ᠣᠷᠳᠣᠰ ᠬᠣᠲᠠ᠎ᠶ᠋ᠢᠨ ᠲᠥᠪ ᠬᠤᠳᠠ ᠲᠣᠭᠣᠷᠢᠭᠪᠤᠯᠬᠤ ᠬᠢᠶ᠎ᠠ ᠪᠠᠭ᠍ᠰᠢ ᠲᠣᠭᠣᠷᠢᠭ ᠪᠣᠯ ᠪᠥᠬᠥ᠌ ᠤᠯᠤᠰ᠎ᠤᠨ ᠠᠩᠬᠠᠳᠠᠭ᠍ᠴᠢ ᠬᠣᠲᠠ᠎ᠶ᠋ᠢᠨ ᠦᠵᠡᠮᠵᠢ᠎ᠪᠡᠷ ᠠᠴᠢᠶᠠᠯᠠᠪᠤᠷᠢ ᠪᠣᠯᠭᠠᠭ᠍ᠰᠠᠨ 4A ᠲᠠᠰ᠎ᠤᠨ ᠵᠢᠭᠤᠯᠴᠢᠯᠠᠯ᠎ᠤᠨ ᠦᠵᠡᠮᠵᠢ᠎ᠶ᠋ᠢᠨ ᠣᠷᠣᠨ ᠪᠣᠯᠤᠨ᠎ᠠ᠂ ᠡᠨᠳᠡᠬᠢ ᠨᠢ 《ᠲᠩᠷᠢ ᠨᠢ ᠴᠡᠯᠮᠡᠭ ᠭᠠᠵᠠᠷ ᠨᠢ ᠨᠣᠭᠣᠭᠠᠨ ᠤᠰᠤ ᠨᠢ ᠲᠤᠩᠭᠠᠯᠠᠭ᠂ ᠠᠮᠢ ᠠᠬᠤᠶ ᠨᠢ ᠣᠷᠣᠱᠢᠨ ᠰᠠᠭᠤᠷᠢᠰᠢᠬᠤ᠎ᠳᠤ ᠲᠠᠭᠠᠯᠠᠮᠵᠢᠲᠠᠶ》 ᠪᠡᠷ ᠠᠯᠳᠠᠷᠱᠢᠵᠠᠶ᠃
ᠣᠳᠣᠬᠠᠨ᠎ᠳᠤ᠂ ᠤᠯᠤᠰ᠎ᠤ᠋ᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠠᠵᠤ ᠦᠶ᠋ᠯᠡᠰ᠎ᠦᠨ ᠬᠥᠭ᠌ᠵᠢᠯᠲᠡ᠎ᠶ᠋ᠢ ᠠᠬᠢᠭᠤᠯᠬᠤ ᠲᠥᠷᠥ᠎ᠶ᠋ᠢᠨ ᠪᠣᠳᠣᠯᠭ᠎ᠠ᠎ᠶ᠋ᠢᠨ ᠵᠢᠯᠣᠭᠣᠳᠣᠯᠭ᠎ᠠ ᠳᠤᠤᠷ᠎ᠠ᠂ ᠬᠢᠶ᠎ᠠ ᠪᠠᠭ᠍ᠰᠢ ᠲᠣᠭᠣᠷᠢᠭ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠵᠠᠬ᠎ᠠ ᠳᠡᠯᠭᠡᠭᠦᠷ᠎ᠦᠨ ᠢᠵᠢ ᠪᠥᠷᠢᠳᠦᠭᠦᠯᠬᠦ᠌ ᠦᠶ᠋ᠯᠡᠴᠢᠯᠡᠭᠡᠨ᠎ᠦ ᠬᠡᠷᠡᠭ᠌ᠴᠡᠭᠡ ᠱᠠᠭᠠᠷᠳᠠᠯᠭ᠎ᠠ᠎ᠲᠠᠶ ᠣᠨᠣᠪᠴᠢᠲᠠᠶ ᠵᠣᠯᠭᠠᠭᠤᠯᠵᠤ᠂ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠠᠵᠤ ᠦᠶ᠋ᠯᠡᠰ᠎ᠢ ᠶᠡᠬᠡᠪᠡᠷ ᠬᠥᠭ᠌ᠵᠢᠭᠦᠯᠵᠦ᠍ ᠪᠠᠢᠨ᠎ᠠ᠃ ᠡᠲᠤᠬᠡ᠂ ᠲᠣᠰ ᠠᠵᠤ ᠦᠶ᠋ᠯᠡᠰ ᠨᠢ ᠣᠷᠣᠨ ᠪᠦᠰᠡ᠎ᠶ᠋ᠢᠨ ᠱᠢᠨ᠎ᠡ IP ᠪᠣᠯᠵᠣ᠂ ᠬᠢᠶ᠎ᠠ ᠪᠠᠭ᠍ᠰᠢ ᠲᠣᠭᠣᠷᠢᠭ ᠴᠤ᠌ ᠪᠠᠷᠠᠭᠤᠨ ᠬᠣᠢᠲᠤ ᠣᠷᠣᠨ᠎ᠤ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠬᠡᠷᠡᠭ᠌ᠯᠡᠭᠡᠨ᠎ᠦ ᠨᠡᠮᠡᠭ᠌ᠳᠡᠯ᠎ᠦᠨ ᠲᠤᠢᠯ ᠪᠣᠯᠪᠠ᠃
5 ᠰᠠᠷ᠎ᠠ᠎ᠶ᠋ᠢᠨ 1 ᠤ᠋ ᠡᠳᠦᠷ᠂ ᠰᠤᠷᠪᠤᠯᠵᠢᠯᠠᠭ᠍ᠴᠢ 7.5 ᠲᠦᠮᠡᠨ ᠲᠡᠭ᠌ᠰᠢ ᠳᠥᠷᠪᠡᠯᠵᠢᠨ ᠮᠧᠲ᠋ᠷ ᠲᠠᠯᠠᠪᠠᠶ ᠲᠠᠶ ᠬᠢᠶ᠎ᠠ ᠪᠠᠭ᠍ᠰᠢ ᠲᠣᠭᠣᠷᠢᠭ᠎ᠤᠨ ᠳᠤᠮᠳᠠᠳᠤ ᠤᠯᠤᠰ᠎ᠤᠨ ᠪᠠᠷᠠᠭᠤᠨ ᠬᠣᠢᠲᠤ ᠣᠷᠣᠨ᠎ᠤ ᠬᠡᠲᠦ ᠲᠣᠮᠣ ᠱᠢᠨ᠎ᠡ ᠡᠨᠧᠷᠭᠢ᠎ᠶ᠋ᠢᠨ ᠮᠠᠱᠢᠨ ᠲᠡᠷᠭᠡ ᠵᠢ ᠳᠡᠯᠭᠡᠨ ᠪᠣᠷᠣᠯᠠᠭᠤᠯᠬᠤ ᠲᠥᠪ (ᠳᠣᠷᠣᠭ᠍ᠰᠢ ᠱᠢᠨ᠎ᠡ ᠡᠨᠧᠷᠭᠢ᠎ᠶ᠋ᠢᠨ ᠮᠠᠱᠢᠨ ᠲᠡᠷᠭᠡ ᠵᠢ ᠳᠡᠯᠭᠡᠨ ᠪᠣᠷᠣᠯᠠᠭᠤᠯᠬᠤ ᠲᠥᠪ ᠭᠡᠵᠦ᠍ ᠲᠣᠪᠴᠢᠯᠠᠨ᠎ᠠ) ᠲᠤ᠌ ᠬᠦᠷᠬᠦ ᠳ᠋ᠤ᠂ ᠱᠢᠨ᠎ᠡ ᠡᠨᠧᠷᠭᠢ᠎ᠶ᠋ᠢᠨ ᠮᠠᠱᠢᠨ ᠲᠡᠷᠭᠡ ᠰᠣᠩᠭᠣᠵᠤ ᠬᠤᠳᠠᠯᠳᠤᠨ ᠠᠪᠬᠤ ᠪᠡᠷ ᠢᠷᠡᠭᠰᠡᠨ ᠬᠡᠷᠡᠭ᠌ᠯᠡᠭ᠌ᠴᠢᠳ ᠴᠤᠪᠤᠷᠠᠵᠤ ᠪᠠᠢᠪᠠ᠃
ᠱᠠᠨᠰᠢ ᠮᠤᠵᠢ᠎ᠶ᠋ᠢᠨ ᠲᠡᠮᠬᠡᠲᠤ ᠡᠴᠡ ᠮᠠᠱᠢᠨ ᠲᠡᠷᠭᠡ ᠬᠤᠳᠠᠯᠳᠤᠨ ᠠᠪᠬᠤ᠎ᠪᠠᠷ ᠢᠷᠡᠭ᠌ᠰᠡᠨ ᠬᠡᠷᠡᠭ᠌ᠯᠡᠭ᠌ᠴᠢ ᠵᠦ᠍ ᠬᠠᠢ ᠫᠢᠩ᠄《ᠡᠨᠳᠡᠬᠢ ᠱᠢᠨ᠎ᠡ ᠡᠨᠧᠷᠭᠢ᠎ᠶ᠋ᠢᠨ ᠮᠠᠱᠢᠨ ᠲᠡᠷᠭᠡ ᠬᠤᠳᠠᠯᠳᠤᠨ ᠠᠪᠬᠤ᠎ᠳᠤ ᠨᠥᠬᠥᠪᠥᠷᠢ ᠥᠭ᠌ᠬᠦ ᠲᠦᠷᠦ᠍᠎ᠶ᠋ᠢᠨ ᠪᠤᠳᠤᠯᠭ᠎ᠠ ᠨᠢ ᠬᠥᠮᠦᠰ᠎ᠦᠨ ᠠᠩᠬᠠᠷᠤᠯ᠎ᠢ ᠣᠨᠴᠠᠭᠠᠢ ᠲᠠᠲᠠᠪᠠ᠂ 20 ᠲᠦᠮᠡᠨ ᠲᠥᠭᠥᠷᠢᠭ᠎ᠦᠨ ᠦᠨ᠎ᠡ ᠲᠠᠢ ᠮᠠᠱᠢᠨ ᠲᠡᠷᠭᠡ᠎ᠳᠦ ᠤᠯᠤᠰ᠂ ᠣᠷᠣᠨ ᠨᠤᠲᠤᠭ ᠪᠣᠯᠤᠨ ᠮᠠᠱᠢᠨ ᠲᠡᠷᠭᠡᠨ᠎ᠦ ᠠᠵᠤ ᠠᠬᠤᠢᠯᠠᠯ᠎ᠤᠨ ᠨᠥᠬᠥᠪᠥᠷᠢ ᠪᠠᠢᠬᠤ ᠪᠡᠷ ᠪᠠᠷᠠᠬᠤ ᠦᠭᠡᠢ ᠲᠡᠭᠡᠷ᠎ᠡ ᠨᠢ ᠬᠠᠭᠤᠴᠢᠨ ᠮᠠᠱᠢᠨ ᠲᠡᠷᠭᠡ ᠰᠣᠯᠢᠭ᠍ᠰᠠᠨ ᠢᠯᠡᠭᠦᠴᠡ ᠬᠠᠷᠠᠭᠠᠯᠵᠠᠯ ᠢ᠋ ᠨᠡᠮᠡᠪᠡᠯ 4.8 ᠲᠦᠮᠡᠨ ᠲᠥᠭᠥᠷᠢᠭ ᠠᠷᠪᠢᠯᠠᠵᠤ ᠪᠤᠯᠤᠨ᠎ᠠ᠂ ᠡᠨᠡ ᠨᠢ ᠮᠠᠰᠢ ᠶᠡᠬᠡ ᠲᠠᠲᠠᠬᠤ ᠬᠦᠴᠦᠨ᠎ᠲᠡᠶ》 ᠭᠡᠵᠦ ᠬᠡᠯᠡᠪᠡ᠃
ᠣᠷᠳᠣᠰ ᠬᠣᠲᠠ᠎ᠶ᠋ᠢᠨ ᠱᠢᠨ᠎ᠡ ᠬᠥᠳᠡᠯᠭᠡᠭ᠌ᠴᠢ ᠡᠨᠧᠷᠭᠢ᠎ᠶ᠋ᠢᠨ ᠮᠠᠱᠢᠨ ᠲᠡᠷᠭᠡᠨ᠎ᠦ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ ᠳ᠋ᠦ᠋ ᠲᠢᠩ ᠠᠮᠠᠷᠠᠯᠲᠠ᠎ᠶ᠋ᠢᠨ ᠬᠤᠭᠤᠴᠠᠭᠠᠨ᠎ᠤ ᠮᠠᠱᠢᠨ ᠲᠡᠷᠭᠡ ᠬᠤᠳᠠᠯᠳᠤᠨ ᠠᠪᠬᠤ ᠬᠡᠷᠡᠭ᠌ᠯᠡᠭᠡ᠎ᠳᠦ ᠢᠲᠡᠭᠡᠯ ᠳᠦᠭᠦᠷᠡᠩ ᠪᠠᠢᠯ᠎ᠠ᠃ 《ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠲᠥᠪ᠎ᠦᠨ ᠬᠣᠶᠠᠳᠤᠭᠠᠷ ᠬᠤᠭᠤᠴᠠᠭᠠᠨ᠎ᠤ ᠦᠵᠡᠭᠦᠯᠭᠡ᠎ᠶ᠋ᠢᠨ ᠲᠢᠩᠬᠢᠮ ᠤᠳᠠᠯ ᠥᠬᠡᠶ ᠪᠠᠢᠭᠤᠯᠤᠭ᠍ᠳᠠᠬᠤ᠎ᠶ᠋ᠢ ᠳᠠᠭᠠᠯᠳᠤᠨ᠂ ᠬᠦᠷᠢᠶᠡᠯᠡᠩ ᠲᠣᠭᠣᠷᠢᠭ᠎ᠲᠤ ᠣᠷᠣᠵᠤ ᠰᠠᠭᠤᠷᠢᠰᠢᠬᠤ ᠲᠦᠷᠦᠯ ᠲᠡᠮᠳᠡᠭ 40 ᠶ᠋ᠢ ᠳᠠᠪᠠᠬᠤ ᠪᠤᠯᠤᠨ᠎ᠠ᠂ ᠵᠢᠯ᠎ᠳᠦ ᠲᠤᠰᠢᠶᠠᠬᠤ ᠲᠡᠷᠭᠡ ᠬᠥᠰᠭᠡ 6000 ᠶ᠋ᠢ ᠲᠠᠪᠠᠵᠤ᠂ ᠠᠷᠠᠯᠵᠢᠶᠠᠨ᠎ᠤ ᠵᠤᠭᠤᠰ᠎ᠤᠨ ᠲᠣᠭ᠎ᠠ 18 ᠳ᠋ᠦᠩᠱᠢᠭᠤᠷ ᠲᠥᠭᠥᠷᠢᠭ᠎ᠢ ᠳᠠᠪᠠᠵᠤ᠂ 1000 ᠭᠠᠷᠤᠶ ᠠᠵᠢᠯ᠎ᠤᠨ ᠪᠠᠢᠷᠢ ᠬᠠᠩᠭᠠᠵᠤ᠂ ᠵᠢᠯ᠎ᠳᠦ 9 ᠲᠦᠮᠡᠨ ᠬᠥᠮᠦᠨ ᠤᠳᠠᠭ᠎ᠠ᠎ᠶ᠋ᠢ ᠣᠷᠣᠭᠤᠯᠵᠤ ᠠᠪᠴᠢᠷᠠᠬᠤ ᠪᠤᠯᠤᠨ᠎ᠠ》 ᠭᠡᠵᠦ᠍ ᠳ᠋ᠦ᠋ ᠲᠢᠩ ᠲᠠᠨᠢᠯᠴᠠᠭᠤᠯᠪᠠ᠃
2022 ᠣᠨ᠎ᠤ 5 ᠰᠠᠷ᠎ᠠ᠎ᠡᠴᠡ ᠡᠬᠢᠯᠡᠨ᠂ ᠬᠢᠶ᠎ᠠ ᠪᠠᠭ᠍ᠰᠢ ᠲᠣᠭᠣᠷᠢᠭ᠎ᠤᠨ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠲᠥᠪ᠎ᠨᠢ ᠤᠯᠤᠰ᠎ᠤᠨ ᠥᠮᠴᠢᠯᠡᠯ᠎ᠦᠨ ᠰᠤᠯᠠ ᠪᠠᠢᠭ᠎ᠠ ᠡᠳ᠋ ᠬᠥᠷᠥᠩᠭᠡ᠎ᠶ᠋ᠢ ᠠᠮᠢᠯᠠᠭᠤᠯᠵᠤ᠂ ᠠᠩᠬ᠎ᠠ ᠲᠠᠷᠬᠠᠭᠠᠬᠤ᠂ ᠠᠩᠬ᠎ᠠ ᠢᠯᠡᠷᠡᠭᠦᠯᠬᠦ᠂ ᠠᠩᠬ᠎ᠠ ᠲᠡᠯᠭᠡᠨ ᠦᠵᠡᠭᠦᠯᠬᠦ᠂ ᠠᠩᠬ᠎ᠠ ᠳᠡᠯᠭᠡᠭᠦᠷ ᠲᠤ᠌ ᠤᠷᠤᠭᠤᠯᠬᠤ 《ᠳᠥᠷᠪᠡᠨ ᠠᠩᠬᠠᠨ᠎ᠤ ᠠᠵᠤ ᠠᠬᠤᠶ》 ᠶ᠋ᠢ ᠶᠡᠬᠡᠪᠡᠷ ᠬᠥᠭ᠌ᠵᠢᠭᠦᠯᠵᠦ᠍᠂ ᠪᠥᠬᠥ᠌ ᠤᠯᠤᠰ᠎ᠤᠨ ᠠᠩᠬᠠᠳᠠᠭ᠍ᠴᠢ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠴᠡᠴᠡᠷᠯᠢᠭ᠎ᠦᠨ ᠶᠡᠷᠦᠩᠬᠡᠢᠯᠡᠭ᠌ᠰᠡᠨ ᠴᠣᠭ᠍ᠴᠠ᠎ᠶ᠋ᠢ ᠠᠮᠵᠢᠯᠲᠠ᠎ᠲᠠᠶ ᠪᠠᠢᠭᠤᠯᠪᠠ᠃
2024 ᠣᠨ᠎ᠤ 7 ᠰᠠᠷ᠎ᠠ᠎ᠳᠤ᠂ ᠬᠢᠶ᠎ᠠ ᠪᠠᠭ᠍ᠰᠢ ᠲᠣᠭᠣᠷᠢᠭ ᠬᠣᠲᠠ᠎ᠶ᠋ᠢᠨ IP᠎ᠶᠢ ᠨᠡᠢᠲᠡᠯᠡᠨ 《ᠳᠤᠮᠳᠠᠳᠤ ᠤᠯᠤᠰ᠎ᠤᠨ ᠪᠠᠷᠠᠭᠤᠨ ᠬᠣᠢᠲᠤ ᠣᠷᠣᠨ᠎ᠤ ᠬᠡᠲᠦ ᠲᠣᠮᠣ ᠱᠢᠨ᠎ᠡ ᠡᠨᠧᠷᠭᠢ᠎ᠶ᠋ᠢᠨ ᠮᠠᠱᠢᠨ ᠲᠡᠷᠭᠡ᠎ᠶ᠋ᠢ ᠳᠡᠯᠭᠡᠨ ᠦᠵᠡᠭᠦᠯᠵᠦ᠍ ᠪᠣᠷᠣᠯᠠᠭᠤᠯᠬᠤ ᠲᠥᠪ》᠎ᠤᠨ ᠫᠠᠢᠰᠠ ᠶᠢ ᠡᠯᠭᠦᠨ᠂ 《ᠲᠠᠪᠤᠨ ᠬᠡᠳᠦ》 (ᠲᠥᠷᠥᠯ ᠲᠡᠮᠳᠡᠭ᠎ᠨᠢ ᠬᠡᠳᠦ ᠪᠦᠷᠢᠨ᠂ ᠬᠡᠪᠴᠢᠶ᠎ᠡ᠎ᠨᠢ ᠬᠡᠲᠦ ᠶᠡᠬᠡ᠂ ᠦᠶ᠋ᠯᠡᠴᠢᠯᠡᠭᠡ᠎ᠨᠢ ᠬᠡᠲᠦ ᠱᠢᠯᠢᠳᠡᠭ᠂ ᠬᠠᠷᠠᠭᠠᠯᠵᠠᠯ᠎ᠨᠢ ᠬᠡᠲᠦ ᠣᠯᠠᠨ᠂ ᠲᠠᠢᠴᠢᠯᠠᠯᠲᠠ᠎ᠨᠢ ᠬᠡᠲᠦ ᠥᠷᠭᠡᠨ) ᠪᠠᠷ ᠣᠷᠣᠨ ᠪᠦᠰᠡ᠎ᠶ᠋ᠢᠨ ᠬᠡᠷᠡᠭ᠌ᠯᠡᠭᠡᠨ᠎ᠦ ᠭᠠᠵᠠᠷ ᠵᠦᠢ ᠵᠢᠨ ᠢᠯᠡᠷᠭᠡᠢᠯᠡᠯᠳᠤ ᠲᠡᠮᠳᠡᠭ᠎ᠢ ᠡᠭᠦᠳᠴᠦ᠍᠂ ᠬᠡᠷᠡᠭ᠌ᠯᠡᠭᠡᠨ᠎ᠦ ᠲᠠᠯᠠᠪᠤᠷ᠎ᠡᠴᠡ ᠬᠣᠲᠠ᠎ᠶ᠋ᠢᠨ ᠨᠡᠷ᠎ᠡ᠎ᠶ᠋ᠢᠨ ᠬᠠᠭᠤᠳᠠᠰᠤ ᠬᠦᠷᠲᠡᠯ᠎ᠡ ᠲᠠᠰ ᠳᠡᠪᠱᠢᠭᠦᠯᠬᠦ᠌᠎ᠶ᠋ᠢ ᠪᠡᠶᠡᠯᠡᠭᠦᠯᠪᠡ᠃
ᠬᠢᠶ᠎ᠠ ᠪᠠᠭ᠍ᠰᠢ ᠲᠣᠭᠣᠷᠢᠭ ᠬᠣᠲᠠ᠎ᠶ᠋ᠢᠨ IP᠎ᠶᠢ ᠨᠡᠢᠲᠡᠯᠡᠬᠦ᠌ ᠬᠤᠭᠤᠴᠠᠭᠠᠨ᠎ᠳᠤ᠂ ᠶᠠᠩ ᠸᠠᠩ U9᠂ ᠵᠢᠢ ᠺᠸ 001 ᠵᠡᠷᠭᠡ ᠰᠦᠯᠵᠢᠶᠡᠨᠬᠠᠯᠠᠮᠰᠢᠯ ᠲᠡᠷᠭᠡᠨ᠎ᠦ ᠬᠡᠯᠪᠡᠷᠢ᠎ᠶ᠋ᠢ ᠠᠩᠬ᠎ᠠ ᠤᠳᠠᠭ᠎ᠠ ᠦᠪᠦᠷ ᠮᠤᠨᠭᠭᠤᠯ᠎ᠳᠤ ᠳᠡᠯᠭᠡᠨ ᠦᠵᠡᠭᠦᠯᠵᠦ᠂ CCTV - 13 ᠵᠡᠷᠭᠡ 18 ᠵᠠᠭᠤᠴᠢᠯᠠᠭᠤᠷ᠎ᠤᠨ ᠠᠩᠬᠠᠷᠤᠯ᠎ᠢ ᠲᠠᠲᠠᠵᠤ᠂ ᠠᠵᠢᠯᠯᠠᠭ᠎ᠠ ᠳ᠋ᠦ ᠤᠷᠤᠯᠴᠠᠭᠰᠠᠳ᠎ᠤᠨ ᠲᠤᠭ᠎ᠠ 3000 ᠲᠦᠮᠡᠨ ᠤᠳᠠᠭ᠎ᠠ᠎ᠶ᠋ᠢ ᠳᠠᠪᠠᠪᠠ᠃
ᠬᠢᠶ᠎ᠠ ᠪᠠᠭ᠍ᠰᠢ ᠲᠣᠭᠣᠷᠢᠭ ᠬᠤᠳᠠᠯᠳᠤᠭᠠᠨ᠎ᠤ ᠶᠠᠪᠤᠳᠠᠯ᠎ᠤᠨ ᠶᠠᠮᠤᠨ᠎ᠤ 《ᠬᠡᠷᠡᠭ᠌ᠯᠡᠭᠡ᠎ᠶ᠋ᠢ ᠠᠬᠢᠭᠤᠯᠬᠤ ᠣᠨ》 ᠪᠠ ᠬᠡᠷᠡᠭ᠌ᠯᠡᠭᠡᠨ᠎ᠦ ᠵᠦᠶ᠋ᠯ᠎ᠦᠨ 《ᠬᠠᠭᠤᠴᠢᠨ᠎ᠢᠶᠠᠷ ᠱᠢᠨ᠎ᠡ᠎ᠶ᠋ᠢ ᠰᠣᠯᠢᠬᠤ》 ᠲᠥᠷᠥ᠎ᠶ᠋ᠢᠨ ᠪᠣᠳᠣᠯᠭ᠎ᠠ᠎ᠶ᠋ᠢᠨ ᠡᠷᠴᠢᠨ ᠳᠡᠭᠡᠷ᠎ᠡ᠂ 《ᠰᠠᠷ᠎ᠠ ᠪᠦᠷᠢ ᠬᠦᠳᠡᠯᠭᠡᠭᠡᠨ᠎ᠲᠠᠶ᠂ ᠬᠤᠭᠤᠴᠠᠭ᠎ᠠ ᠪᠦᠷᠢ ᠭᠤᠤᠯ ᠰᠡᠳᠦᠪ᠎ᠲᠡᠶ》 ᠪᠣᠷᠣᠯᠠᠭᠤᠯᠭ᠎ᠠ᠎ᠶᠢ ᠠᠬᠢᠭᠤᠯᠬᠤ ᠲᠣᠭ᠍ᠲᠠᠴᠠ᠎ᠶ᠋ᠢ ᠪᠠᠢᠭᠤᠯᠪᠠ᠃ ᠣᠯᠠᠨ ᠳᠠᠪᠬᠤᠷ ᠨᠥᠬᠥᠪᠥᠷᠢ᠎ᠶ᠋ᠢᠨ ᠱᠢᠰᠲ᠋ᠧᠮ᠎ᠦᠨ ᠳᠠᠪᠬᠤᠴᠠᠯ᠎ᠢᠶᠠᠷ ᠳᠠᠮᠵᠢᠭᠤᠯᠤᠨ᠂ ᠲᠦᠭᠡᠮᠡᠯ ᠬᠠᠷᠠᠭᠠᠯᠵᠠᠯ ᠪᠠ ᠨᠠᠷᠢᠯᠢᠭ ᠣᠨᠣᠴᠠᠲᠠᠶ ᠬᠣᠶᠠᠷ᠎ᠢ ᠬᠠᠮᠤᠷᠬᠤ ᠶ᠋ᠢᠨ ᠬᠠᠮᠲᠤ 《ᠬᠠᠭᠤᠴᠢᠨ᠎ᠢᠶᠠᠷ ᠱᠢᠨ᠎ᠡ᠎ᠶ᠋ᠢ ᠰᠣᠯᠢᠬᠤ》 ᠨᠥᠬᠥᠪᠥᠷᠢ᠎ᠶ᠋ᠢᠨ ᠬᠡᠪᠴᠢᠶ᠎ᠡ᠂ ᠦᠶ᠋ᠯᠡᠴᠢᠯᠡᠭᠡᠨ᠎ᠦ ᠪᠡᠶᠡᠴᠢ ᠣᠢᠯᠠᠭᠠᠯᠲᠠ ᠪᠠ ᠲᠥᠷᠥ᠎ᠶ᠋ᠢᠨ ᠪᠣᠳᠣᠯᠭ᠎ᠠ᠎ᠶ᠋ᠢᠨ ᠦᠷ᠎ᠡ ᠪᠦᠲᠦᠮᠵᠢ᠎ᠶ᠋ᠢᠨ ᠲᠠᠯ᠎ᠠ᠎ᠪᠠᠷ ᠤᠯᠠᠮ ᠨᠢᠭᠡ ᠠᠯᠬᠤᠮ ᠱᠢᠯᠢᠳᠡᠭ᠌ᠵᠢᠭᠦᠯᠵᠦ᠍᠂ ᠲᠥᠷᠥ᠎ᠶ᠋ᠢᠨ ᠪᠣᠳᠣᠯᠭ᠎ᠠ᠎ᠶ᠋ᠢᠨ ᠬᠥᠱᠢᠭᠦᠷᠭᠡᠪᠡᠷ ᠵᠠᠬ᠎ᠠ ᠳᠡᠯᠭᠡᠭᠦᠷ᠎ᠦᠨ ᠠᠮᠢᠵᠢᠷᠠᠯ᠎ᠤᠨ ᠬᠦᠴᠦᠨ᠎ᠢ ᠳᠠᠢᠴᠢᠯᠠᠪᠠ᠃
ᠨᠢᠳᠤᠨᠤᠨ᠂ ᠬᠢᠶ᠎ᠠ ᠪᠠᠭ᠍ᠰᠢ ᠲᠣᠭᠣᠷᠢᠭ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠬᠡᠷᠡᠭ᠌ᠯᠡᠭᠡᠨ᠎ᠦ ᠨᠥᠬᠥᠪᠥᠷᠢ᠎ᠵᠢ ᠨᠡᠢᠲᠡ 1540 ᠲᠦᠮᠨᠨ ᠲᠦᠭᠦᠷᠢᠭ ᠲᠠᠷᠬᠠᠭᠠᠵᠤ᠂ 3249 ᠱᠢᠨ᠎ᠡ ᠡᠨᠧᠷᠭᠢ᠎ᠶ᠋ᠢᠨ ᠮᠠᠱᠢᠨ ᠲᠡᠷᠭᠡ ᠪᠣᠷᠣᠯᠠᠭᠤᠯᠵᠤ᠂ 6.31 ᠳ᠋ᠦᠩᠱᠢᠭᠤᠷ ᠲᠥᠭᠥᠷᠢᠭ᠎ᠦᠨ ᠬᠡᠷᠡᠭ᠌ᠯᠡᠭᠡ᠎ᠶ᠋ᠢ ᠳᠠᠢᠴᠢᠯᠠᠵᠤ᠂ ᠬᠦᠰᠢᠵᠦ ᠬᠦᠳᠡᠯᠭᠡᠭᠰᠡᠨ ᠬᠠᠷᠢᠴᠠᠯ 1᠄ 40 ᠪᠤᠯᠪᠠ᠃
ᠤᠷᠳᠤᠰ ᠬᠤᠳᠠ᠎ᠶ᠋ᠢᠨ ᠸᠧᠢ ᠯᠠᠢ ᠮᠠᠱᠢᠨ ᠲᠡᠷᠭᠡ ᠪᠣᠷᠣᠯᠠᠭᠤᠯᠬᠤ ᠦᠢᠯᠡᠴᠢᠯᠡᠭᠡᠨ᠎ᠦ ᠬᠢᠵᠠᠭᠠᠷᠲᠤ ᠺᠣᠮᠫᠠᠨᠢ᠎ᠶ᠋ᠢᠨ ᠪᠣᠷᠣᠯᠠᠭᠤᠯᠭ᠎ᠠ᠎ᠶ᠋ᠢᠨ ᠬᠠᠷᠢᠭᠤᠴᠠᠯᠭᠠᠲᠠᠨ ᠵᠤᠤ ᠯᠢᠩ ᠢᠦᠢ᠄ 《ᠱᠢᠯᠢᠳᠡᠭ ᠰᠠᠢ᠌ᠨ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠂ ᠤᠷᠢᠳᠴᠢᠯᠠᠭ᠍ᠰᠠᠨ ᠦᠢᠯᠡᠴᠢᠯᠡᠭᠡᠨ᠎ᠦ ᠤᠬᠠᠮᠰᠠᠷ᠂ ᠳᠠᠪᠠᠭᠤᠯᠢᠭ ᠨᠥᠬᠥᠪᠥᠷᠢ ᠥᠭ᠌ᠬᠦ ᠲᠦᠷᠦ᠍᠎ᠶ᠋ᠢᠨ ᠪᠤᠳᠤᠯᠭ᠎ᠠ᠎ᠳᠤ ᠲᠦᠱᠢᠭ᠌ᠯᠡᠨ᠂ ᠮᠠᠨ᠎ᠤ ᠺᠣᠮᠫᠠᠨᠢ᠎ᠶ᠋ᠢᠨ ᠪᠣᠷᠣᠯᠠᠭᠤᠯᠭ᠎ᠠ᠎ᠶ᠋ᠢᠨ ᠬᠡᠮᠵᠢᠢ᠎ᠡ ᠵᠢᠯ ᠪᠦᠷᠢ 50% ᠵᠢᠨ ᠲᠦᠷᠭᠡᠨ ᠨᠡᠮᠡᠭ᠌ᠳᠡᠯ᠎ᠢ ᠪᠡᠶᠡᠯᠡᠭᠦᠯᠪᠡ᠃ ᠸᠧᠢ ᠯᠠᠢ ᠮᠠᠱᠢᠨ ᠲᠡᠷᠭᠡ ᠪᠠᠰᠠ ᠬᠢᠶ᠎ᠠ ᠪᠠᠭ᠍ᠰᠢ ᠲᠣᠭᠣᠷᠢᠭ᠎ᠤᠨ ᠡᠨᠡ ᠬᠦ᠌ ᠪᠠᠢᠯᠳᠤᠬᠤ ᠪᠤᠳᠤᠯᠭ᠎ᠠ᠎ᠶ᠋ᠢᠨ ᠴᠢᠬᠤᠯᠠ ᠭᠠᠵᠠᠷ᠎ᠤᠨ ᠭᠣᠣᠯᠯᠠᠭ᠍ᠴᠢ ᠦᠷᠳᠡᠭ᠎ᠢ ᠳᠡᠭᠡᠳᠦ ᠬᠡᠮᠵᠢᠢ᠎ᠡ᠎ᠪᠡᠷ ᠴᠢᠬᠤᠯᠠᠴᠢᠯᠠᠵᠤ᠂ ᠪᠠᠷᠠᠭᠤᠨ ᠬᠣᠢᠲᠤ ᠣᠷᠣᠨ᠎ᠤ ᠱᠢᠨ᠎ᠡ ᠮᠠᠱᠢᠨ ᠲᠡᠷᠭᠡᠨ᠎ᠦ ᠬᠡᠯᠪᠡᠷᠢ᠎ᠶ᠋ᠢᠨ ᠠᠩᠬ᠎ᠠ ᠲᠠᠷᠬᠠᠭᠠᠬᠤ ᠠᠵᠢᠯᠯᠠᠭ᠎ᠠ᠎ᠶ᠋ᠢ ᠡᠨᠳᠡ ᠨᠠᠢᠳᠠᠪᠤᠷᠢᠵᠢᠭᠤᠯᠵᠤ᠂ ᠵᠠᠬ᠎ᠠ ᠳᠡᠯᠭᠡᠭᠦᠷ᠎ᠦᠨ ᠬᠦᠢᠰᠦ ᠪᠣᠯᠬᠤ ᠪᠠᠢᠷᠢ ᠰᠠᠭᠤᠷᠢ᠎ᠶ᠋ᠢ ᠨᠢ ᠤᠯᠠᠮ ᠴᠢᠨᠠᠭ᠍ᠰᠢᠳᠠ ᠪᠡᠬᠢᠵᠢᠭᠦᠯᠬᠦ᠌᠎ᠪᠡᠷ ᠲᠣᠭ᠍ᠲᠠᠪᠠ》 ᠭᠡᠪᠡ᠃
ᠬᠡᠷᠡᠭ᠌ᠯᠡᠭᠡᠨ᠎ᠦ ᠲᠣᠭ᠎ᠠ ᠪᠠᠷᠢᠮᠲᠠ᠎ᠠᠴᠠ ᠦᠵᠡᠪᠡᠯ᠂ 2024 ᠣᠨ᠎ᠳᠤ ᠬᠢᠶ᠎ᠠ ᠪᠠᠭ᠍ᠰᠢ ᠲᠣᠭᠣᠷᠢᠭ᠎ᠤᠨ ᠨᠡᠢᠭᠡᠮ᠎ᠦᠨ ᠬᠡᠷᠡᠭ᠌ᠯᠡᠭᠡᠨ᠎ᠦ ᠵᠦᠶ᠋ᠯ᠎ᠦᠨ ᠵᠢᠵᠢᠭ᠌ᠯᠡᠨ ᠬᠤᠳᠠᠯᠳᠤᠭ᠍ᠰᠠᠨ ᠪᠥᠬᠥ᠌ ᠲᠣᠭ᠎ᠠ 81.8 ᠳ᠋ᠦᠩᠱᠢᠭᠤᠷ ᠲᠥᠭᠥᠷᠢᠭ᠎ᠲᠦ ᠬᠦᠷᠴᠦ᠍᠂ ᠠᠳᠠᠯᠢ ᠬᠤᠭᠤᠴᠠᠭᠠᠨ᠎ᠤ᠎ᠬᠢ᠎ᠡᠴᠡ 8.5% ᠪᠠᠷ ᠨᠡᠮᠡᠭ᠌ᠳᠡᠪᠡ᠃ ᠮᠠᠱᠢᠨ ᠲᠡᠷᠭᠡᠨ᠎ᠦ ᠲᠥᠷᠥᠯ᠎ᠦᠨ ᠲᠠᠸᠠᠷ᠎ᠢ ᠵᠢᠵᠢᠭ᠌ᠯᠡᠨ ᠬᠤᠳᠠᠯᠳᠤᠭ᠍ᠰᠠᠨ ᠲᠣᠭ᠎ᠠ ᠠᠳᠠᠯᠢ ᠬᠤᠭᠤᠴᠠᠭᠠᠨ᠎ᠤ᠎ᠬᠢ᠎ᠡᠴᠡ 132.9% ᠪᠠᠷ ᠨᠡᠮᠡᠭ᠌ᠳᠡᠵᠦ᠍᠂ ᠬᠢᠵᠠᠭᠠᠷᠯᠠᠭ᠍ᠰᠠᠨ ᠲᠣᠭ᠎ᠠ᠎ᠠᠴᠠ ᠳᠡᠭᠡᠭ᠌ᠰᠢᠬᠢ ᠬᠡᠷᠡᠭ᠌ᠯᠡᠭᠡᠨ᠎ᠦ ᠵᠦᠶ᠋ᠯ᠎ᠦᠨ ᠵᠢᠵᠢᠭ᠌ᠯᠡᠨ ᠬᠤᠳᠠᠯᠳᠤᠭ᠍ᠰᠠᠨ ᠲᠣᠭ᠎ᠠ᠎ᠶ᠋ᠢ ᠳᠠᠢᠴᠢᠯᠠᠨ ᠵᠠᠭᠤᠨ᠎ᠤ ᠬᠠᠷᠢᠴᠠᠯ᠎ᠵᠢᠡᠷ 27 ᠬᠤᠪᠢ ᠨᠡᠮᠡᠭ᠌ᠳᠡᠭᠦᠯᠪᠡ᠃ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠪᠣᠯᠤᠭ᠍ᠰᠠᠨ ᠱᠢᠨ᠎ᠡ ᠡᠨᠧᠷᠭᠢ᠎ᠶ᠋ᠢᠨ ᠮᠠᠱᠢᠨ ᠲᠡᠷᠭᠡ ᠨᠢ ᠨᠢᠭᠡᠨᠲᠡ ᠬᠢᠶ᠎ᠠ ᠪᠠᠭ᠍ᠰᠢ ᠲᠣᠭᠣᠷᠢᠭ᠎ᠤᠨ ᠠᠵᠤ ᠠᠬᠤᠢ᠎ᠶ᠋ᠢᠨ ᠴᠢᠨᠠᠷ ᠰᠠᠢᠲᠠᠢ ᠬᠥᠭ᠌ᠵᠢᠯᠲᠡ᠎ᠶ᠋ᠢᠨ ᠴᠢᠬᠤᠯᠠ ᠬᠥᠳᠡᠯᠭᠡᠭᠦᠷ ᠪᠣᠯᠵᠠᠢ᠃
ᠡᠨᠡ ᠵᠢᠯ᠎ᠦᠨ ᠨᠢᠭᠡᠳᠦᠭᠡᠷ ᠤᠯᠠᠷᠢᠯ᠎ᠳᠤ᠂ ᠬᠢᠶ᠎ᠠ ᠪᠠᠭ᠍ᠰᠢ ᠲᠣᠭᠣᠷᠢᠭ ᠱᠢᠨ᠎ᠡ ᠡᠨᠧᠷᠭᠢ᠎ᠶ᠋ᠢᠨ ᠮᠠᠱᠢᠨ ᠲᠡᠷᠭᠡ ᠬᠤᠳᠠᠯᠳᠤᠨ ᠠᠪᠬᠤ ᠨᠥᠬᠥᠪᠥᠷᠢ᠎ᠵᠢ 300 ᠲᠦᠮᠡᠨ ᠲᠥᠭᠥᠷᠢᠭ ᠲᠠᠷᠬᠠᠭᠠᠵᠤ᠂ 591 ᠮᠠᠱᠢᠨ ᠲᠡᠷᠭᠡ ᠪᠣᠷᠣᠯᠠᠭᠤᠯᠵᠤ᠂ 1.06 ᠳ᠋ᠦᠩᠱᠢᠭᠤᠷ ᠲᠥᠭᠥᠷᠢᠭ᠎ᠦᠨ ᠬᠡᠷᠡᠭ᠌ᠯᠡᠭᠡ᠎ᠶ᠋ᠢ ᠠᠮᠵᠢᠯᠲᠠ᠎ᠲᠠᠶ ᠳᠠᠢᠴᠢᠯᠠᠪᠠ᠃ 2025 ᠣᠨ᠎ᠤ 3 ᠰᠠᠷ᠎ᠠ ᠪᠣᠯᠲᠠᠯ᠎ᠠ᠂ ᠱᠢᠨ᠎ᠡ ᠡᠨᠧᠷᠭᠢ᠎ᠶ᠋ᠢᠨ ᠮᠠᠱᠢᠨ ᠲᠡᠷᠭᠡ᠎ᠶ᠋ᠢ ᠳᠡᠯᠭᠡᠨ ᠦᠵᠡᠭᠦᠯᠵᠦ᠍ ᠪᠣᠷᠣᠯᠠᠭᠤᠯᠬᠤ ᠲᠥᠪ᠎ᠲᠦ ᠱᠢᠨ᠎ᠡ ᠡᠨᠧᠷᠭᠢ᠎ᠶ᠋ᠢᠨ ᠮᠠᠱᠢᠨ ᠲᠡᠷᠭᠡ᠎ᠶ᠋ᠢ 2.4 ᠲᠦᠮᠡ ᠪᠣᠷᠣᠯᠠᠭᠤᠯᠵᠤ᠂ ᠠᠷᠠᠯᠵᠢᠶᠠᠨ᠎ᠤ ᠵᠤᠭᠤᠰ᠎ᠤᠨ ᠲᠣᠭ᠎ᠠ 56 ᠳ᠋ᠦᠩᠱᠢᠭᠤᠷ ᠲᠥᠭᠥᠷᠢᠭ᠎ᠢ ᠳᠠᠪᠠᠪᠠ᠃
ᠲᠦᠷᠦ᠍᠎ᠶ᠋ᠢᠨ ᠪᠤᠳᠤᠯᠭ᠎ᠠ᠎ᠶ᠋ᠢᠨ ᠠᠱᠢᠭ ᠡᠴᠡ ᠠᠵᠤ ᠦᠢᠯᠡᠰ᠎ᠦᠨ ᠠᠮᠢ ᠠᠬᠤᠢ ᠬᠦᠷᠲᠡᠯ᠎ᠡ᠂ ᠬᠡᠷᠡᠭ᠌ᠯᠡᠭᠡᠨ᠎ᠦ ᠲᠣᠭ᠎ᠠ ᠪᠠᠷᠢᠮᠲᠠ᠎ᠠᠴᠠ ᠵᠠᠬ᠎ᠠ ᠳᠡᠯᠭᠡᠭᠦᠷ᠎ᠦᠨ ᠬᠠᠷᠢᠭᠤ ᠲᠤᠰᠭᠠᠯ ᠬᠦᠷᠲᠡᠯ᠎ᠡ᠂ ᠬᠢᠶ᠎ᠠ ᠪᠠᠭ᠍ᠰᠢ ᠲᠣᠭᠣᠷᠢᠭ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠠᠵᠤ ᠦᠢᠯᠡᠰ᠎ᠢᠶᠡᠷ ᠬᠣᠯᠪᠣᠭᠠᠰᠤ ᠪᠣᠯᠭᠠᠵᠤ᠂ ᠬᠡᠷᠡᠭ᠌ᠯᠡᠭᠡ᠎ᠪᠡᠷ ᠳᠠᠢᠴᠢᠯᠠᠬᠤ ᠪᠠ ᠠᠵᠤ ᠠᠬᠤᠢ᠎ᠶ᠋ᠢᠨ ᠬᠡᠯᠪᠡᠷᠢ᠎ᠪᠡᠨ ᠬᠤᠪᠢᠷᠠᠭᠤᠯᠬᠤ ᠰᠠᠢ᠌ᠨ ᠬᠤᠷᠱᠢᠯᠢ ᠠᠮᠵᠢᠯᠲᠠ᠎ᠲᠠᠶ ᠪᠡᠶᠡᠯᠡᠭᠦᠯᠵᠦ᠍᠂ ᠡᠬᠢ ᠪᠠᠶᠠᠯᠢᠭ᠎ᠤᠨ ᠬᠡᠯᠪᠡᠷᠢ᠎ᠶ᠋ᠢᠨ ᠬᠤᠳᠠ᠎ᠶ᠋ᠢᠨ ᠬᠡᠯᠪᠡᠷᠢ᠎ᠪᠡᠨ ᠬᠤᠪᠢᠷᠠᠭᠤᠯᠬᠤ᠎ᠳᠤ ᠲᠤᠯᠢ ᠪᠣᠯᠬᠤᠢᠴᠠ ᠵᠢᠱ᠌ᠢᠢ᠎ᠡ ᠬᠠᠩᠭᠠᠪᠠ᠃
ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠪᠣᠳᠠᠲᠤ ᠪᠠᠢᠳᠠᠯ᠎ᠳᠤ ᠰᠠᠭᠤᠷᠢᠯᠠᠵᠤ᠂ ᠬᠡᠷᠡᠭ᠌ᠯᠡᠭᠡ᠎ᠶ᠋ᠢ ᠳᠠᠢᠴᠢᠯᠠᠬᠤ᠂ ᠬᠡᠯᠪᠡᠷᠢ᠎ᠶ᠋ᠢ ᠨᠢ ᠬᠤᠪᠢᠷᠠᠭᠤᠯᠬᠤ᠎ᠶ᠋ᠢ ᠠᠬᠢᠭᠤᠯᠬᠤ᠂ ᠨᠡᠭᠡᠭᠡᠯᠲᠡ᠎ᠶ᠋ᠢ ᠥᠷᠭᠡᠳᠭᠡᠬᠦ᠌᠎ᠪᠡᠷ ᠳᠠᠮᠵᠢᠨ᠂ ᠬᠢᠶ᠎ᠡ ᠪᠠᠭ᠍ᠰᠢ ᠲᠣᠭᠣᠷᠢᠭ ᠨᠢᠭᠡᠨᠲᠡ ᠱᠢᠨ᠎ᠡ ᠬᠥᠭ᠌ᠵᠢᠯᠲᠡ᠎ᠶ᠋ᠢᠨ ᠱᠢᠪᠲᠤᠯᠤᠯᠲᠠ᠎ᠶ᠋ᠢᠨ ᠴᠡᠭ ᠢ᠋ ᠡᠷᠢᠵᠦ᠍ ᠣᠯᠪᠠ᠃ ᠡᠭᠦᠨ᠎ᠦ ᠬᠠᠮᠲᠤ᠂ ᠱᠢᠨ᠎ᠡ ᠡᠨᠧᠷᠭᠢ᠎ᠶ᠋ᠢᠨ ᠮᠠᠱᠢᠨ ᠲᠡᠷᠭᠡ᠎ᠪᠡᠷ ᠠᠴᠢᠶᠠᠯᠠᠪᠤᠷᠢ ᠪᠣᠯᠭᠠᠵᠤ᠂ ᠣᠷᠳᠣᠰ ᠬᠣᠲᠠ ᠤᠶᠤᠨᠴᠢ ᠰᠦᠯᠵᠢᠶᠡᠨ᠎ᠦ ᠵᠠᠮ ᠬᠠᠷᠢᠯᠴᠠᠭᠠᠨ᠎ᠤ ᠵᠢᠱ᠌ᠢᠶ᠎ᠡ ᠦᠵᠡᠭᠦᠯᠬᠦ᠌ ᠲᠣᠭᠣᠷᠢᠭ᠎ᠤᠨ ᠲᠥᠷᠥᠯ ᠵᠦᠶ᠋ᠯ᠎ᠦᠨ ᠪᠥᠲᠥᠭᠡᠨ ᠪᠠᠢᠭᠤᠯᠤᠯᠲᠠ᠎ᠳᠤ ᠲᠦᠱᠢᠭ᠌ᠯᠡᠨ᠂ ᠪᠥᠬᠥ᠌ ᠬᠣᠲᠠ᠎ᠶ᠋ᠢᠨ ᠱᠢᠨ᠎ᠡ ᠡᠨᠧᠷᠭᠢ᠎ᠶ᠋ᠢᠨ ᠮᠠᠱᠢᠨ ᠲᠡᠷᠭᠡ ᠬᠢᠭᠡᠳ ᠤᠶᠤᠨᠴᠢ ᠵᠠᠮ ᠬᠠᠷᠢᠯᠴᠠᠭ᠎ᠠ᠂ ᠤᠶᠤᠨᠳᠤ ᠬᠣᠲᠠ᠎ᠶ᠋ᠢᠨ ᠠᠭᠤᠰᠤᠯᠴᠠᠨ ᠬᠥᠭ᠌ᠵᠢᠬᠦ᠌᠎ᠶ᠋ᠢ ᠤᠯᠠᠮ ᠨᠢᠭᠡ ᠠᠯᠬᠤᠮ ᠠᠬᠢᠭᠤᠯᠪᠠ᠃