠨᠳᠦ᠍᠎ᠶ᠋ᠢᠨ ᠳ᠋ᠡᠢᠲ᠋ᠠ᠎ᠶ᠋ᠢᠨ ᠬᠠᠮᠢᠶᠠᠷᠤᠯᠲᠠ᠎ᠶ᠋ᠢᠨ ᠬᠦᠷᠢᠶᠡᠨ᠎ᠳᠦ ᠠᠩᠬᠠᠷᠤᠯ᠎ᠢᠶᠠᠨ ᠲᠥᠪᠯᠡᠷᠡᠭᠦᠯᠪᠡ᠃ ᠺᠣᠮᠫᠠᠨᠢ ᠨᠢ ᠪᠡᠭᠡᠵᠢᠩ᠂ ᠥᠪᠥᠷ ᠮᠣᠩᠭᠣᠯ ᠵᠡᠷᠭᠡ ᠭᠠᠵᠠᠷ᠎ᠤᠨ ᠣᠯᠠᠨ ᠭᠤᠷᠪᠠᠨ ᠬᠥᠬᠡ ᠲᠠᠰ᠎ᠤᠨ ᠡᠮᠨᠡᠯᠭᠡ᠎ᠶ᠋ᠢᠨ ᠬᠣᠷᠢᠶ᠎ᠠ᠎ᠲᠠᠶ ᠬᠠᠮᠲᠤᠷᠠᠯᠴᠠᠵᠤ᠂ ᠭᠤᠤᠯ ᠡᠰ᠎ᠦᠨ ᠬᠦᠨᠳᠦ ᠶᠡᠬᠡ ᠡᠪᠡᠳᠴᠢᠨ᠎ᠢ ᠡᠮᠨᠡᠨ ᠵᠠᠰᠠᠬᠤ ᠡᠮᠴᠢᠯᠡᠭᠡᠨ᠎ᠦ ᠰᠤᠳᠤᠯᠭᠠᠨ ᠪᠠ ᠤᠯᠠᠷᠢᠭᠤᠯᠤᠨ ᠬᠡᠷᠡᠭ᠌ᠯᠡᠬᠦ᠌᠎ᠶ᠋ᠢ ᠥᠷᠨᠢᠭᠦᠯᠪᠡ᠃

《ᠡᠨᠳᠡ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠨᠠᠷᠠᠲᠤ ᠡᠰ᠎ᠦᠨ ᠲᠤᠰᠭᠠᠶ ᠮᠡᠷᠭᠡᠵᠢᠯᠲᠡᠨ ᠣᠯᠠᠨ ᠪᠠᠢᠬᠤ ᠪᠥᠭᠡᠳ ᠪᠠᠰᠠ ᠥᠪᠥᠷ ᠮᠣᠩᠭᠣᠯ᠎ᠤᠨ ᠲᠠᠯ᠎ᠠ ᠨᠤᠲᠤᠭ᠎ᠤᠨ ᠴᠢᠳᠠᠪᠤᠷᠢᠲᠠᠨ ᠵᠡᠷᠭᠡ ᠴᠢᠳᠠᠪᠤᠷᠢᠲᠠᠨ ᠪᠣᠶ᠂ ᠮᠠᠨ᠎ᠦ ᠺᠣᠮᠫᠠᠨᠢ 12 ᠵᠦᠶ᠋ᠯ᠎ᠦᠨ ᠤᠯᠤᠰ ᠪᠠ ᠮᠤᠵᠢ ᠶᠠᠮᠤᠨ᠎ᠤ ᠲᠠᠰ᠎ᠤᠨ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠲᠥᠷᠥᠯ ᠵᠦᠶ᠋ᠯ᠎ᠢ ᠳᠠᠭᠠᠭᠠᠴᠢᠯᠡᠨ ᠬᠦᠢᠴᠡᠳᠬᠡᠵᠦ ᠪᠠᠢᠭ᠎ᠠ ᠶᠤᠮ》 ᠭᠡᠵᠦ ᠶᠤᠸᠠᠨ ᠱᠧᠩ ᠶᠤᠸᠠᠨ ᠠᠮᠢᠳᠤ ᠪᠣᠳᠠᠰ᠎ᠤᠨ ᠬᠡᠷᠡᠭ ᠮᠡᠳᠡᠭ᠌ᠴᠢᠳ᠎ᠦᠨ ᠳᠠᠷᠤᠭ᠎ᠠ ᠦ᠋ ᠱᠢᠶᠤᠤ ᠶᠦᠨ ᠲᠠᠨᠢᠯᠴᠠᠭᠤᠯᠪᠠ᠃

ᠴᠢᠳᠠᠪᠤᠷᠢᠲᠠᠨ ᠪᠣᠯ ᠭᠠᠳᠠᠭᠠᠳᠤ᠎ᠳᠤ ᠰᠤᠷᠤᠯᠴᠠᠭᠰᠠᠳ ᠤ᠋ᠨ ᠦᠢᠯᠡᠰ ᠪᠤᠰᠭᠠᠬᠤ ᠬᠦᠷᠢᠶᠡᠯᠡᠩ᠎ᠦᠨ ᠴᠢᠨᠠᠷ ᠰᠠᠢᠲᠠᠢ ᠬᠥᠭ᠌ᠵᠢᠯᠲᠡ᠎ᠶ᠋ᠢᠨ ᠭᠣᠣᠯ ᠬᠥᠳᠡᠯᠭᠡᠬᠦ᠌ ᠬᠦᠴᠦᠨ ᠮᠥᠨ᠃ 2024 ᠣᠨ᠎ᠳᠤ᠂ ᠬᠦᠷᠢᠶᠡᠯᠡᠩ ᠲᠣᠭᠣᠷᠢᠭ᠎ᠨᠢ 7 ᠣᠷᠣᠢᠯᠠᠭ᠍ᠰᠠᠨ ᠴᠢᠳᠠᠪᠤᠷᠢᠲᠠᠨ᠎ᠤ ᠪᠦᠯᠬᠦᠮ᠎ᠢ ᠠᠮᠵᠢᠯᠲᠠ᠎ᠲᠠᠶ᠎ᠪᠠᠷ ᠣᠷᠣᠭᠤᠯᠤᠨ ᠠᠪᠴᠢᠷᠠᠵᠤ᠂ ᠬᠦᠷᠢᠶᠡᠯᠡᠩ ᠲᠣᠭᠣᠷᠢᠭ᠎ᠤᠨ ᠳᠣᠲᠣᠷᠠᠬᠢ 5 ᠬᠥᠮᠦᠨ᠎ᠨᠢ ᠥᠪᠡᠷᠲᠡᠭᠡᠨ ᠵᠠᠰᠠᠬᠤ ᠣᠷᠣᠨ᠎ᠤ 《ᠰᠣᠳᠣᠨ ᠴᠢᠳᠠᠪᠤᠷᠢᠲᠠᠨ᠎ᠢᠶᠠᠷ ᠥᠪᠥᠷ ᠮᠣᠩᠭᠣᠯ᠎ᠢᠶᠠᠨ ᠮᠠᠨᠳᠤᠭᠤᠯᠬᠤ》 ᠢᠨᠵᠧᠨᠧᠷᠢᠩ᠎ᠳᠦ ᠰᠣᠩᠭᠣᠭ᠍ᠳᠠᠵᠤ᠂ 1 ᠬᠥᠮᠦᠨ᠎ᠨᠢ ᠵᠠᠯᠠᠭᠤᠴᠤᠳ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠱᠠᠩᠨᠠᠯ ᠭᠥᠷᠳᠡᠵᠦ᠍᠂ 1 ᠠᠵᠤ ᠠᠬᠤᠢᠯᠠᠯ᠎ᠨᠢ ᠳᠤᠮᠳᠠᠳᠤ ᠤᠯᠤᠰ᠎ᠤᠨ ᠭᠠᠳᠠᠭᠠᠳᠤ᠎ᠳᠤ ᠰᠤᠷᠤᠯᠴᠠᠭ᠍ᠰᠠᠳ᠎ᠤᠨ ᠦᠶ᠋ᠯᠡᠰ ᠪᠤᠰᠬᠠᠬᠤ ᠤᠷᠤᠯᠳᠤᠭᠠᠨ᠎ᠤ ᠬᠣᠶᠠᠳᠠᠬᠢ ᠤᠷᠤᠯᠳᠤᠭᠠᠨ᠎ᠳᠤ ᠨᠡᠷ᠎ᠠ ᠳᠡᠪᠱᠢᠪᠡ᠃ ᠬᠦᠷᠢᠶᠡᠯᠡᠩ ᠲᠣᠭᠣᠷᠢᠭ ᠨᠢ ᠭᠠᠳᠠᠭᠠᠳᠤ᠎ᠳᠤ ᠰᠤᠷᠤᠯᠴᠠᠭ᠍ᠰᠠᠳ᠎ᠤᠨ ᠮᠡᠳᠡᠭᠡ ᠵᠠᠩᠭᠢ᠎ᠶ᠋ᠢᠨ ᠬᠥᠮᠥᠷᠭᠡ ᠪᠣᠯᠤᠨ 《ᠬᠤᠨ ᠭᠠᠯᠠᠭᠤ》 ᠴᠢᠳᠠᠪᠤᠷᠢᠲᠠᠨ᠎ᠤ ᠬᠥᠮᠥᠷᠭᠡ᠎ᠶ᠋ᠢ ᠪᠠᠢᠭᠤᠯᠬᠤ᠎ᠪᠠᠷ ᠳᠠᠮᠵᠢᠭᠤᠯᠤᠨ᠂ ᠭᠠᠳᠠᠭᠠᠳᠤ᠎ᠳᠤ ᠰᠤᠷᠤᠯᠴᠠᠭᠠᠳ ᠪᠤᠴᠠᠵᠤ ᠢᠷᠡᠭ᠌ᠰᠡᠨ 127 ᠴᠢᠳᠠᠪᠤᠷᠢᠲᠠᠨ᠎ᠤ ᠮᠡᠳᠡᠭᠡ ᠵᠠᠩᠭᠢ ᠵᠢᠴᠢ ᠡᠯ᠎ᠡ ᠬᠦᠷᠢᠶᠡᠨ᠎ᠦ 596 ᠴᠢᠳᠠᠪᠤᠷᠢᠲᠠᠨ᠎ᠤ ᠲᠣᠭ᠎ᠠ ᠪᠠᠷᠢᠮᠲᠠ᠎ᠶ᠋ᠢ ᠨᠥᠭᠡᠴᠡᠯᠡᠵᠦ᠍᠂ ᠭᠠᠳᠠᠭᠠᠳᠤ᠎ᠳᠤ ᠰᠤᠷᠤᠯᠴᠠᠭᠠᠳ ᠪᠤᠴᠠᠵᠤ ᠢᠷᠡᠭ᠌ᠰᠡᠨ 23 ᠬᠥᠮᠦᠨ᠂ ᠮᠠᠰᠲ᠋ᠸᠷ ᠳ᠋ᠤᠺᠲ᠋ᠤᠷ ᠤ᠋ᠨ ᠴᠢᠳᠠᠪᠤᠷᠢᠲᠠᠨ 74 ᠬᠥᠮᠦᠨ᠂ ᠳᠡᠭᠡᠳᠦ ᠵᠡᠷᠭᠡ᠎ᠶ᠋ᠢᠨ ᠮᠡᠷᠭᠡᠵᠢᠯ᠎ᠦᠨ ᠴᠣᠯᠠ ᠲᠠᠶ 31 ᠮᠡᠷᠭᠡᠵᠢᠯᠲᠡᠨ᠎ᠢᠶᠡᠷ ᠪᠦᠷᠢᠯᠳᠦᠭ᠌ᠰᠡᠨ ᠣᠯᠠᠨ ᠡᠱᠢᠵᠢᠭ᠌ᠰᠡᠨ ᠴᠢᠳᠠᠪᠤᠷᠢᠲᠠᠨ᠎ᠤ ᠡᠩᠨᠡᠭᠡ᠎ᠶ᠋ᠢ ᠪᠠᠢᠭᠤᠯᠪᠠ᠃

ᠬᠥᠬᠡᠬᠣᠲᠠ᠎ᠶ᠋ᠢᠨ ᠭᠠᠳᠠᠭᠠᠳᠤ᠎ᠳᠤ ᠰᠤᠷᠤᠯᠴᠠᠭ᠍ᠰᠠᠳ᠎ᠤᠨ ᠦᠢᠯᠡᠰ ᠪᠤᠰᠭᠠᠬᠤ ᠬᠦᠷᠢᠶᠡᠯᠡᠩ᠎ᠦᠨ ᠡᠷᠬᠢᠯᠡᠭ᠌ᠴᠢ ᠴᠧᠩ ᠪᠥᠸᠧ᠄ 《ᠮᠠᠨ ᠎ᠤ ᠬᠦᠷᠢᠶᠡᠯᠡᠩ ᠲᠣᠭᠣᠷᠢᠭ᠎ᠤᠨ ᠬᠢᠨ ᠲᠦᠷᠢᠮ᠎ᠦᠨ ᠱᠢᠨ᠎ᠡ ᠡᠭᠦᠳᠦᠯᠲᠡ᠎ᠪᠡᠷ ᠰᠠᠭᠤᠷᠢ ᠪᠣᠯᠭᠠᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠢ ᠪᠣᠢᠵᠢᠭᠤᠯᠬᠤ᠎ᠪᠠᠷ ᠬᠥᠳᠡᠯᠭᠡᠬᠦ᠌ ᠬᠦᠴᠦᠨ ᠪᠣᠯᠭᠠᠵᠤ᠂ ᠢᠷᠡᠭᠡᠳᠦᠢ᠎ᠳᠦ ᠬᠦᠷᠢᠶᠡᠯᠡᠩ ᠲᠣᠭᠣᠷᠢᠭ᠎ᠢᠶᠠᠨ ᠪᠦᠬᠦ᠌ ᠤᠯᠤᠰ᠎ᠲᠤ ᠨᠥᠯᠥᠭᠡᠯᠡᠬᠦ᠌ ᠬᠦᠴᠦᠨ᠎ᠲᠡᠶ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠠᠵᠤ ᠠᠬᠤᠢᠯᠠᠯ ᠲᠥᠪᠯᠡᠷᠡᠭ᠌ᠰᠡᠨ ᠲᠣᠭᠣᠷᠢᠭ᠂ ᠦᠢᠯᠡᠴᠢᠯᠡᠭᠡᠨ᠎ᠦ ᠦᠯᠢᠭᠡᠷ ᠳᠠᠭᠤᠷᠢᠶᠠᠯ ᠲᠣᠭᠣᠷᠢᠭ ᠪᠣᠯᠭᠠᠨ ᠪᠦᠲᠦᠭᠡᠨ ᠪᠠᠢᠭᠤᠯᠵᠤ᠂ ᠣᠷᠣᠨ ᠪᠦᠰᠡ᠎ᠶ᠋ᠢᠨ ᠠᠵᠤ ᠠᠬᠤᠢ᠎ᠶ᠋ᠢᠨ ᠬᠡᠯᠪᠡᠷᠢ᠎ᠶ᠋ᠢ ᠬᠤᠪᠢᠷᠠᠭᠤᠯᠤᠨ ᠳᠡᠰ ᠳᠡᠪᠱᠢᠭᠦᠯᠬᠦ᠌᠎ᠳᠦ ᠤᠳᠠᠭᠠᠨ ᠳᠠᠭᠠᠭᠠᠮᠠᠭᠠᠢ ᠬᠥᠳᠡᠯᠭᠡᠬᠦ᠌ ᠡᠨᠧᠷᠭᠢ ᠨᠡᠮᠡᠷᠢᠯᠡᠨ᠎ᠡ》 ᠭᠡᠵᠦ ᠢᠯᠡᠳᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号