— ᠪᠦᠬᠦ᠌ ᠤᠯᠤᠰ ᠤᠨ ᠬᠥᠳᠡᠯᠮᠦᠷᠢ ᠶ᠋ᠢᠨ ᠵᠢᠱ᠌ᠢᠶᠡᠴᠢ ᠵᠡᠭᠦᠨ ᠦᠵᠦᠮᠦᠴᠢᠨ ᠬᠣᠱᠢᠭᠤᠨ ᠤ ᠬᠠᠲᠠᠪᠴᠢ ᠪᠠᠯᠭᠠᠰᠤᠨ ᠤ ᠱᠠᠩᠳᠤ ᠭᠠᠴᠠᠭᠠᠨ ᠤ ᠵᠥᠪᠯᠡᠯ ᠦᠨ ᠭᠡᠱᠢᠭᠦᠨ ᠡᠷᠳᠡᠨᠢᠳᠠᠯᠠᠢ ᠵᠢ ᠲᠡᠮᠳᠡᠭ᠌ᠯᠡᠪᠡ
4 ᠰᠠᠷ᠎ᠠ᠎ᠶ᠋ᠢᠨ 30 ᠤ᠋ ᠡᠳᠦᠷ᠂ ᠵᠡᠭᠦᠨ ᠦᠵᠦᠮᠦᠴᠢᠨ ᠬᠣᠱᠢᠭᠤᠨ᠎ᠤ ᠬᠠᠲᠠᠪᠴᠢ ᠪᠠᠯᠭᠠᠰᠤᠨ᠎ᠤ ᠱᠠᠩᠳᠤ ᠭᠠᠴᠠᠭᠠᠨ ᠤ᠋ ᠵᠦᠪᠯᠡᠯ ᠤ᠋ᠨ ᠭᠡᠱᠢᠭᠦᠨ ᠡᠷᠳᠡᠨᠢᠳᠠᠯᠠᠢ ᠪᠦᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠎ᠶ᠋ᠢᠨ ᠢᠷᠠᠭᠤ ᠠᠯᠳᠠᠷ ᠤᠨ ᠦᠨᠡᠮᠯᠡᠯ ᠪᠣᠯᠤᠨ ᠱᠠᠩᠨᠠᠯ᠎ᠤᠨ ᠳᠡᠮᠳᠡᠭ ᠬᠦᠷᠳᠡᠬᠡᠳ ᠬᠡᠷ ᠲᠡᠬᠡᠨ ᠪᠤᠴᠠᠵᠤ ᠢᠷᠡᠬᠦ᠌᠎ᠳᠦ᠂ ᠤᠢᠷ᠎ᠠ ᠬᠠᠪᠢ ᠵᠢᠨ ᠮᠠᠯᠴᠢᠳ ᠨᠢ ᠲᠡᠬᠦᠨ᠎ᠢ ᠪᠠᠶᠠᠷᠯᠠᠨ ᠤᠬᠳᠤᠵᠤ ᠪᠢᠯᠡ᠃ ᠮᠠᠯᠴᠢᠨ ᠲᠦᠮᠡᠨᠭᠡᠷᠡᠯ᠄ 《ᠳᠠᠯᠠᠢ᠂ ᠲᠠ ᠮᠠᠨ ᠤ ᠲᠠᠯ᠎ᠠ ᠨᠤᠲᠤᠭ᠎ᠲᠠᠭᠠᠨ ᠦᠩᠭᠡ ᠭᠡᠷᠡᠯ ᠨᠡᠮᠡᠷᠢᠯᠡᠪᠡ᠂ ᠡᠨᠡ ᠪᠣᠯ ᠪᠢᠳᠡᠨ᠎ᠦ ᠣᠮᠣᠭ᠍ᠰᠢᠯ ᠪᠣᠯᠤᠨ᠎ᠠ! 》 ᠭᠡᠵᠤ ᠳᠤᠭᠳᠤᠯᠤᠨ ᠬᠡᠯᠡᠪᠡ᠃
ᠡᠷᠳᠡᠨᠢᠳᠠᠯᠠᠢ ᠢᠷᠠᠭᠤ ᠠᠯᠳᠠᠷ᠎ᠤᠨ ᠦᠨᠡᠮᠯᠡᠯ ᠪᠣᠯᠤᠨ ᠱᠠᠩᠨᠠᠯ᠎ᠤᠨ ᠲᠡᠮᠳᠡᠭ᠎ᠢᠶᠡᠨ ᠲᠥᠪ ᠬᠢᠴᠢᠶᠡᠩᠭᠦᠢ᠎ᠪᠡᠷ ᠡᠬᠡᠨᠡᠷ ᠰᠠᠷ᠎ᠠ᠎ᠳᠠᠭᠠᠨ ᠭᠠᠷᠳᠠᠭᠤᠯᠵᠤ᠂ ᠨᠢᠳᠦᠨ ᠳ᠋ᠡᠭᠡᠨ ᠨᠢᠯᠪᠤᠰᠤ ᠲᠠᠢ ᠪᠡᠷ᠄《ᠡᠳᠡᠭᠡᠷ ᠵᠢᠯ᠎ᠦᠳ᠎ᠲᠦ᠂ ᠲᠠ ᠠᠢᠯ ᠬᠡᠷ ᠵᠢᠨᠨ ᠰᠠᠢᠲᠤᠷ ᠲᠤᠲᠤᠮᠲᠠᠬᠰᠠᠨ ᠤ ᠠᠴᠢ᠎ᠪᠠᠷ ᠪᠢ ᠰᠠᠨᠠᠭ᠎ᠠ ᠠᠮᠤᠷ ᠠᠵᠢᠯᠯᠠᠵᠤ ᠴᠢᠳᠠᠵᠠᠢ᠃ ᠡᠨᠡ ᠬᠦ᠌ ᠢᠷᠠᠭᠤ ᠠᠯᠳᠠᠷ ᠪᠣᠯ ᠮᠠᠨ᠎ᠤ ᠬᠠᠮᠲᠤ᠎ᠶ᠋ᠢᠨ ᠬᠢ ᠶᠤᠮ᠂ ᠨᠡᠩ ᠴᠤ᠌ ᠲᠠᠯ᠎ᠠ ᠨᠤᠲᠤᠭ᠎ᠤᠨ ᠠᠬ᠎ᠠ ᠡᠭᠡᠴᠢ ᠳᠡᠭᠦᠦ ᠨᠢᠭᠡ ᠪᠦᠷᠢ᠎ᠶ᠋ᠢᠨ ᠬᠢ ᠶᠤᠮ!》 ᠭᠡᠰᠡᠨ ᠡᠭᠡᠯ ᠪᠣᠷᠣᠭ᠍ᠵᠢᠭᠤᠨ ᠦᠭᠡ ᠶᠠᠷᠢᠶ᠎ᠠ ᠨᠢ ᠡᠨᠡ ᠬᠦ᠌ ᠲᠠᠯ᠎ᠠ ᠨᠤᠲᠤᠭ᠎ᠤᠨ ᠰᠠᠢᠨ ᠡᠷ᠎ᠠ ᠵᠢᠨ ᠦᠨᠳᠦᠰᠦᠨ ᠱᠠᠲᠤᠨ᠎ᠳᠤ ᠦᠨᠳᠦᠰᠦᠯᠡᠵᠦ᠍᠂ ᠤᠯᠠᠨ ᠲᠦᠮᠡᠨ᠎ᠳᠦ ᠦᠢᠯᠡᠴᠢᠯᠡᠬᠦ᠌ ᠤᠭ ᠰᠠᠨᠠᠭ᠎ᠠ᠎ᠶ᠋ᠢ ᠢᠯᠡᠷᠡᠬᠦᠯᠵᠤ ᠪᠢᠯᠡ᠃
ᠱᠠᠩᠳᠤ ᠭᠠᠴᠠᠭ᠎ᠠ᠎ᠳᠤ ᠡᠷᠳᠡᠨᠢᠳᠠᠯᠠᠢ ᠪᠣᠯ 《ᠵᠦᠭᠡᠷ ᠰᠠᠭᠤᠵᠤ ᠴᠢᠳᠠᠬᠤ ᠦᠭᠡᠢ ᠬᠦᠮᠦᠨ》᠎ᠶᠤᠮ᠃ ᠲᠡᠷᠡ ᠪᠣᠯ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂《ᠪᠥᠬᠥ᠌ ᠤᠯᠤᠰ᠎ᠤᠨ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠵᠢᠱ᠌ᠢᠶᠡᠴᠢ ᠬᠤᠪᠢ ᠬᠥᠮᠦᠨ》 ᠪᠣᠯᠬᠤ᠎ᠪᠠᠷ ᠪᠠᠷᠠᠬᠤ ᠥᠬᠡᠶ᠂ ᠪᠠᠰᠠ ᠴᠤ᠌ 《ᠮᠣᠷᠢᠨ ᠨᠢᠷᠤᠭᠤᠨ ᠳᠡᠭᠡᠷᠡᠬᠢ ᠬᠢᠯᠢ ᠬᠠᠮᠠᠭᠠᠯᠠᠭ᠍ᠴᠢ》 ᠪᠠ ᠨᠠᠮ᠎ᠤᠨ ᠭᠡᠱᠢᠭᠦᠨ ᠦ ᠭᠤᠤᠯᠳᠠᠯᠭᠠᠲᠤ ᠡᠷᠦᠬᠡ ᠪᠣᠯᠤᠨ᠎ᠠ᠂ ᠶᠡᠷᠦᠩᠬᠡᠢᠯᠡᠨ ᠵᠠᠰᠠᠬᠤ ᠥᠷᠳᠡᠭᠡ᠎ᠶ᠋ᠢᠨ ᠬᠠᠷᠢᠭᠤᠴᠠᠯᠭᠠᠲᠠᠨ ᠮᠦᠷᠳᠡᠬᠡᠨ ᠮᠠᠯᠴᠢᠳ᠎ᠤᠨ ᠬᠡᠷᠡᠭᠴᠡᠭᠡ ᠲᠠᠢ ᠦᠶ᠎ᠠ ᠳ᠋ᠤ ᠳᠠᠭᠤᠳᠠᠪᠠᠯ ᠲᠠᠷᠤᠢ ᠬᠦᠷᠦᠬᠡᠳ ᠢᠷᠡᠳᠡᠭ 《ᠲᠡᠯᠡᠶ ᠠᠬ᠎ᠠ》 ᠪᠣᠯᠤᠨ᠎ᠠ᠃
ᠵᠡᠭᠦᠨ ᠦᠵᠦᠮᠦᠴᠢᠨ ᠬᠣᠱᠢᠭᠤ ᠪᠣᠯ ᠬᠢᠯᠢ ᠲᠠᠭᠠᠤ ᠪᠠᠢᠷᠢᠯᠠᠬᠰᠠᠨ ᠬᠣᠱᠢᠭᠤ ᠪᠠᠢᠵᠤ᠂ ᠮᠣᠩᠭᠣᠯ ᠤᠯᠤᠰ ᠯᠤᠭ᠎ᠠ ᠬᠢᠯᠢ ᠨᠡᠢᠯᠡᠵᠦ᠍᠂ ᠬᠢᠯᠢ᠎ᠶ᠋ᠢᠨ ᠱᠤᠭᠤᠮ ᠨᠢ 520 ᠭᠠᠷᠤᠶ ᠺᠢᠯᠣᠮᠧᠲ᠋ᠷ ᠤᠷᠲᠤ᠂ ᠬᠢᠯᠢ᠎ᠶ᠋ᠢᠨ ᠳᠣᠲᠣᠷᠠᠬᠢ ᠵᠡᠭᠦᠨ ᠬᠠᠲᠠᠪᠴᠢ ᠪᠣᠭᠣᠮᠲᠠ ᠪᠣᠯ ᠣᠯᠠᠨ ᠤᠯᠤᠰ᠎ᠤᠨ ᠴᠢᠨᠠᠷᠲᠠᠶ ᠵᠢᠯ ᠲᠤᠷᠰᠢ ᠨᠡᠭᠡᠭᠡᠬᠦ᠌ ᠪᠣᠭᠣᠮᠲᠠ ᠪᠣᠯᠤᠨ᠎ᠠ᠃ ᠡᠷᠳᠡᠨᠢᠳᠠᠯᠠᠢ᠎ᠶ᠋ᠢᠨ ᠬᠢᠨ ᠳᠤᠮᠳᠠᠳᠤ ᠮᠣᠩᠭᠣᠯ᠎ᠤᠨ ᠬᠢᠯᠢ᠎ᠶ᠋ᠢᠨ ᠱᠤᠭᠤᠮ ᠡᠴᠡ ᠠᠷᠪᠠᠬᠠᠨ ᠺᠢᠯᠣᠮᠧᠲ᠋ᠷ ᠵᠠᠢᠲᠠᠶ ᠪᠠᠢᠳᠠᠭ᠃ ᠡᠳᠡᠭᠡᠷ ᠵᠢᠯ᠎ᠦᠨ ᠲᠤᠷᠰᠢ᠂ ᠭᠠᠵᠠᠷ ᠣᠷᠣᠨ᠎ᠤ ᠨᠡᠢᠭᠡᠮ᠎ᠦᠨ ᠲᠣᠭ᠍ᠲᠠᠭᠤᠨ᠂ ᠦᠨᠳᠦᠰᠦᠲᠡᠨ᠎ᠦ ᠪᠦᠯᠬᠦᠮᠳᠡᠯ᠂ ᠬᠢᠯᠢ᠎ᠶ᠋ᠢᠨ ᠠᠮᠤᠷ ᠲᠦᠪᠱᠢᠨ ᠢ ᠬᠠᠮᠠᠭᠠᠯᠠᠬᠤ ᠪᠣᠯ ᠡᠯ᠎ᠡ ᠵᠦᠢᠯ᠎ᠦᠨ ᠠᠵᠢᠯ ᠤᠷᠤᠭ᠍ᠰᠢᠲᠠᠢ ᠶᠠᠪᠤᠭ᠍ᠳᠠᠵᠤ᠂ ᠤᠯᠠᠨ ᠲᠦᠮᠡᠨ ᠠᠮᠤᠷ ᠲᠠᠢᠪᠤᠩ ᠠᠵᠤ ᠲᠦᠷᠦᠭᠦ᠎ᠶ᠋ᠢᠨ ᠰᠠᠭᠤᠷᠢ ᠴᠢᠯᠠᠭᠤ ᠪᠣᠯᠬᠤ᠎ᠶ᠋ᠢ ᠲᠡᠷᠡ ᠭᠦᠨᠵᠡᠭᠡᠢ ᠣᠢᠯᠠᠭᠠᠪᠠ᠃ 《 ᠮᠠᠨ᠎ᠤ ᠡᠨᠡ ᠨᠤᠲᠤᠭ ᠬᠢᠯᠢ᠎ᠶ᠋ᠢᠨ ᠱᠤᠭᠤᠮ᠎ᠲᠠᠶ ᠵᠠᠯᠭᠠᠯᠳᠤᠵᠤ ᠪᠠᠢᠨ᠎ᠠ᠂ ᠡᠨᠳᠡᠬᠢ᠎ᠶ᠋ᠢ ᠰᠠᠢᠲᠤᠷ ᠰᠠᠬᠢᠨ ᠬᠠᠮᠠᠭᠠᠯᠠᠬᠤ ᠪᠣᠯ ᠡᠬᠡ ᠤᠯᠤᠰ᠎ᠤᠨ᠎ᠢᠶᠠᠨ ᠤᠮᠠᠷᠠᠳᠤ ᠶᠡᠬᠡ ᠬᠠᠭᠠᠯᠭ᠎ᠠ᠎ᠶ᠋ᠢ ᠰᠠᠢᠲᠤᠷ ᠰᠠᠬᠢᠨ ᠬᠠᠮᠠᠭᠠᠯᠠᠵᠤ ᠪᠠᠢᠭ᠎ᠠ ᠶᠠᠪᠤᠳᠠᠯ ᠪᠣᠯᠤᠨ᠎ᠠ》 ᠭᠡᠵᠤ ᠡᠷᠳᠡᠨᠢᠳᠠᠯᠠᠢ ᠦᠷᠭᠦᠯᠵᠢ ᠶᠠᠷᠢᠳᠠᠭ᠃
ᠡᠷᠳᠡᠨᠢᠳᠠᠯᠠᠢ ᠭᠤᠸᠠᠢ ᠵᠢᠯ᠎ᠤᠨ ᠲᠦᠷᠪᠡᠨ ᠤᠯᠠᠷᠢᠯ ᠳ᠋ᠤ ᠬᠥᠯ᠎ᠢᠶᠡᠷ᠎ᠢᠶᠡᠨ ᠬᠢᠯᠢ᠎ᠶ᠋ᠢᠨ ᠱᠤᠭᠤᠮ᠎ᠢ ᠬᠡᠮᠵᠢᠵᠦ᠍᠂ ᠰᠠᠯᠬᠢ ᠪᠣᠷᠣᠭᠠᠨ᠎ᠳᠤ ᠰᠠᠭᠠᠲᠠᠯ ᠦᠭᠡᠢ ᠴᠠᠭᠳᠠᠨ ᠪᠠᠢᠴᠠᠭᠠᠳᠠᠭ᠃ ᠨᠢᠳᠤᠨᠤᠨ ᠡᠪᠦᠯ᠂ ᠲᠡᠷᠡ ᠲᠡᠭ᠎ᠡᠴᠡ ᠳᠣᠷᠣᠭ᠍ᠰᠢ 35 ᠭᠷᠠᠳᠦ᠋ᠰ᠎ᠦᠨ ᠬᠦᠢᠳᠡᠨ᠎ᠳᠤ ᠴᠠᠭ᠍ᠳᠠᠨ ᠪᠠᠢᠴᠠᠭᠠᠵᠤ ᠪᠠᠢᠬᠤ ᠲᠤᠮᠳᠠ ᠪᠠᠨ ᠬᠢᠯᠢ᠎ᠶ᠋ᠢᠨ ᠱᠤᠭᠤᠮ᠎ᠤᠨ ᠨᠢᠭᠡ ᠲᠡᠮᠦᠷ ᠲᠤᠤᠷ ᠶᠡᠬᠡ ᠰᠠᠯᠬᠢᠨ᠎ᠳᠤ ᠦᠯᠢᠶᠡᠭ᠌ᠳᠡᠨ ᠤᠨᠠᠭ᠍ᠰᠠᠨ ᠢ ᠣᠯᠵᠤ ᠮᠡᠳᠡᠵᠡᠶ᠃ ᠲᠡᠷᠡ ᠥᠴᠦᠬᠡᠨ ᠴᠦ᠍ ᠲᠠᠲᠠᠭᠠᠯᠵᠠᠯ ᠦᠭᠡᠢ᠎ᠪᠡᠷ ᠶᠠᠰᠤ ᠶᠠᠩᠭᠢᠨᠡᠮᠡ ᠬᠦᠢᠲᠡᠨ ᠰᠠᠯᠬᠢᠨ ᠳ᠋ᠤ ᠲᠠᠷᠤᠢ ᠳ᠋ᠤᠨᠢ ᠰᠡᠯᠪᠢᠨ ᠵᠠᠰᠠᠪᠠ᠃ 《ᠲᠤᠬᠠᠢ᠎ᠶ᠋ᠢᠨ ᠦᠶ᠎ᠡ᠎ᠳᠦ ᠭᠠᠷ ᠳᠠᠭᠠᠷᠠᠭᠠᠳ ᠮᠡᠳᠡᠭᠡ ᠦᠭᠡᠢ ᠪᠣᠯᠵᠠᠢ》 ᠭᠡᠵᠦ᠍ ᠲᠡᠷᠡ ᠡᠷᠭᠢᠴᠡᠭᠦᠯᠦᠨ᠎ᠠ᠃ ᠴᠠᠭ ᠭᠠᠷᠤᠶ᠎ᠶ᠋ᠢᠨ ᠴᠢᠷᠮᠠᠢᠯᠭ᠎ᠠ᠎ᠪᠠᠷ ᠳᠡᠮᠵᠢᠨ᠂ ᠲᠡᠷᠡ ᠡᠴᠦᠰ᠎ᠲᠡᠬᠡᠨ ᠲᠡᠮᠦᠷ ᠲᠤᠤᠷ ᠢ᠋ ᠵᠠᠰᠠᠵᠤ᠂ ᠬᠢᠯᠢ ᠬᠢᠵᠠᠭᠠᠷ᠎ᠤᠨ ᠠᠮᠤᠷ ᠲᠦᠪᠱᠢᠨ᠎ᠢ ᠪᠠᠲᠤᠯᠠᠪᠠ᠃
《ᠡᠷᠳᠡᠨᠢᠳᠠᠯᠠᠢ ᠪᠣᠯ ᠮᠠᠨ᠎ᠤ ᠬᠢᠯᠢ᠎ᠶ᠋ᠢᠨ ᠬᠠᠮᠢᠶᠠᠷᠤᠯᠲᠠ᠎ᠶ᠋ᠢᠨ ᠠᠵᠢᠯ᠎ᠤᠨ ᠳᠤᠮᠳᠠᠬᠢ ᠭᠠᠷᠮᠠᠭᠠᠢ ᠲᠥᠯᠥᠭᠡᠯᠡᠭ᠌ᠴᠢ ᠮᠥᠨ᠂ ᠨᠡᠷ᠎ᠡ ᠨᠢᠳᠡᠷ᠎ᠲᠡᠬᠡᠨ ᠨᠡᠢᠴᠡᠭ᠌ᠰᠡᠨ〈ᠠᠮᠢᠳᠤ ᠭᠠᠵᠠᠷ᠎ᠤᠨ ᠵᠢᠷᠤᠭ〉 ᠮᠥᠨ᠂ ᠲᠡᠷᠡ ᠪᠣᠳᠠᠲᠤ ᠠᠵᠢᠯᠯᠠᠭ᠎ᠠ᠎ᠪᠠᠷ ᠢᠶᠠᠨ ᠬᠢᠯᠢ ᠬᠠᠮᠠᠭᠠᠯᠠᠭ᠍ᠴᠢ᠎ᠵᠢᠨ ᠬᠠᠷᠢᠭᠤᠴᠠᠯᠭ᠎ᠠ ᠪᠠ ᠡᠭᠦᠷᠭᠡᠯᠡᠯ᠎ᠢ ᠲᠠᠢᠯᠪᠤᠷᠢᠯᠠᠵᠠᠢ᠃ ᠲᠡᠷᠨ ᠱᠠᠩᠳᠤ ᠭᠠᠴᠠᠭᠠᠨ᠎ᠤ ᠣᠮᠣᠭ᠍ᠰᠢᠯ ᠪᠣᠯᠬᠤ᠎ᠪᠠᠷ ᠪᠠᠷᠠᠬᠤ ᠥᠬᠡᠶ᠂ ᠮᠠᠨ᠎ᠤ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠣᠮᠣᠭ᠍ᠰᠢᠯ ᠪᠣᠯᠤᠨ᠎ᠠ᠃ ᠡᠢᠮᠦ᠍ ᠰᠠᠢᠨ ᠠᠬ᠎ᠠ ᠳᠡᠭᠦᠦ ᠲᠠᠢ ᠪᠡᠨ ᠬᠠᠮᠳᠤ ᠠᠵᠢᠯᠯᠠᠪᠡᠯ ᠪᠢᠳᠡᠨ᠎ᠦ ᠬᠢᠯᠢ ᠬᠢᠵᠠᠭᠠᠷ᠎ᠤᠨ ᠠᠮᠤᠷ ᠲᠦᠪᠱᠢᠨ᠎ᠢ ᠬᠠᠮᠠᠭᠠᠯᠠᠬᠤ ᠢᠲᠡᠭᠡᠯ ᠵᠣᠷᠢᠭ ᠨᠠᠩ ᠲᠡᠭᠦᠯᠳᠡᠷ ᠪᠣᠯᠤᠨ᠎ᠠ》 ᠭᠡᠵᠦ᠍ ᠱᠢᠯᠢ᠎ᠶ᠋ᠢᠨ ᠭᠤᠤᠯ᠎ᠤᠨ ᠬᠢᠯᠢ᠎ᠶ᠋ᠢᠨ ᠬᠠᠮᠢᠶᠠᠷᠤᠯᠲᠠ᠎ᠶ᠋ᠢᠨ ᠰᠠᠯᠪᠤᠷᠢ ᠠᠩᠭᠢ᠎ᠶ᠋ᠢᠨ ᠬᠠᠳᠠᠪᠴᠢ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠎ᠶ᠋ᠢᠨ ᠵᠢᠭᠠᠨ ᠵᠢᠯᠣᠭᠣᠳᠣᠭ᠍ᠴᠢ ᠸᠠᠩ ᠵᠢᠨ ᠫᠦᠸᠸ ᠬᠡᠯᠡᠭ᠌ᠰᠡᠨ᠎ᠢᠶᠡᠨ ᠵᠠᠯᠭᠠᠭᠠᠳ᠂ ᠡᠲᠡᠭᠡᠷ ᠵᠢᠯ᠎ᠦᠳ᠎ᠲᠦ ᠡᠷᠳᠡᠨᠢᠳᠠᠯᠠᠢ ᠮᠠᠯᠴᠢᠳ ᠢᠶᠠᠨ ᠳᠠᠭᠠᠭᠤᠯᠤᠨ ᠬᠢᠯᠢ ᠵᠢ ᠲᠣᠭᠣᠷᠢᠨ ᠬᠠᠮᠠᠭᠠᠯᠠᠬᠤ ᠠᠵᠢᠯ᠎ᠳᠤ ᠣᠷᠣᠯᠴᠠᠵᠤ᠂ ᠡᠬᠡ ᠣᠷᠣᠨᠴᠢ ᠬᠠᠢᠷ᠎ᠠ ᠰᠡᠳᠭᠢᠯᠭᠡ ᠶ᠋ᠢ ᠲᠠᠯ᠎ᠠ ᠨᠤᠲᠤᠭ᠎ᠤᠨ ᠬᠦᠷᠤᠰᠤ ᠰᠢᠷᠤᠢ ᠳ᠋ᠤ ᠰᠢᠨᠭᠭᠡᠭᠡᠭᠰᠡᠨ ᠪᠠᠢᠨ᠎ᠠ ᠭᠡᠪᠡ᠃
ᠠᠵᠤ ᠠᠬᠤᠶ᠎ᠶ᠋ᠢ ᠬᠥᠭ᠌ᠵᠢᠭᠦᠯᠬᠦ᠌ ᠭᠣᠣᠯ ᠳᠠᠢᠯᠠᠯᠳᠤᠭᠠᠨ᠎ᠦ ᠲᠠᠯᠠᠪᠤᠷ᠎ᠲᠤ᠂ ᠡᠷᠳᠡᠨᠢᠳᠠᠯᠠᠢ ᠮᠥᠨ ᠴᠦ᠍ ᠬᠢᠯᠡᠯᠵᠠᠬᠰᠡᠨ ᠬᠠᠷᠢᠭᠤᠯᠳᠠ ᠵᠢᠨ ᠬᠠᠭᠤᠳᠠᠰᠤ ᠲᠤᠰᠢᠶᠠᠵᠠᠢ᠃ ᠲᠡᠷᠡ ᠥᠪᠡᠷ᠎ᠦᠨ ᠨᠤᠲᠤᠭ ᠪᠡᠯᠴᠢᠭᠡᠷ᠎ᠢᠶᠡᠨ ᠠᠱᠢᠭ᠍ᠯᠠᠨ ᠲᠤᠷᠱᠢᠯᠲᠠ᠎ᠶ᠋ᠢᠨ ᠴᠡᠭ ᠪᠣᠯᠭᠠᠵᠤ᠂ ᠮᠠᠯᠵᠢᠬᠤ ᠣᠷᠣᠨ᠎ᠤ ᠬᠥᠭ᠌ᠵᠢᠯᠲᠡ᠎ᠶ᠋ᠢ ᠠᠬᠢᠭᠤᠯᠵᠤ᠂ ᠱᠢᠨᠵᠢᠯᠡᠬᠦ᠌ ᠤᠬᠠᠭᠠᠨᠴᠢ᠎ᠪᠠᠷ ᠲᠡᠵᠢᠭᠡᠨ ᠦᠷᠡᠵᠢᠭᠦᠯᠬᠦ᠌᠂ ᠪᠣᠬᠢᠷᠲᠤᠯ ᠦᠭᠡᠢ ᠬᠥᠭ᠌ᠵᠢᠭᠦᠯᠬᠦ᠌ ᠵᠠᠭ᠍ᠪᠤᠷ ᠢ ᠰᠦᠪᠡᠭ᠌ᠴᠢᠯᠡᠵᠦ᠍᠂ ᠪᠠᠷᠢᠮᠵᠢᠶᠠᠵᠢᠭ᠍ᠰᠠᠨ ᠤᠳᠤ ᠦᠶ᠎ᠡ᠎ᠶ᠋ᠢᠨ ᠭᠡᠷ ᠪᠦᠯᠢ᠎ᠶ᠋ᠢᠨ ᠮᠠᠯᠵᠢᠯ᠎ᠤᠨ ᠲᠠᠯᠠᠪᠠᠢ᠎ᠶ᠋ᠢ ᠴᠣᠭ᠍ᠴᠠᠯᠠᠵᠤ᠂ ᠵᠢᠯ᠎ᠦᠨ ᠳᠤᠮᠳᠠᠴᠢ ᠣᠷᠣᠯᠭ᠎ᠠ ᠨᠢ 10 ᠭᠠᠷᠤᠢ ᠲᠦᠮᠡᠨ ᠲᠥᠭᠥᠷᠢᠭ᠎ᠲᠦ ᠬᠦᠷᠴᠦ᠍᠂ ᠨᠤᠲᠤᠭ ᠪᠡᠯᠴᠢᠭᠡᠷ᠎ᠢ ᠬᠠᠮᠠᠭᠠᠯᠠᠬᠤ ᠪᠠ ᠭᠡᠷ ᠪᠦᠯᠢ᠎ᠶ᠋ᠢᠨ ᠣᠷᠣᠯᠭ᠎ᠠ᠎ᠶ᠋ᠢ ᠨᠡᠮᠡᠭ᠌ᠳᠡᠭᠦᠯᠬᠦ᠌ ᠬᠣᠣᠰ ᠠᠱᠢᠭ᠎ᠢ ᠪᠡᠶᠡᠯᠡᠭᠦᠯᠪᠡ᠃ ᠲᠡᠷᠡ ᠢᠮᠠᠬᠳᠠ 《ᠨᠢᠭᠡ ᠬᠥᠮᠦᠨ ᠪᠠᠶᠠᠨ ᠪᠣᠯ ᠪᠠᠶᠠᠨ᠎ᠳᠤ ᠲᠣᠭᠠᠴᠠᠭ᠍ᠳᠠᠬᠤ ᠦᠭᠡᠢ᠂ ᠣᠯᠠᠨ᠎ᠢᠶᠠᠷ᠎ᠢᠶᠠᠨ ᠪᠠᠶᠠᠨ ᠪᠣᠯ ᠰᠠᠶᠢ ᠵᠢᠩᠬᠢᠨᠢ ᠪᠠᠶᠠᠨ ᠳ᠋ᠤ ᠲᠤᠭᠠᠴᠠᠬᠳᠠᠨ᠎ᠠ》 ᠭᠡᠳᠡᠭ ᠢ᠋ ᠪᠠᠳᠤ ᠢᠳᠡᠭᠡᠭᠰᠡᠭᠡᠷ ᠢᠷᠠᠵᠠᠢ᠃ ᠲᠡᠷᠡ 《ᠨᠠᠮ᠎ᠤᠨ ᠭᠡᠱᠢᠭᠦᠨ᠎ᠦ ᠭᠤᠤᠯᠳᠠᠯᠭᠠᠲᠤ ᠡᠷᠦᠬᠡ + ᠨᠡᠢᠭᠡᠮᠯᠢᠭ》 ᠤ᠋ᠨ ᠮᠠᠯᠵᠢᠬᠤ ᠣᠷᠣᠨ᠎ᠤ ᠦᠨᠳᠦᠰᠦᠨ ᠱᠠᠲᠤᠨ᠎ᠤ ᠵᠣᠬᠢᠶᠠᠨ ᠪᠠᠢᠭᠤᠯᠤᠯᠲᠠ᠎ᠶ᠋ᠢᠨ ᠬᠥᠭ᠌ᠵᠢᠯᠲᠡ᠎ᠶ᠋ᠢᠨ ᠵᠠᠭ᠍ᠪᠤᠷ᠎ᠢᠶᠠᠷ ᠳᠡᠮᠵᠢᠨ ᠪᠡᠶ᠎ᠡ᠎ᠪᠡᠷ᠎ᠢᠶᠡᠨ ᠬᠦᠷᠴᠦ᠍᠂ ᠮᠠᠯᠴᠢᠳ ᠲᠤ ᠲᠤᠷᠱᠢᠯᠭ᠎ᠠ ᠤᠯᠠᠮᠵᠢᠯᠠᠨ᠂ ᠲᠡᠳᠡᠨ ᠦ ᠲᠡᠵᠢᠭᠡᠨ ᠦᠷᠡᠵᠢᠭᠦᠯᠬᠦ᠌ ᠦᠶ᠋ᠯᠡᠰ᠎ᠢᠶᠡᠨ ᠬᠥᠭ᠌ᠵᠢᠭᠦᠯᠬᠦ᠌᠎ᠶ᠋ᠢ ᠵᠣᠷᠢᠭ᠍ᠵᠢᠭᠤᠯᠬᠤ᠎ᠶ᠋ᠢᠨ ᠬᠠᠮᠲᠤ ᠬᠠᠷᠢᠶ᠎ᠠ ᠣᠷᠣᠨ᠎ᠤ ᠨᠠᠮ᠎ᠤᠨ ᠭᠡᠱᠢᠭᠦᠨ᠎ᠢ ᠵᠤᠬᠢᠶᠠᠨ ᠪᠠᠢᠭᠤᠯᠵᠤ ᠶᠠᠳᠠᠭᠤ᠎ᠡᠴᠡ ᠠᠩᠭᠢᠵᠢᠷᠠᠭ᠍ᠰᠠᠨ ᠡᠷᠦᠬᠡ ᠲᠠᠢ ᠬᠠᠷᠢᠯᠴᠠᠵᠤ ᠬᠠᠪᠰᠤᠷᠤᠨ᠂ ᠨᠠᠮ ᠤᠨ ᠭᠡᠱᠢᠭᠦᠨ ᠦ ᠠᠮᠠᠯᠳᠠᠭ᠍ᠰᠠᠨ ᠠᠮᠠᠯᠠᠯᠲᠠ᠎ᠪᠠᠨ ᠦᠶ᠋ᠯᠡᠳᠦᠯᠭᠡᠵᠢᠭᠦᠯᠬᠦ᠌ ᠠᠵᠢᠯᠯᠠᠭ᠎ᠠ᠎ᠶ᠋ᠢ ᠥᠷᠨᠢᠭᠦᠯᠦᠨ᠂ ᠨᠠᠮ᠎ᠤᠨ ᠭᠡᠱᠢᠭᠦᠨ ᠦ ᠠᠮᠠᠯᠳᠠᠭ᠍ᠰᠠᠨ 32 ᠵᠦᠶ᠋ᠯᠡᠰ᠎ᠢ ᠪᠡᠶᠡᠯᠡᠭᠦᠯᠵᠦ᠍᠂ ᠪᠡᠶᠡᠯᠡᠭᠦᠯᠦᠭ᠌ᠰᠡᠨ ᠨᠣᠷᠮ᠎ᠠ᠎ᠨᠢ 80% ᠳ᠋ᠤ ᠬᠦᠷᠴᠡᠶ᠃
ᠬᠢᠯᠢ ᠵᠢ ᠪᠠᠲᠤ ᠰᠠᠬᠢᠭ᠍ᠰᠠᠨ ᠣᠨ ᠰᠠᠷ᠎ᠠ ᠨᠤᠭᠤᠳ ᠲᠤ᠌ ᠦᠨᠳᠦᠰᠦᠲᠡᠨ᠎ᠦ ᠪᠦᠯᠬᠦᠮᠳᠡᠯ ᠨᠢ ᠨᠢᠭᠡᠨᠲᠡ ᠡᠷᠳᠡᠨᠢᠳᠠᠯᠠᠢ ᠶ᠋ᠢᠨ ᠡᠳᠦᠷ ᠲᠤᠲᠤᠮ᠎ᠤᠨ ᠠᠮᠢᠳᠤᠷᠠᠯ᠎ᠳᠤ ᠭᠦᠨ ᠠᠭᠤᠰᠪᠠ᠃ ᠬᠠᠳᠠᠪᠴᠢ ᠪᠠᠯᠭᠠᠰᠤᠨ᠎ᠤ 《ᠠᠨᠠᠷ ᠤᠨ ᠦᠷ᠎ᠡ᠎ᠶ᠋ᠢᠨ ᠰᠠᠢᠨ ᠳᠤᠷ᠎ᠠ᠎ᠶ᠋ᠢᠨ ᠦᠶ᠋ᠯᠡᠴᠢᠯᠡᠭᠡᠨ᠎ᠦ ᠠᠩᠭᠢ》᠎ᠶ᠋ᠢᠨ ᠳᠠᠷᠤᠭ᠎ᠠ ᠪᠣᠯᠤᠭ᠍ᠰᠠᠨ᠎ᠤ ᠬᠤᠪᠢ᠎ᠳᠤ᠂ ᠡᠷᠳᠡᠨᠢᠳᠠᠯᠠᠢ ᠪᠠᠯᠭᠠᠰᠤᠨ᠎ᠤ ᠵᠠᠰᠠᠭ᠎ᠤᠨ ᠣᠷᠳᠣᠨ ᠵᠢᠴᠢ ᠬᠢᠯᠢ᠎ᠶ᠋ᠢᠨ ᠲᠣᠮᠢᠯᠠᠭ᠍ᠰᠠᠨ ᠰᠠᠯᠪᠤᠷᠢ᠂ ᠰᠤᠮᠤᠨ ᠠᠩᠭᠢ ᠵᠡᠷᠭᠡ᠎ᠶ᠋ᠢ ᠬᠠᠮᠵᠢᠨ ᠡᠯ᠎ᠡ ᠲᠥᠷᠥᠯ᠎ᠦᠨ ᠣᠨᠴᠠᠯᠢᠭ᠍ᠲᠤ ᠰᠠᠢᠨ ᠳᠤᠷ᠎ᠠ᠎ᠶ᠋ᠢᠨ ᠦᠶ᠋ᠯᠡᠴᠢᠯᠡᠭᠡ᠎ᠶ᠋ᠢ ᠥᠷᠨᠢᠭᠦᠯᠦᠨ᠎ᠡ᠂ ᠵᠢᠱ᠌ᠢᠶᠡᠯᠡᠪᠡᠯ ᠬᠠᠤᠯᠢ᠎ᠪᠠᠷ ᠵᠠᠰᠠᠬᠤ ᠤᠬᠠᠭᠤᠯᠭ᠎ᠠ᠂ ᠵᠥᠪᠯᠡᠯᠭᠡ ᠥᠭ᠌ᠬᠦ ᠦᠶ᠋ᠯᠡᠴᠢᠯᠡᠭᠡ᠂ ᠵᠥᠷᠢᠴᠡᠯ᠎ᠢ ᠱᠢᠶ᠋ᠳᠪᠦᠷᠢᠯᠡᠬᠦ᠌ ᠵᠡᠷᠭᠡ ᠪᠣᠯᠤᠨ᠎ᠠ᠃ ᠡᠷᠳᠡᠨᠢᠳᠠᠯᠠᠢ ᠳᠤ ᠲᠩᠷᠢ ᠭᠠᠵᠠᠷ᠎ᠢ ᠳᠣᠩᠰᠣᠯᠭᠠᠭ᠍ᠰᠠᠨ ᠦᠢᠯᠡ ᠶᠠᠪᠤᠳᠠᠯ ᠭᠡᠵᠦ᠍ ᠪᠠᠢᠬᠤ ᠦᠭᠡᠢ᠂ ᠵᠥᠪᠬᠡᠨ ᠱᠢᠶ᠋ᠳᠪᠦᠷᠢᠯᠡᠵᠦ᠍ ᠳᠠᠭᠤᠰᠤᠰᠢ ᠦᠭᠡᠢ ᠠᠷᠰᠠᠷ ᠶᠠᠪᠤᠳᠠᠯ ᠪᠠᠢᠳᠠᠭ᠂ ᠭᠡᠪᠡᠴᠦ᠍ ᠡᠳᠡᠭᠡᠷ ᠠᠷᠰᠠᠷ ᠶᠠᠪᠤᠳᠠᠯ ᠨᠢ ᠮᠠᠯᠴᠢᠳ᠎ᠲᠤ ᠠᠪᠴᠤ᠌ ᠬᠡᠯᠡᠪᠡᠯ ᠴᠥᠮ ᠶᠡᠬᠡ ᠶᠠᠪᠤᠳᠠᠯ ᠪᠣᠯᠬᠤ ᠶᠤᠮ᠃
《 ᠳᠠᠯᠠᠶ ᠪᠣᠯ ᠮᠠᠨ ᠤ ᠲᠦᠱᠢᠭ ᠲᠤᠯᠭᠠᠭᠤᠷᠢ ᠮᠥᠨ!》 ᠱᠠᠩᠳ᠋ᠦ ᠭᠠᠴᠠᠭᠠᠨ᠎ᠤ ᠮᠠᠯᠴᠢᠳ ᠲᠡᠭᠦᠨ ᠢ ᠢᠩᠭᠢᠵᠦ᠍ ᠦᠨᠡᠯᠡᠳᠡᠭ᠃ ᠭᠠᠵᠠᠷ ᠨᠤᠳᠤᠭ ᠠᠭᠤᠳᠠᠮ ᠬᠥᠮᠦᠨ ᠠᠮᠠ ᠴᠥᠭᠡᠨ᠂ ᠬᠢᠯᠢ ᠵᠢ ᠪᠠᠢᠴᠠᠭᠠᠵᠤ᠂ ᠠᠢᠯ ᠭᠡᠷ ᠵᠢᠡᠷ ᠠᠢᠯᠴᠢᠯᠠᠬᠤ ᠳ᠋ᠤ ᠬᠡᠳᠦᠨ ᠠᠷᠪᠠᠨ ᠭᠠᠵᠠᠷ ᠶᠠᠪᠤᠳᠠᠭ᠃ ᠡᠷᠳᠡᠨᠢᠳᠠᠯᠠᠢ ᠴᠢᠯᠥᠭᠡᠭᠠᠷᠤᠬ᠍ᠰᠠᠭᠠᠷ ᠮᠠᠯᠴᠢᠨ ᠠᠢᠯ᠎ᠢᠶᠠᠷ ᠬᠦᠷᠴᠦ᠍᠂ ᠲᠡᠳᠡᠨ᠎ᠦ ᠪᠣᠳᠣᠯ ᠰᠠᠨᠠᠭ᠎ᠠ᠎ᠶ᠋ᠢ ᠣᠢᠯᠠᠭᠠᠳᠠᠭ᠃ ᠢᠯᠠᠩᠭᠤᠶ᠎ᠠ ᠪᠥᠬᠥ᠌ ᠤᠯᠤᠰ ᠤᠨ ᠠᠷᠠᠳ ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠪᠡᠷ ᠰᠣᠩᠭᠣᠭ᠍ᠳᠠᠭ᠍ᠰᠠᠨ ᠤ ᠳᠠᠷᠠᠭ᠎ᠠ᠂ ᠲᠡᠷᠡ ᠮᠠᠯᠴᠢᠳ᠎ᠤᠨ ᠭᠡᠷ᠎ᠲᠦ ᠬᠦᠷᠬᠦ ᠨᠢ ᠨᠡᠩ ᠤᠯᠠᠨ ᠪᠣᠯᠵᠠᠶ᠃ ᠮᠠᠯᠴᠢᠳ ᠡᠷᠳᠡᠨᠢᠳᠠᠯᠠᠢ᠎ᠳᠤ᠂ ᠮᠠᠯᠴᠢᠳ᠎ᠤᠨ ᠣᠷᠣᠨ ᠰᠠᠭᠤᠴᠠ ᠲᠠᠷᠠᠬᠠᠢ ᠪᠤᠲᠠᠷᠬᠠᠢ᠂ ᠰᠠᠭᠤᠷᠢ ᠲᠥᠬᠥᠭᠡᠷᠦᠮᠵᠢ᠎ᠶ᠋ᠢᠨ ᠪᠦᠳᠦᠭᠡᠨ ᠪᠠᠢᠭᠤᠯᠤᠯᠲᠠ ᠬᠣᠴᠣᠷᠤᠩᠭᠤᠢ᠂ ᠲᠤᠬᠠᠢ ᠶ᠋ᠢᠨ ᠭᠠᠵᠠᠷ ᠤᠨ ᠵᠠᠮ ᠬᠠᠷᠢᠯᠴᠠᠭ᠎ᠠ ᠲᠡᠭᠡᠭᠡᠪᠦᠷᠢ ᠰᠠᠭᠠᠳ᠎ᠲᠠᠶ᠂ ᠦᠢᠯᠡᠳᠪᠦᠷᠢᠯᠡᠯ ᠠᠮᠢᠳᠤᠷᠠᠯ ᠳᠥᠭᠥᠮ ᠦᠭᠡᠢ ᠵᠡᠷᠭᠡ ᠠᠰᠠᠭᠤᠳᠠᠯ ᠮᠠᠰᠢ ᠲᠤᠪᠤᠢ᠌ᠮ᠎ᠠ ᠪᠠᠢᠨ᠎ᠠ ᠭᠡᠵᠦ᠍ ᠲᠤᠰᠭᠠᠪᠠ᠃ ᠡᠷᠳᠡᠨᠢᠳᠠᠯᠠᠢ ᠬᠢᠯᠢ ᠬᠢᠵᠠᠭᠠᠷ ᠣᠷᠣᠨ᠎ᠤ ᠵᠠᠮ ᠬᠠᠷᠢᠯᠴᠠᠭ᠎ᠠ᠂ ᠴᠢᠮᠡᠭᠡ ᠬᠣᠯᠪᠣᠭ᠎ᠠ᠂ ᠤᠤᠭᠤᠬᠤ ᠤᠰᠤᠨ ᠤ ᠠᠮᠤᠷ ᠲᠦᠪᠱᠢᠨ᠎ᠦ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠬᠤ᠂ ᠮᠠᠯ ᠠᠵᠤ ᠠᠬᠤᠢ᠎ᠶ᠋ᠢᠨ ᠮᠠᠱᠢᠨᠴᠢᠯᠠᠯᠲᠠ ᠤᠶᠤᠨᠴᠢᠯᠠᠯᠲᠠ᠎ᠶ᠋ᠢᠨ ᠲᠦᠪᠱᠢᠨ᠎ᠢ ᠳᠡᠭᠡᠭ᠌ᠰᠢᠯᠡᠭᠦᠯᠬᠦ᠌ ᠵᠡᠷᠭᠡ ᠲᠠᠯ᠎ᠠ᠎ᠪᠠᠷ ᠤᠯᠠᠨ ᠰᠠᠨᠠᠭᠤᠯᠭ᠎ᠠ ᠳᠤᠷᠠᠳᠴᠠᠢ᠃ ᠡᠷᠳᠡᠨᠢᠳᠠᠯᠠᠢ ᠵᠢᠨ ᠠᠬᠢᠭᠤᠯᠤᠯ ᠳᠣᠣᠷ᠎ᠠ᠂ ᠨᠡᠩ ᠤᠯᠠᠨ ᠮᠠᠯᠴᠢᠨ ᠡᠷᠦᠬᠡ 《ᠰᠠᠭᠠᠳ ᠦᠭᠡᠢ ᠴᠠᠬᠢᠯᠭᠠᠨ ᠨᠡᠪᠲᠡᠷᠡᠬᠦ᠌》 ᠵᠢ ᠪᠡᠶᠡᠯᠡᠭᠦᠯᠵᠦ᠍᠂ ᠬᠡᠰᠡᠭ ᠮᠠᠯᠴᠢᠨ ᠡᠷᠦᠬᠡ ᠱᠢᠨ᠎ᠡ ᠡᠨᠧᠷᠭᠢ᠎ᠶ᠋ᠢᠨ ᠴᠠᠬᠢᠯᠭᠠᠨ ᠬᠡᠷᠡᠭ᠌ᠯᠡᠬᠦ᠌ ᠲᠤᠷᠱᠢᠯᠲᠠ᠎ᠶ᠋ᠢᠨ ᠡᠷᠦᠬᠡ ᠪᠤᠯᠵᠤ᠂ ᠴᠢᠮᠡᠭᠡ ᠬᠣᠯᠪᠣᠭᠠᠨ᠎ᠤ ᠳᠤᠬᠢᠶᠠᠨ᠎ᠤ ᠪᠦᠷᠬᠦᠴᠡ᠎ᠶᠢᠨ ᠲᠠᠯᠠᠪᠠᠢ ᠨᠡᠩ ᠶᠡᠬᠡ ᠪᠤᠯᠵᠤ᠂ ᠤᠯᠠᠨ ᠲᠦᠮᠡᠨ᠎ᠤ ᠵᠢᠷᠭᠠᠯᠲᠤ ᠲᠦᠷᠦᠭ᠌ᠳᠡᠯ ᠨᠡᠮᠡᠭᠳᠡᠪᠡ᠃ ᠵᠤᠷᠪᠤᠰ ᠵᠤᠷᠪᠤᠰ ᠰᠤᠨᠤᠯᠵᠠᠬᠤ ᠥᠷᠭᠡᠨ ᠳᠠᠷᠳᠠᠩ ᠵᠠᠮ ᠨᠢ ᠲᠣᠷᠭᠠᠨ ᠪᠦᠰᠡ ᠱᠢᠭ ᠥᠷᠭᠡᠨ ᠠᠭᠤᠳᠠᠮ ᠲᠠᠯ᠎ᠠ ᠨᠤᠲᠤᠭ ᠳᠡᠭᠡᠷᠡᠬᠢ ᠲᠦᠭ ᠲᠦᠮᠡᠨ ᠠᠢᠯ ᠡᠷᠦᠬᠡ᠎ᠶ᠋ᠢ ᠬᠣᠯᠪᠣᠪᠠ᠃ ᠡᠨᠡ ᠵᠢᠯ᠎ᠦᠨ ᠪᠥᠬᠥ᠌ ᠤᠯᠤᠰ᠎ᠤᠨ ᠬᠣᠶᠠᠷ ᠬᠤᠷᠠᠯ ᠳᠡᠭᠡᠷ᠎ᠡ᠂ ᠡᠷᠳᠡᠨᠢᠳᠠᠯᠠᠢ 《 ᠬᠢᠯᠢ᠎ᠶ᠋ᠢᠨ ᠮᠠᠯᠵᠢᠬᠤ ᠣᠷᠣᠨ ᠤ ᠱᠢᠨ᠎ᠡ ᠮᠠᠶᠢᠭ᠎ᠤᠨ ᠬᠥᠳᠡᠭᠡ ᠲᠣᠰᠭᠣᠨ᠎ᠤ ᠨᠡᠢᠭᠡᠮᠴᠢᠯᠡᠭ᠌ᠰᠡᠨ ᠦᠶ᠋ᠯᠡᠴᠢᠯᠡᠭᠡᠨ᠎ᠦ ᠱᠢᠰᠲ᠋ᠧᠮ ᠢ ᠲᠦᠷᠭᠡᠳᠭᠡᠬᠦ᠌ ᠲᠤᠬᠠᠶ ᠰᠠᠨᠠᠭᠤᠯᠭ᠎ᠠ 》᠂ 《ᠦᠬᠡᠷ ᠬᠣᠨᠢᠨ᠎ᠤ ᠦᠨ᠎ᠡ ᠬᠠᠩᠰᠢ᠎ᠶ᠋ᠢᠨ ᠳᠠᠭᠠᠳᠭᠠᠯ᠎ᠤᠨ ᠲᠤᠷᠱᠢᠯᠲᠠ᠎ᠶ᠋ᠢᠨ ᠴᠡᠭ᠎ᠤᠨ ᠠᠵᠢᠯ ᠢ ᠠᠬᠢᠭᠤᠯᠬᠤ ᠲᠤᠬᠠᠶ ᠰᠠᠨᠠᠭᠤᠯᠭ᠎ᠠ 》 ᠳᠤᠷᠠᠳᠪᠠ᠃ 《ᠮᠠᠯᠴᠢᠳ ᠤᠨ ᠰᠡᠳᠭᠢᠯ᠎ᠦᠨ ᠳᠠᠭᠤᠨ ᠪᠣᠯ ᠳᠠᠷᠤᠶ ᠮᠢᠨᠦ᠍ ᠲᠤᠱᠢᠶᠠᠯ ᠬᠠᠷᠢᠭᠤᠴᠠᠯᠭ᠎ᠠ ᠪᠠᠨ ᠭᠦᠶ᠋ᠴᠡᠳᠭᠡᠬᠦ᠌ ᠴᠢᠭ᠌ᠯᠡᠯ ᠮᠥᠨ》 ᠭᠡᠵᠦ᠍ ᠲᠡᠷᠡ ᠬᠡᠯᠡᠳᠡᠭ᠃
ᠵᠢᠷᠭᠠᠬᠤ ᠨᠡᠷᠡᠨ ᠠᠭᠤᠯᠠᠨ᠎ᠤ ᠪᠠᠷᠠᠭᠤᠨ᠎ᠠ ᠤᠷᠤᠬᠤ ᠦᠶ᠎ᠠ ᠪᠡᠷ ᠪᠠᠶᠠᠷᠯᠠᠨ ᠬᠥᠭᠡᠷᠦᠯᠳᠦᠵᠦ᠍ ᠪᠠᠢᠭ᠎ᠠ ᠬᠥᠮᠦᠰ ᠠᠭᠠᠵᠢᠮ᠎ᠢᠶᠠᠷ ᠲᠠᠷᠬᠠᠨ ᠶᠠᠪᠤᠵᠠᠭᠠᠪᠠ᠃ ᠡᠷᠳᠡᠨᠢᠳᠠᠯᠠᠢ ᠮᠣᠩᠭᠣᠯ ᠬᠡᠷ᠎ᠦᠨ᠎ᠢᠶᠡᠨ ᠡᠮᠦᠨ᠎ᠡ ᠵᠣᠭ᠍ᠰᠣᠵᠤ᠂ ᠬᠥᠪᠡᠭᠡ ᠬᠢᠵᠠᠭᠠᠷ ᠥᠬᠡᠶ ᠲᠠᠯ᠎ᠠ ᠨᠤᠲᠤᠭ ᠪᠠ ᠠᠯᠤᠰ ᠬᠣᠯᠠ᠎ᠶ᠋ᠢᠨ ᠬᠢᠯᠢ᠎ᠶ᠋ᠢᠨ ᠱᠤᠭᠤᠮ᠎ᠢ ᠬᠠᠷᠠᠭᠠᠳ ᠰᠤᠷᠪᠤᠯᠵᠢᠯᠠᠭ᠍ᠴᠢ᠎ᠳᠤ ᠄ 《 ᠪᠢ ᠡᠨᠡ ᠬᠦ᠌ ᠢᠷᠠᠭᠤ ᠠᠯᠳᠠᠷ᠎ᠢ ᠬᠠᠷᠢᠭᠤᠴᠠᠯᠭ᠎ᠠ ᠬᠡᠮᠡᠨ ᠦᠵᠡᠵᠤ᠂ ᠣᠯᠠᠨ᠎ᠢ ᠳᠠᠭᠠᠭᠤᠯᠤᠨ ᠮᠠᠯᠵᠢᠬᠤ ᠣᠷᠣᠨ᠎ᠢ ᠨᠠᠩ ᠰᠠᠢᠲᠤᠷ ᠪᠥᠲᠥᠭᠡᠨ ᠪᠠᠢᠭᠤᠯᠵᠤ᠂ ᠬᠢᠯᠢ ᠬᠢᠵᠠᠭᠠᠷ ᠢ ᠨᠠᠩ ᠪᠠᠲᠤ ᠪᠠᠬᠢ ᠪᠣᠯᠭᠠᠨ᠎ᠠ》 ᠭᠡᠪᠡ᠃
ᠰᠤᠷᠪᠤᠯᠵᠢᠯᠠᠭ᠎ᠠ᠎ᠶᠢᠨ ᠳᠤᠮᠳᠠ᠂ ᠰᠤᠷᠪᠤᠯᠵᠢᠯᠠᠭ᠍ᠴᠢ᠎ᠵᠢ ᠬᠠᠮᠤᠭ᠎ᠡᠴᠡ ᠢᠯᠡᠭᠦᠦ ᠰᠡᠳᠭᠢᠯ ᠬᠥᠳᠡᠯᠭᠡᠳᠡᠭ ᠨᠢ ᠲᠡᠳᠡᠭᠡᠷ ᠢᠷᠠᠭᠤ ᠠᠯᠳᠠᠷ᠎ᠤᠨ ᠲᠡᠮᠳᠡᠭ ᠪᠢᠰᠢ᠂ ᠬᠠᠷᠢᠨ ᠮᠠᠯᠴᠢᠳ《ᠮᠠᠨ᠎ᠤ ᠲᠡᠯᠡᠶ》 ᠭᠡᠵᠦ ᠶᠠᠷᠢᠬᠤᠲᠤᠮᠳᠠ ᠠᠶᠠᠨ᠎ᠳᠠᠭᠠᠨ ᠢᠯᠡᠷᠡᠭᠦᠯᠦᠭ᠌ᠰᠡᠨ ᠢᠲᠡᠭᠡᠯ ᠪᠣᠯ ᠡᠷᠳᠡᠨᠢᠳᠠᠯᠠᠢ᠎ᠶ᠋ᠢᠨ ᠶᠠᠰᠤᠨ᠎ᠳᠠᠭᠠᠨ ᠰᠡᠢᠯᠦᠭ᠌ᠰᠡᠨ ᠤᠯᠤᠰ ᠣᠷᠣᠨ᠎ᠤ ᠲᠦᠯᠦᠬᠡ ᠬᠡᠬᠦ ᠬᠠᠷᠢᠭᠤᠴᠠᠯᠭ᠎ᠠ ᠡᠭᠦᠷᠭᠡᠯᠡᠯ ᠪᠣᠯᠤᠨ᠎ᠠ᠃
《ᠢᠷᠠᠭᠤ ᠠᠯᠳᠠᠷ᠎ᠢ ᠲᠠᠯ᠎ᠠ ᠨᠤᠲᠤᠭ ᠨᠠᠳᠠ ᠣᠯᠭᠣᠬᠰᠠᠨ᠂ ᠡᠢᠨᠬᠦ ᠡᠨᠡ ᠢᠷᠠᠭᠤ ᠠᠯᠳᠠᠷ ᠢ ᠲᠠᠯ᠎ᠠ ᠨᠤᠲᠤᠭ᠎ᠲᠤ ᠪᠤᠴᠠᠭᠠᠬᠤ ᠬᠡᠷᠡᠭᠲᠡᠢ》᠃ ᠡᠷᠳᠡᠨᠢᠳᠠᠯᠠᠢ ᠡᠨᠡ ᠦᠭᠡ᠎ᠶ᠋ᠢ ᠬᠡᠯᠡᠬᠦ᠌ ᠦᠶ᠎ᠡ᠎ᠳᠦ ᠳᠣᠬᠢᠭᠤᠷ ᠲᠤᠯᠤᠭᠠᠨ ᠣᠲᠣ ᠶᠠᠭ ᠬᠢᠯᠢ᠎ᠶ᠋ᠢᠨ ᠱᠤᠭᠤᠮ᠎ᠤᠨ ᠤᠬᠳᠠᠷᠭᠤᠢ ᠳ᠋ᠤ ᠲᠤᠸᠠᠯᠠᠵᠤ᠂ ᠲᠡᠭᠦᠨ᠎ᠦ ᠳᠥᠴᠢᠨ ᠵᠢᠯ᠎ᠦᠨ ᠲᠤᠷᠰᠢ ᠶᠠᠪᠤᠵᠤ ᠥᠩᠭᠡᠷᠡᠭ᠌ᠰᠡᠨ《ᠮᠠᠯᠴᠢᠳ᠎ᠤᠨ ᠵᠠᠮ》 ᠢ᠋ ᠭᠡᠷᠡᠯᠲᠦᠭᠦᠯᠦᠭ᠌ᠰᠡᠨ ᠪᠠᠢᠯ᠎ᠠ᠃ ᠡᠨᠡ ᠵᠤᠷᠪᠤᠰ ᠵᠠᠮ ᠨᠢ ᠬᠢᠯᠢ᠎ᠶ᠋ᠢᠨ ᠬᠥᠱᠢᠶ᠎ᠡ ᠪᠣᠯᠤᠨ ᠮᠣᠩᠭᠣᠯ ᠭᠡᠷ ᠢ ᠬᠣᠯᠪᠣᠵᠤ᠂ ᠲᠡᠮᠦᠷ ᠲᠤᠤᠷ ᠪᠣᠯᠤᠨ ᠤᠶᠤᠨᠲᠤ ᠮᠠᠯᠵᠢᠯ᠎ᠤᠨ ᠲᠠᠯᠠᠪᠠᠢ᠎ᠶ᠋ᠢ ᠬᠣᠯᠪᠣᠵᠤ᠂ ᠨᠠᠩ ᠴᠤ᠌ ᠮᠠᠯᠴᠢᠳ᠎ᠤᠨ ᠢᠲᠡᠭᠡᠯ ᠪᠠ ᠬᠦᠰᠡᠯ ᠡᠷᠡᠮᠡᠯᠵᠡᠯ ᠢ ᠬᠣᠯᠪᠣᠵᠤ ᠪᠠᠢᠨ᠎ᠠ᠃