— ᠪᠦᠬᠦ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ ᠠᠯᠠᠱᠠ ᠠᠢᠮᠠᠭ᠎ᠤᠨ ᠱᠧᠩ ᠱ᠌ᠢ ᠤᠰᠤᠨ ᠤ ᠶᠠᠪᠤᠳᠠᠯ᠎ᠤᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠦᠢᠯᠡᠳᠪᠦᠷᠢᠯᠡᠯ᠎ᠦᠨ ᠮᠡᠷᠭᠡᠵᠢᠯ᠎ᠦᠨ ᠬᠡᠯᠲᠡᠰ᠎ᠦᠨ ᠳᠡᠳ᠋ ᠳᠠᠷᠤᠭ᠎ᠠ ᠵᠢᠶᠤᠤ ᠱᠢᠩ ᠯᠢ ᠵᠢ ᠲᠡᠮᠳᠡᠭᠯᠡᠪᠡ
4 ᠰᠠᠷ᠎ᠠ᠎ᠶ᠋ᠢᠨ 28 ᠤ᠋ ᠥᠷᠯᠥᠭᠡ᠎ᠶ᠋ᠢᠨ 8 ᠴᠠᠭ ᠭᠠᠷᠤᠢ᠎ᠳᠤ᠂ ᠵᠢᠶᠤᠤ ᠱᠢᠩ ᠯᠢ ᠺᠣᠮᠫᠠᠨᠢ᠎ᠶ᠋ᠢᠨ ᠵᠢᠡᠨ ᠬᠤᠷᠠᠯ᠎ᠤᠨ ᠭᠡᠷ᠎ᠲᠦ ᠬᠦᠷᠴᠦ᠍᠂ ᠬᠣᠭᠣᠯᠠᠢ ᠱᠤᠭᠤᠮ᠎ᠤᠨ ᠲᠠᠷᠬᠠᠯᠲᠠ᠎ᠶ᠋ᠢᠨ ᠵᠢᠷᠤᠭ ᠢ ᠬᠠᠷᠠᠵᠤ᠂ ᠬᠠᠮᠲᠤ ᠠᠵᠢᠯᠯᠠᠭ᠍ᠰᠠᠳ᠎ᠲᠠᠭᠠᠨ ᠨᠢᠭᠡ ᠭᠠᠷᠠᠭ ᠤᠨ ᠲᠣᠭᠣᠷᠢᠨ ᠪᠠᠢᠴᠠᠭᠠᠬᠤ ᠠᠵᠢᠯ ᠢ ᠪᠠᠢᠷᠢᠯᠠᠭᠤᠯᠪᠠ᠃ ᠠᠵᠢᠯ᠎ᠢᠶᠠᠨ ᠪᠠᠢᠷᠢᠯᠠᠭᠤᠯᠵᠤ ᠪᠠᠷᠠᠭ᠍ᠰᠠᠨ᠎ᠤ ᠳᠠᠷᠠᠭ᠎ᠠ᠂ ᠲᠡᠷᠡ ᠰᠡᠯᠪᠢᠨ ᠵᠠᠰᠠᠬᠤ ᠪᠠᠭᠠᠵᠢ ᠬᠡᠷᠡᠭᠰᠡᠯ ᠤ᠋ᠨ ᠬᠠᠢᠷᠴᠠᠭ ᠵᠢᠡᠨ ᠠᠪᠴᠤ᠂ ᠬᠠᠮᠲᠤ ᠠᠵᠢᠯᠯᠠᠭ᠍ᠰᠠᠳ᠎ᠲᠠᠶ᠎ᠪᠠᠨ ᠳᠤᠭᠤᠢᠯᠠᠩ ᠬᠤᠪᠢᠶᠠᠨ ᠥᠪᠡᠷ ᠥᠪᠡᠷ᠎ᠦᠨ ᠬᠠᠷᠢᠭᠤᠴᠠᠵᠤ ᠪᠠᠢᠭ᠎ᠠ ᠤᠰᠤ ᠬᠠᠩᠭᠠᠬᠤ ᠬᠣᠭᠣᠯᠠᠢ ᠲᠣᠣᠷ᠎ᠤᠨ ᠣᠷᠣᠨ ᠪᠦᠰᠡ᠎ᠳᠦ ᠬᠦᠷᠴᠦ᠍᠂ ᠨᠢᠭᠡ ᠡᠳᠦᠷ ᠦᠨ ᠲᠣᠭᠣᠷᠢᠨ ᠪᠠᠢᠴᠠᠭᠠᠵᠤ ᠰᠡᠯᠪᠢᠨ ᠵᠠᠰᠠᠬᠤ ᠠᠵᠢᠯ ᠵᠢᠡᠨ ᠡᠬᠢᠯᠡᠭᠦᠯᠪᠡ᠃
《ᠤᠢᠷ᠎ᠠ ᠳ᠋ᠦ ᠤᠰᠤ ᠬᠠᠩᠭᠠᠬᠤ ᠣᠷᠭᠢᠯ ᠬᠤᠭᠤᠴᠠᠭᠠᠨ ᠳᠤ ᠣᠷᠣᠵᠤ᠂ ᠮᠠᠨ᠎ᠤ ᠬᠠᠷᠢᠭᠤᠴᠠᠵᠤ ᠪᠠᠢᠭ᠎ᠠ ᠣᠷᠣᠨ ᠪᠦᠰᠡ ᠶ᠋ᠢᠨ ᠣᠷᠴᠢᠨ ᠨᠦᠬᠦᠴᠡᠯ ᠮᠠᠰᠢ ᠪᠠᠷᠤᠭᠳᠠᠢ᠂ ᠠᠰᠠᠭᠤᠳᠠᠯ ᠪᠤᠳᠤᠯᠢᠶᠠᠨᠲᠠᠶ ᠪᠠᠢᠵᠤ᠂ ᠡᠷᠬᠡᠪᠰᠢ ᠲᠣᠭᠣᠷᠢᠨ ᠪᠠᠢᠴᠠᠭᠠᠬᠤ ᠠᠵᠢᠯ ᠢ ᠬᠢᠨᠠᠮᠠᠭᠠᠶ ᠰᠠᠢᠲᠤᠷ ᠬᠢᠪᠡᠯ ᠰᠠᠶᠢ ᠡᠯ᠎ᠡ ᠨᠢᠭᠡᠴᠢ᠂ ᠠᠵᠤ ᠠᠬᠤᠢᠯᠠᠯ ᠪᠣᠯᠤᠨ ᠰᠠᠭᠤᠭᠠᠯᠢ ᠠᠷᠠᠳ᠎ᠤᠨ ᠤᠰᠤ ᠬᠠᠩᠭᠠᠬᠤ ᠠᠮᠤᠷ ᠲᠦᠪᠱᠢᠨ ᠲᠣᠭ᠍ᠲᠠᠭᠤᠨ ᠪᠠᠢᠬᠤ ᠶ᠋ᠢ ᠦᠨᠡᠨ ᠬᠦ᠌ ᠪᠠᠲᠤᠯᠠᠵᠤ ᠴᠢᠳᠠᠨ᠎ᠠ》 ᠭᠡᠵᠦ᠍ ᠵᠢᠶᠤᠤ ᠱᠢᠩ ᠯᠢ ᠳᠠᠮᠵᠢᠭᠤᠯᠬᠤ ᠬᠣᠭᠣᠯᠠᠢ᠎ᠶ᠋ᠢᠨ ᠨᠠᠷᠢᠨ ᠵᠦᠢᠯᠡᠰ᠎ᠢ ᠲᠣᠭᠣᠷᠢᠨ ᠪᠠᠢᠴᠠᠭᠠᠬᠤ᠎ᠶ᠋ᠢᠨ ᠳᠠᠭᠠᠤ ᠰᠤᠷᠪᠤᠯᠵᠢᠯᠠᠭ᠍ᠴᠢ᠎ᠳᠤ ᠬᠡᠯᠡᠪᠡ᠃
ᠵᠢᠶᠤᠤ ᠱᠢᠩ ᠯᠢ ᠪᠣᠯ ᠠᠯᠠᠱᠠ ᠠᠢᠮᠠᠭ᠎ᠤᠨ ᠱᠧᠩ ᠱ᠌ᠢ ᠤᠰᠤᠨ᠎ᠤ ᠶᠠᠪᠤᠳᠠᠯ᠎ᠤᠨ ᠬᠤᠪᠢᠴᠠᠭᠠᠳᠤ ᠬᠢᠵᠠᠭᠠᠷᠲᠤ ᠺᠣᠮᠫᠠᠨᠢ᠎ᠶ᠋ᠢᠨ ᠦᠢᠯᠡᠳᠪᠦᠷᠢᠯᠡᠯ᠎ᠦᠨ ᠮᠡᠷᠭᠡᠵᠢᠯ᠎ᠦᠨ ᠬᠡᠯᠳᠡᠰ ᠤ᠋ᠨ ᠳᠡᠳ᠋ ᠲᠠᠷᠤᠭ᠎ᠠ ᠪᠣᠯᠤᠨ᠎ᠠ᠃ 16 ᠵᠢᠯ ᠦᠨ ᠲᠤᠷᠰᠢ᠂ ᠲᠡᠷᠡ ᠠᠯᠠᠱᠠ ᠠᠢᠮᠠᠭ᠎ᠤᠨ ᠠᠯᠠᠱᠠ᠎ᠶ᠋ᠢᠨ ᠳᠡᠭᠡᠳᠦ ᠱᠢᠨ᠎ᠡ ᠮᠡᠷᠭᠡᠵᠢᠯ ᠦᠨ ᠲᠣᠭᠣᠷᠢᠭ ᠤᠨ ᠤᠰᠤ ᠬᠠᠩᠭᠠᠬᠤ ᠡᠮᠦᠨ᠎ᠡ ᠹᠷᠣᠨᠲ ᠲᠤ ᠦᠨᠳᠦᠰᠦᠯᠡᠵᠦ᠍᠂ ᠬᠦᠷᠢᠶᠡᠯᠡᠩ ᠲᠣᠭᠣᠷᠢᠭ ᠤᠨ ᠤᠰᠤᠨ ᠬᠣᠭᠣᠯᠠᠶ᠎ᠶ᠋ᠢ ᠪᠦᠷ ᠲᠤᠭᠤᠷᠢᠨ ᠪᠠᠢᠴᠠᠭᠠᠵᠤ ᠦᠩᠭᠡᠷᠡᠵᠦ᠂ ᠬᠦᠴᠦ ᠬᠥᠯᠥᠰᠥ ᠪᠠᠷ ᠵᠢᠡᠨ ᠲᠦᠭ ᠲᠦᠮᠡᠨ ᠠᠢᠯ ᠡᠷᠦᠬᠡ᠎ᠶ᠋ᠢᠨ ᠤᠰᠤ ᠬᠡᠷᠡᠭ᠌ᠯᠡᠬᠦ᠌ ᠠᠮᠤᠷ ᠲᠦᠪᠱᠢᠨ ᠢ ᠰᠠᠬᠢᠨ ᠬᠠᠮᠠᠭᠠᠯᠠᠵᠤ᠂ ᠪᠣᠳᠠᠲᠤ ᠠᠵᠢᠯᠯᠠᠭ᠎ᠠ ᠪᠠᠷ ᠢᠶᠠᠨ ᠱᠢᠨ᠎ᠡ ᠴᠠᠭ ᠦᠶ᠎ᠡ᠎ᠶ᠋ᠢᠨ ᠤᠰᠤᠨ᠎ᠤ ᠶᠠᠪᠤᠳᠠᠯ᠎ᠤᠨ ᠠᠵᠢᠯᠲᠠᠨ᠎ᠤ ᠬᠠᠷᠢᠭᠤᠴᠠᠯᠭ᠎ᠠ ᠪᠠ ᠡᠭᠦᠷᠭᠡᠯᠡᠯ ᠢ ᠡᠭᠦᠷᠬᠡᠯᠡᠵᠦ᠂ ᠬᠠᠮᠲᠤ ᠠᠵᠢᠯᠯᠠᠭ᠍ᠰᠠᠳ ᠨᠢ ᠲᠡᠬᠦᠨ ᠢ ᠬᠦᠷᠢᠶᠡᠯᠡᠩ ᠲᠣᠭᠣᠷᠢᠭ᠎ᠤᠨ ᠤᠰᠤ ᠬᠠᠩᠭᠠᠬᠤ ᠹᠷᠣᠨᠲ᠎ᠤᠨ 《ᠡᠷᠬᠢ ᠱᠤᠷᠠᠭ》 ᠬᠡᠮᠡᠨ ᠳᠣᠲᠣᠨᠣᠴᠢᠯᠠᠨ ᠳᠠᠭᠤᠳᠠᠳᠠᠭ ᠪᠤᠯᠵᠠᠢ᠃
2009 ᠣᠨ᠎ᠳᠤ᠂ ᠵᠢᠶᠤᠤ ᠱᠢᠩ ᠯᠢ ᠶᠡᠬᠡ ᠰᠤᠷᠭᠠᠭᠤᠯᠢ᠎ᠪᠠᠨ ᠲᠡᠭᠦᠰᠦᠭ᠌ᠰᠡᠨ᠎ᠦ ᠳᠠᠷᠠᠭ᠎ᠠ᠂ ᠠᠯᠠᠱᠠ ᠠᠢᠮᠠᠭ᠎ᠤᠨ ᠱᠧᠩ ᠱ᠌ᠢ ᠤᠰᠤᠨ᠎ᠤ ᠶᠠᠪᠤᠳᠠᠯ ᠤᠨ ᠬᠢᠵᠠᠭᠠᠷᠲᠤ ᠺᠣᠮᠫᠠᠨᠢ᠎ᠳᠤ ᠪᠠᠢᠴᠠᠭᠠᠨ ᠵᠠᠰᠠᠬᠤ ᠠᠵᠢᠯᠴᠢᠨ ᠪᠣᠯᠪᠠ᠃ ᠲᠡᠷᠡ ᠰᠠᠶᠢᠬᠠᠨ ᠠᠵᠢᠯ ᠳᠤ ᠣᠷᠣᠵᠤ᠂ ᠲᠤᠬᠠᠢᠯᠠᠭ᠍ᠰᠠᠨ ᠠᠵᠢᠯ᠎ᠢᠶᠠᠨ ᠳᠠᠷᠤᠢ ᠲᠦᠷᠭᠡᠨ ᠪᠣᠯᠪᠠᠰᠤᠷᠠᠩᠭᠤᠢ ᠡᠵᠡᠮᠱᠢᠬᠦ᠌᠎ᠶ᠋ᠢᠨ ᠲᠥᠯᠥᠭᠡ᠂ ᠨᠢᠭᠡ ᠲᠠᠯ᠎ᠠ᠎ᠪᠠᠷ ᠲᠤᠰᠭᠠᠢ ᠮᠡᠷᠭᠡᠵᠢᠯ᠎ᠦᠨ ᠨᠣᠮ ᠪᠢᠴᠢᠭ᠎ᠢ ᠰᠢᠮᠳᠠᠨ ᠤᠩᠱᠢᠵᠤ᠂ ᠨᠦᠬᠦᠭᠡ ᠲᠠᠯ᠎ᠠ᠎ᠪᠠᠷ ᠠᠬᠠᠮᠠᠳ ᠪᠠᠭ᠍ᠰᠢ᠎ᠨᠠᠷ ᠡᠴᠡ ᠰᠤᠷᠤᠯᠴᠠᠵᠤ᠂ ᠤᠳᠠᠭ᠎ᠠ ᠪᠦᠷᠢ᠎ᠶ᠋ᠢᠨ ᠲᠤᠨᠤᠭ ᠲᠥᠬᠥᠭᠡᠷᠦᠮᠵᠢ᠎ᠶ᠋ᠢ ᠰᠡᠯᠪᠢᠨ ᠵᠠᠰᠠᠬᠤ᠂ ᠤᠳᠠᠭ᠎ᠠ ᠪᠦᠷᠢ᠎ᠶ᠋ᠢᠨ ᠬᠠᠷᠰᠢ ᠰᠠᠭᠠᠳ᠎ᠢ ᠠᠷᠢᠯᠭᠠᠬᠤ ᠨᠢ ᠴᠥᠮ ᠲᠡᠭᠦᠨ᠎ᠦ ᠰᠤᠷᠤᠯᠴᠠᠬᠤ ᠲᠣᠬᠢᠶᠠᠯ ᠪᠤᠯᠤᠬᠰᠠᠨ ᠪᠠᠢᠪᠠ ; ᠠᠮᠠᠷᠠᠬᠤ ᠴᠠᠭ᠎ᠲᠠᠭᠠᠨ ᠴᠦ᠍ ᠲᠡᠷᠡ ᠠᠬᠠᠮᠠᠳ ᠪᠠᠭ᠍ᠰᠢ᠎ᠶ᠋ᠢᠨ ᠵᠢᠡᠨ ᠲᠡᠷᠭᠡᠳᠡ ᠤᠴᠢᠨ ᠳᠠᠷᠤᠤ ᠬᠢᠴᠢᠶᠡᠩᠭᠦᠢ᠎ᠪᠡᠷ ᠠᠰᠠᠭᠤᠨ ᠯᠠᠪᠯᠠᠵᠤ᠂ ᠠᠬᠠᠮᠠᠳ ᠪᠠᠭ᠍ᠰᠢ᠎ᠨᠠᠷ᠎ᠤᠨ ᠲᠠᠢᠯᠪᠤᠷᠢᠯᠠᠭ᠍ᠰᠠᠨ ᠪᠠᠢᠴᠠᠭᠠᠨ ᠵᠠᠰᠠᠬᠤ᠎ᠶ᠋ᠢᠨ ᠭᠣᠣᠯᠳᠠᠯᠭ᠎ᠠ ᠪᠠ ᠠᠷᠭ᠎ᠠ ᠤᠬᠠᠭᠠᠨ ᠢ ᠨᠠᠷᠢᠨ ᠬᠢᠨᠠᠮᠠᠭᠠᠢ ᠴᠡᠭᠡᠵᠢᠯᠡᠪᠡ᠃ ᠤᠴᠢᠷ ᠶᠠᠪᠤᠳᠠᠯ ᠬᠢᠬᠦ᠌᠎ᠳᠡᠭᠡᠨ ᠦᠨᠡᠨ ᠬᠦ᠌ ᠬᠦᠴᠦ᠍ ᠣᠷᠣᠭᠤᠯᠵᠤ᠂ ᠴᠥᠬᠥᠷᠡᠰᠢ ᠥᠬᠡᠶ ᠰᠤᠷᠤᠯᠴᠠᠨ ᠰᠤᠳᠤᠯᠬᠤ᠎ᠪᠠᠷ ᠳᠡᠮᠵᠢᠨ᠂ ᠵᠢᠶᠤᠤ ᠱᠢᠩ ᠯᠢ ᠮᠠᠰᠢ ᠲᠦᠷᠭᠡᠨ᠎ᠢᠶᠡᠷ ᠤᠰᠤ ᠬᠠᠩᠭᠠᠯᠳᠠ ᠵᠢᠨ ᠪᠠᠢᠴᠠᠭᠠᠨ ᠰᠡᠯᠪᠢᠬᠦ᠌ 《ᠮᠡᠷᠭᠡᠵᠢᠯᠲᠡᠨ》 ᠪᠣᠯᠤᠭ᠍ᠰᠠᠨ ᠪᠠᠢᠨ᠎ᠠ᠃
《ᠡᠨᠡ ᠠᠵᠢᠯ ᠢ ᠰᠣᠩᠭᠣᠭ᠍ᠰᠠᠨ ᠶᠤᠮ ᠴᠢᠨᠢ ᠠᠵᠢᠯ᠎ᠢᠶᠠᠨ ᠰᠠᠢᠲᠤᠷ ᠬᠢᠵᠦ᠍᠂ ᠬᠡᠷᠡᠭ᠌ᠯᠡᠭ᠌ᠴᠢᠳ᠎ᠲᠦ ᠰᠠᠢᠲᠤᠷ ᠦᠢᠯᠡᠴᠢᠯᠡᠬᠦ᠌ ᠬᠡᠷᠡᠭ᠌ᠲᠡᠢ᠃ ᠲᠣᠭᠣᠷᠢᠨ ᠪᠠᠢᠴᠠᠭᠠᠬᠤ ᠪᠦᠷᠢ ᠪᠢ ᠪᠦᠷ 〈ᠠᠰᠠᠭᠤᠳᠠᠯ ᠰᠢᠢᠳᠪᠦᠷᠢᠯᠡᠬᠦ〉 ᠰᠡᠳᠭᠢᠬᠦᠢ ᠲᠠᠢ ᠶᠠᠪᠤᠵᠤ᠂ ᠱᠠᠯᠠᠪᠳᠠᠨ ᠵᠠᠰᠠᠬᠤ ᠤᠳᠠᠭ᠎ᠠ ᠪᠤᠯᠭᠠᠨ ᠢ᠋ ᠮᠡᠷᠭᠡᠵᠢᠯ᠎ᠦᠨ ᠪᠣᠯᠪᠠᠰᠤᠷᠠᠯ ᠵᠢᠡᠷ ᠦᠵᠡᠳᠡᠭ᠃ ᠪᠢ ᠬᠤᠷᠳᠤᠨ ᠠᠵᠢᠯᠯᠠᠪᠠᠯ ᠰᠠᠶᠢ ᠬᠡᠷᠡᠭ᠌ᠯᠡᠭ᠌ᠴᠢ ᠬᠤᠷᠳᠤᠨ ᠤᠰᠤ ᠬᠡᠷᠡᠭ᠌ᠯᠡᠵᠦ᠍ ᠪᠣᠯᠤᠨ᠎ᠠ》 ᠭᠡᠵᠦ᠍ ᠵᠢᠶᠤᠤ ᠱᠢᠩ ᠯᠢ ᠬᠡᠯᠡᠪᠡ᠃
ᠬᠡᠷᠡᠭ᠌ᠯᠡᠭ᠌ᠴᠢᠳ᠎ᠲᠦ ᠲᠥᠬᠥᠮ ᠦᠵᠡᠭᠦᠯᠬᠦ᠌᠎ᠶ᠋ᠢᠨ ᠲᠥᠯᠥᠭᠡ ᠵᠢᠶᠤᠤ ᠱᠢᠩ ᠯᠢ᠎ᠶ᠋ᠢᠨ ᠭᠠᠷ ᠤᠲᠠᠰᠤ ᠵᠢᠯᠵᠢᠨ 24 ᠴᠠᠭ᠎ᠢᠶᠠᠷ ᠨᠡᠭᠡᠭᠡᠯᠳᠡ ᠲᠠᠢ ᠪᠠᠢᠳᠠᠬ᠃ ᠲᠡᠭ᠎ᠡᠴᠡ ᠳᠣᠷᠣᠭ᠍ᠰᠢ 20 ᠭᠠᠷᠤᠢ ᠭᠷᠠᠳᠦ᠋ᠰ᠎ᠦᠨ ᠡᠪᠦᠯ᠎ᠦᠨ ᠡᠳᠦᠷ ᠴᠦ᠍ ᠲᠡᠷᠡ᠂ ᠰᠥᠨᠢ ᠳᠦᠯᠢ ᠴᠦ᠍ ᠲᠡᠷᠡ᠂ ᠰᠡᠯᠪᠢᠨ ᠵᠠᠰᠠᠬᠤ᠂ ᠵᠠᠪᠳᠤᠨ ᠵᠠᠰᠠᠬᠤ ᠤᠲᠠᠰᠤ᠎ᠶ᠋ᠢ ᠲᠤᠰᠳᠠᠭ ᠯᠠ ᠶᠤᠮ ᠪᠣᠯ ᠲᠡᠷᠡ ᠳᠠᠷᠤᠢ ᠲᠦᠷᠭᠡᠨ ᠲᠤᠬᠠᠢ᠎ᠶ᠋ᠢᠨ ᠲᠠᠯᠠᠪᠠᠢ᠎ᠳᠤ ᠣᠴᠢᠳᠠᠭ᠃
2017 ᠣᠨ᠎ᠤ 7 ᠰᠠᠷ᠎ᠠ᠎ᠶ᠋ᠢᠨ ᠨᠢᠭᠡᠨ ᠤᠷᠤᠢ ᠶᠡᠬᠡ ᠪᠣᠷᠣᠭᠠᠨ ᠤᠷᠤᠪᠠ᠃ ᠵᠢᠶᠤᠤ ᠱᠢᠩ ᠯᠢ ᠬᠢᠮᠤᠷᠠᠭ᠍ᠰᠠᠨᠡᠴᠡ ᠪᠡᠶ᠎ᠡ ᠨᠢ ᠮᠠᠰᠢ ᠡᠪ ᠦᠭᠡᠢ ᠪᠠᠢᠯ᠎ᠠ᠃ ᠡᠨᠡ ᠦᠶ᠎ᠡ᠎ᠳᠦ ᠨᠢᠭᠡᠨ ᠰᠠᠭᠤᠭᠠᠯᠢ ᠠᠷᠠᠳ ᠤᠲᠠᠰᠤ ᠢᠷᠡᠭᠦᠯᠵᠦ᠍᠂ ᠭᠡᠷ᠎ᠦᠨ ᠬᠢᠨᠢ ᠤᠰᠤ ᠳᠠᠮᠵᠢᠭᠤᠯᠬᠤ ᠬᠣᠭᠣᠯᠠᠢ ᠬᠠᠭᠠᠷᠠᠪᠠ ᠭᠡᠵᠡᠢ᠃ ᠲᠡᠷᠡ ᠶᠠᠭᠤ ᠴᠤ᠌ ᠬᠡᠯᠡᠭ᠌ᠰᠡᠨ ᠦᠭᠡᠢ᠂ ᠬᠤᠷᠳᠤᠨ ᠭᠡᠭᠴᠢ ᠠᠵᠢᠯ᠎ᠤᠨ ᠬᠤᠪᠴᠠᠰᠤ᠎ᠪᠠᠨ ᠡᠮᠦᠰᠴᠦ᠍᠂ ᠪᠠᠭᠠᠵᠢ ᠬᠡᠷᠡᠭ᠌ᠰᠡᠯ᠎ᠢᠶᠡᠨ ᠠᠪᠤᠭᠠᠳ ᠬᠡᠷᠡᠭ᠌ᠯᠡᠭ᠌ᠴᠢ᠎ᠶ᠋ᠢᠨ ᠭᠡᠷ᠎ᠲᠦ ᠣᠴᠢᠪᠠ᠃ ᠶᠠᠭᠠᠷᠠᠭᠠᠳ ᠡᠬᠢᠯᠡᠪᠡᠯ ᠭᠤᠷᠪᠠ ᠳᠥᠷᠪᠡᠨ ᠴᠠᠭ ᠴᠤ᠌ ᠬᠤᠷᠳᠤᠨ ᠥᠩᠭᠡᠷᠡᠵᠦ᠂ ᠳᠠᠮᠵᠢᠭᠤᠯᠬᠤ ᠬᠣᠭᠣᠯᠠᠶ ᠶ᠋ᠢ ᠵᠠᠰᠠᠵᠤ ᠪᠠᠷᠠᠬᠤ ᠦᠶᠡᠰ ᠨᠢᠭᠡᠨᠲᠡ ᠰᠥᠨᠢ ᠳᠦᠯᠢ ᠪᠣᠯᠵᠠᠢ᠃ ᠬᠡᠷᠡᠭ᠌ᠯᠡᠭ᠌ᠴᠢ ᠡᠴᠡ ᠲᠠᠯᠠᠷᠬᠠᠯ ᠤᠨ ᠰᠡᠳᠭᠢᠯ᠎ᠢᠶᠡᠨ ᠢᠯᠡᠳᠭᠡᠬᠦ ᠳ᠋ᠤ᠂ ᠲᠡᠷᠡ ᠢᠨᠢᠶᠡᠭᠰᠡᠭᠡᠷ᠄《ᠬᠠᠮᠢᠶ᠎ᠠ ᠦᠭᠡᠢ᠂ ᠡᠨᠡ ᠪᠣᠯ ᠮᠢᠨᠦ᠍ ᠬᠢᠬᠦ᠌ ᠶᠣᠰᠣᠲᠠᠢ ᠠᠵᠢᠯ》 ᠭᠡᠪᠡ᠃
ᠵᠢᠯ ᠪᠦᠷᠢ᠎ᠶ᠋ᠢᠨ ᠴᠠᠭᠠᠨ ᠰᠠᠷ᠎ᠠ᠎ᠶ᠋ᠢᠨ ᠬᠤᠭᠤᠴᠠᠭᠠᠨ᠎ᠳᠤ᠂ ᠵᠢᠶᠤᠤ ᠱᠢᠩ ᠯᠢ ᠪᠦᠷ ᠠᠵᠢᠯ᠎ᠤᠨ ᠪᠠᠢᠷᠢ᠎ᠪᠠᠨ ᠪᠠᠲᠤ ᠰᠠᠬᠢᠵᠤ ᠲᠣᠭᠣᠷᠢᠨ ᠴᠠᠭ᠍ᠳᠠᠵᠤ ᠵᠢᠵᠢᠭᠦᠷᠯᠡᠳᠡᠭ᠃
2019 ᠣᠨ᠎ᠤ ᠴᠠᠭᠠᠨ ᠰᠠᠷ᠎ᠠ᠎ᠶ᠋ᠢᠨ ᠱᠢᠨ᠎ᠡ᠎ᠶ᠋ᠢᠨ ᠭᠤᠷᠪᠠᠨ᠎ᠤ᠋ ᠰᠦᠨᠢ ᠬᠡᠨᠡᠳᠳᠡ ᠶᠡᠬᠡ ᠬᠦᠢᠳᠡᠷᠡᠵᠦ᠂ ᠠᠯᠠᠱᠠ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠭᠤᠷᠪᠠᠳᠤᠭᠠᠷ ᠳᠡᠰ᠎ᠤᠨ ᠬᠥᠭᠡᠷᠭᠡ᠎ᠶ᠋ᠢᠨ ᠥᠷᠲᠡᠭᠡ ᠪᠠ B ᠭᠠᠵᠠᠷ ᠣᠷᠣᠨ᠎ᠳᠤ ᠴᠥᠮ ᠤᠰᠤᠨ ᠬᠣᠭᠣᠯᠠᠶ ᠳᠡᠯᠪᠡᠷᠡᠵᠦ᠍ ᠤᠰᠤ ᠭᠣᠭᠣᠵᠢᠬᠰᠠᠨ ᠬᠦᠨᠳᠦ ᠨᠣᠴᠢᠲᠠᠶ ᠠᠰᠠᠭᠤᠳᠠᠯ ᠭᠠᠷᠴᠤ᠌᠂ ᠤᠰᠤ ᠴᠠᠬᠢᠯᠭᠠᠨ ᠪᠦᠷ ᠵᠣᠭ᠍ᠰᠣᠪᠠ᠃ ᠡᠨᠳᠡᠯ ᠭᠠᠷᠤᠭᠰᠠᠨ ᠤ᠋ ᠳᠠᠷᠠᠭ᠎ᠠ᠂ ᠵᠢᠶᠤᠤ ᠱᠢᠩ ᠯᠢ ᠬᠠᠮᠲᠤ ᠠᠵᠢᠯᠯᠠᠭᠰᠠᠳ ᠵᠢᠡᠨ ᠳᠠᠭᠠᠭᠤᠯᠤᠨ ᠲᠤᠬᠠᠶ᠎ᠶ᠋ᠢᠨ ᠲᠠᠯᠠᠪᠠᠶ᠎ᠳᠤ ᠬᠦᠷᠴᠦ᠍᠂ ᠭᠠᠵᠠᠷ ᠳᠡᠭᠡᠷᠡᠬᠢ ᠮᠥᠰᠥ᠎ᠶ᠋ᠢ ᠲᠦᠷᠭᠡᠨ ᠴᠡᠪᠡᠷᠯᠡᠵᠦ᠍᠂ ᠬᠠᠭᠠᠷᠠᠭ᠍ᠰᠠᠨ ᠤᠰᠤᠨ ᠬᠣᠭᠣᠯᠠᠶ᠎ᠶ᠋ᠢ ᠵᠠᠪᠳᠤᠨ ᠵᠠᠰᠠᠵᠤ᠂ ᠥᠷᠯᠥᠭᠡ᠎ᠶ᠋ᠢᠨ 4 ᠴᠠᠭ ᠭᠠᠷᠤᠶ ᠪᠣᠯᠲᠠᠯ᠎ᠠ ᠶᠠᠭᠠᠷᠠᠭᠠᠳ ᠤᠰᠤᠨ ᠬᠣᠭᠣᠯᠠᠶ᠎ᠶ᠋ᠢ ᠵᠠᠰᠠᠵᠤ ᠪᠠᠷᠠᠭ᠍ᠰᠠᠨ᠎ᠤ ᠳᠠᠷᠠᠭ᠎ᠠ ᠰᠠᠶᠢ ᠬᠠᠷᠢᠵᠠᠢ᠃
2016 ᠣᠨ᠎ᠡᠴᠡ 2019 ᠣᠨ ᠪᠣᠯᠲᠠᠯᠠᠬᠢ ᠬᠤᠭᠤᠴᠠᠭ᠎ᠠ ᠪᠣᠯ ᠵᠢᠶᠤᠤ ᠱᠢᠩ ᠯᠢ᠎ᠶ᠋ᠢᠨ ᠰᠡᠯᠪᠢᠨ ᠵᠠᠰᠠᠬᠤ ᠡᠭᠦᠷᠭᠡ ᠬᠠᠮᠤᠭ᠎ᠤᠨ ᠬᠦᠨᠳᠦ 3 ᠵᠢᠯ ᠪᠣᠯᠤᠨ᠎ᠠ᠃ ᠲᠤᠬᠠᠶ᠎ᠶ᠋ᠢᠨ ᠦᠶ᠎ᠡ᠎ᠳᠦ᠂ ᠠᠯᠠᠱᠠ᠎ᠶ᠋ᠢᠨ ᠳᠡᠭᠡᠳᠦ ᠱᠢᠨ᠎ᠡ ᠮᠡᠷᠭᠡᠵᠢᠯ᠎ᠦᠨ ᠲᠣᠭᠣᠷᠢᠭ᠎ᠤᠨ ᠵᠠᠷᠢᠮ ᠤᠰᠤ ᠬᠠᠩᠭᠠᠬᠤ ᠬᠣᠭᠣᠯᠠᠶ ᠱᠤᠭᠤᠮ᠎ᠤᠨ ᠬᠡᠷᠡᠭᠯᠡᠭᠰᠡᠨ ᠵᠢᠯ ᠬᠤᠭᠤᠴᠠᠭ᠎ᠠ ᠬᠡᠲᠦᠷᠬᠡᠶ ᠣᠷᠳᠣ᠂ ᠬᠣᠭᠣᠯᠠᠶ ᠪᠥᠭ᠌ᠯᠡᠷᠡᠬᠦ᠌᠂ ᠢᠯᠵᠢᠷᠡᠵᠦ᠍ ᠤᠰᠤ ᠭᠣᠭᠣᠵᠢᠬᠤ᠂ ᠤᠰᠤᠨ᠎ᠤ ᠴᠢᠨᠠᠷ᠎ᠢ ᠨᠥᠯᠥᠭᠡᠯᠡᠬᠦ᠌ ᠪᠠᠢᠳᠠᠯ ᠪᠠᠢᠨ ᠳᠠᠬᠢᠨ ᠭᠠᠷᠴᠤ᠌ ᠪᠠᠢᠪᠠ᠃ ᠨᠦᠰᠡᠷ ᠶᠡᠬᠡ ᠳᠠᠷᠤᠯᠲᠠ᠎ᠶ᠋ᠢᠨ ᠡᠮᠦᠨ᠎ᠡ᠂ ᠵᠢᠶᠤᠤ ᠱᠢᠩ ᠯᠢ ᠬᠦᠨᠳᠦ ᠡᠭᠦᠷᠭᠡ᠎ᠶ᠋ᠢ ᠡᠭᠦᠷᠭᠡᠯᠡᠵᠦ᠍᠂ ᠮᠡᠷᠭᠡᠵᠢᠯ᠎ᠦᠨ ᠪᠣᠭᠣᠮᠲᠠ ᠱᠢᠪᠲᠤᠯᠬᠤ ᠳᠤᠭᠤᠢᠯᠠᠩ᠎ᠢ ᠲᠦᠷᠦᠭᠦᠯᠡᠨ ᠪᠠᠢᠭᠤᠯᠵᠤ᠂ ᠲᠣᠭᠣᠷᠢᠨ ᠪᠠᠢᠴᠠᠭᠠᠬᠤ ᠠᠵᠢᠯ ᠤᠨ ᠶᠠᠪᠤᠴᠠ᠎ᠶ᠋ᠢ ᠲᠣᠭ᠍ᠲᠠᠭᠠᠨ ᠲᠡᠭᠦᠯᠳᠡᠷᠵᠢᠭᠦᠯᠵᠦ᠍᠂ ᠡᠳᠦᠷ ᠪᠦᠷᠢ ᠤᠰᠤ ᠬᠠᠩᠭᠠᠬᠤ ᠬᠣᠭᠣᠯᠠᠢ ᠶ᠋ᠢ ᠰᠡᠯᠪᠢᠨ ᠵᠠᠰᠠᠬᠤ ᠡᠮᠦᠨ᠎ᠡ ᠹᠷᠣᠨᠲ᠎ᠲᠤ ᠶᠠᠭᠠᠷᠠᠨ ᠠᠵᠢᠯᠯᠠᠪᠠ᠃
ᠬᠡᠲᠦᠷᠬᠡᠢ ᠶᠠᠳᠠᠷᠠᠵᠦ ᠠᠵᠢᠯᠯᠠᠬᠰᠠᠨ ᠡᠴᠡ ᠪᠤᠯᠵᠤ ᠵᠢᠶᠤᠤ ᠱᠢᠩ ᠯᠢ᠎ᠶ᠋ᠢᠨ ᠨᠢᠷᠤᠭᠤ ᠰᠡᠭᠡᠷ᠎ᠦᠨ ᠮᠦᠭᠡᠷᠡᠰᠦᠨ ᠲᠠᠪᠠᠭ᠎ᠨᠢ ᠭᠡᠮᠲᠦᠵᠦ ᠪᠤᠯᠴᠢᠩ ᠨᠢ ᠱᠢᠷᠬᠠᠲᠤᠵᠠᠢ᠂ ᠭᠡᠪᠡᠴᠦ᠍ ᠡᠭᠦᠷᠭᠡ᠎ᠪᠡᠨ ᠲᠦᠷᠭᠡᠨ ᠪᠡᠶᠡᠯᠡᠭᠦᠯᠬᠦ᠌᠎ᠶ᠋ᠢᠨ ᠲᠥᠯᠥᠭᠡ᠂ ᠲᠡᠷᠡ ᠱᠢᠳᠦ ᠵᠠᠭᠤᠵᠤ ᠡᠪᠡᠳᠬᠦ᠌᠎ᠪᠡᠨ ᠲᠡᠰᠪᠦᠷᠢᠯᠡᠨ᠂ ᠰᠡᠯᠪᠢᠨ ᠵᠠᠰᠠᠬᠤ ᠪᠦᠯᠬᠦᠮ᠎ᠤᠨ ᠬᠢᠨ᠎ᠢᠶᠡᠨ ᠳᠠᠭᠠᠭᠤᠯᠤᠨ᠂ ᠬᠠᠮᠢᠭ᠎ᠠ ᠠᠰᠠᠭᠤᠳᠠᠯ ᠭᠠᠷᠪᠠᠯ ᠲᠡᠨᠳᠡ ᠬᠦᠷᠴᠤ ᠪᠠᠢᠪᠠ᠃ ᠲᠡᠷᠡ ᠪᠦᠯᠬᠦᠮ᠎ᠤᠨ ᠬᠢᠨ᠎ᠲᠡᠶ᠎ᠪᠡᠨ 3 ᠵᠢᠯ ᠴᠢᠷᠮᠠᠢᠵᠤ ᠪᠠᠢᠭᠠᠳ ᠶᠡᠬᠡ ᠰᠠᠢᠨ ᠦᠷ᠎ᠡ ᠪᠦᠲᠦᠮᠵᠢ ᠤᠯᠪᠠ᠄ ᠤᠰᠤ ᠬᠠᠩᠭᠠᠬᠤ ᠬᠣᠭᠣᠯᠠᠢ ᠱᠤᠭᠤᠮ᠎ᠤᠨ ᠭᠡᠮ ᠭᠠᠷᠬᠤ ᠨᠤᠷᠮ᠎ᠠ ᠪᠠᠭᠤᠷᠠᠵᠤ᠂ ᠠᠵᠤ ᠠᠬᠤᠢᠯᠠᠯ ᠪᠣᠯᠤᠨ ᠰᠠᠭᠤᠭᠠᠯᠢ ᠠᠷᠠᠳ ᠬᠡᠪ ᠵᠢᠡᠷ ᠤᠰᠤ ᠬᠡᠷᠡᠭ᠌ᠯᠡᠬᠦ᠌ ᠪᠤᠯᠪᠠ᠃
ᠤᠢ᠍ᠢᠷ᠎ᠠ ᠶ᠋ᠢᠨ ᠵᠢᠯ᠎ᠡᠴᠡ ᠵᠢᠶᠤᠤ ᠱᠢᠩ ᠯᠢ ᠪᠠᠰᠠ ᠵᠠᠩᠭᠢᠯᠠᠭ᠎ᠠ᠎ᠶ᠋ᠢᠨ ᠴᠢᠬᠤᠯᠠ ᠲᠤᠨᠤᠭ ᠲᠥᠬᠥᠭᠡᠷᠦᠮᠵᠢ᠎ᠶ᠋ᠢ ᠰᠡᠯᠪᠢᠨ ᠵᠠᠰᠠᠬᠤ᠂ ᠳᠠᠮᠵᠢᠭᠤᠯᠬᠤ ᠬᠣᠭᠣᠯᠠᠢ᠎ᠶ᠋ᠢᠨ ᠲᠥᠬᠥᠭᠡᠷᠦᠮᠵᠢ᠎ᠶ᠋ᠢ ᠴᠡᠪᠡᠷᠯᠡᠬᠦ᠌᠂ ᠤᠰᠤᠨ᠎ᠤ ᠴᠢᠨᠠᠷ᠎ᠢ ᠪᠠᠢᠴᠠᠭᠠᠨ ᠬᠡᠮᠵᠢᠵᠦ᠍ ᠦᠯᠢᠭᠡᠷ ᠠᠪᠬᠤ ᠵᠡᠷᠭᠡ ᠭᠣᠭ᠍ᠴᠣᠭ᠎ᠠ᠎ᠠᠴᠠ ᠭᠠᠷᠳᠠᠵᠤ᠂ ᠡᠯ᠎ᠡ ᠵᠦᠢᠯ ᠦᠨ ᠠᠵᠢᠯ᠎ᠤᠨ ᠲᠦᠷᠢᠮ᠂ ᠪᠠᠷᠢᠯᠭ᠎ᠠ᠎ᠶ᠋ᠢᠨ ᠠᠵᠢᠯ᠎ᠢ ᠱᠠᠯᠠᠪᠳᠠᠨ ᠵᠠᠰᠠᠬᠤ ᠪᠠᠴᠢᠮ ᠪᠠᠢᠳᠠᠯ ᠢ ᠠᠷᠭᠠᠴᠠᠭᠠᠬᠤ ᠲᠥᠰᠦᠯ ᠢ ᠲᠣᠭ᠍ᠲᠠᠭᠠᠨ ᠲᠡᠭᠦᠯᠳᠡᠷᠵᠢᠭᠦᠯᠵᠦ᠍᠂ ᠲᠣᠭᠣᠷᠢᠨ ᠪᠠᠢᠴᠠᠭᠠᠵᠤ ᠰᠡᠯᠪᠢᠨ ᠵᠠᠰᠠᠬᠤ ᠠᠵᠢᠯ᠎ᠤᠨ ᠵᠢᠷᠤᠮᠵᠢᠯ ᠪᠠ ᠶᠠᠪᠤᠴᠠ᠎ᠵᠢ ᠲᠠᠰᠤᠷᠠᠯᠳᠠ ᠦᠭᠡᠢ ᠴᠢᠩᠭᠠᠳᠭᠠᠵᠤ᠂ ᠬᠦᠷᠢᠶᠡᠯᠡᠩ ᠲᠣᠭᠣᠷᠢᠭ᠎ᠤᠨ ᠬᠣᠭᠣᠯᠠᠢ ᠲᠣᠣᠷ᠎ᠤᠨ ᠬᠡᠷᠡᠭ᠌ᠯᠡᠬᠦ᠌ ᠵᠢᠯ ᠬᠤᠭᠤᠴᠠᠭ᠎ᠠ ᠪᠣᠯᠤᠨ ᠬᠣᠭᠣᠯᠠᠢ ᠲᠣᠣᠷ᠎ᠤᠨ ᠤᠷᠳᠤ᠎ᠶ᠋ᠢ ᠲᠠᠰᠤᠷᠠᠯᠳᠠ ᠦᠭᠡᠢ ᠨᠡᠮᠡᠭ᠌ᠳᠡᠭᠦᠯᠵᠦ᠍᠂ ᠬᠦᠷᠢᠶᠡᠯᠡᠩ ᠲᠣᠭᠣᠷᠢᠭ᠎ᠤᠨ ᠤᠰᠤ ᠬᠠᠩᠭᠠᠬᠤ ᠠᠮᠤᠷ ᠲᠦᠪᠱᠢᠨ᠎ᠢ ᠬᠦᠴᠦᠲᠡᠢ ᠪᠠᠲᠤᠯᠠᠪᠠ᠃ 2024 ᠣᠨ ᠳᠤ᠂ ᠵᠢᠶᠤᠤ ᠱᠢᠩ ᠯᠢ ᠬᠠᠮᠲᠤ ᠠᠵᠢᠯᠯᠠᠭ᠍ᠰᠠᠳ᠎ᠲᠠᠶ᠎ᠪᠠᠨ ᠪᠦᠬᠦ᠌ ᠵᠢᠯ ᠳᠦ 700 ᠭᠠᠷᠤᠢ ᠤᠳᠠᠭ᠎ᠠ ᠲᠣᠭᠣᠷᠢᠨ ᠪᠠᠢᠴᠠᠭᠠᠵᠤ᠂ 108 ᠤᠳᠠᠭ᠎ᠠ ᠦᠯᠢᠭᠡᠷ ᠠᠪᠤᠪᠠ᠃ ᠣᠳᠣᠬᠠᠨ᠎ᠳᠤ᠂ ᠬᠦᠷᠢᠶᠡᠯᠡᠩ ᠲᠣᠭᠣᠷᠢᠭ᠎ᠤᠨ ᠤᠰᠤ ᠬᠠᠩᠭᠠᠬᠤ ᠬᠣᠭᠣᠯᠠᠶ᠎ᠶ᠋ᠢᠨ ᠤᠰᠤᠨ᠎ᠤ ᠴᠢᠨᠠᠷ᠎ᠨᠢ ᠴᠥᠮ ᠪᠠᠷᠢᠮᠵᠢᠶ᠎ᠠ᠎ᠳᠤ ᠬᠦᠷᠴᠦ᠍᠂ ᠤᠰᠤ ᠬᠠᠩᠭᠠᠬᠤ ᠦᠷ᠎ᠡ ᠪᠦᠲᠦᠮᠵᠢ᠎ᠨᠢ ᠢᠮᠠᠭ᠍ᠲᠠ 95% ᠡᠴᠡ ᠳᠡᠭᠡᠭ᠌ᠰᠢ ᠪᠠᠢᠬᠤ᠎ᠶ᠋ᠢ ᠪᠠᠲᠤᠯᠠᠪᠠ᠃
ᠪᠦᠷᠢᠳᠭᠡᠯ᠎ᠢ ᠦᠨᠳᠦᠰᠦᠯᠡᠪᠡᠯ᠂ ᠵᠢᠶᠤᠤ ᠱᠢᠩ ᠯᠢ ᠲᠣᠭᠣᠷᠢᠨ ᠬᠠᠮᠠᠭᠠᠯᠠᠬᠤ ᠪᠦᠬᠦ ᠠᠵᠢᠯᠲᠡᠨᠵᠢᠡᠨ ᠳᠠᠭᠠᠭᠠᠭᠤᠯᠤᠨᠰᠠᠭᠤᠭᠠᠯᠢ ᠠᠷᠠᠳ᠎ᠤᠨ ᠤᠰᠤᠨ ᠬᠡᠮᠵᠢᠭᠦᠷ᠎ᠢ 4000 ᠭᠠᠷᠤᠶ ᠡᠷᠦᠬᠡ (ᠤᠳᠠᠭ᠎ᠠ) ᠰᠡᠯᠪᠢᠨ ᠬᠠᠮᠠᠭᠠᠯᠠᠵᠤ᠂ 300 ᠭᠠᠷᠤᠶ ᠬᠡᠷ᠎ᠦᠨ ᠭᠠᠳᠠᠨᠠᠬᠢ ᠬᠣᠭᠣᠯᠠᠶ᠎ᠶ᠋ᠢᠨ ᠨᠡᠭᠡᠯᠡᠬᠡᠶ᠎ᠶ᠋ᠢ ᠰᠡᠯᠪᠢᠨ ᠵᠠᠰᠠᠵᠤ᠂ 200 ᠭᠠᠷᠤᠶ ᠤᠳᠠᠭ᠎ᠠ ᠬᠣᠭᠣᠯᠠᠶ᠎ᠵᠢ ᠵᠠᠯᠭᠠᠵᠤ᠂ 1000 ᠭᠠᠷᠤᠶ ᠤᠳᠠᠭ᠎ᠠ ᠤᠰᠤᠨ ᠬᠤᠳᠳᠤᠭ᠎ᠢ ᠴᠡᠪᠡᠷᠯᠡᠵᠦ᠂ ᠡᠳᠦᠷ ᠲᠤᠮᠳᠠᠴᠢ ᠪᠡᠷ 120 ᠭᠠᠷᠤᠶ ᠺᠢᠯᠣᠮᠧᠲ᠋ᠷ ᠲᠤᠭᠤᠷᠢᠨ ᠪᠠᠢᠴᠠᠭᠠᠵᠤ᠂ ᠵᠢᠯ ᠪᠦᠷᠢ 800 ᠭᠠᠷᠤᠶ ᠤᠳᠠᠭ᠎ᠠ ᠲᠣᠭᠣᠷᠢᠨ ᠪᠠᠢᠴᠠᠭᠠᠵᠠᠶ᠃ ᠡᠳᠦᠭᠡ᠂ ᠲᠡᠷᠡ ᠬᠦᠷᠢᠶᠡᠯᠡᠩ ᠲᠣᠭᠣᠷᠢᠭ᠎ᠤᠨ ᠤᠰᠤ ᠬᠠᠩᠭᠠᠬᠤ ᠬᠣᠭᠣᠯᠠᠶᠱᠤᠭᠤᠮᠢ ᠠᠯᠠᠭᠠᠨ᠎ᠤ ᠪᠠᠨ ᠵᠢᠷᠤᠭᠠᠰᠤ ᠰᠢᠬ ᠴᠡᠭᠡᠵᠢᠯᠡᠵᠦ᠍᠂ ᠡᠯ᠎ᠡ ᠵᠦᠶ᠋ᠯ᠎ᠦᠨ ᠮᠠᠲ᠋ᠧᠷᠢᠶᠠᠯ᠎ᠨᠢ ᠲᠡᠭᠦᠨ᠎ᠦ ᠲᠠᠷᠢᠬᠢᠨ᠎ᠳᠤ 《ᠭᠤᠷᠪᠠᠨ ᠬᠡᠮᠵᠢᠯᠳᠦ ᠵᠢᠷᠤᠭ 》 ᠪᠣᠯᠵᠣ᠂ ᠡᠯ᠎ᠡ ᠨᠡᠭᠡᠯᠡᠬᠡᠶ᠎ᠶ᠋ᠢᠨ ᠤᠷᠤᠨ ᠪᠠᠢᠷᠢ᠎ᠶ᠋ᠢ ᠣᠨᠣᠪᠴᠢᠲᠠᠶ ᠲᠣᠭ᠍ᠲᠠᠭᠠᠵᠤ ᠴᠢᠳᠠᠬᠤ ᠪᠤᠯᠵᠠᠢ᠃
ᠰᠠᠢᠨ ᠦᠨᠡᠯᠡᠯᠲᠡ᠎ᠶ᠋ᠢ ᠪᠣᠯ ᠬᠢᠵᠦ᠍ ᠪᠠᠢᠭᠠᠳ ᠤᠯᠤᠭᠰᠠᠨ ᠶᠤᠮ᠃ 16 ᠵᠢᠯ᠎ᠢ ᠨᠢᠭᠡ ᠯᠡ ᠡᠳᠦᠷ ᠮᠡᠲᠦ᠍᠎ᠪᠡᠷ ᠡᠮᠦᠨ᠎ᠡ ᠹᠷᠣᠨᠲ᠎ᠢ ᠪᠠᠲᠤ ᠰᠠᠬᠢᠵᠤ᠂ ᠡᠭᠦᠷᠭᠡ᠎ᠪᠡᠨ ᠲᠣᠭ᠎ᠠ ᠶᠣᠰᠣᠭᠠᠷ ᠴᠢᠨᠠᠷ ᠰᠠᠢᠲᠠᠢ ᠪᠡᠶᠡᠯᠡᠭᠦᠯᠵᠦ᠍᠂ ᠵᠢᠶᠤᠤ ᠱᠢᠩ ᠯᠢ ᠬᠡᠷᠡᠭ᠌ᠯᠡᠭ᠌ᠴᠢ ᠪᠣᠯᠤᠨ ᠬᠠᠮᠲᠤ ᠠᠵᠢᠯᠯᠠᠭ᠍ᠰᠠᠳ᠎ᠤᠨ ᠵᠢᠡᠨ ᠨᠡᠢᠳᠡᠮ᠎ᠦᠨ ᠬᠦᠷᠢᠶᠡᠯᠡᠯ ᠢ ᠤᠯᠪᠠ᠃
《 ᠵᠢᠶᠤᠤ ᠪᠠᠭ᠍ᠰᠢ ᠠᠵᠢᠯ ᠬᠢᠬᠦ᠌ ᠳᠡᠭᠡᠨ ᠨᠠᠷᠢᠨ ᠬᠢᠨᠠᠮᠠᠭᠠᠢ᠂ ᠬᠠᠯᠠᠭᠤᠮᠰᠤᠭ᠂ ᠶᠠᠮᠠᠷ ᠠᠰᠠᠭᠤᠳᠠᠯ ᠪᠠᠢᠪᠠᠯ ᠳᠠᠭᠤᠳᠠᠮᠠᠭ᠍ᠴᠠ ᠢᠷᠡᠵᠤ᠂ ᠳᠠᠷᠤᠢᠬᠠᠨ ᠱᠢᠢᠳᠪᠦᠷᠢᠯᠡᠵᠦ᠍ ᠥᠭ᠌ᠳᠡᠭ》 ᠭᠡᠵᠦ᠍ ᠠᠯᠠᠱᠠ᠎ᠶ᠋ᠢᠨ ᠳᠡᠭᠡᠳᠦ ᠱᠢᠨ᠎ᠡ ᠮᠡᠷᠭᠡᠵᠢᠯ ᠦᠨ ᠲᠣᠭᠣᠷᠢᠭ᠎ᠤᠨ ᠰᠠᠭᠤᠭᠠᠯᠢ ᠠᠷᠠᠳ ᠵᠠᠩ ᠬᠠᠶ ᠶᠠᠨ ᠬᠡᠯᠡᠪᠡ᠃
《 ᠵᠢᠶᠤᠤ ᠬᠡᠯᠲᠡᠰ᠎ᠤᠨ ᠳᠠᠷᠤᠭ᠎ᠠ ᠪᠣᠯ ᠪᠢᠳᠡᠨ᠎ᠦ ᠰᠤᠷᠤᠯᠴᠠᠬᠤ ᠳᠠᠭᠤᠷᠢᠶᠠᠯ ᠮᠥᠨ᠂ ᠤᠳᠠᠭ᠎ᠠ ᠪᠦᠷᠢ ᠲᠡᠭᠦᠨ᠎ᠲᠡᠶ ᠬᠠᠮᠲᠤ ᠰᠡᠯᠪᠢᠨ ᠵᠠᠰᠠᠬᠤ᠌᠎ᠳᠦ ᠴᠥᠮ ᠲᠡᠭᠦᠨ᠎ᠦ ᠪᠡᠶ᠎ᠡ ᠳᠡᠭᠡᠷ᠎ᠡ᠎ᠡᠴᠡ ᠡᠷᠡᠮᠡᠬᠡᠢᠯᠡᠨ ᠤᠷᠤᠭ᠍ᠰᠢᠯᠠᠬᠤ ᠵᠣᠷᠢᠭ ᠰᠠᠨᠠᠭ᠎ᠠ᠂ ᠰᠡᠯᠪᠢᠨ ᠵᠠᠰᠠᠬᠤ ᠮᠡᠳᠡᠯᠭᠡ᠎ᠶ᠋ᠢ ᠰᠤᠷᠳᠠᠭ》 ᠭᠡᠵᠦ᠍ ᠬᠠᠮᠲᠤ ᠠᠵᠢᠯᠯᠠᠭ᠍ᠴᠢ ᠯᠢᠦ ᠹᠸᠩ ᠭᠤᠸᠠᠩ ᠬᠡᠯᠡᠪᠡ᠃
16 ᠵᠢᠯ᠎ᠦᠨ ᠲᠤᠷᠰᠢ᠂ ᠵᠢᠶᠤᠤ ᠱᠢᠩ ᠯᠢ ᠶᠠᠭ ᠯᠠ ᠪᠠᠲᠦ ᠪᠡᠬᠢ ᠡᠷᠭᠢ ᠱᠤᠷᠠᠭ ᠱᠢᠭ᠋᠎ᠢᠶᠡᠷ ᠡᠩ᠎ᠦᠨ ᠤᠰᠤ ᠬᠠᠩᠭᠠᠬᠤ ᠠᠵᠢᠯ᠎ᠤᠨ ᠪᠠᠢᠷᠢ ᠪᠠᠨ ᠪᠠᠲᠤ ᠰᠠᠬᠢᠵᠤ᠂ ᠪᠠᠷᠢᠮᠲᠠᠯᠠᠯ ᠪᠠ ᠴᠢᠷᠮᠠᠢᠯᠭ᠎ᠠ᠎ᠪᠠᠷ᠎ᠢᠶᠠᠨ ᠶᠡᠷᠦ᠍ ᠪᠤᠰᠤ᠎ᠶ᠋ᠢᠨ ᠥᠯᠢᠭᠡᠷ᠎ᠢ ᠪᠢᠴᠢᠭ᠌ᠯᠡᠵᠦ᠍᠂ ᠠᠵᠢᠯ ᠦᠶ᠋ᠯᠡᠰ᠎ᠢᠶᠡᠨ ᠳᠡᠭᠡᠳᠦᠯᠡᠬᠦ᠌ ᠪᠣᠳᠠᠲᠤ ᠠᠵᠢᠯᠯᠠᠭ᠎ᠠ᠎ᠪᠠᠷ᠎ᠢᠶᠠᠨ ᠱᠢᠨ᠎ᠡ ᠴᠠᠭ ᠦᠶ᠎ᠡ᠎ᠶ᠋ᠢᠨ ᠤᠰᠤᠨ᠎ᠤ ᠶᠠᠪᠤᠳᠠᠯ᠎ᠤᠨ ᠠᠵᠢᠯᠲᠠᠨ᠎ᠤ ᠲᠠᠩᠭᠠᠷᠢᠭ᠎ᠢ ᠦᠶ᠋ᠯᠡᠳᠦᠯᠭᠡᠵᠢᠭᠦᠯᠵᠦ᠍ ᠪᠠᠢᠨ᠎ᠠ᠃ 2013 ᠣᠨ᠎ᠳᠤ᠂ ᠵᠢᠶᠣᠣ ᠱᠢᠩ ᠯᠢ ᠪᠥᠬᠥ᠌ ᠤᠯᠤᠰ᠎ᠤᠨ 《5·1》 ᠤ᠋ ᠬᠥᠳᠡᠯᠮᠦᠷᠢ᠎ᠶ᠋ᠢᠨ ᠱᠠᠩᠨᠠᠯ ᠭᠥᠷᠳᠡᠵᠦ᠍᠂ ᠡᠨᠡ ᠵᠢᠯ᠎ᠦᠨ 《5·1》 ᠤ᠋ ᠳᠡᠯᠡᠬᠡᠶ᠎ᠶ᠋ᠢᠨ ᠬᠥᠳᠡᠯᠮᠦᠷᠢᠴᠢᠳ᠎ᠦᠨ ᠪᠠᠶᠠᠷ᠎ᠠᠴᠠ ᠡᠮᠦᠨᠡᠬᠡᠨ᠂ ᠪᠥᠬᠥ᠌ ᠤᠯᠤᠰ᠎ᠤᠨ ᠬᠥᠳᠡᠯᠮᠦᠷᠢ᠎ᠶ᠋ᠢᠨ ᠵᠢᠱ᠌ᠢᠶᠡᠴᠢ᠎ᠪᠡᠷ ᠦᠨᠡᠯᠡᠭ᠌ᠳᠡᠪᠡ᠃
《ᠬᠣᠢᠱᠢᠳᠠ ᠪᠢ ᠪᠠᠰᠠ ᠥᠩᠭᠡᠷᠡᠭ᠌ᠰᠡᠨ ᠲᠡᠶ ᠪᠡᠨ ᠠᠳᠠᠯᠢ᠎ᠪᠠᠷ ᠠᠵᠢᠯ᠎ᠤᠨ ᠪᠠᠢᠷᠢ᠎ᠳᠠᠭᠠᠨ ᠰᠠᠭᠤᠷᠢᠯᠠᠵᠤ᠂ ᠥᠪᠡᠷ᠎ᠦᠨ ᠮᠡᠷᠭᠡᠵᠢᠯ ᠦᠨ ᠴᠢᠳᠠᠪᠤᠷᠢ ᠪᠡᠷ᠎ᠢᠶᠡᠨ ᠬᠦᠷᠢᠶᠡᠯᠡᠩ ᠲᠣᠭᠣᠷᠢᠭ᠎ᠤᠨ ᠤᠰᠤ ᠬᠠᠩᠭᠠᠬᠤ ᠠᠮᠤᠷ ᠲᠦᠪᠱᠢᠨ ᠢ ᠰᠠᠢᠲᠤᠷ ᠰᠠᠬᠢᠨ ᠬᠠᠮᠠᠭᠠᠯᠠᠨ᠎ᠠ᠃ ᠤᠯᠠᠮᠵᠢᠯᠠᠬᠤ ᠬᠠᠪᠰᠤᠷᠬᠤ ᠳᠠᠭᠠᠭᠤᠯᠬᠤ ᠠᠵᠢᠯ ᠢ ᠦᠷᠭᠦᠯᠵᠢᠯᠡᠨ ᠰᠠᠢᠲᠤᠷ ᠬᠢᠵᠦ᠍᠂ ᠯᠠᠪᠳᠠᠭᠤᠨ ᠪᠠᠲᠤᠲᠠᠢ ᠠᠵᠢᠯᠯᠠᠬᠤ᠂ ᠮᠡᠷᠭᠡᠵᠢᠯ᠎ᠳᠡᠭᠡᠨ ᠴᠠᠭᠠᠷᠠᠭ᠍ᠰᠠᠨ ᠰᠡᠯᠪᠢᠨ ᠵᠠᠰᠠᠬᠤ ᠠᠵᠢᠯᠳᠠᠨ ᠢ ᠢᠯᠡᠭᠦᠬᠡᠨ ᠬᠥᠮᠦᠵᠢᠭᠦᠯᠵᠦ᠍᠂ ᠤᠰᠤᠨ᠎ᠤ ᠶᠠᠪᠤᠳᠠᠯ᠎ᠤᠨ ᠦᠢᠯᠡᠰ ᠦᠨ ᠴᠢᠨᠠᠷ ᠰᠠᠢᠲᠠᠢ ᠬᠥᠭ᠌ᠵᠢᠯᠲᠡ᠎ᠳᠦ ᠥᠪᠡᠷ᠎ᠦᠨ ᠬᠦᠴᠦᠨ ᠴᠢᠳᠠᠯ᠎ᠢᠶᠠᠨ ᠡᠷᠭᠦᠨ᠎ᠡ》 ᠭᠡᠵᠦ᠍ ᠵᠢᠶᠤᠤ ᠱᠢᠩ ᠯᠢ ᠬᠡᠯᠡᠪᠡ᠃